—— 2021 ᠣᠨ ᠤ 3 ᠳ᠋ᠤᠭᠡᠷ ᠰᠠᠷ᠎ᠠ ᠶᠢᠨ 10 ᠤ ᠡᠳᠦᠷ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠥᠷᠪᠡᠳᠦᠭᠡᠷ ᠣᠳᠠᠭᠠᠨ ᠤ ᠬᠤᠷᠠᠯᠳᠤᠭᠠᠨ ᠳᠡᠭᠡᠷ᠎ᠡ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠨ ᠿᠠᠨ | | ᠲᠥᠯᠥᠭᠡᠯᠡᠭᠴᠢᠳ ᠡ᠄ | ᠪᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ ᠶᠡᠭᠡ | ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ᠂ ᠰᠤᠯᠠ ᠣᠷᠣᠯᠴᠠᠭᠰᠠᠳ ᠰᠠᠨᠠᠯ ᠢᠶᠠᠨ | ᠳᠤᠷᠠᠳᠬᠤ ᠪᠣᠯᠪᠠᠤ᠃ | 2020 ᠣᠨ ᠤ ᠭᠤᠤᠯ ᠠᠵᠢᠯ | 2020 ᠣᠨ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠰᠢᠭᠤᠨ ᠤ | ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠤᠱᠯᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠨᠠᠮ ᠤᠨ ᠤᠳᠤᠷᠢᠳᠤᠯᠭ᠎ᠠ ᠶᠢ ᠤᠯᠠᠮ ᠴᠢᠨᠠᠭᠰᠢᠳᠠ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠲᠤᠬᠠᠶ ᠰᠠᠨᠠᠯ︾ ᠢ ᠨᠠᠶᠢᠳᠠᠪᠤᠷᠢᠵᠢᠭᠤᠯᠵᠤ᠂ | ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ | ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠢᠮᠠᠭᠲᠠ ᠪᠠᠷᠢᠮᠲᠠᠯᠠᠵᠤ᠂ ᠦᠨᠳᠦᠰᠦᠨ ᠬᠠᠤᠯᠢ | ᠬᠠᠤᠯᠢ ᠴᠠᠭᠠᠵᠠ ᠠᠴᠠ ᠣᠯᠭᠤᠭᠰᠠᠨ ᠡᠯ᠎ᠡ ᠵᠤᠶᠢᠯ ᠤᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠪᠡ᠃ | ᠪᠥᠬᠦ ᠵᠢᠯ ᠳᠤ ᠪᠠᠶᠢᠩᠭᠤ ᠶᠢᠨ ᠬᠤᠷᠢᠶᠠᠨ ᠤ ᠬᠤᠷᠠᠯ ᠢ 5 ᠤᠳᠠᠭ᠎ᠠ᠂ ᠡᠷᠬᠢᠯᠡᠭᠴᠢ ᠶᠢᠨ ᠬᠤᠷᠠᠯ ᠢ 10 ᠤᠳᠠᠭ᠎ᠠ᠂ | ᠲᠤᠰᠬᠠᠶ ᠲᠥᠷᠥᠯ ᠤᠨ ᠠᠵᠢᠯ ᠤᠨ ᠮᠡᠳᠡᠭᠦᠯᠦᠯᠲᠡ ᠶᠢ 11 ᠤᠳᠠᠭ᠎ᠠ ᠰᠣᠨᠣᠰᠤᠨ ᠬᠢᠨᠠᠨ ᠵᠥᠪᠯᠡᠵᠦ᠂ 4 | ᠲᠥᠷᠥᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠦᠨ᠂ 3 ᠲᠥᠷᠥᠯ ᠤᠨ ᠰᠢᠢᠳᠪᠦᠷᠢ | ᠲᠣᠭᠲᠠᠭᠠᠯ ᠭᠠᠷᠭᠠᠵᠤ᠂ ᠳᠡᠭᠡᠳᠦ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠬᠠᠮᠵᠢᠯᠴᠠᠨ | ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠵᠦ᠂ 16 | ᠤᠳᠠᠭ᠎ᠠ ᠲᠥᠪᠯᠡᠷᠡᠭᠦᠯᠦᠨ ᠪᠠᠶᠢᠴᠠᠭᠠᠨ ᠦᠵᠡᠵᠦ᠂ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠠᠴᠠ ᠲᠣᠭᠲᠠᠭᠠᠭᠰᠠᠨ ᠡᠯ᠎ᠡ | ᠲᠥᠷᠥᠯ ᠤᠨ ᠡᠭᠦᠷᠭᠡ ᠶᠢ ᠠᠮᠵᠢᠯᠲᠠ ᠲᠠᠢ ᠪᠡᠶᠡᠯᠡᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ | ᠬᠥᠭᠵᠢᠯᠲᠡ ᠪᠠ ᠠᠷᠠᠳᠴᠢᠯᠠᠯ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠬᠤ ᠳᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠪᠡ᠃ | ᠨᠢᠭᠡ᠂ ᠤᠯᠤᠰ ᠲᠦᠷᠦ ᠶᠢᠨ ᠤᠬᠠᠮᠰᠠᠷ ᠢ ᠪᠠᠷᠢᠮᠲᠠᠯᠠᠵᠤ᠂ ᠨᠠᠮ ᠤᠨ ᠠᠯᠬᠤᠭ᠎ᠠ ᠶᠢ ᠰᠠᠯᠤᠯ ᠦᠭᠡᠢ ᠳᠠᠭᠠᠬᠤ ᠳᠤᠮᠳᠠ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠴᠢᠭᠯᠡᠯ ᠢ ᠣᠨᠣᠪᠴᠢᠲᠠᠢ ᠡᠵᠡᠮᠳᠡᠪᠡ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠨᠠᠮ ᠤᠨ ᠤᠳᠤᠷᠢᠳᠤᠯᠭ᠎ᠠ ᠳᠣᠣᠷᠠᠬᠢ ᠤᠯᠤᠰ ᠲᠦᠷᠦ ᠶᠢᠨ | ᠪᠠᠶᠢᠭᠤᠯᠭ᠎ᠠ ᠮᠥᠨ᠃ ᠪᠠᠶᠢᠩᠭᠤ ᠶᠢᠨ ᠬᠤᠷᠢᠶ᠎ᠠ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ | ᠵᠢᠯᠣᠭᠤᠳᠣᠭᠤᠯᠬᠤ ᠶᠢ ᠪᠠᠷᠢᠮᠲᠠᠯᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠢᠮᠠᠭᠲᠠ ᠬᠤᠰᠢᠭᠤᠨ ᠤ ᠨᠠᠮ ᠤᠨ | ᠬᠤᠷᠢᠶ᠎ᠠ ᠲᠠᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠪᠠᠲᠤ ᠡᠵᠡᠮᠳᠡᠪᠡ᠃ | ᠤᠨᠤᠯ ᠢᠶᠠᠷ ᠵᠡᠪᠰᠡᠭᠯᠡᠬᠦ ᠶᠢ ᠴᠥᠬᠦᠷᠡᠰᠢ ᠦᠭᠡᠢ ᠰᠠᠶᠢᠲᠤᠷ ᠠᠳᠬᠤᠵᠠᠢ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠰᠡᠳᠬᠢᠵᠦ ᠦᠢᠯᠡᠳᠦᠯᠬᠡᠵᠢᠬᠦᠯᠦᠨ ᠣᠶᠢᠯᠠᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠦ᠂ | ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ | ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠶᠢᠨ ᠤᠯᠠᠮ ᠨᠢᠭᠡ ᠠᠯᠬᠤᠮ ᠪᠣᠳᠠᠲᠠᠶᠢᠵᠢᠬᠤ ᠶᠢ | ᠪᠥᠬᠦ ᠬᠦᠴᠦᠨ ᠢᠶᠠᠷ ᠢᠶᠠᠨ ᠠᠬᠢᠭᠤᠯᠵᠤ᠂ ᠪᠠᠶᠢᠩᠭᠤ ᠰᠤᠷᠤᠯᠴᠠᠨ ᠪᠠᠶᠢᠩᠭᠤ ᠰᠢᠨᠡᠴᠢᠯᠡᠬᠦ ᠳᠤᠮᠳᠠ ᠰᠢᠨ᠎ᠡ ᠴᠠᠭ | ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠦᠵᠡᠯ ᠰᠠᠨᠠᠭᠠᠨ ᠤ | ᠰᠠᠭᠤᠷᠢ ᠶᠢ ᠪᠠᠲᠤ ᠴᠣᠭᠴᠠᠯᠠᠵᠠᠢ᠃ | ᠨᠠᠮ ᠤᠨ ᠤᠳᠤᠷᠢᠳᠤᠯᠭ᠎ᠠ ᠶᠢ ᠢᠮᠠᠭᠲᠠ ᠭᠤᠶᠢᠪᠢᠰᠢ ᠦᠭᠡᠢ ᠪᠠᠷᠢᠮᠲᠠᠯᠠᠵᠠᠢ᠃ 2019 ᠣᠨ ᠤ ᠡᠴᠦᠰ ᠲᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠬᠤᠷᠠᠯ ᠬᠤᠷᠠᠯᠳᠤᠭᠤᠯᠤᠭᠰᠠᠨ ᠪᠥᠭᠡᠳ ᠵᠢᠯᠣᠭᠤᠳᠬᠤ ᠴᠢᠨᠠᠷᠲᠠᠶ ᠪᠢᠴᠢᠭ ᠮᠠᠲ᠋ᠧᠷᠢᠶᠠᠯ ᠨᠡᠶᠢᠲᠡᠯᠡᠪᠡ᠃ | ᠪᠠᠶᠢᠩᠭᠤ ᠶᠢᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠳᠤᠷᠠᠳᠤᠭᠰᠠᠨ ᠰᠢᠨ᠎ᠡ | ᠱᠠᠭᠠᠷᠳᠠᠯᠭ᠎ᠠ ᠶᠣᠰᠣᠭᠠᠷ᠂ ᠴᠠᠭ ᠲᠤᠬᠠᠶ ᠳᠤᠨᠢ ᠮᠥᠷᠳᠡᠨ ᠳᠠᠭᠠᠵᠤ᠂ ᠨᠢᠭᠡᠳᠦᠯᠲᠡᠶ ᠲᠥᠯᠥᠪᠯᠡᠨ ᠠᠷᠭ᠎ᠠ | ᠰᠦᠪᠡᠭᠴᠢᠯᠡᠵᠦ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠦᠨᠡᠨ ᠬᠦ ᠪᠠᠲᠤᠯᠠᠪᠠ᠃ ᠴᠢᠬᠤᠯᠠ ᠶᠡᠭᠡ ᠤᠴᠢᠷ ᠶᠠᠪᠤᠳᠠᠯ ᠳᠤ ᠵᠢᠭᠠᠪᠤᠷᠢ ᠠᠪᠴᠤ ᠮᠡᠳᠡᠭᠦᠯᠬᠦ | ᠳᠦᠷᠢᠮ ᠢ ᠪᠠᠷᠢᠮᠲᠠᠯᠠᠵᠤ᠂ ᠪᠦᠬᠦ ᠵᠢᠯ ᠳᠤ ᠭᠤᠣᠯᠳᠠᠯᠭ᠎ᠠ ᠲᠠᠢ ᠠᠵᠢᠯ ᠤᠨ ᠲᠠᠯ᠎ᠠ ᠪᠠᠷ ᠬᠤᠰᠢᠭᠤᠨ ᠤ ᠨᠠᠮ ᠤᠨ | ᠬᠤᠷᠢᠶᠠᠨ ᠠᠴᠠ 18 ᠤᠳᠠᠭ᠎ᠠ ᠵᠢᠭᠠᠪᠤᠷᠢ ᠠᠪᠴᠤ ᠮᠡᠳᠡᠭᠦᠯᠪᠡ᠃ ᠨᠠᠮ ᠤᠨ ᠤᠳᠤᠷᠢᠳᠬᠤ ᠳᠤᠭᠤᠶᠢᠯᠠᠩ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠳᠤᠮᠳᠠᠬᠢ ︽ᠴᠢᠭᠯᠡᠯ ᠢ ᠡᠵᠡᠮᠳᠡᠬᠦ᠂ ᠶᠡᠭᠡ | ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ︾ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ | ᠭᠦᠢᠴᠡᠳᠬᠡᠬᠦ ᠶᠢ ᠪᠠᠷᠢᠮᠲᠠᠯᠠᠵᠤ᠂ ᠪᠠᠶᠢᠩᠭᠤ ᠶᠢᠨ ᠬᠤᠷᠢᠶᠠᠨ ᠤ ᠬᠠᠤᠯᠢ ᠪᠠᠷ ᠲᠣᠭᠲᠠᠭᠠᠭᠰᠠᠨ ᠵᠢᠷᠤᠮ ᠶᠣᠰᠣᠭᠠᠷ | ᠨᠠᠮ ᠤᠨ ᠵᠣᠷᠢᠯᠲᠠ ᠶᠢ ᠪᠦᠬᠦ ᠬᠤᠰᠢᠭᠤᠨ ᠤ ᠠᠷᠠᠳ ᠲᠦᠮᠡᠨ ᠤ ᠬᠠᠮᠲᠤ ᠶᠢᠨ ᠵᠣᠷᠢᠭ ᠰᠠᠨᠠᠭ᠎ᠠ ᠪᠣᠯᠭᠠᠨ | ᠬᠤᠪᠢᠷᠠᠭᠤᠯᠬᠤ᠂ ᠬᠠᠤᠯᠢ ᠴᠠᠭᠠᠵᠠ ᠶᠢᠨ ᠬᠦᠴᠦᠨ ᠲᠠᠢ ᠰᠢᠢᠳᠪᠦᠷᠢ᠂ ᠲᠣᠭᠲᠠᠭᠠᠯ ᠪᠣᠯᠭᠠᠨ ᠬᠤᠪᠢᠷᠠᠭᠤᠯᠬᠤ ᠶᠢ | ᠠᠬᠢᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠳᠤᠷᠢᠳᠬᠤ | ᠪᠠᠭ ᠤᠨ ᠪᠦᠷᠢᠯᠳᠦᠬᠦᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠵᠤ᠂ ᠬᠤᠰᠢᠭᠤᠨ ᠤ ᠨᠠᠮ ᠤᠨ ᠬᠤᠷᠢᠶᠠᠨ ᠤ ᠭᠤᠤᠯ | ᠠᠵᠢᠯ ᠳᠤ ᠦᠢᠯᠡᠴᠢᠯᠡᠨ᠂ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ ᠲᠦᠷᠢᠮ ᠢ ᠨᠠᠷᠢᠨ | ᠬᠢᠨᠠᠮᠠᠭᠠᠶ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ᠂ ᠲᠥᠷᠥᠯ | ᠵᠤᠶᠢᠯ ᠤᠨ ᠪᠥᠲᠥᠭᠡᠨ ᠪᠠᠶᠢᠭᠤᠯᠤᠯᠲᠠ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠵᠡᠷᠭᠡ | ᠠᠵᠢᠯ ᠳᠤ ᠢᠳᠡᠪᠬᠢᠲᠡᠶ ᠣᠷᠣᠯᠴᠠᠨ᠂ ᠬᠤᠰᠢᠭᠤᠨ ᠤ ᠨᠠᠮ ᠤᠨ ᠬᠤᠷᠢᠶᠠᠨ ᠤ ᠭᠤᠤᠯ ᠠᠵᠢᠯ ᠤᠨ | ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠳᠥᠯᠭᠢᠨ ᠠᠬᠢᠭᠤᠯᠪᠠ᠃ | ᠴᠢᠬᠤᠯᠠ ᠶᠡᠭᠡ ᠬᠡᠷᠡᠭ ᠶᠠᠪᠤᠳᠠᠯ ᠢ ᠲᠣᠭᠲᠠᠭᠠᠬᠤ ᠡᠷᠬᠡ ᠪᠠᠨ ᠨᠠᠷᠢᠨ ᠬᠢᠨᠠᠮᠠᠭᠠᠶ ᠬᠡᠷᠡᠭᠵᠢᠭᠦᠯᠵᠡᠢ᠃ | ᠬᠤᠰᠢᠭᠤᠨ ᠤ ᠬᠤᠲᠠ ᠶᠢᠨ ᠬᠠᠷᠢᠶ᠎ᠠ ᠳᠠᠬᠢ ᠪᠠᠯᠭᠠᠰᠤᠨ ᠤ ᠭᠤᠣᠯ ᠬᠤᠲᠠ ᠪᠠᠯᠭᠠᠰᠤᠨ ᠤ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠭᠤᠷᠢᠰᠢᠬᠤ ᠳᠤ | ᠲᠣᠬᠢᠷᠠᠮᠵᠢᠲᠠᠢ᠂ ᠠᠵᠢᠯᠯᠠᠬᠤ ᠳᠤ ᠲᠣᠬᠢᠷᠠᠮᠵᠢᠲᠠᠢ᠂ ᠵᠤᠭᠠᠴᠠᠬᠤ ᠳᠤ ᠲᠣᠬᠢᠷᠠᠮᠵᠢᠲᠠᠢ ᠣᠳᠣ ᠦᠶ᠎ᠡ ᠶᠢᠨ ᠠᠮᠢ | ᠠᠬᠤᠢ ᠶᠢᠨ ᠬᠤᠲᠠ ᠶᠢ ᠴᠣᠭᠴᠠᠯᠠᠨ ᠪᠠᠶᠢᠭᠤᠯᠬᠤ ᠶᠢᠨ ᠲᠥᠯᠥᠭᠡ᠂ ᠬᠤᠰᠢᠭᠤᠨ ᠤ ᠵᠠᠰᠠᠭ ᠤᠨ ᠣᠷᠳᠤᠨ ᠤ ᠬᠡᠰᠡᠭ | ᠬᠡᠮᠵᠢᠶ᠎ᠡ ᠪᠠᠷ ᠵᠠᠰᠠᠪᠤᠷᠢ ᠤᠷᠤᠭᠤᠯᠤᠭᠰᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠲᠠ | ᠪᠠᠯᠭᠠᠰᠤᠨ ᠤ ᠶᠡᠷᠦᠩᠬᠡᠢ ᠲᠥᠯᠥᠪᠵᠢᠭᠦᠯᠬᠡ ︵2014 — 2030︶ ᠶᠢ ᠬᠢᠨᠠᠨ ᠵᠥᠪᠯᠡᠵᠦ ᠵᠥᠪᠰᠢᠶᠡᠷᠡᠪᠡ᠃ | ᠬᠤᠲᠠ ᠪᠠᠯᠭᠠᠰᠤᠨ ᠤ ᠤᠷᠤᠨ ᠵᠠᠢ ᠶᠢᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠤᠯᠠᠨ | ᠨᠡᠶᠢᠲᠡ ᠶᠢᠨ ᠦᠢᠯᠡᠴᠢᠯᠭᠡᠨ ᠤ ᠴᠢᠳᠠᠮᠵᠢ ᠶᠢ ᠲᠡᠭᠦᠯᠳᠡᠷᠵᠢᠭᠦᠯᠪᠡ᠃ ᠡᠳ᠋ ᠤᠨ ᠵᠠᠰᠠᠭ ᠤᠨ ᠲᠥᠰᠦᠪ ᠲᠤ | ᠲᠤᠬᠢᠷᠠᠭᠤᠯᠤᠯᠲᠠ ᠬᠢᠬᠦ ᠲᠣᠭᠲᠠᠭᠠᠯ ᠭᠠᠷᠭᠠᠵᠤ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠳᠤ ᠬᠦᠴᠦᠲᠡᠶ ᠪᠠᠲᠤᠯᠠᠭ᠎ᠠ ᠬᠠᠩᠭᠠᠪᠠ᠃ | ᠠᠵᠢᠯᠳᠠᠨ ᠢ ᠲᠣᠮᠢᠯᠠᠵᠤ ᠪᠠᠭᠤᠯᠭᠠᠬᠤ ᠡᠷᠬᠡ ᠶᠢ ᠬᠠᠤᠯᠢ ᠶᠣᠰᠣᠭᠠᠷ ᠬᠡᠷᠡᠭᠵᠢᠭᠦᠯᠵᠡᠢ᠃ ᠨᠠᠮ ᠠᠴᠠ ᠺᠠᠳ᠋ᠷ ᠢ | ᠬᠠᠮᠢᠶᠠᠷᠬᠤ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠬᠠᠤᠯᠢ ᠶᠣᠰᠣᠭᠠᠷ ᠲᠤᠰᠢᠶᠠᠯ ᠳᠤ | ᠲᠣᠮᠢᠯᠠᠵᠤ ᠪᠠᠭᠤᠯᠭᠠᠬᠤ ᠶᠢ ᠨᠢᠭᠡᠳᠬᠡᠬᠦ ᠶᠢ ᠪᠠᠷᠢᠮᠲᠠᠯᠠᠵᠤ᠂ ᠨᠢᠭᠡ ᠵᠢᠯ ᠤᠨ ᠲᠤᠷᠰᠢ ᠲᠦᠷᠦ ᠶᠢᠨ ᠪᠠᠶᠢᠭᠤᠯᠭ᠎ᠠ ᠶᠢᠨ | ᠠᠵᠢᠯᠳᠠᠨ ᠢ ᠨᠡᠶᠢᠳᠡ 41 ᠬᠥᠮᠦᠨ ᠤᠳᠠᠭ᠎ᠠ ᠬᠠᠤᠯᠢ ᠶᠣᠰᠣᠭᠠᠷ ᠲᠤᠰᠢᠶᠠᠯ ᠳᠤ ᠲᠣᠮᠢᠯᠠᠵᠤ ᠪᠠᠭᠤᠯᠭᠠᠪᠠ᠃ | ᠲᠤᠰᠢᠶᠠᠯ ᠳᠤ ᠲᠣᠮᠢᠯᠠᠬᠤ ᠠᠴᠠ ᠡᠮᠦᠨᠡᠬᠢ ᠰᠢᠯᠭᠠᠯᠲᠠ ᠶᠢᠨ ᠬᠠᠤᠯᠢ᠂ ᠲᠤᠰᠢᠶᠠᠯ ᠡᠭᠦᠷᠭᠡᠯᠡᠬᠦ ᠳᠤ ᠬᠡᠯᠡᠬᠦ ᠦᠭᠡ᠂ | ᠪᠢᠯᠧᠲ ᠥᠭᠴᠦ ᠪᠠᠲᠤᠯᠠᠬᠤ᠂ ᠲᠤᠰᠢᠶᠠᠯ ᠳᠤ ᠲᠣᠮᠢᠯᠠᠬᠤ ᠪᠢᠴᠢᠭ ᠣᠯᠭᠤᠬᠤ᠂ ᠦᠨᠳᠦᠰᠦᠨ ᠬᠠᠤᠯᠢ ᠳᠤ | ᠲᠠᠩᠭᠠᠷᠢᠭᠯᠠᠬᠤ ᠵᠡᠷᠭᠡ ᠬᠠᠤᠯᠢ ᠪᠠᠷ ᠲᠣᠭᠲᠠᠭᠠᠭᠰᠠᠨ ᠵᠢᠷᠤᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠲᠣᠮᠢᠯᠠᠭᠳᠠᠬᠤ ᠬᠥᠮᠦᠰ ᠤᠨ ᠦᠨᠳᠦᠰᠦᠨ ᠬᠠᠤᠯᠢ ᠶᠢᠨ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠪᠠ | ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠳᠬᠠᠵᠤ᠂ ︽ᠨᠡᠶᠢᠲᠡ ᠶᠢᠨ ᠡᠷᠬᠡ ᠶᠢ ᠠᠷᠠᠳ ᠠᠴᠠ ᠣᠯᠭᠤᠬᠤ︾ | ᠠᠷᠢᠭᠤᠨ ᠲᠠᠷᠬᠠᠨ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠪᠡ᠃ | ᠬᠤᠶᠠᠷ᠂ ᠠᠷᠠᠳ ᠤᠨ ᠠᠮᠢᠳᠤᠷᠠᠯ ᠢ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠶᠣᠰᠣᠭᠠᠷ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠢᠨᠠᠯᠲᠠ ᠲᠠᠯᠪᠢᠬᠤ ᠳᠤᠮᠳᠠ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠮᠵᠢᠯᠲᠠ ᠪᠦᠲᠦᠮᠵᠢ ᠶᠢ ᠢᠯᠡᠷᠡᠭᠦᠯᠪᠡ | 2020 ᠣᠨ ᠳᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠠᠵᠤ ᠠᠬᠤᠶ ᠨᠡᠶᠢᠭᠡᠮ ᠢ ᠨᠢᠭᠡᠳᠦᠯᠲᠡᠶ ᠲᠥᠯᠥᠪᠵᠢᠭᠦᠯᠦᠨ ᠬᠥᠭᠵᠢᠭᠦᠯᠬᠦ᠂ ᠬᠠᠤᠯᠢ ᠴᠠᠭᠠᠵᠠ ᠬᠠᠤᠯᠢ | ᠲᠣᠭᠲᠠᠭᠠᠯ ᠢ ᠪᠦᠲᠦᠮᠵᠢᠲᠡᠶ ᠬᠡᠷᠡᠭᠵᠢᠭᠦᠯᠬᠦ ᠂ ᠠᠷᠠᠳ ᠤᠨ ᠠᠮᠢᠳᠤᠷᠠᠯ ᠤᠨ ᠦᠶᠯᠡᠰ ᠢ ᠨᠠᠶᠢᠳᠠᠪᠤᠷᠢᠵᠢᠭᠤᠯᠤᠨ | ᠦᠷ᠎ᠡ ᠪᠦᠲᠦᠮᠵᠢ ᠭᠠᠷᠭᠠᠬᠤ ᠶᠢᠨ ᠲᠣᠭᠤᠷᠢᠨ ᠳᠤ ᠭᠤᠤᠯᠳᠠᠯᠭ᠎ᠠ ᠲᠠᠢ ᠬᠢᠨᠠᠯᠲᠠ ᠲᠠᠯᠪᠢᠵᠤ᠂ ᠴᠢᠨᠡᠭᠡᠯᠢᠭ ᠨᠡᠶᠢᠭᠡᠮ ᠢ | ᠪᠥᠬᠦ ᠲᠠᠯ᠎ᠠ ᠪᠠᠷ ᠪᠡᠶᠡᠯᠡᠭᠦᠯᠬᠦ ᠪᠠ《 ᠠᠷᠪᠠᠨ ᠭᠤᠷᠪᠠᠳᠤᠭᠠᠷ ᠲᠠᠪᠤᠨ ᠵᠢᠯ 》 ᠤᠨ ᠲᠥᠯᠥᠪᠵᠢᠭᠦᠯᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠬᠦ ᠳᠤ ᠬᠦᠴᠦᠨ ᠨᠡᠮᠡᠷᠢᠯᠡᠪᠡ᠃ | ᠠᠵᠤ ᠠᠬᠤᠶ ᠶᠢᠨ ᠲᠣᠭᠲᠠᠭᠤᠨ ᠠᠵᠢᠯᠯᠠᠭᠠᠨ ᠢ ᠬᠠᠮᠠᠭᠠᠯᠠᠵᠠᠢ᠃ ᠵᠠᠰᠠᠭ ᠤᠨ ᠣᠷᠳᠣᠨ ᠠᠴᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠤᠯᠤᠰ ᠤᠨ ᠥᠮᠴᠢᠯᠡᠯ ᠤᠨ ᠡᠳ᠋ | ᠬᠦᠷᠦᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠮᠡᠳᠡᠭᠦᠯᠬᠦ ᠲᠦᠷᠢᠮ ᠢᠶᠠᠷ ᠭᠠᠷᠳᠠᠴᠠ ᠪᠣᠯᠭᠠᠵᠤ᠂ ᠵᠠᠰᠠᠭ ᠵᠠᠬᠢᠷᠭᠠᠨ | ᠤ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ | ᠪᠠᠶᠢᠳᠠᠯ ᠤᠨ ᠲᠤᠰᠬᠠᠢ ᠮᠡᠳᠡᠭᠦᠯᠦᠯᠲᠡ ᠶᠢ ᠰᠣᠨᠣᠰᠤᠨ ᠬᠢᠨᠠᠨ ᠶᠠᠷᠢᠯᠴᠠᠵᠤ᠂ ᠡᠳ᠋ ᠬᠦᠷᠦᠩᠭᠡ ᠶᠢᠨ ᠰᠠᠭᠤᠷᠢ | ᠲᠤᠭ᠎ᠠ ᠶᠢ ᠲᠣᠳᠣᠷᠬᠠᠢ ᠣᠶᠢᠯᠠᠭᠠᠬᠤ᠂ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠬᠦ | ᠵᠡᠷᠭᠡ ᠰᠠᠨᠠᠭᠤᠯᠭ᠎ᠠ ᠲᠤᠷᠠᠳᠴᠠᠢ᠃ ᠬᠠᠤᠯᠢ ᠪᠠᠷ ᠲᠣᠭᠲᠠᠭᠠᠭᠰᠠᠨ ᠱᠠᠭᠠᠷᠳᠠᠯᠭ᠎ᠠ ᠶᠣᠰᠣᠭᠠᠷ᠂ ᠲᠥᠯᠥᠪᠯᠡᠭᠡ᠂ | ᠡᠳ᠋ ᠤᠨ ᠵᠠᠰᠠᠭ ᠤᠨ ᠲᠥᠰᠦᠪ ᠪᠠ ᠲᠥᠰᠦᠪ ᠤᠨ ᠬᠦᠢᠴᠡᠳᠭᠡᠯ ᠪᠣᠯᠤᠨ ᠬᠢᠨᠠᠨ ᠪᠤᠳᠤᠬᠤ ᠠᠵᠢᠯ ᠵᠡᠷᠭᠡ | ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ᠂ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠬᠤ᠂ ᠬᠢᠨᠠᠨ | ᠪᠤᠳᠤᠯᠲᠠ ᠪᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠵᠡᠷᠭᠡ ᠰᠠᠨᠠᠭᠤᠯᠭ᠎ᠠ ᠶᠢ | ᠳᠤᠷᠠᠳᠤᠨ ᠭᠠᠷᠭᠠᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ | ᠬᠢᠨᠠᠨ ᠵᠥᠪᠯᠡᠭᠰᠡᠨ ᠰᠠᠨᠠᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠠᠵᠤ ᠠᠬᠤᠶ ᠶᠢᠨ | ᠠᠵᠢᠯ ᠤᠨ ᠰᠠᠬᠢᠯᠭ᠎ᠠ ᠪᠠᠲᠤ ᠶᠢ ᠢᠯᠡᠳᠲᠡ ᠴᠢᠩᠭᠠᠳᠬᠠᠵᠤ᠂ ᠡᠳ᠋ ᠤᠨ ᠵᠠᠰᠠᠭ ᠤᠨ ᠪᠠᠯᠠ ᠮᠥᠩᠭᠦ ᠶᠢᠨ | ᠬᠡᠷᠡᠭᠯᠡᠯᠲᠡ ᠶᠢᠨ ᠦᠷ᠎ᠡ ᠠᠰᠢᠭ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ᠶᠢ ᠤᠷᠤᠭᠰᠢᠲᠠᠶ ᠬᠡᠷᠡᠭᠵᠢᠭᠦᠯᠪᠡ᠃ 2ᠲᠤᠷᠰᠢᠯᠲᠠ ᠶᠢᠨ ᠨᠢᠭᠡᠴᠡ ᠰᠤᠩᠭᠤᠨ᠂ | ᠲᠦᠰᠦᠪ ᠤᠨ ᠬᠡᠷᠡᠭᠵᠢᠭᠦᠯᠦᠯᠲᠡ᠂ ᠲᠤᠬᠢᠷᠠᠭᠤᠯᠤᠯᠲᠠ ᠵᠢᠴᠢ ᠲᠦᠰᠦᠪ ᠤᠨ ᠭᠦᠢᠴᠡᠳᠭᠡᠯ ᠳᠤ ᠪᠦᠬᠦ ᠶᠠᠪᠤᠴᠠ ᠪᠠᠷ | ᠬᠢᠨᠠᠯᠲᠠ ᠲᠠᠯᠪᠢᠵᠦ᠂ ᠴᠢᠭ ᠢᠶᠠᠷ ᠪᠦᠬᠦ ᠲᠠᠯ᠎ᠠ ᠶᠢ ᠳᠠᠶᠢᠴᠢᠯᠠᠨ ᠪᠦᠬᠦ ᠬᠤᠰᠢᠭᠤᠨ ᠤ ᠲᠦᠰᠦᠪ ᠤᠨ | ᠬᠡᠷᠡᠭᠵᠢᠭᠦᠯᠦᠯᠲᠡ ᠶᠢ ᠲᠠᠰᠤᠷᠠᠯᠲᠠ ᠦᠭᠡᠢ ᠳᠦᠷᠢᠮᠵᠢᠭᠦᠯᠪᠡ᠃ ᠲᠥᠰᠦᠪ ᠢ ᠰᠦᠯᠵᠢᠶᠡᠵᠢᠭᠦᠯᠦᠨ ᠬᠢᠨᠠᠯᠲᠠ ᠲᠠᠯᠪᠢᠬᠤ | ᠠᠵᠢᠯ ᠢ ᠦᠷᠭᠦᠯᠵᠢᠯᠡᠨ ᠠᠬᠢᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠬᠢᠨᠠᠯᠲᠠ ᠲᠠᠯᠪᠢᠬᠤ ᠶᠢ | ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠰᠦᠯᠵᠢᠶᠡᠵᠢᠭᠦᠯᠦᠨ ᠬᠢᠨᠠᠯᠲᠠ ᠲᠠᠯᠪᠢᠭᠰᠠᠨ ᠦᠷ᠎ᠡ ᠪᠦᠲᠦᠭᠡᠯ ᠢ | ᠠᠯᠬᠤᠮ ᠠᠯᠬᠤᠮ ᠢᠶᠠᠷ ᠥᠷᠭᠡᠳᠬᠡᠵᠡᠢ᠃ ᠲᠥᠰᠦᠪ ᠤᠨ ᠠᠷᠭ᠎ᠠ ᠶᠢᠨ ᠲᠤᠰᠬᠠᠶ ᠰᠡᠳᠦᠪᠲᠦ ᠪᠣᠯᠪᠠᠰᠤᠷᠠᠯ ᠡᠷᠭᠢᠯᠡᠵᠦ᠂ | ᠪᠥᠬᠦ ᠬᠤᠰᠢᠭᠤᠨ ᠤ ᠡᠯ᠎ᠡ ᠲᠥᠰᠦᠪ ᠤᠨ ᠨᠢᠭᠡᠴᠡ ᠶᠢᠨ ᠡᠳ᠋ ᠤᠨ ᠶᠠᠪᠤᠳᠠᠯ ᠵᠢᠴᠢ ᠬᠠᠮᠢᠶ᠎ᠠ ᠪᠥᠬᠦᠶ ᠬᠥᠮᠦᠰ 500 | ᠰᠢᠬᠠᠮ ᠬᠥᠮᠦᠨ ᠣᠷᠣᠯᠴᠠᠵᠤ᠂ ᠪᠥᠬᠦ ᠬᠤᠰᠢᠭᠤᠨ ᠤ ᠬᠠᠥᠯᠢ ᠶᠤᠰᠤᠭᠠᠷ ᠡᠳ᠋ ᠤᠨ ᠶᠠᠪᠣᠳᠠᠯ ᠢ ᠬᠠᠮᠢᠶᠠᠷᠬᠤ ᠬᠢᠷᠢ | ᠲᠦᠪᠰᠢᠨ ᠢ ᠳᠡᠭᠡᠭᠰᠢᠯᠡᠭᠦᠯᠬᠦ ᠳᠤ ᠤᠨᠤᠯ ᠤᠨ ᠰᠠᠭᠤᠷᠢ ᠶᠢ ᠲᠠᠯᠪᠢᠪᠠ᠃ | ᠠᠷᠭ᠎ᠠ ᠤᠬᠠᠭᠠᠨ ᠭᠠᠷᠭᠠᠵᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ ᠡᠭᠦᠷᠭᠡ ᠴᠢᠳᠠᠪᠬᠢ ᠶᠢᠨ | ᠦᠢᠯᠡᠳᠦᠯ ᠢ ᠪᠠᠳᠠᠷᠠᠭᠤᠯᠵᠤ᠂ ᠤᠯᠤᠰ ᠲᠥᠷᠥ ᠶᠢᠨ ᠵᠥᠪᠯᠡᠯᠭᠡᠨ ᠲᠠᠢ ᠬᠤᠯᠪᠣᠭᠠᠯᠠᠨ ᠪᠥᠬᠦ ᠬᠤᠰᠢᠭᠤᠨ ᠤ ᠴᠢᠬᠤᠯᠠ | ᠶᠡᠭᠡ ᠲᠥᠷᠥᠯ ᠵᠤᠶᠢᠯ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ | ᠪᠠᠶᠢᠴᠠᠭᠠᠨ ᠦᠵᠡᠵᠦ᠂ ᠪᠥᠬᠦ ᠬᠤᠰᠢᠭᠤᠨ ᠤ ᠠᠵᠤ ᠠᠬᠤᠶ ᠶᠢᠨ ᠪᠥᠲᠥᠭᠡᠨ ᠪᠠᠶᠢᠭᠤᠯᠤᠯᠲᠠ᠂ ᠭᠤᠤᠯᠳᠠᠯᠭ᠎ᠠ ᠲᠠᠢ | ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠡᠷᠭᠡ ᠲᠠᠯ᠎ᠠ ᠪᠠᠷ | ᠣᠯᠤᠭᠰᠠᠨ ᠠᠬᠢᠴᠠ ᠪᠣᠯᠤᠨ ᠦᠷ᠎ᠡ ᠪᠦᠲᠦᠮᠵᠢ ᠶᠢ ᠭᠦᠨᠵᠡᠭᠡᠶ ᠣᠶᠢᠯᠠᠭᠠᠵᠤ᠂ ᠬᠤᠰᠢᠭᠤ ᠨᠤᠲᠤᠭ ᠤᠨ ᠠᠵᠤ ᠠᠬᠤᠶ | ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠠᠷᠭ᠎ᠠ ᠤᠬᠠᠭᠠᠨ ᠭᠠᠷᠭᠠᠵᠤ ᠦᠭᠴᠡᠢ᠃ ︽ᠵᠢᠷᠭᠤᠭ᠎ᠠ ᠶᠢ | ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠰᠬᠠᠶ ᠰᠡᠳᠦᠪᠲᠦ | ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠪᠠᠶᠢᠴᠠᠭᠠᠨ ᠰᠤᠳᠤᠯᠬᠤ ᠳᠤᠭᠤᠶᠢᠯᠠᠩ 5 ᠰᠤᠮᠤ ᠰᠢᠶᠠᠩ | ᠪᠠᠯᠭᠠᠰᠤᠨ ᠳᠤ ᠭᠦᠨᠵᠡᠭᠡᠶᠢᠷᠡᠨ ᠲᠤᠬᠠᠶ ᠶᠢᠨ ᠭᠠᠵᠠᠷ ᠤᠨ ᠪᠠᠶᠢᠳᠠᠯ ᠢ ᠣᠶᠢᠯᠠᠭᠠᠵᠤ᠂ ᠪᠠᠶᠢᠴᠠᠭᠠᠨ ᠰᠤᠳᠤᠯᠤᠯᠲᠠ | ᠬᠢᠭᠰᠡᠨ ᠰᠠᠭᠤᠷᠢᠨ ᠳᠡᠭᠡᠷ᠎ᠡ ᠴᠢᠨᠠᠷ ᠰᠠᠶᠢᠲᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠪᠦᠷᠢᠯᠳᠦᠭᠦᠯᠵᠦ᠂ | 4 ᠲᠠᠯ᠎ᠠ ᠶᠢᠨ 10 ᠵᠤᠷᠪᠤᠰ ᠴᠢᠭᠯᠡᠯᠲᠦ ᠴᠢᠨᠠᠷᠲᠠᠶ ᠰᠠᠨᠠᠯ ᠵᠦᠪᠯᠡᠯᠭᠡ ᠳᠤᠷᠠᠳᠴᠤ᠂ ᠪᠠᠶᠢᠴᠠᠭᠠᠨ ᠰᠤᠳᠤᠯᠤᠯᠲᠠ ᠶᠢᠨ | ᠮᠡᠳᠡᠭᠦᠯᠦᠯᠲᠡ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠭᠰᠡᠨ ᠪᠥᠭᠡᠳ ︽ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠭᠡ ᠵᠠᠩᠭᠢ ᠶᠢᠨ ᠪᠠᠶᠢᠴᠠᠭᠠᠨ ᠰᠤᠳᠤᠯᠤᠯᠲᠠ ᠶᠢᠨ ᠲᠤᠰᠬᠠᠶ ᠰᠣᠨᠢᠨ︾ | ᠤ ᠠᠷᠭ᠎ᠠ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠳᠤ | ᠳᠡᠪᠰᠢᠭᠦᠯᠪᠡ᠂ ᠡᠨᠡ ᠨᠢ ᠮᠠᠨ ᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠬᠡᠷᠡᠭᠯᠡᠯᠲᠡ ᠳᠤ ᠠᠩᠬ᠎ᠠ ᠤᠳᠠᠭ᠎ᠠ ᠭᠠᠷᠴᠤ ᠪᠠᠶᠢᠨ᠎ᠠ᠃ | ᠠᠮᠢ ᠠᠬᠤᠶ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠰᠠᠬᠢᠨ ᠬᠠᠮᠠᠭᠠᠯᠠᠵᠠᠢ᠃ ︽ᠬᠦᠬᠡ ᠠᠭᠤᠯᠠ | ᠬᠥᠬᠡᠮᠳᠦᠭ ᠤᠰᠤ ᠪᠣᠯ ᠳᠠᠷᠤᠢ ᠠᠯᠲᠠ ᠮᠥᠩᠭᠦᠨ ᠠᠭᠤᠯᠠ ᠮᠥᠨ︾ ᠭᠡᠮᠡᠬᠦ ᠬᠥᠭᠵᠢᠯᠲᠡ ᠶᠢᠨ ᠣᠶᠢᠯᠠᠭᠠᠭᠳᠠᠬᠤᠨ ᠢ | ᠦᠢᠯᠡᠳᠦᠯᠭᠡᠵᠢᠭᠦᠯᠵᠦ᠂ ᠪᠠᠶᠢᠩᠭᠤ ᠶᠢᠨ ᠬᠤᠷᠢᠶ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠨᠤᠲᠤᠭ ᠪᠡᠯᠴᠢᠭᠡᠷ ᠤᠨ ᠬᠠᠤᠯᠢ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ | ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠠᠵᠢᠯ ᠤᠨ | ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠭᠡᠳ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠶᠢᠯᠠᠬᠤ᠂ | ᠬᠠᠤᠯᠢ ᠬᠡᠷᠡᠭᠵᠢᠭᠦᠯᠬᠦ ᠬᠦᠴᠦᠨ ᠢ ᠲᠡᠭᠦᠯᠳᠡᠷᠵᠢᠭᠦᠯᠬᠦ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ | ᠰᠠᠨᠠᠭᠤᠯᠭ᠎ᠠ ᠳᠤᠷᠠᠳᠪᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠡᠭᠦᠷᠭᠡ | ᠴᠢᠳᠠᠪᠬᠢᠳᠤ ᠰᠠᠯᠠᠭ᠎ᠠ ᠮᠥᠴᠢᠷ ᠨᠠᠷᠢᠨ ᠬᠢᠨᠠᠮᠠᠭᠠᠶ ᠪᠠᠷᠢᠮᠵᠢᠶ᠎ᠠ ᠶᠣᠰᠣᠭᠠᠷ ᠴᠡᠭᠴᠡᠯᠡᠨ ᠰᠠᠶᠢᠵᠢᠷᠠᠭᠤᠯᠵᠤ᠂ ᠨᠤᠲᠤᠭ | ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ ᠬᠠᠮᠠᠭᠠᠯᠠᠯᠲᠠ ᠶᠢ ᠴᠢᠩᠭᠠᠳᠬᠠᠵᠤ᠂ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢ ᠵᠣᠬᠢᠶᠠᠨ ᠪᠠᠶᠢᠭᠤᠯᠵᠤ᠂ ᠬᠠᠤᠯᠢ | ᠬᠡᠷᠡᠭᠵᠢᠭᠦᠯᠬᠦ ᠡᠷᠴᠢᠮ ᠢᠶᠠᠨ ᠢᠯᠡᠳᠲᠡ ᠴᠢᠩᠭᠠᠷᠠᠭᠤᠯᠪᠠ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠵᠠᠢ᠃ ᠦᠨᠳᠦᠰᠦᠲᠡᠨ ᠤ ᠣᠷᠣᠨ ᠤ ᠥᠪᠡᠷᠲᠡᠭᠡᠨ | ᠵᠠᠰᠠᠬᠤ ᠬᠠᠤᠯᠢ ᠶᠢ ᠬᠡᠷᠡᠭᠵᠢᠭᠦᠯᠦᠭᠰᠡᠨ ᠪᠠᠶᠢᠳᠠᠯ ᠢ ᠠᠩᠬᠠᠷᠴᠤ᠂ ᠦᠨᠳᠦᠰᠦᠲᠡᠨ ᠤ ᠰᠤᠷᠭᠠᠨ ᠬᠥᠮᠦᠵᠢᠯ ᠤᠨ | ᠬᠥᠭᠵᠢᠯᠲᠡ ᠵᠢᠴᠢ ᠦᠨᠳᠦᠰᠦᠲᠡᠨ ᠤ ᠰᠣᠶᠣᠯ ᠢ ᠤᠯᠠᠮᠵᠢᠯᠠᠨ ᠵᠠᠯᠭᠠᠮᠵᠢᠯᠠᠵᠤ ᠬᠠᠮᠠᠭᠠᠯᠠᠭᠰᠠᠨ ᠪᠠᠶᠢᠳᠠᠯ ᠤᠨ | ᠲᠣᠭᠤᠷᠢᠨ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠭᠤᠤᠯᠳᠠᠯᠭ᠎ᠠ ᠲᠠᠢ ᠥᠷᠨᠢᠭᠦᠯᠵᠦ᠂ ᠰᠢᠨ᠎ᠡ ᠴᠠᠭ | ᠦᠶ᠎ᠡ ᠶᠢᠨ ᠦᠨᠳᠦᠰᠦᠲᠡᠨ ᠤ ᠰᠤᠷᠭᠠᠨ ᠬᠥᠮᠦᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ᠂ ᠦᠨᠳᠦᠰᠦᠲᠡᠨ ᠤ | ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠬᠤ ᠳᠤ ᠴᠢᠭᠯᠡᠭᠦᠯᠦᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ | ᠶᠢᠨ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢ ᠨᠠᠩ ᠰᠠᠶᠢᠲᠤᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ﹀ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ | ᠬᠡᠷᠡᠭᠵᠢᠭᠦᠯᠬᠦ ᠠᠷᠭ᠎ᠠ︾ ᠶᠢ ᠲᠣᠭᠲᠠᠭᠠᠬᠤ ᠬᠠᠤᠯᠢ ᠲᠣᠭᠲᠠᠭᠠᠬᠤ ᠰᠠᠨᠠᠭᠤᠯᠭ᠎ᠠ ᠳᠤᠷᠠᠳᠴᠠᠢ᠃ ᠬᠠᠤᠯᠢ ᠴᠠᠭᠠᠵᠠ ᠶᠢᠨ | ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ | ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯ ᠢ ᠢᠳᠡᠪᠬᠢᠲᠡᠶ ᠤᠬᠠᠭᠤᠯᠵᠤ᠂ ᠨᠠᠮ ᠤᠨ ᠦᠨᠳᠦᠰᠦᠲᠡᠨ ᠤ | ᠲᠥᠷᠥ ᠶᠢᠨ ᠪᠣᠳᠣᠯᠭ᠎ᠠ ᠶᠢ ᠮᠠᠨ ᠤ ᠬᠤᠰᠢᠭᠤᠨ ᠳᠤ ᠭᠦᠨᠵᠡᠭᠡᠶ ᠬᠡᠷᠡᠭᠵᠢᠭᠦᠯᠬᠦ ᠶᠢ ᠠᠬᠢᠭᠤᠯᠵᠤ᠂ ᠬᠠᠤᠯᠢ ᠪᠠᠷ ᠵᠠᠰᠠᠬᠤ | ᠵᠠᠮ ᠳᠡᠭᠡᠷ᠎ᠡ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤᠨ ᠤ | ᠦᠷ᠎ᠡ ᠪᠦᠲᠦᠭᠡᠯ ᠢ ᠪᠠᠬᠢᠵᠢᠭᠦᠯᠵᠡᠢ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠢ ᠠᠩᠬᠠᠷᠴᠠᠢ᠃ ᠶᠡᠷᠦᠩᠬᠡᠢ ᠱᠦᠵᠢ ᠰᠢ ᠶᠢᠨ ᠫᠢᠩ᠄ ︽ᠪᠦᠬᠦ | ᠠᠷᠠᠳ ᠤᠨ ᠡᠷᠡᠭᠦᠯ ᠮᠡᠨᠳᠦ ᠪᠠᠶᠢᠬᠤ ᠦᠭᠡᠢ ᠪᠣᠯ ᠪᠦᠬᠦ ᠲᠠᠯ᠎ᠠ ᠶᠢᠨ ᠴᠢᠨᠡᠭᠡᠯᠢᠭ ᠨᠡᠶᠢᠭᠡᠮ ᠪᠠᠶᠢᠵᠤ ᠴᠢᠳᠠᠬᠤ ᠦᠭᠡᠢ︾ | ᠃ ᠦᠨᠳᠦᠰᠦᠨ ᠱᠠᠲᠤᠨ ᠤ ᠤᠯᠠᠨ ᠨᠡᠶᠢᠲᠡ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠡᠩᠨᠡᠭᠡᠨ ᠤ | ᠪᠠᠶᠢᠭᠤᠯᠤᠯᠲᠠ ᠶᠢ ᠬᠡᠷᠬᠢᠨ ᠨᠡᠩ ᠪᠦᠲᠦᠮᠵᠢᠲᠡᠢ ᠪᠠᠷ ᠴᠢᠩᠭᠠᠳᠬᠠᠵᠤ᠂ ᠦᠨᠳᠦᠰᠦᠨ ᠱᠠᠲᠤᠨ ᠤ ᠤᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠰᠢᠰᠲ᠋ᠧᠮ ᠤᠨ ᠳᠤᠲᠠᠭᠤᠳᠠᠯ ᠢ ᠨᠥᠬᠦᠪᠥᠷᠢᠯᠡᠬᠦ ᠪᠣᠯ ᠵᠠᠰᠠᠭ ᠤᠨ ᠣᠷᠳᠣᠨ ᠤ ᠡᠷᠡᠭᠦᠯ | ᠬᠠᠮᠠᠭᠠᠯᠠᠯ ᠤᠨ ᠠᠵᠢᠯ ᠤᠨ ᠨᠢᠭᠡᠨ ᠴᠢᠬᠤᠯᠠ ᠡᠭᠦᠷᠭᠡ ᠮᠥᠨ᠂ ᠪᠠᠰᠠ ᠴᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠠᠩᠬᠠᠷᠬᠤ ᠭᠤᠣᠯᠳᠠᠯᠭ᠎ᠠ ᠮᠥᠨ᠃ ᠬᠤᠰᠢᠭᠤᠨ ᠤ ᠨᠠᠮ ᠤᠨ ᠬᠤᠷᠢᠶᠠᠨ ᠤ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ 8 ᠰᠤᠮᠤ ᠰᠢᠶᠠᠩ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ ᠶᠢᠨ ᠡᠷᠡᠭᠦᠯ | ᠬᠠᠮᠠᠭᠠᠯᠠᠯ ᠤᠨ ᠬᠤᠷᠢᠶ᠎ᠠ ᠳᠤ ᠭᠦᠨᠵᠡᠭᠡᠶᠢᠷᠡᠨ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ | ᠮᠡᠳᠡᠭᠦᠯᠦᠯᠲᠡ ᠶᠢ ᠰᠣᠨᠣᠰᠬᠤ᠂ ᠶᠠᠷᠢᠯᠴᠠᠨ ᠰᠣᠯᠢᠯᠴᠠᠬᠤ᠂ ᠲᠠᠰᠢᠷᠠᠮ ᠤᠨ ᠰᠤᠭᠤᠴᠢᠨ ᠪᠠᠶᠢᠴᠠᠭᠠᠬᠤ ᠵᠡᠷᠭᠡ ᠠᠷᠭ᠎ᠠ | ᠬᠡᠯᠪᠡᠷᠢ ᠪᠠᠷ ᠪᠠᠶᠢᠴᠠᠭᠠᠨ ᠰᠤᠳᠤᠯᠤᠯᠲᠠ ᠬᠢᠵᠦ᠂ ᠮᠠᠨ ᠤ ᠬᠤᠰᠢᠭᠤᠨ ᠤ ᠦᠨᠳᠦᠰᠦᠨ ᠱᠠᠲᠤᠨ ᠤ ᠡᠮ ᠡᠮᠨᠡᠯᠭᠡ | ᠡᠷᠡᠭᠦᠯ ᠬᠠᠮᠠᠭᠠᠯᠠᠯ ᠤᠨ ᠡᠩᠨᠡᠭᠡᠨ ᠤ ᠣᠷᠣᠨ ᠲᠤᠭ᠎ᠠ ᠳᠤ ᠪᠠᠶᠢᠭ᠎ᠠ ᠬᠥᠮᠦᠰ ᠤᠨ ᠨᠠᠰᠤ ᠠᠬᠢᠭᠰᠠᠨ᠂ ᠰᠤᠷᠤᠯᠭ᠎ᠠ ᠶᠢᠨ | ᠨᠠᠮᠲᠠᠷ ᠪᠠ ᠮᠡᠷᠭᠡᠵᠢᠯ ᠤᠨ ᠴᠣᠯᠠ ᠶᠢᠨ ᠪᠦᠲᠦᠴᠡ ᠵᠣᠬᠢᠰ ᠥᠬᠡᠶ᠂ ᠠᠵᠢᠯ ᠡᠷᠭᠢᠯᠡᠬᠦ ᠬᠢᠷᠢ ᠬᠡᠮ ᠪᠠ ᠠᠵᠢᠯ ᠤᠨ | ᠪᠠᠶᠢᠷᠢ ᠵᠣᠬᠢᠴᠠᠯᠳᠤᠬᠤ ᠥᠬᠡᠶ ᠵᠡᠷᠭᠡ ᠠᠰᠠᠭᠤᠳᠠᠯ ᠳᠤ ᠴᠢᠭᠯᠡᠭᠦᠯᠦᠨ᠂ ᠦᠨᠳᠦᠰᠦᠨ ᠱᠠᠲᠤᠨ ᠤ ᠡᠮ ᠡᠮᠨᠡᠯᠭᠡ | ᠡᠷᠡᠭᠦᠯ ᠬᠠᠮᠠᠭᠠᠯᠠᠯ ᠤᠨ ᠡᠩᠨᠡᠭᠡᠨ ᠤ ᠪᠠᠶᠢᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ᠂ ᠦᠨᠳᠦᠰᠦᠨ | ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠪᠣᠯᠪᠠᠰᠤᠷᠠᠭᠤᠯᠤᠨ ᠬᠥᠮᠦᠵᠢᠭᠦᠯᠬᠦ ᠡᠷᠴᠢᠮ ᠢ | ᠴᠢᠩᠭᠠᠷᠠᠭᠤᠯᠬᠤ ᠵᠡᠷᠭᠡ ᠰᠠᠨᠠᠭᠤᠯᠭ᠎ᠠ ᠳᠤᠷᠠᠳᠪᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠠ ᠡᠷᠡᠭᠦᠯ | ᠬᠠᠮᠠᠭᠠᠯᠠᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢᠳᠡᠪᠬᠢᠲᠡᠢ ᠠᠵᠢᠯᠯᠠᠵᠤ᠂ ᠤᠷᠢᠨ ᠬᠡᠷᠡᠭᠯᠡᠬᠦ ᠪᠣᠯᠪᠠᠰᠤᠷᠠᠯ᠂ | ᠦᠷᠭᠦᠯᠵᠢᠯᠡᠭᠰᠡᠨ ᠰᠤᠷᠭᠠᠨ ᠬᠥᠮᠦᠵᠢᠯ ᠵᠡᠷᠭᠡ ᠣᠯᠠᠨ ᠬᠡᠯᠪᠡᠷᠢ ᠶᠢ ᠠᠪᠴᠤ᠂ ᠦᠨᠳᠦᠰᠦᠨ ᠱᠠᠲᠤᠨ ᠤ ᠡᠮ | ᠡᠮᠨᠡᠯᠭᠡ ᠶᠢᠨ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠦᠨᠳᠦᠰᠦᠨ ᠱᠠᠲᠤᠨ ᠤ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠡᠢ᠃ | ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠵᠠᠢ᠃ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠶᠢᠨ ︽ᠬᠠᠤᠯᠢ ᠴᠠᠭᠠᠵᠠ ᠶᠢᠨ ᠲᠣᠭᠤᠷᠢᠨ ᠪᠠᠶᠢᠴᠠᠭᠠᠯᠲᠠ︾ ᠶᠢᠨ ᠬᠤᠷᠴᠠ ᠰᠡᠯᠡᠮ᠎ᠡ ᠶᠢᠨ | ᠦᠢᠯᠡᠳᠦᠯ ᠢ ᠪᠠᠳᠠᠷᠠᠭᠤᠯᠵᠤ᠂ ᠤᠷᠢᠳ ᠬᠤᠵᠢᠳ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ᠂ | ᠲᠥᠰᠦᠪ ᠤᠨ ᠬᠠᠤᠯᠢ᠂ ᠨᠤᠲᠤᠭ ᠪᠡᠯᠴᠢᠭᠡᠷ ᠤᠨ ︽ᠨᠢᠭᠡ ᠬᠠᠤᠯᠢ ᠨᠢᠭᠡ ᠲᠦᠷᠢᠮ︾᠂ ᠢᠳᠡᠭᠡᠨ ᠤ ᠠᠮᠤᠷ | ᠲᠦᠪᠰᠢᠨ ᠤ ᠬᠠᠤᠯᠢ ᠶᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠵᠤ᠂ ᠬᠠᠤᠯᠢ ᠴᠠᠭᠠᠵᠠ ᠶᠢᠨ ᠤᠬᠠᠭᠤᠯᠭ᠎ᠠ᠂ | ᠬᠠᠤᠯᠢ ᠬᠡᠷᠡᠭᠵᠢᠭᠦᠯᠬᠦ ᠣᠷᠴᠢᠨ ᠲᠣᠭᠤᠷᠢᠨ ᠵᠡᠷᠭᠡ ᠠᠰᠠᠭᠤᠳᠠᠯ ᠳᠤ ᠴᠢᠭᠯᠡᠭᠦᠯᠦᠨ ᠬᠠᠯᠠᠨ ᠰᠠᠶᠢᠵᠢᠷᠠᠭᠤᠯᠬᠤ ᠰᠠᠨᠠᠯ | ᠳᠤᠷᠠᠳᠴᠤ᠂ ᠬᠢᠨᠠᠯᠲᠠ ᠲᠠᠯᠪᠢᠬᠤ ᠪᠣᠳᠠᠲᠠᠢ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠠᠳᠴᠢᠯᠠᠯ ᠢᠶᠠᠷ | ᠬᠠᠤᠯᠢ ᠲᠣᠭᠲᠠᠭᠠᠬᠤ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ︽123︾ ᠲᠥᠯᠥᠪᠯᠡᠭᠡ ᠶᠢ ᠰᠦᠪᠡᠭᠴᠢᠯᠡᠨ | ᠬᠡᠷᠡᠭᠵᠢᠭᠦᠯᠵᠦ᠂ ᠬᠠᠤᠯᠢ ᠲᠣᠭᠲᠠᠭᠠᠬᠤ ᠠᠷᠠᠳ ᠤᠨ ᠰᠠᠨᠠᠭ᠎ᠠ ᠶᠢ ᠪᠦᠬᠦᠨ ᠢ ᠬᠠᠮᠤᠷᠬᠤ ᠶᠢ ᠴᠢᠷᠮᠠᠶᠢᠨ ᠪᠡᠶᠡᠯᠡᠭᠦᠯᠪᠡ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠤᠯᠠᠭᠠᠨᠮᠣᠳᠣ ᠳᠠᠬᠢ ᠬᠠᠤᠯᠢ ᠲᠣᠭᠲᠠᠭᠠᠬᠤ ᠬᠠᠷᠢᠴᠠᠬᠤ ᠴᠢᠭ ᠲᠤ ᠲᠦᠰᠢᠭᠯᠡᠨ ᠪᠥᠬᠦ ᠵᠢᠯ ᠳᠤ | ᠥᠪᠡᠷᠲᠡᠭᠡᠨ ᠵᠠᠰᠠᠬᠤ ᠣᠷᠣᠨ ᠤ 8 ᠬᠠᠤᠯᠢ ᠲᠣᠭᠲᠠᠭᠠᠯ ᠤᠨ ᠲᠥᠰᠦᠯ ᠤᠨ ᠲᠣᠭᠤᠷᠢᠨ ᠳᠤ 100 ᠭᠠᠷᠤᠶ ᠬᠤᠪᠢ | ᠰᠠᠨᠠᠯ ᠬᠤᠷᠢᠶᠠᠬᠤ ᠵᠠᠬᠢᠳᠠᠯ ᠲᠠᠷᠬᠠᠭᠠᠵᠤ᠂ 6 ᠤᠳᠠᠭ᠎ᠠ ᠰᠠᠭᠤᠳᠠᠯ ᠬᠤᠷᠠᠯ ᠬᠤᠷᠠᠯᠳᠤᠭᠤᠯᠵᠤ᠂ 28 ᠵᠤᠷᠪᠤᠰ | ᠰᠠᠨᠠᠯ ᠵᠦᠪᠯᠡᠯᠭᠡ ᠬᠤᠷᠢᠶᠠᠨ᠂ 11 ᠵᠤᠷᠪᠤᠰ ᠢ ᠳᠡᠭᠡᠭᠰᠢ ᠮᠡᠳᠡᠭᠦᠯᠵᠦ᠂ ᠵᠠᠰᠠᠪᠤᠷᠢ ᠣᠷᠣᠭᠤᠯᠬᠤ ᠰᠠᠨᠠᠭᠤᠯᠭ᠎ᠠ ᠶᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | 8 ᠵᠤᠷᠪᠤᠰ ᠬᠡᠷᠡᠭᠯᠡᠭᠰᠡᠨ ᠪᠥᠭᠡᠳ ᠬᠠᠮᠢᠶ᠎ᠠ ᠪᠥᠬᠦᠶ ᠬᠠᠤᠯᠢ ᠲᠣᠭᠲᠠᠭᠠᠯ ᠪᠤᠶᠤ ᠰᠢᠢᠳᠪᠦᠷᠢ ᠳᠤ ᠪᠢᠴᠢᠵᠦ | ᠣᠷᠣᠭᠤᠯᠪᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠴᠢᠭᠡᠷᠯᠡᠭᠦᠯᠬᠦ ᠶᠢ ᠴᠠᠭᠠᠵᠠᠯᠠᠵᠤ | ᠪᠢᠲᠡᠭᠦᠮᠵᠢᠯᠡᠨ ᠬᠥᠮᠦᠵᠢᠭᠦᠯᠬᠦ ᠲᠦᠷᠢᠮ︾ ᠢ ᠨᠡᠶᠢᠲᠡᠯᠡᠬᠦ ᠲᠤᠬᠠᠶ ᠬᠠᠤᠯᠢ ᠲᠣᠭᠲᠠᠭᠠᠬᠤ ᠰᠠᠨᠠᠭᠤᠯᠭ᠎ᠠ ᠶᠢ ᠥᠪᠡᠷᠲᠡᠭᠡᠨ | ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 2021 | ᠣᠨ ᠤ ᠬᠠᠤᠯᠢ ᠲᠣᠭᠲᠠᠭᠠᠬᠤ ᠲᠥᠯᠥᠪᠯᠡᠭᠡ ᠳᠤ ᠣᠷᠣᠭᠤᠯᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢ ᠬᠠᠮᠵᠢᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠪᠠ ᠬᠠᠤᠯᠢ ᠴᠠᠭᠠᠵᠠ ᠶᠢᠨ ᠦᠨᠡᠯᠡᠨ | ᠵᠢᠱᠢᠯᠲᠡ ᠶᠢᠨ ᠬᠠᠮᠢᠶᠠᠷᠤᠯᠲᠠ ᠶᠢᠨ ᠠᠷᠭ᠎ᠠ︾ ᠶᠢᠨ ᠡᠮᠦᠨᠡᠬᠢ ᠬᠤᠭᠤᠴᠠᠭᠠᠨ ᠤ ᠬᠠᠤᠯᠢ ᠲᠣᠭᠲᠠᠭᠠᠬᠤ ᠪᠠᠶᠢᠴᠠᠭᠠᠨ | ᠰᠤᠳᠤᠯᠤᠯᠲᠠ ᠶᠢ ᠥᠷᠨᠢᠭᠦᠯᠪᠡ᠃ 2020 ᠣᠨ ᠤ ᠡᠴᠦᠰ ᠲᠤ᠂ ᠤᠯᠠᠭᠠᠨᠮᠣᠳᠣ ᠳᠠᠬᠢ ᠬᠠᠤᠯᠢ ᠬᠠᠷᠢᠯᠴᠠᠬᠤ | ᠴᠢᠭ ᠲᠣᠭᠲᠠᠭᠠᠬᠤ ᠪᠥᠬᠦ ᠣᠷᠣᠨ ᠤ ᠬᠠᠤᠯᠢ ᠲᠣᠭᠲᠠᠭᠠᠬᠤ ᠠᠵᠢᠯ ᠳᠤ ᠣᠷᠣᠯᠴᠠᠵᠤ᠂ ᠬᠢᠩᠭᠠᠨ ᠠᠶᠢᠮᠠᠭ ᠤᠨ | ᠠᠩᠬᠠᠳᠤᠭᠠᠷ ᠬᠤᠭᠤᠴᠠᠭᠠᠨ ᠤ ︽ᠠᠷᠪᠠᠨ ᠶᠡᠭᠡ ᠬᠠᠤᠯᠢ ᠪᠠᠷ ᠵᠠᠰᠠᠬᠤ ᠬᠡᠷᠡᠭ ᠶᠠᠪᠤᠳᠠᠯ︾ ᠤᠨ ᠨᠢᠭᠡ ᠪᠠᠷ | ᠦᠨᠡᠯᠡᠭᠳᠡᠪᠡ᠃ | ᠭᠤᠷᠪᠠ᠂ ᠲᠥᠯᠥᠭᠡᠯᠡᠭᠴᠢ ᠶᠢᠨ ᠪᠠᠶᠢᠷᠢ ᠰᠠᠭᠤᠷᠢ ᠶᠢ ᠲᠤᠪᠤᠶᠢᠯᠭᠠᠵᠤ᠂ ᠲᠥᠯᠥᠭᠡᠯᠡᠭᠴᠢ ᠶᠢᠨ ᠡᠭᠦᠷᠭᠡ | ᠲᠤᠰᠢᠶᠠᠯ ᠢᠶᠠᠨ ᠭᠦᠢᠴᠡᠳᠬᠡᠬᠦ ᠶᠢ ᠪᠠᠲᠤᠯᠠᠬᠤ ᠳᠤᠮᠳᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠰᠠᠭᠤᠷᠢ ᠶᠢ ᠪᠠᠲᠤᠵᠢᠭᠤᠯᠪᠠ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠥᠯᠥᠭᠡᠯᠡᠭᠴᠢᠳ ᠤᠨ ᠪᠡᠶᠡᠴᠢ | ᠴᠣᠭᠴᠠ ᠶᠢᠨ ᠪᠠᠶᠢᠷᠢ ᠰᠠᠭᠤᠷᠢ ᠶᠢ ᠬᠦᠨᠳᠦᠳᠬᠡᠬᠦ ᠶᠢ ᠢᠮᠠᠭᠲᠠ ᠪᠠᠷᠢᠮᠲᠠᠯᠠᠵᠤ᠂ ᠲᠥᠯᠥᠭᠡᠯᠡᠭᠴᠢᠳ ᠤᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠠᠷᠭ᠎ᠠ ᠵᠠᠮ ᠢ ᠥᠷᠭᠡᠳᠬᠡᠨ᠂ ᠲᠥᠯᠥᠭᠡᠯᠡᠭᠴᠢᠳ ᠤᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠬᠠᠯᠠᠭᠤᠨ ᠰᠡᠳᠬᠢᠯᠭᠡ ᠶᠢ ᠬᠥᠭᠵᠢᠭᠡᠵᠦ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢᠶᠠᠨ ᠪᠦᠲᠦᠮᠵᠢᠲᠡᠢ ᠪᠠᠳᠠᠷᠠᠭᠤᠯᠬᠤ ᠶᠢ ᠠᠬᠢᠭᠤᠯᠪᠠ᠃ | ᠲᠣᠭᠲᠠᠴᠠ ᠶᠢ ᠲᠡᠭᠦᠯᠳᠡᠷᠵᠢᠭᠦᠯᠵᠦ᠂ ᠰᠠᠨᠠᠭᠤᠯᠭ᠎ᠠ ᠶᠢ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠶᠢ | ᠳᠡᠭᠡᠭᠰᠢᠯᠡᠭᠦᠯᠵᠡᠢ᠃ ︽ᠳᠡᠭᠡᠭᠰᠢᠯᠡᠭᠦᠯᠬᠦ︾ ᠵᠠᠩᠭᠢᠯᠠᠭ᠎ᠠ ᠶᠢᠨ ᠦᠶ᠎ᠡ ᠳᠤ ᠤᠷᠢᠳᠴᠢᠯᠠᠨ ᠰᠢᠭᠦᠯᠲᠡ ᠬᠢᠬᠦ ᠠᠴᠠ | ᠡᠮᠦᠨ᠎ᠡ᠂ ᠲᠥᠯᠥᠭᠡᠯᠡᠭᠴᠢᠳ ᠤᠨ ᠰᠠᠨᠠᠭᠤᠯᠭ᠎ᠠ ᠶᠢᠨ ᠪᠣᠷᠣ ᠮᠠᠲ᠋ᠧᠷᠢᠶᠠᠯ ᠢ ᠠᠩᠬ᠎ᠠ ᠬᠢᠨᠠᠬᠤ ᠪᠤᠯᠪᠠᠰᠤᠷᠠᠯ ᠤᠨ | ᠬᠤᠷᠠᠯ ᠢ ᠬᠤᠷᠠᠯᠳᠤᠭᠤᠯᠵᠤ᠂ ᠰᠠᠨᠠᠭᠤᠯᠭ᠎ᠠ ᠶᠢᠨ ᠪᠣᠷᠣ ᠮᠠᠲ᠋ᠧᠷᠢᠶᠠᠯ ᠳᠤ ᠠᠩᠬ᠎ᠠ ᠠᠯᠬᠤᠮ ᠤᠨ ᠬᠢᠨᠠᠨ ᠪᠠᠶᠢᠴᠠᠭᠠᠯᠲᠠ | ᠬᠢᠵᠦ᠂ ᠲᠥᠯᠥᠭᠡᠯᠡᠭᠴᠢᠳ ᠤᠨ ᠰᠠᠨᠠᠭᠤᠯᠭ᠎ᠠ ᠶᠢᠨ ᠪᠦᠬᠦᠯᠢ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠪᠡ᠃ ︽ | ᠲᠤᠰᠢᠶᠠᠬᠤ︾ ᠭᠤᠭᠴᠤᠭ᠎ᠠ ᠶᠢ ᠨᠢᠭᠡᠳ ᠨᠢᠭᠡ ᠪᠠᠷ ᠡᠮᠬᠢᠯᠡᠵᠦ᠂ ᠬᠤᠪᠢᠳᠠᠨ ᠭᠦᠢᠴᠡᠳᠭᠡᠬᠦ ᠶᠢ ᠣᠨᠣᠪᠴᠢᠲᠠᠶ | ᠨᠠᠶᠢᠳᠠᠪᠤᠷᠢᠵᠢᠭᠤᠯᠬᠤ᠂ ᠭᠤᠤᠯᠯᠠᠨ ᠡᠷᠭᠢᠯᠡᠬᠦ᠂ ᠬᠠᠮᠵᠢᠯᠴᠠᠨ ᠭᠦᠢᠴᠡᠳᠭᠡᠬᠦ ᠡᠭᠦᠷᠭᠡ ᠬᠠᠷᠢᠭᠤᠴᠠᠯᠭ᠎ᠠ ᠲᠣᠳᠣᠷᠬᠠᠶ | ᠪᠠᠶᠢᠬᠤ ᠶᠢ ᠦᠨᠡᠨ ᠬᠦ ᠪᠠᠲᠤᠯᠠᠵᠡᠢ᠃ ︽ᠰᠢᠪᠠᠳᠠᠬᠤ︾ ᠶᠠᠪᠤᠴᠠ ᠳᠤ ᠴᠡᠭ ᠨᠡᠶᠢᠳᠡᠮ ᠢ ᠤᠶᠠᠯᠳᠤᠭᠤᠯᠤᠨ᠂ | ᠭᠤᠣᠯᠳᠠᠯᠭ᠎ᠠ ᠲᠠᠢ ᠰᠠᠨᠠᠭᠤᠯᠭ᠎ᠠ ᠶᠢ ᠰᠢᠪᠠᠳᠠᠨ ᠰᠢᠢᠳᠪᠦᠷᠢᠯᠡᠭᠦᠯᠬᠦ ᠪᠠ ᠲᠥᠯᠥᠭᠡᠯᠡᠭᠴᠢᠳ ᠢ ᠪᠦᠬᠦ ᠲᠠᠯ᠎ᠠ ᠪᠠᠷ | ᠰᠤᠷᠪᠤᠯᠵᠢᠯᠠᠬᠤ ᠶᠢ ᠵᠡᠷᠭᠡ ᠪᠠᠷ ᠶᠠᠪᠤᠭᠳᠠᠭᠤᠯᠬᠤ ᠶᠢ ᠪᠠᠷᠢᠮᠲᠠᠯᠠᠵᠤ᠂ ᠲᠤᠰᠬᠠᠢ ᠠᠵᠢᠯ ᠤᠨ ᠮᠡᠳᠡᠭᠦᠯᠦᠯᠲᠡ ᠬᠠᠨᠤᠮᠵᠢ | ᠦᠭᠡᠢ ᠬᠡᠷᠡᠭ ᠤᠨ ᠲᠤᠰᠬᠠᠢ ᠰᠡᠳᠦᠪᠲᠦ ᠶᠠᠷᠢᠯᠴᠠᠬᠤ ᠬᠤᠷᠠᠯ ᠪᠠ ᠶᠢ ᠰᠣᠨᠣᠰᠬᠤ ᠶᠢ ᠵᠡᠷᠭᠡ ᠪᠠᠷ ᠶᠠᠪᠤᠭᠤᠯᠵᠤ᠂ | ᠲᠥᠯᠥᠭᠡᠯᠡᠭᠴᠢ ᠶᠢᠨ ᠰᠠᠨᠠᠭᠤᠯᠭ᠎ᠠ ᠶᠢ ᠪᠦᠬᠦᠨ ᠢ ᠰᠢᠢᠳᠪᠦᠷᠢᠯᠡᠵᠦ ᠳᠠᠭᠤᠰᠬᠠᠪᠠ᠃ | ᠪᠦᠬᠦ ᠲᠠᠯ᠎ᠠ ᠪᠠᠷ ᠪᠠᠶᠢᠴᠠᠭᠠᠨ ᠰᠤᠳᠤᠯᠵᠤ᠂ ᠲᠥᠯᠥᠭᠡᠯᠡᠭᠴᠢᠳ ᠤᠨ ᠦᠷᠦᠬᠡ ᠶᠢᠨ ᠶᠠᠰᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ | ᠪᠦᠯᠢ ᠶᠢᠨ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠪᠠᠲᠤᠯᠠᠬᠤ ᠶᠢᠨ ᠲᠥᠯᠥᠭᠡ᠂ ᠪᠦᠬᠦ ᠬᠤᠰᠢᠭᠤᠨ ᠤ | 40 ᠠᠷᠠᠳ ᠤᠨ ᠲᠥᠯᠥᠭᠡᠯᠡᠭᠴᠢ ᠶᠢᠨ ᠭᠡᠷ ᠪᠦᠯᠢ ( ᠠᠵᠢᠯᠯᠠᠬᠤ ᠲᠠᠰᠤᠭ ) ᠶᠢᠨ ᠠᠵᠢᠯᠯᠠᠭᠠᠨ ᠤ ᠪᠠᠶᠢᠳᠠᠯ ᠳᠤ | ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ 《 ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ | ᠤᠨ ᠲᠥᠯᠥᠭᠡᠯᠡᠭᠴᠢ ᠶᠢᠨ ᠦᠷᠦᠬᠡ ( ᠠᠵᠢᠯᠯᠠᠬᠤ ᠲᠠᠰᠤᠭ ) ᠶᠢᠨ ᠠᠵᠢᠯ ᠤᠨ ᠠᠷᠭ᠎ᠠ 》 ᠶᠢ ᠲᠤᠭᠤᠷᠪᠢᠨ | ᠪᠢᠴᠢᠪᠡ᠃ ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠭᠠᠵᠠᠷ | ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠠᠵᠢᠯᠯᠠᠭᠠᠨ ᠤ ᠠᠷᠭ᠎ᠠ ᠬᠡᠯᠪᠡᠷᠢ ᠪᠠᠨ ᠰᠢᠨᠡᠴᠢᠯᠡᠵᠦ᠂ | ᠲᠥᠯᠥᠭᠡᠯᠡᠭᠴᠢᠳ ᠤᠨ ᠭᠡᠷ ᠤᠨ ᠠᠬᠠᠮᠠᠳ ᠤᠨ ᠠᠵᠢᠯᠯᠠᠭᠠᠨ ᠤ ᠵᠣᠬᠢᠴᠠᠮᠵᠢ ᠶᠢ ᠪᠦᠷᠢᠯᠳᠦᠭᠦᠯᠦᠨ᠂ ᠪᠤᠷᠭᠠᠰᠤᠲᠠᠢ | ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠦᠷᠦᠬᠡ ᠶᠢᠨ 《 | ᠰᠡᠳᠭᠢᠯ ᠢ ᠳᠤᠯᠠᠭᠠᠯᠠᠬᠤ ᠥᠷᠲᠡᠭᠡ 》 ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠠᠷᠠᠳ ᠤᠨ ᠪᠠᠶᠢᠳᠠᠯ ᠢ ᠣᠶᠢᠯᠠᠭᠠᠬᠤ᠂ ᠣᠯᠠᠨ ᠲᠦᠮᠡᠨ ᠳᠤ ᠦᠢᠯᠡᠴᠢᠯᠡᠬᠦ᠂ ᠠᠷᠠᠳ ᠤᠨ | ᠵᠣᠪᠠᠨᠢᠯ ᠢ ᠠᠷᠢᠯᠭᠠᠬᠤ ᠰᠢᠨ᠎ᠡ ᠰᠠᠭᠤᠷᠢᠨ ᠭᠠᠵᠠᠷ ᠪᠣᠯᠵᠤ᠂ ᠵᠢᠷᠦᠬᠡᠨ ᠪᠠᠯᠭᠠᠰᠤᠨ ᠤ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠭᠡᠷ ᠪᠦᠯᠢ ᠶᠢᠨ ᠦᠢᠯᠡᠳᠦᠯᠭᠡ ᠨᠢ 《 1234 》 ᠠᠵᠢᠯ ᠤᠨ | ᠠᠷᠭ᠎ᠠ ᠶᠢ ᠪᠦᠷᠢᠯᠳᠦᠭᠦᠯᠦᠨ᠂ ᠲᠥᠯᠥᠭᠡᠯᠡᠭᠴᠢᠳ ᠤᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠬᠤ᠂ | ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠳᠤ ᠰᠢᠨ᠎ᠡ ᠠᠷᠭ᠎ᠠ | ᠵᠠᠮ ᠢ ᠰᠦᠪᠡᠭᠴᠢᠯᠡᠵᠦ ᠥᠭᠴᠡᠢ᠃ | ᠬᠦᠳᠡᠯᠭᠡᠭᠡᠨ ᠢ ᠪᠠᠶᠠᠯᠢᠭᠵᠢᠭᠤᠯᠵᠤ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠭᠡᠬᠦ ᠬᠠᠯᠠᠭᠤᠨ | ᠰᠡᠳᠬᠢᠯᠭᠡ ᠶᠢ ᠬᠥᠭᠵᠢᠭᠡᠵᠡᠢ᠃ ᠲᠥᠯᠥᠭᠡᠯᠡᠭᠴᠢᠳ ᠤᠨ ᠪᠠᠶᠢᠳᠠᠯ ᠢ ᠣᠶᠢᠯᠠᠭᠠᠵᠤ ᠵᠠᠰᠠᠭ ᠤᠨ ᠶᠠᠪᠤᠳᠠᠯ ᠢ | ᠣᠶᠢᠯᠠᠭᠠᠬᠤ ᠠᠷᠭ᠎ᠠ ᠵᠠᠮ ᠢ ᠰᠢᠯᠤᠭᠤᠳᠬᠠᠵᠤ᠂ ᠲᠥᠯᠥᠭᠡᠯᠡᠭᠴᠢᠳ ᠢ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯ ᠵᠢᠴᠢ ︽ᠨᠢᠭᠡ ᠵᠠᠰᠠᠭ ᠤᠨ ᠣᠷᠳᠣᠨ ᠨᠢᠭᠡ ᠵᠥᠪᠯᠡᠯ ᠬᠤᠶᠠᠷ | ᠬᠤᠷᠢᠶ᠎ᠠ︾ ᠶᠢᠨ ᠬᠤᠯᠪᠣᠭᠳᠠᠯ ᠪᠥᠬᠦᠶ ᠠᠵᠢᠯᠯᠠᠭ᠎ᠠ ᠳᠤ ᠰᠤᠯᠠ ᠣᠷᠣᠯᠴᠠᠭᠤᠯᠬᠤ ᠶᠢ ᠪᠠᠶᠢᠩᠭᠤᠵᠢᠭᠤᠯᠪᠠ᠃ | ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠤ ᠢᠳᠡᠪᠬᠢᠲᠡᠢ ᠪᠠᠷ ᠲᠠᠪᠴᠠᠩ ᠪᠠᠶᠢᠭᠤᠯᠤᠨ ᠥᠭᠴᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠤᠨ ︽ᠭᠤᠷᠪᠠᠨ | ᠪᠠᠶᠢᠴᠠᠭᠠᠯᠲᠠ ︵ᠬᠢᠨᠠᠯᠲᠠ︶ ᠨᠢᠭᠡ ᠦᠨᠡᠯᠡᠯᠲᠡ︾ ᠶᠢᠨ ᠠᠵᠢᠯᠯᠠᠭ᠎ᠠ ᠳᠤ ᠣᠷᠣᠯᠴᠠᠭᠤᠯᠵᠤ᠂ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠳᠤ ᠬᠢᠨᠠᠯᠲᠠ ᠲᠠᠯᠪᠢᠬᠤ ᠵᠡᠷᠭᠡ ᠠᠵᠢᠯ ᠤᠨ ᠳᠤᠮᠳᠠ ᠲᠥᠯᠥᠭᠡᠯᠡᠭᠴᠢ ᠶᠢᠨ | ᠦᠢᠯᠡᠳᠦᠯ ᠢ ᠨᠠᠩ ᠰᠠᠶᠢᠨ ᠪᠠᠳᠠᠷᠠᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠬᠡᠪ ᠴᠢᠨᠠᠷ ᠢ ᠳᠡᠭᠡᠭᠰᠢᠯᠡᠭᠦᠯᠬᠦ ᠰᠢᠷᠢᠰ ᠠᠵᠢᠯᠯᠠᠭ᠎ᠠ ᠶᠢ ᠥᠷᠭᠡᠳᠬᠡᠵᠦ᠂ ︽ᠰᠢᠨ᠎ᠡ ᠴᠠᠭ | ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ︾ ᠡᠭᠦᠷᠭᠡ | ᠲᠤᠰᠢᠶᠠᠯ ᠢᠶᠠᠨ ᠭᠦᠢᠴᠡᠳᠭᠡᠬᠦ ᠮᠡᠳᠡᠯᠭᠡ ᠶᠢᠨ ᠤᠷᠤᠯᠳᠤᠭᠠᠨ ᠢ ᠠᠮᠵᠢᠯᠲᠠ ᠲᠠᠢ ᠡᠷᠭᠢᠯᠡᠵᠦ᠂ ᠤᠷᠤᠯᠳᠤᠭᠠᠨ ᠢᠶᠠᠷ | ᠰᠤᠷᠤᠯᠴᠠᠯᠭ᠎ᠠ ᠶᠢ ᠠᠬᠢᠭᠤᠯᠵᠤ᠂ ᠰᠤᠷᠤᠯᠴᠠᠯᠭ᠎ᠠ ᠪᠠᠷ ᠬᠡᠷᠡᠭᠯᠡᠯᠲᠡ ᠶᠢ ᠠᠬᠢᠭᠤᠯᠪᠠ᠃ | ᠳᠥᠷᠪᠡ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂ ᠠᠷᠠᠳ ᠲᠦᠮᠡᠨ ᠢᠶᠠᠷ ᠭᠤᠤᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠬᠡᠵᠢᠬᠦᠯᠬᠦ ᠳᠤᠮᠳᠠ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠮᠢᠵᠢᠷᠠᠯ ᠤᠨ ᠬᠦᠴᠦᠨ ᠢ ᠪᠠᠳᠠᠷᠠᠭᠤᠯᠵᠠᠢ | ᠪᠢᠯᠧᠲ ᠢᠶᠠᠷ ᠰᠢᠢᠳᠪᠦᠷᠢ ᠭᠠᠷᠭᠠᠬᠤ ᠲᠦᠷᠢᠮ ᠤᠨ ᠲᠤᠷᠰᠢᠯᠲᠠ ᠶᠢᠨ ᠴᠢᠭ ᠤᠨ ᠠᠵᠢᠯ ᠢ ᠭᠦᠨᠵᠡᠭᠡᠶᠢᠷᠡᠭᠦᠯᠵᠦ᠂ | ᠬᠤᠰᠢᠭᠤᠨ ᠤ ᠲᠣᠰ ᠱᠠᠲᠤᠨ ᠤ ᠪᠠ ᠲᠤᠷᠰᠢᠯᠲᠠ ᠶᠢᠨ ᠴᠢᠭ ᠪᠤᠯᠭᠠᠭᠰᠠᠨ ᠰᠢᠶᠠᠩ ᠪᠠᠯᠭᠠᠰᠤ ᠪᠥᠬᠦ ᠵᠢᠯ ᠳᠤ ᠨᠡᠶᠢᠲᠡ | 19 ᠵᠤᠶᠢᠯ ᠤᠨ ᠠᠷᠠᠳ ᠤᠨ ᠠᠮᠢᠳᠤᠷᠠᠯ ᠤᠨ ᠪᠣᠳᠠᠲᠤ ᠲᠥᠷᠥᠯ ᠵᠦᠢᠯ ᠢ ᠪᠢᠯᠧᠲ ᠢᠶᠠᠷ ᠰᠢᠢᠳᠪᠦᠷᠢ ᠭᠠᠷᠭᠠᠵᠤ᠂ | ᠪᠣᠳᠠᠲᠠᠢ ᠪᠡᠯᠡ ᠣᠷᠣᠭᠤᠯᠤᠯᠲᠠ 11819.35 ᠲᠦᠮᠡᠨ ᠲᠥᠭᠦᠷᠢᠭ᠂ ᠨᠢᠭᠡ ᠪᠦᠯᠦᠭ ᠣᠯᠠᠨ ᠲᠦᠮᠡᠨ ᠤ ᠪᠠᠴᠢᠮ | ᠬᠦᠴᠢᠷ ᠵᠣᠪᠠᠭᠤᠷᠢ ᠲᠠᠢ ᠠᠰᠠᠭᠤᠳᠠᠯ ᠢ ᠰᠢᠢᠳᠪᠦᠷᠢᠯᠡᠪᠡ᠃ ᠠᠷᠠᠳ ᠤᠨ ᠠᠮᠢᠳᠤᠷᠠᠯ ᠤᠨ ᠪᠣᠳᠠᠲᠤ ᠲᠥᠷᠥᠯ | ᠵᠤᠶᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠢᠯᠧᠲ ᠢᠶᠠᠷ ᠰᠢᠢᠳᠪᠦᠷᠢ | ᠭᠠᠷᠭᠠᠬᠤ ᠲᠦᠷᠢᠮ ᠨᠢ ᠨᠢᠭᠡᠨᠲᠡ ᠲᠥᠯᠥᠭᠡᠯᠡᠭᠴᠢᠳ ᠤᠨ ︽ᠠᠷᠠᠳ ᠲᠦᠮᠡᠨ ᠤ ᠲᠥᠯᠥᠭᠡ ᠡᠷᠬᠡ ᠪᠠᠨ ᠬᠡᠷᠡᠭᠯᠡᠬᠦ᠂ | ᠠᠷᠠᠳ ᠲᠦᠮᠡᠨ ᠤ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ᠂ ᠠᠷᠠᠳ ᠲᠦᠮᠡᠨ ᠳᠤ ᠦᠢᠯᠡᠴᠢᠯᠡᠬᠦ︾ | ᠶᠢ ᠪᠡᠶᠡᠯᠡᠭᠦᠯᠬᠦ ᠴᠢᠬᠤᠯᠠ ᠠᠷᠭ᠎ᠠ ᠵᠠᠮ ᠪᠣᠯᠤᠭᠰᠠᠨ ᠪᠠᠶᠢᠨ᠎ᠠ᠃ | ᠠᠷᠠᠳ ᠤᠨ ᠠᠮᠢᠳᠤᠷᠠᠯ ᠤᠨ ᠲᠥᠷᠥᠯ ᠵᠤᠶᠢᠯ ᠢ ᠴᠤᠭᠯᠠᠭᠤᠯᠬᠤ ᠳᠤ ᠦᠨᠡᠨ ᠢ ᠪᠠᠷᠢᠮᠲᠠᠯᠠᠵᠤ ᠤᠷᠢᠳᠴᠢᠯᠠᠨ | ᠬᠢᠵᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠣᠯᠠᠨ ᠲᠦᠮᠡᠨ ᠲᠠᠢ ᠨᠢᠭᠲᠠ ᠬᠠᠷᠢᠯᠴᠠᠬᠤ | ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ᠂ ᠰᠠᠭᠤᠳᠠᠯ ᠤᠨ | ᠬᠤᠷᠠᠯ ᠬᠢᠬᠦ ᠪᠠ ᠰᠤᠷᠪᠤᠯᠵᠢᠯᠠᠬᠤ ᠵᠡᠷᠭᠡ ᠣᠯᠠᠨ ᠵᠤᠶᠢᠯ ᠤᠨ ᠬᠡᠯᠪᠡᠷᠢ ᠳᠤ ᠲᠦᠰᠢᠭᠯᠡᠨ᠂ ᠠᠷᠠᠳ ᠣᠯᠠᠨ ᠤ ᠰᠠᠨᠠᠯ ᠢ | ᠥᠷᠭᠡᠨ ᠢᠶᠠᠷ ᠰᠣᠨᠣᠰᠪᠠ᠃ ︽ᠭᠤᠷᠪᠠ ᠶᠢ ᠰᠣᠩᠭᠤᠬᠤ ᠭᠤᠷᠪᠠ ᠶᠢ ᠢᠯᠡᠳᠬᠡᠬᠦ︾ ᠴᠤᠪᠤᠷᠠᠯ ᠢᠶᠠᠷ ᠵᠢᠱᠢᠭᠳᠡᠭᠰᠡᠨ | ᠲᠥᠷᠥᠯ ᠵᠤᠶᠢᠯ ᠢ ᠲᠣᠭᠲᠠᠭᠠᠵᠤ᠂ ᠣᠯᠠᠨ ᠲᠦᠮᠡᠨ ᠤ ᠬᠦᠰᠡᠯ ᠡᠷᠡᠮᠡᠯᠵᠡᠯ ᠢ ᠣᠨᠣᠪᠴᠢᠲᠠᠶ ᠲᠤᠰᠬᠠᠬᠤ ᠪᠠᠷ | ᠴᠢᠷᠮᠠᠶᠢᠵᠤ᠂ ᠠᠷᠠᠳ ᠤᠨ ᠠᠮᠢᠳᠤᠷᠠᠯ ᠤᠨ ᠬᠡᠷᠡᠭᠴᠡᠭᠡ ᠶᠢᠨ ᠬᠠᠮᠤᠭ ᠤᠨ ᠶᠡᠭᠡ ᠶᠡᠷᠦᠩᠬᠡᠶ ᠬᠤᠷᠢᠶᠠᠭᠴᠢ ᠲᠤᠭ᠎ᠠ ᠶᠢ | ᠪᠡᠶᠡᠯᠡᠭᠦᠯᠵᠡᠢ᠃ ᠦᠨᠳᠦᠰᠦᠨ ᠱᠠᠲᠤᠨ ᠤ ᠲᠥᠯᠥᠭᠡᠯᠡᠭᠴᠢᠳ ᠤᠨ ᠳᠤᠷᠠᠳᠤᠭᠰᠠᠨ ᠣᠢ ᠵᠢᠮᠢᠰ ᠤᠨ ᠠᠵᠤ ᠦᠢᠯᠡᠰ ᠢ | ᠬᠥᠭᠵᠢᠭᠦᠯᠬᠦ ᠲᠥᠷᠥᠯ ᠵᠦᠢᠯ ᠨᠢ ᠬᠤᠶᠠᠷ ᠵᠢᠯ ᠳᠠᠷᠠᠭᠠᠯᠠᠨ ᠬᠤᠰᠢᠭᠤᠨ ᠤ ᠱᠠᠲᠤᠨ ᠤ ᠠᠷᠠᠳ ᠤᠨ ᠠᠮᠢᠳᠤᠷᠠᠯ ᠤᠨ | ᠪᠣᠳᠠᠲᠤ ᠲᠥᠷᠥᠯ ᠵᠦᠢᠯ ᠳᠤ ᠰᠣᠩᠭᠤᠭᠳᠠᠨ ᠣᠷᠣᠵᠤ᠂ ᠮᠠᠨ ᠤ ᠬᠤᠰᠢᠭᠤᠨ ᠤ ᠣᠢ ᠵᠢᠮᠢᠰ ᠤᠨ ᠠᠵᠤ ᠦᠢᠯᠡᠰ ᠤᠨ | ᠬᠡᠯᠬᠢᠶᠡᠵᠢᠯ ᠢ ᠲᠡᠭᠦᠯᠳᠡᠷᠵᠢᠭᠦᠯᠦᠨ᠂ ︽ᠠᠷᠠᠳ ᠲᠦᠮᠡᠨ ᠢ ᠲᠦᠯᠦᠭᠡᠯᠡᠨ ᠡᠷᠭᠡ ᠮᠡᠳᠡᠬᠦ︾ ᠠᠴᠠ ︽ᠠᠷᠠᠳ ᠲᠦᠮᠡᠨ | ᠦᠪᠡᠰᠦᠪᠡᠨ ᠡᠷᠭᠡ ᠮᠡᠳᠡᠬᠦ︾ ᠶᠢ ᠦᠨᠡᠨᠬᠦ ᠪᠡᠶᠡᠯᠡᠭᠦᠯᠵᠦ᠂ ᠠᠷᠠᠳ ᠤᠨ ᠠᠷᠠᠳᠴᠢᠯᠠᠯ ᠤᠨ ᠳᠠᠪᠠᠭᠤᠯᠢᠭ ᠴᠢᠨᠠᠷ ᠢ | ᠦᠨᠡᠨᠬᠦ ᠢᠯᠡᠷᠡᠭᠦᠯᠪᠡ᠃ | ᠠᠷᠠᠳ ᠤᠨ ᠠᠮᠢᠳᠤᠷᠠᠯ ᠤᠨ ᠲᠦᠷᠦᠯ ᠵᠦᠢᠯ ᠳᠤ ᠬᠢᠨᠠᠯᠲᠠ ᠲᠠᠯᠪᠢᠬᠤ ᠴᠢᠩᠭ᠎ᠠ ᠪᠦᠭᠡᠳ ᠪᠣᠳᠠᠲᠠᠢ ᠪᠤᠯᠵᠠᠢ᠃ | ᠠᠷᠠᠳ ᠤᠨ ᠠᠮᠢᠳᠤᠷᠠᠯ ᠤᠨ ᠪᠣᠳᠠᠲᠤ ᠲᠥᠷᠥᠯ ᠵᠤᠶᠢᠯ ᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠢᠨᠠᠯᠲᠠ ᠲᠠᠯᠪᠢᠬᠤ ᠲᠥᠰᠦᠯ ᠢᠶᠠᠨ | ᠰᠢᠯᠢᠳᠡᠭᠵᠢᠭᠦᠯᠵᠦ᠂ ︽ᠨᠢᠭᠡ ᠬᠠᠷᠢᠭᠤᠴᠠᠬᠤ ᠨᠢᠭᠡ︾ ᠶᠢᠨ ᠠᠵᠢᠯ ᠤᠨ ᠪᠣᠷᠣ ᠲᠥᠯᠥᠪ ᠢ ᠪᠠᠶᠢᠭᠤᠯᠬᠤ ᠪᠠᠷ ᠳᠠᠮᠵᠢᠨ | ᠂ ︽ᠨᠢᠭᠡ ᠬᠠᠷᠢᠭᠤᠴᠠᠬᠤ ᠨᠢᠭᠡ︾ ᠶᠢᠨ ᠵᠢᠷᠤᠭ ᠲᠦᠰᠦᠪ ᠢᠶᠠᠷ ᠠᠵᠢᠯᠯᠠᠬᠤ ᠶᠢ ᠬᠡᠷᠡᠭᠵᠢᠭᠦᠯᠦᠨ᠂ ︽ᠨᠢᠭᠡ | ᠬᠠᠷᠢᠭᠤᠴᠠᠬᠤ ᠨᠢᠭᠡ︾ ᠶᠢᠨ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠦᠷᠨᠢᠭᠦᠯᠵᠦ᠂ | ᠬᠤᠰᠢᠭᠤ ᠰᠢᠶᠠᠩ ᠬᠤᠯᠪᠣᠭᠠᠯᠠᠨ ᠬᠥᠳᠡᠯᠦᠯᠴᠡᠬᠦ᠂ ᠪᠥᠬᠦ ᠶᠠᠪᠤᠴᠠ ᠶᠢ ᠮᠥᠷᠳᠡᠬᠦ᠂ ᠣᠷᠣᠯᠴᠠᠬᠤ ᠳᠤᠮᠳᠠ ᠬᠢᠨᠠᠯᠲᠠ | ᠲᠠᠯᠪᠢᠬᠤ᠂ ᠬᠢᠨᠠᠯᠲᠠ ᠲᠠᠯᠪᠢᠬᠤ ᠳᠤᠮᠳᠠ ᠳᠡᠮᠵᠢᠬᠦ ᠪᠠᠷ ᠳᠡᠮᠵᠢᠨ᠂ ᠲᠥᠷᠥᠯ ᠵᠤᠶᠢᠯ ᠤᠨ ᠠᠬᠢᠴᠠ᠂ ᠪᠠᠷᠢᠯᠭ᠎ᠠ ᠶᠢᠨ | ᠶᠠᠰᠤ ᠴᠢᠨᠠᠷ᠂ ᠪᠠᠯᠠ ᠮᠥᠩᠭᠦ ᠰᠠᠯᠭᠠᠨ ᠥᠭᠬᠦ ᠵᠡᠷᠭᠡ ᠭᠤᠭᠴᠤᠭ᠎ᠠ ᠶᠢ ᠴᠢᠩᠭ᠎ᠠ ᠠᠩᠬᠠᠷᠴᠤ᠂ ᠪᠥᠬᠦ ᠵᠢᠯ ᠳᠤ | ᠲᠤᠰᠬᠠᠶ ᠬᠢᠨᠠᠯᠲᠠ ᠲᠠᠯᠪᠢᠵᠤ ᠪᠠᠶᠢᠴᠠᠭᠠᠨ ᠦᠵᠡᠬᠦ ᠠᠵᠢᠯᠯᠠᠭ᠎ᠠ ᠶᠢ ᠨᠡᠶᠢᠲᠡ 45 ᠤᠳᠠᠭ᠎ᠠ ᠥᠷᠨᠢᠭᠦᠯᠵᠦ᠂ | ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ ᠵᠤᠶᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠳᠤ ᠬᠦᠴᠦᠨ | ᠨᠡᠮᠡᠷᠢᠯᠡᠪᠡ᠃ | ᠠᠷᠠᠳ ᠤᠨ ᠠᠮᠢᠳᠤᠷᠠᠯ ᠤᠨ ᠪᠣᠳᠠᠲᠤ ᠲᠥᠷᠥᠯ ᠵᠤᠶᠢᠯ ᠢ ᠰᠠᠶᠢᠲᠤᠷ ᠬᠢᠵᠦ ᠰᠠᠶᠢᠲᠤᠷ ᠪᠡᠶᠡᠯᠡᠭᠦᠯᠵᠡᠢ᠃ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠷᠠᠳ ᠤᠨ ᠠᠮᠢᠳᠤᠷᠠᠯ ᠤᠨ ᠪᠣᠳᠠᠲᠤ ᠲᠥᠷᠥᠯ ᠵᠤᠶᠢᠯ ᠤᠨ | ᠪᠥᠲᠥᠭᠡᠨ ᠪᠠᠶᠢᠭᠤᠯᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ | ᠬᠠᠮᠢᠶ᠎ᠠ ᠪᠥᠬᠦᠶ ᠳᠠᠭᠠᠭᠠᠨ ᠭᠦᠢᠴᠡᠳᠭᠡᠬᠦ ᠨᠢᠭᠡᠴᠡ ᠰᠠᠨᠠᠭᠠᠴᠢᠯᠠᠭ᠎ᠠ ᠠᠴᠠ ᠪᠠᠨ ᠲᠥᠷᠥᠯ ᠵᠤᠶᠢᠯ ᠤᠨ ᠡᠭᠦᠷᠭᠡ ᠶᠢ | ᠨᠠᠶᠢᠳᠠᠪᠤᠷᠢᠵᠢᠭᠤᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠲᠦᠷᠭᠡᠨ ᠠᠬᠢᠭᠤᠯᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠢᠩᠬᠢᠮ ᠢ ᠨᠡᠭᠦᠯᠭᠡᠨ ᠥᠭᠡᠷᠡᠴᠢᠯᠡᠬᠦ᠂ ᠵᠢᠮᠢᠰ ᠤᠨ ᠠᠵᠤ ᠦᠶᠢᠯᠡᠰᠵᠢᠯᠲᠡ ᠶᠢᠨ ᠬᠥᠭᠵᠢᠯᠲᠡ ᠶᠢ | ᠢᠵᠢ ᠪᠥᠷᠢᠳᠦᠭᠦᠯᠬᠦ᠂ ᠭᠠᠴᠠᠭ᠎ᠠ ᠲᠣᠰᠬᠤᠨ ᠤ ᠠᠵᠢᠯᠯᠠᠭᠠᠨ ᠤ ᠲᠠᠯᠠᠪᠤᠷ ᠢ ᠪᠥᠲᠥᠭᠡᠨ ᠪᠠᠶᠢᠭᠤᠯᠵᠤ ᠰᠡᠯᠪᠢᠨ ᠵᠠᠰᠠᠬᠤ | ᠂ ᠮᠠᠯᠵᠢᠬᠤ ᠲᠠᠷᠢᠶᠠᠯᠠᠬᠤ ᠣᠷᠣᠨ ᠤ ᠮᠤᠬᠤᠷ ᠵᠠᠮ ᠢ ᠴᠡᠭᠴᠡᠯᠡᠨ ᠵᠠᠰᠠᠬᠤ ᠪᠠᠷ ᠲᠥᠯᠥᠭᠡᠯᠡᠭᠦᠯᠦᠭᠰᠡᠨ ᠠᠷᠠᠳ ᠤᠨ | ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ ᠵᠤᠶᠢᠯ ᠢ ᠤᠷᠤᠭᠰᠢᠲᠠᠶ ᠬᠡᠷᠡᠭᠵᠢᠭᠦᠯᠵᠦ᠂ ᠠᠷᠠᠳ ᠣᠯᠠᠨ ᠤ ᠵᠣᠯ | ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠪᠡ᠃ ᠲᠤᠷᠰᠢᠯᠲᠠ ᠶᠢᠨ ᠴᠢᠭ ᠪᠤᠯᠭᠠᠭᠰᠠᠨ | ᠰᠤᠮᠤ ᠰᠢᠶᠠᠩ ᠪᠠᠯᠭᠠᠰᠤ ᠪᠢᠯᠧᠲ ᠥᠭᠴᠦ ᠰᠢᠢᠳᠪᠦᠷᠢ ᠭᠠᠷᠭᠠᠭᠰᠠᠨ ᠠᠷᠠᠳ ᠤᠨ ᠠᠮᠢᠳᠤᠷᠠᠯ ᠤᠨ 10 ᠪᠣᠳᠠᠲᠤ | ᠲᠥᠷᠥᠯ ᠵᠤᠶᠢᠯ ᠢᠯᠡᠳᠲᠡ ᠦᠷ᠎ᠡ ᠪᠦᠲᠦᠮᠵᠢ ᠣᠯᠵᠤ᠂ ᠦᠨᠳᠦᠰᠦᠨ ᠱᠠᠲᠤᠨ ᠤ ᠠᠷᠠᠳᠴᠢᠯᠠᠯ ᠰᠢᠨ᠎ᠡ | ᠠᠮᠢᠵᠢᠷᠠᠯ ᠤᠨ ᠬᠦᠴᠦᠨ ᠲᠠᠢ ᠪᠣᠯᠪᠠ᠃ | ᠲᠠᠪᠤ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠬᠤ ᠶᠢ ᠪᠠᠷᠢᠮᠲᠠᠯᠠᠵᠤ᠂ ᠲᠤᠰ ᠪᠡᠶ᠎ᠡ ᠶᠢᠨ | ᠪᠠᠶᠢᠭᠤᠯᠤᠯᠲᠠ ᠪᠠᠨ ᠴᠢᠩᠭᠠᠳᠬᠠᠬᠤ ᠳᠤᠮᠳᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢ | ᠲᠥᠷᠬᠦ ᠶᠢ ᠳᠡᠭᠡᠭᠰᠢᠯᠡᠭᠦᠯᠪᠡ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠤᠰ ᠪᠡᠶ᠎ᠡ ᠶᠢᠨ | ᠪᠠᠶᠢᠭᠤᠯᠤᠯᠲᠠ ᠪᠠᠨ ᠴᠥᠬᠦᠷᠡᠰᠢ ᠦᠭᠡᠢ ᠰᠠᠶᠢᠲᠤᠷ ᠠᠳᠬᠤᠵᠤ᠂ ᠰᠢᠨ᠎ᠡ ᠴᠠᠭ ᠦᠶ᠎ᠡ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠱᠠᠭᠠᠷᠳᠠᠯᠭ᠎ᠠ ᠶᠢ ᠪᠠᠲᠤ ᠡᠵᠡᠮᠳᠡᠵᠦ᠂ ᠨᠠᠮ ᠤᠨ | ᠪᠠᠶᠢᠭᠤᠯᠤᠯᠲᠠ ᠪᠠᠷ ᠠᠵᠢᠯ ᠤᠨ ᠶᠡᠭᠡ ᠲᠠᠯ᠎ᠠ ᠶᠢ ᠶᠡᠷᠦᠩᠬᠡᠶᠢᠯᠡᠨ ᠵᠢᠯᠤᠭᠤᠳᠤᠭᠤᠯᠵᠤ᠂ ᠨᠠᠮ ᠢ ᠪᠦᠬᠦ ᠲᠠᠯ᠎ᠠ ᠪᠠᠷ | ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠤᠯᠴᠠᠯᠭ᠎ᠠ | ᠪᠠᠶᠢᠴᠠᠭᠠᠨ ᠰᠤᠳᠤᠯᠤᠯᠲᠠ ᠪᠠᠨ ᠭᠦᠨᠵᠡᠭᠡᠶᠢᠷᠡᠭᠦᠯᠵᠦ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠪᠡ᠃ | ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠠᠢ᠃ ᠨᠠᠮ ᠤᠨ ᠤᠳᠤᠷᠢᠳᠬᠤ ᠳᠤᠭᠤᠶᠢᠯᠠᠩ ᠤᠨ | ᠦᠢᠯᠡᠳᠦᠯ ᠢ ᠬᠦᠢᠴᠡᠳ ᠪᠠᠳᠠᠷᠠᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠪᠥᠬᠦ ᠲᠠᠯ᠎ᠠ ᠪᠠᠷ ᠭᠦᠢᠴᠡᠳᠭᠡᠵᠦ᠂ ᠤᠯᠤᠰ ᠲᠥᠷᠥ ᠶᠢᠨ ᠪᠠᠶᠢᠭᠤᠯᠭ᠎ᠠ ᠶᠢᠨ ᠰᠢᠨᠵᠢ ᠴᠢᠨᠠᠷ ᠪᠠ | ᠪᠠᠶᠢᠷᠢ ᠲᠣᠭᠲᠠᠭᠠᠯᠲᠠ ᠶᠢ ᠣᠨᠣᠪᠴᠢᠲᠠᠶ ᠡᠵᠡᠮᠳᠡᠵᠦ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ | ᠲᠥᠷᠥ ᠶᠢᠨ ᠠᠮᠢ ᠠᠬᠤᠶ ᠶᠢ ᠲᠠᠰᠤᠷᠠᠯᠲᠠ ᠥᠬᠡᠶ ᠪᠠᠬᠢᠵᠢᠭᠦᠯᠵᠡᠢ᠃ ᠶᠡᠷᠦᠩᠬᠡᠢ ᠱᠦᠵᠢ ᠰᠢ ᠶᠢᠨ ᠫᠢᠩ ᠤᠨ | ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠲᠠᠢ ᠪᠦᠬᠦ ᠲᠠᠯ᠎ᠠ ᠪᠠᠷ ᠪᠠᠷᠢᠮᠵᠢᠶᠠᠯᠠᠨ ᠬᠠᠷᠭᠤᠭᠤᠯᠵᠤ᠂ | ᠰᠤᠷᠤᠯᠴᠠᠵᠥ ᠰᠤᠳᠤᠯᠤᠨ ᠶᠠᠷᠢᠯᠴᠠᠬᠤ ᠲᠠᠢ ᠤᠶᠠᠯᠳᠤᠭᠤᠯᠵᠤ᠂ ᠲᠤᠰᠬᠠᠢ ᠰᠡᠳᠦᠪᠲᠦ ᠠᠷᠠᠳᠴᠢᠯᠠᠯ ᠤᠨ | ᠠᠮᠢᠳᠤᠷᠠᠯ ᠤᠨ ᠬᠤᠷᠠᠯ ᠬᠤᠷᠠᠯᠳᠤᠭᠤᠯᠵᠤ ᠣᠯᠤᠭᠰᠠᠨ ᠦᠷ᠎ᠡ ᠪᠦᠲᠦᠭᠡᠯ ᠲᠠᠢ ᠤᠶᠠᠯᠳᠤᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠬᠦ ᠪᠠᠲᠤ ᠴᠣᠭᠴᠠᠯᠠᠪᠠ᠃ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ᠲᠣᠮᠢᠯᠠᠨ | ᠰᠠᠭᠤᠯᠭᠠᠭᠰᠠᠨ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠳᠡᠮᠵᠢᠪᠡ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ | ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠴᠢᠩᠭ᠎ᠠ | ᠡᠵᠡᠮᠳᠡᠨ᠂ ᠺᠠᠳ᠋ᠷᠴᠤᠳ ᠤᠨ ᠡᠳᠦᠷ ᠲᠤᠳᠤᠮ ᠤᠨ ᠬᠥᠮᠦᠵᠢᠯ ᠪᠠ ᠬᠢᠨᠠᠯᠲᠠ ᠬᠠᠮᠢᠶᠠᠷᠤᠯᠲᠠ ᠶᠢᠨ ᠲᠦᠷᠢᠮ ᠢ | ᠲᠡᠭᠦᠯᠳᠡᠷᠵᠢᠭᠦᠯᠵᠦ᠂ ᠪᠠᠶᠢᠩᠭᠤ ᠶᠢᠨ ᠬᠤᠷᠢᠶᠠᠨ ᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ | ᠠᠵᠢᠯ ᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ | ᠨᠠᠶᠢᠳᠠᠪᠤᠷᠢᠵᠢᠭᠤᠯᠬᠤ ᠪᠠᠷ ᠠᠵᠠ ᠲᠣᠬᠢᠶᠠᠯ ᠪᠣᠯᠭᠠᠵᠤ᠂ ᠳᠣᠲᠣᠭᠠᠳᠤ ᠪᠠᠶᠢᠭᠤᠯᠤᠮᠵᠢ ᠶᠢ ᠪᠦᠷᠢᠨᠰᠢᠬᠦᠯᠦᠨ | ᠵᠢᠷᠤᠮᠵᠢᠭᠤᠯᠵᠤ᠂ ᠨᠢᠭᠡ ᠵᠦᠢᠯ ᠳᠤ ᠮᠡᠷᠭᠡᠰᠢᠵᠦ ᠤᠯᠠᠨ ᠵᠦᠢᠯ ᠳᠤ ᠮᠡᠷᠭᠡᠰᠢᠭᠰᠡᠨ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠺᠠᠳ᠋ᠷ ᠤᠨ ᠡᠩᠨᠡᠭᠡ ᠶᠢ ᠪᠠᠶᠢᠭᠤᠯᠵᠤ᠂ ᠪᠦᠯᠬᠦᠮᠳᠡᠨ ᠳᠠᠪᠰᠢᠬᠤ ᠠᠵᠢᠯ ᠤᠨ ᠠᠭᠤᠷ ᠠᠮᠢᠰᠬᠤᠯ | ᠢ ᠪᠤᠢ ᠪᠣᠯᠭᠠᠵᠤ᠂ ᠵᠥᠪᠯᠡᠭᠴᠢ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠵᠡᠢ᠃ | 《 ᠤᠶᠤᠨᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ 》᠂ ᠲᠥᠰᠦᠪ ᠢ ᠰᠦᠯᠵᠢᠶᠡᠵᠢᠭᠦᠯᠦᠨ ᠬᠢᠨᠠᠯᠲᠠ | ᠲᠠᠯᠪᠢᠬᠤ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠩᠰᠠᠯᠠᠭᠤᠯᠵᠤ ᠬᠢᠨᠠᠨ ᠪᠠᠶᠢᠴᠠᠭᠠᠬᠤ ᠲᠠᠪᠴᠠᠩ ᠤᠨ | ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠭᠦᠶᠴᠡᠳ | ᠬᠡᠷᠡᠭᠯᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨᠵᠢᠯᠡᠬᠦ ᠤᠬᠠᠭᠠᠨᠴᠢ ᠬᠢᠷᠢ | ᠲᠦᠪᠰᠢᠨ ᠢ ᠳᠡᠭᠡᠭᠰᠢᠯᠡᠭᠦᠯᠪᠡ᠃ | ᠠᠵᠢᠯ ᠤᠨ ᠬᠠᠮᠲᠤᠷᠠᠯ ᠬᠦᠴᠦᠨ ᠢ ᠪᠦᠲᠦᠮᠵᠢᠲᠡᠶ ᠨᠢᠭᠲᠠᠷᠠᠭᠤᠯᠪᠠ᠃ ᠰᠤᠮᠤ ᠰᠢᠶᠠᠩ ᠪᠠᠯᠭᠠᠰᠤ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠠᠬᠢ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠᠨ | ᠦᠷᠭᠦᠯᠵᠢᠯᠡᠨ ᠴᠢᠩᠭᠠᠳᠬᠠᠵᠤ᠂ ᠡᠯ᠎ᠡ ᠭᠠᠵᠠᠷ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠪᠠᠶᠢᠳᠠᠯ ᠢ ᠴᠠᠭ ᠲᠤᠬᠠᠶ ᠳᠤᠨᠢ ᠣᠶᠢᠯᠭᠠᠨ ᠡᠵᠡᠮᠰᠢᠵᠦ᠂ ᠰᠤᠮᠤ ᠰᠢᠶᠠᠩ ᠪᠠᠯᠭᠠᠰᠤ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠬᠤ᠂ ᠬᠢᠨᠠᠯᠲᠠ ᠲᠠᠯᠪᠢᠬᠤ ᠠᠵᠢᠯ ᠢ ᠥᠷᠨᠢᠭᠦᠯᠬᠦ᠂ | ᠲᠥᠯᠥᠭᠡᠯᠡᠭᠴᠢᠳ ᠤᠨ ᠳᠤᠭᠤᠶᠢᠯᠠᠩ ᠤᠨ ᠠᠵᠢᠯᠯᠠᠭ᠎ᠠ ᠶᠢ ᠵᠣᠬᠢᠶᠠᠨ ᠪᠠᠶᠢᠭᠤᠯᠬᠤ᠂ ᠲᠥᠯᠥᠭᠡᠯᠡᠭᠴᠢ ᠶᠢ ᠨᠥᠬᠦᠵᠦ | ᠰᠣᠩᠭᠤᠬᠤ ᠵᠡᠷᠭᠡ ᠲᠠᠯ᠎ᠠ ᠪᠠᠷ ᠢᠳᠡᠪᠬᠢᠲᠡᠢ ᠵᠢᠯᠣᠭᠤᠳᠤᠯᠭ᠎ᠠ ᠬᠢᠵᠡᠢ᠃ ᠰᠣᠯᠢᠯᠴᠠᠭᠠᠨ ᠤ ᠬᠤᠷᠠᠯ᠂ ᠳᠡᠭᠡᠳᠦ | ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠯ᠎ᠡ ᠭᠠᠵᠠᠷ ᠤᠨ | ᠰᠢᠨ᠎ᠡ ᠶᠢ ᠡᠭᠦᠳᠦᠭᠰᠡᠨ ᠠᠷᠭ᠎ᠠ ᠬᠢᠳᠡᠯ ᠪᠠ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠠᠷᠠᠳ ᠤᠨ ᠠᠮᠢᠳᠤᠷᠠᠯ ᠤᠨ | ᠪᠣᠳᠠᠲᠤ ᠲᠥᠷᠥᠯ ᠵᠤᠶᠢᠯ ᠤᠨ ᠲᠥᠯᠥᠭᠡᠯᠡᠭᠴᠢᠳ ᠤᠨ ᠪᠢᠯᠧᠲ ᠢᠶᠠᠷ ᠰᠢᠢᠳᠪᠦᠷᠢ ᠭᠠᠷᠭᠠᠬᠤ ᠲᠦᠷᠢᠮ ᠢ ᠵᠢᠯᠣᠭᠤᠳᠤᠨ | ᠠᠬᠢᠭᠤᠯᠵᠤ᠂ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠯᠤᠭ᠎ᠠ ᠶᠢᠨ | ᠬᠠᠷᠢᠯᠴᠠᠭ᠎ᠠ ᠪᠠᠨ ᠨᠢᠭᠲᠠᠷᠠᠭᠤᠯᠤᠨ᠂ ᠠᠵᠢᠯ ᠤᠨ ᠰᠣᠯᠢᠯᠴᠠᠭ᠎ᠠ ᠪᠠᠨ ᠴᠢᠩᠭᠠᠳᠬᠠᠵᠤ᠂ ᠪᠥᠬᠦ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠢ | ᠲᠠᠰᠤᠷᠠᠯᠲᠠ ᠥᠬᠡᠶ ᠳᠡᠭᠡᠭᠰᠢᠯᠡᠭᠦᠯᠵᠡᠢ᠃ | ᠠᠵᠢᠯ ᠤᠨ ᠰᠣᠯᠢᠯᠴᠠᠭ᠎ᠠ ᠪᠠᠨ ᠪᠦᠬᠦ ᠲᠠᠯ᠎ᠠ ᠪᠠᠷ ᠴᠢᠩᠭᠠᠳᠬᠠᠵᠠᠢ᠃ ᠪᠠᠶᠢᠩᠭᠤ ᠶᠢᠨ ᠬᠤᠷᠢᠶ᠎ᠠ ᠭᠠᠳᠠᠭᠰᠢ | ᠭᠠᠷᠴᠤ ᠰᠢᠨᠵᠢᠯᠡᠨ ᠪᠠᠶᠢᠴᠠᠭᠠᠵᠤ ᠰᠤᠷᠤᠯᠴᠠᠬᠤ ᠶᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠢᠷᠢ | ᠬᠡᠮᠵᠢᠶ᠎ᠡ ᠪᠠᠨ ᠳᠡᠭᠡᠭᠰᠢᠯᠡᠭᠦᠯᠬᠦ ᠶᠢᠨ ᠪᠦᠲᠦᠮᠵᠢᠲᠡᠢ ᠠᠷᠭ᠎ᠠ ᠵᠠᠮ ᠪᠣᠯᠭᠠᠵᠤ᠂ ᠨᠢᠭᠡ ᠵᠢᠯ ᠤᠨ ᠲᠤᠷᠰᠢ᠂ ᠰᠢᠨᠵᠢᠯᠡᠨ | ᠪᠠᠶᠢᠴᠠᠭᠠᠬᠤ ᠳᠤᠭᠤᠶᠢᠯᠠᠩ ᠲᠣᠮᠢᠯᠠᠨ ᠲᠡᠷᠢᠭᠦᠨ ᠤ ᠭᠠᠵᠠᠷ ᠣᠷᠣᠨ ᠳᠤ ᠣᠴᠢᠭᠤᠯᠵᠤ ᠠᠷᠠᠳ ᠤᠨ ᠠᠮᠢᠳᠤᠷᠠᠯ ᠤᠨ | ᠪᠣᠳᠠᠲᠤ ᠬᠡᠷᠡᠭ ᠢ ᠪᠢᠯᠧᠲ ᠢᠶᠠᠷ ᠰᠢᠢᠳᠪᠦᠷᠢᠯᠡᠬᠦ᠂ ᠠᠷᠠᠳᠴᠢᠯᠠᠯ ᠢᠶᠠᠷ ᠬᠠᠤᠯᠢ ᠲᠣᠭᠲᠠᠭᠠᠬᠤ ᠳᠤ ᠣᠷᠣᠯᠴᠠᠬᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠵᠡᠷᠭᠡ ᠠᠵᠢᠯ ᠢ ᠰᠤᠷᠤᠯᠴᠠᠭᠤᠯᠵᠤ᠂ | ᠦᠵᠡᠯᠲᠡ ᠪᠠᠨ ᠰᠢᠨᠡᠳᠬᠡᠵᠦ᠂ ᠰᠡᠳᠬᠢᠴᠡ ᠪᠠᠨ ᠥᠷᠭᠡᠳᠬᠡᠪᠡ᠃ ᠪᠦᠬᠦ ᠵᠢᠯ ᠳᠤ ᠬᠥᠬᠡᠨᠠᠭᠤᠷ ᠮᠤᠵᠢ ᠶᠢᠨ ᠬᠠᠶᠢᠰᠢ | ᠵᠧᠦ᠂ ᠬᠢᠷᠢᠨ ᠮᠤᠵᠢ ᠶᠢᠨ ᠲᠤᠤᠨᠠᠨ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠵᠡᠷᠭᠡ 10 ᠪᠦᠯᠦᠭ ᠤᠳᠠᠭ᠎ᠠ ᠶᠢᠨ ᠰᠢᠨᠵᠢᠯᠡᠨ ᠪᠠᠶᠢᠴᠠᠭᠠᠵᠤ ᠰᠠᠨᠠᠯ ᠢᠶᠠᠨ ᠰᠣᠯᠢᠯᠴᠠᠵᠤ᠂ | ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠤᠷᠰᠢᠯᠭ᠎ᠠ ᠪᠠᠨ | ᠬᠤᠪᠢᠶᠠᠯᠴᠠᠪᠠ᠃ | ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠪᠦᠬᠦ ᠲᠠᠯ᠎ᠠ ᠪᠠᠷ ᠪᠣᠳᠠᠲᠠᠶ ᠠᠳᠬᠤᠬᠤᠵᠠᠢ᠃ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠤᠬᠠᠮᠰᠠᠷ | ᠤᠨ ᠬᠡᠯᠪᠡᠷᠢ ᠶᠢᠨ ᠠᠵᠢᠯ ᠤᠨ ᠰᠠᠨᠠᠭᠠᠴᠢᠯᠠᠭᠠᠲᠤ ᠡᠷᠭᠡ ᠶᠢ ᠪᠠᠲᠤ ᠡᠵᠡᠮᠳᠡᠨ᠎ᠡ ᠃ ︽ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠤᠯᠠᠷᠢᠯ ᠤᠨ ᠰᠡᠳᠬᠦᠯ︾ ᠢ ᠰᠠᠶᠢᠲᠤᠷ ᠡᠷᠬᠢᠯᠡᠬᠦ ᠶᠢ ᠪᠠᠷᠢᠮᠲᠠᠯᠠᠵᠤ᠂ ︽ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠴᠣᠩᠬᠤ︾ ᠸᠢᠴᠠᠲ ᠤᠨ ᠣᠯᠠᠨ ᠨᠡᠶᠢᠲᠡ ᠶᠢᠨ ᠲᠠᠪᠴᠠᠩ ᠢ ᠭᠦᠢᠴᠡᠳ ᠠᠰᠢᠭᠯᠠᠨ ᠴᠠᠭ ᠲᠤᠬᠠᠶ ᠳᠤᠨᠢ ᠨᠡᠶᠢᠲᠡᠯᠡᠵᠦ | ᠂ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠯᠢᠭᠡᠷ ᠢ ᠰᠠᠶᠢᠲᠤᠷ ᠶᠠᠷᠢᠵᠤ᠂ | ᠳᠦᠷᠢᠮ ᠤᠨ ᠢᠲᠡᠭᠡᠯ ᠢ ᠨᠡᠮᠡᠭᠳᠡᠭᠦᠯᠪᠡ᠃ ᠪᠥᠬᠦ ᠵᠢᠯ ᠳᠤ ︽ᠥᠪᠥᠷ ᠮᠣᠩᠭᠤᠯ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠰᠤᠨᠢᠨ︾᠂ ︽ᠬᠢᠩᠭᠠᠨ ᠤ ᠡᠳᠦᠷ ᠤᠨ ᠰᠣᠨᠢᠨ︾ ᠵᠡᠷᠭᠡ ᠠᠶᠢᠮᠠᠭ ᠤᠨ | ᠲᠠᠰ ᠠᠴᠠ ᠳᠡᠭᠡᠭᠰᠢᠬᠢ ᠵᠠᠭᠤᠴᠢᠯᠠᠭᠤᠷ ᠲᠤ 43 ᠬᠤᠪᠢ ᠡᠬᠡ ᠪᠢᠴᠢᠭ ᠨᠡᠶᠢᠲᠡᠯᠡᠵᠦ᠂ ᠡᠭᠦᠨ ᠳᠤ ᠨᠢᠭᠡ | ᠪᠦᠲᠦᠭᠡᠯ ᠨᠢ ᠬᠤᠷᠢᠨ ᠬᠤᠶᠠᠳᠤᠭᠠᠷ ᠬᠤᠭᠤᠴᠠᠭᠠᠨ ᠤ ︽ᠥᠪᠥᠷ ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠰᠠᠶᠢᠨ ᠰᠣᠨᠢᠨ ᠮᠡᠳᠡᠭᠡ︾ ᠶᠢᠨ ᠭᠤᠷᠪᠠᠳᠤᠭᠠᠷ ᠳᠡᠰ ᠤᠨ ᠱᠠᠩᠨᠠᠯ ᠢ ᠭᠥᠷᠳᠡᠵᠦ᠂ ᠨᠢᠭᠡ ᠲᠤᠰᠬᠠᠢ | ᠰᠡᠳᠦᠪᠲᠦ ᠹᠢᠯᠢᠮ ᠨᠢ ︽ᠬᠢᠩᠭᠠᠨ ᠠᠶᠢᠮᠠᠭ ᠤᠨ ᠬᠠᠤᠯᠢᠵᠢᠯ ᠤᠨ ᠺᠠᠷᠲ᠋ᠣᠨ ᠪᠢᠴᠢᠯ ᠸᠢᠳᠢᠣ᠋ ᠶᠢ ᠰᠢᠯᠭᠠᠷᠠᠭᠤᠯᠬᠤ | ᠠᠵᠢᠯᠯᠠᠭ᠎ᠠ︾ ᠶᠢᠨ ᠬᠤᠶᠠᠳᠤᠭᠠᠷ ᠳᠡᠰ ᠤᠨ ᠱᠠᠩᠨᠠᠯ ᠢ ᠬᠦᠷᠳᠡᠪᠡ᠃ 3 ᠬᠥᠮᠦᠨ ᠲᠤᠰ ᠲᠤᠰ ᠪᠦᠬᠦ ᠠᠶᠢᠮᠠᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠭᠡ ᠵᠠᠩᠭᠢ ᠶᠢᠨ ᠠᠵᠢᠯ ᠤᠨ ᠰᠢᠯᠢᠳᠡᠭ ᠵᠣᠬᠢᠶᠠᠨ | ᠪᠠᠶᠢᠭᠤᠯᠤᠭᠴᠢ᠂ ᠲᠡᠷᠢᠭᠦᠨ ᠤ ᠬᠤᠪᠢ ᠬᠥᠮᠦᠨ᠂ ᠰᠢᠯᠢᠳᠡᠭ ᠴᠢᠮᠡᠭᠡᠯᠡᠭᠴᠢ ᠶᠢᠨ ᠢᠷᠠᠭᠤ ᠠᠯᠳᠠᠷ ᠢ ᠭᠥᠷᠳᠡᠪᠡ᠃ | ᠪᠦᠬᠦ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠶᠡᠷᠦᠩᠬᠡᠶᠢᠯᠡᠭᠰᠡᠨ ᠴᠢᠨᠠᠷᠲᠠᠢ | ᠬᠤᠷᠠᠯ ᠢ ᠪᠦᠬᠦ ᠬᠦᠴᠦᠨ ᠢᠶᠠᠷ ᠢᠶᠠᠨ ᠳᠠᠭᠠᠭᠠᠴᠢᠯᠠᠨ ᠡᠷᠬᠢᠯᠡᠪᠡ᠃ 2020 ᠣᠨ ᠤ 10 ᠰᠠᠷ᠎ᠠ ᠳᠤ᠂ ᠪᠥᠬᠦ | ᠣᠷᠣᠨ ᠤ ᠰᠢᠶᠠᠨ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠵᠢᠴᠢ ᠠᠷᠠᠳ ᠤᠨ | ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ ᠵᠤᠶᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠪᠢᠯᠧᠲ ᠢᠶᠠᠷ ᠰᠢᠢᠳᠪᠦᠷᠢ ᠭᠠᠷᠭᠠᠬᠤ ᠲᠦᠷᠢᠮ ᠤᠨ ᠠᠵᠢᠯ ᠤᠨ ᠠᠬᠤᠶ ᠲᠠᠯᠠᠪᠠᠶ ᠶᠢᠨ ᠬᠤᠷᠠᠯ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠠᠮᠵᠢᠯᠲᠠ ᠲᠠᠢ ᠶᠠᠪᠤᠭᠳᠠᠵᠤ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ | ᠯᠢᠶᠠᠨ ᠰᠦ᠋ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠂ ᠡᠨᠡ ᠪᠣᠯ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠩᠬ᠎ᠠ ᠤᠳᠠᠭ᠎ᠠ ᠨᠢᠭᠡ | ᠬᠤᠰᠢᠭᠤ ᠰᠢᠶᠠᠨ ᠳᠤ ᠨᠠᠶᠢᠳᠠᠵᠤ ᠪᠥᠬᠦ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠶᠡᠷᠦᠩᠬᠡᠶᠢᠯᠡᠭᠰᠡᠨ ᠴᠢᠨᠠᠷᠲᠠᠶ ᠬᠤᠷᠠᠯ ᠢ ᠳᠠᠭᠠᠯᠭᠠᠨ ᠬᠤᠷᠠᠯᠳᠤᠭᠤᠯᠵᠤ ᠪᠠᠶᠢᠭ᠎ᠠ ᠶᠠᠪᠤᠳᠠᠯ ᠪᠣᠯᠤᠨ᠎ᠠ᠃ ᠲᠤᠬᠠᠶ ᠶᠢᠨ | ᠲᠠᠯᠠᠪᠠᠶ ᠶᠢᠨ ᠬᠤᠷᠠᠯ ᠨᠢ ᠮᠠᠨ ᠤ ᠬᠤᠰᠢᠭᠤᠨ ᠤ ᠬᠤᠰᠢᠭᠤ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠦᠷ᠎ᠡ ᠪᠦᠲᠦᠭᠡᠯ ᠪᠠ ᠠᠷᠠᠳ ᠤᠨ ᠠᠮᠢᠳᠤᠷᠠᠯ ᠤᠨ ᠪᠣᠳᠠᠲᠤ ᠲᠥᠷᠥᠯ ᠵᠤᠶᠢᠯ ᠢ ᠠᠷᠠᠳ ᠤᠨ | ᠲᠥᠯᠥᠭᠡᠯᠡᠭᠴᠢ ᠪᠢᠯᠧᠲ ᠢᠶᠠᠷ ᠰᠢᠢᠳᠪᠦᠷᠢ ᠭᠠᠷᠭᠠᠬᠤ ᠲᠦᠷᠢᠮ ᠤᠨ ᠲᠤᠷᠰᠢᠯᠲᠠ ᠶᠢᠨ ᠴᠡᠭ ᠤᠨ ᠠᠵᠢᠯ ᠤᠨ ᠦᠷ᠎ᠡ | ᠪᠦᠲᠦᠮᠵᠢ ᠶᠢ ᠪᠥᠬᠦ ᠲᠠᠯ᠎ᠠ ᠪᠠᠷ ᠢᠯᠡᠷᠡᠭᠦᠯᠵᠦ᠂ ᠲᠡᠭᠦᠰ ᠠᠮᠵᠢᠯᠲᠠ ᠣᠯᠵᠤ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ ᠡᠯ᠎ᠡ ᠠᠶᠢᠮᠠᠭ ᠬᠤᠲᠠ ᠶᠢᠨ | ᠤᠳᠤᠷᠢᠳᠤᠯᠭ᠎ᠠ ᠶᠢᠨ ᠥᠨᠳᠥᠷ ᠦᠨᠡᠯᠡᠯᠲᠡ ᠶᠢ ᠤᠯᠪᠠ᠃ ᠡᠨᠡ ᠤᠳᠠᠭᠠᠨ ᠤ ᠴᠢᠬᠤᠯᠠ ᠬᠤᠷᠠᠯ ᠨᠢ ᠮᠠᠨ ᠤ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠭᠦᠢᠴᠡᠳ ᠨᠤᠲᠠᠯᠠᠵᠤ᠂ ᠨᠠᠩ ᠴᠤ | ᠪᠦᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠶᠡᠬᠡᠪᠡᠷ ᠵᠣᠷᠢᠭᠵᠢᠭᠤᠯᠵᠤ᠂ | ᠮᠠᠨ ᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠥᠭᠵᠢᠯᠲᠡ ᠶᠢᠨ | ᠶᠠᠪᠤᠴᠠ ᠳᠤ ᠦᠩᠭᠡ ᠢᠯᠭᠠᠷᠠᠭᠰᠠᠨ ᠬᠠᠭᠤᠳᠠᠰᠤ ᠶᠢ ᠪᠢᠴᠢᠭᠯᠡᠪᠡ᠃ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠮᠵᠢᠯᠲᠠ ᠪᠠᠨ | ᠤᠯᠠᠮ ᠨᠢᠭᠡ ᠠᠯᠬᠤᠮ ᠪᠠᠳᠠᠷᠠᠭᠤᠯᠵᠤ᠂ ᠬᠦᠷᠦᠯᠴᠡᠬᠦ ᠥᠬᠡᠶ ᠲᠠᠯ᠎ᠠ ᠪᠠᠨ ᠢᠯᠡᠨ ᠳᠠᠪᠠᠵᠤ᠂ ᠪᠥᠬᠦ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠠᠢ ᠬᠠᠮᠲᠤ ᠪᠠᠷ᠂ ᠣᠭ ᠰᠠᠨᠠᠭ᠎ᠠ ᠪᠠᠨ ᠪᠠᠲᠤ ᠰᠠᠬᠢᠵᠤ᠂ | ᠮᠠᠷᠠᠶᠢᠨ ᠴᠢᠷᠮᠠᠶᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠳᠠᠬᠢᠨ ᠰᠢᠨ᠎ᠡ | ᠳᠡᠭᠲᠡᠷ ᠲᠤ ᠭᠠᠷᠬᠤ ᠶᠢ ᠠᠬᠢᠭᠤᠯᠵᠠᠢ᠃ | ᠲᠥᠯᠥᠭᠡᠯᠡᠭᠴᠢᠳ ᠡ︕ 2020 ᠣᠨ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠵᠢᠯ ᠬᠠᠶᠢᠨ ᠰᠦᠪᠡᠭᠴᠢᠯᠡᠬᠦ ᠳᠤᠮᠳᠠ ᠤᠷᠤᠭᠰᠢᠯᠠᠵᠤ᠂ ᠰᠢᠨ᠎ᠡ ᠶᠢ ᠡᠭᠦᠳᠬᠦ ᠳᠤᠮᠳᠠ ᠴᠢᠩᠭᠠᠳᠬᠠᠵᠤ | ᠂ ᠵᠢᠷᠤᠮᠵᠢᠭᠤᠯᠬᠤ ᠶᠢᠨ ᠳᠤᠮᠳᠠ ᠳᠡᠭᠡᠭᠰᠢᠯᠡᠭᠦᠯᠵᠦ᠂ ᠰᠢᠨ᠎ᠡ ᠠᠬᠢᠯᠲᠠ ᠲᠠᠢ ᠪᠣᠯᠭᠠᠵᠠᠢ᠃ ᠡᠨᠡ ᠨᠢ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ | ᠰᠠᠨᠠᠭᠠᠨ ᠤ ᠰᠢᠨᠵᠢᠯᠡᠬᠦ ᠤᠬᠠᠭᠠᠨᠴᠢ ᠳᠠᠭᠠᠭᠤᠯᠭ᠎ᠠ ᠠᠴᠠ ᠪᠣᠯᠤᠭᠰᠠᠨ᠂ ᠬᠤᠰᠢᠭᠤᠨ ᠤ ᠨᠠᠮ ᠤᠨ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠠᠴᠠ ᠪᠣᠯᠤᠭᠰᠠᠨ᠂ ᠪᠠᠶᠢᠩᠭᠤ ᠶᠢᠨ ᠬᠤᠷᠢᠶᠠᠨ ᠤ ᠪᠦᠷᠢᠯᠳᠦᠭᠰᠡᠨ ᠬᠡᠰᠢᠬᠦᠨ᠂ ᠡᠯ᠎ᠡ | ᠲᠤᠰᠬᠠᠶ ᠵᠥᠪᠯᠡᠯ ᠤᠨ ᠭᠡᠰᠢᠭᠦᠳ ᠪᠠ ᠪᠠᠶᠢᠭᠤᠯᠭ᠎ᠠ ᠶᠢᠨ ᠪᠥᠬᠦ ᠠᠵᠢᠯᠲᠠᠨ ᠤ ᠬᠠᠮᠲᠤ ᠶᠢᠨ ᠴᠢᠷᠮᠠᠶᠢᠯᠭ᠎ᠠ ᠠᠴᠠ | ᠪᠣᠯᠤᠭᠰᠠᠨ᠂ ᠪᠥᠬᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠬᠠᠤᠯᠢ | ᠶᠣᠰᠣᠭᠠᠷ ᠲᠤᠰᠢᠶᠠᠯ ᠢᠶᠠᠨ ᠭᠦᠢᠴᠡᠳᠭᠡᠭᠰᠡᠨ ᠠᠴᠠ ᠪᠣᠯᠤᠭᠰᠠᠨ᠂ ︽ᠨᠢᠭᠡ ᠵᠠᠰᠠᠭ ᠤᠨ ᠣᠷᠳᠣᠨ ᠨᠢᠭᠡ ᠵᠥᠪᠯᠡᠯ | ᠬᠤᠶᠠᠷ ᠬᠤᠷᠢᠶ᠎ᠠ︾ ᠶᠢᠨ ᠢᠳᠡᠪᠬᠢᠲᠡᠶ ᠬᠠᠮᠵᠢᠯᠴᠠᠭ᠎ᠠ ᠠᠴᠠ ᠪᠣᠯᠤᠭᠰᠠᠨ᠂ ᠡᠯ᠎ᠡ ᠰᠤᠮᠤ ᠰᠢᠶᠠᠩ ᠪᠠᠯᠭᠠᠰᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠲᠡᠶ ᠳᠡᠮᠵᠢᠯᠭᠡ ᠠᠴᠠ ᠪᠣᠯᠤᠭᠰᠠᠨ᠂ ᠠᠵᠢᠯ ᠠᠴᠠ ᠪᠠᠨ | ᠠᠮᠠᠷᠠᠭᠰᠠᠨ ᠠᠬᠠᠮᠠᠳ ᠺᠠᠳ᠋ᠷ ᠤᠨ ᠬᠠᠯᠠᠮᠵᠢᠯᠠᠯ ᠠᠴᠠ ᠪᠤᠯᠤᠭᠰᠠᠨ᠂ ᠪᠥᠬᠦ ᠬᠤᠰᠢᠭᠤᠨ ᠤ ᠠᠷᠠᠳ ᠲᠦᠮᠡᠨ ᠤ | ᠭᠦᠢᠴᠡᠳ ᠢᠲᠡᠭᠡᠯ ᠠᠴᠠ ᠪᠣᠯᠤᠭᠰᠠᠨ ᠶᠤᠮ᠃ ᠠᠳᠡ ᠪᠢ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ | ᠬᠦᠨᠳᠦᠳᠬᠡᠯ ᠢᠶᠠᠨ ᠳᠡᠪᠰᠢᠭᠦᠯᠦᠶ᠎ᠡ︕ | ᠥᠩᠭᠡᠷᠡᠭᠰᠡᠨ ᠨᠢᠭᠡ ᠵᠢᠯ ᠢᠶᠠᠨ ᠡᠷᠭᠢᠴᠡᠭᠦᠯᠬᠦᠶ᠎ᠡ᠂ ᠪᠠᠶᠢᠩᠭᠤ ᠶᠢᠨ ᠬᠤᠷᠢᠶᠠᠨ ᠤ ᠠᠵᠢᠯ ᠨᠢ ᠴᠠᠭ ᠦᠶ᠎ᠡ ᠶᠢᠨ | ᠬᠥᠭᠵᠢᠯᠲᠡ᠂ ᠠᠷᠠᠳ ᠲᠦᠮᠡᠨ ᠤ ᠬᠦᠰᠡᠯ ᠡᠷᠡᠮᠡᠯᠵᠡᠯ᠂ ᠲᠥᠯᠥᠭᠡᠯᠡᠭᠴᠢᠳ ᠤᠨ ᠱᠠᠭᠠᠷᠳᠠᠯᠭ᠎ᠠ ᠲᠠᠢ ᠪᠠᠰᠠ ᠵᠣᠬᠢᠬᠤ | ᠵᠦᠷᠢᠶ᠎ᠡ ᠲᠠᠢ ᠪᠠᠶᠢᠬᠤ ᠶᠢ ᠪᠢᠳᠡ ᠪᠠᠰᠠ ᠰᠡᠷᠭᠡᠭ ᠢᠶᠠᠷ ᠲᠠᠨᠢᠵᠤ ᠣᠯᠤᠭᠰᠠᠨ ᠪᠠᠶᠢᠨ᠎ᠠ᠃ ᠡᠭᠦᠨ ᠤ ᠭᠤᠣᠯ ᠢᠯᠡᠷᠡᠯ | ᠭᠡᠪᠡᠯ᠄ ᠭᠤᠣᠯ ᠠᠵᠢᠯ ᠲᠠᠢ ᠤᠶᠠᠯᠳᠤᠭᠤᠯᠤᠨ᠂ ᠶᠡᠭᠡ ᠲᠠᠯ᠎ᠠ ᠳᠤ ᠦᠢᠯᠡᠴᠢᠯᠡᠬᠦ ᠬᠢᠨᠠᠯᠲᠠ ᠲᠠᠯᠪᠢᠬᠤ ᠠᠵᠢᠯ ᠤᠨ | ᠪᠣᠳᠠᠲᠠᠢ ᠦᠷ᠎ᠡ ᠪᠦᠲᠦᠮᠵᠢ ᠶᠢ ᠪᠠᠰᠠ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ ᠪᠠᠶᠢᠨ᠎ᠠ᠃ | ᠲᠥᠯᠥᠭᠡᠯᠡᠭᠴᠢᠳ ᠪᠣᠯᠤᠨ ᠣᠯᠠᠨ ᠲᠦᠮᠡᠨ ᠲᠠᠢ ᠨᠢᠭᠲᠠ ᠬᠠᠷᠢᠯᠴᠠᠵᠤ᠂ ᠬᠠᠯᠠᠮᠰᠢᠯ ᠠᠰᠠᠭᠤᠳᠠᠯ ᠬᠦᠴᠢᠷ | ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠬᠦ ᠴᠢᠬᠤᠯᠠᠲᠠᠶ ᠪᠠᠶᠢᠨ᠎ᠠ᠃ | ᠲᠥᠯᠥᠭᠡᠯᠡᠭᠴᠢᠳ ᠲᠤ ᠦᠢᠯᠡᠴᠢᠯᠡᠬᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠲᠤᠯᠠᠬᠤ ᠠᠴᠢᠶᠠᠯᠠᠪᠤᠷᠢ | ᠪᠠ ᠠᠷᠭ᠎ᠠ ᠮᠠᠶ᠋ᠢᠭ ᠢ ᠪᠠᠰᠠ ᠤᠯᠠᠮ ᠨᠢᠭᠡ ᠠᠯᠬᠤᠮ ᠥᠷᠭᠡᠳᠬᠡᠬᠦ ᠴᠢᠬᠤᠯᠠᠲᠠᠢ ᠪᠠᠶᠢᠨ᠎ᠠ᠃ ᠪᠠᠶᠢᠩᠭᠤ ᠶᠢᠨ | ᠬᠤᠷᠢᠶᠠᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠠᠰᠠ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ | ᠪᠠᠶᠢᠬᠤ ᠵᠡᠷᠭᠡ ᠪᠣᠯᠤᠨ᠎ᠠ᠃ ᠡᠳᠡᠭᠡᠷ ᠠᠰᠠᠭᠤᠳᠠᠯ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠡᠨ ᠬᠦ | ᠰᠠᠶᠢᠵᠢᠷᠠᠭᠤᠯᠤᠶ᠎ᠠ᠃ | 2021 ᠣᠨ ᠤ ᠠᠵᠢᠯ ᠤᠨ ᠰᠡᠳᠬᠢᠴᠡ | 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠮᠥᠨ᠂ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠪᠠ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠡᠬᠢᠯᠡᠯᠲᠡ ᠶᠢᠨ ᠵᠢᠯ ᠮᠥᠨ᠂ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠪᠠᠶᠢᠭᠤᠯᠤᠭᠳᠠᠭᠰᠠᠨ 40 ᠵᠢᠯ ᠤᠨ ᠣᠶ ᠮᠥᠨ᠂ ᠮᠦᠨᠴᠦ ᠠᠷᠪᠠᠨ ᠳᠣᠯᠣᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠬᠦ | ᠡᠴᠦᠰ ᠤᠨ ᠨᠢᠭᠡ ᠵᠢᠯ ᠮᠥᠨ᠂ ᠡᠨᠡ ᠵᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ | ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ | ᠶᠡᠷᠦᠩᠬᠡᠶ ᠰᠡᠳᠬᠢᠴᠡ ᠪᠣᠯ᠄ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠡ | ᠬᠤᠷᠠᠯ ᠤᠨ ᠵᠤᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠎ᠠ᠂ ᠰᠢ ᠶᠢᠨ ᠫᠢᠩ ᠤᠨ ᠬᠠᠤᠯᠢ ᠪᠠᠷ ᠵᠠᠰᠠᠬᠤ | ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠤᠨ᠎ᠠ᠂ ᠶᠡᠷᠦᠩᠬᠡᠢ ᠱᠦᠵᠢ ᠰᠢ ᠶᠢᠨ ᠫᠢᠩ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ | ᠴᠢᠬᠤᠯᠠ ᠦᠵᠡᠯ ᠰᠠᠨᠠᠭ᠎ᠠ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠡᠷᠬᠡ ᠮᠡᠳᠡᠵᠦ ᠡᠵᠡᠨ | ᠰᠠᠭᠤᠵᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠵᠤ᠂ ᠰᠢᠨ᠎ᠡ ᠬᠥᠭᠵᠢᠯᠲᠡ ᠶᠢᠨ | ᠱᠠᠲᠤ ᠦᠶ᠎ᠡ ᠶᠢ ᠣᠨᠣᠪᠴᠢᠲᠠᠶ ᠡᠵᠡᠮᠳᠡᠬᠦ ᠬᠡᠷᠡᠭᠲᠡᠶ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ | ᠲᠤᠭᠤᠰᠢᠯᠠᠭᠤᠯᠤᠨ᠎ᠠ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠠᠭᠤᠰᠤᠯᠴᠠᠭᠤᠯᠵᠦ᠂ ᠬᠤᠰᠢᠭᠤᠨ ᠤ | ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠤᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠎ᠠ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ | ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠳᠡᠭᠡᠷ᠎ᠡ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ᠃ | ᠨᠢᠭᠡ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠵᠥᠪ ᠴᠢᠭᠯᠡᠯ ᠢᠶᠠᠨ ᠪᠠᠲᠤᠳᠬᠠᠬᠤ ᠳᠤᠮᠳᠠ ᠤᠯᠤᠰ | ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ ᠨᠠᠮ ᠤᠨ ᠰᠢᠨ᠎ᠡ ᠶᠢ ᠡᠭᠦᠳᠦᠭᠰᠡᠨ ᠣᠨᠣᠯ ᠢᠶᠠᠷ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠶᠡᠷᠦᠩᠬᠡᠶᠢᠯᠡᠨ ᠵᠢᠯᠣᠭᠤᠳᠴᠤ᠂ ᠤᠯᠤᠰ ᠲᠥᠷᠥ ᠶᠢᠨ | ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠬᠠᠭᠠᠷᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ | ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ | ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ | ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠶᠡᠷᠦᠩᠬᠡᠢ | ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ | ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠳᠥᠷᠪᠡᠨ | ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ | ᠶᠢ ᠪᠡᠶᠡᠯᠡᠭᠦᠯᠬᠦ ᠬᠡᠷᠡᠭᠲᠡᠶ᠃ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ | ᠪᠠᠲᠤ ᠡᠵᠡᠮᠳᠡᠵᠦ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ ᠵᠡᠷᠭᠡ ᠠᠵᠢᠯ ᠢ ᠰᠠᠶᠢᠲᠤᠷ ᠠᠳᠬᠤᠬᠤ ᠬᠡᠷᠡᠭᠲᠡᠢ᠃ ︽ᠨᠠᠮ ᠤᠨ | ᠤᠳᠤᠷᠢᠳᠤᠯᠭ᠎ᠠ ᠶᠢ ᠤᠯᠠᠮ ᠴᠢᠨᠠᠭᠰᠢᠳᠠ ᠴᠢᠩᠭᠠᠳᠬᠠᠵᠤ ᠰᠢᠨ᠎ᠡ ᠴᠠᠭ ᠦᠶ᠎ᠡ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠰᠠᠨᠠᠯ︾ ᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃ | ᠬᠤᠰᠢᠭᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠶᠢ ᠭᠦᠶᠴᠡᠳ ᠲᠦᠰᠢᠭᠯᠡᠨ᠂ ᠤᠯᠤᠰ ᠲᠥᠷᠥ ᠶᠢᠨ ᠰᠠᠬᠢᠯᠭ᠎ᠠ | ᠪᠠᠲᠤ ᠪᠠ ᠤᠯᠤᠰ ᠲᠥᠷᠥ ᠶᠢᠨ ᠶᠣᠰᠣ ᠲᠦᠷᠢᠮ ᠢ ᠴᠢᠩᠭ᠎ᠠ ᠵᠢᠷᠤᠮᠯᠠᠨ᠂ ᠪᠠᠶᠢᠩᠭᠤ ᠶᠢᠨ ᠬᠤᠷᠢᠶᠠᠨ ᠤ ᠬᠠᠤᠯᠢ | ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠵᠢᠴᠢ ᠲᠣᠰ ᠪᠡᠶ᠎ᠡ ᠶᠢᠨ ᠪᠠᠶᠢᠭᠤᠯᠤᠯᠲᠠ ᠶᠢᠨ ᠳᠤᠮᠳᠠᠬᠢ | ᠴᠢᠬᠤᠯᠠ ᠶᠡᠭᠡ ᠠᠰᠠᠭᠤᠳᠠᠯ᠂ ᠴᠢᠬᠤᠯᠠ ᠵᠤᠶᠢᠯᠡᠰ ᠢ ᠴᠠᠭ ᠲᠤᠬᠠᠶ ᠳᠤᠨᠢ ᠵᠢᠭᠠᠪᠤᠷᠢ ᠠᠪᠴᠤ ᠮᠡᠳᠡᠭᠦᠯᠦᠨ᠂ | ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ | ᠤᠶᠠᠯᠳᠤᠭᠤᠯᠤᠨ ᠡᠯ᠎ᠡ ᠵᠤᠶᠢᠯ ᠤᠨ ᠠᠵᠢᠯ ᠢ ᠲᠥᠯᠥᠪᠵᠢᠭᠦᠯᠦᠨ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠵᠢᠯ ᠤᠨ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠢᠮᠠᠭᠲᠠ ᠪᠠᠷᠢᠮᠲᠠᠯᠠᠨ᠎ᠠ᠃ | ᠴᠢᠬᠤᠯᠠ ᠶᠡᠭᠡ ᠤᠴᠢᠷ ᠶᠠᠪᠤᠳᠠᠯ ᠢ ᠲᠣᠭᠲᠠᠭᠠᠬᠤ ᠡᠷᠬᠡ ᠪᠠ ᠠᠵᠢᠯᠲᠠᠨ ᠢ ᠲᠣᠮᠢᠯᠠᠬᠤ ᠪᠠᠭᠤᠯᠭᠠᠬᠤ ᠡᠷᠬᠡ ᠶᠢ ᠬᠠᠤᠯᠢ | ᠶᠣᠰᠣᠭᠠᠷ ᠬᠡᠷᠡᠭᠵᠢᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠭᠤᠤᠯᠳᠠᠯᠭ᠎ᠠ ᠲᠠᠢ ᠠᠵᠢᠯ ᠢ | ᠵᠣᠬᠢᠴᠠᠭᠤᠯᠤᠨ ᠠᠬᠢᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠤ ᠬᠠᠤᠯᠢ ᠪᠠᠷ ᠵᠠᠰᠠᠬᠤ ᠲᠤᠯᠭᠠᠭᠤᠷᠢᠯᠠᠯ ᠪᠠ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ᠃ | ᠬᠤᠶᠠᠷ᠂ ᠡᠭᠦᠷᠭᠡᠲᠦ ᠤᠬᠠᠮᠰᠠᠷ ᠢᠶᠠᠨ ᠴᠢᠩᠭᠠᠳᠬᠠᠵᠤ᠂ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠳᠤᠮᠳᠠ | ᠬᠢᠨᠠᠯᠲᠠ ᠲᠠᠯᠪᠢᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠎ᠡ ᠪᠠᠶᠢᠩᠭᠤ ᠶᠢᠨ ᠬᠤᠷᠢᠶ᠎ᠠ ᠴᠢᠨᠠᠷ ᠰᠠᠶᠢᠲᠠᠶ | ᠬᠥᠭᠵᠢᠯᠲᠡ ᠶᠢᠨ ᠭᠤᠤᠯ ᠰᠡᠳᠦᠪ ᠪᠠ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢᠨ | ᠲᠣᠭᠤᠷᠢᠨ ᠳᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠠ 2035 ᠣᠨ ᠤ | ᠠᠯᠤᠰ ᠤᠨ ᠬᠠᠷᠠᠯᠲᠠ ᠶᠢᠨ ᠬᠥᠲᠥᠯᠪᠦᠷᠢ ᠶᠢ ᠬᠡᠷᠡᠭᠵᠢᠭᠦᠯᠬᠦ᠂ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠪᠠ | ᠬᠡᠷᠡᠭᠵᠢᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠬᠦ ᠳᠤ ᠬᠦᠴᠦᠨ ᠨᠡᠮᠡᠷᠢᠯᠡᠨ᠎ᠡ᠃ | ᠲᠥᠰᠦᠪ ᠢ ᠰᠦᠯᠵᠢᠶᠡᠵᠢᠭᠦᠯᠦᠨ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠷᠢᠳᠴᠢᠯᠠᠨ | ᠰᠡᠷᠡᠮᠵᠢᠯᠡᠭᠦᠯᠬᠦ᠂ ᠵᠠᠳᠠᠯᠬᠤ ᠵᠡᠷᠭᠡ ᠴᠢᠳᠠᠮᠵᠢ ᠶᠢ ᠪᠡᠶᠡᠯᠡᠭᠦᠯᠦᠨ᠂ ᠡᠳ᠋ ᠤᠨ ᠵᠠᠰᠠᠭ ᠤᠨ ᠲᠥᠰᠦᠪ ᠪᠠ ᠲᠥᠰᠦᠪ ᠤᠨ | ᠬᠦᠢᠴᠡᠳᠭᠡᠯ᠂ ᠬᠢᠨᠠᠨ ᠪᠣᠳᠣᠬᠤ ᠠᠰᠠᠭᠤᠳᠠᠯ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ᠂ ᠡᠳ᠋ ᠤᠨ ᠵᠠᠰᠠᠭ ᠤᠨ | ᠪᠠᠯᠠ ᠮᠥᠩᠭᠦ ᠶᠢ ᠬᠡᠷᠡᠭᠯᠡᠬᠦ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠷᠠᠳ ᠤᠨ ᠠᠮᠢᠳᠤᠷᠠᠯ ᠤᠨ | ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠲᠥᠷᠥᠯ ᠵᠤᠶᠢᠯ ᠢ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠢᠯᠧᠲ ᠢᠶᠠᠷ ᠰᠢᠢᠳᠪᠦᠷᠢ ᠭᠠᠷᠭᠠᠬᠤ | ᠲᠦᠷᠢᠮ ᠤᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠢᠯᠧᠲ ᠢᠶᠠᠷ ᠰᠢᠢᠳᠪᠦᠷᠢ ᠭᠠᠷᠭᠠᠬᠤ ᠲᠦᠷᠢᠮ ᠤᠨ | ᠠᠵᠢᠯ ᠢ ︽ᠲᠤᠷᠰᠢᠯᠲᠠ ᠶᠢᠨ ᠴᠡᠭ ᠤᠨ ᠥᠷᠭᠡᠳᠬᠡᠭᠰᠡᠨ ᠬᠡᠪᠴᠢᠶ᠎ᠡ︾ ᠠᠴᠠ ︽ᠪᠥᠬᠦ ᠣᠷᠣᠨ ᠪᠦᠰᠡ ᠶᠢ | ᠬᠠᠮᠤᠷᠤᠭᠰᠠᠨ︾ ᠲᠡᠶᠢᠰᠢ ᠥᠷᠭᠡᠳᠬᠡᠬᠦ ᠶᠢ ᠠᠬᠢᠭᠤᠯᠤᠨ᠎ᠠ ᠃ ᠪᠥᠬᠦ ᠬᠤᠰᠢᠭᠤᠨ ᠤ ᠵᠤᠭᠠᠴᠠᠯ ᠤᠨ ᠦᠶᠯᠡᠰ ᠤᠨ | ᠬᠥᠭᠵᠢᠯᠲᠡ ᠶᠢᠨ ᠪᠠᠶᠢᠳᠠᠯ ᠤᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ 《 ᠳᠤᠮᠳᠠᠳᠤ | ᠤᠯᠤᠰ ᠤᠨ ᠰᠢᠨ᠎ᠡ ᠪᠠᠷ ᠮᠠᠨᠳᠤᠭᠰᠠᠨ ᠲᠠᠯ᠎ᠠ ᠨᠤᠲᠤᠭ ᠤᠨ ᠵᠤᠭᠠᠴᠠᠯ ᠤᠨ ᠵᠣᠷᠢᠭᠰᠠᠨ ᠭᠠᠵᠠᠷ 》 ᠢ ᠴᠣᠭᠴᠠᠯᠠᠬᠤ | ᠶᠢᠨ ᠲᠣᠭᠤᠷᠢᠨ ᠳᠤ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠵᠤᠭᠠᠴᠠᠯ ᠤᠨ ᠦᠶᠯᠡᠰ ᠤᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠬᠦ ᠲᠠᠢ ᠤᠶᠠᠯᠳᠤᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠴᠢᠮᠡᠭᠡ ᠬᠤᠯᠪᠣᠭᠠᠨ ᠤ | ᠲᠣᠤᠷ ᠰᠦᠯᠵᠢᠶ᠎ᠡ ᠶᠢᠨ ᠪᠠᠶᠢᠭᠤᠯᠤᠯᠲᠠ ᠶᠢ ᠲᠤᠰᠬᠠᠶ ᠰᠡᠳᠦᠪ ᠢᠶᠠᠷ ᠪᠠᠶᠢᠴᠠᠭᠠᠨ ᠰᠤᠳᠤᠯᠵᠤ᠂ ᠠᠰᠠᠭᠤᠳᠠᠯ ᠢ | ᠰᠢᠢᠳᠪᠦᠷᠢᠯᠡᠬᠦ ᠶᠢ ᠴᠢᠷᠮᠠᠶᠢᠨ ᠠᠬᠢᠭᠤᠯᠵᠤ᠂ ᠲᠥᠯᠥᠭᠡᠯᠡᠭᠴᠢᠳ ᠪᠣᠯᠤᠨ ᠣᠯᠠᠨ ᠲᠦᠮᠡᠨ ᠤ ᠠᠩᠬᠠᠷᠴᠤ ᠪᠠᠶᠢᠭ᠎ᠠ | ᠠᠰᠠᠭᠤᠳᠠᠯ ᠳᠤ ᠨᠠᠩ ᠰᠠᠶᠢᠲᠤᠷ ᠬᠠᠷᠢᠭᠤᠯᠲᠠ ᠥᠭᠭᠦᠨ᠎ᠡ᠃ ᠬᠤᠰᠢᠭᠤᠨ ᠤ ᠵᠠᠰᠠᠯᠲᠠ ᠶᠢᠨ ᠣᠳᠣᠬᠢᠴᠢᠯᠠᠯᠲᠠ ᠶᠢ | ᠠᠬᠢᠭᠤᠯᠬᠤ ᠶᠢᠨ ᠲᠣᠭᠤᠷᠢᠨ ᠳᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠪᠠᠨ ᠨᠠᠷᠢᠨ | ᠬᠢᠨᠠᠮᠠᠭᠠᠶ ᠭᠦᠢᠴᠡᠳᠭᠡᠵᠦ᠂ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠠᠨᠠᠭᠠᠴᠢᠯᠠᠭ᠎ᠠ ᠠᠴᠠ ᠪᠠᠨ ᠬᠢᠨᠠᠨ | ᠪᠠᠶᠢᠴᠠᠭᠠᠵᠤ᠂ ᠠᠷᠠᠳᠴᠢᠯᠠᠯ ᠬᠠᠤᠯᠢᠵᠢᠯ ᠤᠨ ᠬᠦᠷᠢᠶᠡᠨ ᠤ ᠥᠭᠡᠷᠡᠴᠢᠯᠡᠯᠲᠡ ᠪᠠ ᠪᠥᠬᠦ ᠲᠠᠯ᠎ᠠ ᠪᠠᠷ ᠬᠠᠤᠯᠢ ᠪᠠᠷ | ᠬᠤᠰᠢᠭᠤ ᠪᠠᠨ ᠵᠠᠰᠠᠬᠤ ᠠᠵᠢᠯ ᠢ ᠠᠬᠢᠭᠤᠯᠤᠨ᠎ᠠ᠃ ᠤᠯᠠᠭᠠᠨᠮᠣᠳᠣ ᠳᠠᠬᠢ ᠬᠠᠤᠯᠢ ᠲᠣᠭᠲᠠᠭᠠᠬᠤ ᠬᠠᠷᠢᠯᠴᠠᠬᠤ ᠴᠡᠭ | ᠲᠤ ᠲᠦᠰᠢᠭᠯᠡᠨ ᠪᠦᠬᠦ ᠣᠷᠣᠨ ᠤ ᠬᠠᠤᠯᠢ ᠲᠣᠭᠲᠠᠭᠠᠬᠤ ᠠᠵᠢᠯ ᠳᠤ ᠢᠳᠡᠪᠬᠢᠲᠡᠢ ᠪᠥᠭᠡᠳ ᠡᠮᠬᠢ ᠵᠢᠷᠤᠮ ᠲᠠᠢ ᠪᠠᠷ | ᠣᠷᠣᠯᠴᠠᠵᠤ᠂ ᠮᠠᠨ ᠤ ᠬᠤᠰᠢᠭᠤᠨ ᠤ ᠬᠠᠤᠯᠢ ᠲᠣᠭᠲᠠᠭᠠᠬᠤ ᠰᠠᠨᠠᠭᠤᠯᠭ᠎ᠠ ᠴᠤᠭᠯᠠᠭᠤᠯᠬᠤ ᠲᠤᠰᠬᠠᠢ ᠮᠡᠷᠭᠡᠵᠢᠯᠲᠡᠨ ᠤ | ᠬᠥᠮᠥᠷᠭᠡ ᠶᠢ ᠪᠠᠶᠢᠭᠤᠯᠵᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ ᠠᠵᠢᠯ ᠤᠨ ᠰᠢᠨ᠎ᠡ ᠰᠢᠪᠲᠤᠯᠤᠯᠲᠠ ᠲᠠᠢ | ᠪᠣᠯᠬᠤ ᠶᠢ ᠴᠢᠷᠮᠠᠶᠢᠨ ᠠᠬᠢᠭᠤᠯᠤᠨ᠎ᠠ᠃ | ᠭᠤᠷᠪᠠ᠂ ᠭᠤᠣᠯ ᠴᠣᠭᠴᠠ ᠶᠢᠨ ᠤᠬᠠᠮᠰᠠᠷ ᠢᠶᠠᠨ ᠴᠢᠩᠭᠠᠳᠬᠠᠵᠤ᠂ ᠲᠥᠯᠥᠭᠡᠯᠡᠭᠴᠢ ᠶᠢᠨ ᠦᠢᠯᠡᠳᠦᠯ ᠢᠶᠠᠨ | ᠪᠠᠳᠠᠷᠠᠭᠤᠯᠬᠤ ᠳᠤᠮᠳᠠ ᠠᠵᠢᠯ ᠤᠨ ᠨᠡᠶᠢᠯᠡᠮᠡᠯ ᠬᠦᠴᠦᠨ ᠢᠶᠠᠨ ᠳᠡᠭᠡᠭᠰᠢᠯᠡᠭᠦᠯᠦᠨ᠎ᠡ | ᠪᠠᠶᠢᠩᠭᠤ ᠶᠢᠨ ᠬᠤᠷᠢᠶ᠎ᠠ ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠦᠷᠭᠦᠯᠵᠢᠯᠡᠨ ᠳᠡᠮᠵᠢᠵᠦ᠂ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠲᠥᠯᠥᠭᠡᠯᠡᠭᠴᠢᠳ ᠤᠨ ᠪᠠᠶᠢᠩᠭᠤ ᠶᠢᠨ | ᠬᠤᠷᠢᠶᠠᠨ ᠤ ᠠᠵᠢᠯ ᠳᠤ ᠣᠷᠣᠯᠴᠠᠬᠤ ᠶᠢ ᠥᠷᠭᠡᠳᠬᠡᠨ᠎ᠡ᠃ ︽ᠪᠦᠬᠦ ᠣᠷᠣᠨ ᠤ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠳᠤᠮᠳᠠ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠷᠭᠠᠨ ᠬᠥᠮᠦᠵᠢᠯ ᠢ ᠥᠷᠨᠢᠭᠦᠯᠬᠦ ᠲᠤᠬᠠᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠰᠠᠨᠠᠯ︾ ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ᠠᠷᠠᠳ ᠤᠨ ᠲᠥᠯᠥᠭᠡᠯᠡᠭᠴᠢᠳ ᠤᠨ ᠲᠤᠰᠬᠠᠢ ᠰᠡᠳᠦᠪᠲᠦ | ᠰᠤᠷᠤᠯᠴᠠᠯᠭ᠎ᠠ ᠪᠣᠯᠪᠠᠰᠤᠷᠠᠯ ᠢ ᠥᠷᠨᠢᠭᠦᠯᠦᠨ᠂ ᠲᠥᠯᠥᠭᠡᠯᠡᠭᠴᠢᠳ ᠢ ᠬᠥᠲᠥᠯᠥᠨ ᠵᠢᠯᠣᠭᠤᠳᠴᠤ ᠪᠦᠬᠦ ᠣᠷᠣᠨ ᠤ | ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠪᠠ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠶᠢ ᠡᠷᠡᠰ ᠭᠤᠶᠢᠪᠢᠰᠢ ᠦᠭᠡᠢ ᠳᠡᠮᠵᠢᠬᠦ ᠲᠠᠯ᠎ᠠ ᠪᠠᠷ ᠦᠯᠢᠭᠡᠷ ᠳᠠᠭᠤᠷᠢᠶᠠᠯ | ᠪᠣᠯᠭᠠᠨ᠎ᠠ᠃ ᠵᠥᠪ ᠲᠠᠯ᠎ᠠ ᠠᠴᠠ ᠶᠠᠷᠢᠬᠤ᠂ ᠤᠬᠠᠭᠤᠯᠤᠨ ᠲᠠᠶᠢᠯᠪᠤᠷᠢᠯᠠᠬᠤ ᠶᠢ ᠰᠠᠶᠢᠲᠤᠷ ᠬᠢᠬᠦ ᠲᠠᠯ᠎ᠠ ᠪᠠᠷ ᠦᠯᠢᠭᠡᠷ | ᠳᠠᠭᠤᠷᠢᠶᠠᠯ ᠦᠵᠡᠭᠦᠯᠬᠦ ᠬᠡᠷᠡᠭᠲᠡᠶ᠃ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ᠂ ᠨᠡᠶᠢᠭᠡᠮ ᠤᠨ ᠲᠣᠭᠲᠠᠭᠤᠨ | ᠪᠠᠶᠢᠳᠠᠯ ᠢ ᠬᠠᠮᠠᠭᠠᠯᠠᠬᠤ ᠲᠠᠯ᠎ᠠ ᠪᠠᠷ ᠦᠯᠢᠭᠡᠷ ᠳᠠᠭᠤᠷᠢᠶᠠᠯ ᠪᠣᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ | ᠢᠷᠠᠭᠤ ᠠᠯᠳᠠᠷ ᠢ ᠬᠠᠮᠠᠭᠠᠯᠠᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ ︽ᠬᠤᠶᠠᠷ ᠬᠠᠷᠢᠯᠴᠠᠬᠤ︾ | ᠠᠵᠢᠯ ᠢ ᠭᠦᠨᠵᠡᠭᠡᠢ ᠥᠷᠨᠢᠭᠦᠯᠵᠦ᠂ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠪᠣᠯᠤᠨ ᠲᠥᠯᠥᠭᠡᠯᠡᠭᠴᠢ᠂ | ᠲᠥᠯᠥᠭᠡᠯᠡᠭᠴᠢ ᠪᠣᠯᠤᠨ ᠰᠣᠩᠭᠤᠭᠤᠯᠢ ᠶᠢᠨ ᠠᠷᠠᠳ ᠤᠨ ᠰᠢᠭᠤᠳ ᠬᠠᠷᠢᠯᠴᠠᠭ᠎ᠠ ᠶᠢ ᠴᠢᠩᠭᠠᠳᠬᠠᠵᠤ᠂ ᠣᠯᠠᠨ | ᠲᠦᠮᠡᠨ ᠤ ᠠᠩᠬᠠᠷᠤᠨ ᠬᠠᠯᠠᠮᠵᠢᠯᠠᠵᠤ ᠪᠠᠶᠢᠭ᠎ᠠ ᠬᠠᠯᠠᠭᠤᠨ ᠴᠢᠭ ᠳᠠᠬᠢ ᠬᠦᠴᠢᠷ ᠠᠰᠠᠭᠤᠳᠠᠯ ᠢ ᠬᠠᠪᠰᠤᠷᠤᠨ | ᠰᠢᠢᠳᠪᠦᠷᠢᠯᠡᠨ᠎ᠡ᠃ ᠲᠥᠯᠥᠭᠡᠯᠡᠭᠴᠢᠳ ᠤᠨ ᠠᠵᠢᠯᠯᠠᠭ᠎ᠠ ᠶᠢᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ | ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠥᠷᠥᠭᠡ ︵ᠠᠵᠢᠯᠯᠠᠬᠤ ᠲᠠᠰᠤᠭ︶ | ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠤᠶᠤᠨᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠠᠪᠴᠠᠩ︾ ᠤᠨ ᠬᠠᠷᠢᠯᠴᠠᠨ ᠦᠢᠯᠡᠳᠦᠯᠴᠡᠬᠦ ᠴᠢᠳᠠᠮᠵᠢ ᠳᠤ ᠲᠦᠰᠢᠭᠯᠡᠨ᠂ ᠲᠥᠯᠥᠭᠡᠯᠡᠭᠴᠢᠳ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠬᠦ ᠰᠠᠨᠠᠭᠠᠴᠢᠯᠠᠭᠠᠲᠤ ᠴᠢᠨᠠᠷ᠂ ᠢᠳᠡᠪᠬᠢᠵᠢᠯ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ ᠲᠥᠯᠥᠭᠡᠯᠡᠭᠴᠢᠳ ᠤᠨ ᠰᠠᠨᠠᠭᠤᠯᠭ᠎ᠠ ᠳᠤᠷᠠᠳᠬᠤ᠂ ᠰᠢᠢᠳᠪᠦᠷᠢᠯᠡᠬᠦ᠂ ᠬᠠᠷᠢᠭᠤ ᠲᠤᠰᠬᠠᠬᠤ | ᠡᠯ᠎ᠡ ᠭᠤᠭᠴᠤᠭ᠎ᠠ ᠶᠢᠨ ᠠᠵᠢᠯ ᠢ ᠬᠠᠯᠠᠨ ᠰᠠᠶᠢᠵᠢᠷᠠᠭᠤᠯᠵᠤ᠂ ᠲᠥᠯᠥᠭᠡᠯᠡᠭᠴᠢᠳ ᠤᠨ ᠰᠠᠨᠠᠭᠤᠯᠭ᠎ᠠ ᠶᠢ | ᠰᠢᠢᠳᠪᠦᠷᠢᠯᠡᠵᠦ ᠨᠠᠶᠢᠳᠠᠪᠤᠷᠢᠵᠢᠭᠤᠯᠬᠤ ᠲᠣᠭᠲᠠᠴᠠ ᠶᠢᠨ ᠰᠢᠨ᠎ᠡ ᠶᠢ ᠡᠭᠦᠳᠴᠦ᠂ ᠠᠰᠠᠭᠤᠳᠠᠯ ᠢ ᠰᠢᠢᠳᠪᠦᠷᠢᠯᠡᠬᠦ ᠶᠢ | ᠠᠬᠢᠭᠤᠯᠬᠤ ᠳᠡᠭᠡᠷ᠎ᠡ ᠬᠦᠴᠦ ᠲᠠᠯᠪᠢᠵᠤ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠪᠣᠲᠠᠲᠠᠢ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ | ᠦᠨᠳᠦᠰᠦᠯᠡᠨ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠤᠰᠢᠭᠤ | ᠰᠢᠶᠠᠩ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ | ᠰᠣᠩᠭᠤᠭᠤᠯᠢ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠦᠨᠳᠦᠰᠦᠨ ᠬᠠᠤᠯᠢ ᠬᠠᠤᠯᠢ ᠴᠠᠭᠠᠵᠠ ᠶᠢᠨ | ᠲᠣᠭᠲᠠᠭᠠᠯ ᠢ ᠦᠨᠳᠦᠰᠦᠯᠡᠨ᠂ ᠬᠠᠤᠯᠢ ᠶᠣᠰᠣᠭᠠᠷ ᠲᠣᠭᠲᠠᠭᠠᠯ ᠭᠠᠷᠭᠠᠵᠤ᠂ ᠡᠯ᠎ᠡ ᠰᠣᠩᠭᠤᠭᠤᠯᠢ ᠶᠢᠨ ᠨᠢᠭᠡᠴᠡ ᠶᠢ | ᠵᠢᠯᠣᠭᠤᠳᠤᠨ ᠲᠥᠯᠥᠭᠡᠯᠡᠭᠴᠢᠳ ᠤᠨ ᠰᠣᠩᠭᠤᠭᠤᠯᠢ ᠶᠢ ᠰᠠᠶᠢᠲᠤᠷ ᠬᠢᠯᠭᠡᠵᠦ᠂ ᠠᠵᠢᠯ ᠤᠨ ᠡᠭᠦᠷᠭᠡ ᠶᠢ | ᠨᠠᠷᠢᠯᠢᠭᠵᠢᠭᠤᠯᠵᠤ᠂ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠳᠠᠯᠠᠵᠤ᠂ ᠰᠠᠬᠢᠯᠭ᠎ᠠ ᠪᠠᠲᠤ ᠶᠣᠰᠣ ᠲᠦᠷᠢᠮ ᠢ | ᠴᠢᠩᠳᠠᠯᠠᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠵᠥᠪ ᠴᠢᠭᠯᠡᠯ ᠢ ᠪᠠᠲᠤᠯᠠᠵᠤ᠂ ᠬᠤᠭᠤᠴᠠᠭ᠎ᠠ | ᠰᠣᠯᠢᠬᠤ ᠰᠣᠩᠭᠤᠭᠤᠯᠢ ᠶᠢᠨ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠪᠠᠲᠤᠯᠠᠵᠤ᠂ ᠰᠣᠩᠭᠤᠵᠤ ᠭᠠᠷᠭᠠᠭᠰᠠᠨ | ᠲᠥᠯᠥᠭᠡᠯᠡᠭᠴᠢᠳ ᠤᠨ ᠤᠯᠤᠰ ᠲᠥᠷᠥ ᠶᠢᠨ ᠬᠡᠪ ᠴᠢᠨᠠᠷ ᠥᠨᠳᠥᠷ᠂ ᠣᠯᠠᠨ ᠲᠦᠮᠡᠨ ᠤ ᠰᠠᠭᠤᠷᠢ ᠰᠠᠶᠢᠨ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠴᠢᠩᠭ᠎ᠠ ᠪᠠᠶᠢᠬᠤ ᠶᠢ ᠪᠠᠲᠤᠯᠠᠨ᠎ᠠ᠃ | ᠳᠥᠷᠪᠡ᠂ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ | ᠳᠤᠮᠳᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠪᠣᠳᠠᠲᠠᠢ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ | ᠪᠠᠶᠢᠩᠭᠤ ᠶᠢᠨ ᠬᠤᠷᠢᠶ᠎ᠠ ᠶᠢᠨ ᠳᠣᠲᠣᠭᠠᠳᠤ ᠬᠥᠳᠡᠯᠭᠡᠬᠦ ᠬᠦᠴᠦᠨ ᠢᠶᠠᠨ ᠤᠯᠠᠮ ᠨᠢᠭᠡ ᠠᠯᠬᠤᠮ | ᠴᠢᠩᠭᠠᠳᠬᠠᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠪᠠ ᠬᠢᠷᠢ ᠲᠦᠪᠰᠢᠨ ᠢ ᠪᠦᠬᠦ | ᠲᠠᠯ᠎ᠠ ᠪᠠᠷ ᠳᠡᠭᠡᠭᠰᠢᠯᠡᠭᠦᠯᠦᠨ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠡᠷᠡᠰ | ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠬᠢᠭᠡᠳ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠠᠮ ᠪᠠᠶᠢᠭᠤᠯᠤᠭᠳᠠᠭᠰᠠᠨ | 100 ᠵᠢᠯ ᠤᠨ ᠤᠢ ᠶᠢ ᠪᠡᠯᠭᠡᠯᠡᠬᠦ ᠰᠢᠷᠢᠰ ᠠᠵᠢᠯᠯᠠᠭ᠎ᠠ ᠶᠢ ᠥᠷᠨᠢᠭᠦᠯᠦᠨ᠂ ᠨᠠᠮ ᠳᠠᠭᠠᠨ ᠦᠨᠡᠨᠴᠢ ᠪᠠᠶᠢᠬᠤ᠂ ᠠᠷᠠᠳ | ᠲᠦᠮᠡᠨ ᠢ ᠰᠡᠳᠬᠢᠯ ᠬᠠᠨᠤᠮᠵᠢᠲᠠᠢ ᠪᠠᠶᠢᠯᠭᠠᠬᠤ ᠵᠢᠱᠢᠶᠡᠴᠢ ᠪᠠᠶᠢᠭᠤᠯᠭ᠎ᠠ ᠶᠢ ᠴᠢᠷᠮᠠᠶᠢᠨ ᠪᠠᠶᠢᠭᠤᠯᠤᠨ᠎ᠠ᠃ ᠠᠵᠢᠯ ᠤᠨ | ᠰᠠᠭᠤᠷᠢ ᠪᠠᠨ ᠤᠯᠠᠮ ᠨᠢᠭᠡ ᠠᠯᠬᠤᠮ ᠦᠩᠭᠡ ᠭᠡᠷᠯᠲᠡᠢ ᠪᠤᠯᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠪᠠᠶᠢᠭᠤᠯᠤᠭᠳᠠᠭᠰᠠᠨ 40 ᠵᠢᠯ ᠤᠨ ᠣᠶ ᠶᠢ ᠳᠤᠷᠠᠰᠬᠠᠬᠤ ᠪᠠᠷ ᠲᠣᠬᠢᠶᠠᠯ | ᠪᠣᠯᠭᠠᠨ᠂ ᠬᠡᠷᠡᠯ ᠰᠠᠴᠤᠷᠠᠩᠭᠤᠶ ᠥᠩᠭᠡᠷᠡᠯᠲᠡ ᠪᠠᠨ ᠡᠷᠭᠢᠴᠡᠭᠦᠯᠵᠦ᠂ ᠨᠠᠨᠳᠢᠨ ᠲᠤᠷᠰᠢᠯᠭ᠎ᠠ ᠪᠠᠨ ᠳ᠋ᠦᠩᠨᠡᠨ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠮᠠᠲ᠋ᠧᠷᠢᠶᠠᠯ ᠤᠨ ᠡᠮᠬᠢᠳᠬᠡᠯ ᠢ ᠨᠠᠶᠢᠷᠠᠭᠤᠯᠤᠨ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠲᠤᠰᠢᠶᠠᠯ ᠢᠶᠠᠨ ᠭᠦᠢᠴᠡᠳᠭᠡᠬᠦ ᠬᠡᠷᠡᠯ ᠵᠢᠷᠤᠭ ᠤᠨ | ᠦᠵᠡᠰᠬᠦᠯᠡᠩ ᠢ ᠡᠷᠭᠢᠯᠡᠵᠦ᠂ ᠮᠠᠨ ᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠤᠯᠠᠮᠵᠢᠯᠠᠯ ᠤᠨ ᠳᠤᠮᠳᠠ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃ ᠡᠭᠦᠷᠭᠡ ᠲᠤᠰᠢᠶᠠᠯ ᠢᠶᠠᠨ | ᠭᠦᠢᠴᠡᠳᠬᠡᠬᠦ ᠢᠳᠡ ᠬᠦᠴᠦᠨ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠣᠯᠠᠨ ᠲᠦᠮᠡᠨᠴᠢ ᠱᠤᠭᠤᠮ ᠢ | ᠦᠢᠯᠡᠳᠦᠯᠭᠡᠵᠢᠭᠦᠯᠵᠦ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ | ᠭᠦᠢᠴᠡᠳᠬᠡᠬᠦ ᠪᠠ ᠶᠡᠭᠡ ᠲᠠᠯ᠎ᠠ ᠳᠤ ᠦᠢᠯᠡᠴᠢᠯᠡᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠦᠨᠡᠨ ᠬᠦ | ᠳᠡᠭᠡᠭᠰᠢᠯᠡᠭᠦᠯᠵᠦ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠳᠤ ᠬᠦᠴᠦᠷᠬᠡᠭ | ᠶᠡᠭᠡ ᠬᠥᠳᠡᠯᠭᠡᠭᠴᠢ ᠡᠨᠧᠷᠭᠢ ᠬᠠᠩᠭᠠᠨ᠎ᠠ᠃ ᠬᠥᠭᠵᠢᠯᠲᠡ ᠶᠢᠨ ᠠᠭᠤᠯᠤᠭᠳᠠᠬᠤᠨ ᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠨᠡᠷ ᠬᠠᠤᠯᠢ ᠪᠠᠷ ᠵᠠᠰᠠᠬᠤ ᠰᠡᠳᠬᠢᠬᠦᠢ ᠪᠠᠷ | ᠦᠢᠯᠡᠳᠦᠯᠭᠡ ᠪᠠᠨ ᠵᠢᠯᠤᠭᠤᠳᠤᠭᠤᠯᠬᠤ᠂ ᠠᠵᠢᠯ ᠢᠶᠠᠨ ᠠᠬᠢᠭᠤᠯᠬᠤ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ ᠪᠠ ᠠᠵᠢᠯ ᠤᠨ | ᠵᠢᠯᠤᠭᠤᠳᠤᠯᠭ᠎ᠠ ᠪᠠᠨ ᠴᠢᠩᠭᠠᠳᠬᠠᠵᠤ᠂ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠦᠢᠯᠡᠳᠦᠯᠭᠡ ᠶᠢᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ ᠲᠡᠮᠵᠢᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠦᠬᠦᠯᠢ ᠴᠣᠭᠴᠠ ᠶᠢᠨ ᠨᠡᠶᠢᠯᠡᠮᠡᠯ ᠬᠦᠴᠦᠨ ᠢ | ᠴᠢᠩᠭᠠᠷᠠᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ᠂ ᠲᠡᠭᠦᠯᠳᠡᠷᠵᠢᠨ ᠬᠥᠭᠵᠢᠬᠦ ᠳᠤ ᠠᠮᠢᠳᠤᠯᠢᠭ ᠬᠦᠴᠦᠨ | ᠨᠡᠮᠡᠷᠢᠯᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠬᠠᠭᠤᠯᠭ᠎ᠠ ᠶᠢᠨ ᠠᠵᠢᠯ ᠢ ᠴᠢᠩᠭᠠᠳᠬᠠᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠯᠢᠭᠡᠷ ᠢ ᠰᠠᠶᠢᠲᠤᠷ ᠶᠠᠷᠢᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠣᠨ ᠮᠠᠨ ᠤ ᠬᠤᠰᠢᠭᠤᠨ ᠳᠠᠬᠢ ᠠᠮᠢᠳᠤᠯᠢᠭ ᠦᠢᠯᠡᠳᠦᠯᠭᠡ ᠶᠢ | ᠭᠦᠢᠴᠡᠳ ᠢᠯᠡᠷᠡᠭᠦᠯᠦᠨ᠎ᠡ᠃ | ᠲᠥᠯᠥᠭᠡᠯᠡᠭᠴᠢᠳ ᠡ︕ ᠤᠭ ᠰᠠᠨᠠᠭ᠎ᠠ ᠪᠠᠨ ᠦᠯᠦ ᠮᠠᠷᠲᠠᠨ ᠦᠩᠭᠡᠷᠡᠭᠰᠡᠨ ᠵᠠᠮ ᠢᠶᠠᠨ ᠬᠠᠷᠠᠵᠤ ᠦᠵᠡᠨ᠂ | ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠵᠤ᠂ ᠰᠢᠨ᠎ᠡ ᠠᠮᠵᠢᠯᠲᠠ ᠳᠤ ᠬᠦᠷᠦᠶ᠎ᠡ᠃ ᠪᠢᠳᠡ ᠰᠢ ᠶᠢᠨ ᠫᠢᠩ | ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠳᠣᠤᠷ᠎ᠠ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠪᠣᠳᠠᠲᠠᠶ ᠠᠵᠢᠯᠯᠠᠵᠤ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠴᠢᠨᠠᠷ ᠰᠠᠶᠢᠲᠠᠶ ᠳᠠᠪᠠᠯᠲᠠ | ᠮᠠᠶ᠋ᠢᠭ ᠢᠶᠠᠷ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠵᠦ᠂ ᠪᠣᠳᠠᠲᠤ ᠠᠵᠢᠯᠯᠠᠭ᠎ᠠ ᠪᠠ ᠰᠢᠯᠢᠳᠡᠭ | ᠠᠮᠵᠢᠯᠲᠠ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠪᠡᠯᠭᠡᠯᠡᠶ᠎ᠡ︕ | ᠨᠡᠷᠡᠰ ᠦᠭᠡ ᠶᠢᠨ ᠲᠠᠶᠢᠯᠪᠤᠷᠢ | 1 . ︽123︾ ᠲᠥᠯᠥᠪᠯᠡᠭᠡ᠄ ᠳᠠᠷᠤᠶ ᠪᠥᠬᠦ ᠬᠤᠰᠢᠭᠤᠨ ᠤ ᠬᠡᠪᠴᠢᠶᠡᠨ ᠳᠤ 100 ᠨᠡᠷᠡᠰ ᠬᠠᠤᠯᠢ | ᠲᠣᠭᠲᠠᠭᠠᠬᠤ ᠬᠦᠰᠡᠯ ᠵᠣᠷᠢᠯᠲᠠ ᠲᠠᠢ ᠮᠡᠳᠡᠭᠡ ᠵᠠᠩᠭᠢ ᠴᠤᠭᠯᠠᠭᠤᠯᠤᠭᠴᠢ ᠶᠢ ᠰᠣᠩᠭᠤᠨ ᠲᠣᠮᠢᠯᠠᠵᠤ᠂ 20 ᠨᠡᠷᠡᠰ | ᠬᠠᠤᠯᠢ ᠴᠠᠭᠠᠵᠠ ᠶᠢᠨ ᠲᠤᠰᠬᠠᠶ ᠮᠡᠷᠭᠡᠵᠢᠯᠲᠡᠨ ᠪᠤᠶᠤ ᠬᠠᠤᠯᠢ ᠪᠠᠷ ᠵᠠᠰᠠᠬᠤ ᠦᠢᠯᠡᠳᠦᠯᠭᠡ ᠶᠢᠨ ᠲᠤᠷᠰᠢᠯᠭ᠎ᠠ ᠲᠠᠢ | ᠨᠥᠬᠦᠳ ᠢ ᠰᠣᠩᠭᠤᠨ ᠤᠷᠢᠵᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠠᠶᠢᠭᠤᠯᠵᠤ᠂ 30 ᠰᠢᠬᠠᠮ ᠨᠢᠭᠡᠴᠡ ᠶᠢ | ᠬᠠᠤᠯᠢ ᠲᠣᠭᠲᠠᠭᠠᠬᠤ ᠬᠠᠷᠢᠯᠴᠠᠬᠤ ᠴᠡᠭ ᠤᠨ ᠪᠦᠷᠢᠯᠳᠦᠬᠦᠨ ᠨᠢᠭᠡᠴᠡ ᠪᠠᠷ ᠲᠣᠭᠲᠠᠭᠠᠵᠤ᠂ ᠬᠠᠤᠯᠢ ᠲᠣᠭᠲᠠᠭᠠᠬᠤ | ᠬᠦᠰᠡᠯ ᠡᠷᠡᠮᠡᠯᠵᠡᠯ ᠴᠤᠭᠯᠠᠭᠤᠯᠬᠤ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠦᠨ᠎ᠡ᠃ | 2 . ︽ ᠰᠡᠳᠭᠢᠯ ᠢ ᠳᠤᠯᠠᠭᠠᠯᠠᠬᠤ ᠦᠷᠲᠡᠭᠡ︾᠄ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢ ᠶᠢᠨ ᠭᠡᠷ ᠪᠦᠯᠢ ᠳᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠠᠯᠠᠪᠤᠷ ᠭᠠᠷᠭᠠᠵᠤ᠂ | ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠳᠤ ᠯᠠᠪᠯᠠᠯᠭ᠎ᠠ ᠬᠢᠬᠦ᠂ ᠠᠮᠠᠷᠠᠬᠤ᠂ ᠤᠰᠤ ᠤᠤᠭᠤᠬᠤ ᠵᠡᠷᠭᠡ | ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠷᠥᠯ ᠵᠦᠢᠯ ᠢ ᠬᠠᠩᠭᠠᠨ᠎ᠠ᠃ | 3 . ︽ᠭᠤᠷᠪᠠ ᠶᠢ ᠰᠣᠩᠭᠤᠬᠤ ᠭᠤᠷᠪᠠ ᠶᠢ ᠨᠡᠶᠢᠲᠡᠯᠡᠭᠦ︾᠄ ᠠᠷᠠᠳ ᠤᠨ ᠠᠮᠢᠳᠤᠷᠠᠯ ᠤᠨ ᠪᠣᠳᠠᠲᠤ | ᠬᠡᠷᠡᠭ ᠤᠨ ᠲᠥᠷᠥᠯ ᠵᠤᠶᠢᠯ ᠢ ᠠᠷᠠᠳ ᠤᠨ ᠲᠥᠯᠥᠭᠡᠯᠡᠭᠴᠢ ᠪᠢᠯᠧᠲ ᠢᠶᠠᠷ ᠰᠢᠢᠳᠪᠦᠷᠢ ᠭᠠᠷᠭᠠᠬᠤ ᠲᠦᠷᠢᠮ ᠤᠨ | ᠠᠵᠢᠯ ᠤᠨ ᠠᠩᠬ᠎ᠠ ᠲᠣᠭᠲᠠᠭᠠᠬᠤ ᠭᠤᠭᠴᠤᠭ᠎ᠠ᠂ ᠪᠢᠯᠧᠲ ᠢᠶᠠᠷ ᠰᠢᠢᠳᠪᠦᠷᠢ ᠭᠠᠷᠭᠠᠬᠤ ᠲᠦᠷᠢᠮ ᠤᠨ ᠠᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠬᠡᠷ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ ᠬᠤᠰᠢᠭᠤᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ | ᠵᠢᠱᠢᠭᠳᠡᠭᠰᠡᠨ ᠲᠥᠷᠥᠯ ᠵᠤᠶᠢᠯ ᠢ ᠬᠢᠨᠠᠨ ᠵᠥᠪᠯᠡᠵᠦ ᠰᠣᠩᠭᠤᠬᠤ ᠶᠢᠨ ᠬᠠᠮᠲᠤ ᠵᠠᠷᠯᠠᠨ ᠨᠡᠶᠢᠲᠡᠯᠡᠨ᠎ᠡ᠃ |