— 2021 ᠣᠨ ᠤ 3 ᠰᠠᠷ᠎ᠠ ᠶᠢᠨ 9 ᠤ ᠡᠳᠦᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠠᠷᠪᠠᠨ ᠲᠤᠯᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ | ᠤᠳᠠᠭᠠᠨ ᠤ ᠬᠤᠷᠠᠯᠳᠤᠭᠠᠨ ᠳᠡᠭᠡᠷ᠎ᠡ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠡᠳ᠋ | ᠳᠠᠷᠤᠭ᠎ᠠ ᠴᠧᠨ ᠭᠥᠸᠧ ᠴᠢᠩ | ᠲᠥᠯᠥᠭᠡᠯᠡᠭᠴᠢᠳ ᠡ᠄ | ᠣᠲᠣ ᠪᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠡᠮᠦᠨ᠎ᠡ ᠠᠴᠠ ᠶᠡᠭᠡ ᠬᠤᠷᠠᠯ ᠳᠤ 2020 ᠣᠨ ᠤ ᠠᠷᠠᠳ ᠤᠨ ᠠᠮᠢᠳᠤᠷᠠᠯ ᠤᠨ ᠪᠣᠳᠠᠲᠤ ᠲᠥᠷᠥᠯ ᠵᠤᠶᠢᠯ ᠢ | ᠪᠡᠶᠡᠯᠡᠭᠦᠯᠦᠭᠰᠡᠨ ᠪᠠᠶᠢᠳᠠᠯ ᠪᠠ 2021 ᠣᠨ ᠤ ᠵᠢᠩᠬᠢᠨᠢ ᠪᠠᠷ ᠵᠢᠱᠢᠭᠳᠡᠭᠰᠡᠨ ᠠᠷᠠᠳ ᠤᠨ ᠠᠮᠢᠳᠤᠷᠠᠯ ᠤᠨ ᠪᠣᠳᠠᠲᠤ | ᠲᠥᠷᠥᠯ ᠵᠤᠶᠢᠯ ᠤᠨ ᠪᠦᠷᠢᠯᠳᠦᠭᠰᠡᠨ ᠪᠠᠶᠢᠳᠠᠯ ᠢ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2020 ᠣᠨ ᠤ ᠠᠷᠠᠳ ᠤᠨ ᠠᠮᠢᠳᠤᠷᠠᠯ ᠤᠨ ᠪᠣᠳᠠᠲᠤ ᠲᠥᠷᠥᠯ ᠵᠤᠶᠢᠯ ᠢ ᠪᠡᠶᠡᠯᠡᠭᠦᠯᠦᠭᠰᠡᠨ ᠪᠠᠶᠢᠳᠠᠯ | 2020 ᠣᠨ ᠪᠣᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠶᠠᠳᠠᠭᠤ ᠠᠴᠠ ᠠᠩᠭᠢᠵᠢᠷᠠᠬᠤ ᠪᠠ ︽ | ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠤᠨ᠎ᠠ᠂ ᠮᠥᠨ ᠴᠦ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠲᠥᠷᠥᠯ ᠵᠤᠶᠢᠯ ᠢ | ᠠᠷᠠᠳ ᠤᠨ ᠲᠥᠯᠥᠭᠡᠯᠡᠭᠴᠢ ᠪᠢᠯᠧᠲ ᠢᠶᠠᠷ ᠲᠣᠭᠲᠠᠭᠠᠬᠤ ᠲᠦᠷᠢᠮ ᠢ ᠬᠡᠷᠡᠭᠵᠢᠭᠦᠯᠦᠭᠰᠡᠨ ᠤ ᠬᠤᠶᠠᠳᠤᠭᠠᠷ ᠵᠢᠯ | ᠪᠣᠯᠤᠨ᠎ᠠ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠠ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨᠠᠯᠲᠠ ᠳᠡᠮᠵᠢᠯᠭᠡ ᠳᠣᠤᠷ᠎ᠠ᠂ ᠬᠤᠰᠢᠭᠤᠨ | ᠤ ᠠᠷᠠᠳ ᠤᠨ ᠵᠠᠰᠠᠭ ᠤᠨ ᠣᠷᠳᠣᠨ ᠪᠠ ᠡᠯ᠎ᠡ ᠬᠠᠷᠢᠭᠤᠴᠠᠯᠭᠠᠲᠤ ᠨᠢᠭᠡᠴᠡ ᠶᠢᠨ ᠬᠠᠮᠲᠤ ᠶᠢᠨ ᠴᠢᠷᠮᠠᠶᠢᠯᠭ᠎ᠠ ᠪᠠᠷ | ᠳᠡᠮᠵᠢᠨ᠂ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯᠳᠤᠭᠠᠨ ᠠᠴᠠ ᠪᠢᠯᠧᠲ ᠢᠶᠠᠷ ᠲᠣᠭᠲᠠᠭᠠᠭᠰᠠᠨ ᠠᠷᠠᠳ ᠤᠨ | ᠠᠮᠢᠳᠤᠷᠠᠯ ᠤᠨ ᠪᠣᠳᠠᠲᠤ ᠲᠥᠷᠥᠯ ᠵᠦᠶᠯ ᠢ ᠴᠢᠨᠠᠷ ᠰᠠᠶᠢᠲᠠᠶ ᠪᠡᠶᠡᠯᠡᠭᠦᠯᠵᠦ᠂ ᠨᠢᠭᠡ ᠪᠦᠯᠦᠭ ᠠᠷᠠᠳ ᠣᠯᠠᠨ ᠤ | ᠬᠠᠮᠤᠭ ᠠᠴᠠ ᠰᠡᠳᠬᠢᠯ ᠲᠠᠯᠪᠢᠵᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠢᠭ ᠲᠤᠰᠠ ᠶᠢᠨ | ᠠᠰᠠᠭᠤᠳᠠᠯ ᠢ ᠲᠥᠪᠯᠡᠷᠡᠭᠦᠯᠦᠨ ᠰᠢᠶᠳᠪᠦᠷᠢᠯᠡᠵᠦ᠂ ᠨᠡᠶᠢᠭᠡᠮ ᠤᠨ ᠡᠯ᠎ᠡ ᠡᠲᠡᠭᠡᠳ ᠤᠨ ᠥᠷᠭᠡᠨ ᠬᠦᠷᠢᠶᠡᠯᠡᠯ ᠢ | ᠣᠯᠵᠠᠢ᠃ | ︵ᠨᠢᠭᠡ︶ ᠲᠥᠷᠥᠯ ᠵᠤᠶᠢᠯ ᠤᠨ ᠶᠡᠷᠦᠩᠬᠡᠶ ᠪᠠᠶᠢᠳᠠᠯ | 2020 ᠣᠨ ᠳᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠷᠠᠳ ᠤᠨ ᠠᠮᠢᠳᠤᠷᠠᠯ ᠤᠨ ᠪᠣᠳᠠᠲᠤ | ᠲᠥᠷᠥᠯ ᠵᠤᠶᠢᠯ ᠢ 9 ︵2019 ᠣᠨ ᠤ ᠵᠢᠯ ᠠᠯᠤᠰᠯᠠᠨ ᠬᠡᠷᠡᠭᠵᠢᠭᠦᠯᠬᠦ 1 ᠲᠥᠷᠥᠯ ᠵᠤᠶᠢᠯ ᠪᠠᠭᠲᠠᠨ᠎ᠠ︶ ᠶᠢ | ᠬᠡᠷᠡᠭᠵᠢᠭᠦᠯᠵᠦ᠂ ᠨᠡᠶᠢᠲᠡ 7024.83 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ | 8609.05 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠣᠳᠠᠲᠠᠶ ᠪᠡᠶᠡᠯᠡᠭᠦᠯᠵᠦ᠂ ᠪᠦᠬᠦ ᠲᠥᠷᠥᠯ | ᠵᠤᠶᠢᠯ ᠨᠢ ᠴᠦᠮ ᠵᠢᠱᠢᠭᠰᠡᠨ ᠬᠠᠷᠠᠯᠲᠠ ᠳᠠᠭᠠᠨ ᠬᠦᠷᠦᠭᠰᠡᠨ ᠪᠤᠶᠤ ᠳᠠᠪᠠᠭᠰᠠᠨ ᠪᠠᠶᠢᠨ᠎ᠠ᠃ | ︵ᠬᠤᠶᠠᠷ︶ ᠲᠥᠷᠥᠯ ᠵᠤᠶᠢᠯ ᠢ ᠬᠡᠷᠡᠭᠵᠢᠭᠦᠯᠦᠭᠰᠡᠨ ᠪᠠᠶᠢᠳᠠᠯ | —— ᠭᠠᠴᠠᠭ᠎ᠠ ᠲᠣᠰᠬᠤᠨ ᠤ ᠬᠦᠳᠡᠯᠭᠡᠭᠡᠨ ᠤ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢᠨ ᠰᠡᠯᠪᠢᠨ ᠵᠠᠰᠠᠬᠤ | ᠲᠥᠷᠥᠯ ᠵᠤᠶᠢᠯ᠃ 1300 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠤᠷᠭᠠᠰᠤᠲᠠᠢ ᠰᠢᠶᠠᠩ᠂ ᠵᠢᠷᠦᠬᠡᠨ | ᠪᠠᠯᠭᠠᠰᠤ᠂ ᠴᠠᠷᠠᠰᠤᠨ ᠪᠠᠯᠭᠠᠰᠤ᠂ ᠬᠦᠢᠯᠡᠷ ᠪᠠᠯᠭᠠᠰᠤ᠂ ᠳ᠋ᠠᠱᠢᠵᠠᠢ ᠪᠠᠯᠭᠠᠰᠤ᠂ ᠳᠡᠪᠰᠡᠭ ᠪᠠᠯᠭᠠᠰᠤ᠂ ᠰᠣᠯᠣᠨ | ᠪᠠᠯᠭᠠᠰᠤ᠂ ᠠᠯᠲᠠᠷ ᠰᠤᠮᠤ ᠵᠡᠷᠭᠡ 8 ᠰᠤᠮᠤ ᠰᠢᠶᠠᠩ ᠪᠠᠯᠭᠠᠰᠤᠨ ᠤ 20 ᠭᠠᠴᠠᠭ᠎ᠠ ᠲᠣᠰᠬᠤᠨ ᠳᠤ ᠰᠢᠨ᠎ᠡ ᠪᠠᠷ ( | ᠥᠭᠡᠷᠡᠴᠢᠯᠡᠨ ) ᠠᠵᠢᠯᠯᠠᠭᠠᠨ ᠤ ᠲᠠᠯᠠᠪᠤᠷ ᠪᠠᠶᠢᠭᠤᠯᠵᠤ᠂ ᠣᠳᠣᠬᠠᠨ ᠳᠤ ᠪᠦᠬᠦᠨ ᠢ ᠠᠰᠢᠭᠯᠠᠯᠲᠠ ᠳᠤ ᠣᠷᠣᠭᠤᠯᠵᠤ | ᠂ ᠵᠢᠯ ᠤᠨ ᠡᠬᠢᠨ ᠤ ᠬᠠᠷᠠᠯᠲᠠ ᠶᠢᠨ ᠡᠭᠦᠷᠭᠡ ᠪᠠᠨ ᠪᠡᠶᠡᠯᠡᠭᠦᠯᠪᠡ᠃ | —— ᠵᠢᠮᠢᠰ ᠤᠨ ᠮᠤᠲᠤᠨ ᠤ ᠠᠵᠦ ᠦᠢᠯᠡᠰ ᠢ ᠬᠦᠭᠵᠢᠬᠦᠯᠬᠦ ᠢᠵᠢ ᠪᠦᠷᠢᠳᠦᠭᠦᠯᠬᠦ ᠲᠥᠷᠥᠯ ᠵᠤᠶᠢᠯ᠃ | 1262.78 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠳ᠋ᠠᠱᠢᠵᠠᠢ ᠪᠠᠯᠭᠠᠰᠤᠨ ᠤ ᠪᠦᠦ ᠮᠧᠨ᠂ ᠵᠦᠩ | ᠰᠢᠩ᠂ ᠰᠠᠨ ᠰᠢᠩ᠂ ᠹᠦ᠋ ᠠᠨ ᠲᠣᠰᠬᠤᠨ ᠪᠠ ᠨᠡᠳᠦᠭᠡᠷ ᠪᠠᠯᠭᠠᠰᠤᠨ ᠤ ᠴᠢ ᠰᠢᠨ ᠲᠤᠰᠬᠤᠨ᠂ ᠬᠢᠩᠭᠠᠨ | ᠲᠣᠰᠬᠤᠨ ᠳᠤ ᠨᠡᠶᠢᠲᠡ ᠣᠶ ᠵᠢᠮᠢᠰ ᠤᠨ ᠮᠥᠨᠳᠥᠷ ᠰᠡᠷᠭᠡᠶᠢᠯᠡᠬᠦ ᠲᠣᠤᠷ ᠢ ᠨᠡᠶᠢᠲᠡ 3000 ᠮᠥ ᠲᠠᠲᠠᠵᠤ᠂ | ᠵᠢᠯ ᠤᠨ ᠡᠬᠢᠨ ᠤ ᠬᠠᠷᠠᠯᠲᠠ ᠡᠭᠦᠷᠭᠡ ᠪᠠᠨ ᠦᠨᠳᠦᠰᠦᠨ ᠳᠡᠭᠡᠨ ᠪᠡᠶᠡᠯᠡᠭᠦᠯᠪᠡ᠃ | ——ᠤᠶᠤᠨᠲᠤ ᠢᠳᠡᠭᠡᠨ ᠤ ᠵᠤᠶᠢᠯ ᠪᠠ ᠡᠮ ᠤᠨ ᠵᠤᠶᠢᠯ ᠤᠨ ᠬᠢᠨᠠᠯᠲᠠ ᠬᠠᠮᠢᠶᠠᠷᠤᠯᠲᠠ ᠶᠢᠨ ᠨᠢᠭᠡ | ᠴᠣᠭᠴᠠᠵᠢᠭᠤᠯᠤᠭᠰᠠᠨ ᠲᠣᠮᠣ ᠳ᠋ᠠᠶᠢᠲ᠋ᠠ ᠶᠢᠨ ᠦᠵᠡᠬᠦᠯᠬᠡ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠤᠶᠢᠯ᠃ 796.8 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠢᠳᠡᠭᠡᠨ ᠡᠮ ᠤᠨ ᠵᠦᠢᠯᠡᠰ ᠤᠨ | ᠣᠶᠤᠨᠴᠢ ᠬᠢᠨᠠᠨ ᠬᠠᠮᠢᠶᠠᠷᠤᠯᠲᠠ ᠶᠢᠨ ᠵᠢᠯᠣᠭᠤᠳᠬᠤ ᠲᠥᠪ ᠪᠠ ᠵᠥᠭᠡᠯᠡᠨ ᠲᠣᠨᠤᠭ ᠤᠨ ᠲᠠᠪᠴᠠᠩ ᠢ ᠪᠠᠶᠢᠭᠤᠯᠵᠤ᠂ | 1200 ᠬᠤᠳᠠᠯᠳᠤᠭᠠᠴᠢᠨ ᠡᠷᠦᠬᠡ ᠳᠤ ᠬᠢᠨᠠᠨ ᠬᠠᠮᠢᠶᠠᠷᠬᠤ ᠲᠥᠬᠦᠭᠡᠷᠦᠮᠵᠢ ᠤᠭᠰᠠᠷᠠᠨ᠂ ᠵᠢᠯ ᠤᠨ ᠡᠬᠢᠨ ᠤ | ᠬᠠᠷᠠᠯᠲᠠ ᠡᠭᠦᠷᠭᠡ ᠪᠠᠨ ᠪᠡᠶᠡᠯᠡᠭᠦᠯᠪᠡ᠃ | —— ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠳᠠᠯ ᠠᠬᠤᠶᠢᠴᠢᠯᠠᠭᠰᠠᠨ | ᠬᠠᠮᠢᠶᠠᠷᠤᠯᠲᠠ ᠶᠢᠨ ᠲᠥᠷᠥᠯ ᠵᠤᠶᠢᠯ᠃ 925.57 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠰᠢᠶᠠᠩ | ᠪᠠᠯᠭᠠᠰᠤᠨ ᠤ ᠲᠡᠰ ᠤᠨ ᠠᠳᠠᠯ ᠠᠬᠤᠢ ᠶᠢᠨ ᠺᠣᠮᠫᠠᠨᠢ ᠶᠢ 21 ᠪᠠᠶᠢᠭᠤᠯᠤᠨ᠂ ᠲᠠᠷᠢᠶᠠᠯᠠᠬᠤ ᠮᠠᠯᠵᠢᠬᠤ ᠣᠷᠣᠨ ᠤ | ᠣᠷᠣᠰᠢᠨ ᠰᠠᠭᠤᠬᠤ ᠣᠷᠴᠢᠨ ᠲᠣᠭᠤᠷᠢᠨ ᠳᠤ ᠠᠳᠠᠯ ᠠᠬᠤᠶ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ | ᠤᠳᠬᠤᠭᠤᠷ ᠲᠡᠷᠭᠡ᠂ ᠭᠤᠬ᠎ᠠ ᠮᠠᠰᠢᠨ᠂ ᠬᠤᠭ ᠨᠣᠪᠰᠢ ᠶᠢᠨ ᠲᠡᠷᠭᠡ ᠵᠡᠷᠭᠡ ᠴᠡᠪᠡᠷᠯᠡᠨ ᠳᠡᠭᠡᠭᠡᠪᠦᠷᠢᠯᠡᠬᠦ | ᠲᠥᠬᠦᠭᠡᠷᠦᠮᠵᠢ 180 ᠲᠣᠬᠢᠷᠠᠭᠤᠯᠵᠤ᠂ ᠵᠢᠯ ᠤᠨ ᠡᠬᠢᠨ ᠤ ᠬᠠᠷᠠᠯᠲᠠ ᠡᠭᠦᠷᠭᠡ ᠪᠠᠨ ᠪᠡᠶᠡᠯᠡᠭᠦᠯᠪᠡ᠃ | —— ᠲᠠᠷᠢᠶᠠᠯᠠᠬᠤ ᠮᠠᠯᠵᠢᠬᠤ ᠣᠷᠣᠨ ᠤ ᠮᠤᠬᠤᠷ ᠵᠠᠮ ᠢ ᠴᠡᠭᠴᠡᠯᠡᠨ ᠵᠠᠰᠠᠬᠤ ᠲᠥᠷᠥᠯ ᠵᠤᠶᠢᠯ᠃ | 701.4 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠮᠠᠯᠵᠢᠬᠤ ᠲᠠᠷᠢᠶᠠᠯᠠᠬᠤ ᠣᠷᠣᠨ ᠤ 5 ᠭᠠᠴᠠᠭ᠎ᠠ | ᠲᠣᠰᠬᠤᠨ ᠳᠤ 12.8 ᠺᠢᠯᠣᠮᠧᠲᠷ ᠤᠨ ᠰᠢᠶᠠᠩ ᠤᠨ ᠬᠤᠭᠤᠷᠣᠨᠳᠣᠬᠢ ᠵᠠᠮ ᠢ ᠳᠡᠪᠢᠰᠴᠦ ᠥᠭᠪᠡ ︵ᠡᠭᠦᠨ ᠳᠤ᠄ | ᠪᠤᠷᠭᠠᠰᠤᠲᠠᠢ ᠰᠢᠶᠠᠩ ᠤᠨ ᠴᠢᠨ ᠹᠡ ᠲᠣᠰᠬᠤᠨ 1 ᠺᠢᠯᠣᠮᠧᠲᠷ᠂ ᠰᠣᠯᠣᠨ ᠪᠠᠯᠭᠠᠰᠤᠨ ᠤ ᠯᠢᠶᠠᠨ ᠹᠡ ᠭᠠᠴᠠᠭ᠎ᠠ 2 | ᠺᠢᠯᠣᠮᠧᠲᠷ᠂ ᠵᠢᠷᠦᠬᠡᠨ ᠪᠠᠯᠭᠠᠰᠤᠨ ᠤ ᠬᠤᠩ ᠹᠡ ᠲᠣᠰᠬᠤᠨ 3.1 ᠺᠢᠯᠣᠮᠧᠲᠷ᠂ ᠲᠤᠬᠤᠮ ᠰᠤᠮᠤᠨ ᠤ ᠬᠤᠯᠪᠣᠭ᠎ᠠ | ᠭᠠᠴᠠᠭ᠎ᠠ 3.7 ᠺᠢᠯᠣᠮᠧᠲᠷ᠂ ᠡᠷᠬᠢᠲᠦ ᠪᠠᠯᠭᠠᠰᠤᠨ ᠤ ᠯᠢᠦ ᠾᠧ ᠭᠠᠴᠠᠭ᠎ᠠ 3 ᠺᠢᠯᠣᠮᠧᠲᠷ︶᠂ ᠬᠠᠷᠠᠯᠲᠠ | ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ | —— ᠭᠡᠨᠡᠳᠲᠡ ᠡᠬᠦᠰᠬᠦ ᠡᠪᠡᠳᠴᠢᠨ ᠢ ᠬᠤᠷᠢᠶᠠᠮᠵᠢᠯᠠᠨ ᠵᠠᠰᠠᠬᠤ ᠪᠡᠯᠡᠳᠬᠡᠯ ᠡᠮᠨᠡᠯᠭᠡ ᠶᠢᠨ ᠬᠤᠷᠢᠶᠠᠨ ᠤ | ᠪᠦᠲᠦᠭᠡᠨ ᠪᠠᠶᠢᠭᠤᠯᠤᠯᠲᠠ ᠶᠢᠨ ᠲᠥᠷᠥᠯ ᠵᠤᠶᠢᠯ᠃ 200 ᠲᠦᠮᠡᠨ ᠲᠥᠭᠦᠷᠢᠭ ᠤᠨ ᠪᠡᠯᠡ ᠣᠷᠣᠭᠤᠯᠵᠤ᠂ | ᠬᠤᠷᠴᠢᠨ ᠪᠠᠯᠭᠠᠰᠤᠨ ᠤ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠳᠤ ᠲᠦᠰᠢᠭᠯᠡᠨ᠂ ᠲᠤᠬᠠᠶᠢᠯᠠᠭᠰᠠᠨ ᠠᠵᠢᠯ ᠳᠤ | ᠬᠡᠷᠡᠭᠯᠡᠬᠦ 1244 ᠲᠡᠭᠰᠢ ᠳᠥᠷᠪᠡᠯᠵᠢᠨ ᠮᠧᠲᠷ ᠬᠡᠷ ᠪᠠᠶᠢᠰᠢᠩ ᠢ ᠥᠷᠭᠡᠳᠬᠡᠨ ᠪᠠᠶᠢᠭᠤᠯᠤᠨ᠂ ᠰᠢᠯᠵᠢᠮᠡᠯ | ᠲᠣᠭᠠᠴᠢᠯᠠᠭᠰᠠᠨ ᠭᠡᠷᠡᠯ ᠵᠢᠷᠤᠭ᠂ ᠲᠠᠪᠤᠨ ᠲᠥᠷᠥᠯ ᠬᠤᠪᠢᠶᠠᠭᠰᠠᠨ ᠴᠢᠰᠤᠨ ᠤ ᠪᠦᠷᠢᠨ ᠵᠠᠳᠠᠯᠤᠯᠲᠠ ᠶᠢᠨ ᠬᠡᠮᠵᠢᠭᠦᠷ | ᠵᠡᠷᠭᠡ ᠡᠮᠨᠡᠯᠭᠡ ᠶᠢᠨ ᠪᠠᠭᠠᠵᠢ ᠲᠥᠬᠦᠭᠡᠷᠦᠮᠵᠢ ᠶᠢ ᠬᠤᠳᠠᠯᠳᠤᠨ ᠠᠪᠴᠤ᠂ ᠭᠡᠨᠡᠳᠲᠡ ᠶᠢᠨ ᠡᠪᠡᠳᠴᠢᠨ ᠢ ᠬᠦᠯᠢᠶᠡᠨ | ᠠᠪᠴᠤ ᠡᠮᠨᠡᠨ ᠵᠠᠰᠠᠬᠤ ᠪᠡᠯᠡᠳᠬᠡᠯ ᠡᠮᠨᠡᠯᠭᠡ ᠶᠢᠨ ᠬᠤᠷᠢᠶ᠎ᠠ ᠶᠢ ᠪᠠᠶᠢᠭᠤᠯᠪᠠ᠃ ᠣᠳᠣᠬᠠᠨ ᠳᠤ ᠨᠢᠭᠡᠨᠲᠡ | ᠠᠰᠢᠭᠯᠠᠯᠲᠠ ᠳᠤ ᠣᠷᠣᠵᠤ᠂ ᠵᠢᠯ ᠤᠨ ᠡᠬᠢᠨ ᠤ ᠬᠠᠷᠠᠯᠲᠠ ᠡᠭᠦᠷᠭᠡ ᠪᠠᠨ ᠪᠡᠶᠡᠯᠡᠭᠦᠯᠪᠡ᠃ | —— ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠢ ᠨᠡᠭᠦᠯᠭᠡᠨ ᠥᠭᠡᠷᠡᠴᠢᠯᠡᠬᠦ ᠲᠥᠷᠥᠯ ᠵᠤᠶᠢᠯ᠃ | 332.5 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠤᠤᠯ ᠤᠨ ᠬᠤᠰᠢᠭᠤᠨ ᠤ ᠠᠶᠠᠨᠴᠢᠳ ᠥᠷᠲᠡᠭᠡ ᠶᠢ | ᠵᠠᠰᠠᠨ ᠰᠢᠨᠡᠳᠬᠡᠵᠦ᠂ ᠲᠡᠷᠭᠡᠨ ᠵᠣᠭᠰᠣᠭᠠᠯ ᠵᠡᠷᠭᠡ ᠰᠠᠭᠤᠷᠢ ᠪᠡᠯᠡᠳᠬᠡᠮᠵᠢ ᠶᠢ ᠲᠥᠬᠦᠷᠵᠢᠭᠦᠯᠤᠨ᠂ ᠬᠤᠰᠢᠭᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠢ ᠪᠦᠬᠦᠯᠢ ᠴᠣᠭᠴᠠ ᠪᠠᠷ ᠨᠢ ᠨᠡᠭᠦᠯᠭᠡᠨ᠂ ᠵᠢᠯ ᠤᠨ ᠡᠬᠢᠨ ᠤ | ᠬᠠᠷᠠᠯᠲᠠ ᠡᠭᠦᠷᠭᠡ ᠪᠠᠨ ᠪᠡᠶᠡᠯᠡᠭᠦᠯᠪᠡ᠃ | —— ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠠᠮᠠᠷᠠᠬᠤ ᠲᠠᠰᠤᠭ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠤᠶᠢᠯ᠃ 40 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠰᠢᠩ ᠺᠧ ᠰᠠᠭᠤᠭᠠᠯᠢ | ᠠᠷᠠᠳ ᠤᠨ ᠲᠣᠭᠤᠷᠢᠭ ᠂ ᠮᠧᠢ ᡁᠢ ᠶᠢᠩ ᠰᠠᠭᠤᠭᠠᠯᠢ ᠠᠷᠠᠳ ᠤᠨ ᠲᠣᠭᠤᠷᠢᠭ᠂ ᠱᠦᠢ ᠠᠨ ᠯᠢᠦᠢ ᠵᠧᠦ ᠰᠠᠭᠤᠭᠠᠯᠢ | ᠠᠷᠠᠳ ᠤᠨ ᠲᠣᠭᠤᠷᠢᠭ ᠲᠤ ᠣᠷᠴᠢᠨ ᠲᠣᠭᠤᠷᠢᠨ ᠠᠷᠢᠭᠤᠨ ᠴᠡᠪᠡᠷ ᠤᠨ ᠠᠵᠢᠯᠴᠢᠨ ᠤ ᠠᠮᠠᠷᠠᠯᠲᠠ ᠶᠢᠨ ᠲᠠᠰᠤᠭ | 5 ᠶᠢ ᠪᠠᠶᠢᠭᠤᠯᠵᠤ᠂ ᠵᠢᠯ ᠤᠨ ᠡᠬᠢᠨ ᠤ ᠬᠠᠷᠠᠯᠲᠠ ᠡᠭᠦᠷᠭᠡ ᠪᠠᠨ ᠪᠡᠶᠡᠯᠡᠭᠦᠯᠪᠡ᠃ | —— ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠥᠷᠪᠡᠳᠦᠭᠡᠷ ᠬᠡᠤᠬᠡᠳ ᠤᠨ ᠴᠡᠴᠡᠷᠯᠢᠭ | ᠢ ᠪᠠᠶᠢᠭᠤᠯᠬᠤ ᠲᠥᠷᠥᠯ ᠵᠤᠶᠢᠯ᠃ 3350 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠵᠠᠰᠠᠭᠲᠤ ᠵᠡᠭᠡᠯᠢ ᠠᠴᠠ | ᠤᠮᠠᠷᠠᠰᠢ᠂ ᠮᠧᠢ ᠶᠤᠸᠠᠨ ᠵᠠᠮ ᠠᠴᠠ ᠵᠡᠭᠦᠨᠰᠢ 5979 ᠲᠡᠭᠰᠢ ᠳᠥᠷᠪᠡᠯᠵᠢᠨ ᠮᠧᠲᠷ ᠤᠨ ᠲᠠᠯᠠᠪᠠᠢ ᠲᠠᠢ ᠬᠡᠦᠬᠡᠳ | ᠤᠨ ᠴᠡᠴᠡᠷᠯᠢᠭ ᠢ ᠪᠠᠶᠢᠭᠤᠯᠵᠦ᠂ᠵᠢᠯ ᠤᠨ ᠡᠬᠢᠨ ᠤ ᠬᠠᠷᠠᠯᠲᠠ ᠡᠭᠦᠷᠭᠡ ᠪᠠᠨ ᠪᠡᠶᠡᠯᠡᠭᠦᠯᠪᠡ ︵ᠲᠣᠰ ᠲᠥᠷᠥᠯ | ᠵᠦᠶᠯ ᠪᠣᠯ 2019 ᠣᠨ ᠳᠤ ᠡᠬᠢᠯᠡᠭᠦᠯᠦᠭᠰᠡᠨ ᠵᠢᠯ ᠠᠯᠤᠰᠯᠠᠨ ᠬᠡᠷᠡᠭᠵᠢᠭᠦᠯᠬᠦ ᠲᠥᠷᠥᠯ ᠵᠦᠶᠯ ᠪᠣᠯᠤᠨ᠎ᠠ᠂ 2020 | ᠣᠨ ᠤ 5 ᠰᠠᠷ᠎ᠠ ᠳᠤ ᠠᠵᠢᠯ ᠢᠶᠠᠨ ᠰᠡᠷᠭᠦᠭᠡᠵᠦ ᠪᠥᠲᠥᠭᠡᠨ ᠪᠠᠶᠢᠭᠤᠯᠪᠠ )᠃ | ( ᠭᠤᠷᠪᠠ ) ᠣᠨᠴᠠ ᠵᠠᠷᠢᠮ ᠲᠥᠷᠥᠯ ᠵᠦᠢᠯ ᠤᠨ ᠬᠤᠪᠢᠷᠠᠯᠲᠠ ᠶᠢᠨ ᠪᠠᠶᠢᠳᠠᠯ | ᠠᠷᠠᠳ ᠤᠨ ᠠᠮᠢᠳᠤᠷᠠᠯ ᠤᠨ ᠣᠨᠴᠠ ᠵᠠᠷᠢᠮ ᠪᠣᠳᠠᠲᠤ ᠤᠨ ᠬᠡᠷᠡᠭ ᠤᠨ ᠲᠥᠷᠥᠯ ᠵᠦᠶᠯ ᠤᠨ ᠪᠥᠲᠥᠭᠡᠨ | ᠪᠠᠶᠢᠭᠤᠯᠤᠯᠲᠠ ᠶᠢᠨ ᠠᠭᠤᠯᠭ᠎ᠠ᠂ ᠥᠮᠴᠢᠯᠡᠯ ᠤᠨ ᠡᠷᠬᠡ ᠶᠢᠨ ᠬᠠᠷᠢᠶᠠᠯᠠᠯ ᠪᠠ ᠲᠥᠯᠥᠭᠡᠯᠡᠭᠴᠢᠳ ᠤᠨ ᠪᠢᠯᠧᠲ ᠢᠶᠠᠷ | ᠰᠢᠶᠳᠪᠦᠷᠢ ᠭᠠᠷᠭᠠᠬᠤ ᠦᠶ᠎ᠡ ᠳᠤ ᠬᠤᠪᠢᠷᠠᠯᠲᠠ ᠭᠠᠷᠴᠠᠶ᠃ ᠨᠢᠭᠡ ᠳᠤ ᠣᠶ ᠰᠢᠭᠤᠶ ᠵᠢᠮᠢᠰ ᠤᠨ ᠠᠵᠤ | ᠦᠶᠢᠯᠡᠰᠵᠢᠯᠲᠡ ᠶᠢᠨ ᠬᠥᠭᠵᠢᠯᠲᠡ ᠶᠢᠨ ᠢᠵᠢ ᠪᠥᠷᠢᠳᠦᠭᠦᠯᠬᠦ ᠲᠥᠷᠥᠯ ᠵᠦᠶᠯ ᠪᠣᠯᠤᠨ᠎ᠠ᠂ ᠤᠤᠯ ᠨᠢ ᠳ᠋ᠠᠱᠢᠵᠠᠢ | ᠪᠠᠯᠭᠠᠰᠤ ᠶᠢᠨ 5 ᠲᠣᠰᠬᠤᠨ ᠳᠤ ᠮᠥᠨᠳᠥᠷ ᠰᠡᠷᠭᠡᠶᠢᠯᠡᠬᠦ ᠲᠣᠤᠷ 3000 ᠮᠥ ᠲᠠᠲᠠᠬᠤ ᠪᠠᠷ ᠲᠥᠯᠥᠪᠯᠡᠵᠦ ᠪᠠᠶᠢᠵᠠᠶ᠂ | ᠪᠥᠬᠦ ᠬᠤᠰᠢᠭᠤᠨ ᠤ ᠣᠶ ᠰᠢᠭᠤᠶ ᠵᠢᠮᠢᠰ ᠤᠨ ᠠᠵᠤ ᠦᠶᠯᠡᠰ ᠤᠨ ᠬᠥᠭᠵᠢᠯᠲᠡ ᠶᠢᠨ ᠬᠡᠷᠡᠭᠴᠡᠭᠡ ᠳᠤ | ᠵᠣᠬᠢᠴᠠᠭᠤᠯᠬᠤ ᠶᠢᠨ ᠲᠦᠯᠦᠭᠡ᠂ ᠬᠡᠷᠡᠭᠵᠢᠭᠦᠯᠬᠦ ᠠᠭᠤᠯᠭ᠎ᠠ ᠶᠢ ᠬᠤᠪᠢᠷᠠᠭᠤᠯᠤᠭᠠᠳ ᠳ᠋ᠠᠱᠢᠵᠠᠢ ᠪᠠᠯᠭᠠᠰᠤ ᠶᠢᠨ 4 | ᠲᠣᠰᠬᠤᠨ ᠳᠤ 2000 ᠮᠥ᠂ ᠨᠡᠳᠦᠭᠡᠷ ᠪᠠᠯᠭᠠᠰᠤ ᠶᠢᠨ 2 ᠲᠣᠰᠬᠤᠨ ᠳᠤ 1000 ᠮᠥ ᠲᠠᠲᠠᠬᠤ ᠪᠠᠷ ᠪᠣᠯᠪᠠ᠃ | ᠬᠤᠶᠠᠷ ᠲᠤ ᠳᠥᠷᠪᠡᠳᠦᠭᠡᠷ ᠬᠡᠦᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠳᠤ᠂ | ᠪᠠᠯᠠ ᠮᠥᠩᠭᠦ ᠶᠢᠨ ᠢᠷᠡᠯᠲᠡ ᠶᠢ ᠨᠡᠶᠢᠭᠡᠮ ᠤᠨ ᠬᠥᠷᠥᠩᠭᠡ ᠮᠥᠩᠭᠦ 1025 ᠲᠦᠮᠡᠨ ᠲᠥᠭᠦᠷᠢᠭ ᠣᠷᠣᠭᠤᠯᠵᠤ | ᠪᠠᠶᠢᠭᠰᠠᠨ ᠢ ᠳᠡᠭᠡᠳᠦ ᠱᠠᠲᠤᠨ ᠤ ᠡᠳ᠋ ᠤᠨ ᠵᠠᠰᠠᠭ ᠤᠨ ᠣᠷᠣᠭᠤᠯᠤᠯᠲᠠ ᠪᠣᠯᠭᠠᠨ ᠬᠤᠪᠢᠷᠠᠭᠤᠯᠵᠤ᠂ ᠲᠥᠷᠥᠯ ᠵᠦᠶᠯ | ᠤᠨ ᠥᠮᠴᠢᠯᠡᠬᠦ ᠡᠷᠬᠡ ᠶᠢ ᠨᠡᠶᠢᠲᠡ ᠶᠢᠨ ᠥᠮᠴᠢᠯᠡᠯ ᠪᠣᠯᠭᠠᠨ ᠬᠤᠪᠢᠷᠠᠭᠤᠯᠪᠠ᠃ | ᠬᠤᠶᠠᠷ᠂ 2021 ᠣᠨ ᠤ ᠵᠢᠩᠬᠢᠨᠢ ᠪᠠᠷ ᠵᠢᠱᠢᠭᠳᠡᠭᠰᠡᠨ ᠠᠷᠠᠳ ᠤᠨ ᠠᠮᠢᠳᠤᠷᠠᠯ ᠤᠨ ᠪᠣᠳᠠᠲᠤ ᠲᠥᠷᠥᠯ ᠵᠤᠶᠢᠯ | ᠤᠨ ᠪᠦᠷᠢᠯᠳᠦᠭᠰᠡᠨ ᠪᠠᠶᠢᠳᠠᠯ | ( ᠨᠢᠭᠡ ) ᠵᠢᠩᠬᠢᠨᠢ ᠪᠠᠷ ᠵᠢᠱᠢᠭᠳᠡᠭᠰᠡᠨ ᠠᠷᠠᠳ ᠤᠨ ᠠᠮᠢᠳᠤᠷᠠᠯ ᠤᠨ ᠪᠣᠳᠠᠲᠤ ᠲᠥᠷᠥᠯ ᠵᠤᠶᠢᠯ ᠤᠨ ᠪᠦᠷᠢᠯᠳᠦᠭᠰᠡᠨ | ᠶᠠᠪᠤᠴᠠ | ᠬᠤᠰᠢᠭᠤᠨ ᠤ ᠵᠠᠰᠠᠭ ᠤᠨ ᠣᠷᠳᠣᠨ 2020 ᠣᠨ ᠤ 10 ᠰᠠᠷ᠎ᠠ ᠶᠢᠨ 19 ᠤ ᠡᠳᠦᠷ ᠠᠷᠠᠳ ᠤᠨ ᠠᠮᠢᠳᠤᠷᠠᠯ | ᠤᠨ ᠪᠣᠳᠠᠲᠤ ᠲᠥᠷᠥᠯ ᠵᠦᠶᠯ ᠢ ᠡᠯᠰᠡᠬᠦ ᠠᠵᠢᠯ ᠢ ᠵᠢᠩᠬᠢᠨᠢ ᠪᠠᠷ ᠡᠬᠢᠯᠡᠭᠦᠯᠪᠡ᠃ ᠵᠠᠰᠠᠭ ᠤᠨ ᠣᠷᠳᠣᠨ ᠤ ᠠᠯᠪᠠᠨ | ᠰᠦᠯᠵᠢᠶ᠎ᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠣᠨᠢᠨ ᠮᠡᠳᠡᠭᠡ᠂ ᠂ ᠸᠢᠴᠠᠲ ᠤᠨ ᠨᠡᠶᠢᠲᠡ | ᠶᠢᠨ ᠳ᠋ᠤᠭᠠᠷ ᠵᠡᠷᠭᠡ ᠲᠠᠪᠴᠠᠩ ᠢᠶᠠᠷ ᠳᠠᠮᠵᠢᠭᠤᠯᠤᠨ 《 ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ | ᠵᠦᠶᠯ ᠤᠨ ᠰᠠᠨᠠᠭᠤᠯᠭ᠎ᠠ ᠶᠢ ᠴᠤᠭᠯᠠᠭᠤᠯᠬᠤ ᠲᠤᠬᠠᠶ ᠠᠯᠪᠠᠨ ᠵᠠᠷ 》 ᠢ ᠨᠡᠶᠢᠲᠡᠯᠡᠵᠦ᠂ ᠠᠷᠠᠳ ᠤᠨ ᠠᠮᠢᠳᠤᠷᠠᠯ ᠤᠨ | ᠪᠤᠲᠠᠲᠦ ᠲᠥᠷᠥᠯ ᠵᠦᠶᠯ ᠢ ᠥᠷᠭᠡᠨ ᠢᠶᠠᠷ ᠡᠯᠰᠡᠪᠡ᠃ 2020 ᠣᠨ ᠤ 12 ᠰᠠᠷ᠎ᠠ ᠶᠢᠨ 15 ᠤ ᠡᠳᠦᠷ ᠪᠣᠯᠲᠠᠯ᠎ᠠ | ᠂ ᠪᠥᠬᠦ ᠬᠤᠰᠢᠭᠤᠨ ᠤ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ᠂ 《 ᠬᠤᠶᠠᠷ ᠲᠥᠯᠥᠭᠡᠯᠡᠭᠴᠢ ᠨᠢᠭᠡ ᠭᠡᠰᠢᠭᠦᠨ 》 | ᠪᠠ ᠨᠡᠶᠢᠭᠡᠮ ᠤᠨ ᠡᠯ᠎ᠡ ᠡᠲᠡᠭᠡᠳ ᠤᠨ 126 ᠰᠠᠨᠠᠭᠤᠯᠭ᠎ᠠ ᠶᠢᠨ ᠵᠦᠶᠯᠡᠰ ᠢ ᠴᠤᠭᠯᠠᠭᠤᠯᠪᠠ᠃ 2020 ᠣᠨ ᠤ | 12 ᠰᠠᠷ᠎ᠠ ᠶᠢᠨ ᠰᠡᠭᠦᠯᠴᠢ ᠪᠠᠷ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠤᠨ | ᠠᠩᠬᠠᠨ ᠤ ᠰᠣᠩᠭᠤᠯᠲᠠ ᠶᠢᠨ ᠠᠵᠢᠯ ᠢ ᠡᠬᠢᠯᠡᠭᠦᠯᠵᠦ᠂ ᠴᠤᠭᠯᠠᠭᠤᠯᠵᠤ ᠣᠯᠤᠭᠰᠠᠨ ᠰᠠᠨᠠᠭᠤᠯᠭ᠎ᠠ ᠶᠢᠨ ᠲᠥᠷᠥᠯ | ᠵᠦᠶᠯ ᠢ ᠲᠥᠷᠥᠯ ᠬᠤᠪᠢᠶᠠᠨ ᠨᠡᠶᠢᠯᠡᠭᠦᠯᠵᠦ᠂ ᠡᠮᠬᠢᠯᠡᠨ ᠰᠢᠭᠰᠢᠨ ᠰᠣᠩᠭᠤᠵᠤ᠂ ᠳᠠᠪᠬᠤᠷᠳᠠᠭᠰᠠᠨ ᠵᠢᠴᠢ | ᠱᠠᠭᠠᠷᠳᠠᠯᠭ᠎ᠠ ᠳᠤ ᠨᠡᠶᠢᠴᠡᠬᠦ ᠥᠬᠡᠶ ᠲᠥᠷᠥᠯ ᠵᠦᠶᠯ ᠢ ᠬᠠᠰᠤᠭᠰᠠᠨ ᠤ ᠳᠠᠷᠠᠭ᠎ᠠ᠂ ᠦᠯᠡᠳᠡᠭᠰᠡᠨ 42 ᠲᠥᠷᠥᠯ | ᠵᠦᠶᠯ ᠳᠤ ᠪᠣᠯᠤᠮᠵᠢᠲᠤ ᠨᠤᠲᠠᠯᠠᠯᠲᠠ ᠬᠢᠪᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ | ᠳᠣᠯᠣᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 52 ᠳ᠋ᠤᠭᠠᠷ ᠤᠳᠠᠭᠠᠨ ᠤ ᠪᠠᠶᠢᠩᠭᠤ ᠶᠢᠨ | ᠬᠤᠷᠠᠯ ᠢᠶᠠᠷ ᠲᠠᠮᠵᠢᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 128 ᠤᠳᠠᠭ᠎ᠠ | ᠶᠢᠨ ᠪᠠᠶᠢᠩᠭᠤ ᠶᠢᠨ ᠬᠤᠷᠢᠶᠠᠨ ᠤ ᠬᠤᠷᠠᠯ ᠠᠴᠠ ᠶᠠᠷᠢᠯᠴᠠᠨ ᠰᠤᠳᠤᠯᠬᠤ ᠪᠠᠷ ᠳᠠᠮᠵᠢᠨ᠂ ᠡᠴᠦᠰ ᠲᠡᠭᠡᠨ 10 | ᠵᠢᠩᠬᠢᠨᠢ ᠪᠠᠷ ᠵᠢᠱᠢᠭᠳᠡᠭᠰᠡᠨ ᠠᠷᠠᠳ ᠤᠨ ᠠᠮᠢᠳᠤᠷᠠᠯ ᠤᠨ ᠪᠣᠳᠠᠲᠤ ᠲᠥᠷᠥᠯ ᠵᠤᠶᠢᠯ ᠢ ᠲᠣᠭᠲᠠᠭᠠᠵᠤ᠂ ᠤᠳᠤ ᠲᠤᠰ | ᠤᠳᠠᠭᠠᠨ ᠤ ᠶᠡᠭᠡ ᠬᠤᠷᠠᠯ ᠳᠤ ᠬᠢᠨᠠᠨ ᠵᠥᠪᠯᠡᠵᠦ ᠪᠠᠲᠤᠯᠠᠭᠤᠯᠬᠤ ᠪᠠᠷ ᠳᠡᠪᠰᠢᠭᠦᠯᠪᠡ᠃ | ( ᠬᠤᠶᠠᠷ ) ᠵᠢᠩᠬᠢᠨᠢ ᠪᠠᠷ ᠵᠢᠱᠢᠭᠳᠡᠭᠰᠡᠨ ᠠᠷᠠᠳ ᠤᠨ ᠠᠮᠢᠳᠤᠷᠠᠯ ᠤᠨ ᠪᠣᠳᠠᠲᠤ ᠲᠥᠷᠥᠯ ᠵᠤᠶᠢᠯ ᠤᠨ | ᠪᠦᠷᠢᠯᠳᠦᠭᠰᠡᠨ ᠣᠨᠴᠠᠯᠢᠭ | ᠠᠷᠠᠳ ᠤᠨ ᠠᠮᠢᠳᠤᠷᠠᠯ ᠤᠨ ᠪᠣᠳᠠᠲᠤ ᠲᠥᠷᠥᠯ ᠵᠦᠶᠯ ᠢ ᠡᠯᠰᠡᠨ ᠴᠤᠭᠯᠠᠭᠤᠯᠬᠤ ᠳᠤ ᠶᠡᠷᠦᠩᠬᠡᠶ ᠳᠡᠭᠡᠨ 《 ᠣᠯᠠᠨ | ᠲᠦᠮᠡᠨ ᠳᠤ ᠬᠡᠷᠡᠭᠴᠡᠭᠡ ᠱᠠᠭᠠᠷᠳᠠᠯᠭ᠎ᠠ ᠲᠠᠢ᠂ ᠡᠳ᠋ ᠤᠨ ᠵᠠᠰᠠᠭ ᠳᠠᠭᠠᠭᠠᠵᠤ ᠳᠡᠶᠢᠯᠬᠦ 》 《 ᠨᠥᠬᠦᠴᠡᠯ | ᠪᠥᠷᠢᠳᠦᠭᠰᠡᠨ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ 》 《 ᠲᠤᠬᠠᠶ ᠶᠢᠨ ᠵᠢᠯ ᠳᠤ ᠠᠵᠢᠯ ᠢᠶᠠᠨ | ᠡᠬᠢᠯᠡᠭᠦᠯᠵᠦ᠂ ᠲᠤᠬᠠᠶ ᠶᠢᠨ ᠵᠢᠯ ᠳᠤ ᠪᠡᠶᠡᠯᠡᠭᠦᠯᠵᠦ᠂ ᠲᠤᠬᠠᠶ ᠶᠢᠨ ᠵᠢᠯ ᠳᠤ ᠠᠰᠢᠭ ᠭᠥᠷᠳᠡᠬᠦ 》 ᠵᠠᠷᠴᠢᠮ | ᠶᠣᠰᠣᠭᠠᠷ᠂ ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠬᠡᠮᠵᠢᠶᠡᠯᠡᠵᠦ ᠪᠣᠯᠬᠤ᠂ ᠣᠯᠠᠨ ᠲᠦᠮᠡᠨ ᠤ ᠬᠦᠷᠲᠡᠮᠵᠢ ᠶᠢᠨ | ᠲᠥᠷᠥᠭᠳᠡᠯ ᠢᠶᠠᠷ ᠴᠢᠩᠭ᠎ᠠ ᠵᠡᠷᠭᠡ ᠣᠨᠴᠠᠯᠢᠭ ᠲᠠᠢ ᠤᠶᠠᠯᠳᠤᠭᠤᠯᠤᠨ᠂ ᠲᠥᠷᠥᠯ ᠵᠦᠶᠯ ᠢ ᠰᠢᠭᠰᠢᠨ ᠰᠣᠩᠭᠤᠬᠤ | ᠶᠠᠪᠤᠴᠠ ᠳᠤ ᠪᠢᠳᠡ ᠭᠤᠤᠯᠳᠠᠭᠤ ᠳᠣᠤᠷᠠᠬᠢ ᠬᠡᠳᠦᠨ ᠲᠠᠯ᠎ᠠ ᠶᠢ ᠡᠵᠡᠮᠳᠡᠪᠡ᠄ | ᠨᠢᠭᠡ ᠳᠤ ᠠᠷᠠᠳ ᠲᠦᠮᠡᠨ ᠢᠶᠠᠷ ᠭᠤᠤᠯ ᠪᠣᠯᠭᠠᠬᠤ ᠶᠢ ᠨᠠᠩ ᠳᠣᠪᠣᠶᠢᠯᠭᠠᠵᠤ᠂ ᠤᠯᠠᠨ ᠲᠦᠮᠡᠨ ᠤ ᠬᠡᠷᠡᠭᠴᠡᠭᠡ ᠪᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠠᠨ ᠲᠦᠮᠡᠨ ᠤ ᠰᠡᠳᠬᠢᠯ ᠤᠨ ᠦᠭᠡ ᠶᠢ ᠥᠷᠭᠡᠨ ᠢᠶᠠᠷ ᠰᠣᠨᠣᠰᠴᠤ | ᠂ ᠤᠯᠠᠨ ᠠᠷᠭ᠎ᠠ ᠵᠠᠮ ᠢᠶᠠᠷ ᠲᠦᠷᠦᠯ ᠵᠦᠢᠯ ᠴᠤᠭᠯᠠᠭᠤᠯᠵᠤ᠂ ᠲᠦᠷᠦᠯ ᠵᠦᠢᠯ ᠢ ᠣᠨᠣᠪᠴᠢᠲᠠᠢ ᠰᠣᠩᠭᠤᠵᠤ᠂ ᠨᠡᠩ | ᠤᠯᠠᠨ ᠤᠯᠠᠨ ᠲᠦᠮᠡᠨ ᠳᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠵᠡᠢ᠃ ᠪᠢᠳᠡ ᠶᠦᠩ ᠨᠢᠩ | ᠨᠡᠶᠢᠭᠡᠮ ᠲᠣᠭᠤᠷᠢᠭ ᠤᠨ ᠨᠠᠮ ᠣᠯᠠᠨ ᠲᠦᠮᠡᠨ ᠤ ᠦᠶᠯᠡᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ᠂ | ᠭᠠᠴᠠᠭ᠎ᠠ ᠲᠣᠰᠬᠤᠨ ᠤ ᠱᠦᠶᠨᠢ ᠵᠠᠮ ᠢ ᠬᠠᠲᠠᠭᠤᠷᠠᠭᠤᠯᠬᠤ᠂ ᠬᠤᠷᠴᠢᠨ ᠵᠡᠭᠡᠯᠢ ᠶᠢᠨ ᠤᠰᠤ ᠬᠠᠩᠭᠠᠬᠤ ᠬᠤᠭᠤᠯᠠᠶ | ᠲᠣᠤᠷ ᠢ ᠥᠭᠡᠷᠡᠴᠢᠯᠡᠨ ᠰᠠᠶᠢᠵᠢᠷᠠᠭᠤᠯᠬᠤ ᠵᠡᠷᠭᠡ ᠲᠥᠷᠥᠯ ᠵᠦᠶᠯ ᠢ ᠰᠣᠩᠭᠤᠨ ᠭᠠᠷᠭᠠᠪᠠ᠃ | ᠬᠤᠶᠠᠷ ᠲᠤ ᠣᠯᠠᠨ ᠲᠦᠮᠡᠨ ᠤ ᠲᠤᠰᠬᠠᠭᠰᠠᠨ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠨᠠᠩ ᠴᠢᠬᠤᠯᠠᠴᠢᠯᠠᠵᠤ | ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠳᠤᠲᠠᠭᠤᠳᠠᠯ ᠢ ᠴᠢᠷᠮᠠᠶᠢᠨ ᠨᠥᠬᠦᠪᠥᠷᠢᠯᠡᠵᠦ᠂ ᠠᠷᠠᠳ ᠤᠨ | ᠠᠮᠢᠳᠤᠷᠠᠯ ᠤᠨ ᠪᠤᠶᠠᠨ ᠵᠢᠷᠭᠠᠯ ᠪᠠ ᠣᠯᠠᠨ ᠨᠡᠶᠢᠲᠡ ᠶᠢᠨ ᠦᠶᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ ᠪᠢᠳᠡ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠤᠷᠢᠳᠴᠢᠯᠠᠨ ᠪᠠᠶᠢᠴᠠᠭᠠᠵᠤ ᠬᠤᠪᠢᠶᠠᠨ | ᠣᠨᠣᠰᠢᠯᠠᠬᠤ ᠬᠤᠷᠠᠮᠠᠯ ᠬᠡᠷᠡᠭᠯᠡᠬᠦ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ᠂ ᠨᠣᠮ ᠤᠨ ᠰᠠᠩ ᠢ ᠥᠭᠡᠷᠡᠴᠢᠯᠡᠨ | ᠳᠡᠭᠡᠭᠰᠢᠯᠡᠭᠦᠯᠬᠦ᠂ ᠤᠰᠤᠨ ᠲᠤᠲᠤᠷᠭ᠎ᠠ ᠶᠢᠨ ᠦᠵᠡᠮᠵᠢ ᠶᠢᠨ ᠬᠦᠷᠢᠶᠡᠯᠡᠩ ᠲᠣᠭᠤᠷᠢᠭ ᠤᠨ ᠵᠠᠮ ᠤᠨ ᠪᠥᠲᠥᠭᠡᠨ | ᠪᠠᠶᠢᠭᠤᠯᠤᠯᠲᠠ ᠵᠡᠷᠭᠡ ᠲᠥᠷᠥᠯ ᠵᠦᠶᠯ ᠢ ᠰᠣᠩᠭᠤᠨ ᠭᠠᠷᠭᠠᠪᠠ᠃ | ᠭᠤᠷᠪᠠ ᠳᠤ᠂ ᠠᠷᠠᠳ ᠤᠨ ᠠᠮᠢᠳᠤᠷᠠᠯ ᠤᠨ ᠬᠦᠷᠢᠶᠡᠨ ᠤ ᠡᠯ᠎ᠡ ᠲᠠᠯ᠎ᠠ ᠶᠢ ᠨᠡᠩ ᠢᠯᠡᠭᠦᠦ ᠬᠠᠮᠲᠤ ᠳᠤᠨᠢ | ᠬᠠᠷᠠᠭᠠᠯᠵᠠᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠢ ᠬᠦᠴᠦᠯᠡᠨ ᠳᠡᠭᠡᠭᠰᠢᠯᠡᠭᠦᠯᠵᠦ᠂ ᠦᠢᠯᠡᠳᠪᠦᠷᠢᠯᠡᠯ | ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠬᠦ ᠪᠠᠷ ᠪᠠᠷᠠᠬᠤ ᠦᠭᠡᠢ ᠪᠠᠰᠠ ᠨᠠᠰᠤᠲᠠᠶᠢᠴᠤᠳ᠂ ᠬᠡᠦᠬᠡᠳ᠂ | ᠪᠠᠭᠤᠷᠠᠶᠢᠴᠤᠳ ᠤᠨ ᠬᠡᠷᠡᠭᠴᠡᠭᠡ ᠶᠢ ᠬᠠᠮᠲᠤ ᠳᠤᠨᠢ ᠬᠠᠷᠠᠭᠠᠯᠵᠠᠵᠤ᠂ ᠲᠦᠭᠡᠮᠡᠯ ᠬᠠᠷᠠᠭᠠᠯᠵᠠᠯ ᠤᠨ ᠴᠢᠨᠠᠷ ᠢ ᠦᠨᠡᠨ | ᠬᠦ ᠢᠯᠡᠷᠡᠭᠦᠯᠬᠦ ᠬᠡᠷᠡᠭᠲᠡᠢ᠃ ᠪᠢᠳᠡ ᠬᠥᠳᠡᠭᠡ ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠨ ᠳᠡᠭᠡᠭᠰᠢᠯᠡᠭᠦᠯᠬᠦ᠂ | ᠲᠥᠪᠬᠢᠨᠡᠭᠦᠯᠦᠭᠰᠡᠨ ᠤ ᠳᠠᠷᠠᠭ᠎ᠠ ᠠᠵᠢᠯ ᠤᠨ ᠪᠠᠶᠢᠷᠢ ᠠᠴᠠ ᠪᠠᠨ ᠪᠠᠭᠤᠭᠰᠠᠳ ᠲᠤ ᠠᠵᠢᠯ ᠣᠯᠭᠤᠬᠤ ᠲᠤᠰᠠᠯᠠᠮᠵᠢ | ᠦᠵᠡᠭᠦᠯᠬᠦ ᠵᠡᠷᠭᠡ ᠲᠦᠷᠦᠯ ᠵᠤᠶᠢᠯ ᠢ ᠰᠣᠩᠭᠤᠨ ᠭᠠᠷᠭᠠᠪᠠ᠃ | ( ᠭᠤᠷᠪᠠ ) ᠵᠢᠩᠬᠢᠨᠢ ᠪᠠᠷ ᠵᠢᠱᠢᠭᠳᠡᠭᠰᠡᠨ ᠠᠷᠠᠳ ᠤᠨ ᠠᠮᠢᠳᠤᠷᠠᠯ ᠤᠨ ᠪᠣᠳᠠᠲᠤ ᠲᠥᠷᠥᠯ ᠵᠤᠶᠢᠯ ᠤᠨ ᠲᠣᠪᠴᠢ | ᠪᠠᠶᠢᠳᠠᠯ | 2021 ᠣᠨ ᠳᠤ ᠵᠢᠩᠬᠢᠨᠢ ᠪᠠᠷ ᠵᠢᠱᠢᠭᠳᠡᠭᠰᠡᠨ ᠠᠷᠠᠳ ᠤᠨ ᠠᠮᠢᠳᠤᠷᠠᠯ ᠤᠨ ᠪᠣᠳᠠᠲᠤ ᠲᠥᠷᠥᠯ ᠵᠤᠶᠢᠯ ᠨᠡᠶᠢᠲᠡ 10 | ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 18420.12 ᠲᠦᠮᠡᠨ ᠲᠥᠭᠦᠷᠢᠭ ᠲᠤ ᠬᠦᠷᠴᠡᠶ᠃ ᠲᠥᠷᠥᠯ | ᠵᠦᠢᠯ ᠤᠨ ᠲᠣᠪᠴᠢ ᠪᠠᠶᠢᠳᠠᠯ ᠨᠢ ᠳᠣᠣᠷᠠᠬᠢ ᠮᠡᠲᠦ᠄ | —— ᠮᠠᠯᠵᠢᠬᠤ ᠲᠠᠷᠢᠶᠠᠯᠠᠬᠤ ᠣᠷᠣᠨ ᠤ 10 ᠺᠢᠯᠣᠸᠠᠲ ᠵᠢᠴᠢ ᠲᠡᠭᠦᠨ ᠠᠴᠠ ᠳᠣᠷᠣᠭᠰᠢᠬᠢ ᠬᠥᠳᠡᠭᠡ | ᠲᠣᠰᠬᠤᠨ ᠤ ᠴᠠᠬᠢᠯᠭᠠᠨ ᠲᠣᠤᠷ ᠢ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ | ᠶᠡᠷᠦᠩᠬᠡᠶ ᠪᠠᠯᠠ ᠣᠷᠣᠭᠤᠯᠤᠯᠲᠠ ᠨᠢ 7340 ᠲᠦᠮᠡᠨ ᠲᠥᠭᠦᠷᠢᠭ᠂ ᠪᠥᠬᠦ ᠬᠤᠰᠢᠭᠤᠨ ᠤ 11 ᠰᠤᠮᠤ ᠰᠢᠶᠠᠩ | ᠪᠠᠯᠭᠠᠰᠤᠨ ᠤ 67 ᠭᠠᠴᠠᠭ᠎ᠠ ᠲᠣᠰᠬᠤᠨ ᠳᠤ 10 ᠺᠢᠯᠣᠸᠣᠯᠲ ᠤᠨ ᠱᠤᠭᠤᠮ 106.36 ᠺᠢᠯᠣᠮᠧᠲᠷ᠂ 0.4 | ᠺᠢᠯᠣᠸᠣᠯᠲ ᠤᠨ ᠱᠤᠭᠤᠮ 208.72 ᠺᠢᠯᠣᠮᠧᠲᠷ᠂ 138 ᠬᠦᠴᠦᠳᠡᠯ ᠥᠭᠡᠷᠡᠴᠢᠯᠡᠭᠴᠢ ᠶᠢ ᠤᠭᠰᠠᠷᠠᠵᠤ᠂ | ᠡᠷᠦᠬᠡ ᠶᠢᠨ ᠴᠠᠭ 8210 ᠲᠥᠭᠦᠷᠢᠭ᠃ ᠲᠥᠷᠥᠯ ᠵᠦᠶᠯ ᠪᠠᠶᠢᠭᠤᠯᠤᠭᠳᠠᠭᠰᠠᠨ ᠤ ᠳᠠᠷᠠᠭ᠎ᠠ᠂ ᠥᠷᠭᠡᠨ ᠣᠯᠠᠨ | ᠮᠠᠯᠴᠢᠨ ᠲᠠᠷᠢᠶᠠᠴᠢᠨ ᠤ ᠦᠶᠯᠡᠳᠪᠦᠷᠢᠯᠡᠯ ᠠᠮᠢᠳᠤᠷᠠᠯ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠤᠯᠠᠮ ᠨᠢᠭᠡ | ᠠᠯᠬᠤᠮ ᠬᠠᠩᠭᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠶ ᠨᠡᠶᠢᠭᠡᠮ ᠤᠨ | ᠬᠥᠭᠵᠢᠯᠲᠡ ᠳᠤ ᠴᠠᠬᠢᠯᠭᠠᠨ ᠬᠠᠩᠭᠠᠬᠤ ᠪᠠᠲᠤ ᠪᠠᠬᠢ ᠪᠠᠲᠤᠯᠠᠭ᠎ᠠ ᠬᠠᠩᠭᠠᠨ᠎ᠠ᠃ | —— ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠣᠮ ᠤᠨ ᠰᠠᠩ ᠢ ᠥᠭᠡᠷᠡᠴᠢᠯᠡᠨ | ᠳᠡᠭᠡᠭᠰᠢᠯᠡᠭᠦᠯᠬᠦ ᠲᠦᠷᠦᠯ ᠵᠤᠶᠢᠯ᠃ ᠨᠡᠶᠢᠲᠡ 1500 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠣᠯᠠᠨ | ᠨᠡᠶᠢᠲᠡ ᠶᠢᠨ ᠨᠣᠮ ᠤᠨ ᠰᠠᠩ ᠤᠨ ᠪᠠᠶᠢᠭᠤᠯᠤᠯᠲᠠ ᠶᠢᠨ ᠪᠠᠷᠢᠮᠵᠢᠶ᠎ᠠ ᠶᠢ ᠦᠨᠳᠦᠰᠦᠯᠡᠨ᠂ ᠨᠣᠮ ᠤᠨ ᠰᠠᠩ ᠢ | ᠥᠭᠡᠷᠡᠴᠢᠯᠡᠨ ᠳᠡᠭᠡᠭᠰᠢᠯᠡᠭᠦᠯᠵᠦ᠂ ᠨᠣᠮ ᠬᠠᠳᠠᠭᠠᠯᠠᠬᠤ᠂ ᠵᠢᠭᠡᠯᠡᠨ ᠤᠩᠰᠢᠬᠤ᠂ ᠠᠰᠠᠭᠤᠨ ᠯᠠᠪᠯᠠᠬᠤ ᠦᠶᠯᠡᠴᠢᠯᠡᠭᠡ᠂ | ᠣᠯᠠᠨ ᠨᠡᠶᠢᠲᠡ ᠶᠢᠨ ᠠᠵᠢᠯᠯᠠᠭ᠎ᠠ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠣᠲᠣ ᠦᠶ᠎ᠡ ᠶᠢᠨ ᠨᠣᠮ ᠤᠨ | ᠰᠠᠩ ᠢ ᠪᠠᠶᠢᠭᠤᠯᠤᠨ᠎ᠠ᠃ ᠲᠥᠷᠥᠯ ᠵᠦᠶᠯ ᠪᠠᠶᠢᠭᠤᠯᠤᠭᠳᠠᠭᠰᠠᠨ ᠤ ᠳᠠᠷᠠᠭ᠎ᠠ᠂ ᠣᠯᠠᠨ ᠲᠦᠮᠡᠨ ᠳᠤ ᠨᠠᠩ ᠰᠢᠯᠢᠳᠡᠭ᠂ | ᠨᠠᠩ ᠳᠥᠭᠦᠮ ᠳᠥᠲᠡ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡ ᠬᠠᠩᠭᠠᠵᠤ᠂ ᠪᠥᠬᠦ ᠠᠷᠠᠳ ᠢᠶᠠᠷ ᠢᠶᠠᠨ | ᠨᠣᠮ ᠤᠩᠰᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ | —— ᠶᠦᠩ ᠨᠢᠩ ᠨᠡᠶᠢᠭᠡᠮ ᠲᠣᠭᠤᠷᠢᠭ ᠤᠨ ᠨᠠᠮ ᠤᠨ ᠬᠡᠰᠢᠬᠦᠨ ᠪᠠ ᠤᠯᠠᠨ ᠲᠦᠮᠡᠨ ᠤ ᠦᠢᠯᠡᠴᠢᠯᠡᠭᠡᠨ ᠤ | ᠲᠥᠪ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ᠃ ᠶᠡᠷᠦᠩᠬᠡᠶ ᠪᠠᠯᠠ ᠣᠷᠣᠭᠤᠯᠤᠯᠲᠠ ᠨᠢ 900 | ᠲᠦᠮᠡᠨ ᠲᠥᠭᠦᠷᠢᠭ᠂ ᠶᠦᠩ ᠨᠢᠩ ᠨᠡᠶᠢᠭᠡᠮ ᠲᠣᠭᠤᠷᠢᠭ ᠤᠨ ᠨᠠᠮ ᠤᠨ ᠬᠡᠰᠢᠬᠦᠨ ᠪᠠ ᠤᠯᠠᠨ ᠲᠦᠮᠡᠨ ᠤ | ᠦᠢᠯᠡᠴᠢᠯᠡᠭᠡᠨ ᠤ ᠲᠥᠪ ᠢ ᠪᠠᠶᠢᠭᠤᠯᠵᠤ᠂ ᠨᠠᠮ ᠪᠠ ᠣᠯᠠᠨ ᠲᠦᠮᠡᠨ ᠤ ᠦᠶᠯᠡᠴᠢᠯᠡᠭᠡᠨ ᠤ ᠲᠢᠩᠬᠢᠮ᠂ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠠᠯᠪᠠᠨ ᠬᠡᠷ᠂ ᠴᠠᠭᠳᠠᠭᠠᠨ ᠤ ᠶᠠᠪᠤᠳᠠᠯ ᠤᠨ ᠲᠠᠰᠤᠭ᠂ | ᠤᠩᠰᠢᠯᠭ᠎ᠠ ᠶᠢᠨ ᠲᠠᠰᠤᠭ᠂ ᠰᠣᠶᠣᠯ ᠤᠨ ᠬᠥᠳᠡᠯᠭᠡᠭᠡᠨ ᠤ ᠲᠠᠰᠤᠭ ᠵᠡᠷᠭᠡ ᠡᠯ᠎ᠡ ᠲᠥᠷᠥᠯ ᠤᠨ ᠠᠯᠪᠠᠨ | ᠦᠶᠯᠡᠴᠢᠯᠡᠭᠡᠨ ᠤ ᠲᠠᠯᠠᠪᠤᠷ ᠢ ᠲᠣᠬᠢᠷᠠᠭᠤᠯᠪᠠ᠃ ᠲᠥᠷᠥᠯ ᠵᠦᠶᠯ ᠪᠠᠶᠢᠭᠤᠯᠤᠭᠳᠠᠭᠰᠠᠨ ᠤ ᠳᠠᠷᠠᠭ᠎ᠠ᠂ ᠠᠷᠠᠳ ᠲᠤ | ᠳᠥᠭᠦᠮ ᠦᠵᠡᠭᠦᠯᠬᠦ ᠦᠶᠯᠡᠴᠢᠯᠡᠭᠡᠨ ᠤ ᠠᠵᠢᠯ ᠢ ᠨᠠᠩ ᠰᠠᠶᠢᠲᠤᠷ ᠥᠷᠨᠢᠭᠦᠯᠵᠦ᠂ ᠠᠷᠠᠳ ᠣᠯᠠᠨ ᠤ ᠠᠵᠢᠯ | ᠶᠠᠪᠤᠳᠠᠯ ᠭᠦᠶᠴᠡᠳᠬᠡᠬᠦ ᠳᠤ ᠳᠥᠭᠦᠮ ᠦᠵᠡᠭᠦᠯᠵᠦ᠂ ᠣᠯᠠᠨ ᠲᠦᠮᠡᠨ ᠳᠤ ᠭᠦᠶᠴᠡᠳ ᠠᠰᠢᠭ ᠬᠦᠷᠲᠡᠭᠡᠨ᠎ᠡ᠃ | —— ᠭᠠᠴᠠᠭ᠎ᠠ ᠲᠣᠰᠬᠤᠨ ᠤ ᠱᠦᠢᠨᠢ ᠵᠠᠮ ᠢ ᠬᠠᠲᠠᠭᠤᠷᠠᠭᠤᠯᠬᠤ ᠲᠥᠷᠥᠯ ᠵᠦᠢᠯ | ᠨᠡᠶᠢᠲᠡ 881 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠤᠷᠭᠠᠰᠤᠲᠠᠢ ᠰᠢᠶᠠᠩ᠂ ᠳ᠋ᠠᠱᠢᠵᠠᠢ ᠪᠠᠯᠭᠠᠰᠦ᠂ | ᠵᠢᠷᠦᠬᠡᠨ ᠪᠠᠯᠭᠠᠰᠤᠨ ᠳᠤ 5 ᠵᠤᠷᠪᠤᠰ ᠲᠣᠰᠬᠤᠨ ᠤ ᠳᠣᠲᠣᠷᠠᠬᠢ ᠱᠦᠢᠨᠢ ᠵᠠᠮ ᠢ ᠬᠠᠲᠠᠭᠤᠷᠠᠭᠤᠯᠬᠤ ᠲᠥᠷᠥᠯ ᠵᠦᠢᠯ | ᠢ ᠬᠡᠷᠡᠭᠵᠢᠭᠦᠯᠵᠦ᠂ ᠨᠡᠶᠢᠲᠡ 10 ᠺᠢᠯᠣᠮᠧᠲᠷ ᠤᠷᠲᠤ᠃ ᠲᠥᠷᠥᠯ ᠵᠦᠶᠯ ᠪᠠᠶᠢᠭᠤᠯᠤᠭᠳᠠᠭᠰᠠᠨ ᠤ ᠳᠠᠷᠠᠭ᠎ᠠ᠂ | ᠲᠤᠬᠠᠶ ᠶᠢᠨ ᠭᠠᠵᠠᠷ ᠤᠨ ᠣᠯᠠᠨ ᠲᠦᠮᠡᠨ ᠤ ᠶᠠᠪᠤᠵᠤ ᠰᠠᠭᠤᠬᠤ ᠳᠤ ᠬᠦᠴᠢᠷ ᠠᠰᠠᠭᠤᠳᠠᠯ ᠢ ᠪᠦᠲᠦᠮᠵᠢᠲᠡᠶ | ᠰᠢᠶᠳᠪᠦᠷᠢᠯᠡᠵᠦ᠂ ᠤᠠᠯᠨ ᠲᠦᠮᠡᠨ ᠤ ᠦᠶᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠤᠯᠠᠮ ᠴᠢᠨᠠᠭᠰᠢᠳᠠ | ᠰᠠᠶᠢᠵᠢᠷᠠᠭᠤᠯᠵᠤ᠂ ᠲᠣᠰᠬᠤᠨ ᠤ ᠱᠠᠲᠤᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ | ᠲᠦᠪᠰᠢᠨ ᠢ ᠯᠠᠪᠳᠠᠭᠤᠨ ᠪᠠᠲᠤᠲᠠᠶ ᠳᠡᠭᠡᠭᠰᠢᠯᠡᠭᠦᠯᠬᠦ ᠪᠣᠯᠤᠨ᠎ᠠ᠃ | —— ᠲᠥᠪᠬᠢᠨᠡᠭᠦᠯᠦᠭᠰᠡᠨ ᠤ ᠳᠠᠷᠠᠭ᠎ᠠ ᠴᠡᠷᠢᠭ ᠤᠨ ᠠᠵᠢᠯ ᠠᠴᠠ ᠪᠠᠨ ᠪᠠᠭᠤᠭᠰᠠᠨ ᠴᠡᠷᠢᠭ ᠠᠴᠠ | ᠬᠠᠯᠠᠭᠳᠠᠭᠰᠳ ᠲᠤ ᠠᠵᠢᠯ ᠣᠯᠭᠤᠬᠤ ᠲᠤᠰᠠᠯᠠᠮᠵᠢ ᠶᠢᠨ ᠲᠥᠷᠥᠯ ᠵᠦᠢᠯ | ᠨᠡᠶᠢᠲᠡ 716 ᠲᠦᠮᠡᠨ ᠲᠥᠭᠦᠷᠢᠭ ᠤᠨ ᠪᠠᠯᠠ ᠣᠷᠣᠭᠤᠯᠵᠤ᠂ 215 ᠨᠡᠷᠡᠰ ᠲᠥᠪᠬᠢᠨᠡᠭᠦᠯᠦᠭᠳᠡᠭᠰᠡᠨ ᠤ | ᠳᠠᠷᠠᠭ᠎ᠠ ᠴᠡᠷᠢᠭ ᠤᠨ ᠠᠵᠢᠯ ᠠᠴᠠ ᠪᠠᠨ ᠪᠠᠭᠤᠭᠰᠠᠨ ᠴᠡᠷᠢᠭ ᠠᠴᠠ ᠬᠠᠨᠯᠠᠭᠳᠠᠭᠰᠠᠳ ᠲᠤ ᠠᠵᠢᠯ ᠣᠯᠭᠤᠬᠤ | ᠲᠤᠰᠠᠯᠠᠮᠵᠢ ᠦᠵᠡᠭᠦᠯᠬᠦ ᠠᠵᠢᠯ ᠤᠨ ᠪᠠᠶᠢᠷᠢ ᠬᠠᠩᠭᠠᠨ᠎ᠠ᠃ ᠲᠥᠷᠥᠯ ᠵᠦᠶᠯ ᠢ ᠬᠡᠷᠡᠭᠵᠢᠭᠦᠯᠦᠭᠰᠡᠨ ᠤ ᠳᠠᠷᠠᠭ᠎ᠠ᠂ | ᠲᠡᠭᠦᠨ ᠤ ᠳᠠᠬᠢᠨ ᠠᠵᠢᠯ ᠣᠯᠬᠤ ᠬᠦᠴᠢᠷ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠨ᠎ᠡ᠃ | —— ᠬᠤᠷᠴᠢᠨ ᠵᠡᠭᠡᠯᠢ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠬᠦ | ᠢᠨᠵᠧᠨᠧᠷᠢᠩ | ᠶᠡᠷᠦᠩᠬᠡᠢ ᠪᠡᠯᠡ ᠣᠷᠣᠭᠤᠯᠤᠯᠲᠠ 685.12 ᠲᠦᠮᠡᠨ ᠲᠥᠭᠦᠷᠢᠭ᠂ ᠬᠤᠷᠴᠢᠨ ᠵᠡᠭᠡᠯᠢ ( ᠤᠯᠠᠭᠠᠠᠭᠤᠤᠯ | ᠵᠠᠮ᠂ ᠲᠢᠶᠠᠨ ᠵᠢᠶᠤᠤ ᠵᠠᠮ ) ᠶᠢᠨ ᠤᠰᠤ ᠬᠠᠩᠭᠠᠬᠤ ᠬᠤᠭᠤᠯᠠᠢ 2.12 ᠺᠢᠯᠣᠮᠧᠲᠷ ᠵᠢᠴᠢ ᠳᠠᠭᠠᠯᠲᠠ | ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠤᠨ᠎ᠠ᠃ ᠲᠥᠷᠥᠯ ᠵᠦᠶᠯ ᠪᠠᠶᠢᠭᠤᠯᠤᠭᠳᠠᠭᠰᠠᠨ ᠤ ᠳᠠᠷᠠᠭ᠎ᠠ᠂ ᠡᠷᠬᠢᠨ | ᠲᠣᠭᠤᠷᠢᠨ ᠤ ᠰᠠᠭᠤᠭᠠᠯᠢ ᠠᠷᠠᠳ ᠤᠨ ᠤᠰᠤ ᠬᠡᠷᠡᠭᠯᠡᠬᠦ ᠨᠥᠬᠦᠴᠡᠯ ᠢ ᠰᠠᠶᠢᠵᠢᠷᠠᠭᠤᠯᠵᠤ᠂ ᠬᠤᠲᠠ ᠶᠢᠨ ᠲᠣᠭᠤᠷᠢᠭ | ᠤᠨ ᠤᠰᠤ ᠬᠠᠩᠭᠠᠬᠤ ᠠᠮᠤᠷ ᠲᠦᠪᠰᠢᠨ ᠤ ᠢᠯᠡᠳᠬᠡᠮᠵᠢ ᠶᠢ ᠦᠨᠡᠨ ᠬᠦ ᠳᠡᠭᠡᠭᠰᠢᠯᠡᠭᠦᠯᠵᠦ᠂ ᠬᠤᠲᠠ ᠶᠢᠨ | ᠬᠥᠭᠵᠢᠯᠲᠡ ᠳᠤ ᠤᠰᠤ ᠬᠠᠩᠭᠠᠬᠤ ᠪᠠᠲᠤᠯᠠᠭ᠎ᠠ ᠬᠠᠩᠭᠠᠨ᠎ᠠ᠃ | —— ᠴᠠᠷᠠᠰᠤᠨ ᠠᠴᠠ ᠪᠠᠳᠠᠷᠠᠩᠭᠤᠢ ᠬᠦᠷᠬᠦ ᠤᠰᠤᠨ ᠲᠤᠲᠤᠷᠭ᠎ᠠ ᠶᠢᠨ ᠦᠵᠡᠮᠵᠢ ᠶᠢᠨ ᠬᠦᠷᠢᠶᠡᠯᠡᠩ | ᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ | ᠶᠡᠷᠦᠩᠬᠡᠶ ᠪᠠᠯᠠ ᠣᠷᠣᠭᠤᠯᠤᠯᠲᠠ ᠨᠢ 418 ᠲᠦᠮᠡᠨ ᠲᠥᠭᠦᠷᠢᠭ ᠪᠠᠶᠢᠵᠤ᠂ ᠬᠦᠷᠢᠶᠡᠯᠡᠩ ᠲᠣᠭᠤᠷᠢᠭ ᠤᠨ | ᠭᠤᠤᠯ ᠲᠣᠭᠤᠷᠢᠭ ᠤᠨ ᠰᠠᠭᠤᠷᠢᠨ ᠳᠡᠭᠡᠷ᠎ᠡ᠂ ᠰᠢᠷᠳᠡᠮᠡᠯ ᠵᠠᠮ 3.8 ᠺᠢᠯᠣᠮᠧᠲᠷ ( 8 ᠬᠥᠭᠦᠷᠭᠡ ᠪᠠᠭᠲᠠᠨ᠎ᠠ ) | ᠳᠡᠪᠢᠰᠤᠨᠡ᠃ ᠲᠥᠷᠥᠯ ᠵᠦᠶᠯ ᠪᠠᠶᠢᠭᠤᠯᠤᠭᠳᠠᠭᠰᠠᠨ ᠤ ᠳᠠᠷᠠᠭ᠎ᠠ᠂ ᠬᠦᠷᠢᠶᠡᠯᠡᠩ ᠲᠣᠭᠤᠷᠢᠭ ᠤᠨ ᠶᠠᠰᠤ ᠴᠢᠨᠠᠷ ᠢ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠷᠢᠶᠠᠯᠠᠩ ᠪᠠ ᠵᠤᠭᠠᠴᠠᠯ ᠤᠨ ᠠᠭᠤᠰᠤᠯᠴᠠᠯ ᠢ ᠠᠬᠢᠭᠤᠯᠵᠤ᠂ ᠠᠵᠤ | ᠦᠶᠯᠡᠰ ᠤᠨ ᠬᠥᠭᠵᠢᠯᠲᠡ ᠶᠢ ᠳᠠᠶᠢᠴᠢᠯᠠᠬᠤ ᠪᠣᠯᠤᠨ᠎ᠠ᠃ | —— ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠤᠷᠢᠳᠴᠢᠯᠠᠨ | ᠪᠠᠶᠢᠴᠠᠭᠠᠬᠤ ᠬᠤᠪᠢᠶᠠᠨ ᠣᠨᠣᠰᠢᠯᠠᠬᠤ ᠬᠤᠷᠠᠵᠦ ᠬᠡᠷᠡᠭᠯᠡᠬᠦ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠶᠯ | ᠶᠡᠷᠦᠩᠬᠡᠶ ᠪᠠᠯᠠ ᠣᠷᠣᠭᠤᠯᠤᠯᠲᠠ ᠨᠢ 280 ᠲᠦᠮᠡᠨ ᠲᠥᠭᠦᠷᠢᠭ ᠪᠠᠶᠢᠵᠤ᠂ ᠪᠥᠬᠦ ᠬᠤᠰᠢᠭᠤᠨ ᠤ 23 | ᠡᠷᠡᠭᠦᠯ ᠬᠠᠮᠠᠭᠠᠯᠠᠯ ᠤᠨ ᠬᠤᠷᠢᠶ᠎ᠠ ᠳᠤ ᠤᠷᠢᠳᠴᠢᠯᠠᠨ ᠪᠠᠶᠢᠴᠠᠭᠠᠬᠤ ᠬᠤᠪᠢᠶᠠᠨ ᠣᠨᠣᠰᠢᠯᠠᠬᠤ ᠬᠤᠷᠠᠵᠦ ᠬᠡᠷᠡᠭᠯᠡᠬᠦ ᠭᠡᠷ | ᠪᠠᠶᠢᠰᠢᠩ ᠢ ᠪᠦᠲᠦᠭᠡᠨ ᠪᠠᠶᠢᠭᠤᠯᠵᠤ ᠂ ︽ᠭᠤᠷᠪᠠᠨ ᠲᠣᠭᠤᠷᠢᠭ ᠬᠤᠶᠠᠷ ᠨᠡᠪᠲᠡᠷᠡᠬᠦ ᠵᠠᠮ︾ ᠤᠨ | ᠪᠠᠷᠢᠮᠵᠢᠶᠠᠵᠢᠭᠤᠯᠤᠯᠲᠠ ᠶᠢᠨ ᠱᠠᠭᠠᠷᠳᠠᠯᠭ᠎ᠠ ᠳᠤ ᠬᠥᠷᠴᠦ ( ᠭᠤᠷᠪᠠᠨ ᠲᠣᠭᠤᠷᠢᠭ᠄ ᠪᠣᠬᠢᠷᠲᠤᠯ ᠤᠨ ᠣᠷᠣᠨ᠂ | ᠬᠠᠭᠠᠰ ᠪᠣᠬᠢᠷᠲᠤᠯ ᠤᠨ ᠣᠷᠣᠨ᠂ ᠠᠷᠢᠭᠤᠨ ᠴᠡᠪᠡᠷ ᠣᠷᠣᠨ᠃ ᠬᠤᠶᠠᠷ ᠨᠡᠪᠲᠡᠷᠡᠬᠦ ᠵᠠᠮ᠄ ᠡᠮᠨᠡᠯᠭᠡ ᠶᠢᠨ ᠠᠵᠢᠯᠲᠠᠨ | ᠤ ᠨᠡᠪᠲᠡᠷᠡᠬᠦ ᠵᠠᠮ᠂ ᠡᠪᠡᠳᠴᠢᠲᠡᠨ ᠤ ᠨᠡᠪᠲᠡᠷᠡᠬᠦ ᠵᠠᠮ )᠃ ᠲᠥᠷᠥᠯ ᠵᠦᠶᠯ ᠪᠠᠶᠢᠭᠤᠯᠤᠭᠳᠠᠭᠰᠠᠨ ᠤ ᠳᠠᠷᠠᠭ᠎ᠠ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠵᠦ᠂ ᠤᠯᠠᠨ ᠨᠡᠶᠢᠲᠡ | ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠪᠠᠲᠤᠯᠠᠨ᠎ᠠ᠃ | —— ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠦᠶᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠪᠣᠬᠢᠷ ᠤᠰᠤ ᠶᠢ ᠰᠢᠶᠳᠪᠦᠷᠢᠯᠡᠬᠦ ᠦᠶᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠪᠠᠷᠢᠯᠭ᠎ᠠ | ᠶᠡᠷᠦᠩᠬᠡᠶ ᠪᠠᠯᠠ ᠣᠷᠣᠭᠤᠯᠤᠯᠲᠠ ᠨᠢ 5400 ᠲᠦᠮᠡᠨ ᠲᠥᠭᠦᠷᠢᠭ ᠪᠠᠶᠢᠵᠤ᠂ ᠨᠢᠭᠡᠳᠦᠭᠡᠷ ᠬᠤᠭᠤᠴᠠᠭᠠᠨ | ᠤ ᠢᠨᠵᠧᠨᠧᠷᠢᠩ ᠤᠨ ᠰᠠᠭᠤᠷᠢᠨ ᠳᠡᠭᠡᠷ᠎ᠡ᠂ ᠤᠰᠤᠵᠢᠨ ᠵᠠᠳᠠᠷᠠᠵᠤ ᠬᠦᠴᠢᠯᠵᠢᠬᠦ ᠲᠠᠲᠠᠭᠠᠯ ᠨᠢᠭᠡ᠂ ᠨᠢᠭᠡ ᠠᠮᠢᠳᠤ | ᠪᠣᠳᠠᠰ ᠤᠨ ᠬᠢᠮᠢ ᠶᠢᠨ ᠲᠠᠲᠠᠭᠠᠯ᠂ ᠬᠤᠶᠠᠷ ᠵᠢᠪᠦᠭᠦᠯᠬᠦ ᠲᠠᠲᠠᠭᠠᠯ ᠵᠢᠴᠢ ᠬᠠᠷᠠᠭᠠᠯᠵᠠᠭᠰᠠᠨ ᠪᠠᠷᠢᠯᠭ᠎ᠠ ᠶᠢ ᠰᠢᠨ᠎ᠡ ᠪᠠᠷ | ᠪᠠᠶᠢᠭᠤᠯᠪᠠ᠃ ᠲᠥᠷᠥᠯ ᠵᠦᠶᠯ ᠪᠠᠶᠢᠭᠤᠯᠤᠭᠳᠠᠭᠰᠠᠨ ᠤ ᠳᠠᠷᠠᠭ᠎ᠠ᠂ ᠪᠣᠬᠢᠷ ᠤᠰᠤ ᠶᠢ ᠰᠢᠶᠳᠪᠦᠷᠢᠯᠡᠬᠦ ᠦᠶᠯᠡᠳᠪᠦᠷᠢ | ᠶᠢᠨ ᠡᠳᠦᠷ ᠤᠨ ᠰᠢᠶᠳᠪᠦᠷᠢᠯᠡᠬᠦ ᠴᠢᠳᠠᠪᠤᠷᠢ ᠶᠢ ᠤᠤᠯ ᠤᠨ 1.5 ᠲᠦᠮᠡᠨ ᠲᠣᠨ ᠪᠠᠶᠢᠭᠰᠠᠨ ᠠᠴᠠ 3 ᠲᠦᠮᠡᠨ | ᠲᠣᠨ ᠪᠣᠯᠭᠠᠨ ᠳᠡᠭᠡᠭᠰᠢᠯᠡᠭᠦᠯᠵᠦ᠂ ᠬᠤᠲᠠ ᠶᠢᠨ ᠲᠣᠭᠤᠷᠢᠭ ᠤᠨ ᠰᠠᠭᠤᠭᠠᠯᠢ ᠠᠷᠠᠳ ᠪᠣᠯᠤᠨ ᠠᠵᠤ ᠠᠬᠤᠶᠢᠯᠠᠯ ᠤᠨ | ᠡᠳᠦᠷ ᠲᠤᠲᠤᠮ ᠤᠨ ᠦᠶᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠪᠦᠲᠦᠮᠵᠢᠲᠡᠶ ᠪᠠᠲᠤᠯᠠᠨ᠎ᠠ᠃ | —— ᠭᠠᠴᠠᠭ᠎ᠠ ᠲᠣᠰᠬᠤᠨ ᠤ 5 G ᠰᠠᠭᠤᠷᠢ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠶᠯ | ᠶᠡᠷᠦᠩᠬᠡᠶ ᠪᠠᠯᠠ ᠣᠷᠣᠭᠤᠯᠤᠯᠲᠠ ᠨᠢ 300 ᠲᠦᠮᠡᠨ ᠲᠥᠭᠦᠷᠢᠭ᠂ ᠪᠥᠬᠦ ᠬᠤᠰᠢᠭᠤᠨ ᠤ ᠬᠡᠪᠴᠢᠶᠡᠨ ᠳᠤ | ᠭᠠᠷ ᠤᠲᠠᠰᠤᠨ ᠤ ᠳᠣᠬᠢᠶ᠎ᠠ ᠪᠠᠷ ᠠᠨᠠᠶ 8 ᠭᠠᠴᠠᠭ᠎ᠠ ᠲᠣᠰᠬᠤᠨ ᠢ ᠰᠣᠩᠭᠤᠨ 5 G ᠴᠢᠮᠡᠭᠡ ᠬᠤᠯᠪᠣᠭᠠᠨ ᠤ | ᠰᠠᠭᠤᠷᠢ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠬᠡᠷᠡᠭᠵᠢᠭᠦᠯᠦᠨ᠎ᠡ᠃ ᠲᠥᠷᠥᠯ ᠵᠦᠶᠯ | ᠪᠠᠶᠢᠭᠤᠯᠤᠭᠳᠠᠭᠰᠠᠨ ᠤ ᠳᠠᠷᠠᠭ᠎ᠠ᠂ ᠭᠠᠷ ᠤᠲᠠᠰᠤᠨ ᠤ ᠳᠣᠬᠢᠶᠠᠨ ᠤ ᠪᠦᠷᠬᠦᠴᠡ ᠶᠢ ᠳᠡᠭᠡᠭᠰᠢᠯᠡᠭᠦᠯᠵᠦ᠂ ᠲᠤᠬᠠᠶ ᠶᠢᠨ | ᠭᠠᠵᠠᠷ ᠤᠨ ᠰᠠᠭᠤᠭᠠᠯᠢ ᠠᠷᠠᠳ ᠤᠨ ᠮᠡᠳᠡᠭᠡ ᠬᠤᠯᠪᠣᠭᠠᠨ ᠤ ᠨᠥᠬᠦᠴᠡᠯ ᠢ ᠰᠠᠶᠢᠵᠢᠷᠠᠭᠤᠯᠤᠨ᠎ᠠ᠃ | ᠲᠥᠯᠥᠭᠡᠯᠡᠭᠴᠢᠳ ᠡ᠂ ᠠᠷᠠᠳ ᠲᠦᠮᠡᠨ ᠤ ᠬᠦᠰᠡᠯ ᠡᠷᠡᠮᠡᠯᠵᠡᠯ ᠨᠢ ᠵᠠᠰᠠᠭ ᠤᠨ ᠣᠷᠳᠣᠨ ᠤ ᠴᠢᠭᠯᠡᠯ ᠢ ᠵᠢᠭᠠᠵᠦ | ᠦᠭᠬᠦᠨ᠎ᠡ᠃ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠠᠷᠠᠳ ᠣᠯᠠᠨ ᠤ ᠵᠤᠯ ᠵᠢᠷᠭᠠᠯ ᠢ ᠨᠡᠮᠡᠭᠳᠡᠭᠦᠯᠬᠦ ᠪᠣᠯ | ᠮᠠᠨ ᠤ ᠠᠯᠢᠪᠠ ᠠᠵᠢᠯ ᠤᠨ ᠡᠭᠦᠰᠭᠡᠯ ᠲᠡᠭᠦᠰᠬᠡᠯ ᠮᠥᠨ᠂ ᠵᠠᠰᠠᠭ ᠤᠨ ᠣᠷᠳᠣᠨ ᠤ ᠠᠷᠠᠳ ᠤᠨ ᠲᠥᠯᠥᠭᠡ ᠲᠥᠷᠥ | ᠪᠠᠷᠢᠬᠤ ᠶᠢᠨ ᠪᠣᠳᠠᠲᠠᠶ ᠢᠯᠡᠷᠡᠯ ᠮᠥᠨ᠃ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠲᠥᠷᠥᠯ ᠵᠦᠶᠯ | ᠢ ᠲᠣᠰ ᠤᠳᠠᠭᠠᠨ ᠤ ᠶᠡᠭᠡ ᠬᠤᠷᠠᠯ ᠠᠴᠠ ᠪᠢᠯᠧᠲ ᠢᠶᠠᠷ ᠰᠢᠶᠳᠪᠦᠷᠢ ᠭᠠᠷᠭᠠᠭᠰᠠᠨ ᠤ ᠳᠠᠷᠠᠭ᠎ᠠ᠂ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠶᠡᠭᠡ ᠬᠤᠷᠠᠯ ᠤᠨ ᠰᠢᠶᠳᠪᠦᠷᠢ ᠶᠢ | ᠨᠠᠷᠢᠨ ᠬᠢᠨᠠᠮᠠᠭᠠᠶ ᠬᠡᠷᠡᠭᠵᠢᠭᠦᠯᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ | ᠪᠠᠲᠤ ᠪᠣᠶ ᠪᠣᠯᠭᠠᠵᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠢᠳᠡᠪᠬᠢᠲᠡᠶ | ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ 《 ᠠᠷᠪᠢᠴᠢ ᠠᠮᠢᠳᠤᠷᠠᠯ 》 ᠢᠶᠠᠷ ᠣᠯᠠᠨ ᠲᠦᠮᠡᠨ ᠤ 《 | ᠰᠠᠶᠢᠨ ᠠᠮᠢᠳᠤᠷᠠᠯ 》 ᠢ ᠰᠣᠯᠢᠵᠤ ᠠᠪᠴᠢᠷᠠᠨ᠂ ᠵᠠᠰᠠᠭ ᠤᠨ ᠣᠷᠳᠣᠨ ᠤ ᠠᠷᠠᠳ ᠣᠯᠠᠨ ᠳᠤ ᠥᠭᠭᠦᠭᠰᠡᠨ ᠲᠥᠪ | ᠴᠢᠩᠭ᠎ᠠ ᠠᠮᠠᠯᠠᠯᠲᠠ ᠪᠠᠨ ᠦᠨᠡᠨ ᠬᠦ ᠰᠠᠶᠢᠲᠤᠷ ᠭᠦᠶᠴᠡᠳᠬᠡᠨ᠎ᠡ᠃ | |