︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠵᠠᠰᠠᠭ ᠵᠠᠬᠢᠷᠭᠠᠨ ᠤ ᠡᠶᠡᠳᠡᠭᠦᠯᠬᠦ ᠠᠵᠢᠯ ᠤᠨ ᠬᠡᠷᠡᠭᠵᠢᠭᠦᠯᠬᠦ ᠲᠥᠰᠦᠯ︾ ᠤᠨ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2021/3/22
 ᠨᠢᠭᠡ᠂ ᠵᠢᠯᠣᠭᠤᠳᠬᠤ ᠦᠵᠡᠯ ᠰᠠᠨᠠᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠦᠨ ᠨᠠᠶᠢᠳᠠᠪᠤᠷᠢᠵᠢᠭᠤᠯᠵᠦ᠂ ︽ᠳᠥᠷᠪᠡᠨ ᠤᠬᠠᠮᠰᠠᠷ︾ ᠢ ᠴᠢᠩᠭᠠᠳᠬᠠᠵᠦ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠣᠰᠣᠭᠠᠷ᠂ ᠵᠠᠰᠠᠭ ᠵᠠᠬᠢᠷᠭᠠᠨ ᠤ ᠡᠶᠡᠳᠡᠭᠦᠯᠬᠦ ᠠᠵᠢᠯ ᠤᠨ ᠪᠠᠶᠢᠭᠤᠯᠤᠯ ᠢ ᠪᠠᠶᠢᠭᠤᠯᠵᠦ᠂ ᠵᠠᠰᠠᠭ ᠵᠠᠬᠢᠷᠭᠠᠨ ᠤ ᠡᠶᠡᠳᠡᠭᠦᠯᠬᠦ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠮᠠᠷᠭᠤᠯᠳᠤᠭᠠᠨ ᠵᠢᠭᠤᠷᠠᠯᠳᠤᠭᠠᠨ ᠢ ᠠᠷᠢᠯᠭᠠᠬᠤ ᠳᠤᠮᠳᠠᠬᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠦ᠂ ᠵᠠᠰᠠᠭ ᠵᠠᠬᠢᠷᠭᠠᠨ ᠤ ᠡᠶᠡᠳᠡᠭᠦᠯᠭᠡ ᠪᠠ ᠠᠷᠠᠳ ᠤᠨ ᠡᠶᠡᠳᠡᠭᠦᠯᠭᠡ ᠪᠠᠶᠢᠭᠤᠯᠬᠤ ᠶᠢ ᠠᠬᠢᠭᠤᠯᠬᠤ᠂ ᠬᠠᠤᠯᠢ ᠴᠠᠭᠠᠵᠠ ᠶᠢᠨ ᠡᠶᠡᠳᠡᠭᠦᠯᠭᠡ ᠲᠠᠢ ᠵᠣᠯᠭᠠᠯᠳᠤᠭᠤᠯᠤᠭᠰᠠᠨ ᠶᠡᠭᠡ ᠡᠶᠡᠳᠡᠭᠦᠯᠭᠡ ᠶᠢ ᠬᠤᠯᠪᠣᠯᠳᠤᠭᠤᠯᠬᠤ ᠲᠣᠭᠲᠠᠴᠠ᠂ ᠡᠶᠡᠳᠡᠭᠦᠯᠬᠦ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠨᠡᠶᠢᠭᠡᠮ ᠤᠨ ᠵᠥᠷᠢᠴᠡᠯ ᠢ ᠪᠦᠲᠦᠮᠵᠢᠲᠡᠶ ᠠᠷᠢᠯᠭᠠᠵᠤ᠂ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠬᠤ ᠳᠤ ᠬᠦᠴᠦᠲᠡᠶ ᠬᠠᠤᠯᠢᠵᠢᠯ ᠤᠨ ᠪᠠᠲᠤᠯᠠᠭ᠎ᠠ ᠬᠠᠩᠭᠠᠨ᠎ᠠ᠃ ᠬᠤᠶᠠᠷ᠂ ᠲᠣᠭᠲᠠᠭᠠᠭᠰᠠᠨ ᠦᠨᠳᠦᠰᠦᠯᠡᠯ ︽︿ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ ᠬᠡᠷᠡᠭᠵᠢᠬᠦᠯᠬᠦ ᠬᠥᠲᠥᠯᠪᠦᠷᠢ ︵2015 —2020 ᠤᠨ︶ ᠶᠢᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠨᠠᠮ ᠲᠠᠷᠬᠠᠭᠠᠭᠰᠠᠨ 〔2017〕6 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠬᠠᠤᠯᠢ ᠴᠠᠭᠠᠵᠠ ᠶᠢᠨ ᠲᠢᠩᠬᠢᠮ ᠤᠨ ᠵᠠᠰᠠᠭ ᠵᠠᠬᠢᠷᠭᠠᠨ ᠤ ᠡᠶᠡᠳᠡᠭᠦᠯᠬᠦ ᠠᠵᠢᠯ ᠢ ᠴᠢᠩᠭᠠᠳᠬᠠᠬᠤ ᠲᠤᠬᠠᠶ ᠰᠠᠨᠠᠯ︾ ︵ᠥᠪᠥᠷ ᠬᠠᠤᠯᠢ ᠲᠠᠷᠬᠠᠭᠠᠭᠰᠠᠨ 〔2020〕22 ᠳ᠋ᠤᠭᠠᠷ ᠲᠣᠭᠠᠲᠤ︶᠂ ︽ᠬᠢᠩᠭᠠᠨ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠪᠥᠬᠦ ᠠᠶᠢᠮᠠᠭ ᠤᠨ ᠵᠠᠰᠠᠭ ᠵᠠᠬᠢᠷᠭᠠᠨ ᠤ ᠡᠶᠡᠳᠡᠭᠦᠯᠬᠦ ᠠᠵᠢᠯ ᠢ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ︾ ︵ ᠬᠢᠩᠭᠠᠨ ᠬᠠᠤᠯᠢ ᠮᠡᠳᠡᠭᠳᠡᠯ 〔2020〕15 ᠳ᠋ᠤᠭᠠᠷ ᠲᠣᠭᠠᠲᠤ︶᠂ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠵᠠᠬᠢᠷᠭᠠᠨ ᠤ ᠡᠶᠡᠳᠡᠭᠦᠯᠬᠦ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠬᠤᠰᠢᠭᠤᠨ ᠤ ᠵᠠᠰᠠᠭ ᠤᠨ ᠠᠯᠪᠠᠨ ᠭᠡᠷ ᠲᠠᠷᠬᠠᠭᠠᠭᠰᠠᠨ 〔2020〕101ᠳ᠋ᠤᠭᠠᠷ ᠲᠣᠭᠠᠲᠤ︶᠃ ᠭᠤᠷᠪᠠ᠂ ᠬᠠᠷᠠᠯᠲᠠ ᠶᠢᠨ ᠡᠭᠦᠷᠭᠡ ᠵᠠᠰᠠᠭ ᠵᠠᠬᠢᠷᠭᠠᠨ ᠤ ᠡᠶᠡᠳᠡᠭᠦᠯᠬᠦ ᠳᠦᠷᠢᠮ ᠢ ᠲᠡᠭᠦᠯᠳᠡᠷᠵᠢᠭᠦᠯᠦᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠡᠶᠡᠳᠡᠭᠦᠯᠬᠦ ᠵᠣᠬᠢᠶᠠᠨ ᠪᠠᠶᠢᠭᠤᠯᠤᠯᠲᠠ ᠪᠣᠯᠤᠨ ᠡᠩᠨᠡᠭᠡᠨ ᠤ ᠲᠣᠣᠷ ᠰᠦᠯᠵᠢᠶ᠎ᠡ ᠶᠢ ᠪᠠᠶᠢᠭᠤᠯᠤᠨ ᠪᠦᠷᠢᠨᠰᠢᠭᠦᠯᠵᠦ᠂ ᠵᠠᠰᠠᠭ ᠵᠠᠬᠢᠷᠭᠠᠨ ᠤ ᠡᠶᠡᠳᠡᠭᠦᠯᠬᠦ ᠳᠡᠰ ᠳᠠᠷᠠᠭᠠᠯᠠᠯ ᠢ ᠵᠢᠷᠤᠮᠵᠢᠭᠤᠯᠤᠨ᠂ ᠵᠠᠰᠠᠭ ᠵᠠᠬᠢᠷᠭᠠᠨ ᠤ ᠡᠶᠡᠳᠡᠭᠦᠯᠬᠦ ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠵᠦ᠂ ᠵᠠᠰᠠᠭ ᠵᠠᠬᠢᠷᠭᠠᠨ ᠤ ᠮᠠᠷᠭᠤᠯᠳᠤᠭᠠᠨ ᠪᠣᠯᠤᠨ ᠢᠷᠭᠡᠨ ᠤ ᠬᠡᠷᠡᠭ ᠤᠨ ᠵᠢᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠳᠤᠮᠳᠠᠬᠢ ᠦᠢᠯᠡᠳᠦᠯ ᠢ ᠨᠢ ᠭᠦᠢᠴᠡᠳ ᠪᠠᠳᠠᠷᠠᠭᠤᠯᠤᠨ᠂ ᠠᠷᠠᠳ ᠢᠷᠭᠡᠳ᠂ ᠬᠠᠤᠯᠢ ᠶᠢᠨ ᠡᠷᠬᠡᠲᠡᠨ ᠪᠣᠯᠤᠨ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃ ᠲᠦᠷᠪᠡ᠂ ᠡᠶᠡᠳᠡᠭᠦᠯᠬᠦ ᠵᠢᠷᠤᠮ ᠬᠡᠷᠡᠭ ᠤᠨ ᠪᠠᠶᠢᠳᠠᠯ ᠤᠨ ᠨᠠᠷᠢᠨ ᠪᠤᠳᠤᠯᠢᠶᠠᠨᠲᠠᠶ ᠪᠠᠶᠢᠬᠤ ᠪᠠ ᠡᠶᠡᠳᠡᠭᠦᠯᠬᠦ ᠳᠤ ᠬᠦᠴᠢᠷ ᠬᠢᠯᠪᠠᠷ ᠤᠨ ᠬᠡᠮᠵᠢᠶ᠎ᠡ ᠶᠢ ᠦᠨᠳᠦᠰᠦᠯᠡᠨ᠂ ᠵᠠᠰᠠᠭ ᠵᠠᠬᠢᠷᠭᠠᠨ ᠤ ᠡᠶᠡᠳᠡᠭᠦᠯᠬᠦ ᠠᠵᠢᠯ ᠢ ᠳᠥᠭᠦᠮ ᠵᠢᠷᠤᠮ ᠪᠠ ᠡᠩ ᠤᠨ ᠵᠢᠷᠤᠮ ᠭᠡᠵᠦ ᠬᠤᠪᠢᠶᠠᠵᠤ ᠪᠣᠯᠤᠨ᠎ᠠ᠃ ᠬᠡᠷᠡᠭ ᠤᠨ ᠪᠠᠶᠢᠳᠠᠯ ᠨᠢ ᠲᠥᠬᠦᠮ᠂ ᠲᠤᠬᠠᠶ ᠶᠢᠨ ᠲᠠᠯᠠᠪᠤᠷ ᠲᠤ ᠰᠢᠢᠳᠪᠦᠷᠢᠯᠡᠵᠦ ᠳᠡᠶᠢᠯᠬᠦ ᠮᠠᠷᠭᠤᠯᠳᠤᠭᠠᠨ ᠵᠢᠭᠤᠷᠠᠯᠳᠤᠭᠠᠨ ᠳᠤ ᠲᠥᠬᠦᠮ ᠵᠢᠷᠤᠮ ᠢ ᠬᠡᠷᠡᠭᠯᠡᠨ᠎ᠡ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠵᠠᠰᠠᠭ ᠵᠠᠬᠢᠷᠭᠠᠨ ᠤ ᠡᠶᠡᠳᠡᠭᠦᠯᠭᠡ ᠶᠢᠨ ᠪᠢᠴᠢᠭ ᠵᠣᠬᠢᠶᠠᠬᠤ  ᠪᠠ ᠲᠤᠬᠠᠶ ᠶᠢᠨ ᠬᠥᠮᠦᠨ ᠳᠤ ᠲᠤᠰᠢᠶᠠᠵᠤ ᠥᠭᠴᠦ ᠡᠭᠦᠨ ᠤ ᠬᠠᠮᠲᠤ᠂ ᠨᠥᠭᠡᠴᠡᠯᠡᠵᠦ ᠬᠠᠳᠠᠭᠠᠯᠠᠨ᠎ᠠ᠃ ᠬᠡᠷᠡᠭ ᠤᠨ ᠪᠠᠶᠢᠳᠠᠯ ᠪᠤᠳᠤᠯᠢᠶᠠᠨᠲᠠᠢ᠂ ᠲᠤᠬᠠᠢ ᠶᠢᠨ ᠲᠠᠯᠠᠪᠤᠷ ᠲᠤᠨᠢ ᠰᠢᠢᠳᠪᠦᠷᠢᠯᠡᠵᠦ ᠳᠡᠶᠢᠯᠬᠦ ᠦᠭᠡᠢ ᠮᠠᠷᠭᠤᠯᠳᠤᠭᠠᠨ ᠵᠠᠭᠤᠷᠠᠯᠳᠤᠭᠠᠨ ᠳᠤ ᠡᠩ ᠤᠨ ᠵᠢᠷᠤᠮ ᠢ ᠬᠡᠷᠡᠭᠯᠡᠨ᠎ᠡ᠂ ᠡᠭᠦᠨ ᠳᠤ ᠭᠤᠶᠤᠴᠢᠯᠠᠬᠤ᠂ ᠬᠦᠯᠢᠶᠡᠨ ᠠᠪᠴᠤ ᠰᠢᠢᠳᠪᠦᠷᠢᠯᠡᠬᠦ᠂ ᠡᠶᠡᠳᠡᠭᠦᠯᠬᠦ᠂ ᠬᠡᠷᠡᠭ ᠢ ᠳᠠᠭᠤᠰᠬᠠᠬᠤ᠂ ᠳᠠᠩᠰᠠᠨ ᠳᠤ ᠣᠷᠣᠭᠤᠯᠬᠤ ᠵᠡᠷᠭᠡ ᠬᠡᠳᠦᠨ ᠠᠯᠬᠤᠮ ᠳᠠᠷᠠᠭ᠎ᠠ ᠪᠠᠭᠲᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号