—— 2021 ᠣᠨ ᠤ 3 ᠰᠠᠷ᠎ᠠ ᠶᠢᠨ 9 ᠤ ᠡᠳᠦᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ | ᠣᠳᠠᠭᠠᠨ ᠤ ᠬᠤᠷᠠᠯᠳᠤᠭᠠᠨ ᠳᠡᠭᠡᠷ᠎ᠡ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ | ᠳᠠᠷᠤᠭ᠎ᠠ ᠯᠢ ᠵᠧᠨ ᠯᠢᠨ | ᠲᠥᠯᠥᠭᠡᠯᠡᠭᠴᠢᠳ ᠡ᠄ | ᠣᠲᠣ ᠪᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠠ᠂ ᠬᠢᠨᠠᠨ ᠵᠥᠪᠯᠡᠬᠦ ᠪᠣᠯᠪᠠᠤ᠂ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2020 ᠣᠨ ᠪᠠ ︽ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠬᠦᠯᠭᠡ︾ ᠶᠢᠨ | ᠬᠤᠭᠤᠴᠠᠭᠠᠨ ᠤ ᠠᠵᠢᠯ ᠤᠨ ᠡᠷᠭᠢᠴᠡᠭᠦᠯᠦᠯ | ᠰᠠᠶᠢᠬᠠᠨ ᠥᠩᠭᠡᠷᠡᠭᠰᠡᠨ 2020 ᠣᠨ ᠪᠣᠯ ᠲᠦᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ᠃ ᠭᠡᠨᠡᠳᠲᠡ | ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ᠂ ᠬᠦᠨᠳᠦ ᠬᠡᠴᠡᠭᠦᠦ ᠲᠦᠪᠡᠭ | ᠪᠤᠳᠤᠯᠢᠶᠠᠨᠲᠠᠢ ᠠᠵᠤ ᠠᠬᠤᠢ ᠶᠢᠨ ᠪᠠᠶᠢᠳᠠᠯ ᠪᠣᠯᠤᠨ ᠬᠠᠲᠠᠭᠤ ᠪᠡᠷᠬᠡ ᠨᠦᠰᠡᠷ ᠬᠦᠨᠳᠦ ᠥᠭᠡᠷᠡᠴᠢᠯᠡᠯᠲᠡ ᠬᠦᠭᠵᠢᠯᠲᠡ | ᠶᠢᠨ ᠲᠣᠭᠲᠠᠭᠤᠨ ᠡᠬᠦᠷᠭᠡ ᠶᠢᠨ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠵᠦ | ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠲᠦᠷᠪᠡᠲᠦᠬᠡᠷ᠂ ᠲᠠᠪᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ | ᠭᠦᠨᠵᠡᠭᠡᠶ ᠲᠤᠤᠱᠯᠠᠭᠤᠯᠵᠦ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶᠠᠨ ᠤ | ᠠᠵᠢᠯ ᠤᠨ ᠪᠠᠶᠢᠷᠢᠯᠠᠭᠤᠯᠤᠯᠲᠠ ᠶᠤᠰᠤᠭᠠᠷ᠂ ︽ᠬᠤᠶᠠᠷ ᠢ ᠨᠢᠭᠡᠳᠦᠯᠲᠡᠢ ᠲᠥᠯᠥᠪᠵᠢᠭᠦᠯᠬᠦ︾ ᠶᠢ ᠪᠦᠬᠦ | ᠬᠦᠴᠦᠨ ᠢᠶᠠᠷ ᠰᠠᠶᠢᠲᠤᠷ ᠠᠳᠬᠤᠵᠦ᠂ ︽ᠬᠤᠣᠰ ᠢᠯᠠᠯᠲᠠ︾ ᠶᠢ ᠴᠢᠷᠮᠠᠶᠢᠨ ᠲᠡᠮᠡᠴᠡᠨ ᠤᠯᠵᠦ᠂ ︽ᠵᠢᠷᠭᠤᠭ᠎ᠠ ᠶᠢ | ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠦᠬᠦ | ᠬᠤᠰᠢᠭᠤᠨ ᠤ ᠠᠵᠤ ᠠᠬᠤᠶ ᠦᠷᠭᠦᠯᠵᠢᠯᠡᠨ ᠲᠣᠭᠲᠠᠪᠤᠷᠢᠵᠢᠪᠠ᠂ ᠨᠡᠶᠢᠭᠡᠮ ᠤᠨ ᠶᠡᠷᠦᠩᠬᠡᠢ ᠪᠠᠶᠢᠳᠠᠯ ᠡᠶ᠎ᠡ | ᠵᠣᠬᠢᠴᠠᠯ ᠲᠠᠢ ᠲᠣᠭᠲᠠᠭᠤᠨ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠤᠷᠤᠭᠰᠢᠲᠠᠶ ᠳᠠᠭᠤᠰᠪᠠ᠃ | ᠪᠦᠬᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ 5.9% ᠪᠠᠷ ᠨᠡᠮᠡᠭᠳᠡᠪᠡ᠃ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 20.4% ᠪᠠᠷ ᠨᠡᠮᠡᠭᠳᠡᠵᠦ᠂ ᠶᠡᠷᠦᠩᠬᠡᠢ ᠬᠡᠮᠵᠢᠶ᠎ᠡ᠂ ᠬᠤᠪᠢ | ᠨᠡᠮᠡᠷᠢ ᠶᠢᠨ ᠨᠣᠷᠮ᠎ᠠ᠂ ᠳᠠᠶᠢᠴᠢᠯᠠᠬᠤ ᠨᠣᠷᠮ᠎ᠠ ᠴᠥᠮ ᠪᠦᠬᠦ ᠠᠶᠢᠮᠠᠭ ᠤᠨ ᠲᠡᠷᠢᠭᠦᠨ ᠳᠤ ᠣᠷᠣᠪᠠ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ 1.68% ᠪᠠᠷ | ᠨᠡᠮᠡᠭᠳᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ | ᠶᠡᠷᠦᠩᠬᠡᠢ ᠬᠡᠮᠵᠢᠶ᠎ᠡ 21.6% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠠᠶᠢᠮᠠᠭ ᠲᠤ ᠲᠡᠷᠢᠭᠦᠯᠡᠪᠡ᠃ | ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ 9.7 % ᠪᠠᠷ ᠨᠡᠮᠡᠭᠳᠡᠪᠡ᠃ ᠬᠤᠲᠠ | ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠤ ᠳᠤᠮᠳᠠᠴᠢ ᠪᠠᠷ ᠲᠣᠬᠢᠷᠠᠭᠤᠯᠵᠤ ᠪᠣᠯᠬᠤᠶᠢᠴᠠ | ᠣᠷᠣᠯᠭ᠎ᠠ ᠲᠣᠰ ᠲᠣᠰ 5% ᠪᠠ 10% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠣᠰ ᠲᠣᠰ ᠪᠦᠬᠦ | ᠠᠶᠢᠮᠠᠭ ᠤᠨ ᠬᠤᠶᠠᠳᠤᠭᠠᠷ ᠨᠡᠷᠡᠰ ᠪᠠ ᠨᠢᠭᠡᠳᠦᠭᠡᠷ ᠨᠡᠷᠡᠰ ᠲᠤ ᠣᠷᠣᠪᠠ᠃ | ᠥᠩᠭᠡᠷᠡᠭᠰᠡᠨ ᠨᠢᠭᠡ ᠵᠢᠯ ᠳᠤ᠂ ᠪᠢᠳᠡ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠬᠦ ᠪᠠᠷ ᠬᠦᠴᠦᠯᠡᠵᠦ᠂ ︽ | ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠤ ᠰᠢᠨ᠎ᠡ ᠠᠮᠵᠢᠯᠲᠠ ᠪᠦᠲᠦᠮᠵᠢ ᠶᠢ ᠪᠢᠴᠢᠭᠯᠡᠪᠡ᠃ | ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠪᠡ᠃ ︽ᠳᠥᠷᠪᠡ ᠶᠢ ᠥᠯᠥ | ᠬᠠᠶᠠᠬᠤ︾ ᠱᠠᠭᠠᠷᠳᠠᠯᠭ᠎ᠠ ᠶᠢᠨ ᠲᠣᠭᠤᠷᠢᠨ ᠳᠤ᠂ ᠡᠯ᠎ᠡ ᠲᠥᠷᠥᠯ ᠤᠨ ᠪᠠᠯᠠ ᠮᠥᠩᠭᠦ ᠶᠢ 2.7 ᠳ᠋ᠦᠩᠰᠢᠭᠤᠷ | ᠲᠥᠭᠦᠷᠢᠭ ᠡᠮᠬᠢᠯᠡᠨ ᠨᠡᠶᠢᠯᠡᠭᠦᠯᠵᠦ᠂ ᠠᠮᠢᠲᠦ ᠭᠠᠭ᠋ᠠᠶ᠂ ᠠᠯᠠᠰᠢᠨ ᠦᠬᠡᠷ᠂ ᠬᠢᠲᠠᠳ ᠡᠪᠡᠰᠦᠨ ᠡᠮ ᠵᠡᠷᠭᠡ | ᠣᠨᠴᠠᠯᠢᠠᠠᠳᠦ ᠶᠠᠳᠠᠭᠤ ᠶᠢ ᠲᠡᠳᠬᠦᠬᠦ ᠠᠵᠤ ᠦᠢᠯᠡᠰ ᠤᠨ 19 ᠲᠥᠷᠥᠯ ᠵᠤᠶᠢᠯ ᠢ ᠬᠡᠷᠡᠭᠵᠢᠭᠦᠯᠪᠡ᠃ ᠪᠡᠭᠡᠵᠢᠩ | ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠪᠡᠯᠡ ᠮᠥᠩᠭᠦ ᠶᠢ 1.03 ᠳ᠋ᠦᠩᠰᠢᠭᠤᠷ ᠲᠥᠭᠦᠷᠢᠭ | ᠣᠯᠵᠤ᠂ ᠬᠦᠢᠯᠡᠷ ᠠᠯᠠᠰᠢᠨ ᠦᠬᠡᠷ ᠤᠨ ᠡᠭᠦᠯᠳᠡᠷ ᠰᠠᠶᠢᠵᠢᠷᠠᠭᠤᠯᠬᠤ ᠵᠡᠷᠭᠡ 35 ᠲᠥᠷᠥᠯ ᠵᠦᠢᠯ ᠢ ᠪᠡᠶᠡᠯᠡᠭᠦᠯᠵᠦ᠂ | ᠶᠠᠳᠠᠭᠤ ᠬᠦᠴᠢᠷᠳᠡᠯᠲᠡᠶ ᠣᠯᠠᠨ ᠲᠦᠮᠡᠨ ᠢ ᠠᠵᠤ ᠦᠢᠯᠡᠰ ᠤᠨ ᠬᠡᠯᠬᠢᠶ᠎ᠡ ᠳᠤ ᠴᠢᠩᠭ᠎ᠠ ᠲᠦᠰᠢᠭᠯᠡᠨ᠂ ᠡᠷᠦᠬᠡ | ᠪᠦᠷᠢ ᠶᠢᠨ ᠣᠷᠣᠯᠭ᠎ᠠ ᠶᠢ 1000 ᠲᠥᠭᠦᠷᠢᠭ ᠠᠴᠠ ᠳᠡᠭᠡᠭᠰᠢ ᠨᠡᠮᠡᠭᠳᠡᠭᠦᠯᠵᠠᠢ᠃ ︽ᠶᠠᠳᠠᠭᠤ ᠶᠢ ᠰᠡᠷᠭᠡᠶᠢᠯᠡᠬᠦ | ᠪᠠᠲᠤᠯᠠᠭ᠎ᠠ︾ ᠶᠢᠨ ᠲᠣᠭᠲᠠᠴᠠ ᠶᠢ ᠬᠡᠷᠡᠭᠵᠢᠭᠦᠯᠵᠦ᠂ ᠶᠠᠳᠠᠭᠤ ᠬᠦᠴᠢᠷᠳᠡᠯ ᠤᠨ ︽ᠰᠡᠷᠭᠡᠶᠢᠯᠡᠯᠲᠡ ᠶᠢᠨ ᠬᠡᠷᠡᠮ︾ ᠢ | ᠪᠠᠶᠢᠭᠤᠯᠪᠠ᠃ ᠪᠡᠭᠡᠵᠢᠩ ᠤᠨ ᠣᠶ ᠰᠢᠭᠤᠶ ᠶᠢᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠵᠠᠭᠤᠴᠢᠯᠠᠭᠤᠷ ᠤᠨ | ᠶᠡᠭᠡ ᠰᠤᠷᠭᠠᠭᠤᠯᠢ ᠵᠢᠴᠢ ᠥᠪᠡᠷᠲᠡᠭᠡᠨ ᠵᠠᠰᠠᠬᠤ ᠣᠷᠣᠨ ᠤ ᠲᠣᠮᠢᠯᠠᠨ ᠰᠠᠭᠤᠯᠭᠠᠭᠰᠠᠨ ᠱᠠᠯᠠᠪᠳᠠᠭᠤᠯᠤᠨ | ᠵᠢᠯᠣᠭᠤᠳᠬᠤ ᠠᠵᠢᠯᠯᠠᠬᠤ ᠳᠤᠭᠤᠶᠢᠯᠠᠩ ᠬᠦᠴᠦ ᠬᠦᠯᠦᠰᠦ ᠪᠠᠨ ᠬᠠᠷᠠᠮ ᠥᠬᠡᠶ ᠵᠣᠷᠢᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠵᠦ ᠰᠢᠢᠳᠪᠦᠷᠢᠲᠦ ᠢᠯᠠᠯᠲᠠ ᠶᠢ | ᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠪᠡ᠃ ᠪᠥᠬᠦ ᠵᠢᠯ ᠳᠤ 177 ᠡᠷᠦᠬᠡ ᠶᠢᠨ 505 | ᠬᠥᠮᠦᠨ ᠤ ᠶᠠᠳᠠᠭᠤᠷᠠᠬᠤ ᠲᠦᠭᠰᠢᠭᠦᠷᠢ ᠶᠢ ᠠᠷᠢᠯᠭᠠᠵᠤ᠂ 121 ᠡᠷᠦᠬᠡ ᠶᠢᠨ 325 ᠬᠥᠮᠦᠨ ᠤ ᠳᠠᠬᠢᠨ | ᠶᠠᠳᠠᠭᠤᠷᠠᠬᠤ ᠲᠦᠭᠰᠢᠭᠦᠷᠢ ᠶᠢ ᠠᠷᠢᠯᠭᠠᠵᠤ᠂ ᠦᠯᠡᠳᠡᠭᠰᠡᠨ 420 ᠡᠷᠦᠬᠡ ᠶᠢᠨ 998 ᠶᠠᠳᠠᠭᠤ ᠬᠦᠴᠢᠷᠳᠡᠯᠲᠡᠶ | ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠪᠡᠶᠡᠯᠡᠭᠦᠯᠪᠡ᠃ ᠲᠦᠭᠰᠢᠭᠦᠷᠢ ᠶᠢ | ᠬᠠᠮᠢᠶᠠᠷᠤᠨ ᠡᠵᠡᠮᠳᠡᠬᠦ ᠠᠵᠢᠯ ᠯᠠᠪᠳᠠᠭᠤᠨ ᠪᠠᠲᠤᠲᠠᠶ ᠪᠥᠭᠡᠳ ᠬᠦᠴᠦᠲᠡᠶ ᠶᠠᠪᠤᠭᠳᠠᠪᠠ᠃ ᠲᠥᠪ ᠤᠨ ᠣᠷᠣᠨ | ᠨᠤᠲᠤᠭ ᠤᠨ ᠬᠡᠷᠡᠭᠯᠡᠵᠦ ᠪᠣᠯᠬᠤ ᠡᠳ᠋ ᠤᠨ ᠬᠦᠴᠦᠨ ᠢ ᠨᠡᠮᠡᠭᠳᠡᠭᠦᠯᠬᠦ᠂ ᠦᠨᠳᠦᠰᠦᠨ ᠱᠠᠲᠤᠨ ᠤ ︽ᠭᠤᠷᠪᠠ ᠶᠢ | ᠪᠠᠲᠤᠯᠠᠬᠤ︾ ᠠᠵᠢᠯ ᠢ ᠰᠠᠶᠢᠲᠤᠷ ᠬᠢᠬᠦ ᠶᠢ ᠳᠡᠮᠵᠢᠬᠦ ᠲᠣᠬᠢᠶᠠᠯ ᠢ ᠴᠢᠩᠭ᠎ᠠ ᠠᠳᠬᠤᠵᠤ᠂ ᠰᠢᠯᠵᠢᠭᠦᠯᠦᠨ ᠥᠭᠬᠦ ᠪᠡᠯᠡ | ᠮᠥᠩᠭᠦ ᠶᠢ 38.3 ᠳ᠋ᠦᠩᠰᠢᠭᠤᠷ ᠲᠥᠭᠦᠷᠢᠭ ᠤᠯᠬᠤ ᠪᠠᠷ ᠴᠢᠷᠮᠠᠶᠢᠵᠠᠢ᠃ ᠪᠦᠬᠦ ᠬᠤᠰᠢᠭᠤᠨ ᠤ ᠲᠥᠰᠦᠪ ᠤᠨ | ᠨᠢᠭᠡᠴᠡ ᠶᠢᠨ ᠵᠠᠷᠤᠳᠠᠯ ᠢ 10% ᠪᠠᠷ ᠪᠠᠭᠠᠰᠬᠠᠵᠠᠢ᠃ ᠵᠠᠰᠠᠭ ᠤᠨ ᠣᠷᠳᠣᠨ ᠤ ᠪᠥᠬᠦ ᠰᠢᠰᠲ᠋ᠧᠮ ᠤᠨ 8.54 | ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠠᠷᠢᠯᠭᠠᠪᠠ᠂ ᠡᠭᠦᠨ ᠳᠤ ᠳᠠᠯᠳᠠ ᠥᠷᠢ ᠥᠭᠴᠡᠭᠡ ᠶᠢ | ᠠᠷᠢᠯᠭᠠᠬᠤ ᠣᠨ ᠤ ᠡᠭᠦᠷᠭᠡ ᠶᠢ ᠪᠡᠶᠡᠯᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ | ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠵᠥᠷᠢᠯᠳᠦᠭᠡᠨ ᠥᠬᠡᠶ ᠲᠠᠩᠰᠠᠨ ᠵᠣᠭᠤᠰ ᠢ ᠪᠦᠬᠦᠨ ᠢ ᠳᠥᠯᠥᠪᠡ᠃ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠦᠯ ᠵᠦᠢᠯ ᠤᠨ ᠨᠥᠭᠡᠴᠡ ᠬᠥᠮᠥᠷᠭᠡ ᠶᠢ ᠪᠠᠶᠢᠭᠤᠯᠵᠤ᠂ | 20.83 ᠳ᠋ᠦᠩᠰᠢᠭᠤᠷ ᠲᠥᠭᠦᠷᠢᠭ ᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ | ᠲᠡᠮᠳᠡᠭᠲᠦ ᠶᠢ ᠵᠥᠪᠰᠢᠶᠡᠷᠡᠵᠦ᠂ 20 ᠲᠥᠷᠦᠯ ᠵᠦᠢᠯ ᠤᠨ ᠪᠦᠲᠦᠭᠡᠨ ᠪᠠᠢᠭᠤᠯᠤᠯᠲᠠ ᠶᠢᠨ ᠬᠤᠷᠳᠤᠴᠠ ᠪᠠᠨ | ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠪᠠ᠃ ᠠᠮᠢ ᠠᠬᠤᠢ ᠶᠢᠨ ᠣᠷᠴᠢᠨ ᠲᠣᠭᠤᠷᠢᠨ | ᠦᠷᠭᠦᠯᠵᠢᠯᠡᠨ ᠰᠠᠶᠢᠵᠢᠷᠠᠪᠠ᠃ ᠰᠣᠯᠣᠨ ᠪᠠᠯᠭᠠᠰᠤᠨ ᠤ ᠲᠥᠪᠯᠡᠷᠡᠭᠦᠯᠦᠨ ᠢᠯᠴᠢ ᠬᠠᠩᠭᠠᠬᠤ ᠠᠵᠢᠯ᠂ ᠭᠦᠢᠯᠡᠷ | ᠪᠠᠯᠭᠠᠰᠤᠨ ᠤ ︽ᠨᠡᠭᠦᠷᠡᠰᠦ ᠶᠢ ᠴᠠᠬᠢᠯᠭᠠᠨ ᠪᠣᠯᠭᠠᠬᠤ︾ ᠠᠵᠢᠯ ᠢ ᠪᠦᠬᠦ ᠲᠠᠯ᠎ᠠ ᠪᠠᠷ ᠪᠡᠶᠡᠯᠡᠭᠦᠯᠪᠡ᠃ ᠠᠭᠠᠷ ᠤᠨ | ᠴᠢᠨᠠᠷ ᠴᠢᠨᠰᠠᠭ᠎ᠠ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 97.1% ᠳᠤ ᠬᠥᠷᠪᠡ᠃ ᠪᠤᠷᠭᠠᠰᠤᠲᠠᠶ | ᠰᠢᠶᠠᠩ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠭᠤᠤᠯ ᠴᠣᠭᠴᠠ ᠶᠢᠨ ᠪᠠᠷᠢᠯᠭ᠎ᠠ ᠳᠠᠭᠤᠰᠪᠠ᠃ 60 | ᠲᠣᠰᠣ ᠨᠡᠮᠡᠬᠦ ᠥᠷᠲᠡᠭᠡ ᠶᠢᠨ ᠭᠠᠵᠠᠷ ᠳᠣᠣᠷᠠᠬᠢ ᠲᠣᠰᠣᠨ ᠰᠠᠪᠠ ᠨᠡᠪᠴᠢᠬᠦ ᠶᠢ ᠰᠡᠷᠭᠡᠶᠢᠯᠡᠬᠦ ᠥᠭᠡᠷᠡᠴᠢᠯᠡᠯᠲᠡ ᠶᠢ | ᠪᠡᠶᠡᠯᠡᠭᠦᠯᠵᠦ᠂ 46 ᠮᠠᠯ ᠤᠨᠤᠭ᠎ᠠ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ | ᠵᠦᠢᠯ ᠠᠰᠢᠭᠯᠠᠯᠲᠠ ᠳᠤ ᠣᠷᠣᠪᠠ᠃ ᠬᠤᠰᠢᠭᠤᠨ ᠤ ᠬᠡᠪᠴᠢᠶᠡᠨ ᠳᠠᠬᠢ ᠭᠤᠤᠯ ᠮᠥᠷᠡᠨ ᠤ ᠤᠰᠤᠨ ᠤ ᠴᠢᠨᠠᠷ | ᠭᠤᠷᠪᠠᠳᠤᠭᠠᠷ ᠲᠥᠷᠥᠯ ᠤᠨ ᠪᠠᠷᠢᠮᠵᠢᠶ᠎ᠠ ᠳᠤ ᠬᠥᠷᠪᠡ᠃ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠵᠤᠰᠠᠯᠠᠩ ᠢ | ᠪᠠᠶᠢᠴᠠᠭᠠᠨ ᠴᠡᠭᠴᠡᠯᠡᠬᠦ ᠠᠵᠢᠯ ᠢ ᠥᠷᠨᠢᠭᠦᠯᠵᠦ᠂ ᠬᠠᠤᠯᠢ ᠠᠴᠠ ᠵᠥᠷᠢᠴᠡᠭᠰᠡᠨ 1 ᠪᠠᠷᠢᠯᠭ᠎ᠠ ᠶᠢ ᠨᠤᠷᠠᠭᠠᠪᠠ᠃ | ᠲᠦᠪᠳᠠᠢ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠠᠩᠬᠠᠨ ᠤ ᠪᠦᠯᠦᠭ ︽ᠤᠯᠤᠰ ᠤᠨ ᠲᠠᠯ᠎ᠠ ᠨᠤᠲᠤᠭ ᠤᠨ | ᠪᠠᠶᠢᠭᠠᠯᠢ ᠶᠢᠨ ᠴᠡᠴᠡᠷᠯᠢᠭ ᠤᠨ ᠲᠤᠷᠰᠢᠯᠲᠠ ᠶᠢᠨ ᠴᠡᠭ ᠤᠨ ᠨᠡᠷᠡᠰ︾ ᠤᠨ ᠵᠢᠭᠰᠠᠭᠠᠯᠲᠠ ᠳᠤ ᠣᠷᠣᠵᠤ᠂ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤ ︽ᠤᠯᠤᠰ ᠤᠨ ᠭᠤᠷᠪᠠᠳᠤᠭᠠᠷ ᠪᠦᠯᠦᠭ ᠤᠨ ᠤᠰᠤ ᠠᠷᠪᠢᠯᠠᠬᠤ ᠬᠡᠯᠪᠡᠷᠢ ᠶᠢᠨ | ᠨᠡᠶᠢᠭᠡᠮ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠬᠤᠰᠢᠭᠤ ᠰᠢᠶᠠᠨ︾ ᠢᠶᠠᠷ ᠠᠮᠵᠢᠯᠲᠠ ᠲᠠᠢ | ᠳᠡᠰ ᠳᠡᠪᠰᠢᠵᠦ᠂ ᠪᠣᠬᠢᠷᠲᠤᠯ ᠥᠬᠡᠶ ᠬᠥᠭᠵᠢᠯᠲᠡ ᠶᠢᠨ ᠣᠶᠢᠯᠠᠭᠠᠭᠳᠠᠬᠤᠨ ᠢ ᠰᠡᠳᠬᠢᠯ ᠳᠡᠭᠡᠨ ᠬᠠᠳᠠᠩᠰᠢᠭᠤᠯᠵᠤ᠂ | ᠠᠵᠢᠯᠯᠠᠭ᠎ᠠ ᠳᠡᠭᠡᠷ᠎ᠡ ᠪᠠᠨ ᠦᠢᠯᠡᠳᠦᠯᠭᠡᠵᠢᠬᠦᠯᠪᠡ᠃ | ᠦᠩᠭᠡᠷᠡᠭᠰᠡᠨ ᠨᠢᠬᠡ ᠵᠢᠯ ᠳᠤ᠂ ᠪᠢᠳᠡ ᠯᠠᠪᠳᠠᠭᠤᠨ ᠤ ᠲᠤᠮᠳᠠ ᠲᠤᠭᠳᠠᠭᠤᠨ ᠢᠶᠠᠷ ᠤᠷᠤᠭᠰᠢᠯᠠᠵᠦ᠂ ᠪᠤᠲᠠᠲᠦ | ᠬᠡᠯᠪᠡᠷᠢ ᠶᠢᠨ ᠠᠵᠦ ᠠᠬᠤᠢ ᠶᠢᠨ ᠰᠢᠨ᠎ᠡ ᠴᠢᠨᠠᠷ ᠴᠢᠨᠰᠠᠭ᠎ᠠ ᠶᠢ ᠲᠦᠯᠬᠢᠨ ᠠᠬᠢᠭᠤᠯᠵᠠᠢ᠃ ᠢᠮᠠᠭᠲᠠ ᠬᠦᠭᠵᠢᠯᠲᠡ | ᠶᠢᠨ ᠲᠤᠭᠳᠠᠯ ᠬᠦᠴᠦᠨ ᠢ ᠪᠠᠷᠢᠮᠳᠠᠯᠠᠵᠦ᠂ ᠲᠦᠷᠦᠯ ᠵᠤᠶᠢᠯ ᠤᠨ ᠪᠦᠲᠦᠬᠡᠨ ᠪᠠᠶᠢᠭᠤᠯᠤᠯᠲᠠ ᠶᠢ ᠬᠦᠴᠦᠲᠡᠢ | ᠲᠦᠯᠬᠢᠨ ᠠᠬᠢᠭᠤᠯᠵᠦ᠂ ᠠᠵᠦ ᠠᠬᠤᠢ ᠶᠢᠨ ᠬᠦᠭᠵᠢᠯᠲᠡ ᠶᠢᠨ ᠴᠢᠨᠠᠷ ᠴᠢᠨᠰᠠᠭ᠎ᠠ ᠶᠢ ᠲᠠᠰᠤᠷᠠᠯᠲᠠ ᠦᠬᠡᠢ | ᠳᠡᠭᠡᠭᠰᠢᠯᠡᠬᠦᠯᠪᠡ᠃ 205 ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠦᠷᠦᠯ ᠵᠦᠢᠯ ᠢ | ᠯᠠᠪᠳᠠᠭᠤᠨ ᠪᠠᠲᠤᠲᠠᠢ ᠬᠡᠷᠡᠭᠵᠢᠭᠦᠯᠵᠦ᠂ ᠴᠡᠪᠡᠷ ᠡᠨᠧᠷᠭᠢ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ᠂ ᠤᠳᠤ ᠦᠶ᠎ᠡ ᠶᠢᠨ ᠦᠢᠯᠡᠴᠢᠯᠡᠭᠡ᠂ ᠰᠤᠷᠭᠠᠨ | ᠬᠥᠮᠦᠵᠢᠯ ᠤᠨ ᠡᠷᠡᠭᠦᠯᠵᠢᠯ ᠰᠤᠪᠢᠯᠠᠯᠲᠠ᠂ ᠳᠡᠭᠡᠳᠦ ᠰᠢᠨ᠎ᠡ ᠮᠡᠷᠭᠡᠵᠢᠯ ᠪᠣᠯᠤᠨ ᠤᠳᠤ ᠦᠶ᠎ᠡ ᠶᠢᠨ ᠲᠣᠨᠣᠭᠯᠠᠯ | ᠦᠢᠯᠡᠳᠬᠦ ᠵᠡᠷᠭᠡ ︽ᠲᠠᠪᠤᠨ ᠶᠡᠭᠡ ᠠᠵᠤ ᠦᠢᠯᠡᠰ ᠤᠨ ᠪᠦᠯᠦᠭᠵᠢᠯ︾ ᠲᠠᠰᠤᠷᠠᠯᠳᠠ ᠦᠭᠡᠢ ᠪᠤᠵᠠᠭᠠᠶᠢᠷᠠᠪᠠ᠃ 41 | ᠠᠶᠢᠮᠠᠭ ᠤᠨ ᠲᠡᠰ ᠤᠨ ᠴᠢᠬᠤᠯᠠ ᠶᠡᠭᠡ ᠲᠥᠷᠥᠯ ᠵᠦᠢᠯ ᠢ ᠪᠦᠬᠦᠨ ᠢ ᠠᠵᠢᠯ ᠡᠬᠢᠯᠡᠭᠦᠯᠦᠨ ᠰᠡᠷᠭᠦᠭᠡᠵᠦ᠂ 51.68 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠢᠯᠢ ᠪᠦᠯᠦᠭᠯᠡᠯ ᠤᠨ ᠴᠠᠭᠠᠨ ᠢᠳᠡᠭᠡ | ᠪᠣᠯᠪᠠᠰᠤᠷᠠᠭᠤᠯᠬᠤ᠂ G5511 ᠲᠦᠷᠭᠡᠨ ᠳᠠᠪᠬᠢᠬᠤ ᠵᠠᠰᠠᠮᠠᠯ ᠵᠠᠮ ᠵᠡᠷᠭᠡ 26 ᠵᠦᠢᠯᠡᠰ ᠢ ᠲᠦᠷᠭᠡᠪᠴᠢᠯᠡᠨ | ᠠᠬᠢᠭᠤᠯᠪᠠ᠃ ᠡᠳ᠋ ᠬᠥᠷᠥᠩᠭᠡ ᠶᠢᠨ ᠲᠣᠮᠣ ᠠᠰᠠᠷ᠂ ᠵᠢᠶᠠ ᠾᠧ ᠠᠮᠤ ᠪᠤᠳᠠᠭᠠᠨ ᠤ ᠦᠢᠯᠡᠰ ᠢ ᠠᠭᠤᠰᠤᠯᠴᠠᠭᠤᠯᠤᠨ | ᠬᠥᠭᠵᠢᠭᠦᠯᠬᠦ ᠠᠵᠤ ᠦᠢᠯᠡᠰ ᠤᠨ ᠬᠦᠷᠢᠶᠡᠯᠡᠩ ᠵᠡᠷᠭᠡ 9 ᠲᠥᠷᠥᠯ ᠵᠤᠶᠢᠯ ᠤᠨ ᠭᠤᠤᠯ ᠴᠣᠭᠴᠠ ᠶᠢᠨ ᠠᠵᠢᠯ ᠢ | ᠳᠠᠭᠤᠰᠬᠠᠪᠠ᠃ ᠰᠢᠨ ᠲᠢᠶᠠᠨ ᠰᠠᠯᠬᠢᠨ ᠡᠨᠧᠷᠭᠢ ᠶᠢᠨ ᠬᠤᠶᠠᠳᠤᠭᠠᠷ ᠬᠤᠭᠤᠴᠠᠭᠠᠨ ᠤ ᠠᠵᠢᠯ᠂ ᠳ᠋ᠧ ᠺᠠᠩ ᠤᠨ | ᠵᠢᠯ ᠳᠤ 30 ᠲᠦᠮᠡᠨ ᠲᠣᠨ ᠪᠣᠷᠳᠤᠭ᠎ᠠ ᠦᠢᠯᠡᠳᠪᠦᠷᠢᠯᠡᠬᠦ ᠵᠡᠷᠭᠡ 6 ᠲᠦᠷᠥᠯ ᠵᠦᠢᠯ ᠨᠢ ᠠᠰᠢᠭᠯᠠᠯᠲᠠ ᠳᠤ ᠣᠷᠣᠪᠠ | ᠃ ᠳᠡᠭᠡᠳᠦ ᠳᠠᠪᠬᠤᠷᠭ᠎ᠠ ᠶᠢᠨ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ | ᠤᠷᠢᠬᠤ᠂ ᠬᠤᠳᠠᠯᠳᠤᠭ᠎ᠠ ᠪᠠᠷ ᠬᠤᠳᠠᠯᠳᠤᠭᠠᠴᠢᠨ ᠤᠷᠢᠬᠤ ᠶᠢ ᠢᠮᠠᠭᠲᠠ ᠪᠠᠷᠢᠮᠲᠠᠯᠠᠵᠤ᠂ ᠤᠮᠠᠷᠠᠲᠤ ᠣᠷᠣᠨ᠂ | ᠪᠠᠷᠠᠭᠤᠨ ᠡᠮᠦᠨᠡᠲᠦ ᠣᠷᠣᠨ ᠵᠡᠷᠭᠡ ᠳᠥᠷᠪᠡᠨ ᠣᠷᠣᠨ ᠪᠦᠰᠡ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ | ᠠᠵᠢᠯᠯᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠪᠥᠬᠦ ᠵᠢᠯ ᠳᠤ ᠬᠤᠳᠠᠯᠳᠤᠭᠠᠴᠢᠨ ᠤᠷᠢᠬᠤ ᠲᠥᠷᠥᠯ ᠵᠤᠶᠢᠯ ᠢ | 52 ᠨᠠᠶᠢᠳᠠᠪᠤᠷᠢᠵᠢᠭᠤᠯᠤᠨ᠂ 54.88 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠪᠣᠳᠠᠲᠠᠶᠢᠵᠢᠭᠤᠯᠵᠤ᠂ 33. | 85% ᠪᠠᠷ ᠨᠡᠮᠡᠭᠳᠡᠪᠡ᠃ | ᠥᠩᠭᠡᠷᠡᠭᠰᠡᠨ ᠨᠢᠭᠡ ᠵᠢᠯ ᠳᠤ᠂ ᠪᠢᠳᠡ ᠬᠦᠴᠦᠨ ᠢᠶᠠᠨ ᠲᠥᠪᠯᠡᠷᠡᠭᠦᠯᠦᠨ ᠪᠦᠲᠦᠴᠡ ᠶᠢ ᠲᠤᠬᠢᠷᠠᠭᠤᠯᠤᠨ | ᠰᠢᠯᠢᠳᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠠᠯᠬᠤᠮ ᠢ ᠠᠯᠬᠤᠪᠠ᠃ ᠠᠵᠤ | ᠦᠢᠯᠡᠰ ᠤᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠬᠦᠯᠪᠡ᠃ ᠲᠠᠷᠢᠶᠠᠯᠠᠩ ᠮᠠᠯ ᠠᠵᠤ ᠠᠬᠤᠶ ᠶᠢᠨ ᠲᠥᠷᠥᠯ | ᠵᠤᠶᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠪᠥᠬᠦ ᠵᠢᠯ ᠳᠤ 371 ᠲᠦᠮᠡᠨ ᠮᠥ | ᠠᠮᠤ ᠪᠤᠳᠠᠭᠠᠨ ᠤ ᠲᠠᠷᠢᠮᠠᠯ᠂ 18 ᠲᠦᠮᠡᠨ ᠮᠥ ᠠᠵᠤ ᠠᠬᠤᠶ ᠶᠢᠨ ᠲᠠᠷᠢᠮᠠᠯ᠂ 27 ᠲᠦᠮᠡᠨ ᠮᠥ ᠡᠪᠡᠰᠦ | ᠪᠣᠷᠳᠤᠭ᠎ᠠ ᠶᠢᠨ ᠲᠠᠷᠢᠮᠠᠯ ᠳᠠᠷᠢᠵᠤ᠂ ᠠᠮᠤ ᠪᠤᠳᠠᠭᠠᠨ ᠤ ᠶᠡᠷᠦᠩᠬᠡᠶ ᠤᠨᠠᠯᠲᠠ 29.4 ᠳ᠋ᠦᠩᠰᠢᠭᠤᠷ ᠵᠢᠩ ᠳᠤ ᠬᠦᠷᠴᠦ | ᠂ ᠮᠠᠯᠵᠢᠯ ᠤᠨ ᠣᠨ ᠤ ᠮᠠᠯ ᠤᠨ ᠲᠤᠭ᠎ᠠ ᠲᠣᠯᠣᠭᠠᠶ 423 ᠲᠦᠮᠡ ᠲᠤᠭ᠎ᠠ ᠳᠤ ᠬᠥᠷᠪᠡ᠃ ︽ᠬᠤᠶᠠᠷ ᠠᠮᠦ ᠬᠤᠶᠠᠷ | ᠦᠬᠡᠷ︾ ᠢᠶᠠᠷ ᠤᠳᠤᠷᠢᠳᠤᠮᠵᠢ ᠪᠣᠯᠭᠠᠵᠤ᠂ ᠴᠢᠨᠠᠷ ᠰᠠᠶᠢᠲᠠᠶ ᠡᠷᠳᠡᠨᠢ ᠰᠢᠰᠢ 280 ᠲᠦᠮᠡᠨ ᠮᠥ᠂ ᠤᠰᠤᠨ | ᠲᠤᠲᠤᠷᠭ᠎ᠠ 15 ᠲᠦᠮᠡᠨ ᠮᠥ ᠳᠠᠷᠢᠪᠠ᠃ ᠪᠦᠬᠦ ᠬᠤᠰᠢᠭᠤᠨ ᠤ ᠠᠯᠠᠰᠢᠨ ᠦᠬᠡᠷ 1.8 ᠲᠦᠮᠡᠨ ᠲᠣᠯᠣᠭᠠᠢ᠂ | ᠰᠠᠭᠠᠯᠢ ᠶᠢᠨ ᠦᠨᠢᠶ᠎ᠡ 2.3 ᠲᠦᠮᠡᠨ ᠲᠣᠯᠣᠭᠠᠢ ᠰᠢᠨ᠎ᠡ ᠪᠠᠷ ᠨᠡᠮᠡᠭᠳᠡᠪᠡ᠃ ᠨᠡᠳᠦᠭᠡᠷ᠂ ᠳ᠋ᠠᠱᠢᠵᠠᠢ ᠶᠢᠨ ᠵᠢᠮᠢᠰ ᠤᠨ | ᠰᠠᠭᠤᠷᠢᠨ ᠭᠠᠵᠠᠷ ᠨᠢ ᠠᠩᠬ᠎ᠠ ᠠᠯᠬᠤᠮ ᠬᠡᠪᠴᠢᠶᠡᠵᠢᠵᠦ᠂ ᠪᠥᠬᠦ ᠵᠢᠯ ᠳᠤ ᠵᠢᠮᠢᠰ ᠤᠨ ᠮᠣᠳᠣ ᠶᠢ 3 ᠲᠦᠮᠡᠨ ᠮᠥ | ᠪᠤᠶᠢᠵᠢᠭᠤᠯᠵᠤ᠂ ᠠᠮᠢ ᠠᠬᠤᠶ ᠶᠢᠨ ᠦᠷ᠎ᠡ ᠠᠰᠢᠭ ᠬᠢᠭᠡᠳ ᠠᠵᠤ ᠠᠬᠤᠶ ᠶᠢᠨ ᠦᠷ᠎ᠡ ᠠᠰᠢᠭ ᠤᠨ ᠬᠤᠤᠰ ᠡᠯᠪᠡᠭ | ᠬᠤᠷᠢᠶᠠᠯᠲᠠ ᠶᠢ ᠪᠡᠶᠡᠯᠡᠭᠦᠯᠪᠡ᠃ ᠦᠢᠯᠡᠳᠪᠦᠷᠢᠯᠡᠯ ᠤᠨ ᠨᠥᠬᠦᠴᠡᠯ ᠲᠠᠰᠤᠷᠠᠯᠲᠠ ᠦᠭᠡᠢ ᠰᠠᠶᠢᠵᠢᠷᠠᠪᠠ᠃ ᠴᠠᠷᠠᠰᠤᠨ᠂ | ᠬᠦᠢᠯᠡᠷ ᠳᠤ ᠨᠢᠭᠡ ᠴᠣᠭᠴᠠᠵᠢᠭᠤᠯᠤᠭᠰᠠᠨ ᠤᠰᠤᠨ ᠲᠤᠲᠤᠷᠭ᠎ᠠ ᠶᠢᠨ ᠦᠵᠡᠮᠵᠢ ᠶᠢᠨ ᠬᠦᠷᠢᠶᠡᠯᠡᠩ ᠢ ᠪᠦᠲᠦᠭᠡᠨ | ᠪᠠᠶᠢᠭᠤᠯᠵᠤ᠂ ᠲᠦᠮᠡᠨ ᠮᠦ ᠤᠰᠤᠨ ᠲᠤᠲᠤᠷᠭ᠎ᠠ ᠶᠢᠨ ᠭᠤᠤᠯ ᠵᠢᠱᠢᠶ᠎ᠡ ᠦᠵᠡᠭᠦᠯᠬᠦ ᠣᠷᠣᠨ ᠢ 2 ᠲᠦᠮᠡᠨ ᠮᠦ | ᠪᠠᠶᠢᠭᠤᠯᠪᠠ᠃ ᠲᠦᠮᠡᠨ ᠰᠠᠭᠠᠯᠢ ᠶᠢᠨ ᠦᠨᠢᠶ᠎ᠡ ᠲᠡᠵᠢᠭᠡᠬᠦ ᠵᠢᠱᠢᠶ᠎ᠡ ᠦᠵᠡᠭᠦᠯᠬᠦ 4 ᠮᠠᠯᠵᠢᠯ ᠤᠨ ᠲᠠᠯᠠᠪᠠᠶ ᠶᠢ ᠪᠦᠬᠦ | ᠲᠠᠯ᠎ᠠ ᠪᠠᠷ ᠡᠬᠢᠯᠡᠭᠦᠯᠵᠦ᠂ 2 ᠲᠦᠮᠡᠨ ᠲᠣᠯᠣᠭᠠᠢ ᠪᠠᠷᠢᠮᠵᠢᠶᠠᠵᠢᠭᠰᠠᠨ ᠠᠯᠠᠰᠢᠨ ᠦᠬᠡᠷ ᠲᠡᠵᠢᠭᠡᠨ ᠦᠷᠡᠵᠢᠭᠦᠯᠬᠦ | ᠰᠠᠭᠤᠷᠢᠨ ᠭᠠᠵᠠᠷ ᠤᠨ ᠭᠤᠣᠯ ᠴᠣᠭᠴᠠ ᠶᠢᠨ ᠠᠵᠢᠯ ᠢ ᠳᠠᠭᠤᠰᠬᠠᠪᠠ᠃ ᠳ᠋ᠧ ᠺᠠᠩ ᠪᠦᠯᠦᠭᠯᠡᠯ ᠤᠨ ᠵᠠᠭᠤᠨ ᠲᠦᠮᠡᠨ | ᠭᠠᠭ᠋ᠠᠶ ᠶᠢᠨ ᠠᠵᠤ ᠦᠢᠯᠡᠰ ᠤᠨ ᠨᠢᠭᠡ ᠴᠤᠭᠴᠠᠵᠢᠭᠰᠠᠨ ᠲᠥᠷᠥᠯ ᠵᠤᠶᠢᠯ ᠲᠣᠪᠤᠶᠢᠮ᠎ᠠ ᠦᠷ᠎ᠡ ᠪᠦᠲᠦᠮᠵᠢ ᠣᠯᠵᠤ᠂ | 17 ᠦᠢᠯᠡᠳᠪᠦᠷᠢ ᠶᠢᠨ ᠲᠣᠭᠤᠷᠢᠭ ᠤᠨ ᠭᠤᠤᠯ ᠴᠣᠭᠴᠠ ᠶᠢᠨ ᠢᠨᠵᠧᠨᠧᠷᠢᠩ ᠢ ᠪᠥᠬᠦ ᠲᠠᠯ᠎ᠠ ᠪᠠᠷ ᠪᠡᠶᠡᠯᠡᠭᠦᠯᠪᠡ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 14 ᠲᠦᠮᠡᠨ ᠮᠤ᠋᠂ ᠡᠭᠦᠷᠢᠳᠡ ᠶᠢᠨ ᠴᠢᠨᠠᠷᠲᠠᠢ ᠳᠠᠷᠤᠰᠢᠭᠤᠯᠬᠤ | ᠵᠣᠭᠤᠷᠢ ᠶᠢ 29 ᠲᠦᠮᠡᠨ ᠳᠡᠭᠰᠢ ᠳᠥᠷᠪᠡᠯᠵᠢᠨ ᠮᠧᠲᠷ᠂ ᠡᠪᠡᠰᠦ ᠬᠠᠳᠠᠭᠠᠯᠠᠬᠤ ᠫᠧᠩ ᠢ 40 ᠲᠦᠮᠡᠨ ᠲᠡᠭᠰᠢ | ᠳᠥᠷᠪᠡᠯᠵᠢᠨ ᠮᠧᠲᠷ ᠪᠦᠲᠦᠭᠡᠨ ᠪᠠᠶᠢᠭᠤᠯᠵᠠᠢ᠃ 110 ᠲᠦᠮᠡᠨ ᠮᠥ ᠭᠠᠵᠠᠷ ᠰᠢᠷᠣᠶ ᠶᠢ ᠡᠷᠭᠢᠯᠳᠦᠭᠦᠯᠦᠨ | ᠰᠢᠯᠵᠢᠭᠦᠯᠵᠦ᠂ ᠲᠠᠷᠢᠶᠠᠯᠠᠩ ᠤᠨ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ 84.6% ᠳᠤ ᠬᠦᠷᠴᠦ᠂ ︽ | ᠪᠥᠬᠦ ᠤᠯᠤᠰ ᠲᠤ ᠤᠷᠢᠳᠠᠪᠠᠷ ᠲᠠᠷᠢᠮᠠᠯ ᠤᠨ ᠦᠢᠯᠡᠳᠪᠦᠷᠢᠯᠡᠯ ᠤᠨ ᠪᠥᠬᠦ ᠶᠠᠪᠤᠴᠠ ᠶᠢᠨ ᠮᠠᠰᠢᠨᠴᠢᠯᠠᠯᠲᠠ ᠶᠢ | ᠪᠡᠶᠡᠯᠡᠭᠦᠯᠦᠭᠰᠡᠨ ᠵᠢᠱᠢᠶ᠎ᠡ ᠦᠵᠡᠭᠦᠯᠬᠦ ᠰᠢᠶᠠᠨ︾ ᠢᠶᠠᠷ ᠦᠨᠡᠯᠡᠭᠳᠡᠪᠡ᠃ ᠬᠥᠭᠵᠢᠯᠲᠡ ᠶᠢᠨ ᠬᠥᠳᠡᠯᠭᠡᠭᠴᠢ ᠡᠨᠧᠷᠭᠢ | ᠦᠷᠭᠦᠯᠵᠢᠯᠡᠨ ᠴᠢᠩᠭᠠᠷᠠᠪᠠ᠃ 111 ᠵᠤᠶᠢᠯ ᠤᠨ ᠮᠡᠷᠭᠡᠵᠢᠯ ᠤᠨ ᠲᠦᠷᠢᠮ ᠲᠣᠭᠲᠠᠭᠠᠯ ᠢ ᠡᠮᠬᠢᠯᠡᠨ ᠳᠡᠯᠭᠡᠷᠡᠭᠦᠯᠵᠦ᠂ | ᠠᠯᠠᠰᠢᠨ ᠬᠤᠨᠢ᠂ ᠠᠯᠠᠰᠢᠨ ᠦᠬᠡᠷ ᠤᠨ ᠰᠠᠶᠢᠨ ᠡᠭᠦᠯᠳᠡᠷ ᠤᠨ ᠨᠣᠷᠮ᠎ᠠ ᠲᠣᠰ ᠲᠣᠰ 89% ᠪᠠ 90% ᠳᠤ | ᠬᠥᠷᠪᠡ᠃ ᠪᠥᠬᠦ ᠵᠢᠯ ᠳᠤ ᠵᠢᠷᠤᠮᠵᠢᠭᠰᠠᠨ ᠬᠤᠷᠰᠢᠶ᠎ᠠ ᠶᠢ 2381 ᠡᠷᠦᠬᠡ ᠪᠤᠶᠢᠵᠢᠭᠤᠯᠵᠤ᠂ ᠤᠯᠤᠰ ᠤᠨ ᠲᠡᠰ ᠤᠨ | ᠵᠢᠱᠢᠶ᠎ᠡ ᠦᠵᠡᠭᠦᠯᠬᠦ ᠬᠤᠷᠰᠢᠶ᠎ᠠ ᠶᠢ 2 ᠡᠷᠦᠬᠡ᠂ ᠣᠷᠣᠨ ᠤ ᠲᠡᠰ ᠤᠨ ᠬᠢ ᠶᠢ 12 ᠡᠷᠦᠬᠡ ᠡᠭᠦᠳᠦᠨ ᠪᠠᠶᠢᠭᠤᠯᠵᠤ᠂ | ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠲᠠᠷᠢᠶᠠᠯᠠᠩ ᠮᠠᠯᠵᠢᠯ ᠤᠨ ᠲᠠᠯᠠᠪᠠᠢ ᠶᠢ 6 ᠡᠷᠦᠬᠡ ᠰᠢᠨ᠎ᠡ ᠪᠠᠷ | ᠨᠡᠮᠡᠭᠳᠡᠭᠦᠯᠦᠨ᠂ ︽ᠬᠤᠶᠠᠷ ᠪᠦᠲᠦᠭᠡᠭᠳᠡᠬᠦᠨ ᠨᠢᠭᠡ ᠲᠡᠮᠳᠡᠭ︾ ᠤᠨ ᠠᠵᠤ ᠠᠬᠤᠶᠢᠯᠠᠯ ᠢ 13 ᠡᠷᠦᠬᠡ ᠭᠡᠷᠡᠴᠢᠯᠡᠵᠡᠢ᠃ | 15 ᠲᠦᠮᠡᠨ ᠮᠦ ᠠᠭᠯᠠᠭ ᠠᠭᠤᠯᠠ ᠶᠢ ᠵᠠᠰᠠᠬᠤ᠂ 40 ᠲᠦᠮᠡᠨ ᠮᠦ ᠨᠤᠲᠤᠭ ᠪᠡᠯᠴᠢᠭᠡᠷ ᠤᠨ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ 1.5 ᠲᠦᠮᠡᠨ ᠮᠦ ᠲᠠᠷᠢᠶᠠᠯᠠᠬᠤ ᠶᠢ ᠵᠣᠭᠰᠣᠭᠠᠵᠤ ᠣᠢ ᠰᠢᠭᠤᠢ ᠶᠢ | ᠰᠡᠷᠭᠦᠭᠡᠪᠡ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠭᠰᠡᠨ 23 ᠬᠥᠲᠥᠴᠢ ᠠᠵᠤ ᠠᠬᠤᠶᠢᠯᠠᠯ ᠤᠨ | ᠪᠣᠷᠣᠯᠠᠭᠤᠯᠤᠯᠲᠠ ᠶᠢᠨ ᠣᠷᠣᠯᠭ᠎ᠠ 19.96 ᠳ᠋ᠦᠩᠰᠢᠭᠤᠷ ᠲᠥᠭᠦᠷᠢᠭ ᠲᠤ ᠬᠦᠷᠴᠦ᠂ 2.7 ᠲᠦᠮᠡᠨ ᠮᠠᠯᠴᠢᠨ | ᠲᠠᠷᠢᠶᠠᠴᠢᠨ ᠤ ᠣᠷᠣᠯᠭ᠎ᠠ ᠶᠢ ᠦᠷᠬᠦᠯᠵᠢᠯᠡᠨ ᠨᠡᠮᠡᠭᠳᠡᠭᠦᠯᠪᠡ᠃ | ᠥᠩᠭᠡᠷᠡᠭᠰᠡᠨ ᠨᠢᠭᠡ ᠵᠢᠯ ᠳᠤ᠂ ᠪᠢᠳᠡ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠵᠦ᠂ | ᠠᠵᠤ ᠦᠢᠯᠡᠳᠪᠦᠷᠢ ᠶᠢᠨ ᠠᠵᠤ ᠠᠬᠤᠢ ᠶᠢᠨ ᠰᠢᠨ᠎ᠡ ᠳᠠᠪᠠᠭᠤᠯᠢᠭ ᠢ ᠪᠤᠶᠢᠵᠢᠭᠤᠯᠪᠠ᠃ ᠤᠯᠠᠮᠵᠢᠯᠠᠯᠲᠤ ᠠᠵᠤ | ᠦᠢᠯᠡᠰ ᠤᠨ ᠳᠡᠰ ᠳᠠᠪᠰᠢᠵᠠᠢ᠃ ᠪᠸᠢ ᠹᠧᠩ ᠯᠢᠩ ᠤᠨ ᠤᠤᠯ ᠪᠣᠭᠤᠳᠠᠶ ᠶᠢᠨ ᠲᠠᠯᠬ᠎ᠠ ᠳᠤᠮᠳᠠᠳᠤ ᠤᠯᠤᠰ ᠤᠨ | ᠪᠣᠬᠢᠷᠲᠤᠯ ᠥᠬᠡᠶ ᠢᠳᠡᠭᠡᠨ ᠤ ᠦᠵᠡᠰᠬᠦᠯᠡᠩ ᠤᠨ ᠠᠯᠲᠠᠨ ᠱᠠᠩᠨᠠᠯ ᠢ ᠭᠥᠷᠳᠡᠵᠦ᠂ ᠬᠤᠩ ᠳ᠋ᠠ ᠰᠢᠬᠠᠬᠤ | ᠴᠢᠳᠬᠤᠯᠲᠠ ᠨᠢ ᠤᠯᠤᠰ ᠤᠨ ᠲᠤᠰᠬᠠᠶ ᠨᠠᠷᠢᠯᠢᠭ ᠣᠨᠴᠠ ᠰᠢᠨ᠎ᠡ ︽ᠵᠢᠵᠢᠭ ᠠᠪᠤᠷᠭᠤ︾ ᠠᠵᠤ ᠠᠬᠤᠶᠢᠯᠠᠯ ᠤᠨ | ᠴᠣᠯᠠ ᠭᠥᠷᠳᠡᠵᠦ᠂ ᠶᠡᠷᠦᠩᠬᠡᠶ ᠪᠠᠯᠠ ᠣᠷᠣᠭᠤᠯᠤᠯᠲᠠ ᠨᠢ 105 ᠳ᠋ᠦᠩᠰᠢᠭᠤᠷ ᠲᠥᠭᠦᠷᠢᠭ ᠤᠨ ᠤᠯᠠᠭᠠᠨ | ᠪᠦᠯᠦᠭᠯᠡᠯ ᠤᠨ ᠲᠣᠮᠣ ᠬᠢᠮᠢ ᠶᠢᠨ ᠪᠣᠷᠲᠣᠭᠤᠷ ᠤᠨ ᠲᠦᠷᠦᠭᠦᠤ ᠪᠦᠯᠦᠭ ᠦᠢᠯᠡᠳᠬᠦᠨ ᠨᠢ ᠰᠦᠯᠵᠢᠶᠡᠨ ᠠᠴᠠ ᠭᠠᠷᠴᠤ | ᠂ ᠳ᠋ᠧ ᠺᠠᠩ ᠤᠨ ᠵᠢᠯ ᠳᠤ 30 ᠲᠦᠮᠡᠨ ᠲᠣᠨ ᠪᠣᠷᠳᠤᠭ᠎ᠠ ᠦᠢᠯᠡᠳᠪᠦᠷᠢᠯᠡᠬᠦ ᠦᠢᠯᠡᠳᠪᠦᠷᠢᠯᠡᠯ ᠤᠨ ᠱᠤᠭᠤᠮ | ᠵᠢᠩᠬᠢᠨᠢ ᠪᠠᠷ ᠠᠰᠢᠭᠯᠠᠯᠲᠠ ᠳᠤ ᠣᠷᠣᠵᠤ᠂ ᠾᠧ ᠹᠧᠩ ᠲᠠᠷᠢᠶᠠᠯᠠᠩ ᠤᠨ ᠦᠢᠯᠡᠳᠬᠦᠨ ᠤ ᠥᠷᠲᠡᠭ ᠤᠨ | ᠨᠡᠮᠡᠭᠳᠡᠯ ᠤᠨ ᠬᠤᠷᠳᠤᠴᠠ ᠨᠢ ᠬᠤᠶᠠᠷ ᠳᠠᠬᠢᠨ ᠨᠡᠮᠡᠭᠳᠡᠵᠦ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠨᠢ | ᠤᠯᠠᠮ ᠨᠢᠭᠡ ᠠᠯᠬᠤᠮ ᠳᠡᠭᠡᠭᠰᠢᠯᠡᠪᠡ᠃ ᠰᠤᠯᠠ ᠪᠠᠶᠢᠭ᠎ᠠ ᠡᠬᠢ ᠪᠠᠶᠠᠯᠢᠭ ᠢ ᠰᠢᠢᠳᠪᠦᠷᠢᠯᠡᠬᠦ ᠬᠦᠴᠦᠯᠡᠴᠡ ᠪᠠᠨ | ᠲᠠᠰᠤᠷᠠᠯᠲᠠ ᠦᠭᠡᠢ ᠨᠡᠮᠡᠭᠳᠡᠭᠦᠯᠵᠦ᠂ ᠴᠡᠪᠡᠷ ᠢᠳᠡᠭᠡᠨ᠂ ᠲᠠᠯ᠎ᠠ ᠨᠤᠲᠤᠭ ᠤᠨ ᠮᠠᠯ ᠠᠵᠤ ᠠᠬᠤᠢ ᠶᠢ ᠬᠥᠭᠵᠢᠭᠦᠯᠬᠦ 2 | ᠠᠵᠤ ᠠᠬᠤᠶᠢᠯᠠᠯ ᠢ ᠬᠠᠤᠯᠢ ᠶᠣᠰᠣᠭᠠᠷ ᠴᠡᠪᠡᠷᠯᠡᠪᠡ᠃ ᠰᠢᠨ᠎ᠡ ᠪᠠᠷ ᠬᠥᠭᠵᠢᠭᠰᠡᠨ ᠠᠵᠤ ᠦᠢᠯᠡᠰ ᠦᠷᠭᠦᠯᠵᠢᠯᠡᠨ | ᠪᠤᠵᠠᠭᠠᠶᠢᠷᠠᠪᠠ᠃ ᠰᠢᠨ ᠲᠢᠶᠠᠨ ᠰᠠᠯᠬᠢᠨ ᠡᠨᠧᠷᠭᠢ ᠶᠢᠨ ᠬᠤᠶᠠᠳᠤᠭᠠᠷ ᠬᠤᠭᠤᠴᠠᠭᠠᠨ ᠤ ᠲᠣᠣᠷ ᠲᠤ ᠨᠡᠶᠢᠯᠡᠭᠦᠯᠦᠨ | ᠴᠠᠬᠢᠯᠭᠠᠨ ᠭᠠᠷᠭᠠᠵᠤ᠂ ᠵᠦᠩ ᠭᠤᠸᠠᠩ ᠾᠧ ᠶᠢᠨ ᠵᠠᠭᠤᠨ ᠲᠦᠮᠡᠨ ᠺᠢᠯᠣᠸᠠᠲ ᠤᠨ ᠰᠠᠯᠬᠢᠨ ᠴᠠᠬᠢᠯᠭᠠᠨ ᠤ | ᠰᠠᠭᠤᠷᠢᠨ ᠭᠠᠵᠠᠷ ᠠᠩᠬᠠᠨ ᠤ ᠪᠦᠯᠦᠭ ᠰᠠᠯᠬᠢᠨ ᠬᠦᠴᠦᠨ ᠤ ᠮᠠᠰᠢᠨ ᠢ ᠤᠭᠰᠠᠷᠠᠵᠤ᠂ ᠴᠡᠪᠡᠷ ᠡᠨᠧᠷᠭᠢ ᠪᠠᠷ | ᠴᠠᠬᠢᠯᠭᠠᠨ ᠭᠠᠷᠭᠠᠬᠤ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 160 ᠲᠦᠮᠡᠨ ᠺᠢᠯᠣᠸᠠᠲ ᠢ ᠳᠠᠪᠠᠪᠠ᠃ | ᠠᠶ ᠯᠠᠩ ᠰᠠᠯᠬᠢᠨ ᠬᠦᠴᠦᠨ ᠤ ᠴᠠᠬᠢᠯᠭᠠᠨ ᠤ ᠪᠦᠯᠦᠭᠯᠡᠯ ᠨᠢ ᠦᠢᠯᠡᠳᠪᠦᠷᠢᠯᠡᠯ ᠪᠣᠷᠣᠯᠠᠭᠤᠯᠭ᠎ᠠ ᠰᠠᠶᠢᠲᠠᠶ ᠪᠠᠶᠢᠬᠤ ᠶᠢ | ᠪᠡᠶᠡᠯᠡᠭᠦᠯᠵᠦ᠂ ᠠᠶ ᠹᠠᠩ ᠮᠥ᠂ ᠰᠧᠨ ᠨᠦᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠠᠵᠤ ᠠᠬᠤᠶᠢᠯᠠᠯ ᠤᠨ | ᠦᠢᠯᠡᠳᠪᠦᠷᠢᠯᠡᠯ ᠤᠨ ᠴᠢᠳᠠᠪᠤᠷᠢ ᠶᠢ ᠦᠷᠭᠦᠯᠵᠢᠯᠡᠨ ᠪᠠᠳᠠᠷᠠᠭᠤᠯᠵᠤ᠂ ᠳ᠋ᠢᠩ ᠴᠧᠩ ᠰᠤᠪᠤᠳ ᠡᠷᠳᠡᠨᠢ᠂ ᠬᠠ ᠸᠠ | ᠵᠢᠯᠣᠭᠤᠴᠢ ᠥᠬᠡᠶ ᠨᠢᠰᠬᠡᠯ᠂ ᠬᠢᠲᠠᠳ ᠡᠮ ᠤᠨ ᠪᠡᠶ᠎ᠡ ᠰᠤᠪᠢᠯᠠᠬᠤ ᠰᠣᠶᠣᠯ ᠤᠨ ᠠᠵᠤ ᠦᠢᠯᠡᠰ ᠤᠨ ᠬᠦᠷᠢᠶᠡᠯᠡᠩ | ᠵᠡᠷᠭᠡ ᠨᠢᠭᠡ ᠪᠦᠯᠦᠭ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠲᠥᠷᠥᠯ ᠵᠤᠶᠢᠯ ᠢ ᠯᠠᠪᠳᠠᠭᠤᠨ ᠢᠶᠠᠷ ᠠᠬᠢᠭᠤᠯᠵᠤ᠂ | ᠴᠡᠪᠡᠷ ᠡᠨᠧᠷᠭᠢ᠂ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠢᠯᠡᠳᠬᠦ᠂ ᠮᠣᠩᠭᠤᠯ ᠬᠢᠲᠠᠳ ᠡᠮ ᠡᠮᠨᠡᠯᠭᠡ ᠵᠡᠷᠭᠡ | ᠠᠵᠤ ᠦᠢᠯᠡᠰ ᠨᠡᠯᠢᠶᠡᠳ ᠲᠦᠷᠭᠡᠨ ᠨᠡᠮᠡᠭᠳᠡᠯ ᠢ ᠪᠡᠶᠡᠯᠡᠭᠦᠯᠪᠡ᠃ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠲᠠᠰᠤᠷᠠᠯᠲᠠ ᠦᠭᠡᠢ ᠲᠦᠷᠭᠡᠳᠪᠡ᠃ ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ᠂ ᠠᠵᠤ ᠦᠢᠯᠡᠳᠪᠦᠷᠢ ᠶᠢᠨ ᠰᠢᠲᠠᠮᠠᠬᠠᠢ ᠬᠡᠢ ᠬᠡᠷᠡᠭᠯᠡᠬᠦ ᠪᠠᠲᠤᠯᠠᠭ᠎ᠠ ᠶᠢᠨ ᠲᠥᠷᠦᠯ ᠵᠦᠢᠯ ᠢ ᠪᠠᠶᠢᠭᠤᠯᠤᠨ | ᠠᠰᠢᠭᠯᠠᠯᠲᠠ ᠳᠤ ᠣᠷᠣᠭᠤᠯᠵᠤ᠂ ᠴᠠᠬᠢᠯᠭᠠᠨ ᠲᠣᠣᠷᠵᠢᠯ ᠢ ᠳᠡᠰ ᠳᠡᠪᠰᠢᠭᠦᠯᠦᠨ 8 . 3 ᠺᠢᠯᠣᠮᠧᠲᠷ ᠥᠭᠡᠷᠡᠴᠢᠯᠡᠵᠦ | ᠂ ᠳ᠋ᠠᠱᠢᠵᠠᠢ ᠵᠡᠭᠡᠯᠢ᠂ ᠰᠢᠨ ᠸᠧᠢ ᠳᠥᠷᠪᠡᠳᠦᠭᠡᠷ ᠵᠡᠭᠡᠯᠢ ᠵᠡᠷᠭᠡ ᠬᠤᠲᠠ ᠶᠢᠨ ᠶᠠᠪᠤᠳᠠᠯ ᠤᠨ ᠵᠠᠮ ᠢ ᠬᠤᠭᠤᠴᠠᠭ᠎ᠠ | ᠶᠣᠰᠣᠭᠠᠷ ᠠᠬᠢᠭᠤᠯᠵᠤ᠂ ᠤᠰᠤ ᠴᠠᠬᠢᠯᠭᠠᠨ ᠬᠡᠢ ᠳᠤᠯᠠᠭᠠᠯᠠᠭ᠎ᠠ ᠵᠡᠷᠭᠡ ᠢᠵᠢ ᠪᠦᠷᠢᠳᠦᠭᠰᠡᠨ ᠲᠥᠬᠦᠭᠡᠷᠦᠮᠵᠢ ᠶᠢ | ᠱᠠᠯᠠᠪᠳᠠᠨ ᠲᠡᠭᠦᠯᠳᠡᠷᠵᠢᠭᠦᠯᠪᠡ᠃ ᠪᠣᠬᠢᠷᠲᠤᠯ ᠥᠬᠡᠶ ᠡᠷᠡᠭᠦᠯ ᠮᠡᠨᠳᠦ ᠶᠢᠨ ᠠᠵᠤ ᠦᠢᠯᠡᠰ ᠤᠨ ᠰᠢᠨ᠎ᠡ ᠶᠢ ᠡᠭᠦᠳᠬᠦ | ᠵᠢᠱᠢᠶ᠎ᠡ ᠦᠵᠡᠭᠦᠯᠬᠦ ᠣᠷᠣᠨ ᠢ ᠥᠨᠳᠥᠷ ᠲᠦᠪᠰᠢᠨ ᠢᠶᠠᠷ ᠡᠬᠢᠯᠡᠭᠦᠯᠵᠦ᠂ ᠢᠯᠢ ᠪᠦᠯᠦᠭᠯᠡᠯ ᠤᠨ ᠴᠠᠭᠠᠨ ᠢᠳᠡᠭᠡ | ᠪᠣᠯᠪᠠᠰᠤᠷᠠᠭᠤᠯᠬᠤ ᠲᠥᠷᠥᠯ ᠵᠤᠶᠢᠯ ᠢ ᠪᠠᠷᠢᠯᠭ᠎ᠠ ᠡᠬᠢᠯᠡᠭᠦᠯᠪᠡ᠃ ᠢᠳᠡᠭᠡᠨ ᠤ ᠬᠦᠷᠢᠶᠡᠯᠡᠩ ᠲᠣᠭᠤᠷᠢᠭ ᠤᠨ ᠬᠤᠷᠠᠯ | ᠦᠵᠡᠬᠦᠯᠭᠡ ᠤᠨ ᠲᠥᠪ ᠵᠢᠩᠬᠢᠨᠢ ᠪᠠᠷ ᠡᠵᠡᠩᠨᠡᠯᠲᠡ ᠪᠠᠨ ᠡᠬᠢᠯᠡᠭᠦᠯᠵᠦ᠂ ᠪᠥᠬᠦ ᠠᠶᠢᠮᠠᠭ ᠤᠨ ᠴᠢᠨᠠᠷ ᠰᠠᠶᠢᠲᠠᠶ | ᠬᠥᠭᠵᠢᠯᠲᠡ ᠶᠢᠨ ᠠᠬᠤᠶ ᠲᠠᠯᠠᠪᠠᠶ ᠶᠢᠨ ᠬᠤᠷᠠᠯ ᠳᠡᠭᠡᠷ᠎ᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠬᠥᠭᠵᠢᠯᠲᠡ ᠶᠢᠨ ᠦᠷ᠎ᠡ ᠪᠦᠲᠦᠭᠡᠯ ᠤᠨ ᠦᠵᠡᠬᠦᠯᠭᠡ ᠥᠷᠭᠡᠨ ᠢᠶᠠᠷ ᠰᠠᠶᠢᠰᠢᠶᠠᠭᠳᠠᠪᠠ᠃ ᠪᠦᠬᠦ ᠬᠤᠰᠢᠭᠤᠨ ᠤ | ᠰᠢᠨ᠎ᠡ ᠪᠠᠷ ᠨᠡᠮᠡᠭᠳᠡᠭᠰᠡᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 2 ᠪᠠᠶᠢᠵᠤ᠂ | 18 ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠥᠷᠥᠯ | ᠵᠦᠢᠯ ᠤᠨ ᠠᠵᠢᠯ ᠡᠬᠢᠯᠡᠭᠦᠯᠦᠨ ᠰᠡᠷᠭᠦᠭᠡᠭᠰᠡᠨ ᠨᠣᠷᠮ᠎ᠠ 100 % ᠳᠤ ᠬᠦᠷᠴᠦ᠂ 21.8 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 21% ᠪᠠᠷ ᠨᠡᠮᠡᠭᠳᠡᠪᠡ᠃ | ᠥᠩᠭᠡᠷᠡᠭᠰᠡᠨ ᠨᠢᠭᠡ ᠵᠢᠯ ᠳᠤ᠂ ᠪᠢᠳᠡ ᠠᠮᠢᠵᠢᠷᠠᠯ ᠤᠨ ᠬᠦᠴᠦᠨ ᠢᠶᠠᠨ ᠦᠷᠭᠦᠯᠵᠢᠯᠡᠨ ᠪᠠᠳᠠᠷᠠᠭᠤᠯᠵᠤ᠂ | ᠭᠤᠷᠪᠠᠳᠤᠭᠠᠷ ᠠᠵᠤ ᠦᠢᠯᠡᠰ ᠤᠨ ᠰᠢᠨ᠎ᠡ ᠦᠷ᠎ᠡ ᠪᠦᠲᠦᠮᠵᠢ ᠶᠢ ᠤᠯᠪᠠ᠃ ᠰᠣᠶᠣᠯ ᠵᠤᠭᠠᠴᠠᠯ ᠤᠨ ᠠᠵᠤ ᠦᠢᠯᠡᠰ ᠢ | ᠠᠭᠤᠰᠤᠯᠴᠠᠭᠤᠯᠤᠨ ᠬᠦᠭᠵᠢᠬᠦᠯᠪᠡ᠃ ︽ᠳᠤᠮᠳᠠᠳᠤ ᠤᠯᠤᠰ ᠤᠨ ᠰᠢᠨ᠎ᠡ ᠪᠠᠷ ᠮᠠᠨᠳᠤᠭᠰᠠᠨ ᠲᠠᠯ᠎ᠠ ᠨᠤᠲᠤᠭ ᠤᠨ | ᠵᠤᠭᠠᠴᠠᠯ ᠤᠨ ᠬᠠᠷᠠᠯᠲᠠᠲᠤ ᠣᠷᠣᠨ 》 ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠮᠠᠯᠴᠢᠳ ᠤᠨ ᠴᠡᠩᠭᠡᠯ ᠤᠨ | ᠬᠦᠷᠢᠶᠡᠯᠡᠩ᠂ ᠲᠠᠯ᠎ᠠ ᠨᠤᠲᠤᠭ ᠤᠨ ᠵᠤᠭᠠᠴᠠᠯ ᠤᠨ ᠥᠷᠲᠡᠭᠡ ᠶᠢᠨ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ | ᠣᠷᠣᠭᠤᠯᠵᠤ᠂ ᠬᠢᠩᠭᠠᠨ ᠠᠶᠢᠮᠠᠭ ᠤᠨ ᠨᠢᠭᠡᠳᠦᠭᠡᠷ ᠨᠠᠮ ᠤᠨ ᠡᠭᠦᠷ ᠢ ᠥᠭᠡᠷᠡᠴᠢᠯᠡᠨ ᠲᠡᠰ ᠳᠡᠪᠰᠢᠭᠦᠯᠵᠦ᠂ | ᠠᠳᠤᠭᠤᠨ ᠰᠣᠶᠣᠯ ᠤᠨ ᠰᠠᠭᠤᠷᠢᠨ ᠭᠠᠵᠠᠷ ᠵᠢᠩᠬᠢᠨᠢ ᠪᠠᠷ ᠡᠵᠡᠩᠨᠡᠯᠲᠡ ᠪᠠᠨ ᠡᠬᠢᠯᠡᠭᠦᠯᠪᠡ᠃ ᠵᠤᠭᠠᠴᠠᠯ ᠤᠨ ᠵᠠᠮ | ᠬᠠᠷᠢᠯᠴᠠᠭᠠᠨ ᠤ ᠫᠠᠶᠢᠰᠠ ᠲᠡᠮᠳᠡᠭ ᠢ 9 ᠨᠡᠮᠡᠵᠦ᠂ ᠪᠠᠷᠢᠮᠵᠢᠶᠠᠵᠢᠭᠰᠠᠨ ᠵᠤᠭᠠᠴᠠᠯ ᠤᠨ ᠵᠣᠷᠯᠣᠩ 8 ᠶᠢ ᠰᠢᠨ᠎ᠡ ᠪᠠᠷ ︵ | ᠥᠭᠡᠷᠡᠴᠢᠯᠡᠨ︶ ᠪᠠᠶᠢᠭᠤᠯᠪᠠ᠃ ᠲᠠᠯ᠎ᠠ ᠨᠤᠲᠤᠭ ᠤᠨ ᠰᠣᠶᠣᠯ ᠵᠤᠭᠠᠴᠠᠯ ᠤᠨ ᠨᠠᠶᠢᠷ ᠭᠤᠶᠢᠳᠠ ᠰᠠᠶᠢᠬᠠᠨ | ᠶᠠᠪᠤᠭᠳᠠᠵᠤ᠂ ᠬᠢᠩᠭᠠᠨ ᠠᠶᠢᠮᠠᠭ ᠤᠨ ᠨᠠᠭᠠᠳᠤᠮ ᠤᠨ ᠦᠪᠡᠳᠡᠭᠰᠢ ᠪᠠᠶᠢᠳᠠᠯ ᠤᠷᠢᠳ ᠡᠮᠦᠨ᠎ᠡ ᠪᠠᠶᠢᠭ᠎ᠠ ᠦᠭᠡᠢ | ᠶᠠᠪᠤᠭᠳᠠᠵᠤ᠂ ᠤᠯᠠᠭᠠᠨᠮᠣᠳᠣ ᠰᠠᠭᠤᠭᠠᠯᠢ ᠠᠷᠠᠳ ᠤᠨ ᠲᠣᠭᠤᠷᠢᠭ᠂ ᠬᠠᠷ᠎ᠠ ᠪᠠᠶᠢᠰᠢᠩ ᠰᠠᠭᠤᠭᠠᠯᠢ ᠠᠷᠠᠳ ᠤᠨ | ᠲᠣᠭᠤᠷᠢᠭ ᠢᠶᠠᠷ ᠵᠤᠭᠠᠴᠠᠭᠰᠠᠳ ᠳᠦᠭᠦᠷᠴᠦ᠂ ᠲᠠᠯ᠎ᠠ ᠨᠤᠲᠤᠭ ᠤᠨ ᠮᠥᠰᠥ ᠴᠠᠰᠤᠨ ᠤ ᠴᠡᠩᠭᠡᠯ ᠤᠨ ᠬᠦᠷᠢᠶᠡᠯᠡᠩ | ᠳᠣᠩᠰᠣᠯᠵᠤ᠂ ︽ᠵᠠᠰᠠᠭᠲᠤ ᠶᠢᠨ ᠡᠪᠦᠯ ᠤᠨ ᠬᠦᠭ ᠠᠶᠠᠰ︾ ᠬᠥᠷ ᠨᠠᠷᠬᠢᠶᠠᠨ ᠢᠶᠠᠷ ᠲᠦᠬᠦᠷᠡᠵᠦ᠂ ︽ᠪᠠᠶᠠᠨ | ᠬᠠᠩᠭᠠᠶ ᠲᠠᠯ᠎ᠠ ᠨᠤᠲᠤᠭ᠂ ᠪᠠᠨᠬᠠᠷᠤᠮᠠ ᠰᠠᠶᠢᠬᠠᠨ ᠤᠨᠠᠭᠠᠨ ᠪᠠᠭᠤᠴᠠ 》 ᠬᠥᠮᠦᠰ ᠤᠨ ᠰᠡᠳᠬᠢᠯ ᠳᠤ ᠨᠠᠩ ᠭᠦᠨ | ᠰᠠᠭᠤᠭᠳᠠᠵᠤ᠂ ᠲᠠᠯ᠎ᠠ ᠨᠤᠲᠤᠭ ᠤᠨ ᠵᠤᠭᠠᠴᠠᠯ ᠤᠨ ᠰᠢᠨ᠎ᠡ ᠤᠷᠤᠰᠬᠠᠯ ᠪᠤᠢ ᠪᠣᠯᠵᠠᠢ᠃ ᠪᠦᠬᠦ ᠵᠢᠯ ᠳᠤ 178 | ᠲᠦᠮᠡᠨ ᠬᠥᠮᠦᠨ ︵ᠤᠳᠠᠭ᠎ᠠ︶ ᠢ ᠬᠦᠯᠢᠶᠡᠨ ᠠᠪᠴᠤ᠂ ᠵᠤᠭᠠᠴᠠᠯ ᠤᠨ ᠣᠷᠣᠯᠭ᠎ᠠ ᠶᠢ 7.4 ᠳ᠋ᠦᠩᠰᠢᠭᠤᠷ | ᠲᠥᠭᠦᠷᠢᠭ ᠪᠡᠶᠡᠯᠡᠭᠦᠯᠪᠡ᠃ ᠠᠷᠠᠯᠵᠢᠶ᠎ᠠ ᠬᠤᠳᠠᠯᠳᠤᠭ᠎ᠠ ᠪᠣᠳᠠᠰ ᠤᠨ ᠭᠦᠢᠯᠭᠡᠭᠡ ᠪᠦᠬᠦ ᠲᠠᠯ᠎ᠠ ᠪᠠᠷ ᠬᠥᠭᠵᠢᠪᠡ᠃ ᠶᠢᠨ | ᠪᠢᠨ ᠣᠯᠠᠨ ᠤᠯᠤᠰ ᠤᠨ ᠪᠠᠷᠢᠯᠭ᠎ᠠ ᠶᠢᠨ ᠮᠠᠲ᠋ᠧᠷᠢᠶᠠᠯ ᠤᠨ ᠬᠤᠲᠠ ᠶᠢᠨ ᠭᠤᠣᠯ ᠴᠣᠭᠴᠠ ᠶᠢᠨ ᠠᠵᠢᠯ ᠢ | ᠳᠠᠭᠤᠰᠬᠠᠵᠤ᠂ ᠵᠡᠭᠦᠨ ᠬᠤᠶᠢᠲᠤ ᠠᠽᠢᠶ᠎ᠠ ᠶᠢᠨ ᠵᠢᠵᠢᠭ ᠲᠠᠸᠠᠷ ᠤᠨ ᠣᠯᠠᠨ ᠤᠯᠤᠰ ᠤᠨ ᠠᠷᠠᠯᠵᠢᠶᠠᠨ ᠤ ᠬᠤᠲᠠ | ᠦᠯᠵᠡᠢ ᠮᠦᠷ ᠲᠠᠢ ᠡᠬᠦᠳᠡ ᠪᠠᠨ ᠰᠡᠬᠡᠬᠡᠵᠦ᠂ ᠬᠤᠳᠠᠯᠳᠤᠭᠠᠨ ᠤ ᠦᠢᠯᠡᠰ ᠤᠨ ᠳᠡᠰ ᠳᠡᠪᠰᠢᠬᠦ ᠶᠢ ᠠᠬᠢᠭᠤᠯᠬᠤ | ᠰᠢᠨ᠎ᠡ ᠬᠥᠳᠡᠯᠭᠡᠭᠦᠷ ᠪᠣᠯᠪᠠ᠃ ︽ᠭᠤᠷᠪᠠᠳᠤᠭᠠᠷ ᠬᠤᠭᠤᠴᠠᠭᠠᠨ ᠤ ᠮᠠᠰᠢᠨ ᠲᠡᠷᠭᠡᠨ ᠤ ᠰᠣᠶᠣᠯ ᠤᠨ ᠨᠠᠶᠢᠷ︾ ᠵᠡᠷᠭᠡ | ᠳᠡᠯᠭᠡᠨ ᠦᠵᠡᠭᠦᠯᠭᠡ ᠶᠢᠨ ᠬᠦᠳᠡᠯᠭᠡᠭᠡᠨ ᠢ 19 ᠲᠠᠯᠠᠪᠤᠷ ︵ᠤᠳᠠᠭ᠎ᠠ︶ ᠠᠮᠵᠢᠯᠲᠠ ᠲᠠᠢ ᠡᠷᠭᠢᠯᠡᠵᠦ᠂ ᠪᠥᠬᠦ | ᠠᠶᠢᠮᠠᠭ ᠤᠨ ︽ᠬᠡᠷᠡᠭᠯᠡᠭᠡ ᠪᠠᠷ ᠶᠠᠳᠠᠭᠤ ᠶᠢ ᠲᠡᠳᠬᠦᠬᠦ ᠰᠠᠷ᠎ᠠ ᠶᠢᠨ ᠳᠡᠯᠭᠡᠨ ᠪᠣᠷᠣᠯᠠᠭᠤᠯᠬᠤ ᠬᠦᠳᠡᠯᠭᠡᠭᠡᠨ︾ ᠢ | ᠳᠠᠭᠠᠭᠠᠨ ᠡᠷᠭᠢᠯᠡᠵᠦ᠂ 1.3 ᠳ᠋ᠦᠩᠰᠢᠭᠤᠷ ᠲᠥᠭᠦᠷᠢᠭ ᠤᠨ ᠬᠡᠷᠡᠭᠯᠡᠭᠡᠨ ᠤ ᠤᠷᠤᠯᠭ᠎ᠠ ᠤᠯᠭᠤᠵᠦ ᠦᠭᠴᠡᠢ᠃ | ᠨᠠᠨᠵᠢᠩ ᠤᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠦᠵᠡᠭᠦᠯᠭᠡ ᠶᠢᠨ ᠣᠷᠳᠣᠨ ᠢ ᠡᠬᠢᠯᠡᠨ ᠪᠠᠶᠢᠭᠤᠯᠵᠤ᠂ | ᠪᠡᠭᠡᠵᠢᠩ ᠤᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠲᠤᠰᠬᠠᠢ ᠣᠷᠣᠨ ᠢ ᠪᠠᠶᠢᠭᠤᠯᠤᠨ ᠳᠠᠭᠤᠰᠬᠠᠵᠤ | ᠠᠰᠢᠭᠯᠠᠯᠲᠠ ᠳᠤ ᠣᠷᠣᠭᠤᠯᠤᠨ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠭᠠᠳᠠᠭᠰᠢ ᠪᠣᠷᠣᠯᠠᠭᠤᠯᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠪᠦᠬᠦ ᠬᠤᠰᠢᠭᠤᠨ ᠤ ᠡᠯᠧᠺᠲᠷᠤᠨ | ᠬᠤᠳᠠᠯᠳᠤᠭᠠᠨ ᠤ ᠠᠷᠠᠯᠵᠢᠶᠠᠨ ᠤ ᠬᠡᠮᠵᠢᠶ᠎ᠡ 2.09 ᠳ᠋ᠦᠩᠰᠢᠭᠤᠷ ᠲᠥᠭᠦᠷᠢᠭ ᠲᠤ ᠬᠦᠷᠴᠦ᠂ 70.9% ᠪᠠᠷ | ᠨᠡᠮᠡᠭᠳᠡᠪᠡ᠃ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠲᠦᠷᠭᠡᠪᠴᠢᠯᠡᠨ ᠬᠥᠭᠵᠢᠭᠦᠯᠪᠡ᠃ ᠳᠥᠷᠪᠡᠨ ᠶᠡᠭᠡ | ᠤᠯᠤᠰ ᠤᠨ ᠥᠮᠴᠢᠯᠡᠯᠲᠡ ᠪᠠᠩᠬᠢ ᠪᠦᠬᠦᠨ ᠢᠶᠠᠷ ᠢᠶᠠᠨ ᠡᠬᠦᠳᠡ ᠪᠠᠨ ᠰᠡᠭᠡᠭᠡᠵᠦ ᠡᠷᠦᠬᠡ ᠪᠠᠨ ᠨᠡᠬᠡᠬᠡᠵᠦ᠂ ᠪᠦᠬᠦ | ᠠᠶᠢᠮᠠᠭ ᠤᠨ ᠠᠩᠬᠠᠳᠠᠭᠴᠢ ᠬᠤᠰᠢᠭᠤ ᠰᠢᠶᠠᠨ ᠤ ᠱᠠᠲᠤᠨ ᠤ ᠤᠯᠤᠰ ᠤᠨ ᠥᠮᠴᠢᠯᠡᠯᠲᠦ ᠪᠠᠯᠠ ᠲᠣᠬᠢᠷᠠᠭᠤᠯᠭ᠎ᠠ ᠶᠢᠨ | ᠳᠠᠭᠠᠭᠠᠯᠲᠠ ᠶᠢᠨ ᠺᠣᠮᠫᠠᠨᠢ ᠡᠬᠢᠯᠡᠨ ᠠᠵᠢᠯᠯᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ | ᠵᠢᠭᠡᠯᠡᠯᠭᠡ ᠶᠢᠨ ᠦᠯᠡᠳᠡᠪᠦᠷᠢ ᠲᠣᠰ ᠲᠣᠰ 71.78 ᠳ᠋ᠦᠩᠰᠢᠭᠤᠷ ᠲᠥᠭᠦᠷᠢᠭ ᠪᠠ 72.42 ᠳ᠋ᠦᠩᠰᠢᠭᠤᠷ | ᠲᠥᠭᠦᠷᠢᠭ ᠪᠠᠶᠢᠵᠤ᠂ ᠬᠠᠳᠠᠭᠠᠯᠠᠮᠵᠢ ᠵᠢᠭᠡᠯᠡᠯᠭᠡ ᠶᠢᠨ ᠬᠠᠷᠢᠴᠠᠯ 100.9% ᠳᠤ ᠬᠦᠷᠪᠡ᠃ ᠪᠥᠬᠦ ᠣᠷᠣᠨ ᠤ | ᠠᠩᠬᠠᠳᠠᠭᠴᠢ ᠬᠥᠳᠡᠭᠡ ᠲᠣᠰᠬᠤᠨ ᠤ ᠥᠮᠴᠢᠯᠡᠬᠦ ᠡᠷᠬᠡ ᠶᠢᠨ ᠠᠷᠠᠯᠵᠢᠶ᠎ᠠ ᠶᠢᠨ ︽ᠭᠤᠷᠪᠠᠨ ᠱᠠᠲᠤ ᠬᠤᠯᠪᠣᠭᠠᠯᠠᠨ | ᠬᠥᠳᠡᠯᠦᠯᠴᠡᠬᠦ ᠦᠶᠯᠡᠴᠢᠯᠡᠭᠡᠨ ᠤ ᠥᠷᠲᠡᠭᠡ ᠶᠢ ᠵᠢᠩᠬᠢᠨᠢ ᠪᠠᠷ ᠡᠬᠢᠯᠡᠨ ᠬᠡᠷᠡᠭᠵᠢᠭᠦᠯᠪᠡ᠃ 3511 ᠪᠦᠯᠦᠭ᠂ 3. | 27 ᠳ᠋ᠦᠩᠰᠢᠭᠤᠷ ᠲᠥᠭᠦᠷᠢᠭ ᠤᠨ ᠠᠷᠠᠯᠵᠢᠶ᠎ᠠ ᠪᠦᠲᠦᠭᠰᠡᠨ ᠲᠠᠷᠢᠶᠠᠨ ᠭᠠᠵᠠᠷ᠂ ᠣᠶᠢᠲᠤ ᠭᠠᠵᠠᠷ ᠵᠡᠷᠭᠡ ᠶᠢᠨ | ᠡᠵᠡᠩᠨᠡᠯᠲᠡ ᠶᠢᠨ ᠡᠷᠬᠡ ᠤᠯᠪᠠ᠃ ᠬᠤᠭᠤᠴᠠᠭ᠎ᠠ ᠬᠡᠲᠦᠷᠡᠭᠰᠡᠨ ᠵᠢᠭᠡᠯᠡᠯᠭᠡ ᠪᠠ ᠵᠦᠶ ᠪᠤᠰᠤ ᠵᠢᠭᠡᠯᠡᠯᠭᠡ ᠶᠢ | ᠰᠢᠢᠳᠪᠦᠷᠢᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠮᠥᠩᠭᠦᠨ ᠬᠦᠢᠯᠭᠡᠭᠡᠨ ᠤ ᠡᠮᠬᠢ ᠵᠠᠮᠪᠠᠷᠠᠭ᠎ᠠ ᠥᠬᠡᠶ | ᠪᠠᠶᠢᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ 1 ᠵᠢᠵᠢᠭ | ᠵᠢᠭᠡᠯᠡᠯᠭᠡ ᠶᠢᠨ ᠺᠣᠮᠫᠠᠨᠢ ᠶᠢ ᠬᠦᠴᠦᠨ ᠥᠬᠡᠶ ᠪᠣᠯᠭᠠᠪᠠ᠃ ᠬᠤᠰᠢᠭᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ | ᠪᠥᠬᠦ ᠣᠷᠣᠨ ᠤ ︽ᠶᠡᠷᠦᠩᠬᠡᠶᠢᠯᠡᠭᠰᠡᠨ ᠬᠢᠨᠠᠨ ᠰᠢᠯᠭᠠᠷᠠᠭᠤᠯᠤᠯᠲᠠ ᠶᠢᠨ ᠲᠡᠷᠢᠭᠦᠨ ᠤ ᠨᠢᠭᠡᠴᠡ︾ ᠪᠠ ︽ᠵᠢᠵᠢᠭ | ᠪᠢᠴᠢᠯ ᠠᠵᠤ ᠠᠬᠤᠶᠢᠯᠠᠯ ᠢ ᠳᠡᠮᠵᠢᠭᠰᠡᠨ ᠲᠤᠰᠬᠠᠶ ᠱᠠᠩᠨᠠᠯ︾ ᠢ ᠭᠥᠷᠳᠡᠵᠦ᠂ ᠪᠥᠬᠦ ᠬᠤᠰᠢᠭᠤᠨ ᠤ ᠠᠵᠤ | ᠠᠬᠤᠶ ᠶᠢᠨ ᠬᠥᠭᠵᠢᠯᠲᠡ ᠶᠢ ᠬᠦᠴᠦᠲᠡᠶ ᠠᠬᠢᠭᠤᠯᠪᠠ᠃ | ᠥᠩᠭᠡᠷᠡᠭᠰᠡᠨ ᠨᠢᠭᠡ ᠵᠢᠯ ᠳᠤ᠂ ᠪᠢᠳᠡ ᠶᠠᠰᠤ ᠴᠢᠨᠠᠷ ᠤᠨ ᠳᠡᠭᠡᠭᠰᠢᠯᠡᠯᠲᠡ ᠶᠢ ᠳᠣᠪᠤᠶᠢᠯᠭᠠᠵᠤ᠂ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠢᠨ᠎ᠡ ᠳᠦᠷᠰᠦ ᠪᠠᠶᠢᠳᠠᠯ ᠢ ᠢᠯᠡᠷᠡᠭᠦᠯᠪᠡ᠃ | ᠬᠤᠲᠠ ᠶᠢᠨ ᠴᠢᠨᠠᠷ ᠴᠢᠨᠰᠠᠭ᠎ᠠ ᠶᠢ ᠲᠤᠲᠤᠨ᠎ᠠ ᠭᠠᠳᠠᠨ᠎ᠠ ᠠᠴᠠ ᠨᠢ ᠬᠠᠮᠲᠤ ᠳᠤᠨᠢ ᠴᠢᠮᠡᠭᠯᠡᠪᠡ᠃ ᠪᠥᠬᠦ ᠵᠢᠯ ᠳᠤ 83 | ᠲᠦᠮᠡᠨ ᠲᠡᠭᠰᠢ ᠳᠥᠷᠪᠡᠯᠵᠢᠨ ᠮᠧᠲᠷ ᠨᠣᠭᠤᠭᠠᠷᠠᠭᠤᠯᠤᠯᠲᠠ ᠶᠢ ᠪᠡᠶᠡᠯᠡᠭᠦᠯᠵᠦ᠂ ᠭᠤᠤᠯ ᠮᠥᠷᠡᠨ ᠨᠠᠭᠤᠷ | ᠴᠥᠭᠦᠷᠥᠮ ᠢ ᠬᠤᠯᠪᠣᠨ ᠨᠡᠪᠲᠡᠷᠡᠭᠦᠯᠬᠦ ᠢᠨᠵᠧᠨᠧᠷᠢᠩ ᠤᠷᠤᠭᠰᠢᠲᠠᠶ ᠠᠭᠢᠵᠤ᠂ ᠬᠤᠷᠴᠢᠨ ᠤ ᠲᠠᠯ᠎ᠠ ᠬᠤᠲᠠ ᠶᠢᠨ | ᠳᠤᠮᠳᠠᠬᠢ ᠲᠠᠯ᠎ᠠ ᠨᠤᠲᠤᠭ ᠤᠨ ᠲᠦᠷᠦᠯ ᠵᠤᠶᠢᠯ ᠢ ᠲᠣᠭᠲᠠᠭᠤᠨ ᠢᠶᠠᠷ ᠬᠡᠷᠡᠭᠵᠢᠭᠦᠯᠵᠦ᠂ ᠬᠤᠲᠠ ᠶᠢᠨ ᠬᠤᠶᠢᠲᠤ | ᠵᠠᠮ ᠤᠨ ᠪᠦᠰᠡᠯᠢᠭ ᠴᠡᠴᠡᠷᠯᠢᠭ ᠢ ᠲᠠᠩᠰᠤᠭ ᠰᠠᠶᠢᠬᠠᠨ ︽ᠦᠵᠡᠮᠵᠢ ᠶᠢᠨ ᠪᠦᠰᠡ︾ ᠪᠣᠯᠭᠠᠪᠠ᠃ ᠬᠤᠢ ᠨᠢᠩ | ᠬᠥᠭᠦᠷᠭᠡ᠂ ᠳ᠋ᠦ᠋ ᠯᠢᠨ ᠬᠥᠭᠦᠷᠭᠡ ᠶᠢ ᠥᠭᠡᠷᠡᠴᠢᠯᠡᠨ ᠪᠠᠶᠢᠭᠤᠯᠵᠤ᠂ ᠮᠧᠢ ᠶᠤᠸᠠᠨ ᠵᠠᠮ᠂ ᠬᠠᠨ ᠠᠭᠤᠯᠠ ᠪᠠᠷᠠᠭᠤᠨ | ᠵᠡᠭᠡᠯᠢ ᠵᠡᠷᠭᠡ 6 ᠵᠤᠷᠪᠤᠰ ᠵᠠᠮ ᠲᠡᠷᠭᠡ ᠨᠡᠪᠲᠡᠷᠡᠵᠦ᠂ ᠰᠣᠯᠣᠨ ᠵᠡᠭᠡᠯᠢ᠂ ᠳ᠋ᠠᠱᠢᠵᠠᠢ ᠵᠡᠭᠡᠯᠢ ᠵᠡᠷᠭᠡ 7 ᠵᠤᠷᠪᠤᠰ ᠵᠠᠮ ᠢ | ᠡᠮᠬᠢ ᠴᠡᠭᠴᠡ ᠲᠠᠢ ᠴᠡᠴᠡᠭᠯᠡᠪᠡ᠃ ᠬᠤᠶᠠᠷ ᠤᠰᠤᠨ ᠰᠤᠷᠪᠤᠯᠵᠢ ᠳᠤ ᠤᠰᠤ ᠬᠠᠩᠭᠠᠬᠤ ᠢᠨᠵᠧᠨᠧᠷᠢᠩ ᠢ | ᠵᠢᠩᠬᠢᠨᠢ ᠪᠠᠷ ᠠᠵᠢᠯᠯᠠᠭᠤᠯᠵᠤ᠂ ᠤᠰᠤᠨ ᠰᠤᠷᠪᠤᠯᠵᠢ ᠬᠠᠮᠠᠭᠠᠯᠠᠬᠤ ᠲᠥᠷᠥᠯ ᠵᠦᠢᠯ ᠤᠨ ᠨᠢᠭᠡᠳᠦᠭᠡᠷ ᠳᠡᠰ ᠤᠨ | ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ ︽ᠡᠪᠦᠯ ᠤᠨ ᠡᠪᠡᠳᠴᠢᠨ ᠢ ᠵᠤᠨ | ᠵᠠᠰᠠᠬᠤ︾ ᠵᠠᠭᠪᠤᠷ ᠢ ᠡᠬᠢᠯᠡᠭᠦᠯᠵᠦ᠂ ᠰᠢᠩ ᠺᠧ ᠰᠠᠭᠤᠭᠠᠯᠢ ᠲᠣᠭᠤᠷᠢᠭ ᠤᠨ ᠳᠤᠯᠠᠭᠠᠯᠠᠭ᠎ᠠ ᠶᠢᠨ ᠭᠤᠣᠯᠯᠠᠨ | ᠬᠠᠮᠢᠶᠠᠷᠬᠤ ᠲᠣᠣᠷ ᠢ 13 ᠺᠢᠯᠣᠮᠧᠲᠷ ᠥᠭᠡᠷᠡᠴᠢᠯᠡᠪᠡ᠃ ᠪᠦᠬᠦ ᠵᠢᠯ ᠳᠤ ᠭᠡᠷ ᠪᠠᠶᠢᠰᠢᠩ ᠭᠠᠵᠠᠷ ᠰᠢᠷᠣᠢ ᠶᠢᠨ | ᠬᠥᠷᠥᠩᠭᠡ ᠶᠢ ᠨᠡᠭᠡᠭᠡᠨ ᠠᠰᠢᠭᠯᠠᠭᠰᠠᠨ ᠲᠠᠯᠠᠪᠠᠢ 220 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ 800 | ᠡᠷᠦᠬᠡ ᠳᠥᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠵᠤ ᠪᠤᠴᠠᠭᠠᠨ ᠨᠡᠭᠦᠯᠭᠡᠪᠡ᠃ | ᠲᠣᠭᠲᠠᠩᠭᠤᠶ ᠲᠡᠷᠭᠡ ᠬᠥᠰᠬᠡ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠷᠠᠭᠤᠯᠵᠠᠢ᠃ ᠥᠨᠳᠥᠷ | ᠪᠠᠷᠢᠮᠵᠢᠶ᠎ᠠ ᠪᠠᠷ ᠬᠤᠶᠠᠷ ᠰᠥᠨᠢ ᠶᠢᠨ ᠵᠠᠬ᠎ᠠ ᠳᠡᠯᠭᠡᠭᠦᠷ ᠢ ᠪᠠᠶᠢᠭᠤᠯᠵᠤ᠂ ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠡᠭ ᠢ | ᠪᠤᠶᠢᠵᠢᠭᠤᠯᠪᠠ᠃ ᠪᠦᠬᠦ ᠣᠷᠣᠨ ᠤ ᠨᠢᠭᠡ ᠴᠣᠭᠴᠠᠵᠢᠭᠤᠯᠤᠭᠰᠠᠨ ᠰᠢᠨ᠎ᠡ ᠮᠠᠶ᠋ᠢᠭ ᠤᠨ ᠬᠡᠷᠡᠮ ᠤᠨ ᠮᠠᠲ᠋ᠧᠷᠢᠶᠠᠯ ᠤᠨ | ᠲᠤᠬᠠᠶ ᠶᠢᠨ ᠭᠠᠵᠠᠷ ᠤᠨ ᠬᠤᠷᠠᠯ ᠢ ᠠᠮᠵᠢᠯᠲᠠ ᠲᠠᠢ ᠳᠠᠭᠠᠭᠠᠨ ᠡᠷᠬᠢᠯᠡᠪᠡ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠲᠦᠷᠭᠡᠳᠬᠡᠨ ᠠᠬᠢᠭᠤᠯᠪᠠ᠃ ︽ᠳᠥᠷᠪᠡᠨ 100︾ ᠢᠨᠵᠧᠨᠧᠷᠢᠩ ᠤᠨ ᠵᠢᠱᠢᠶ᠎ᠡ ᠦᠵᠡᠭᠦᠯᠵᠦ | ᠬᠥᠲᠥᠯᠥᠨ ᠳᠠᠭᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠵᠤ᠂ ︽ᠲᠠᠪᠤᠨ ᠶᠡᠭᠡ ᠠᠵᠤ ᠦᠢᠯᠡᠰ ᠤᠨ | ᠬᠦᠷᠢᠶᠡᠯᠡᠩ ᠲᠣᠭᠤᠷᠢᠭ︾ ᠤᠨ ᠨᠥᠯᠥᠭᠡᠯᠡᠨ ᠳᠠᠶᠢᠴᠢᠯᠠᠬᠤ ᠴᠢᠳᠠᠮᠵᠢ ᠡᠳᠦᠷ ᠢᠷᠡᠬᠦᠶ᠎ᠡ ᠲᠣᠪᠤᠶᠢᠮ᠎ᠠ ᠪᠣᠯᠪᠠ᠃ | ᠮᠠᠯᠴᠢᠨ ᠲᠠᠷᠢᠶᠠᠴᠢᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠪ ᠴᠢᠨᠠᠷ ᠢ ᠳᠡᠭᠡᠭᠰᠢᠯᠡᠭᠦᠯᠬᠦ ᠲᠤᠰᠬᠠᠶ | ᠠᠵᠢᠯᠯᠠᠭ᠎ᠠ ᠶᠢ ᠥᠷᠨᠢᠭᠦᠯᠵᠦ᠂ 530 ᠮᠡᠷᠭᠡᠵᠢᠯᠲᠡᠨ ︵ᠤᠳᠠᠭ᠎ᠠ︶ ᠢ ᠬᠥᠮᠦᠵᠢᠭᠦᠯᠦᠨ ᠪᠤᠶᠢᠵᠢᠭᠤᠯᠵᠤ᠂ 1.2 | ᠲᠦᠮᠡᠨ ᠮᠠᠯᠴᠢᠨ ᠲᠠᠷᠢᠶᠠᠴᠢᠳ ᠲᠤ ᠰᠢᠭᠤᠳ ᠠᠰᠢᠭ ᠬᠦᠷᠲᠡᠭᠡᠪᠡ᠃ ᠣᠷᠣᠰᠢᠨ ᠰᠠᠭᠤᠬᠤ ᠣᠷᠴᠢᠨ ᠲᠣᠭᠤᠷᠢᠨ ᠤ | ᠴᠡᠭᠴᠡᠯᠡᠯᠲᠡ ᠶᠢ ᠯᠠᠪᠳᠠᠭᠤᠨ ᠠᠬᠢᠭᠤᠯᠵᠤ᠂ 10211 ᠡᠷᠦᠬᠡ ᠶᠢᠨ ᠵᠣᠷᠯᠣᠩ ᠢ ᠥᠭᠡᠷᠡᠴᠢᠯᠡᠨ᠂ ᠬᠠᠷᠠᠯᠲᠠ | ᠡᠭᠦᠷᠭᠡ ᠶᠢᠨ 119% ᠶᠢ ᠪᠡᠶᠡᠯᠡᠭᠦᠯᠪᠡ᠃ ᠢᠯᠭᠠᠳᠠᠰᠤᠨ ᠪᠣᠬᠢᠷᠲᠤᠯ ᠢ ᠰᠢᠢᠳᠪᠦᠷᠢᠯᠡᠬᠦ ᠭᠤᠷᠪᠠᠳᠠᠬᠢ ᠡᠲᠡᠭᠡᠳ ᠤᠨ | ᠪᠠᠶᠢᠭᠤᠯᠤᠮᠵᠢ ᠶᠢ ᠶᠡᠬᠡᠪᠡᠷ ᠪᠤᠶᠢᠵᠢᠭᠤᠯᠵᠤ᠂ ᠮᠠᠯ ᠵᠢᠭᠦᠷᠲᠡᠨ ᠤ ᠢᠯᠭᠠᠳᠠᠰᠤᠨ ᠪᠣᠬᠢᠷᠲᠤᠯ ᠢ ᠶᠡᠷᠦᠩᠬᠡᠶᠢᠯᠡᠨ | ᠠᠰᠢᠭᠯᠠᠬᠤ ᠨᠣᠷᠮ᠎ᠠ ᠶᠢ 95% ᠳᠤ ᠬᠦᠷᠦᠭᠦᠯᠵᠡᠢ᠃ 21 ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠫᠠᠨᠢ | ᠪᠠᠶᠢᠭᠤᠯᠵᠤ᠂ 1543 ᠨᠡᠷᠡᠰ ᠴᠡᠪᠡᠷᠯᠡᠭᠴᠢ ᠲᠣᠬᠢᠷᠠᠭᠤᠯᠵᠠᠢ᠃ ᠪᠥᠬᠦ ᠬᠤᠰᠢᠭᠤᠨ ᠤ ᠭᠠᠴᠠᠭ᠎ᠠ ᠲᠣᠰᠬᠤᠨ ᠤ | ᠬᠠᠮᠲᠤ ᠶᠢᠨ ᠠᠵᠤ ᠠᠬᠤᠶ ᠳᠤᠮᠳᠠᠴᠢ ᠪᠠᠷ 15 ᠲᠦᠮᠡᠨ ᠲᠥᠭᠦᠷᠢᠭ ᠠᠴᠠ ᠳᠡᠭᠡᠭᠰᠢ ᠳᠤ ᠬᠦᠷᠴᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠲᠠᠰᠤᠷᠠᠯᠲᠠ ᠥᠬᠡᠶ ᠪᠠᠲᠤᠵᠢᠪᠠ᠃ ᠰᠠᠭᠤᠷᠢ ᠲᠥᠬᠦᠭᠡᠷᠦᠮᠵᠢ | ᠡᠳᠦᠷ ᠢᠷᠡᠬᠦᠶ᠎ᠡ ᠲᠡᠭᠦᠯᠳᠡᠷᠵᠢᠪᠡ᠃ G302 ᠠᠴᠠ ᠤᠯᠠᠭᠠᠠᠭᠤᠤᠯ᠂ ᠤᠯᠠᠭᠠᠬᠤᠲᠤ ᠠᠴᠠ ᠯᠢᠦᠢ ᠱᠦᠢ ᠬᠠᠷ᠎ᠠ | ᠪᠠᠶᠢᠰᠢᠩ ᠬᠦᠷᠬᠦ ᠪᠠᠷᠢᠯᠭ᠎ᠠ ᠳᠠᠭᠤᠰᠴᠤ ᠲᠡᠷᠭᠡ ᠨᠡᠪᠲᠡᠷᠡᠵᠦ᠂ ᠱᠠᠭᠠᠷᠭᠠᠡ ᠶᠡᠭᠡ ᠬᠥᠭᠦᠷᠭᠡ ᠵᠡᠷᠭᠡ 5 ᠲᠥᠷᠥᠯ | ᠵᠦᠢᠯ ᠢ ᠬᠤᠭᠤᠴᠠᠭ᠎ᠠ ᠶᠣᠰᠣᠭᠠᠷ ᠠᠬᠢᠭᠤᠯᠵᠤ᠂ S309 ᠵᠡᠷᠭᠡ 4 ᠵᠤᠷᠪᠤᠰ ᠤᠯᠤᠰ ᠪᠠ ᠮᠤᠵᠢ ᠶᠢᠨ ᠲᠡᠰ ᠤᠨ | ᠭᠤᠣᠯ ᠵᠠᠮ ᠱᠤᠭᠤᠮ ᠳᠤ ᠬᠤᠯᠪᠤᠭᠳᠠᠭᠰᠠᠨ ᠭᠠᠵᠠᠷ ᠢ ᠲᠠᠲᠠᠪᠤᠷᠢᠯᠠᠨ ᠨᠤᠷᠠᠭᠠᠬᠤ ᠠᠵᠢᠯ ᠢ ᠪᠦᠬᠦ ᠲᠠᠯ᠎ᠠ ᠪᠠᠷ | ᠪᠡᠶᠡᠯᠡᠭᠦᠯᠪᠡ᠃ ᠤᠯᠠᠭᠠᠬᠤᠲᠤ ᠶᠢᠨ 66 ᠺᠢᠯᠣᠸᠠᠲ ᠤᠨ ᠴᠠᠬᠢᠯᠭᠠᠨ ᠬᠤᠪᠢᠰᠬᠠᠬᠤ ᠥᠷᠲᠡᠭᠡ ᠶᠢᠨ 10 | ᠺᠢᠯᠣᠸᠠᠲ ᠤᠨ ᠴᠠᠬᠢᠯᠭᠠᠨ ᠬᠤᠪᠢᠰᠬᠠᠬᠤ ᠢᠨᠵᠧᠨᠧᠷᠢᠩ᠂ ᠡᠷᠭᠢᠲᠦ ᠶᠢᠨ 66 ᠺᠢᠯᠣᠸᠠᠲ ᠪᠠ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ 220 ᠺᠢᠯᠣᠸᠠᠲ ᠤᠨ ᠴᠠᠬᠢᠯᠭᠠᠨ ᠬᠤᠪᠢᠰᠬᠠᠬᠤ ᠥᠷᠲᠡᠭᠡ ᠶᠢᠨ ᠥᠷᠭᠡᠳᠬᠡᠨ | ᠪᠠᠶᠢᠭᠤᠯᠬᠤ ᠢᠨᠵᠧᠨᠧᠷᠢᠩ ᠤᠨ ᠠᠵᠢᠯ ᠳᠠᠭᠤᠰᠴᠤ ᠠᠰᠢᠭᠯᠠᠯᠲᠠ ᠳᠤ ᠣᠷᠣᠪᠠ᠃ 32.7 ᠺᠢᠯᠣᠮᠧᠲᠷ ᠭᠤᠣᠯ ᠤᠨ | ᠵᠠᠮ ᠢ ᠴᠡᠭᠴᠡᠯᠡᠨ ᠵᠠᠰᠠᠵᠤ᠂ 30.8 ᠺᠢᠯᠣᠮᠧᠲᠷ ᠭᠤᠤᠯ ᠤᠨ ᠡᠷᠭᠢ ᠬᠠᠮᠠᠭᠠᠯᠠᠬᠤ ᠪᠠᠷᠢᠯᠭ᠎ᠠ ᠪᠠᠷᠢᠵᠤ᠂ 31 | ᠵᠤᠷᠪᠤᠰ ᠢᠳᠡᠭᠳᠡᠮᠡᠯ ᠭᠤᠤ ᠶᠢ ᠵᠠᠰᠠᠪᠠ᠃ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠳᠤ ᠬᠡᠷᠡᠭᠯᠡᠬᠦ | ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠦᠯ ᠵᠦᠢᠯ ᠢ ᠪᠦᠬᠦ ᠲᠠᠯ᠎ᠠ ᠪᠠᠷ ᠪᠡᠶᠡᠯᠡᠭᠦᠯᠵᠦ᠂ | ᠦᠯᠡᠳᠡᠪᠦᠷᠢ ᠭᠦᠢᠴᠡᠳᠬᠡᠬᠦ ᠲᠤᠭ᠎ᠠ ᠶᠢᠨ ᠠᠷᠠᠯᠵᠢᠶᠠᠨ ᠤ ᠠᠰᠢᠭ ᠣᠷᠣᠯᠭ᠎ᠠ ᠶᠢ 7200 ᠲᠦᠮᠡᠨ ᠲᠥᠭᠦᠷᠢᠭ | ᠪᠡᠶᠡᠯᠡᠭᠦᠯᠪᠡ᠃ | ᠥᠩᠭᠡᠷᠡᠭᠰᠡᠨ ᠨᠢᠭᠡ ᠵᠢᠯ ᠳᠤ᠂ ᠪᠢᠳᠡ ᠪᠦᠬᠦ ᠬᠦᠴᠦᠨ ᠢᠶᠠᠷ ᠢᠶᠠᠨ ᠵᠤᠯ ᠵᠢᠷᠭᠠᠯ ᠢ ᠨᠡᠮᠡᠭᠳᠡᠭᠦᠯᠵᠦ᠂ | ᠨᠡᠶᠢᠭᠡᠮ ᠤᠨ ᠦᠢᠯᠡᠰ ᠤᠨ ᠰᠢᠨ᠎ᠡ ᠦᠷ᠎ᠡ ᠪᠦᠲᠦᠭᠡᠯ ᠢ ᠬᠠᠮᠲᠤᠪᠠᠷ ᠡᠳ᠋ᠯᠡᠪᠡ᠃ ᠠᠷᠠᠳ ᠤᠨ ᠠᠮᠢᠳᠤᠷᠠᠯ ᠤᠨ | ᠪᠠᠲᠤᠯᠠᠭ᠎ᠠ ᠪᠠᠲᠤ ᠴᠢᠩᠭ᠎ᠠ ᠬᠦᠴᠦᠨ ᠲᠠᠢ ᠪᠤᠯᠵᠠᠢ᠃ ᠵᠢᠵᠢᠭ ᠡᠳ᠋ ᠤᠨ ᠵᠠᠰᠠᠭ ᠢᠶᠠᠷ ᠶᠡᠭᠡ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠶᠢ ᠪᠠᠷᠢᠮᠲᠠᠯᠠᠵᠤ᠂ 70.7% ᠶᠢᠨ ᠡᠳ᠋ ᠤᠨ ᠵᠠᠰᠠᠭ ᠤᠨ ᠵᠠᠷᠤᠯᠭ᠎ᠠ ᠶᠢ ᠠᠷᠠᠳ ᠤᠨ | ᠠᠮᠢᠳᠤᠷᠠᠯ ᠤᠨ ᠬᠦᠷᠢᠶᠡᠨ ᠳᠤ ᠬᠡᠷᠡᠭᠯᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠪᠢᠯᠧᠲ ᠢᠶᠠᠷ ᠲᠣᠭᠲᠠᠭᠠᠭᠰᠠᠨ 9 ᠬᠤᠪᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ | ᠪᠦᠬᠦᠨ ᠢ ᠪᠡᠶᠡᠯᠡᠭᠦᠯᠵᠦ᠂ 150 ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠰᠠᠨᠠᠭᠤᠯᠭ᠎ᠠ᠂ 140 ᠬᠤᠪᠢ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠰᠠᠨᠠᠯ | ᠳᠤᠷᠠᠳᠤᠯᠭ᠎ᠠ ᠶᠢ ᠪᠦᠬᠦᠨ ᠢ ᠰᠢᠢᠳᠪᠦᠷᠢᠯᠡᠵᠦ ᠬᠠᠷᠢᠭᠤᠯᠲᠠ ᠥᠭᠴᠦ᠂ ᠲᠥᠯᠥᠭᠡᠯᠡᠭᠴᠢᠳ ᠪᠣᠯᠤᠨ ᠭᠡᠰᠢᠭᠦᠳ ᠤᠨ | ᠦᠨᠡᠨ ᠮᠡᠳᠡᠯᠭᠡ ᠨᠡᠪᠲᠡᠷᠬᠡᠢ ᠦᠵᠡᠯᠲᠡ ᠶᠢ ᠬᠥᠭᠵᠢᠯᠲᠡ ᠶᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠭᠠᠨ ᠦᠨᠡᠨ | ᠬᠦ ᠬᠤᠪᠢᠷᠠᠭᠤᠯᠪᠠ᠃ ᠪᠦᠬᠦ ᠵᠢᠯ ᠳᠤ ᠡᠯ᠎ᠡ ᠲᠥᠷᠥᠯ ᠤᠨ ᠠᠪᠤᠷᠠᠨ ᠲᠤᠰᠠᠯᠠᠯᠲᠠ᠂ ᠨᠥᠬᠦᠪᠥᠷᠢ ᠪᠡᠯᠡ ᠮᠥᠩᠭᠦ ᠶᠢ 1. | 88 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠ ᠣᠨᠴᠠ | ᠬᠦᠴᠢᠷᠳᠡᠯ ᠲᠠᠢ ᠡᠲᠡᠭᠡᠳ ᠲᠤ ᠨᠥᠬᠦᠪᠥᠷᠢ ᠣᠯᠭᠤᠬᠤ ᠪᠠᠷᠢᠮᠵᠢᠶ᠎ᠠ ᠶᠢ ᠴᠥᠮ 9% ᠪᠠᠷ ᠳᠡᠭᠡᠭᠰᠢᠯᠡᠭᠦᠯᠪᠡ᠃ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠠᠵᠢᠯ ᠢ ᠲᠦᠷᠭᠡᠪᠴᠢᠯᠡᠨ | ᠠᠬᠢᠭᠤᠯᠵᠤ᠂ ᠳᠠᠭᠠᠳᠬᠠᠯ ᠳᠤ ᠣᠷᠣᠯᠴᠠᠭᠰᠠᠨ 44891 ᠬᠥᠮᠦᠨ ᠢ ᠰᠢᠨ᠎ᠡ ᠪᠠᠷ ᠨᠡᠮᠡᠭᠳᠡᠭᠦᠯᠪᠡ᠃ ᠴᠡᠷᠢᠭ ᠠᠴᠠ | ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠶᠢ 49 ᠪᠠᠶᠢᠭᠤᠯᠪᠠ᠃ ᠪᠥᠬᠦ ᠠᠶᠢᠮᠠᠭ ᠤᠨ ᠠᠩᠬᠠᠳᠠᠭᠴᠢ ︽ | ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠭᠰᠡᠨ︾ ᠨᠠᠰᠤᠲᠠᠨ ᠢ ᠠᠰᠠᠷᠠᠬᠤ ᠬᠦᠷᠢᠶᠡᠯᠡᠩ ᠵᠢᠩᠬᠢᠨᠢ ᠪᠠᠷ | ᠠᠰᠢᠭᠯᠠᠯᠲᠠ ᠳᠤ ᠣᠷᠣᠵᠤ᠂ ᠶᠢᠨ ᠪᠢᠨ ᠡᠮᠴᠢᠯᠡᠭᠡ ᠰᠤᠪᠢᠯᠠᠯᠲᠠ ᠶᠢᠨ ᠨᠢᠭᠡᠳᠦᠭᠡᠷ ᠬᠤᠭᠤᠴᠠᠭᠠᠨ ᠤ | ᠢᠨᠵᠧᠨᠧᠷᠢᠩ ᠤᠨ ᠭᠤᠤᠯ ᠴᠣᠭᠴᠠ ᠠᠵᠢᠯ ᠢᠶᠠᠨ ᠳᠠᠭᠤᠰᠬᠠᠪᠠ᠃ ᠠᠵᠢᠯ ᠣᠯᠭᠤᠯᠲᠠ ᠦᠢᠯᠡᠰ ᠪᠣᠰᠬᠠᠯᠲᠠ | ᠬᠤᠷᠠᠮᠳᠤᠭᠠᠳ ᠦᠷᠨᠢᠩᠭᠦᠢ ᠬᠠᠨᠳᠤᠰᠢ ᠪᠣᠯᠪᠠ᠃ ᠠᠵᠤ ᠠᠬᠤᠢᠯᠠᠯ ᠤᠨ ᠬᠦᠴᠢᠷᠳᠡᠯ ᠢ ᠰᠢᠢᠳᠪᠦᠷᠢᠯᠡᠵᠦ ᠬᠠᠷᠠᠭᠠᠯᠵᠠᠯ | ᠦᠵᠡᠭᠦᠯᠬᠦ ᠲᠥᠷᠦ ᠶᠢᠨ ᠪᠣᠳᠣᠯᠭ᠎ᠠ ᠶᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠣᠯᠵᠤ᠂ 176 ᠠᠵᠤ | ᠠᠬᠤᠢᠯᠠᠯ ᠤᠨ ᠳᠠᠷᠤᠭᠠᠰᠤ ᠶᠢ 2017.79 ᠲᠦᠮᠡᠨ ᠲᠥᠭᠦᠷᠢᠭ ᠬᠥᠩᠭᠡᠯᠡᠪᠡ᠃ 675 ᠲᠦᠮᠡᠨ ᠲᠥᠭᠦᠷᠢᠭ ᠤᠨ | ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠲᠠᠯᠪᠢᠵᠤ᠂ 57 ᠦᠢᠯᠡᠰ ᠪᠣᠰᠬᠠᠬᠤ ᠰᠠᠭᠤᠷᠢᠨ ᠭᠠᠵᠠᠷ ᠲᠤ ᠣᠷᠣᠵᠤ | ᠰᠠᠭᠤᠷᠢᠰᠢᠪᠠ᠃ 55 ᠲᠠᠯᠠᠪᠠᠢ ᠡᠯ᠎ᠡ ᠲᠥᠷᠥᠯ ᠤᠨ ᠤᠷᠢᠨ ᠡᠯᠰᠡᠬᠦ ᠴᠤᠭᠯᠠᠭᠠᠨ ᠢ ᠡᠷᠬᠢᠯᠡᠨ᠂ 72 ᠰᠠᠭᠤᠷᠢ ︽ | ᠬᠥᠯᠥᠰᠥᠨ ᠠᠵᠢᠯᠴᠢᠨ ᠤ ᠰᠢᠭᠤᠳ ᠨᠡᠪᠲᠡᠷᠡᠬᠦ ᠲᠡᠷᠭᠡ︾ ᠶᠢᠨ ᠲᠥᠬᠦᠭᠡᠷᠦᠮᠵᠢ ᠶᠢ ᠤᠭᠰᠠᠷᠠᠵᠤ᠂ 3735 | ᠬᠥᠮᠦᠨ ᠳᠤ ᠠᠵᠢᠯ ᠮᠡᠷᠭᠡᠵᠢᠯ ᠤᠨ ᠪᠣᠯᠪᠠᠰᠤᠷᠠᠯ ᠬᠦᠷᠲᠡᠭᠡᠪᠡ᠃ ᠪᠠᠴᠢᠮ ᠱᠠᠭᠠᠷᠳᠠᠭᠳᠠᠵᠤ ᠪᠠᠶᠢᠭ᠎ᠠ 147 | ᠴᠢᠳᠠᠪᠤᠷᠢᠲᠠᠨ ᠢ ᠤᠷᠢᠨ ᠣᠷᠣᠭᠤᠯᠵᠤ᠂ ᠠᠵᠢᠯ ᠦᠢᠯᠡᠰ ᠤᠨ ᠨᠢᠭᠡᠴᠡ ᠶᠢᠨ 546 ᠠᠵᠢᠯᠲᠠᠨ᠂ ᠣᠢ ᠰᠢᠭᠤᠢ | ᠡᠪᠡᠰᠦ ᠬᠠᠮᠠᠭᠠᠯᠠᠭᠴᠢ 102 ᠬᠥᠮᠦᠨ ᠢ ᠤᠷᠢᠨ ᠣᠷᠣᠭᠤᠯᠵᠤ᠂ ᠴᠡᠷᠢᠭ ᠤᠨ ᠠᠯᠪᠠᠨ ᠠᠴᠠ ᠪᠠᠭᠤᠭᠰᠠᠨ 215 | ᠪᠠᠶᠢᠯᠳᠤᠭᠴᠢ ᠶᠢᠨ ᠠᠵᠢᠯ ᠤᠯᠬᠤ ᠠᠰᠠᠭᠤᠳᠠᠯ ᠢ ᠰᠢᠢᠳᠪᠦᠷᠢᠯᠡᠪᠡ᠃ 21862 ᠮᠠᠯᠴᠢᠨ ᠲᠠᠷᠢᠶᠠᠴᠢᠨ ᠢ | ᠰᠢᠯᠵᠢᠭᠦᠯᠦᠨ ᠠᠵᠢᠯ ᠣᠯᠭᠤᠵᠠᠢ᠃ ᠬᠤᠲᠠ ᠪᠠᠯᠭᠠᠰᠤᠨ ᠳᠤ 1604 ᠬᠥᠮᠦᠨ ᠳᠤ ᠰᠢᠨ᠎ᠡ ᠪᠠᠷ ᠠᠵᠢᠯ ᠣᠯᠭᠤᠵᠤ᠂ | ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠨᠢ ᠬᠢᠵᠠᠭᠠᠷᠯᠠᠬᠤ ᠬᠠᠷᠠᠯᠲᠠ ᠠᠴᠠ 2. | 68 ᠵᠠᠭᠤᠨ ᠤ ᠬᠤᠪᠢ ᠶᠢᠨ ᠴᠡᠭ ᠳᠣᠤᠷ᠎ᠠ ᠪᠤᠯᠵᠠᠢ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠲᠡᠩᠴᠡᠭᠦᠷᠢᠲᠡᠶ | ᠨᠡᠶᠢᠳᠡᠮ ᠬᠠᠷᠠᠭᠠᠯᠵᠠᠪᠠ᠃ ᠬᠤᠲᠠ ᠪᠠᠯᠭᠠᠰᠤᠨ ᠤ ᠰᠠᠭᠤᠭᠠᠯᠢ ᠲᠣᠭᠤᠷᠢᠭ ᠲᠤ ᠢᠵᠢ ᠪᠦᠷᠢᠳᠦᠭᠰᠡᠨ ᠬᠡᠦᠬᠡᠳ ᠤᠨ | ᠴᠡᠴᠡᠷᠯᠢᠭ ᠤᠨ ᠵᠠᠰᠠᠯᠲᠠ ᠶᠢ ᠪᠡᠶᠡᠯᠡᠭᠦᠯᠵᠦ᠂ 21 ᠰᠠᠭᠤᠷᠢ ᠭᠠᠴᠠᠭ᠎ᠠ ᠲᠣᠰᠬᠤᠨ ᠤ ᠬᠡᠦᠬᠡᠳ ᠤᠨ ᠴᠡᠴᠡᠷᠯᠢᠭ ᠢ | ᠰᠡᠯᠪᠢᠨ ᠵᠠᠰᠠᠬᠤ ᠥᠭᠡᠷᠡᠴᠢᠯᠡᠯᠲᠡ ᠶᠢ ᠪᠡᠶᠡᠯᠡᠭᠦᠯᠵᠦ᠂ 16 ᠰᠠᠭᠤᠷᠢ ᠳᠤᠮᠳᠠᠳᠤ ᠪᠠᠭ᠎ᠠ ᠰᠤᠷᠭᠠᠭᠤᠯᠢ ᠶᠢᠨ ᠴᠡᠪᠡᠷ | ᠡᠨᠧᠷᠭᠢ ᠪᠠᠷ ᠳᠤᠯᠠᠭᠠᠯᠠᠭ᠎ᠠ ᠬᠠᠩᠭᠠᠬᠤ ᠶᠢ ᠪᠡᠶᠡᠯᠡᠭᠦᠯᠪᠡ᠃ ᠬᠤᠰᠢᠭᠤᠨ ᠤ ᠪᠠᠭᠰᠢ ᠶᠢᠨ ᠬᠥᠭᠵᠢᠯᠲᠡ ᠶᠢᠨ ᠲᠥᠪ | ᠥᠨᠳᠥᠷ ᠪᠦᠲᠦᠮᠵᠢᠲᠡᠢ ᠠᠵᠢᠯᠯᠠᠵᠦ ᠪᠤᠢ᠃ ᠡᠯ᠎ᠡ ᠱᠠᠲᠤᠨ ᠤ ᠡᠯ᠎ᠡ ᠲᠦᠷᠦᠯ ᠤᠨ ᠪᠠᠭᠰᠢ ᠶᠢ 409 ᠬᠥᠮᠦᠨ | ᠨᠥᠬᠦᠪᠥᠷᠢᠯᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ | ᠴᠢᠩᠭᠠᠳᠬᠠᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠡᠮᠬᠢ | ᠵᠢᠷᠤᠮ ᠲᠠᠢ ᠠᠬᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠪᠦᠲᠦᠮᠵᠢ ᠲᠣᠭᠲᠠᠭᠤᠨ ᠢᠶᠠᠷ | ᠳᠡᠭᠡᠭᠰᠢᠯᠡᠪᠡ᠃ ᠶᠤᠸᠠᠨ ᠯᠦᠩ ᠫᠢᠩ ᠠᠺᠠᠳᠧᠮᠢᠴᠢ ᠶᠢᠨ ᠠᠵᠢᠯ ᠤᠨ ᠥᠷᠲᠡᠭᠡᠨ ᠤ ᠳᠠᠪᠠᠭᠠᠨ ᠭᠤᠤ ᠳᠤᠮᠳᠠᠳᠤ | ᠰᠤᠷᠭᠠᠭᠤᠯᠢ ᠶᠢᠨ ᠲᠤᠷᠰᠢᠯᠲᠠ ᠶᠢᠨ ᠰᠠᠭᠤᠷᠢᠨ ᠭᠠᠵᠠᠷ ᠢ ᠪᠠᠶᠢᠭᠤᠯᠵᠠᠢ᠃ ᠳᠤᠮᠳᠠᠳᠤ ᠪᠠᠭ᠎ᠠ ᠰᠤᠷᠭᠠᠭᠤᠯᠢ ᠶᠢᠨ | ᠰᠤᠳᠤᠯᠤᠨ ᠰᠤᠷᠤᠯᠴᠠᠬᠤ ᠰᠠᠭᠤᠷᠢᠨ ᠭᠠᠵᠠᠷ ᠢ ᠠᠰᠢᠭᠯᠠᠯᠲᠠ ᠳᠤ ᠣᠷᠣᠭᠤᠯᠪᠠ᠃ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠦᠷ᠎ᠡ ᠪᠦᠲᠦᠭᠡᠯ ᠡᠯᠪᠡᠭ᠃ ᠭᠡᠨᠡᠳᠲᠡ ᠶᠢᠨ ᠡᠪᠡᠳᠴᠢᠨ ᠢ ᠬᠦᠯᠢᠶᠡᠨ ᠠᠪᠴᠤ ᠡᠮᠨᠡᠨ ᠵᠠᠰᠠᠬᠤ ᠪᠡᠯᠡᠳᠬᠡᠯ | ᠡᠮᠨᠡᠯᠭᠡ ᠶᠢᠨ ᠬᠤᠷᠢᠶ᠎ᠠ᠂ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠲᠤᠷᠰᠢᠯᠲᠠ ᠶᠢᠨ ᠲᠠᠰᠤᠭ ᠢ ᠪᠠᠴᠢᠮ | ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠬᠢᠵᠢᠭ ᠤᠨ ᠪᠠᠶᠢᠳᠠᠯ ᠢ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ᠂ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠴᠢᠩᠭᠠᠳᠬᠠᠪᠠ᠃ ᠡᠬᠡ | ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ᠂ ᠵᠡᠮᠳᠡᠭᠴᠦᠳ ᠤᠨ ᠡᠷᠡᠭᠦᠯᠵᠢᠯ ᠤᠨ ᠲᠥᠪ ᠤᠨ ᠪᠠᠷᠢᠯᠭ᠎ᠠ ᠶᠢ | ᠳᠠᠭᠤᠰᠬᠠᠵᠤ᠂ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠲᠤᠷᠰᠢᠯᠲᠠ ᠶᠢᠨ ᠲᠠᠰᠤᠭ᠂ ᠪᠢ ᠬᠦᠢ ᠶᠤᠸᠠᠨ | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠠᠰᠢᠭᠯᠠᠯᠲᠠ ᠳᠤ ᠣᠷᠣᠭᠤᠯᠪᠠ᠃ | ᠤᠳᠠᠭᠠᠨ ᠴᠢᠨᠠᠷᠲᠠᠶ ᠡᠪᠡᠳᠴᠢᠲᠡᠨ 9478 ᠬᠥᠮᠦᠨ ᠢ ᠵᠢᠭᠰᠠᠭᠠᠨ ᠪᠠᠶᠢᠴᠠᠭᠠᠵᠤ᠂ ᠡᠮ ᠡᠮᠨᠡᠯᠭᠡ ᠶᠢᠨ | ᠳᠠᠭᠠᠳᠬᠠᠯ ᠤᠨ ᠰᠠᠭᠤᠷᠢ ᠮᠥᠩᠭᠦ ᠶᠢ 2979 ᠲᠦᠮᠡᠨ ᠲᠥᠭᠦᠷᠢᠭ ᠵᠠᠷᠤᠴᠠᠭᠤᠯᠪᠠ᠃ ᠪᠦᠬᠦ ᠬᠤᠰᠢᠭᠤ ᠪᠠᠷ ᠢᠶᠠᠨ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ ᠡᠵᠡᠮᠳᠡᠵᠡᠢ᠃ | ᠬᠤᠰᠢᠭᠤᠨ ᠤ ᠡᠮᠨᠡᠯᠭᠡ ᠶᠢᠨ ᠬᠤᠷᠢᠶᠠᠨ ᠤ ᠰᠤᠪᠢᠯᠠᠭᠴᠢ ᠢᠦᠶ ᠾᠧ ᠰᠠᠨᠠᠭᠠᠴᠢᠯᠠᠭ᠎ᠠ ᠠᠴᠠ ᠪᠠᠨ ᠦᠬᠠᠨ ᠢ | ᠲᠤᠰᠠᠯᠠᠵᠤ᠂ ︽ᠬᠠᠮᠤᠭ ᠤᠨ ᠭᠤᠶᠤ ᠰᠥᠷᠦᠭᠴᠢ︾ ᠂ ︽ᠥᠪᠡᠷᠲᠡᠭᠡᠨ ᠵᠠᠰᠠᠬᠤ ᠣᠷᠣᠨ ᠤ ᠭᠠᠷᠮᠠᠭᠠᠶ | ᠰᠤᠪᠢᠯᠠᠭᠴᠢ︾ ᠵᠡᠷᠭᠡ ᠢᠷᠠᠭᠤ ᠠᠯᠳᠠᠷ ᠤᠨ ᠴᠣᠯᠠ ᠭᠥᠷᠳᠡᠪᠡ᠃ ᠴᠠᠷᠠᠰᠤᠨ ᠤ ᠲᠣᠰᠬᠤᠨ ᠤ ᠡᠮᠴᠢ ᠪᠦᠦ ᠴᠠᠩ | ᠮᠢᠩ ᠢ ︽ᠪᠥᠬᠦ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠤᠷᠢᠭᠯᠠᠬᠤ | ᠠᠵᠢᠯ ᠤᠨ ᠲᠡᠷᠢᠭᠦᠨ ᠤ ᠬᠤᠪᠢ ᠬᠥᠮᠦᠨ︾᠂ ︽ᠳᠤᠮᠳᠠᠳᠤ ᠤᠯᠤᠰ ᠤᠨ ᠬᠢᠵᠢᠭ ᠲᠠᠢ ᠲᠡᠮᠡᠴᠡᠭᠰᠡᠨ ᠣᠨᠴᠠᠭᠠᠶ | ᠬᠥᠮᠦᠨ︾ ᠢᠶᠠᠷ ᠨᠡᠬᠡᠮᠵᠢᠯᠡᠨ ᠡᠷᠬᠦᠮᠵᠢᠯᠡᠪᠡ᠃ ᠰᠣᠶᠣᠯ ᠲᠠᠮᠢᠷ ᠤᠨ ᠦᠢᠯᠡᠰ ᠴᠡᠴᠡᠭᠯᠡᠨ ᠬᠥᠭᠵᠢᠪᠡ᠃ ᠪᠥᠬᠦ | ᠠᠶᠢᠮᠠᠭ ᠤᠨ ᠵᠠᠰᠠᠮᠠᠯ ᠵᠠᠮ ᠤᠨ ᠬᠡᠬᠡᠷᠯᠡᠨ ᠬᠦᠶᠦᠬᠦ ᠤᠷᠤᠯᠳᠤᠭᠠᠨ ᠳᠤ ︽ᠠᠷᠪᠠᠨ ᠬᠤᠶᠠᠷ ᠵᠢᠯ ᠳᠠᠷᠠᠭᠠᠯᠠᠨ | ᠮᠠᠩᠯᠠᠶᠢᠯᠠᠵᠤ︾᠂ ᠪᠥᠬᠦ ᠣᠷᠣᠨ ᠤ ᠵᠠᠯᠠᠭᠤᠴᠤᠳ ᠪᠠᠭᠠᠴᠤᠳ ᠤᠨ ᠬᠦᠨᠳᠦ ᠬᠥᠩᠭᠡᠨ ᠲᠠᠮᠢᠷ ᠤᠨ ᠮᠠᠩᠯᠠᠶ | ᠰᠢᠯᠭᠠᠷᠠᠭᠤᠯᠬᠤ ᠤᠷᠤᠯᠳᠤᠭᠠᠨ ᠳᠤ 2 ᠠᠯᠲᠠᠨ ᠮᠧᠳᠠᠯ᠂ 1 ᠭᠠᠤᠯᠢᠨ ᠮᠧᠳᠠᠯ ᠣᠯᠵᠠᠶ᠃ ᠤᠯᠠᠭᠠᠨᠮᠥ᠋ᠴᠢᠷ᠂ ᠨᠠᠢᠮᠠᠨ | ᠮᠤᠵᠢ ᠣᠷᠣᠨ ᠤ ᠠᠷᠠᠳ ᠤᠨ ᠳᠠᠭᠤᠤ ᠶᠢᠨ ᠤᠷᠤᠯᠳᠤᠭᠠᠨ ᠤ ᠬᠠᠮᠤᠭ ᠰᠢᠯᠢᠳᠡᠭ ᠪᠦᠯᠬᠦᠮ ᠤᠨ ᠱᠠᠩᠨᠠᠯ᠂ ᠤᠮᠠᠷᠠᠲᠤ | ᠣᠷᠣᠨ ᠤ ᠲᠠᠪᠤᠨ ᠮᠤᠵᠢ ᠶᠢᠨ ᠪᠥᠵᠢᠭ ᠤᠨ ᠵᠣᠬᠢᠶᠠᠨ ᠪᠦᠲᠦᠭᠡᠯᠭᠡ ᠶᠢᠨ ᠭᠤᠷᠪᠠᠳᠤᠭᠠᠷ ᠳᠡᠰ ᠤᠨ ᠱᠠᠩᠨᠠᠯ ᠢ | ᠭᠥᠷᠳᠡᠪᠡ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠥᠸᠧ ᠤᠣ ᠶᠢᠨ ᠣᠯᠠᠨ ᠤᠯᠤᠰ ᠤᠨ | ᠵᠤᠭᠠᠴᠠᠯ ᠤᠨ ︽ᠣᠨ ᠤ ᠪᠣᠳᠠᠰ ᠤᠨ ᠪᠤᠰᠤ ᠰᠣᠶᠣᠯ ᠤᠨ ᠥᠪ ᠤᠨ ᠰᠢᠨ᠎ᠡ ᠶᠢ ᠡᠭᠦᠳᠦᠭᠰᠡᠨ ᠱᠠᠩᠨᠠᠯ︾ ᠢ | ᠭᠥᠷᠳᠡᠵᠦ᠂ ᠪᠠᠶᠠᠨᠵᠢᠷᠦᠬᠡ ᠠᠭᠤᠯᠠ ᠶᠢᠨ ᠲᠠᠬᠢᠯᠭ᠎ᠠ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ | ᠥᠪ ᠤᠨ ᠨᠡᠷᠡᠰ ᠲᠤ ᠵᠢᠭᠰᠠᠭᠠᠭᠳᠠᠨ᠂ ᠲᠡᠤᠬᠡ ᠰᠣᠶᠣᠯ ᠤᠨ ᠰᠤᠳᠠᠰᠤ ᠶᠢ ᠪᠦᠲᠦᠮᠵᠢᠲᠡᠶ ᠬᠠᠮᠠᠭᠠᠯᠠᠨ ᠤᠯᠠᠮᠵᠢᠯᠠᠪᠠ᠃ | ᠠᠮᠤᠷ ᠲᠦᠪᠰᠢᠨ ᠤ ᠰᠠᠭᠤᠷᠢ ᠴᠢᠯᠠᠭᠤ ᠨᠠᠩ ᠪᠠᠬᠢᠵᠢᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠲᠤᠰᠬᠠᠶ ᠲᠡᠮᠡᠴᠡᠯ ᠢ ᠭᠦᠨᠵᠡᠭᠡᠶ ᠠᠬᠢᠭᠤᠯᠵᠤ᠂ ᠡᠷᠡᠭᠦᠤ ᠶᠢᠨ ᠬᠡᠷᠡᠭ ᠪᠠ ᠠᠮᠤᠷ ᠢ ᠬᠠᠮᠠᠭᠠᠯᠠᠬᠤ ᠬᠡᠷᠡᠭ ᠦᠷᠭᠦᠯᠵᠢᠯᠡᠨ | ᠪᠠᠭᠤᠷᠠᠪᠠ᠃ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ ᠢ ᠨᠢᠭᠡ ᠱᠠᠲᠤᠵᠢᠭᠤᠯᠤᠨ ᠡᠭᠦᠳᠦᠨ | ᠪᠠᠶᠢᠭᠤᠯᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠪᠣᠶ ᠪᠥᠬᠦᠶ ᠭᠠᠴᠠᠭ᠎ᠠ ᠲᠣᠰᠬᠤᠨ ᠳᠤ ᠬᠠᠤᠯᠢ | ᠴᠠᠭᠠᠵᠠ ᠶᠢᠨ ᠵᠥᠪᠯᠡᠭᠴᠢ ᠶᠢ ︽ᠪᠦᠷᠢᠨ ᠪᠦᠷᠬᠦᠭᠦᠯᠬᠦ︾ ᠶᠢ ᠪᠡᠶᠡᠯᠡᠭᠦᠯᠪᠡ᠃ ︽ᠨᠢᠭᠡ ᠮᠥᠩᠭᠦ ᠲᠤᠯᠤᠭᠠᠨ ᠲᠦᠷᠢᠮ | ︾ ᠢ ᠨᠠᠶᠢᠳᠠᠪᠤᠷᠢᠵᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ 1043 ᠬᠥᠯᠥᠰᠥᠨ ᠠᠵᠢᠯᠴᠢᠨ ᠳᠤ 1294. | 94 ᠲᠦᠮᠡᠨ ᠲᠥᠭᠦᠷᠢᠭ ᠤᠨ ᠴᠠᠯᠢᠩ ᠨᠡᠬᠡᠮᠵᠢᠯᠡᠨ ᠣᠯᠭᠤᠪᠠ᠃ ᠢᠳᠡᠭᠡᠨ ᠪᠠ ᠡᠮ ᠤᠨ ᠵᠦᠢᠯᠡᠰ ᠤᠨ ᠣᠶᠤᠨᠴᠢ | ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠠᠰᠢᠭᠯᠠᠯᠲᠠ ᠳᠤ ᠣᠷᠣᠭᠤᠯᠤᠨ᠂ ᠢᠳᠡᠭᠡᠨ ᠪᠠ ᠡᠮ ᠤᠨ ᠵᠦᠢᠯᠡᠰ ᠤᠨ | ᠠᠮᠤᠷ ᠲᠦᠪᠰᠢᠨ ᠤ ᠲᠤᠰᠬᠠᠢ ᠲᠥᠷᠥᠯ ᠤᠨ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠢ ᠠᠬᠢᠭᠤᠯᠪᠠ᠃ ᠵᠠᠬᠢᠳᠠᠯ | ᠰᠤᠷᠪᠤᠯᠵᠢᠯᠠᠯ ᠢ ᠱᠠᠲᠤ ᠬᠤᠪᠢᠶᠠᠨ ᠬᠠᠷᠢᠭᠤᠴᠠᠵᠤ᠂ ᠬᠠᠷᠢᠶ᠎ᠠ ᠭᠠᠵᠠᠷ ᠲᠤᠨᠢ ᠲᠣᠭᠲᠠᠭᠤᠨ ᠢᠶᠠᠷ ᠡᠵᠡᠮᠳᠡᠬᠦ ᠪᠠ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠲᠠᠰᠤᠷᠠᠯᠲᠠ ᠤᠢᠭᠡᠢ ᠪᠦᠷᠢᠨᠰᠢᠪᠡ᠃ | ᠠᠶᠤᠯᠭᠦᠶ ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠲᠣᠭᠲᠠᠭᠤᠨ ᠪᠠᠶᠢᠵᠤ᠂ ᠪᠥᠬᠦ ᠵᠢᠯ ᠳᠤ ᠬᠦᠨᠳᠦ ᠶᠡᠭᠡ ᠠᠴᠠ | ᠳᠡᠭᠡᠭᠰᠢᠬᠢ ᠠᠶᠤᠯᠭᠦᠶ ᠦᠢᠯᠡᠳᠪᠦᠷᠢᠯᠡᠯ ᠤᠨ ᠠᠳᠡᠯ ᠭᠠᠷᠤᠭᠰᠠᠨ ᠥᠬᠡᠶ᠃ | ᠥᠩᠭᠡᠷᠡᠭᠰᠡᠨ ᠨᠢᠭᠡ ᠵᠢᠯ ᠳᠤ᠂ ᠪᠢᠳᠠ ᠵᠣᠷᠢᠭᠲᠠᠢ ᠪᠠᠷ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ᠂ | ᠥᠭᠡᠷᠡᠴᠢᠯᠡᠯᠲᠡ ᠨᠡᠬᠡᠬᠡᠯᠳᠡ ᠶᠢᠨ ᠰᠢᠨ᠎ᠡ ᠥᠨᠳᠦᠷᠯᠢᠭ ᠢ ᠴᠣᠭᠴᠠᠯᠠᠪᠠ᠃ ᠭᠤᠣᠯᠳᠠᠯᠭ᠎ᠠ ᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠠᠬᠢᠭᠤᠯᠪᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠬᠤᠰᠢᠭᠤ ᠰᠢᠶᠠᠨ ᠤ ᠱᠠᠲᠤᠨ ᠤ 3 ᠵᠤᠶᠢᠯ ᠤᠨ ᠵᠠᠰᠠᠭ ᠵᠠᠬᠢᠷᠭᠠᠨ ᠤ | ᠵᠥᠪᠰᠢᠶᠡᠷᠡᠯ ᠢ ᠬᠦᠴᠦᠨ ᠥᠬᠡᠶ ᠪᠣᠯᠭᠠᠪᠠ᠃ ᠬᠢᠨᠠᠨ ᠵᠥᠪᠰᠢᠶᠡᠷᠡᠬᠦ ᠵᠤᠶᠢᠯᠡᠰ ᠢ ᠬᠦᠢᠴᠡᠳᠭᠡᠬᠦ ᠴᠠᠭ ᠤᠨ ᠬᠢᠵᠠᠭᠠᠷ ᠢ | 50% ᠠᠴᠠ ᠳᠡᠭᠡᠭᠰᠢ ᠪᠣᠭᠤᠨᠢᠰᠬᠠᠨ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠢ | ᠨᠡᠭᠦᠯᠭᠡᠨ ᠰᠢᠯᠵᠢᠭᠦᠯᠵᠦ᠂ 231 ᠵᠤᠶᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠤᠶᠢᠯᠡᠰ ᠢ ᠰᠢᠨ᠎ᠡ ᠪᠠᠷ | ᠨᠡᠮᠡᠭᠳᠡᠭᠦᠯᠪᠡ᠃ ᠭᠤᠤᠯᠳᠠᠯᠭ᠎ᠠ ᠲᠠᠢ ᠭᠠᠶᠢᠯᠢ ᠶᠢᠨ ᠢᠷᠡᠯᠲᠡ᠂ ᠴᠢᠬᠤᠯᠠ ᠶᠡᠭᠡ ᠲᠥᠷᠥᠯ ᠵᠤᠶᠢᠯ ᠤᠨ ︽ᠰᠢᠭᠤᠳ | ᠨᠡᠪᠲᠡᠷᠡᠬᠦ ᠲᠡᠷᠭᠡ︾ ᠶᠢ ᠨᠡᠭᠡᠭᠡᠵᠦ᠂ ᠭᠠᠶᠢᠯᠢ ᠳᠤ ᠬᠤᠯᠪᠣᠭᠳᠠᠭᠰᠠᠨ 184 ᠵᠤᠶᠢᠯᠡᠰ ᠢ ᠨᠢᠭᠡ ᠯᠡ ᠤᠳᠠᠭ᠎ᠠ ᠳᠤ | ᠰᠢᠢᠳᠪᠦᠷᠢᠯᠡᠨ ᠳᠠᠭᠤᠰᠬᠠᠵᠤ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠶᠢᠲᠡ 3. | 04 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠵᠦ᠂ 16318 ᠡᠷᠦᠬᠡ ᠭᠠᠶᠢᠯᠢ ᠲᠤᠰᠢᠶᠠᠭᠴᠢ ᠳᠤ ᠠᠰᠢᠭ | ᠬᠦᠷᠲᠡᠭᠡᠪᠡ᠃ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠤᠷᠤᠭᠰᠢᠲᠠᠢ | ᠪᠡᠶᠡᠯᠡᠭᠦᠯᠵᠦ᠂ ᠠᠵᠢᠯ ᠦᠢᠯᠡᠰ ᠤᠨ ᠨᠢᠭᠡᠴᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠡᠮᠬᠢ ᠵᠢᠷᠤᠮ ᠲᠠᠢ | ᠠᠬᠢᠭᠤᠯᠪᠠ᠃ ᠭᠠᠳᠠᠭᠠᠳᠤ ᠨᠡᠭᠡᠭᠡᠯᠲᠡ ᠯᠠᠪᠳᠠᠭᠤᠨ ᠪᠥᠭᠡᠳ ᠬᠦᠴᠦᠲᠡᠶ᠃ ᠤᠯᠠᠭᠠᠨᠮᠣᠳᠣ ᠳᠤᠮᠳᠠᠳᠤ ᠤᠯᠤᠰ ᠤᠨ | ᠲᠠᠯ᠎ᠠ ᠨᠤᠲᠤᠭ ᠤᠨ ᠰᠣᠶᠣᠯ ᠵᠤᠭᠠᠴᠠᠯ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠢ ᠠᠮᠵᠢᠯᠲᠠ ᠲᠠᠢ ᠡᠷᠬᠢᠯᠡᠵᠦ᠂ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠲᠠᠯ᠎ᠠ ᠨᠤᠲᠤᠭ ᠤᠨ ᠰᠣᠶᠣᠯ ᠵᠤᠭᠠᠴᠠᠯ ᠵᠡᠷᠭᠡ ᠲᠠᠯ᠎ᠠ ᠪᠠᠷ ᠪᠦᠬᠦ | ᠠᠶᠢᠮᠠᠭ ᠴᠢᠨᠠᠭᠰᠢᠯᠠᠪᠠᠯ ᠪᠦᠬᠦ ᠣᠷᠣᠨ ᠳᠤ ᠢᠳᠡᠪᠬᠢᠲᠡᠶ ᠰᠦᠪᠡᠭᠴᠢᠯᠡᠯᠲᠡ ᠬᠢᠪᠡ᠃ ᠭᠠᠶᠢᠯᠢ ᠪᠠᠲᠤᠯᠠᠬᠤ | ᠬᠥᠮᠥᠷᠭᠡ ᠶᠢᠨ ᠭᠤᠤᠯ ᠴᠣᠭᠴᠠ ᠶᠢᠨ ᠠᠵᠢᠯ ᠢ ᠳᠠᠭᠤᠰᠬᠠᠵᠦ᠂ ᠮᠠᠨᠵᠤᠤᠷ ᠪᠣᠭᠤᠮᠲᠠ ᠪᠠᠷ ᠬᠢᠨᠠᠨ ᠵᠥᠪᠰᠢᠶᠡᠷᠡᠭᠦᠯᠪᠡ᠃ | ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ 1435 ᠲᠦᠮᠡᠨ | ᠳ᠋ᠣᠯᠯᠠᠷ ᠲᠤ ᠬᠦᠷᠴᠦ᠂ ᠭᠠᠳᠠᠭᠠᠳᠤ ᠪᠡᠯᠡ ᠶᠢᠨ ᠠᠰᠢᠭᠯᠠᠯᠲᠠ ᠶᠢᠨ ᠲᠤᠭ᠎ᠠ 2.27 ᠳ᠋ᠦᠩᠰᠢᠭᠤᠷ ᠲᠥᠭᠦᠷᠢᠭ | ᠠᠷᠠᠳ ᠤᠨ ᠵᠣᠭᠤᠰ ᠢ ᠪᠡᠶᠡᠯᠡᠭᠦᠯᠵᠦ᠂ ᠲᠤᠰ ᠲᠤᠰ 41% ᠪᠠ 90% ᠪᠠᠷ ᠨᠡᠮᠡᠭᠳᠡᠪᠡ᠃ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ ︽ᠵᠠᠭᠤᠨ ᠡᠳᠦᠷ ᠤᠨ ᠪᠣᠭᠤᠮᠲᠠ | ᠰᠢᠪᠲᠤᠯᠬᠤ︾ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠪᠠ᠃ 2.29 ᠲᠦᠮᠡᠨ ᠵᠤᠷᠪᠤᠰ ᠠᠵᠤ | ᠠᠬᠤᠶᠢᠯᠠᠯ ᠳᠤ ᠬᠤᠯᠪᠣᠭᠳᠠᠭᠰᠠᠨ ᠮᠡᠳᠡᠭᠡ ᠵᠠᠩᠭᠢ ᠶᠢ ᠢᠯᠡ ᠨᠡᠶᠢᠲᠡᠯᠡᠵᠦ᠂ ᠵᠠᠰᠠᠭ ᠵᠠᠬᠢᠷᠭᠠᠨ ᠤ ᠵᠥᠪᠰᠢᠶᠡᠷᠡᠯ᠂ | ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠵᠡᠷᠭᠡ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠶᠢ ᠪᠡᠶᠡᠯᠡᠭᠦᠯᠪᠡ᠃ | ᠬᠠᠮᠲᠤᠷᠠᠨ ᠱᠠᠩᠨᠠᠵᠤ ᠲᠣᠷᠭᠠᠬᠤ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠭᠠᠨ ᠬᠠᠷ᠎ᠠ | ᠲᠠᠩᠰᠠ ᠳᠤ ᠵᠢᠭᠰᠠᠭᠠᠭᠳᠠᠭᠰᠠᠨ 14 ᠠᠵᠤ ᠠᠬᠤᠶᠢᠯᠠᠯ ᠢ ᠨᠢᠭᠡᠨᠲᠡ ᠨᠡᠶᠢᠭᠡᠮ ᠳᠤ ᠢᠯᠡ ᠪᠣᠯᠭᠠᠪᠠ᠃ ᠨᠡᠶᠢᠲᠡ 31 | ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ | ᠦᠢᠯᠡᠳᠪᠦᠷᠢᠯᠡᠯ ᠢᠶᠠᠨ ᠰᠡᠷᠭᠦᠭᠡᠭᠰᠡᠨ ᠨᠣᠷᠮ᠎ᠠ 100% ᠳᠤ ᠬᠦᠷᠴᠦ᠂ ᠪᠦᠬᠦ ᠬᠤᠰᠢᠭᠤᠨ ᠤ ᠵᠠᠬ᠎ᠠ ᠳᠡᠯᠭᠡᠭᠦᠷ ᠤᠨ | ᠭᠤᠣᠯ ᠴᠣᠭᠴᠠ ᠬᠥᠭᠵᠢᠭᠡᠳ 2.3 ᠲᠦᠮᠡᠨ ᠡᠷᠦᠬᠡ ᠪᠣᠯᠪᠠ᠃ ᠬᠤᠰᠢᠭᠤᠨ ᠤ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ︽ᠪᠥᠬᠦ ᠤᠯᠤᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠠᠶᠢᠴᠠᠭᠠᠯᠲᠠ ᠶᠢᠨ ᠴᠡᠭ ᠤᠨ | ᠠᠵᠢᠯ ᠤᠨ ᠲᠡᠷᠢᠭᠦᠨ ᠤ ᠦᠨᠳᠦᠰᠦᠨ ᠱᠠᠲᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ︾ ᠶᠢᠨ ᠢᠷᠠᠭᠤ | ᠠᠯᠳᠠᠷ ᠢ ᠭᠥᠷᠳᠡᠪᠡ᠃ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠪᠠ᠃ ᠨᠠᠮ ᠤᠨ ᠪᠦᠬᠦ | ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ᠂ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢᠨ ᠡᠯ᠎ᠡ ᠵᠦᠢᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ | ᠰᠤᠷᠲᠠᠯ ᠤᠨ ᠪᠠᠶᠢᠭᠤᠯᠤᠯᠲᠠ ᠪᠣᠯᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠤᠯᠠᠮ ᠨᠢᠭᠡ | ᠠᠯᠬᠤᠮ ᠴᠢᠩᠭᠠᠳᠬᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ | ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠠᠶᠢᠴᠠᠭᠠᠯᠲᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠪᠡ᠃ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ | ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢ ᠴᠥᠬᠦᠷᠡᠰᠢ ᠥᠬᠡᠶ ᠵᠠᠯᠠᠷᠠᠭᠤᠯᠵᠤ᠂ | ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠰᠢᠰᠲ᠋ᠧᠮ ᠤᠨ ᠢᠯᠵᠢᠷᠠᠯ ᠤᠨ ᠠᠰᠠᠭᠤᠳᠠᠯ ᠢ ᠲᠤᠰᠬᠠᠢ ᠵᠠᠰᠠᠬᠤ ᠠᠵᠢᠯ ᠢ ᠯᠠᠪᠳᠠᠭᠤᠨ ᠪᠠᠲᠤᠲᠠᠢ | ᠥᠷᠨᠢᠭᠦᠯᠵᠦ᠂ 2544.3 ᠲᠦᠮᠡᠨ ᠲᠥᠭᠦᠷᠢᠭ ᠢ ᠨᠡᠬᠡᠮᠵᠢᠯᠡᠨ ᠲᠤᠰᠢᠶᠠᠯᠭᠠᠪᠠ᠃ ᠨᠡᠭᠦᠷᠡᠰᠦᠨ ᠤ ᠡᠬᠢ | ᠪᠠᠶᠠᠯᠢᠭ ᠤᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠯᠲᠠ ᠳᠤ ᠠᠯᠪᠠᠨ ᠠᠵᠢᠯᠲᠠᠨ ᠢ ᠨᠡᠶᠢᠳᠡᠮ ᠵᠢᠭᠰᠠᠭᠠᠨ | ᠪᠠᠶᠢᠴᠠᠭᠠᠬᠤ ᠶᠢ ᠪᠡᠶᠡᠯᠡᠭᠦᠯᠵᠦ᠂ ᠨᠡᠭᠦᠷᠡᠰᠦ ᠲᠠᠢ ᠬᠤᠯᠪᠣᠭᠳᠠᠭᠰᠠᠨ ᠠᠰᠠᠭᠤᠳᠠᠯ ᠤᠨ ᠰᠦᠪᠡᠭᠴᠢ ᠶᠢ ᠢᠯᠡᠷᠡᠭᠦᠯᠦᠭᠰᠡᠨ | ᠥᠬᠡᠶ᠃ ᠰᠢᠨ᠎ᠡ ᠶᠢ ᠡᠭᠦᠳᠬᠦ ᠪᠠᠶᠢᠭᠤᠯᠭ᠎ᠠ ᠶᠢᠨ ᠴᠢᠳᠠᠪᠬᠢ ᠶᠢᠨ ᠪᠠᠶᠢᠭᠤᠯᠤᠯᠲᠠ᠂ ᠬᠤᠰᠢᠭᠤᠨ ᠤ ᠪᠠᠶᠢᠭᠤᠯᠭ᠎ᠠ ᠶᠢᠨ | ᠶᠠᠪᠤᠳᠠᠯ ᠤᠨ ᠲᠣᠪᠴᠢᠶ᠎ᠠ ︽ᠪᠥᠬᠦ ᠤᠯᠤᠰ ᠤᠨ ᠠᠷᠪᠢᠯᠠᠨ ᠭᠠᠮᠨᠠᠬᠤ ᠬᠡᠯᠪᠡᠷᠢ ᠶᠢᠨ ᠣᠯᠠᠨ ᠨᠡᠶᠢᠲᠡ ᠶᠢᠨ | ᠪᠠᠶᠢᠭᠤᠯᠤᠮᠵᠢ ᠶᠢᠨ ᠵᠢᠱᠢᠶ᠎ᠡ ᠦᠵᠡᠭᠦᠯᠬᠦ ᠨᠢᠭᠡᠴᠢ︾ ᠶᠢᠨ ᠢᠷᠠᠭᠤ ᠠᠯᠳᠠᠷ ᠢ ᠭᠥᠷᠳᠡᠪᠡ᠃ ᠲᠡᠤᠬᠡ ᠣᠶᠢᠯᠠᠯᠭ᠎ᠠ᠂ | ᠭᠥᠯᠢᠶᠡᠨ ᠠᠪᠬᠤ᠂ ᠲᠠᠩᠰᠠ ᠡᠪᠬᠡᠮᠡᠯ᠂ ᠬᠠᠮ ᠵᠠᠭᠤᠴᠢᠯᠠᠭᠤᠷ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ | ᠲᠤᠰᠠᠯᠠᠬᠤ ᠵᠡᠷᠭᠡ ᠠᠵᠢᠯ ᠰᠢᠨ᠎ᠡ ᠠᠮᠵᠢᠯᠲᠠ ᠣᠯᠵᠤ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠠᠵᠢᠯᠴᠢᠨ ᠤ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠡᠪ | ᠬᠠᠮᠲᠤ ᠵᠠᠯᠠᠭᠤᠴᠤᠳ ᠤᠨ ᠡᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠵᠥᠪᠯᠡᠯ᠂ ᠨᠠᠰᠤᠳᠠᠶᠢᠴᠤᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ | ᠨᠠᠰᠤᠲᠠᠶᠢᠴᠤᠳ ᠤᠨ ᠨᠡᠶᠢᠭᠡᠮᠯᠢᠭ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠬᠥᠭᠦᠷᠭᠡ | ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠤᠰᠢᠭᠤᠨ ᠳᠤ ᠰᠠᠭᠤᠭ᠎ᠠ ᠴᠡᠷᠢᠭ ᠴᠠᠭᠳᠠᠭ᠎ᠠ | ᠴᠡᠷᠢᠭ ᠠᠩᠭᠢ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ | ᠲᠥᠯᠥᠭᠡᠯᠡᠭᠴᠢᠳ ᠡ︕ 2020 ᠣᠨ ᠤ ᠡᠯ᠎ᠡ ᠵᠦᠢᠯ ᠤᠨ ᠬᠠᠷᠠᠯᠲᠠ ᠡᠭᠦᠷᠭᠡ ᠶᠢ ᠤᠷᠤᠭᠰᠢᠲᠠᠢ | ᠪᠡᠶᠡᠯᠡᠭᠦᠯᠦᠭᠰᠡᠨ ᠨᠢ ︽ᠠᠷᠪᠠᠨ ᠭᠤᠷᠪᠠᠳᠤᠭᠠᠷ ᠲᠠᠪᠤᠨ ᠵᠢᠯ︾ ᠢ ᠲᠡᠭᠦᠰ ᠠᠮᠵᠢᠯᠲᠠ ᠲᠠᠢ ᠪᠡᠶᠡᠯᠡᠬᠦᠯᠦᠭᠰᠡᠨ ᠶᠠᠪᠤᠳᠠᠯ | ᠪᠤᠯᠤᠨ᠎ᠠ᠃ ᠴᠠᠭ ᠬᠤᠭᠤᠴᠠᠭ᠎ᠠ ᠪᠤᠯ ᠬᠥᠭᠵᠢᠯᠲᠡ ᠶᠢᠨ ᠠᠬᠢᠴᠠ ᠶᠢ ᠬᠡᠮᠵᠢᠵᠦ ᠬᠡᠮᠵᠢᠬᠦᠷ ᠪᠥᠭᠡᠳ ᠪᠠᠰᠠ | ᠥᠨᠳᠥᠷ ᠲᠤ ᠠᠪᠠᠷᠢᠬᠤ ᠦᠨᠳᠦᠷᠴᠡ ᠶᠢ ᠬᠠᠷᠠᠭᠤᠯᠵᠤ ᠪᠠᠶᠢᠨ᠎ᠠ᠂ ᠲᠠᠪᠤᠨ ᠵᠢᠯ ᠤᠨ ᠲᠤᠷᠰᠢ ᠪᠢᠳᠡ ᠠᠷᠠᠳ ᠲᠤ | ᠠᠰᠢᠭ ᠬᠦᠷᠲᠡᠭᠡᠬᠦ ᠮᠠᠰᠢ ᠤᠯᠠᠨ ᠪᠣᠳᠠᠲᠤ ᠶᠠᠪᠤᠳᠠᠯ᠂ ᠠᠯᠤᠰ ᠬᠡᠳᠤ ᠳᠤ ᠠᠰᠢᠭᠲᠠᠢ ᠶᠡᠭᠡ ᠶᠠᠪᠤᠳᠠᠯ᠂ | ᠳᠤᠲᠠᠭᠤᠳᠠᠯ ᠢ ᠨᠥᠬᠦᠪᠥᠷᠢᠯᠡᠬᠦ ᠬᠦᠴᠢᠷ ᠶᠠᠪᠤᠳᠠᠯ ᠢ ᠪᠦᠲᠦᠭᠡᠪᠡ᠃ ᠶᠠᠪᠤᠵᠤ ᠥᠩᠭᠡᠷᠡᠭᠰᠡᠨ ᠶᠡᠷᠦ ᠪᠤᠰᠤ ᠶᠢᠨ ᠵᠠᠮ᠂ | ᠪᠡᠶᠡᠯᠡᠭᠦᠯᠦᠭᠰᠡᠨ ᠲᠡᠦᠬᠡᠲᠦ ᠴᠢᠨᠠᠷᠲᠠᠢ ᠳᠠᠪᠠᠯᠲᠠ ᠶᠢ ᠡᠷᠭᠢᠴᠡᠭᠦᠯᠪᠡᠯ᠂ ᠪᠢᠳᠡ ᠠᠵᠤ ᠠᠬᠤᠢ ᠤᠷᠤᠭᠤᠳᠠᠭᠰᠠᠨ᠂ | ᠬᠥᠳᠡᠯᠭᠡᠬᠦ ᠡᠨᠧᠷᠭᠢ ᠰᠣᠯᠢᠭᠳᠠᠭᠰᠠᠨ᠂ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠭᠰᠠᠨ ᠬᠦᠴᠢᠷ ᠵᠣᠪᠠᠭᠤᠷᠢ ᠶᠢ | ᠲᠤᠭᠤᠯᠤᠭᠰᠠᠨ ᠢᠶᠠᠷ ᠪᠠᠷᠠᠬᠤ ᠦᠭᠡᠢ᠂ ᠪᠠᠰᠠ ᠠᠵᠤ ᠦᠢᠯᠡᠰ ᠤᠨ ᠤᠷᠤᠭᠰᠢᠯᠠᠯᠲᠠ᠂ ᠣᠷᠴᠢᠨ ᠲᠣᠭᠤᠷᠢᠨ ᠤ | ᠰᠠᠶᠢᠵᠢᠷᠠᠯᠲᠠ᠂ ᠨᠡᠶᠢᠭᠡᠮ ᠤᠨ ᠲᠠᠪᠰᠢᠯᠳᠠ ᠶᠢᠨ ᠪᠠᠶᠠᠷ ᠪᠠᠭ᠋ᠠᠳᠤᠯ ᠢ ᠣᠯᠤᠭᠰᠠᠨ ᠪᠠᠶᠢᠨ᠎ᠠ᠃ | ᠡᠨᠡ ᠪᠣᠯ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠨᠡᠩ ᠰᠢᠯᠢᠳᠡᠭ᠂ ᠶᠡᠷᠦᠩᠬᠡᠶᠢᠯᠡᠭᠰᠡᠨ | ᠦᠷᠢᠰᠦᠯᠳᠦᠬᠦ ᠬᠦᠴᠦᠨ ᠲᠣᠭᠲᠠᠭᠤᠨ ᠢᠶᠠᠷ ᠳᠡᠭᠡᠭᠰᠢᠯᠡᠭᠰᠡᠨ ᠲᠠᠪᠤᠨ ᠵᠢᠯ ᠪᠣᠯᠤᠨ᠎ᠠ᠃ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠬᠤᠭᠤᠴᠠᠭᠠᠨ ᠳᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠡᠯ᠎ᠡ ᠲᠥᠷᠥᠯ ᠤᠨ | ᠬᠦᠢᠴᠡᠳᠭᠡᠯ ᠲᠤᠭ᠎ᠠ ᠨᠢ ᠪᠣᠳᠠᠲᠤ ᠪᠠᠶᠢᠳᠠᠯ ᠳᠤ ᠨᠠᠩ ᠨᠡᠶᠢᠴᠡᠵᠦ᠂ ᠠᠵᠤ ᠠᠬᠤᠶ ᠨᠢ ᠳᠡᠭᠡᠳᠦ ᠬᠤᠷᠳᠤᠴᠠ ᠪᠠᠷ | ᠨᠡᠮᠡᠭᠳᠡᠬᠦ ᠱᠠᠲᠤᠨ ᠠᠴᠠ ᠪᠠᠨ ᠴᠢᠨᠠᠷ ᠰᠠᠶᠢᠲᠠᠢ ᠬᠦᠭᠵᠢᠯᠲᠡ ᠶᠢᠨ ᠱᠠᠲᠤᠨ ᠳᠤ ᠰᠢᠯᠵᠢᠪᠡ᠃ ᠠᠷᠪᠠᠨ ᠬᠤᠶᠠᠳᠤᠭᠠᠷ | ᠲᠠᠪᠤᠨ ᠵᠢᠯ ᠤᠨ ᠲᠥᠯᠥᠪᠵᠢᠭᠦᠯᠭᠡ ᠶᠢᠨ ᠰᠡᠭᠦᠯᠴᠢ ᠶᠢᠨ ᠬᠢ ᠲᠠᠢ ᠬᠠᠷᠢᠴᠠᠭᠤᠯᠪᠠᠯ᠂ ᠭᠤᠷᠪᠠᠳᠤᠭᠠᠷ ᠠᠵᠤ | ᠦᠢᠯᠡᠰ ᠤᠨ ᠬᠤᠪᠢ ᠶᠢᠨ ᠵᠢᠩ ᠨᠡᠩ ᠵᠦᠢ ᠵᠣᠬᠢᠰᠲᠠᠢ ᠪᠤᠯᠵᠤ᠂ ᠪᠣᠳᠠᠲᠤ ᠴᠣᠭᠴᠠ ᠶᠢᠨ ᠠᠵᠤ ᠠᠬᠤᠢ ᠶᠢᠨ | ᠬᠥᠭᠵᠢᠯᠲᠡ ᠶᠢᠨ ᠠᠯᠬᠤᠴᠠ ᠨᠡᠩ ᠯᠠᠪᠳᠠᠭᠤᠨ ᠲᠣᠭᠲᠠᠭᠤᠨ ᠪᠣᠯᠪᠠ᠃ ᠨᠢᠭᠡᠳᠦᠭᠡᠷ ᠠᠵᠤ ᠦᠢᠯᠡᠰ ᠤᠨ | ᠦᠢᠯᠡᠳᠪᠦᠷᠢᠯᠡᠯ ᠤᠨ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠲᠠᠷᠢᠵᠤ ᠲᠡᠵᠢᠭᠡᠬᠦ ᠪᠦᠲᠦᠴᠡ ᠶᠢᠨ | ᠲᠣᠬᠢᠷᠠᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠨᠡᠮᠡᠭᠳᠡᠯ ᠥᠷᠲᠡᠭ ᠨᠢ ᠵᠢᠯ ᠪᠦᠷᠢ ᠳᠤᠮᠳᠠᠴᠢ ᠪᠠᠷ 6. | 3% ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢ ᠲᠦᠷᠭᠡᠳᠬᠡᠨ | ᠪᠤᠶᠢᠵᠢᠭᠤᠯᠵᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠳᠠᠬᠢ ᠠᠵᠤ ᠦᠢᠯᠡᠳᠪᠦᠷᠢ ᠶᠢᠨ | ᠭᠤᠤᠯᠳᠠᠯᠭ᠎ᠠ ᠲᠠᠢ ᠲᠥᠷᠥᠯ ᠵᠤᠶᠢᠯ ᠤᠨ ᠪᠠᠯᠠ ᠣᠷᠣᠭᠤᠯᠤᠯᠲᠠ ᠶᠢᠨ ᠡᠵᠡᠯᠡᠬᠦ ᠬᠠᠷᠢᠴᠠᠯ ᠢ 50% ᠠᠴᠠ | ᠳᠡᠭᠡᠭᠰᠢ ᠳᠤ ᠬᠦᠷᠦᠭᠦᠯᠵᠠᠢ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠡᠵᠡᠯᠡᠬᠦ ᠬᠠᠷᠢᠴᠠᠯ 20% | ᠬᠦᠷᠴᠦ᠂ 10 ᠵᠠᠭᠤᠨ ᠤ ᠨᠢᠭᠡᠴᠢ ᠳᠡᠭᠡᠭᠰᠢᠯᠡᠪᠡ᠃ ᠭᠤᠷᠪᠠᠳᠤᠭᠠᠷ ᠠᠵᠤ ᠦᠢᠯᠡᠰ ᠤᠨ ᠠᠮᠢᠵᠢᠷᠠᠯ ᠤᠨ ᠬᠦᠴᠦᠨ | ᠵᠠᠯᠭᠠᠭ᠎ᠠ ᠪᠠᠷ ᠪᠠᠳᠠᠷᠠᠵᠤ᠂ ᠣᠯᠠᠨ ᠡᠰᠢᠲᠦ ᠠᠷᠠᠯᠵᠢᠶ᠎ᠠ ᠬᠤᠳᠠᠯᠳᠤᠭ᠎ᠠ ᠴᠡᠴᠡᠭᠯᠡᠨ ᠬᠥᠭᠵᠢᠵᠦ᠂ ᠲᠠᠯ᠎ᠠ ᠨᠤᠲᠤᠭ ᠤᠨ | ᠠᠮᠢ ᠠᠬᠤᠶ ᠶᠢᠨ ᠵᠤᠭᠠᠴᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠣᠲᠣ | ᠦᠶ᠎ᠡ ᠶᠢᠨ ᠮᠥᠩᠭᠦᠨ ᠬᠦᠢᠯᠭᠡᠭᠡᠨ ᠤ ᠦᠢᠯᠡᠴᠢᠯᠡᠭᠡᠨ ᠤ ᠰᠢᠨ᠎ᠡ ᠶᠢ ᠡᠭᠦᠳᠦᠨ ᠰᠢᠯᠢᠳᠡᠭᠵᠢᠭᠦᠯᠵᠦ᠂ ᠠᠵᠤ | ᠦᠢᠯᠡᠰ ᠤᠨ ᠭᠦᠨᠴᠡ ᠪᠠ ᠥᠷᠭᠡᠴᠡ ᠪᠥᠬᠦ ᠲᠠᠯ᠎ᠠ ᠪᠠᠷ ᠥᠷᠭᠡᠳᠪᠡ᠃ | ᠡᠨᠡ ᠪᠣᠯ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠨᠢ ᠨᠡᠩ ᠲᠦᠷᠭᠡᠨ᠂ | ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢᠯᠡᠳᠲᠡ ᠳᠡᠭᠡᠭᠰᠢᠯᠡᠭᠰᠡᠨ ᠲᠠᠪᠤᠨ ᠵᠢᠯ ᠪᠣᠯᠤᠨ᠎ᠠ᠃ ᠲᠠᠷᠢᠶᠠᠯᠠᠩ ᠮᠠᠯ | ᠠᠵᠤ ᠠᠬᠤᠢ ᠶᠢᠨ ᠰᠠᠭᠤᠷᠢ ᠲᠠᠰᠤᠷᠠᠯᠲᠠ ᠦᠭᠡᠢ ᠪᠠᠬᠢᠵᠢᠪᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠡᠶᠢᠲᠡ | 45.41 ᠲᠦᠮᠡᠨ ᠮᠥ ᠪᠥᠲᠥᠭᠡᠨ ᠪᠠᠶᠢᠭᠤᠯᠵᠤ᠂ ︽ᠬᠤᠶᠠᠷ ᠲᠣᠭᠤᠷᠢᠭ︾ ᠤᠨ ᠲᠠᠯᠠᠪᠠᠶ ᠶᠢ 195 ᠲᠦᠮᠡᠨ ᠮᠥ | ᠢᠯᠭᠠᠨ ᠲᠣᠭᠲᠠᠭᠠᠵᠤ᠂ ᠠᠮᠤ ᠪᠤᠳᠠᠭᠠᠨ ᠤ ᠵᠢᠯ ᠤᠨ ᠳᠤᠮᠳᠠᠴᠢ ᠤᠨᠠᠯᠲᠠ ᠶᠢ 29 ᠳ᠋ᠦᠩᠰᠢᠭᠤᠷ ᠵᠢᠩ ᠠᠴᠠ | ᠳᠡᠭᠡᠭᠰᠢ ᠳᠤ ᠲᠣᠭᠲᠠᠪᠤᠷᠢᠵᠢᠭᠤᠯᠪᠠ᠃ ︽ᠬᠤᠶᠠᠷ ᠠᠮᠦ ᠪᠤᠳᠠᠭ᠎ᠠ︾ ᠶᠢᠨ ᠠᠵᠤ ᠦᠢᠯᠡᠰ ᠢ ᠬᠦᠴᠦᠲᠡᠶ ᠲᠦᠯᠬᠢᠨ | ᠠᠬᠢᠭᠤᠯᠵᠤ᠂ ᠴᠢᠨᠠᠷ ᠰᠠᠶᠢᠲᠠᠶ ᠡᠷᠳᠡᠨᠢ ᠰᠢᠰᠢ ᠲᠠᠷᠢᠭᠰᠠᠨ ᠨᠢ 280 ᠲᠦᠮᠡᠨ ᠮᠦ ᠳᠤ ᠬᠦᠷᠪᠡ᠃ ᠤᠰᠤᠨ | ᠲᠤᠲᠤᠷᠭ᠎ᠠ 15 ᠲᠦᠮᠡᠨ ᠮᠦ ᠲᠠᠷᠢᠪᠠ᠃ ᠬᠢᠲᠠᠳ ᠡᠮ ᠤᠨ ᠮᠠᠲ᠋ᠧᠷᠢᠶᠠᠯ ᠤᠨ ᠲᠠᠷᠢᠮᠠᠯ ᠤᠨ ᠲᠠᠯᠠᠪᠠᠢ 6 ᠲᠦᠮᠡᠨ | ᠮᠦ ᠶᠢ ᠳᠠᠪᠠᠵᠤ᠂ ᠣᠢ ᠵᠢᠮᠢᠰ ᠤᠨ ᠶᠡᠷᠦᠩᠬᠡᠢ ᠲᠠᠯᠠᠪᠠᠢ 20 ᠲᠦᠮᠡᠨ ᠮᠦ ᠳᠤ ᠬᠦᠷᠪᠡ᠃ ᠮᠠᠯᠵᠢᠯ ᠤᠨ ᠣᠨ ᠤ | ᠮᠠᠯ ᠤᠨ ᠲᠤᠭ᠎ᠠ ᠶᠢ 420 ᠲᠦᠮᠡ ᠠᠴᠠ ᠳᠡᠭᠡᠭᠰᠢ ᠳᠤ ᠲᠣᠭᠲᠠᠪᠤᠷᠢᠵᠢᠭᠤᠯᠵᠠᠢ᠃ ︽ᠬᠤᠶᠠᠷ ᠦᠬᠡᠷ︾ ᠤᠨ ᠠᠵᠤ | ᠦᠢᠯᠡᠰ ᠲᠣᠪᠤᠶᠢᠮ᠎ᠠ ᠦᠷ᠎ᠡ ᠪᠦᠲᠦᠮᠵᠢ ᠣᠯᠵᠤ᠂ ᠠᠯᠠᠰᠢᠨ ᠦᠬᠡᠷ ᠪᠠ ᠰᠠᠭᠠᠯᠢ ᠶᠢᠨ ᠦᠨᠢᠶ᠎ᠡ ᠲᠣᠰ ᠲᠣᠰ 23.8 | ᠲᠦᠮᠡ ᠪᠠ 3 ᠲᠦᠮᠡ ᠳᠤ ᠬᠦᠷᠴᠦ᠂ ᠵᠢᠯ ᠪᠦᠷᠢ ᠳᠤᠮᠳᠠᠴᠢ ᠪᠠᠷ ᠲᠣᠰ ᠲᠣᠰ 23.2% ᠪᠠ 18% ᠨᠡᠮᠡᠭᠳᠡᠪᠡ᠃ | ᠠᠵᠤ ᠦᠢᠯᠡᠳᠪᠦᠷᠢ ᠶᠢᠨ ᠬᠥᠭᠵᠢᠯᠲᠡ ᠶᠢᠨ ᠬᠠᠨᠳᠤᠰᠢ ᠦᠷᠭᠦᠯᠵᠢᠯᠡᠨ ᠴᠢᠩᠭᠠᠷᠠᠪᠠ᠃ ︽ᠠᠵᠤ ᠦᠢᠯᠡᠳᠪᠦᠷᠢ ᠪᠠᠷ | ᠬᠤᠰᠢᠭᠤ ᠪᠠᠨ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠬᠡᠪᠴᠢᠶᠡᠵᠢᠯ ᠠᠴᠠ | ᠳᠡᠭᠡᠭᠰᠢᠬᠢ 25 ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠭᠤᠤᠯᠳᠠᠯᠭ᠎ᠠ ᠲᠠᠢ ᠪᠤᠶᠢᠵᠢᠭᠤᠯᠪᠠ᠃ ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠤᠶᠢᠯ ᠢ 70 ᠬᠡᠷᠡᠭᠵᠢᠭᠦᠯᠵᠦ᠂ ᠶᠡᠷᠦᠩᠬᠡᠶ ᠪᠠᠯᠠ | ᠣᠷᠣᠭᠤᠯᠤᠯᠲᠠ ᠨᠢ 313.72 ᠳ᠋ᠦᠩᠰᠢᠭᠤᠷ ᠲᠥᠭᠦᠷᠢᠭ ᠲᠤ ᠬᠦᠷᠴᠦ᠂ 206 ᠳ᠋ᠦᠩᠰᠢᠭᠤᠷ ᠲᠥᠭᠦᠷᠢᠭ ᠤᠨ | ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠵᠢᠯ ᠪᠦᠷᠢ ᠳᠤᠮᠳᠠᠴᠢ ᠪᠠᠷ 12.2% ᠢᠶᠠᠷ ᠨᠡᠮᠡᠭᠳᠡᠪᠡ᠃ ᠳ᠋ᠧ ᠺᠠᠩ | ᠪᠦᠯᠦᠭᠯᠡᠯ ᠤᠨ ᠵᠠᠭᠤᠨ ᠲᠦᠮᠡᠨ ᠲᠣᠯᠣᠭᠠᠢ ᠭᠠᠭ᠋ᠠᠢ ᠶᠢᠨ ᠠᠵᠤ ᠦᠢᠯᠡᠰ ᠢ ᠨᠢᠭᠡ ᠴᠣᠭᠴᠠᠵᠢᠭᠤᠯᠬᠤ᠂ ᠢᠯᠢ | ᠪᠦᠯᠦᠭᠯᠡᠯ ᠤᠨ ᠳᠡᠭᠡᠲᠦ ᠲᠡᠰ ᠤᠨ ᠴᠠᠭᠠᠨ ᠢᠳᠡᠭᠡᠨ ᠤ ᠣᠶᠤᠨᠴᠢ ᠵᠢᠱᠢᠶ᠎ᠡ ᠦᠵᠡᠭᠦᠯᠬᠦ ᠵᠡᠷᠭᠡ 22 ᠲᠥᠷᠦᠯ | ᠵᠦᠢᠯ ᠢ ᠬᠦᠴᠦᠲᠡᠢ ᠠᠬᠢᠭᠤᠯᠵᠤ᠂ ᠤᠯᠠᠭᠠᠨ ᠲᠣᠮᠣ ᠬᠢᠮᠢ ᠶᠢᠨ ᠪᠣᠷᠳᠣᠭᠤᠷ᠂ ᠰᠢᠶᠧ ᠰᠢᠨ ᠭᠡᠷᠡᠯ ᠴᠡᠨᠡᠭ ᠵᠡᠷᠭᠡ | 48 ᠲᠥᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠠᠵᠤ ᠦᠢᠯᠡᠳᠪᠦᠷᠢ ᠶᠢᠨ | ᠭᠤᠣᠯᠳᠠᠯᠭ᠎ᠠ ᠲᠠᠢ ᠲᠥᠷᠥᠯ ᠵᠦᠢᠯ 55 ᠶᠢ ᠬᠡᠷᠡᠭᠵᠢᠭᠦᠯᠵᠦ᠂ ᠵᠦᠩ ᠭᠤᠸᠠᠩ ᠾᠧ ᠶᠢᠨ ᠵᠠᠭᠤᠨ ᠲᠦᠮᠡᠨ | ᠺᠢᠯᠣᠸᠠᠲ ᠤᠨ ᠰᠠᠯᠬᠢᠨ ᠴᠠᠬᠢᠯᠭᠠᠨ ᠤ ᠰᠠᠭᠤᠷᠢᠨ ᠭᠠᠵᠠᠷ᠂ ᠬᠢᠲᠠᠳ ᠡᠮ ᠤᠨ ᠰᠤᠪᠢᠯᠠᠯᠲᠠ ᠶᠢᠨ ᠰᠣᠶᠣᠯ ᠤᠨ | ᠬᠦᠷᠢᠶᠡᠯᠡᠩ ᠵᠡᠷᠭᠡ ᠨᠢᠭᠡ ᠪᠦᠯᠦᠭ ᠬᠥᠲᠥᠯᠥᠨ ᠳᠠᠭᠠᠭᠤᠯᠬᠤ ᠬᠡᠯᠪᠡᠷᠢ ᠶᠢᠨ ᠲᠥᠷᠥᠯ ᠵᠦᠢᠯ ᠢ ᠯᠠᠪᠳᠠᠭᠤᠨ ᠢᠶᠠᠷ | ᠬᠡᠷᠡᠭᠵᠢᠭᠦᠯᠪᠡ᠃ ᠬᠠᠸᠠ ᠵᠢᠯᠣᠭᠤᠴᠢ ᠦᠭᠡᠢ ᠨᠢᠰᠬᠡᠯ᠂ ᠳ᠋ᠢᠩ ᠴᠧᠩ ᠰᠤᠪᠤᠳ ᠡᠷᠳᠡᠨᠢ ᠶᠢᠨ ᠰᠣᠶᠣᠯ ᠤᠨ ᠠᠵᠤ | ᠦᠢᠯᠡᠰ ᠤᠨ ᠬᠦᠷᠢᠶᠡᠯᠡᠩ ᠵᠡᠷᠭᠡ ᠨᠢᠭᠡ ᠪᠦᠯᠦᠭ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠲᠦᠷᠭᠡᠪᠴᠢᠯᠡᠨ | ᠠᠬᠢᠭᠤᠯᠪᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠪᠤᠷᠢ ᠠᠯᠬᠤᠮ | ᠠᠯᠬᠤᠮ ᠢᠶᠠᠷ ᠴᠢᠩᠭᠠᠷᠠᠵᠤ᠂ 58 ᠠᠵᠤ ᠠᠬᠤᠶᠢᠯᠠᠯ ᠰᠢᠨ᠎ᠡ ᠪᠠᠷ ᠨᠡᠮᠡᠭᠳᠡᠵᠦ᠂ ᠶᠡᠷᠦᠩᠬᠡᠶ ᠲᠤᠭ᠎ᠠ ᠨᠢ 104 ᠪᠣᠯᠪᠠ | ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠲᠦᠷᠭᠡᠨ ᠬᠥᠭᠵᠢᠪᠡ᠃ ᠡᠮᠦᠨᠡᠲᠦ ᠬᠤᠰᠢᠭᠤᠨ ᠤ ᠴᠠᠭᠠᠨ | ᠰᠠᠷ᠎ᠠ ᠶᠢᠨ ᠦᠳᠡᠰᠢᠯᠡᠭᠡ᠂ ᠰᠢᠨ᠎ᠡ ᠵᠢᠯ ᠢ ᠤᠭᠲᠤᠬᠤ ᠳ᠋ᠧᠩ ᠤᠨ ᠴᠤᠭᠯᠠᠭᠠᠨ᠂ ᠲᠠᠯ᠎ᠠ ᠨᠤᠲᠤᠭ ᠤᠨ ᠰᠣᠶᠣᠯ | ᠵᠤᠭᠠᠴᠠᠯ ᠤᠨ ᠨᠠᠶᠢᠷ᠂ ︽ᠶᠢᠰᠦᠨ ᠦᠷᠳᠡᠭᠡᠨ ᠮᠠᠶ᠋ᠢᠭ︾ ᠤᠨ ᠬᠥᠳᠡᠭᠡ ᠲᠣᠰᠬᠤᠨ ᠤ ᠵᠤᠭᠠᠴᠠᠯ ᠵᠡᠷᠭᠡ ᠬᠦᠳᠡᠯᠭᠡᠭᠡᠨ | ᠨᠢ ᠣᠯᠠᠨ ᠤ ᠮᠠᠭᠲᠠᠭᠠᠯ ᠢ ᠤᠯᠵᠠᠢ᠃ ᠠᠯᠲᠠᠨ ᠡᠮᠡᠭᠡᠯᠲᠦ ᠦᠵᠡᠮᠵᠢ ᠶᠢᠨ ᠣᠷᠣᠨ᠂ ᠵᠤᠭᠠᠴᠠᠯ ᠤᠨ ᠥᠷᠲᠡᠭᠡ ᠨᠢ ︽ | ᠲᠠᠯ᠎ᠠ ᠨᠤᠲᠤᠭ ᠤᠨ ᠵᠤᠭᠠᠴᠠᠯ ᠤᠨ ᠺᠠᠷᠲ ᠠᠪᠬᠤ ᠭᠠᠵᠠᠷ︾ ᠪᠣᠯᠪᠠ᠃ ᠲᠠᠪᠤᠨ ᠵᠢᠯ ᠤᠨ ᠲᠤᠷᠰᠢ ᠵᠤᠭᠠᠴᠠᠭᠰᠠᠳ ᠢ | ᠨᠡᠶᠢᠲᠡ 968 . 4 ᠲᠦᠮᠡᠨ ᠬᠥᠮᠦᠨ ︵ᠤᠳᠠᠭ᠎ᠠ︶ ᠬᠦᠯᠢᠶᠡᠨ ᠠᠪᠴᠤ᠂ ᠵᠤᠭᠠᠴᠠᠯ ᠤᠨ ᠣᠷᠣᠯᠭ᠎ᠠ ᠶᠢ 80.1 | ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ ᠪᠦᠷᠢ ᠳᠤᠮᠳᠠᠴᠢ ᠪᠠᠷ ᠲᠤᠰ ᠲᠤᠰ 30.6% ᠪᠠ 27.4% ᠪᠠᠷ | ᠨᠡᠮᠡᠭᠳᠡᠪᠡ᠃ ᠪᠥᠬᠦ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ | ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠢ ᠠᠮᠵᠢᠯᠲᠠ ᠲᠠᠢ ᠡᠭᠦᠳᠦᠨ ᠪᠠᠶᠢᠭᠤᠯᠵᠤ᠂ ᠡᠯᠧᠺᠲᠷᠣᠨ | ᠬᠤᠳᠠᠯᠳᠤᠭᠠᠨ ᠤ ᠠᠷᠠᠯᠵᠢᠶᠠᠨ ᠤ ᠲᠤᠭ᠎ᠠ ᠶᠢ ᠨᠡᠶᠢᠲᠡ 4.55 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ ᠪᠦᠷᠢ | ᠳᠤᠮᠳᠠᠴᠢ ᠪᠠᠷ 30% ᠨᠡᠮᠡᠭᠳᠡᠪᠡ᠃ ᠦᠢᠯᠡᠰ ᠪᠤᠰᠬᠠᠵᠤ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ | ᠵᠢᠩᠬᠢᠨᠢ ᠪᠠᠷ ᠪᠠᠶᠢᠭᠤᠯᠤᠭᠳᠠᠵᠤ᠂ ᠰᠢᠷᠲ᠋ᠤᠨ᠂ ᠸᠧᠶᠧᠨᠠ ᠵᠡᠷᠭᠡ ᠪᠠᠭᠤᠳᠠᠯ ᠠᠰᠢᠭᠯᠠᠯᠲᠠ ᠳᠤ ᠣᠷᠣᠪᠠ᠃ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠵᠢᠯ ᠪᠦᠷᠢ ᠳᠤᠮᠳᠠᠴᠢ ᠪᠠᠷ 20. | 64% ᠪᠠ 11.79% ᠨᠡᠮᠡᠭᠳᠡᠪᠡ᠃ ᠵᠠᠰᠠᠭ ᠤᠨ ᠣᠷᠳᠣᠨ ᠤ ᠥᠷᠢ ᠥᠭᠴᠡᠭᠡ ᠶᠢ ᠨᠡᠶᠢᠲᠡ 37.27 | ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠱᠠᠩᠨᠠᠯ ᠨᠥᠬᠦᠪᠥᠷᠢ ᠶᠢᠨ ᠪᠠᠯᠠ | ᠮᠥᠩᠭᠦ ᠶᠢ 2.62 ᠳ᠋ᠦᠩᠰᠢᠭᠤᠷ ᠲᠥᠭᠦᠷᠢᠭ ᠭᠥᠷᠳᠡᠵᠦ᠂ ᠪᠥᠬᠦ ᠠᠶᠢᠮᠠᠭ ᠤᠨ 49.2% ᠢ ᠡᠵᠡᠯᠡᠪᠡ᠃ ᠰᠠᠭᠤᠷᠢ | ᠮᠥᠩᠭᠦᠨ ᠤ ᠵᠢᠵᠢᠭ ᠪᠠᠯᠭᠠᠰᠤᠨ ᠤ ᠦᠢᠯᠡᠴᠢᠯᠡᠭᠡᠨ ᠤ ᠲᠥᠪ ᠠᠰᠢᠭᠯᠠᠯᠲᠠ ᠳᠤ ᠣᠷᠣᠵᠤ᠂ ᠤᠯᠤᠰ ᠤᠨ ᠪᠠᠯᠠ | ᠣᠷᠣᠭᠤᠯᠤᠯᠲᠠ ᠶᠢᠨ ᠺᠣᠮᠫᠠᠨᠢ ᠨᠢ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠪᠠᠯᠠ | ᠮᠥᠩᠭᠦᠨ ᠤ ᠪᠠᠲᠤᠯᠠᠭ᠎ᠠ ᠬᠠᠩᠭᠠᠪᠠ᠃ | ᠡᠨᠡ ᠪᠣᠯ ᠬᠤᠲᠠ ᠬᠥᠳᠡᠭᠡ ᠶᠢᠨ ᠴᠢᠳᠠᠮᠵᠢ ᠶᠢᠨ ᠴᠢᠨᠠᠷ ᠴᠢᠨᠰᠠᠭ᠎ᠠ ᠨᠠᠩ ᠰᠠᠶᠢᠨ᠂ ᠠᠴᠢᠶᠠᠯᠠᠬᠤ ᠨᠥᠯᠥᠭᠡᠯᠡᠬᠦ | ᠬᠦᠴᠦᠨ ᠪᠦᠲᠦᠮᠵᠢᠲᠡᠶ ᠳᠡᠭᠡᠭᠰᠢᠯᠡᠭᠰᠡᠨ ᠲᠠᠪᠤᠨ ᠵᠢᠯ ᠪᠣᠯᠤᠨ᠎ᠠ᠃ ᠬᠦᠢᠯᠡᠷ ᠤᠨ ᠠᠮᠢ ᠠᠬᠤᠶ ᠶᠢᠨ ᠴᠡᠴᠡᠷᠯᠢᠭ᠂ ᠪᠢ | ᠬᠦᠶ ᠶᠤᠸᠠᠨ ᠲᠥᠪ ᠴᠡᠴᠡᠷᠯᠢᠭ ᠵᠡᠷᠭᠡ 22 ᠵᠤᠶᠢᠯ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ | ᠬᠥᠮᠦᠨ ᠪᠦᠷᠢ ᠶᠢᠨ ᠲᠡᠭᠰᠢᠳᠭᠡᠭᠰᠡᠨ ᠴᠡᠴᠡᠷᠯᠢᠭ ᠤᠨ ᠨᠣᠭᠤᠭᠠᠨ ᠭᠠᠵᠠᠷ ᠤᠨ ᠲᠠᠯᠠᠪᠠᠶ 31.12 ᠲᠡᠭᠰᠢ | ᠳᠥᠷᠪᠡᠯᠵᠢᠨ ᠮᠧᠲᠷ ᠲᠤ ᠬᠦᠷᠴᠦ᠂ ︽ᠤᠯᠤᠰ ᠤᠨ ᠴᠡᠴᠡᠷᠯᠢᠭ ᠮᠠᠶ᠋ᠢᠭ ᠤᠨ ᠰᠢᠶᠠᠨ ᠤ ᠬᠤᠲᠠ︾ ᠶᠢᠨ ᠢᠷᠠᠭᠤ | ᠠᠯᠳᠠᠷ ᠤᠨ ᠴᠣᠯᠠ ᠶᠢ ᠭᠥᠷᠳᠡᠪᠡ᠃ ᠬᠤᠲᠠ ᠲᠣᠭᠤᠷᠢᠭᠰᠠᠨ ᠪᠠᠷᠠᠭᠤᠨ ᠵᠠᠮ᠂ ᠬᠠᠰᠠᠷ ᠵᠡᠭᠡᠯᠢ ᠵᠡᠷᠭᠡ 11 ᠵᠤᠷᠪᠤᠰ | ᠬᠤᠲᠠ ᠶᠢᠨ ᠶᠠᠪᠤᠳᠠᠯ ᠤᠨ ᠵᠠᠮ᠂ 12 ᠬᠥᠭᠦᠷᠭᠡ ᠶᠢᠨ ᠢᠨᠵᠧᠨᠧᠷᠢᠩ ᠢ ᠪᠡᠶᠡᠯᠡᠬᠦᠯᠵᠦ᠂ ᠰᠢᠨ᠎ᠡ ᠪᠠᠷ ᠵᠠᠰᠠᠭᠰᠠᠨ | ᠵᠠᠮ ᠤᠨ ᠤᠷᠲᠤ ᠨᠢ 35 ᠺᠢᠯᠣᠮᠧᠲᠷ ᠲᠤ ᠲᠤᠯᠵᠠᠢ᠃ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ | ᠨᠡᠭᠦᠯᠭᠡᠬᠦ ᠬᠡᠰᠡᠭ ᠲᠤᠭᠠᠨ ᠤ ᠠᠵᠢᠯ ᠢ ᠪᠡᠶᠡᠯᠡᠭᠦᠯᠵᠦ᠂ ᠬᠤᠲᠠ ᠶᠢᠨ ᠴᠢᠳᠠᠮᠵᠢ ᠶᠢ ᠤᠯᠠᠮ ᠨᠢᠭᠡ ᠠᠯᠬᠤᠮ | ᠴᠢᠩᠭᠠᠳᠬᠠᠪᠠ᠃ ᠭᠡᠷ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠠᠯᠠᠪᠠᠢ 550 ᠲᠦᠮᠡᠨ ᠲᠡᠭᠰᠢ ᠳᠥᠷᠪᠡᠯᠵᠢᠨ | ᠮᠧᠲᠷ ᠲᠤ ᠬᠦᠷᠴᠦ᠂ 3038 ᠡᠷᠦᠬᠡ ᠶᠢᠨ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ | ᠥᠭᠡᠷᠡᠴᠢᠯᠡᠯᠲᠡ ᠶᠢ ᠪᠡᠶᠡᠯᠡᠭᠦᠯᠵᠦ᠂ 14250 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠪᠡ᠃ | ︽ᠤᠶᠤᠨᠲᠤ ᠬᠤᠲᠠ ᠶᠢᠨ ᠬᠠᠮᠢᠶᠠᠷᠤᠯᠲᠠ︾ ᠶᠢᠨ ᠲᠠᠪᠴᠠᠩ ᠢ ᠠᠩᠬ᠎ᠠ ᠠᠯᠬᠤᠮ ᠪᠠᠶᠢᠭᠤᠯᠵᠤ᠂ ᠬᠤᠲᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ 6 ᠵᠤᠷᠪᠤᠰ | ᠠᠭᠤᠯᠠᠨ ᠦᠶᠡᠷ ᠤᠨ ᠭᠤᠤ ᠶᠢ ᠵᠠᠰᠠᠬᠤ᠂ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠠᠵᠢᠯ ᠢ | 384.21 ᠲᠡᠭᠰᠢ ᠳᠥᠷᠪᠡᠯᠵᠢᠨ ᠺᠢᠯᠣᠮᠧᠲᠷ ᠪᠡᠶᠡᠯᠡᠭᠦᠯᠪᠡ᠃ 581 ᠺᠢᠯᠣᠮᠧᠲᠷ ᠳᠡᠭᠡᠲᠦ ᠲᠡᠰ ᠤᠨ ᠵᠠᠰᠠᠮᠠᠯ ᠵᠠᠮ | ᠢ ᠰᠢᠨ᠎ᠡ ᠪᠠᠷ ᠨᠡᠮᠡᠭᠳᠡᠭᠦᠯᠵᠦ᠂ 893.7 ᠺᠢᠯᠣᠮᠧᠲᠷ ᠲᠣᠰᠬᠤᠨ ᠳᠤ ᠨᠡᠪᠲᠡᠷᠡᠬᠦ ᠵᠠᠰᠠᠮᠠᠯ ᠵᠠᠮ᠂ ᠵᠡᠭᠡᠯᠢ | ᠭᠤᠳᠤᠮᠵᠢ ᠶᠢ ᠬᠠᠲᠠᠭᠤᠷᠠᠭᠤᠯᠤᠭᠰᠠᠨ ᠤᠷᠲᠤ ᠶᠢᠨ ᠬᠡᠮᠵᠢᠶ᠎ᠡ 1010 ᠺᠢᠯᠣᠮᠧᠲᠷ ᠲᠤᠯᠵᠠᠢ᠃ ᠪᠠᠶᠢᠴᠧᠩ ᠠᠴᠠ | ᠷᠠᠰᠢᠶᠠᠨ ᠬᠦᠷᠬᠦ ᠲᠡᠮᠦᠷ ᠵᠠᠮ ᠤᠨ ᠴᠢᠳᠠᠪᠬᠢ ᠶᠢ ᠥᠷᠭᠡᠳᠬᠡᠬᠦ ᠥᠭᠡᠷᠡᠴᠢᠯᠡᠯᠲᠡ ᠶᠢ ᠪᠡᠶᠡᠯᠡᠭᠦᠯᠵᠦ᠂ ᠪᠦᠬᠦ | ᠬᠤᠰᠢᠭᠤᠨ ᠤ ᠲᠡᠮᠦᠷ ᠵᠠᠮ ᠤᠨ ᠶᠡᠷᠦᠩᠬᠡᠢ ᠤᠷᠲᠤ 278 ᠺᠢᠯᠣᠮᠧᠲᠷ ᠲᠤ ᠬᠦᠷᠪᠡ᠃ ᠢᠮᠢᠨ ᠬᠢᠩᠭᠠᠨ | ᠤᠯᠠᠭᠠᠨᠬᠤᠲᠠ ᠶᠢᠨ 500 ᠺᠢᠯᠣᠸᠠᠲ ᠤᠨ ᠴᠠᠬᠢᠯᠭᠠᠨ ᠬᠦᠴᠦᠳᠡᠯ ᠬᠤᠪᠢᠰᠬᠠᠬᠤ ᠢᠨᠵᠧᠨᠧᠷᠢᠩ ᠢ ᠠᠵᠢᠯ | ᠳᠠᠭᠤᠰᠬᠠᠨ ᠠᠰᠢᠭᠯᠠᠯᠲᠠ ᠳᠤ ᠣᠷᠣᠭᠤᠯᠵᠤ᠂ 2405.9 ᠺᠢᠯᠣᠮᠧᠲᠷ ᠴᠠᠬᠢᠯᠭᠠᠨ ᠬᠦᠴᠦᠨ ᠤ ᠱᠤᠭᠤᠮ ᠢ | ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ᠂ 38625 ᠡᠷᠦᠬᠡ ᠶᠢᠨ ᠴᠠᠬᠢᠯᠭᠠᠨ ᠬᠠᠩᠭᠠᠬᠤ ᠴᠢᠳᠠᠪᠤᠷᠢ ᠶᠢ | ᠳᠡᠭᠡᠭᠰᠢᠯᠡᠭᠦᠯᠬᠦ ᠢᠨᠵᠧᠨᠧᠷᠢᠩ ᠢ ᠪᠡᠶᠡᠯᠡᠭᠦᠯᠵᠡᠢ᠃ | ᠡᠨᠡ ᠪᠣᠯ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠨᠡᠩ ᠴᠢᠩᠭ᠎ᠠ᠂ ᠦᠷᠬᠦᠯᠵᠢᠯᠡᠭᠰᠡᠨ | ᠬᠥᠭᠵᠢᠯᠲᠡ ᠶᠢᠨ ᠬᠦᠴᠦᠨ ᠢᠯᠡᠳᠲᠡ ᠳᠡᠭᠡᠭᠰᠢᠯᠡᠭᠰᠡᠨ ᠲᠠᠪᠤᠨ ᠵᠢᠯ ᠪᠣᠯᠤᠨ᠎ᠠ᠃ 56 ᠲᠦᠮᠡᠨ ᠮᠦ ᠶᠢ | ᠣᠶᠢᠵᠢᠭᠤᠯᠤᠨ ᠨᠣᠭᠤᠭᠠᠷᠠᠭᠤᠯᠵᠤ᠂ 80 ᠲᠦᠮᠡᠨ ᠮᠦ ᠶᠢᠨ ᠲᠠᠯ᠎ᠠ ᠨᠤᠲᠤᠭ ᠤᠨ ᠪᠦᠲᠦᠭᠡᠨ ᠪᠠᠶᠢᠭᠤᠯᠤᠯᠲᠠ ᠶᠢᠨ | ᠡᠭᠦᠷᠭᠡ ᠶᠢ ᠪᠡᠶᠡᠯᠡᠭᠦᠯᠦᠨ᠂ ᠣᠢ ᠰᠢᠭᠤᠢ ᠶᠢᠨ ᠪᠦᠷᠬᠦᠴᠡ᠂ ᠲᠠᠯ᠎ᠠ ᠨᠤᠲᠤᠭ ᠤᠨ ᠤᠷᠭᠤᠮᠠᠯ ᠪᠦᠷᠬᠦᠴᠡ ᠲᠣᠰᠪᠣᠷᠢ | 25.33 % ᠪᠠ 64.83% ᠳᠤ ᠬᠦᠷᠪᠡ᠃ ᠤᠯᠠᠭᠠᠠᠭᠤᠤᠯ ᠤᠨ ᠬᠠᠮᠠᠭᠠᠯᠠᠯᠲᠠ ᠶᠢᠨ ᠣᠷᠣᠨ ᠤ ᠠᠮᠢ | ᠠᠬᠤᠶ ᠶᠢᠨ ᠳᠠᠭᠠᠭᠠᠴᠠ ᠲᠠᠰᠤᠷᠠᠯᠲᠠ ᠥᠬᠡᠶ ᠳᠡᠭᠡᠭᠰᠢᠯᠡᠵᠦ᠂ ᠶᠡᠭᠡ ᠬᠦᠬᠡ ᠠᠭᠤᠯᠠ ᠶᠢᠨ ᠬᠠᠮᠠᠭᠠᠯᠠᠯᠲᠠ ᠶᠢᠨ | ᠣᠷᠣᠨ ᠠᠮᠵᠢᠯᠲᠠ ᠲᠠᠢ ᠪᠠᠷ ᠤᠯᠤᠰ ᠤᠨ ᠲᠠᠰ ᠤᠨ ᠬᠠᠮᠠᠭᠠᠯᠠᠯᠲᠠ ᠶᠢᠨ ᠣᠷᠣᠨ ᠪᠣᠯᠪᠠ᠃ ᠠᠭᠠᠷ ᠮᠠᠨᠳᠠᠯ ᠤᠨ | ᠪᠣᠬᠢᠷᠲᠤᠯ ᠤᠨ ᠡᠬᠢ ᠰᠤᠷᠪᠤᠯᠵᠢ ᠶᠢ ᠪᠠᠷᠢᠮᠵᠢᠶ᠎ᠠ ᠳᠤ ᠬᠦᠷᠭᠡᠵᠦ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ 38 | ᠠᠵᠤ ᠠᠬᠤᠶᠢᠯᠠᠯ ᠤᠨ ᠨᠡᠭᠦᠷᠡᠰᠦ ᠰᠢᠲᠠᠭᠠᠬᠤ ᠵᠤᠤᠬ᠎ᠠ ᠶᠢ ᠴᠠᠭᠠᠵᠠᠯᠠᠨ ᠥᠭᠡᠷᠡᠴᠢᠯᠡᠪᠡ᠃ ᠭᠤᠣᠯ ︵ᠨᠠᠭᠤᠷ︶ ᠤᠨ | ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠣᠯᠣᠨ᠂ ᠡᠷᠬᠢᠲᠦ ᠵᠡᠷᠭᠡ ᠤᠤᠭᠤᠬᠤ ᠤᠰᠤᠨ ᠤ | ᠡᠬᠢ ᠰᠤᠷᠪᠤᠯᠵᠢ ᠶᠢᠨ ᠭᠠᠵᠠᠷ ᠤᠨ ᠲᠣᠬᠢᠷᠠᠭᠤᠯᠤᠯᠲᠠ ᠶᠢ ᠪᠡᠶᠡᠯᠡᠭᠦᠯᠵᠡᠢ᠃ ᠬᠤᠰᠢᠭᠤᠨ ᠤ ᠳᠣᠲᠣᠷᠠᠬᠢ ᠨᠢᠳᠤᠯᠭᠠᠨ | ᠤ ᠠᠵᠤ ᠠᠬᠤᠶᠢᠯᠠᠯ ᠤᠨ ᠪᠣᠬᠢᠷ ᠤᠰᠤ ᠰᠢᠢᠳᠪᠦᠷᠢᠯᠡᠬᠦ ᠲᠥᠬᠦᠭᠡᠷᠦᠮᠵᠢ ᠲᠣᠭᠲᠠᠭᠤᠨ ᠢᠶᠠᠷ ᠠᠵᠢᠯᠯᠠᠵᠤ ᠪᠠᠶᠢᠨ᠎ᠠ᠃ | ᠬᠦᠷᠦᠰᠦᠨ ᠤ ᠪᠣᠬᠢᠷᠲᠤᠯ ᠤᠨ ᠪᠠᠶᠢᠳᠠᠯ ᠤᠨ ᠨᠠᠷᠢᠨ ᠪᠠᠶᠢᠴᠠᠭᠠᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠰᠢᠢᠳᠪᠦᠷᠢᠯᠡᠬᠦ ᠨᠣᠷᠮ᠎ᠠ 100% ᠳᠤ | ᠬᠦᠷᠪᠡ᠃ ᠣᠷᠴᠢᠨ ᠲᠣᠭᠤᠷᠢᠨ ᠢ ᠬᠠᠮᠠᠭᠠᠯᠠᠬᠤ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ᠂ ᠨᠡᠳᠦᠬᠡᠷ ᠤᠨ | ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠵᠡᠷᠭᠡ ᠪᠣᠬᠢᠷᠲᠤᠯ ᠢ ᠰᠡᠷᠭᠡᠶᠢᠯᠡᠨ ᠵᠠᠰᠠᠬᠤ 57 ᠲᠦᠷᠦᠯ ᠵᠦᠢᠯ ᠢ | ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠯᠠᠪᠳᠠᠭᠤᠯᠤᠨ ᠪᠠᠶᠢᠴᠠᠭᠠᠬᠤ ᠵᠢᠴᠢ ︽ᠡᠷᠬᠢᠨ ᠬᠠᠷᠠᠬᠤ︾ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠦᠬᠦᠨ ᠢ | ᠪᠡᠶᠡᠯᠡᠬᠦᠯᠵᠦ᠂ ︽ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠭᠦᠯᠬᠦ︾ ᠵᠠᠮ ᠶᠠᠪᠤᠬᠤ | ᠲᠤᠳᠤᠮ ᠲᠣᠭᠲᠠᠭᠤᠨ ᠪᠣᠯᠪᠠ᠃ | ᠡᠨᠡ ᠪᠣᠯ ᠠᠷᠠᠳ ᠲᠤ ᠠᠰᠢᠭᠲᠠᠶ ᠶᠠᠪᠤᠳᠠᠯ ᠢ ᠨᠡᠩ ᠦᠷᠬᠡᠨ ᠳᠡᠯᠭᠡᠷ ᠲᠦᠬᠡᠮᠡᠯ ᠬᠠᠷᠠᠭᠠᠯᠵᠠᠯ ᠦᠵᠡᠬᠦᠯᠵᠦ᠂ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠦᠴᠦᠨ ᠪᠥᠬᠦ ᠲᠠᠯ᠎ᠠ ᠪᠠᠷ ᠳᠡᠭᠡᠭᠰᠢᠯᠡᠭᠰᠡᠨ ᠲᠠᠪᠤᠨ ᠵᠢᠯ ᠪᠣᠯᠤᠨ᠎ᠠ᠃ | ᠶᠠᠳᠠᠭᠤ ᠠᠴᠠ ᠠᠩᠭᠢᠵᠢᠷᠠᠭᠤᠯᠬᠤ ᠶᠢ ᠤᠷᠤᠭᠰᠢᠲᠠᠶ ᠪᠡᠶᠡᠯᠡᠭᠦᠯᠪᠡ᠃ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ | ᠠᠷᠭ᠎ᠠ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠤᠶᠠᠷ ᠲᠤ ᠵᠣᠪᠠᠭ᠋ᠤ ᠥᠬᠡᠶ ᠭᠤᠷᠪᠠ ᠶᠢ | ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠲᠣᠭᠲᠠᠭᠤᠨ ᠢᠶᠠᠷ ᠪᠠᠷᠢᠮᠵᠢᠶ᠎ᠠ ᠳᠤ ᠬᠦᠷᠴᠦ᠂ ᠠᠵᠢᠯ | ᠲᠥᠷᠥᠯ ᠢᠶᠠᠷ ᠶᠠᠳᠠᠭᠤ ᠶᠢ ᠲᠡᠳᠬᠦᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠲᠥᠪ ᠤᠨ ᠪᠠᠶᠢᠭᠤᠯᠭ᠎ᠠ ᠨᠢᠬᠡᠴᠡ ᠶᠢᠨ | ᠴᠡᠭ ᠲᠣᠭᠲᠠᠭᠠᠨ ᠬᠠᠪᠰᠤᠷᠤᠨ ᠲᠡᠳᠬᠦᠬᠦ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ᠂ | ᠮᠤᠵᠢ ᠶᠢᠨ ᠱᠠᠲᠤᠨ ᠤ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ᠂ ᠲᠢᠩᠬᠢᠮ ᠲᠣᠪᠴᠢᠶ᠎ᠠ ᠶᠢᠨ ᠬᠠᠪᠰᠤᠷᠤᠨ | ᠲᠡᠳᠬᠦᠬᠦ ᠠᠵᠢᠯ ᠪᠣᠳᠠᠲᠤ ᠦᠷ᠎ᠡ ᠪᠦᠲᠦᠮᠵᠢ ᠤᠯᠪᠠ᠃ ᠶᠠᠳᠠᠭᠤ ᠶᠢ ᠲᠡᠳᠬᠦᠬᠦ ᠪᠡᠯᠡ ᠮᠥᠩᠭᠦ ᠶᠢ ᠨᠡᠶᠢᠲᠡ 24 . | 78 ᠳ᠋ᠦᠩᠰᠢᠭᠤᠷ ᠲᠥᠭᠦᠷᠢᠭ ᠣᠷᠣᠭᠤᠯᠵᠤ᠂ ᠡᠭᠦᠨ ᠳᠤ ᠠᠵᠤ ᠦᠢᠯᠡᠰ ᠤᠨ ᠲᠥᠷᠥᠯ ᠤᠨ ᠶᠠᠳᠠᠭᠤ ᠶᠢ ᠲᠡᠳᠬᠦᠬᠦ | ᠪᠡᠯᠡ ᠮᠥᠩᠭᠦ ᠶᠢ 8 . 01 ᠳ᠋ᠦᠩᠰᠢᠭᠤᠷ ᠲᠥᠭᠦᠷᠢᠭ ᠣᠷᠣᠭᠤᠯᠵᠤ᠂ ᠠᠵᠤ ᠦᠢᠯᠡᠰ ᠢ ᠡᠷᠦᠬᠡ ᠳᠤ ᠬᠦᠷᠭᠡᠬᠦ | ᠲᠥᠷᠥᠯ ᠵᠦᠢᠯ ᠪᠣᠯᠤᠨ ᠣᠨᠴᠠᠯᠢᠭᠲᠤ ᠲᠥᠷᠥᠯ ᠵᠦᠢᠯ ᠢ 273 ᠬᠡᠷᠡᠭᠵᠢᠭᠦᠯᠪᠡ᠃ 10507 ᠡᠷᠦᠬᠡ᠂ | 24430 ᠬᠥᠮᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤᠷᠠᠯ ᠡᠭᠦᠰᠬᠦ ᠨᠣᠷᠮ᠎ᠠ ᠶᠢ 17.12% ᠠᠴᠠ | ᠲᠡᠭ ᠪᠣᠯᠭᠠᠵᠤ᠂ 135 ᠶᠠᠳᠠᠭᠤ ᠬᠦᠴᠢᠷᠳᠡᠯᠲᠡᠶ ᠲᠣᠰᠬᠤᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ | ᠤᠯᠤᠰ ᠤᠨ ᠲᠠᠰ ᠤᠨ ᠶᠠᠳᠠᠭᠤ ᠬᠦᠴᠢᠷᠳᠡᠯᠲᠡᠶ ᠰᠢᠶᠠᠨ ᠤ ᠡᠩᠨᠡᠭᠡ ᠠᠴᠠ ᠲᠣᠭᠲᠠᠭᠰᠠᠨ ᠬᠤᠭᠤᠴᠠᠭᠠᠨ ᠳᠠᠭᠠᠨ | ᠭᠠᠷᠪᠠ᠃ ᠡᠨᠡ ᠪᠣᠯ ᠲᠦᠮᠡᠨ ᠭᠠᠷᠤᠢ ᠶᠠᠳᠠᠭᠤ ᠶᠢ ᠲᠡᠳᠬᠦᠬᠦ ᠺᠠᠳ᠋ᠷ ᠤᠨ ᠡᠷᠡᠮᠡᠬᠡᠶᠢᠯᠡᠨ ᠴᠢᠷᠮᠠᠶᠢᠵᠦ᠂ ᠣᠷᠭᠢᠯᠤᠮ᠎ᠠ | ᠬᠠᠯᠠᠭᠤᠨ ᠰᠡᠳᠬᠢᠯᠭᠡ ᠪᠠᠷ ᠲᠤᠰᠢᠶᠠᠭᠰᠠᠨ ᠬᠠᠮᠤᠭ ᠤᠨ ᠬᠠᠨᠤᠮᠵᠢᠲᠠᠶ ᠶᠠᠳᠠᠭᠤ ᠶᠢ ᠲᠡᠳᠬᠦᠬᠦ ︽ᠬᠢᠷᠢ ᠪᠦᠲᠦᠮᠵᠢ ᠶᠢᠨ | ᠬᠠᠭᠤᠳᠠᠰᠤ︾ ᠪᠣᠯᠤᠨ᠎ᠠ᠃ ᠨᠡᠶᠢᠭᠡᠮ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ | ᠥᠷᠭᠡᠳᠬᠡᠵᠡᠢ᠃ ᠡᠯ᠎ᠡ ᠲᠥᠷᠥᠯ ᠤᠨ ᠠᠪᠤᠷᠠᠨ ᠲᠤᠰᠠᠯᠠᠬᠤ᠂ ᠨᠥᠬᠦᠪᠥᠷᠢ ᠪᠡᠯᠡ ᠮᠥᠩᠭᠦ 8.7 ᠳ᠋ᠦᠩᠰᠢᠭᠤᠷ | ᠲᠥᠭᠦᠷᠢᠭ ᠵᠠᠷᠤᠴᠠᠭᠤᠯᠵᠤ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ | ᠪᠠᠷᠢᠮᠵᠢᠶ᠎ᠠ ᠲᠣᠰ ᠲᠣᠰ 57% ᠪᠠ 69% ᠳᠡᠭᠡᠭᠰᠢᠯᠡᠵᠦ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ | ᠲᠠᠰᠤᠷᠠᠯᠲᠠ ᠦᠭᠡᠢ ᠲᠡᠭᠦᠯᠳᠡᠷᠵᠢᠪᠡ᠃ ᠭᠠᠵᠠᠷ ᠰᠢᠷᠣᠶ ᠪᠠᠨ ᠠᠯᠳᠠᠭᠰᠠᠨ ᠲᠠᠷᠢᠶᠠᠴᠢᠳ ᠲᠤ 1.3 ᠳ᠋ᠦᠩᠰᠢᠭᠤᠷ | ᠲᠥᠭᠦᠷᠢᠭ ᠤᠨ ᠨᠠᠰᠤᠵᠢᠯ ᠤᠨ ᠳᠠᠭᠠᠳᠬᠠᠯ ᠲᠤᠰᠢᠶᠠᠵᠤ᠂ ᠲᠡᠳᠡᠨ ᠤ ᠬᠤᠶᠢᠰᠢᠳᠠ ᠶᠢᠨ ᠵᠣᠪᠠᠨᠢᠯ ᠢ ᠨᠢ | ᠰᠢᠢᠳᠪᠦᠷᠢᠯᠡᠪᠡ᠃ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ 64 ᠲᠥᠷᠥᠯ ᠵᠦᠢᠯ ᠢ | ᠬᠡᠷᠡᠭᠵᠢᠭᠦᠯᠪᠡ᠃ 89 ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠵᠦ᠂ ᠠᠵᠢᠯ ᠣᠯᠭᠤᠯᠲᠠ ᠶᠢᠨ | ᠲᠤᠰᠠᠯᠠᠮᠵᠢ ᠶᠢᠨ ᠠᠵᠢᠯ ᠤᠨ ᠪᠠᠶᠢᠷᠢ 205 ᠲᠣᠬᠢᠷᠠᠭᠤᠯᠪᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ︽ | ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ︾ ᠶᠢᠨ ᠢᠷᠠᠭᠤ ᠠᠯᠳᠠᠷ ᠢ ᠭᠥᠷᠳᠡᠵᠦ᠂ ᠵᠠᠯᠭᠠᠭ᠎ᠠ ᠪᠠᠷ 7 ᠤᠳᠠᠭ᠎ᠠ | ︽ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ︾ ᠪᠠᠷ ᠦᠨᠡᠯᠡᠭᠳᠡᠪᠡ᠃ | ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠳᠠᠪᠰᠢᠪᠠ᠃ ᠬᠤᠲᠠ ᠪᠠᠯᠭᠠᠰᠤᠨ ᠤ 9400 ᠬᠥᠮᠦᠨ ᠳᠤ | ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3. | 9 % ᠶᠢᠨ ᠳᠣᠲᠣᠷ᠎ᠠ ᠬᠢᠵᠠᠭᠠᠷᠯᠠᠵᠠᠢ᠃ ᠵᠢᠭᠠᠨ ᠰᠤᠷᠭᠠᠯᠲᠠ ᠶᠢᠨ ᠬᠠᠪᠰᠤᠷᠤᠮᠵᠢ ᠴᠢᠨᠠᠷᠲᠠᠢ ᠭᠡᠷ ᠪᠠᠶᠢᠰᠢᠩ ᠢ 14. | 3 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠴᠠᠯᠢᠩ ᠬᠥᠯᠥᠰᠥ ᠶᠢᠨ ᠳᠦᠷᠢᠮ ᠤᠨ | ᠥᠭᠡᠷᠡᠴᠢᠯᠡᠯᠲᠡ ᠶᠢ ᠪᠡᠶᠡᠯᠡᠭᠦᠯᠵᠦ᠂ 1426 ᠪᠠᠭᠰᠢ ᠨᠥᠬᠦᠪᠥᠷᠢᠯᠡᠪᠡ᠃ ᠤᠯᠤᠰ ᠤᠨ ᠠᠯᠪᠠᠨ ᠵᠢᠷᠤᠮ ᠤᠨ | ᠰᠤᠷᠭᠠᠨ ᠬᠥᠮᠦᠵᠢᠯ ᠦᠨᠳᠦᠰᠦᠨ ᠳᠡᠭᠡᠨ ᠲᠡᠩᠴᠡᠭᠦᠷᠢᠲᠡᠶ ᠬᠤᠰᠢᠭᠤᠨ ᠤ ᠰᠢᠯᠭᠠᠨ ᠪᠠᠶᠢᠴᠠᠭᠠᠯᠲᠠ ᠳᠤ ᠬᠢᠷᠢ | ᠲᠡᠩᠴᠡᠪᠡ᠃ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢ ᠪᠦᠬᠦᠯᠢ ᠴᠣᠭᠴᠠ ᠪᠠᠷ ᠨᠢ ᠨᠡᠭᠦᠯᠭᠡᠨ | ᠰᠢᠯᠵᠢᠭᠦᠯᠵᠦ᠂ ᠮᠣᠩᠭᠤᠯ ᠬᠢᠲᠠᠳ ᠡᠮᠨᠡᠯᠭᠡ ᠶᠢᠨ ᠣᠷᠳᠣᠨ ᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠪᠡ᠃ ︽ | ᠬᠠᠮᠤᠭ ᠤᠨ ᠣᠷᠳᠣ ᠮᠣᠩᠭᠤᠯ ᠦᠨᠳᠦᠰᠦᠲᠡᠨ ᠤ ᠬᠠᠳᠬᠤᠮᠠᠯ ᠤᠨ ᠡᠪᠬᠡᠮᠡᠯ︾ ᠨᠢ ᠬᠢᠨᠢᠰ ᠤᠨ ᠳᠡᠯᠡᠬᠡᠶ ᠶᠢᠨ | ᠲᠡᠮᠳᠡᠭᠯᠡᠯ ᠳᠤ ᠰᠣᠩᠭᠤᠭᠳᠠᠪᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ ᠪᠡᠶ᠎ᠡ ᠶᠢᠨ ᠲᠠᠮᠢᠷ ᠤᠨ | ᠴᠡᠴᠡᠷᠯᠢᠭ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃ ᠨᠡᠶᠢᠭᠡᠮ ᠤᠨ ᠪᠠᠶᠢᠳᠠᠯ ᠡᠶ᠎ᠡ | ᠵᠣᠬᠢᠴᠠᠯ ᠲᠠᠢ ᠲᠣᠭᠲᠠᠭᠤᠨ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠯᠠᠪᠳᠠᠭᠤᠨ ᠢᠶᠠᠷ | ᠠᠬᠢᠵᠤ᠂ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠲᠡᠭᠦᠰ ᠠᠮᠵᠢᠯᠲᠠ ᠲᠠᠢ | ᠥᠨᠳᠥᠷᠯᠡᠪᠡ᠃ ᠵᠦᠪ ᠪᠤᠰᠦ ᠪᠠᠷ ᠴᠠᠯᠢᠩ ᠥᠷᠢᠲᠦᠬᠦ ᠠᠵᠢᠯᠯᠠᠭ᠎ᠠ ᠳᠤ ᠬᠠᠲᠠᠭᠤ ᠴᠢᠩᠭ᠎ᠠ ᠴᠣᠬᠢᠯᠲᠠ ᠥᠭᠴᠦ᠂ | ᠨᠡᠶᠢᠲᠡ 4500 ᠬᠥᠯᠥᠰᠥᠨ ᠠᠵᠢᠯᠴᠢᠨ ᠳᠤ 9000 ᠲᠦᠮᠡᠨ ᠲᠥᠭᠦᠷᠢᠭ ᠤᠨ ᠴᠠᠯᠢᠩ ᠨᠡᠬᠡᠮᠵᠢᠯᠡᠨ ᠠᠪᠴᠤ | ᠥᠭᠪᠡ᠃ ᠬᠠᠷᠭᠢᠰ ᠬᠦᠴᠦᠨ ᠤ 2 ᠶᠠᠯᠠᠲᠤ ᠪᠦᠯᠬᠦᠮ᠂ ᠬᠠᠷᠭᠢᠰ ᠬᠦᠴᠦᠨ ᠳᠤ ᠬᠤᠯᠪᠣᠭᠳᠠᠭᠰᠠᠨ ᠪᠤᠰᠤᠳ | ᠪᠦᠯᠬᠦᠮ 6 ᠶᠢ ᠪᠣᠳᠠ ᠨᠢᠷᠭᠡᠵᠦ᠂ ᠬᠠᠷᠭᠢᠰ ᠬᠦᠴᠦᠨ ᠳᠤ ᠬᠤᠯᠪᠣᠭᠳᠠᠭᠰᠠᠨ ᠶᠢᠰᠦᠨ ᠲᠥᠷᠥᠯ ᠤᠨ 32 ᠬᠡᠷᠡᠭ ᠢ | ᠢᠯᠡᠷᠡᠭᠦᠯᠵᠦ᠂ ᠨᠡᠶᠢᠲᠡ 98 ᠬᠥᠮᠦᠨ ᠳᠤ ᠴᠣᠬᠢᠯᠲᠠ ᠥᠭᠴᠦ᠂ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ︽ᠵᠢᠷᠭᠤᠭ᠎ᠠ ᠶᠢ ᠴᠡᠪᠡᠷᠯᠡᠬᠦ︾ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠣᠯᠠᠨ ᠲᠦᠮᠡᠨ ᠤ ᠠᠮᠤᠷ | ᠲᠦᠪᠰᠢᠨ ᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢᠨ ︽ᠬᠤᠤᠰ ᠳᠡᠭᠡᠭᠰᠢᠯᠡᠯᠲᠡ︾ ᠶᠢ ᠪᠡᠶᠡᠯᠡᠭᠦᠯᠪᠡ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ︽ᠪᠦᠬᠦ ᠤᠯᠤᠰ ᠠᠴᠠ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ︾ ᠪᠠᠷ ᠦᠨᠡᠯᠡᠭᠳᠡᠪᠡ᠃ | ᠡᠨᠡ ᠪᠣᠯ ᠥᠭᠡᠷᠡᠴᠢᠯᠡᠯᠲᠡ ᠨᠡᠭᠡᠭᠡᠯᠲᠡ ᠶᠢᠨ ᠡᠷᠴᠢᠮ ᠨᠠᠩ ᠴᠢᠩᠭᠠᠷᠠᠵᠤ᠂ ᠨᠡᠶᠢᠭᠡᠮ ᠤᠨ ᠪᠦᠲᠦᠭᠡᠯᠴᠢ ᠬᠦᠴᠦᠨ | ᠦᠷᠭᠦᠯᠵᠢᠯᠡᠨ ᠳᠡᠭᠡᠭᠰᠢᠯᠡᠭᠰᠡᠨ ᠲᠠᠪᠤᠨ ᠵᠢᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ | ᠰᠢᠭᠤᠳ ᠬᠠᠮᠢᠶᠠᠷᠬᠤ ᠥᠭᠡᠷᠡᠴᠢᠯᠡᠯᠲᠡ ᠶᠢ ᠪᠡᠶᠡᠯᠡᠭᠦᠯᠵᠦ᠂ ᠪᠦᠬᠦ ᠣᠷᠣᠨ ᠤ 22 ᠲᠤᠷᠰᠢᠯᠲᠠ ᠶᠢᠨ ᠴᠡᠭ ᠤᠨ ᠨᠢᠭᠡ | ᠪᠣᠯᠪᠠ᠃ ᠳᠠᠭᠠᠭᠠᠴᠢᠯᠠᠭᠰᠠᠨ ᠭᠠᠵᠠᠷ ᠤᠨ ︽ᠭᠤᠷᠪᠠᠨ ᠡᠷᠬᠡ ᠶᠢ ᠰᠠᠯᠭᠠᠬᠤ︾ ᠥᠭᠡᠷᠡᠴᠢᠯᠡᠯᠲᠡ᠂ ᠬᠥᠳᠡᠭᠡ | ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠵᠡᠷᠭᠡ ᠶᠢ ᠪᠥᠬᠦ ᠲᠠᠯ᠎ᠠ ᠪᠠᠷ | ᠪᠡᠶᠡᠯᠡᠭᠦᠯᠵᠦ᠂ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠭᠰᠠᠨ ᠦᠨᠡᠮᠯᠡᠯ ᠢ 6.75 ᠲᠦᠮᠡᠨ ᠬᠤᠪᠢ | ᠣᠯᠭᠤᠵᠤ᠂ ᠬᠠᠮᠲᠤ ᠶᠢᠨ ᠡᠳ᠋ ᠬᠥᠷᠥᠩᠭᠡ ᠶᠢᠨ ᠶᠡᠷᠦᠩᠬᠡᠶ ᠲᠤᠭ᠎ᠠ 14 ᠳ᠋ᠦᠩᠰᠢᠭᠤᠷ ᠲᠥᠭᠦᠷᠢᠭ ᠢ ᠪᠠᠶᠢᠴᠠᠭᠠᠨ | ᠬᠠᠷᠭᠤᠭᠤᠯᠵᠤ᠂ ᠪᠥᠬᠦ ᠣᠷᠣᠨ ᠤ ᠠᠩᠬᠠᠳᠠᠭᠴᠢ ᠬᠤᠷᠰᠢᠶ᠎ᠠ ᠶᠢᠨ ᠬᠠᠮᠢᠶᠠᠷᠤᠯᠲᠠ ᠶᠢᠨ ᠲᠣᠭᠠᠴᠠᠭ᠎ᠠ ᠬᠢᠬᠦ ᠲᠥᠪ ᠢ | ᠪᠠᠶᠢᠭᠤᠯᠪᠠ᠃ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠪᠠ | ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠲᠡᠭᠦᠰ | ᠠᠮᠵᠢᠯᠲᠠ ᠲᠠᠢ ᠪᠡᠶᠡᠯᠡᠭᠦᠯᠪᠡ᠃ ︽ᠳᠤᠮᠳᠠᠳᠤ ᠮᠣᠩᠭᠤᠯ ᠤᠨ ᠣᠯᠠᠨ ᠤᠯᠤᠰ ᠤᠨ ᠪᠣᠬᠢᠷᠲᠤᠯ ᠥᠬᠡᠶ | ᠪᠦᠲᠦᠭᠡᠭᠳᠡᠬᠦᠨ ᠤ ᠦᠵᠡᠰᠬᠦᠯᠡᠩ︾᠂ ︽ᠳᠤᠮᠳᠠᠳᠤ ᠮᠣᠩᠭᠤᠯ ᠣᠷᠣᠰ ᠤᠨ ᠣᠯᠠᠨ ᠤᠯᠤᠰ ᠤᠨ ᠰᠠᠭᠰᠤᠨ | ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ︾ ᠢ ᠠᠮᠵᠢᠯᠲᠠ ᠲᠠᠢ ᠡᠷᠬᠢᠯᠡᠪᠡ᠃ ᠶᠦᠨᠨᠠᠨ ᠮᠤᠵᠢ ᠶᠢᠨ ᠱᠢ ᠯᠢᠨ ᠤ | ᠢ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠲᠠᠢ ᠦᠨᠳᠦᠰᠦᠲᠡᠨ ᠤ ᠪᠦᠯᠬᠦᠮᠳᠡᠯ ᠨᠥᠬᠦᠷᠯᠡᠯ ᠤᠨ ᠬᠤᠰᠢᠭᠤ | ᠰᠢᠶᠠᠨ ᠪᠣᠯᠵᠠᠶ᠃ ᠪᠥᠬᠦ ᠣᠷᠣᠨ ᠤ ᠠᠩᠬᠠᠳᠠᠭᠴᠢ ᠰᠤᠪᠤᠳ ᠡᠷᠳᠡᠨᠢ ᠶᠢᠨ ᠠᠵᠤ ᠦᠢᠯᠡᠰ ᠤᠨ ᠬᠦᠷᠢᠶᠡᠯᠡᠩ ᠪᠤᠯᠬᠤ | ᠳ᠋ᠢᠩ ᠴᠧᠩ ᠰᠤᠪᠤᠳ ᠡᠷᠳᠡᠨᠢ ᠶᠢᠨ ᠠᠵᠦ ᠠᠬᠤᠶᠢᠯᠠᠯ ᠡᠮᠦᠨᠡᠲᠦ ᠬᠤᠰᠢᠭᠤᠨ ᠳᠤ ᠨᠤᠲᠤᠭᠰᠢᠪᠠ᠃ ᠪᠡᠭᠡᠵᠢᠩ᠂ | ᠱᠠᠩᠬᠠᠢ᠂ ᠠᠨᠾᠦ᠋ᠢ ᠵᠡᠷᠭᠡ ᠭᠠᠵᠠᠷ ᠲᠤ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠲᠠᠨᠢᠯᠴᠠᠭᠤᠯᠭ᠎ᠠ ᠶᠢᠨ | ᠬᠤᠷᠠᠯ ᠢ ᠠᠮᠵᠢᠯᠲᠠ ᠲᠠᠢ ᠡᠷᠬᠢᠯᠡᠵᠦ᠂ ᠬᠤᠳᠠᠯᠳᠤᠭᠠᠴᠢᠨ ᠤᠷᠢᠬᠤ 84 ᠲᠥᠷᠥᠯ ᠵᠦᠢᠯ ᠢ ᠤᠷᠢᠨ ᠣᠷᠣᠭᠤᠯᠵᠤ᠂ | 203 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠣᠳᠠᠲᠠᠶᠢᠵᠢᠭᠤᠯᠵᠤ᠂ ᠵᠢᠯ ᠪᠦᠷᠢ ᠳᠤᠮᠳᠠᠴᠢ ᠪᠠᠷ | 17% ᠪᠠᠷ ᠨᠡᠮᠡᠭᠳᠡᠪᠡ᠃ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠬᠡᠮᠵᠢᠶ᠎ᠡ ᠨᠡᠶᠢᠲᠡ 8043 | ᠲᠦᠮᠡᠨ ᠳ᠋ᠣᠯᠯᠠᠷ ᠢ ᠪᠡᠶᠡᠯᠡᠭᠦᠯᠵᠦ᠂ ᠵᠢᠯ ᠪᠦᠷᠢ ᠳᠤᠮᠳᠠᠴᠢ ᠪᠠᠷ 31.4% ᠪᠠᠷ ᠨᠡᠮᠡᠭᠳᠡᠪᠡ᠃ ᠭᠠᠳᠠᠭᠠᠳᠤ ᠪᠡᠯᠡ ᠶᠢᠨ | ᠠᠰᠢᠭᠯᠠᠯᠲᠠ ᠶᠢᠨ ᠬᠡᠮᠵᠢᠶ᠎ᠡ ᠨᠡᠶᠢᠲᠡ 4.4 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠢ ᠪᠡᠶᠡᠯᠡᠭᠦᠯᠪᠡ᠃ | ᠲᠠᠪᠤᠨ ᠵᠢᠯ ᠤᠨ ᠬᠥᠭᠵᠢᠯᠲᠡ ᠶᠢᠨ ᠠᠮᠵᠢᠯᠲᠠ ᠪᠦᠲᠦᠮᠵᠢ ᠨᠢ ᠬᠥᠮᠦᠰ ᠢ ᠵᠣᠷᠢᠭᠵᠢᠭᠤᠯᠵᠤ᠂ ᠲᠠᠪᠤᠨ ᠵᠢᠯ ᠤᠨ | ᠪᠡᠷᠬᠡ ᠬᠠᠲᠠᠭᠤᠵᠢᠯᠲᠠᠢ ᠥᠩᠭᠡᠷᠡᠯᠲᠡ ᠨᠢ ᠮᠠᠷᠲᠠᠭᠳᠠᠰᠢ ᠦᠭᠡᠢ ᠶᠤᠮ᠃ ᠪᠢᠳᠡ ᠤ ᠡᠭᠦᠷᠭᠡ ᠬᠦᠨᠳᠦ ᠵᠠᠮ ᠬᠤᠯᠠ᠂ | ᠠᠯᠬᠤᠮ ᠪᠦᠷᠢ ᠬᠠᠲᠠᠭᠤ ᠪᠡᠷᠬᠡᠰᠢᠶᠡᠯᠲᠡᠢ᠂ ᠬᠢᠯᠪᠠᠷ ᠪᠤᠰᠴᠦ᠂ ᠭᠡᠪᠡᠴᠦ ᠠᠯᠬᠤᠮ ᠪᠦᠷᠢ ᠨᠢ ᠴᠥᠮ ᠪᠠᠲᠤ ᠴᠢᠩᠭ᠎ᠠ | ᠬᠦᠴᠦᠨ ᠲᠠᠢ ᠪᠠᠶᠢᠨ᠎ᠠ᠃ ᠪᠤᠢ ᠪᠦᠬᠦᠢ ᠠᠮᠵᠢᠯᠲᠠ ᠪᠦᠲᠦᠮᠵᠢ ᠶᠢ ᠴᠦᠮ ᠵᠠᠭᠤᠨ ᠵᠢᠯ ᠳᠤ ᠲᠣᠬᠢᠶᠠᠯᠳᠤᠭ᠎ᠠ ᠦᠭᠡᠢ | ᠶᠡᠭᠡ ᠬᠤᠪᠢᠰᠤᠯᠲᠠ᠂ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠨᠡᠮᠡᠭᠳᠡᠭᠰᠡᠨ ᠪᠠᠶᠢᠳᠠᠯ ᠳᠣᠣᠷ᠎ᠠ ᠣᠯᠤᠭᠰᠠᠨ | ᠶᠤᠮ᠃ ᠠᠶᠤᠯ ᠲᠦᠭᠰᠢᠭᠦᠷᠢ ᠰᠣᠯᠪᠢᠴᠠᠨ ᠳᠠᠪᠬᠤᠴᠠᠵᠤ᠂ ᠬᠦᠭᠵᠢᠯᠲᠡ ᠶᠢᠨ ᠵᠠᠮ ᠮᠤᠷᠢ ᠰᠠᠷᠤᠢ ᠪᠠᠶᠢᠳᠠᠯ ᠳᠣᠣᠷ᠎ᠠ | ᠣᠯᠤᠭᠰᠠᠨ ᠶᠤᠮ᠃ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠣᠷᠴᠢᠨ ᠲᠣᠭᠤᠷᠢᠨ ᠢ | ᠦᠷᠭᠦᠯᠵᠢᠯᠡᠨ ᠰᠢᠯᠢᠳᠡᠭᠵᠢᠭᠦᠯᠬᠦ ᠨᠥᠬᠦᠴᠡᠯ ᠳᠣᠤᠷ᠎ᠠ ᠣᠯᠤᠭᠰᠠᠨ ᠶᠤᠮ᠃ ᠠᠷᠠᠳ ᠤᠨ ᠠᠮᠢᠳᠤᠷᠠᠯ ᠤᠨ ᠠᠵᠠ | ᠵᠢᠷᠭᠠᠯ ᠢ ᠨᠠᠩ ᠪᠠᠶᠠᠨ ᠴᠢᠨᠡᠭᠡᠯᠢᠭ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ | ᠳᠡᠭᠡᠭᠰᠢᠯᠡᠭᠦᠯᠦᠭᠰᠡᠨ ᠤᠷᠢᠲᠠᠯ ᠳᠣᠣᠷ᠎ᠠ ᠣᠯᠤᠭᠰᠠᠨ ᠶᠤᠮ᠃ ᠪᠢᠳᠡ ᠪᠦᠭᠦᠳᠡᠭᠡᠷ ᠢᠶᠠᠨ ᠭᠡᠷᠡᠴᠢᠯᠡᠭᠴᠢ ᠮᠦᠷᠲᠡᠬᠡᠨ | ᠪᠠᠰᠠ ᠪᠡᠶ᠎ᠡ ᠪᠠᠷ ᠢᠶᠠᠨ ᠣᠷᠣᠯᠴᠠᠭᠴᠢ ᠮᠥᠨ᠂ ᠨᠡᠩ ᠴᠤ ᠬᠥᠯᠥᠰᠥ ᠤᠷᠤᠰᠬᠠᠭᠰᠠᠨ ᠲᠡᠮᠡᠴᠡᠭᠴᠢ ᠮᠥᠨ᠃ | ᠠᠮᠵᠢᠯᠲᠠ ᠪᠦᠲᠦᠮᠵᠢ ᠶᠢ ᠬᠢᠯᠪᠠᠷ ᠪᠤᠰᠤ ᠪᠠᠷ ᠣᠯᠤᠭᠰᠠᠨ ᠶᠤᠮ᠂ ᠡᠨᠡ ᠪᠣᠯ ᠰᠢ ᠶᠢᠨ ᠫᠢᠩ ᠨᠥᠬᠦᠷ ᠢᠶᠠᠷ ᠭᠤᠤᠯ | ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠳᠣᠲᠣᠨᠣ ᠬᠠᠯᠠᠮᠵᠢᠯᠠᠯ ᠤᠨ ᠦᠷ᠎ᠡ | ᠳ᠋ᠦᠩ ᠮᠥᠨ᠂ ᠬᠤᠰᠢᠭᠤᠨ ᠤ ᠨᠠᠮ ᠤᠨ ᠬᠤᠷᠢᠶᠠᠨ ᠤ ᠪᠥᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠠᠷᠭ᠎ᠠ ᠵᠠᠮ | ᠵᠢᠭᠠᠵᠦ ᠦᠭᠬᠦᠭᠰᠡᠨ ᠰᠠᠯᠵᠦ ᠴᠢᠳᠠᠬᠤ ᠦᠬᠡᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠪᠦᠲᠦᠮᠵᠢᠲᠡᠶ | ᠬᠢᠨᠠᠯᠲᠠ᠂ ᠬᠦᠴᠦᠲᠡᠶ ᠳᠡᠮᠵᠢᠯᠭᠡ ᠠᠴᠠ ᠰᠠᠯᠵᠦ ᠴᠢᠳᠠᠬᠤ ᠦᠬᠡᠢ᠂ ᠨᠠᠩ ᠴᠤ ᠪᠥᠬᠦ ᠬᠤᠰᠢᠭᠤᠨ ᠤ ᠥᠷᠭᠡᠨ ᠣᠯᠠᠨ | ᠺᠠᠳ᠋ᠷ ᠣᠯᠠᠨ ᠲᠦᠮᠡᠨ ᠤ ᠰᠢᠷᠭᠠᠭᠤ ᠬᠠᠲᠠᠭᠤᠵᠢᠯᠲᠠᠶ ᠲᠡᠮᠡᠴᠡᠵᠦ᠂ ᠬᠠᠮᠲᠤ ᠪᠠᠷ ᠳᠡᠮᠡᠴᠡᠭᠰᠡᠨ ᠨᠢᠭᠳᠠᠷᠠᠯ ᠤᠨ | ᠬᠦᠴᠦᠨ ᠠᠴᠠ ᠰᠠᠯᠵᠦ ᠴᠢᠳᠠᠬᠤ ᠦᠬᠡᠢ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ | ᠲᠥᠯᠥᠭᠡᠯᠡᠵᠦ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠡᠯ᠎ᠡ | ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠬᠦᠮ᠂ ᠠᠵᠢᠯ ᠠᠴᠠ ᠪᠠᠨ ᠳᠠᠷᠬᠠᠯᠠᠭᠳᠠᠭᠰᠠᠨ ᠪᠠ | ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ᠂ | ᠬᠤᠰᠢᠭᠤᠨ ᠳᠤ ᠰᠠᠭᠤᠭ᠎ᠠ ᠡᠯ᠎ᠡ ᠴᠡᠷᠢᠭ ᠴᠠᠭᠳᠠᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠹᠷᠣᠨᠲ | ᠳᠡᠭᠡᠷ᠎ᠡ ᠲᠡᠮᠡᠴᠡᠵᠦ ᠪᠠᠶᠢᠭ᠎ᠠ ᠨᠥᠬᠦᠳ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠥᠲᠥᠭᠡᠨ | ᠪᠠᠶᠢᠭᠤᠯᠤᠯᠲᠠ ᠪᠣᠯᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠪᠣᠶ ᠪᠥᠬᠦᠶ ᠨᠠᠶᠢᠵᠠ ᠨᠠᠷ ᠲᠤ ᠴᠢᠩ | ᠰᠡᠳᠬᠢᠯ ᠤᠨ ᠲᠠᠯᠠᠷᠬᠠᠯ ᠪᠣᠯᠤᠨ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠠᠮᠤᠷ ᠲᠦᠪᠰᠢᠨ ᠪᠠᠶᠢᠬᠤ ᠳᠠᠭᠠᠨ ᠬᠦᠴᠦᠷᠬᠡᠭᠵᠢᠬᠦ ᠪᠠᠷ ᠴᠢᠷᠮᠠᠶᠢᠵᠦ᠂ ᠠᠶᠤᠯ ᠲᠦᠭᠰᠢᠭᠦᠷᠢ ᠶᠢ ᠪᠣᠳᠣᠯᠬᠢᠯᠠᠨ | ᠠᠯᠤᠰ ᠢ ᠵᠤᠷᠢᠨ ᠳᠡᠮᠡᠴᠡᠬᠦ ᠬᠡᠷᠡᠭᠲᠡᠢ᠃ ᠪᠢᠳᠡ ᠬᠥᠭᠵᠢᠯᠲᠡ ᠲᠡᠩᠴᠡᠭᠦᠷᠢ ᠥᠬᠡᠶ ᠭᠦᠢᠴᠡᠳ ᠥᠬᠡᠶ ᠪᠠᠶᠢᠬᠤ ᠪᠣᠯ | ᠮᠦᠨᠴᠦ ᠬᠠᠮᠤᠭ ᠤᠨ ᠶᠡᠭᠡ ᠬᠤᠰᠢᠭᠤᠨ ᠤ ᠪᠤᠲᠠᠲᠦ ᠪᠠᠶᠢᠳᠠᠯ ᠪᠣᠯᠬᠤ ᠶᠢ ᠴᠠᠭ ᠢᠮᠠᠭᠲᠠ ᠪᠠᠲᠤ ᠴᠡᠭᠡᠵᠢᠯᠡᠵᠦ᠂ | ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠪᠡᠶᠡᠯᠡᠭᠦᠯᠬᠦ ᠪᠣᠯ ᠬᠢᠯᠪᠠᠷ ᠪᠤᠰᠤ᠂ ᠶᠠᠳᠠᠭᠤ ᠠᠴᠠ ᠠᠩᠭᠢᠵᠢᠷᠠᠭᠤᠯᠬᠤ | ᠦᠷ᠎ᠡ ᠪᠦᠲᠦᠭᠡᠯ ᠢ ᠪᠠᠬᠢᠵᠢᠭᠦᠯᠬᠦ ᠪᠣᠯ ᠬᠢᠯᠪᠠᠷ ᠪᠤᠰᠤ ᠭᠡᠳᠡᠭ ᠢ ᠴᠠᠭ ᠢᠮᠠᠭᠲᠠ ᠪᠠᠲᠤ ᠴᠡᠭᠡᠵᠢᠯᠡᠵᠦ᠂ ᠠᠷᠠᠳ | ᠣᠯᠠᠨ ᠤ ᠣᠷᠣᠯᠭ᠎ᠠ ᠶᠢᠨ ᠬᠢᠷᠢ ᠲᠦᠪᠰᠢᠨ ᠪᠠ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ | ᠲᠠᠯᠪᠢᠭᠰᠠᠨ ᠬᠠᠯᠠᠭᠤᠨ ᠬᠦᠰᠡᠯ ᠢ ᠴᠠᠭ ᠢᠮᠠᠭᠲᠠ ᠪᠠᠲᠤ ᠴᠡᠭᠡᠵᠢᠯᠡᠬᠦ ᠬᠡᠷᠡᠭᠲᠡᠶ᠃ ᠪᠥᠬᠦ ᠬᠤᠰᠢᠭᠤᠨ ᠤ ᠠᠵᠤ | ᠠᠬᠤᠶ ᠨᠡᠶᠢᠭᠡᠮ ᠤᠨ ᠬᠥᠭᠵᠢᠯᠲᠡ ᠳᠤ ᠮᠥᠨ ᠴᠥᠭᠡᠨ ᠪᠤᠰᠤ ᠬᠦᠴᠢᠷᠳᠡᠯ ᠪᠠ ᠠᠰᠠᠭᠤᠳᠠᠯ ᠲᠤᠯᠭᠠᠷᠠᠵᠤ᠂ | ᠬᠢᠵᠢᠭ ᠤᠨ ᠪᠠᠶᠢᠳᠠᠯ ᠤᠨ ᠬᠤᠪᠢᠷᠠᠯᠲᠠ ᠪᠠ ᠭᠠᠳᠠᠭᠠᠳᠤ ᠣᠷᠴᠢᠨ ᠲᠣᠭᠤᠷᠢᠨ ᠳᠤ ᠮᠠᠰᠢ ᠣᠯᠠᠨ ᠲᠣᠭᠲᠠᠪᠤᠷᠢ ᠥᠬᠡᠶ | ᠴᠢᠨᠠᠷ ᠣᠷᠣᠰᠢᠵᠤ᠂ ᠠᠵᠤ ᠠᠬᠤᠶ ᠶᠢᠨ ᠰᠡᠷᠭᠦᠯᠲᠡ ᠶᠢᠨ ᠰᠠᠭᠤᠷᠢ ᠬᠠᠷᠠᠬᠠᠨ ᠪᠠᠲᠤ ᠪᠠᠬᠢ ᠪᠢᠰᠢ ᠪᠠᠶᠢᠭᠰᠠᠭᠠᠷ᠃ | ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ | ᠲᠤᠪᠤᠶᠢᠮ᠎ᠠ ᠪᠠᠶᠢᠵᠤ᠂ ᠴᠠᠯᠢᠩ ᠢ ᠪᠠᠲᠤᠯᠠᠬᠤ᠂ ᠡᠷᠭᠢᠯᠲᠡ ᠶᠢ ᠪᠠᠲᠤᠯᠠᠬᠤ᠂ ᠦᠨᠳᠦᠰᠦᠨ ᠠᠷᠠᠳ ᠤᠨ ᠠᠮᠢᠳᠤᠷᠠᠯ ᠢ | ᠪᠠᠲᠤᠯᠠᠬᠤ ᠳᠠᠷᠤᠯᠲᠠ ᠨᠡᠯᠢᠶᠡᠳ ᠶᠡᠭᠡ ᠪᠠᠶᠢᠨ᠎ᠠ᠃ ᠠᠵᠤ ᠠᠬᠤᠶ ᠶᠢᠨ ᠪᠦᠲᠦᠴᠡ ᠵᠦᠢ ᠵᠣᠬᠢᠰ ᠦᠭᠡᠶ᠂ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠬᠦᠯᠦᠨ ᠬᠤᠪᠢᠷᠠᠭᠤᠯᠬᠤ ᠨᠣᠷᠮ᠎ᠠ ᠳᠣᠣᠷ᠎ᠠ | ᠪᠠᠶᠢᠵᠤ᠂ ᠠᠵᠤ ᠦᠢᠯᠡᠰ ᠤᠨ ᠪᠦᠲᠦᠴᠡ ᠶᠢᠨ ᠳᠠᠩ ᠭᠠᠭᠴᠠ ᠠᠰᠠᠭᠤᠳᠠᠯ ᠢ ᠬᠠᠷᠠᠬᠠᠨ ᠦᠨᠳᠦᠰᠦᠨ ᠠᠴᠠ ᠨᠢ | ᠬᠤᠪᠢᠷᠠᠭᠤᠯᠤᠭᠠᠳᠤᠶ ᠪᠠᠶᠢᠭᠰᠠᠭᠠᠷ᠃ ᠲᠤᠮᠤ ᠲᠦᠷᠦᠯ ᠵᠦᠢᠯ ᠤᠨ ᠨᠥᠭᠡᠴᠡᠯᠡᠯᠲᠡ ᠬᠦᠷᠦᠯᠴᠡᠬᠦ ᠦᠭᠡᠢ᠂ | ᠬᠤᠪᠢᠷᠠᠯᠲᠠ ᠤᠯᠠᠨ ᠪᠢᠰᠢ᠂ ᠤᠶᠠᠨ ᠬᠠᠳᠠᠨ ᠴᠢᠨᠠᠷ ᠲᠠᠢ᠂ ᠦᠷᠢᠰᠦᠯᠳᠦᠬᠦ ᠬᠦᠴᠦᠨ ᠲᠠᠢ ᠰᠢᠯᠢᠳᠡᠭ ᠠᠵᠤ | ᠠᠬᠤᠶᠢᠯᠠᠯ᠂ ᠠᠵᠢᠯ ᠲᠦᠷᠦᠯ ᠤᠨ ᠲᠠᠭᠠᠭᠤᠯᠤᠭᠴᠢ ᠠᠵᠤ ᠠᠬᠤᠶᠢᠯᠠᠯ ᠴᠥᠭᠡᠨ᠂ ᠪᠦᠲᠦᠮᠵᠢᠲᠡᠢ ᠪᠡᠯᠡ | ᠣᠷᠣᠭᠤᠯᠤᠯᠲᠠ ᠶᠢᠨ ᠨᠡᠮᠡᠭᠳᠡᠯ ᠬᠦᠴᠦᠨ ᠮᠡᠬᠦᠰ᠂ ᠠᠷᠠᠯᠵᠢᠶ᠎ᠠ ᠡᠵᠡᠩᠨᠡᠬᠦ ᠣᠷᠴᠢᠨ ᠮᠥᠨ ᠬᠦ ᠪᠠᠭᠤᠷᠠᠢ ᠭᠤᠭᠴᠤᠭ᠎ᠠ | ᠣᠷᠣᠰᠢᠵᠤ ᠪᠠᠶᠢᠨ᠎ᠠ᠃ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠲᠡᠩᠴᠡᠭᠦᠷᠢ ᠦᠭᠡᠢ ᠪᠠᠶᠢᠵᠤ᠂ | ᠰᠠᠭᠤᠷᠢ ᠲᠥᠬᠦᠭᠡᠷᠦᠮᠵᠢ ᠪᠠ ᠠᠷᠠᠳ ᠤᠨ ᠠᠮᠢᠳᠤᠷᠠᠯ ᠨᠡᠶᠢᠭᠡᠮ ᠤᠨ ᠦᠢᠯᠡᠰ ᠲᠤ ᠪᠠᠰᠠ ᠮᠠᠰᠢ ᠤᠯᠠᠨ ᠳᠤᠲᠠᠭᠤᠳᠠᠯ | ᠪᠠ ᠪᠠᠭᠤᠷᠠᠢ ᠲᠠᠯ᠎ᠠ ᠣᠷᠣᠰᠢᠵᠤ ᠪᠠᠶᠢᠨ᠎ᠠ᠃ ᠬᠡᠰᠡᠭ ᠺᠠᠳ᠋ᠷ ᠲᠤ ᠴᠢᠳᠠᠪᠤᠷᠢ ᠬᠦᠷᠦᠯᠴᠡᠬᠦ ᠦᠭᠡᠢ ︽ᠬᠢᠵᠦ ᠳᠡᠶᠢᠯᠬᠦ | ᠦᠭᠡᠢ︾᠂ ᠬᠥᠳᠡᠯᠭᠡᠬᠦ ᠬᠦᠴᠦᠨ ᠬᠦᠷᠦᠯᠴᠡᠬᠦ ᠦᠭᠡᠢ ︽ᠬᠢᠬᠦ ᠰᠠᠨᠠᠭ᠎ᠠ ᠦᠭᠡᠢ︾᠂ ᠬᠠᠷᠢᠭᠤᠴᠠᠯᠭ᠎ᠠ ᠬᠦᠷᠦᠯᠴᠡᠬᠦ | ᠦᠭᠡᠢ ︽ᠬᠢᠬᠦ ᠵᠣᠷᠢᠭ ᠦᠭᠡᠢ︾ ᠵᠡᠷᠭᠡ ᠦᠵᠡᠭᠳᠡᠯ ᠣᠷᠣᠰᠢᠵᠤ ᠪᠠᠶᠢᠨ᠎ᠠ᠃ ᠡᠭᠦᠨ ᠢ ᠪᠢᠳᠡ ᠡᠷᠬᠡᠪᠰᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠳᠤ᠂ ᠠᠰᠠᠭᠤᠳᠠᠯ ᠳᠤ ᠰᠢᠭᠤᠳ ᠬᠠᠨᠳᠤᠨ ᠠᠰᠠᠭᠤᠳᠠᠯ ᠠᠴᠠ ᠵᠠᠶᠢᠯᠠᠬᠤ ᠥᠬᠡᠶ᠂ ᠠᠰᠠᠭᠤᠳᠠᠯ ᠢ | ᠠᠯᠳᠠᠯ ᠥᠬᠡᠶ ᠠᠩᠬᠠᠷᠴᠤ ᠰᠡᠳᠬᠢᠯ ᠢᠶᠠᠨ ᠲᠦᠪᠯᠡᠷᠡᠬᠦᠯᠵᠦ᠂ ᠠᠰᠠᠭᠤᠳᠠᠯ ᠢ ᠰᠤᠯᠠᠷᠠᠭᠤᠯᠤᠯ ᠥᠬᠡᠶ ᠠᠳᠬᠤᠵᠤ | ᠴᠢᠩᠭ᠎ᠠ ᠪᠠᠷᠢᠵᠦ᠂ ᠨᠠᠩ ᠬᠦᠴᠦᠲᠡᠶ ᠠᠷᠭ᠎ᠠ ᠬᠡᠮᠵᠢᠶ᠎ᠡ ᠠᠪᠴᠤ᠂ ᠪᠥᠬᠦ ᠬᠦᠴᠦᠨ ᠢᠶᠠᠷ ᠢᠶᠠᠨ ᠰᠢᠢᠳᠪᠦᠷᠢᠯᠡᠬᠦ | ᠬᠡᠷᠡᠭᠲᠡᠶ᠃ | ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠭᠤᠤᠯ ᠬᠠᠷᠠᠯᠲᠠ ᠡᠭᠦᠷᠭᠡ | ᠬᠤᠰᠢᠭᠤᠨ ᠤ ᠠᠷᠠᠳ ᠤᠨ ᠵᠠᠰᠠᠭ ᠤᠨ ᠣᠷᠳᠣᠨ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ︵ᠲᠥᠰᠦᠯ︶︾ ᠶᠢ | ᠨᠠᠶᠢᠷᠠᠭᠤᠯᠤᠨ ᠵᠣᠬᠢᠶᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠶᠢ ᠲᠣᠳᠣᠷᠬᠠᠶᠢᠯᠠᠵᠤ᠂ ᠬᠥᠭᠵᠢᠯᠲᠡ ᠶᠢ ᠲᠤᠯᠭᠠᠭᠤᠷᠢᠯᠠᠬᠤ ᠠᠯᠢ | ᠣᠯᠠᠨ ᠭᠤᠤᠯᠳᠠᠯᠭ᠎ᠠ ᠲᠠᠢ ᠡᠭᠦᠷᠭᠡ ᠪᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠤᠷᠠᠳᠴᠤ᠂ ᠲᠣᠰ | ᠤᠳᠠᠭ᠎ᠠ ᠶᠢᠨ ᠶᠡᠭᠡ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ | ᠬᠡᠷᠡᠭᠵᠢᠭᠦᠯᠦᠨ᠎ᠡ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ | ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ | ᠪᠡᠶᠡᠯᠡᠭᠦᠯᠦᠭᠰᠡᠨ ᠤ ᠳᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ᠪᠠᠨ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ | ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠠᠩᠬᠠᠳᠤᠭᠠᠷ ᠲᠠᠪᠤᠨ ᠵᠢᠯ ᠪᠣᠯᠤᠨ᠎ᠠ᠂ ᠮᠥᠨ ᠴᠦ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠢ ᠪᠥᠬᠦ | ᠲᠠᠯ᠎ᠠ ᠪᠠᠷ ᠲᠦᠷᠭᠡᠳᠬᠡᠵᠦ᠂ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠵᠠᠩᠭᠢᠯᠠᠭ᠎ᠠ ᠶᠢᠨ | ᠲᠠᠪᠤᠨ ᠵᠢᠯ ᠪᠣᠯᠤᠨ᠎ᠠ᠃ ᠶᠡᠭᠡ ᠬᠠᠨᠳᠤᠰᠢ ᠶᠢ ᠠᠵᠢᠭᠯᠠᠪᠠᠯ᠂ ᠢᠷᠡᠬᠦ ᠲᠠᠪᠤᠨ ᠵᠢᠯ ᠳᠤ ᠤᠯᠤᠰ ᠤᠨ ᠳᠣᠲᠣᠭᠠᠳᠤ | ᠭᠠᠳᠠᠭᠠᠳᠤ ᠶᠢᠨ ᠠᠵᠤ ᠠᠬᠤᠶ ᠳᠤ ᠭᠦᠨᠵᠡᠭᠡᠶ ᠲᠣᠬᠢᠷᠠᠭᠤᠯᠤᠯᠲᠠ ᠬᠢᠵᠦ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠭᠦᠨᠵᠡᠭᠡᠶᠢᠷᠡᠨ | ᠬᠥᠭᠵᠢᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠥᠷᠭᠡᠨ ᠳᠡᠯᠭᠡᠷ ᠪᠥᠭᠡᠳ | ᠠᠯᠤᠰ ᠬᠡᠲᠦ ᠶᠢᠨ ᠪᠠᠶᠢᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠵᠤ᠂ | ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠬᠠᠷᠢᠯᠴᠠᠨ ᠠᠬᠢᠭᠤᠯᠬᠤ ᠰᠢᠨ᠎ᠡ ᠬᠥᠭᠵᠢᠯᠲᠡ ᠶᠢᠨ | ᠪᠠᠶᠢᠷᠢᠰᠢᠯ ᠲᠦᠷᠭᠡᠨ ᠪᠦᠷᠢᠯᠳᠦᠪᠡ᠃ ︽ᠨᠡᠬᠦᠷᠡᠰᠦᠳᠦᠷᠦᠭᠴᠢ ᠶᠢ ᠣᠷᠭᠢᠯ ᠳᠤ ᠬᠦᠷᠬᠡᠬᠦ᠂ ᠨᠡᠭᠦᠷᠡᠰᠦᠲᠥ᠋ᠷᠥᠭᠴᠢ | ᠶᠢᠨ ᠰᠠᠭᠠᠷᠮᠠᠭᠵᠢᠯ︾ ᠰᠢᠨ᠎ᠡ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠩᠬᠠᠭ ᠤᠨ ᠵᠢᠯᠤᠭᠤᠳᠤᠯᠭ᠎ᠠ ᠪᠠᠷ᠂ | ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠤᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠲᠦᠷᠭᠡᠨ ᠨᠡᠮᠡᠭᠳᠡᠵᠦ᠂ | ᠳᠠᠬᠢᠨ ᠢᠶᠠᠷ ᠥᠷᠭᠡᠳᠴᠦ᠂ ᠦᠷᠭᠦᠯᠵᠢᠯᠡᠨ ᠬᠦᠴᠦᠯᠡᠬᠦ ᠬᠠᠨᠳᠤᠰᠢ ᠲᠠᠢ ᠪᠣᠯᠤᠨ᠎ᠠ᠃ ᠣᠯᠠᠨ ᠵᠤᠶᠢᠯ ᠤᠨ ᠤᠯᠤᠰ ᠤᠨ | ᠪᠠᠶᠢᠯᠳᠤᠬᠤ ᠪᠣᠳᠣᠯᠭ᠎ᠠ ᠶᠢᠨ ᠰᠣᠯᠪᠢᠴᠠᠯ ᠳᠠᠪᠬᠤᠴᠠᠯ᠂ ᠡᠯ᠎ᠡ ᠱᠠᠲᠤᠨ ᠤ ᠲᠥᠷᠥ ᠶᠢᠨ ᠪᠣᠳᠣᠯᠭ᠎ᠠ ᠶᠢᠨ ᠠᠰᠢᠭ | ᠤᠷᠤᠯᠭ᠎ᠠ ᠲᠠᠰᠤᠷᠠᠯᠲᠠ ᠥᠬᠡᠶ ᠢᠯᠡᠷᠡᠵᠦ᠂ ᠶᠡᠭᠡ ᠬᠤᠪᠢᠷᠠᠯᠲᠠ᠂ ᠶᠡᠭᠡ ᠥᠷᠢᠰᠥᠯᠳᠦᠭᠡᠨ ᠳᠤ ᠴᠢᠬᠤᠯᠠ ᠶᠡᠭᠡ ᠠᠵᠠ | ᠲᠣᠬᠢᠶᠠᠯ ᠠᠭᠤᠯᠤᠭᠳᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠢᠨᠠᠷ ᠰᠠᠶᠢᠲᠠᠶ ᠡᠯᠧᠮᠧᠨ᠋ᠲ ᠢ | ᠪᠥᠬᠦ ᠲᠠᠯ᠎ᠠ ᠪᠠᠷ ᠲᠥᠪᠯᠡᠷᠡᠭᠦᠯᠬᠦ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠭᠦᠨᠵᠡᠭᠡᠶ ᠠᠬᠢᠭᠤᠯᠬᠤ᠂ | ᠣᠯᠠᠨ ᠠᠷᠭ᠎ᠠ ᠵᠠᠮ ᠢᠶᠠᠷ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠳᠤ ᠴᠢᠬᠤᠯᠠ ᠶᠡᠭᠡ ᠠᠵᠠ ᠲᠣᠬᠢᠶᠠᠯ | ᠬᠠᠩᠭᠠᠬᠤ ᠨᠢ ᠯᠠᠪᠲᠠᠶ ᠶᠤᠮ᠃ ᠪᠢᠳᠡ ᠰᠢᠨ᠎ᠡ ᠬᠥᠭᠵᠢᠯᠲᠡ ᠶᠢᠨ ᠱᠠᠲᠤᠨ ᠳᠤ ᠣᠷᠣᠬᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠡᠯᠪᠡᠭ ᠪᠠᠶᠠᠯᠢᠭ | ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠠᠯᠬᠤᠮ ᠳᠠᠷᠠᠭ᠎ᠠ ᠲᠠᠢ ᠠᠵᠢᠯᠯᠠᠵᠤ᠂ | ᠬᠠᠭᠤᠴᠢᠨ ᠢᠶᠠᠨ ᠦᠬᠦᠨ ᠪᠠᠷᠢᠮᠲᠠᠯᠠᠬᠤ ᠬᠡᠪᠰᠢᠮᠡᠯ ᠦᠵᠡᠯ ᠰᠠᠨᠠᠭ᠎ᠠ ᠶᠢ ᠡᠷᠡᠰ ᠲᠡᠪᠴᠢᠵᠦ᠂ ᠶᠡᠷᠦ ᠪᠤᠰᠤ ᠶᠢᠨ | ᠬᠦᠰᠡᠯ ᠵᠣᠷᠢᠭ ᠢ ᠪᠤᠢ ᠪᠣᠯᠭᠠᠵᠤ᠂ ᠶᠡᠷᠦ ᠪᠤᠰᠤ ᠶᠢᠨ ᠬᠦᠴᠦ ᠭᠠᠷᠭᠠᠵᠤ᠂ ᠶᠡᠷᠦ ᠪᠤᠰᠤ ᠶᠢᠨ ᠭᠠᠪᠢᠶ᠎ᠠ ᠪᠠᠶᠢᠭᠤᠯᠵᠤ᠂ | ᠬᠢᠮᠤᠷᠠᠯ ᠤᠨ ᠳᠤᠮᠳᠠ ᠠᠵᠠ ᠲᠣᠬᠢᠶᠠᠯ ᠢ ᠠᠳᠬᠤᠵᠦ᠂ ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠡᠭᠦᠳᠴᠦ᠂ | ︽ᠬᠡᠯᠡᠪᠡᠯ ᠬᠢᠵᠦ᠂ ᠬᠢᠪᠡᠯ ᠪᠦᠲᠦᠬᠡᠬᠦ︾ ᠡᠷᠡᠰ ᠵᠣᠷᠢᠭ ᠪᠠ ᠲᠣᠭᠲᠠᠯ ᠬᠦᠴᠦᠨ ᠢᠶᠠᠷ ᠱᠠᠳᠤᠴᠢ ᠴᠢᠨᠠᠷᠲᠠᠢ | ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠵᠦ᠂ ᠪᠠᠭ᠎ᠠ ᠠᠮᠵᠢᠯᠲᠠ ᠶᠢ ᠬᠤᠷᠠᠮᠳᠤᠭᠤᠯᠤᠨ ᠶᠡᠭᠡ ᠢᠯᠠᠯᠲᠠ ᠪᠣᠯᠭᠠᠵᠤ᠂ | ᠢᠷᠡᠭᠡᠳᠦᠢ ᠶᠢᠨ ᠲᠠᠪᠤᠨ ᠵᠢᠯ ᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠭᠵᠢᠯᠲᠡ ᠶᠢᠨ ︽ᠰᠢᠵᠢᠷ | ᠠᠯᠳᠠᠨ ᠲᠠᠪᠤᠨ ᠵᠢᠯ︾ ᠪᠣᠯᠭᠠᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ | ᠪᠡᠶᠡᠯᠡᠭᠦᠯᠬᠦ ᠳᠤ ᠰᠠᠶᠢᠲᠤᠷ ᠰᠠᠭᠤᠷᠢ ᠲᠠᠯᠪᠢᠬᠤ ᠬᠡᠷᠡᠭᠲᠡᠢ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠠᠶᠠᠯᠠᠯ ᠢᠶᠠᠨ ᠡᠬᠢᠯᠡᠭᠦᠯᠵᠦ᠂ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠡᠯ᠎ᠡ | ᠵᠤᠶᠢᠯ ᠤᠨ ᠠᠵᠢᠯ ᠢ ᠨᠠᠷᠢᠨ ᠨᠢᠮᠪᠠᠶ ᠲᠥᠯᠥᠪᠵᠢᠭᠦᠯᠦᠨ᠂ ᠰᠡᠳᠬᠢᠯ ᠳᠡᠯᠪᠢᠨ ᠰᠠᠶᠢᠲᠤᠷ ᠨᠠᠶᠢᠳᠠᠪᠤᠷᠢᠵᠢᠭᠤᠯᠬᠤ ᠨᠢ | ᠲᠦᠢᠯ ᠤᠨ ᠴᠢᠬᠤᠯᠠ ᠶᠤᠮ᠃ ᠪᠢᠳᠡ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ | ᠬᠦᠭ ᠠᠶᠠᠰ ᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ | ᠳᠣᠣᠷᠠᠬᠢ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ | ᠨᠢᠭᠡ ᠳᠤ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢᠨ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠦᠨ᠎ᠡ᠃ ︽ | ᠪᠠᠶᠠᠨ ᠬᠦᠴᠦᠷᠬᠡᠭ ᠡᠮᠦᠨᠡᠲᠦ ᠬᠤᠰᠢᠭᠤ︾ ᠨᠢ ᠨᠠᠩ ᠪᠣᠳᠠᠲᠤ ᠬᠦᠴᠦᠨ ᠲᠠᠢ ᠪᠠᠶᠢᠵᠤ᠂ ᠬᠥᠭᠵᠢᠭᠦᠯᠬᠦ ᠪᠣᠯ | ᠲᠡᠷᠢᠭᠦᠨ ᠴᠢᠬᠤᠯᠠ ᠡᠭᠦᠷᠭᠡ ᠪᠣᠯᠬᠤ ᠶᠢ ᠪᠠᠷᠢᠮᠲᠠᠯᠠᠨ᠂ ᠪᠠᠯᠠ ᠣᠷᠣᠭᠤᠯᠤᠯᠲᠠ ᠶᠢ ᠨᠢᠭᠡᠳᠦᠭᠡᠷ ᠬᠥᠳᠡᠯᠭᠡᠬᠦ ᠬᠦᠴᠦᠨ | ᠪᠤᠯᠭᠠᠬᠤ᠂ ᠬᠡᠷᠡᠭᠯᠡᠭᠡ ᠶᠢᠨ ᠨᠢᠭᠡᠳᠦᠭᠡᠷ ᠬᠥᠳᠡᠯᠭᠡᠭᠦᠷ ᠤᠨ ᠦᠢᠯᠡᠳᠦᠯ ᠢ ᠪᠠᠳᠠᠷᠠᠭᠤᠯᠵᠤ᠂ ︽ᠵᠢᠷᠭᠤᠭ᠎ᠠ ᠶᠢ | ᠲᠣᠭᠲᠠᠪᠤᠷᠢᠵᠢᠭᠤᠯᠬᠤ︾ ᠪᠠ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠭ᠎ᠠ | ᠪᠦᠬᠦᠨ ᠢ ᠰᠦᠪᠡᠭᠴᠢᠯᠡᠨ ᠪᠦᠲᠦᠮᠵᠢᠲᠡᠶ ᠪᠠᠯᠠ ᠣᠷᠣᠭᠤᠯᠤᠯᠲᠠ ᠶᠢ ᠥᠷᠭᠡᠳᠬᠡᠨ᠂ ︽ᠬᠤᠶᠠᠷ ᠰᠢᠨ᠎ᠡ ᠨᠢᠭᠡ ᠬᠦᠨᠳᠦ | ︾ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠨᠢᠭᠡ ᠪᠦᠯᠦᠭ ᠲᠡᠮᠦᠷ ᠵᠠᠮ᠂ ᠵᠠᠰᠠᠮᠠᠯ ᠵᠠᠮ᠂ ᠤᠰᠤᠨ | ᠠᠰᠢᠭᠯᠠᠯᠲᠠ᠂ ᠴᠠᠬᠢᠯᠭᠠᠨ ᠲᠣᠤᠷ᠂ ᠮᠡᠳᠡᠭᠡ ᠵᠠᠩᠭᠢ᠂ ᠪᠠᠷᠠᠭᠠᠨ ᠤ ᠬᠦᠢᠯᠬᠡᠬᠡ ᠵᠡᠷᠭᠡ ᠰᠠᠭᠤᠷᠢ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠢ ᠲᠥᠯᠥᠪᠵᠢᠭᠦᠯᠦᠨ ᠬᠡᠷᠡᠭᠵᠢᠭᠦᠯᠵᠦ᠂ ᠵᠣᠬᠢᠰᠲᠠᠶ | ᠤᠷᠢᠳᠴᠢᠯᠠᠭᠰᠠᠨ᠂ ᠢᠵᠢ ᠪᠥᠷᠢᠳᠦᠭᠰᠡᠨ᠂ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠲᠣᠤᠷ | ᠰᠦᠯᠵᠢᠶᠡᠨ ᠤ ᠰᠢᠰᠲ᠋ᠧᠮᠵᠢ ᠶᠢ ᠪᠦᠷᠢᠯᠳᠦᠭᠦᠯᠦᠨ᠎ᠡ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ | ᠬᠤᠰᠢᠭᠤ ᠪᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠠᠬᠢᠭᠤᠯᠵᠤ᠂ ᠰᠢᠨ᠎ᠡ ᠶᠢ ᠡᠭᠦᠳᠬᠦ ᠦᠢᠯᠡᠰ | ᠪᠤᠰᠬᠠᠬᠤ ᠪᠠ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠶᠢ ᠭᠦᠨᠵᠡᠭᠡᠶ ᠠᠭᠤᠰᠤᠯᠴᠠᠭᠤᠯᠬᠤ ᠶᠢ | ᠠᠬᠢᠭᠤᠯᠵᠤ᠂ ᠰᠢᠨ᠎ᠡ ᠶᠢ ᠡᠭᠦᠳᠬᠦ ᠶᠢ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠦᠨᠳᠦᠰᠦᠨ ᠬᠥᠳᠡᠯᠭᠡᠬᠦ ᠬᠦᠴᠦᠨ ᠪᠣᠯᠭᠠᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ | ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠵᠢᠯ ᠪᠦᠷᠢ ᠳᠤᠮᠳᠠᠴᠢ ᠪᠠᠷ | 6% ᠪᠠᠷ ᠨᠡᠮᠡᠭᠳᠡᠬᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠵᠢᠯ ᠪᠦᠷᠢ ᠳᠤᠮᠳᠠᠴᠢ ᠪᠠᠷ | 10% ᠪᠠᠷ ᠨᠡᠮᠡᠭᠳᠡᠬᠦᠯᠵᠦ᠂ ᠨᠡᠶᠢᠭᠡᠮ ᠤᠨ ᠬᠡᠷᠡᠭᠯᠡᠭᠡᠨ ᠤ ᠵᠤᠶᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ | ᠵᠢᠯ ᠪᠦᠷᠢ ᠳᠤᠮᠳᠠᠴᠢ ᠪᠠᠷ 3% ᠪᠠᠷ ᠨᠡᠮᠡᠭᠳᠡᠬᠦᠯᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ | ᠣᠷᠣᠯᠭ᠎ᠠ ᠵᠢᠯ ᠪᠦᠷᠢ ᠳᠤᠮᠳᠠᠴᠢ ᠪᠠᠷ 10% ᠪᠠᠷ ᠨᠡᠮᠡᠭᠳᠡᠬᠦᠯᠦᠨ᠎ᠡ᠃ | ᠬᠤᠶᠠᠷ ᠲᠤ ᠠᠵᠤ ᠠᠬᠤᠢ ᠶᠢᠨ ᠪᠦᠲᠦᠴᠡ ᠶᠢᠨ ᠰᠢᠨ᠎ᠡ ᠰᠢᠯᠢᠳᠡᠭᠵᠢᠯ ᠢ ᠪᠡᠶᠡᠯᠡᠭᠦᠯᠦᠨ᠎ᠡ᠃ ︽ᠴᠡᠴᠡᠭᠯᠡᠨ | ᠬᠥᠭᠵᠢᠭᠰᠡᠨ ᠡᠮᠦᠨᠡᠲᠦ ᠬᠤᠰᠢᠭᠤ︾ ᠨᠢ ᠨᠠᠩ ᠶᠡᠭᠡ ᠬᠥᠳᠡᠯᠭᠡᠬᠦ ᠬᠦᠴᠦᠨ ᠲᠠᠢ ᠪᠣᠯᠵᠤ᠂ ᠭᠤᠷᠪᠠᠨ ᠠᠵᠤ | ᠦᠢᠯᠡᠰ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠣᠬᠢᠷᠠᠭᠤᠯᠵᠤ᠂ ᠨᠢᠭᠡᠳᠦᠭᠡᠷ ᠠᠵᠤ | ᠦᠢᠯᠡᠰ ᠢ ᠨᠠᠷᠢᠯᠢᠭᠵᠢᠭᠤᠯᠤᠨ ᠲᠣᠬᠢᠷᠠᠭᠤᠯᠵᠤ᠂ ᠬᠤᠶᠠᠳᠤᠭᠠᠷ ᠠᠵᠤ ᠦᠢᠯᠡᠰ ᠢ ᠥᠨᠳᠥᠷ᠂ ᠭᠤᠷᠪᠠᠳᠤᠭᠠᠷ ᠠᠵᠤ | ᠦᠢᠯᠡᠰ ᠢ ᠰᠢᠨ᠎ᠡ ᠪᠠᠷ ᠲᠤᠬᠢᠷᠠᠭᠤᠯᠤᠨ ᠰᠢᠯᠢᠳᠡᠭᠵᠢᠭᠦᠯᠬᠦ ᠶᠢ ᠴᠢᠬᠤᠯᠠᠴᠢᠯᠠᠵᠤ᠂ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠤᠨ ᠳᠡᠰ ᠳᠡᠪᠰᠢᠭᠦᠯᠬᠦ ᠶᠢ ᠪᠡᠶᠡᠯᠡᠭᠦᠯᠦᠨ᠎ᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠥᠬᠦ ᠬᠦᠴᠦᠨ ᠢᠶᠠᠷ ᠢᠶᠠᠨ ︽ᠦᠯᠡᠳᠡᠭᠡᠯ ᠢ ᠰᠢᠯᠢᠳᠡᠭᠵᠢᠭᠦᠯᠦᠨ︾᠂ | ᠤᠨᠴᠠᠯᠢᠭᠲᠤ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢ | ᠨᠡᠮᠡᠭᠳᠡᠭᠦᠯᠵᠦ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠣᠳᠣᠬᠢᠴᠢᠯᠠᠯᠲᠠ ᠶᠢᠨ ᠬᠢᠷᠢ | ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠦᠷ᠎ᠡ | ᠠᠰᠢᠭ ᠪᠠ ᠥᠷᠢᠰᠦᠯᠳᠦᠬᠦ ᠬᠦᠴᠦᠨ ᠢ ᠪᠦᠲᠦᠮᠵᠢᠲᠡᠶ ᠳᠡᠭᠡᠭᠰᠢᠯᠡᠭᠦᠯᠦᠨ᠎ᠡ᠃ ᠠᠷᠭ᠎ᠠ ᠪᠦᠬᠦᠨ ᠢ ᠰᠦᠪᠡᠭᠴᠢᠯᠡᠵᠦ | ᠪᠠᠶᠢᠭᠠᠳ ︽ᠨᠡᠮᠡᠭᠳᠡᠯ ᠢ ᠥᠷᠭᠡᠳᠬᠡᠨ︾᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠶᠢ | ᠲᠦᠷᠭᠡᠳᠬᠡᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠠᠵᠤ | ᠦᠢᠯᠡᠳᠪᠦᠷᠢ ᠶᠢᠨ ᠪᠦᠯᠦᠭᠵᠢᠯ᠂ ᠬᠡᠯᠬᠢᠶᠡᠵᠢᠯ ᠮᠠᠶ᠋ᠢᠭ ᠤᠨ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠤᠨ᠎ᠠ᠃ | ᠵᠠᠩᠭᠢᠯᠠᠭ᠎ᠠ ᠶᠢᠨ ︽ᠳᠠᠯᠳᠠ ᠬᠦᠴᠦᠨ ᠢ ᠠᠭᠤᠳᠠᠯᠬᠤ︾ ᠶᠢ ᠴᠢᠩᠭ᠎ᠠ ᠠᠩᠬᠠᠷᠴᠤ᠂ ᠠᠷᠠᠯᠵᠢᠶ᠎ᠠ ᠬᠤᠳᠠᠯᠳᠤᠭ᠎ᠠ | ᠪᠠᠷᠠᠭᠠᠨ ᠤ ᠭᠦᠢᠯᠬᠡᠬᠡ᠂ ᠰᠢᠨ᠎ᠡ ᠬᠡᠯᠪᠡᠷᠢ ᠶᠢᠨ ᠮᠥᠩᠭᠦᠨ ᠬᠦᠢᠯᠭᠡᠭᠡ᠂ ᠰᠣᠶᠣᠯ ᠵᠤᠭᠠᠴᠠᠯ ᠤᠨ ᠦᠵᠡᠰᠬᠦᠯᠡᠩ᠂ | ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠪᠠᠷ ᠭᠤᠤᠯ ᠪᠣᠯᠭᠠᠭᠰᠠᠨ ᠣᠲᠣ ᠦᠶ᠎ᠡ ᠶᠢᠨ ᠦᠢᠯᠡᠴᠢᠯᠡᠬᠡᠨ ᠤ ᠦᠢᠯᠡᠰ ᠢ | ᠣᠯᠠᠨ ᠡᠰᠢᠴᠢᠯᠡᠨ ᠥᠷᠭᠡᠳᠬᠡᠨ᠎ᠡ᠃ ᠭᠤᠣᠯᠳᠠᠯᠭ᠎ᠠ ᠲᠠᠢ ᠠᠵᠤ ᠦᠢᠯᠡᠰ ᠪᠣᠯᠤᠨ ᠣᠨᠴᠠᠯᠢᠭᠲᠤ ᠠᠵᠤ ᠦᠢᠯᠡᠰ ᠢ | ᠵᠡᠷᠭᠡ ᠳᠤᠨᠢ ᠲᠦᠯᠬᠢᠨ ᠠᠬᠢᠭᠤᠯᠬᠤ᠂ ᠤᠯᠠᠮᠵᠢᠯᠠᠯᠲᠤ ᠠᠵᠤ ᠦᠢᠯᠡᠰ ᠪᠣᠯᠤᠨ ᠰᠢᠨ᠎ᠡ ᠪᠠᠷ ᠬᠥᠭᠵᠢᠵᠦ ᠪᠠᠶᠢᠭ᠎ᠠ ᠠᠵᠤ | ᠦᠢᠯᠡᠰ ᠢ ᠵᠡᠷᠭᠡ ᠳᠤᠨᠢ ᠬᠥᠭᠵᠢᠭᠦᠯᠬᠦ᠂ ᠳᠠᠪᠠᠭᠤᠯᠢᠭ ᠠᠵᠤ ᠦᠢᠯᠡᠰ ᠪᠣᠯᠤᠨ ᠳᠠᠯᠳᠠ ᠬᠦᠴᠦᠨ ᠲᠠᠢ ᠠᠵᠤ | ᠦᠢᠯᠡᠰ ᠢ ᠵᠡᠷᠭᠡ ᠳᠤᠨᠢ ᠪᠤᠵᠠᠭᠠᠶᠢᠷᠠᠭᠤᠯᠬᠤ ᠶᠢ ᠪᠡᠶᠡᠯᠡᠭᠦᠯᠦᠨ᠎ᠡ᠃ | ᠭᠤᠷᠪᠠ ᠳᠤ ᠬᠤᠲᠠ ᠬᠥᠳᠡᠭᠡ ᠶᠢᠨ ᠠᠭᠤᠰᠤᠯᠴᠠᠯ ᠢ ᠰᠢᠨ᠎ᠡ ᠠᠬᠢᠴᠠ ᠲᠠᠢ ᠪᠤᠯᠭᠠᠨ᠎ᠠ᠃ ︽ | ᠰᠠᠭᠤᠷᠢᠰᠢᠬᠤ ᠳᠤ ᠲᠣᠬᠢᠷᠠᠮᠵᠢᠲᠠᠶ ᠡᠮᠦᠨᠡᠲᠦ ᠬᠤᠰᠢᠭᠤ︾ ᠨᠠᠩ ᠲᠠᠲᠠᠬᠤ ᠬᠦᠴᠦᠨ ᠲᠠᠢ᠂ ᠰᠢᠨ᠎ᠡ ᠬᠡᠯᠪᠡᠷᠢ ᠶᠢᠨ | ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠬᠤᠤᠰ ᠬᠥᠳᠡᠯᠭᠡᠭᠦᠷ︾ ᠢ | ᠪᠠᠷᠢᠮᠲᠠᠯᠠᠵᠤ᠂ ᠬᠤᠲᠠ ᠶᠢᠨ ᠠᠵᠦ ᠠᠬᠤᠢ ᠪᠠ ᠬᠦᠮᠦᠨ ᠠᠮᠠ ᠶᠢ ᠲᠦᠪᠯᠡᠷᠡᠬᠦᠯᠬᠦ ᠴᠢᠳᠠᠪᠤᠷᠢ ᠶᠢ | ᠳᠡᠭᠡᠭᠰᠢᠯᠡᠬᠦᠯᠦᠨ᠎ᠡ᠃ ︽ᠨᠢᠭᠡ ᠲᠦᠪ ᠬᠤᠶᠠᠷ ᠳᠡᠩᠬᠡᠯᠢᠭ ᠲᠦᠷᠪᠡᠨ ᠲᠤᠭᠤᠷᠢᠭ ᠵᠢᠷᠭᠤᠭᠠᠨ ᠬᠦᠷᠢᠶ᠎ᠡ︾ ᠶᠢᠨ | ᠬᠤᠲᠠ ᠶᠢᠨ ᠶᠡᠷᠦᠩᠬᠡᠶ ᠪᠣᠷᠣ ᠲᠥᠯᠥᠪ ᠤᠨ ᠶᠣᠰᠣᠭᠠᠷ᠂ ᠬᠤᠲᠠ ᠶᠢᠨ ︽ᠡᠮᠦᠨᠡᠰᠢ ᠥᠷᠭᠡᠳᠬᠡᠨ ᠤᠮᠠᠷᠠᠰᠢ | ᠰᠢᠯᠵᠢᠭᠦᠯᠵᠦ ᠪᠠᠷᠠᠭᠤᠨᠰᠢ ᠦᠷᠭᠡᠳᠭᠡᠨ ᠲᠤᠮᠳᠠᠬᠢ ᠶᠢ ᠳᠡᠭᠡᠭᠰᠢᠯᠡᠭᠦᠯᠬᠦ︾ ᠢᠨᠵᠧᠨᠧᠷᠢᠩ ᠢ ᠬᠡᠷᠡᠭᠵᠢᠭᠦᠯᠵᠦ᠂ ᠶᠢᠨ | ᠪᠢᠨ ᠤ ᠡᠮᠴᠢᠯᠡᠭᠡ ᠰᠤᠪᠢᠯᠠᠯᠲᠠ ᠪᠠᠷ ᠭᠤᠤᠯᠳᠠᠯᠭ᠎ᠠ ᠪᠣᠯᠭᠠᠭᠰᠠᠨ ︽ᠬᠤᠲᠠ ᠶᠢᠨ ᠡᠮᠦᠨᠡᠲᠦ ᠶᠢ ᠰᠢᠨ᠎ᠡ | ᠲᠣᠭᠤᠷᠢᠭ ᠤᠨ ᠬᠤᠲᠠ ᠶᠢᠨ ᠪᠦᠯᠬᠦᠮ ᠢ ᠪᠠᠶᠢᠭᠤᠯᠬᠤ︾᠂ ᠵᠡᠭᠦᠨ ᠬᠤᠶᠢᠲᠤ ᠠᠽᠢᠶ᠎ᠠ ᠶᠢᠨ ᠵᠢᠵᠢᠭ ᠲᠠᠸᠠᠷ ᠤᠨ | ᠣᠯᠠᠨ ᠤᠯᠤᠰ ᠤᠨ ᠠᠷᠠᠯᠵᠢᠶ᠎ᠠ ᠬᠤᠳᠠᠯᠳᠤᠭᠠᠨ ᠤ ᠬᠤᠲᠠ᠂ ᠬᠢᠩᠭᠠᠨ ᠤ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ᠂ ᠬᠤᠷᠴᠢᠨ ᠲᠠᠯ᠎ᠠ ᠨᠤᠲᠤᠭ ᠢᠶᠠᠷ ᠭᠤᠤᠯᠳᠠᠯᠭ᠎ᠠ ᠪᠣᠯᠭᠠᠭᠰᠠᠨ ︽ᠭᠤᠤᠯᠯᠠᠬᠤ ᠬᠤᠲᠠ ᠶᠢᠨ ᠪᠦᠯᠬᠦᠮ | ᠪᠠᠶᠢᠭᠤᠯᠬᠤ︾᠂ ᠬᠤᠷᠴᠢᠨ ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠵᠤᠭᠠᠴᠠᠯ ᠤᠨ ᠬᠤᠲᠠ ᠪᠠᠷ | ᠭᠤᠤᠯᠳᠠᠯᠭ᠎ᠠ ᠪᠣᠯᠭᠠᠭᠰᠠᠨ ︽ᠬᠤᠲᠠ ᠶᠢᠨ ᠤᠮᠠᠷᠠᠲᠦ ᠶᠢ ᠰᠢᠨ᠎ᠡ ᠲᠣᠭᠤᠷᠢᠭ ᠤᠨ ᠬᠤᠲᠠ ᠶᠢᠨ ᠪᠦᠯᠬᠦᠮ | ᠪᠠᠶᠢᠭᠤᠯᠬᠤ︾ ᠶᠢ ᠪᠥᠬᠦ ᠬᠦᠴᠦᠨ ᠢᠶᠠᠷ ᠪᠠᠶᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠠᠬᠢᠭᠤᠯᠤᠨ᠂ ︽ᠵᠢᠷᠭᠤᠭᠠᠨ ᠶᠡᠭᠡ ᠢᠨᠵᠧᠨᠧᠷᠢᠩ︾ ᠢ | ᠯᠠᠪᠳᠠᠭᠤᠨ ᠢᠶᠠᠷ ᠬᠡᠷᠡᠭᠵᠢᠭᠦᠯᠵᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠲᠠᠰᠤᠷᠠᠯᠲᠠ ᠥᠬᠡᠶ | ᠪᠤᠵᠠᠭᠠᠶᠢᠷᠠᠭᠤᠯᠤᠨ᠎ᠠ᠃ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ | ᠢᠨᠵᠧᠨᠧᠷᠢᠩ ᠢ ᠭᠦᠨᠵᠡᠭᠡᠢ ᠠᠬᠢᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠮᠠᠶ᠋ᠢᠭ ᠤᠨ ᠬᠤᠳᠠ ᠬᠥᠳᠡᠭᠡ ᠶᠢ | ᠨᠢᠭᠡ ᠴᠤᠬᠴᠠᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠦᠯᠢᠭᠡᠷ ᠳᠠᠭᠤᠷᠢᠶᠠᠯ ᠲᠣᠭᠤᠷᠢᠭ ᠢ ᠪᠠᠶᠢᠭᠤᠯᠵᠤ᠂ ︽ᠬᠥᠳᠡᠭᠡ ᠠᠵᠤ ᠠᠬᠤᠢ ᠬᠦᠴᠦᠷᠬᠡᠭ᠂ ᠬᠥᠳᠡᠭᠡ ᠲᠣᠰᠬᠤᠨ | ᠦᠵᠡᠰᠬᠦᠯᠡᠩ ᠰᠠᠶᠢᠬᠠᠨ᠂ ᠲᠠᠷᠢᠶᠠᠴᠢᠳ ᠪᠠᠶᠠᠨ ᠴᠢᠨᠡᠭᠡᠯᠢᠭ︾ ᠪᠠᠶᠢᠬᠤ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ | ᠲᠦᠷᠪᠡ ᠳᠤ ᠠᠮᠢ ᠠᠬᠤᠢ ᠶᠢᠨ ᠳᠠᠪᠠᠭᠤᠯᠢᠭ ᠢ ᠰᠢᠨ᠎ᠡ ᠠᠮᠢᠵᠢᠷᠠᠯ ᠤᠨ ᠬᠦᠴᠦᠨ ᠲᠠᠢ ᠪᠤᠯᠭᠠᠨ᠎ᠠ᠃ ︽ | ᠪᠣᠬᠢᠷᠲᠤᠯ ᠥᠬᠡᠶ ᠡᠮᠦᠨᠡᠲᠦ ᠬᠤᠰᠢᠭᠤ︾ ᠨᠢ ᠨᠠᠩ ᠠᠮᠢᠵᠢᠷᠠᠯ ᠤᠨ ᠬᠦᠴᠦᠨ ᠲᠠᠢ᠂ ᠠᠮᠢ ᠠᠬᠤᠶ ᠶᠢ ᠤᠷᠢᠳ ᠢᠶᠠᠷ | ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ᠂ ᠪᠣᠬᠢᠷᠲᠤᠯ ᠥᠬᠡᠶ | ᠬᠥᠭᠵᠢᠯᠲᠡ ᠶᠢᠨ ᠲᠤᠳᠠᠭᠳᠠᠯ ᠲᠠᠢ ᠳᠠᠯ᠎ᠠ ᠶᠢ ᠨᠠᠩ ᠶᠡᠭᠡ ᠡᠷᠴᠢᠮ ᠢᠶᠠᠷ ᠨᠥᠬᠦᠪᠥᠷᠢᠯᠡᠵᠦ᠂ ᠪᠣᠬᠢᠷᠲᠤᠯ ᠥᠬᠡᠶ | ᠪᠥᠭᠡᠳ ᠣᠷᠣᠰᠢᠨ ᠰᠠᠭᠤᠬᠤ ᠳᠤ ᠲᠣᠬᠢᠷᠠᠮᠵᠢᠲᠠᠶ ᠠᠮᠢ ᠠᠬᠤᠶ ᠶᠢ ᠨᠠᠩ ᠥᠨᠳᠥᠷ ᠲᠦᠪᠰᠢᠨ ᠲᠠᠢ ᠪᠠᠶᠢᠯᠭᠠᠵᠦ᠂ | ᠬᠦᠬᠡ ᠠᠭᠤᠯᠠ ᠬᠦᠬᠡᠮᠳᠦᠭ ᠤᠰᠤᠨ ᠤ ︽ᠥᠩᠭᠡ ᠪᠤᠳᠤᠭ︾ ᠢ ᠨᠠᠩ ᠦᠳᠭᠡᠷᠡᠭᠦᠯᠵᠦ᠂ ᠠᠯᠳᠠ ᠮᠦᠩᠬᠦᠨ | ᠠᠭᠤᠯᠠᠨ ᠤ ︽ᠦᠩᠭᠡ ᠪᠦᠷᠢᠳᠦᠬᠦᠯᠬᠦ︾ ᠶᠢ ᠨᠡᠩ ᠬᠦᠢᠴᠡᠳ ᠪᠤᠯᠭᠠᠵᠦ᠂ ᠪᠣᠬᠢᠷᠲᠤᠯ ᠥᠬᠡᠶ ᠬᠥᠭᠵᠢᠯᠲᠡ ᠶᠢᠨ | ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠨ᠎ᠡ᠃ ︽ᠠᠮᠢ ᠠᠬᠤᠶ +︾ ᠣᠶᠢᠯᠠᠭᠠᠭᠳᠠᠬᠤᠨ ᠢ ᠠᠵᠤ | ᠦᠢᠯᠡᠰ ᠤᠨ ᠬᠥᠭᠵᠢᠯᠲᠡ ᠶᠢᠨ ᠪᠥᠬᠦ ᠶᠠᠪᠤᠴᠠ ᠳᠤ ᠠᠭᠤᠰᠬᠠᠨ ᠣᠷᠣᠭᠤᠯᠵᠤ᠂ ᠬᠥᠭᠵᠢᠯᠲᠡ ᠶᠢᠨ ᠠᠷᠭ᠎ᠠ ᠮᠠᠶ᠋ᠢᠭ ᠢ | ᠢᠳᠡᠪᠬᠢᠲᠡᠶ ᠬᠤᠪᠢᠷᠠᠭᠤᠯᠤᠨ᠂ ᠪᠣᠬᠢᠷᠲᠤᠯ ᠥᠬᠡᠶ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠣᠷᠴᠢᠨ | ᠲᠣᠭᠤᠷᠢᠨ ᠤ ᠪᠠᠶᠢᠭᠤᠯᠤᠯᠲᠠ ᠶᠢ ᠴᠢᠩᠳᠠᠯᠠᠨ᠎ᠠ᠃ ᠠᠮᠢ ᠠᠬᠤᠶ ᠶᠢᠨ ᠪᠣᠯᠪᠠᠰᠤᠨ ᠰᠢᠶᠠᠩ ᠪᠠᠯᠭᠠᠰᠤ ᠪᠠ ᠭᠠᠴᠠᠭ᠎ᠠ | ᠲᠣᠰᠬᠤᠨ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ︽ᠲᠦᠷᠪᠡᠨ ᠶᠡᠭᠡ ᠣᠷᠴᠢᠨ ᠲᠣᠭᠤᠷᠢᠨ ᠢ ᠬᠠᠮᠠᠭᠠᠯᠠᠬᠤ | ᠠᠵᠢᠯᠯᠠᠭ᠎ᠠ︾ ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ ᠤᠨ ︽ᠨᠡᠭᠦᠷᠡᠰᠦᠲᠥ᠋ᠷᠥᠭᠴᠢ ᠶᠢ ᠤᠷᠬᠢᠯ ᠳᠤ | ᠬᠦᠷᠬᠡᠬᠦ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠨᠧᠷᠭᠢ ᠠᠷᠪᠢᠯᠠᠵᠤ ᠪᠣᠬᠢᠷᠲᠤᠯ ᠢ ᠪᠠᠭᠠᠰᠬᠠᠬᠤ | ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠨ ᠠᠬᠢᠭᠤᠯᠵᠤ᠂ ᠣᠶᠢᠵᠢᠭᠤᠯᠵᠤ ᠨᠣᠭᠤᠭᠠᠷᠠᠭᠤᠯᠬᠤ᠂ ᠠᠭᠠᠷ | ᠮᠠᠨᠳᠠᠯ ᠤᠨ ᠵᠠᠰᠠᠯᠲᠠ ᠵᠡᠷᠭᠡ ᠠᠮᠢ ᠠᠬᠤᠢ ᠶᠢ ᠵᠠᠰᠠᠨ ᠰᠡᠷᠭᠦᠭᠡᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠦᠨ᠎ᠡ᠃ ︽ | ᠬᠤᠶᠠᠷ ᠠᠭᠤᠯᠠ︾ ᠶᠢᠨ ᠣᠨᠣᠯ ᠦᠢᠯᠡᠳᠦᠯᠭᠡ ᠶᠢᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠵᠤ᠂ | ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ | ᠲᠠᠯ᠎ᠠ ᠪᠠᠷ ᠰᠢᠨ᠎ᠡ ᠠᠬᠢᠯᠲᠠ ᠲᠠᠢ ᠪᠣᠯᠵᠤ᠂ ᠰᠢᠨ᠎ᠡ ᠦᠷ᠎ᠡ ᠪᠦᠲᠦᠮᠵᠢ ᠣᠯᠬᠤ ᠪᠠᠷ ᠴᠢᠷᠮᠠᠶᠢᠨ᠎ᠠ᠃ | ᠲᠠᠪᠤ ᠳᠤ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠰᠢᠨ᠎ᠡ ᠲᠦᠪᠰᠢᠨ ᠳᠤ ᠬᠦᠷᠭᠡᠨ᠎ᠡ᠃ ︽ᠵᠣᠯ | ᠵᠢᠷᠭᠠᠯᠲᠤ ᠡᠮᠦᠨᠡᠲᠦ ᠬᠤᠰᠢᠭᠤ︾ ᠨᠠᠩ ᠶᠡᠭᠡ ᠲᠠᠲᠠᠬᠤ ᠬᠦᠴᠦᠨ ᠲᠠᠢ᠂ ᠠᠷᠠᠳ ᠲᠦᠮᠡᠨ ᠤ ᠰᠠᠶᠢᠨ ᠰᠠᠶᠢᠬᠠᠨ | ᠠᠮᠢᠳᠤᠷᠠᠯ ᠤᠨ ᠬᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠲᠠ ᠪᠠᠨ ᠪᠣᠯᠭᠠᠵᠤ᠂ ︽ᠵᠠᠩᠭᠢᠯᠠᠭ᠎ᠠ ᠶᠢᠨ ᠵᠢᠵᠢᠭ ᠶᠠᠪᠤᠳᠠᠯ︾ | ᠳᠤ ᠠᠩᠬᠠᠷᠤᠯ ᠢᠶᠠᠨ ᠲᠥᠪᠯᠡᠷᠡᠭᠦᠯᠦᠨ᠂ ︽ᠠᠷᠠᠳ ᠤᠨ ᠠᠮᠢᠳᠤᠷᠠᠯ ᠤᠨ ᠶᠡᠭᠡ ᠶᠠᠪᠤᠳᠠᠯ︾ ᠢ ᠰᠡᠳᠬᠢᠯ ᠳᠡᠯᠪᠢᠨ | ᠰᠠᠶᠢᠲᠤᠷ ᠬᠢᠵᠦ᠂ ᠠᠷᠠᠳ ᠤᠨ ᠠᠮᠢᠳᠤᠷᠠᠯ ᠳᠠᠬᠢ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠣᠤᠷ ᠢ ᠨᠢᠭᠲᠠ ᠰᠦᠯᠵᠢᠨ᠎ᠡ᠃ ᠨᠡᠩ ᠭᠦᠢᠴᠡᠳ᠂ ᠨᠡᠩ ᠴᠢᠨᠠᠷ | ᠰᠠᠶᠢᠲᠠᠢ ᠠᠵᠢᠯ ᠣᠯᠭᠤᠯᠲᠠ ᠶᠢ ᠠᠬᠢᠭᠤᠯᠵᠤ᠂ ᠡᠮ ᠡᠮᠨᠡᠯᠭᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ | ᠤᠯᠠᠨ ᠡᠰᠢᠵᠢᠭᠰᠡᠨ ᠨᠠᠰᠤᠵᠢᠯ ᠤᠨ ᠦᠢᠯᠡᠴᠢᠯᠡᠭᠡᠨ ᠤ ᠪᠠᠶᠢᠷᠢᠰᠢᠯ ᠢ ᠪᠠᠶᠢᠭᠤᠯᠵᠤ᠂ ᠤᠯᠠᠨ ᠲᠡᠰ ᠳᠠᠪᠬᠤᠷᠭ᠎ᠠ ᠶᠢᠨ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠦᠨ᠎ᠡ᠃ ︽ᠰᠤᠷᠭᠠᠨ ᠬᠥᠮᠦᠵᠢᠯ ᠢᠶᠠᠷ | ᠬᠤᠰᠢᠭᠤ ᠪᠠᠨ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠰᠤᠷᠭᠠᠨ ᠬᠥᠮᠦᠵᠢᠯ ᠤᠨ | ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠤᠨ᠎ᠠ᠃ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ | ᠰᠢᠰᠲ᠋ᠧᠮ ᠢ ᠲᠡᠭᠦᠯᠳᠡᠷᠵᠢᠭᠦᠯᠵᠦ᠂ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ | ᠬᠥᠭᠵᠢᠭᠦᠯᠦᠨ᠎ᠡ᠃ ︽ᠠᠮᠤᠷ ᠲᠠᠶᠢᠪᠤᠩ ᠡᠮᠦᠨᠡᠲᠦ ᠬᠤᠰᠢᠭᠤ︾ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ | ᠭᠦᠨᠵᠡᠭᠡᠶᠢᠷᠡᠭᠦᠯᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠶᠢᠭᠤᠯᠤᠮᠵᠢ ᠲᠣᠭᠲᠠᠴᠠ ᠶᠢ | ᠪᠦᠲᠦᠮᠵᠢᠲᠡᠶ ᠪᠦᠷᠢᠨᠰᠢᠭᠦᠯᠵᠦ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠬᠢᠷᠢ ᠲᠦᠪᠰᠢᠨ ᠢ ᠢᠯᠡᠳᠲᠡ | ᠳᠡᠭᠡᠭᠰᠢᠯᠡᠭᠦᠯᠵᠦ᠂ ᠪᠥᠬᠦ ᠤᠯᠤᠰ ᠤᠨ ᠪᠣᠯᠪᠠᠰᠤᠨ ᠬᠤᠲᠠ ᠶᠢ ᠴᠢᠷᠮᠠᠶᠢᠨ ᠪᠠᠶᠢᠭᠤᠯᠤᠨ᠎ᠠ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠦᠨᠳᠦᠰᠦᠲᠡᠨ ᠤ ᠪᠦᠯᠬᠦᠮᠳᠡᠯ ᠪᠠ | ᠬᠢᠯᠢ ᠬᠢᠵᠠᠭᠠᠷ ᠤᠨ ᠠᠮᠤᠷ ᠲᠣᠭᠲᠠᠭᠤᠨ ᠢ ᠠᠬᠢᠭᠤᠯᠤᠨ᠎ᠠ᠃ | ᠵᠢᠷᠭᠤᠭ᠎ᠠ ᠳᠤ ᠥᠭᠡᠷᠡᠴᠢᠯᠡᠯᠲᠡ ᠨᠡᠭᠡᠭᠡᠯᠲᠡ ᠰᠢᠨ᠎ᠡ ᠰᠢᠪᠲᠤᠯᠤᠯᠲᠠ ᠲᠠᠢ ᠪᠤᠯᠤᠨ᠎ᠠ᠃ ︽ᠰᠢᠨ᠎ᠡ ᠶᠢ ᠡᠭᠦᠳᠬᠦ | ᠡᠮᠦᠨᠡᠲᠦ ᠬᠤᠰᠢᠭᠤ︾ ᠨᠠᠩ ᠰᠥᠰᠥ ᠵᠣᠷᠢᠭ ᠲᠠᠢ ᠪᠠᠶᠢᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ | ᠪᠠᠷᠢᠮᠲᠠᠯᠠᠨ᠂ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢ ᠨᠡᠮᠡᠭᠳᠡᠭᠦᠯᠵᠦ᠂ ᠥᠭᠡᠷᠡᠴᠢᠯᠡᠯᠲᠡ ᠶᠢᠨ ᠠᠷᠭ᠎ᠠ | ᠪᠠᠷᠢᠯ ᠢᠶᠠᠷ ᠬᠥᠭᠵᠢᠯᠲᠡ ᠶᠢᠨ ᠳᠠᠯᠳᠠ ᠬᠦᠴᠦᠨ ᠢ ᠪᠠᠳᠠᠷᠠᠭᠤᠯᠤᠨ᠂ ᠨᠡᠭᠡᠭᠡᠯᠲᠡ ᠬᠢᠵᠦ ᠬᠠᠮᠲᠤᠷᠠᠯᠴᠠᠬᠤ ᠪᠠᠷ | ᠬᠥᠭᠵᠢᠯᠲᠡ ᠶᠢᠨ ᠣᠷᠣᠨ ᠵᠠᠶ ᠶᠢ ᠥᠷᠭᠡᠳᠬᠡᠨ᠎ᠡ᠃ ᠶᠡᠷᠦᠩᠬᠡᠶ ᠱᠦᠵᠢ ᠰᠢ ᠶᠢᠨ ᠫᠢᠩ ᠤᠨ ᠨᠠᠶᠢᠳᠠᠭᠰᠠᠨ ᠤᠷᠢᠳᠠᠪᠠᠷ | ᠬᠡᠷᠡᠭᠵᠢᠭᠦᠯᠵᠦ ᠤᠷᠢᠳᠠᠪᠠᠷ ᠲᠤᠷᠰᠢᠬᠤ ︽ᠭᠤᠷᠪᠠᠨ ᠵᠤᠶᠢᠯ ᠤᠨ ᠥᠭᠡᠷᠡᠴᠢᠯᠡᠯᠲᠡ︾ ᠶᠢᠨ ᠡᠭᠦᠷᠭᠡ ᠶᠢ ᠡᠷᠡᠰ | ᠭᠤᠶᠢᠪᠢᠰᠢ ᠥᠬᠡᠶ ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠠᠶᠢᠮᠠᠭ ᠤᠨ ᠭᠤᠤᠯᠳᠠᠯᠭ᠎ᠠ ᠲᠠᠢ | ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠭᠠᠵᠠᠷ ᠰᠢᠷᠣᠶ᠂ ᠬᠥᠳᠡᠯᠮᠦᠷᠢ | ᠬᠦᠴᠦᠨ᠂ ᠬᠥᠷᠥᠩᠭᠡ᠂ ᠮᠡᠷᠭᠡᠵᠢᠯ ᠵᠡᠷᠭᠡ ᠬᠦᠴᠦᠨ ᠵᠤᠶᠢᠯ ᠤᠨ ᠵᠠᠬ᠎ᠠ ᠳᠡᠯᠭᠡᠭᠦᠷᠴᠢᠯᠡᠭᠰᠡᠨ ᠲᠣᠬᠢᠷᠠᠭᠤᠯᠤᠯᠲᠠ ᠶᠢ | ᠠᠬᠢᠭᠤᠯᠵᠤ᠂ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠠᠬᠢ ᠥᠭᠡᠷᠡᠴᠢᠯᠡᠯᠲᠡ ᠶᠢ ᠢᠯᠡᠳᠲᠡ | ᠠᠬᠢᠴᠠ ᠲᠠᠢ ᠪᠣᠯᠭᠠᠨ᠎ᠠ᠃ ᠨᠠᠩ ᠥᠨᠳᠥᠷ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠳᠤᠮᠳᠠᠳᠤ | ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ | ᠠᠭᠤᠰᠤᠯᠴᠠᠵᠤ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠴᠣᠭᠴᠠᠯᠠᠨ᠎ᠠ᠃ ᠬᠥᠬᠡᠮᠥ᠋ᠷᠡᠨ ᠤ | ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠯᠤᠭ᠎ᠠ ᠶᠢᠨ ᠦᠢᠯᠡᠳᠦᠯᠴᠡᠯ ᠰᠣᠯᠢᠯᠴᠠᠭ᠎ᠠ ᠶᠢ | ᠴᠢᠩᠭᠠᠳᠬᠠᠵᠤ᠂ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠬᠢᠷᠢ ᠲᠦᠪᠰᠢᠨ ᠢ ᠶᠡᠭᠡ ᠪᠠᠷ | ᠳᠡᠭᠡᠭᠰᠢᠯᠡᠭᠦᠯᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠶᠢ ᠭᠦᠨᠵᠡᠭᠡᠶᠢᠷᠡᠭᠦᠯᠵᠦ᠂ ᠰᠢᠪᠲᠤᠯᠤᠯᠲᠠ ᠶᠢᠨ | ᠴᠢᠨᠠᠷᠲᠠᠶ᠂ ᠬᠥᠲᠥᠯᠥᠨ ᠳᠠᠭᠠᠭᠤᠯᠬᠤ ᠴᠢᠨᠠᠷᠲᠠᠶ ᠪᠠᠷ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠰᠦᠪᠡᠭᠴᠢᠯᠡᠨ ᠬᠡᠷᠡᠭᠵᠢᠭᠦᠯᠵᠦ᠂ ᠣᠯᠠᠨ ᠲᠦᠮᠡᠨ ᠤ ᠠᠵᠢᠯ ᠶᠠᠪᠤᠳᠠᠯ | ᠬᠦᠢᠴᠡᠳᠭᠡᠬᠦ ᠳᠤ ᠨᠠᠩ ᠳᠥᠭᠦᠮ ᠳᠥᠲᠡ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠳᠤ ᠨᠠᠩ ᠰᠢᠭᠤᠳ | ᠰᠢᠯᠤᠭᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠨᠠᠩ ᠣᠶᠤᠨᠴᠢ ᠪᠣᠯᠬᠤ ᠶᠢ ᠪᠡᠶᠡᠯᠡᠭᠦᠯᠦᠨ᠎ᠡ᠃ | ᠲᠥᠯᠥᠭᠡᠯᠡᠭᠴᠢᠳ ᠡ︕ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ | ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠠᠶᠠᠨ ᠵᠠᠮ ᠳᠤ᠂ ᠪᠢᠳᠡ ᠰᠢᠷᠭᠠᠭᠤ ᠬᠠᠲᠠᠭᠤᠵᠢᠯᠲᠠᠶ ᠠᠵᠢᠯᠯᠠᠵᠤ᠂ ᠡᠷᠴᠢ | ᠵᠣᠷᠢᠭ ᠢᠶᠠᠨ ᠬᠥᠪᠴᠢᠯᠡᠨ ᠡᠬᠡ ᠤᠯᠤᠰ ᠢᠶᠠᠨ ᠵᠠᠰᠠᠵᠤ᠂ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠡᠭᠦᠷᠭᠡᠯᠡᠯ ᠢᠶᠠᠨ | ᠢᠯᠡᠷᠡᠭᠦᠯᠵᠦ᠂ ᠰᠢᠨ᠎ᠡ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠵᠦ᠂ ᠰᠢᠨ᠎ᠡ ᠬᠠᠭᠤᠳᠠᠰᠤ ᠶᠢ ᠪᠢᠴᠢᠭᠯᠡᠵᠦ᠂ | ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ | ᠰᠢᠨ᠎ᠡ ᠶᠢ ᠡᠭᠦᠳᠬᠦ᠂ ᠵᠣᠬᠢᠴᠠᠩᠭᠤᠶ᠂ ᠪᠣᠬᠢᠷᠲᠤᠯ ᠥᠬᠡᠶ᠂ ᠨᠡᠭᠡᠭᠡᠯᠲᠡᠲᠦ᠂ ᠬᠠᠮᠲᠤ ᠪᠠᠷ ᠡᠳ᠋ᠯᠡᠬᠦ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠥᠬᠦ ᠶᠠᠪᠤᠴᠠ ᠳᠤ ᠲᠤᠭᠤᠰᠢᠯᠠᠭᠤᠯᠵᠤ᠂ ᠡᠯ᠎ᠡ ᠬᠦᠷᠢᠶᠡᠨ ᠳᠤ | ᠲᠤᠭᠤᠰᠢᠯᠠᠭᠤᠯᠵᠤ᠂ ᠠᠵᠤ ᠠᠬᠤᠶ ᠶᠢᠨ ᠠᠯᠤᠰ ᠢ ᠵᠣᠷᠢᠨ ᠯᠠᠪᠳᠠᠭᠤᠨ ᠢᠶᠠᠷ ᠤᠷᠤᠭᠰᠢᠯᠠᠬᠤ ᠶᠢ ᠪᠡᠶᠡᠯᠡᠭᠦᠯᠵᠦ᠂ | ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠰᠠᠶᠢᠨ ᠡᠬᠢᠯᠡᠯᠲᠡ ᠲᠠᠢ | ᠪᠣᠯᠭᠠᠵᠤ᠂ ᠢᠳᠡᠷᠡᠭᠦᠨ ᠠᠯᠬᠤᠭ᠎ᠠ ᠲᠠᠢ ᠪᠠᠶᠢᠬᠤ ᠬᠡᠷᠡᠭᠲᠡᠶ᠃ | ᠭᠤᠷᠪᠠ᠂ 2021 ᠣᠨ ᠤ ᠠᠵᠢᠯ ᠤᠨ ᠲᠣᠬᠢᠷᠠᠭᠤᠯᠤᠯᠲᠠ | ᠲᠡᠦᠬᠡ ᠶᠢᠨ ᠬᠠᠭᠤᠳᠠᠰᠤ ᠶᠢ ᠢᠮᠠᠭᠲᠠ ᠡᠷᠡᠮᠡᠬᠡᠶᠢᠯᠡᠨ ᠤᠷᠤᠭᠰᠢᠯᠠᠬᠤ ᠳᠤᠮᠳᠠ ᠳᠡᠯᠭᠡᠳᠡᠭ᠃ ᠴᠠᠭ ᠦᠶ᠎ᠡ ᠶᠢᠨ | ᠢᠷᠠᠭᠤ ᠬᠠᠭᠤᠳᠠᠰᠤ ᠶᠢ ᠶᠡᠷᠦᠨᠢ ᠦᠷᠭᠦᠯᠵᠢᠯᠡᠭᠰᠡᠨ ᠲᠡᠮᠡᠴᠡᠯ ᠳᠤᠮᠳᠠ ᠪᠠᠨ ᠪᠢᠴᠢᠭᠯᠡᠳᠡᠭ᠃ ᠡᠨᠡ ᠵᠢᠯ ᠪᠣᠯ | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠃ ᠵᠠᠰᠠᠭ ᠤᠨ ᠣᠷᠳᠣᠨ ᠤ ᠠᠵᠢᠯ ᠢ | ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ | ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠦ᠂ ᠲᠣᠭᠲᠠᠭᠤᠨ ᠤ | ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠦ᠂ ᠰᠢᠨ᠎ᠡ ᠬᠥᠭᠵᠢᠯᠲᠡ ᠶᠢᠨ | ᠱᠠᠲᠤᠨ ᠳᠤ ᠰᠠᠭᠤᠷᠢᠯᠠᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠦ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ | ᠪᠣᠯᠭᠠᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ | ᠭᠤᠣᠯ ᠰᠢᠵᠢᠮ ᠪᠣᠯᠭᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ | ᠪᠣᠯᠭᠠᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ | ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠨ᠎ᠠ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ | ᠲᠥᠯᠥᠪᠵᠢᠭᠦᠯᠦᠨ᠎ᠡ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ | ᠬᠡᠷᠡᠭᠲᠡᠶ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠬᠤᠷᠸ᠎ᠠ | ᠲᠥᠷᠥ ᠶᠢᠨ ᠪᠣᠳᠣᠯᠭ᠎ᠠ ᠶᠢ ᠰᠢᠨᠵᠢᠯᠡᠬᠦ ᠤᠬᠠᠭᠠᠨᠴᠢ ᠪᠥᠭᠡᠳ ᠤᠨᠤᠪᠴᠢᠲᠠᠢ ᠪᠠᠷ ᠬᠡᠷᠡᠭᠵᠢᠭᠦᠯᠦᠨ᠎ᠡ᠂ ᠠᠵᠤ | ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠪᠠᠶᠢᠷᠢ ᠳᠤ ᠪᠠᠶᠢᠯᠭᠠᠬᠤ ᠶᠢ ᠴᠢᠷᠮᠠᠶᠢᠨ ᠪᠠᠲᠤᠯᠠᠵᠦ᠂ | ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠨ᠎ᠠ᠂ ᠰᠢᠨᠵᠢᠯᠡᠬᠦ ᠤᠬᠠᠭᠠᠨ | ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠢ ᠴᠢᠩᠭᠠᠷᠠᠭᠤᠯᠵᠦ᠂ ᠥᠨᠳᠥᠷ ᠲᠦᠪᠰᠢᠨ ᠪᠦᠬᠦᠢ | ᠭᠠᠳᠠᠭᠠᠳᠤ ᠨᠡᠭᠡᠭᠡᠯᠲᠡ ᠶᠢ ᠥᠷᠭᠡᠳᠬᠡᠨ᠎ᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠲᠡ ᠶᠢ | ᠪᠠᠲᠤᠯᠠᠵᠦ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠶ᠎ᠡ᠃ | ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 8% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ | ᠪᠠᠯᠠ ᠣᠷᠣᠭᠤᠯᠤᠯᠲᠠ ᠶᠢ 15% ᠣᠷᠴᠢᠮ ᠨᠡᠮᠡᠭᠳᠡᠭᠦᠯᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ | ᠲᠥᠰᠦᠪ ᠤᠨ ᠣᠷᠣᠯᠭ᠎ᠠ ᠶᠢ 15 % ᠠᠴᠠ ᠳᠡᠭᠡᠭᠰᠢ ᠨᠡᠮᠡᠭᠳᠡᠭᠦᠯᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 7% ᠪᠠ 9% | ᠣᠷᠴᠢᠮ ᠨᠡᠮᠡᠭᠳᠡᠭᠦᠯᠵᠦ᠂ ᠠᠮᠤ ᠪᠤᠳᠠᠭᠠᠨ ᠤ ᠤᠨᠠᠯᠲᠠ ᠶᠢ 30 ᠳ᠋ᠦᠩᠰᠢᠭᠤᠷ ᠵᠢᠩ ᠣᠷᠴᠢᠮ ᠬᠦᠷᠦᠬᠦᠯᠦᠨ᠎ᠡ᠃ | ᠡᠬᠢᠯᠡᠯᠲᠡ ᠶᠢᠨ ᠡᠭᠦᠷᠭᠡ ᠬᠦᠨᠳᠦ᠂ ᠥᠷᠢᠰᠥᠯᠳᠦᠭᠡᠨ ᠤᠯᠠᠨ᠂ ᠱᠠᠭᠠᠷᠳᠠᠯᠭ᠎ᠠ ᠥᠨᠳᠥᠷ᠂ ᠪᠢᠳᠡ ᠲᠦᠷᠦᠭᠦᠯᠡᠨ ᠬᠢᠵᠦ | ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠵᠠᠩᠭᠢᠯᠠᠭ᠎ᠠ ᠶᠢ ᠡᠵᠡᠮᠳᠡᠵᠦ᠂ ᠳᠣᠣᠷᠠᠬᠢ ᠠᠵᠢᠯ ᠢ ᠭᠤᠣᠯᠳᠠᠯᠭ᠎ᠠ ᠲᠠᠢ | ᠰᠠᠶᠢᠲᠤᠷ ᠬᠢᠬᠦ ᠬᠡᠷᠡᠭᠲᠡᠢ᠄ | ︵ᠨᠢᠭᠡ︶ ᠲᠥᠷᠥᠯ ᠵᠦᠢᠯ ᠢ ᠠᠳᠬᠤᠨ᠂ ᠲᠣᠭᠲᠠᠭᠤᠨ ᠨᠡᠮᠡᠭᠳᠡᠯ ᠢ ᠪᠠᠷᠢᠮᠲᠠᠯᠠᠵᠤ᠂ ᠬᠥᠭᠵᠢᠯᠲᠡ ᠶᠢᠨ ᠰᠠᠭᠤᠷᠢ ᠶᠢ | ᠪᠠᠲᠤᠳᠬᠠᠨ᠎ᠠ᠃ ︽ᠲᠥᠷᠥᠯ ᠵᠤᠶᠢᠯ ᠢ ᠤᠷᠢᠳ ᠢᠶᠠᠷ ᠪᠣᠳᠣᠯᠬᠢᠯᠠᠬᠤ︾ ᠣᠶᠢᠯᠠᠭᠠᠭᠳᠠᠬᠤᠨ ᠢ ᠦᠢᠯᠡᠳᠦᠯᠬᠡᠵᠢᠬᠦᠯᠵᠦ᠂ | ᠠᠷᠭ᠎ᠠ ᠪᠦᠬᠦᠨ ᠢ ᠰᠦᠪᠡᠭᠴᠢᠯᠡᠨ ᠡᠨᠧᠷᠭᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ᠬᠤᠣᠰ | ᠡᠵᠡᠮᠳᠡᠯ ᠢ ᠴᠢᠩᠭᠠᠳᠬᠠᠵᠤ᠂ ᠪᠦᠬᠦ ᠬᠦᠴᠦᠨ ᠢᠶᠠᠷ ᠢᠶᠠᠨ ᠬᠥᠳᠡᠯᠭᠡᠬᠦ ᠡᠨᠧᠷᠭᠢ ᠶᠢ ᠬᠤᠪᠢᠷᠠᠭᠤᠯᠵᠤ᠂ ᠪᠡᠯᠡ | ᠣᠷᠣᠭᠤᠯᠤᠯᠲᠠ ᠶᠢ ᠠᠬᠢᠭᠤᠯᠵᠤ᠂ ᠲᠤᠲᠠᠭᠳᠠᠯ ᠢᠶᠠᠨ ᠨᠥᠬᠦᠪᠥᠷᠢᠯᠡᠵᠦ᠂ ᠪᠣᠳᠠᠲᠤ ᠴᠣᠭᠴᠠ ᠶᠢᠨ ᠠᠵᠤ ᠠᠬᠤᠢ ᠶᠢᠨ | ᠦᠷᠢᠰᠦᠯᠳᠦᠬᠦ ᠬᠦᠴᠦᠨ ᠢ ᠶᠡᠬᠡᠰᠬᠡᠨ᠎ᠡ᠃ ᠪᠦᠬᠦ ᠵᠢᠯ ᠳᠤ ᠲᠠᠪᠤᠨ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ | ᠪᠡᠯᠡ ᠣᠷᠣᠭᠤᠯᠤᠯᠲᠠ ᠶᠢᠨ ᠲᠥᠷᠥᠯ ᠵᠦᠢᠯ ᠢ 100 ᠳᠤ ᠬᠦᠷᠦᠭᠦᠯᠵᠦ᠂ ᠡᠭᠦᠨ ᠳᠤ ︽ᠲᠠᠪᠤᠨ ᠶᠡᠭᠡ ᠠᠵᠤ | ᠦᠢᠯᠡᠰ ᠤᠨ ᠪᠦᠯᠦᠭᠯᠡᠯ︾ ᠢᠶᠠᠷ ᠭᠤᠣᠯ ᠪᠣᠯᠭᠠᠨ᠂ ᠭᠤᠣᠯᠳᠠᠯᠭ᠎ᠠ ᠲᠠᠢ ᠲᠥᠷᠥᠯ ᠵᠦᠢᠯ ᠢ 60 ᠬᠡᠷᠡᠭᠵᠢᠭᠦᠯᠦᠨ᠎ᠡ᠃ | ᠳ᠋ᠧ ᠺᠠᠩ ᠪᠦᠯᠦᠭᠯᠡᠯ ᠤᠨ ᠵᠠᠭᠤᠨ ᠲᠦᠮᠡᠨ ᠭᠠᠭ᠋ᠠᠶ ᠶᠢᠨ ᠠᠵᠤ ᠦᠢᠯᠡᠰ ᠢ ᠨᠢᠭᠡ ᠴᠣᠭᠴᠠᠵᠢᠭᠤᠯᠬᠤ᠂ ᠢᠯᠢ | ᠪᠦᠯᠦᠭᠯᠡᠯ ᠤᠨ ᠴᠠᠭᠠᠨ ᠢᠳᠡᠭᠡᠨ ᠤ ᠣᠶᠤᠨᠴᠢ ᠵᠢᠱᠢᠶ᠎ᠡ ᠦᠵᠡᠭᠦᠯᠬᠦ ᠲᠥᠷᠥᠯ ᠵᠦᠢᠯ ᠢᠶᠠᠷ ᠲᠥᠯᠥᠭᠡᠯᠡᠭᠦᠯᠦᠭᠰᠡᠨ | ᠪᠣᠬᠢᠷᠲᠤᠯ ᠦᠭᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠬᠦᠯᠬᠦ 16 ᠲᠥᠷᠥᠯ ᠵᠦᠢᠯ ᠢ | ᠬᠡᠷᠡᠭᠵᠢᠭᠦᠯᠦᠨ᠎ᠡ᠃ ᠵᠦᠩ ᠭᠤᠸᠠᠩ ᠾᠧ ᠶᠢᠨ ᠵᠠᠭᠤᠨ ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ | ᠰᠠᠭᠤᠷᠢᠨ ᠭᠠᠵᠠᠷ ᠢᠶᠠᠷ ᠲᠥᠯᠥᠭᠡᠯᠡᠭᠦᠯᠦᠭᠰᠡᠨ ᠴᠡᠪᠡᠷ ᠡᠨᠧᠷᠭᠢ ᠶᠢᠨ 12 ᠲᠥᠷᠥᠯ ᠵᠦᠢᠯ ᠢ ᠬᠡᠷᠡᠭᠵᠢᠭᠦᠯᠯᠦᠨᠡ᠃ | ᠬᠤᠷᠴᠢᠨ ᠲᠠᠯ᠎ᠠ ᠨᠤᠲᠤᠭ ᠤᠨ ᠬᠤᠲᠠ ᠶᠢᠨ ᠲᠤᠮᠳᠠᠬᠢ ᠲᠠᠯ᠎ᠠ ᠨᠤᠲᠤᠭ᠂ ᠳ᠋ᠢᠩ ᠴᠧᠩ ᠰᠤᠪᠤᠳ ᠡᠷᠳᠡᠨᠢ ᠶᠢᠨ | ᠰᠣᠶᠣᠯ ᠤᠨ ᠠᠵᠤ ᠦᠢᠯᠡᠰ ᠤᠨ ᠬᠦᠷᠢᠶᠡᠯᠡᠩ ᠢᠶᠠᠷ ᠲᠥᠯᠥᠭᠡᠯᠡᠭᠦᠯᠦᠭᠰᠡᠨ ᠣᠲᠣ ᠦᠶ᠎ᠡ ᠶᠢᠨ ᠦᠢᠯᠡᠴᠢᠯᠡᠭᠡᠨ ᠤ 11 | ᠲᠥᠷᠥᠯ ᠵᠤᠶᠢᠯ ᠢ ᠬᠡᠷᠡᠭᠵᠢᠭᠦᠯᠦᠨ᠎ᠡ᠃ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠢᠲᠠᠳ ᠡᠮ ᠤᠨ | ᠰᠤᠪᠢᠯᠠᠯᠲᠠ ᠶᠢᠨ ᠰᠣᠶᠣᠯ ᠤᠨ ᠬᠦᠷᠢᠶᠡᠯᠡᠩ᠂ ᠶᠢᠨ ᠪᠢᠨ ᠤ ᠡᠮᠴᠢᠯᠡᠭᠡ ᠰᠤᠪᠢᠯᠠᠯᠲᠠ ᠶᠢᠨ ᠲᠥᠪ᠂ ᠬᠤᠷᠴᠢᠨ ᠤ | ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠵᠤᠭᠠᠴᠠᠯ ᠤᠨ ᠬᠤᠲᠠ ᠪᠠᠷ ᠲᠥᠯᠥᠭᠡᠯᠡᠭᠦᠯᠦᠭᠰᠡᠨ ᠰᠤᠷᠭᠠᠨ | ᠬᠥᠮᠦᠵᠢᠯ ᠤᠨ ᠡᠷᠡᠭᠦᠯᠵᠢᠯ ᠰᠤᠪᠢᠯᠠᠯᠲᠠ ᠶᠢᠨ 12 ᠲᠥᠷᠥᠯ ᠵᠤᠶᠢᠯ ᠢ ᠬᠡᠷᠡᠭᠵᠢᠭᠦᠯᠦᠨ᠎ᠡ᠃ ᠬᠠᠸᠠ ᠣᠯᠠᠨ | ᠤᠯᠤᠰ ᠤᠨ ᠵᠢᠯᠣᠭᠤᠴᠢ ᠥᠬᠡᠶ ᠨᠢᠰᠬᠡᠯ ᠢᠶᠠᠷ ᠲᠥᠯᠥᠭᠡᠯᠡᠭᠦᠯᠦᠭᠰᠡᠨ ᠳᠡᠭᠡᠳᠦ ᠰᠢᠨ᠎ᠡ ᠮᠡᠷᠭᠡᠵᠢᠯ ᠪᠠ ᠣᠲᠣ | ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ 9 ᠲᠥᠷᠥᠯ ᠵᠤᠶᠢᠯ ᠢ ᠬᠡᠷᠡᠭᠵᠢᠭᠦᠯᠦᠨ᠎ᠡ᠃ ︽ᠬᠤᠶᠠᠷ ᠰᠢᠨ᠎ᠡ | ᠨᠢᠭᠡ ᠴᠢᠬᠤᠯᠠ︾᠂ ᠠᠵᠤ ᠦᠢᠯᠡᠰ ᠤᠨ ᠬᠥᠭᠵᠢᠯᠲᠡ᠂ ᠨᠡᠶᠢᠭᠡᠮ᠂ ᠠᠷᠠᠳ ᠤᠨ ᠠᠮᠢᠳᠤᠷᠠᠯ ᠵᠡᠷᠭᠡ | ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠨᠢᠭᠡ ᠪᠦᠯᠦᠭ ᠦᠨᠡᠨᠬᠦ ᠬᠡᠷᠡᠭᠵᠢᠭᠦᠯᠦᠭᠦᠰᠢᠲᠡᠶ᠂ | ᠠᠯᠤᠰ ᠬᠡᠲᠦ ᠳᠤ ᠬᠤᠯᠪᠣᠭᠳᠠᠬᠤ ᠴᠢᠬᠤᠯᠠ ᠶᠡᠭᠡ ᠲᠥᠷᠥᠯ ᠵᠤᠶᠢᠯ ᠢ ᠤᠷᠢᠳᠴᠢᠯᠠᠨ ᠠᠷᠭ᠎ᠠ ᠰᠦᠪᠡᠭᠴᠢᠯᠡᠨ | ᠨᠥᠭᠡᠴᠡᠯᠡᠵᠦ᠂ ᠨᠠᠩ ᠣᠯᠠᠨ ᠲᠥᠷᠥ ᠶᠢᠨ ᠪᠣᠳᠣᠯᠭ᠎ᠠ ᠪᠠ ᠪᠠᠯᠠ ᠮᠥᠩᠭᠦ ᠶᠢᠨ ᠳᠡᠮᠵᠢᠯᠭᠡ ᠶᠢ ᠴᠢᠷᠮᠠᠶᠢᠨ ᠣᠯᠤᠨ᠎ᠠ᠃ | ᠨᠢᠭᠡᠨᠲᠡ ᠪᠠᠭᠤᠯᠭᠠᠭᠰᠠᠨ ᠵᠢᠭᠡᠯᠡᠯᠭᠡ ᠶᠢᠨ ᠲᠡᠮᠳᠡᠭ ᠤᠨ ᠪᠡᠯᠡ ᠮᠥᠩᠭᠦ ᠶᠢᠨ ᠲᠥᠷᠥᠯ ᠵᠦᠢᠯ ᠤᠨ ᠬᠡᠷᠡᠭᠵᠢᠭᠦᠯᠬᠦ | ᠠᠬᠢᠴᠠ ᠶᠢ ᠲᠦᠷᠭᠡᠳᠬᠡᠵᠦ᠂ ᠪᠣᠳᠠᠲᠤ ᠵᠦᠢᠯ ᠤᠨ ᠠᠵᠢᠯ ᠤᠨ ᠬᠡᠮᠵᠢᠶ᠎ᠡ ᠶᠢ ᠪᠣᠶ ᠪᠣᠯᠭᠠᠵᠤ᠂ ᠥᠭᠬᠦ | ᠱᠠᠭᠠᠷᠳᠠᠯᠭ᠎ᠠ ᠳᠤ ᠬᠦᠷᠦᠭᠦᠯᠬᠦ ᠬᠡᠷᠡᠭᠲᠡᠶ᠃ | ︵ᠬᠤᠶᠠᠷ︶ ᠪᠦᠲᠦᠴᠡ ᠶᠢ ᠲᠣᠬᠢᠷᠠᠭᠤᠯᠬᠤ᠂ ᠰᠠᠭᠤᠷᠢ ᠶᠢ ᠪᠠᠬᠢᠵᠢᠭᠦᠯᠬᠦ ᠶᠢ ᠪᠠᠷᠢᠮᠲᠠᠯᠠᠵᠤ᠂ ᠨᠠᠩ ᠴᠢᠨᠠᠷ ᠰᠠᠶᠢᠲᠠᠶ | ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠪᠠᠶᠢᠷᠢᠰᠢᠯ ᠢ ᠪᠠᠶᠢᠭᠤᠯᠤᠨ᠎ᠠ᠃ ᠠᠵᠤ ᠦᠢᠯᠡᠰ ᠢ | ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠰᠠᠭᠤᠷᠢ ᠪᠣᠯᠭᠠᠵᠤ᠂ | ᠪᠥᠬᠦ ᠬᠤᠰᠢᠭᠤᠨ ᠤ ᠬᠦᠴᠦᠨ ᠢᠶᠠᠷ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠥᠨᠳᠥᠷ ᠪᠦᠲᠦᠮᠵᠢᠲᠡᠶ᠂ | ᠲᠠᠷᠢᠶᠠᠯᠠᠬᠤ ᠮᠠᠯᠵᠢᠬᠤ ᠣᠷᠣᠨ ᠤ ᠣᠷᠣᠰᠢᠨ ᠰᠭᠤᠬᠤ ᠦᠢᠯᠡᠰ ᠪᠤᠰᠬᠠᠬᠤ ᠳᠤ ᠲᠣᠬᠢᠷᠠᠮᠵᠢᠲᠠᠶ᠂ ᠮᠠᠯᠴᠢᠨ | ᠲᠠᠷᠢᠶᠠᠴᠢᠨ ᠪᠠᠶᠠᠨ ᠴᠢᠨᠡᠭᠡᠯᠢᠭ ᠪᠠᠶᠢᠬᠤ ᠶᠢ ᠠᠬᠢᠭᠤᠯᠤᠨ᠎ᠠ᠃ | ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ ︽ | ᠲᠠᠪᠤᠨ ᠶᠡᠭᠡ ᠠᠵᠤ ᠦᠢᠯᠡᠰ ᠤᠨ ᠬᠦᠷᠢᠶᠡᠯᠡᠩ ᠲᠣᠭᠤᠷᠢᠭ︾ ᠤᠨ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠰᠢᠨ᠎ᠡ | ᠬᠠᠭᠤᠳᠠᠰᠤ ᠶᠢ ᠪᠢᠴᠢᠭᠯᠡᠨ᠎ᠡ᠃ ᠠᠮᠢᠳᠤ ᠭᠠᠭ᠋ᠠᠢ ᠲᠡᠵᠢᠭᠡᠨ ᠦᠷᠡᠵᠢᠭᠦᠯᠬᠦ ᠣᠷᠴᠢᠯᠲᠤ ᠵᠢᠱᠢᠶ᠎ᠡ ᠦᠵᠡᠭᠦᠯᠬᠦ ᠠᠵᠤ | ᠦᠢᠯᠡᠰ ᠤᠨ ᠬᠦᠷᠢᠶᠡᠯᠡᠩ ᠲᠣᠭᠤᠷᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠦᠷ᠎ᠡ ᠶᠢᠨ ᠭᠠᠭ᠋ᠠᠢ ᠶᠢᠨ ᠲᠠᠯᠠᠪᠠᠢ 1 | ᠪᠠᠶᠢᠭᠤᠯᠵᠦ᠂ ᠪᠣᠷᠳᠣᠨ ᠲᠠᠷᠭᠤᠯᠠᠭᠤᠯᠬᠤ ᠲᠠᠯᠠᠪᠠᠢ ᠶᠢ 5 ᠪᠠᠶᠢᠭᠤᠯᠵᠤ᠂ ᠠᠩᠬᠠᠨ ᠤ ᠬᠤᠭᠤᠴᠠᠭᠠᠨ ᠳᠤ 100 | ᠲᠦᠮᠡᠨ ᠲᠣᠯᠣᠭᠠᠢ ᠳᠤ ᠬᠦᠷᠭᠡᠨ᠎ᠡ᠃ ᠮᠢᠩᠭᠠᠨ ᠲᠣᠯᠣᠭᠠᠶ ᠦᠪᠡᠷ ᠢᠶᠠᠨ ᠲᠡᠵᠢᠭᠡᠭᠰᠡᠨ ᠭᠠᠭ᠋ᠠᠢ ᠶᠢᠨ ᠳᠠᠯᠠᠪᠠᠢ ᠶᠢ | 100 ᠠᠴᠠ ᠳᠡᠭᠡᠭᠰᠢ ᠦᠷᠭᠡᠳᠭᠡᠨ ᠪᠠᠶᠢᠭᠤᠯᠵᠦ᠂ 100 ᠲᠦᠮᠡᠨ ᠲᠣᠯᠣᠭᠠᠶ ᠭᠠᠭ᠋ᠠᠶ ᠶᠢᠨ ᠮᠢᠬᠠᠨ ᠢᠳᠡᠭᠡᠨ | ᠪᠣᠯᠪᠠᠰᠤᠷᠠᠭᠤᠯᠬᠤ ᠦᠢᠯᠡᠳᠪᠦᠷᠢ ᠶᠢᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠤᠰᠤᠨ ᠲᠤᠲᠤᠷᠭ᠎ᠠ ᠶᠢ | ᠲᠣᠭᠤᠷᠢᠨ ᠦᠵᠡᠬᠦ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ ᠠᠩᠬᠠᠷᠤᠯ ᠢᠶᠠᠨ ᠲᠥᠪᠯᠡᠷᠡᠭᠦᠯᠵᠦ᠂ | ᠲᠥᠷᠥᠯ ᠲᠡᠮᠳᠡᠭᠵᠢᠭᠦᠯᠬᠦ᠂ ᠰᠢᠨᠵᠢᠯᠡᠬᠦ ᠤᠬᠠᠭᠠᠨᠴᠢᠯᠠᠬᠤ᠂ ᠠᠭᠤᠰᠤᠯᠴᠠᠭᠤᠯᠬᠤ ᠶᠢ ᠠᠬᠢᠭᠤᠯᠤᠨ᠎ᠠ᠃ ᠪᠠᠳᠠᠷᠠᠩᠭᠤᠢ | ᠶᠢᠨ ᠲᠦᠮᠡᠨ ᠮᠦ ᠶᠢᠨ ᠤᠰᠤᠨ ᠲᠤᠲᠤᠷᠭ᠎ᠠ ᠶᠢᠨ ᠵᠤᠭᠠᠴᠠᠯ ᠤᠨ ᠬᠦᠷᠢᠶᠡᠯᠡᠩ ᠤᠨ ᠰᠡᠯᠡᠭᠦᠴᠡᠯ ᠤᠨ ᠴᠢᠳᠠᠪᠬᠢ ᠶᠢ | ᠲᠡᠭᠦᠯᠳᠡᠷᠵᠢᠭᠦᠯᠵᠦ᠂ 2 ᠲᠦᠮᠡᠨ ᠮᠦ ᠠᠴᠠ ᠳᠡᠭᠡᠭᠰᠢ ︽ᠲᠣᠭᠠᠴᠢᠯᠠᠭᠰᠠᠨ︾ ᠰᠠᠭᠤᠷᠢᠨ ᠭᠠᠵᠠᠷ ᠢ ᠪᠠᠶᠢᠭᠤᠯᠤᠨ᠎ᠠ᠃ | ︽ᠵᠢᠶᠠ ᠾᠧ ᠠᠮᠤ ᠪᠤᠳᠠᠭᠠᠨ ᠤ ᠦᠢᠯᠡᠰ︾᠂ ︽ᠳ᠋ᠣᠣ ᠱᠦ ᠲᠠᠷᠢᠶᠠᠯᠠᠩ︾ ᠤᠨ ᠵᠠᠬᠢᠶᠠᠯᠠᠭ᠎ᠠ ᠶᠢᠨ | ᠬᠠᠳᠠᠭᠠᠯᠠᠯᠲᠠ ᠳᠤ ᠲᠦᠰᠢᠭᠯᠡᠨ᠂ ᠤᠰᠤᠨ ᠲᠤᠲᠤᠷᠭ᠎ᠠ ᠶᠢᠨ ᠲᠥᠷᠥᠯ ᠵᠤᠶᠢᠯ ᠢ ᠨᠢᠭᠡᠳᠦᠯᠲᠡᠶ ᠪᠠᠶᠢᠯᠭᠠᠬᠤ ᠶᠢ | ᠠᠬᠢᠭᠤᠯᠵᠤ᠂ ᠣᠭ ᠦᠨᠳᠦᠰᠦ ᠶᠢ ᠨᠢ ᠡᠷᠢᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ︽ | ᠬᠢᠩᠭᠠᠨ ᠠᠶᠢᠮᠠᠭ ᠲᠤᠲᠤᠷᠭ᠎ᠠ︾ ᠶᠢᠨ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃ | ᠬᠤᠲᠠ ᠶᠢᠨ ᠲᠡᠭᠦᠷᠭᠡ ᠶᠢᠨ ᠬᠡᠯᠪᠡᠷᠢ ᠶᠢᠨ ᠣᠲᠣ ᠦᠶ᠎ᠡ ᠶᠢᠨ ᠲᠠᠷᠢᠶᠠᠯᠠᠩ ᠤᠨ ᠬᠦᠷᠢᠶᠡᠯᠡᠩ ᠲᠣᠭᠤᠷᠢᠭ ᠲᠤ | ᠠᠩᠬᠠᠷᠤᠯ ᠢᠶᠠᠨ ᠲᠥᠪᠯᠡᠷᠡᠭᠦᠯᠵᠦ᠂ 400 ᠮᠥ ᠢᠳᠡᠰᠢᠨ ᠨᠣᠭᠤᠭ᠎ᠠ ᠶᠢᠨ ᠬᠤᠯᠪᠣᠭᠠᠨ ᠤ ᠰᠠᠭᠤᠷᠢᠨ ᠭᠠᠵᠠᠷ ᠢ | ᠲᠣᠭᠲᠠᠪᠤᠷᠢᠵᠢᠭᠤᠯᠵᠤ᠂ ᠪᠠᠷᠠᠭᠠᠨ ᠤ ᠬᠦᠢᠯᠭᠡᠭᠡ ᠶᠢᠨ ᠲᠣᠬᠢᠷᠠᠭᠤᠯᠤᠨ ᠬᠦᠷᠭᠡᠬᠦ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠵᠤ᠂ ᠰᠣᠳᠣᠨ ᠵᠢᠮᠢᠰ ᠢᠳᠡᠰᠢᠨ ᠨᠣᠭᠤᠭ᠎ᠠ ᠶᠢᠨ ᠵᠠᠬᠢᠶᠠᠯᠠᠭ᠎ᠠ ᠶᠢᠨ ᠵᠠᠭᠪᠤᠷᠴᠢᠯᠠᠭᠰᠠᠨ ᠬᠥᠭᠵᠢᠯᠲᠡ ᠶᠢ | ᠠᠬᠢᠭᠤᠯᠤᠨ᠎ᠠ᠃ ᠣᠯᠠᠨ ᠵᠤᠶᠢᠯ ᠤᠨ ᠡᠵᠡᠩᠨᠡᠯᠲᠡ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ | ᠠᠩᠬᠠᠷᠤᠯ ᠢᠶᠠᠨ ᠲᠥᠪᠯᠡᠷᠡᠭᠦᠯᠵᠦ᠂ 35 ᠲᠦᠮᠡᠨ ᠮᠥ ᠲᠠᠷᠢᠮᠠᠯ ᠤᠨ ᠰᠠᠭᠤᠷᠢᠨ ᠭᠠᠵᠠᠷ ᠢ ᠡᠭᠦᠳᠦᠨ ᠪᠠᠶᠢᠭᠤᠯᠵᠤ᠂ | ᠡᠯᠳᠡᠪ ᠠᠮᠤ ᠪᠤᠷᠴᠠᠭ ᠤᠨ ᠰᠢᠨ᠎ᠡ ᠡᠭᠦᠯᠳᠡᠷ ᠢ ᠳᠡᠯᠭᠡᠨ ᠦᠵᠡᠭᠦᠯᠬᠦ᠂ ᠢᠵᠢ ᠪᠥᠷᠢᠳᠦᠭᠦᠯᠦᠨ ᠳᠠᠷᠢᠬᠤ ᠮᠡᠷᠭᠡᠵᠢᠯ ᠤᠨ | ᠰᠤᠳᠤᠯᠭᠠᠨ ᠢ ᠭᠤᠤᠯᠳᠠᠯᠭ᠎ᠠ ᠲᠠᠢ ᠰᠠᠶᠢᠲᠤᠷ ᠬᠢᠵᠦ᠂ ︽ᠵᠢᠵᠢᠭ ᠪᠦᠳᠦᠬᠦᠯᠢᠭ ᠠᠮᠤ︾ ᠶᠢᠨ ᠠᠵᠤ ᠦᠢᠯᠡᠰ ᠤᠨ | ᠣᠷᠣᠨ ᠪᠦᠰᠡᠵᠢᠭᠰᠡᠨ᠂ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠬᠥᠭᠵᠢᠯᠲᠡ ᠶᠢ ᠠᠬᠢᠭᠤᠯᠤᠨ᠎ᠠ᠃ ᠲᠢᠶᠠᠨ ᠰᠢᠩ | ᠶᠤᠸᠠᠨ ᠲᠥᠮᠥᠰᠥ ᠪᠣᠯᠪᠠᠰᠤᠷᠠᠭᠤᠯᠬᠤ ᠦᠢᠯᠡᠳᠪᠦᠷᠢ ᠶᠢᠨ ᠠᠰᠢᠭᠯᠠᠯᠲᠠ ᠳᠤ ᠣᠷᠣᠬᠤ ᠶᠢ ᠲᠦᠷᠭᠡᠳᠬᠡᠵᠦ᠂ 10 | ᠲᠦᠮᠡᠨ ᠮᠤ᠋ ᠲᠥᠮᠥᠰᠥ ᠲᠠᠷᠢᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠣᠲᠣ ᠦᠶ᠎ᠡ ᠶᠢᠨ ᠪᠡᠯᠴᠢᠭᠡᠷ ᠤᠨ ᠮᠠᠯ | ᠠᠵᠤ ᠠᠬᠤᠶ + ᠲᠠᠯ᠎ᠠ ᠨᠤᠲᠤᠭ ᠤᠨ ᠵᠤᠭᠠᠴᠠᠯ ᠤᠨ ᠬᠦᠷᠢᠶᠡᠯᠡᠩ ᠲᠣᠭᠤᠷᠢᠭ ᠲᠤ ᠠᠩᠬᠠᠷᠤᠯ ᠢᠶᠠᠨ ᠲᠥᠪᠯᠡᠷᠡᠭᠦᠯᠵᠦ | ᠂ ᠤᠯᠠᠭᠠᠨᠮᠣᠳᠣ ᠪᠠᠷ ᠭᠤᠤᠯ ᠪᠣᠯᠭᠠᠵᠤ᠂ 10 ᠲᠦᠮᠡᠨ ᠮᠥ ᠡᠪᠡᠰᠦᠨ ᠦᠷ᠎ᠡ ᠶᠢᠨ ᠦᠢᠯᠡᠰ ᠤᠨ ᠰᠠᠭᠤᠷᠢᠨ ᠭᠠᠵᠠᠷ ᠢ | ᠪᠠᠶᠢᠭᠤᠯᠤᠨ᠎ᠠ᠃ ᠠᠯᠲᠠᠷ ᠢᠶᠠᠷ ᠭᠤᠤᠯ ᠪᠣᠯᠭᠠᠵᠤ᠂ 10 ᠲᠦᠮᠡᠨ ᠮᠥ ᠡᠪᠡᠰᠦᠨ ᠠᠵᠤ ᠦᠢᠯᠡᠰ ᠤᠨ ᠰᠠᠭᠤᠷᠢᠨ | ᠭᠠᠵᠠᠷ ᠢ ᠪᠠᠶᠢᠭᠤᠯᠤᠨ᠎ᠠ᠃ ᠲᠠᠯ᠎ᠠ ᠨᠤᠲᠤᠭ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠤᠷᠰᠢᠯᠲᠠ ᠶᠢᠨ | ᠣᠷᠣᠨ ᠢ ᠡᠭᠦᠳᠦᠨ ᠪᠠᠶᠢᠭᠤᠯᠵᠤ᠂ ᠪᠦᠬᠦ ᠵᠢᠯ ᠳᠤ 65 ᠲᠦᠮᠡᠨ ᠮᠤ᠋ ᠲᠠᠷᠢᠶᠠᠯᠠᠬᠤ ᠶᠢ ᠵᠣᠭᠰᠣᠭᠠᠨ ᠡᠪᠡᠰᠦ | ᠪᠡᠯᠴᠢᠭᠡᠷ ᠢ ᠰᠡᠷᠭᠦᠭᠡᠵᠦ᠂ 15 ᠲᠦᠮᠡᠨ ᠮᠤ᠋ ᠮᠠᠯᠵᠢᠬᠤ ᠶᠢ ᠵᠣᠭᠰᠣᠭᠠᠨ ᠡᠪᠡᠰᠦ ᠪᠡᠯᠴᠢᠭᠡᠷ ᠢ ᠰᠡᠷᠭᠦᠭᠡᠵᠦ᠂ 18 | ᠲᠦᠮᠡᠨ ᠮᠤ᠋ ᠲᠠᠷᠢᠶᠠᠯᠠᠬᠤ ᠶᠢ ᠵᠣᠭᠰᠣᠭᠠᠨ ᠣᠢ ᠰᠢᠭᠤᠢ ᠶᠢ ᠰᠡᠷᠭᠦᠭᠡᠨ᠎ᠡ᠃ ᠡᠭᠦᠨ ᠤ ᠬᠠᠮᠲᠤ᠂ ᠵᠢᠩ ᠴᠢᠤᠸᠠᠨ | ᠡᠮ ᠤᠨ ᠦᠢᠯᠡᠰ ᠤᠨ ᠬᠢᠲᠠᠳ ᠡᠪᠡᠰᠦᠨ ᠡᠮ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ | ᠡᠬᠢᠯᠡᠭᠦᠯᠵᠦ᠂ 10 ᠲᠦᠮᠡᠨ ᠮᠥ ᠬᠢᠲᠠᠳ ᠡᠮ ᠤᠨ ᠮᠠᠲ᠋ᠧᠷᠢᠶᠠᠯ ᠳᠠᠷᠢᠬᠤ ᠰᠠᠭᠤᠷᠢᠨ ᠭᠠᠵᠠᠷ ᠢ ᠪᠠᠶᠢᠭᠤᠯᠤᠨ᠎ᠠ᠃ | ᠣᠷᠣᠨ ᠪᠦᠰᠡ ᠶᠢᠨ ᠣᠨᠴᠠᠯᠢᠭᠲᠠᠢ ᠨᠡᠷᠡᠲᠦ ᠲᠥᠷᠥᠯ ᠲᠡᠮᠳᠡᠭᠲᠦ ᠶᠢ ᠭᠤᠣᠯᠳᠠᠯᠭ᠎ᠠ ᠲᠠᠢ ᠪᠤᠢ ᠪᠣᠯᠭᠠᠨ᠎ᠠ᠃ ᠠᠮᠤ | ᠪᠤᠳᠠᠭᠠᠨ ᠤ ᠠᠵᠤ ᠦᠢᠯᠡᠰ ᠤᠨ ︽ᠬᠤᠤᠰ ᠵᠠᠭᠤ᠂ ᠬᠤᠤᠰ ᠮᠢᠩᠭᠠᠨ︾᠂ ᠦᠬᠡᠷ ᠤᠨ ᠠᠵᠤ ᠦᠢᠯᠡᠰ ᠤᠨ ︽ | ᠬᠤᠤᠰ ᠵᠠᠭᠤ ᠮᠢᠩᠭᠠᠨ ᠳ᠋ᠦᠩᠰᠢᠭᠤᠷ︾ ᠤᠨ ᠢᠨᠵᠧᠨᠧᠷᠢᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠤ | ᠦᠢᠯᠡᠰ ᠤᠨ ᠬᠥᠭᠵᠢᠯᠲᠡ ᠬᠢᠭᠡᠳ ᠠᠵᠤ ᠦᠢᠯᠡᠰ ᠤᠨ ᠮᠠᠨᠳᠤᠯ ᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠤᠨ᠎ᠠ᠃ | ︽ᠬᠤᠶᠠᠷ ᠠᠮᠦ︾ ᠶᠢ ᠨᠢᠮᠪᠠᠢ ᠲᠠᠷᠢᠵᠦ ᠨᠠᠷᠢᠯᠢᠭ ᠦᠢᠯᠡᠳᠪᠦᠷᠢᠯᠡᠨ᠎ᠡ᠃ ᠤᠰᠤᠨ ᠲᠤᠲᠤᠷᠭ᠎ᠠ ᠶᠢᠨ ︽ᠵᠠᠭᠤᠨ | ᠮᠦ ᠶᠢᠨ ᠭᠤᠣᠯᠯᠠᠬᠤ ᠥᠨᠳᠥᠷ ᠤᠨᠠᠯᠲᠠ ᠲᠠᠢ᠂ ᠮᠢᠩᠭᠠᠨ ᠮᠦ ᠶᠢᠨ ᠬᠡᠪᠴᠢᠶᠡᠲᠦ ᠵᠢᠱᠢᠶ᠎ᠡ ᠦᠵᠡᠭᠦᠯᠬᠦ᠂ ᠲᠦᠮᠡᠨ | ᠮᠦ ᠶᠢᠨ ᠨᠥᠯᠥᠭᠡᠯᠡᠨ ᠳᠠᠶᠢᠴᠢᠯᠠᠬᠤ︾ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ 15 | ᠲᠦᠮᠡᠨ ᠮᠦ ᠤᠰᠤᠨ ᠲᠤᠲᠤᠷᠭ᠎ᠠ ᠲᠠᠷᠢᠬᠤ ᠶᠢ ᠲᠣᠭᠲᠠᠭᠤᠨ ᠪᠠᠶᠢᠯᠭᠠᠨ᠎ᠠ᠃ ︽ᠤᠰᠤᠨ ᠲᠤᠲᠤᠷᠭ᠎ᠠ +︾ ᠶᠢ ᠪᠦᠬᠦ | ᠲᠠᠯ᠎ᠠ ᠪᠠᠷ ᠳᠡᠯᠭᠡᠷᠡᠭᠦᠯᠵᠦ᠂ ︽ᠨᠢᠭᠡ ᠮᠦ ᠰᠠᠶᠢᠨ ᠲᠠᠷᠢᠶ᠎ᠠ᠂ ᠬᠤᠪᠢ ᠬᠥᠮᠦᠨ ᠵᠠᠬᠢᠶᠠᠯᠠᠬᠤ︾ ᠵᠠᠭᠪᠤᠷ ᠤᠨ ᠰᠢᠨ᠎ᠡ ᠶᠢ | ᠡᠭᠦᠳᠦᠨ᠎ᠡ᠃ ᠡᠷᠳᠡᠨᠢ ᠰᠢᠰᠢ ᠶᠢᠨ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠪᠦᠰᠡ ᠶᠢ ᠪᠦᠲᠦᠭᠡᠨ ᠪᠠᠶᠢᠭᠤᠯᠵᠤ᠂ | ᠴᠢᠨᠠᠷ ᠰᠠᠶᠢᠲᠠᠢ ᠡᠷᠳᠡᠨᠢ ᠰᠢᠰᠢ ᠲᠠᠷᠢᠬᠤ ᠶᠢ 290 ᠲᠦᠮᠡᠨ ᠮᠦ ᠲᠣᠭᠲᠠᠭᠤᠨ ᠪᠠᠶᠢᠯᠭᠠᠵᠤ᠂ ᠡᠭᠦᠨ ᠳᠤ ᠨᠣᠭᠤᠭᠠᠨ | ᠳᠠᠷᠤᠰᠢ ᠶᠢᠨ ᠡᠷᠳᠡᠨᠢ ᠰᠢᠰᠢ 30 ᠲᠦᠮᠡᠨ ᠮᠦ᠂ ᠰᠢᠨ᠎ᠡ ᠰᠣᠷᠭᠤᠭ ᠢᠶᠠᠷ ᠢᠳᠡᠬᠦ ᠡᠷᠳᠡᠨᠢ ᠰᠢᠰᠢ 1.2 ᠲᠦᠮᠡᠨ ᠮᠦ | ᠪᠤᠢ᠃ ᠡᠷᠳᠡᠨᠢ ᠰᠢᠰᠢ ᠶᠢᠨ ᠡᠰᠢ ᠰᠦᠷᠡᠯ ᠢ ᠪᠤᠷᠲᠤᠭᠠᠵᠢᠭᠤᠯᠤᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠵᠦ᠂ | ᠡᠷᠳᠡᠨᠢ ᠰᠢᠰᠢ ᠶᠢ ᠲᠤᠬᠠᠶ ᠶᠢᠨ ᠭᠠᠵᠠᠷ ᠲᠤᠨᠢ ᠡᠳ᠋ᠰᠢᠭᠦᠯᠦᠨ ᠬᠤᠪᠢᠷᠠᠭᠤᠯᠬᠤ ᠶᠢ ᠠᠬᠢᠭᠤᠯᠤᠨ᠎ᠠ᠃ ︽ᠬᠤᠶᠠᠷ ᠦᠬᠡᠷ | ︾ ᠢ ᠰᠠᠶᠢᠲᠤᠷ ᠠᠷᠠᠴᠢᠯᠠᠨ ᠲᠡᠵᠢᠬᠡᠨ᠎ᠡ᠃ 5 ᠲᠦᠮᠡᠨ ᠰᠠᠭᠠᠯᠢ ᠶᠢᠨ ᠦᠨᠢᠶ᠎ᠡ ᠣᠷᠣᠭᠤᠯᠤᠨ ᠠᠪᠴᠢᠷᠠᠵᠤ᠂ | ᠲᠡᠵᠢᠭᠡᠵᠦ ᠪᠠᠶᠢᠭ᠎ᠠ ᠲᠤᠭ᠎ᠠ ᠲᠣᠯᠣᠭᠠᠢ ᠶᠢ 13 ᠲᠦᠮᠡ ᠠᠴᠠ ᠳᠠᠪᠠᠭᠤᠯᠤᠨ᠎ᠠ᠃ ᠨᠡᠶᠢᠭᠡᠮ ᠤᠨ ᠬᠥᠷᠥᠩᠭᠡ ᠶᠢ | ᠤᠷᠤᠭᠤᠯᠤᠨ ᠲᠦᠮᠡᠨ ᠲᠣᠯᠣᠭᠠᠢ ᠮᠠᠯᠵᠢᠯ ᠤᠨ ᠲᠠᠯᠠᠪᠠᠢ 2᠂ ᠮᠢᠩᠭᠠᠨ ᠲᠣᠯᠣᠭᠠᠢ ᠤᠨ ᠤᠨ ᠲᠠᠯᠠᠪᠠᠢ ᠶᠢ 18 | ᠪᠦᠲᠦᠭᠡᠨ ᠪᠠᠶᠢᠭᠤᠯᠵᠤ᠂ ᠡᠳᠦᠷ ᠲᠤ 2000 ᠲᠣᠨ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ | ᠦᠢᠯᠡᠳᠪᠦᠷᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠤᠨ᠎ᠠ᠃ ᠦᠨᠳᠦᠰᠦᠲᠡᠨ ᠤ ᠣᠨᠴᠠᠯᠢᠭᠲᠤ ᠴᠠᠭᠠᠨ ᠢᠳᠡᠭᠡ | ᠪᠣᠯᠪᠠᠰᠤᠷᠠᠭᠤᠯᠬᠤ 20 ᠦᠢᠯᠡᠳᠪᠦᠷᠢ ᠶᠢ ᠪᠠᠶᠢᠭᠤᠯᠤᠨ᠎ᠠ᠃ ᠲᠦᠮᠡᠨ ᠲᠣᠯᠣᠭᠠᠢ ᠠᠯᠠᠰᠢᠨ ᠦᠬᠡᠷ ᠤᠨ | ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ 2 ᠪᠠᠶᠢᠭᠤᠯᠵᠤ᠂ ᠠᠯᠠᠰᠢᠨ ᠦᠬᠡᠷ ᠲᠡᠵᠢᠭᠡᠨ | ᠦᠷᠡᠵᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠪᠦᠬᠦ ᠬᠤᠰᠢᠭᠤᠨ ᠤ ᠠᠯᠠᠰᠢᠨ | ᠦᠬᠡᠷ ᠤᠨ ᠲᠤᠭ᠎ᠠ ᠲᠣᠯᠣᠭᠠᠢ ᠶᠢ 30 ᠲᠦᠮᠡ ᠠᠴᠠ ᠳᠡᠭᠡᠭᠰᠢ ᠬᠦᠷᠭᠡᠨ᠎ᠡ᠃ ᠵᠢᠯ ᠳᠤ 5 ᠲᠦᠮᠡᠨ ᠠᠯᠠᠰᠢᠨ ᠦᠬᠡᠷ | ᠢ ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠢ ᠪᠠᠶᠢᠭᠤᠯᠵᠤ᠂ ᠰᠠᠭᠤᠷᠢᠨ ᠭᠠᠵᠠᠷ ᠤᠨ ᠬᠡᠪᠴᠢᠶ᠎ᠡ ᠶᠢ ᠦᠷᠭᠦᠯᠵᠢᠯᠡᠨ | ᠥᠷᠭᠡᠳᠬᠡᠬᠦ ᠶᠢ ᠳᠠᠶᠢᠴᠢᠯᠠᠵᠤ᠂ ᠠᠯᠠᠰᠢᠨ ᠦᠬᠡᠷ ᠲᠡᠵᠢᠭᠡᠨ ᠦᠷᠡᠵᠢᠭᠦᠯᠬᠦ 10 ᠠᠵᠤ ᠠᠬᠤᠶᠢᠯᠠᠯ᠂ 100 | ᠬᠤᠷᠰᠢᠶ᠎ᠠ᠂ 150 ᠵᠢᠱᠢᠶ᠎ᠡ ᠦᠵᠡᠭᠦᠯᠬᠦ ᠲᠣᠰᠬᠤᠨ ᠢ ᠬᠥᠭᠵᠢᠭᠦᠯᠦᠨ᠎ᠡ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠥᠷᠥᠯ ᠤᠨ | ᠭᠠᠵᠠᠷ ᠵᠦᠶ ᠶᠢᠨ ᠲᠡᠮᠳᠡᠭᠲᠦ ᠪᠦᠲᠦᠭᠡᠭᠳᠡᠬᠦᠨ ᠪᠠ ᠣᠯᠠᠨ ᠨᠡᠶᠢᠲᠡ ᠶᠢᠨ ᠣᠷᠣᠨ ᠪᠦᠰᠡ ᠶᠢᠨ ᠨᠠᠷᠠᠲᠤ ᠲᠡᠮᠳᠡᠭᠲᠦ ᠶᠢ | 10 ᠠᠴᠠ ᠳᠡᠭᠡᠭᠰᠢ ᠭᠤᠶᠤᠴᠢᠯᠠᠨ ᠳᠠᠩᠰᠠᠯᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠳᠤ ᠰᠠᠭᠤᠷᠢ ᠲᠠᠯᠪᠢᠨ᠎ᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠣᠨᠴᠠ ᠬᠠᠷᠠᠭᠠᠯᠵᠠᠯ ᠤᠨ ᠴᠢᠨᠠᠷᠲᠠᠶ ᠲᠥᠷᠥ ᠶᠢᠨ ᠪᠣᠳᠣᠯᠭ᠎ᠠ ᠳᠤ ᠲᠥᠷᠥᠯ ᠬᠤᠪᠢᠶᠠᠨ | ᠲᠣᠬᠢᠷᠠᠭᠤᠯᠤᠯᠲᠠ ᠬᠢᠬᠦ ᠶᠢ ᠬᠡᠷᠡᠭᠵᠢᠭᠦᠯᠵᠦ᠂ ᠦᠷᠭᠦᠯᠵᠢᠯᠡᠭᠰᠡᠨ ᠰᠢᠯᠵᠢᠯᠲᠡ ᠶᠢᠨ ᠬᠤᠭᠤᠴᠠᠭ᠎ᠠ ᠶᠢ ᠰᠢᠨᠵᠢᠯᠡᠬᠦ | ᠤᠬᠠᠭᠠᠨᠴᠢ ᠪᠠᠷ ᠪᠠᠶᠢᠷᠢᠯᠠᠭᠤᠯᠤᠨ᠂ ︽ᠲᠠᠪᠤ ᠶᠢ ᠬᠥᠭᠵᠢᠭᠦᠯᠦᠨ ᠮᠠᠨᠳᠤᠭᠤᠯᠬᠤ︾ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ︽ᠵᠠᠩᠭᠢᠯᠠᠭ᠎ᠠ ᠶᠢᠨ ᠲᠠᠪᠤᠨ ᠠᠯᠬᠤᠮ︾ | ᠪᠣᠯᠭᠠᠵᠤ᠂ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠨ᠎ᠡ | ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ︽ᠳᠥᠷᠪᠡ ᠶᠢ | ᠲᠠᠶᠠᠭᠳᠠᠬᠤ ᠥᠬᠡᠶ︾ ︽ᠬᠤᠶᠠᠷ ᠢ ᠰᠡᠷᠭᠡᠶᠢᠯᠡᠬᠦ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠣᠲᠣ ᠶᠢᠨ | ᠪᠠᠶᠢᠭ᠎ᠠ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ᠂ ᠪᠠᠯᠠ ᠮᠥᠩᠭᠦ ᠶᠢᠨ ᠳᠡᠮᠵᠢᠯᠭᠡ᠂ ᠬᠠᠪᠰᠤᠷᠤᠨ ᠲᠡᠳᠬᠦᠬᠦ | ᠬᠦᠴᠦᠨ ᠤ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ | ᠬᠥᠳᠡᠯᠦᠩᠭᠦᠶ ᠬᠢᠨᠠᠨ ᠰᠢᠨᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠦ᠂ ︽ ᠶᠠᠳᠠᠭᠤᠷᠠᠮᠠᠷ | ᠪᠠᠶᠢᠭ᠎ᠠ ᠡᠷᠦᠬᠡ︾ ︽ᠬᠢᠨᠠᠨ ᠰᠢᠨᠵᠢᠬᠦ ᠡᠷᠦᠬᠡ︾ ᠶᠢᠨ ᠣᠷᠣᠯᠭ᠎ᠠ ᠶᠢᠨ ᠬᠤᠪᠢᠷᠠᠯᠲᠠ ᠪᠠ ︽ᠬᠤᠶᠠᠷ ᠲᠤ ᠵᠣᠪᠠᠭ᠋ᠤ | ᠥᠬᠡᠶ ᠭᠤᠷᠪᠠ ᠶᠢ ᠪᠠᠲᠤᠯᠠᠬᠤ︾ ᠶᠢ ᠪᠠᠬᠢᠵᠢᠭᠦᠯᠦᠭᠰᠡᠨ ᠪᠠᠶᠢᠳᠠᠯ ᠢ ᠭᠤᠤᠯᠳᠠᠯᠭ᠎ᠠ ᠲᠠᠢ ᠠᠩᠬᠠᠷᠴᠤ᠂ ᠶᠠᠳᠠᠭᠤ ᠶᠢ | ᠲᠡᠳᠬᠦᠬᠦ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠵᠤ ᠬᠠᠮᠢᠶᠠᠷᠬᠤ ᠶᠢ ᠴᠢᠩᠭᠠᠳᠬᠠᠨ᠂ ᠬᠢᠨᠠᠨ ᠬᠠᠮᠢᠶᠠᠷᠬᠤ | ᠲᠣᠭᠲᠠᠴᠠ ᠶᠢ ᠪᠦᠷᠢᠨᠰᠢᠬᠦᠯᠥᠨ᠎ᠠ᠃ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠪᠠ | ᠲᠥᠪ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ | ᠵᠠᠭᠤᠴᠢᠯᠠᠭᠤᠷ ᠤᠨ ᠶᠡᠭᠡ ᠰᠤᠷᠭᠠᠭᠤᠯᠢ ᠳᠤ ︽ᠡᠮᠦᠨᠡᠲᠦ ᠬᠤᠰᠢᠭᠤᠨ ᠤ ᠦᠨᠦᠷ ᠠᠮᠲᠠ︾ ᠪᠠᠷ ᠶᠠᠳᠠᠭᠤ ᠶᠢ | ᠲᠡᠳᠬᠦᠬᠦ ᠶᠢ ᠣᠨᠴᠠᠯᠠᠨ ᠲᠣᠬᠢᠷᠠᠭᠤᠯᠥᠨᠠ᠃ ᠬᠥᠳᠡᠭᠡ ᠲᠣᠰᠬᠤᠨ ᠤ ᠬᠥᠭᠵᠢᠯᠲᠡ ᠶᠢᠨ ᠨᠥᠬᠦᠴᠡᠯ ᠢ | ᠰᠠᠶᠢᠵᠢᠷᠠᠭᠤᠯᠤᠨ᠎ᠠ᠃ ᠣᠯᠠᠨ ᠨᠡᠶᠢᠲᠡ ᠶᠢᠨ ᠦᠢᠯᠡᠴᠢᠯᠡᠭᠡ ᠶᠢᠨ ᠬᠤᠲᠠ ᠬᠥᠳᠡᠭᠡ ᠶᠢ ᠨᠢᠭᠡ ᠴᠣᠭᠴᠠᠵᠢᠭᠤᠯᠬᠤ | ᠪᠠᠶᠢᠭᠤᠯᠤᠯᠲᠠ ᠶᠢ ᠴᠢᠩᠭᠠᠳᠬᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯᠯᠠᠬᠤ ᠳᠤ ᠲᠣᠬᠢᠷᠠᠮᠵᠢᠲᠠᠶ | ᠬᠥᠳᠡᠭᠡ ᠲᠣᠰᠬᠤᠨ ᠤ ᠣᠷᠣᠨ ᠵᠠᠶ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠤᠨ᠂ ᠣᠷᠣᠰᠢᠨ ᠠᠮᠢᠳᠤᠷᠠᠬᠤ | ᠣᠷᠴᠢᠨ ᠨᠥᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠶᠢ ᠭᠦᠨᠵᠡᠭᠡᠶ ᠠᠬᠢᠭᠤᠯᠵᠤ᠂ 45 ᠠᠶᠢᠯ ᠲᠤᠰᠬᠤᠨ ᠤ | ᠨᠤᠭᠤᠭᠠᠷᠠᠭᠤᠯᠤᠯᠲᠠ ᠶᠢᠨ ᠲᠦᠷᠦᠯ ᠵᠤᠶᠢᠯ ᠢ ᠪᠡᠶᠡᠯᠡᠬᠦᠯᠵᠦ᠂ ᠬᠤᠭ ᠨᠣᠪᠰᠢ ᠪᠣᠬᠢᠷ ᠤᠰᠤ ᠶᠢ ᠵᠠᠰᠠᠬᠤ᠂ | ᠲᠠᠷᠢᠶᠠᠯᠠᠩ ᠮᠠᠯ ᠠᠵᠤ ᠠᠬᠤᠶ ᠶᠢᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠤᠨ᠂ | ᠠᠷᠢᠭᠤᠨ ᠴᠡᠪᠡᠷ ᠵᠣᠷᠯᠣᠩ ᠢ ᠲᠦᠭᠡᠮᠡᠯᠵᠢᠭᠦᠯᠦᠭᠰᠡᠨ ᠨᠣᠷᠮ᠎ᠠ ᠶᠢ 60% ᠠᠴᠠ ᠳᠡᠭᠡᠭᠰᠢ ᠳᠤ ᠬᠦᠷᠦᠭᠦᠯᠵᠦ᠂ ᠣᠯᠠᠨ | ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠴᠤ ᠬᠠᠮᠠᠭᠠᠯᠠᠬᠤ | ᠲᠣᠭᠲᠠᠴᠠ ᠶᠢ ᠪᠠᠶᠢᠭᠤᠯᠤᠨ᠎ᠠ᠃ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠲᠥᠭᠡᠨ | ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠢ ᠰᠠᠭᠠᠳ ᠥᠬᠡᠶ | ᠨᠡᠪᠲᠡᠷᠡᠭᠦᠯᠬᠦ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠦᠨ᠎ᠡ᠃ 68 ᠺᠢᠯᠣᠮᠧᠲᠷ ᠳᠤᠮᠳᠠ ᠪᠠᠭ᠎ᠠ ᠭᠤᠣᠯ ᠤᠨ | ᠬᠠᠮᠠᠭᠠᠯᠠᠯᠲᠠ ᠶᠢᠨ ᠡᠷᠬᠢ ᠪᠠᠶᠢᠭᠤᠯᠵᠦ᠂ 100 ᠺᠢᠯᠣᠮᠧᠲᠷ ᠠᠭᠤᠯᠠᠨ ᠦᠶᠡᠷ ᠤᠨ ᠭᠤᠤ ᠶᠢ ᠵᠠᠰᠠᠵᠤ᠂ ᠲᠠᠷᠢᠮᠠᠯ | ᠨᠤᠭᠤ ᠭᠠᠵᠠᠷ ᠤᠨ ᠢᠨᠵᠧᠨᠧᠷᠢᠩ ᠢ ᠪᠡᠶᠡᠯᠡᠭᠦᠯᠦᠨ᠎ᠡ᠃ ᠨᠢᠭᠡ ᠪᠦᠯᠦᠭ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠦᠯᠢᠭᠡᠷ ᠳᠠᠭᠤᠷᠢᠶᠠᠯ ᠲᠣᠰᠬᠤᠨ ᠢ ᠪᠠᠶᠢᠭᠤᠯᠵᠤ᠂ 45 ᠠᠶᠢᠯ ᠲᠣᠰᠬᠤᠨ ᠤ | ᠨᠣᠭᠤᠭᠠᠷᠠᠭᠤᠯᠤᠯᠲᠠ ᠶᠢᠨ ᠲᠦᠷᠦᠯ ᠵᠦᠢᠯ ᠢ ᠪᠡᠶᠡᠯᠡᠭᠦᠯᠵᠦ᠂ ᠨᠢᠭᠡ ᠪᠦᠯᠦᠭ ︽ᠳᠤᠮᠳᠠᠳᠤ ᠤᠯᠤᠰ ᠤᠨ | ᠦᠵᠡᠰᠬᠦᠯᠡᠩ ᠰᠠᠶᠢᠬᠠᠨ ᠰᠡᠯᠡᠭᠦᠴᠡᠯ ᠤᠨ ᠬᠥᠳᠡᠭᠡ ᠲᠣᠰᠬᠤᠨ︾ ᠪᠣᠯᠤᠨ ︽ᠨᠢᠭᠡ ᠲᠣᠰᠬᠤᠨ ᠨᠢᠭᠡ ᠲᠦᠷᠦᠯ | ᠳᠡᠮᠳᠡᠭ ᠤᠨ ᠵᠢᠱᠢᠶ᠎ᠡ ᠦᠵᠡᠭᠦᠯᠬᠦ ᠲᠣᠰᠬᠤᠨ ᠪᠠᠯᠭᠠᠰᠤ︾ ᠶᠢ ᠴᠢᠷᠮᠠᠶᠢᠨ ᠪᠠᠶᠢᠭᠤᠯᠤᠨ᠎ᠠ᠃ ᠬᠥᠳᠡᠭᠡ ᠲᠣᠰᠬᠤᠨ ᠤ | ᠠᠵᠤ ᠦᠢᠯᠡᠰ ᠤᠨ ᠪᠠᠶᠢᠷᠢᠰᠢᠯ ᠢ ᠥᠷᠭᠡᠳᠬᠡᠨ᠎ᠡ᠃ 5 ᠲᠦᠮᠡᠨ ᠮᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠂ | 115 ᠲᠦᠮᠡᠨ ᠮᠤ᠋ ᠭᠠᠵᠠᠷ ᠰᠢᠷᠣᠢ ᠶᠢ ᠰᠢᠯᠵᠢᠭᠦᠯᠦᠨ᠎ᠡ᠃ 3 ᠲᠦᠮᠡᠨ ᠮᠤ᠋ ᠣᠢ ᠵᠢᠮᠢᠰ ᠤᠨ ᠠᠵᠤ ᠠᠬᠤᠢ ᠶᠢᠨ | ᠠᠵᠤ ᠦᠢᠯᠡᠰ ᠤᠨ ᠪᠦᠰᠡ ᠶᠢ ᠪᠤᠶᠢᠵᠢᠭᠤᠯᠵᠤ᠂ ᠣᠢ ᠵᠢᠮᠢᠰ ᠤᠨ ᠶᠡᠷᠦᠩᠬᠡᠢ ᠲᠠᠯᠠᠪᠠᠢ ᠶᠢ 23 ᠲᠦᠮᠡᠨ ᠮᠤ᠋ ᠳᠤ | ᠬᠦᠷᠭᠡᠵᠦ᠂ ᠦᠢᠯᠡᠳᠬᠦᠨ ᠤ ᠶᠡᠷᠦᠩᠬᠡᠢ ᠥᠷᠲᠡᠭ ᠢ 20% ᠠᠴᠠ ᠳᠡᠭᠡᠭᠰᠢ ᠨᠡᠮᠡᠭᠳᠡᠭᠦᠯᠦᠨ᠎ᠡ᠃ 15 ᠲᠦᠮᠡᠨ ᠮᠥ | ᠰᠢᠬᠢᠷ ᠯᠤᠤᠪᠠᠩ ᠳᠠᠷᠢᠬᠤ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠮᠣᠩᠭᠤᠯ ᠮᠣᠷᠢᠨ ᠤ ᠡᠭᠦᠯᠳᠡᠷ ᠢ | ᠰᠠᠶᠢᠵᠢᠷᠠᠭᠤᠯᠬᠤ ᠶᠢ ᠴᠢᠬᠤᠯᠠᠴᠢᠯᠠᠨ᠂ ᠠᠳᠤᠭᠤᠨ ᠤ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠤᠳᠤᠯᠤᠨ ᠨᠡᠭᠡᠭᠡᠬᠦ ᠶᠢ ᠲᠦᠷᠭᠡᠳᠬᠡᠵᠦ᠂ ᠠᠳᠤᠭᠤᠨ ᠤ ᠠᠷᠠᠯᠵᠢᠶ᠎ᠠ᠂ ᠠᠳᠤᠭᠤᠨ ᠤ ᠪᠦᠲᠦᠭᠡᠭᠳᠡᠬᠦᠨ ᠤ | ᠦᠢᠯᠡᠳᠪᠦᠷᠢᠯᠡᠯ᠂ ᠠᠳᠤᠭᠤᠨ ᠤ ᠦᠢᠯᠡᠰ ᠤᠨ ᠦᠢᠯᠡᠴᠢᠯᠡᠭᠡ᠂ ᠠᠳᠤᠭᠤᠨ ᠤ ᠰᠤᠶᠤᠯ ᠢ ᠨᠢᠭᠡ | ᠴᠣᠭᠴᠠᠵᠢᠭᠤᠯᠤᠭᠰᠠᠨ ᠪᠠᠷᠢᠮᠵᠢᠶᠠᠵᠢᠭᠰᠠᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠦᠨ᠎ᠡ᠃ ᠰᠢᠨ᠎ᠡ ᠮᠠᠶ᠋ᠢᠭ ᠤᠨ | ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠵᠦ᠂ ᠣᠷᠣᠨ ᠪᠦᠰᠡ ᠶᠢᠨ ᠴᠢᠨᠠᠷᠲᠠᠶ ᠠᠷᠠᠯᠵᠢᠶ᠎ᠠ | ᠬᠤᠳᠠᠯᠳᠤᠭᠠᠨ ᠤ ᠬᠦᠢᠯᠭᠡᠭᠡ᠂ ᠬᠡᠪᠴᠢᠶᠡᠲᠦ ᠲᠡᠵᠢᠭᠡᠨ ᠦᠷᠡᠵᠢᠭᠦᠯᠬᠦ᠂ ᠲᠠᠷᠢᠶᠠᠯᠠᠩ ᠮᠠᠯ ᠠᠵᠤ ᠠᠬᠤᠶ ᠶᠢᠨ | ᠡᠳ᠋ᠰᠢᠭᠦᠯᠬᠦ ᠠᠵᠤ ᠦᠢᠯᠡᠰ ᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠪᠤᠶᠢᠵᠢᠭᠤᠯᠵᠤ᠂ | ᠵᠢᠯ ᠤᠨ ᠣᠷᠣᠯᠭ᠎ᠠ ᠨᠢ 100 ᠲᠦᠮᠡᠨ ᠲᠥᠭᠦᠷᠢᠭ ᠠᠴᠠ ᠳᠡᠭᠡᠭᠰᠢᠬᠢ ᠭᠠᠴᠠᠭ᠎ᠠ ᠲᠣᠰᠬᠤᠨ 30᠂ 50 ᠲᠦᠮᠡᠨ | ᠲᠥᠭᠦᠷᠢᠭ ᠠᠴᠠ ᠳᠡᠭᠡᠭᠰᠢᠬᠢ ᠭᠠᠴᠠᠭ᠎ᠠ ᠲᠣᠰᠬᠤᠨ 50 ᠶᠢ ᠪᠡᠶᠡᠯᠡᠭᠦᠯᠵᠦ᠂ ᠦᠯᠡᠳᠡᠭᠰᠡᠨ ᠢ ᠨᠢ ᠴᠥᠮ 20 | ᠲᠦᠮᠡᠨ ᠲᠥᠭᠦᠷᠢᠭ ᠠᠴᠠ ᠳᠡᠭᠡᠭᠰᠢ ᠳᠤ ᠬᠦᠷᠦᠭᠦᠯᠦᠨ᠎ᠡ᠃ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠮᠠᠯ | ᠠᠵᠤ ᠠᠬᠤᠶ ᠶᠢᠨ ᠬᠦᠷᠢᠶᠡᠯᠡᠩ ᠲᠣᠭᠤᠷᠢᠭ᠂ ᠬᠤᠷᠴᠢᠨ ᠲᠦᠮᠡᠨ ᠮᠥ ᠪᠡᠯᠡᠳᠬᠡᠮᠵᠢᠲᠦ ᠲᠠᠷᠢᠶᠠᠯᠠᠩ ᠤᠨ ᠬᠦᠷᠢᠶᠡᠯᠡᠩ | ᠲᠣᠭᠤᠷᠢᠭ ᠤᠨ ᠡᠬᠢ ᠪᠠᠶᠠᠯᠢᠭ ᠤᠨ ᠳᠠᠯᠳᠠ ᠬᠦᠴᠦᠨ ᠢ ᠠᠭᠤᠳᠠᠯᠵᠤ᠂ ᠠᠵᠤ ᠠᠬᠤᠶ ᠶᠢᠨ ᠦᠷ᠎ᠡ ᠠᠰᠢᠭ ᠢ | ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ | ᠳᠡᠭᠡᠭᠰᠢᠯᠡᠭᠦᠯᠦᠨ᠎ᠡ᠃ ᠮᠠᠯᠴᠢᠨ ᠲᠠᠷᠢᠶᠠᠴᠢᠳ ᠤᠨ ᠥᠪᠡᠷᠲᠡᠭᠡᠨ ᠵᠠᠰᠠᠬᠤ ᠦᠢᠯᠡᠳᠦᠯᠭᠡ ᠶᠢ ᠭᠦᠨᠵᠡᠭᠡᠶᠢᠷᠡᠭᠦᠯᠵᠦ᠂ | ᠭᠠᠴᠠᠭ᠎ᠠ ᠲᠣᠰᠬᠤᠨ ᠤ ᠴᠢᠬᠤᠯᠠ ᠶᠡᠭᠡ ᠠᠰᠠᠭᠤᠳᠠᠯ ᠳᠤ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ | ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠳᠦᠷᠢᠮ ᠢ ᠲᠡᠭᠦᠯᠳᠡᠷᠵᠢᠭᠦᠯᠬᠦ ᠬᠡᠷᠡᠭᠲᠡᠶ᠃ ᠲᠠᠷᠢᠶᠠᠯᠠᠬᠤ ᠮᠠᠯᠵᠢᠬᠤ | ᠣᠷᠣᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ | ︽ᠬᠠᠤᠯᠢ ᠴᠠᠭᠠᠵᠠ ᠶᠢᠨ ᠮᠡᠷᠭᠡᠨ ᠬᠥᠮᠦᠨ︾ ᠬᠥᠮᠦᠵᠢᠭᠦᠯᠬᠦ ᠢᠨᠵᠧᠨᠧᠷᠢᠩ ᠢ ᠥᠷᠨᠢᠭᠦᠯᠦᠨ᠂ ᠬᠠᠤᠯᠢ ᠬᠡᠷᠡᠭᠵᠢᠭᠦᠯᠬᠦ | ᠬᠦᠴᠦᠨ ᠢ ᠳᠣᠷᠣᠭᠰᠢ ᠪᠠᠭᠤᠯᠭᠠᠬᠤ ᠶᠢ ᠠᠬᠢᠭᠤᠯᠵᠤ᠂ ︽ᠭᠤᠷᠪᠠᠨ ᠳᠤᠷ᠎ᠠ ᠪᠠᠷ ᠢᠶᠠᠨ︾ ᠪᠠᠶᠢᠬᠤ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ︽ᠶᠣᠰᠣ ᠰᠤᠷᠲᠠᠬᠤᠨ ᠤ ᠵᠢᠱᠢᠶᠡᠴᠢ︾ ︽ᠬᠠᠮᠤᠭ ᠤᠨ ᠭᠤᠶᠣ | ᠬᠡᠷ ᠪᠦᠯᠢ︾ ᠵᠡᠷᠭᠡ ᠰᠢᠯᠭᠠᠷᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠳᠡᠷᠭᠡᠳᠡᠬᠢ ᠥᠯᠢᠭᠡᠷ | ᠳᠠᠭᠤᠷᠢᠶᠠᠯ ᠤᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠰᠢᠨ᠎ᠡ ᠴᠠᠭ ᠦᠶ᠎ᠡ ᠶᠢᠨ ︽ | ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠢᠭᠤᠷᠠᠯᠳᠤᠭᠠᠨ ᠢ ᠴᠠᠭ | ᠲᠤᠬᠠᠢ ᠳᠤᠨᠢ ᠡᠶᠡᠳᠡᠭᠦᠯᠦᠨ ᠰᠢᠢᠳᠪᠦᠷᠢᠯᠡᠵᠦ᠂ ︽ᠪᠠᠭ᠎ᠠ ᠶᠠᠪᠤᠳᠠᠯ ᠢ ᠲᠣᠰᠬᠤᠨ ᠠᠴᠠ ᠪᠠᠨ ᠭᠠᠷᠭᠠᠬᠤ ᠦᠭᠡᠢ᠂ | ᠶᠡᠭᠡ ᠶᠠᠪᠤᠳᠠᠯ ᠢ ᠪᠠᠯᠭᠠᠰᠤ ᠠᠴᠠ ᠪᠠᠨ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ︾ ᠪᠠᠶᠢᠬᠤ ᠶᠢ | ᠪᠡᠶᠡᠯᠡᠭᠦᠯᠵᠦ᠂ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠮᠣᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ | ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠦᠷᠢᠨᠰᠢᠬᠦᠯᠬᠦ ᠬᠡᠷᠡᠭᠲᠡᠢ᠃ | ︵ᠭᠤᠷᠪᠠ︶ ᠠᠵᠤ ᠦᠢᠯᠡᠰ ᠢ ᠲᠥᠪᠯᠡᠷᠡᠭᠦᠯᠬᠦ᠂ ᠲᠤᠯᠭᠠᠭᠤᠷᠢ ᠶᠢ ᠴᠢᠩᠭᠠᠷᠠᠭᠤᠯᠬᠤ ᠶᠢ ᠪᠠᠷᠢᠮᠲᠠᠯᠠᠵᠤ᠂ ᠨᠠᠩ | ᠲᠡᠭᠦᠯᠳᠡᠷᠵᠢᠭᠰᠡᠨ ᠠᠵᠤ ᠦᠢᠯᠡᠳᠪᠦᠷᠢ ᠶᠢᠨ ᠰᠢᠰᠲ᠋ᠧᠮᠵᠢ ᠶᠢ ᠪᠤᠶᠢᠵᠢᠭᠤᠯᠤᠨ᠎ᠠ᠃ ︽ᠠᠵᠤ ᠦᠢᠯᠡᠳᠪᠦᠷᠢ ᠪᠠᠷ | ᠬᠤᠰᠢᠭᠤ ᠪᠠᠨ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠭᠤᠶᠢᠪᠢᠰᠢ ᠦᠬᠡᠢ ᠬᠡᠷᠡᠭᠵᠢᠬᠦᠯᠵᠦ᠂ ᠠᠵᠤ | ᠦᠢᠯᠡᠰ ᠤᠨ ᠲᠥᠪᠯᠡᠷᠡᠯ ᠢ ᠲᠦᠷᠭᠡᠳᠬᠡᠨ᠂ ᠠᠵᠤ ᠠᠬᠤᠶᠢᠯᠠᠯ ᠤᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ | ᠳᠠᠪᠠᠭᠤᠯᠢᠭ ᠲᠠᠪᠴᠠᠩ ᠢ ᠪᠠᠶᠢᠭᠤᠯᠤᠨ᠂ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠨᠡᠮᠡᠭᠳᠡᠯ ᠤᠨ | ᠬᠠᠨᠳᠤᠰᠢ ᠶᠢ ᠪᠠᠲᠤᠯᠠᠨ᠎ᠠ᠃ | ᠠᠵᠤ ᠦᠢᠯᠡᠰ ᠤᠨ ᠰᠦᠷᠦᠭᠵᠢᠯ ᠤᠨ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠤᠨ᠎ᠠ᠃ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠬᠤ᠂ ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠬᠦ᠂ ᠬᠠᠩᠭᠠᠯᠭ᠎ᠠ ᠶᠢᠨ ᠬᠡᠯᠬᠢᠶ᠎ᠡ ᠶᠢ | ᠴᠣᠭᠴᠠᠯᠠᠬᠤ ᠶᠢ ᠲᠦᠷᠭᠡᠳᠬᠡᠵᠦ᠂ ︽ᠭᠤᠷᠪᠠᠨ ᠬᠡᠯᠬᠢᠶ᠎ᠡ ᠶᠢ ᠢᠵᠢᠯ ᠪᠦᠲᠦᠴᠡ ᠲᠠᠢ ᠪᠣᠯᠭᠠᠬᠤ︾᠂ ᠠᠭᠤᠰᠤᠯᠴᠠᠨ | ᠬᠥᠭᠵᠢᠬᠦ ᠶᠢ ᠪᠡᠶᠡᠯᠡᠭᠦᠯᠦᠨ᠎ᠡ᠃ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠡᠳ᠋ᠰᠢᠭᠦᠯᠬᠦ ᠠᠵᠤ ᠦᠢᠯᠡᠰ ᠤᠨ ᠰᠦᠷᠦᠭᠵᠢᠯ ᠢ ᠬᠦᠴᠦᠷᠬᠡᠭᠵᠢᠭᠦᠯᠦᠨ᠂ ᠬᠢᠲᠠᠳ ᠡᠮ ᠤᠨ ᠪᠡᠶ᠎ᠡ ᠰᠤᠪᠢᠯᠠᠬᠤ | ᠰᠣᠶᠣᠯ ᠤᠨ ᠬᠦᠷᠢᠶᠡᠯᠡᠩ᠂ ᠵᠢᠶᠠ ᠾᠧ ᠠᠮᠤ ᠪᠤᠳᠠᠭᠠᠨ ᠤ ᠦᠢᠯᠡᠰ ᠤᠨ ᠠᠭᠤᠰᠤᠯᠴᠠᠨ ᠬᠥᠭᠵᠢᠬᠦ ᠠᠵᠤ | ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠠᠬᠢᠭᠤᠯᠵᠤ᠂ | ᠳ᠋ᠧ ᠺᠠᠩ ᠪᠦᠯᠦᠭᠯᠡᠯ ᠤᠨ ᠭᠠᠭ᠋ᠠᠢ ᠶᠢᠨ ᠮᠢᠬᠠᠨ ᠤ ᠢᠳᠡᠭᠡᠨ ᠡᠳ᠋ᠰᠢᠭᠦᠯᠬᠦ᠂ ᠮᠧᠩ ᠵᠢᠶᠠ ᠠᠮᠤ ᠲᠣᠰᠣ ᠶᠢ ︽ | ᠬᠤᠲᠠ ᠠᠴᠠ ᠭᠠᠷᠭᠠᠵᠤ ᠬᠦᠷᠢᠶᠡᠯᠡᠩ ᠳᠤ ᠣᠷᠣᠭᠤᠯᠬᠤ︾ ᠵᠡᠷᠭᠡ ᠲᠥᠷᠥᠯ ᠵᠦᠢᠯ ᠤᠨ ᠠᠵᠢᠯ ᠡᠬᠢᠯᠡᠭᠦᠯᠦᠨ | ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ᠢᠯᠢ ᠪᠦᠯᠦᠭᠯᠡᠯ ᠤᠨ ᠴᠠᠭᠠᠨ ᠢᠳᠡᠭᠡᠨ ᠡᠳ᠋ᠰᠢᠬᠦᠯᠬᠦ ᠲᠥᠷᠥᠯ | ᠵᠦᠢᠯ ᠳᠤ ᠲᠦᠰᠢᠭᠯᠡᠨ᠂ ᠳᠡᠭᠡᠳᠦ ᠲᠠᠰ ᠤᠨ ᠴᠠᠭᠠᠨ ᠢᠳᠡᠭᠡᠨ ᠤ ᠢᠵᠢ ᠪᠦᠷᠢᠳᠦᠭᠦᠯᠬᠦ ᠠᠵᠤ ᠦᠢᠯᠡᠰ ᠢ | ᠲᠦᠷᠭᠡᠳᠬᠡᠨ ᠬᠥᠭᠵᠢᠭᠦᠯᠦᠨ᠎ᠡ᠃ ᠵᠢᠶᠧ ᠯᠠᠶ ᠪᠦᠯᠦᠭᠯᠡᠯ ᠯᠦᠭᠡ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠶᠢ | ᠴᠢᠩᠭᠠᠳᠬᠠᠨ᠂ ᠠᠵᠤ ᠦᠢᠯᠡᠰ ᠤᠨ ᠬᠡᠯᠬᠢᠶ᠎ᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠳᠡᠭᠡᠳᠦ ᠰᠢᠨ᠎ᠡ ᠮᠡᠷᠭᠡᠵᠢᠯ | ᠪᠣᠯᠤᠨ ᠤᠳᠤ ᠦᠶ᠎ᠡ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠪᠦᠯᠦᠭᠵᠢᠯ ᠢ ᠰᠢᠯᠢᠳᠡᠭᠵᠢᠭᠦᠯᠵᠦ᠂ ᠬᠠᠸᠠ | ᠤᠯᠠᠨ ᠤᠯᠤᠰ ᠤᠨ ᠵᠢᠯᠣᠭᠤᠴᠢ ᠦᠭᠡᠢ ᠨᠢᠰᠬᠡᠯ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠬᠤ ᠶᠢ | ᠪᠡᠶᠡᠯᠡᠭᠦᠯᠵᠦ᠂ ᠤᠮᠠᠷᠠᠲᠤ ᠶᠢᠨ ᠵᠢᠯᠣᠭᠤᠴᠢ ᠦᠭᠡᠢ ᠨᠢᠰᠬᠡᠯ ᠤᠨ ᠲᠤᠷᠰᠢᠯᠲᠠ ᠶᠢᠨ ᠰᠠᠭᠤᠷᠢᠨ ᠢ ᠵᠢᠩᠬᠢᠨᠢ ᠪᠠᠷ | ᠠᠰᠢᠭᠯᠠᠯᠲᠠ ᠳᠤ ᠣᠷᠣᠭᠤᠯᠥᠨᠡ᠃ ᠬᠤᠩ ᠳ᠋ᠠ ᠳᠠᠷᠤᠯᠲᠠᠲᠤ ᠴᠢᠳᠬᠤᠮᠠᠯ᠂ ᠠᠶ ᠯᠠᠩ ᠰᠠᠯᠬᠢᠨ ᠬᠦᠴᠦᠨ ᠤ | ᠴᠠᠬᠢᠯᠭᠠᠨ ᠵᠡᠷᠭᠡ ᠠᠵᠤ ᠠᠬᠤᠶᠢᠯᠠᠯ ᠤᠨ ᠦᠢᠯᠡᠳᠪᠦᠷᠢᠯᠡᠬᠦ ᠴᠢᠳᠠᠪᠤᠷᠢ ᠪᠠᠨ ᠦᠷᠭᠦᠯᠵᠢᠯᠡᠨ ᠪᠠᠳᠠᠷᠠᠭᠤᠯᠬᠤ ᠶᠢ | ᠳᠠᠮᠵᠢᠵᠤ᠂ ᠦᠢᠯᠡᠳᠪᠦᠷᠢᠯᠡᠯ ᠪᠣᠷᠣᠯᠠᠭᠤᠯᠭ᠎ᠠ ᠶᠢ ᠵᠡᠷᠭᠡ ᠪᠠᠷ ᠬᠥᠭᠵᠢᠭᠦᠯᠬᠦ ᠶᠢ ᠪᠡᠶᠡᠯᠡᠭᠦᠯᠦᠨ᠎ᠡ᠃ ᠱᠧᠩ ᠽᠧ ᠰᠢᠨ᠎ᠡ | ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ | ᠲᠦᠷᠭᠡᠳᠬᠡᠵᠦ᠂ ᠪᠠᠷᠢᠯᠭ᠎ᠠ ᠶᠢᠨ ᠮᠠᠲ᠋ᠧᠷᠢᠶᠠᠯ ᠵᠢᠴᠢ ᠲᠥᠬᠦᠷ ᠠᠵᠤ ᠦᠢᠯᠡᠰ ᠤᠨ ᠵᠠᠯᠭᠠᠯᠳᠤᠨ ᠬᠥᠭᠵᠢᠬᠦ ᠶᠢ | ᠠᠬᠢᠭᠤᠯᠤᠨ᠎ᠠ᠃ ᠴᠡᠪᠡᠷ ᠡᠨᠧᠷᠭᠢ ᠶᠢᠨ ᠠᠵᠤ ᠦᠢᠯᠡᠰ ᠤᠨ ᠪᠦᠯᠦᠭᠵᠢᠯ ᠢ ᠪᠤᠵᠠᠭᠠᠶᠢᠷᠠᠭᠤᠯᠵᠤ᠂ ᠵᠦᠡᠭ ᠭᠤᠸᠠᠩ | ᠾᠧ ᠶᠢᠨ ᠵᠠᠭᠤᠨ ᠲᠦᠮᠡᠨ ᠺᠢᠯᠣᠸᠠᠲ ᠤᠨ ᠰᠠᠯᠬᠢᠨ ᠴᠠᠬᠢᠯᠭᠠᠨ ᠤ ᠰᠠᠭᠤᠷᠢᠨ ᠢ ᠴᠠᠬᠢᠯᠭᠠᠨ ᠲᠣᠣᠷ ᠲᠤ ᠨᠡᠶᠢᠯᠡᠭᠦᠯᠦᠨ | ᠴᠠᠬᠢᠯᠭᠠᠨ ᠭᠠᠷᠭᠠᠬᠤ᠂ ᠶᠠᠩ ᠭᠤᠸᠠᠩ ᠴᠠᠬᠢᠯᠭᠠᠨ ᠡᠭᠦᠰᠭᠡᠭᠴᠢ ᠶᠢᠨ ᠤᠰᠤᠨ ᠭᠠᠳᠠᠷᠭᠤ ᠶᠢᠨ ᠭᠡᠷᠡᠯ ᠴᠡᠨᠡᠭ᠂ ᠵᠢᠩ | ᠨᠸᠡᠭ ᠲᠠᠷᠬᠠᠯᠲᠠ ᠶᠢᠨ ᠬᠡᠯᠪᠡᠷᠢ ᠶᠢᠨ ᠭᠡᠷᠡᠯ ᠴᠡᠨᠡᠭ᠂ ᠬᠤᠸᠠ ᠨᠸᠡᠭ ᠤᠨ ︽ᠰᠠᠯᠬᠢ ᠭᠡᠷᠡᠯ ᠢᠶᠠᠷ ᠬᠠᠳᠠᠭᠠᠯᠠᠬᠤ︾ ᠶᠢ | ᠨᠢᠭᠡ ᠴᠣᠭᠴᠠᠵᠢᠭᠤᠯᠬᠤ ᠵᠡᠷᠭᠡ ᠭᠡᠷ᠎ᠡ ᠲᠣᠭᠲᠠᠭᠰᠠᠨ ᠲᠥᠷᠥᠯ ᠵᠦᠢᠯ ᠢ ᠰᠠᠭᠤᠷᠢᠰᠢᠭᠤᠯᠤᠨ ᠠᠵᠢᠯ ᠡᠬᠢᠯᠡᠭᠦᠯᠦᠨ᠎ᠡ᠃ | ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠵᠡᠷᠭᠡ ᠲᠣᠨᠤᠭ ᠲᠥᠬᠦᠭᠡᠷᠦᠮᠵᠢ ᠦᠢᠯᠡᠳᠬᠦ ᠠᠵᠤ ᠠᠬᠤᠶᠢᠯᠠᠯ ᠢ | ᠢᠳᠡᠪᠬᠢᠲᠡᠢ ᠪᠠᠷ ᠤᠷᠢᠨ ᠣᠷᠣᠭᠤᠯᠵᠤ᠂ ᠴᠡᠪᠡᠷ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶᠡᠰᠦ ᠶᠢ ᠡᠭᠦᠳᠦᠨ | ᠪᠠᠶᠢᠭᠤᠯᠤᠨ᠎ᠠ᠃ | ᠠᠵᠤ ᠠᠬᠤᠶᠢᠯᠠᠯ ᠤᠨ ᠪᠡᠶ᠎ᠡ ᠪᠠᠨ ᠴᠢᠭᠢᠷᠠᠭᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ︽ | ᠭᠤᠣᠯ ᠴᠣᠭᠴᠠ ᠶᠢ ᠲᠣᠭᠲᠠᠪᠤᠷᠢᠵᠢᠭᠤᠯᠬᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠦᠢᠯᠡᠳᠪᠦᠷᠢᠯᠡᠯ ᠢ | ᠠᠬᠢᠭᠤᠯᠬᠤ︾ ᠶᠢ ᠪᠠᠷᠢᠮᠲᠠᠯᠠᠵᠤ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠦᠷᠭᠦᠯᠵᠢᠯᠡᠨ | ᠠᠬᠢᠭᠤᠯᠵᠤ᠂ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠪᠠᠨ ᠥᠷᠭᠡᠳᠬᠡᠨ ᠶᠠᠰᠤ ᠴᠢᠨᠠᠷ ᠢᠶᠠᠨ ᠳᠡᠭᠡᠭᠰᠢᠯᠡᠭᠦᠯᠬᠦ᠂ | ᠰᠢᠨ᠎ᠡ ᠶᠢ ᠡᠭᠦᠳᠦᠨ ᠬᠥᠭᠵᠢᠬᠦ ᠶᠢ ᠲᠡᠳᠬᠦᠨ ᠳᠠᠮᠵᠢᠨ᠎ᠠ᠃ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ | ᠳᠡᠭᠡᠭᠰᠢᠯᠡᠭᠦᠯᠦᠨ᠎ᠡ᠃ ᠪᠸᠢ ᠹᠧᠩ ᠯᠢᠩ ᠭᠤᠯᠢᠷ᠂ ᠬᠤᠷᠴᠢᠨ ᠸᠠᠩ ᠠᠷᠢᠬᠢᠨ ᠦᠢᠯᠡᠰ ᠵᠡᠷᠭᠡ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ ᠤᠨ ᠪᠦᠲᠦᠴᠡ ᠪᠠᠨ ᠰᠢᠯᠢᠳᠡᠭᠵᠢᠭᠦᠯᠬᠦ ᠶᠢ | ᠵᠣᠷᠢᠭᠵᠢᠭᠤᠯᠵᠤ᠂ ᠠᠢ ᠮᠠ ᠶᠢᠨ ᠠᠭᠤᠷᠬᠠᠶ ᠶᠢᠨ ᠦᠢᠯᠡᠰ᠂ ᠬᠤᠩ ᠳ᠋ᠠ ᠳᠠᠷᠤᠵᠤ ᠴᠢᠳᠬᠤᠬᠤ ᠵᠡᠷᠭᠡ ᠨᠢᠷᠤᠭᠤᠪᠴᠢ | ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠲᠠᠰ ᠳᠡᠪᠰᠢᠭᠦᠯᠬᠦ ᠶᠢ ᠳᠡᠮᠵᠢᠨ᠎ᠡ᠃ ᠮᠧᠩ ᠶᠠᠩ ᠬᠤᠨᠢ | ᠵᠡᠷᠭᠡ ᠶᠢᠨ ᠦᠢᠯᠡᠳᠪᠦᠷᠢᠯᠡᠯ ᠵᠣᠭᠰᠣᠭᠰᠠᠨ᠂ ᠬᠠᠭᠠᠰ ᠵᠣᠭᠰᠣᠭᠰᠠᠨ ᠠᠵᠤ ᠠᠬᠤᠶᠢᠯᠠᠯ ᠢ ᠢᠯᠭᠠᠷᠠᠭᠤᠯᠤᠨ | ᠠᠮᠢᠯᠠᠭᠤᠯᠵᠦ᠂ ︽ᠬᠤᠶᠠᠳᠠᠬᠢ ᠤᠳᠠᠭ᠎ᠠ ᠠᠳᠠᠯ ᠦᠢᠯᠡᠰ ᠴᠣᠭᠴᠠᠯᠠᠬᠤ︾ ᠶᠢ ᠠᠬᠢᠭᠤᠯᠤᠨ᠎ᠠ᠃ ᠰᠢᠨ᠎ᠡ ᠪᠠᠷ | ᠬᠥᠭᠵᠢᠭᠰᠡᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠦᠨ᠎ᠡ᠃ ᠠᠶ ᠹᠠᠩ ᠮᠦ᠂ ᠪᠡᠭᠡᠵᠢᠩ ᠥᠪᠥᠷ ᠮᠣᠩᠭᠤᠯ ᠤᠨ | ᠰᠢᠬᠢᠷ ᠤᠨ ᠦᠢᠯᠡᠰ ᠵᠡᠷᠭᠡ ᠠᠵᠤ ᠠᠬᠤᠶᠢᠯᠠᠯ ᠤᠨ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠠᠰᠢᠭ ᠤᠯᠬᠤ ᠶᠢ | ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠥᠷᠭᠡᠳᠬᠡᠨ᠎ᠡ᠃ ᠯᠠᠩ ᠴᠤᠤ | ᠪᠦᠯᠦᠭᠯᠡᠯ ᠤᠨ ᠵᠠᠰᠠᠭ ᠤᠨ ᠶᠠᠪᠤᠳᠠᠯ ᠤᠨ ᠡᠭᠦᠯᠡᠨ ᠦᠢᠯᠡᠴᠢᠯᠡᠭᠡᠨ ᠤ ᠬᠡᠪᠴᠢᠶ᠎ᠡ ᠪᠠᠨ ᠥᠷᠭᠡᠳᠬᠡᠬᠦ ᠶᠢ ᠳᠡᠮᠵᠢᠵᠦ᠂ | ᠲᠣᠭᠠᠴᠢᠯᠠᠭᠰᠠᠨ ᠠᠵᠤ ᠦᠶᠯᠡᠰ ᠤᠨ ᠠᠵᠤ ᠠᠬᠤᠶ ᠶᠢ ᠲᠦᠷᠭᠡᠳᠬᠡᠨ ᠪᠣᠶᠢᠵᠢᠭᠤᠯᠤᠨ᠎ᠠ᠃ ᠰᠢᠯᠢᠳᠡᠭ ᠠᠵᠤ | ᠦᠢᠯᠡᠰ ᠢ ᠲᠡᠳᠬᠦᠨ ᠪᠤᠵᠠᠭᠠᠶᠢᠷᠠᠭᠤᠯᠤᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ ᠬᠥᠮᠥᠷᠭᠡ ᠳᠤ | ᠲᠣᠭᠲᠠᠪᠤᠷᠢᠵᠢᠭᠤᠯᠵᠤ᠂ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠶᠢ ᠴᠢᠩᠭ᠎ᠠ ᠠᠩᠬᠠᠷᠴᠤ᠂ ᠬᠡᠪᠴᠢᠶᠡᠵᠢᠯ ᠠᠴᠠ | ᠳᠣᠷᠣᠭᠰᠢᠬᠢ ᠠᠵᠤ ᠠᠬᠤᠶᠢᠯᠠᠯ ᠤᠨ ᠬᠡᠪᠴᠢᠶ᠎ᠡ ᠪᠠᠨ ᠥᠷᠭᠡᠳᠬᠡᠵᠦ᠂ ᠦᠷ᠎ᠡ ᠠᠰᠢᠭ ᠢᠶᠠᠨ ᠨᠡᠮᠡᠭᠳᠡᠭᠦᠯᠬᠦ ᠶᠢ | ᠳᠡᠮᠵᠢᠵᠦ᠂ ᠤᠯᠠᠭᠠᠨ ᠲᠣᠮᠣ ᠬᠢᠮᠢ ᠶᠢᠨ ᠪᠣᠷᠲᠣᠭᠤᠷ᠂ ᠳ᠋ᠧ ᠺᠠᠩ ᠲᠡᠵᠢᠭᠡᠯ ᠪᠣᠷᠳᠤᠭ᠎ᠠ ᠵᠡᠷᠭᠡ ᠠᠵᠤ ᠠᠬᠤᠶᠢᠯᠠᠯ ᠤᠨ | ᠪᠠᠷᠢᠮᠵᠢᠶ᠎ᠠ ᠳᠤ ᠬᠥᠷᠬᠦ ᠶᠢ ᠲᠦᠷᠭᠡᠳᠬᠡᠨ ᠠᠬᠢᠭᠤᠯᠵᠤ᠂ ᠾᠧ ᠹᠧᠩ ᠲᠠᠷᠢᠶᠠᠯᠠᠩ᠂ ᠰᠢᠩ ᠱᠧᠩ ᠬᠤᠩ | ᠲᠠᠷᠢᠶᠠᠯᠠᠩ ᠤᠨ ᠮᠠᠰᠢᠨ ᠵᠡᠷᠭᠡ ᠠᠵᠤ ᠠᠬᠤᠶᠢᠯᠠᠯ ᠤᠨ ᠬᠥᠷᠥᠩᠭᠡ ᠪᠠᠨ ᠨᠡᠮᠡᠭᠳᠡᠭᠦᠯᠦᠨ ᠦᠢᠯᠡᠰ ᠢᠶᠠᠨ | ᠥᠷᠭᠡᠳᠬᠡᠬᠦ ᠶᠢ ᠳᠡᠮᠵᠢᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ | 2 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ | ᠬᠦᠷᠢᠶᠡᠯᠡᠩ ᠲᠣᠭᠤᠷᠢᠭ ᠤᠨ ᠳᠡᠰ ᠳᠡᠪᠰᠢᠬᠦ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ︽ᠨᠢᠭᠡ | ᠴᠣᠭᠴᠠ ᠬᠤᠶᠠᠷ ᠵᠢᠭᠦᠷ︾ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ︽ | 200 ᠳ᠋ᠦᠩᠰᠢᠭᠤᠷ ᠪᠤᠷᠤᠯᠠᠭᠤᠯᠭ᠎ᠠ ᠲᠠᠢ ᠬᠦᠷᠢᠶᠡᠯᠡᠩ ᠲᠣᠭᠤᠷᠢᠭ︾ ᠢ ᠪᠤᠢ ᠪᠣᠯᠭᠠᠬᠤ ᠪᠠᠷ ᠬᠠᠷᠠᠯᠲᠠ ᠪᠣᠯᠭᠠᠵᠤ᠂ | ᠣᠯᠠᠨ ᠨᠡᠶᠢᠲᠡ ᠶᠢᠨ ᠦᠢᠯᠡᠴᠢᠯᠡᠭᠡᠨ ᠤ ᠬᠦᠴᠦᠨ ᠵᠦᠢᠯ ᠢ ᠬᠦᠷᠢᠶᠡᠯᠡᠩ ᠲᠣᠭᠤᠷᠢᠭ ᠲᠡᠰᠢ ᠪᠦᠷᠬᠦᠭᠦᠯᠬᠦ ᠶᠢ | ᠲᠦᠷᠭᠡᠳᠬᠡᠨ᠎ᠡ᠃ ︽ᠬᠦᠷᠢᠶᠡᠯᠡᠩ ᠤᠨ ᠳᠣᠲᠣᠷᠠᠬᠢ ᠬᠦᠷᠢᠶᠡᠯᠡᠩ᠂ ᠬᠦᠷᠢᠶᠡᠯᠡᠩ ᠤᠨ ᠳᠣᠲᠣᠷᠠᠬᠢ ᠲᠣᠭᠤᠷᠢᠭ︾ ᠤᠨ | ᠬᠥᠭᠵᠢᠯᠲᠡ ᠶᠢᠨ ᠰᠡᠳᠬᠢᠮᠵᠢ ᠶᠣᠰᠣᠭᠠᠷ᠂ ᠤᠰᠤ᠂ ᠴᠠᠬᠢᠯᠭᠠᠨ᠂ ᠰᠢᠲᠠᠮᠠᠬᠠᠶ ᠬᠡᠶ᠂ ᠳᠤᠯᠠᠭᠠᠯᠠᠭ᠎ᠠ᠂ ᠵᠠᠮ | ᠬᠤᠭᠤᠯᠠᠶ ᠶᠢᠨ ᠲᠣᠤᠷ ᠵᠡᠷᠭᠡ ᠲᠥᠬᠦᠷ ᠪᠡᠯᠡᠳᠬᠡᠮᠵᠢ ᠶᠢᠨ ᠲᠤᠲᠠᠭᠳᠠᠯ ᠢ ᠲᠦᠷᠭᠡᠳᠬᠡᠨ ᠨᠥᠬᠦᠪᠥᠷᠢᠯᠡᠵᠦ᠂ ᠳ᠋ᠠᠱᠢᠵᠠᠢ | ᠵᠡᠭᠡᠯᠢ᠂ ᠬᠤᠷᠢᠨ ᠵᠡᠭᠡᠯᠢ᠂ ᠰᠢᠨ ᠸᠧᠶ ᠳᠥᠷᠪᠡᠳᠦᠭᠡᠷ ᠵᠡᠭᠡᠯᠢ ᠵᠡᠷᠭᠡ ᠵᠠᠮ ᠤᠨ ᠶᠡᠷᠦᠩᠬᠡᠶᠢᠯᠡᠭᠰᠡᠨ ᠢᠨᠵᠧᠨᠧᠷᠢᠩ ᠢ | ᠠᠬᠢᠭᠤᠯᠤᠨ᠂ ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠤᠶᠠᠳᠤᠭᠠᠷ | ᠬᠤᠭᠤᠴᠠᠭ᠎ᠠ᠂ ᠠᠵᠤ ᠦᠢᠯᠡᠳᠪᠦᠷᠢ ᠶᠢᠨ ᠰᠢᠭᠠᠷᠤ ᠶᠢᠨ ᠲᠠᠯᠠᠪᠠᠶ ᠶᠢᠨ ᠪᠠᠷᠢᠯᠭ᠎ᠠ ᠡᠬᠢᠯᠡᠭᠦᠯᠦᠨ ᠪᠥᠲᠥᠭᠡᠨ | ᠪᠠᠶᠢᠭᠤᠯᠬᠤ ᠶᠢ ᠠᠬᠢᠭᠤᠯᠵᠤ᠂ ᠣᠯᠠᠨ ᠡᠰᠢᠵᠢᠭᠰᠡᠨ ᠪᠣᠬᠢᠷᠲᠤᠯ ᠥᠬᠡᠶ ᠢᠳᠡᠭᠡᠨ ᠭᠠᠳᠠᠭᠰᠢ ᠭᠠᠷᠭᠠᠬᠤ ᠰᠠᠭᠤᠷᠢᠨ | ᠭᠠᠵᠠᠷ ᠢ ᠲᠦᠷᠭᠡᠳᠬᠡᠨ ᠪᠠᠶᠢᠭᠤᠯᠤᠨ᠎ᠠ᠃ ᠬᠦᠷᠢᠶᠡᠯᠡᠩ ᠲᠣᠭᠤᠷᠢᠭ ᠤᠨ ᠲᠣᠣᠷ ᠰᠦᠯᠵᠢᠶᠡᠨ ᠤ ᠮᠡᠳᠡᠭᠡ ᠵᠠᠩᠭᠢ ᠶᠢᠨ | ᠲᠠᠪᠴᠠᠩ ᠢ ᠪᠠᠶᠢᠭᠤᠯᠵᠤ᠂ ᠭᠤᠷᠪᠠᠳᠠᠬᠢ ᠡᠲᠡᠭᠡᠳ ᠤᠨ ᠯᠠᠪᠯᠠᠯᠭ᠎ᠠ ᠶᠢᠨ ᠪᠠᠶᠢᠭᠤᠯᠤᠮᠵᠢ ᠶᠢ ᠣᠷᠣᠭᠤᠯᠵᠤ ᠢᠷᠡᠨ᠂ | ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ︽ᠮᠦ ᠪᠦᠷᠢ ᠶᠢᠨ | ᠤᠨᠠᠯᠲᠠ ᠶᠢᠨ ᠦᠷ᠎ᠡ ᠠᠰᠢᠭ︾ ᠢ ᠳᠡᠭᠡᠭᠰᠢᠯᠡᠭᠦᠯᠬᠦ ᠪᠠᠷ ᠭᠤᠣᠯ ᠪᠣᠯᠭᠠᠨ᠂ ᠭᠠᠵᠠᠷ ᠰᠢᠷᠣᠶ ᠶᠢ ᠠᠷᠪᠢᠲᠠᠶ ᠡᠷᠴᠢᠮᠯᠢᠭ | ᠬᠡᠷᠡᠭᠯᠡᠬᠦ᠂ ᠡᠨᠧᠷᠭᠢ ᠠᠷᠪᠢᠯᠠᠵᠤ ᠬᠤᠷᠣᠭᠳᠠᠯ ᠢ ᠪᠠᠭᠤᠷᠠᠭᠤᠯᠤᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠪᠠᠷ | ᠭᠤᠣᠯᠳᠠᠯᠭ᠎ᠠ ᠪᠣᠯᠭᠠᠵᠤ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠳᠡᠭᠡᠳᠦ ᠲᠠᠰ ᠤᠨ ᠲᠣᠨᠤᠭ | ᠲᠥᠬᠦᠭᠡᠷᠦᠮᠵᠢ ᠦᠢᠯᠡᠳᠬᠦ᠂ ᠪᠣᠬᠢᠷᠲᠤᠯ ᠦᠭᠡᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ | ᠨᠠᠷᠢᠯᠢᠭ ᠭᠦᠨᠵᠡᠭᠡᠶ ᠡᠳ᠋ᠰᠢᠬᠦᠯᠬᠦ ᠵᠡᠷᠭᠡ ᠠᠵᠤ ᠦᠢᠯᠡᠰ ᠢ ᠬᠦᠴᠦᠯᠡᠨ ᠣᠷᠣᠭᠤᠯᠵᠤ ᠢᠷᠡᠨ᠎ᠡ᠃ ︽ᠤᠷᠢᠳᠠᠪᠠᠷ | ᠳᠡᠯᠭᠡᠨ ᠦᠵᠡᠭᠦᠯᠵᠦ᠂ ᠳᠠᠷᠠᠭ᠎ᠠ ᠨᠢ ᠦᠢᠯᠡᠳᠪᠦᠷᠢ ᠪᠠᠶᠢᠭᠤᠯᠬᠤ︾ ᠠᠷᠭ᠎ᠠ ᠮᠠᠶ᠋ᠢᠭ ᠢ ᠬᠡᠷᠡᠭᠯᠡᠨ᠂ ᠪᠣᠬᠢᠷᠲᠤᠯ ᠦᠭᠡᠢ | ᠢᠳᠡᠭᠡᠨ ᠵᠢᠴᠢ ᠲᠥᠬᠦᠷ ᠠᠵᠤ ᠦᠢᠯᠡᠰ ᠢ ᠲᠠᠲᠠᠵᠤ ᠢᠳᠡᠭᠡᠨ ᠡᠳ᠋ᠰᠢᠭᠦᠯᠬᠦ ᠬᠦᠷᠢᠶᠡᠯᠡᠩ ᠲᠣᠭᠤᠷᠢᠭ ᠲᠤ | ᠣᠷᠣᠭᠤᠯᠤᠨ ᠰᠠᠭᠤᠯᠭᠠᠵᠤ᠂ ᠪᠣᠬᠢᠷᠲᠤᠯ ᠦᠭᠡᠢ ᠢᠳᠡᠭᠡᠨ ᠡᠳ᠋ᠰᠢᠭᠦᠯᠬᠦ ᠪᠠᠷᠠᠭ᠎ᠠ ᠶᠢᠨ ᠭᠦᠢᠯᠭᠡᠭᠡᠨ ᠤ | ᠶᠡᠷᠦᠩᠬᠡᠶᠢᠯᠡᠭᠰᠡᠨ ᠲᠣᠭᠤᠷᠢᠭ ᠤᠨ ᠪᠦᠬᠦ ᠲᠠᠯ᠎ᠠ ᠪᠠᠷ ᠠᠵᠢᠯ ᠡᠬᠢᠯᠡᠬᠦ ᠶᠢ ᠠᠬᠢᠭᠤᠯᠤᠨ᠂ ᠴᠢᠨᠠᠷ ᠰᠠᠶᠢᠲᠠᠢ | ᠬᠥᠭᠵᠢᠯᠲᠡ ᠳᠤ ᠰᠠᠭᠤᠷᠢ ᠪᠠᠲᠤᠯᠠᠭ᠎ᠠ ᠶᠢ ᠰᠠᠶᠢᠲᠤᠷ ᠬᠢᠨ᠎ᠡ᠃ | ︵ᠳᠥᠷᠪᠡ︶ ᠵᠤᠭᠠᠴᠠᠯ ᠢ ᠬᠥᠭᠵᠢᠭᠦᠯᠦᠨ᠂ ᠠᠷᠠᠯᠵᠢᠶ᠎ᠠ ᠬᠤᠳᠠᠯᠳᠤᠭ᠎ᠠ ᠶᠢ ᠠᠮᠢᠳᠤᠯᠢᠭ ᠪᠠᠶᠢᠯᠭᠠᠬᠤ ᠶᠢ ᠪᠠᠷᠢᠮᠲᠠᠯᠠᠵᠤ | ᠂ ᠬᠥᠭᠵᠢᠯᠲᠡ ᠶᠢᠨ ᠨᠠᠩ ᠡᠷᠴᠢᠮᠲᠡᠶ ᠬᠥᠳᠡᠯᠭᠡᠭᠦᠷ ᠢ ᠪᠣᠶ ᠪᠣᠯᠭᠠᠨ᠎ᠠ᠃ ᠣᠨᠴᠠᠯᠢᠭᠲᠤ ᠵᠤᠭᠠᠴᠠᠯ ᠤᠨ | ᠦᠢᠯᠡᠰ ᠢ ᠦᠷᠭᠦᠯᠵᠢᠯᠡᠨ ᠰᠠᠶᠢᠲᠤᠷ ᠠᠳᠬᠤᠵᠤ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠦᠢᠯᠡᠰ ᠢ | ᠲᠦᠷᠭᠡᠳᠬᠡᠨ ᠪᠣᠶᠢᠵᠢᠭᠤᠯᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠰ ᠢ ᠪᠤᠶᠢᠵᠢᠭᠤᠯᠤᠨ | ᠬᠥᠭᠵᠢᠭᠦᠯᠵᠦ᠂ ᠦᠢᠯᠡᠴᠢᠯᠡᠭᠡᠨ ᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠳᠡᠰ ᠳᠠᠪᠬᠤᠷᠭ᠎ᠠ ᠶᠢ | ᠳᠡᠭᠡᠭᠰᠢᠯᠡᠭᠦᠯᠬᠦ ᠶᠢ ᠠᠬᠢᠭᠤᠯᠤᠨ᠎ᠠ᠃ | ᠣᠨᠴᠠᠯᠢᠭᠲᠤ ᠵᠤᠭᠠᠴᠠᠯ ᠤᠨ ᠦᠢᠯᠡᠰ ᠢ ᠵᠦᠷᠢᠶᠡᠵᠢᠭᠦᠯᠦᠨ ᠬᠥᠭᠵᠢᠭᠦᠯᠦᠨ᠎ᠡ᠃ ︽ᠪᠠᠶᠠᠨ ᠬᠠᠩᠭᠠᠢ ᠲᠠᠯ᠎ᠠ | ᠨᠤᠲᠤᠭ᠂ ᠪᠠᠭ᠋ᠠᠷᠤᠮ᠎ᠠ ᠰᠠᠶᠢᠬᠠᠨ ᠤᠨᠠᠭᠠᠨ ᠪᠠᠭᠤᠴᠠ︾ ᠭᠡᠬᠦ ᠵᠤᠭᠠᠴᠠᠯ ᠤᠨ ᠨᠡᠷᠡᠲᠦ ᠲᠡᠮᠳᠡᠭ ᠢ ᠡᠭᠦᠳᠴᠦ᠂ | ᠬᠠᠶᠢᠯᠠᠰᠤᠲᠠᠢ ᠭᠤᠣᠯ ᠵᠤᠭᠠᠴᠠᠯ ᠤᠨ ᠣᠷᠣᠨ᠂ ᠮᠠᠨᠵᠤᠲ᠋ᠦ᠋ᠨ ᠪᠠᠶᠢᠭᠠᠯᠢ ᠶᠢᠨ ᠴᠡᠴᠡᠷᠯᠢᠭ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠱᠦ ᠮᠦ ᠭᠧᠦ᠂ ᠪᠤᠷᠭᠠᠰᠤᠲᠠᠢ ᠵᠤᠭᠠᠴᠠᠯ ᠤᠨ ᠥᠷᠲᠡᠭᠡ ᠶᠢ ᠪᠠᠶᠢᠭᠤᠯᠵᠤ᠂ | ᠲᠤᠬᠤᠮ ᠰᠤᠷ ᠬᠠᠷᠪᠤᠯᠲᠠ ᠶᠢᠨ ᠣᠷᠳᠣᠨ ᠢ ᠪᠠᠶᠢᠭᠤᠯᠤᠨ᠂ ᠵᠤᠭᠠᠴᠠᠯ ᠤᠨ ᠲᠡᠮᠳᠡᠭ ᠢ ᠨᠡᠮᠡᠵᠦ᠂ ᠵᠤᠭᠠᠴᠠᠯ ᠤᠨ | ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ ᠠᠳᠤᠭᠤᠨ ᠤ ᠠᠵᠤ ᠦᠢᠯᠡᠰ | ᠬᠢᠭᠡᠳ ᠵᠤᠭᠠᠴᠠᠯ ᠤᠨ ᠦᠢᠯᠡᠰ ᠤᠨ ᠠᠭᠤᠰᠤᠯᠴᠠᠯ ᠬᠠᠷᠢᠯᠴᠠᠨ ᠠᠬᠢᠭᠤᠯᠤᠯᠴᠠᠬᠤ ᠶᠢ ᠠᠬᠢᠭᠤᠯᠵᠤ᠂ ᠠᠳᠤᠭᠤᠨ ᠤ | ᠠᠵᠤ ᠦᠢᠯᠡᠰ ᠲᠠᠢ ᠬᠠᠮᠢᠶ᠎ᠠ ᠪᠥᠬᠦᠶ ᠤᠷᠤᠯᠳᠤᠭᠠᠨ ᠤ ᠲᠣᠭᠯᠠᠯᠲᠠ᠂ ᠮᠤᠷᠢ ᠤᠨᠤᠬᠤ ᠰᠡᠯᠡᠭᠦᠴᠡᠯ ᠤᠨ ᠬᠡᠯᠪᠡᠷᠢ | ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ︽ | ᠮᠣᠷᠢᠨ ᠨᠢᠷᠤᠭᠤᠨ ᠳᠡᠭᠡᠷᠡᠬᠢ ᠠᠵᠤ ᠠᠬᠤᠶ︾ ᠶᠢ ᠬᠥᠭᠵᠢᠭᠦᠯᠦᠨ᠎ᠡ᠃ ᠯᠢᠦᠢ ᠱᠦᠢ ᠪᠠ ᠳᠡᠮᠡᠭᠡᠨ ᠭᠡᠬᠦ ᠬᠤᠶᠠᠷ | ᠵᠤᠭᠠᠴᠠᠯ ᠤᠨ ᠱᠤᠭᠤᠮ ᠢ ᠨᠡᠭᠡᠭᠡᠨ ᠬᠥᠭᠵᠢᠭᠦᠯᠵᠦ᠂ ᠷᠠᠰᠢᠶᠠᠨ ᠯᠤᠭ᠎ᠠ ︽ᠵᠤᠭᠠᠴᠠᠯ ᠤᠨ ᠬᠤᠯᠪᠣᠭᠠᠲᠤ ᠴᠣᠭᠴᠠ︾ | ᠶᠢ ᠪᠠᠶᠢᠭᠤᠯᠵᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠠᠶᠠᠨᠴᠢᠳ ᠤᠨ ᠢᠷᠡᠯᠲᠡ ᠶᠢ ᠬᠠᠷᠢᠯᠴᠠᠨ ᠬᠦᠷᠭᠡᠬᠦ ᠶᠢ | ᠪᠡᠶᠡᠯᠡᠭᠦᠯᠦᠨ᠎ᠡ᠃ ᠵᠤᠭᠠᠴᠠᠯ ᠬᠢᠭᠡᠳ ᠲᠠᠷᠢᠶᠠᠯᠠᠩ ᠮᠠᠯ ᠠᠵᠤ ᠠᠬᠤᠶ᠂ ᠰᠣᠶᠣᠯ᠂ ᠰᠤᠷᠭᠠᠨ ᠬᠥᠮᠦᠵᠢᠯ ᠵᠡᠷᠭᠡ ᠠᠵᠤ | ᠦᠢᠯᠡᠰ ᠤᠨ ᠭᠦᠨ ᠠᠭᠤᠰᠤᠯᠴᠠᠯ ᠢ ᠠᠬᠢᠭᠤᠯᠵᠤ᠂ ︽ᠬᠠᠪᠤᠷ ᠥᠩᠭᠡ ᠪᠦᠷᠢ ᠶᠢᠨ ᠴᠡᠴᠡᠭ ᠢ ᠰᠣᠨᠢᠷᠬᠠᠬᠤ᠂ ᠵᠤᠨ | ᠲᠠᠯ᠎ᠠ ᠨᠤᠲᠤᠭ ᠢᠶᠠᠷ ᠵᠤᠭᠠᠴᠠᠬᠤ᠂ ᠨᠠᠮᠤᠷ ᠲᠤᠲᠤᠷᠭ᠎ᠠ ᠶᠢᠨ ᠳᠠᠯᠠᠢ ᠶᠢ ᠰᠣᠨᠢᠷᠬᠠᠬᠤ᠂ ᠡᠪᠦᠯ ᠮᠥᠰᠥ ᠴᠠᠰᠤ ᠪᠠᠷ | ᠨᠠᠭᠠᠳᠬᠤ︾ ᠪᠥᠬᠦ ᠤᠯᠠᠷᠢᠯ ᠤᠨ ᠵᠤᠭᠠᠴᠠᠯ ᠤᠨ ᠪᠠᠶᠢᠷᠢᠰᠢᠯ ᠢ ᠪᠦᠷᠢᠯᠳᠦᠭᠦᠯᠦᠨ᠎ᠡ᠃ ᠬᠢᠩᠭᠠᠨ ᠠᠶᠢᠮᠠᠭ ᠤᠨ | ᠨᠠᠭᠠᠳᠤᠮ ᠤᠨ ᠬᠤᠷᠠᠯ ᠢ ᠦᠷᠭᠦᠯᠵᠢᠯᠡᠨ ᠰᠠᠶᠢᠲᠤᠷ ᠡᠷᠬᠢᠯᠡᠵᠦ᠂ ︽ᠵᠠᠰᠠᠭᠲᠤ ᠶᠢᠨ ᠡᠪᠦᠯ ᠤᠨ ᠦᠵᠡᠮᠵᠢ︾᠂ ︽ | ᠵᠠᠰᠠᠭᠲᠤ ᠶᠢᠨ ᠦᠨᠦᠷ ᠠᠮᠲᠠ︾ ᠲᠠᠯ᠎ᠠ ᠨᠤᠲᠤᠭ ᠤᠨ ᠰᠣᠶᠣᠯ ᠵᠤᠭᠠᠴᠠᠯ ᠤᠨ ᠬᠦᠳᠡᠯᠭᠡᠭᠡᠨ ᠢ ᠰᠢᠨ᠎ᠡ ᠪᠠᠷ ᠡᠭᠦᠳᠦᠨ | ᠡᠷᠬᠢᠯᠡᠵᠦ᠂ ᠤᠯᠠᠭᠠᠨᠮᠣᠳᠣ ᠶᠢᠨ ᠲᠠᠯ᠎ᠠ ᠨᠤᠲᠤᠭ ᠤᠨ ᠰᠣᠶᠣᠯ ᠵᠤᠭᠠᠴᠠᠯ ᠤᠨ ᠨᠠᠶᠢᠷ ᠢ ᠦᠷᠭᠦᠯᠵᠢᠯᠡᠨ | ᠳᠡᠭᠡᠭᠰᠢᠯᠡᠭᠦᠯᠵᠦ᠂ ᠪᠦᠲᠦᠭᠡᠭᠳᠡᠬᠦᠨ ᠤ ᠲᠠᠲᠠᠬᠤ ᠬᠦᠴᠦᠨ ᠢ ᠨᠡᠮᠡᠭᠳᠡᠭᠦᠯᠵᠦ᠂ ᠵᠤᠭᠠᠴᠠᠯ ᠤᠨ ᠬᠥᠭᠵᠢᠯᠲᠡ ᠶᠢᠨ | ᠣᠷᠣᠨ ᠵᠠᠢ ᠶᠢ ᠥᠷᠭᠡᠳᠬᠡᠨ᠎ᠡ᠃ ᠵᠤᠭᠠᠴᠠᠯ ᠤᠨ ᠪᠡᠯᠡ ᠣᠷᠣᠭᠤᠯᠤᠯᠲᠠ ᠶᠢᠨ ᠺᠣᠮᠫᠠᠨᠢ ᠪᠠᠶᠢᠭᠤᠯᠵᠤ᠂ ᠨᠡᠷᠡᠳᠤ | ᠵᠤᠭᠠᠴᠠᠯ ᠤᠨ ᠬᠤᠷᠰᠢᠶ᠎ᠠ ᠶᠢ ᠣᠷᠣᠭᠤᠯᠤᠨ ᠠᠪᠴᠢᠷᠠᠵᠤ᠂ ᠲᠦᠷᠪᠡᠨ ᠵᠦᠭ ᠤᠨ ᠵᠣᠴᠢᠳ ᠨᠠᠶᠢᠵᠠ ᠨᠥᠬᠦᠳ ᠢ | ᠬᠠᠯᠠᠭᠤᠨ ᠢᠶᠠᠷ ᠤᠭᠲᠤᠨ᠎ᠠ᠃ ︽ᠲᠤᠤᠷ ᠳᠡᠭᠡᠷᠡᠬᠢ ᠬᠢᠩᠭᠠᠨ ᠠᠶᠢᠮᠠᠭ︾ ᠤᠨ ᠲᠠᠪᠴᠠᠩ ᠢ ᠠᠰᠢᠭᠯᠠᠨ᠂ | ᠵᠤᠭᠠᠴᠠᠭᠰᠠᠳ ᠲᠤ ᠰᠦᠯᠵᠢᠶᠡᠨ ᠳᠡᠭᠡᠷ᠎ᠡ ᠥᠪᠡᠰᠦᠪᠡᠨ ᠦᠢᠯᠡᠴᠢᠯᠡᠬᠦ ᠶᠢ ᠪᠡᠶᠡᠯᠡᠭᠦᠯᠵᠦ᠂ ᠵᠤᠭᠠᠴᠠᠯ ᠤᠨ ᠠᠵᠤ | ᠦᠢᠯᠡᠰ ᠢ ᠰᠣᠶᠣᠯ ᠤᠨ ᠲᠠᠯ᠎ᠠ ᠪᠠᠷ ︽ᠦᠯᠢᠬᠡᠷ ᠲᠠᠢ︾᠂ ᠥᠩᠭᠡ ᠦᠵᠡᠮᠵᠢ ᠶᠢᠨ ᠲᠠᠯ᠎ᠠ ᠪᠠᠷ ︽ᠦᠵᠡᠮᠵᠢ ᠲᠠᠢ︾ | ᠂ ᠠᠵᠤ ᠠᠬᠤᠶ ᠶᠢᠨ ᠲᠠᠯ᠎ᠠ ᠪᠠᠷ ︽ᠤᠷᠤᠯᠭ᠎ᠠ ᠲᠠᠢ︾ ᠪᠣᠯᠭᠠᠨ᠎ᠠ᠃ | ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠦᠢᠯᠡᠰ ᠢ ᠣᠯᠠᠨ ᠡᠰᠢᠵᠢᠭᠦᠯᠦᠨ ᠬᠥᠭᠵᠢᠭᠦᠯᠦᠨ᠎ᠡ᠃ ᠬᠥᠳᠡᠭᠡ | ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠵᠤ᠂ ᠬᠤᠰᠢᠭᠤ ᠰᠢᠶᠠᠩ ᠲᠣᠰᠬᠤᠨ ᠭᠤᠷᠪᠠᠨ ᠱᠠᠲᠤᠨ ᠤ ᠪᠠᠷᠠᠭᠠᠨ ᠤ ᠭᠦᠶᠯᠭᠡᠭᠡᠨ ᠤ ᠳᠣᠭᠢᠷᠠᠭᠤᠯᠤᠨ | ᠬᠦᠷᠭᠡᠬᠦ ᠰᠢᠰᠲ᠋ᠧᠮᠵᠢ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ᠲᠤᠰᠬᠠᠶᠢᠵᠢᠭᠰᠠᠨ ᠡᠯᠧᠺᠲᠷᠣᠨ ᠬᠤᠳᠠᠯᠳᠤᠭᠠᠨ ᠤ | ᠰᠢᠭᠤᠳ ᠨᠡᠪᠲᠡᠷᠡᠭᠦᠯᠬᠦ ᠪᠦᠯᠬᠦᠮ ᠨᠡᠶᠢᠲᠡ ᠶᠢ ᠪᠤᠶᠢᠵᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ | ᠦᠢᠯᠡᠰ ᠤᠨ ᠬᠦᠷᠢᠶᠡᠯᠡᠩ ᠤᠨ ᠬᠡᠪᠴᠢᠶᠡᠵᠢᠨ ᠬᠥᠭᠵᠢᠬᠦ ᠶᠢ ᠠᠬᠢᠭᠤᠯᠤᠨ᠂ ᠪᠥᠬᠦ ᠵᠢᠯ ᠳᠤ ᠡᠯᠧᠺᠲᠷᠣᠨ | ᠬᠤᠳᠠᠯᠳᠤᠭᠠᠨ ᠤ ᠵᠢᠵᠢᠭ ᠪᠢᠴᠢᠯ ᠠᠵᠤ ᠠᠬᠤᠶᠢᠯᠠᠯ ᠢ 30 % ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠡᠯᠧᠺᠲᠷᠣᠨ | ᠬᠤᠳᠠᠯᠳᠤᠭᠠᠨ ᠤ ᠠᠷᠠᠯᠵᠢᠶᠠᠨ ᠤ ᠲᠤᠭ᠎ᠠ ᠶᠢ 2.5 ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ ᠬᠤᠰᠢᠭᠤᠨ ᠤ | ᠳᠣᠲᠣᠭᠠᠳᠤ ᠵᠢᠴᠢ ᠡᠷᠭᠢᠨ ᠲᠣᠭᠤᠷᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠵᠡᠷᠭᠡ | ᠲᠡᠭᠡᠭᠡᠪᠦᠷᠢ ᠶᠢᠨ ᠡᠬᠢ ᠪᠠᠶᠠᠯᠢᠭ ᠲᠤ ᠲᠦᠰᠢᠭᠯᠡᠨ᠂ ᠪᠠᠷᠠᠭ᠎ᠠ ᠶᠢᠨ ᠬᠦᠢᠯᠭᠡᠭᠡᠨ ᠤ ᠲᠡᠭᠡᠭᠡᠪᠦᠷᠢ ᠶᠢᠨ ᠺᠣᠮᠫᠠᠨᠢ ᠶᠢ | ᠪᠠᠶᠢᠭᠤᠯᠤᠨ᠎ᠠ᠃ ᠪᠡᠭᠡᠵᠢᠩ ᠬᠤᠲᠠ ᠶᠢᠨ ᠬᠥᠮᠥᠷᠭᠡᠯᠡᠨ ᠬᠠᠳᠠᠭᠠᠯᠠᠬᠤ ᠰᠠᠭᠤᠷᠢᠨ ᠭᠠᠵᠠᠷ ᠤᠨ ᠬᠠᠮᠤᠭ ᠤᠨ ᠶᠡᠭᠡ | ᠦᠷ᠎ᠡ ᠠᠰᠢᠭ ᠢ ᠪᠠᠳᠠᠷᠠᠭᠤᠯᠵᠤ᠂ ᠨᠠᠨᠵᠢᠩ ᠬᠤᠲᠠ ᠶᠢᠨ ᠲᠠᠷᠢᠶᠠᠯᠠᠩ ᠤᠨ ᠣᠨᠴᠠ ᠰᠢᠯᠢᠳᠡᠭ ᠪᠦᠲᠦᠭᠡᠭᠳᠡᠬᠦᠨ ᠢ | ᠳᠡᠯᠭᠡᠨ ᠪᠣᠷᠣᠯᠠᠭᠤᠯᠬᠤ ᠲᠥᠪ ᠤᠨ ᠲᠣᠭᠲᠠᠭᠤᠨ ᠢᠶᠠᠷ ᠠᠵᠢᠯᠯᠠᠬᠤ ᠶᠢ ᠠᠬᠢᠭᠤᠯᠤᠨ᠎ᠠ᠃ ᠢᠳᠡᠭᠡᠨ ᠤ ᠬᠦᠷᠢᠶᠡᠯᠡᠩ | ᠲᠣᠭᠤᠷᠢᠭ ᠤᠨ ᠦᠵᠡᠰᠬᠦᠯᠡᠩ ᠤᠨ ᠲᠥᠪ ᠤᠨ ᠦᠢᠯᠡᠴᠢᠯᠡᠭᠡᠨ ᠤ ᠴᠢᠳᠠᠮᠵᠢ ᠶᠢ ᠲᠠᠰᠤᠷᠠᠯᠲᠠ ᠤᠢᠭᠡᠢ | ᠲᠡᠭᠦᠯᠳᠡᠷᠵᠢᠭᠦᠯᠵᠦ᠂ ᠦᠵᠡᠰᠬᠦᠯᠡᠩ ᠤᠨ ᠠᠵᠤ ᠠᠬᠤᠶ ᠪᠠᠷ ᠭᠤᠣᠯ ᠪᠣᠯᠭᠠᠭᠰᠠᠨ ᠰᠢᠨ᠎ᠡ ᠮᠠᠶ᠋ᠢᠭ ᠤᠨ ᠠᠵᠤ | ᠠᠬᠤᠶ ᠶᠢᠨ ᠡᠵᠡᠩᠨᠡᠯᠲᠡ ᠶᠢᠨ ᠪᠠᠶᠢᠳᠠᠯ ᠢ ᠲᠦᠷᠭᠡᠳᠬᠡᠨ ᠪᠤᠶᠢᠵᠢᠭᠤᠯᠤᠨ᠎ᠠ᠃ ᠵᠡᠭᠦᠨ ᠬᠤᠶᠢᠲᠤ ᠠᠽᠢᠶ᠎ᠠ ᠶᠢᠨ ᠵᠢᠵᠢᠭ | ᠲᠠᠸᠠᠷ ᠤᠨ ᠣᠯᠠᠨ ᠤᠯᠤᠰ ᠤᠨ ᠠᠷᠠᠯᠵᠢᠶ᠎ᠠ ᠬᠤᠳᠠᠯᠳᠤᠭᠠᠨ ᠤ ᠬᠤᠲᠠ ᠶᠢᠨ ᠬᠡᠷᠡᠭᠯᠡᠭᠡ ᠶᠢᠨ ᠳᠠᠶᠢᠴᠢᠯᠠᠬᠤ | ᠦᠢᠯᠡᠳᠦᠯ ᠢ ᠪᠠᠳᠠᠷᠠᠭᠤᠯᠵᠤ᠂ ᠠᠷᠠᠯᠵᠢᠶ᠎ᠠ ᠬᠤᠳᠠᠯᠳᠤᠭᠠᠨ ᠤ ᠶᠠᠪᠠᠭᠠᠨ ᠵᠡᠭᠡᠯᠢ ᠶᠢᠨ ᠪᠥᠲᠥᠭᠡᠨ ᠪᠠᠶᠢᠭᠤᠯᠤᠯᠲᠠ ᠶᠢ | ᠠᠬᠢᠭᠤᠯᠤᠨ᠎ᠠ᠃ ᠮᠠᠰᠢᠨ ᠲᠡᠷᠭᠡᠨ ᠤ ᠰᠣᠶᠣᠯ ᠤᠨ ᠨᠠᠶᠢᠷ᠂ ᠡᠯᠧᠺᠲᠷᠣᠨ ᠬᠤᠳᠠᠯᠳᠤᠭᠠᠨ ᠤ ᠬᠤᠳᠠᠯᠳᠤᠭ᠎ᠠ ᠵᠡᠷᠭᠡ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠮᠦᠨᠡᠲᠦ ᠬᠤᠰᠢᠭᠤᠨ ᠤ ︽ᠨᠡᠷ᠎ᠡ ᠠᠯᠳᠠᠷ︾ ᠢ ᠮᠠᠨᠳᠤᠭᠤᠯᠵᠤ᠂ ︽ | ᠬᠤᠳᠠᠯᠳᠤᠭᠠᠨ ᠤ ᠰᠤᠷᠲᠠᠯ︾ ᠢ ᠬᠥᠭᠵᠢᠭᠦᠯᠦᠨ᠎ᠡ᠃ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠰ ᠢ ᠲᠤᠰᠬᠠᠶᠢᠵᠢᠭᠤᠯᠤᠨ ᠬᠥᠭᠵᠢᠭᠦᠯᠦᠨ᠎ᠡ᠃ ᠤᠯᠤᠰ ᠤᠨ | ᠥᠮᠴᠢᠯᠡᠯᠲᠦ ᠬᠤᠳᠠᠯᠳᠤᠭᠠᠨ ᠤ ᠪᠠᠩᠬᠢ ᠶᠢᠨ ᠦᠢᠯᠡᠳᠦᠯ ᠢ ᠪᠠᠳᠠᠷᠠᠭᠤᠯᠤᠨ᠂ ᠪᠠᠩᠬᠢ ᠪᠠ ᠠᠵᠤ ᠠᠬᠤᠶᠢᠯᠠᠯ ᠢ | ᠵᠣᠯᠭᠠᠭᠤᠯᠬᠤ ᠬᠡᠪᠰᠢᠵᠢᠭᠰᠡᠨ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠮᠥᠩᠭᠦᠨ | ᠬᠦᠢᠯᠭᠡᠭᠡᠨ ᠤ ᠦᠢᠯᠡᠴᠢᠯᠡᠭᠡ ᠶᠢ ᠴᠢᠩᠭᠠᠷᠠᠭᠤᠯᠤᠨ᠂ ᠮᠥᠩᠭᠦᠨ ᠭᠦᠢᠯᠭᠡᠭᠡᠨ ᠤ ᠦᠢᠯᠡᠳᠭᠦᠨ ᠤ ᠰᠢᠨ᠎ᠡ ᠶᠢ ᠡᠭᠦᠳᠴᠦ | ᠂ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢ ᠴᠢᠩᠭᠠᠷᠠᠭᠤᠯᠤᠨ᠂ ᠪᠠᠯᠠ ᠲᠣᠬᠢᠷᠠᠭᠤᠯᠭ᠎ᠠ ᠶᠢᠨ ᠬᠡᠷᠡᠭᠴᠡᠭᠡ | ᠱᠠᠭᠠᠷᠳᠠᠯᠭ᠎ᠠ ᠶᠢ ᠲᠦᠢᠯ ᠤᠨ ᠣᠨᠣᠪᠴᠢᠲᠠᠶ ᠪᠠᠷ ᠲᠣᠬᠢᠷᠠᠯᠴᠠᠭᠤᠯᠤᠨ᠎ᠠ᠃ ᠤᠯᠤᠰ ᠤᠨ ᠥᠮᠴᠢᠯᠡᠯᠲᠦ ᠪᠠᠯᠠ | ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠮᠠᠯ ᠤᠨᠤᠭ᠎ᠠ | ᠂ ᠲᠠᠷᠢᠶᠠᠯᠠᠩ ᠤᠨ ᠮᠠᠰᠢᠨ ᠪᠠᠭᠠᠵᠢ᠂ ᠲᠦᠭᠦᠬᠡᠶ ᠮᠠᠲ᠋ᠧᠷᠢᠶᠠᠯ ᠵᠡᠷᠭᠡ ᠬᠥᠳᠡᠯᠬᠦ ᠬᠥᠷᠥᠩᠭᠡ ᠪᠣᠯᠤᠨ ᠲᠠᠷᠢᠶᠠᠨ ᠭᠠᠵᠠᠷ᠂ | ᠣᠶᠢᠲᠤ ᠭᠠᠵᠠᠷ᠂ ᠪᠡᠯᠴᠢᠭᠡᠷ ᠵᠡᠷᠭᠡ ᠲᠤᠭᠳᠠᠮᠠᠯ ᠬᠥᠷᠥᠩᠭᠡ ᠶᠢ ᠪᠠᠷᠢᠴᠠᠭᠠᠯᠠᠬᠤ ᠬᠡᠪᠴᠢᠶᠡᠨ ᠳᠤ ᠣᠷᠣᠭᠤᠯᠤᠨ᠂ | ᠵᠢᠵᠢᠭ ᠪᠢᠴᠢᠯ ᠠᠵᠤ ᠠᠬᠤᠶᠢᠯᠠᠯ ᠪᠣᠯᠤᠨ ︽ᠮᠠᠯ ᠠᠵᠤ ᠠᠬᠤᠶ ᠲᠠᠷᠢᠶᠠᠯᠠᠩ᠂ ᠲᠠᠷᠢᠶᠠᠯᠠᠬᠤ ᠮᠠᠯᠵᠢᠬᠤ ᠣᠷᠣᠨ᠂ | ᠮᠠᠯᠴᠢᠨ ᠲᠠᠷᠢᠶᠠᠴᠢᠨ︾ ᠤ ᠪᠠᠯᠠ ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠢ ᠪᠦᠲᠦᠮᠵᠢᠲᠡᠶ ᠨᠠᠮᠳᠠᠭᠤᠯᠤᠨ᠎ᠠ᠃ | ᠠᠲᠠᠷ ᠬᠠᠭᠠᠯᠪᠤᠷᠢᠯᠠᠯᠲᠠ ᠶᠢᠨ ᠦᠢᠯᠡᠳᠪᠦᠷᠢᠯᠡᠯ ᠤᠨ ᠬᠥᠷᠥᠩᠭᠡ ᠶᠢᠨ ᠺᠣᠮᠫᠠᠨᠢ ᠶᠢᠨ ᠨᠡᠪᠴᠢᠭᠦᠯᠬᠦ ᠦᠢᠯᠡᠰ ᠲᠤ | ᠫᠠᠶᠢᠰᠠ ᠡᠯᠭᠦᠭᠰᠡᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠤᠯᠤᠰ ᠠᠴᠠ ᠣᠯᠭᠤᠭᠰᠠᠨ ᠪᠠᠷᠠᠭᠤᠨ ᠬᠡᠰᠡᠭ ᠤᠨ | ᠭᠠᠵᠠᠷ ᠣᠷᠣᠨ ᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠪᠠᠯᠠ ᠲᠣᠬᠢᠷᠠᠭᠤᠯᠬᠤ᠂ ᠵᠢᠭᠡᠯᠡᠯᠭᠡ ᠶᠢᠨ | ᠲᠡᠮᠳᠡᠭᠲᠦ ᠲᠠᠷᠬᠠᠭᠠᠬᠤ᠂ ᠨᠡᠶᠢᠯᠡᠭᠦᠯᠦᠨ ᠬᠤᠳᠠᠯᠳᠤᠨ ᠠᠪᠴᠤ ᠳᠠᠬᠢᠨ ᠪᠠᠶᠢᠭᠤᠯᠬᠤ ᠵᠡᠷᠭᠡ ᠲᠥᠷᠥ ᠶᠢᠨ | ᠪᠣᠳᠣᠯᠭ᠎ᠠ ᠶᠢ ᠬᠦᠢᠴᠡᠳ ᠰᠠᠶᠢᠲᠤᠷ ᠬᠡᠷᠡᠭᠯᠡᠵᠦ᠂ ᠰᠢᠭᠤᠳ ᠪᠠᠯᠠ ᠲᠣᠬᠢᠷᠠᠭᠤᠯᠬᠤ ᠬᠡᠪᠴᠢᠶ᠎ᠡ ᠶᠢ ᠥᠷᠭᠡᠳᠬᠡᠨ᠎ᠡ᠃ | ᠬᠤᠰᠢᠭᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ | ᠪᠣᠯᠭᠠᠨ ᠥᠭᠡᠷᠡᠴᠢᠯᠡᠬᠦ ᠠᠬᠢᠴᠠ ᠶᠢ ᠲᠦᠷᠭᠡᠳᠬᠡᠵᠦ᠂ ᠰᠠᠭᠤᠷᠢ ᠮᠥᠩᠭᠦᠨ ᠤ ᠵᠢᠵᠢᠭ ᠪᠠᠯᠭᠠᠰᠤᠨ ᠤ ᠮᠥᠩᠭᠦᠨ | ᠭᠦᠢᠯᠭᠡᠭᠡᠨ ᠤ ᠳᠠᠯᠳᠠ ᠬᠦᠴᠦᠨ ᠢ ᠠᠭᠤᠳᠠᠯᠵᠤ᠂ ᠡᠳ᠋ ᠪᠠᠶᠠᠯᠢᠭ ᠤᠨ ᠲᠣᠮᠣ ᠠᠰᠠᠷ ᠤᠨ ᠪᠠᠷᠢᠯᠭ᠎ᠠ ᠳᠠᠭᠤᠰᠴᠤ | ᠠᠰᠢᠭᠯᠠᠯᠲᠠ ᠳᠤ ᠣᠷᠣᠭᠤᠯᠬᠤ ᠶᠢ ᠪᠡᠶᠡᠯᠡᠭᠦᠯᠦᠨ᠎ᠡ᠃ ᠤᠯᠤᠰ ᠤᠨ ᠥᠮᠴᠢᠯᠡᠯᠲᠦ ᠪᠠᠯᠠ ᠲᠣᠬᠢᠷᠠᠭᠤᠯᠭ᠎ᠠ ᠶᠢᠨ | ᠲᠠᠪᠴᠠᠩ ᠤᠨ ᠥᠭᠡᠷᠡᠴᠢᠯᠡᠯᠲᠡ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠠᠵᠠᠷ ᠰᠢᠷᠣᠶ ᠶᠢ | ᠨᠡᠭᠡᠭᠡᠨ ᠬᠥᠭᠵᠢᠭᠦᠯᠬᠦ᠂ ᠲᠥᠷᠥᠯ ᠵᠤᠶᠢᠯ ᠢ ᠣᠷᠣᠯᠠᠨ ᠪᠠᠶᠢᠭᠤᠯᠬᠤ᠂ ᠬᠥᠳᠡᠭᠡ ᠲᠣᠰᠬᠤᠨ ᠤ ᠥᠮᠴᠢᠯᠡᠬᠦ ᠡᠷᠬᠡ ᠶᠢᠨ | ᠠᠷᠠᠯᠵᠢᠶ᠎ᠠ ᠵᠡᠷᠭᠡ ᠲᠤᠬᠠᠶᠢᠯᠠᠭᠰᠠᠨ ᠠᠵᠢᠯ ᠢ ᠢᠳᠡᠪᠬᠢᠲᠡᠶ ᠥᠷᠨᠢᠭᠦᠯᠦᠨ᠂ ᠡᠳᠦᠷ ᠲᠤᠲᠤᠮ ᠤᠨ ᠬᠢᠨᠠᠨ ᠬᠠᠮᠢᠶᠠᠷᠴᠤ | ᠰᠢᠯᠭᠠᠨ ᠬᠢᠨᠠᠬᠤ ᠶᠢ ᠴᠢᠩᠭᠠᠳᠬᠠᠵᠤ᠂ ᠠᠵᠤ ᠠᠬᠤᠶᠢᠯᠠᠯ ᠤᠨ ᠪᠣᠳᠠᠲᠤ ᠬᠦᠴᠦᠨ ᠪᠠ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠴᠢᠩᠭᠠᠷᠠᠭᠤᠯᠤᠨ᠎ᠠ᠃ | ︵ᠲᠠᠪᠤ︶ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠨᠢᠭᠡᠳᠦᠯᠲᠡᠢ ᠲᠥᠯᠥᠪᠵᠢᠭᠦᠯᠬᠦ ᠶᠢ ᠠᠬᠢᠭᠤᠯᠬᠤ ᠶᠢ ᠪᠠᠷᠢᠮᠲᠠᠯᠠᠵᠤ | ᠂ ᠨᠠᠩ ᠵᠣᠬᠢᠴᠠᠩᠭᠤᠢ ᠬᠤᠲᠠ ᠬᠥᠳᠡᠭᠡ ᠶᠢᠨ ᠬᠥᠭᠵᠢᠯᠲᠡ ᠶᠢ ᠠᠬᠢᠭᠤᠯᠤᠨ᠎ᠠ᠃ ᠨᠠᠷᠢᠯᠢᠭ ᠲᠥᠯᠥᠪᠵᠢᠭᠦᠯᠬᠦ᠂ | ᠨᠠᠷᠢᠯᠢᠭ ᠪᠥᠲᠥᠭᠡᠨ ᠪᠠᠶᠢᠭᠤᠯᠬᠤ᠂ ᠨᠠᠷᠢᠯᠢᠭ ᠬᠠᠮᠢᠶᠠᠷᠬᠤ ᠶᠢ ᠪᠠᠷᠢᠮᠲᠠᠯᠠᠵᠤ᠂ ᠦᠵᠡᠰᠬᠦᠯᠡᠩ ᠰᠠᠶᠢᠬᠠᠨ ᠠᠮᠢ | ᠠᠬᠤᠶ ᠶᠢᠨ ᠡᠮᠦᠨᠡᠲᠦ ᠬᠤᠰᠢᠭᠤ ᠶᠢ ᠲᠦᠷᠭᠡᠳᠬᠡᠨ ᠪᠠᠶᠢᠭᠤᠯᠵᠤ᠂ ᠬᠤᠲᠠ ᠶᠢ ᠨᠠᠩ ᠴᠢᠨᠠᠷ ᠴᠢᠨᠰᠠᠭ᠎ᠠ ᠲᠠᠢ ᠪᠣᠯᠭᠠᠵᠤ | ᠂ ᠬᠥᠳᠡᠭᠡ ᠲᠣᠰᠬᠤᠨ ᠢ ᠨᠠᠩ ᠠᠮᠢᠵᠢᠷᠠᠯ ᠤᠨ ᠬᠦᠴᠦᠨ ᠲᠠᠢ ᠪᠣᠯᠭᠠᠵᠤ᠂ ᠣᠷᠴᠢᠨ ᠲᠣᠭᠤᠷᠢᠨ ᠢ ᠨᠠᠩ | ᠦᠵᠡᠰᠬᠦᠯᠡᠩᠲᠦ ᠰᠠᠶᠢᠬᠠᠨ ᠪᠣᠯᠭᠠᠨ᠎ᠠ᠃ | ᠲᠠᠷᠬᠠᠳ ᠤᠨ ᠵᠣᠷᠢᠭ ᠰᠠᠨᠠᠭ᠎ᠠ ᠪᠠᠷ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠲᠠ ᠶᠢᠨ | ᠪᠣᠷᠣ ᠲᠥᠯᠥᠪ ᠢ ᠥᠷᠭᠡᠳᠬᠡᠵᠦ᠂ ᠬᠤᠲᠠ ᠶᠢᠨ ᠴᠢᠳᠠᠪᠬᠢ ᠶᠢ ᠲᠡᠭᠦᠯᠳᠡᠷᠵᠢᠭᠦᠯᠵᠦ᠂ ᠬᠤᠲᠠ ᠶᠢᠨ ᠨᠠᠷᠠᠲᠤ ᠲᠡᠮᠳᠡᠭ ᠢ | ᠰᠢᠨᠡᠳᠬᠡᠵᠦ᠂ ᠣᠷᠣᠰᠢᠨ ᠠᠮᠢᠳᠤᠷᠠᠬᠤ ᠦᠢᠯᠡᠰ ᠪᠦᠲᠦᠭᠡᠬᠦ ᠵᠤᠭᠠᠴᠠᠨ ᠲᠣᠭᠤᠷᠢᠬᠤ ᠳᠤ ᠲᠣᠬᠢᠷᠠᠮᠵᠢᠲᠠᠶ | ᠣᠳᠣᠬᠢᠴᠢᠯᠠᠭᠰᠠᠨ ᠠᠮᠢ ᠠᠬᠤᠶ ᠶᠢᠨ ᠬᠤᠲᠠ ᠶᠢ ᠪᠥᠬᠦ ᠬᠦᠴᠦᠨ ᠢᠶᠠᠷ ᠴᠣᠭᠴᠠᠯᠠᠨ᠎ᠠ᠃ ᠬᠤᠲᠠ ᠶᠢᠨ ᠤᠮᠠᠷᠠᠳᠡᠬᠢ | ᠰᠢᠨ᠎ᠡ ᠲᠣᠭᠤᠷᠢᠭ ᠢ ᠡᠭᠦᠳᠦᠨ ᠪᠠᠶᠢᠭᠤᠯᠬᠤ ᠲᠠᠢ ᠤᠶᠠᠯᠳᠤᠭᠤᠯᠤᠨ᠂ ᠲᠢᠶᠠᠨ ᠵᠢᠶᠤᠤ ᠬᠤᠶᠢᠲᠦ ᠵᠠᠮ᠂ ᠮᠧᠢ ᠶᠤᠸᠠᠨ | ᠬᠤᠶᠢᠲᠦ ᠵᠠᠮ ᠵᠡᠷᠭᠡ 10 ᠵᠤᠷᠪᠤᠰ ᠬᠤᠲᠠ ᠶᠢᠨ ᠶᠠᠪᠤᠳᠠᠯ ᠤᠨ ᠵᠠᠮ ᠤᠨ ᠢᠨᠵᠧᠨᠧᠷᠢᠩ ᠢ ᠬᠡᠷᠡᠭᠵᠢᠭᠦᠯᠵᠦ᠂ ᠣᠳᠣ | ᠦᠶ᠎ᠡ ᠶᠢᠨ ᠰᠤᠷᠭᠠᠨ ᠬᠥᠮᠦᠵᠢᠯ ᠤᠨ ᠠᠵᠤ ᠦᠢᠯᠡᠰ ᠤᠨ ᠬᠦᠷᠢᠶᠡᠯᠡᠩ᠂ ᠰᠣᠶᠣᠯ ᠤᠨ ᠰᠢᠨ᠎ᠡ ᠶᠢ ᠡᠭᠦᠳᠬᠦ ᠠᠵᠤ | ᠦᠢᠯᠡᠰ ᠤᠨ ᠬᠦᠷᠢᠶᠡᠯᠡᠩ᠂ ᠺᠠᠩ ᠶᠠᠩ ᠠᠵᠤ ᠦᠢᠯᠡᠰ ᠤᠨ ᠬᠦᠷᠢᠶᠡᠯᠡᠩ ᠵᠡᠷᠭᠡ ᠰᠢᠨ᠎ᠡ ᠡᠵᠡᠩᠨᠡᠯᠲᠡ ᠶᠢᠨ | ᠬᠡᠯᠪᠡᠷᠢ ᠶᠢ ᠭᠤᠣᠯᠳᠠᠯᠭ᠎ᠠ ᠲᠠᠢ ᠪᠦᠵᠢᠭᠤᠯᠤᠨᠠ᠃ ᠬᠤᠲᠠ ᠶᠢᠨ ᠡᠮᠦᠨᠡᠬᠢ ᠰᠢᠨ᠎ᠡ ᠲᠣᠭᠤᠷᠢᠭ ᠢ ᠪᠠᠶᠢᠭᠤᠯᠬᠤ | ᠲᠣᠭᠤᠷᠢᠨ ᠳᠤ᠂ ᠶᠢᠨ ᠪᠢᠨ ᠡᠮ ᠡᠮᠨᠡᠯᠭᠡ ᠰᠤᠪᠢᠯᠠᠯᠲᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ | ᠠᠬᠢᠭᠤᠯᠵᠤ᠂ ᠵᠢᠷᠦᠬᠡᠨ ᠵᠡᠭᠡᠯᠢ᠂ ᠬᠦᠢᠯᠡᠷ ᠵᠠᠮ ᠵᠡᠷᠭᠡ 4 ᠵᠤᠷᠪᠤᠰ ᠬᠤᠲᠠ ᠶᠢᠨ ᠶᠠᠪᠤᠳᠠᠯ ᠤᠨ ᠵᠠᠮ ᠤᠨ | ᠢᠨᠵᠧᠨᠧᠷᠢᠩ ᠢ ᠬᠡᠷᠡᠭᠵᠢᠭᠦᠯᠦᠨ᠎ᠡ᠃ ᠬᠤᠲᠠ ᠶᠢᠨ ᠭᠤᠤᠯ ᠲᠣᠭᠤᠷᠢᠭ ᠢ ᠪᠦᠲᠦᠭᠡᠨ ᠪᠠᠶᠢᠭᠤᠯᠬᠤ ᠲᠣᠭᠤᠷᠢᠨ ᠳᠤ᠂ | ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠤᠷᠴᠢᠨ ᠲᠠᠯ᠎ᠠ ᠬᠤᠲᠠ ᠶᠢᠨ ᠳᠤᠮᠳᠠᠬᠢ ᠲᠠᠯ᠎ᠠ | ᠨᠤᠲᠤᠭ ᠤᠨ ᠲᠥᠷᠥᠯ ᠵᠤᠶᠢᠯ ᠤᠨ ᠠᠬᠢᠴᠠ ᠶᠢ ᠲᠦᠷᠭᠡᠳᠬᠡᠨ᠎ᠡ᠃ ᠬᠤᠲᠠ ᠶᠢᠨ ᠠᠮᠢ ᠠᠬᠤᠶ ᠶᠢ | ᠰᠢᠯᠢᠳᠡᠭᠵᠢᠭᠦᠯᠬᠦ ᠶᠢᠨ ᠲᠣᠭᠤᠷᠢᠨ ᠳᠤ᠂ ᠪᠦᠬᠦ ᠵᠢᠯ ᠳᠤ 37 ᠲᠦᠮᠡᠨ ᠲᠡᠭᠰᠢ ᠳᠥᠷᠪᠡᠯᠵᠢᠨ ᠮᠧᠲᠷ | ᠨᠣᠭᠤᠭᠠᠷᠠᠭᠤᠯᠤᠯᠲᠠ ᠶᠢ ᠪᠡᠶᠡᠯᠡᠭᠦᠯᠦᠨ᠎ᠡ᠃ ︽ᠭᠤᠣᠯ ᠮᠥᠷᠡᠨ ᠨᠠᠭᠤᠷ ᠴᠥᠭᠦᠷᠥᠮ ᠢ ᠬᠤᠯᠪᠣᠨ ᠨᠡᠪᠲᠡᠷᠡᠭᠦᠯᠬᠦ︾ | ᠵᠡᠷᠭᠡ ᠬᠤᠲᠠ ᠶᠢᠨ ᠨᠣᠭᠤᠭᠠᠷᠠᠭᠤᠯᠤᠯᠲᠠ ᠶᠢᠨ ᠦᠵᠡᠮᠵᠢ ᠶᠢᠨ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ︽ | ᠴᠣᠩᠬᠤ ᠪᠠᠨ ᠨᠡᠭᠡᠭᠡᠪᠡᠰᠦ ᠬᠦᠬᠡ ᠥᠩᠭᠡ ᠶᠢ ᠣᠯᠵᠤ ᠬᠠᠷᠠᠬᠤ᠂ ︽ᠠᠯᠬᠤᠭᠠᠳ ᠭᠠᠷᠪᠠᠰᠦ ᠭᠤᠶᠤ ᠦᠵᠡᠮᠵᠢ ᠶᠢ | ᠤᠯᠵᠦ ᠬᠠᠷᠠᠬᠤ᠂ ᠲᠤᠭᠤᠷᠢᠨ ᠦᠵᠡᠪᠡᠰᠦ ᠭᠡᠷ ᠬᠦᠷᠢᠶ᠎ᠡ ᠶᠢ ᠤᠯᠵᠦ ᠬᠠᠷᠠᠬᠤ︾ 10 ᠮᠢᠨᠦ᠋ᠲ ᠤᠨ ᠬᠤᠲᠠ ᠶᠢᠨ | ᠶᠠᠪᠠᠭᠠᠨ ᠰᠡᠯᠡᠭᠦᠴᠡᠯ ᠤᠨ ᠲᠣᠭᠤᠷᠢᠭ ᠢ ᠪᠦᠬᠦ ᠲᠠᠯ᠎ᠠ ᠪᠠᠷ ᠪᠠᠶᠢᠭᠤᠯᠤᠨ᠎ᠠ᠃ ᠬᠤᠲᠠ ᠶᠢᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠬᠦ ᠶᠢᠨ ᠲᠣᠭᠤᠷᠢᠨ ᠳᠤ᠂ 23 ᠺᠢᠯᠣᠮᠧᠲᠷ ᠪᠢ ᠬᠦᠢ ᠶᠤᠸᠠᠨ᠂ ᠵᠢᠩ ᠱᠦᠢ ᠸᠠᠨ ᠰᠠᠭᠤᠭᠠᠯᠢ | ᠲᠣᠭᠤᠷᠢᠭ ᠤᠨ ᠢᠯᠴᠢ ᠬᠠᠩᠭᠠᠬᠤ ᠬᠤᠭᠤᠯᠠᠢ ᠶᠢ ᠥᠭᠡᠷᠡᠴᠢᠯᠡᠵᠦ᠂ 10 ᠺᠢᠯᠣᠮᠧᠲᠷ ᠰᠢᠲᠠᠮᠠᠬᠠᠢ ᠬᠡᠢ ᠶᠢᠨ | ᠬᠤᠭᠤᠯᠠᠢ ᠶᠢ ᠳᠡᠪᠢᠰᠦᠨ᠎ᠡ᠃ ᠵᠠᠰᠠᠭᠲᠤ ᠵᠡᠭᠡᠯᠢ᠂ ᠬᠠᠰᠠᠷ ᠵᠡᠭᠡᠯᠢ ᠵᠡᠷᠭᠡ ᠤᠰᠤ ᠬᠠᠩᠭᠠᠬᠤ ᠬᠤᠭᠤᠯᠠᠢ ᠲᠣᠣᠷ ᠢ | ᠥᠭᠡᠷᠡᠴᠢᠯᠡᠨ ᠪᠠᠶᠢᠭᠤᠯᠵᠤ᠂ 16 ᠰᠠᠭᠤᠭᠠᠯᠢ ᠲᠣᠭᠤᠷᠢᠭ ᠤᠨ ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ᠃ ᠬᠤᠲᠠ ᠶᠢᠨ ᠬᠥᠮᠦᠰ ᠤᠨ ᠠᠩᠬᠠᠷᠤᠯ ᠢ ᠲᠥᠪᠯᠡᠷᠡᠭᠦᠯᠬᠦ ᠶᠢᠨ ᠲᠣᠭᠤᠷᠢᠨ ᠳᠤ᠂ ᠾᠧ ᠫᠠᠨ | ᠬᠤᠸᠠ ᠲᠢᠩ᠂ ᠲᠢᠶᠠᠨ ᠷᠦᠢ ᠬᠤᠸᠠ ᠹᠦ᠋ ᠵᠡᠷᠭᠡ ᠰᠠᠭᠤᠭᠠᠯᠢ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠵᠤ᠂ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠤᠨ ᠬᠡᠷᠡᠭᠯᠡᠯᠲᠡ ᠶᠢ ᠳᠡᠯᠭᠡᠷᠡᠭᠦᠯᠵᠦ᠂ 200 ᠲᠦᠮᠡᠨ | ᠲᠡᠭᠰᠢ ᠳᠥᠷᠪᠡᠯᠵᠢᠨ ᠮᠧᠲᠷ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠠᠯᠠᠪᠠᠶ ᠶᠢ ᠪᠤᠢ ᠪᠣᠯᠭᠠᠬᠤ ᠪᠠᠷ | ᠴᠢᠷᠮᠠᠶᠢᠨ᠎ᠠ᠃ 550 ᠡᠷᠦᠬᠡ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ ᠲᠥᠷᠥᠯ ᠵᠦᠢᠯ ᠢ | ᠲᠦᠷᠭᠡᠳᠬᠡᠨ ᠬᠡᠷᠡᠭᠵᠢᠭᠦᠯᠵᠦ᠂ ᠠᠷᠠᠳ ᠣᠯᠠᠨ ᠤ ᠰᠠᠭᠤᠬᠤ ᠠᠴᠠ ᠣᠷᠣᠨ ᠰᠠᠭᠤᠴᠠ ᠲᠠᠢ ᠪᠠᠶᠢᠬᠤ ᠶᠢ ᠪᠠᠲᠤᠯᠠᠨ᠎ᠠ᠃ | ᠬᠤᠲᠠ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠣᠭᠤᠷᠢᠨ ᠳᠤ᠂ ᠬᠡᠰᠡᠭ ᠬᠤᠪᠢᠶᠠᠨ ᠳᠠᠭᠠᠭᠠᠴᠢᠯᠠᠬᠤ᠂ ᠴᠠᠭ | ᠬᠤᠶᠢᠰᠢᠯᠠᠭᠤᠯᠤᠨ ᠲᠣᠭᠤᠷᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢ ᠠᠪᠴᠤ᠂ ᠵᠠᠮ ᠡᠵᠡᠯᠡᠨ ᠡᠵᠡᠩᠨᠡᠬᠦ᠂ ᠳᠦᠷᠢᠮ | ᠲᠣᠭᠲᠠᠭᠠᠯ ᠠᠴᠠ ᠵᠥᠷᠢᠴᠡᠨ ᠲᠡᠷᠭᠡ ᠵᠣᠭᠰᠣᠬᠤ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ ᠵᠡᠷᠭᠡ ᠭᠡᠮ ᠰᠣᠭᠤᠭ ᠢ | ᠪᠦᠲᠦᠮᠵᠢᠲᠡᠶ ᠰᠢᠢᠳᠪᠦᠷᠢᠯᠡᠨ᠎ᠡ᠃ ᠡᠭᠦᠳᠡᠨ ᠡᠮᠦᠨᠡᠬᠢ ︽ᠭᠤᠷᠪᠠ ᠶᠢ ᠳᠠᠭᠠᠭᠠᠴᠢᠯᠠᠬᠤ︾ ᠲᠥᠷᠥ ᠶᠢᠨ ᠪᠣᠳᠣᠯᠭ᠎ᠠ ᠶᠢ | ᠴᠢᠩᠭ᠎ᠠ ᠨᠠᠢᠳᠠᠪᠤᠷᠢᠵᠢᠭᠤᠯᠬᠤ᠂ ᠠᠳᠠᠯ ᠠᠬᠤᠢ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠨᠡᠨᠬᠦ | ᠳᠡᠭᠡᠭᠰᠢᠯᠡᠭᠦᠯᠦᠨ᠂ ᠬᠥᠮᠦᠨ ᠢᠶᠠᠷ ᠭᠤᠤᠯ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ | ᠪᠦᠲᠦᠭᠡᠨ ᠪᠠᠶᠢᠭᠤᠯᠤᠯᠲᠠ ᠶᠢ ᠠᠯᠬᠤᠮ ᠳᠠᠷᠠᠭ᠎ᠠ ᠲᠠᠢ ᠪᠠᠷ ᠠᠬᠢᠭᠤᠯᠤᠨ᠎ᠠ᠃ | ᠲᠡᠤᠬᠡ ᠶᠢᠨ ᠬᠠᠷᠢᠭᠤᠴᠠᠯᠭ᠎ᠠ ᠪᠠᠷ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠨ᠎ᠠ᠃ ᠬᠥᠬᠡ ᠣᠭᠲᠠᠷᠭᠤᠶ᠂ | ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠲᠠᠰᠤᠷᠠᠯᠲᠠ ᠦᠭᠡᠢ | ᠥᠷᠭᠡᠳᠬᠡᠬᠦ ᠬᠡᠷᠡᠭᠲᠡᠶ᠃ ︽ᠡᠮᠦᠨᠡᠲᠦ ᠬᠤᠰᠢᠭᠤᠨ ᠤ ᠴᠤᠭ ᠰᠦᠯᠳᠡ︾ ᠶᠢ ᠳᠡᠭᠡᠭᠰᠢᠯᠡᠭᠦᠯᠦᠨ᠎ᠡ᠃ ︽ᠲᠠᠷᠠᠬᠠᠶ | ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ ᠲᠠᠢ︾ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠲᠤᠰᠬᠠᠶ | ᠴᠡᠭᠴᠡᠯᠡᠨ ᠵᠠᠰᠠᠵᠤ᠂ ᠡᠨᠧᠷᠭᠢ ᠬᠡᠷᠡᠭᠯᠡᠬᠦ ᠨᠢᠭᠡᠴᠡ ᠶᠢᠨ ᠨᠡᠭᠦᠷᠡᠰᠦ ᠰᠢᠲᠠᠭᠠᠬᠤ ᠵᠤᠤᠬ᠎ᠠ ᠶᠢ ᠴᠡᠪᠡᠷ ᠡᠨᠧᠷᠭᠢ ᠪᠠᠷ | ᠣᠷᠣᠯᠠᠭᠤᠯᠬᠤ ᠶᠢ ᠠᠬᠢᠭᠤᠯᠤᠨ᠂ ᠵᠠᠳᠠᠭᠠᠶ ᠰᠢᠲᠠᠭᠠᠬᠤ ᠶᠢ ᠴᠢᠩᠭ᠎ᠠ ᠬᠢᠵᠠᠭᠠᠷᠯᠠᠵᠤ᠂ ᠭᠤᠤᠯ ᠪᠣᠯᠬᠤ ᠪᠣᠬᠢᠷᠲᠤᠯ | ᠪᠣᠳᠠᠰ ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠪᠠᠭᠠᠰᠬᠠᠨ᠂ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ | ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ︽ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠬᠡᠬᠦ᠂ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ ︽ᠡᠮᠦᠨᠡᠲᠦ | ᠬᠤᠰᠢᠭᠤᠨ ᠤ ᠤᠰᠤᠨ ᠤ ᠴᠢᠨᠠᠷ︾ ᠢ ᠴᠡᠪᠡᠷᠰᠢᠭᠦᠯᠦᠨ᠎ᠡ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ | ᠭᠦᠨᠵᠡᠭᠡᠶᠢᠷᠡᠭᠦᠯᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ ᠶᠢ | ᠭᠤᠤᠯᠳᠠᠯᠭ᠎ᠠ ᠲᠠᠢ ᠴᠢᠩᠭᠠᠳᠬᠠᠨ᠂ ᠭᠤᠤᠯ ︵ᠨᠠᠭᠤᠷ︶ ᠤᠨ ᠳᠠᠷᠤᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠬᠠᠤᠯᠢ ᠠᠴᠠ ᠵᠥᠷᠢᠴᠡᠨ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠᠰᠠᠷ ᠢ ᠪᠥᠬᠦ | ᠲᠠᠯ᠎ᠠ ᠪᠠᠷ ᠴᠠᠭᠠᠵᠠᠯᠠᠨ᠎ᠠ᠃ ᠴᠠᠷᠠᠰᠤᠨ ᠤᠰᠤᠨ ᠴᠥᠭᠦᠷᠥᠮ ᠤᠨ ᠤᠷᠤᠰᠤᠨ ᠣᠷᠣᠬᠤ ᠣᠷᠣᠨ ᠤ ᠤᠰᠤᠨ ᠤ | ᠴᠢᠨᠠᠷ ᠢ ᠴᠡᠪᠡᠷᠰᠢᠭᠦᠯᠬᠦ ᠢᠨᠵᠧᠨᠧᠷᠢᠩ ᠢ ᠲᠦᠯᠬᠢᠨ ᠠᠬᠢᠭᠤᠯᠵᠤ᠂ ᠰᠢᠶᠠᠩ ᠪᠠᠯᠭᠠᠰᠤ ᠶᠢᠨ ᠤᠤᠭᠤᠬᠤ ᠤᠰᠤᠨ ᠤ | ᠰᠤᠷᠪᠤᠯᠵᠢ ᠶᠢᠨ ᠭᠠᠵᠠᠷ ᠢ ᠵᠢᠷᠤᠮᠵᠢᠭᠤᠯᠬᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠡᠮᠦᠨᠡᠲᠦ | ᠬᠤᠰᠢᠭᠤᠨ ᠤ ᠥᠩᠭᠡ ᠵᠢᠰᠦ ᠶᠢ ᠭᠤᠶᠣᠯᠠᠨ᠎ᠠ᠃ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ | ᠭᠦᠨᠵᠡᠭᠡᠶᠢᠷᠡᠭᠦᠯᠵᠦ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠦᠷᠭᠦᠯᠵᠢᠯᠡᠨ ᠵᠠᠰᠠᠵᠤ᠂ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠡᠮᠴᠢᠯᠡᠭᠡᠨ ᠤ ᠬᠠᠶᠠᠭᠳᠠᠮᠠᠯ ᠪᠣᠳᠠᠰ ᠵᠡᠷᠭᠡ ᠶᠢ | ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠪᠠᠶᠢᠴᠠᠭᠠᠯᠲᠠ ᠶᠢ ᠤᠭᠲᠤᠬᠤ | ᠠᠵᠢᠯ ᠢ ᠬᠢᠨᠠᠮᠠᠭᠠᠶ ᠰᠠᠶᠢᠲᠤᠷ ᠬᠢᠵᠦ᠂ ᠬᠠᠭᠤᠴᠢᠨ ᠲᠠᠩᠰᠠ ᠪᠠᠨ ᠳᠥᠯᠥᠵᠦ᠂ ᠰᠢᠨ᠎ᠡ ᠥᠷᠢ ᠭᠠᠷᠭᠠᠬᠤ ᠥᠬᠡᠶ᠃ | ᠲᠡᠨᠡᠭ ᠡᠪᠦᠭᠡᠨ ᠠᠭᠤᠯᠠ ᠶᠢ ᠨᠡᠭᠦᠯᠭᠡᠭᠰᠡᠨ ᠬᠠᠳᠠᠨ ᠵᠣᠷᠢᠭ ᠢᠶᠠᠷ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ | ᠃ G5511᠂ S203 ᠱᠤᠭᠤᠮ ᠵᠡᠷᠭᠡ 4 ᠵᠤᠷᠪᠤᠰ ᠳᠡᠭᠡᠲᠦ ᠲᠡᠰ ᠤᠨ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠬᠢᠯᠢ ᠶᠢᠨ ᠬᠠᠮᠠᠭᠠᠯᠠᠯᠲᠠ ᠶᠢᠨ ᠭᠠᠯ ᠰᠡᠷᠭᠡᠶᠢᠯᠡᠬᠦ ᠵᠠᠮ᠂ | ᠲᠣᠬᠤᠮ ᠠᠴᠠ ᠤᠯᠠᠭᠠᠠᠭᠤᠤᠯ ᠬᠦᠷᠬᠦ ᠵᠠᠰᠠᠮᠠᠯ ᠵᠠᠮ ᠤᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠬᠤ ᠪᠠᠷ | ᠴᠢᠷᠮᠠᠶᠢᠵᠤ᠂ ᠯᠢᠩ ᠳ᠋ᠢᠶᠠᠨ ᠠᠴᠠ ᠪᠣᠭᠳᠠ ᠠᠭᠤᠯᠠ ᠬᠦᠷᠬᠦ᠂ ᠤᠯᠠᠭᠠᠨᠮᠤᠲᠤ ᠠᠴᠠ ᠠᠯᠲᠠᠨ ᠡᠮᠡᠭᠡᠯ ᠬᠦᠷᠬᠦ ᠵᠡᠷᠭᠡ 5 | ᠲᠥᠷᠥᠯ ᠵᠦᠢᠯ ᠤᠨ ᠪᠠᠷᠢᠯᠭ᠎ᠠ ᠳᠠᠭᠤᠰᠴᠤ ᠲᠡᠷᠭᠡ ᠨᠡᠪᠲᠡᠷᠡᠬᠦ ᠶᠢ ᠠᠬᠢᠭᠤᠯᠤᠨ᠎ᠠ᠃ ᠰᠣᠯᠣᠨ᠂ ᠬᠤᠷᠴᠢᠨ ᠤ 66 | ᠺᠢᠯᠤᠸᠠᠲ ᠤᠨ ᠭᠤᠣᠯ ᠬᠤᠪᠢᠰᠬᠠᠬᠤ ᠥᠷᠭᠡᠳᠬᠡᠨ ᠪᠠᠶᠢᠭᠤᠯᠬᠤ ᠪᠠᠷᠢᠯᠭ᠎ᠠ ᠪᠣᠯᠤᠨ ᠬᠦᠬᠡ ᠮᠠᠯᠵᠢᠯ ᠤᠨ ᠲᠠᠯᠠᠪᠠᠢ | ᠠᠴᠠ ᠶᠤᠸᠠᠢ ᠶᠢᠨ ᠮᠠᠯᠵᠢᠯ ᠤᠨ ᠲᠠᠯᠠᠪᠠᠢ ᠬᠦᠷᠬᠦ ᠱᠤᠭᠤᠮ᠂ ᠳᠡᠪᠰᠡᠭ ᠠᠴᠠ ᠳ᠋ᠠᠱᠢᠵᠠᠢ ᠬᠦᠷᠬᠦ ᠱᠤᠭᠤᠮ ᠤᠨ 66 | ᠺᠢᠯᠣᠸᠠᠲ ᠤᠨ ᠱᠤᠭᠤᠮ ᠢ ᠥᠭᠡᠷᠡᠴᠢᠯᠡᠬᠦ ᠪᠠᠷᠢᠯᠭ᠎ᠠ ᠶᠢ ᠡᠬᠢᠯᠡᠭᠦᠯᠦᠨ᠎ᠡ᠃ ᠵᠢᠷᠦᠬᠡᠨ ᠪᠠᠯᠭᠠᠰᠤᠨ ᠤ ᠬᠤᠩ ᠴᠢ | ᠲᠤᠰᠬᠤᠨ ᠤ 66 ᠺᠢᠯᠣᠸᠠᠲ ᠤᠨ ᠬᠦᠴᠦᠳᠡᠯ ᠬᠤᠪᠢᠰᠬᠠᠬᠤ ᠢᠨᠵᠧᠨᠧᠷᠢᠩ ᠢ ᠬᠡᠷᠡᠭᠵᠢᠭᠦᠯᠵᠦ᠂ ᠵᠦᠩ ᠭᠤᠸᠠᠩ | ᠾᠧ ᠶᠢᠨ 500 ᠺᠢᠯᠣᠸᠠᠲ ᠤᠨ ᠰᠠᠯᠬᠢᠨ ᠴᠠᠬᠢᠯᠭᠠᠨ ᠬᠦᠷᠭᠡᠬᠦ ᠢᠨᠵᠧᠨᠧᠷᠢᠩ ᠢ ᠲᠦᠷᠭᠡᠳᠬᠡᠨ ᠠᠬᠢᠭᠤᠯᠵᠤ᠂ 10 | ᠺᠢᠯᠣᠸᠠᠲ ᠵᠢᠴᠢ ᠲᠡᠭᠦᠨ ᠠᠴᠠ ᠳᠣᠷᠣᠭᠰᠢ 315.1 ᠺᠢᠯᠣᠮᠧᠲᠷ ᠤᠨ ᠴᠠᠬᠢᠯᠭᠠᠨ ᠱᠤᠭᠤᠮ ᠢ ᠥᠭᠡᠷᠡᠴᠢᠯᠡᠨ ( | ᠥᠷᠭᠡᠳᠬᠡᠨ ) ᠪᠠᠶᠢᠭᠤᠯᠤᠨ᠎ᠠ᠃ ᠤᠯᠤᠰ ᠤᠨ ᠰᠢᠨ᠎ᠡ ᠰᠠᠭᠤᠷᠢ ᠪᠥᠲᠥᠭᠡᠨ ᠪᠠᠶᠢᠭᠤᠯᠤᠯᠲᠠ ᠶᠢ ᠵᠣᠷᠢᠭᠵᠢᠭᠤᠯᠬᠤ | ᠢᠨᠵᠧᠨᠧᠷᠢᠩ ᠤᠨ ᠲᠣᠭᠤᠷᠢᠨ ᠳᠤ ᠲᠣᠭᠠᠴᠢᠯᠠᠭᠰᠠᠨ ᠠᠵᠤ ᠠᠬᠤᠶ ᠶᠢ ᠲᠦᠷᠭᠡᠳᠬᠡᠨ ᠬᠥᠭᠵᠢᠭᠦᠯᠵᠦ᠂ 5G | ᠳᠣᠬᠢᠶᠠᠨ ᠤ ᠰᠠᠭᠤᠷᠢ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠢᠨᠲ᠋ᠧᠷ ᠰᠦᠯᠵᠢᠶ᠎ᠡ᠂ ᠲᠣᠮᠣ | ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ ᠬᠢᠭᠡᠳ ᠪᠣᠳᠠᠲᠤ ᠴᠣᠭᠴᠠ ᠶᠢᠨ ᠠᠵᠤ ᠠᠬᠤᠶ᠂ ᠨᠡᠶᠢᠭᠡᠮ ᠤᠨ ᠵᠠᠰᠠᠯᠲᠠ᠂ | ᠣᠯᠠᠨ ᠨᠡᠶᠢᠲᠡ ᠶᠢᠨ ᠦᠶᠯᠡᠴᠢᠯᠡᠭᠡ ᠵᠡᠷᠭᠡ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ | ︵ᠵᠢᠷᠭᠤᠭ᠎ᠠ︶ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠪᠤᠶᠠᠨ ᠵᠢᠷᠭᠠᠯ ᠢ ᠨᠡᠮᠡᠭᠳᠡᠭᠦᠯᠬᠦ ᠶᠢ ᠪᠠᠷᠢᠮᠲᠠᠯᠠᠵᠤ᠂ | ᠨᠠᠩ ᠡᠷᠬᠡ ᠲᠡᠭᠰᠢ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ ᠪᠦᠬᠦ ᠰᠡᠳᠬᠢᠯ ᠪᠦᠬᠦ ᠵᠣᠷᠢᠭ | ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠢᠮᠠᠭᠲᠠ ᠪᠠᠲᠤ ᠰᠠᠬᠢᠵᠤ᠂ ᠤᠯᠠᠨ | ᠲᠦᠮᠡᠨ ᠤ 《 ᠪᠠᠴᠢᠮ ᠲᠤᠯᠭᠠᠮ᠂ ᠬᠦᠴᠢᠷ ᠵᠣᠪᠠᠭᠤᠷᠢ᠂ ᠬᠦᠰᠡᠯ ᠡᠷᠡᠮᠡᠯᠵᠡᠯ 》 ᠤᠨ ᠠᠰᠠᠭᠤᠳᠠᠯ ᠢ ᠰᠡᠳᠬᠢᠯ | ᠲᠠᠯᠪᠢᠨ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠳᠤ ᠨᠡᠩ ᠤᠯᠠᠨ᠂ ᠨᠡᠩ ᠰᠢᠭᠤᠳ᠂ | ᠨᠡᠩ ᠪᠣᠳᠠᠲᠠᠢ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ | ᠣᠯᠭᠤᠬᠤ ᠬᠡᠷᠡᠭᠲᠡᠢ᠃ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠰᠠᠶᠢᠲᠤᠷ ᠠᠳᠬᠤᠨ᠎ᠠ᠃ ᠤᠯᠠᠨ ᠲᠦᠮᠡᠨ ᠤ | ᠬᠦᠰᠡᠯ ᠱᠠᠭᠠᠷᠳᠠᠯᠭ᠎ᠠ ᠶᠢ ᠨᠢᠭᠡᠳᠦᠭᠡᠷ ᠲᠤᠬᠢᠶ᠎ᠠ ᠪᠣᠯᠭᠠᠵᠤ᠂ ᠬᠡᠷᠡᠭᠴᠡᠭᠡ ᠶᠢ ᠠᠷᠠᠳ ᠠᠴᠠ ᠠᠰᠠᠭᠤᠬᠤ᠂ ᠠᠷᠭ᠎ᠠ | ᠪᠤᠳᠤᠯᠭ᠎ᠠ ᠶᠢ ᠠᠷᠠᠳ ᠠᠴᠠ ᠠᠰᠠᠭᠤᠬᠤ᠂ ᠪᠠᠶᠢᠳᠠᠯ ᠢ ᠠᠷᠠᠳ ᠠᠴᠠ ᠠᠰᠠᠭᠤᠬᠤ ᠶᠢ ᠪᠠᠷᠢᠮᠲᠠᠯᠠᠵᠤ᠂ ᠬᠦᠴᠦᠨ ᠢᠶᠠᠨ | ᠲᠥᠪᠯᠡᠷᠡᠭᠦᠯᠦᠨ ᠨᠢᠭᠡ ᠪᠦᠯᠦᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠪᠢᠯᠧᠲ ᠢᠶᠠᠷ ᠲᠣᠭᠲᠠᠭᠠᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠨ᠎ᠡ᠃ ᠥᠷᠭᠡᠨ ᠢᠶᠠᠷ | ᠡᠯᠰᠡᠨ ᠴᠤᠭᠯᠠᠭᠤᠯᠬᠤ᠂ ᠣᠯᠠᠨ ᠡᠭᠡᠯᠵᠢ ᠪᠠᠷ ᠰᠢᠯᠢᠨ ᠰᠣᠩᠭᠤᠬᠤ ᠪᠠᠷ ᠳᠠᠮᠵᠢᠭᠤᠯᠤᠨ᠂ ᠬᠥᠳᠡᠭᠡ ᠲᠣᠰᠬᠤᠨ ᠤ | ᠴᠠᠬᠢᠯᠭᠠᠨ ᠲᠣᠤᠷ ᠤᠨ ᠥᠭᠡᠷᠡᠴᠢᠯᠡᠯᠲᠡ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠡᠮ ᠡᠮᠨᠡᠯᠭᠡ ᠡᠷᠡᠭᠦᠯ ᠬᠠᠮᠠᠭᠠᠯᠠᠯ | ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠤ ᠬᠤᠯᠪᠣᠭᠳᠠᠭᠰᠠᠨ 10 ᠵᠢᠱᠢᠭᠳᠡᠭᠰᠡᠨ ᠵᠦᠶᠯᠡᠰ ᠢ ᠡᠮᠬᠢᠯᠡᠨ | ᠪᠦᠷᠢᠯᠳᠦᠭᠦᠯᠵᠠᠢ᠃ ᠪᠢᠯᠧᠲ ᠢᠶᠠᠷ ᠰᠢᠶᠳᠪᠦᠷᠢ ᠭᠠᠷᠭᠠᠵᠤ ᠲᠣᠭᠲᠠᠭᠠᠭᠰᠠᠨ ᠤ ᠳᠠᠷᠠᠭ᠎ᠠ᠂ ᠪᠢᠳᠡ ᠳᠡᠭᠡᠳᠦ ᠬᠡᠮᠵᠢᠶ᠎ᠡ | ᠪᠠᠷ ᠬᠠᠷᠢᠭᠤᠴᠠᠬᠤ ᠣᠪᠣᠷ ᠢᠶᠠᠷ ᠡᠭᠦᠷᠭᠡ ᠪᠠᠨ ᠨᠠᠷᠢᠯᠢᠭᠵᠢᠭᠤᠯᠤᠨ ᠵᠠᠳᠠᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠠᠵᠢᠯᠯᠠᠭᠠᠨ ᠬᠠᠮᠢᠶᠠᠷᠤᠯᠲᠠ ᠪᠠᠨ ᠵᠢᠷᠤᠮᠵᠢᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠵᠦ᠂ ᠠᠷᠠᠳ ᠣᠯᠠᠨ ᠳᠤ ᠠᠰᠢᠭ ᠲᠤᠰᠠ ᠬᠦᠷᠲᠡᠭᠡᠵᠦ᠂ ᠠᠷᠠᠳ ᠣᠯᠠᠨ ᠢ ᠰᠡᠳᠬᠢᠯ ᠬᠠᠨᠤᠮᠵᠢᠲᠠᠶ ᠪᠣᠯᠭᠠᠨ᠎ᠠ | ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠰᠠᠶᠢᠲᠤᠷ ᠠᠳᠬᠤᠨ᠎ᠠ᠃ | ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠢᠮᠠᠭᠲᠠ ᠬᠢᠨᠠᠭᠤᠷ ᠪᠣᠯᠭᠤᠮᠵᠢᠲᠠᠢ | ᠪᠠᠶᠢᠵᠤ᠂ ᠮᠡᠷᠡᠶᠢᠨ ᠴᠢᠷᠮᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ | ᠰᠤᠯᠠᠷᠠᠭᠤᠯᠤᠯ ᠦᠭᠡᠢ ᠰᠠᠶᠢᠲᠤᠷ ᠬᠢᠬᠦ ᠬᠡᠷᠡᠭᠲᠡᠢ᠃ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ | ᠪᠥᠭᠡᠳ ᠪᠣᠳᠠᠲᠠᠶ ᠨᠠᠶᠢᠳᠠᠪᠤᠷᠢᠵᠢᠭᠤᠯᠵᠤ᠂ ︽ᠳᠥᠷᠪᠡᠨ ᠡᠷᠲᠡ︾ ᠶᠢᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ | ᠳᠠᠬᠢᠨ ᠡᠭᠦᠰᠬᠦ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠪᠣᠳᠠᠲᠠᠶ ᠪᠥᠭᠡᠳ ᠨᠠᠷᠢᠯᠢᠭ | ᠠᠳᠬᠤᠵᠤ᠂ ᠬᠥᠮᠦᠨ᠂ ᠪᠣᠳᠠᠰ᠂ ᠣᠷᠴᠢᠨ ᠲᠣᠭᠤᠷᠢᠨ ᠢ ᠬᠠᠮᠲᠤ ᠪᠠᠷ ᠰᠡᠷᠭᠡᠶᠢᠯᠡᠬᠦ ᠶᠢ ᠪᠠᠷᠢᠮᠲᠠᠯᠠᠨ᠎ᠠ᠃ | ᠡᠮᠴᠢᠯᠡᠭᠡᠨ ᠤ ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠵᠤ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ | ᠴᠢᠳᠠᠪᠤᠷᠢ ᠶᠢ ᠳᠡᠭᠡᠭᠰᠢᠯᠡᠭᠦᠯᠵᠦ᠂ ᠸᠠᠺᠼᠢᠨ ᠤ ᠲᠠᠷᠢᠯᠭ᠎ᠠ ᠶᠢᠨ ᠠᠵᠢᠯ ᠢ ᠰᠠᠶᠢᠲᠤᠷ ᠬᠢᠵᠦ᠂ ᠭᠡᠨᠡᠳᠲᠡ ᠡᠭᠦᠰᠦᠭᠰᠡᠨ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠷᠲᠡ | ᠢᠯᠡᠷᠡᠭᠦᠯᠬᠦ᠂ ᠲᠦᠷᠭᠡᠨ ᠰᠢᠢᠳᠪᠦᠷᠢᠯᠡᠬᠦ᠂ ᠣᠨᠣᠴᠠᠲᠠᠢ ᠬᠠᠮᠢᠶᠠᠷᠤᠨ ᠡᠵᠡᠮᠳᠡᠬᠦ᠂ ᠪᠦᠲᠦᠮᠵᠢᠲᠡᠢ ᠠᠪᠤᠷᠠᠨ ᠵᠠᠰᠠᠬᠤ | ᠰᠡᠷᠭᠡᠶᠢᠯᠡᠨ ᠡᠵᠡᠮᠳᠡᠬᠦ ᠲᠣᠭᠲᠠᠴᠠ ᠶᠢ ᠪᠦᠷᠢᠨᠰᠢᠬᠦᠯᠵᠤ᠂ ᠰᠡᠷᠭᠡᠶᠢᠯᠡᠨ ᠡᠵᠡᠮᠳᠡᠬᠦ ᠲᠣᠣᠷ ᠢ ᠤᠯᠠᠮ ᠴᠢᠨᠠᠭᠰᠢᠳᠠ | ᠨᠢᠭᠲᠠ ᠰᠦᠯᠵᠢᠵᠦ᠂ ᠬᠢᠯᠪᠠᠷ ᠪᠤᠰᠤ ᠪᠠᠷ ᠣᠯᠤᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢᠶᠠᠨ ᠦᠷᠭᠦᠯᠵᠢᠯᠡᠨ | ᠪᠠᠬᠢᠵᠢᠭᠦᠯᠦᠨ᠎ᠡ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠴᠢᠩᠭ᠎ᠠ ᠠᠳᠬᠤᠨ᠎ᠠ᠃ ᠨᠠᠮ ᠤᠨ ᠦᠨᠳᠦᠰᠦᠲᠡᠨ ᠤ ᠲᠥᠷᠥ ᠶᠢᠨ | ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠨ᠎ᠠ᠃ ᠬᠢᠯᠢ ᠶᠢᠨ ᠳᠣᠲᠣᠷ᠎ᠠ ᠭᠠᠳᠠᠨᠠᠬᠢ ᠳᠠᠶᠢᠰᠤᠩᠨᠠᠭᠴᠢ ᠬᠦᠴᠦᠨ ᠤ ᠨᠡᠪᠴᠢᠯᠲᠡ | ᠨᠤᠷᠠᠭᠠᠯᠲᠠ ᠬᠢᠬᠦ᠂ ᠲᠦᠢᠪᠡᠭᠡᠯᠭᠡ ᠡᠪᠳᠡᠯᠡᠭᠡ ᠬᠢᠬᠦ ᠬᠦᠳᠡᠯᠭᠡᠭᠡᠨ ᠢ ᠴᠢᠩᠭ᠎ᠠ ᠰᠡᠷᠭᠡᠶᠢᠯᠡᠨ ᠲᠡᠭᠦᠨ ᠳᠤ ᠴᠣᠬᠢᠯᠲᠠ | ᠥᠭᠴᠦ᠂ ᠦᠨᠳᠦᠰᠦᠲᠡᠨ ᠤ ᠪᠦᠯᠬᠦᠮᠳᠡᠯ ᠢ ᠨᠥᠯᠥᠭᠡᠯᠡᠬᠦ ᠠᠯᠢᠪᠠ ᠴᠤᠬᠤᠶᠢᠯᠲᠠ ᠶᠢᠨ ᠴᠢᠨᠠᠷᠲᠠᠢ ᠠᠰᠠᠭᠤᠳᠠᠯ ᠪᠠ | ᠲᠠᠯᠳᠠ ᠴᠢᠨᠠᠷᠲᠠᠢ ᠠᠶᠤᠯ ᠲᠦᠭᠰᠢᠭᠦᠷᠢ ᠶᠢ ᠳᠡᠭᠡᠳᠦ ᠬᠡᠮᠵᠢᠶ᠎ᠡ ᠪᠠᠷ ᠰᠡᠷᠡᠮᠵᠢᠯᠡᠨ᠎ᠡ᠃ ᠬᠢᠯᠢ ᠬᠢᠵᠠᠭᠠᠷ ᠣᠷᠣᠨ ᠢ | ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠴᠥᠭᠡᠨ ᠲᠣᠭᠠᠲᠤ | ᠦᠨᠳᠦᠰᠦᠲᠡᠨ ᠤ ᠣᠨᠴᠠᠯᠢᠭ ᠪᠦᠬᠦᠢ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ | ᠤᠯᠤᠰ ᠠᠴᠠ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠪᠦᠬᠦ ᠬᠦᠴᠦᠨ ᠢᠶᠠᠷ | ᠰᠠᠶᠢᠲᠤᠷ ᠬᠢᠵᠦ᠂ ᠬᠢᠴᠢᠶᠡᠯ ᠰᠢᠨᠵᠢᠯᠡᠭᠡᠨ ᠤ ᠵᠢᠭᠠᠨ ᠰᠤᠷᠭᠠᠯᠲᠠ ᠪᠠ ᠪᠠᠭᠰᠢ ᠶᠢᠨ ᠪᠣᠯᠪᠠᠰᠤᠷᠠᠯ ᠢ ᠴᠢᠩᠭᠠᠳᠬᠠᠨ᠎ᠠ᠃ | ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠪᠦᠯᠢ ᠪᠤᠯᠬᠤ︾ ᠭᠡᠬᠦ ᠰᠢᠷᠢᠰ ᠬᠦᠳᠡᠯᠭᠡᠭᠡᠨ ᠢ ᠦᠷᠭᠦᠯᠵᠢ | ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠰᠠᠬᠢᠨ | ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ᠎ᠠ᠃ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠦᠨᠳᠦᠰᠦᠨ ᠵᠦᠢᠯ ᠢ ᠪᠠᠲᠤᠯᠠᠬᠤ ᠶᠢ ᠴᠢᠩᠭ᠎ᠠ ᠠᠳᠬᠤᠨ᠎ᠠ᠃ ᠪᠥᠬᠦ | ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠨᠠᠰᠤᠵᠢᠯ ᠤᠨ ᠳᠠᠭᠠᠳᠬᠠᠯ ᠤᠨ | ᠬᠡᠪᠴᠢᠶ᠎ᠡ ᠶᠢ ᠥᠷᠭᠡᠳᠬᠡᠬᠦ ᠲᠤᠰᠬᠠᠶ ᠠᠵᠢᠯᠯᠠᠭ᠎ᠠ ᠶᠢ ᠥᠷᠨᠢᠭᠦᠯᠦᠨ᠂ ᠠᠭᠤᠰᠬᠢ ᠦᠷᠪᠢᠰᠦᠯ ᠵᠡᠷᠭᠡ ᠭᠤᠤᠯᠳᠠᠯᠭ᠎ᠠ | ᠲᠠᠢ ᠠᠵᠢᠯ ᠲᠥᠷᠥᠯ ᠢ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠳᠤ | ᠣᠷᠣᠭᠤᠯᠬᠤ ᠶᠢ ᠠᠬᠢᠭᠤᠯᠤᠨ᠎ᠠ᠃ ᠬᠥᠮᠦᠨ ᠠᠮᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ | ᠴᠢᠩᠭᠠᠳᠬᠠᠵᠤ᠂ ᠬᠥᠮᠦᠨ ᠠᠮᠠ ᠶᠢᠨ ᠨᠠᠰᠤᠵᠢᠯ ᠢ ᠢᠳᠡᠪᠬᠢᠲᠡᠶ ᠠᠷᠭᠠᠴᠠᠨ᠎ᠠ᠃ ᠵᠢᠷᠭᠠᠯᠠᠩᠲᠤ ᠬᠦᠷᠢᠶᠡᠯᠡᠩ ᠪᠠ | ᠨᠠᠰᠤᠲᠠᠨ ᠢ ᠠᠰᠠᠷᠠᠬᠤ ᠬᠦᠷᠢᠶᠡᠯᠡᠩ ᠢ ᠲᠡᠰ ᠳᠡᠪᠰᠢᠭᠦᠯᠦᠨ ᠥᠭᠡᠷᠡᠴᠢᠯᠡᠵᠦ᠂ ᠭᠡᠷ ᠪᠦᠯᠢ ᠪᠠ ᠨᠡᠶᠢᠭᠡᠮ ᠲᠣᠭᠤᠷᠢᠭ | ᠤᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠂ 《 ᠠᠯᠪᠠᠨ ᠠᠴᠠ ᠪᠠᠶᠢᠭᠤᠯᠵᠤ ᠠᠷᠠᠳ | ᠠᠴᠠ ᠡᠵᠡᠩᠨᠡᠬᠦ 》 ᠨᠠᠰᠤᠵᠢᠯ ᠤᠨ ᠵᠠᠭᠪᠤᠷ ᠢ ᠳᠡᠯᠭᠡᠷᠡᠭᠦᠯᠵᠦ᠂ ᠡᠮᠴᠢᠯᠡᠭᠡ ᠰᠤᠪᠢᠯᠠᠯᠲᠠ ᠶᠢᠨ ᠭᠦᠨᠵᠡᠭᠡᠢ | ᠠᠭᠤᠰᠤᠯᠳᠤᠯ ᠢ ᠠᠬᠢᠭᠤᠯᠤᠨ᠂ ᠡᠷᠡᠭᠦᠯᠵᠢᠯ ᠨᠠᠰᠤᠵᠢᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠲᠥᠪ ᠢ ᠥᠷᠭᠡᠳᠬᠡᠨ ᠪᠠᠶᠢᠭᠤᠯᠵᠤ᠂ ᠲᠡᠨᠦᠭᠦᠯ ᠭᠤᠶᠢᠷᠠᠨᠴᠢᠳ ᠢ | ᠠᠪᠤᠷᠠᠨ ᠲᠤᠰᠠᠯᠠᠬᠤ ᠬᠠᠮᠢᠶᠠᠷᠤᠯᠲᠠ ᠶᠢ ᠴᠢᠩᠭᠠᠳᠬᠠᠨ᠎ᠠ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ | ᠶᠢᠨ ᠪᠠᠲᠤᠯᠠᠭ᠎ᠠ ᠪᠠ ᠬᠥᠳᠡᠭᠡ ᠲᠣᠰᠬᠤᠨ ᠤ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠪᠠᠲᠤᠯᠠᠭ᠎ᠠ ᠶᠢᠨ ᠪᠠᠷᠢᠮᠵᠢᠶ᠎ᠠ | ᠶᠢ ᠦᠨᠡᠨᠬᠦ ᠳᠡᠭᠡᠭᠰᠢᠯᠡᠭᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠶᠢ | ᠥᠷᠭᠡᠳᠬᠡᠨ᠂ ᠣᠨᠴᠠ ᠬᠦᠴᠢᠷᠳᠡᠯᠲᠡᠶ ᠬᠥᠮᠦᠰ ᠢ 《 ᠭᠠᠭᠴᠠ ᠬᠥᠮᠦᠨ ᠤ ᠡᠷᠦᠬᠡ 》 ᠪᠠᠷ ᠯᠠᠪᠯᠠᠯᠲᠠ ᠪᠣᠯᠭᠠᠨ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠣᠷᠣᠭᠤᠯᠤᠨ᠎ᠠ᠃ ᠴᠡᠷᠢᠭ ᠤᠨ ᠠᠯᠪᠠᠨ ᠠᠴᠠ ᠪᠠᠭᠤᠭᠰᠠᠳ | ᠤᠨ ᠣᠯᠠᠨ ᠨᠡᠶᠢᠲᠡ ᠶᠢᠨ ᠪᠣᠳᠠᠲᠠᠶ ᠪᠤᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠲᠥᠪᠬᠢᠨᠡᠭᠦᠯᠦᠭᠰᠡᠨ ᠤ ᠳᠠᠷᠠᠭ᠎ᠠ ᠠᠵᠢᠯ ᠤᠨ ᠪᠠᠶᠢᠷᠢ ᠠᠴᠠ ᠪᠠᠨ ᠪᠠᠭᠤᠭᠰᠠᠨ 215 ᠴᠡᠷᠢᠭ | ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠤᠨ ᠠᠵᠢᠯ ᠣᠯᠬᠤ ᠠᠰᠠᠭᠤᠳᠠᠯ ᠢ ᠰᠢᠶᠳᠪᠦᠷᠢᠯᠡᠨ᠎ᠡ᠃ | ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠪᠤᠷᠭᠠᠰᠤᠲᠠᠢ ᠶᠢᠨ ᠦᠷᠡᠭᠳᠡᠭᠰᠡᠨ | ᠪᠠᠭᠠᠲᠤᠷᠴᠤᠳ ᠤᠨ ᠳᠤᠷᠠᠰᠬᠠᠯ ᠤᠨ ᠲᠠᠯᠠᠪᠠᠢ ᠶᠢ ᠠᠶᠢᠮᠠᠭ ᠤᠨ ᠲᠡᠰ ᠤᠨ ᠲᠥᠬᠦᠭᠡᠷᠦᠮᠵᠢ ᠶᠢᠨ ᠨᠡᠷᠡᠰ ᠲᠤ | ᠣᠷᠣᠭᠤᠯᠬᠤ ᠶᠢ ᠠᠬᠢᠭᠤᠯᠤᠨ᠎ᠠ᠃ | ᠠᠵᠢᠯ ᠣᠯᠭᠤᠬᠤ ᠦᠢᠯᠡᠰ ᠴᠣᠭᠴᠠᠯᠠᠬᠤ ᠠᠷᠭ᠎ᠠ ᠬᠡᠮᠵᠢᠶ᠎ᠡ ᠶᠢ ᠣᠨᠣᠪᠴᠢᠲᠠᠢ ᠠᠳᠬᠤᠨ᠎ᠠ᠃ ᠠᠵᠤ ᠠᠬᠤᠶᠢᠯᠠᠯ ᠢ | ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠪᠠ ᠦᠨᠳᠦᠰᠦᠨ | ᠵᠤᠶᠢᠯ ᠢ ᠪᠠᠲᠤᠯᠠᠨ ᠲᠥᠪᠬᠢᠨᠡᠭᠦᠯᠬᠦ ᠠᠵᠢᠯ ᠢ ᠰᠠᠶᠢᠲᠤᠷ ᠬᠢᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ | ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ᠂ ᠠᠵᠢᠯ ᠤᠯᠬᠤ ᠳᠤ ᠬᠦᠴᠢᠷᠲᠡᠶ ᠬᠥᠮᠦᠰ ᠵᠡᠷᠭᠡ | ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠠᠰᠠᠭᠤᠳᠠᠯ ᠢ ᠦᠨᠡᠨ ᠬᠦ ᠰᠢᠢᠳᠪᠦᠷᠢᠯᠡᠨ᠎ᠡ᠃ ᠠᠳᠠᠯ ᠦᠢᠯᠡᠰ | ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠳᠡᠮᠵᠢᠵᠦ᠂ ᠠᠵᠢᠯ ᠣᠯᠭᠤᠵᠤ ᠠᠳᠠᠯ ᠦᠢᠯᠡᠰ | ᠴᠣᠭᠴᠠᠯᠠᠬᠤ 3 ᠠᠴᠢᠶᠠᠯᠠᠪᠤᠷᠢ ᠶᠢ ᠰᠢᠨ᠎ᠡ ᠪᠠᠷ ᠨᠡᠮᠡᠭᠳᠡᠭᠦᠯᠦᠨ᠂ ᠰᠢᠨ᠎ᠡ ᠶᠢ ᠡᠭᠦᠳᠴᠦ ᠠᠳᠠᠯ ᠦᠢᠯᠡᠰ | ᠴᠣᠭᠴᠠᠯᠠᠬᠤ ᠶᠢ ᠬᠦᠮᠦᠵᠢᠬᠦᠯᠬᠦ ᠰᠠᠭᠤᠷᠢᠨ ᠭᠠᠵᠠᠷ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ | ᠨᠡᠮᠡᠭᠳᠡᠭᠦᠯᠬᠦ ᠶᠢ ᠠᠬᠢᠭᠤᠯᠵᠤ᠂ 20 ᠲᠥᠷᠥᠯ ᠵᠦᠢᠯ ᠤᠨ ᠳᠠᠯᠳᠠ ᠬᠦᠴᠦᠨ ᠢᠶᠠᠷ ᠶᠡᠭᠡ᠂ ᠵᠢᠱᠢᠶ᠎ᠡ ᠦᠵᠡᠭᠦᠯᠬᠦ | ᠦᠷ᠎ᠡ ᠪᠦᠲᠦᠮᠵᠢ ᠪᠠᠷ ᠰᠠᠶᠢᠨ ᠠᠩᠬ᠎ᠠ ᠡᠭᠦᠳᠦᠯᠲᠡ ᠶᠢᠨ ᠬᠡᠯᠪᠡᠷᠢ ᠶᠢᠨ ᠠᠵᠤ ᠠᠬᠤᠶᠢᠯᠠᠯ ᠢ ᠣᠷᠣᠭᠤᠯᠤᠨ | ᠠᠪᠴᠢᠷᠠᠨ᠎ᠠ᠃ ᠪᠦᠬᠦ ᠵᠢᠯ ᠳᠤ ᠬᠤᠲᠠ ᠪᠠᠯᠭᠠᠰᠤᠨ ᠤ 1500 ᠬᠥᠮᠦᠨ ᠳᠤ ᠰᠢᠨ᠎ᠡ ᠪᠠᠷ ᠠᠵᠢᠯ ᠣᠯᠭᠤᠵᠤ᠂ | ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 3.9% ᠶᠢᠨ ᠳᠣᠲᠣᠷ᠎ᠠ | ᠬᠢᠵᠠᠭᠠᠷᠯᠠᠵᠤ᠂ ᠠᠵᠢᠯ ᠦᠭᠡᠢ ᠬᠦᠮᠦᠨ ᠲᠠᠢ ᠭᠡᠷ ᠪᠦᠯᠢ ᠶᠢ ᠬᠥᠳᠡᠯᠦᠩᠭᠦᠢ ᠪᠠᠷ ᠲᠡᠭ ᠪᠣᠯᠭᠠᠬᠤ ᠶᠢ ᠪᠠᠲᠤᠯᠠᠨ᠎ᠠ᠃ | ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠬᠦᠴᠦᠨ ᠤ ᠬᠠᠮᠵᠢᠯᠴᠠᠭ᠎ᠠ ᠶᠢᠨ ᠡᠷᠴᠢᠮ ᠢ ᠴᠢᠩᠭᠠᠷᠠᠭᠤᠯᠵᠤ᠂ ᠭᠡᠷ | ᠠᠬᠤᠶ ᠶᠢᠨ ᠦᠢᠯᠡᠴᠢᠯᠡᠭᠡ᠂ ᠭᠠᠷ ᠨᠡᠬᠡᠮᠡᠯ ᠤᠨ ᠪᠣᠯᠪᠠᠰᠤᠷᠠᠯ ᠤᠨ ᠨᠡᠷᠡᠲᠦ ᠲᠥᠷᠥᠯ ᠲᠡᠮᠳᠡᠭᠲᠦ ᠶᠢ ᠭᠤᠤᠯᠳᠠᠯᠭ᠎ᠠ ᠲᠠᠢ | ᠪᠤᠢ ᠪᠣᠯᠭᠠᠵᠤ᠂ ︽ᠬᠦᠯᠦᠰᠦᠨ ᠠᠵᠢᠯᠴᠢᠨ ᠤ ᠰᠢᠭᠤᠳ ᠨᠡᠪᠲᠡᠷᠡᠬᠦ ᠲᠡᠷᠭᠡ︾ ᠵᠡᠷᠭᠡ ᠠᠴᠢᠶᠠᠯᠠᠪᠤᠷᠢ ᠶᠢ ᠰᠠᠶᠢᠲᠤᠷ | ᠬᠡᠷᠡᠭᠯᠡᠵᠦ᠂ ᠮᠠᠯᠵᠢᠬᠤ ᠲᠠᠷᠢᠶᠠᠯᠠᠬᠤ ᠣᠷᠣᠨ ᠤ ᠰᠢᠯᠵᠢᠭᠦᠯᠦᠨ ᠠᠵᠢᠯ ᠣᠯᠭᠤᠬᠤ ᠶᠢᠨ ᠵᠣᠬᠢᠶᠠᠨ ᠪᠠᠶᠢᠭᠤᠯᠤᠯᠴᠠᠬᠤ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠴᠢᠳᠠᠪᠤᠷᠢᠲᠠᠨ ᠢ ᠬᠥᠮᠦᠵᠢᠭᠦᠯᠬᠦ ︽ᠮᠢᠩᠭᠠᠨ ᠬᠥᠮᠦᠨ ᠤ ᠲᠥᠯᠥᠪᠯᠡᠭᠡ︾ ᠶᠢ | ᠭᠦᠨᠵᠡᠭᠡᠢ ᠬᠡᠷᠡᠭᠵᠢᠭᠦᠯᠵᠦ᠂《 ᠰᠠᠭᠠᠳ ᠥᠬᠡᠶ ᠨᠡᠪᠲᠡᠷᠡᠬᠦ ᠵᠠᠮ 》 ᠢ ᠨᠡᠭᠡᠭᠡᠵᠦ᠂ ᠳᠡᠭᠡᠳᠦ ᠲᠠᠰ ᠳᠠᠪᠬᠤᠷᠭ᠎ᠠ ᠶᠢᠨ | ᠪᠠ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ 60 ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ | ᠦᠨᠳᠦᠰᠦᠨ ᠱᠠᠲᠤᠨ ᠳᠤ 100 ᠴᠢᠳᠠᠪᠤᠷᠢᠲᠠᠨ ᠢ ᠤᠷᠢᠨ ᠬᠡᠷᠡᠭᠯᠡᠨ᠎ᠡ᠃ | ᠰᠤᠷᠭᠠᠨ ᠬᠥᠮᠦᠵᠢᠯ ᠤᠨ ᠶᠠᠰᠤ ᠴᠢᠨᠠᠷ ᠤᠨ ᠳᠡᠭᠡᠭᠰᠢᠯᠡᠯᠲᠡ ᠶᠢ ᠨᠠᠷᠢᠯᠢᠭ ᠠᠳᠬᠤᠨ᠎ᠠ᠃ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠲᠦᠭᠡᠮᠡᠯ ᠠᠰᠢᠭ ᠬᠦᠷᠲᠡᠭᠡᠬᠦ ᠬᠥᠭᠵᠢᠯᠲᠡ᠂ ᠠᠯᠪᠠᠨ | ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠢ ᠪᠥᠭᠡᠳ ᠴᠢᠨᠠᠷ ᠰᠠᠶᠢᠲᠠᠢ ᠬᠥᠭᠵᠢᠭᠦᠯᠬᠦ᠂ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠢ ᠤᠯᠠᠨ ᠶᠠᠩᠵᠤᠴᠢᠯᠠᠨ ᠬᠥᠭᠵᠢᠭᠦᠯᠬᠦ ᠶᠢ ᠲᠦᠯᠬᠢᠨ ᠠᠬᠢᠭᠤᠯᠵᠤ | ᠂ ᠣᠨᠴᠠᠭᠠᠢ ᠰᠤᠷᠭᠠᠨ ᠬᠥᠮᠦᠵᠢᠯ ᠢ ᠴᠢᠬᠤᠯᠠᠴᠢᠯᠠᠨ ᠬᠠᠯᠠᠮᠵᠢᠯᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢᠨ ᠠᠭᠤᠰᠤᠯᠳᠤᠯ᠂ ᠰᠤᠷᠭᠠᠭᠤᠯᠢ ᠪᠠ ᠠᠵᠤ ᠠᠬᠤᠶᠢᠯᠠᠯ ᠤᠨ | ᠬᠠᠮᠲᠤᠷᠠᠯᠴᠠᠭ᠎ᠠ ᠶᠢ ᠠᠬᠢᠭᠤᠯᠤᠨ᠎ᠠ᠃ ᠰᠤᠷᠭᠠᠨ ᠬᠥᠮᠦᠵᠢᠯ ᠤᠨ ᠪᠠᠶᠢᠷᠢᠰᠢᠯ ᠢ ᠰᠢᠯᠢᠳᠡᠭᠵᠢᠭᠦᠯᠵᠦ᠂ ᠭᠤᠷᠪᠠᠳᠤᠭᠠᠷ | ᠪᠠᠭ᠎ᠠ ᠰᠤᠷᠭᠠᠭᠤᠯᠢ ᠶᠢ ᠡᠭᠦᠳᠦᠨ ᠪᠠᠶᠢᠭᠤᠯᠵᠤ᠂ ᠳᠥᠷᠪᠡᠳᠦᠭᠡᠷ ᠬᠡᠤᠬᠡᠳ ᠤᠨ ᠴᠡᠴᠡᠷᠯᠢᠭ ᠢ ᠡᠬᠢᠯᠡᠨ ᠬᠡᠷᠡᠭᠯᠡᠨ᠎ᠡ᠃ | ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠵᠤ᠂ ᠨᠢᠭᠡᠳᠦᠭᠡᠷ ᠪᠠᠭ᠎ᠠ ᠰᠤᠷᠭᠠᠭᠤᠯᠢ᠂ ᠰᠣᠯᠣᠨ ᠪᠠᠭ᠎ᠠ | ᠰᠤᠷᠭᠠᠭᠤᠯᠢ ᠶᠢ ᠥᠷᠭᠡᠳᠬᠡᠨ ᠪᠠᠶᠢᠭᠤᠯᠤᠨ᠎ᠠ᠃ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠪᠠ | ᠤᠯᠠᠭᠠᠨᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠬᠠᠮᠲᠤᠷᠠᠨ ᠰᠤᠷᠭᠠᠭᠤᠯᠢ ᠡᠷᠬᠢᠯᠡᠬᠦ ᠶᠢ ᠪᠡᠶᠡᠯᠡᠭᠦᠯᠦᠨ᠎ᠡ᠃ | ︽ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ︾ ᠰᠤᠷᠭᠠᠭᠤᠯᠢ ᠡᠷᠬᠢᠯᠡᠬᠦ ᠵᠠᠭᠪᠤᠷ ᠢ ᠬᠠᠶᠢᠨ ᠰᠦᠪᠡᠭᠴᠢᠯᠡᠵᠦ | ᠂ ᠠᠷᠠᠳ ᠠᠴᠠ ᠡᠷᠬᠢᠯᠡᠭᠰᠡᠨ ᠪᠠ ᠠᠯᠪᠠᠨ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠰᠠᠶᠢᠨ ᠥᠷᠢᠰᠥᠯᠳᠦᠭᠡᠨ ᠲᠠᠢ | ᠂ ᠬᠠᠮᠲᠤ ᠪᠠᠷ ᠬᠥᠭᠵᠢᠭᠰᠡᠨ ᠪᠠᠶᠢᠳᠠᠯ ᠢ ᠪᠣᠶ ᠪᠣᠯᠭᠠᠬᠤ ᠬᠡᠷᠡᠭᠲᠡᠶ᠃ ᠬᠤᠰᠢᠭᠤᠨ ᠤ ᠪᠠᠭᠰᠢ ᠶᠢᠨ ᠬᠥᠭᠵᠢᠯᠲᠡ ᠶᠢᠨ | ᠲᠥᠪ ᠤᠨ ᠦᠢᠯᠡᠳᠦᠯ ᠢ ᠪᠠᠳᠠᠷᠠᠭᠤᠯᠵᠤ᠂ ᠬᠠᠶᠢᠳᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠵᠥᠪᠯᠡᠯ᠂ | ᠪᠡᠭᠡᠵᠢᠩ ᠤᠨ ᠣᠶ ᠰᠢᠭᠤᠶ ᠶᠢᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ | ᠰᠤᠷᠭᠠᠭᠤᠯᠢ ᠵᠡᠷᠭᠡ ᠰᠤᠷᠭᠠᠨ ᠬᠥᠮᠦᠵᠢᠯ ᠤᠨ ᠡᠬᠢ ᠪᠠᠶᠠᠯᠢᠭ ᠲᠤ ᠲᠦᠰᠢᠭᠯᠡᠨ᠂ ᠡᠯ᠎ᠡ ᠲᠥᠷᠥᠯ ᠤᠨ ᠰᠤᠳᠤᠯᠤᠨ | ᠪᠣᠯᠪᠠᠰᠤᠷᠠᠭᠤᠯᠬᠤ ᠬᠦᠳᠡᠯᠭᠡᠭᠡᠨ ᠢ ᠥᠷᠨᠢᠭᠦᠯᠵᠦ᠂ ᠬᠤᠶᠠᠷ ᠡᠩᠨᠡᠭᠡ ᠶᠢᠨ ᠬᠡᠪ ᠴᠢᠨᠠᠷ ᠢ ᠳᠡᠭᠡᠭᠰᠢᠯᠡᠭᠦᠯᠦᠨ᠎ᠡ᠃ | ᠳᠡᠭᠡᠳᠦ ᠲᠠᠰ ᠳᠠᠪᠬᠤᠷᠭ᠎ᠠ ᠶᠢᠨ ᠰᠤᠷᠭᠠᠨ ᠬᠥᠮᠦᠵᠢᠯ ᠤᠨ ᠴᠢᠳᠠᠪᠤᠷᠢᠲᠠᠨ ᠢ ᠦᠷᠭᠦᠯᠵᠢᠯᠡᠨ ᠣᠷᠣᠭᠤᠯᠤᠨ | ᠠᠪᠴᠢᠷᠠᠵᠤ᠂ ᠬᠤᠲᠠ ᠬᠥᠳᠡᠭᠡ ᠶᠢᠨ ᠪᠠᠭᠰᠢ ᠶᠢᠨ ᠠᠵᠢᠯ ᠤᠨ ᠪᠠᠶᠢᠷᠢ ᠶᠢ ᠡᠭᠡᠯᠵᠢᠯᠡᠨ ᠰᠣᠯᠢᠯᠴᠠᠬᠤ ᠲᠣᠭᠲᠠᠴᠠ ᠶᠢ | ᠪᠦᠷᠢᠨᠰᠢᠭᠦᠯᠦᠨ᠎ᠡ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠤᠷᠢᠳᠴᠢᠯᠠᠨ ᠰᠡᠷᠭᠡᠶᠢᠯᠡᠬᠦ ᠪᠠᠷ | ᠭᠤᠤᠯ ᠪᠣᠯᠭᠠᠵᠤ᠂ ᠰᠡᠷᠭᠡᠶᠢᠯᠡᠬᠦ ᠪᠠ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ︽ᠡᠷᠡᠭᠦᠯ ᠡᠩᠬᠡ ᠶᠢᠨ | ᠡᠮᠦᠨᠡᠲᠦ ᠬᠤᠰᠢᠭᠤ︾ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠬᠤᠰᠢᠭᠤᠨ ᠤ ᠡᠮᠨᠡᠯᠭᠡ | ᠶᠢᠨ ᠬᠤᠷᠢᠶᠠᠨ ᠤ ᠡᠪᠡᠳᠴᠢᠲᠡᠨ ᠤ ᠥᠷᠥᠭᠡᠨ ᠤ ᠠᠰᠠᠷ ᠵᠢᠴᠢ ᠬᠠᠯᠳᠠᠪᠤᠷᠢᠯᠠᠬᠤ ᠰᠠᠯᠠᠭᠠᠨ ᠤ ᠥᠭᠡᠷᠡᠴᠢᠯᠡᠯᠲᠡ ᠶᠢ | ᠡᠬᠢᠯᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠣᠬᠢᠷ ᠤᠰᠤ ᠶᠢ ᠰᠢᠢᠳᠪᠦᠷᠢᠯᠡᠬᠦ | ᠰᠢᠰᠲ᠋ᠧᠮ ᠢ ᠪᠦᠷᠢᠨᠰᠢᠭᠦᠯᠵᠦ᠂ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ᠂ ᠵᠢᠷᠦᠬᠡᠨ ᠭᠤᠣᠯ ᠡᠷᠡᠭᠦᠯ | ᠬᠠᠮᠠᠭᠠᠯᠠᠯ ᠤᠨ ᠬᠤᠷᠢᠶᠠᠨ ᠤ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠢ ᠠᠰᠢᠭᠯᠠᠯᠲᠠ ᠳᠤ | ᠣᠷᠣᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ | ᠪᠣᠯᠪᠠᠰᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃ ᠡᠮᠴᠢᠯᠡᠭᠡᠨ ᠤ ᠲᠤᠰᠬᠠᠶ | ᠮᠡᠷᠭᠡᠵᠢᠯ ᠤᠨ ᠳᠡᠭᠡᠳᠦ ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠨᠠᠷᠠᠲᠤ ᠰᠠᠯᠠᠭ᠎ᠠ ᠲᠠᠰᠤᠭ ᠤᠨ | ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠦᠨ᠂ ᠲᠤᠭ᠎ᠠ ᠬᠡᠮᠵᠢᠶ᠎ᠡ ᠶᠢ ᠳᠠᠬᠢᠨ ᠢᠶᠠᠷ ᠨᠡᠮᠡᠭᠳᠡᠭᠦᠯᠦᠨ᠎ᠡ᠃ ᠮᠣᠩᠭᠤᠯ | ᠬᠢᠲᠠᠳ ᠡᠮᠨᠡᠯᠭᠡ ᠶᠢᠨ ᠲᠣᠬᠢᠷᠠᠮᠵᠢᠲᠠᠶ ᠮᠡᠷᠭᠡᠵᠢᠯ ᠢ ᠳᠡᠯᠭᠡᠷᠡᠭᠦᠯᠵᠦ᠂ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ᠂ | ᠣᠨᠴᠠᠭᠠᠶ ᠬᠡᠷ ᠪᠦᠯᠢ ᠶᠢᠨ ᠬᠠᠷᠢᠯᠴᠠᠬᠤ ᠬᠥᠮᠦᠨ᠂ ᠬᠡᠷ ᠪᠦᠯᠢ ᠶᠢᠨ ᠡᠮᠴᠢ ᠶᠢᠨ ︽ᠭᠤᠷᠪᠠ ᠶᠢ ᠪᠦᠷᠢᠨ | ᠪᠥᠷᠬᠦᠭᠦᠯᠬᠦ︾ ᠭᠡᠷ᠎ᠡ ᠲᠣᠭᠲᠠᠬᠤ ᠶᠢ ᠪᠡᠶᠡᠯᠡᠭᠦᠯᠦᠨ᠎ᠡ᠃ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ | ᠲᠡᠰᠦᠯᠦᠨ ᠪᠤᠳᠤᠬᠤ ᠬᠡᠪᠴᠢᠶ᠎ᠡ ᠶᠢ ᠥᠷᠭᠡᠳᠬᠡᠵᠦ᠂ ᠣᠷᠳᠣ ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ | ᠳᠠᠭᠠᠳᠬᠠᠯ ᠤᠨ ᠲᠦᠷᠢᠮ ᠪᠠ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠳᠤ ᠬᠠᠷᠢᠯᠴᠠᠨ ᠲᠤᠰᠠᠯᠠᠯᠴᠠᠬᠤ | ᠪᠠᠲᠤᠯᠠᠭ᠎ᠠ ᠶᠢᠨ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠱᠠᠲᠤ ᠬᠤᠪᠢᠶᠠᠨ ᠣᠨᠣᠰᠢᠯᠠᠨ ᠡᠮᠨᠡᠬᠦ ᠰᠢᠰᠲ᠋ᠧᠮᠵᠢ ᠶᠢ | ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠣᠨᠣᠰᠢᠯᠠᠨ ᠡᠮᠨᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ︽ | ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | ᠣᠯᠠᠨ ᠨᠡᠶᠢᠲᠡ ᠶᠢᠨ ᠰᠣᠶᠣᠯ ᠤᠨ ᠬᠠᠩᠭᠠᠯᠭ᠎ᠠ ᠶᠢ ᠨᠠᠷᠢᠯᠢᠭ ᠠᠳᠬᠤᠨ᠎ᠠ᠃ ᠪᠦᠬᠦ ᠵᠢᠯ ᠳᠤ 3 ᠰᠢᠯᠢᠳᠡᠭ ᠵᠦᠴᠦᠭᠡ | ᠵᠣᠬᠢᠶᠠᠨ ᠨᠠᠶᠢᠷᠠᠭᠤᠯᠵᠤ᠂ 12 ᠲᠠᠯᠠᠪᠠᠢ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ 21 ᠲᠠᠯᠠᠪᠠᠢ ᠲᠣᠮᠣ | ᠬᠡᠯᠪᠡᠷᠢ ᠶᠢᠨ ᠰᠣᠶᠣᠯ ᠤᠨ ᠠᠵᠢᠯᠯᠠᠭ᠎ᠠ ᠶᠢ ᠡᠷᠬᠢᠯᠡᠵᠦ᠂ ᠰᠣᠶᠣᠯ ᠤᠨ ᠵᠥᠭᠡᠯᠡᠨ ᠪᠣᠳᠠᠲᠤ ᠬᠦᠴᠦᠨ ᠢ ᠰᠢᠨ᠎ᠡ | ᠥᠷᠢᠰᠦᠯᠳᠦᠬᠦ ᠬᠦᠴᠦᠨ ᠪᠣᠯᠭᠠᠪᠠ᠃ ᠦᠨᠳᠦᠰᠦᠲᠡᠨ ᠤ ᠰᠢᠯᠢᠳᠡᠭ ᠰᠣᠶᠣᠯ ᠢ ᠠᠭᠤᠳᠠᠯᠤᠨ᠂ ᠲᠡᠦᠬᠡ ᠰᠣᠶᠣᠯ ᠤᠨ | ᠳᠤᠷᠠᠰᠤᠮᠵᠢ ᠶᠢ ᠦᠷᠭᠦᠯᠵᠢᠯᠡᠭᠦᠯᠵᠦ᠂ ︽ᠵᠠᠰᠠᠭᠲᠦ ᠶᠢᠨ ᠨᠡᠷᠡᠲᠦ ᠬᠥᠮᠦᠰ ᠤᠨ ᠲᠡᠮᠳᠡᠭᠯᠡᠯ︾ ᠢ ᠨᠠᠶᠢᠷᠠᠭᠤᠯᠵᠤ᠂ | ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠯᠲᠠ᠂ ᠰᠢᠨ᠎ᠡ ᠶᠢ ᠡᠭᠦᠳᠬᠦ ᠴᠢᠨᠠᠷᠲᠠᠢ | ᠬᠥᠭᠵᠢᠯᠲᠡ ᠶᠢ ᠠᠬᠢᠭᠤᠯᠤᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠡᠷᠴᠢᠮ ᠢᠶᠠᠨ | ᠴᠢᠩᠭᠠᠷᠠᠭᠤᠯᠵᠤ᠂ ᠬᠠᠮᠠᠭᠠᠯᠠᠵᠤ ᠬᠠᠮᠢᠶᠠᠷᠬᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠲᠦᠷᠭᠡᠨ ᠲᠡᠰᠢᠯᠲᠡ ᠶᠢᠨ | ᠣᠷᠳᠣᠨ ᠪᠠ ᠪᠠᠷᠢᠮᠵᠢᠶᠠᠵᠢᠭᠰᠠᠨ ᠬᠥᠯ ᠪᠥᠮᠪᠦᠭᠡ ᠶᠢᠨ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ | ᠠᠮᠢ ᠠᠬᠤᠢ ᠶᠢᠨ ᠪᠡᠶ᠎ᠡ ᠶᠢᠨ ᠲᠠᠮᠢᠷ ᠤᠨ ᠴᠡᠴᠡᠷᠯᠢᠭ ᠢ ᠪᠠᠶᠢᠭᠤᠯᠤᠨ᠎ᠠ᠃ ᠳᠤᠮᠳᠠᠳᠤ ᠮᠣᠩᠭᠤᠯ ᠣᠷᠣᠰ ᠤᠨ ᠣᠯᠠᠨ | ᠤᠯᠤᠰ ᠤᠨ ᠰᠠᠭᠰᠤᠨ ᠪᠥᠮᠪᠦᠭᠡ ᠶᠢᠨ ᠤᠷᠤᠯᠳᠤᠭᠠᠨ ᠢ ᠦᠷᠭᠦᠯᠵᠢᠯᠡᠨ ᠰᠠᠶᠢᠲᠤᠷ ᠡᠷᠬᠢᠯᠡᠵᠦ᠂ ᠥᠪᠥᠷ | ᠮᠣᠩᠭᠤᠯ ᠤᠨ ᠲᠠᠯ᠎ᠠ ᠨᠤᠲᠤᠭ ᠤᠨ ᠮᠠᠷᠠᠰᠤᠨ ᠤᠷᠤᠯᠳᠤᠭᠠᠨ ᠢ ᠳᠠᠭᠠᠭᠠᠨ ᠡᠷᠬᠢᠯᠡᠵᠦ᠂ ᠠᠷᠠᠳ ᠤᠨ ᠳᠠᠭᠤᠤ ᠶᠢᠨ | ᠤᠷᠤᠯᠳᠤᠭᠠᠨ᠂ ᠰᠤᠷ ᠬᠠᠷᠪᠤᠯᠲᠠ ᠶᠢᠨ ᠤᠷᠢᠯᠭ᠎ᠠ ᠶᠢᠨ ᠤᠷᠤᠯᠳᠤᠭᠠᠨ ᠢ ᠡᠷᠬᠢᠯᠡᠵᠦ᠂ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠬᠦᠳᠡᠯᠭᠡᠭᠡᠨ ᠢ ︽ᠨᠢᠭᠡ ᠭᠠᠵᠠᠷ ᠲᠤ ᠨᠢᠭᠡ ᠨᠡᠷᠡᠲᠦ ᠲᠡᠮᠳᠡᠭ ᠲᠠᠢ᠂ ᠨᠢᠭᠡ ᠭᠠᠵᠠᠷ ᠲᠤ ᠨᠢᠭᠡ | ᠣᠨᠴᠠᠯᠢᠭ ᠲᠠᠢ︾ ᠪᠠᠶᠢᠯᠭᠠᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠᠷ ᠪᠦᠬᠦ ᠠᠷᠠᠳ ᠤᠨ ᠡᠷᠡᠭᠦᠯ | ᠴᠢᠭᠢᠷᠠᠭ ᠢ ᠠᠬᠢᠭᠤᠯᠤᠨ᠎ᠠ᠃ | ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠴᠢᠩᠭ᠎ᠠ ᠠᠳᠬᠤᠨ᠎ᠠ᠃ ︽ᠨᠠᠢᠮᠠᠳᠤᠭᠠᠷ ᠲᠠᠪᠤᠨ ᠵᠢᠯ︾ | ᠤᠨ ᠬᠠᠤᠯᠢ ᠲᠦᠭᠡᠮᠡᠯᠵᠢᠭᠦᠯᠬᠦ ᠠᠵᠢᠯ ᠢ ᠥᠨᠳᠥᠷ ᠪᠠᠷᠢᠮᠵᠢᠶ᠎ᠠ ᠪᠠᠷ ᠡᠬᠢᠯᠡᠭᠦᠯᠵᠦ᠂《 ᠢᠷᠭᠡᠨ ᠤ ᠬᠠᠤᠯᠢ ᠶᠢᠨ | ᠪᠢᠴᠢᠭ 》 ᠢ ᠭᠦᠨᠵᠡᠭᠡᠢ ᠬᠡᠷᠡᠭᠵᠢᠭᠦᠯᠬᠦ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠣᠯᠠᠨ ᠨᠡᠶᠢᠲᠡ ᠶᠢ | ᠢᠲᠡᠭᠡᠭᠦᠯᠬᠦ ᠬᠦᠴᠦᠨ ᠢ ᠳᠡᠭᠡᠭᠰᠢᠯᠡᠭᠦᠯᠵᠦ᠂ ᠳᠠᠯᠳᠠ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠡᠶᠡᠯᠡᠭᠦᠯᠦᠨ᠂ | ᠵᠠᠰᠠᠭ ᠣᠨ ᠣᠷᠳᠣᠨ ᠤ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠲᠥᠷᠥᠯ ᠵᠦᠢᠯ ᠭᠠᠷᠭᠠᠵᠤ᠂ ᠰᠢᠨ᠎ᠡ ᠠᠵᠢᠯ | ᠡᠬᠢᠯᠡᠭᠦᠯᠬᠦ ᠶᠢ ᠡᠷᠡᠰ ᠬᠤᠷᠢᠭᠯᠠᠨ᠎ᠠ᠃ ᠬᠤᠲᠠ ᠶᠢᠨ ᠬᠡᠪᠴᠢᠶᠡᠨ ᠤ ᠨᠡᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ | ᠠᠬᠢᠭᠤᠯᠵᠤ᠂ ︽ᠣᠶᠤᠨᠴᠢ ᠳᠣᠲᠣᠭᠠᠳᠤ ᠶᠢ ᠬᠠᠮᠠᠭᠠᠯᠠᠬᠤ︾᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ | ᠲᠥᠪ᠂ ᠳᠣᠲᠣᠭᠠᠳᠤ ᠶᠢ ᠬᠠᠮᠠᠭᠠᠯᠠᠬᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠲᠥᠪ ᠤᠨ | ᠪᠠᠢᠭᠤᠯᠤᠯᠲᠠ ᠶᠢ ᠲᠦᠷᠭᠡᠳᠬᠡᠨ᠎ᠡ᠃ ᠠᠵᠢᠯ ᠲᠥᠷᠥᠯ ᠤᠨ ᠲᠤᠰᠬᠠᠶ ᠴᠡᠭᠴᠡᠯᠡᠨ ᠵᠠᠰᠠᠯᠲᠠ ᠲᠠᠢ ᠤᠶᠠᠯᠳᠤᠭᠤᠯᠤᠨ᠂ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠱᠠᠯᠢᠭ ᠵᠠᠪᠬᠠᠶ ᠵᠣᠭᠤᠰ ᠮᠥᠷᠦ᠋ᠢᠴᠡᠬᠦ ᠬᠤᠤᠷ᠎ᠠ ᠲᠠᠲᠠᠬᠤ᠂ | ᠴᠥᠷᠬᠡᠯᠡᠭᠡ ᠵᠢᠭᠡᠯᠡᠯᠭᠡ᠂ ᠬᠠᠤᠯᠢ ᠪᠤᠰᠤ ᠪᠠᠷ ᠪᠠᠯᠠ ᠴᠤᠭᠯᠠᠭᠤᠯᠬᠤ᠂ ᠰᠢᠨ᠎ᠡ ᠬᠡᠯᠪᠡᠷᠢ ᠶᠢᠨ ᠴᠠᠬᠢᠯᠭᠠᠨ ᠬᠤᠯᠪᠣᠭ᠎ᠠ | ᠰᠦᠯᠵᠢᠶᠡᠨ ᠤ ᠮᠡᠬᠡᠯᠡᠯ᠂ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠬᠦᠴᠦᠲᠡᠶ ᠴᠣᠬᠢᠯᠲᠠ ᠥᠭᠴᠦ᠂ ︽ᠠᠮᠤᠷ ᠠᠮᠤᠭᠤᠯᠠᠩ ᠡᠮᠦᠨᠡᠲᠦ ᠬᠤᠰᠢᠭᠤ︾ ᠶᠢᠨ | ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠦᠨ᠎ᠡ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ | ᠠᠮᠠ ᠶᠢᠨ ᠨᠡᠶᠢᠳᠡᠮ ᠪᠠᠶᠢᠴᠠᠭᠠᠯᠲᠠ ᠶᠢ ᠪᠡᠶᠡᠯᠡᠭᠦᠯᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠪᠠ | ᠭᠤᠣᠯᠳᠠᠯᠭ᠎ᠠ ᠲᠠᠢ ᠬᠡᠷᠡᠭ ᠢ ᠲᠥᠪᠯᠡᠷᠡᠭᠦᠯᠦᠨ ᠰᠢᠢᠳᠪᠦᠷᠢᠯᠡᠨ᠎ᠡ᠃ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠠᠶᠤᠯ ᠦᠭᠡᠶ ᠦᠢᠯᠡᠳᠪᠦᠷᠢᠯᠡᠯ ᠤᠨ ᠲᠤᠰᠬᠠᠶ | ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠶᠤᠯ ᠦᠭᠡᠶ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠦᠨᠳᠦ ᠣᠨᠴᠠ ᠶᠡᠭᠡ | ᠠᠶᠤᠯ ᠦᠭᠡᠶ ᠶᠢᠨ ᠠᠳᠡᠯ ᠭᠠᠷᠬᠤ ᠶᠢ ᠡᠷᠡᠰ ᠬᠤᠷᠢᠭᠯᠠᠨ᠎ᠠ᠃ | ︵ᠳᠣᠯᠤᠭ᠎ᠠ︶ ᠬᠥᠳᠡᠯᠭᠡᠬᠦ ᠡᠨᠧᠷᠭᠢ ᠶᠢ ᠨᠡᠮᠡᠭᠳᠡᠭᠦᠯᠵᠦ᠂ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠪᠠᠷᠢᠮᠲᠠᠯᠠᠵᠤ | ᠂ ᠨᠠᠩ ᠥᠨᠳᠥᠷ ᠲᠦᠪᠰᠢᠨ ᠪᠥᠬᠦᠶ ᠥᠭᠡᠷᠡᠴᠢᠯᠡᠯᠲᠡ ᠨᠡᠭᠡᠭᠡᠯᠲᠡ ᠶᠢ ᠠᠬᠢᠭᠤᠯᠤᠨ᠎ᠠ᠃ ᠥᠭᠡᠷᠡᠴᠢᠯᠡᠯᠲᠡ | ᠨᠡᠭᠡᠭᠡᠯᠲᠡ ᠪᠠᠷ ᠬᠥᠳᠡᠯᠭᠡᠬᠦ ᠬᠦᠴᠦᠨ ᠤ ᠦᠨᠳᠦᠰᠦ᠂ ᠠᠮᠢᠵᠢᠷᠠᠯ ᠤᠨ ᠬᠦᠴᠦᠨ ᠤ ᠡᠬᠢ᠂ ᠳᠠᠯᠳᠠ ᠬᠦᠴᠦᠨ ᠤ | ᠴᠢᠬᠤᠯᠠ ᠵᠤᠶᠢᠯ ᠪᠣᠯᠭᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠭᠦᠨᠵᠡᠭᠡᠶ ᠲᠤᠭᠤᠰᠢᠯᠠᠭᠤᠯᠤᠨ᠂ | ᠥᠭᠡᠷᠡᠴᠢᠯᠡᠯᠲᠡ ᠶᠢ ᠳᠠᠬᠢᠨ ᠪᠣᠭᠤᠮᠲᠠ ᠰᠢᠪᠲᠤᠯᠬᠤ᠂ ᠨᠡᠭᠡᠭᠡᠯᠲᠡ ᠶᠢ ᠳᠠᠬᠢᠨ ᠳᠡᠭᠡᠭᠰᠢᠯᠡᠭᠦᠯᠬᠦ᠂ ᠣᠷᠴᠢᠨ | ᠲᠣᠭᠤᠷᠢᠨ ᠢ ᠳᠠᠬᠢᠨ ᠰᠢᠯᠢᠳᠡᠭᠵᠢᠭᠦᠯᠬᠦ ᠶᠢ ᠠᠬᠢᠭᠤᠯᠤᠨ᠎ᠠ᠃ | ᠣᠯᠠᠨ ᠬᠦᠷᠢᠶᠡᠨ ᠳᠠᠬᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ᠎ᠡ᠃ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠠᠩᠬᠠᠷᠤᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠣᠷᠳᠣᠨ ᠤ | ᠡᠭᠦᠷᠭᠡ ᠴᠢᠳᠠᠪᠬᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠲᠣᠰ ᠡᠭᠡᠯᠵᠢ ᠶᠢᠨ ᠠᠵᠢᠯ ᠦᠢᠯᠡᠰ ᠤᠨ ᠨᠢᠭᠡᠴᠡ ᠶᠢᠨ | ᠥᠭᠡᠷᠡᠴᠢᠯᠡᠯᠲᠡ ᠶᠢ ᠪᠡᠶᠡᠯᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ︽ᠭᠤᠷᠪᠠᠨ ᠡᠮᠨᠡᠯᠭᠡ ᠶᠢᠨ ᠬᠤᠯᠪᠣᠭᠠᠯᠠᠨ ᠬᠥᠳᠡᠯᠦᠯᠴᠡᠬᠦ︾ ᠶᠢ ᠴᠢᠩᠭᠠᠳᠬᠠᠨ᠎ᠠ᠃ ᠬᠥᠳᠡᠭᠡ | ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ | ᠪᠠᠬᠢᠵᠢᠭᠦᠯᠵᠦ᠂ ᠬᠥᠳᠡᠭᠡ ᠲᠣᠰᠬᠤᠨ ᠤ ᠬᠥᠭᠵᠢᠯᠲᠡ ᠳᠤᠮᠳᠠᠬᠢ ᠬᠠᠮᠲᠤ ᠶᠢᠨ ᠠᠵᠤ ᠠᠬᠤᠶ ᠶᠢᠨ ᠴᠢᠬᠤᠯᠠ | ᠦᠢᠯᠡᠳᠦᠯ ᠢ ᠬᠦᠢᠴᠡᠳ ᠪᠠᠳᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ︽ᠭᠤᠷᠪᠠ ᠶᠢ ᠬᠤᠪᠢᠷᠠᠭᠤᠯᠬᠤ︾ ᠶᠢ | ᠤᠯᠠᠮ ᠨᠢᠭᠡ ᠠᠯᠬᠤᠮ ᠠᠮᠢᠳᠤᠯᠢᠭ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ︽ᠭᠤᠷᠪᠠᠨ ᠪᠠᠯᠠ︾ ᠶᠢ | ᠠᠮᠢᠳᠤᠯᠢᠭ ᠪᠣᠯᠭᠠᠨ᠂ ᠮᠠᠯᠴᠢᠨ ᠲᠠᠷᠢᠶᠠᠴᠢᠨ ᠤ ︽ᠭᠤᠷᠪᠠᠨ ᠡᠷᠬᠡ︾ ᠶᠢ ᠬᠥᠭᠵᠢᠭᠡᠨ᠎ᠡ᠃ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠬᠥᠲᠥᠯᠥᠨ ᠵᠢᠯᠣᠭᠤᠳᠴᠤ᠂ ︽ | ᠬᠤᠶᠠᠷ ᠠᠮᠦ ᠬᠤᠶᠠᠷ ᠦᠬᠡᠷ ᠨᠢᠭᠡ ᠵᠤᠭᠠᠴᠠᠯ︾ ᠵᠡᠷᠭᠡ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ ᠨᠢᠭᠡ | ᠪᠦᠯᠦᠭ ᠰᠢᠨ᠎ᠡ ᠶᠢ ᠡᠭᠦᠳᠦᠭᠰᠡᠨ ᠦᠢᠯᠡᠳᠬᠦᠨ ᠢ ᠨᠡᠭᠡᠭᠡᠨ ᠬᠥᠭᠵᠢᠭᠦᠯᠵᠦ᠂ ᠨᠢᠭᠡ ᠪᠦᠯᠦᠭ ᠵᠠᠩᠭᠢᠯᠠᠭ᠎ᠠ ᠶᠢᠨ | ᠮᠡᠷᠭᠡᠵᠢᠯ ᠢ ᠰᠢᠪᠲᠤᠯᠵᠤ᠂ ᠨᠢᠭᠡ ᠪᠦᠯᠦᠭ ᠦᠢᠯᠡᠳᠪᠦᠷᠢᠯᠡᠯ ᠤᠨ ᠤᠷ᠎ᠠ ᠮᠡᠷᠭᠡᠰᠢᠯ ᠢ ᠰᠢᠨᠡᠴᠢᠯᠡᠵᠦ᠂ ᠨᠠᠩ ᠣᠯᠠᠨ | ᠰᠢᠪᠲᠤᠯᠤᠯᠲᠠ ᠶᠢᠨ ᠴᠢᠨᠠᠷᠲᠠᠶ᠂ ᠠᠩᠬᠠᠨ ᠤ ᠡᠭᠦᠳᠦᠯᠲᠡ ᠶᠢᠨ ᠴᠢᠨᠠᠷᠲᠠᠶ᠂ ᠬᠥᠲᠥᠯᠥᠨ ᠳᠠᠭᠠᠭᠤᠯᠬᠤ ᠴᠢᠨᠠᠷᠲᠠᠶ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠴᠢᠷᠮᠠᠶᠢᠨ ᠣᠯᠵᠤ᠂ ᠬᠥᠭᠵᠢᠯᠲᠡ ᠶᠢᠨ ᠠᠰᠢᠭᠲᠠᠢ | ᠪᠠᠶᠢᠷᠢ ᠶᠢ ᠵᠠᠪᠳᠤᠨ ᠡᠵᠡᠯᠡᠨ᠎ᠡ᠃ | ᠪᠦᠬᠦ ᠲᠠᠯ᠎ᠠ ᠪᠠᠷ ᠭᠠᠳᠠᠭᠰᠢ ᠨᠡᠭᠡᠭᠡᠯᠲᠡ ᠬᠢᠬᠦ ᠶᠢ ᠠᠬᠢᠭᠤᠯᠤᠨ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠴᠢᠬᠤᠯᠠ ᠶᠡᠭᠡ ᠬᠥᠭᠵᠢᠯᠲᠡ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠳᠤᠮᠳᠠᠳᠤ | ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠨ᠎ᠠ᠃ | ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ | ᠬᠤᠶᠢᠭ ᠵᠡᠷᠭᠡ ᠠᠵᠤ ᠠᠬᠤᠢ ᠬᠥᠭᠵᠢᠭᠰᠡᠨ ᠭᠠᠵᠠᠷ ᠣᠷᠣᠨ ᠯᠤᠭ᠎ᠠ ᠶᠢᠨ ᠨᠡᠭᠡᠭᠡᠯᠲᠡ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠳᠡᠭᠡᠲᠦ ᠲᠡᠰ ᠤᠨ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠤᠨ᠎ᠠ᠃ ᠵᠡᠭᠦᠨ | ᠬᠤᠶᠢᠲᠤ ᠶᠢᠨ ᠠᠵᠤ ᠠᠬᠤᠢ ᠶᠢᠨ ᠬᠦᠷᠢᠶᠡᠨ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠬᠢᠩᠭᠠᠨ ᠠᠶᠢᠮᠠᠭ | ᠬᠦᠯᠦᠨ ᠪᠤᠶᠢᠷ᠂ ᠬᠢᠩᠭᠠᠨ ᠠᠶᠢᠮᠠᠭ ᠴᠢᠴᠢᠬᠠᠷ ᠴᠠᠭᠠᠨ ᠬᠤᠲᠠ ᠵᠡᠷᠭᠡ ᠣᠷᠣᠨ ᠪᠦᠰᠡ ᠶᠢᠨ ᠬᠠᠮᠵᠢᠯᠴᠠᠭ᠎ᠠ ᠳᠤ | ᠣᠷᠣᠯᠴᠠᠵᠤ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠪᠠ ᠬᠢᠷᠢ | ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠲᠠᠪᠴᠠᠩ ᠤᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠲᠠᠷᠢᠶᠠᠯᠠᠩ ᠮᠠᠯ ᠠᠵᠤ ᠠᠬᠤᠶ ᠶᠢᠨ ᠬᠦᠷᠢᠶᠡᠯᠡᠩ | ᠲᠣᠭᠤᠷᠢᠭ ᠤᠨ ᠬᠥᠭᠵᠢᠯᠲᠡ ᠶᠢ ᠴᠢᠨᠠᠷ ᠰᠠᠶᠢᠲᠠᠶ ᠠᠬᠢᠭᠤᠯᠵᠤ᠂ ᠨᠠᠩ ᠣᠯᠠᠨ ᠳᠠᠪᠠᠭᠤᠯᠢᠭ ᠠᠵᠤ ᠠᠬᠤᠶᠢᠯᠠᠯ ᠢ | ᠲᠠᠲᠠᠵᠤ ᠣᠷᠣᠭᠤᠯᠤᠨ᠎ᠠ᠃ ᠳᠡᠭᠡᠳᠦ ᠳᠡᠰ ᠳᠠᠪᠬᠤᠷᠭ᠎ᠠ ᠶᠢᠨ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ | ᠬᠤᠳᠠᠯᠳᠤᠭᠠᠴᠢᠨ ᠤᠷᠢᠬᠤ᠂ ᠢᠵᠢ ᠪᠦᠷᠢᠳᠦᠭᠦᠯᠬᠦ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ ᠶᠢ | ᠪᠠᠷᠢᠮᠲᠠᠯᠠᠵᠤ᠂ ᠠᠵᠤ ᠦᠢᠯᠡᠰ ᠤᠨ ᠬᠤᠳᠠᠯᠳᠤᠭᠠᠴᠢᠨ ᠤᠷᠢᠬᠤ ᠭᠠᠵᠠᠷ ᠤᠨ ᠵᠢᠷᠤᠭ ᠢ ᠨᠠᠷᠢᠨ ᠨᠢᠮᠪᠠᠶ ᠵᠢᠷᠤᠵᠤ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠣᠳᠠᠲᠤ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠵᠦ᠂ ︽ | ᠵᠠᠮ ᠢᠶᠠᠷ ᠥᠩᠭᠡᠷᠡᠬᠦ ᠠᠵᠤ ᠠᠬᠤᠶ︾ ᠶᠢ ︽ᠰᠠᠭᠤᠷᠢᠰᠢᠮᠠᠯ ᠠᠵᠤ ᠠᠬᠤᠶ︾ ᠲᠡᠰᠢ ᠬᠤᠪᠢᠷᠠᠭᠤᠯᠬᠤ ᠶᠢ ᠠᠬᠢᠭᠤᠯᠵᠤ | ᠂ ᠪᠣᠳᠠᠲᠠᠶᠢᠵᠢᠭᠤᠯᠬᠤ ᠪᠡᠯᠡ ᠮᠥᠩᠭᠦ ᠶᠢ 60 ᠳ᠋ᠦᠩᠰᠢᠭᠤᠷ ᠲᠥᠭᠦᠷᠢᠭ ᠠᠴᠠ ᠳᠠᠪᠠᠭᠤᠯᠬᠤ᠂ 10% ᠪᠠᠷ | ᠨᠡᠮᠡᠭᠳᠡᠭᠦᠯᠬᠦ ᠶᠢ ᠦᠨᠡᠨᠬᠦ ᠪᠠᠲᠤᠯᠠᠨ᠎ᠠ᠃ | ᠥᠨᠳᠥᠷ ᠲᠦᠪᠰᠢᠨ ᠪᠥᠬᠦᠶ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠨ᠎ᠠ᠃ ᠥᠪᠡᠷᠲᠡᠭᠡᠨ | ᠵᠠᠰᠠᠬᠤ ᠣᠷᠣᠨ ᠤ ᠲᠤᠰᠬᠠᠢ ᠲᠣᠭᠤᠷᠢᠨ ᠪᠠᠶᠢᠴᠠᠭᠠᠯᠲᠠ ᠪᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠦᠨᠡᠯᠡᠵᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠰᠠᠶᠢᠲᠤᠷ | ᠠᠳᠬᠤᠵᠤ᠂ ︽ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠶᠠᠰᠤ ᠴᠢᠨᠠᠷ ᠢ ᠳᠡᠭᠡᠭᠰᠢᠯᠡᠭᠦᠯᠬᠦ | ᠣᠨ︾ ᠤ ᠬᠦᠳᠡᠯᠭᠡᠭᠡᠨ ᠢ ᠡᠬᠢᠯᠡᠭᠦᠯᠪᠡ᠃ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ | ᠬᠢᠨᠠᠯᠲᠠ ᠬᠠᠮᠢᠶᠠᠷᠤᠯᠲᠠ ᠶᠢ ᠭᠦᠨᠵᠡᠭᠡᠢ ᠠᠬᠢᠭᠤᠯᠵᠤ᠂ ᠵᠠᠰᠠᠭ ᠤᠨ ᠣᠷᠳᠣᠨ ᠤ ᠡᠷᠬᠡ ᠬᠠᠷᠢᠭᠤᠴᠠᠯᠭ᠎ᠠ ᠶᠢᠨ | ᠲᠣᠳᠣᠷᠬᠠᠢ ᠬᠠᠭᠤᠳᠠᠰᠤ ᠪᠠ ᠪᠡᠯᠡ ᠣᠷᠣᠭᠤᠯᠤᠯᠲᠠ ᠶᠢᠨ ᠣᠷᠣᠬᠤ ᠶᠢ ᠵᠥᠪᠰᠢᠶᠡᠷᠡᠬᠦ ᠨᠠᠵᠠᠭᠠᠢ ᠲᠠᠯ᠎ᠠ ᠶᠢᠨ | ᠲᠣᠳᠣᠷᠬᠠᠢ ᠬᠠᠭᠤᠳᠠᠰᠤ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠢᠩᠬᠢᠮ ᠤᠨ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡᠨ ᠤ ᠴᠢᠳᠠᠮᠵᠢ ᠶᠢ ᠪᠠᠳᠠᠷᠠᠭᠤᠯᠵᠤ᠂ | ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠲᠠᠪᠴᠠᠩ ᠤᠨ ᠪᠥᠲᠥᠭᠡᠨ ᠪᠠᠶᠢᠭᠤᠯᠤᠯᠲᠠ ᠶᠢ | ᠲᠡᠭᠦᠯᠳᠡᠷᠵᠢᠭᠦᠯᠦᠨ᠂ ᠰᠦᠯᠵᠢᠶᠡᠨ ᠳᠡᠭᠡᠷ᠎ᠡ ᠪᠥᠬᠦ ᠴᠤᠪᠤᠷᠠᠯ ᠢᠶᠠᠷ ᠬᠢᠨᠠᠨ ᠵᠥᠪᠰᠢᠶᠡᠷᠡᠬᠦ ᠶᠢ ᠠᠬᠢᠭᠤᠯᠵᠤ᠂ | ᠰᠦᠯᠵᠢᠶᠡᠨ ᠳᠡᠭᠡᠷ᠎ᠡ ᠬᠦᠢᠴᠡᠳᠭᠡᠵᠦ ᠪᠣᠯᠬᠤ ᠨᠣᠷᠮ᠎ᠠ ᠶᠢ 95% ᠪᠣᠯᠲᠠᠯ᠎ᠠ ᠳᠡᠭᠡᠭᠰᠢᠯᠡᠭᠦᠯᠦᠨ᠎ᠡ᠃ ᠲᠥᠷᠥᠯ | ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ | ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠲᠣᠭᠲᠠᠭᠠᠬᠤ︾ ᠬᠠᠪᠰᠤᠷᠤᠨ ᠲᠡᠳᠬᠦᠬᠦ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠦᠨ᠂ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ᠂ ᠲᠤᠰᠬᠠᠶ ᠠᠩᠭᠢ ᠪᠠᠷ | ᠠᠬᠢᠭᠤᠯᠬᠤ᠂ ᠳᠠᠭᠠᠭᠤᠯᠤᠨ ᠬᠦᠢᠴᠡᠳᠭᠡᠵᠦ ᠣᠷᠣᠯᠠᠨ ᠬᠦᠢᠴᠡᠳᠭᠡᠬᠦ᠂ ᠬᠤᠭᠤᠴᠠᠭ᠎ᠠ ᠬᠢᠵᠠᠭᠠᠷᠯᠠᠨ ᠬᠦᠢᠴᠡᠳᠭᠡᠵᠦ | ᠳᠠᠭᠤᠰᠬᠠᠬᠤ ᠵᠡᠷᠭᠡ ᠦᠢᠯᠡᠴᠢᠯᠡᠭᠡ ᠶᠢ ᠪᠠᠶᠢᠩᠭᠤ ᠬᠠᠩᠭᠠᠨ᠎ᠠ᠃ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ | ᠬᠦᠯᠢᠶᠡᠬᠦ᠂ ᠭᠠᠵᠠᠷ ᠰᠢᠷᠣᠶ ᠲᠠᠲᠠᠪᠤᠷᠢᠯᠠᠨ ᠨᠤᠷᠠᠭᠠᠵᠤ ᠨᠡᠭᠦᠯᠭᠡᠬᠦ᠂ ᠬᠦᠴᠦᠨ ᠵᠤᠶᠢᠯ ᠤᠨ ᠪᠠᠲᠤᠯᠠᠭ᠎ᠠ ᠵᠡᠷᠭᠡ | ᠲᠠᠯ᠎ᠠ ᠶᠢᠨ ᠲᠣᠪᠤᠶᠢᠮ᠎ᠠ ᠠᠰᠠᠭᠤᠳᠠᠯ ᠢ ᠶᠡᠬᠡᠪᠡᠷ ᠴᠡᠭᠴᠡᠯᠡᠨ ᠵᠠᠰᠠᠵᠤ᠂ ᠠᠵᠤ ᠠᠬᠤᠶᠢᠯᠠᠯ ᠳᠤ ᠬᠤᠯᠪᠣᠭᠳᠠᠬᠤ ᠡᠯ᠎ᠡ | ᠵᠤᠶᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠵᠤ᠂ ᠲᠥᠷᠥ ᠶᠢᠨ ᠪᠣᠳᠣᠯᠭ᠎ᠠ ᠪᠠᠷ | ᠬᠠᠮᠤᠭ ᠤᠨ ᠰᠢᠯᠢᠳᠡᠭ᠂ ᠥᠪᠡᠷ ᠤᠨ ᠥᠷᠲᠡᠭ ᠢᠶᠠᠷ ᠬᠠᠮᠤᠭ ᠤᠨ ᠳᠣᠤᠷ᠎ᠠ᠂ ᠦᠢᠯᠡᠴᠢᠯᠡᠭᠡ ᠪᠠᠷ ᠬᠠᠮᠤᠭ ᠤᠨ | ᠰᠠᠶᠢᠨ᠂ ᠠᠵᠢᠯ ᠶᠠᠪᠤᠳᠠᠯ ᠬᠦᠢᠴᠡᠳᠭᠡᠬᠦ ᠪᠠᠷ ᠬᠠᠮᠤᠭ ᠤᠨ ᠲᠦᠷᠭᠡᠨ ︽ᠳᠥᠷᠪᠡᠨ ᠬᠠᠮᠤᠭ ᠤᠨ ᠰᠠᠶᠢᠨ︾ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠨ᠎ᠠ᠃ | ︵ᠨᠠᠢᠮᠠ︶ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠂ ᠵᠣᠷᠢᠭᠲᠠᠶ ᠡᠭᠦᠷᠭᠡᠯᠡᠬᠦ ᠶᠢ ᠪᠠᠷᠢᠮᠲᠠᠯᠠᠵᠤ᠂ ᠨᠠᠩ | ᠥᠨᠳᠥᠷ ᠦᠷ᠎ᠡ ᠪᠦᠲᠦᠮᠵᠢᠲᠡᠶ ᠦᠢᠯᠡᠴᠢᠯᠡᠭᠡᠨ ᠤ ᠵᠠᠰᠠᠭ ᠤᠨ ᠣᠷᠳᠣᠨ ᠢ ᠪᠠᠶᠢᠭᠤᠯᠤᠨ᠎ᠠ᠃ ᠰᠢᠨ᠎ᠡ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠵᠦ᠂ ᠰᠢᠨ᠎ᠡ ᠠᠶᠠᠨ ᠢᠶᠠᠨ ᠡᠬᠢᠯᠡᠭᠦᠯᠬᠦ ᠳᠤ᠂ ᠪᠢᠳᠡ ᠡᠷᠬᠡᠪᠰᠢ ᠠᠷᠠᠳ ᠲᠦᠮᠡᠨ ᠢ | ᠳᠡᠭᠡᠳᠦᠯᠡᠬᠦ᠂ ᠠᠷᠠᠳ ᠲᠦᠮᠡᠨ ᠳᠤ ᠦᠢᠯᠡᠴᠢᠯᠡᠬᠦ᠂ ᠠᠷᠠᠳ ᠲᠦᠮᠡᠨ ᠳᠤ ᠬᠠᠷᠢᠭᠤᠴᠠᠬᠤ᠂ ᠠᠷᠠᠳ ᠲᠦᠮᠡᠨ ᠤ | ᠬᠢᠨᠠᠯᠲᠠ ᠶᠢ ᠬᠦᠯᠢᠶᠡᠬᠦ ᠶᠢ ᠢᠮᠠᠭᠲᠠ ᠪᠠᠷᠢᠮᠲᠠᠯᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ | ᠣᠷᠳᠣᠨ ᠢ ᠴᠢᠷᠮᠠᠶᠢᠨ ᠪᠠᠶᠢᠭᠤᠯᠬᠤ ᠬᠡᠷᠡᠭᠲᠡᠶ᠃ | ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠨ᠎ᠡ᠃ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠵᠤ᠂ ᠨᠠᠮ ᠤᠨ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠲᠦᠷᠢᠮ ᠢ | ᠴᠢᠩᠭ᠎ᠠ ᠰᠠᠬᠢᠨ᠎ᠠ᠃ ᠰᠢᠨ᠎ᠡ ᠰᠡᠳᠬᠢᠬᠦᠶ ᠪᠠᠷ ᠰᠢᠨ᠎ᠡ ᠬᠥᠭᠵᠢᠯᠲᠡ ᠶᠢ ᠲᠥᠯᠥᠪᠵᠢᠭᠦᠯᠵᠦ᠂ ︽ᠳᠥᠷᠪᠡᠨ ᠤᠬᠠᠮᠰᠠᠷ︾ | ᠢᠶᠠᠨ ᠦᠨᠡᠨ ᠬᠦ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ | ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ | ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ | ᠬᠡᠷᠡᠭᠲᠡᠶ᠃ ᠤᠬᠠᠮᠰᠠᠷ ᠠᠴᠠ ᠪᠠᠨ ᠤᠯᠤᠰ ᠲᠥᠷᠥ ᠶᠢᠨ ᠪᠣᠯᠪᠠᠰᠤᠷᠠᠯ ᠢᠶᠠᠨ ᠴᠢᠩᠭᠠᠳᠬᠠᠵᠤ᠂ ᠤᠯᠤᠰ ᠲᠥᠷᠥ ᠶᠢᠨ | ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠬᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ | ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠤᠯᠤᠰ ᠲᠥᠷᠥ ᠶᠢᠨ ᠬᠠᠷᠠᠴᠠ ᠪᠠᠷ ᠠᠵᠤ ᠠᠬᠤᠶ ᠨᠡᠶᠢᠭᠡᠮ | ᠤᠨ ᠠᠰᠠᠭᠤᠳᠠᠯ ᠢ ᠠᠵᠢᠭᠯᠠᠬᠤ ᠪᠠ ᠵᠠᠳᠠᠯᠬᠤ ᠳᠠᠭᠠᠨ ᠴᠢᠳᠠᠮᠠᠭᠠᠶ ᠪᠠᠶᠢᠵᠤ᠂ ᠨᠠᠮ ᠤᠨ ᠤᠳᠤᠷᠢᠳᠤᠯᠭ᠎ᠠ ᠶᠢ ᠵᠠᠰᠠᠭ | ᠤᠨ ᠣᠷᠳᠣᠨ ᠤ ᠠᠵᠢᠯ ᠤᠨ ᠡᠯ᠎ᠡ ᠲᠠᠯ᠎ᠠ ᠳᠤ ᠲᠤᠭᠤᠰᠢᠯᠠᠭᠤᠯᠬᠤ ᠬᠡᠷᠡᠭᠲᠡᠶ᠃ 《 ᠤᠯᠤᠰ ᠤᠨ ᠶᠡᠭᠡ ᠲᠠᠯ᠎ᠠ ᠶᠢ | ᠪᠣᠳᠣᠯᠬᠢᠯᠠᠵᠤ 》᠂ ᠳᠡᠭᠡᠲᠦ ᠱᠠᠲᠤ ᠪᠠ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠡᠷᠡᠰ ᠨᠠᠢᠳᠠᠪᠤᠷᠢᠵᠢᠭᠤᠯᠬᠤ᠂ ᠤᠷᠢᠳᠠᠴᠢ ᠴᠢᠨᠠᠷᠲᠠᠢ ᠪᠣᠳᠣᠯᠬᠢᠯᠠᠯ᠂ ᠪᠦᠬᠦ ᠲᠠᠯ᠎ᠠ ᠶᠢᠨ | ᠴᠢᠨᠠᠷᠲᠠᠢ ᠲᠥᠯᠥᠪᠵᠢᠭᠦᠯᠬᠡ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠠᠶᠢᠷᠢᠯᠠᠭᠤᠯᠤᠯᠲᠠ ᠶᠢ ᠴᠢᠩᠭᠠᠳᠬᠠᠨ᠎ᠠ᠃ | ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ | ᠰᠠᠶᠢᠲᠤᠷ ᠥᠷᠨᠢᠭᠦᠯᠵᠦ᠂ ᠰᠠᠶᠢᠨ ᠰᠤᠷᠲᠠᠯ ᠢᠶᠠᠷ ᠴᠤᠭ ᠰᠦᠯᠳᠡ ᠪᠠᠨ ᠪᠠᠳᠠᠷᠠᠭᠤᠯᠵᠤ᠂ ᠲᠡᠮᠡᠴᠡᠯ ᠤᠨ ᠵᠣᠷᠢᠭ ᠢᠶᠠᠨ | ᠬᠥᠭᠵᠢᠭᠡᠵᠦ᠂ ᠲᠦᠷᠢ ᠲᠥᠷᠬᠦ ᠶᠢ ᠪᠤᠢ ᠪᠣᠯᠭᠠᠵᠤ᠂ ᠠᠷᠠᠳ ᠤᠨ ᠰᠡᠳᠬᠢᠯ ᠢ ᠤᠯᠬᠤ ᠬᠡᠷᠡᠭᠲᠡᠢ᠃ | ᠬᠠᠤᠯᠢ ᠶᠣᠰᠣᠭᠠᠷ ᠵᠠᠰᠠᠭ ᠶᠠᠪᠤᠭᠤᠯᠵᠦ ᠲᠦᠷᠢᠮ ᠲᠤᠭᠳᠠᠭᠠᠯ ᠢ ᠪᠠᠷᠮᠳᠠᠯᠠᠨᠠ᠃ ᠰᠢ ᠶᠢᠨ ᠫᠢᠩ ᠤᠨ ᠬᠠᠤᠯᠢ ᠪᠠᠷ | ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠡᠭᠦᠷᠭᠡ ᠶᠢ ᠡᠷᠡᠰ ᠨᠠᠶᠢᠳᠠᠪᠤᠷᠢᠵᠢᠭᠤᠯᠤᠨ᠂ ᠬᠠᠤᠯᠢ ᠪᠠᠷ ᠵᠠᠰᠠᠬᠤ ᠦᠵᠡᠯᠲᠡ ᠪᠠᠨ ᠦᠨᠡᠨ ᠬᠦ | ᠴᠢᠩᠭᠠᠳᠬᠠᠵᠤ᠂ ᠬᠠᠤᠯᠢ ᠶᠣᠰᠣᠭᠠᠷ ᠬᠦᠨᠳᠦ ᠶᠡᠭᠡ ᠥᠷᠢᠰᠥᠯᠳᠦᠭᠡᠨ ᠢ ᠠᠷᠭᠠᠴᠠᠬᠤ᠂ ᠬᠦᠨᠳᠦ ᠶᠡᠭᠡ ᠠᠶᠤᠯ | ᠲᠦᠭᠰᠢᠭᠦᠷᠢ ᠶᠢ ᠡᠰᠡᠷᠭᠦᠴᠡᠨ ᠬᠤᠷᠢᠭᠯᠠᠬᠤ᠂ ᠬᠦᠨᠳᠦ ᠶᠡᠭᠡ ᠬᠠᠷᠰᠢ ᠰᠠᠭᠠᠳ ᠢ ᠢᠯᠠᠨ ᠳᠠᠪᠠᠭ᠋ᠤ᠂ ᠬᠦᠨᠳᠦ ᠶᠡᠭᠡ | ᠵᠥᠷᠢᠴᠡᠯ ᠢ ᠰᠢᠢᠳᠪᠦᠷᠢᠯᠡᠬᠦ ᠶᠢ ᠪᠠᠷᠢᠮᠲᠠᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠵᠠᠰᠠᠭ ᠤᠨ ᠣᠷᠳᠣᠨ ᠤ | ᠠᠵᠢᠯ ᠤᠨ ᠡᠯ᠎ᠡ ᠬᠦᠷᠢᠶ᠎ᠡ᠂ ᠡᠯ᠎ᠡ ᠲᠠᠯ᠎ᠠ᠂ ᠡᠯ᠎ᠡ ᠭᠤᠭᠴᠤᠭ᠎ᠠ ᠳᠤ ᠲᠤᠭᠤᠰᠢᠯᠠᠭᠤᠯᠬᠤ ᠶᠢ ᠦᠨᠡᠨ ᠬᠦ ᠪᠠᠲᠤᠯᠠᠨ᠎ᠠ᠃ | ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ᠵᠠᠰᠠᠭ | ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠬᠠᠤᠯᠢ | ᠴᠠᠭᠠᠵᠠ ᠶᠢᠨ ᠡᠷᠬᠡ ᠮᠡᠳᠡᠯ ᠪᠠ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠡᠭᠦᠷᠭᠡ ᠴᠢᠳᠠᠪᠤᠷᠢ ᠪᠠᠨ ᠭᠦᠢᠴᠡᠳᠭᠡᠵᠦ᠂ | ︽ᠭᠤᠷᠪᠠᠨ ᠴᠢᠬᠤᠯᠠ ᠨᠢᠭᠡ ᠶᠡᠭᠡ︾ ᠬᠠᠮᠲᠤ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠴᠢᠬᠤᠯᠠ ᠶᠡᠭᠡ | ᠤᠴᠢᠷ ᠶᠠᠪᠤᠳᠠᠯ ᠳᠤ ᠵᠢᠭᠠᠪᠤᠷᠢ ᠠᠪᠴᠤ ᠮᠡᠳᠡᠭᠦᠯᠬᠦ ᠲᠦᠷᠢᠮ ᠢ ᠨᠠᠶᠢᠳᠠᠪᠤᠷᠢᠵᠢᠭᠤᠯᠤᠨ᠎ᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠤᠨ ᠰᠠᠨᠠᠯ ᠳᠤᠷᠠᠳᠤᠯᠭ᠎ᠠ ᠪᠠ ᠠᠷᠠᠳ ᠣᠯᠠᠨ ᠤ ᠵᠠᠬᠢᠳᠠᠯ ᠰᠤᠷᠪᠤᠯᠵᠢᠯᠠᠭ᠎ᠠ ᠶᠢ ᠴᠢᠨᠠᠷ ᠰᠠᠶᠢᠲᠠᠶ ᠰᠠᠶᠢᠲᠤᠷ | ᠡᠷᠭᠢᠯᠡᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ | ᠠᠷᠠᠳᠴᠢᠯᠠᠭᠰᠠᠨ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠪᠠ ᠨᠡᠶᠢᠭᠡᠮ ᠤᠨ ᠡᠯ᠎ᠡ ᠲᠠᠯ᠎ᠠ ᠶᠢᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠡᠷᠬᠡ ᠶᠢ ᠢᠯᠡ ᠪᠠᠷ ᠬᠡᠷᠡᠭᠵᠢᠭᠦᠯᠦᠨ᠎ᠡ᠃ | ᠦᠨᠡᠨᠬᠦ ᠠᠳᠬᠤᠨ ᠪᠣᠳᠠᠲᠠᠶ ᠠᠵᠢᠯᠯᠠᠵᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠦᠨᠡᠨ ᠦᠭᠡ ᠬᠡᠯᠡᠬᠦ᠂ | ᠪᠣᠳᠠᠲᠠᠢ ᠠᠵᠢᠯ ᠬᠢᠬᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠶᠢ ᠪᠡᠶᠡᠯᠡᠭᠦᠯᠵᠦ᠂ ᠨᠢᠭᠤᠷ ᠳᠡᠭᠡᠷ᠎ᠡ ᠨᠢ ᠨᠢᠭᠡ | ᠶᠠᠩᠵᠤ᠂ ᠠᠷᠤ ᠬᠤᠶᠢᠨ᠎ᠠ ᠨᠢ ᠨᠢᠭᠡ ᠶᠠᠩᠵᠤ ᠪᠠᠶᠢᠵᠤ ᠪᠣᠯᠬᠤ ᠦᠭᠡᠢ᠂ ᠦᠨᠡᠨ ᠪᠣᠳᠠᠲᠠᠢ᠂ ᠪᠣᠳᠠᠲᠠᠢ ᠬᠢᠬᠦ ᠶᠢ | ᠪᠠᠷᠢᠮᠲᠠᠯᠠᠵᠤ᠂ ᠢᠮᠠᠭᠲᠠ ᠬᠠᠷᠢᠭᠤᠴᠠᠯᠭ᠎ᠠ ᠪᠠᠨ ᠰᠡᠳᠬᠢᠯ ᠳᠡᠭᠡᠨ ᠪᠤᠳᠤᠵᠤ᠂ ᠪᠡᠶ᠎ᠡ ᠳᠡᠭᠡᠨ ᠬᠠᠷᠢᠭᠤᠴᠠᠯᠭ᠎ᠠ | ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ︽ᠠᠵᠢᠯᠰᠠᠭ ᠰᠢᠳᠤᠷᠭᠤ︾ ᠵᠣᠷᠢᠭ ᠰᠠᠨᠠᠭ᠎ᠠ ᠶᠢ | ᠪᠠᠳᠠᠷᠠᠭᠤᠯᠵᠤ᠂ ᠪᠦᠬᠦ ᠰᠡᠳᠬᠢᠯ ᠢᠶᠠᠨ ᠠᠵᠢᠯ ᠬᠢᠵᠦ ᠦᠢᠯᠡᠰ ᠪᠦᠲᠦᠭᠡᠬᠦ ᠳᠡᠭᠡᠷ᠎ᠡ ᠲᠠᠯᠪᠢᠵᠤ᠂ ᠪᠦᠬᠦ ᠣᠶᠤᠨ | ᠴᠢᠳᠠᠯ ᠢᠶᠠᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠬᠤ ᠳᠡᠭᠡᠷ᠎ᠡ ᠲᠠᠯᠪᠢᠵᠤ᠂ ᠰᠢᠢᠳᠪᠦᠷᠢᠯᠡᠬᠦ ᠶᠣᠰᠣᠲᠠᠢ | ᠠᠰᠠᠭᠤᠳᠠᠯ ᠢ ᠶᠠᠭᠠᠬᠢᠭᠰᠠᠨ ᠴᠦ ᠰᠢᠢᠳᠪᠦᠷᠢᠯᠡᠵᠦ᠂ ᠪᠡᠶᠡᠯᠡᠬᠦᠯᠬᠦ ᠵᠣᠬᠢᠬᠤ ᠬᠦᠴᠢᠷ ᠠᠰᠠᠭᠤᠳᠠᠯ ᠢ ᠶᠠᠭᠠᠬᠢᠭᠰᠠᠨ ᠴᠦ | ᠪᠡᠶᠡᠯᠡᠬᠦᠯᠬᠦ ᠬᠡᠷᠡᠭᠲᠡᠢ᠃ ᠣᠨ ᠤ ᠡᠭᠦᠷᠭᠡ ᠶᠢ ᠪᠣᠳᠠᠲᠠᠶᠢᠵᠢᠭᠤᠯᠬᠤ ᠶᠢ ᠠᠬᠢᠭᠤᠯᠤᠨ᠂ ᠭᠤᠤᠯᠳᠠᠯᠭ᠎ᠠ ᠲᠠᠢ ᠠᠵᠢᠯ᠂ | ᠴᠢᠬᠤᠯᠠ ᠶᠡᠭᠡ ᠲᠥᠷᠥᠯ ᠵᠤᠶᠢᠯ ᠢ ᠡᠬᠡ ᠲᠠᠩᠰᠠ ᠳᠤ ᠣᠷᠣᠭᠤᠯᠬᠤ᠂ ᠨᠠᠷᠢᠨ ᠲᠠᠩᠰᠠ ᠳᠤ ᠣᠷᠣᠭᠤᠯᠬᠤ᠂ ᠴᠠᠭ | ᠬᠤᠭᠤᠴᠠᠭ᠎ᠠ ᠲᠣᠭᠲᠠᠭᠠᠬᠤ ᠵᠡᠷᠭᠡ ᠶᠢ ᠬᠡᠷᠡᠭᠵᠢᠭᠦᠯᠵᠦ᠂ ︽ᠳᠣᠬᠢᠶᠠᠨ ᠳ᠋ᠧᠩ︾ ᠤᠨ ᠦᠵᠡᠯ ᠤᠬᠠᠮᠰᠠᠷ ᠢ | ᠴᠢᠩᠭᠠᠷᠠᠭᠤᠯᠤᠨ᠂ ︽ᠳᠠᠷᠦ᠋ᠢᠬᠠᠨ ᠭᠦᠢᠴᠡᠳᠭᠡᠬᠦ︾ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠲᠡᠭᠦᠰᠬᠡᠯ ᠪᠤᠳᠤᠬᠤ︾ | ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠪᠠᠳᠠᠨ ᠪᠠᠶᠢᠴᠠᠭᠠᠬᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠵᠢᠷᠤᠭ ᠲᠦᠰᠦᠯ ᠢᠶᠠᠷ ᠠᠵᠢᠯᠯᠠᠵᠦ᠂ ᠴᠢᠬᠤᠯᠠ ᠶᠡᠭᠡ ᠰᠢᠢᠳᠪᠦᠷᠢᠲᠦ ᠪᠤᠳᠤᠯᠭ᠎ᠠ᠂ ᠭᠤᠣᠯᠳᠠᠯᠭ᠎ᠠ ᠲᠠᠢ | ᠢᠨᠵᠧᠨᠧᠷᠢᠩ ᠢ ᠮᠥᠷᠳᠡᠨ ᠰᠢᠪᠠᠳᠠᠨ ᠰᠢᠢᠳᠪᠦᠷᠢᠯᠡᠭᠦᠯᠵᠦ᠂ ᠵᠠᠰᠠᠭ ᠤᠨ ᠣᠷᠳᠣᠨ ᠤ ᠠᠵᠢᠯ ᠢ ︽ᠬᠡᠯᠡᠪᠡᠯ ᠵᠠᠪᠠᠯ | ᠬᠢᠬᠦ᠂ ᠬᠢᠪᠡᠯ ᠵᠠᠪᠠᠯ ᠪᠦᠲᠦᠭᠡᠬᠦ᠂ ᠪᠦᠲᠦᠪᠡᠯ ᠵᠠᠪᠠᠯ ᠰᠢᠯᠢᠳᠡᠭᠵᠢᠭᠦᠯᠬᠦ︾ ᠪᠠᠷ ᠴᠢᠷᠮᠠᠶᠢᠨ᠎ᠠ᠃ | ᠠᠷᠢᠭᠤᠨ ᠴᠢᠬᠡᠴᠢ ᠳᠦᠷᠢ ᠲᠥᠷᠬᠦ ᠶᠢ ᠪᠣᠶ ᠪᠣᠯᠭᠠᠨ᠎ᠠ᠃ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ | ᠲᠠᠢ︾ ᠶᠢ ᠨᠠᠷᠢᠨ ᠬᠢᠨᠠᠮᠠᠭᠠᠢ ᠭᠦᠢᠴᠡᠳᠬᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ | ᠵᠠᠰᠠᠭ ᠤᠨ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠠᠳᠬᠤᠨ᠎ᠠ᠃ | ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠴᠢᠬᠤᠯᠠ ᠶᠡᠭᠡ ᠢᠨᠵᠧᠨᠧᠷᠢᠩ᠂ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ | ᠬᠢᠨᠠᠯᠲᠠ ᠲᠠᠯᠪᠢᠵᠤ ᠦᠷ᠎ᠡ ᠪᠦᠲᠦᠮᠵᠢ ᠶᠢ ᠠᠰᠠᠭᠤᠬᠤ ᠶᠢ ᠴᠢᠩᠭ᠎ᠠ ᠠᠩᠬᠠᠷᠴᠤ᠂ ᠠᠵᠢᠯᠴᠢ ᠬᠢᠴᠢᠶᠡᠩᠭᠦᠶ ᠠᠷᠢᠭᠤᠨ | ᠴᠢᠬᠡᠴᠢ ᠪᠠᠷ ᠵᠠᠰᠠᠭ ᠪᠠᠷᠢᠬᠤ ᠬᠤᠶᠠᠷ ᠲᠠᠯ᠎ᠠ ᠶᠢ ᠠᠳᠬᠤᠬᠤ᠂ ᠬᠤᠤᠰ ᠠᠬᠢᠭᠤᠯᠬᠤ ᠶᠢ ᠪᠡᠶᠡᠯᠡᠭᠦᠯᠵᠦ᠂ ᠬᠢᠨᠠᠨ | ᠪᠤᠳᠤᠬᠤ ᠶᠢ ᠪᠦᠷᠢᠨ ᠪᠥᠷᠬᠦᠭᠦᠯᠬᠦ ᠶᠢ ᠠᠬᠢᠭᠤᠯᠤᠨ᠎ᠠ᠃ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ | ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢ ᠵᠠᠯᠠᠷᠠᠭᠤᠯᠬᠤ ᠪᠠ | ︽ᠰᠢᠨ᠎ᠡ ᠰᠤᠷᠲᠠᠯ︾ ᠢ ᠪᠣᠶ ᠪᠣᠯᠭᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠎ᠠ᠃ ᠤᠳᠬ᠎ᠠ ᠵᠣᠬᠢᠶᠠᠯ ᠢ | ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠷᠭᠦᠯᠵᠢᠯᠡᠨ | ᠬᠥᠩᠭᠡᠷᠡᠭᠦᠯᠦᠨ᠎ᠡ᠃ ᠠᠷᠪᠢᠯᠠᠨ ᠭᠠᠮᠨᠠᠬᠤ ᠪᠠᠷ ᠪᠡᠶ᠎ᠡ ᠪᠠᠨ ᠵᠠᠰᠠᠬᠤ᠂ ᠠᠷᠪᠢᠯᠠᠨ ᠭᠠᠮᠨᠠᠬᠤ ᠪᠠᠷ ᠦᠢᠯᠡᠰ ᠢᠶᠠᠨ | ᠬᠥᠭᠵᠢᠭᠦᠯᠬᠦ ᠶᠢ ᠪᠠᠷᠢᠮᠲᠠᠯᠠᠵᠤ᠂ ᠢᠳᠡᠪᠬᠢᠲᠡᠢ ᠡᠷᠡᠭᠦᠯ ᠰᠠᠷᠠᠭᠤᠯ ᠠᠮᠢᠳᠤᠷᠠᠯ ᠤᠨ ᠳᠤᠷ᠎ᠠ ᠰᠣᠨᠢᠷᠬᠠᠯ ᠢ ᠪᠤᠢ | ᠪᠣᠯᠭᠠᠵᠤ᠂ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠬᠦ᠂ ᠠᠵᠢᠯᠴᠢ ᠠᠷᠪᠢᠴᠢ ᠪᠠᠷ ᠠᠯᠢᠪᠠ ᠶᠠᠪᠤᠳᠠᠯ ᠢ ᠬᠢᠬᠦ ᠶᠢ | ᠪᠠᠷᠢᠮᠲᠠᠯᠠᠬᠤ ᠬᠡᠷᠡᠭᠲᠡᠢ᠃ ᠲᠥᠰᠦᠪ ᠤᠨ ᠬᠢᠵᠠᠭᠠᠷᠯᠠᠯ ᠢ ᠴᠢᠩᠭᠠᠳᠬᠠᠨ᠂ ᠭᠠᠶᠢᠯᠢ ᠲᠠᠲᠠᠪᠤᠷᠢ ᠶᠢᠨ ᠲᠠᠲᠠᠪᠤᠷᠢᠯᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠰᠤᠮᠤ ᠰᠢᠶᠠᠩ ᠪᠠᠯᠭᠠᠰᠤᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ | ᠢᠯᠭᠠᠷᠠᠭᠤᠯᠤᠨ ᠪᠠᠶᠢᠴᠠᠭᠠᠬᠤ᠂ ᠠᠮᠢᠳᠤᠯᠢᠭ ᠪᠣᠯᠭᠠᠬᠤ᠂ ᠰᠢᠶᠳᠪᠦᠷᠢᠯᠡᠬᠦ ᠠᠵᠢᠯ ᠢ ᠰᠠᠶᠢᠲᠤᠷ ᠬᠢᠵᠦ᠂ ᠨᠠᠩ ᠣᠯᠠᠨ | ᠡᠳ᠋ ᠤᠨ ᠬᠦᠴᠦᠨ ᠢ ᠠᠷᠠᠳ ᠤᠨ ᠠᠮᠢᠳᠤᠷᠠᠯ ᠢ ᠪᠠᠲᠤᠯᠠᠬᠤ᠂ ᠳᠤᠲᠠᠭᠤᠳᠠᠯ ᠢ ᠨᠥᠬᠦᠪᠥᠷᠢᠯᠡᠬᠦ᠂ ᠬᠥᠭᠵᠢᠯᠲᠡ ᠶᠢ | ᠠᠬᠢᠭᠤᠯᠬᠤ ᠳᠡᠭᠡᠷ᠎ᠡ ᠬᠡᠷᠡᠭᠯᠡᠨ᠎ᠡ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢᠨ ᠰᠡᠷᠡᠮᠵᠢᠯᠡᠭᠦᠯᠬᠦ ᠬᠥᠮᠦᠵᠢᠯ ᠢ | ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠪᠣᠶ ᠪᠣᠯᠭᠠᠨ᠂ | ᠺᠠᠳ᠋ᠷᠴᠤᠳ ᠲᠥᠪ ᠴᠢᠬᠡᠴᠢ᠂ ᠵᠠᠰᠠᠭ ᠤᠨ ᠣᠷᠳᠣᠨ ᠠᠷᠢᠭᠤᠨ ᠴᠢᠬᠡᠴᠢ ᠪᠠᠶᠢᠬᠤ ᠰᠠᠶᠢᠨ ᠰᠠᠶᠢᠬᠠᠨ ᠳᠦᠷᠢ ᠲᠥᠷᠬᠦ | ᠶᠢ ᠪᠣᠶ ᠪᠣᠯᠭᠠᠨ᠎ᠠ᠃ | ᠲᠥᠯᠥᠭᠡᠯᠡᠭᠴᠢᠳ ᠡ︕ ᠵᠠᠭᠤᠨ ᠵᠢᠯ ᠤᠨ ᠠᠶᠠᠨ ᠵᠠᠮ ᠳᠤ ᠰᠢᠨ᠎ᠡ ᠬᠠᠭᠤᠳᠠᠰᠤ ᠶᠢ ᠪᠢᠴᠢᠭᠯᠡᠵᠦ᠂ ᠠᠤᠭ᠎ᠠ | ᠰᠠᠨᠠᠭ᠎ᠠ ᠡᠷᠡᠯᠬᠡᠭ ᠵᠣᠷᠢᠭ ᠢᠶᠠᠷ ᠠᠶᠠᠨ ᠵᠠᠮ ᠢᠶᠠᠨ ᠡᠬᠢᠯᠡᠭᠦᠯᠦᠶ᠎ᠡ᠃ ᠰᠢᠨ᠎ᠡ ᠪᠠᠶᠢᠷᠢᠰᠢᠯ ᠨᠢ ᠰᠢᠨ᠎ᠡ ᠠᠵᠠ ᠲᠣᠬᠢᠶᠠᠯ ᠢ | ᠪᠤᠢ ᠪᠣᠯᠭᠠᠵᠤ᠂ ᠰᠢᠨ᠎ᠡ ᠱᠠᠳᠤ ᠨᠢ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ ᠤᠷᠢᠶᠠᠯᠠᠵᠤ᠂ ᠰᠢᠨ᠎ᠡ ᠲᠡᠦᠬᠡ ᠶᠢᠨ | ᠡᠬᠢᠯᠡᠯᠲᠡ ᠶᠢᠨ ᠴᠡᠭ ᠲᠤ ᠵᠣᠭᠰᠣᠪᠠᠯ᠂ ᠰᠢᠨ᠎ᠡ ᠶᠢ ᠡᠭᠦᠳᠬᠦ ᠬᠥᠭᠵᠢᠯᠲᠡ ᠰᠠᠶ᠋ᠢ ᠬᠦᠰᠡᠯ ᠡᠷᠡᠮᠡᠯᠵᠡᠯ ᠲᠠᠢ ᠪᠤᠯᠵᠤ᠂ | ᠪᠣᠳᠠᠲᠠᠢ ᠠᠵᠢᠯᠯᠠᠪᠠᠯ ᠰᠠᠶ᠋ᠢ ᠬᠦᠰᠡᠯ ᠵᠡᠭᠦᠳᠦ ᠪᠠᠨ ᠲᠡᠷᠭᠡᠯᠰᠢᠭᠦᠯᠵᠦ ᠴᠢᠳᠠᠨ᠎ᠠ᠃ ᠪᠢᠳᠡ ᠰᠢ ᠶᠢᠨ ᠫᠢᠩ ᠨᠥᠬᠦᠷ | ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤᠨ ᠤ | ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠰᠢᠨ᠎ᠡ ᠴᠠᠭ ᠦᠶ᠎ᠡ ᠳᠤ ᠡᠷᠡᠯᠬᠡᠭᠯᠡᠨ | ᠤᠷᠤᠭᠰᠢᠯᠠᠬᠤ ᠬᠦᠴᠦᠨ ᠴᠢᠳᠠᠯ ᠢᠶᠠᠨ ᠬᠥᠭᠵᠢᠭᠡᠵᠦ᠂ ᠬᠦᠴᠢᠷ ᠪᠡᠷᠬᠡᠰᠢᠶᠡᠯ ᠠᠴᠠ ᠠᠶᠤᠬᠤ ᠥᠬᠡᠶ᠂ ᠨᠤᠭᠤᠷᠠᠰᠢ | ᠦᠬᠡᠢ ᠴᠢᠷᠮᠠᠶᠢᠵᠤ᠂ ᠤᠬᠠᠮᠰᠠᠷ ᠠᠴᠠ ᠪᠠᠨ ᠮᠡᠷᠡᠶᠢᠨ ᠤᠷᠤᠭᠰᠢᠯᠠᠵᠦ᠂ ᠳᠡᠭᠡᠳᠦ ᠳᠣᠤᠷᠠᠳᠤ ᠱᠠᠲᠤ ᠪᠠᠷ ᠢᠶᠠᠨ | ᠰᠡᠳᠬᠢᠯ ᠨᠢᠭᠡᠳᠦᠨ᠂ ᠬᠠᠷᠢᠭᠤᠴᠠᠯᠭ᠎ᠠ ᠡᠭᠦᠷᠭᠡᠯᠡᠵᠦ ᠤᠷᠤᠭᠰᠢᠯᠠᠨ ᠳᠡᠪᠰᠢᠵᠦ᠂ 《 ᠠᠷᠪᠠᠨ ᠳᠥᠷᠪᠡᠳᠦᠭᠡᠷ ᠲᠠᠪᠤᠨ | ᠵᠢᠯ 》 ᠤᠨ ᠲᠥᠯᠥᠪᠵᠢᠭᠦᠯᠭᠡ ᠶᠢ ᠭᠤᠶᠢᠳᠠ ᠰᠠᠶᠢᠬᠠᠨ ᠡᠬᠢᠯᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ | ᠪᠠᠶᠢᠭᠤᠯᠤᠭᠳᠠᠭᠰᠠᠨ 100 ᠵᠢᠯ ᠤᠨ ᠣᠶ ᠶᠢ ᠤᠭᠲᠤᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ | ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠴᠢᠨᠠᠷ ᠰᠠᠶᠢᠲᠠᠶ ᠲᠠᠪᠠᠯᠳᠠᠳᠤ ᠮᠠᠶ᠋ᠢᠭ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠡ︕ | 《 ᠵᠠᠰᠠᠭ ᠤᠨ ᠣᠷᠳᠣᠨ ᠤ ᠠᠵᠢᠯ ᠤᠨ ᠢᠯᠡᠳᠬᠡᠯ 》 ᠤᠨ ᠨᠡᠷᠡᠰ ᠦᠭᠡ ᠶᠢᠨ ᠲᠣᠪᠴᠢ ᠲᠠᠶᠢᠯᠪᠤᠷᠢ | 1 . ᠭᠤᠷᠪᠠᠨ ᠡᠷᠬᠡ ᠶᠢ ᠰᠠᠯᠭᠠᠬᠤ᠄ ᠳᠠᠷᠤᠢ ᠥᠮᠴᠢᠯᠡᠬᠦ ᠡᠷᠬᠡ᠂ ᠳᠠᠭᠠᠭᠠᠴᠢᠯᠠᠬᠤ ᠡᠷᠬᠡ᠂ ᠡᠵᠡᠩᠨᠡᠬᠦ ᠡᠷᠬᠡ | ᠭᠤᠷᠪᠠᠨ ᠡᠷᠬᠡ ᠶᠢ ᠰᠠᠯᠭᠠᠬᠤ᠃ | 2 . ᠪᠠᠭᠤᠯᠭᠠᠬᠤ ᠬᠠᠮᠢᠶᠠᠷᠬᠤ ᠦᠶᠯᠡᠴᠢᠯᠡᠬᠦ᠄ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ | ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠶᠯᠡᠴᠢᠯᠡᠭᠡ ᠶᠢ ᠰᠢᠯᠢᠳᠡᠭᠵᠢᠭᠦᠯᠬᠦ ᠶᠢᠨ ᠲᠣᠪᠴᠢ ᠨᠡᠷᠡᠶᠢᠳᠦᠯ᠃ | 《 ᠪᠠᠭᠤᠯᠭᠠᠬᠤ 》 ᠭᠡᠳᠡᠭ ᠨᠢ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠣᠷᠣᠬᠤ ᠶᠢ | ᠵᠥᠪᠰᠢᠶᠡᠷᠡᠬᠦ ᠪᠠᠷᠢᠮᠵᠢᠶ᠎ᠠ ᠶᠢ ᠳᠣᠷᠣᠭᠰᠢᠯᠠᠭᠤᠯᠤᠨ᠎ᠠ᠃ 《 ᠬᠠᠮᠢᠶᠠᠷᠬᠤ 》 ᠭᠡᠳᠡᠭ ᠨᠢ ᠳᠠᠷᠤᠢ ᠬᠢᠨᠠᠯᠲᠠ | ᠬᠠᠮᠢᠶᠠᠷᠤᠯᠲᠠ ᠶᠢᠨ ᠰᠢᠨ᠎ᠡ ᠶᠢ ᠡᠭᠦᠳᠴᠦ᠂ ᠭᠤᠣᠯᠴᠢ ᠥᠷᠢᠰᠥᠯᠳᠦᠭᠡᠨ ᠢ ᠠᠬᠢᠭᠤᠯᠬᠤ ᠶᠠᠪᠤᠳᠠᠯ ᠪᠣᠯᠤᠨ᠎ᠠ᠃ 《 | ᠦᠶᠯᠡᠴᠢᠯᠡᠬᠦ 》 ᠭᠡᠳᠡᠭ ᠨᠢ ᠳᠠᠷᠤᠶ ᠥᠨᠳᠥᠷ ᠪᠦᠲᠦᠮᠵᠢᠲᠡᠶ ᠦᠶᠯᠡᠴᠢᠯᠡᠵᠦ᠂ ᠳᠥᠭᠦᠮ ᠳᠥᠲᠡ ᠣᠷᠴᠢᠨ | ᠨᠥᠬᠦᠴᠡᠯ ᠢ ᠪᠣᠶ ᠪᠣᠯᠭᠠᠨ᠎ᠠ᠃ | 3 . ᠭᠤᠤᠯ ᠮᠥᠷᠡᠨ ᠨᠠᠭᠤᠷ ᠴᠥᠭᠦᠷᠥᠮ ᠢ ᠬᠤᠯᠪᠣᠨ ᠨᠡᠪᠲᠡᠷᠡᠭᠦᠯᠬᠦ ᠢᠨᠵᠧᠨᠧᠷᠢᠩ᠄ ᠭᠤᠤᠯ ᠤᠨ ᠵᠠᠮ ᠢ ᠬᠤᠯᠪᠣᠨ | ᠨᠡᠪᠲᠡᠷᠡᠭᠦᠯᠬᠦ᠂ ᠰᠢᠪᠠᠷ ᠰᠢᠷᠣᠶ ᠶᠢ ᠴᠡᠪᠡᠷᠯᠡᠬᠦ᠂ ᠠᠮᠢ ᠠᠬᠤᠶ ᠶᠢᠨ ᠡᠷᠭᠢ ᠶᠢᠨ ᠬᠠᠮᠠᠭᠠᠯᠠᠯᠲᠠ ᠶᠢᠨ ᠪᠦᠲᠦᠭᠡᠨ | ᠪᠠᠶᠢᠭᠤᠯᠤᠯᠲᠠ ᠵᠡᠷᠭᠡ ᠠᠷᠭ᠎ᠠ ᠬᠡᠮᠵᠢᠶ᠎ᠡ ᠶᠢ ᠠᠪᠬᠤ ᠪᠠᠷ ᠳᠠᠮᠵᠢᠭᠤᠯᠤᠨ᠂ ᠭᠤᠤᠯ ᠮᠥᠷᠡᠨ ( ᠨᠠᠭᠤᠷ ᠴᠥᠭᠦᠷᠥᠮ ) | ᠤ ᠬᠤᠯᠪᠣᠨ ᠨᠡᠪᠲᠡᠷᠡᠭᠦᠯᠬᠦ ᠴᠢᠨᠠᠷ ᠢ ᠰᠠᠶᠢᠵᠢᠷᠠᠭᠤᠯᠵᠤ᠂ ᠠᠮᠢ ᠠᠬᠤᠶ ᠶᠢᠨ ᠤᠰᠤᠨ ᠤ ᠬᠡᠮᠵᠢᠶ᠎ᠡ ᠶᠢ ᠨᠥᠬᠦᠪᠥᠷᠢᠯᠡᠨ᠂ | ᠤᠰᠤᠨ ᠤ ᠭᠠᠳᠠᠷᠭᠤ ᠶᠢᠨ ᠲᠠᠯᠠᠪᠠᠶ ᠶᠢ ᠨᠡᠮᠡᠭᠳᠡᠭᠦᠯᠵᠦ᠂ ᠠᠮᠢ ᠠᠬᠤᠶ ᠶᠢᠨ ᠡᠷᠭᠢ ᠶᠢᠨ ᠬᠠᠮᠠᠭᠠᠯᠠᠯᠲᠠ ᠶᠢ ᠰᠢᠨ᠎ᠡ | ᠪᠠᠷ ᠨᠡᠮᠡᠭᠳᠡᠭᠦᠯᠦᠨ᠂ ᠣᠯᠠᠨ ᠲᠠᠯ᠎ᠠ ᠶᠢᠨ ᠶᠡᠷᠦᠩᠬᠡᠶᠢᠯᠡᠭᠰᠡᠨ ᠠᠰᠢᠭ ᠣᠯᠵᠠᠪᠤᠷᠢ ᠶᠢ ᠪᠡᠶᠡᠯᠡᠭᠦᠯᠦᠨ᠎ᠡ᠃ | 4 . ᠨᠢᠭᠡ ᠮᠥᠩᠭᠦ ᠳᠣᠯᠣᠭᠠᠨ ᠵᠦᠢᠯ ᠤᠨ ᠳᠦᠷᠢᠮ᠄ ᠨᠢᠭᠡ ᠮᠥᠩᠭᠦ ᠭᠡᠳᠡᠭ ᠨᠢ ᠪᠠᠶᠢᠭᠤᠯᠵᠤ ᠪᠠᠶᠢᠭ᠎ᠠ ᠪᠠᠷᠢᠯᠭ᠎ᠠ | ᠶᠢᠨ ᠵᠦᠢᠯ ᠤᠨ ᠬᠥᠯᠥᠰᠥᠨ ᠠᠵᠢᠯᠴᠢᠨ ᠤ ᠴᠠᠯᠢᠩ ᠤᠨ ᠪᠠᠲᠤᠯᠠᠭ᠎ᠠ ᠶᠢᠨ ᠮᠥᠩᠭᠦ ᠪᠣᠯᠤᠨ᠎ᠠ᠃ 《 ᠲᠤᠯᠤᠭᠠᠨ | ᠲᠦᠷᠢᠮ 》 ᠭᠡᠳᠡᠭ ᠨᠢ ᠬᠥᠳᠡᠯᠮᠦᠷᠢ ᠶᠢᠨ ᠭᠡᠷ᠎ᠡ ᠲᠣᠭᠲᠠᠭᠠᠬᠤ᠂ ᠪᠠᠷᠢᠯᠭ᠎ᠠ ᠪᠠᠷᠢᠬᠤ ᠪᠥᠬᠦ ᠶᠠᠪᠤᠴᠠ ᠶᠢ ᠲᠡᠰᠦᠯᠦᠨ | ᠪᠤᠳᠤᠬᠤ᠂ ᠦᠨᠡᠨ ᠨᠡᠷ᠎ᠡ ᠶᠢᠨ ᠲᠦᠷᠢᠮ᠂ ᠲᠠᠩᠰᠠ ᠰᠠᠯᠭᠠᠨ ᠬᠠᠮᠢᠶᠠᠷᠬᠤ᠂ ᠪᠠᠩᠬᠢ ᠠᠴᠠ ᠴᠠᠯᠢᠩ ᠢ ᠣᠷᠣᠯᠠᠨ | ᠥᠭᠬᠦ᠂ ᠰᠠᠷ᠎ᠠ ᠪᠦᠷᠢ ᠲᠤᠭ᠎ᠠ ᠶᠣᠰᠣᠭᠠᠷ ᠴᠠᠯᠢᠩ ᠣᠯᠭᠤᠬᠤ᠂ ᠡᠷᠬᠡ ᠠᠰᠢᠭ ᠢᠶᠠᠨ ᠬᠠᠮᠠᠭᠠᠯᠠᠬᠤ ᠮᠡᠳᠡᠭᠡ ᠵᠠᠩᠭᠢ | ᠶᠢᠨ ᠵᠠᠷᠯᠠᠯ ᠤᠨ ᠫᠠᠶᠢᠰᠠ ᠭᠠᠷᠭᠠᠬᠤ ᠲᠦᠷᠢᠮ ᠢ ᠵᠢᠭᠠᠵᠤ ᠪᠠᠶᠢᠨ᠎ᠠ᠃ | 5 . ᠵᠢᠷᠭᠤᠭ᠎ᠠ ᠶᠢ ᠴᠡᠪᠡᠷᠯᠡᠬᠦ᠄ ᠳᠠᠷᠤᠶ ᠰᠦᠪᠡᠭᠴᠢ ᠶᠢ ᠴᠡᠪᠡᠷᠯᠡᠬᠦ᠂ ᠤᠷᠭᠤᠳᠠᠭᠤᠯ ᠶᠠᠯᠠᠲᠠᠨ ᠢ ᠴᠡᠪᠡᠷᠯᠡᠬᠦ᠂ ᠬᠡᠷᠡᠭ | ᠢ ᠴᠡᠪᠡᠷᠯᠡᠬᠦ᠂ ᠰᠢᠬᠦᠷ ᠲᠣᠤᠷ ᠢ ᠴᠡᠪᠡᠷᠯᠡᠬᠦ᠂ ᠬᠠᠷ᠎ᠠ ᠡᠳ᠋ ᠬᠥᠷᠥᠩᠭᠡ ᠶᠢ ᠴᠡᠪᠡᠷᠯᠡᠬᠦ᠂ ᠠᠵᠢᠯ ᠲᠥᠷᠥᠯ ᠢ ᠴᠡᠪᠡᠷᠯᠡᠬᠦ | ᠪᠣᠯᠤᠨ᠎ᠠ᠃ | 6 . ᠬᠤᠶᠠᠷ ᠢ ᠰᠡᠷᠭᠡᠶᠢᠯᠡᠬᠦ᠄ ᠳᠠᠬᠢᠨ ᠶᠠᠳᠠᠭᠤᠷᠠᠬᠤ ᠶᠢ ᠰᠡᠷᠭᠡᠶᠢᠯᠡᠬᠦ᠂ ᠶᠠᠳᠠᠭᠤᠷᠠᠬᠤ ᠶᠢ ᠰᠡᠷᠭᠡᠶᠢᠯᠡᠬᠦ᠃ | 7 . ᠭᠤᠷᠪᠠᠨ ᠵᠦᠢᠯ ᠤᠨ ᠥᠭᠡᠷᠡᠴᠢᠯᠡᠯᠲᠡ᠄ ᠲᠤᠬᠠᠶᠢᠯᠠᠪᠠᠯ ᠦᠷᠭᠦᠯᠵᠢᠯᠡᠬᠦ ᠴᠢᠨᠠᠷᠲᠠᠶ ᠠᠮᠢ ᠠᠬᠤᠶ ᠣᠷᠴᠢᠨ ᠠᠬᠤᠶ | ᠶᠢᠨ ᠬᠠᠮᠠᠭᠠᠯᠠᠯᠲᠠ ᠶᠢᠨ ᠳᠦᠷᠢᠮ ᠢ ᠪᠤᠶ ᠪᠣᠯᠭᠠᠨ᠎ᠠ᠃ ᠬᠥᠲᠥᠴᠢ ᠠᠵᠤ ᠠᠬᠤᠶᠢᠯᠠᠯ ᠬᠢᠭᠡᠳ ᠮᠠᠯᠴᠢᠨ ᠲᠠᠷᠢᠶᠠᠴᠢᠨ | ᠤ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠣᠷᠣᠰ ᠮᠣᠩᠭᠤᠯ ᠯᠤᠭ᠎ᠠ ᠶᠢᠨ | ᠬᠠᠮᠲᠤᠷᠠᠯᠴᠠᠭᠠᠨ ᠤ ᠲᠣᠭᠲᠠᠴᠠ ᠶᠢᠨ ᠰᠢᠨ᠎ᠡ ᠶᠢ ᠡᠭᠦᠳᠦᠨ᠎ᠡ᠃ | 8 . ᠡᠭᠦᠳᠡᠨ ᠡᠮᠦᠨᠡᠬᠢ 《 ᠭᠤᠷᠪᠠ ᠶᠢ ᠳᠠᠭᠠᠭᠠᠴᠢᠯᠠᠬᠤ 》 ᠲᠥᠷᠥ ᠶᠢᠨ ᠪᠣᠳᠣᠯᠭ᠎ᠠ᠄ ᠲᠤᠬᠠᠶᠢᠯᠠᠪᠠᠯ ᠵᠠᠮ ( | ᠵᠡᠭᠡᠯᠢ ) ᠤᠨ ᠪᠤᠶ ᠪᠦᠬᠦᠢ ᠨᠢᠭᠡᠴᠡ᠂ ᠡᠭᠦᠳᠡᠨ ᠳᠡᠯᠭᠡᠭᠦᠷ᠂ ᠰᠠᠭᠤᠭ᠎ᠠ ᠡᠷᠦᠬᠡ ᠵᠣᠬᠢᠬᠤ ᠬᠡᠪᠴᠢᠶᠡᠨ ᠳᠤ ᠬᠤᠲᠠ | ᠶᠢᠨ ᠦᠵᠡᠮᠵᠢ ᠣᠷᠴᠢᠨ ᠲᠣᠭᠤᠷᠢᠨ ᠤ ᠬᠠᠷᠢᠭᠤᠴᠠᠯᠭ᠎ᠠ ᠶᠢ ᠡᠭᠦᠷᠭᠡᠯᠡᠵᠦ᠂ ᠵᠣᠬᠢᠬᠤ ᠬᠡᠮᠵᠢᠶᠡᠨ ᠤ ᠬᠤᠲᠠ ᠶᠢᠨ | ᠬᠠᠮᠢᠶᠠᠷᠤᠯᠲᠠ ᠶᠢᠨ ᠡᠭᠦᠷᠭᠡ ᠶᠢ ᠡᠭᠦᠷᠭᠡᠯᠡᠵᠦ᠂ ᠠᠷᠢᠭᠤᠨ ᠴᠡᠪᠡᠷ᠂ ᠨᠣᠭᠤᠭᠠᠷᠠᠭᠤᠯᠤᠯᠲᠠ᠂ ᠡᠮᠬᠢ ᠳᠢᠭᠯᠢᠮ ᠢ | ᠳᠠᠭᠠᠭᠠᠴᠢᠯᠠᠬᠤ ᠬᠡᠷᠡᠭᠲᠡᠶ᠃ | 9 . ︽ᠬᠤᠶᠠᠷ ᠰᠢᠨ᠎ᠡ ᠨᠢᠬᠡ ᠴᠢᠬᠤᠯᠠ︾᠄ ︽ᠬᠤᠶᠠᠷ ᠰᠢᠨ᠎ᠡ︾ ᠬᠡᠳᠡᠭ ᠨᠢ ᠰᠢᠨ᠎ᠡ ᠮᠠᠶ᠋ᠢᠭ ᠤᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠦᠲᠦᠭᠡᠨ | ᠪᠠᠶᠢᠭᠤᠯᠤᠯᠲᠠ᠂ ︽ᠨᠢᠭᠡ ᠴᠢᠬᠤᠯᠠ︾ ᠬᠡᠳᠡᠭ ᠨᠢ ᠲᠤᠬᠠᠶᠢᠯᠠᠪᠠᠯ ᠵᠠᠮ ᠬᠠᠷᠢᠯᠴᠠᠭ᠎ᠠ᠂ ᠤᠰᠤᠨ ᠠᠰᠢᠭᠯᠠᠯᠲᠠ | ᠵᠡᠷᠭᠡ ᠴᠢᠬᠤᠯᠠ ᠶᠡᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠬᠡᠯᠡᠨ᠎ᠡ᠃ | 10 . ᠳᠥᠷᠪᠡᠨ ᠰᠠᠶᠢᠨ᠄ ᠬᠥᠳᠡᠭᠡ ᠲᠣᠰᠬᠤᠨ ᠤ ᠵᠠᠰᠠᠮᠠᠯ ᠵᠠᠮ ᠢ ᠰᠠᠶᠢᠲᠤᠷ ᠪᠦᠲᠦᠭᠡᠨ ᠪᠠᠶᠢᠭᠤᠯᠵᠤ᠂ ᠰᠠᠶᠢᠲᠤᠷ | ᠬᠠᠮᠢᠶᠠᠷᠴᠤ᠂ ᠰᠠᠶᠢᠲᠤᠷ ᠬᠠᠮᠠᠭᠠᠯᠠᠵᠤ᠂ ᠰᠠᠶᠢᠲᠤᠷ ᠡᠵᠡᠩᠨᠡᠨ᠎ᠡ᠃ | 11 . ᠬᠤᠶᠠᠷ ᠪᠦᠲᠦᠭᠡᠭᠳᠡᠬᠦᠨ ᠨᠢᠭᠡ ᠳᠡᠮᠳᠡᠭ᠄ 《 ᠬᠤᠶᠠᠷ ᠪᠦᠲᠦᠭᠡᠭᠳᠡᠬᠦᠨ 》 ᠨᠢ ᠳᠠᠷᠤᠶ ᠪᠣᠬᠢᠷᠲᠤᠯ ᠦᠬᠡᠢ | ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ᠂ 《 ᠨᠢᠭᠡ ᠳᠡᠮᠳᠡᠭ 》 ᠨᠢ ᠳᠠᠷᠤᠶ ᠲᠠᠷᠢᠶᠠᠯᠠᠩ ᠤᠨ | ᠪᠦᠲᠦᠭᠡᠭᠳᠡᠬᠦᠨ ᠤ ᠭᠠᠵᠠᠷ ᠵᠦᠢ ᠶᠢᠨ ᠪᠡᠯᠭᠡ ᠳᠡᠮᠳᠡᠭ ᠪᠣᠯᠤᠨ᠎ᠠ᠃ | 12 . ᠬᠤᠶᠠᠷ ᠣᠷᠣᠨ᠄ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ ᠪᠣᠯᠤᠨ ᠴᠢᠬᠤᠯᠠ | ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠠᠮᠠᠭᠠᠯᠠᠯᠲᠠ ᠶᠢᠨ ᠣᠷᠣᠨ ᠪᠣᠯᠤᠨ᠎ᠠ᠃ | 13 . ᠬᠤᠶᠠᠷ ᠠᠮᠦ ᠪᠤᠳᠠᠭ᠎ᠠ ᠬᠤᠶᠠᠷ ᠦᠬᠡᠷ᠄ 《 ᠬᠤᠶᠠᠷ ᠠᠮᠦ ᠪᠤᠳᠠᠭ᠎ᠠ 》 ᠭᠡᠳᠡᠭ ᠨᠢ ᠲᠤᠲᠤᠷᠭ᠎ᠠ᠂ ᠡᠷᠳᠡᠨᠢ | ᠰᠢᠰᠢ ᠪᠣᠯᠤᠨ᠎ᠠ᠃ 《 ᠬᠤᠶᠠᠷ ᠦᠬᠡᠷ 》 ᠨᠢ ᠳᠠᠷᠤᠶ ᠠᠯᠠᠰᠢᠨ ᠦᠬᠡᠷ᠂ ᠰᠠᠭᠠᠯᠢ ᠶᠢᠨ ᠦᠨᠢᠶ᠎ᠡ ᠪᠣᠯᠤᠨ᠎ᠠ᠃ | 14 . ᠠᠮᠤ ᠪᠤᠳᠠᠭᠠᠨ ᠤ ᠠᠵᠤ ᠦᠢᠯᠡᠰ ᠤᠨ ᠬᠤᠣᠰ ᠵᠠᠭᠤ ᠬᠤᠤᠰ ᠮᠢᠩᠭᠠᠨ ᠤ ᠢᠨᠵᠧᠨᠧᠷᠢᠩ᠄ 2019 ᠣᠨ | ᠳᠤ ᠠᠶᠢᠮᠠᠭ ᠤᠨ ᠨᠠᠮ ᠤᠨ ᠬᠤᠷᠢᠶ᠎ᠠ ( ᠥᠷᠭᠡᠳᠬᠡᠭᠰᠡᠨ ) ᠶᠢᠨ ᠬᠤᠷᠠᠯ ᠠᠴᠠ ᠠᠮᠤ ᠪᠤᠳᠠᠭᠠᠨ ᠤ ᠠᠵᠤ ᠦᠢᠯᠡᠰ | ᠤᠨ 《 ᠬᠤᠣᠰ ᠵᠠᠭᠤ ᠬᠤᠤᠰ ᠮᠢᠩᠭᠠᠨ 》 ᠤ ᠢᠨᠵᠧᠨᠧᠷᠢᠩ ᠢ ᠳᠤᠷᠠᠳᠴᠤ᠂ 5 ᠵᠢᠯ ᠣᠷᠴᠢᠮ ᠤᠨ | ᠬᠤᠭᠤᠴᠠᠭᠠᠨ ᠳᠤ᠂ ᠪᠦᠬᠦ ᠠᠶᠢᠮᠠᠭ ᠤᠨ ᠪᠣᠬᠢᠷᠲᠤᠯ ᠦᠭᠡᠢ ᠣᠷᠭᠠᠨᠢᠭ ᠤᠰᠤᠨ ᠲᠤᠲᠤᠷᠭ᠎ᠠ ᠲᠠᠷᠢᠬᠤ ᠲᠠᠯᠠᠪᠠᠢ ᠶᠢ | 100 ᠲᠦᠮᠡᠨ ᠮᠦ ᠠᠴᠠ ᠳᠠᠪᠠᠭᠤᠯᠵᠤ᠂ ᠡᠷᠳᠡᠨᠢ ᠰᠢᠰᠢ ᠶᠢᠨ ᠲᠠᠷᠢᠬᠤ ᠲᠠᠯᠠᠪᠠᠢ ᠶᠢ 1000 ᠲᠦᠮᠡᠨ ᠮᠦ ᠳᠤ | ᠲᠣᠭᠲᠠᠪᠤᠷᠢᠵᠢᠭᠤᠯᠵᠤ᠂ ᠲᠤᠲᠤᠷᠭ᠎ᠠ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ ᠢ | 100 ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ ᠡᠷᠳᠡᠨᠢ ᠰᠢᠰᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ | ᠦᠢᠯᠡᠳᠬᠦᠨ ᠤ ᠥᠷᠲᠡᠭ ᠢ ᠦᠨᠳᠦᠰᠦᠨ ᠳᠡᠭᠡᠨ 1000 ᠳ᠋ᠦᠩᠰᠢᠭᠤᠷ ᠲᠥᠭᠦᠷᠢᠭ ᠲᠤ ᠬᠦᠷᠭᠡᠨ᠎ᠡ᠃ | 15 . ︽ᠲᠦᠷᠪᠡ ᠶᠢ ᠦᠯᠦ ᠬᠠᠶᠠᠬᠤ︾᠄ ᠶᠠᠳᠠᠭᠤ ᠠᠴᠠ ᠠᠩᠭᠢᠵᠢᠷᠠᠭᠰᠠᠨ ᠴᠤ ᠬᠠᠷᠢᠭᠤᠴᠠᠯᠭ᠎ᠠ ᠪᠠᠨ ᠬᠠᠶᠠᠬᠤ | ᠦᠭᠡᠢ᠂ ᠶᠠᠳᠠᠭᠤ ᠠᠴᠠ ᠠᠩᠭᠢᠵᠢᠷᠠᠭᠰᠠᠨ ᠴᠤ ᠲᠦᠷᠦ ᠶᠢᠨ ᠪᠤᠳᠤᠯᠭ᠎ᠠ ᠪᠠᠨ ᠲᠠᠰᠤᠯᠳᠠᠭᠤᠯᠬᠤ ᠦᠭᠡᠢ᠂ ᠶᠠᠳᠠᠭᠤ | ᠠᠴᠠ ᠠᠩᠭᠢᠵᠢᠷᠠᠭᠰᠠᠨ ᠴᠤ ᠬᠠᠪᠰᠤᠷᠤᠨ ᠲᠡᠳᠬᠦᠬᠦ ᠪᠠᠨ ᠪᠤᠯᠢᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠤ | ᠬᠢᠨᠠᠯᠲᠠ ᠬᠠᠮᠢᠶᠠᠷᠤᠯᠲᠠ ᠪᠠᠨ ᠰᠤᠯᠠᠷᠠᠭᠤᠯᠬᠤ ᠦᠭᠡᠢ᠃ | 16 . ᠳᠥᠷᠪᠡᠨ 100 ᠢᠨᠵᠧᠨᠧᠷᠢᠩ᠄ ᠳᠠᠷᠤᠶ 100 ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠵᠢᠱᠢᠶ᠎ᠡ | ᠦᠵᠡᠭᠦᠯᠬᠦ ᠲᠣᠰᠬᠤᠨ᠂ 100 ᠭᠤᠤᠯᠳᠠᠯᠭ᠎ᠠ ᠲᠠᠢ ᠬᠤᠷᠰᠢᠶ᠎ᠠ᠂ 100 ᠠᠵᠤ ᠦᠶᠯᠡᠰ ᠤᠨ ᠳᠠᠭᠠᠭᠤᠯᠤᠭᠴᠢ᠂ | 100 ᠡᠮᠡᠭᠲᠡᠶᠢᠴᠦᠳ ᠤᠨ ᠳᠠᠭᠠᠭᠤᠯᠤᠭᠴᠢ ᠶᠢ ᠲᠡᠳᠬᠦᠨ᠎ᠡ᠃ | 17 . ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ᠂ ᠨᠢᠭᠡ ᠪᠠᠷᠢᠮᠵᠢᠶ᠎ᠠ ᠳᠤ ᠬᠦᠷᠭᠡᠬᠦ᠄ 《 ᠬᠤᠶᠠᠷ | ᠲᠤ ᠵᠣᠪᠠᠭ᠋ᠤ ᠦᠭᠡᠢ 》 ᠭᠡᠳᠡᠭ ᠨᠢ ᠢᠳᠡᠬᠦ ᠳᠤ ᠵᠣᠪᠠᠭ᠋ᠤ ᠦᠭᠡᠢ ( ᠠᠮᠤᠷ ᠲᠦᠪᠰᠢᠨ ᠤᠤᠭᠤᠬᠤ ᠤᠰᠤ | ᠪᠠᠭᠲᠠᠨ᠎ᠠ )᠂ ᠡᠮᠦᠰᠬᠦ ᠳᠤ ᠵᠣᠪᠠᠭ᠋ᠤ ᠦᠭᠡᠢ᠃ 《 ᠭᠤᠷᠪᠠ ᠶᠢ ᠪᠠᠲᠤᠯᠠᠬᠤ 》 ᠭᠡᠳᠡᠭ ᠨᠢ ᠠᠯᠪᠠᠨ ᠵᠢᠷᠤᠮ ᠤᠨ | ᠰᠤᠷᠭᠠᠨ ᠬᠥᠮᠦᠵᠢᠯ᠂ ᠠᠮᠤᠷ ᠲᠦᠪᠰᠢᠨ ᠣᠷᠣᠨ ᠰᠠᠭᠤᠴᠠ᠂ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠪᠣᠯᠤᠨ᠎ᠠ | ᠃ 《 ᠨᠢᠭᠡ ᠪᠠᠷᠢᠮᠵᠢᠶ᠎ᠠ ᠳᠤ ᠬᠦᠷᠦᠭᠦᠯᠬᠦ 》 ᠭᠡᠳᠡᠭ ᠨᠢ ᠲᠠᠷᠢᠶᠠᠴᠢᠨ ᠮᠠᠯᠴᠢᠨ ᠭᠡᠷ ᠪᠦᠯᠢ ᠶᠢᠨ ᠣᠨ ᠤ ᠬᠥᠮᠦᠨ | ᠪᠦᠷᠢ ᠶᠢᠨ ᠳᠤᠮᠳᠠᠴᠢ ᠴᠡᠪᠡᠷ ᠣᠷᠣᠯᠭ᠎ᠠ ᠶᠢ ᠤᠯᠤᠰ ᠤᠨ ᠣᠳᠣ ᠶᠢᠨ ᠬᠡᠷᠡᠭᠵᠢᠭᠦᠯᠵᠦ ᠪᠠᠶᠢᠭ᠎ᠠ ᠶᠠᠳᠠᠭᠤ ᠶᠢ | ᠲᠡᠳᠬᠦᠬᠦ ᠪᠠᠷᠢᠮᠵᠢᠶ᠎ᠠ ᠳᠤ ᠬᠦᠷᠦᠭᠦᠯᠬᠦ ᠶᠢ ᠵᠢᠭᠠᠵᠤ ᠪᠤᠶ᠃ | 18 . ᠲᠠᠪᠤ ᠶᠢ ᠬᠥᠭᠵᠢᠭᠦᠯᠦᠨ ᠮᠠᠨᠳᠤᠭᠤᠯᠬᠤ᠄ ᠬᠥᠳᠡᠭᠡ ᠲᠣᠰᠬᠤᠨ ᠤ ᠠᠵᠤ ᠦᠶᠯᠡᠰ ᠢ ᠬᠥᠭᠵᠢᠭᠦᠯᠦᠨ | ᠮᠠᠨᠳᠤᠭᠤᠯᠬᠤ᠂ ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠤ | ᠰᠣᠶᠣᠯ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠤ ᠠᠮᠢ ᠠᠬᠤᠶ ᠶᠢ ᠬᠥᠭᠵᠢᠭᠦᠯᠦᠨ ᠮᠠᠨᠳᠤᠭᠤᠯᠬᠤ᠂ | ᠬᠥᠳᠡᠭᠡ ᠲᠣᠰᠬᠤᠨ ᠤ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠪᠣᠯᠤᠨ᠎ᠠ᠃ | 19 . ᠹᠧᠩ ᠴᠢᠶᠣᠣ ᠶᠢᠨ ᠲᠤᠷᠰᠢᠯᠭ᠎ᠠ᠄ 20 ᠳ᠋ᠤᠭᠠᠷ ᠵᠠᠭᠤᠨ ᠤ ᠵᠢᠷᠠᠭᠠᠳ ᠣᠨ ᠤ ᠡᠬᠢ ᠪᠠᠷ ᠵᠧᠵᠢᠶᠠᠩ ᠮᠤᠵᠢ | ᠶᠢᠨ ᠱᠣᠤᠰᠢᠩ ᠬᠤᠲᠠ ᠶᠢᠨ ᠵᠦᠵᠢ ᠰᠢᠶᠠᠨ ᠤ ᠹᠧᠩ ᠴᠢᠶᠣᠣ ᠪᠠᠯᠭᠠᠰᠤᠨ ᠤ ᠺᠠᠳ᠋ᠷ ᠣᠯᠠᠨ ᠲᠦᠮᠡᠨ᠂ ᠣᠯᠠᠨ | ᠲᠦᠮᠡᠨ ᠢ ᠳᠠᠶᠢᠴᠢᠯᠠᠨ ᠲᠦᠰᠢᠭᠯᠡᠵᠦ᠂ ᠵᠥᠷᠢᠴᠡᠯ ᠢ ᠳᠡᠭᠡᠭᠰᠢ ᠲᠤᠰᠢᠶᠠᠬᠤ ᠦᠭᠡᠶ᠂ ᠲᠤᠬᠠᠶ ᠶᠢᠨ ᠭᠠᠵᠠᠷ ᠲᠤᠨᠢ | ᠰᠢᠶᠳᠪᠦᠷᠢᠯᠡᠬᠦ ᠶᠢ ᠪᠠᠷᠢᠮᠲᠠᠯᠠᠨ᠂ ᠬᠥᠮᠦᠨ ᠴᠥᠭᠡᠨ ᠪᠠᠷᠢᠭᠰᠠᠨ᠂ ᠠᠮᠤᠷ ᠢ ᠬᠠᠮᠠᠭᠠᠯᠠᠬᠤ ᠲᠠᠯ᠎ᠠ ᠪᠠᠷ ᠰᠠᠶᠢᠨ 《 | ᠹᠧᠩ ᠴᠢᠶᠣᠣ ᠶᠢᠨ ᠲᠤᠷᠰᠢᠯᠭ᠎ᠠ 》 ᠶᠢ ᠡᠭᠦᠳᠴᠡᠶ᠃ ᠲᠠᠰᠤᠷᠠᠯᠲᠠ ᠦᠭᠡᠶ ᠬᠥᠭᠵᠢᠯᠲᠡ ᠪᠠᠷ ᠳᠡᠮᠵᠢᠨ᠂ ᠢᠯᠡ | ᠲᠣᠳᠣ ᠴᠠᠭ ᠦᠶ᠎ᠡ ᠶᠢᠨ ᠣᠨᠴᠠᠯᠢᠭ ᠪᠦᠬᠦᠢ 《 ᠨᠠᠮ ᠵᠠᠰᠠᠭ ᠬᠥᠳᠡᠯᠦᠯᠴᠡᠵᠦ᠂ ᠣᠯᠠᠨ ᠲᠦᠮᠡᠨ ᠳᠤ ᠲᠦᠰᠢᠭᠯᠡᠨ᠂ | ᠵᠢᠭᠤᠷᠠᠯᠳᠤᠭᠠᠨ ᠢ ᠰᠡᠷᠭᠡᠶᠢᠯᠡᠵᠦ᠂ ᠵᠥᠷᠢᠴᠡᠯ ᠢ ᠰᠢᠶᠳᠪᠦᠷᠢᠯᠡᠨ᠂ ᠲᠣᠭᠲᠠᠭᠤᠨ ᠪᠠᠶᠢᠳᠠᠯ ᠢ ᠬᠠᠮᠠᠭᠠᠯᠠᠵᠤ᠂ | ᠬᠥᠭᠵᠢᠯᠲᠡ ᠶᠢ ᠠᠬᠢᠭᠤᠯᠬᠤ 》 ᠹᠧᠩ ᠴᠢᠶᠣᠣ ᠶᠢᠨ ᠰᠢᠨ᠎ᠡ ᠲᠤᠷᠰᠢᠯᠭ᠎ᠠ ᠶᠢ ᠪᠦᠷᠢᠯᠳᠦᠭᠦᠯᠵᠦ᠂ ᠰᠢᠨ᠎ᠡ ᠴᠠᠭ | ᠦᠶ᠎ᠡ ᠳᠤ ᠨᠠᠮ ᠤᠨ ᠣᠯᠠᠨ ᠲᠦᠮᠡᠨᠴᠢ ᠱᠤᠭᠤᠮ ᠢ ᠰᠠᠶᠢᠲᠤᠷ ᠪᠠᠷᠢᠮᠲᠠᠯᠠᠵᠤ᠂ ᠰᠠᠶᠢᠲᠤᠷ ᠲᠤᠤᠱᠯᠠᠭᠤᠯᠬᠤ ᠶᠢᠨ | ᠦᠯᠢᠭᠡᠷ ᠵᠢᠱᠢᠶ᠎ᠡ ᠪᠣᠯᠤᠭᠰᠠᠨ ᠪᠠᠶᠢᠨ᠎ᠠ᠃ |