ᠬᠤᠷᠴᠢᠨ  ᠪᠠᠷᠠᠭᠤᠨ  ᠭᠠᠷᠤᠨ ᠡᠮᠦᠨᠡᠲᠦ  ᠬᠤᠰᠢᠭᠤᠨ  ᠤ  2020 ᠣᠨ  ᠤ  ᠤᠯᠤᠰ  ᠠᠷᠠᠳ ᠤᠨ ᠠᠵᠤ  ᠠᠬᠤᠶ ᠪᠤᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2021 ᠣᠨ ᠤ ᠤᠯᠤᠰ ᠠᠷᠠᠳ ᠤᠨ ᠠᠵᠤ  ᠠᠬᠤᠶ  ᠪᠠ  ᠨᠡᠶᠢᠭᠡᠮ ᠤᠨ  ᠬᠥᠭᠵᠢᠯᠲᠡ ᠶᠢᠨ ᠲᠥᠯᠥᠪᠯᠡᠭᠡ ᠲᠥᠰᠦᠯ  ᠤᠨ ᠲᠤᠬᠠᠶ  ᠮᠡᠳᠡᠭᠦᠯᠦᠯᠲᠡ
ᠨᠡᠶᠢᠲᠡᠯᠡᠭᠰᠡᠨ ᠴᠠᠭ᠄
2021/3/24
——2021 ᠣᠨ ᠤ 3  ᠳ᠋ᠤᠭᠠᠷ ᠰᠠᠷ᠎ᠠ ᠶᠢᠨ 9 ᠤ ᠡᠳᠦᠷ  ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ  ᠠᠷᠪᠠᠨ ᠳᠣᠯᠣᠳᠤᠭᠠᠷ ᠬᠤᠭᠤᠴᠠᠭᠠᠨ   ᠤ ᠠᠷᠠᠳ   ᠤᠨ  ᠲᠥᠯᠥᠭᠡᠯᠡᠭᠴᠢᠳ   ᠤᠨ  ᠶᠡᠭᠡ  ᠬᠤᠷᠠᠯ  ᠤᠨ ᠳᠦᠷᠪᠡᠳᠦᠭᠡᠷ  ᠤᠳᠠᠭᠠᠨ   ᠤ  ᠬᠤᠷᠠᠯᠳᠤᠭᠠᠨ  ᠳᠡᠭᠡᠷ᠎ᠡᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨᠲᠥᠯᠥᠭᠡᠯᠡᠭᠴᠢᠳ ᠡ᠄      ᠣᠲᠣ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ 2020 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2021 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠲᠥᠰᠦᠯ ᠢ ᠶᠡᠭᠡ ᠬᠤᠷᠠᠯ ᠳᠤ ᠬᠢᠨᠠᠨ ᠵᠥᠪᠯᠡᠭᠦᠯᠬᠦ ᠪᠠᠷ ᠳᠡᠪᠰᠢᠭᠦᠯᠦᠶ᠎ᠡ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃       ᠨᠢᠭᠡ᠂ 2020 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ      ᠥᠩᠭᠡᠷᠡᠭᠰᠡᠨ ᠨᠢᠭᠡ ᠵᠢᠯ ᠳᠤ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠲᠡᠶ ᠬᠢᠨᠠᠯᠲᠠ ᠳᠣᠤᠷ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠦᠴᠦᠲᠡᠶ ᠳᠡᠮᠵᠢᠯᠭᠡ ᠳᠣᠤᠷ᠎ᠠ᠂ ᠪᠥᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠪᠠ᠂᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠠᠢ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠶᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠦ᠂ ᠪᠦᠬᠦ ᠬᠤᠰᠢᠭᠤᠨ ᠤ ᠠᠵᠤ ᠠᠬᠤᠢ ᠶᠢᠨ ᠡᠷᠭᠢᠯᠲᠡ ᠲᠣᠭᠲᠠᠪᠤᠷᠢᠵᠢᠨ ᠰᠠᠶᠢᠵᠢᠷᠠᠬᠤ  ᠪᠠᠶᠢᠳᠠᠯ ᠢᠯᠡᠷᠡᠪᠡ᠃       ( ᠨᠢᠭᠡ ) ᠠᠵᠤ ᠠᠬᠤᠶ ᠶᠢᠨ ᠠᠵᠢᠯᠯᠠᠭᠠᠨ ᠲᠣᠭᠲᠠᠪᠤᠷᠢᠵᠢᠨ ᠰᠠᠶᠢᠵᠢᠷᠠᠬᠤ ᠬᠠᠨᠳᠤᠰᠢ ᠲᠠᠢ ᠪᠣᠯᠵᠣ᠂ ᠰᠥᠷᠥᠨ ᠤᠷᠤᠭᠰᠢᠯᠠᠵᠤ ᠥᠭᠡᠳᠡᠯᠡᠬᠦ ᠬᠠᠨᠳᠤᠰᠢ ᠲᠠᠢ ᠪᠣᠯᠪᠠ       ᠪᠦᠬᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ 104 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.9% ᠪᠠᠷ ᠨᠡᠮᠡᠭᠳᠡᠨ᠂ ᠲᠣᠭᠲᠠᠮᠠᠯ ᠬᠥᠷᠥᠩᠭᠡ  ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 20.4% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠦᠶᠯᠡᠳᠬᠦᠨ ᠤ ᠪᠥᠬᠦ ᠥᠷᠲᠡᠭ ᠠᠳᠠᠯᠢ ᠬᠤᠭᠤᠴᠠᠭᠠᠨ ᠤ ᠬᠢ ᠠᠴᠠ 1.68% ᠪᠠᠷ ᠨᠡᠮᠡᠭᠳᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 21.6% ᠪᠠᠷ ᠨᠡᠮᠡᠭᠳᠡᠪᠡ᠃ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠣ᠂ ᠪᠥᠬᠦ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 3% ᠪᠠᠷ ᠪᠠᠭᠤᠷᠠᠭᠰᠠᠨ ᠪᠣᠯᠪᠠᠴᠤ ᠮᠥᠨ ᠯᠡ ᠪᠥᠬᠦ ᠠᠶᠢᠮᠠᠭ  ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 2.2 ᠵᠠᠭᠤᠨ ᠤ ᠴᠡᠭ ᠥᠨᠳᠥᠷ ᠪᠠᠶᠢᠨ᠎ᠠ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 9.7% ᠪᠠᠷ ᠨᠡᠮᠡᠭᠳᠡᠪᠡ᠃ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 7.4 % ᠪᠠᠷ ᠨᠡᠮᠡᠭᠳᠡᠵᠦ᠂  ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 29909 ᠲᠥᠭᠦᠷᠢᠭ ᠪᠠ 12827 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 5% ᠪᠠ 10% ᠪᠠᠷ ᠨᠡᠮᠡᠭᠳᠡᠪᠡ᠃       ( ᠬᠤᠶᠠᠷ ) ᠪᠠᠯᠠ ᠣᠷᠣᠭᠤᠯᠤᠯᠲᠠ ᠶᠢᠨ ᠳᠠᠶᠢᠴᠢᠯᠠᠯᠲᠠ ᠶᠢᠨ ᠦᠷ᠎ᠡ ᠪᠦᠲᠦᠮᠵᠢ ᠢᠯᠡᠳᠲᠡ ᠪᠣᠯᠵᠣ᠂ ᠴᠢᠨᠠᠷ ᠰᠠᠶᠢᠲᠠᠶ ᠬᠥᠭᠵᠢᠯᠲᠡ ᠶᠢᠨ ᠰᠡᠯᠭᠦᠬᠦ ᠬᠦᠴᠦᠨ ᠦᠷᠭᠦᠯᠵᠢᠯᠡᠨ ᠴᠢᠩᠭᠠᠷᠠᠪᠠ      ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠪᠠᠶᠢᠳᠠᠯ ᠰᠠᠶᠢᠨ ᠪᠤᠯᠵᠠᠢ᠂ ᠪᠥᠬᠦ ᠵᠢᠯ ᠳᠤ 65.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 20.4 % ᠨᠡᠮᠡᠭᠳᠡᠪᠡ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ 132 ᠪᠠᠶᠢᠵᠤ᠂ ᠡᠭᠦᠨ ᠳᠤ 5000 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ 46 ᠪᠠᠶᠢᠵᠤ᠂ ᠪᠡᠯᠡ ᠣᠷᠣᠭᠤᠯᠤᠯᠲᠠ ᠶᠢ 53.35 ᠳ᠋ᠦᠩᠰᠢᠭᠤᠷ ᠲᠥᠭᠦᠷᠢᠭ ᠪᠡᠶᠡᠯᠡᠭᠦᠯᠵᠦ᠂ 500 - 5000 ᠲᠦᠮᠡᠨ ᠲᠥᠭᠦᠷᠢᠭ ᠤᠨ ᠲᠥᠷᠥᠯ ᠵᠦᠢᠯ 28 ᠪᠠᠶᠢᠵᠤ᠂ ᠪᠡᠯᠡ ᠣᠷᠣᠭᠤᠯᠤᠯᠲᠠ ᠶᠢ 3.07 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ 58 ᠪᠠᠶᠢᠵᠤ᠂ ᠪᠡᠯᠡ ᠣᠷᠣᠭᠤᠯᠤᠯᠲᠠ ᠶᠢ 9.18 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠲᠦᠮᠵᠢᠲᠡᠢ ᠠᠬᠢᠭᠤᠯᠪᠠ᠃ ᠪᠥᠬᠦ ᠵᠢᠯ ᠳᠤ ᠴᠢᠬᠤᠯᠠ ᠶᠡᠭᠡ ᠲᠥᠷᠥᠯ ᠵᠦᠶᠯ ᠢ 41 ᠬᠡᠷᠡᠭᠵᠢᠭᠦᠯᠵᠦ᠂ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ 100% ᠳᠤ ᠬᠦᠷᠴᠦ᠂ 51.68 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠣᠨ ᠤ ᠲᠥᠯᠥᠪᠯᠡᠭᠡ ᠪᠠᠨ 6.43 ᠳ᠋ᠦᠩᠰᠢᠭᠤᠷ ᠲᠥᠭᠦᠷᠢᠭ ᠳᠠᠪᠠᠭᠤᠯᠤᠨ ᠪᠡᠶᠡᠯᠡᠭᠦᠯᠪᠡ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠢᠨᠠᠷ ᠰᠠᠶᠢᠲᠠᠶ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ᠂ ᠵᠥᠩ ᠭᠤᠸᠠᠩ ᠾᠧ ᠶᠢᠨ ᠰᠠᠯᠬᠢᠨ ᠴᠠᠬᠢᠯᠭᠠᠨ ᠤ ᠶᠠᠳᠠᠭᠤ ᠶᠢ ᠲᠡᠳᠬᠦᠬᠦ ᠵᠡᠷᠭᠡ ᠲᠥᠷᠥᠯ ᠵᠦᠶᠯ ᠢ ᠡᠮᠬᠢ ᠵᠢᠷᠤᠮ ᠲᠠᠢ ᠪᠠᠷ ᠠᠬᠢᠭᠤᠯᠵᠤ᠂ ᠪᠤᠷᠭᠠᠰᠤᠲᠠᠢ ᠶᠢᠨ ᠬᠤᠶᠠᠳᠤᠭᠠᠷ ᠬᠤᠭᠤᠴᠠᠭᠠᠨ ᠤ 100 ᠺᠢᠯᠤᠸᠠᠲ ᠰᠠᠯᠬᠢᠨ ᠴᠠᠬᠢᠯᠭᠠᠨ ᠤ ᠲᠥᠷᠥᠯ ᠵᠦᠶᠯ ᠢ ᠬᠤᠭᠤᠴᠠᠭ᠎ᠠ ᠶᠣᠰᠣᠭᠠᠷ ᠪᠠᠷᠢᠯᠭ᠎ᠠ ᠳᠠᠭᠤᠰᠬᠠᠪᠠ᠃ ᠴᠢᠬᠤᠯᠠ ᠶᠡᠭᠡ ᠲᠥᠷᠥᠯ ᠵᠦᠶᠯ ᠤᠨ ᠨᠥᠭᠡᠴᠡ ᠶᠢᠨ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠵᠡᠢ᠃ ᠪᠥᠬᠦ ᠬᠤᠰᠢᠭᠤᠨ ᠤ ᠴᠢᠨᠠᠷ ᠰᠠᠶᠢᠲᠠᠶ ᠨᠥᠭᠡᠴᠡᠯᠡᠯᠲᠡ 5000 ᠲᠦᠮᠡᠨ ᠲᠥᠭᠦᠷᠢᠭ ᠠᠴᠠ ᠳᠡᠭᠡᠭᠰᠢᠬᠢ ᠵᠠᠰᠠᠭ ᠤᠨ ᠣᠷᠳᠣᠨ ᠵᠢᠴᠢ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠶᠯ 128 ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ 1374 ᠳ᠋ᠦᠩᠰᠢᠭᠤᠷ ᠲᠥᠭᠦᠷᠢᠭ ᠲᠤ ᠬᠦᠷᠴᠦ᠂ ᠮᠠᠨ ᠤ ᠬᠤᠰᠢᠭᠤᠨ ᠳᠤ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠵᠤ᠂ ᠨᠥᠭᠡᠴᠡ ᠬᠦᠴᠦᠨ ᠢ ᠬᠤᠷᠠᠮᠳᠤᠭᠤᠯᠤᠨ᠂ ᠬᠥᠳᠡᠯᠭᠡᠬᠦ ᠡᠨᠧᠷᠭᠢ ᠳᠤ ᠪᠠᠲᠤ ᠪᠠᠬᠢ ᠰᠠᠭᠤᠷᠢ ᠲᠠᠯᠪᠢᠪᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠷᠤᠭᠰᠢᠲᠠᠢ ᠶᠠᠪᠤᠭᠳᠠᠵᠤ ᠪᠠᠶᠢᠨ᠎ᠠ᠃ ᠪᠥᠬᠦ ᠵᠢᠯ ᠳᠤ 52 ᠬᠤᠳᠠᠯᠳᠤᠭᠠᠴᠢᠨ ᠤᠷᠢᠬᠤ ᠲᠥᠷᠥᠯ ᠵᠦᠶᠯ ᠢ ᠣᠷᠣᠭᠤᠯᠤᠨ ᠠᠪᠴᠢᠷᠠᠵᠤ᠂ 54.88 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠪᠣᠳᠠᠲᠠᠶᠢᠵᠢᠭᠤᠯᠵᠤ᠂ ᠠᠳᠠᠯᠢ ᠬᠤᠭᠤᠴᠠᠭᠠᠨ ᠤ ᠬᠢ ᠠᠴᠠ 33.85 % ᠪᠠᠷ ᠨᠡᠮᠡᠭᠳᠡᠵᠦ᠂ 5.68 ᠳ᠋ᠦᠩᠰᠢᠭᠤᠷ ᠲᠥᠭᠦᠷᠢᠭ ᠢ ᠳᠠᠪᠠᠵᠤ ᠵᠢᠯ  ᠤᠨ ᠡᠬᠢᠨ ᠳᠤ ᠲᠣᠭᠲᠠᠭᠠᠭᠰᠠᠨ ᠬᠠᠷᠠᠯᠲᠠ ᠪᠠᠨ ᠪᠡᠶᠡᠯᠡᠭᠦᠯᠪᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃《 ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ〈 ᠵᠠᠭᠤᠨ ᠡᠳᠦᠷ ᠤᠨ ᠪᠣᠭᠤᠮᠲᠠ ᠰᠢᠪᠲᠤᠯᠬᠤ 〉ᠲᠤᠰᠬᠠᠶ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ 》 ᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠂《 ᠵᠠᠭᠤᠨ ᠡᠳᠦᠷ ᠤᠨ ᠪᠣᠭᠤᠮᠲᠠ ᠰᠢᠪᠲᠤᠯᠬᠤ 》ᠲᠤᠰᠬᠠᠶ ᠠᠵᠢᠯᠯᠠᠭ᠎ᠠ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃      ( ᠭᠤᠷᠪᠠ ) ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠵᠣᠬᠢᠴᠠᠩᠭᠤᠢ ᠬᠥᠭᠵᠢᠵᠦ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠤᠯᠠᠮ ᠪᠠᠬᠢᠵᠢᠪᠡ      ᠣᠳᠣ ᠦᠶ᠎ᠡ ᠶᠢᠨ ᠮᠠᠯ ᠠᠵᠤ ᠠᠬᠤᠶ ᠲᠠᠷᠢᠶᠠᠯᠠᠩ ᠢ ᠰᠢᠯᠢᠳᠡᠭᠵᠢᠭᠦᠯᠦᠨ ᠳᠡᠰ ᠳᠡᠪᠰᠢᠭᠦᠯᠵᠡᠢ᠃ ᠠᠮᠤ ᠪᠤᠳᠠᠭᠠᠨ ᠤ ᠠᠮᠤᠷ ᠲᠦᠪᠰᠢᠨ ᠢ ᠪᠦᠲᠦᠮᠵᠢᠲᠡᠢ ᠪᠠᠲᠤᠯᠠᠵᠤ᠂《 ᠬᠤᠶᠠᠷ ᠠᠮᠦ ᠬᠤᠶᠠᠷ ᠦᠬᠡᠷ 》 ᠤᠨ ᠦᠢᠯᠡᠰ ᠯᠠᠪᠳᠠᠭᠤᠨ ᠢᠶᠠᠷ ᠤᠷᠤᠭᠰᠢᠯᠠᠪᠠ᠃ 2020 ᠣᠨ ᠳᠤ 371 ᠲᠦᠮᠡᠨ ᠮᠥ ᠠᠮᠤ ᠪᠤᠳᠠᠭᠠᠨ ᠤ ᠲᠠᠷᠢᠮᠠᠯ ᠳᠠᠷᠢᠵᠤ᠂ ᠠᠮᠤ ᠪᠤᠳᠠᠭᠠᠨ ᠤ ᠤᠨᠠᠯᠲᠠ 29.7 ᠳ᠋ᠦᠩᠰᠢᠭᠤᠷ ᠵᠢᠩ ᠳᠤ ᠬᠦᠷᠴᠦ᠂ ᠴᠢᠨᠠᠷ ᠰᠠᠶᠢᠲᠠᠶ ᠡᠷᠳᠡᠨᠢ ᠰᠢᠰᠢ ᠳᠠᠷᠢᠬᠤ ᠲᠠᠯᠠᠪᠠᠶ 280 ᠲᠦᠮᠡᠨ ᠮᠥ᠂ ᠤᠰᠤᠨ ᠲᠤᠲᠤᠷᠭ᠎ᠠ 15 ᠲᠦᠮᠡᠨ ᠮᠥ ᠪᠣᠯᠪᠠ᠃ ᠮᠠᠯᠵᠢᠯ ᠤᠨ ᠣᠨ ᠤ ᠮᠠᠯ ᠤᠨ ᠲᠤᠭ᠎ᠠ 423 ᠲᠦᠮᠡ ᠳᠤ ᠬᠦᠷᠴᠦ᠂ ᠠᠯᠠᠰᠢᠨ ᠦᠬᠡᠷ ᠤᠨ ᠲᠤᠭ᠎ᠠ 23.8 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.2 % ᠨᠡᠮᠡᠭᠳᠡᠪᠡ᠃ ᠰᠠᠭᠠᠯᠢ ᠶᠢᠨ ᠦᠨᠢᠶᠡᠨ ᠤ ᠲᠤᠭ᠎ᠠ 3 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 428.6 % ᠨᠡᠮᠡᠭᠳᠡᠪᠡ᠃ ᠵᠠᠭᠤᠨ ᠲᠦᠮᠡᠨ ᠭᠠᠭ᠋ᠠᠢ ᠲᠡᠵᠢᠭᠡᠨ ᠦᠷᠡᠵᠢᠭᠦᠯᠬᠦ ᠠᠵᠤ ᠦᠢᠯᠡᠰ ᠢ ᠨᠢᠭᠡ ᠴᠤᠬᠴᠠᠵᠢᠭᠤᠯᠬᠤ ᠲᠦᠷᠦᠯ ᠵᠦᠢᠯ ᠢ ᠬᠦᠴᠦᠲᠡᠢ ᠠᠬᠢᠭᠤᠯᠵᠤ᠂ ᠳᠡᠭᠡᠳᠦ ᠲᠡᠰ ᠤᠨ ᠴᠠᠭᠠᠨ ᠢᠳᠡᠭᠡᠨ ᠤ ᠠᠵᠤ ᠦᠢᠯᠡᠰ ᠲᠦᠷᠭᠡᠨ ᠬᠥᠭᠵᠢᠵᠦ᠂ ᠬᠢᠲᠠᠳ ᠡᠮ ᠤᠨ ᠪᠡᠶ᠎ᠡ ᠰᠤᠪᠢᠯᠠᠬᠤ ᠰᠣᠶᠣᠯ ᠤᠨ ᠠᠵᠤ ᠦᠢᠯᠡᠰ ᠲᠣᠭᠲᠠᠭᠤᠨ ᠢᠶᠠᠷ ᠲᠦᠯᠬᠢᠨ ᠠᠬᠢᠭᠤᠯᠪᠠ᠃《 ᠪᠣᠬᠢᠷᠲᠤᠯ ᠥᠬᠡᠶ ᠡᠮᠦᠨᠡᠲᠦ ᠬᠤᠰᠢᠭᠤ 》 ᠶᠢᠨ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠦᠷᠭᠦᠯᠵᠢᠯᠡᠨ ᠥᠷᠭᠡᠳᠴᠦ᠂ 2020 ᠣᠨ ᠳᠤ 《 ᠬᠤᠶᠠᠷ ᠪᠦᠲᠦᠭᠡᠭᠳᠡᠬᠦᠨ ᠨᠢᠭᠡ ᠲᠡᠮᠲᠡᠭ 》 ᠲᠠᠢ ᠠᠵᠤ ᠠᠬᠤᠶᠢᠯᠠᠯ ᠢ 13 ᠭᠡᠷᠡᠴᠢᠯᠡᠵᠦ᠂ ᠭᠡᠷᠡᠴᠢᠯᠡᠯ ᠤᠨ ᠨᠠᠷᠠᠲᠤ ᠣᠨᠴᠠ ᠰᠢᠯᠢᠳᠡᠭ ᠰᠢᠨ᠎ᠡ ᠦᠶᠯᠡᠳᠬᠦᠨ ᠢ 6 ᠭᠡᠷᠡᠴᠢᠯᠡᠵᠡᠢ᠃ ᠠᠵᠤ ᠦᠶᠯᠡᠳᠪᠦᠷᠢ ᠶᠢᠨ ᠬᠥᠭᠵᠢᠯᠲᠡ ᠶᠢ ᠲᠦᠷᠭᠡᠳᠬᠡᠨ ᠲᠣᠭᠲᠠᠭᠤᠨ ᠪᠣᠯᠭᠠᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠶᠡᠷᠦᠩᠬᠡᠶ ᠦᠶᠯᠡᠳᠬᠦᠨ ᠤ ᠥᠷᠲᠡᠭ ᠢ 17.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠥᠬᠦ ᠵᠢᠯ ᠳᠤ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠠᠵᠤ ᠦᠶᠯᠡᠳᠪᠦᠷᠢ ᠶᠢᠨ ᠭᠤᠤᠯᠳᠠᠯᠭ᠎ᠠ ᠲᠠᠢ ᠲᠥᠷᠥᠯ ᠵᠦᠶᠯ ᠢ 18 ᠬᠡᠷᠡᠭᠵᠢᠭᠦᠯᠵᠦ᠂ 21.8 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 21% ᠨᠡᠮᠡᠭᠳᠡᠪᠡ᠃ ᠳ᠋ᠧ ᠺᠠᠩ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ ᠦᠢᠯᠡᠳᠪᠦᠷᠢ ᠠᠰᠢᠭᠯᠠᠯᠲᠠ ᠳᠤ ᠣᠷᠣᠵᠦ ᠂ ᠬᠤᠩ ᠳ᠋ᠠ ᠳᠠᠷᠤᠰᠢᠭᠤᠯᠤᠨ ᠴᠢᠳᠬᠤᠬᠤ᠂ ᠮᠧᠩ ᠵᠢᠶᠠ ᠠᠮᠤ ᠲᠣᠰᠣ᠂ ᠠᠢ ᠯᠠᠩ ᠰᠠᠯᠬᠢᠨ ᠴᠠᠬᠢᠯᠭᠠᠨ ᠵᠡᠷᠭᠡ ᠭᠤᠣᠯᠯᠠᠭᠴᠢ ᠠᠵᠤ ᠠᠬᠤᠢᠯᠠᠯ ᠤᠨ ᠡᠵᠡᠩᠨᠡᠯᠲᠡ ᠲᠤᠩ ᠰᠠᠶᠢᠨ᠂ ᠢᠳᠡᠭᠡᠨ ᠤ ᠬᠦᠷᠢᠶᠡᠯᠡᠩ ᠲᠣᠭᠤᠷᠢᠭ ᠤᠨ ᠬᠤᠷᠠᠯ  ᠤᠨ ᠦᠵᠡᠰᠬᠦᠯᠡᠩ ᠤᠨ ᠲᠥᠪ ᠢ ᠪᠠᠶᠢᠭᠤᠯᠤᠨ ᠬᠡᠷᠡᠭᠯᠡᠵᠦ᠂ ᠳ᠋ᠦᠩ ᠬᠠᠨ ᠵᠢᠯᠣᠭᠤᠴᠢ ᠦᠭᠡᠢ ᠨᠢᠰᠬᠡᠯ ᠤᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠵᠠᠢ᠃ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠲᠠᠰᠤᠷᠠᠯᠲᠠ ᠦᠭᠡᠢ ᠲᠡᠭᠦᠯᠳᠡᠷᠵᠢᠵᠦ᠂ ᠣᠷᠣᠵᠤ ᠰᠠᠭᠤᠭᠰᠠᠨ ᠠᠵᠤ ᠠᠬᠤᠶᠢᠯᠠᠯ 104  ᠳᠤ ᠬᠦᠷᠴᠦ᠂ ᠪᠦᠬᠦ ᠵᠢᠯ ᠳᠤ ᠠᠵᠤ ᠦᠶᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ 15.77 ᠳ᠋ᠦᠩᠰᠢᠭᠤᠷ ᠲᠥᠭᠦᠷᠢᠭ ᠲᠤ ᠬᠦᠷᠴᠦ᠂ 3485 ᠬᠥᠮᠦᠨ ᠢ ᠲᠥᠪᠬᠢᠨᠡᠭᠦᠯᠦᠨ ᠠᠵᠢᠯ ᠣᠯᠭᠤᠵᠤ᠂ ᠠᠵᠤ ᠦᠶᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠰᠢᠯᠢᠳᠡᠭ ᠲᠠᠪᠴᠠᠩ ᠤᠨ ᠦᠢᠯᠡᠳᠦᠯ ᠤᠯᠠᠮ ᠨᠢᠭᠡ ᠠᠯᠬᠤᠮ ᠳᠤᠪᠤᠶᠢᠮ᠎ᠠ ᠪᠣᠯᠪᠠ᠃ ᠣᠳᠣ ᠦᠶ᠎ᠡ ᠶᠢᠨ ᠦᠶᠯᠡᠴᠢᠯᠡᠭᠡᠨ ᠤ ᠦᠶᠯᠡᠰ ᠳᠡᠰ ᠳᠡᠪᠰᠢᠪᠡ᠃ ᠵᠤᠭᠠᠴᠠᠯ ᠤᠨ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠵᠦ᠂ ᠬᠢᠩᠭᠠᠨ ᠠᠶᠢᠮᠠᠭ ᠤᠨ ᠨᠠᠭᠠᠳᠤᠮ ᠤᠨ ᠶᠡᠭᠡ ᠬᠤᠷᠠᠯ ᠲᠡᠭᠦᠰ ᠠᠮᠵᠢᠯᠲᠠ ᠲᠠᠢ ᠶᠠᠪᠤᠭᠳᠠᠵᠤ᠂ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠪᠠᠶᠢᠭᠤᠯᠤᠭᠳᠠᠨ ᠠᠰᠢᠭᠯᠠᠯᠲᠠ  ᠳᠤ ᠣᠷᠣᠵᠤ᠂ ᠠᠳᠤᠭᠤᠨ ᠤ ᠠᠵᠤ ᠦᠢᠯᠡᠰ ᠡᠳᠦᠷ ᠠᠴᠠ ᠡᠳᠦᠷ ᠥᠭᠡᠳᠡᠯᠡᠨ ᠬᠥᠭᠵᠢᠵᠦ᠂ ᠠᠳᠤᠭᠤᠨ ᠰᠣᠶᠣᠯ  ᠤᠨ ᠰᠠᠭᠤᠷᠢᠨ ᠭᠠᠵᠠᠷ ᠵᠢᠩᠬᠢᠨᠢ ᠪᠠᠷ ᠡᠵᠡᠩᠨᠡᠯᠲᠡ ᠪᠠᠨ ᠡᠬᠢᠯᠡᠭᠦᠯᠵᠦ᠂ ᠪᠦᠬᠦ ᠵᠢᠯ ᠳᠤ 178 ᠲᠦᠮᠡᠨ ᠬᠥᠮᠦᠨ ( ᠤᠳᠠᠭ᠎ᠠ ) ᠤ ᠵᠤᠭᠠᠴᠠᠭᠰᠠᠳ ᠢ ᠬᠦᠯᠢᠶᠡᠨ ᠠᠪᠴᠤ᠂ ᠵᠤᠭᠠᠴᠠᠯ ᠤᠨ ᠣᠷᠣᠯᠭ᠎ᠠ ᠶᠢ 7.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ 《 ᠳᠤᠮᠳᠠᠳᠤ ᠤᠯᠤᠰ ᠤᠨ ᠰᠢᠨ᠎ᠡ ᠪᠠᠷ ᠮᠠᠨᠳᠤᠭᠰᠠᠨ ᠲᠠᠯ᠎ᠠ ᠨᠤᠲᠤᠭ ᠤᠨ ᠵᠤᠭᠠᠴᠠᠯ ᠤᠨ ᠵᠣᠷᠢᠯᠲᠠ  ᠶᠢᠨ ᠭᠠᠵᠠᠷ 》 ᠤᠨ ᠫᠠᠶᠢᠰᠠ ᠤᠯᠠᠮ ᠬᠠᠩᠭᠢᠨᠠᠪᠠ᠃ ᠡᠯᠧᠺᠲᠷᠦᠨ ᠬᠤᠳᠠᠯᠳᠤᠭᠠᠨ ᠤ ᠶᠠᠪᠤᠳᠠᠯ ᠲᠦᠷᠭᠡᠨ ᠬᠥᠭᠵᠢᠵᠦ ᠂ ᠪᠦᠬᠦ ᠬᠤᠰᠢᠭᠤᠨ ᠤ ᠡᠯᠧᠺᠲᠷᠦᠨ ᠬᠤᠳᠠᠯᠳᠤᠭᠠᠨ ᠤ ᠠᠷᠠᠯᠵᠢᠶᠠᠨ ᠤ ᠨᠣᠷᠮ᠎ᠠ 2.09 ᠳ᠋ᠦᠩᠰᠢᠭᠤᠷ ᠲᠥᠭᠦᠷᠢᠭ  ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 70.9%  ᠨᠡᠮᠡᠭᠳᠡᠪᠡ᠃ ᠳᠥᠷᠪᠡᠨ ᠶᠡᠭᠡ ᠤᠯᠤᠰ ᠤᠨ ᠥᠮᠴᠢᠯᠡᠯᠲᠦ ᠪᠠᠩᠬᠢ ᠪᠦᠬᠦᠨ ᠢᠶᠠᠷ ᠢᠶᠠᠨ ᠮᠠᠨ ᠤ ᠬᠤᠰᠢᠭᠤᠨ ᠳᠤ ᠣᠷᠣᠵᠤ᠂ ᠥᠪᠥᠷ ᠮᠣᠩᠭᠤᠯ ᠤᠨ ᠪᠠᠩᠬᠢ ᠶᠢᠨ ᠡᠮᠦᠨᠡᠲᠦ ᠬᠤᠰᠢᠭᠤᠨ ᠤ ᠰᠠᠯᠪᠤᠷᠢ ᠪᠠᠩᠬᠢ ᠠᠵᠢᠯ ᠢᠶᠠᠨ ᠡᠬᠢᠯᠡᠭᠦᠯᠵᠦ᠂ ᠪᠥᠬᠦ ᠬᠤᠰᠢᠭᠤᠨ ᠤ ᠮᠥᠩᠭᠦᠨ ᠭᠦᠶᠯᠭᠡᠭᠡᠨ  ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠬᠠᠷᠢᠴᠠᠯ 100% ᠶᠢ ᠳᠠᠪᠠᠵᠤ᠂ ᠪᠥᠬᠦ ᠣᠷᠣᠨ ᠤ ᠠᠩᠬᠠᠳᠠᠭᠴᠢ ᠬᠥᠳᠡᠭᠡ ᠲᠣᠰᠬᠤᠨ ᠤ ᠥᠮᠴᠢᠯᠡᠬᠦ ᠡᠷᠬᠡ ᠶᠢᠨ ᠰᠣᠯᠢᠯᠴᠠᠭᠠᠨ ᠤ《 ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠬᠦ ᠦᠶᠯᠡᠴᠢᠯᠡᠭᠡᠨ ᠤ ᠥᠷᠲᠡᠭᠡ 》ᠠᠵᠢᠯ ᠢᠶᠠᠨ ᠡᠬᠢᠯᠡᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠵᠢᠵᠢᠭ ᠪᠢᠴᠢᠯ ᠠᠵᠤ ᠠᠬᠤᠶᠢᠯᠠᠯ ᠪᠠ《 ᠲᠠᠷᠢᠶᠠᠯᠠᠩ ᠮᠠᠯ ᠠᠵᠤ ᠠᠬᠤᠶ᠂ ᠬᠦᠳᠡᠭᠡ ᠲᠤᠰᠬᠤᠨ ᠮᠠᠯᠵᠢᠬᠤ ᠤᠷᠤᠨ᠂ ᠮᠠᠯᠴᠢᠨ ᠲᠠᠷᠢᠶᠠᠴᠢᠨ 》 ᠤ ᠪᠠᠯᠠ ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠪᠡ᠃ ᠵᠡᠭᠦᠨ ᠬᠤᠶᠢᠲᠤ ᠠᠽᠢᠶ᠎ᠠ ᠶᠢᠨ ᠵᠢᠵᠢᠭ ᠲᠠᠸᠠᠷ ᠤᠨ ᠣᠯᠠᠨ ᠤᠯᠤᠰ ᠤᠨ ᠠᠷᠠᠯᠵᠢᠶ᠎ᠠ ᠬᠤᠳᠠᠯᠳᠤᠭᠠᠨ ᠤ ᠬᠤᠲᠠ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠶᠢᠨ ᠪᠢᠨ ᠡᠮᠴᠢᠯᠡᠭᠡᠨ ᠤ ᠲᠥᠪ ᠤᠨ ᠦᠶᠯᠡᠴᠢᠯᠡᠭᠡᠨ ᠤ ᠠᠰᠠᠷ ᠤᠨ ᠭᠤᠤᠯ ᠴᠣᠭᠴᠠ ᠪᠠᠷᠢᠯᠭ᠎ᠠ ᠳᠠᠭᠤᠰᠴᠤ᠂ ᠬᠤᠷᠴᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠵᠤᠭᠠᠴᠠᠯ ᠤᠨ ᠬᠤᠲᠠ ᠶᠢᠨ ᠲᠥᠷᠥᠯ ᠵᠦᠶᠯ ᠤᠨ ᠠᠬᠢᠴᠠ ᠤᠷᠤᠭᠰᠢᠲᠠᠶ ᠪᠠᠶᠢᠵᠤ᠂ ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ   ᠶᠢᠨ ᠨᠡᠭᠦᠬᠦ ᠠᠵᠢᠯ ᠬᠡᠰᠡᠭ ᠬᠡᠮᠵᠢᠶ᠎ᠡ ᠪᠠᠷ ᠶᠠᠪᠤᠭᠳᠠᠪᠠ᠃      ( ᠲᠦᠷᠪᠡ )《 ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ 》 ᠢ ᠯᠠᠪᠳᠠᠭᠤᠨ ᠪᠠᠲᠤᠲᠠᠢ ᠠᠬᠢᠭᠤᠯᠵᠤ᠂ ᠰᠢᠢᠳᠪᠦᠷᠢᠲᠦ ᠴᠢᠨᠠᠷᠲᠠᠢ ᠦᠷ᠎ᠡ ᠪᠦᠲᠦᠭᠡᠯ ᠢ ᠣᠯᠪᠠ    ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠰᠢᠢᠳᠪᠦᠷᠢᠲᠦ ᠴᠢᠨᠠᠷᠲᠠᠢ ᠦᠷ᠎ᠡ ᠪᠦᠲᠦᠮᠵᠢ ᠣᠯᠵᠠᠢ᠂ ᠦᠯᠡᠳᠡᠭᠰᠡᠨ 420 ᠡᠷᠦᠬᠡ ᠶᠢᠨ 998 ᠨᠡᠷᠡᠰ ᠳᠠᠩᠰᠠᠯᠠᠵᠤ ᠺᠠᠷᠲᠯᠠᠭᠰᠠᠨ ᠬᠥᠮᠦᠨ ᠠᠮᠠ ᠶᠠᠳᠠᠭᠤ ᠠᠴᠠ ᠠᠩᠭᠢᠵᠢᠷᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠶᠠᠳᠠᠭᠤ ᠬᠦᠴᠢᠷᠳᠡᠯᠲᠡᠢ ᠬᠥᠮᠦᠨ ᠠᠮᠠ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ ᠪᠤᠢ ᠪᠦᠬᠦᠢ ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ ᠶᠠᠳᠠᠭᠤᠷᠠᠯ ᠤᠨ ᠨᠣᠷᠮ᠎ᠠ ᠲᠡᠭ ᠪᠣᠯᠪᠠ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢᠳᠡᠪᠬᠢᠲᠡᠢ ᠠᠬᠢᠴᠠ ᠲᠠᠢ ᠪᠣᠯᠪᠠ᠃ 38.3 ᠳ᠋ᠦᠩᠰᠢᠭᠤᠷ ᠲᠥᠭᠦᠷᠢᠭ ᠤᠨ ᠰᠢᠯᠵᠢᠭᠦᠯᠦᠨ ᠥᠭᠬᠦ ᠪᠠᠷ ᠴᠢᠷᠮᠠᠶᠢᠵᠤ᠂ ᠪᠦᠬᠦ ᠬᠤᠰᠢᠭᠤᠨ ᠤ ᠲᠥᠰᠦᠪ ᠤᠨ ᠨᠢᠭᠡᠴᠡ ᠶᠢᠨ ᠵᠠᠷᠤᠳᠠᠯ ᠢ 10 % ᠪᠠᠷ ᠪᠠᠭᠠᠰᠬᠠᠵᠤ᠂ ᠵᠠᠰᠠᠭ ᠤᠨ ᠣᠷᠳᠣᠨ ᠤ 8.54 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠠᠷᠢᠯᠭᠠᠵᠠᠢ᠃ ᠪᠠᠩᠬᠢ ᠶᠢᠨ ᠦᠶᠯᠡᠰ ᠪᠠ ᠮᠥᠩᠭᠦᠨ ᠭᠦᠶᠯᠭᠡᠭᠡᠨ  ᠤ ᠪᠠᠶᠢᠭᠤᠯᠤᠮᠵᠢ ᠶᠢᠨ ᠡᠷᠡᠭᠦᠯ ᠪᠤᠰᠤ ᠵᠢᠭᠡᠯᠡᠯᠭᠡ ᠶᠢᠨ ᠦᠯᠡᠳᠡᠪᠦᠷᠢ ᠪᠠ ᠡᠷᠡᠭᠦᠯ ᠪᠤᠰᠤ ᠨᠣᠷᠮ᠎ᠠ ᠶᠢ ᠵᠡᠷᠭᠡᠪᠡᠷ ᠪᠠᠭᠤᠷᠠᠭᠤᠯᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢᠯᠡᠳᠲᠡ ᠦᠷ᠎ᠡ ᠪᠦᠲᠦᠮᠵᠢ ᠤᠯᠪᠠ᠃ ᠬᠥᠬᠡ ᠤᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠯᠠᠪᠳᠠᠭᠤᠨ ᠪᠠᠲᠤᠲᠠᠶ ᠠᠬᠢᠭᠤᠯᠵᠤ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠶᠯᠡᠳᠪᠦᠷᠢ ᠶᠢ ᠵᠢᠩᠬᠢᠨᠢ ᠪᠠᠷ ᠠᠵᠢᠯᠯᠠᠭᠤᠯᠵᠤ᠂ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠶᠳᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠵᠤ ᠰᠢᠶᠳᠪᠦᠷᠢᠯᠡᠬᠦ ᠨᠣᠷᠮ᠎ᠠ ᠶᠢ 100% ᠳᠤ ᠬᠦᠷᠦᠭᠦᠯᠵᠡᠢ᠃ ᠲᠥᠪᠯᠡᠷᠡᠩᠭᠦᠶ ᠢᠯᠴᠢ ᠬᠠᠩᠭᠠᠬᠤ 7 ᠠᠵᠤ ᠠᠬᠤᠶᠢᠯᠠᠯ ᠲᠣᠭᠤᠰᠣ ᠶᠢ ᠬᠤᠷᠢᠭᠯᠠᠬᠤ ᠪᠠ ᠬᠢᠨᠠᠨ ᠬᠡᠮᠵᠢᠬᠦ ᠲᠠᠪᠴᠠᠩ ᠤᠭᠰᠠᠷᠠᠵᠤ᠂ ᠰᠣᠯᠣᠨ᠂ ᠤᠯᠠᠭᠠᠨᠮᠣᠳᠣ᠂ ᠠᠯᠳᠠᠷ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠳᠠᠭᠤᠰᠴᠤ᠂ ᠪᠤᠷᠭᠠᠰᠤᠲᠠᠶ ᠶᠢᠨ ᠬᠢᠩᠭᠠᠨ ᠲᠣᠰᠬᠤᠨ ᠤ ᠪᠣᠬᠢᠷ ᠤᠰᠤ ᠢ ᠰᠢᠶᠳᠪᠦᠷᠢᠯᠡᠬᠦ ᠦᠶᠯᠡᠳᠪᠦᠷᠢ ᠶᠢᠨ ᠪᠥᠲᠥᠭᠡᠨ ᠪᠠᠶᠢᠭᠤᠯᠤᠯᠲᠠ ᠤᠷᠤᠭᠰᠢᠲᠠᠶ ᠶᠠᠪᠤᠭᠳᠠᠪᠠ᠃ ᠤᠯᠤᠰ ᠤᠨ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠶᠯ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ ᠶᠢ ᠠᠬᠢᠭᠤᠯᠵᠤ᠂  60 ᠲᠣᠰᠣ ᠨᠡᠮᠡᠬᠦ ᠥᠷᠲᠡᠭᠡ   ᠶᠢᠨ ᠭᠠᠵᠠᠷ ᠳᠣᠤᠷᠠᠬᠢ ᠲᠣᠰᠣᠨ ᠤ ᠰᠠᠪᠠ ᠶᠢᠨ ᠨᠡᠪᠴᠢᠬᠦ ᠶᠢ ᠰᠡᠷᠭᠡᠶᠢᠯᠡᠬᠦ ᠥᠭᠡᠷᠡᠴᠢᠯᠡᠯᠲᠡ ᠶᠢ ᠪᠡᠶᠡᠯᠡᠭᠦᠯᠪᠡ᠃       ( ᠲᠠᠪᠤ ) ᠵᠣᠯ ᠵᠢᠷᠭᠠᠯ ᠤᠨ ᠵᠢᠭᠠᠯᠲᠠ ᠲᠤᠭ᠎ᠠ ᠪᠥᠬᠦ ᠲᠠᠯ᠎ᠠ ᠪᠠᠷ ᠳᠡᠭᠡᠭᠰᠢᠯᠡᠵᠦ᠂ ᠴᠢᠨᠠᠷ ᠰᠠᠶᠢᠲᠠᠶ ᠬᠥᠭᠵᠢᠯᠲᠡ ᠶᠢᠨ ᠲᠤᠯᠭᠠᠭᠤᠷᠢᠯᠠᠯ ᠲᠠᠰᠤᠷᠠᠯᠲᠠ ᠥᠬᠡᠶ ᠴᠢᠩᠭᠠᠷᠠᠪᠠ       ᠨᠡᠶᠢᠭᠡᠮ ᠤᠨ ᠠᠵᠢᠯ ᠦᠶᠯᠡᠰ ᠴᠡᠴᠡᠭᠯᠡᠨ ᠬᠥᠭᠵᠢᠪᠡ᠃ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠲᠠᠰᠤᠷᠠᠯᠲᠠ ᠥᠬᠡᠶ ᠲᠡᠭᠦᠯᠳᠡᠷᠵᠢᠵᠦ᠂ 21 ᠰᠠᠭᠤᠷᠢ ᠭᠠᠴᠠᠭ᠎ᠠ ᠲᠣᠰᠬᠤᠨ ᠤ ᠬᠡᠦᠬᠡᠳ ᠤᠨ ᠴᠡᠴᠡᠷᠯᠢᠭ ᠢ ᠵᠠᠰᠠᠨ ᠥᠭᠡᠷᠡᠴᠢᠯᠡᠵᠦ᠂ ᠨᠢᠭᠡᠳᠦᠭᠡᠷ ᠪᠠᠭ᠎ᠠ ᠰᠤᠷᠭᠠᠭᠤᠯᠢ ᠶᠢ ᠥᠷᠭᠡᠳᠬᠡᠨ ᠪᠠᠶᠢᠭᠤᠯᠬᠤ᠂ ᠬᠤᠶᠠᠳᠤᠭᠠᠷ ᠪᠠᠭ᠎ᠠ ᠰᠤᠷᠭᠠᠭᠤᠯᠢ  ᠶᠢ ᠰᠡᠯᠪᠢᠨ ᠵᠠᠰᠠᠵᠤ ᠥᠭᠡᠷᠡᠴᠢᠯᠡᠬᠦ ᠲᠥᠷᠥᠯ ᠵᠦᠶᠯ ᠢ ᠤᠷᠤᠭᠰᠢᠲᠠᠶ ᠠᠬᠢᠭᠤᠯᠵᠤ᠂ ᠨᠢᠭᠡᠳᠦᠭᠡᠷ ᠳᠤᠮᠳᠠᠳᠤ ᠰᠤᠷᠭᠠᠭᠤᠯᠢ ᠶᠢ ᠥᠷᠭᠡᠳᠬᠡᠨ ᠪᠠᠶᠢᠭᠤᠯᠬᠤ ᠭᠤᠤᠯ ᠴᠣᠭᠴᠠ ᠶᠢ ᠪᠢᠲᠡᠭᠦᠮᠵᠢᠯᠡᠵᠦ᠂ ᠶᠤᠸᠠᠨ ᠯᠦᠩ ᠫᠢᠩ ᠠᠺᠠᠳᠧᠮᠢᠴᠢ ᠶᠢᠨ ᠠᠵᠢᠯ ᠤᠨ ᠥᠷᠲᠡᠭᠡᠨ ᠤ ᠳᠠᠪᠠᠭᠠᠨ ᠭᠤᠤ ᠳᠤᠮᠳᠠᠳᠤ ᠰᠤᠷᠭᠠᠭᠤᠯᠢ ᠶᠢᠨ ᠲᠤᠷᠰᠢᠯᠲᠠ ᠶᠢᠨ ᠰᠠᠭᠤᠷᠢᠨ ᠢ ᠵᠢᠩᠬᠢᠨᠢ ᠪᠠᠷ ᠪᠠᠶᠢᠭᠤᠯᠵᠤ᠂ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠳᠤᠯᠤᠨ ᠰᠤᠷᠤᠯᠴᠠᠬᠤ ᠰᠠᠭᠤᠷᠢᠨ ᠢ ᠠᠰᠢᠭᠯᠠᠯᠲᠠ ᠳᠤ ᠣᠷᠣᠭᠤᠯᠪᠠ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠬᠤᠰᠢᠭᠤᠨ ᠤ ᠡᠷᠡᠭᠦᠯ ᠮᠡᠨᠳᠦ ᠶᠢᠨ ᠲᠠᠩᠰᠠ ᠡᠪᠬᠡᠮᠡᠯ ᠤᠨ ᠡᠯᠧᠺᠲᠷᠣᠨ ᠲᠠᠩᠰᠠ ᠡᠪᠬᠡᠮᠡᠯ ᠪᠠᠶᠢᠭᠤᠯᠤᠭᠰᠠᠨ ᠨᠣᠷᠮ᠎ᠠ 91.2 % ᠲᠤ ᠬᠦᠷᠴᠦ᠂ ᠭᠤᠤᠯᠳᠠᠯᠭ᠎ᠠ ᠲᠠᠢ ᠬᠥᠮᠦᠰ ᠤᠨ ᠡᠯ᠎ᠡ ᠵᠦᠶᠯ ᠤᠨ ᠬᠠᠮᠢᠶᠠᠷᠤᠯᠲᠠ ᠶᠢᠨ ᠭᠦᠶᠴᠡᠳᠬᠡᠯ ᠲᠤᠭ᠎ᠠ ᠴᠥᠮ ᠤᠯᠤᠰ ᠤᠨ ᠱᠠᠭᠠᠷᠳᠠᠯᠭ᠎ᠠ ᠳᠤ ᠬᠦᠷᠴᠦ᠂ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ᠂ ᠵᠡᠮᠳᠡᠭᠴᠦᠳ ᠤᠨ ᠡᠷᠡᠭᠦᠯᠵᠢᠯ ᠤᠨ ᠲᠥᠪ ᠤᠨ ᠪᠠᠷᠢᠯᠭ᠎ᠠ ᠶᠢ ᠳᠠᠭᠤᠰᠬᠠᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠨᠢ 《 ᠪᠥᠬᠦ ᠣᠷᠣᠨ ᠤ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠢᠨᠠᠨ ᠬᠡᠮᠵᠢᠯᠲᠡ  ᠶᠢᠨ ᠲᠥᠷᠥᠯ ᠵᠦᠶᠯ ᠤᠨ ᠲᠡᠷᠢᠭᠦᠨ ᠤ ᠨᠢᠭᠡᠴᠡ》 ᠶᠢᠨ ᠢᠷᠠᠭᠤ ᠠᠯᠳᠠᠷ ᠤᠨ ᠴᠣᠯᠠ ᠶᠢ ᠭᠥᠷᠳᠡᠪᠡ᠃ ᠭᠡᠨᠡᠳᠲᠡ  ᠶᠢᠨ ᠡᠪᠡᠳᠴᠢᠨ ᠢ ᠭᠥᠯᠢᠶᠡᠨ ᠠᠪᠴᠤ ᠡᠮᠨᠡᠨ ᠵᠠᠰᠠᠬᠤ ᠪᠡᠯᠡᠳᠬᠡᠯ ᠡᠮᠨᠡᠯᠭᠡ ᠶᠢᠨ ᠬᠤᠷᠢᠶᠠᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠪᠥᠬᠦ ᠲᠠᠯ᠎ᠠ ᠪᠠᠷ ᠳᠠᠭᠤᠰᠬᠠᠵᠤ᠂ ᠬᠡᠭᠡᠷ᠎ᠡ ᠶᠢᠨ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠲᠤᠷᠰᠢᠯᠲᠠ ᠶᠢᠨ ᠲᠠᠰᠤᠭ ᠢ ᠪᠠᠶᠢᠭᠤᠯᠤᠨ ᠳᠠᠭᠤᠰᠬᠠᠵᠤ ᠲᠤᠰᠢᠶᠠᠨ ᠥᠭᠴᠦ ᠬᠡᠷᠡᠭᠯᠡᠭᠦᠯᠪᠡ᠃ ᠠᠷᠠᠳ ᠤᠨ ᠠᠮᠢᠳᠤᠷᠠᠯ ᠤᠨ ᠪᠠᠲᠤᠯᠠᠭ᠎ᠠ ᠪᠠᠲᠤ ᠴᠢᠩᠭ᠎ᠠ ᠬᠦᠴᠦᠨ ᠲᠠᠢ  ᠪᠤᠯᠵᠠᠢ᠃ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠵᠡᠷᠭᠡ ᠡᠯ᠎ᠡ ᠲᠥᠷᠥᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 22.6 ᠲᠦᠮᠡᠨ ᠬᠥᠮᠦᠨ ᠤᠳᠠᠭ᠎ᠠ ᠳᠤ ᠬᠦᠷᠴᠦ ᠂ ᠬᠠᠷᠠᠯᠲᠠ ᠡᠭᠦᠷᠭᠡ ᠪᠠᠨ ᠪᠦᠬᠦᠨ ᠢ ᠲᠤᠭ᠎ᠠ ᠶᠣᠰᠣᠭᠠᠷ ᠳᠠᠪᠠᠭᠤᠯᠤᠨ ᠪᠡᠶᠡᠯᠡᠭᠦᠯᠪᠡ᠃ ᠬᠤᠰᠢᠭᠤ ᠰᠢᠶᠠᠩ ᠲᠣᠰᠬᠤᠨ ᠤ ᠭᠤᠷᠪᠠᠨ ᠱᠠᠲᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭᠠᠨ ᠤ ᠰᠢᠰᠲ᠋ᠧᠮ  ᠢ ᠪᠦᠬᠦ ᠲᠠᠯ᠎ᠠ ᠪᠠᠷ ᠪᠦᠷᠬᠦᠭᠦᠯᠵᠦ᠂ ᠮᠠᠨ ᠤ ᠬᠤᠰᠢᠭᠤ ᠳᠣᠯᠤᠭ᠎ᠠ ᠤᠳᠠᠭ᠎ᠠ ᠳᠠᠷᠠᠭᠠᠯᠠᠨ 《 ᠥᠪᠡᠷᠲᠡᠭᠡᠨ ᠵᠠᠰᠠᠬᠤ ᠣᠷᠣᠨ ᠤ ᠲᠡᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ 》 ᠪᠠᠷ ᠦᠨᠡᠯᠡᠭᠳᠡᠪᠡ᠃ ᠬᠤᠲᠠ ᠪᠠᠯᠭᠠᠰᠤᠨ ᠳᠤ 1604 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠠᠷᠠᠯᠲᠠ ᠡᠭᠦᠷᠭᠡ ᠶᠢᠨ 10 % ᠶᠢ ᠪᠡᠶᠡᠯᠡᠭᠦᠯᠦᠨ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 1.83% ᠶᠢᠨ ᠳᠣᠲᠣᠷ᠎ᠠ ᠬᠢᠵᠠᠭᠠᠷᠯᠠᠵᠤ᠂ ᠬᠢᠵᠠᠭᠠᠷᠯᠠᠬᠤ ᠬᠠᠷᠠᠯᠲᠠ ᠠᠴᠠ 2.68 ᠵᠠᠭᠤᠨ ᠤ ᠨᠢᠭᠡᠴᠢ ᠳᠣᠣᠷ᠎ᠠ ᠪᠣᠯᠭᠠᠪᠠ᠃ 21862 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠪᠦᠬᠦ ᠵᠢᠯ ᠤᠨ ᠬᠠᠷᠠᠯᠲᠠ ᠡᠭᠦᠷᠭᠡ ᠶᠢᠨ 104% ᠶᠢ ᠪᠡᠶᠡᠯᠡᠭᠦᠯᠪᠡ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠴᠥᠮ ᠠᠳᠠᠯᠢ ᠬᠤᠭᠤᠴᠠᠭᠠᠨ ᠤ ᠬᠢ ᠠᠴᠠ 9% ᠪᠠᠷ ᠳᠡᠭᠡᠭᠰᠢᠯᠡᠵᠦ᠂ ᠪᠥᠬᠦ ᠵᠢᠯ ᠳᠤ ᠬᠤᠲᠠ ᠬᠥᠳᠡᠭᠡ ᠶᠢᠨ ᠠᠮᠢᠳᠤᠷᠠᠯ  ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ 1.3 ᠳ᠋ᠦᠩᠰᠢᠭᠤᠷ ᠲᠥᠭᠦᠷᠢᠭ ᠲᠠᠷᠬᠠᠭᠠᠵᠤ᠂ ᠡᠯ᠎ᠡ ᠲᠥᠷᠥᠯ  ᠤᠨ ᠠᠪᠤᠷᠠᠨ ᠲᠤᠰᠠᠯᠠᠬᠤ᠂ ᠨᠥᠬᠦᠪᠥᠷᠢ ᠮᠥᠩᠭᠦ ᠨᠡᠶᠢᠲᠡ 1.88 ᠳ᠋ᠦᠩᠰᠢᠭᠤᠷ ᠲᠥᠭᠦᠷᠢᠭ ᠲᠠᠷᠬᠠᠭᠠᠵᠤ᠂ ᠠᠪᠤᠷᠠᠨ ᠲᠤᠰᠠᠯᠠᠬᠤ ᠶᠠᠰᠤ ᠴᠢᠨᠠᠷ ᠦᠷᠭᠦᠯᠵᠢᠯᠡᠨ ᠳᠡᠭᠡᠭᠰᠢᠯᠡᠪᠡ᠃( ᠵᠢᠷᠭᠤᠭ᠎ᠠ ) ᠬᠤᠲᠠ ᠬᠥᠳᠡᠭᠡ ᠶᠢᠨ ᠣᠷᠣᠨ ᠪᠦᠰᠡ ᠶᠢ ᠨᠢᠭᠡᠳᠦᠯᠲᠡᠶ ᠲᠥᠯᠥᠪᠵᠢᠭᠦᠯᠦᠨ ᠬᠥᠭᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠪᠠᠶᠢᠷᠢᠰᠢᠯ ᠢ ᠪᠥᠬᠦ ᠲᠠᠯ᠎ᠠ ᠪᠠᠷ ᠰᠢᠯᠢᠳᠡᠭᠵᠢᠭᠦᠯᠵᠡᠢ ᠬᠤᠲᠠ ᠶᠢᠨ ᠴᠢᠳᠠᠮᠵᠢ ᠦᠷᠭᠦᠯᠵᠢᠯᠡᠨ ᠳᠡᠭᠡᠭᠰᠢᠯᠡᠪᠡ᠃ ᠤᠯᠤᠰ ᠤᠨ ᠴᠡᠴᠡᠷᠯᠢᠭ᠌ᠳᠤ ᠰᠢᠶᠠᠨ ᠤ ᠬᠤᠲᠠ ᠪᠠ ᠤᠯᠤᠰ  ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠦᠲᠦᠮᠵᠢᠲᠡᠶ ᠪᠠᠬᠢᠵᠢᠭᠦᠯᠪᠡ᠃ ᠲᠢᠶᠠᠨ ᠵᠢᠶᠤᠤ ᠵᠠᠮ᠂ ᠬᠤᠷᠴᠢᠨ ᠵᠡᠭᠡᠯᠢ ᠵᠡᠷᠭᠡ ᠬᠤᠲᠠ ᠶᠢᠨ ᠶᠠᠪᠤᠳᠠᠯ ᠤᠨ ᠵᠠᠮ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠰᠢᠨᠡᠳᠬᠡᠬᠦ ᠢᠨᠵᠧᠨᠧᠷᠢᠩ ᠢ ᠪᠥᠬᠦ ᠲᠠᠯ᠎ᠠ ᠪᠠᠷ ᠠᠬᠢᠭᠤᠯᠵᠤ᠂ ᠬᠤᠲᠠ ᠶᠢᠨ ᠬᠤᠶᠢᠲᠤ ᠵᠠᠮ ᠤᠨ ᠨᠣᠭᠤᠭᠠᠷᠠᠭᠤᠯᠤᠯᠲᠠ ᠶᠢ ᠥᠷᠭᠡᠳᠬᠡᠨ ᠥᠭᠡᠷᠡᠴᠢᠯᠡᠬᠦ ᠵᠡᠷᠭᠡ ᠢᠨᠵᠧᠨᠧᠷᠢᠩ ᠢ ᠤᠷᠤᠭᠰᠢᠲᠠᠶ ᠬᠡᠷᠡᠭᠵᠢᠭᠦᠯᠵᠦ ᠂ ᠬᠤᠷᠴᠢᠨ  ᠲᠠᠯ᠎ᠠ ᠬᠤᠲᠠ ᠶᠢᠨ ᠳᠤᠮᠳᠠᠬᠢ ᠨᠤᠲᠤᠭ ᠪᠡᠯᠴᠢᠭᠡᠷ᠂ ᠬᠠᠰᠠᠷ ᠭᠤᠤᠯ ᠰᠡᠳᠦᠪᠲᠦ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠭᠤᠤᠯ ᠮᠥᠷᠡᠨ ᠨᠠᠭᠤᠷ ᠴᠥᠭᠦᠷᠥᠮ ᠢ ᠬᠤᠯᠪᠣᠨ ᠨᠡᠪᠲᠡᠷᠡᠭᠦᠯᠬᠦ ᠢᠨᠵᠧᠨᠧᠷᠢᠩ ᠢ ᠤᠷᠤᠭᠰᠢᠲᠠᠶ ᠠᠬᠢᠭᠤᠯᠵᠤ᠂ ᠬᠤᠶᠠᠳᠤᠭᠠᠷ ᠤᠰᠤᠨ ᠤ ᠦᠶᠯᠡᠳᠪᠦᠷᠢ ᠶᠢ ᠠᠰᠢᠭᠯᠠᠯᠲᠠ ᠳᠤ ᠣᠷᠣᠭᠤᠯᠪᠠ᠃ ᠰᠢᠨ᠎ᠡ ᠪᠠᠭᠤᠷᠢ ᠶᠢᠨ ᠭᠡᠷ ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢ ᠨᠡᠭᠡᠭᠡᠨ ᠠᠰᠢᠭᠯᠠᠭᠰᠠᠨ ᠲᠠᠯᠠᠪᠠᠢ 220 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠾᠧ ᠫᠠᠨ ᠬᠤᠸᠠ ᠲᠢᠩ ᠵᠡᠷᠭᠡ ᠭᠡᠷ ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢᠨ ᠵᠦᠢᠯᠡᠰ ᠢ ᠴᠢᠨᠠᠷ ᠰᠠᠶᠢᠲᠠᠢ ᠠᠬᠢᠭᠤᠯᠵᠤ᠂ ᠳᠦᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠪᠠ ᠪᠤᠴᠠᠭᠠᠨ ᠨᠡᠭᠦᠯᠭᠡᠵᠦ ᠲᠥᠪᠬᠢᠨᠡᠭᠦᠯᠬᠦ ᠢᠨᠵᠧᠨᠧᠷᠢᠩ ᠢ ᠤᠷᠤᠭᠰᠢᠲᠠᠶ ᠶᠠᠪᠤᠭᠳᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠶᠢ ᠯᠠᠪᠳᠠᠭᠤᠨ ᠢᠶᠠᠷ ᠠᠬᠢᠭᠤᠯᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 《 ᠬᠤᠷᠢᠨ ᠥᠰᠥᠭ  ᠤᠨ ᠴᠢᠭᠯᠡᠯᠲᠡ 》 ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠠᠢ᠃ ᠴᠠᠷᠠᠰᠤᠨ ᠠᠮᠢ ᠠᠬᠤᠶ ᠶᠢᠨ ᠰᠡᠯᠡᠭᠦᠴᠡᠯ ᠠᠮᠠᠷᠠᠯᠲᠠ ᠶᠢᠨ ᠵᠢᠵᠢᠭ ᠪᠠᠯᠭᠠᠰᠤ᠂ ᠪᠤᠷᠭᠠᠰᠤᠲᠠᠶ ᠬᠤᠪᠢᠰᠬᠠᠯ ᠤᠨ ᠵᠤᠭᠠᠴᠠᠯ ᠤᠨ ᠨᠠᠷᠠᠲᠤ ᠪᠠᠯᠭᠠᠰᠤ᠂ ᠤᠯᠠᠭᠠᠨᠮᠤᠲᠤ ᠲᠠᠯ᠎ᠠ ᠨᠤᠲᠤᠭ  ᠤᠨ ᠵᠤᠭᠠᠴᠠᠯ ᠤᠨ ᠨᠠᠷᠠᠲᠤ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂《 ᠰᠣᠯᠣᠨ ᠵᠢᠵᠢᠭ ᠪᠠᠯᠭᠠᠰᠤ 》ᠠᠩᠬ᠎ᠠ ᠠᠯᠬᠤᠮ ᠬᠡᠪᠴᠢᠶᠡᠵᠢᠪᠡ᠃ ᠬᠥᠳᠡᠭᠡ ᠲᠣᠰᠬᠤᠨ ᠤ ᠠᠵᠤ ᠦᠢᠯᠡᠰ ᠢ ᠦᠷᠭᠦᠯᠵᠢᠯᠡᠨ ᠬᠥᠭᠵᠢᠭᠦᠯᠵᠦ᠂ ᠬᠥᠳᠡᠭᠡ ᠠᠵᠤ ᠠᠬᠤᠢ ᠲᠠᠢ ᠬᠤᠯᠪᠣᠭᠳᠠᠭᠰᠠᠨ 50 ᠠᠵᠤ ᠠᠬᠤᠶᠢᠯᠠᠯ ᠤᠨ ᠪᠣᠷᠣᠯᠠᠭᠤᠯᠭ᠎ᠠ ᠶᠢᠨ ᠣᠷᠣᠯᠭ᠎ᠠ 100 ᠲᠦᠮᠡᠨ ᠲᠥᠭᠦᠷᠢᠭ ᠢ ᠳᠠᠪᠠᠵᠤ᠂ ᠡᠭᠦᠨ ᠳᠤ 1 ᠠᠵᠤ ᠠᠬᠤᠶᠢᠯᠠᠯ ᠨᠢ ᠤᠯᠤᠰ ᠤᠨ ᠲᠡᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠪᠣᠯᠵᠤ᠂ 11 ᠠᠵᠤ ᠠᠬᠤᠶᠢᠯᠠᠯ ᠨᠢ ᠥᠪᠡᠷᠲᠡᠭᠡᠨ ᠵᠠᠰᠠᠬᠤ ᠣᠷᠣᠨ ᠤ ᠲᠡᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠪᠣᠯᠵᠤ᠂ 11 ᠠᠵᠤ ᠠᠬᠤᠶᠢᠯᠠᠯ ᠨᠢ ᠠᠶᠢᠮᠠᠭ ᠤᠨ ᠲᠡᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠪᠣᠯᠵᠠᠢ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃ 《 ᠬᠤᠶᠠᠷ ᠠᠭᠤᠯᠠ ᠶᠢᠨ ᠣᠨᠣᠯ 》 ᠢ ᠭᠦᠨᠵᠡᠭᠡᠢ ᠲᠤᠭᠤᠰᠢᠯᠠᠭᠤᠯᠵᠠᠢ᠂ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ ᠪᠠ ᠨᠥᠬᠦᠪᠥᠷᠢ ᠱᠠᠩᠨᠠᠯ ᠤᠨ ᠲᠣᠭᠲᠠᠴᠠ ᠶᠢ ᠴᠢᠩᠭ᠎ᠠ ᠨᠠᠢᠳᠠᠪᠤᠷᠢᠵᠢᠭᠤᠯᠬᠤ᠂ ᠳᠤᠷ᠎ᠠ ᠪᠠᠷ ᠢᠶᠠᠨ ᠬᠠᠭᠠᠯᠪᠤᠷᠢᠯᠠᠨ ᠣᠭᠲᠣᠯᠬᠤ᠂ ᠳᠤᠷ᠎ᠠ ᠪᠠᠷ ᠢᠶᠠᠨ ᠲᠡᠭᠦᠵᠦ ᠮᠠᠯᠲᠠᠬᠤ᠂ ᠬᠤᠯᠠᠭᠠᠶᠢᠯᠠᠨ ᠮᠠᠯᠵᠢᠬᠤ ᠵᠡᠷᠭᠡ ᠬᠠᠤᠯᠢ ᠪᠤᠰᠤ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠠᠢ ᠃ ᠪᠦᠬᠦ ᠵᠢᠯ ᠳᠤ 8 ᠲᠦᠮᠡᠨ ᠮᠦ ᠮᠣᠳᠣ ᠲᠠᠷᠢᠵᠤ᠂ ᠮᠠᠯᠵᠢᠬᠤ ᠶᠢ ᠵᠣᠭᠰᠣᠭᠠᠨ ᠡᠪᠡᠰᠦ ᠪᠡᠯᠴᠢᠭᠡᠷ ᠢ 16 ᠲᠦᠮᠡᠨ ᠮᠦ ᠰᠡᠷᠭᠦᠭᠡᠪᠡ᠃ ᠤᠯᠠᠭᠠᠨ ᠱᠤᠭᠤᠮ ᠤᠨ ᠤᠬᠠᠮᠰᠠᠷ ᠪᠠ ᠬᠤᠷᠢᠭ᠎ᠠ ᠱᠤᠭᠤᠮ ᠤᠨ ᠰᠡᠳᠬᠢᠬᠦᠶ ᠶᠢ ᠴᠢᠩᠭᠠᠳᠬᠠᠵᠤ᠂ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ ᠬᠠᠷᠠᠯᠲᠠ ᠶᠢ ᠴᠢᠩᠭ᠎ᠠ ᠬᠡᠷᠡᠭᠵᠢᠭᠦᠯᠵᠡᠢ᠃《 ᠤᠯᠤᠰ ᠤᠨ ᠭᠤᠷᠪᠠᠳᠤᠭᠠᠷ ᠪᠦᠯᠦᠭ ᠤᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠬᠤᠰᠢᠭᠤ ᠰᠢᠶᠠᠨ 》 ᠳᠤ ᠠᠮᠵᠢᠯᠲᠠ ᠲᠠᠢ ᠳᠡᠪᠰᠢᠪᠡ᠃ ᠲᠦᠪᠳᠠᠢ《 ᠤᠯᠤᠰ ᠤᠨ ᠲᠠᠯ᠎ᠠ ᠨᠤᠲᠤᠭ  ᠤᠨ ᠪᠠᠶᠢᠭᠠᠯᠢ ᠶᠢᠨ ᠴᠡᠴᠡᠷᠯᠢᠭ ᠤᠨ ᠲᠤᠷᠰᠢᠯᠲᠠ ᠶᠢᠨ ᠴᠡᠭ ᠤᠨ ᠨᠡᠷᠡᠰ 》 ᠤᠨ ᠵᠢᠭᠰᠠᠭᠠᠯᠲᠠ ᠳᠤ ᠣᠷᠣᠪᠠ᠃        ᠬᠤᠶᠠᠷ᠂ 2021 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ      2021 ᠣᠨ ᠪᠣᠯ ᠮᠠᠨ ᠤ ᠤᠯᠤᠰ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠵᠠᠩᠭᠢᠯᠠᠭ᠎ᠠ ᠶᠢᠨ ᠵᠢᠯ ᠮᠦᠨ᠃ ᠲᠤᠰ ᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠵᠠᠪᠠᠯ ᠪᠠᠷᠢᠮᠲᠠᠯᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠤᠨ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ  ᠶᠢ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ 《 ᠵᠢᠷᠭᠤᠭ᠎ᠠ ᠶᠢ ᠲᠣᠭᠲᠠᠪᠤᠷᠢᠵᠢᠭᠤᠯᠬᠤ 》ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂《 ᠵᠢᠷᠭᠤᠭ᠎ᠠ ᠶᠢ ᠪᠠᠲᠤᠯᠠᠬᠤ 》 ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠬᠤᠰᠢᠭᠤᠨ ᠤ ᠨᠠᠮ ᠤᠨ ᠬᠤᠷᠢᠶᠠᠨ ᠤ ᠥᠷᠭᠡᠳᠬᠡᠭᠰᠡᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠡᠨᠡ ᠵᠢᠯ ᠤᠨ ᠭᠤᠣᠯ ᠵᠢᠱᠢᠭᠰᠡᠨ ᠬᠠᠷᠠᠯᠲᠠ ᠪᠣᠯ᠄       —— ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ ᠠᠳᠠᠯᠢ ᠬᠤᠭᠤᠴᠠᠭᠠᠨ ᠤ ᠬᠢ  ᠠᠴᠠ 8% ᠣᠷᠴᠢᠮ ᠨᠡᠮᠡᠭᠳᠡᠬᠦᠯᠦᠨ᠎ᠡ᠃       —— ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ  ᠤ ᠬᠢ ᠠᠴᠠ 15% ᠣᠷᠴᠢᠮ ᠨᠡᠮᠡᠭᠳᠡᠬᠦᠯᠦᠨ᠎ᠡ᠃      —— ᠬᠤᠲᠠ ᠪᠠᠯᠭᠠᠰᠤ ᠪᠠ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 7% ᠪᠠ 9% ᠣᠷᠴᠢᠮ ᠨᠡᠮᠡᠭᠳᠡᠬᠦᠯᠦᠨ᠎ᠡ᠃       —— ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠠᠳᠠᠯᠢ ᠬᠤᠭᠤᠴᠠᠭᠠᠨ ᠤ  ᠬᠢ ᠠᠴᠠ 15% ᠠᠴᠠ ᠳᠡᠭᠡᠭᠰᠢ ᠨᠡᠮᠡᠭᠳᠡᠬᠦᠯᠦᠨ᠎ᠡ᠃       —— ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 3.9%  ᠶᠢᠨ ᠳᠣᠲᠣᠷ᠎ᠠ ᠬᠢᠵᠠᠭᠠᠷᠯᠠᠨ᠎ᠠ᠃     ᠲᠥᠯᠥᠭᠡᠯᠡᠭᠴᠢᠳ ᠡ᠂ 2020 ᠣᠨ ᠳᠤ ᠪᠢᠳᠡ ᠬᠦᠨᠳᠦ ᠶᠡᠭᠡ ᠳᠠᠷᠤᠯᠲᠠ ᠶᠢ ᠲᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠱᠠᠲᠤᠴᠢ ᠴᠢᠨᠠᠷᠲᠠᠶ ᠬᠤᠤᠰ ᠢᠯᠠᠯᠲᠠ ᠶᠢ ᠤᠯᠪᠠ᠃ ᠡᠭᠦᠨ ᠤ ᠬᠠᠮᠲᠤ ᠪᠢᠳᠡ ᠪᠠᠰᠠ ᠭᠠᠳᠠᠭᠠᠳᠤ ᠳᠠᠷᠤᠯᠲᠠ ᠪᠠ ᠲᠤᠰ ᠪᠡᠶ᠎ᠡ ᠶᠢᠨ ᠬᠦᠷᠦᠯᠴᠡᠬᠦ ᠦᠭᠡᠢ ᠲᠠᠯ᠎ᠠ ᠪᠠᠨ ᠰᠡᠷᠭᠡᠭ ᠢᠶᠠᠷ ᠲᠠᠨᠢᠵᠤ ᠮᠡᠳᠡᠷᠡᠪᠡ᠃ ᠬᠢᠵᠢᠭ ᠤᠨ ᠪᠠᠶᠢᠳᠠᠯ ᠤᠨ ᠬᠤᠪᠢᠷᠠᠯᠲᠠ ᠶᠢᠨ ᠲᠣᠭᠲᠠᠪᠤᠷᠢ ᠦᠭᠡᠢ ᠴᠢᠨᠠᠷ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ  ᠤᠨ ᠳᠠᠷᠤᠯᠲᠠ᠂ ᠠᠵᠤ ᠦᠢᠯᠡᠰ ᠤᠨ ᠬᠡᠯᠬᠢᠶ᠎ᠡ ᠲᠡᠭᠦᠯᠳᠡᠷᠵᠢᠭᠡᠳᠦᠶ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠲᠡᠩᠴᠡᠭᠦᠷᠢ ᠦᠭᠡᠢ᠂ ᠰᠢᠨ᠎ᠡ ᠶᠢ ᠡᠭᠦᠳᠬᠦ ᠴᠢᠳᠠᠪᠤᠷᠢ ᠬᠦᠷᠦᠯᠴᠡᠬᠦ ᠦᠭᠡᠢ᠂ ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠬᠢᠵᠠᠭᠠᠷ ᠲᠠᠢ ᠪᠠᠶᠢᠬᠤ ᠵᠡᠷᠭᠡ ᠠᠰᠠᠭᠤᠳᠠᠯ ᠮᠥᠨ ᠬᠦ ᠣᠷᠣᠰᠢᠵᠤ ᠪᠠᠶᠢᠨ᠎ᠠ᠃ 2021 ᠣᠨ ᠳᠤ᠂ ᠬᠤᠰᠢᠭᠤᠨ ᠤ ᠨᠠᠮ ᠤᠨ ᠬᠤᠷᠢᠶ᠎ᠠ ( ᠥᠷᠭᠡᠳᠬᠡᠭᠰᠡᠨ ) ᠶᠢᠨ ᠬᠤᠷᠠᠯ ᠠᠴᠠ ᠲᠣᠭᠲᠠᠭᠠᠭᠰᠠᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ᠂ ᠪᠢᠳᠡ ᠳᠣᠤᠷᠠᠬᠢ ᠲᠠᠪᠤᠨ ᠲᠠᠯ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃      ( ᠨᠢᠭᠡ ) ᠳᠣᠲᠣᠭᠠᠳᠤ ᠬᠡᠷᠡᠭᠴᠡᠭᠡ ᠶᠢ ᠥᠷᠭᠡᠳᠬᠡᠬᠦ ᠶᠢ ᠪᠠᠷᠢᠮᠲᠠᠯᠠᠵᠤ᠂  ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠨ᠎ᠡ      ᠪᠡᠯᠡ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠦᠷᠢᠯᠳᠦᠭᠦᠯᠵᠦ᠂ ᠪᠡᠯᠡ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢ ᠴᠢᠩᠭᠠᠳᠬᠠᠨ᠎ᠠ᠃ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠲᠣᠮᠣ ᠲᠥᠷᠥᠯ ᠵᠦᠢᠯ ᠢᠶᠠᠷ ᠪᠡᠯᠡ ᠣᠷᠣᠭᠤᠯᠤᠯᠲᠠ ᠶᠢ ᠳᠠᠶᠢᠴᠢᠯᠠᠵᠤ᠂ ᠴᠢᠬᠤᠯᠠ ᠶᠡᠭᠡ ᠲᠥᠷᠥᠯ ᠵᠦᠢᠯ ᠳᠤ 50 ᠳ᠋ᠦᠩᠰᠢᠭᠤᠷ ᠲᠥᠭᠦᠷᠢᠭ  ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠠᠵᠢᠯ ᠢ ᠰᠠᠶᠢᠲᠤᠷ ᠬᠢᠵᠦ᠂ 2021 ᠣᠨ ᠳᠤ ᠠᠶᠢᠮᠠᠭ ᠤᠨ ᠭᠠᠳᠠᠨᠠᠬᠢ (ᠤᠯᠤᠰ ᠤᠨ ᠳᠣᠲᠣᠭᠠᠳᠤ) ᠬᠤᠳᠠᠯᠳᠤᠭᠠᠴᠢᠨ ᠤᠷᠢᠬᠤ ᠪᠡᠯᠡ ᠮᠥᠩᠭᠦ ᠶᠢ 60 ᠳ᠋ᠦᠩᠰᠢᠭᠤᠷ ᠲᠥᠭᠦᠷᠢᠭ ᠠᠴᠠ ᠳᠡᠭᠡᠭᠰᠢ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠲᠥᠷᠥᠯ ᠵᠦᠢᠯ ᠢ ᠲᠥᠰᠦᠪᠯᠡᠨ ᠨᠥᠭᠡᠴᠡᠯᠡᠬᠦ ᠶᠢ ᠦᠨᠡᠨᠬᠦ ᠴᠢᠩᠭᠠᠳᠬᠠᠨ᠎ᠠ᠃《 ᠬᠤᠶᠠᠷ ᠴᠢᠬᠤᠯᠠ ᠨᠢᠭᠡ ᠰᠢᠨ᠎ᠡ 》᠂ ᠳᠤᠲᠠᠭᠳᠠᠯ ᠢ ᠨᠥᠬᠦᠪᠥᠷᠢᠯᠡᠬᠦ᠂ ᠠᠮᠢ ᠠᠬᠤᠢ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ  ᠳᠤ ᠨᠡᠶᠢᠴᠡᠭᠰᠡᠨ᠂ ᠠᠶᠢᠮᠠᠭ ᠤᠨ ᠪᠠᠶᠢᠳᠠᠯ ᠪᠠ ᠬᠤᠰᠢᠭᠤᠨ ᠤ ᠪᠣᠳᠠᠲᠤ ᠪᠠᠢᠳᠠᠯ ᠳᠤ ᠨᠡᠶᠢᠴᠡᠭᠰᠡᠨ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠯᠡᠨ᠎ᠡ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠬᠥᠳᠡᠯᠭᠡᠬᠦ ᠬᠦᠴᠦᠨ ᠢ ᠭᠦᠶᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠲᠤᠰᠬᠠᠶ ᠲᠣᠭᠤᠷᠢᠨ ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢᠶᠠᠷ ᠠᠵᠠ ᠲᠣᠬᠢᠶᠠᠯ ᠪᠣᠯᠭᠠᠵᠤ᠂ 《 ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠶᠠᠰᠤ ᠴᠢᠨᠠᠷ  ᠢ ᠳᠡᠭᠡᠭᠰᠢᠯᠡᠭᠦᠯᠬᠦ ᠣᠨ 》 ᠤ ᠠᠵᠢᠯᠯᠠᠭ᠎ᠠ ᠶᠢ ᠡᠬᠢᠯᠡᠭᠦᠯᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠡᠷᠡᠭᠦᠯ  ᠢᠶᠠᠷ ᠬᠥᠭᠵᠢᠬᠦ ᠶᠢ ᠦᠨᠡᠨ ᠬᠦ ᠪᠠᠲᠤᠯᠠᠵᠤ᠂ ᠪᠥᠬᠦ ᠬᠤᠰᠢᠭᠤᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ  ᠤᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠤᠨ᠎ᠠ᠃ ᠬᠡᠷᠡᠭᠯᠡᠭᠡᠨ ᠤ ᠬᠡᠷᠡᠭᠴᠡᠭᠡ ᠶᠢ ᠭᠦᠢᠴᠡᠳ ᠬᠥᠭᠵᠢᠭᠡᠨ᠎ᠡ᠃ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠦᠨᠡᠨ ᠬᠦ ᠨᠡᠮᠡᠭᠳᠡᠭᠦᠯᠦᠨ᠎ᠡ᠃ ᠬᠡᠷᠡᠭᠯᠡᠭᠡᠨ ᠤ ᠣᠷᠴᠢᠨ ᠲᠣᠭᠤᠷᠢᠨ ᠢ ᠶᠡᠬᠡᠪᠡᠷ ᠰᠢᠯᠢᠳᠡᠭᠵᠢᠭᠦᠯᠵᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠵᠤᠭᠠᠴᠠᠯ ᠤᠨ ᠬᠤᠲᠠ ᠵᠡᠷᠭᠡ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠪᠠᠷ ᠠᠴᠢᠶᠠᠯᠠᠪᠤᠷᠢ ᠪᠣᠯᠭᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠳᠠᠯᠢ ᠪᠤᠰᠤ ᠭᠤᠤᠯᠳᠠᠯᠭ᠎ᠠ ᠲᠠᠢ ᠬᠤᠲᠠ ᠶᠢᠨ ᠬᠤᠳᠠᠯᠳᠤᠭᠠᠨ ᠤ ᠲᠣᠭᠤᠷᠢᠭ ᠢ ᠪᠠᠶᠢᠭᠤᠯᠤᠨ᠎ᠠ᠃ ᠬᠡᠷᠡᠭᠯᠡᠭᠡᠨ ᠤ ᠪᠡᠯᠡᠳᠬᠡᠮᠵᠢ ᠶᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠨ᠎ᠠ᠃ ᠬᠡᠷᠡᠭᠯᠡᠭᠡ ᠶᠢ ᠲᠡᠰ ᠳᠡᠪᠰᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠮᠠᠰᠢᠨ ᠲᠡᠷᠭᠡᠨ ᠤ ᠰᠣᠶᠣᠯ ᠤᠨ ᠨᠠᠶᠢᠷ᠂ ᠡᠯᠧᠺᠲᠷᠣᠨ ᠬᠤᠳᠠᠯᠳᠤᠭᠠᠨ ᠤ ᠬᠤᠳᠠᠯᠳᠤᠭ᠎ᠠ ᠵᠡᠷᠭᠡ ᠠᠵᠢᠯᠯᠠᠭ᠎ᠠ ᠶᠢ ᠡᠷᠬᠢᠯᠡᠵᠤ᠂ ᠰᠢᠨ᠎ᠡ ᠪᠠᠷ ᠬᠥᠭᠵᠢᠭᠰᠡᠨ ᠬᠡᠷᠡᠭᠯᠡᠭᠡᠨ ᠤ ᠲᠠᠯᠳᠠ ᠬᠦᠴᠦᠨ ᠢ ᠪᠠᠳᠠᠷᠠᠭᠤᠯᠤᠨ᠂ ᠮᠡᠳᠡᠭᠡ ᠵᠠᠩᠭᠢ ᠶᠢᠨ ᠬᠡᠷᠡᠭᠯᠡᠭᠡ ᠶᠢ ᠥᠷᠭᠡᠳᠬᠡᠵᠦ᠂ ᠦᠢᠯᠡᠴᠢᠯᠡᠭᠡᠨ ᠤ ᠬᠡᠷᠡᠭᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠥᠷᠭᠡᠳᠬᠡᠬᠦ ᠶᠢ ᠲᠦᠯᠬᠢᠨ ᠠᠬᠢᠭᠤᠯᠤᠨ᠎ᠠ᠃ ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠎ᠠ᠃ ᠪᠡᠭᠡᠵᠢᠩ ᠲᠢᠶᠠᠨᠵᠢᠨ ᠾᠧᠪᠧᠢ᠂ ᠬᠥᠬᠡ ᠮᠦᠷᠡᠨ   ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠠᠵᠤ ᠠᠬᠤᠢ ᠬᠥᠭᠵᠢᠭᠰᠡᠨ ᠭᠠᠵᠠᠷ ᠣᠷᠣᠨ ᠯᠤᠭ᠎ᠠ ᠶᠢᠨ ᠨᠡᠭᠡᠭᠡᠯᠲᠡ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠳᠡᠭᠡᠳᠦ ᠲᠡᠰ ᠤᠨ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠤᠨ᠎ᠠ᠃ ᠵᠡᠭᠦᠨ ᠬᠤᠶᠢᠲᠤ ᠶᠢᠨ ᠠᠵᠤ ᠠᠬᠤᠢ ᠶᠢᠨ ᠬᠦᠷᠢᠶᠡᠨ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠬᠢᠩᠭᠠᠨ ᠠᠶᠢᠮᠠᠭ ᠬᠦᠯᠦᠨ ᠪᠤᠶᠢᠷ᠂ ᠬᠢᠩᠭᠠᠨ ᠠᠶᠢᠮᠠᠭ ᠴᠢᠴᠢᠬᠠᠷ ᠪᠠᠶᠢᠴᠧᠩ ᠵᠡᠷᠭᠡ ᠣᠷᠣᠨ ᠪᠦᠰᠡ ᠶᠢᠨ ᠬᠠᠮᠵᠢᠯᠴᠠᠭ᠎ᠠ ᠳᠤ ᠢᠳᠡᠪᠬᠢᠲᠡᠢ ᠣᠷᠣᠯᠴᠠᠵᠤ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢ ᠲᠠᠰᠤᠷᠠᠯᠲᠠ ᠦᠭᠡᠢ ᠴᠣᠭᠴᠠᠯᠠᠨ᠎ᠠ᠃ ᠳᠠᠪᠠᠭᠤᠯᠢᠭ ᠡᠬᠢ ᠪᠠᠶᠠᠯᠢᠭ ᠢ ᠬᠠᠮᠲᠤᠷᠠᠨ ᠨᠡᠭᠡᠭᠡᠨ ᠬᠥᠭᠵᠢᠭᠦᠯᠬᠦ᠂ ᠠᠵᠤ ᠦᠶᠯᠡᠰ ᠤᠨ ᠬᠡᠯᠬᠢᠶ᠎ᠡ ᠶᠢ ᠲᠥᠬᠦᠷᠵᠢᠭᠦᠯᠦᠨ ᠬᠠᠮᠵᠢᠯᠴᠠᠬᠤ ᠪᠠᠷ ᠳᠠᠮᠵᠢᠭᠤᠯᠤᠨ᠂ ᠪᠡᠭᠡᠵᠢᠩ ᠲᠢᠶᠠᠨᠵᠢᠨ ᠾᠧᠪᠧᠶ ᠪᠣᠯᠤᠨ ᠪᠥᠬᠦ ᠤᠯᠤᠰ ᠤᠨ ᠪᠤᠰᠤᠳ ᠭᠠᠵᠠᠷ ᠣᠷᠣᠨ ᠤ ᠲᠡᠷᠢᠭᠦᠨ ᠤ ᠦᠶᠯᠡᠳᠬᠦ ᠦᠶᠯᠡᠰ᠂ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ᠂ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠪᠠ ᠠᠵᠤ ᠦᠶᠯᠡᠰ ᠤᠨ ᠪᠠᠯᠠ ᠣᠷᠣᠭᠤᠯᠤᠯᠲᠠ ᠶᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠳᠠᠰᠢ ᠲᠥᠪᠯᠡᠷᠡᠭᠦᠯᠬᠦ ᠶᠢ ᠠᠬᠢᠭᠤᠯᠵᠤ᠂ ᠪᠡᠭᠡᠵᠢᠩ᠂ ᠲᠢᠶᠠᠨᠵᠢᠨ ᠵᠢᠴᠢ ᠡᠷᠬᠢᠨ ᠲᠣᠭᠤᠷᠢᠨ ᠤ ᠵᠠᠬ᠎ᠠ ᠳᠡᠯᠭᠡᠭᠦᠷ ᠲᠤ ᠬᠠᠨᠳᠤᠭᠤᠯᠤᠭᠰᠠᠨ ᠵᠤᠭᠠᠴᠠᠯ ᠤᠨ ᠪᠣᠷᠣᠯᠠᠭᠤᠯᠭ᠎ᠠ ᠶᠢ ᠠᠬᠢᠭᠤᠯᠬᠤ ᠡᠷᠴᠢᠮ ᠢ  ᠴᠢᠩᠭᠠᠷᠠᠭᠤᠯᠤᠨ᠎ᠠ᠃ ᠨᠠᠩ ᠥᠨᠳᠥᠷ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ ᠠᠬᠢᠭᠤᠯᠤᠨ᠎ᠠ᠃ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ 《 ᠨᠢᠭᠡ ᠪᠦᠰᠡ ᠨᠢᠭᠡ ᠵᠠᠮ 》 ᠤᠨ ᠪᠠᠶᠢᠯᠳᠤᠬᠤ ᠪᠣᠳᠣᠯᠭ᠎ᠠ ᠳᠤ ᠭᠦᠨᠵᠡᠭᠡᠢ ᠠᠭᠤᠰᠤᠯᠴᠠᠨ ᠦᠢᠯᠡᠴᠢᠯᠡᠵᠦ᠂ ᠵᠤᠭᠠᠴᠠᠯ ᠤᠨ ᠲᠠᠸᠠᠷ ᠢ ᠳᠡᠯᠭᠡᠨ ᠪᠣᠷᠣᠯᠠᠭᠤᠯᠬᠤ ᠵᠡᠷᠭᠡ ᠠᠵᠢᠯᠯᠠᠭ᠎ᠠ ᠪᠠᠷ ᠲᠠᠪᠴᠠᠩ ᠪᠣᠯᠭᠠᠨ᠂ ᠠᠵᠤ ᠠᠬᠤᠶᠢᠯᠠᠯ ᠤᠨ ᠮᠣᠩᠭᠤᠯ ᠣᠷᠣᠰ ᠯᠤᠭ᠎ᠠ ᠶᠢᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠥᠷᠨᠢᠭᠦᠯᠬᠦ ᠶᠢ ᠬᠥᠳᠡᠯᠦᠨ ᠵᠢᠯᠣᠭᠤᠳᠴᠤ᠂ ᠳ᠋ᠢᠩ ᠴᠧᠩ ᠰᠤᠪᠤᠳ ᠡᠷᠳᠡᠨᠢ ᠶᠢᠨ ᠠᠵᠤ ᠦᠢᠯᠡᠰ  ᠤᠨ ᠬᠦᠷᠢᠶᠡᠯᠡᠩ ᠤᠨ ᠭᠠᠶᠢᠯᠢ ᠪᠠᠲᠤᠯᠠᠬᠤ ᠬᠥᠮᠥᠷᠭᠡ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠮᠠᠨ ᠤ ᠬᠤᠰᠢᠭᠤᠨ ᠤ ᠭᠠᠳᠠᠭᠠᠳᠤ ᠠᠴᠠ ᠣᠷᠣᠭᠤᠯᠵᠤ ᠭᠠᠷᠭᠠᠬᠤ ᠠᠷᠠᠯᠵᠢᠶᠠᠨ ᠤ ᠴᠢᠳᠠᠪᠤᠷᠢ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃      ( ᠬᠤᠶᠠᠷ ) ᠰᠢᠨ᠎ᠡ ᠶᠢ ᠡᠭᠦᠳᠬᠦ ᠪᠠᠷ ᠬᠥᠲᠥᠯᠦᠮᠵᠢ ᠪᠣᠯᠭᠠᠬᠤ ᠶᠢ ᠪᠠᠷᠢᠮᠲᠠᠯᠠᠵᠤ᠂ ᠣᠳᠣᠬᠢᠴᠢᠯᠠᠭᠰᠠᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ      ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠢᠳᠡᠪᠬᠢᠲᠡᠢ ᠠᠬᠢᠭᠤᠯᠤᠨ᠎ᠠ᠃ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ᠂ ᠤᠳᠤ ᠦᠶ᠎ᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠰᠢᠰᠲ᠋ᠧᠮ᠂ ᠤᠳᠤ ᠦᠶ᠎ᠡ ᠶᠢᠨ ᠲᠠᠷᠢᠶᠠᠯᠠᠩ ᠤᠨ ᠡᠵᠡᠩᠨᠡᠯᠲᠡ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ 《 ᠤᠯᠤᠰ ᠤᠨ ᠲᠠᠷᠢᠶᠠᠯᠠᠩ ᠤᠨ ᠪᠣᠬᠢᠷᠲᠤᠯ ᠥᠬᠡᠶ ᠬᠥᠭᠵᠢᠯᠲᠡ ᠶᠢᠨ ᠬᠤᠰᠢᠭᠤᠴᠢ ᠣᠷᠣᠨ 》 ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠠᠮᠤ ᠪᠤᠳᠠᠭᠠᠨ ᠤ ᠲᠠᠷᠢᠮᠠᠯ ᠢ 365 ᠲᠦᠮᠡᠨ ᠮᠥ ᠲᠣᠭᠲᠠᠭᠤᠨ ᠪᠠᠶᠢᠯᠭᠠᠵᠤ᠂ ᠶᠡᠷᠦᠩᠬᠡᠶ ᠤᠨᠠᠯᠲᠠ ᠨᠢ 30 ᠳ᠋ᠦᠩᠰᠢᠭᠤᠷ ᠵᠢᠩ ᠢ ᠳᠠᠪᠠᠭᠤᠯᠤᠨ᠎ᠠ᠂ ᠡᠭᠦᠨ  ᠳᠤ ᠡᠷᠳᠡᠨᠢ ᠰᠢᠰᠢ 290 ᠲᠦᠮᠡᠨ ᠮᠥ᠂ ᠤᠰᠤᠨ ᠲᠤᠲᠤᠷᠭ᠎ᠠ 15 ᠲᠦᠮᠡᠨ ᠮᠥ ᠳᠠᠷᠢᠨ᠎ᠠ᠃ ᠮᠠᠯᠵᠢᠯ ᠤᠨ ᠣᠨ ᠤ ᠮᠠᠯ ᠤᠨ ᠲᠤᠭ᠎ᠠ ᠲᠣᠯᠣᠭᠠᠢ 545 ᠲᠦᠮᠡ ᠶᠢ ᠳᠠᠪᠠᠵᠤ᠂ ᠡᠭᠦᠨ ᠳᠤ ᠠᠯᠠᠰᠢᠨ ᠬᠤᠨᠢ 400 ᠲᠦᠮᠡ ᠳᠤ ᠲᠣᠭᠲᠠᠪᠤᠷᠢᠵᠢᠵᠤ᠂ ᠠᠯᠠᠰᠢᠨ ᠦᠬᠡᠷ ᠤᠨ ᠲᠤᠭ᠎ᠠ ᠲᠣᠯᠣᠭᠠᠢ 30 ᠲᠦᠮᠡ ᠳᠤ ᠬᠦᠷᠴᠦ᠂ ᠰᠠᠭᠠᠯᠢ ᠶᠢᠨ ᠦᠨᠢᠶᠡᠨ  ᠤ ᠲᠤᠭ᠎ᠠ ᠲᠣᠯᠣᠭᠠᠢ 13 ᠲᠦᠮᠡ ᠳᠤ ᠬᠦᠷᠦᠭᠦᠯᠦᠨ᠎ᠡ᠃ ᠴᠠᠷᠠᠰᠤᠨ᠂  ᠪᠠᠳᠠᠷᠠᠩᠭᠤᠢ ᠶᠢᠨ ᠤᠰᠤᠨ ᠲᠤᠲᠤᠷᠭ᠎ᠠ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠳᠡᠭᠡᠭᠰᠢᠯᠡᠭᠦᠯᠵᠦ᠂ ᠡᠷᠳᠡᠨᠢ ᠰᠢᠰᠢ ᠶᠢᠨ ᠲᠣᠭᠤᠷᠢᠨ ᠳᠤ ᠪᠣᠬᠢᠷᠲᠤᠯ ᠥᠬᠡᠶ ᠥᠨᠳᠥᠷ ᠤᠨᠠᠯᠲᠠ ᠶᠢ ᠡᠭᠦᠳᠦᠨ ᠪᠠᠶᠢᠭᠤᠯᠬᠤ ᠲᠥᠷᠥᠯ ᠵᠦᠶᠯ ᠢ ᠰᠠᠶᠢᠲᠤᠷ ᠬᠡᠷᠡᠭᠵᠢᠭᠦᠯᠦᠨ᠎ᠡ᠃ ᠵᠢᠯ ᠤᠨ ᠳᠣᠲᠣᠷ᠎ᠠ ᠮᠢᠩᠭᠠᠨ ᠲᠣᠯᠣᠭᠠᠶ  ᠠᠴᠠ ᠳᠡᠭᠡᠭᠰᠢᠬᠢ ᠬᠡᠪᠴᠢᠶᠡᠲᠦ ᠰᠠᠭᠠᠯᠢ ᠶᠢᠨ ᠦᠨᠢᠶᠡᠨ ᠤ ᠮᠠᠯᠵᠢᠯ ᠤᠨ ᠲᠠᠯᠠᠪᠠᠶ ᠶᠢ 18 ᠪᠠᠶᠢᠭᠤᠯᠵᠤ᠂  ᠲᠦᠮᠡᠨ ᠠᠯᠠᠰᠢᠨ ᠦᠬᠡᠷ ᠢ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ 2 ᠪᠠᠶᠢᠭᠤᠯᠤᠨ᠎ᠠ᠃ ᠭᠠᠭ᠋ᠠᠢ ᠲᠡᠵᠢᠭᠡᠬᠦ ᠠᠵᠤ ᠦᠢᠯᠡᠰ ᠢ ᠰᠠᠶᠢᠲᠤᠷ ᠠᠳᠬᠤᠵᠤ᠂ ᠵᠢᠯ ᠤᠨ ᠳᠣᠲᠣᠷ᠎ᠠ ᠵᠠᠭᠤᠨ ᠲᠦᠮᠡᠨ ᠲᠣᠯᠣᠭᠠᠢ ᠳᠤ ᠬᠦᠷᠭᠡᠨ᠎ᠡ ᠃《 ᠨᠡᠷᠡᠲᠦ ᠲᠡᠮᠳᠡᠭ ᠢ ᠮᠠᠨᠳᠤᠭᠤᠯᠬᠤ 》ᠢᠨᠵᠧᠨᠧᠷᠢᠩ ᠢ ᠬᠦᠴᠦᠯᠡᠨ ᠠᠬᠢᠭᠤᠯᠵᠤ᠂ ᠵᠢᠯ ᠤᠨ ᠳᠣᠲᠣᠷ᠎ᠠ《 ᠬᠤᠶᠠᠷ ᠪᠦᠲᠦᠭᠡᠭᠳᠡᠬᠦᠨ ᠨᠢᠭᠡ ᠲᠡᠮᠳᠡᠭᠲᠦ 》 ᠶᠢᠨ ᠭᠡᠷᠡᠴᠢᠯᠡᠯᠲᠡ ᠶᠢᠨ ᠠᠵᠤ ᠠᠬᠤᠶᠢᠯᠠᠯ ᠢ 65 ᠭᠡᠷ᠂ 152 ᠪᠦᠲᠦᠭᠡᠭᠳᠡᠬᠦᠨ ᠳᠤ ᠬᠦᠷᠭᠡᠵᠦ᠂ 22 ᠨᠡᠷᠡᠰ ᠣᠨᠴᠠ ᠰᠢᠯᠢᠳᠡᠭ ᠪᠦᠲᠦᠭᠡᠭᠳᠡᠬᠦᠨ ᠢ ᠦᠢᠯᠡᠳᠪᠦᠷᠢᠯᠡᠨ᠎ᠡ᠃ ᠠᠵᠤ ᠦᠶᠯᠡᠳᠪᠦᠷᠢ ᠪᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃《 ᠲᠠᠪᠤᠨ ᠶᠡᠭᠡ ᠠᠵᠤ ᠦᠢᠯᠡᠰ ᠤᠨ ᠪᠦᠯᠦᠭᠯᠡᠯ 》 ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠵᠦᠩ ᠭᠤᠸᠠᠩ ᠾᠧ  ᠶᠢᠨ ᠵᠠᠭᠤᠨ ᠲᠦᠮᠡᠨ ᠺᠢᠯᠣᠸᠠᠲ ᠰᠠᠯᠬᠢᠨ ᠴᠠᠬᠢᠯᠭᠠᠨ᠂ ᠳ᠋ᠦᠩ ᠬᠠᠨ ᠵᠢᠯᠣᠭᠤᠴᠢ ᠦᠭᠡᠢ ᠨᠢᠰᠬᠡᠯ ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ᠎ᠠ  ᠃ ᠢᠯᠢ ᠪᠦᠯᠦᠭᠯᠡᠯ ᠤᠨ ᠴᠠᠭᠠᠨ ᠢᠳᠡᠭᠡᠨ ᠡᠳ᠋ᠰᠢᠭᠦᠯᠬᠦ᠂ ᠬᠤᠸᠠ ᠨᠧᠩ ᠂ ᠶᠠᠩ ᠭᠤᠸᠠᠩ ᠴᠠᠬᠢᠯᠭᠠᠨ ᠡᠭᠦᠰᠭᠡᠭᠴᠢ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠭᠦᠨ ᠡᠨᠧᠷᠭᠢ᠂ ᠪᠡᠭᠡᠵᠢᠩ ᠤᠨ ᠡᠨᠧᠷᠭᠢ ᠵᠡᠷᠭᠡ ᠲᠥᠷᠥᠯ ᠵᠦᠢᠯ ᠤᠨ ᠪᠠᠭᠲᠠᠭᠠᠮᠵᠢ ᠶᠢ ᠥᠷᠭᠡᠳᠬᠡᠨ ᠬᠡᠮᠵᠢᠶ᠎ᠡ ᠶᠢ ᠨᠡᠮᠡᠭᠳᠡᠭᠦᠯᠬᠦ ᠢᠨᠵᠧᠨᠧᠷᠢᠩ ᠢ ᠡᠬᠢᠯᠡᠭᠦᠯᠦᠨ᠎ᠡ᠃ ᠳ᠋ᠧ ᠺᠠᠩ ᠪᠦᠯᠦᠭᠯᠡᠯ ᠤᠨ ᠭᠠᠭ᠋ᠠᠢ ᠠᠯᠠᠵᠤ ᠪᠣᠯᠪᠠᠰᠤᠷᠠᠭᠤᠯᠬᠤ᠂ ᠱᠧᠩ ᠽᠧ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠎ᠠ᠃ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ  ᠶᠢᠨ《 ᠨᠢᠭᠡ ᠴᠣᠭᠴᠠ ᠬᠤᠶᠠᠷ ᠵᠢᠭᠦᠷ᠂ ᠣᠯᠠᠨ ᠴᠢᠭ ᠢᠶᠠᠷ ᠲᠤᠯᠭᠠᠭᠤᠷᠢᠯᠠᠬᠤ 》 ᠬᠥᠭᠵᠢᠯᠲᠡ ᠶᠢᠨ ᠰᠡᠳᠬᠢᠴᠡ ᠶᠣᠰᠣᠭᠠᠷ᠂《 ᠬᠦᠷᠢᠶᠡᠯᠡᠩ ᠲᠣᠭᠤᠷᠢᠭ ᠢ ᠬᠥᠭᠵᠢᠭᠦᠯᠦᠨ ᠮᠠᠨᠳᠤᠭᠤᠯᠬᠤ 》ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠤᠨ ᠤᠰᠤ᠂ ᠴᠠᠬᠢᠯᠭᠠᠨ᠂ ᠵᠠᠮ᠂ ᠰᠢᠲᠠᠮᠠᠬᠠᠶ ᠬᠡᠶ᠂ ᠢᠯᠴᠢ᠂ ᠴᠢᠮᠡᠭᠡ ᠬᠤᠯᠪᠣᠭ᠎ᠠ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠵᠢᠴᠢ ᠪᠣᠬᠢᠷ᠂ ᠰᠢᠭᠠᠷᠤ ᠶᠢ ᠰᠢᠶᠳᠪᠦᠷᠢᠯᠡᠬᠦ ᠶᠢ ᠲᠦᠷᠭᠡᠳᠬᠡᠵᠦ᠂ ᠠᠵᠤ ᠠᠬᠤᠶᠢᠯᠠᠯ ᠤᠨ ᠣᠷᠣᠵᠤ ᠰᠠᠭᠤᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠲᠠᠪᠴᠠᠩ ᠤᠨ ᠳᠠᠪᠠᠭᠤᠯᠢᠭ ᠢ ᠳᠣᠪᠣᠶᠢᠯᠭᠠᠨ᠎ᠠ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠤᠨ ᠬᠠᠮᠢᠶᠠᠷᠤᠯᠲᠠ ᠪᠣᠯᠤᠨ ᠡᠵᠡᠩᠨᠡᠨ ᠪᠣᠷᠣᠯᠠᠭᠤᠯᠬᠤ ᠵᠠᠭᠪᠤᠷ ᠤᠨ ᠬᠤᠪᠢᠰᠤᠯᠲᠠ ᠶᠢ ᠠᠬᠢᠭᠤᠯᠵᠤ᠂ ᠮᠡᠳᠡᠭᠡ ᠵᠠᠩᠭᠢᠵᠢᠯᠲᠠ᠂ ᠤᠶᠤᠨᠴᠢᠯᠠᠬᠰᠠᠨ ᠮᠡᠷᠭᠡᠵᠢᠯ ᠢ ᠠᠰᠢᠭᠯᠠᠨ ᠠᠵᠤ ᠠᠬᠤᠶᠢᠯᠠᠯ ᠤᠨ ᠠᠵᠤ ᠦᠢᠯᠡᠰ ᠤᠨ ᠵᠠᠭᠠᠭ ᠬᠢᠵᠠᠭᠠᠷ ᠢ ᠡᠪᠳᠡᠬᠦ ᠳᠤ ᠬᠦᠴᠦᠨ ᠨᠡᠮᠡᠷᠢᠯᠡᠨ᠎ᠡ᠃ ᠵᠤᠭᠠᠴᠠᠯ ᠤᠨ ᠦᠢᠯᠡᠰ ᠢ ᠪᠦᠬᠦ ᠬᠦᠴᠦᠨ ᠢᠶᠠᠷ ᠬᠥᠭᠵᠢᠭᠦᠯᠵᠦ᠂ ᠤᠯᠠᠭᠠᠨᠮᠣᠳᠣ ᠲᠠᠯ᠎ᠠ ᠨᠤᠲᠤᠭ ᠤᠨ ᠵᠤᠭᠠᠴᠠᠯ ᠤᠨ ᠠᠯᠳᠠᠷᠰᠢᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠦᠨᠳᠦᠰᠦᠲᠡᠨ ᠤ ᠰᠣᠶᠣᠯ ᠤᠨ ᠣᠨᠴᠠᠯᠢᠭᠲᠤ ᠵᠤᠭᠠᠴᠠᠯ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠬᠠᠶᠢᠯᠠᠰᠤᠲᠠᠢ ᠭᠤᠣᠯ   ᠤᠨ ᠵᠤᠭᠠᠴᠠᠯ ᠤᠨ ᠣᠷᠣᠨ ᠵᠢᠴᠢ ᠢᠵᠢ ᠪᠦᠷᠢᠳᠦᠭᠰᠡᠨ ᠠᠷᠠᠳ ᠤᠨ ᠰᠠᠭᠤᠴᠠ ᠶᠢᠨ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠵᠤ᠂ ᠭᠤᠷᠪᠠᠨ ᠥᠩᠭᠡᠲᠦ ᠵᠤᠭᠠᠴᠠᠯ ᠪᠠ ᠰᠣᠯᠣᠨ ᠤ ᠣᠨᠴᠠᠯᠢᠭᠲᠤ ᠵᠢᠵᠢᠭ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠤᠬᠤᠮ ᠤᠨ ᠨᠤᠮᠤ ᠰᠤᠮᠤᠨ ᠤ ᠣᠷᠳᠣᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠬᠢᠯᠡᠨ ᠬᠡᠷᠡᠭᠵᠢᠭᠦᠯᠦᠨ᠎ᠡ᠃ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠦᠶᠯᠡᠰ ᠢ ᠶᠡᠬᠡᠪᠡᠷ ᠬᠥᠭᠵᠢᠭᠦᠯᠵᠦ᠂ ᠳ᠋ᠢᠩ ᠴᠧᠩ ᠰᠤᠪᠤᠳ ᠡᠷᠳᠡᠨᠢ ᠶᠢᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠡᠭᠦᠨ ᠬᠤᠶᠢᠲᠤ ᠠᠽᠢᠶ᠎ᠠ ᠶᠢᠨ ᠵᠢᠵᠢᠭ ᠲᠠᠸᠠᠷ ᠤᠨ ᠣᠯᠠᠨ ᠤᠯᠤᠰ ᠤᠨ ᠠᠷᠠᠯᠵᠢᠶ᠎ᠠ ᠬᠤᠳᠠᠯᠳᠤᠭᠠᠨ  ᠤ ᠬᠤᠲᠠ ᠶᠢᠨ ᠲᠣᠭᠲᠠᠭᠤᠨ ᠢᠶᠠᠷ ᠡᠵᠡᠩᠨᠡᠬᠦ ᠶᠢ ᠲᠦᠯᠬᠢᠨ ᠠᠬᠢᠭᠤᠯᠤᠨ᠎ᠠ᠃《 ᠤᠯᠤᠰ ᠤᠨ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ 》 ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ ᠮᠠᠯᠵᠢᠬᠤ ᠲᠠᠷᠢᠶᠠᠯᠠᠬᠤ ᠣᠷᠣᠨ ᠳᠠᠰᠢ ᠭᠦᠨᠵᠡᠭᠡᠶᠢᠷᠡᠭᠦᠯᠦᠨ ᠬᠥᠭᠵᠢᠭᠦᠯᠬᠦ  ᠶᠢ ᠠᠬᠢᠭᠤᠯᠤᠨ᠎ᠠ᠃ ᠶᠢᠨ ᠪᠢᠨ ᠡᠮᠴᠢᠯᠡᠭᠡ ᠰᠤᠪᠢᠯᠠᠯᠲᠠ ᠶᠢᠨ ᠲᠥᠪ᠂ ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠨᠡᠭᠦᠯᠭᠡᠬᠦ᠂ ᠬᠢᠩᠭᠠᠨ ᠠᠶᠢᠮᠠᠭ ᠤᠨ ᠬᠢᠲᠠᠳ ᠡᠮ ᠤᠨ ᠰᠤᠪᠢᠯᠠᠯᠲᠠ ᠶᠢᠨ ᠰᠣᠶᠣᠯ ᠤᠨ ᠬᠦᠷᠢᠶᠡᠯᠡᠩ  ᠂ ᠲᠢᠶᠠᠨ ᠰᠢᠶᠠᠩ ᠪᠦᠯᠦᠭᠯᠡᠯ ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠵᠤᠭᠠᠴᠠᠯ ᠤᠨ ᠬᠤᠲᠠ ᠵᠡᠷᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠤᠨ᠎ᠠ  ᠃      ( ᠭᠤᠷᠪᠠ ) ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠣᠬᠢᠷᠲᠤᠯ ᠦᠭᠡᠢ ᠬᠥᠭᠵᠢᠯᠲᠡ  ᠶᠢ ᠴᠢᠨᠠᠷ ᠰᠠᠶᠢᠲᠠᠢ ᠠᠬᠢᠭᠤᠯᠤᠨ᠎ᠠ      ᠬᠥᠬᠡ ᠤᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠲᠠᠰᠤᠷᠠᠯᠲᠠ ᠦᠭᠡᠢ ᠥᠷᠭᠡᠳᠬᠡᠨ᠎ᠡ᠃《 ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ ᠲᠠᠢ 》ᠠᠵᠤ ᠦᠶᠯᠡᠳᠪᠦᠷᠢ ᠶᠢᠨ ᠠᠵᠤ ᠠᠬᠤᠶᠢᠯᠠᠯ ᠢ ᠲᠤᠰᠬᠠᠶ ᠴᠡᠭᠴᠡᠯᠡᠨ ᠵᠠᠰᠠᠵᠤ᠂ ᠡᠨᠧᠷᠭᠢ ᠬᠡᠷᠡᠭᠯᠡᠬᠦ ᠨᠢᠭᠡᠴᠡ ᠶᠢᠨ ᠨᠡᠭᠦᠷᠡᠰᠦ ᠰᠢᠲᠠᠭᠠᠬᠤ ᠵᠤᠤᠬ᠎ᠠ ᠶᠢᠨ ᠴᠡᠪᠡᠷ ᠡᠨᠧᠷᠭᠢ ᠶᠢ ᠣᠷᠣᠯᠠᠭᠤᠯᠬᠤ ᠶᠢ ᠠᠬᠢᠭᠤᠯᠤᠨ᠂ ᠵᠠᠳᠠᠭᠠᠶ ᠰᠢᠲᠠᠭᠠᠬᠤ ᠶᠢ ᠴᠢᠩᠭ᠎ᠠ ᠬᠢᠵᠠᠭᠠᠷᠯᠠᠵᠤ᠂ ᠭᠤᠤᠯ ᠪᠣᠯᠬᠤ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠪᠠᠭᠠᠰᠬᠠᠨ᠂ PM 2.5 ᠬᠢᠭᠡᠳ ᠣᠽᠣᠨ ᠤ ᠪᠣᠬᠢᠷᠲᠤᠯ ᠢ ᠬᠠᠮᠵᠢᠯᠴᠠᠨ ᠡᠵᠡᠮᠳᠡᠬᠦ ᠶᠢ ᠬᠡᠷᠡᠭᠵᠢᠭᠦᠯᠵᠦ᠂ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂《 ᠨᠡᠭᠦᠷᠡᠰᠦᠲᠥ᠋ᠷᠥᠭᠴᠢ ᠶᠢ ᠣᠷᠭᠢᠯ ᠳᠤ ᠬᠥᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ 》 ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠶᠢᠷᠡᠭᠦᠯᠦᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠶᠢ ᠰᠢᠶᠳᠪᠦᠷᠢᠯᠡᠬᠦ ᠶᠢ ᠭᠤᠣᠯᠳᠠᠯᠭ᠎ᠠ ᠲᠠᠢ ᠴᠢᠩᠭᠠᠳᠬᠠᠵᠤ᠂ ᠭᠤᠣᠯ ( ᠨᠠᠭᠤᠷ ) ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠴᠠᠷᠠᠰᠤᠨ ᠤᠰᠤᠨ ᠴᠥᠭᠦᠷᠥᠮ ᠤᠨ ᠤᠷᠤᠰᠤᠨ ᠣᠷᠣᠬᠤ ᠣᠷᠣᠨ ᠤ ᠤᠰᠤᠨ ᠤ ᠴᠢᠨᠠᠷ ᠢ ᠴᠡᠪᠡᠷᠰᠢᠭᠦᠯᠬᠦ ᠢᠨᠵᠧᠨᠧᠷᠢᠩ ᠢ ᠲᠦᠯᠬᠢᠨ ᠠᠬᠢᠭᠤᠯᠵᠤ᠂ ᠤᠰᠤᠨ ᠰᠤᠷᠪᠤᠯᠵᠢ ᠶᠢᠨ ᠭᠠᠵᠠᠷ ᠢ ᠵᠢᠷᠤᠮᠵᠢᠭᠤᠯᠬᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠬᠡᠷᠡᠭᠵᠢᠭᠦᠯᠦᠨ᠎ᠡ᠃ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠶᠢᠷᠡᠭᠦᠯᠵᠦ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠦᠷᠭᠦᠯᠵᠢᠯᠡᠨ ᠵᠠᠰᠠᠵᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠡᠮᠴᠢᠯᠡᠭᠡᠨ ᠤ ᠬᠠᠶᠠᠭᠳᠠᠮᠠᠯ ᠪᠣᠳᠠᠰ ᠵᠡᠷᠭᠡ ᠶᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠲᠣᠭᠲᠠᠯ ᠬᠦᠴᠦᠨ ᠢ ᠪᠠᠲᠤᠯᠠᠵᠤ᠂ ᠠᠮᠢ ᠠᠬᠤᠶ ᠶᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢ ᠴᠣᠭᠴᠠᠯᠠᠨ᠎ᠠ᠃《 ᠬᠤᠶᠠᠷ ᠠᠭᠤᠯᠠ ᠶᠢᠨ ᠣᠨᠣᠯ》 ᠢ ᠢᠳᠡᠪᠬᠢᠲᠡᠢ ᠦᠢᠯᠡᠳᠦᠯᠭᠡᠵᠢᠭᠦᠯᠵᠦ ᠂《 ᠤᠯᠤᠰ ᠤᠨ ᠠᠮᠢ ᠠᠬᠤᠢ ᠶᠢᠨ ᠪᠣᠯᠪᠠᠰᠤᠨ ᠤ ᠲᠤᠷᠰᠢᠯᠲᠠ ᠶᠢᠨ ᠣᠷᠣᠨ 》 ᠢ ᠡᠭᠦᠳᠦᠨ ᠪᠠᠶᠢᠭᠤᠯᠬᠤ ᠪᠠᠷ ᠲᠣᠬᠢᠶᠠᠯ ᠪᠣᠯᠭᠠᠨ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠪᠦᠲᠦᠭᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂《 ᠭᠤᠷᠪᠠᠨ ᠣᠷᠣᠨ ᠭᠤᠷᠪᠠᠨ ᠱᠤᠭᠤᠮ 》 ᠤᠨ ᠠᠮᠢ ᠠᠬᠤᠢ ᠶᠢᠨ ᠪᠠᠶᠢᠷᠢᠯᠠᠭᠤᠯᠤᠯᠲᠠ ᠶᠢ ᠴᠢᠩᠭ᠎ᠠ ᠬᠡᠷᠡᠭᠵᠢᠭᠦᠯᠦᠨ᠎ᠡ᠃ ᠡᠨᠧᠷᠭᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠪᠣᠯᠤᠨ ᠬᠦᠴᠦᠯᠡᠴᠡ ᠶᠢᠨ ᠬᠤᠣᠰ ᠡᠵᠡᠮᠳᠡᠯ ᠤᠨ ᠬᠠᠷᠠᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠢᠳᠡᠪᠬᠢᠲᠡᠢ ᠠᠷᠭ᠎ᠠ ᠬᠡᠮᠵᠢᠶ᠎ᠡ ᠠᠪᠴᠤ᠂ ᠣᠨ  ᠤ ᠡᠵᠡᠮᠳᠡᠯ ᠤᠨ ᠬᠠᠷᠠᠯᠲᠠ ᠪᠠᠨ ᠪᠡᠶᠡᠯᠡᠭᠦᠯᠬᠦ ᠶᠢ ᠪᠠᠲᠤᠯᠠᠨ᠎ᠠ᠃ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠠᠵᠢᠯ ᠢ ᠴᠢᠩᠭᠠᠳᠬᠠᠵᠤ᠂ ᠵᠢᠯ ᠤᠨ ᠳᠣᠲᠣᠷ᠎ᠠ 37 ᠲᠦᠮᠡᠨ ᠲᠡᠭᠰᠢ ᠳᠥᠷᠪᠡᠯᠵᠢᠨ ᠮᠧᠲᠷ ᠤᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠪᠡᠶᠡᠯᠡᠭᠦᠯᠦᠨ᠎ᠡ᠃《 ᠣᠶ ᠶᠢᠨ ᠳᠠᠷᠤᠭ᠎ᠠ ᠶᠢᠨ ᠲᠦᠷᠢᠮ 》 ᠢ ᠪᠥᠬᠦ ᠲᠠᠯ᠎ᠠ ᠪᠠᠷ ᠬᠡᠷᠡᠭᠵᠢᠭᠦᠯᠵᠦ᠂ ᠶᠡᠭᠡ ᠬᠢᠩᠭᠠᠨ ᠳᠠᠪᠠᠭ᠎ᠠ ᠶᠢᠨ ᠭᠠᠵᠠᠷ ᠣᠷᠣᠨ ᠤ ᠨᠢᠭᠡᠨᠲᠡ ᠬᠠᠭᠠᠯᠪᠤᠷᠢᠯᠠᠭᠰᠠᠨ ᠣᠶᠢᠲᠤ ᠭᠠᠵᠠᠷ ᠨᠤᠲᠤᠭ ᠪᠡᠯᠴᠢᠭᠡᠷ ᠤᠨ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠪᠥᠬᠦ ᠵᠢᠯ ᠳᠤ ᠲᠠᠷᠢᠶᠠᠯᠠᠬᠤ ᠶᠢ ᠵᠣᠭᠰᠣᠭᠠᠨ ᠡᠪᠡᠰᠦ ᠪᠡᠯᠴᠢᠭᠡᠷ ᠢ 65 ᠲᠦᠮᠡᠨ ᠮᠥ᠂ ᠮᠠᠯᠵᠢᠬᠤ ᠶᠢ ᠵᠣᠭᠰᠣᠭᠠᠨ ᠡᠪᠡᠰᠦ ᠪᠡᠯᠴᠢᠭᠡᠷ ᠢ 15 ᠲᠦᠮᠡᠨ ᠮᠥ᠂ ᠲᠠᠷᠢᠶᠠᠯᠠᠬᠤ ᠶᠢ ᠵᠣᠭᠰᠣᠭᠠᠨ ᠡᠪᠡᠰᠦ ᠪᠡᠯᠴᠢᠭᠡᠷ ᠢ 18 ᠲᠦᠮᠡᠨ ᠮᠥ ᠰᠡᠷᠭᠦᠭᠡᠨ᠎ᠡ᠃ ᠨᠤᠭᠤ ᠭᠠᠵᠠᠷ ᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠴᠢᠩᠭᠠᠳᠬᠠᠵᠤ᠂ ᠲᠦᠪᠲᠡᠢ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ  ᠂ ᠡᠪᠡᠰᠦᠨ ᠤ ᠠᠵᠤ ᠦᠢᠯᠡᠰ ᠤᠨ ᠬᠥᠭᠵᠢᠯᠲᠡ ᠶᠢ ᠴᠢᠩᠭᠠᠳᠬᠠᠵᠤ᠂ ᠡᠪᠡᠰᠦᠨ ᠤ ᠦᠷ᠎ᠡ ᠶᠢᠨ ᠦᠢᠯᠡᠰ ᠤᠨ ᠰᠠᠭᠤᠷᠢᠨ ᠭᠠᠵᠠᠷ ᠪᠠ ᠡᠪᠡᠰᠦᠨ ᠤ ᠠᠵᠤ ᠦᠢᠯᠡᠰ ᠤᠨ ᠰᠠᠭᠤᠷᠢᠨ ᠭᠠᠵᠠᠷ ᠢ ᠲᠣᠰᠪᠣᠷᠢ 10 ᠲᠦᠮᠡᠨ ᠮᠦ ᠪᠠᠶᠢᠭᠤᠯᠤᠨ᠎ᠠ᠃       ( ᠳᠥᠷᠪᠡ ) ᠵᠣᠬᠢᠴᠠᠩᠭᠤᠢ ᠬᠥᠭᠵᠢᠯᠲᠡ ᠶᠢ ᠪᠠᠷᠢᠮᠲᠠᠯᠠᠵᠤ᠂ ᠬᠤᠲᠠ ᠬᠥᠳᠡᠭᠡ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠰᠢᠯᠢᠳᠡᠭᠵᠢᠭᠦᠯᠦᠨ᠎ᠡᠬᠥᠮᠦᠨ ᠢᠶᠠᠷ ᠦᠨᠳᠦᠰᠦ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠠᠬᠢᠭᠤᠯᠵᠤ᠂ ᠶᠠᠰᠤ ᠴᠢᠨᠠᠷᠲᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢ ᠪᠠᠶᠢᠭᠤᠯᠤᠨ᠎ᠠ᠃ ᠬᠤᠲᠠ ᠶᠢᠨ ᠳᠤᠮᠳᠠᠬᠢ ᠲᠠᠯ᠎ᠠ ᠨᠤᠲᠤᠭ᠂ ᠬᠤᠷᠴᠢᠨ ᠵᠡᠭᠡᠯᠢ ᠵᠡᠷᠭᠡ ᠠᠶᠢᠮᠠᠭ ᠬᠤᠰᠢᠭᠤ ᠬᠠᠮᠲᠤᠪᠠᠷ ᠪᠠᠶᠢᠭᠤᠯᠬᠤ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂《 ᠲᠠᠪᠤᠨ ᠭᠤᠣᠯ ᠳᠣᠯᠣᠭᠠᠨ ᠨᠠᠭᠤᠷ 》 ᠤᠨ ᠠᠮᠢ ᠠᠬᠤᠢ ᠶᠢᠨ ᠵᠠᠰᠠᠯᠲᠠ ᠶᠢᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠦᠨ᠎ᠡ᠃ ᠵᠠᠮ ᠤᠨ ᠲᠣᠣᠷ ᠤᠨ ᠪᠦᠲᠦᠴᠡ ᠶᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠵᠢᠷᠦᠬᠡᠨ ᠵᠡᠭᠡᠯᠢ᠂ ᠳᠡᠭᠡᠳᠦ ᠰᠤᠷᠭᠠᠭᠤᠯᠢ ᠶᠢᠨ ᠵᠠᠮ ᠵᠡᠷᠭᠡ ᠬᠤᠲᠠ ᠶᠢᠨ ᠶᠠᠪᠤᠳᠠᠯ ᠤᠨ 14 ᠵᠤᠷᠪᠤᠰ ᠵᠠᠮ ᠢ ᠰᠢᠨ᠎ᠡ  ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠤᠨ᠎ᠠ᠃ ᠬᠤᠲᠠ ᠶᠢᠨ ᠶᠠᠪᠤᠳᠠᠯ ᠤᠨ ᠢᠵᠢ ᠪᠦᠷᠢᠳᠦᠭᠦᠯᠬᠦ ᠳᠠᠭᠠᠯᠲᠠ ᠲᠥᠬᠦᠭᠡᠷᠦᠮᠵᠢ ᠶᠢᠨ ᠲᠥᠷᠦᠯ ᠵᠦᠢᠯ ᠤᠨ ᠪᠦᠲᠦᠭᠡᠨ ᠪᠠᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠢ ᠬᠦᠢ ᠶᠤᠸᠠᠨ᠂ ᠵᠢᠩ ᠱᠦᠢ ᠸᠠᠨ ᠰᠠᠭᠤᠭᠠᠯᠢ ᠲᠣᠭᠤᠷᠢᠭ ᠤᠨ 23 ᠺᠢᠯᠣᠮᠧᠲᠷ ᠤᠨ ᠢᠯᠴᠢ ᠬᠠᠩᠭᠠᠬᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢ ᠡᠬᠢᠯᠡᠭᠦᠯᠵᠦ᠂ 10 ᠺᠢᠯᠣᠮᠧᠲᠷ ᠤᠨ ᠬᠤᠲᠠ ᠶᠢᠨ ᠶᠠᠪᠤᠳᠠᠯ ᠤᠨ ᠳᠤᠮᠳᠠ ᠳᠠᠷᠤᠯᠲᠠᠲᠤ ᠰᠢᠲᠠᠮᠠᠬᠠᠢ ᠬᠡᠢ ᠶᠢᠨ ᠬᠤᠭᠤᠯᠠᠢ ᠶᠢᠨ ᠱᠤᠭᠤᠮ ᠢ ᠳᠡᠪᠢᠰᠴᠦ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠥᠷᠭᠡᠳᠬᠡᠨ ᠪᠠᠶᠢᠭᠤᠯᠬᠤ ᠪᠠ ᠬᠦᠷᠢᠶᠡᠯᠡᠩ ᠲᠣᠭᠤᠷᠢᠭ ᠤᠨ ᠪᠣᠬᠢᠷ ᠤᠰᠤᠨ ᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠤᠨ᠎ᠠ᠃《 ᠣᠶᠤᠨᠴᠢᠯᠠᠭᠰᠠᠨ ᠳᠣᠲᠣᠭᠠᠳᠤ ᠶᠢ ᠬᠠᠮᠠᠭᠠᠯᠠᠬᠤ 》《 ᠣᠶᠣᠨᠴᠢᠯᠠᠭᠰᠠᠨ ᠬᠤᠲᠠ ᠶᠢᠨ ᠬᠠᠮᠢᠶᠠᠷᠤᠯᠲᠠ 》ᠵᠡᠷᠭᠡ ᠣᠲᠣ ᠦᠶ᠎ᠡ ᠶᠢᠨ ᠨᠡᠶᠢᠭᠡᠮ ᠤᠨ ᠵᠠᠰᠠᠯᠲᠠ ᠶᠢᠨ ᠵᠠᠭᠪᠤᠷ ᠢ ᠬᠠᠶᠢᠨ ᠰᠦᠪᠡᠭᠴᠢᠯᠡᠨ᠎ᠡ᠃《 ᠨᠡᠷᠡᠲᠦ ᠲᠡᠮᠳᠡᠭᠲᠦ ᠵᠢᠵᠢᠭ ᠲᠣᠭᠤᠷᠢᠭ 》 ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠬᠡᠷᠡᠭᠵᠢᠭᠦᠯᠵᠦ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢ ᠵᠣᠷᠢᠭᠵᠢᠭᠤᠯᠵᠤ᠂ ᠰᠠᠶᠢᠵᠢᠷᠠᠭᠤᠯᠬᠤ ᠬᠡᠯᠪᠡᠷᠢ ᠶᠢᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠩᠭᠠᠯᠭ᠎ᠠ ᠶᠢ ᠦᠷᠭᠦᠯᠵᠢᠯᠡᠨ ᠥᠷᠭᠡᠳᠬᠡᠨ᠎ᠡ᠃ ᠪᠦᠬᠦ ᠵᠢᠯ ᠳᠤ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢ 200 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠨᠡᠭᠡᠭᠡᠨ ᠠᠰᠢᠭᠯᠠᠬᠤ ᠪᠠᠷ ᠲᠥᠯᠥᠪᠯᠡᠵᠦ ᠪᠠᠶᠢᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠢᠳᠡᠪᠬᠢᠲᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠦᠶᠯᠡᠴᠢᠯᠡᠭᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃ ᠲᠣᠰ ᠵᠢᠯ ᠳᠤ 45 ᠠᠶᠢᠯ ᠲᠣᠰᠬᠤᠨ ᠢ ᠨᠣᠭᠤᠭᠠᠷᠠᠭᠤᠯᠵᠤ᠂《 ᠳᠥᠷᠪᠡᠨ ᠰᠠᠶᠢᠨ ᠬᠥᠳᠡᠭᠡ ᠲᠣᠰᠬᠤᠨ ᠤ ᠵᠠᠮ 》 ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠤᠨ ᠬᠥᠭᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠨᠡᠶᠢᠭᠡᠮ  ᠤᠨ ᠦᠶᠯᠡᠰ ᠤᠨ ᠬᠥᠭᠵᠢᠯᠲᠡ ᠶᠢ ᠶᠡᠬᠡᠪᠡᠷ ᠳᠡᠮᠵᠢᠨ᠂ ᠣᠯᠠᠨ ᠨᠡᠶᠢᠲᠡ ᠶᠢᠨ ᠠᠵᠢᠯ ᠣᠯᠭᠤᠬᠤ ᠦᠶᠯᠡᠴᠢᠯᠡᠭᠡᠨ ᠤ ᠰᠢᠰᠲ᠋ᠧᠮᠵᠢ ᠶᠢ ᠤᠯᠠᠮ ᠨᠢᠭᠡ ᠠᠯᠬᠤᠮ ᠪᠦᠷᠢᠨᠰᠢᠭᠦᠯᠦᠨ᠎ᠡ᠃ ᠠᠵᠤ ᠦᠶᠯᠡᠰ ᠢ ᠬᠥᠭᠵᠢᠭᠦᠯᠦᠨ ᠮᠠᠨᠳᠤᠭᠤᠯᠬᠤ ᠶᠢ ᠰᠠᠶᠢᠲᠤᠷ ᠠᠳᠬᠤᠵᠤ᠂ ᠤᠯᠤᠰ ᠤᠨ ᠰᠦ ᠰᠠᠭᠠᠯᠢ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠬᠤᠰᠢᠭᠤᠨ ᠤ ᠪᠥᠲᠥᠭᠡᠨ ᠪᠠᠶᠢᠭᠤᠯᠤᠯᠲᠠ ᠪᠠ《 ᠠᠷᠪᠠ ᠵᠠᠭᠤ ᠮᠢᠩᠭ᠎ᠠ 》ᠲᠡᠵᠢᠭᠡᠨ ᠦᠷᠡᠵᠢᠭᠦᠯᠬᠦ ᠢᠨᠵᠧᠨᠧᠷᠢᠩ ᠢ ᠶᠡᠬᠡᠪᠡᠷ ᠠᠬᠢᠭᠤᠯᠤᠨ᠎ᠠ᠃ ᠡᠷᠬᠢᠲᠦ ᠪᠠᠷ ᠪᠦᠬᠦ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠵᠢᠩ ᠴᠢᠤᠸᠠᠨ ᠡᠮ  ᠤᠨ ᠦᠶᠯᠡᠰ ᠢ ᠲᠡᠳᠬᠦᠨ ᠳᠡᠮᠵᠢᠵᠦ ᠪᠠᠶᠢᠭᠠᠳ ᠡᠮ ᠤᠨ ᠮᠠᠲ᠋ᠧᠷᠢᠶᠠᠯ ᠳᠠᠷᠢᠬᠤ ᠲᠠᠯᠠᠪᠠᠶ ᠶᠢ ᠦᠷᠭᠦᠯᠵᠢᠯᠡᠨ ᠥᠷᠭᠡᠳᠬᠡᠵᠦ  ᠂ ᠪᠠᠳᠠᠷᠠᠩᠭᠤᠢ ᠶᠢᠨ ᠲᠦᠮᠡᠨ ᠮᠦ ᠶᠢᠨ ᠤᠰᠤᠨ ᠲᠤᠲᠤᠷᠭ᠎ᠠ ᠶᠢᠨ ᠵᠤᠭᠠᠴᠠᠯ ᠤᠨ ᠬᠦᠷᠢᠶᠡᠯᠡᠩ ᠢ ᠲᠡᠭᠦᠯᠳᠡᠷᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠶᠢ ᠲᠣᠪᠣᠶᠢᠮ᠎ᠠ ᠰᠠᠶᠢᠲᠤᠷ ᠠᠳᠬᠤᠵᠤ᠂ ᠡᠰᠢ ᠰᠦᠷᠡᠯ᠂ ᠮᠠᠯ ᠵᠢᠭᠦᠷᠲᠡᠨ ᠤ ᠢᠯᠭᠠᠳᠠᠰᠤ᠂ ᠲᠠᠷᠢᠶᠠᠨ ᠡᠮ ᠪᠣᠷᠲᠣᠭᠤᠷ ᠪᠣᠭᠤᠳᠠᠯ ᠤᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠶᠳᠪᠦᠷᠢᠯᠡᠬᠦ᠂ ᠠᠮᠢᠳᠤᠷᠠᠯ  ᠤᠨ ᠬᠤᠭ ᠨᠣᠪᠰᠢ ᠪᠠ ᠪᠣᠬᠢᠷ ᠤᠰᠤ ᠶᠢ ᠵᠠᠰᠠᠬᠤ ᠶᠢ ᠴᠢᠩᠭᠠᠷᠠᠭᠤᠯᠤᠨ᠎ᠠ᠃ ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠬᠦᠷᠢᠶ᠎ᠡ ᠬᠠᠰᠢᠶᠠᠨ ᠤ ᠠᠵᠤ ᠠᠬᠤᠶ ᠶᠢᠨ ᠬᠡᠪᠴᠢᠶᠡᠵᠢᠭᠰᠡᠨ᠂ ᠲᠥᠷᠥᠯ ᠲᠡᠮᠳᠡᠭᠵᠢᠭᠰᠡᠨ ᠬᠥᠭᠵᠢᠯᠲᠡ ᠶᠢ ᠠᠬᠢᠭᠤᠯᠤᠨ᠎ᠠ᠃( ᠲᠠᠪᠤ ) ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ  ᠶᠢ ᠳᠡᠭᠡᠭᠰᠢᠯᠡᠭᠦᠯᠦᠨ᠎ᠡᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠰᠠᠶᠢᠲᠤᠷ ᠠᠳᠬᠤᠨ᠎ᠠ᠃ ᠡᠮᠴᠢᠯᠡᠭᠡᠨ ᠤ ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠵᠤ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠸᠠᠺᠼᠢᠨ ᠤ ᠲᠠᠷᠢᠯᠭ᠎ᠠ ᠶᠢᠨ ᠠᠵᠢᠯ ᠢ ᠰᠠᠶᠢᠲᠤᠷ ᠬᠢᠵᠦ᠂ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠰᠢᠶᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠢᠯ ᠣᠯᠭᠤᠯᠲᠠ ᠶᠢᠨ ᠬᠡᠷᠡᠭᠴᠡᠭᠡ ᠶᠢ ᠢᠳᠡᠪᠬᠢᠲᠡᠢ ᠰᠢᠢᠳᠪᠦᠷᠢᠯᠡᠨ᠎ᠡ᠃ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠠᠷᠭ᠎ᠠ ᠬᠡᠮᠵᠢᠶ᠎ᠡ ᠶᠢ ᠣᠨᠣᠪᠴᠢᠲᠠᠢ ᠠᠳᠬᠤᠵᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠳᠠᠮᠵᠢᠵᠤ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠪᠠ ᠦᠨᠳᠦᠰᠦᠨ ᠵᠦᠢᠯ ᠢ ᠪᠠᠲᠤᠯᠠᠨ ᠲᠥᠪᠬᠢᠨᠡᠭᠦᠯᠬᠦ ᠠᠵᠢᠯ ᠢ ᠰᠠᠶᠢᠲᠤᠷ ᠬᠢᠵᠦ᠂ ᠭᠤᠣᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢ ᠦᠨᠡᠨ ᠬᠦ ᠰᠢᠢᠳᠪᠦᠷᠢᠯᠡᠵᠦ᠂ ᠶᠡᠭᠡ ᠬᠡᠪᠴᠢᠶᠡᠨ ᠤ ᠬᠠᠮᠲᠤᠯᠢᠭ ᠤᠨ ᠴᠢᠨᠠᠷᠲᠠᠢ ᠠᠵᠢᠯ ᠠᠯᠳᠠᠬᠤ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠰᠠᠬᠢᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ  3.9 % ᠶᠢᠨ ᠳᠣᠲᠣᠷ᠎ᠠ ᠬᠢᠵᠠᠭᠠᠷᠯᠠᠬᠤ ᠶᠢ ᠦᠨᠡᠨ ᠬᠦ ᠪᠠᠲᠤᠯᠠᠨ᠎ᠠ᠃ ᠨᠡᠶᠢᠭᠡᠮ ᠤᠨ ᠦᠢᠯᠡᠰ ᠪᠠ ᠠᠷᠠᠳ ᠤᠨ ᠠᠮᠢᠳᠤᠷᠠᠯ ᠤᠨ ᠠᠵᠠ ᠵᠢᠷᠭᠠᠯ ᠤᠨ ᠳᠠᠬᠢᠨ ᠳᠡᠭᠡᠭᠰᠢᠯᠡᠯᠲᠡ ᠶᠢ ᠠᠬᠢᠭᠤᠯᠤᠨ᠎ᠠ᠃ ᠰᠢᠨ᠎ᠡ ᠭᠠᠵᠠᠷ ᠤᠨ ᠰᠤᠷᠭᠠᠨ ᠬᠥᠮᠦᠵᠢᠯ ᠤᠨ ᠪᠠᠶᠢᠷᠢᠯᠠᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠪᠠᠭᠰᠢ ᠶᠢᠨ ᠬᠥᠭᠵᠢᠯᠲᠡ ᠶᠢᠨ ᠲᠥᠪ  ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ᠂ ᠰᠣᠯᠣᠨ ᠪᠠᠭ᠎ᠠ ᠰᠤᠷᠭᠠᠭᠤᠯᠢ᠂ ᠵᠢᠷᠦᠬᠡᠨ ᠳᠤᠮᠳᠠᠳᠤ ᠪᠠᠭ᠎ᠠ ᠰᠤᠷᠭᠠᠭᠤᠯᠢ ᠶᠢ ᠥᠷᠭᠡᠳᠬᠡᠨ ᠪᠠᠶᠢᠭᠤᠯᠬᠤ ᠵᠡᠷᠭᠡ ᠢᠨᠵᠧᠨᠧᠷᠢᠩ ᠢ ᠪᠡᠶᠡᠯᠡᠭᠦᠯᠦᠨ᠎ᠡ᠃ ᠴᠢᠩᠬᠤᠸᠠ ᠶᠡᠭᠡ ᠰᠤᠷᠭᠠᠭᠤᠯᠢ ᠶᠢᠨ ᠴᠢᠳᠠᠪᠤᠷᠢᠲᠠᠨ ᠬᠥᠮᠦᠵᠢᠭᠦᠯᠬᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠪᠦᠬᠦᠯᠢ ᠴᠣᠭᠴᠠ ᠪᠠᠷ ᠨᠢ ᠨᠡᠭᠦᠯᠭᠡᠨ᠎ᠡ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠨᠡᠶᠢᠭᠡᠮ ᠤᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠨ᠎ᠡ᠃《 ᠡᠷᠡᠭᠦᠯ ᠡᠩᠬᠡ ᠡᠮᠦᠨᠡᠲᠦ ᠬᠤᠰᠢᠭᠤ 》 ᠶᠢ ᠭᠦᠨᠵᠡᠭᠡᠶ ᠪᠠᠶᠢᠭᠤᠯᠵᠤ᠂ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ᠂ ᠵᠡᠮᠳᠡᠭᠴᠦᠳ ᠤᠨ ᠡᠷᠡᠭᠦᠯᠵᠢᠯ ᠤᠨ ᠨᠠᠶᠢᠳᠠᠨ ᠠᠰᠠᠷᠠᠭᠤᠯᠬᠤ ᠲᠥᠪ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠪᠣᠯᠪᠠᠰᠤᠷᠠᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠤᠰᠢᠭᠤᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢ ᠲᠡᠭᠦᠯᠳᠡᠷᠵᠢᠭᠦᠯᠦᠨ᠂《 ᠤᠯᠤᠰ ᠤᠨ ᠲᠡᠰ ᠤᠨ ᠡᠷᠡᠭᠦᠯ ᠮᠡᠨᠳᠦ ᠶᠢ ᠠᠬᠢᠭᠤᠯᠬᠤ ᠬᠤᠰᠢᠭᠤ 》 ᠶᠢ ᠡᠭᠦᠳᠦᠨ ᠪᠠᠶᠢᠭᠤᠯᠤᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠡᠷᠴᠢᠮ ᠢᠶᠠᠨ ᠴᠢᠩᠭᠠᠷᠠᠭᠤᠯᠵᠤ᠂《 ᠳᠦᠷᠪᠡᠨ ᠶᠡᠭᠡ ᠬᠥᠮᠦᠰ 》 ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠵᠤ᠂ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃       ᠲᠥᠯᠥᠭᠡᠯᠡᠭᠴᠢᠳ ᠡ᠂ ᠰᠢᠨ᠎ᠡ ᠴᠠᠭ ᠦᠶ᠎ᠡ ᠠᠴᠠ ᠰᠢᠨ᠎ᠡ ᠡᠭᠦᠷᠭᠡ ᠬᠠᠷᠢᠭᠤᠴᠠᠯᠭ᠎ᠠ ᠣᠯᠭᠤᠪᠠ᠂ ᠰᠢᠨ᠎ᠡ ᠠᠶᠠᠨ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠬᠤᠰᠢᠭᠤᠨ ᠤ ᠨᠠᠮ  ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠳᠣᠤᠷ᠎ᠠ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠵᠠᠮ ᠨᠡᠭᠡᠭᠡᠨ ᠤᠷᠤᠭᠰᠢᠯᠠᠵᠤ᠂《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢ ᠤᠷᠤᠭᠰᠢᠲᠠᠶ ᠡᠬᠢᠯᠡᠭᠦᠯᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠳᠠᠪᠠᠯᠲᠠ ᠶᠢᠨ ᠮᠠᠶ᠋ᠢᠭ ᠤᠨ ᠬᠥᠭᠵᠢᠯᠲᠡ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕         《 ᠲᠥᠯᠥᠪᠯᠡᠭᠡᠨ ᠤ ᠮᠡᠳᠡᠭᠦᠯᠦᠯᠲᠡ 》 ᠶᠢᠨ ᠨᠡᠷᠡᠰ ᠦᠭᠡ ᠶᠢᠨ ᠲᠣᠪᠴᠢ ᠲᠠᠶᠢᠯᠪᠤᠷᠢ      ᠭᠤᠷᠪᠠᠨ ᠪᠦᠲᠦᠭᠡᠭᠳᠡᠬᠦᠨ ᠨᠢᠭᠡ ᠳᠡᠮᠳᠡᠭ᠄ ᠪᠣᠬᠢᠷᠲᠤᠯ ᠦᠬᠡᠢ ᠲᠠᠷᠢᠶᠠᠯᠠᠩ ᠤᠨ ᠪᠦᠲᠦᠭᠡᠭᠳᠡᠬᠦᠨ᠂ ᠨᠣᠭᠤᠭᠠᠯᠢᠭ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠪᠡᠯᠭᠡ ᠳᠡᠮᠳᠡᠭ ᠢ ᠶᠡᠷᠦᠩᠬᠡᠶᠢᠯᠡᠨ《 ᠭᠤᠷᠪᠠᠨ ᠪᠦᠲᠦᠭᠡᠭᠳᠡᠬᠦᠨ ᠨᠢᠭᠡ ᠳᠡᠮᠳᠡᠭ 》ᠭᠡᠵᠦ ᠨᠡᠷᠡᠶᠢᠳᠦᠨ᠎ᠡ᠃        ᠬᠤᠶᠠᠷ ᠪᠦᠲᠦᠭᠡᠭᠳᠡᠬᠦᠨ ᠨᠢᠭᠡ ᠲᠡᠮᠳᠡᠭ᠄ ᠪᠣᠬᠢᠷᠲᠤᠯ ᠥᠬᠡᠶ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠲᠡᠮᠳᠡᠭ᠃ ᠨᠠᠷᠠᠲᠤ ᠣᠨᠴᠠ ᠰᠢᠯᠢᠳᠡᠭ ᠰᠢᠨ᠎ᠡ :《 ᠨᠡᠷᠡᠲᠤ》 ᠨᠢ ᠳᠠᠷᠤᠶ ᠨᠡᠷᠡᠲᠡᠶ᠂ ᠨᠡᠷᠡᠲᠦ ᠲᠡᠮᠳᠡᠭ᠂ ᠨᠡᠷᠡᠲᠦ ᠱᠤᠰᠢᠭ᠎ᠠ ᠲᠡᠮᠳᠡᠭ ᠪᠣᠯᠤᠨ᠎ᠠ᠂《 ᠣᠨᠴᠠ 》ᠭᠡᠳᠡᠭ ᠨᠢ ᠲᠤᠬᠠᠶ ᠶᠢᠨ ᠭᠠᠵᠠᠷ ᠤᠨ ᠣᠨᠴᠠ ᠭᠠᠷᠤᠯᠲᠠ ᠶᠢ ᠬᠡᠯᠡᠨ᠎ᠡ᠂《 ᠰᠢᠯᠢᠳᠡᠭ 》ᠭᠡᠳᠡᠭ ᠨᠢ ᠪᠦᠲᠦᠭᠡᠭᠳᠡᠬᠦᠨ ᠤ ᠶᠠᠰᠤ ᠴᠢᠨᠠᠷ ᠰᠢᠯᠢᠳᠡᠭ᠂ ᠶᠠᠰᠤ ᠴᠢᠨᠠᠷ ᠰᠠᠶᠢᠨ ᠪᠠᠶᠢᠬᠤ ᠶᠢ ᠵᠢᠭᠠᠵᠤ ᠪᠠᠶᠢᠨ᠎ᠠ᠃《 ᠰᠢᠨ᠎ᠡ ᠭᠡᠳᠡᠭ ᠨᠢ ᠰᠢᠨ᠎ᠡ ᠰᠣᠷᠭᠤᠭ᠂ ᠣᠨᠴᠠᠯᠢᠭ ᠲᠠᠢ᠂ ᠰᠢᠨ᠎ᠡ ᠮᠡᠷᠭᠡᠵᠢᠯ᠂ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠢᠶᠠᠷ ᠪᠣᠶᠢᠵᠢᠭᠤᠯᠤᠭᠰᠠᠨ ᠦᠢᠯᠡᠳᠬᠦᠨ ᠢ ᠵᠢᠭᠠᠵᠤ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号