—— 2021 ᠣᠨ ᠤ 3 ᠰᠠᠷ᠎ᠠ ᠶᠢᠨ 10 ᠤ ᠡᠳᠦᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ | ᠤᠳᠠᠭᠠᠨ ᠤ ᠬᠤᠷᠠᠯᠳᠤᠭᠠᠨ ᠳᠡᠭᠡᠷ᠎ᠡ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ | ᠳᠠᠷᠤᠭ᠎ᠠ ᠵᠤᠤ ᠶᠢᠨ ᠰᠦᠩ | | ᠲᠥᠯᠥᠭᠡᠯᠡᠭᠴᠢᠳ ᠡ᠄ | ᠣᠲᠣ ᠪᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢ | ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠠ᠂ ᠬᠢᠨᠠᠨ ᠵᠥᠪᠯᠡᠬᠦ ᠪᠣᠯᠪᠠᠤ᠂ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠬᠢᠭᠡᠳ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | 2020 ᠣᠨ ᠤ ᠠᠵᠢᠯ ᠤᠨ ᠡᠷᠭᠢᠴᠡᠭᠦᠯᠦᠯ | 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ | ᠤᠯᠤᠭᠰᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠭᠰᠡᠨ ᠵᠢᠯ | ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠤᠨ᠎ᠠ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠬᠤᠰᠢᠭᠤᠨ ᠤ ᠨᠠᠮ ᠤᠨ | ᠬᠤᠷᠢᠶ᠎ᠠ ᠪᠠ ᠬᠢᠩᠭᠠᠨ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ | ᠳᠣᠤᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ | ᠬᠦᠴᠦᠲᠡᠶ ᠬᠢᠨᠠᠯᠲᠠ ᠳᠣᠤᠷ᠎ᠠ᠂ ᠬᠤᠰᠢᠭᠤᠨ ᠤ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠵᠢᠴᠢ | ᠨᠡᠶᠢᠭᠡᠮ ᠤᠨ ᠡᠯ᠎ᠡ ᠡᠲᠡᠭᠡᠳ ᠤᠨ ᠬᠠᠯᠠᠮᠵᠢᠯᠠᠯ ᠳᠡᠮᠵᠢᠯᠭᠡ ᠳᠣᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ | ᠪᠠᠷᠢᠮᠲᠠᠯᠠᠵᠤ᠂ ︽ᠤᠯᠤᠰ ᠲᠥᠷᠥ ᠶᠢ ᠡᠷᠬᠢᠮᠯᠡᠬᠦ ᠂ ᠪᠦᠬᠦ ᠲᠠᠯ᠎ᠠ ᠶᠢ ᠬᠠᠷᠠᠭᠠᠯᠵᠠᠬᠤ᠂ ᠬᠥᠭᠵᠢᠭᠦᠯᠬᠦ ᠪᠠᠷ ᠴᠢᠷᠮᠠᠶᠢᠬᠤ | ᠂ ᠥᠪᠡᠷ ᠢ ᠪᠠᠨ ᠬᠦᠴᠦᠷᠬᠡᠭᠵᠢᠭᠦᠯᠬᠦ ᠶᠢ ᠴᠢᠬᠤᠯᠠᠴᠢᠯᠠᠬᠤ︾ ᠵᠡᠷᠭᠡ ᠠᠵᠢᠯ ᠤᠨ ᠶᠡᠷᠦᠩᠬᠡᠶ ᠱᠠᠭᠠᠷᠳᠠᠯᠭ᠎ᠠ ᠲᠠᠢ | ᠨᠢᠭᠲᠠ ᠤᠶᠠᠯᠳᠤᠭᠤᠯᠤᠨ᠂ ᠤᠯᠤᠰ ᠤᠨ ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ | ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠨᠡᠶᠢᠭᠡᠮ ᠤᠨ ᠲᠥᠪ ᠭᠤᠣᠯᠴᠢ ᠰᠢᠳᠤᠷᠭᠤ | ᠶᠣᠰᠣ ᠶᠢ ᠠᠬᠢᠭᠤᠯᠠᠬᠤ᠂ ᠠᠷᠠᠳ ᠲᠦᠮᠡᠨ ᠤ ᠠᠮᠤᠷ ᠵᠢᠮᠦᠷ ᠠᠵᠤ ᠲᠦᠷᠦᠭᠦ ᠶᠢ ᠪᠠᠲᠤᠯᠠᠬᠤ ᠵᠡᠷᠭᠡ ᠡᠭᠦᠷᠭᠡ | ᠬᠠᠷᠢᠭᠤᠴᠠᠯᠭ᠎ᠠ ᠶᠢ ᠦᠨᠡᠨᠴᠢ ᠰᠢᠳᠤᠷᠭᠤ ᠪᠠᠷ ᠭᠦᠢᠴᠡᠳᠭᠡᠵᠦ᠂ ︽ᠳᠥᠷᠪᠡᠨ ᠶᠡᠭᠡ ᠪᠠᠶᠢᠴᠠᠭᠠᠬᠤ ᠠᠵᠢᠯ︾ ᠢ | ᠪᠦᠬᠦ ᠲᠠᠯ᠎ᠠ ᠪᠠᠷ ᠵᠣᠬᠢᠴᠠᠩᠭᠤᠢ ᠭᠦᠢᠴᠡᠳ ᠬᠥᠭᠵᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠶᠠᠯ᠎ᠠ ᠪᠠᠨ | ᠮᠡᠳᠡᠷᠡᠵᠦ ᠰᠢᠳᠭᠡᠯ ᠬᠦᠯᠢᠶᠡᠬᠦ ᠢ ᠠᠭᠤᠴᠢᠯᠠᠨ ᠰᠢᠳᠬᠡᠬᠦ ᠲᠦᠷᠢᠮ ᠤᠨ ᠯᠠᠪᠳᠠᠭᠤᠨ ᠢᠶᠠᠷ ᠬᠤᠯᠠ ᠠᠶᠠᠯᠠᠬᠤ ᠶᠢ | ᠠᠬᠢᠭᠤᠯᠵᠣ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ | ᠬᠦᠴᠦᠨ ᠨᠡᠮᠡᠷᠢᠯᠡᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠳᠤ | ᠦᠢᠯᠡᠴᠢᠯᠡᠨ ᠪᠠᠲᠤᠯᠠᠵᠤ᠂ ᠡᠮᠦᠨᠡᠲᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ | ᠪᠠᠶᠢᠴᠠᠭᠠᠬᠤ ᠬᠦᠴᠦᠨ ᠢᠶᠠᠨ ᠡᠷᠭᠦᠵᠠᠢ᠃ | ᠨᠢᠭᠡ᠂ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠶᠡᠭᠡ ᠲᠠᠯ᠎ᠠ ᠳᠤ | ᠦᠢᠯᠡᠴᠢᠯᠡᠬᠦ ᠳᠤᠮᠳᠠ ᠪᠠᠶᠢᠴᠠᠭᠠᠬᠤ ᠬᠦᠴᠦᠨ ᠢᠶᠠᠨ ᠨᠡᠮᠡᠷᠢᠯᠡᠵᠡᠢ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠪᠡ᠃ | ᠪᠦᠬᠦ ᠪᠠᠶᠢᠴᠠᠭᠠᠭᠴᠢ ᠺᠠᠳ᠋ᠷ ᠴᠠᠭᠳᠠᠭ᠎ᠠ ᠵᠠᠷᠯᠢᠭ ᠢ ᠰᠣᠨᠣᠰᠤᠮᠠᠭᠴᠠ ᠬᠥᠳᠡᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠮᠦᠨ᠎ᠡ ᠹᠷᠣᠨᠲ ᠢ ᠪᠠᠲᠤ ᠰᠠᠬᠢᠵᠤ᠂ ᠰᠡᠷᠭᠡᠶᠢᠯᠡᠨ ᠡᠵᠡᠮᠳᠡᠵᠦ ᠲᠣᠭᠲᠠᠭᠤᠨ ᠢ ᠬᠠᠮᠠᠭᠠᠯᠠᠬᠤ ᠳᠤ | ᠢᠳᠡᠪᠬᠢᠲᠡᠢ ᠣᠷᠣᠯᠴᠠᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠤᠯᠠᠨ ᠢᠶᠠᠷ ᠢᠶᠠᠨ ᠰᠡᠷᠭᠡᠶᠢᠯᠡᠵᠦ | ᠤᠯᠠᠨ ᠢᠶᠠᠷ ᠢᠶᠠᠨ ᠵᠠᠰᠠᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠪᠡ᠃ ᠪᠠᠶᠢᠴᠠᠭᠠᠬᠤ ᠡᠭᠦᠷᠭᠡ | ᠴᠢᠳᠠᠪᠬᠢ ᠪᠠᠨ ᠬᠠᠤᠯᠢ ᠶᠣᠰᠣᠭᠠᠷ ᠭᠦᠢᠴᠡᠳᠬᠡᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠵᠤᠬᠢᠴᠠᠨ | ᠬᠠᠮᠵᠢᠯᠴᠠᠵᠤ᠂ 3 ᠤᠳᠠᠭ᠎ᠠ ᠤᠷᠢᠳᠴᠢᠯᠠᠨ ᠲᠤᠷᠰᠢᠨ ᠪᠠᠶᠢᠴᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠶᠢ ᠡᠰᠡᠷᠭᠦᠴᠡᠵᠦ᠂ ᠡᠮᠴᠢ ᠶᠢ ᠬᠦᠴᠦᠷᠬᠡᠭᠯᠡᠯ ᠢᠶᠠᠷ ᠰᠢᠷᠬᠠᠲᠤᠭᠤᠯᠤᠭᠰᠠᠨ᠂ ᠬᠤᠳᠠᠯ ᠬᠠᠭᠤᠷᠮᠠᠭ ᠵᠦᠢᠯ ᠢ | ᠦᠢᠯᠡᠳᠴᠦ ᠪᠣᠷᠣᠯᠠᠭᠤᠯᠤᠭᠰᠠᠨ᠂ ᠴᠤᠤᠷᠬᠠᠯ ᠲᠠᠯᠪᠢᠨ ᠴᠤᠤᠷᠬᠠᠯ ᠲᠠᠷᠬᠠᠭᠠᠭᠰᠠᠨ ᠵᠡᠷᠭᠡ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠡᠪᠳᠡᠭᠰᠡᠨ ᠶᠠᠯᠠᠲᠤ ᠠᠵᠢᠯᠯᠠᠭ᠎ᠠ ᠶᠢ ᠣᠨᠣᠪᠴᠢᠲᠠᠢ ᠨᠡᠬᠡᠮᠵᠢᠯᠡᠨ ᠵᠠᠭᠠᠯᠳᠤᠵᠤ᠂ | ᠬᠢᠵᠢᠭ ᠤᠨ ᠪᠠᠶᠢᠳᠠᠯ ᠳᠤ ᠬᠤᠯᠪᠣᠭᠳᠠᠭᠰᠠᠨ ᠶᠠᠯᠠᠲᠤ ᠬᠡᠷᠡᠭ ᠢ ᠲᠥᠪᠯᠡᠷᠡᠭᠦᠯᠦᠨ ᠰᠢᠢᠳᠪᠦᠷᠢᠯᠡᠵᠦ᠂ ᠲᠥᠪᠯᠡᠷᠡᠭᠦᠯᠦᠨ | ᠵᠠᠭᠠᠯᠳᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ 5 ᠡᠷᠡᠭᠦᠦ ᠶᠢᠨ ᠬᠡᠷᠡᠭ 8 ᠬᠥᠮᠦᠨ ᠢ | ᠵᠠᠭᠠᠯᠳᠤᠵᠦ᠂ ᠰᠢᠭᠦᠨ ᠲᠠᠰᠤᠯᠠᠭᠰᠠᠨ ᠨᠢ ᠪᠦᠬᠦᠨ ᠢᠶᠠᠷ ᠢᠶᠠᠨ ᠬᠦᠴᠦᠨ ᠲᠠᠢ ᠪᠤᠯᠵᠤ᠂ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠬᠢ ᠳᠢᠭᠯᠢᠮ ᠤᠨ ᠲᠣᠭᠲᠠᠭᠤᠨ ᠢ | ᠪᠦᠲᠦᠮᠵᠢᠲᠡᠢ ᠬᠠᠮᠠᠭᠠᠯᠠᠪᠠ᠃ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠰᠢᠢᠳᠪᠦᠷᠢᠲᠦ ᠢᠯᠠᠯᠲᠠ ᠶᠢ | ᠤᠯᠪᠠ᠃ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ | ᠬᠢᠯᠢᠰᠳᠡᠭᠦᠯᠬᠦ ᠦᠭᠡᠢ ᠳᠤᠷ᠎ᠠ ᠪᠠᠷ ᠲᠠᠯᠪᠢᠬᠤ ᠦᠭᠡᠢ ᠪᠠᠶᠢᠬᠤ ᠶᠢ ᠪᠡᠶᠡᠯᠡᠭᠦᠯᠪᠡ᠃ ᠬᠠᠷᠭᠢᠰ ᠬᠦᠴᠦᠨ ᠤ ᠶᠠᠯᠠᠲᠤ | ᠪᠦᠯᠦᠭᠲᠡᠨ ᠼᠦᠢ ᠣᠪᠣᠭᠲᠤ ᠵᠡᠷᠭᠡ 31 ᠬᠥᠮᠦᠨ ᠳᠤ ᠬᠠᠤᠯᠢ ᠶᠣᠰᠣᠭᠠᠷ ᠠᠯᠪᠠᠨ ᠵᠠᠭᠠᠯᠳᠤᠯᠭ᠎ᠠ ᠬᠢᠵᠦ᠂ | ᠬᠤᠰᠢᠭᠤᠨ ᠤ ᠰᠢᠭᠦᠬᠦ ᠬᠤᠷᠢᠶ᠎ᠠ ᠨᠢᠭᠡᠨᠲᠡ ᠶᠠᠯ᠎ᠠ ᠲᠠᠢ ᠭᠡᠰᠡᠨ ᠲᠠᠰᠤᠯᠤᠯᠲᠠ ᠭᠠᠷᠭᠠᠪᠠ᠃ ︽ᠡᠳ᠋ ᠮᠥᠩᠭᠦᠨ ᠤ | ᠢᠷᠡᠯᠲᠡ ᠶᠢ ᠲᠠᠰᠤᠯᠬᠤ︾ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠭᠦᠬᠦ ᠬᠤᠷᠢᠶ᠎ᠠ᠂ ᠳᠣᠲᠣᠭᠠᠳᠤ ᠶᠢ | ᠬᠠᠮᠠᠭᠠᠯᠠᠬᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠪᠠ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ | ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠤ ᠠᠵᠤ ᠠᠬᠤᠶ ᠶᠢᠨ ᠰᠠᠭᠤᠷᠢ ᠶᠢ | ᠪᠤᠲᠠ ᠨᠢᠷᠭᠡᠬᠦ ᠶᠢ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ | ᠭᠦᠢᠴᠡᠳᠭᠡᠬᠦ ᠶᠢᠨ ᠴᠢᠬᠤᠯᠠ ᠠᠭᠤᠯᠭ᠎ᠠ ᠪᠣᠯᠭᠠᠵᠤ᠂ ᠬᠡᠷᠡᠭ ᠲᠤ ᠬᠤᠯᠪᠣᠭᠳᠠᠭᠰᠠᠨ ᠬᠥᠮᠦᠰ ᠢ ᠪᠠᠷᠢᠪᠴᠢᠯᠠᠬᠤ ᠪᠠ | ᠬᠡᠷᠡᠭ ᠲᠤ ᠬᠤᠯᠪᠣᠭᠳᠠᠭᠰᠠᠨ ᠡᠳ᠋ ᠬᠥᠷᠥᠩᠭᠡ ᠶᠢ ᠪᠠᠶᠢᠴᠠᠭᠠᠨ ᠲᠣᠳᠣᠯᠠᠬᠤ ᠶᠢ ᠵᠡᠷᠭᠡ ᠪᠠᠷ ᠶᠠᠪᠤᠭᠳᠠᠭᠤᠯᠬᠤ ᠶᠢ | ᠪᠠᠷᠢᠮᠲᠠᠯᠠᠵᠤ᠂ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠭᠦᠨ ᠠᠭᠤᠳᠠᠯᠬᠤ ᠪᠠ ᠠᠰᠢᠭ ᠲᠤᠰᠠ ᠶᠢᠨ ᠬᠡᠯᠬᠢᠶ᠎ᠡ ᠶᠢ | ᠭᠦᠨ ᠮᠠᠯᠲᠠᠬᠤ ᠶᠢ ᠢᠵᠢᠯ ᠴᠢᠭᠯᠡᠯ ᠢᠶᠠᠷ ᠬᠦᠴᠦᠯᠡᠵᠦ᠂ ᠬᠡᠷᠡᠭ ᠰᠢᠢᠳᠪᠦᠷᠢᠯᠡᠬᠦ ᠳᠤᠮᠳᠠ ᠬᠡᠷᠡᠭ ᠲᠤ | ᠬᠤᠯᠪᠣᠭᠳᠠᠭᠰᠠᠨ ᠡᠳ᠋ ᠬᠥᠷᠥᠩᠭᠡ ᠶᠢ ᠰᠢᠯᠵᠢᠭᠦᠯᠦᠨ ᠬᠦᠷᠭᠡᠬᠦ ᠪᠠ ᠵᠠᠭᠠᠯᠳᠤᠯᠠᠯ ᠢ ᠲᠦᠷᠭᠡᠳᠬᠡᠪᠡ᠃ | ᠬᠤᠳᠠᠯᠳᠤᠭ᠎ᠠ ᠡᠷᠬᠢᠯᠡᠬᠦ ᠣᠷᠴᠢᠨ ᠲᠤᠭᠤᠷᠢᠨ ᠢ ᠬᠠᠥᠯᠢ ᠪᠠᠷ ᠵᠠᠰᠠᠬᠤ ᠶᠢ ᠦᠷᠭᠦᠯᠵᠢᠯᠡᠨ ᠰᠢᠯᠢᠳᠡᠭᠵᠢᠭᠦᠯᠪᠡ᠃ | ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢ ᠪᠠᠶᠢᠴᠠᠭᠠᠬᠤ ᠪᠠᠶᠢᠭᠤᠯᠤᠯᠭ᠎ᠠ ᠳᠤ ᠰᠠᠨᠠᠭᠠᠴᠢᠯᠠᠭ᠎ᠠ ᠠᠴᠠ ᠪᠠᠨ ᠤᠷᠢᠵᠤ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯᠲᠠᠨ ᠤ ᠰᠠᠭᠤᠳᠠᠯ ᠤᠨ ᠬᠤᠷᠠᠯ᠂ ᠪᠠᠶᠢᠴᠠᠭᠠᠬᠤ ᠠᠵᠢᠯ ᠤᠨ ᠨᠡᠭᠡᠭᠡᠯᠲᠡ ᠶᠢᠨ ᠡᠳᠦᠷ | ᠵᠡᠷᠭᠡ ᠣᠯᠠᠨ ᠵᠦᠢᠯ ᠤᠨ ᠬᠡᠯᠪᠡᠷᠢ ᠪᠠᠷ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠲᠠᠢ ᠨᠢᠭᠤᠷᠳᠠᠨ | ᠰᠠᠨᠠᠯ ᠢᠶᠠᠨ ᠰᠣᠯᠢᠯᠴᠠᠵᠤ᠂ ᠠᠵᠤ ᠠᠬᠤᠶᠢᠯᠠᠯ ᠢ ᠬᠠᠪᠰᠤᠷᠤᠨ ᠡᠵᠡᠩᠨᠡᠯᠲᠡ ᠶᠢᠨ ᠬᠥᠭᠵᠢᠯᠲᠡ ᠳᠤᠮᠳᠠ | ᠲᠤᠯᠭᠠᠷᠠᠭᠰᠠᠨ ᠬᠦᠴᠢᠷ ᠠᠰᠠᠭᠤᠳᠠᠯ ᠢ ᠨᠢ ᠴᠢᠷᠮᠠᠶᠢᠨ ᠰᠢᠢᠳᠪᠦᠷᠢᠯᠡᠪᠡ᠃ ︽ᠭᠤᠷᠪᠠᠳᠤᠭᠠᠷ ᠲᠣᠭᠠᠲᠤ ᠪᠠᠶᠢᠴᠠᠭᠠᠬᠤ | ᠰᠠᠨᠠᠭᠤᠯᠭ᠎ᠠ︾ ᠶᠢ ᠢᠳᠡᠪᠬᠢᠲᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠣ᠂ ᠭᠡᠷ᠎ᠡ ᠪᠠᠷ ᠮᠡᠬᠡᠯᠡᠬᠦ ᠵᠡᠷᠭᠡ ᠵᠠᠬ᠎ᠠ | ᠳᠡᠯᠭᠡᠭᠦᠷ ᠤᠨ ᠡᠮᠬᠢ ᠵᠢᠷᠤᠮ ᠢ ᠡᠪᠳᠡᠭᠰᠡᠨ ᠶᠠᠯᠠᠲᠤ ᠠᠵᠢᠯᠯᠠᠭ᠎ᠠ ᠬᠢᠭᠰᠡᠨ 3 ᠬᠡᠷᠡᠭ 3 ᠬᠥᠮᠦᠨ ᠢ ᠲᠦᠷᠭᠡᠨ | ᠪᠠᠷᠢᠪᠴᠢᠯᠠᠵᠤ ᠲᠦᠷᠭᠡᠨ ᠵᠠᠭᠠᠯᠳᠤᠵᠤ᠂ ᠲᠠᠸᠠᠷ ᠤᠨ ᠲᠡᠮᠳᠡᠭᠲᠦ ᠶᠢᠨ ᠲᠤᠰᠬᠠᠢ ᠬᠡᠷᠡᠭᠯᠡᠬᠦ ᠡᠷᠬᠡ ᠳᠤ ᠬᠠᠯᠳᠠᠭᠰᠠᠨ᠂ | ᠲᠤᠰᠬᠠᠢ ᠠᠰᠢᠭ ᠤᠨ ᠡᠷᠬᠡ ᠳᠤ ᠬᠠᠯᠳᠠᠭᠰᠠᠨ ᠵᠡᠷᠭᠡ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠢᠨ᠎ᠡ ᠶᠢ | ᠡᠭᠦᠳᠬᠦ ᠬᠥᠭᠵᠢᠯᠲᠡ ᠶᠢ ᠡᠪᠳᠡᠭᠰᠡᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠶᠠᠯᠠᠲᠤ | ᠠᠵᠢᠯᠯᠠᠭ᠎ᠠ ᠬᠢᠭᠰᠡᠨ 1 ᠬᠡᠷᠡᠭ 1 ᠬᠥᠮᠦᠨ ᠢ ᠬᠦᠯᠢᠶᠡᠨ ᠠᠪᠴᠤ ᠬᠢᠨᠠᠨ ᠪᠠᠶᠢᠴᠠᠭᠠᠵᠤ ᠵᠠᠭᠠᠯᠳᠤᠨ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠳᠤ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠲᠤᠭᠤᠷᠢᠨ ᠢ | ᠡᠭᠦᠳᠴᠦ ᠦᠭᠪᠡ᠃ | ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠬᠢᠬᠦ ᠳᠤ ᠯᠠᠪᠳᠠᠭᠤᠨ ᠪᠠᠲᠤᠲᠠᠢ | ᠦᠢᠯᠡᠴᠢᠯᠡᠪᠡ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠡᠷᠬᠡ ᠰᠡᠳᠦᠪ ᠢ ᠰᠢᠢᠳᠪᠦᠷᠢᠯᠡᠬᠦ | ᠠᠵᠢᠯ ᠢ ᠢᠳᠡᠪᠬᠢᠲᠡᠢ ᠰᠠᠶᠢᠲᠤᠷ ᠬᠢᠵᠦ᠂ ᠪᠦᠬᠦ ᠵᠢᠯ ᠳᠤ ᠣᠯᠠᠨ ᠨᠡᠶᠢᠲᠡ ᠶᠢᠨ ᠬᠠᠳᠠᠭᠠᠯᠠᠮᠵᠢ ᠶᠢ ᠬᠠᠤᠯᠢ ᠪᠤᠰᠤ ᠪᠠᠷ | ᠲᠠᠲᠠᠭᠰᠠᠨ᠂ ᠪᠡᠯᠡ ᠮᠥᠩᠭᠦ ᠴᠤᠭᠯᠠᠭᠤᠯᠵᠤ ᠮᠡᠬᠡᠯᠡᠭᠰᠡᠨ ᠵᠡᠷᠭᠡ ᠮᠥᠩᠭᠦᠨ ᠭᠦᠢᠯᠭᠡᠭᠡᠨ ᠤ ᠶᠠᠯᠠᠲᠤ ᠠᠵᠢᠯᠯᠠᠭ᠎ᠠ | ᠬᠢᠭᠰᠡᠨ 6 ᠬᠡᠷᠡᠭ 7 ᠬᠥᠮᠦᠨ ᠢ ᠬᠠᠤᠯᠢ ᠶᠣᠰᠣᠭᠠᠷ ᠵᠠᠯᠬᠠᠭᠠᠨ ᠰᠢᠢᠳᠬᠡᠪᠡ ᠃ ᠣᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠡᠭᠦᠯ ᠬᠤᠷᠢᠶᠠᠬᠤ | ᠵᠢᠯ ᠤᠨ ᠪᠦᠷᠢᠨ ᠢᠯᠠᠯᠲᠠ ᠤᠯᠬᠤ ᠳᠤ ᠬᠦᠴᠦᠨ ᠨᠡᠮᠡᠷᠢᠯᠡᠵᠦ᠂ ᠬᠠᠪᠰᠤᠷᠤᠨ ᠲᠡᠳᠬᠦᠬᠦ ᠴᠡᠭ ᠪᠣᠯᠬᠤ ᠰᠢᠪᠠᠷᠲᠠᠢ | ᠭᠠᠴᠠᠭ᠎ᠠ᠂ ᠬᠥᠨᠳᠡᠯᠡᠨ ᠭᠠᠴᠠᠭ᠎ᠠ ᠶᠢᠨ ᠳᠠᠩᠰᠠᠯᠠᠨ ᠺᠠᠷᠲ᠋ᠠᠯᠠᠭᠰᠠᠨ ᠨᠡᠶᠢᠲᠡ 242 ᠡᠷᠦᠬᠡ ᠶᠢᠨ 652 ᠬᠥᠮᠦᠰ | ᠨᠢᠭᠡᠨᠲᠡ ᠶᠠᠳᠠᠭᠤ ᠠᠴᠠ ᠠᠩᠭᠢᠵᠢᠷᠠᠵᠤ᠂ ᠮᠠᠨ ᠤ ᠬᠤᠷᠢᠶ᠎ᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠠᠴᠠ ᠤᠯᠭᠤᠭᠰᠠᠨ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠪᠰᠤᠷᠤᠨ ᠲᠡᠳᠬᠦᠬᠦ | ᠠᠵᠢᠯ ᠤᠨ ᠲᠡᠷᠢᠭᠦᠨ ᠤ ᠨᠢᠭᠡᠴᠢ︾ ᠪᠠᠷ ᠦᠨᠡᠯᠡᠭᠳᠡᠪᠡ᠃ ᠠᠮᠢ ᠠᠬᠤᠢ ᠶᠢᠨ ᠣᠷᠴᠢᠨ ᠲᠤᠭᠤᠷᠢᠨ ᠤ | ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠵᠤ᠂ ᠠᠮᠢ ᠠᠬᠤᠢ ᠶᠢᠨ ᠣᠷᠴᠢᠨ ᠲᠤᠭᠤᠷᠢᠨ ᠤ ᠬᠦᠷᠢᠶᠡᠨ ᠳᠠᠬᠢ | ᠵᠠᠷᠭᠤ ᠠᠴᠠ ᠡᠮᠦᠨᠡᠬᠢ ᠪᠠᠶᠢᠴᠠᠭᠠᠬᠤ ᠰᠠᠨᠠᠭᠤᠯᠭ᠎ᠠ ᠶᠢ 67 ᠬᠤᠪᠢ ᠭᠠᠷᠭᠠᠵᠤ᠂ ᠣᠷᠣᠰᠢᠨ ᠰᠠᠭᠤᠬᠤ ᠣᠷᠴᠢᠨ | ᠨᠥᠬᠦᠴᠡᠯ ᠢ ᠴᠡᠭᠴᠡᠯᠡᠨ ᠵᠠᠰᠠᠬᠤ ᠨᠡᠶᠢᠲᠡ ᠶᠢᠨ ᠠᠰᠠᠷᠠᠮᠵᠢ ᠶᠢᠨ ᠵᠠᠷᠭᠤ ᠳᠤ ᠲᠤᠰᠬᠠᠢ ᠬᠢᠨᠠᠯᠲᠠ ᠲᠠᠯᠪᠢᠬᠤ | ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠰᠢᠪᠠᠳᠠᠵᠤ ᠪᠠᠶᠢᠭᠠᠳ | ᠪᠣᠬᠢᠷ ᠤᠰᠤ᠂ ᠬᠠᠶᠠᠭᠳᠠᠮᠠᠯ ᠬᠡᠢ᠂ ᠠᠮᠢᠳᠤᠷᠠᠯ ᠤᠨ ᠬᠤᠭ ᠨᠣᠪᠰᠢ ᠵᠡᠷᠭᠡ ᠶᠢ ᠶᠡᠷᠦᠩᠬᠡᠶᠢᠯᠡᠨ ᠵᠠᠰᠠᠵᠤ᠂ ᠣᠷᠣᠰᠢᠨ | ᠰᠠᠭᠤᠬᠤ ᠪᠠ ᠠᠮᠢ ᠠᠬᠤᠢ ᠶᠢᠨ ᠣᠷᠴᠢᠨ ᠲᠤᠭᠤᠷᠢᠨ ᠢ ᠰᠠᠶᠢᠵᠢᠷᠠᠭᠤᠯᠬᠤ ᠳᠤ ᠬᠦᠴᠦᠨ ᠨᠡᠮᠡᠷᠢᠯᠡᠪᠡ᠃ | ᠬᠤᠶᠠᠷ ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠡᠶᠢᠭᠡᠮ ᠤᠨ ᠵᠠᠰᠠᠯᠲᠠ ᠳᠤᠮᠳᠠ | ᠪᠠᠶᠢᠴᠠᠭᠠᠬᠤ ᠠᠵᠢᠯ ᠤᠨ ᠡᠭᠦᠷᠭᠡᠯᠡᠯ ᠢᠶᠠᠨ ᠢᠯᠡᠷᠡᠭᠦᠯᠵᠡᠢ | ᠠᠮᠤᠷ ᠠᠮᠤᠭᠤᠯᠠᠩ ᠡᠮᠦᠨᠡᠲᠦ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠪᠠ᠃ | ᠦᠨᠳᠦᠰᠦᠨ ᠬᠠᠤᠯᠢ᠂ ᠬᠠᠤᠯᠢ ᠴᠠᠭᠠᠵᠠ ᠠᠴᠠ ᠣᠯᠭᠤᠭᠰᠠᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠡᠭᠦᠷᠭᠡ | ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠠᠷᠠᠳ ᠢᠷᠭᠡᠳ ᠤᠨ ᠪᠡᠶ᠎ᠡ ᠮᠠᠬᠠᠪᠣᠳ ᠡᠳ᠋ ᠬᠦᠷᠦᠩᠭᠡ ᠶᠢᠨ | ᠠᠮᠤᠷ ᠲᠦᠪᠰᠢᠨ ᠢ ᠪᠠᠲᠤᠯᠠᠵᠤ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠵᠠᠢ᠃ ᠪᠥᠬᠦ ᠵᠢᠯ ᠳᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠪᠠᠷᠢᠪᠴᠢᠯᠠᠬᠤ ᠶᠢ | ᠵᠥᠪᠰᠢᠶᠡᠷᠡᠭᠦᠯᠬᠦ ᠪᠠᠷ ᠳᠡᠪᠰᠢᠭᠦᠯᠦᠭᠰᠡᠨ 87 ᠬᠡᠷᠡᠭ 127 ᠬᠥᠮᠦᠨ ᠢ ᠭᠥᠯᠢᠶᠡᠨ ᠠᠪᠴᠤ ᠰᠢᠢᠳᠪᠦᠷᠢᠯᠡᠵᠦ᠂ 70 | ᠬᠡᠷᠡᠭ 98 ᠬᠥᠮᠦᠨ ᠢ ᠪᠠᠷᠢᠪᠴᠢᠯᠠᠬᠤ ᠶᠢ ᠵᠥᠪᠰᠢᠶᠡᠷᠡᠵᠦ᠂ 15 ᠬᠡᠷᠡᠭ 26 ᠬᠥᠮᠦᠨ ᠢ ᠪᠠᠷᠢᠪᠴᠢᠯᠠᠬᠤ ᠶᠢ ᠥᠯᠥ | ᠵᠥᠪᠰᠢᠶᠡᠷᠡᠵᠦ᠂ ᠵᠢᠯ ᠤᠨ ᠡᠴᠦᠰ ᠪᠤᠯᠲᠠᠯ᠎ᠡ ᠳᠠᠭᠤᠰᠬᠠᠵᠤ ᠳᠡᠶᠢᠯᠦᠭᠡ ᠦᠭᠡᠢ 2 ᠬᠡᠷᠡᠭ 3 ᠬᠥᠮᠦᠨ ᠪᠤᠢ᠃ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠨ | ᠪᠠᠶᠢᠴᠠᠭᠠᠯᠭᠠᠵᠤ ᠵᠠᠭᠠᠯᠳᠤᠭᠤᠯᠬᠤ ᠪᠠᠷ ᠰᠢᠯᠵᠢᠭᠦᠯᠦᠨ ᠬᠦᠷᠭᠡᠭᠰᠡᠨ 424 ᠬᠡᠷᠡᠭ 515 ᠬᠥᠮᠦᠨ ᠢ ᠬᠦᠯᠢᠶᠠᠨ | ᠠᠪᠴᠤ ᠰᠢᠢᠳᠪᠦᠷᠢᠯᠡᠨ᠂ 358 ᠬᠡᠷᠡᠭ 430 ᠬᠥᠮᠦᠨ ᠳᠤ ᠠᠯᠪᠠᠨ ᠵᠠᠭᠠᠯᠳᠤᠯᠭ᠎ᠠ ᠬᠢᠵᠦ᠂ 34 ᠬᠡᠷᠡᠭ 42 | ᠬᠥᠮᠦᠨ ᠢ ᠦᠯᠦ ᠵᠠᠭᠠᠯᠳᠤᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ 10 ᠬᠡᠷᠡᠭ 14 ᠬᠥᠮᠦᠨ ᠤ ᠪᠤᠴᠠᠭᠠᠨ | ᠠᠪᠠᠴᠢᠵᠦ᠂ 1 ᠬᠡᠷᠡᠭ 1 ᠬᠥᠮᠦᠨ ᠢ ᠬᠠᠷᠢᠶᠠᠯᠠᠯ ᠢ ᠨᠢ ᠬᠤᠪᠢᠷᠠᠭᠤᠯᠪᠠ᠃ | ᠨᠠᠰᠤᠨ ᠳᠤ ᠦᠯᠦ ᠬᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠯᠠᠮᠵᠢᠯᠠᠪᠠ᠃ ︽ᠬᠠᠤᠯᠢ ᠪᠠᠷ | ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ︽ᠬᠠᠤᠯᠢ ᠪᠠᠷ ᠵᠠᠰᠠᠬᠤ ᠶᠢ ᠬᠥᠳᠡᠭᠡ ᠲᠣᠰᠬᠤᠨ ᠳᠤ | ᠣᠷᠣᠭᠤᠯᠬᠤ︾ ᠵᠡᠷᠭᠡ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ ᠨᠢᠭᠡᠳᠦᠭᠡᠷ ᠨᠤᠮᠧᠷᠲᠤ ᠪᠠᠶᠢᠴᠠᠭᠠᠬᠤ | ᠰᠠᠨᠠᠭᠤᠯᠭ᠎ᠠ︾ ᠶᠢᠨ ᠨᠠᠶᠢᠳᠠᠪᠤᠷᠢᠵᠢᠭᠤᠯᠤᠯᠲᠠ ᠶᠢ ᠮᠥᠷᠳᠡᠨ ᠬᠢᠨᠠᠯᠲᠠ ᠲᠠᠯᠪᠢᠵᠤ᠂ ᠨᠠᠰᠤᠨ ᠳᠤ ᠦᠯᠦ | ᠬᠦᠷᠦᠭᠰᠡᠳ ᠲᠤ ᠬᠢᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠰᠢᠢᠳᠬᠡᠪᠡ᠃ ︽ᠤᠶᠤᠨᠴᠢᠯᠠᠭᠰᠠᠨ ᠨᠠᠰᠠᠤᠨ ᠳᠤ ᠦᠯᠦ | ᠬᠦᠷᠦᠭᠰᠡᠳ ᠤᠨ ᠪᠠᠶᠢᠴᠠᠭᠠᠬᠤ ᠠᠵᠢᠯ︾ ᠤᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠰᠦᠯᠵᠢᠶᠡᠨ ᠤ ᠰᠢᠭᠤᠳ | ᠨᠡᠪᠲᠡᠷᠡᠭᠦᠯᠭᠡ ᠶᠢᠨ ᠬᠢᠴᠢᠶᠡᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠂ ᠨᠠᠰᠤᠨ ᠳᠤ ᠥᠯᠥ | ᠭᠦᠷᠦᠭᠰᠡᠳ ᠲᠤ ᠪᠡᠶᠡᠲᠦ ᠮᠠᠶ᠋ᠢᠭ ᠤᠨ᠂ ᠨᠡᠪᠴᠢᠮᠡᠯ ᠮᠠᠶ᠋ᠢᠭ ᠤᠨ ᠬᠠᠤᠯᠢ ᠪᠠᠷ ᠵᠠᠰᠠᠬᠤ ᠬᠥᠮᠦᠵᠢᠯ ᠪᠠ ᠬᠠᠤᠯᠢ | ᠴᠠᠭᠠᠵᠠ ᠶᠢᠨ ᠦᠢᠯᠡᠴᠢᠯᠡᠭᠡ ᠬᠦᠷᠲᠡᠭᠡᠵᠡᠢ᠃ ︽ᠡᠵᠢ ᠢᠨᠵᠧᠨᠧᠷᠢᠩ︾ ᠢ ᠡᠬᠢᠯᠡᠭᠦᠯᠵᠦ᠂ ᠵᠠᠯᠠᠭᠤᠴᠤᠳ ᠪᠠᠭᠠᠴᠤᠳ | ᠤᠨ ᠶᠠᠯ᠎ᠠ ᠬᠢᠬᠦ ᠶᠢ ᠰᠡᠷᠭᠡᠶᠢᠯᠡᠬᠦ ᠠᠵᠢᠯ ᠢ ᠤᠷᠢᠳᠴᠢᠯᠠᠵᠤ᠂ ᠮᠠᠯᠵᠢᠬᠤ ᠲᠠᠷᠢᠶᠠᠯᠠᠬᠤ ᠣᠷᠣᠨ ᠤ ᠨᠠᠰᠤᠨ ᠳᠤ ᠥᠯᠥ | ᠭᠦᠷᠦᠭᠰᠡᠳ ᠤᠨ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠠᠵᠢᠯ ᠢ ᠬᠦᠴᠦᠯᠡᠨ ᠠᠬᠢᠭᠤᠯᠪᠠ᠃ ︽ᠬᠠᠪᠤᠷ ᠤᠨ | ᠬᠤᠷ᠎ᠠ ᠠᠵᠢᠯᠯᠠᠭ᠎ᠠ︾ ᠶᠢ ᠢᠳᠡᠪᠬᠢᠲᠡᠶ ᠥᠷᠨᠢᠭᠦᠯᠵᠦ᠂ ᠵᠡᠮᠳᠡᠭ ᠬᠡᠤᠬᠡᠳ ᠲᠤ ᠬᠠᠤᠯᠢ ᠴᠠᠭᠠᠵᠠ ᠶᠢᠨ ᠬᠠᠮᠠᠭᠠᠯᠠᠯᠲᠠ᠂ | ᠪᠠᠶᠢᠴᠠᠭᠠᠬᠤ ᠦᠢᠯᠡᠴᠢᠯᠡᠭᠡ᠂ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ᠂ ᠬᠠᠤᠯᠢ ᠴᠠᠭᠠᠵᠠ ᠶᠢᠨ ᠲᠤᠰᠠᠯᠠᠮᠵᠢ | ᠵᠡᠷᠭᠡ ᠠᠷᠭ᠎ᠠ ᠬᠡᠯᠪᠡᠷᠢ ᠪᠠᠷ ᠵᠡᠮᠳᠡᠭ ᠬᠡᠤᠬᠡᠳ ᠲᠤ ᠰᠢᠨ᠎ᠡ ᠬᠦᠰᠡᠯ ᠡᠷᠡᠮᠡᠯᠵᠡᠯ ᠣᠯᠭᠤᠪᠠ᠃ ᠶᠠᠯ᠎ᠠ ᠳᠤ | ᠬᠤᠯᠪᠣᠭᠳᠠᠭᠰᠠᠨ ᠨᠠᠰᠤᠨ ᠳᠤ ᠥᠯᠥ ᠬᠦᠷᠦᠭᠰᠡᠳ ᠢ ᠬᠠᠪᠰᠤᠷᠤᠨ ᠰᠤᠷᠭᠠᠬᠤ ᠵᠢᠴᠢ ᠨᠠᠰᠤᠨ ᠳᠤ ᠥᠯᠥ ᠬᠦᠷᠦᠭᠰᠡᠨ | ᠬᠤᠬᠢᠷᠠᠭᠴᠢᠳ ᠢ ᠠᠪᠤᠷᠠᠨ ᠲᠤᠰᠠᠯᠠᠬᠤ ᠵᠡᠷᠭᠡ ᠳᠦᠷᠢᠮ ᠢ ᠰᠦᠪᠡᠭᠴᠢᠯᠡᠨ ᠪᠠᠶᠢᠭᠤᠯᠵᠤ᠂ ᠨᠥᠬᠦᠴᠡᠯ ᠲᠠᠢ ᠪᠠᠷ ᠥᠯᠥ | ᠵᠠᠭᠠᠯᠳᠤᠬᠤ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠶᠠᠯ᠎ᠠ ᠳᠤ ᠬᠤᠯᠪᠣᠭᠳᠠᠭᠰᠠᠨ ᠨᠠᠰᠤᠨ ᠳᠤ ᠥᠯᠥ ᠬᠦᠷᠦᠭᠰᠡᠳ ᠤᠨ | ᠨᠡᠶᠢᠭᠡᠮ ᠳᠡᠭᠡᠷ᠎ᠡ ᠭᠠᠷᠴᠦ ᠡᠷᠡᠭᠦᠯ ᠢᠶᠠᠷ ᠦᠰᠦᠨ ᠪᠤᠶᠢᠵᠢᠬᠤ ᠶᠢ ᠦᠨᠡᠨᠬᠦ ᠪᠠᠲᠤᠯᠠᠪᠠ᠃ ᠪᠦᠬᠦ ᠵᠢᠯ ᠳᠤ ᠨᠠᠰᠤᠨ ᠳᠤ | ᠦᠯᠦ ᠬᠦᠷᠦᠭᠰᠡᠳ ᠲᠤ ᠬᠤᠯᠪᠣᠭᠳᠠᠭᠰᠠᠨ 7 ᠡᠷᠡᠭᠦᠦ ᠶᠢᠨ ᠬᠡᠷᠡᠭ 8 ᠬᠥᠮᠦᠨ ᠢ ᠰᠢᠳᠭᠡᠵᠦ᠂ ᠨᠠᠰᠤᠨ ᠳᠤ ᠦᠯᠦ | ᠬᠦᠷᠦᠭᠰᠡᠳ 3 ᠬᠥᠮᠦᠨ ᠢ ᠠᠪᠤᠷᠠᠨ ᠲᠤᠰᠠᠯᠠᠵᠤ᠂ 5.5 ᠲᠦᠮᠡᠨ ᠲᠥᠭᠦᠷᠢᠭ ᠤᠨ ᠬᠠᠤᠯᠢ ᠴᠠᠭᠠᠵᠠ ᠶᠢᠨ ᠠᠪᠤᠷᠠᠨ | ᠲᠤᠰᠠᠯᠠᠬᠤ ᠮᠥᠩᠭᠦ ᠲᠠᠷᠬᠠᠭᠠᠪᠠ᠃ | ᠨᠡᠶᠢᠭᠡᠮ ᠤᠨ ᠵᠠᠰᠠᠯᠲᠠ ᠳᠤ ᠪᠦᠬᠦ ᠲᠠᠯ᠎ᠠ ᠪᠠᠷ ᠣᠷᠣᠯᠴᠠᠵᠠᠢ᠃ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠪᠠ | ᠵᠥᠷᠢᠴᠡᠯ ᠢ ᠠᠷᠢᠯᠭᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠰᠡᠳᠬᠢᠬᠦᠢ ᠶᠢ | ᠭᠦᠢᠴᠡᠳ ᠬᠡᠷᠡᠭᠯᠡᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠪᠡ᠃ ᠬᠠᠤᠯᠢ ᠴᠠᠭᠠᠵᠠ ᠶᠢᠨ | ᠠᠪᠤᠷᠠᠨ ᠲᠤᠰᠠᠯᠠᠬᠤ ᠠᠵᠢᠯ ᠢ ᠭᠦᠨᠵᠡᠭᠡᠶᠢᠷᠡᠭᠦᠯᠵᠦ᠂ ᠣᠯᠠᠨ ᠡᠰᠢᠵᠢᠭᠰᠡᠨ᠂ ᠶᠡᠷᠦᠩᠬᠡᠶᠢᠯᠡᠭᠰᠡᠨ ᠴᠢᠨᠠᠷᠲᠠᠶ ᠠᠪᠤᠷᠠᠨ | ᠲᠤᠰᠠᠯᠠᠬᠤ ᠪᠠᠶᠢᠷᠢᠰᠢᠯ ᠢ ᠢᠳᠡᠪᠬᠢᠲᠡᠶ ᠪᠠᠶᠢᠭᠤᠯᠵᠤ᠂ ᠪᠥᠬᠦ ᠵᠢᠯ ᠳᠤ ᠬᠠᠤᠯᠢ ᠴᠠᠭᠠᠵᠠ ᠶᠢᠨ ᠠᠪᠤᠷᠠᠨ ᠲᠤᠰᠠᠯᠠᠬᠤ | ᠬᠡᠷᠡᠭ ᠢ ᠨᠡᠶᠢᠲᠡ 7 ᠬᠡᠷᠡᠭ 10 ᠬᠥᠮᠦᠨ ᠢ ᠭᠦᠢᠴᠡᠳᠭᠡᠵᠦ᠂ 5 ᠬᠥᠮᠦᠨ ᠨᠢ ᠣᠨᠢᠨ ᠳᠡᠭᠡᠷ᠎ᠡ ᠨᠢ ᠶᠠᠳᠠᠭᠤ ᠶᠢ | ᠲᠡᠳᠬᠦᠵᠦ ᠳᠠᠩᠰᠠᠯᠠᠨ ᠺᠠᠷᠲ᠋ᠠᠯᠠᠭᠰᠠᠨ ᠡᠷᠦᠬᠡ ᠪᠠᠶᠢᠵᠤ᠂ ᠬᠠᠥᠯᠢ ᠴᠠᠭᠠᠵᠠ ᠶᠢᠨ ᠠᠪᠤᠷᠠᠨ ᠲᠤᠰᠠᠯᠠᠬᠤ ᠮᠦᠩᠬᠦ | ᠨᠡᠶᠢᠲᠡ 17.5 ᠲᠦᠮᠡᠨ ᠲᠥᠭᠦᠷᠢᠭ ᠲᠤ ᠬᠦᠷᠴᠦ ᠂ ᠬᠠᠤᠯᠢ ᠴᠠᠭᠠᠵᠠ ᠪᠠᠷ ᠠᠪᠤᠷᠠᠨ ᠲᠤᠰᠠᠯᠠᠬᠤ ᠪᠠ ᠨᠠᠷᠢᠯᠢᠭ | ᠤᠨᠤᠪᠴᠢᠳᠠᠢ ᠪᠠᠷ ᠶᠠᠳᠠᠭᠤ ᠶᠢ ᠲᠡᠳᠬᠦᠬᠦ ᠶᠢ ᠣᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠭᠦᠯᠪᠡ᠃ ︽ᠬᠢᠩᠭᠠᠨ | ᠤ ᠬᠠᠪᠤᠷ︾ ᠪᠠᠶᠢᠴᠠᠭᠠᠬᠤ ᠠᠵᠢᠯ ᠤᠨ ᠲᠠᠰᠤᠬ ᠤᠨ ᠬᠠᠯᠠᠭᠤᠮᠰᠤᠭ ᠢᠶᠠᠷ ᠤᠭᠲᠤᠨ ᠠᠪᠴᠤ᠂ ᠬᠠᠯᠭᠤᠮᠰᠤᠭ ᠪᠠᠷ | ᠡᠷᠬᠡ ᠪᠠᠨ ᠬᠠᠮᠠᠭᠠᠯᠠᠵᠤ᠂ ᠬᠠᠤᠯᠢ ᠶᠢ ᠬᠠᠯᠠᠭᠤᠮᠰᠤᠭ ᠢᠶᠠᠷ ᠲᠠᠶᠢᠯᠪᠤᠷᠢᠯᠠᠵᠤ᠂ ᠬᠠᠯᠠᠭᠤᠮᠰᠤᠭ ᠢᠶᠠᠷ ᠬᠠᠤᠯᠢ ᠶᠢ | ᠬᠠᠮᠠᠭᠠᠯᠠᠬᠤ ︽ᠲᠦᠷᠪᠡᠨᠬᠠᠯᠠᠭᠤᠮᠰᠤᠭ︾ ᠤᠨ ᠠᠵᠢᠯ ᠤᠨ ᠣᠶᠢᠯᠠᠭᠠᠭᠳᠠᠬᠤᠨ ᠢ ᠪᠠᠷᠢᠮᠲᠠᠯᠠᠵᠤ᠂《 ᠣᠯᠠᠨ ᠲᠦᠮᠡᠨ | ᠤ ᠢᠷᠡᠭᠦᠯᠦᠭᠰᠡᠨ ᠵᠠᠬᠢᠳᠠᠯ ᠳᠤ ᠬᠠᠷᠢᠭᠤ ᠥᠭᠬᠦ 》ᠲᠦᠷᠢᠮ ᠢ ᠦᠨᠡᠨ ᠰᠡᠳᠬᠢᠯ ᠠᠴᠠ ᠪᠠᠨ ᠨᠠᠶᠢᠳᠠᠪᠤᠷᠢᠵᠢᠭᠤᠯᠤᠨ ᠂ | ︽ᠠᠩᠬ᠎ᠠ ᠰᠢᠢᠳᠪᠦᠷᠢᠯᠡᠬᠦ ᠬᠠᠷᠢᠭᠤᠴᠠᠯᠭ᠎ᠠ ᠶᠢᠨ ᠲᠦᠷᠢᠮ᠂ ᠬᠠᠷᠢᠭᠤ ᠥᠭᠬᠦ ᠳᠦᠷᠢᠮᠵᠢᠯ ᠤᠨ ᠲᠦᠷᠢᠮ᠂ ᠵᠠᠳᠠᠯᠤᠨ | ᠰᠢᠨᠵᠢᠯᠡᠵᠦ ᠰᠤᠳᠤᠯᠤᠨ ᠮᠠᠭᠠᠳᠯᠠᠬᠤ ᠲᠦᠷᠢᠮ︾ ᠤᠨ ᠭᠤᠷᠪᠠᠨ ᠵᠦᠢᠯ ᠤᠨ ᠲᠦᠷᠢᠮ ᠠᠷᠭ᠎ᠠ ᠬᠡᠮᠵᠢᠶ᠎ᠡ ᠶᠢ | ᠠᠪᠴᠤ᠂ ᠤᠯᠠᠨ ᠲᠦᠮᠡᠨ ᠤ ︽ ᠵᠠᠭᠠᠯᠳᠤᠯᠭ᠎ᠠ ᠶᠢᠨ ᠶᠠᠳᠠᠷᠠᠭ᠎ᠠ︾ ᠶᠢ ᠬᠠᠮᠤᠭ ᠤᠨ ᠶᠡᠭᠡ ᠬᠡᠮᠵᠢᠶ᠎ᠡ ᠪᠠᠷ | ᠬᠥᠩᠭᠡᠷᠡᠭᠦᠯᠵᠦ᠂ ᠳᠠᠪᠬᠤᠷᠳᠠᠭᠰᠠᠨ ᠵᠠᠬᠢᠳᠠᠯ ᠰᠤᠷᠪᠤᠯᠵᠢᠯᠠᠭ᠎ᠠ ᠶᠢ ᠪᠠᠭᠠᠰᠬᠠᠵᠤ᠂ ᠪᠦᠬᠦ ᠵᠢᠯ ᠳᠡᠭᠡᠨ ᠤᠯᠠᠨ | ᠲᠦᠮᠡᠨ ᠤ ᠵᠠᠬᠢᠳᠠᠯ ᠰᠤᠷᠪᠤᠯᠵᠢᠯᠠᠭ᠎ᠠ ᠤᠲᠠᠰᠤ ᠢᠷᠡᠭᠦᠯᠦᠭᠴᠢ ᠶᠢ ᠨᠡᠶᠢᠳᠡ 78 ᠬᠤᠪᠢ ᠤᠳᠠᠭ᠎ᠠ ᠬᠦᠯᠢᠶᠡᠨ | ᠠᠪᠴᠤ᠂ ᠵᠠᠭᠠᠯᠳᠤᠬᠤ ᠲᠥᠷᠥᠯ ᠤᠨ ᠵᠠᠬᠢᠳᠠᠯ ᠰᠤᠷᠪᠤᠯᠵᠢᠯᠠᠭ᠎ᠠ ᠶᠢᠨ 1 ᠬᠡᠷᠡᠭ ᠬᠦᠯᠢᠶᠡᠠ ᠠᠪᠴᠤ ᠰᠢᠶᠳᠪᠦᠷᠢᠯᠡᠨ᠂ | ᠠᠯᠤᠰ ᠤᠨ ᠵᠠᠬᠢᠳᠠᠯ ᠰᠤᠷᠪᠤᠯᠵᠢᠯᠠᠭ᠎ᠠ ᠶᠢ 7 ᠤᠳᠠᠭ᠎ᠠ ᠬᠦᠯᠢᠶᠡᠨ ᠠᠪᠴᠤ᠂ 180 ᠭᠠᠷᠤᠢ ᠤᠳᠠᠭᠠᠨ ᠤ ᠬᠠᠤᠯᠢ | ᠴᠠᠭᠠᠵᠠ ᠶᠢᠨ ᠯᠠᠪᠯᠠᠭ᠎ᠠ ᠳᠤ ᠬᠠᠷᠢᠭᠤᠯᠲᠠ ᠥᠭᠪᠡ᠃ | ᠭᠤᠷᠪᠠ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠪ | ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠳᠤᠮᠳᠠ ᠪᠠᠶᠢᠴᠠᠭᠠᠬᠤ ᠬᠢᠨᠠᠯᠲᠠ ᠶᠢ ᠴᠢᠩᠭᠠᠳᠬᠠᠬᠵᠠᠢ | ᠡᠷᠡᠭᠦᠦ ᠶᠢᠨ ᠬᠡᠷᠡᠭ ᠤᠨ ᠪᠠᠶᠢᠴᠠᠭᠠᠬᠤ ᠬᠢᠨᠠᠯᠲᠠ ᠶᠢ ᠦᠷᠭᠦᠯᠵᠢᠯᠡᠨ ᠴᠢᠩᠭᠠᠳᠬᠠᠪᠠ᠃ ᠪᠠᠶᠢᠭ᠎ᠠ ᠬᠡᠷᠡᠭ ᠢ | ᠳᠠᠩᠰᠠᠯᠠᠬᠤ ᠦᠭᠡᠢ᠂ ᠶᠠᠯ᠎ᠠ ᠲᠠᠢ ᠪᠠᠶᠢᠲᠠᠯ᠎ᠠ ᠨᠡᠬᠡᠮᠵᠢᠯᠡᠬᠦ ᠦᠭᠡᠢ ᠪᠠᠶᠢᠬᠤ ᠶᠢ ᠵᠠᠯᠠᠷᠠᠭᠤᠯᠬᠤ ᠪᠠᠷ ᠭᠤᠣᠯᠳᠠᠯᠭ᠎ᠠ | ᠪᠣᠯᠭᠠᠨ᠂ ᠡᠷᠡᠭᠦᠦ ᠶᠢᠨ ᠬᠡᠷᠡᠭ ᠤᠨ ᠬᠡᠷᠡᠭ ᠪᠣᠯᠭᠠᠨ ᠳᠠᠩᠰᠠᠯᠠᠬᠤ ᠳᠤ ᠬᠢᠨᠠᠯᠲᠠ ᠲᠠᠯᠪᠢᠬᠤ ᠠᠵᠢᠯ ᠢᠶᠠᠨ | ᠴᠢᠩᠭᠠᠳᠬᠠᠵᠤ᠂ 2 ᠬᠡᠷᠡᠭ 2 ᠬᠥᠮᠦᠨ ᠢ ᠬᠡᠷᠡᠭ ᠪᠣᠯᠭᠠᠨ ᠳᠠᠩᠰᠠᠯᠠᠬᠤ ᠳᠤ ᠬᠠᠤᠯᠢ ᠶᠣᠰᠣᠭᠠᠷ ᠬᠢᠨᠠᠯᠲᠠ ᠲᠠᠯᠪᠢᠵᠤ᠂ | 1 ᠬᠡᠷᠡᠭ 1 ᠬᠥᠮᠦᠨ ᠤ ᠬᠡᠷᠡᠭ ᠢ ᠪᠤᠴᠠᠭᠠᠬᠤ ᠳᠤ ᠬᠢᠨᠠᠯᠲᠠ ᠲᠠᠯᠪᠢᠪᠠ᠃ ᠪᠤᠷᠤᠭᠤ ᠪᠠᠷᠢᠪᠴᠢᠯᠠᠵᠤ ᠪᠤᠷᠤᠭᠤ | ᠵᠠᠭᠠᠯᠳᠤᠬᠤ᠂ ᠣᠷᠬᠢᠭᠳᠠᠭᠤᠯᠤᠨ ᠪᠠᠷᠢᠪᠴᠢᠯᠠᠵᠤ ᠣᠷᠬᠢᠭᠳᠠᠭᠤᠯᠤᠨ ᠵᠠᠭᠠᠯᠳᠤᠬᠤ ᠶᠢ ᠰᠡᠷᠭᠡᠶᠢᠯᠡᠬᠦ ᠪᠠᠷ ᠭᠤᠤᠯᠳᠠᠯᠭ᠎ᠠ | ᠪᠣᠯᠭᠠᠵᠤ᠂ ᠲᠤᠷᠰᠢᠨ ᠪᠠᠶᠢᠴᠠᠭᠠᠯᠲᠠ ᠳᠤ ᠬᠢᠨᠠᠯᠲᠠ ᠲᠠᠯᠪᠢᠬᠤ ᠠᠵᠢᠯ ᠢ ᠴᠢᠩᠭᠠᠳᠬᠠᠵᠤ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ 1 ᠬᠥᠮᠦᠨ ᠢ ᠣᠷᠬᠢᠭᠳᠠᠭᠤᠯᠤᠨ ᠪᠠᠷᠢᠪᠴᠢᠯᠡᠭᠰᠠᠨ ᠢ ᠵᠠᠯᠠᠷᠠᠭᠤᠯᠵᠤ᠂ 20 ᠬᠥᠮᠦᠨ ᠢ | ᠨᠡᠬᠡᠮᠵᠢᠯᠡᠨ ᠵᠠᠭᠠᠯᠳᠤᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠷᠰᠢᠨ ᠪᠠᠶᠢᠴᠠᠭᠠᠬᠤ ᠠᠵᠢᠯᠯᠠᠭ᠎ᠠ ᠶᠢᠨ | ᠬᠠᠤᠯᠢ ᠠᠴᠠ ᠵᠥᠷᠢᠴᠡᠭᠰᠡᠨ ᠪᠠᠶᠢᠳᠠᠯ ᠳᠤ ᠴᠢᠭᠯᠡᠭᠦᠯᠦᠨ 6 ᠬᠡᠷᠡᠭ ᠢ ᠪᠢᠴᠢᠭ ᠤᠨ ᠬᠡᠯᠪᠡᠷᠢ ᠪᠠᠷ ᠵᠠᠯᠠᠷᠠᠭᠤᠯᠪᠠ᠃ | ᠡᠷᠡᠭᠦᠦ ᠶᠢᠨ ᠬᠡᠷᠡᠭ ᠤᠨ ᠰᠢᠭᠦᠨ ᠲᠠᠰᠤᠯᠤᠯᠲᠠ ᠳᠤ ᠬᠢᠨᠠᠯᠲᠠ ᠲᠠᠯᠪᠢᠬᠤ ᠠᠵᠢᠯ ᠢ ᠴᠢᠩᠭᠠᠳᠬᠠᠵᠤ᠂ 6 ᠬᠤᠪᠢ | ᠡᠰᠡᠷᠭᠦᠴᠡᠨ ᠵᠠᠭᠠᠯᠳᠤᠬᠤ ᠰᠠᠨᠠᠯ ᠳᠤᠷᠠᠳᠴᠤ᠂ ᠳᠡᠭᠡᠷ᠎ᠡ ᠱᠠᠲᠤᠨ ᠤ ᠬᠤᠪᠢᠶᠠᠷᠢ ᠬᠤᠷᠢᠶ᠎ᠠ 1 ᠬᠤᠪᠢ ᠡᠰᠡᠷᠭᠦᠴᠡᠨ | ᠵᠠᠭᠠᠯᠳᠤᠬᠤ ᠰᠠᠨᠠᠯ ᠢ ᠬᠦᠯᠢᠶᠡᠨ ᠠᠪᠤᠪᠠ᠃ ᠡᠷᠡᠭᠦᠦ ᠶᠢᠨ ᠬᠡᠷᠡᠭ ᠤᠨ ᠭᠦᠢᠴᠡᠳᠬᠡᠯᠲᠡ ᠳᠤ ᠬᠢᠨᠠᠯᠲᠠ ᠲᠠᠯᠪᠢᠬᠤ | ᠠᠵᠢᠯ ᠢ ᠴᠢᠩᠭᠠᠳᠬᠠᠵᠤ᠂ ᠬᠢᠨᠠᠨ ᠬᠠᠮᠢᠶᠠᠷᠬᠤ ᠪᠠᠶᠢᠭᠤᠯᠭ᠎ᠠ ᠶᠢᠨ ᠬᠠᠤᠯᠢ ᠶᠢ ᠵᠥᠷᠢᠴᠡᠭᠰᠡᠨ ᠪᠠᠶᠢᠳᠠᠯ ᠳᠤ | ᠴᠢᠭᠯᠡᠭᠦᠯᠦᠨ 2 ᠬᠤᠪᠢ ︽ᠬᠠᠤᠯᠢ ᠶᠢ ᠵᠥᠷᠢᠴᠡᠭᠰᠡᠨ ᠢ ᠵᠠᠯᠠᠷᠠᠭᠤᠯᠬᠤ ᠮᠡᠳᠡᠭᠳᠡᠯ ᠤᠨ ᠪᠢᠴᠢᠭ︾ ᠪᠠᠭᠤᠯᠭᠠᠵᠤ᠂ | ᠬᠢᠨᠠᠨ ᠬᠠᠮᠢᠶᠠᠷᠬᠤ ᠲᠠᠯᠠᠪᠤᠷ ᠢ ᠰᠢᠪᠠᠳᠠᠵᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ | ᠪᠠᠶᠢᠩᠭᠤᠵᠢᠭᠤᠯᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ︽ᠪᠠᠶᠢᠴᠠᠭᠠᠬᠤ ᠰᠠᠨᠠᠭᠤᠯᠭ᠎ᠠ ᠶᠢᠨ ᠪᠢᠴᠢᠭ︾ 1 | ᠬᠤᠪᠢ ᠭᠠᠷᠭᠠᠵᠤ᠂ ᠵᠠᠯᠠᠷᠠᠭᠤᠯᠤᠭᠰᠠᠨ ᠨᠤᠷᠮ᠎ᠠ ᠨᠢ 100% ᠲᠤᠯᠵᠠᠢ᠃ ᠨᠡᠶᠢᠭᠡᠮ ᠲᠣᠭᠤᠷᠢᠭ ᠤᠨ ᠵᠠᠰᠠᠮᠵᠢᠯᠠᠯ ᠤᠨ | ᠠᠵᠢᠯᠲᠠᠨ ᠤ ᠬᠠᠮᠢᠶᠠᠷᠤᠯᠲᠠ ᠠᠴᠠ ᠰᠠᠯᠬᠤ᠂ ᠬᠤᠭᠤᠰᠣᠨ ᠬᠠᠮᠢᠶᠠᠷᠬᠤ ᠦᠵᠡᠭᠳᠡᠯ ᠳᠤ ᠴᠢᠭᠯᠡᠭᠦᠯᠦᠨ᠂ ︽ | ᠬᠠᠤᠯᠢ ᠠᠴᠠ ᠵᠥᠷᠢᠴᠡᠭᠰᠡᠨ ᠢ ᠵᠠᠯᠠᠷᠠᠭᠤᠯᠬᠤ ᠮᠡᠳᠡᠭᠳᠡᠯ ᠤᠨ ᠪᠢᠴᠢᠭ︾ 9 ᠬᠤᠪᠢ ᠪᠠᠭᠤᠯᠭᠠᠵᠤ᠂ ᠬᠠᠮᠢᠶ᠎ᠠ ᠪᠥᠬᠦᠶ | ᠨᠢᠭᠡᠴᠡ ᠪᠦᠬᠦᠨ ᠢ ᠭᠥᠯᠢᠶᠡᠨ ᠠᠪᠤᠭᠰᠠᠨ ᠶᠤᠮ᠃ | ᠢᠷᠭᠡᠨ ᠤ ᠬᠡᠷᠡᠭ ᠤᠨ ᠵᠠᠰᠠᠭ ᠵᠠᠬᠢᠷᠭᠠᠨ ᠤ ᠪᠠᠶᠢᠴᠠᠭᠠᠬᠤ ᠬᠢᠨᠠᠯᠲᠠ ᠶᠢ ᠯᠠᠪᠳᠠᠭᠤᠨ ᠢᠶᠠᠷ ᠠᠬᠢᠭᠤᠯᠵᠠᠢ᠃ | ᠢᠷᠭᠡᠨ ᠤ ᠬᠠᠤᠯᠢ ᠶᠢᠨ ᠪᠢᠴᠢᠭ ᠢ ᠰᠤᠷᠤᠯᠴᠠᠨ ᠲᠤᠭᠤᠰᠢᠯᠠᠭᠤᠯᠬᠤ ᠪᠠᠷ ᠠᠵᠠ ᠲᠣᠬᠢᠶᠠᠯ ᠪᠣᠯᠭᠠᠵᠤ᠂ ᠣᠨᠣᠪᠴᠢᠲᠠᠢ | ᠬᠢᠨᠠᠯᠲᠠ ᠲᠠᠯᠪᠢᠬᠤ ᠣᠶᠢᠯᠠᠭᠠᠭᠳᠠᠬᠤᠨ ᠢ ᠴᠢᠩᠭᠠᠳᠬᠠᠵᠤ᠂ ᠬᠦᠴᠦᠨ ᠲᠠᠢ ᠪᠣᠯᠤᠭᠰᠠᠨ ᠲᠠᠰᠤᠯᠤᠨ ᠲᠣᠭᠲᠠᠭᠠᠯᠲᠠ᠂ | ᠬᠤᠳᠠᠯ ᠬᠠᠭᠤᠷᠮᠠᠭ ᠵᠠᠷᠭᠤ᠂ ᠭᠦᠢᠴᠡᠳᠬᠡᠬᠦ ᠠᠵᠢᠯᠯᠠᠭ᠎ᠠ ᠵᠡᠷᠭᠡ ᠬᠦᠷᠢᠶᠡᠨ ᠳᠠᠬᠢ ᠬᠢᠨᠠᠯᠲᠠ ᠶᠢ ᠭᠦᠨᠵᠡᠭᠡᠢ | ᠠᠬᠢᠭᠤᠯᠵᠠᠢ᠃ ᠪᠦᠬᠦ ᠵᠢᠯ ᠳᠤ ᠡᠷᠬᠡ ᠲᠤᠰᠢᠶᠠᠯ ᠤᠨ ᠢᠶᠠᠨ ᠶᠣᠰᠣᠭᠠᠷ ᠵᠠᠰᠠᠭ ᠵᠠᠬᠢᠷᠭᠠᠨ ᠤ ᠪᠠᠶᠢᠴᠠᠭᠠᠬᠤ ᠬᠡᠷᠡᠭ ᠢ | ᠨᠡᠶᠢᠲᠡ 93 ᠬᠤᠪᠢ ᠬᠦᠯᠢᠶᠡᠨ ᠠᠪᠴᠤ ᠰᠢᠢᠳᠪᠦᠷᠢᠯᠡᠵᠡᠢ᠂ ᠡᠭᠦᠨ ᠳᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ | ᠰᠢᠪᠠᠳᠠᠭᠰᠠᠨ ᠬᠡᠷᠡᠭ 29 ᠬᠤᠪᠢ᠂ ᠬᠦᠴᠦᠨ ᠲᠠᠢ ᠪᠣᠯᠤᠭᠰᠠᠨ ᠲᠠᠰᠤᠯᠤᠨ ᠲᠣᠭᠲᠠᠭᠠᠯᠲᠠ ᠳᠤ ᠬᠢᠨᠠᠯᠲᠠ ᠲᠠᠯᠪᠢᠬᠤ | ᠬᠡᠷᠡᠭ 1 ᠬᠤᠪᠢ᠂ ᠵᠠᠷᠭᠤ ᠶᠢᠨ ᠪᠤᠰᠤ ᠭᠦᠢᠴᠡᠳᠬᠡᠬᠦ ᠬᠡᠷᠡᠭ 16 ᠬᠤᠪᠢ᠂ ᠬᠦᠴᠦᠨ ᠲᠠᠢ ᠪᠣᠯᠤᠭᠰᠠᠨ ᠲᠠᠰᠤᠯᠤᠨ | ᠲᠣᠭᠲᠠᠭᠠᠯᠲᠠ ᠶᠢᠨ ᠭᠦᠢᠴᠡᠳᠬᠡᠬᠦ ᠬᠡᠷᠡᠭ 16 ᠬᠤᠪᠢ᠂ ᠰᠢᠭᠦᠨ ᠲᠠᠰᠤᠯᠬᠤ ᠵᠢᠷᠤᠮ ᠤᠨ ᠬᠠᠤᠯᠢ ᠶᠢ ᠵᠥᠷᠢᠴᠡᠭᠰᠡᠨ | ᠬᠡᠷᠡᠭ 31 ᠬᠤᠪᠢ ᠪᠠᠶᠢᠵᠤ᠂ ᠨᠡᠶᠢᠲᠡ 59 ᠬᠤᠪᠢ ᠪᠠᠶᠢᠴᠠᠭᠠᠬᠤ ᠰᠠᠨᠠᠭᠤᠯᠭ᠎ᠠ ᠭᠠᠷᠭᠠᠵᠤ᠂ ᠲᠥᠪ ᠭᠤᠣᠯᠴᠢ ᠪᠠᠷ | ᠬᠠᠤᠯᠢ ᠪᠠᠷᠢᠬᠤ ᠶᠢ ᠬᠦᠴᠦᠲᠡᠢ ᠠᠬᠢᠭᠤᠯᠪᠠ᠃ ᠬᠢᠨᠠᠯᠲᠠ ᠲᠠᠯᠪᠢᠬᠤ ᠣᠢᠢᠯᠠᠭᠠᠭᠳᠠᠬᠤᠨ ᠢ ᠦᠷᠭᠦᠯᠵᠢᠯᠡᠨ | ᠰᠢᠨᠡᠳᠬᠡᠵᠦ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠠᠷᠢᠯᠭᠠᠬᠤ᠂ ᠣᠯᠠᠨ ᠲᠦᠮᠡᠨ ᠤ ᠬᠠᠤᠯᠢ ᠶᠣᠰᠣᠨ ᠤ ᠬᠦᠰᠡᠯ | ᠱᠠᠭᠠᠷᠳᠠᠯᠭ᠎ᠠ ᠶᠢ ᠰᠢᠢᠳᠪᠦᠷᠢᠯᠡᠬᠦ ᠶᠢ ᠵᠠᠰᠠᠭ ᠵᠠᠬᠢᠷᠭᠠᠨ ᠤ ᠪᠠᠶᠢᠴᠠᠭᠠᠬᠤ ᠬᠢᠨᠠᠯᠲᠠ ᠶᠢᠨ ᠠᠵᠢᠯ ᠤᠨ ᠭᠤᠣᠯᠳᠠᠯᠭ᠎ᠠ | ᠪᠣᠯᠭᠠᠵᠤ᠂ ᠵᠠᠰᠠᠭ ᠵᠠᠬᠢᠷᠭᠠᠨ ᠤ ᠵᠠᠷᠭᠤ ᠶᠢᠨ ᠪᠤᠰᠤ ᠭᠦᠢᠴᠡᠳᠬᠡᠬᠦ ᠬᠡᠷᠡᠭ ᠤᠨ ᠲᠤᠰᠬᠠᠢ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠥᠬᠦᠢ ᠰᠠᠯᠠᠭ᠎ᠠ ᠮᠥᠴᠢᠷ ᠲᠤ ᠭᠠᠷᠭᠠᠭᠰᠠᠨ ᠪᠠᠶᠢᠴᠠᠭᠠᠬᠤ ᠰᠠᠨᠠᠭᠤᠯᠭ᠎ᠠ ᠶᠢ | ᠴᠥᠮ ᠬᠥᠯᠢᠶᠡᠨ ᠠᠪᠤᠪᠠ᠃ ᠵᠠᠰᠠᠭ ᠵᠠᠬᠢᠷᠭᠠᠨ ᠤ ᠮᠠᠷᠭᠤᠯᠳᠤᠭᠠᠨ ᠢ ᠮᠥᠨ ᠴᠢᠨᠠᠷ ᠤᠨ ᠴᠢᠨᠠᠷᠲᠠᠢ ᠪᠠᠷ | ᠰᠢᠢᠳᠪᠦᠷᠢᠯᠡᠬᠦ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠰᠢᠭᠦᠬᠦ ᠬᠤᠷᠢᠶ᠎ᠠ᠂ ᠵᠠᠰᠠᠭ ᠵᠠᠬᠢᠷᠭᠠᠨ ᠤ ᠲᠠᠬᠢᠨ | ᠵᠥᠪᠯᠡᠬᠦ ᠪᠠᠶᠢᠭᠤᠯᠤᠮᠵᠢ ᠵᠡᠷᠭᠡ ᠲᠠᠢ ᠬᠤᠷᠰᠢᠨ ᠬᠠᠮᠵᠢᠯᠴᠠᠬᠤ ᠪᠠᠨ ᠴᠢᠩᠭᠠᠳᠬᠠᠵᠤ᠂ ᠵᠥᠷᠢᠴᠡᠯ ᠢ ᠠᠷᠢᠯᠭᠠᠬᠤ | ᠳᠤᠮᠳᠠᠬᠢ ᠬᠢᠨᠠᠯᠲᠠ ᠪᠠᠨ ᠴᠢᠩᠭᠠᠳᠬᠠᠵᠤ᠂ ᠬᠡᠷᠡᠭ ᠢ ᠳᠠᠭᠤᠰᠬᠠᠵᠤ᠂ ᠤᠴᠢᠷ ᠶᠠᠪᠤᠳᠠᠯ ᠢ ᠲᠡᠭᠦᠰᠭᠡᠵᠦ᠂ ᠵᠠᠰᠠᠭ ᠤᠨ | ᠶᠠᠪᠤᠳᠠᠯ ᠢ ᠡᠶᠡᠳᠡᠭᠦᠯᠬᠦ ᠶᠢ ᠪᠡᠶᠡᠯᠡᠭᠦᠯᠪᠡ᠃ | ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠯᠲᠠ ᠶᠢ ᠬᠦᠴᠦᠯᠡᠨ ᠥᠷᠭᠡᠳᠬᠡᠪᠡ᠃ ᠪᠦᠬᠦ ᠵᠢᠯ ᠳᠤ | ᠨᠡᠶᠢᠲᠡ 103 ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠰᠦᠪᠡᠭᠴᠢ ᠶᠢ ᠢᠯᠡᠷᠡᠭᠦᠯᠵᠦ᠂ 72 ᠬᠤᠪᠢ ᠶᠢ ᠬᠡᠷᠡᠭ | ᠪᠣᠯᠭᠠᠨ ᠳᠡᠩᠰᠡᠯᠡᠵᠦ᠂ 71 ᠬᠤᠪᠢ ᠪᠠᠶᠢᠴᠠᠭᠠᠬᠤ ᠰᠠᠨᠠᠭᠤᠯᠭ᠎ᠠ ᠭᠠᠷᠭᠠᠵᠤ᠂ ᠵᠠᠭᠠᠯᠳᠤᠬᠤ ᠠᠴᠠ ᠡᠮᠦᠨᠡᠬᠢ ᠠᠯᠪᠠᠨ | ᠵᠠᠷ ᠢ 2ᠬᠤᠪᠢ ᠨᠡᠶᠢᠲᠡᠯᠡᠪᠡ᠃ ᠬᠡᠷᠡᠭ ᠰᠢᠢᠳᠪᠦᠷᠢᠯᠡᠬᠦ ᠪᠠᠷ ᠳᠠᠮᠵᠢᠭᠤᠯᠤᠨ᠂ ᠬᠠᠤᠯᠢ ᠪᠤᠰᠤ ᠪᠠᠷ ᠬᠠᠭᠠᠯᠪᠤᠷᠢᠯᠠᠭᠰᠠᠨ | ᠪᠠ ᠡᠵᠡᠯᠡᠨ ᠬᠡᠷᠡᠭᠯᠡᠭᠰᠡᠨ 15030 ᠮᠥ ᠨᠤᠲᠤᠭ ᠪᠡᠯᠴᠢᠭᠡᠷ ᠢ ᠰᠢᠪᠠᠳᠠᠨ ᠰᠡᠷᠭᠦᠭᠡᠵᠦ᠂ ᠬᠠᠤᠯᠢ ᠪᠤᠰᠤ ᠪᠠᠷ | ᠬᠠᠭᠠᠯᠪᠤᠷᠢᠯᠠᠭᠰᠠᠨ ᠪᠠ ᠡᠵᠡᠯᠡᠨ ᠬᠡᠷᠡᠭᠯᠡᠭᠰᠡᠨ 11 ᠮᠥ ᠣᠶᠢᠲᠤ ᠭᠠᠵᠠᠷ ᠢ ᠰᠢᠪᠠᠳᠠᠨ ᠰᠡᠷᠭᠦᠭᠡᠵᠦ᠂ ᠬᠠᠤᠯᠢ ᠶᠢ | ᠵᠥᠷᠢᠴᠡᠵᠦ ᠣᠪᠣᠭᠠᠯᠠᠭᠰᠠᠨ ᠡᠯ᠎ᠡ ᠲᠥᠷᠥᠯ ᠤᠨ ᠠᠮᠢᠳᠤᠷᠠᠯ ᠤᠨ ᠬᠤᠭ ᠨᠣᠪᠰᠢ ᠶᠢ 34213 ᠲᠣᠨ ᠰᠢᠪᠠᠳᠠᠨ | ᠴᠡᠪᠡᠷᠯᠡᠨ ᠠᠷᠢᠯᠭᠠᠵᠤ᠂ ᠦᠢᠯᠡᠳᠪᠦᠷᠢᠯᠡᠯ ᠤᠨ ᠲᠥᠷᠥᠯ ᠤᠨ ᠠᠶᠤᠯᠲᠠᠶ ᠬᠠᠶᠠᠭᠳᠠᠮᠠᠯ ᠪᠣᠳᠠᠰ ᠢ 73 ᠲᠣᠨ | ᠰᠢᠪᠠᠳᠠᠨ ᠬᠤᠷᠢᠶᠠᠨ ᠠᠪᠬᠤ ᠪᠠ ᠴᠡᠪᠡᠷᠯᠡᠨ ᠠᠷᠢᠯᠭᠠᠪᠠ᠃《 ᠳᠥᠷᠪᠡᠨ ᠬᠠᠮᠤᠭ ᠤᠨ ᠴᠢᠩᠭ᠎ᠠ 》 ᠪᠠᠶᠢᠬᠤ ᠲᠠᠢ | ᠤᠶᠠᠯᠳᠤᠭᠤᠯᠤᠨ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠲᠤᠤᠷ ᠢ ᠨᠢᠭᠲᠠ | ᠰᠦᠯᠵᠢᠵᠤ᠂《 ᠡᠮ ᠤᠨ ᠬᠠᠶᠢᠷᠴᠠᠭ》 ᠢᠶᠠᠨ ᠰᠠᠶᠢᠲᠤᠷ ᠬᠠᠮᠢᠶᠠᠷᠴᠤ᠂《 ᠨᠤᠭᠤᠭ᠎ᠠ ᠶᠢᠨ ᠰᠠᠭᠰᠤ》 ᠪᠠᠨ | ᠰᠠᠶᠢᠲᠤᠷ ᠬᠠᠮᠠᠭᠠᠯᠠᠵᠤ᠂《 ᠪᠤᠳᠠᠭᠠᠨ ᠤᠭᠤᠲᠠ》 ᠪᠠᠨ ᠰᠠᠶᠢᠲᠤᠷ ᠰᠠᠬᠢᠵᠠᠢ᠃ ᠭᠤᠤᠯ ᠮᠥᠷᠡᠨ ᠨᠠᠭᠤᠷ | ᠴᠥᠭᠦᠷᠥᠮ ᠢ ᠴᠡᠪᠡᠷᠯᠡᠬᠦ ᠲᠤᠰᠬᠠᠶ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠪᠥᠬᠦ ᠬᠤᠰᠢᠭᠤᠨ ᠤ ᠭᠤᠤᠯ | ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠵᠠᠢ᠃ ᠰᠡᠷᠭᠦᠭᠡᠯᠲᠡ ᠶᠢᠨ | ᠴᠢᠨᠠᠷᠲᠠᠢ ᠬᠠᠤᠯᠢ ᠴᠠᠭᠠᠵᠠ ᠶᠢᠨ ᠣᠶᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ᠪᠦᠬᠦ ᠠᠶᠢᠮᠠᠭ ᠤᠨ | ᠠᠩᠬᠠᠳᠠᠭᠴᠢ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠨᠡᠮᠡᠭᠳᠡᠭᠦᠯᠵᠤ ᠲᠠᠯᠪᠢᠵᠤ ᠶᠠᠪᠤᠭᠤᠯᠬᠤ ᠠᠮᠢ ᠠᠬᠤᠢ ᠶᠢ | ᠰᠡᠷᠭᠦᠭᠡᠬᠦ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠠᠮᠠᠭᠠᠯᠠᠬᠤ ᠪᠣᠳᠠᠲᠤ ᠦᠷ᠎ᠡ | ᠪᠦᠲᠦᠮᠵᠢ ᠣᠯᠪᠠ᠃ ︽ᠨᠤᠲᠤᠭ ᠪᠡᠯᠴᠢᠭᠡᠷ ᠢ ᠰᠠᠬᠢᠨ ᠬᠠᠮᠠᠭᠠᠯᠠᠬᠤ︾ ᠪᠠᠶᠢᠴᠠᠭᠠᠬᠤ ᠬᠤᠷᠢᠶᠠᠨ ᠤ ᠨᠡᠶᠢᠲᠡ ᠶᠢᠨ | ᠠᠰᠠᠷᠠᠮᠵᠢ ᠶᠢᠨ ᠵᠠᠷᠭᠤ ᠳᠤ ᠲᠤᠰᠬᠠᠶ ᠬᠢᠨᠠᠯᠲᠠ ᠲᠠᠯᠪᠢᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠶ | ᠰᠢᠭᠤᠶ ᠶᠢ ᠰᠦᠢᠳᠭᠡᠬᠦ᠂ ᠡᠪᠡᠰᠦ ᠪᠡᠯᠴᠢᠭᠡᠷ ᠢ ᠰᠦᠢᠳᠭᠡᠬᠦ᠂ ᠬᠠᠤᠯᠢ ᠪᠤᠰᠤ ᠪᠠᠷ ᠬᠡᠭᠡᠷ᠎ᠡ ᠶᠢᠨ ᠠᠮᠢᠲᠠᠨ ᠢ ᠠᠩᠨᠠᠬᠤ | ᠵᠡᠷᠭᠡ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ᠂ ᠵᠦᠶ | ᠵᠣᠬᠢᠰᠲᠠᠶ ᠴᠣᠬᠢᠯᠲᠠ ᠥᠭᠭᠦᠪᠡ᠃ ᠠᠩᠬᠠᠳᠠᠭᠴᠢ ᠤᠳᠠᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ | ᠵᠠᠷᠭᠤ ᠠᠴᠠ ᠡᠮᠦᠨᠡᠬᠢ ᠭᠡᠷᠡᠴᠢᠯᠡᠭᠡ ᠰᠣᠨᠣᠰᠬᠤ ᠬᠤᠷᠠᠯ ᠢ ᠬᠤᠷᠠᠯᠳᠤᠭᠤᠯᠵᠤ᠂ ᠵᠠᠰᠠᠭ ᠵᠠᠬᠢᠷᠭᠠᠨ ᠤ ᠣᠷᠣᠨ ᠪᠦᠰᠡ | ᠠᠯᠤᠰᠯᠠᠭᠰᠠᠨ ᠶᠠᠯ᠎ᠠ ᠬᠢᠭᠰᠡᠨ ᠰᠦᠪᠡᠭᠴᠢ ᠶᠢ ᠰᠢᠯᠵᠢᠭᠦᠯᠦᠨ ᠬᠦᠷᠭᠡᠵᠦ ᠰᠢᠢᠳᠪᠦᠷᠢᠯᠡᠬᠦ ᠶᠢ ᠡᠮᠬᠢ ᠵᠢᠷᠤᠮ ᠲᠠᠢ | ᠵᠣᠯᠭᠠᠭᠤᠯᠵᠤ᠂ ᠬᠡᠷᠡᠭ ᠰᠢᠢᠳᠪᠦᠷᠢᠯᠡᠬᠤ ᠦᠷ᠎ᠡ ᠪᠦᠲᠦᠮᠵᠢ ᠶᠢᠨ᠂ ᠬᠤᠶᠠᠷ ᠲᠠᠯ᠎ᠠ ᠪᠠᠷ ᠂ ᠣᠯᠠᠨ ᠲᠠᠯ᠎ᠠ ᠪᠠᠷ ᠂ | ᠬᠠᠮᠲᠤ ᠪᠠᠷ ᠠᠰᠢᠭ ᠭᠥᠷᠳᠡᠬᠦ ᠢ ᠪᠡᠶᠡᠯᠡᠭᠦᠯᠪᠡ᠃ | ᠲᠦᠷᠪᠡ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠳᠣᠲᠣᠭᠠᠳᠤ ᠬᠥᠳᠡᠯᠭᠡᠬᠦ | ᠬᠦᠴᠦᠨ ᠢ ᠬᠥᠭᠵᠢᠭᠡᠬᠦ ᠳᠤᠮᠳᠠ ᠪᠠᠶᠢᠴᠠᠭᠠᠬᠤ ᠠᠵᠢᠯ ᠢᠶᠠᠨ ᠰᠠᠶᠢᠵᠢᠷᠠᠭᠤᠯᠵᠠᠢ | ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠲᠠᠰᠤᠷᠠᠯᠳᠠ ᠦᠭᠡᠢ | ᠭᠦᠨᠵᠡᠭᠡᠶᠢᠷᠡᠭᠦᠯᠵᠡᠢ᠃ ᠡᠭᠡᠯᠵᠢᠯᠡᠨ ᠬᠡᠷᠡᠭ ᠰᠢᠢᠳᠪᠦᠷᠢᠯᠡᠬᠦ ᠲᠦᠷᠢᠮ᠂ ᠪᠠᠶᠢᠴᠠᠭᠠᠬᠤ ᠲᠤᠰᠢᠶᠠᠯᠲᠠᠨ ᠤ ᠡᠷᠬᠡ | ᠲᠤᠰᠢᠶᠠᠯ ᠤᠨ ᠨᠠᠷᠢᠨ ᠲᠠᠩᠰᠠ᠂ ᠬᠠᠮᠲᠤᠷᠠᠭᠰᠠᠨ ᠬᠤᠷᠠᠯ ᠵᠡᠷᠭᠡ ᠢᠵᠢ ᠪᠥᠷᠢᠳᠦᠭᠰᠡᠨ ᠲᠦᠷᠢᠮ ᠢ | ᠨᠠᠶᠢᠳᠠᠪᠤᠷᠢᠵᠢᠭᠤᠯᠵᠤ᠂ ᠬᠡᠷᠡᠭ ᠰᠢᠢᠳᠪᠦᠷᠢᠯᠡᠬᠦ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠪᠠ᠃ | ᠬᠡᠷᠡᠭ ᠤᠨ ᠶᠠᠰᠤ ᠴᠢᠨᠠᠷ ᠢ ᠦᠨᠡᠯᠡᠨ ᠪᠠᠶᠢᠴᠠᠭᠠᠬᠤ ᠶᠢ ᠥᠷᠨᠢᠭᠦᠯᠵᠦ᠂ ᠦᠨᠡᠯᠡᠨ ᠪᠠᠶᠢᠴᠠᠭᠠᠭᠰᠠᠨ ᠦᠷ᠎ᠡ ᠳ᠋ᠦᠩ ᠢ | ᠠᠵᠢᠯᠳᠠᠨ ᠤ ᠣᠷᠣᠨ ᠲᠣᠭᠠᠨ ᠤ ᠪᠠᠶᠢᠴᠠᠭᠠᠬᠤ ᠲᠤᠰᠢᠶᠠᠯᠲᠠᠨ ᠤ ᠠᠮᠵᠢᠯᠲᠠ ᠪᠦᠲᠦᠮᠵᠢ ᠶᠢ ᠬᠢᠨᠠᠨ ᠰᠢᠯᠭᠠᠬᠤ | ᠰᠢᠰᠲ᠋ᠧᠮ ᠤᠨ ᠦᠨᠡᠯᠡᠯᠲᠡ ᠳᠤ ᠣᠷᠣᠭᠤᠯᠵᠤ᠂ ᠬᠢᠨᠠᠯᠲᠠ ᠲᠠᠯᠪᠢᠵᠤ ᠬᠢᠵᠠᠭᠠᠷᠯᠠᠬᠤ ᠶᠢ ᠴᠢᠩᠭᠠᠳᠬᠠᠪᠠ᠃ | ᠤᠳᠤᠷᠢᠳᠬᠤ ᠲᠤᠰᠢᠶᠠᠯ ᠡᠭᠦᠷᠭᠡᠯᠡᠵᠦ ᠪᠠᠶᠢᠭ᠎ᠠ ᠪᠠᠶᠢᠴᠠᠭᠠᠬᠤ ᠲᠤᠰᠢᠶᠠᠯᠲᠠᠨ ᠲᠦᠷᠦᠭᠦᠯᠡᠨ ᠬᠦᠨᠳᠦ ᠶᠡᠭᠡ ᠲᠦᠪᠡᠭ | ᠪᠤᠳᠤᠯᠢᠶᠠᠨᠲᠠᠢ ᠬᠡᠷᠡᠭ ᠢ ᠰᠢᠢᠳᠪᠦᠷᠢᠯᠡᠬᠦ ᠶᠢ ᠪᠠᠷᠢᠮᠲᠠᠯᠠᠵᠤ᠂ ᠪᠦᠬᠦ ᠵᠢᠯ ᠳᠤ ᠤᠷᠤᠨ ᠲᠤᠭ᠎ᠠ ᠳᠤ ᠤᠷᠤᠭᠰᠠᠨ | ᠤᠳᠤᠷᠢᠳᠤᠯᠭ᠎ᠠ ᠲᠦᠷᠦᠭᠦᠯᠡᠨ ᠡᠯ᠎ᠡ ᠲᠦᠷᠦᠯ ᠤᠨ ᠬᠡᠷᠡᠭ ᠢ 439 ᠬᠤᠪᠢ ᠰᠢᠢᠳᠪᠦᠷᠢᠯᠡᠵᠦ᠂ ᠪᠠᠶᠢᠴᠠᠭᠠᠬᠤ | ᠳᠠᠷᠤᠭ᠎ᠠ᠂ ᠪᠠᠶᠢᠴᠠᠭᠠᠬᠤ ᠳᠡᠳ᠋ ᠳᠠᠷᠤᠭ᠎ᠠ ᠰᠢᠭᠦᠬᠦ ᠬᠤᠷᠢᠶᠠᠨ ᠤ ᠰᠢᠭᠦᠨ ᠲᠠᠰᠤᠯᠬᠤ ᠵᠦᠪᠯᠡᠯ ᠳᠤ 3 ᠤᠳᠠᠭ᠎ᠠ | ᠰᠤᠯᠠ ᠣᠷᠣᠯᠴᠠᠵᠤ᠂ ᠬᠠᠷᠢᠯᠴᠠᠨ ᠨᠡᠪᠲᠡᠷᠡᠯᠴᠡᠬᠦ ᠳᠤᠮᠳᠠ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠬᠠᠥᠯᠢ | ᠴᠠᠭᠠᠵᠠ ᠶᠢᠨ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠬᠤᠣᠰ ᠴᠢᠭᠯᠡᠯ ᠢᠶᠠᠷ ᠬᠦᠴᠦᠯᠡᠨ ᠬᠠᠤᠯᠢ ᠴᠠᠭᠠᠵᠠ ᠶᠢᠨ | ᠲᠥᠪ ᠭᠤᠣᠯᠴᠢ ᠢ ᠠᠬᠢᠭᠤᠯᠪᠠ᠃ | ᠵᠠᠷᠭᠤ ᠶᠢᠨ ᠲᠦᠷᠢᠮ ᠤᠨ ᠥᠭᠡᠷᠡᠴᠢᠯᠡᠯᠲᠡ ᠶᠢ ᠢᠳᠡᠪᠬᠢᠲᠡᠢ ᠨᠠᠶᠢᠳᠠᠪᠤᠷᠢᠵᠢᠭᠤᠯᠪᠠ᠃ ᠰᠢᠭᠦᠨ | ᠲᠠᠰᠤᠯᠤᠯᠲᠠ ᠪᠠᠷ ᠭᠤᠣᠯ ᠪᠣᠯᠭᠠᠭᠰᠠᠨ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠢᠨᠠᠮᠠᠭᠠᠢ | ᠨᠠᠶᠢᠳᠠᠪᠤᠷᠢᠵᠢᠭᠤᠯᠤᠭᠰᠠᠨ ᠤᠷᠢᠲᠠᠯ ᠳᠣᠣᠷ᠎ᠠ᠂ ᠶᠠᠯ᠎ᠠ ᠪᠠᠨ ᠮᠡᠳᠡᠷᠡᠭᠰᠡᠨ ᠪᠠ ᠰᠢᠢᠳᠬᠡᠯ ᠢ ᠮᠡᠳᠡᠷᠡᠭᠰᠡᠨ ᠢ ᠠᠭᠤᠴᠢᠯᠠᠨ | ᠰᠢᠢᠳᠬᠡᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠷᠡᠭᠦᠦ ᠰᠢᠢᠳᠬᠡᠯ ᠣᠨᠣᠭᠳᠠᠭᠤᠯᠬᠤ ᠰᠠᠨᠠᠭᠤᠯᠭ᠎ᠠ ᠶᠢ | ᠣᠨᠣᠪᠴᠢᠲᠠᠢ ᠪᠣᠯᠭᠠᠬᠤ ᠶᠢ ᠠᠬᠢᠭᠤᠯᠵᠠᠢ᠃ ᠪᠦᠬᠦ ᠵᠢᠯ ᠳᠤ ᠶᠠᠯ᠎ᠠ ᠪᠠᠨ ᠮᠡᠳᠡᠷᠡᠭᠰᠡᠨ ᠪᠠ ᠰᠢᠢᠳᠬᠡᠯ ᠢ ᠮᠡᠳᠡᠷᠡᠭᠰᠡᠨ ᠢ | ᠠᠭᠤᠴᠢᠯᠠᠭᠰᠠᠨ 369 ᠬᠡᠷᠡᠭ 426 ᠬᠥᠮᠦᠨ ᠢ ᠰᠢᠢᠳᠪᠦᠷᠢᠯᠡᠵᠦ᠂ ᠶᠠᠯ᠎ᠠ ᠪᠠᠨ ᠮᠡᠳᠡᠷᠡᠭᠰᠡᠨ ᠪᠠ ᠰᠢᠳᠭᠡᠯ ᠢ | ᠮᠡᠳᠡᠷᠡᠭᠰᠡᠨ ᠢ ᠠᠭᠤᠴᠢᠯᠠᠭᠰᠠᠨ ᠳᠦᠷᠢᠮ ᠤᠨ ᠬᠡᠷᠡᠭᠯᠡᠯᠲᠡ ᠶᠢᠨ ᠨᠣᠷᠮ᠎ᠠ 90% ᠠᠴᠠ ᠳᠠᠪᠠᠵᠦ᠂ ᠲᠦᠷᠭᠡᠨ | ᠲᠠᠰᠤᠯᠬᠤ ᠵᠢᠷᠤᠮ ᠢ 116 ᠬᠤᠪᠢ ᠢᠳᠡᠪᠬᠢᠲᠡᠢ ᠬᠡᠷᠡᠭᠯᠡᠵᠦ᠂ ᠵᠢᠵᠢᠭᠦᠷᠯᠡᠬᠦ ᠬᠠᠤᠯᠢᠴᠢ ᠶᠢᠨ ᠲᠦᠷᠢᠮ ᠢ ᠴᠢᠩᠭ᠎ᠠ | ᠬᠡᠷᠡᠭᠵᠢᠭᠦᠯᠵᠦ᠂ ᠡᠷᠡᠭᠦᠦ ᠰᠢᠳᠬᠡᠯ ᠣᠨᠣᠭᠳᠠᠭᠤᠯᠬᠤ ᠰᠠᠨᠠᠭᠤᠯᠭ᠎ᠠ ᠶᠢ ᠬᠠᠤᠯᠢ ᠶᠣᠰᠣᠭᠠᠷ ᠨᠠᠷᠢᠯᠢᠭ ᠤᠨᠤᠪᠴᠢᠳᠠᠢ | ᠳᠤᠷᠠᠳᠴᠤ᠂ ᠡᠷᠡᠭᠦᠦ ᠶᠢᠨ ᠬᠡᠷᠡᠭ ᠤᠨ ᠲᠦᠪᠡᠭᠲᠡᠢ ᠪᠠ ᠲᠦᠬᠦᠮ ᠢ ᠰᠠᠯᠭᠠᠬᠤ ᠶᠢ ᠦᠨᠡᠨ ᠬᠦ ᠪᠡᠶᠡᠯᠡᠭᠦᠯᠵᠦ᠂ ᠬᠡᠷᠡᠭ | ᠰᠢᠢᠳᠪᠦᠷᠢᠯᠡᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠡᠬᠢ ᠪᠠᠶᠠᠯᠢᠭ ᠢ ᠨᠡᠩ | ᠰᠢᠯᠢᠳᠡᠭᠵᠢᠭᠦᠯᠵᠦ᠂ ᠨᠡᠶᠢᠭᠡᠮ ᠤᠨ ᠵᠥᠷᠢᠴᠡᠯ ᠢ ᠪᠦᠲᠦᠮᠵᠢᠲᠡᠢ ᠠᠷᠢᠯᠭᠠᠵᠤ᠂ ᠨᠡᠶᠢᠭᠡᠮ ᠤᠨ ᠡᠰᠡᠷᠭᠦᠴᠡᠯᠳᠦᠯ ᠤᠯᠠᠮ | ᠨᠢᠭᠡ ᠠᠯᠬᠤᠮ ᠪᠠᠭᠠᠰᠤᠭᠰᠠᠨ ᠢᠯᠡᠳᠲᠡ ᠦᠷ᠎ᠡ ᠪᠦᠲᠦᠮᠵᠢ ᠢ ᠤᠯᠵᠠᠢ ᠃ | ᠤᠶᠤᠨᠲᠤ ᠪᠠᠶᠢᠴᠠᠭᠠᠬᠤ ᠠᠵᠢᠯ ᠤᠨ ᠪᠠᠶᠢᠭᠤᠯᠤᠯᠲᠠ ᠶᠢ ᠰᠦᠪᠡᠭᠴᠢᠯᠡᠨ ᠠᠬᠢᠭᠤᠯᠪᠠ᠃ ᠰᠢᠨ᠎ᠡ ᠨᠢᠭᠡᠨ | ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠤᠨ ᠪᠠᠶᠢᠴᠠᠭᠠᠬᠤ ᠠᠵᠢᠯ ᠳᠤ ᠣᠯᠭᠤᠭᠰᠠᠨ | ᠰᠢᠨ᠎ᠡ ᠠᠵᠠ ᠲᠣᠬᠢᠶᠠᠯ ᠢ ᠴᠢᠩᠭ᠎ᠠ ᠡᠵᠡᠮᠳᠡᠵᠦ᠂ ᠤᠶᠤᠨᠲᠤ ᠪᠠᠶᠢᠴᠠᠭᠠᠬᠤ ᠠᠵᠢᠯ ᠤᠨ ᠰᠢᠰᠲ᠋ᠧᠮ ᠢ ᠪᠦᠬᠦ | ᠬᠦᠴᠦ ᠪᠠᠷ ᠢᠶᠠᠨ ᠪᠠᠶᠢᠭᠤᠯᠵᠤ᠂ ᠮᠡᠳᠡᠭᠡ ᠵᠠᠩᠬᠢᠴᠢᠯᠠᠯᠲᠠ᠂ ᠤᠶᠤᠨᠴᠢᠯᠠᠯᠳᠠ ᠶᠢ ᠨᠢᠭᠡ ᠴᠤᠭᠴᠠᠵᠢᠭᠤᠯᠤᠭᠰᠠᠨ ︽ | ᠬᠢᠩᠭᠠᠨ ᠤ ᠬᠠᠪᠤᠷ ︾ ᠪᠠᠶᠢᠴᠠᠭᠠᠬᠤ ᠠᠵᠢᠯ ᠤᠨ ᠲᠠᠰᠤᠭ ᠨᠢ ᠬᠡᠷᠡᠭ ᠰᠢᠢᠳᠪᠦᠷᠢᠯᠡᠬᠦ ᠳᠤ ᠬᠠᠪᠰᠤᠷᠴᠦ᠂ ᠬᠢᠨᠠᠯᠲᠠ | ᠲᠠᠯᠪᠢᠨ ᠬᠠᠮᠢᠶᠠᠷᠴᠦ᠂ ᠠᠷᠠᠳ ᠲᠦᠮᠡᠨ ᠳᠤ ᠶᠡᠷᠦᠩᠬᠡᠯᠡᠨ ᠦᠢᠯᠡᠴᠢᠯᠡᠬᠦ ᠦᠢᠯᠡᠳᠦᠯ ᠢᠶᠠᠨ ᠢᠮᠠᠭᠲᠠ ᠪᠠᠳᠠᠷᠠᠭᠤᠯᠵᠤ᠂ | 12309 ᠲᠤᠭᠠᠲᠤ ᠪᠠᠶᠢᠴᠠᠭᠠᠬᠤ ᠠᠵᠢᠯ ᠤᠨ ᠠᠷᠠᠳ ᠲᠦᠮᠡᠨ ᠳᠤ ᠦᠢᠯᠡᠴᠢᠯᠡᠬᠦ ᠰᠦᠯᠵᠢᠶᠡᠨ ᠤ ᠲᠠᠪᠴᠠᠩ ᠢᠶᠠᠷ | ᠳᠠᠮᠵᠢᠭᠤᠯᠤᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠣᠶᠢᠯᠠᠭᠠᠵᠤ᠂ ᠬᠢᠨᠠᠯᠲᠠ ᠲᠠᠯᠪᠢᠬᠤ | ᠰᠦᠪᠡᠭᠴᠢ ᠶᠢ ᠲᠦᠷᠭᠡᠨ ᠢᠯᠡᠷᠡᠭᠦᠯᠵᠦ᠂ ᠨᠡᠶᠢᠭᠡᠮ ᠤᠨ ᠵᠥᠷᠢᠴᠡᠯ ᠢ ᠪᠦᠲᠦᠮᠵᠢᠲᠡᠢ ᠠᠷᠢᠯᠭᠠᠵᠤ᠂ ᠪᠠᠶᠢᠴᠠᠭᠠᠬᠤ | ᠠᠵᠢᠯ ᠤᠨ ᠶᠠᠰᠤ ᠴᠢᠨᠠᠷ ᠤᠨ ᠬᠤᠪᠢᠰᠤᠯᠲᠠ᠂ ᠦᠷ᠎ᠡ ᠪᠦᠲᠦᠮᠵᠢ ᠶᠢᠨ ᠬᠤᠪᠢᠰᠤᠯᠲᠠ᠂ ᠬᠥᠳᠡᠯᠭᠡᠬᠦ ᠬᠦᠴᠦᠨ ᠤ | ᠬᠤᠪᠢᠰᠤᠯᠲᠠ ᠶᠢ ᠠᠬᠢᠭᠤᠯᠵᠤ᠂ ︽ ᠬᠠᠥᠯᠢᠵᠢᠭ᠌ᠰᠠᠨ ᠡᠮᠦᠨᠡᠲᠦ ᠬᠤᠰᠢᠭᠤ︾ ᠶᠢᠨ ᠪᠠᠶᠢᠭᠤᠯᠤᠯᠲᠠ ᠳᠤ ᠬᠦᠴᠦᠲᠡᠢ | ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠪᠠ᠃ | ᠲᠠᠪᠤ᠂ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠵᠤ᠂ ᠦᠨᠳᠦᠰᠦ ᠶᠢ ᠪᠠᠬᠢᠵᠢᠭᠦᠯᠵᠦ ᠰᠠᠭᠤᠷᠢ ᠶᠢ | ᠪᠠᠲᠤᠳᠬᠠᠬᠤ ᠶᠢ ᠪᠠᠷᠢᠮᠲᠠᠯᠠᠬᠤ ᠳᠤᠮᠳᠠ ᠪᠠᠶᠢᠴᠠᠭᠠᠬᠤ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠵᠠᠢ | ᠨᠠᠮ ᠤᠨ ᠪᠠᠶᠢᠴᠠᠭᠠᠬᠤ ᠠᠵᠢᠯ ᠳᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ | ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠨᠠᠮ ᠲᠠᠭᠠᠨ | ᠦᠨᠡᠨᠴᠦ ᠪᠠᠶᠢᠬᠤ᠂ ᠠᠷᠠᠳ ᠲᠦᠮᠡᠨ ᠢ ᠰᠡᠳᠬᠢᠯ ᠬᠠᠨᠤᠮᠵᠢᠲᠠᠢ ᠪᠠᠶᠢᠯᠭᠠᠬᠤ ᠪᠠᠶᠢᠴᠠᠭᠠᠬᠤ ᠡᠩᠨᠡᠭᠡ ᠶᠢ ᠴᠢᠷᠮᠠᠶᠢᠨ | ᠪᠠᠶᠢᠭᠤᠯᠪᠠ᠃ | ᠢᠲᠡᠭᠡᠯ ᠪᠢᠰᠢᠷᠡᠯ ᠤᠨ ᠰᠠᠭᠤᠷᠢ ᠶᠢ ᠪᠠᠬᠢᠵᠢᠭᠦᠯᠵᠦ᠂ ᠦᠵᠡᠯ ᠰᠠᠨᠠᠭᠠᠨ ᠤ ᠵᠠᠯᠠᠭᠤᠷ ᠢ ᠡᠵᠡᠮᠳᠡᠪᠡ᠃ ᠤᠯᠤᠰ | ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠤᠬᠠᠮᠰᠠᠷ ᠠᠴᠠ ᠪᠠᠨ ᠤᠯᠤᠰ ᠲᠥᠷᠥ ᠶᠢᠨ | ᠪᠣᠯᠪᠠᠰᠤᠷᠠᠯ ᠢᠶᠠᠨ ᠴᠢᠩᠭᠠᠳᠬᠠᠵᠠᠢ᠃ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ | ᠳᠤᠭᠤᠶᠢᠯᠠᠩ ᠤᠨ ᠲᠤᠰᠬᠠᠢ ᠰᠡᠳᠦᠪᠲᠦ ᠬᠥᠮᠦᠵᠢᠯ ᠰᠤᠷᠤᠯᠴᠠᠯᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ ᠨᠠᠮ ᠤᠨ ᠬᠢᠴᠢᠶᠡᠯ ᠣᠷᠣᠬᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠬᠤ ᠵᠡᠷᠭᠡ ᠠᠷᠭ᠎ᠠ | ᠬᠡᠯᠪᠡᠷᠢ ᠶᠢ ᠶᠡᠷᠦᠩᠬᠡᠶᠢᠯᠡᠨ ᠠᠰᠢᠭᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠬᠠᠤᠯᠢ ᠪᠠᠷ | ᠤᠯᠤᠰ ᠢᠶᠠᠨ ᠵᠠᠰᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠠᠢ ᠃《 | ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠤᠤᠯ ᠰᠡᠳᠦᠪᠲᠦ | ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ 《 ᠳᠥᠷᠪᠡᠨ ᠤᠬᠠᠮᠰᠠᠷ 》 ᠢᠶᠠᠨ ᠦᠨᠡᠨ | ᠬᠦ ᠴᠢᠩᠭᠠᠳᠬᠠᠵᠤ᠂《 ᠳᠥᠷᠪᠡᠨ ᠢᠲᠡᠭᠡᠯ 》 ᠢᠶᠠᠨ ᠪᠠᠲᠤᠳᠬᠠᠵᠤ᠂《 ᠬᠤᠶᠠᠷ ᠢ ᠬᠠᠮᠠᠭᠠᠯᠠᠬᠤ 》 ᠶᠢ | ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ᠃ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭ᠎ᠠ ᠠᠳᠬᠤᠵᠤ᠂ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠴᠢᠩᠭ᠎ᠠ ᠠᠳᠬᠤᠵᠤ᠂ ᠨᠠᠮ ᠤᠨ ᠤᠯᠤᠰ ᠲᠥᠷᠦ ᠶᠢᠨ | ᠤᠳᠤᠷᠢᠳᠤᠯᠭ᠎ᠠ᠂ ᠦᠵᠡᠯ ᠰᠠᠨᠠᠭᠠᠨ ᠤ ᠤᠳᠤᠷᠢᠳᠤᠯᠭ᠎ᠠ᠂ ᠵᠣᠬᠢᠶᠠᠨ ᠪᠠᠢᠭᠤᠯᠤᠯᠲᠠ ᠶᠢᠨ ᠤᠳᠤᠷᠢᠳᠤᠯᠭ᠎ᠠ ᠶᠢ | ᠲᠠᠰᠤᠷᠠᠯᠲᠠ ᠦᠭᠡᠢ ᠴᠢᠩᠭᠠᠳᠬᠠᠵᠤ᠂ ᠮᠠᠨ ᠤ ᠬᠤᠷᠢᠶᠠᠨ ᠤ ᠠᠵᠢᠯ ᠤᠨ ᠵᠥᠪ ᠣᠨᠣᠪᠴᠢᠲᠠᠢ ᠤᠯᠤᠰ ᠲᠥᠷᠦ ᠶᠢᠨ | ᠴᠢᠭᠯᠡᠯ ᠢᠶᠠᠷ ᠤᠷᠤᠭᠰᠢᠯᠠᠬᠤ ᠶᠢ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠳᠠᠭᠠᠨ ᠦᠨᠡᠨᠴᠢ ᠰᠢᠳᠤᠷᠭᠤ | ᠪᠠᠶᠢᠬᠤ ᠶᠢ ᠲᠠᠶᠢᠯᠪᠤᠷᠢᠯᠠᠪᠠ᠃ | ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠲᠤᠰᠬᠠᠶ ᠮᠡᠷᠭᠡᠵᠢᠯ ᠤᠨ ᠡᠩᠨᠡᠭᠡ ᠶᠢ ᠪᠠᠶᠢᠭᠤᠯᠪᠠ᠃ | ᠪᠠᠶᠢᠴᠠᠭᠠᠬᠤ ᠠᠵᠢᠯ ᠤᠨ ᠪᠣᠳᠠᠲᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠡᠩᠨᠡᠭᠡ ᠶᠢ | ᠲᠤᠰᠬᠠᠶᠢᠵᠢᠭᠤᠯᠬᠤ ᠪᠠᠶᠢᠭᠤᠯᠤᠯᠲᠠ ᠪᠠᠷ ᠬᠠᠷᠠᠯᠲᠠ ᠪᠣᠯᠭᠠᠵᠤ᠂ ᠵᠢᠭᠠᠨ ᠰᠤᠷᠭᠠᠬᠤ᠂ ᠰᠤᠷᠤᠯᠴᠠᠬᠤ᠂ | ᠪᠣᠯᠪᠠᠰᠤᠷᠠᠭᠤᠯᠬᠤ᠂ ᠪᠠᠶᠢᠯᠳᠤᠬᠤ ᠶᠢ ᠨᠢᠭᠡ ᠴᠤᠭᠴᠠᠵᠢᠭᠤᠯᠤᠭᠰᠠᠨ ᠬᠥᠮᠦᠵᠢᠯ ᠪᠣᠯᠪᠠᠰᠤᠷᠠᠭᠤᠯᠤᠯ ᠤᠨ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ︽ᠶᠠᠭᠤ ᠳᠤᠲᠠᠪᠠᠯ ᠶᠠᠭᠤ ᠶᠢ ᠨᠥᠬᠦᠪᠥᠷᠢᠯᠡᠬᠦ᠂ ᠶᠠᠮᠠᠷ ᠴᠢᠳᠠᠪᠤᠷᠢ ᠪᠠᠭᠤᠷᠠᠢ ᠪᠣᠯ | ᠲᠡᠭᠦᠨ ᠢ ᠭᠤᠣᠯᠳᠠᠯᠭ᠎ᠠ ᠲᠠᠢ ᠪᠠᠷ ᠴᠢᠩᠭᠠᠳᠬᠠᠬᠤ︾ ᠵᠠᠷᠴᠢᠮ ᠶᠣᠰᠣᠭᠠᠷ᠂ ᠪᠡᠯᠡ ᠮᠥᠩᠭᠦᠨ ᠤ ᠣᠷᠣᠭᠤᠯᠤᠯᠲᠠ ᠪᠠᠨ | ᠨᠡᠮᠡᠭᠳᠡᠭᠦᠯᠵᠦ᠂ ᠮᠡᠳᠡᠯᠭᠡ ᠶᠢᠨ ᠪᠠᠭᠤᠷᠠᠢ ᠲᠠᠯ᠎ᠠ᠂ ᠴᠢᠳᠠᠪᠤᠷᠢ ᠬᠦᠷᠦᠯᠴᠡᠬᠦ ᠦᠭᠡᠢ ᠲᠠᠯ᠎ᠠ᠂ ᠲᠤᠷᠰᠢᠯᠭ᠎ᠠ ᠶᠢᠨ ᠪᠠᠯᠠᠢ | ᠣᠷᠣᠨ ᠢ ᠨᠥᠬᠦᠪᠥᠷᠢᠯᠡᠵᠦ᠂ ᠺᠠᠳ᠋ᠷ ᠴᠠᠭᠳᠠᠭ᠎ᠠ ᠳᠤ ᠤᠯᠤᠰ ᠲᠦᠷᠦ ᠪᠠ ᠲᠤᠬᠠᠶᠢᠯᠠᠭᠰᠠᠨ ᠠᠵᠢᠯ ᠤᠨ | ᠪᠣᠯᠪᠠᠰᠤᠷᠠᠭᠤᠯᠤᠯ ᠬᠢᠬᠦ ᠪᠠᠷ ᠳᠠᠮᠵᠢᠭᠤᠯᠤᠨ᠂ ᠺᠠᠳ᠋ᠷ ᠴᠠᠭᠳᠠᠭ᠎ᠠ ᠶᠢᠨ ᠬᠡᠪ ᠴᠢᠨᠠᠷ ᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠪᠠᠶᠢᠴᠠᠭᠠᠬᠤ ᠡᠩᠨᠡᠭᠡᠨ ᠤ ᠲᠤᠰᠬᠠᠶᠢᠵᠢᠭᠰᠠᠨ ᠪᠠᠶᠢᠭᠤᠯᠤᠯᠲᠠ ᠶᠢ ᠲᠦᠷᠭᠡᠳᠬᠡᠪᠡ᠃ ᠪᠥᠬᠦ | ᠵᠢᠯ ᠳᠤ ᠨᠡᠶᠢᠲᠡ 63 ᠺᠠᠳ᠋ᠷ ᠴᠠᠭᠳᠠᠭ᠎ᠠ ᠳᠡᠭᠡᠳᠦ ᠭᠤᠷᠪᠠᠨ ᠱᠠᠲᠤᠨ ᠤ ᠪᠠᠶᠢᠴᠠᠭᠠᠬᠤ ᠪᠠᠶᠢᠭᠤᠯᠭ᠎ᠠ ᠶᠢᠨ ᠵᠣᠬᠢᠶᠠᠨ | ᠪᠠᠶᠢᠭᠤᠯᠤᠭᠰᠠᠨ ᠡᠯ᠎ᠡ ᠲᠥᠷᠥᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠳᠤ ᠣᠷᠣᠯᠴᠠᠵᠤ᠂ ᠺᠠᠳ᠋ᠷ | ᠴᠠᠭᠳᠠᠭ᠎ᠠ ᠶᠢᠨ ᠠᠵᠢᠯ ᠤᠨ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠪᠡ᠃ | ᠰᠤᠷᠲᠠᠯ ᠢ ᠳᠠᠪᠲᠠᠨ ᠪᠣᠯᠪᠠᠰᠤᠷᠠᠭᠤᠯᠬᠤ ᠶᠢ ᠴᠢᠩᠭᠠᠳᠬᠠᠵᠤ᠂ ᠪᠠᠶᠢᠴᠠᠭᠠᠬᠤ ᠬᠤᠷᠢᠶ᠎ᠠ ᠶᠢ ᠴᠢᠩᠭ᠎ᠠ ᠵᠠᠰᠠᠬᠤ ᠶᠢ | ᠬᠦᠴᠦᠲᠡᠶ ᠠᠳᠬᠤᠵᠠᠢ᠃ ᠨᠠᠮ ᠤᠨ ᠰᠤᠷᠲᠠᠯ ᠴᠢᠬᠡᠴᠢ ᠵᠠᠰᠠᠭ ᠤᠨ ᠬᠠᠷᠢᠭᠤᠴᠠᠯᠭ᠎ᠠ ᠶᠢᠨ ᠳᠦᠷᠢᠮ ᠤᠨ ᠡᠯ᠎ᠡ | ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠢᠳᠠᠪᠤᠷᠢᠵᠢᠭᠤᠯᠵᠤ᠂ ᠤᠳᠤᠷᠢᠳᠬᠤ ᠪᠠᠭ ᠤᠨ ᠪᠦᠷᠢᠯᠳᠦᠬᠦᠨ ︽ᠨᠢᠭᠡ | ᠠᠵᠢᠯ ᠤᠨ ᠪᠠᠶᠢᠷᠢ ᠶᠢᠨ ᠬᠤᠣᠰ ᠬᠠᠷᠢᠭᠤᠴᠠᠯᠭ᠎ᠠ︾ ᠶᠢ ᠴᠢᠩᠭ᠎ᠠ ᠭᠦᠢᠴᠡᠳᠬᠡᠵᠦ᠂ ᠤᠳᠤᠷᠢᠳᠤᠯᠭ᠎ᠠ ᠲᠦᠷᠦᠭᠦᠯᠡᠨ | ᠰᠠᠬᠢᠯᠭ᠎ᠠ ᠪᠠᠲᠤ ᠶᠢ ᠡᠷᠬᠢᠮᠯᠡᠵᠦ᠂ ᠳᠦᠷᠢᠮ ᠲᠣᠭᠲᠠᠭᠠᠯ ᠢ ᠰᠠᠬᠢᠵᠤ᠂ ᠰᠤᠷᠲᠠᠯ ᠢᠶᠠᠨ ᠬᠤᠪᠢᠷᠠᠭᠤᠯᠵᠤ᠂ ᠬᠡᠪ | ᠳᠠᠭᠤᠷᠢᠶᠠᠯ ᠪᠣᠯᠪᠠ᠃ ᠪᠡᠶ᠎ᠡ ᠪᠠᠨ ᠴᠢᠩᠭ᠎ᠠ ᠱᠠᠭᠠᠷᠳᠠᠬᠤ ᠶᠢ ᠪᠠᠷᠢᠮᠲᠠᠯᠠᠨ᠂ ︽ᠬᠡᠷᠡᠭ ᠢᠶᠠᠷ ᠴᠡᠭᠴᠡᠯᠡᠨ | ᠰᠠᠶᠢᠵᠢᠷᠠᠭᠤᠯᠬᠤ ᠶᠢ ᠠᠬᠢᠭᠤᠯᠬᠤ︾ ᠰᠡᠷᠡᠮᠵᠢᠯᠡᠭᠦᠯᠬᠦ ᠬᠥᠮᠦᠵᠢᠯ ᠤᠨ ᠠᠵᠢᠯ ᠢ ᠬᠢᠨᠠᠮᠠᠭᠠᠶ ᠥᠷᠨᠢᠭᠦᠯᠵᠦ᠂ ︽ᠴᠢᠩᠭ᠎ᠠ | ᠴᠡᠭᠴᠡᠯᠡᠨ ᠰᠠᠶᠢᠵᠢᠷᠠᠭᠤᠯᠬᠤ᠂ ᠳᠡᠭᠡᠭᠰᠢᠯᠡᠭᠦᠯᠬᠦ ᠶᠢ ᠠᠬᠢᠭᠤᠯᠬᠤ᠂ ᠳᠦᠷᠢ ᠲᠥᠷᠬᠦ ᠶᠢ ᠪᠣᠶ ᠪᠣᠯᠭᠠᠬᠤ︾ ᠰᠠᠬᠢᠯᠭ᠎ᠠ | ᠪᠠᠲᠤ ᠣᠪᠣᠷ ᠰᠤᠷᠲᠠᠯ ᠢ ᠬᠥᠮᠦᠵᠢᠭᠦᠯᠦᠨ ᠴᠡᠭᠴᠡᠯᠡᠬᠦ ᠠᠵᠢᠯᠯᠠᠭ᠎ᠠ ᠲᠠᠢ ᠤᠶᠠᠯᠳᠤᠭᠤᠯᠤᠨ᠂ ᠠᠷᠢᠭᠤᠨ ᠴᠢᠬᠡᠴᠢ ᠪᠠᠷ | ᠵᠠᠰᠠᠭ ᠪᠠᠷᠢᠬᠤ ᠲᠤᠬᠠᠶ ᠶᠠᠷᠢᠯᠴᠠᠭ᠎ᠠ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠨᠠᠮ ᠤᠨ ᠬᠢᠴᠢᠶᠡᠯ ᠵᠡᠷᠭᠡ | ᠬᠡᠯᠪᠡᠷᠢ ᠪᠠᠷ ᠳᠠᠮᠵᠢᠭᠤᠯᠤᠨ᠂ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ | ᠢᠯᠵᠶᠢᠷᠠᠯ ᠢ ᠡᠰᠡᠷᠭᠦᠴᠡᠬᠦ ᠠᠵᠢᠯ ᠤᠨ ᠭᠦᠨᠵᠡᠭᠡᠶᠢᠷᠡᠨ ᠬᠥᠭᠵᠢᠬᠦ ᠶᠢ ᠲᠦᠯᠬᠢᠨ ᠠᠬᠢᠭᠤᠯᠪᠠ᠃ ᠬᠠᠤᠯᠢ ᠬᠡᠷᠡᠭᠵᠢᠭᠦᠯᠬᠦ | ᠬᠠᠤᠯᠢ ᠪᠠᠷᠢᠬᠤ ᠰᠤᠷᠲᠠᠯ ᠢ ᠴᠢᠩᠭ᠎ᠠ ᠠᠳᠬᠤᠵᠤ᠂ ︽ᠭᠤᠷᠪᠠᠨ ᠲᠣᠭᠲᠠᠭᠠᠯ︾ ᠢ ᠴᠢᠩᠭ᠎ᠠ ᠨᠠᠶᠢᠳᠠᠪᠤᠷᠢᠵᠢᠭᠤᠯᠤᠨ᠂ | ᠲᠥᠪ ᠴᠢᠬᠡᠴᠢ ᠬᠡᠪ ᠰᠤᠷᠲᠠᠯ ᠪᠦᠬᠦᠢ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠤᠢ ᠪᠣᠯᠭᠠᠪᠠ᠃ | ᠵᠢᠷᠭᠤᠭ᠎ᠠ᠂ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠲᠦᠮᠡᠨ ᠳᠤ ᠦᠢᠯᠡᠴᠢᠯᠡᠬᠦ ᠳᠤᠮᠳᠠ | ᠬᠠᠤᠯᠢ ᠪᠠᠷᠢᠬᠤ ᠵᠢᠷᠤᠮᠵᠢᠯ ᠢ ᠠᠬᠢᠭᠤᠯᠵᠠᠢ | ᠭᠠᠳᠠᠨᠠᠬᠢ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ | ᠪᠠᠨ ᠬᠦᠯᠢᠶᠡᠵᠦ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯᠲᠤ ᠬᠢᠨᠠᠯᠲᠠ ᠶᠢ ᠬᠦᠯᠢᠶᠡᠵᠦ᠂ ᠴᠢᠬᠤᠯᠠ | ᠠᠵᠢᠯ ᠪᠠ ᠴᠢᠬᠤᠯᠠ ᠶᠡᠭᠡ ᠵᠦᠶᠯᠡᠰ ᠢ ᠴᠠᠭ ᠲᠤᠬᠠᠶ ᠳᠤᠨᠢ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠬᠦ ᠶᠢ ᠪᠠᠷᠢᠮᠲᠠᠯᠠᠵᠠᠢ᠃ | ᠪᠠᠶᠢᠩᠭᠤᠵᠢᠭᠰᠠᠨ ᠰᠤᠷᠪᠤᠯᠵᠢᠯᠠᠨ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠢ ᠤᠷᠢᠵᠤ ᠠᠵᠢᠯ | ᠪᠠᠶᠢᠴᠠᠭᠠᠯᠭᠠᠨ᠂ 《 ᠪᠠᠶᠢᠴᠠᠭᠠᠬᠤ ᠠᠵᠢᠯ ᠤᠨ ᠨᠡᠭᠡᠭᠡᠯᠲᠡᠲᠦ ᠡᠳᠦᠷ 》 ᠤᠨ ᠠᠵᠢᠯᠯᠠᠭ᠎ᠠ ᠳᠤ ᠣᠷᠣᠯᠴᠠᠭᠤᠯᠵᠤ᠂ | ᠬᠡᠷᠡᠭ ᠢ ᠢᠯᠡ ᠪᠠᠷ ᠭᠡᠷᠡᠴᠢᠯᠡᠭᠡ ᠰᠣᠨᠣᠰᠬᠤ ᠳᠤ ᠣᠷᠣᠯᠴᠠᠭᠤᠯᠵᠤ᠂ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ | ᠥᠷᠭᠡᠨ ᠢᠶᠠᠷ ᠰᠣᠨᠣᠰᠴᠠᠢ᠃ ᠨᠡᠶᠢᠭᠡᠮ ᠤᠨ ᠠᠩᠬᠠᠷᠤᠯ ᠳᠤ ᠢᠳᠡᠪᠬᠢᠲᠡᠢ ᠬᠠᠷᠢᠭᠤᠯᠲᠠ ᠥᠭᠴᠦ᠂ ᠠᠷᠠᠳ ᠤᠨ | ᠲᠥᠯᠥᠭᠡ ᠬᠠᠤᠯᠢ ᠪᠠᠷᠢᠬᠤ ᠴᠢᠳᠠᠪᠤᠷᠢ ᠶᠢᠨ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠷᠠᠳ | ᠤᠯᠠᠨ ᠤ ᠬᠠᠤᠯᠢ ᠪᠠᠷᠢᠬᠤ ᠬᠡᠷᠡᠭᠴᠡᠭᠡ ᠶᠢ ᠨᠡᠩ ᠰᠠᠶᠢᠲᠤᠷ ᠬᠠᠩᠭᠠᠨ᠎ᠠ᠃ | ᠪᠠᠶᠢᠴᠠᠭᠠᠬᠤ ᠶᠠᠪᠤᠳᠠᠯ ᠢ ᠢᠯᠡ ᠪᠣᠯᠭᠠᠬᠤ ᠶᠢ ᠴᠢᠩᠭᠠᠳᠬᠠᠵᠤ᠂ ᠤᠬᠠᠮᠰᠠᠷ ᠠᠴᠠ ᠪᠠᠨ ᠬᠢᠨᠠᠯᠲᠠ ᠶᠢ | ᠬᠦᠯᠢᠶᠡᠵᠠᠢ᠃ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ 12309 ᠲᠤᠭᠠᠲᠤ ᠳᠤᠮᠳᠠᠳᠤ | ᠤᠯᠤᠰ ᠤᠨ ᠪᠠᠶᠢᠴᠠᠭᠠᠬᠤ ᠰᠦᠯᠵᠢᠶ᠎ᠡ ᠳᠤ ᠲᠦᠰᠢᠭᠯᠡᠨ᠂ ᠬᠡᠷᠡᠭ ᠤᠨ ᠵᠢᠷᠤᠮ ᠤᠨ ᠴᠢᠨᠠᠷᠲᠠᠢ ᠮᠡᠳᠡᠭᠡ ᠵᠠᠩᠭᠢ ᠪᠠ | ᠬᠠᠤᠯᠢ ᠴᠠᠭᠠᠵᠠ ᠶᠢᠨ ᠪᠢᠴᠢᠭ ᠬᠠᠷ᠎ᠠ ᠶᠢ ᠰᠦᠯᠵᠢᠶᠡᠨ ᠳᠡᠭᠡᠷ᠎ᠡ ᠢᠯᠡ ᠪᠣᠯᠭᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ | ᠂ ᠪᠦᠬᠦ ᠵᠢᠯ ᠳᠤ ᠬᠡᠷᠡᠭ ᠤᠨ ᠵᠢᠷᠤᠮ ᠤᠨ ᠴᠢᠨᠠᠷᠲᠠᠢ ᠮᠡᠳᠡᠭᠡ ᠵᠠᠩᠭᠢ 511 ᠵᠣᠷᠪᠣᠰ᠂ ᠲᠡᠭᠦᠰᠬᠡᠯ ᠤᠨ ᠴᠢᠨᠠᠷᠲᠠᠢ | ᠬᠠᠤᠯᠢ ᠴᠠᠭᠠᠵᠠ ᠶᠢᠨ ᠪᠢᠴᠢᠭ ᠬᠠᠷ᠎ᠠ ᠶᠢ 461 ᠬᠤᠪᠢ ᠨᠡᠶᠢᠲᠡᠯᠡᠪᠡ᠃ ︽ ᠬᠤᠶᠠᠷ ᠸᠢᠴᠠᠲ ᠨᠢᠭᠡ ᠬᠡᠷᠡᠭᠯᠡᠭᠴᠢ︾ | ᠵᠡᠷᠭᠡ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠵᠤ᠂ ᠠᠷᠠᠳ ᠤᠯᠠᠨ ᠤ ᠪᠠᠶᠢᠴᠠᠭᠠᠬᠤ ᠠᠵᠢᠯ ᠤᠨ ᠲᠤᠬᠠᠢ | ᠣᠶᠢᠯᠠᠭᠠᠯᠲᠠ ᠲᠠᠨᠢᠯᠲᠠ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠪᠠᠶᠢᠴᠠᠭᠠᠬᠤ ᠪᠠᠶᠢᠭᠤᠯᠭ᠎ᠠ ᠶᠢᠨ ᠰᠠᠶᠢᠨ ᠳᠠᠭᠤᠨ ᠢ | ᠳᠠᠮᠵᠢᠭᠤᠯᠵᠤ᠂ ᠬᠠᠤᠯᠢ ᠪᠠᠷ ᠵᠠᠰᠠᠬᠤ ᠢᠳᠡᠪᠬᠢ ᠬᠦᠴᠦᠨ ᠢ ᠪᠠᠳᠠᠷᠠᠭᠤᠯᠵᠤ᠂ ᠪᠦᠬᠦ ᠵᠢᠯ ᠳᠤ ︽ᠪᠠᠶᠢᠴᠠᠭᠠᠬᠤ | ᠠᠵᠢᠯ ᠤᠨ ᠡᠳᠦᠷ ᠤᠨ ᠰᠣᠨᠢᠨ︾᠂ 《ᠥᠪᠥᠷ ᠮᠣᠩᠭᠤᠯ ᠤᠨ ᠪᠠᠶᠢᠴᠠᠭᠠᠴᠢ ᠰᠤᠨᠢᠨ》᠂ ︽ᠬᠢᠩᠭᠠᠨ ᠤ | ᠡᠳᠦᠷ ᠤᠨ ᠰᠣᠨᠢᠨ︾ ᠵᠡᠷᠭᠡ ᠡᠯ᠎ᠡ ᠱᠠᠲᠤᠨ ᠤ ᠵᠠᠭᠤᠴᠢᠯᠠᠭᠤᠷ ᠲᠤ ᠨᠡᠶᠢᠳᠡ 260 ᠭᠠᠷᠤᠢ ᠵᠣᠬᠢᠶᠠᠯ᠂ ᠮᠡᠳᠡᠭᠡ | ᠵᠠᠩᠭᠢ ᠨᠡᠶᠢᠲᠡᠯᠡᠪᠡ᠃ | ᠲᠥᠯᠥᠭᠡᠯᠡᠭᠴᠢᠳ ᠡ᠂ ᠨᠢᠭᠡ ᠵᠢᠯ ᠤᠨ ᠲᠤᠷᠰᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠠᠷᠠᠳ ᠤᠨ ᠪᠠᠶᠢᠴᠠᠭᠠᠬᠤ ᠬᠤᠷᠢᠶ᠎ᠠ ᠪᠠᠲᠤ ᠴᠢᠩᠭ᠎ᠠ ᠤᠯᠤᠰ ᠲᠥᠷᠥ ᠶᠢᠨ ᠢᠲᠡᠭᠡᠯ᠂ ᠣᠷᠭᠢᠯᠤᠮ᠎ᠠ ᠬᠠᠯᠠᠭᠤᠨ | ᠠᠵᠢᠯ ᠤᠨ ᠰᠡᠳᠬᠢᠯᠭᠡ ᠪᠠᠷ ᠰᠢᠨ᠎ᠡ ᠴᠠᠭ ᠦᠶ᠎ᠡ ᠶᠢᠨ ᠪᠥᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠭᠤᠤ | ᠶᠡᠭᠡ ᠦᠢᠯᠡᠳᠦᠯᠭᠡ ᠳᠤ ᠣᠷᠣᠯᠴᠠᠵᠤ᠂ ᠤᠷᠢᠳ ᠬᠤᠵᠢᠳ ᠬᠠᠮᠤᠭ ᠤᠨ ᠳᠡᠭᠡᠲᠦ ᠪᠠᠶᠢᠴᠠᠭᠠᠬᠤ ᠬᠤᠷᠢᠶᠠᠨ ᠠᠴᠠ | ᠤᠯᠭᠤᠭᠰᠠᠨ ᠠᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ︽ᠪᠤᠯᠪᠠᠰᠤᠨ | ᠬᠦᠯᠢᠶᠡᠨ ᠠᠪᠬᠤ ᠭᠡᠷ︾ ᠠᠶᠢᠮᠠᠭ ᠤᠨ ᠨᠠᠮ ᠤᠨ ᠬᠤᠷᠢᠶ᠎ᠠ ᠠᠴᠠ ᠤᠯᠭᠤᠭᠰᠠᠨ ︽ᠪᠥᠬᠦ ᠠᠶᠢᠮᠠᠭ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ︾ ᠪᠠᠷ ᠦᠨᠡᠯᠡᠭᠳᠡᠵᠦ᠂ ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠤᠯᠭᠤᠭᠰᠠᠨ ︽ᠰᠢᠯᠢᠳᠡᠭ ᠤᠳᠤᠷᠢᠳᠬᠤ ᠪᠠᠭ︾ ᠪᠠ ︽ | ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾ ᠵᠡᠷᠭᠡ ᠢᠷᠠᠭᠤ ᠠᠯᠳᠠᠷ ᠤᠨ ᠴᠣᠯᠠ | ᠤᠳ ᠢ ᠬᠦᠷᠲᠡᠪᠡ᠃ ᠳᠡᠭᠡᠷᠡᠬᠢ ᠣᠯᠣᠭᠰᠠᠨᠠᠮᠵᠢᠯᠲᠠ ᠨᠢ ᠬᠤᠰᠢᠭᠤᠨ ᠤ ᠨᠠᠮ ᠤᠨ ᠬᠤᠷᠢᠶᠠᠨ ᠤ ᠵᠥᠪ | ᠣᠨᠣᠪᠴᠢᠲᠠᠶ ᠤᠳᠤᠷᠢᠳᠤᠯᠭ᠎ᠠ ᠠᠴᠠ ᠰᠠᠯᠵᠤ ᠴᠢᠳᠠᠬᠤ ᠥᠬᠡᠶ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠦᠴᠦᠲᠡᠶ ᠬᠢᠨᠠᠯᠲᠠ ᠠᠴᠠ ᠰᠠᠯᠵᠤ ᠴᠢᠳᠠᠬᠤ ᠥᠬᠡᠶ᠂ ᠬᠤᠰᠢᠭᠤᠨ | ᠤ ᠵᠠᠰᠠᠭ ᠤᠨ ᠣᠷᠳᠣᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠵᠢᠴᠢ ᠨᠡᠶᠢᠭᠡᠮ ᠤᠨ ᠡᠯ᠎ᠡ | ᠡᠲᠡᠭᠡᠳ ᠤᠨ ᠳᠡᠮᠵᠢᠯᠭᠡ ᠬᠠᠪᠰᠤᠷᠤᠯᠭ᠎ᠠ ᠠᠴᠠ ᠰᠠᠯᠵᠤ ᠴᠢᠳᠠᠬᠤ ᠥᠬᠡᠶ᠃ ᠠᠳᠡ ᠪᠢ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢ ᠲᠥᠯᠥᠭᠡᠯᠡᠨ ᠡᠯ᠎ᠡ ᠲᠥᠯᠥᠭᠡᠯᠡᠭᠴᠢᠳ ᠵᠢᠴᠢ | ᠪᠠᠶᠢᠴᠠᠭᠠᠬᠤ ᠠᠵᠢᠯ ᠢ ᠤᠷᠲᠤ ᠬᠤᠭᠤᠴᠠᠭ᠎ᠠ ᠪᠠᠷ ᠬᠠᠯᠠᠮᠵᠢᠯᠠᠨ ᠳᠡᠮᠵᠢᠭᠰᠡᠨ ᠡᠯ᠎ᠡ ᠤᠳᠤᠷᠢᠳᠤᠯᠭ᠎ᠠ ᠪᠣᠯᠤᠨ ᠡᠯ᠎ᠡ | ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠡᠭᠦᠨ ᠤ ᠬᠠᠮᠲᠤ᠂ ᠮᠠᠨ ᠤ ᠬᠤᠷᠢᠶᠠᠨ ᠤ ᠠᠵᠢᠯ ᠳᠤ ᠪᠠᠰᠠ ᠵᠠᠷᠢᠮ ᠠᠰᠠᠭᠤᠳᠠᠯ ᠪᠠ ᠬᠦᠷᠦᠯᠴᠡᠬᠦ ᠦᠭᠡᠢ | ᠲᠠᠯ᠎ᠠ ᠣᠷᠣᠰᠢᠵᠤ ᠪᠠᠶᠢᠬᠤ ᠶᠢ ᠪᠢᠳᠡ ᠪᠠᠰᠠ ᠰᠡᠷᠭᠡᠭ ᠢᠶᠠᠷ ᠲᠠᠨᠢᠵᠤ ᠤᠯᠪᠠ᠄ ᠴᠠᠭ ᠦᠶ᠎ᠡ ᠶᠢᠨ ᠬᠥᠭᠵᠢᠯᠲᠡ ᠶᠢᠨ | ᠴᠢᠩᠭ᠎ᠠ ᠬᠡᠷᠡᠭᠴᠡᠭᠡ ᠲᠠᠢ ᠬᠠᠷᠢᠴᠠᠭᠤᠯᠪᠠᠯ᠂ ᠬᠠᠤᠯᠢ ᠪᠠᠷ ᠵᠠᠰᠠᠬᠤ ᠰᠡᠳᠬᠢᠬᠦᠢ ᠪᠠ ᠠᠷᠭ᠎ᠠ ᠮᠠᠶ᠋ᠢᠭ ᠢ ᠬᠡᠷᠡᠭᠯᠡᠨ ᠶᠡᠭᠡ | ᠲᠠᠯ᠎ᠠ ᠳᠤ ᠦᠢᠯᠡᠴᠢᠯᠡᠬᠦ ᠴᠢᠳᠠᠪᠤᠷᠢ ᠪᠠᠨ ᠪᠠᠰᠠ ᠴᠢᠩᠭᠠᠳᠬᠠᠬᠤ ᠴᠢᠬᠤᠯᠠᠲᠠᠢ ᠪᠠᠶᠢᠨ᠎ᠠ ᠃ ᠠᠷᠠᠳ ᠤᠯᠠᠨ ᠤ | ᠪᠣᠳᠠᠲᠠᠢ ᠬᠦᠰᠡᠯ ᠡᠷᠡᠮᠡᠯᠵᠡᠯ ᠲᠠᠢ ᠬᠠᠷᠢᠴᠠᠭᠤᠯᠪᠠᠯ᠂ ᠪᠠᠶᠢᠴᠠᠭᠠᠬᠤ ᠦᠢᠯᠡᠳᠬᠦᠨ ᠤ ᠬᠠᠩᠭᠠᠯᠭ᠎ᠠ ᠶᠢᠨ ᠲᠤᠭ᠎ᠠ | ᠬᠡᠮᠵᠢᠶ᠎ᠡ ᠪᠠᠰᠠ ᠲᠡᠶᠢᠮᠦ ᠭᠦᠢᠴᠡᠳ ᠪᠢᠰᠢ᠂ ᠶᠠᠰᠤ ᠴᠢᠨᠠᠷ ᠪᠠᠰᠠ ᠲᠡᠶᠢᠮᠦ ᠰᠠᠶᠢᠨ ᠪᠢᠰᠢ ᠪᠠᠶᠢᠨ᠎ᠠ ᠃ ᠪᠦᠬᠦ | ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠨᠡᠩ ᠥᠨᠳᠥᠷ ᠱᠠᠭᠠᠷᠳᠠᠯᠭ᠎ᠠ ᠲᠠᠢ ᠬᠠᠷᠢᠴᠠᠭᠤᠯᠪᠠᠯ᠂ ︽ᠳᠤᠮᠳᠠᠳᠤ | ᠶᠢᠨ ᠵᠠᠰᠠᠯᠲᠠ︾ ᠶᠢ ᠠᠬᠢᠭᠤᠯᠬᠤ ᠠᠷᠭ᠎ᠠ ᠮᠠᠶ᠋ᠢᠭ ᠲᠤ ᠪᠠᠰᠠ ᠰᠢᠨ᠎ᠡ ᠶᠢ ᠡᠭᠦᠳᠬᠦ ᠴᠢᠬᠤᠯᠠᠲᠠᠢ ᠪᠠᠶᠢᠨ᠎ᠠ᠃ | ᠲᠤᠰᠢᠶᠠᠯ ᠪᠠ ᠬᠠᠷᠢᠭᠤᠴᠠᠯᠭ᠎ᠠ ᠲᠠᠢ ᠪᠠᠨ ᠬᠠᠷᠢᠴᠠᠭᠤᠯᠪᠠᠯ᠂ ᠪᠠᠶᠢᠴᠠᠭᠠᠬᠤ ᠡᠩᠨᠡᠭᠡ ᠶᠢ ᠲᠤᠰᠬᠠᠶᠢᠵᠢᠭᠤᠯᠬᠤ᠂ | ᠮᠡᠷᠭᠡᠰᠢᠭᠦᠯᠬᠦ ᠪᠠᠶᠢᠭᠤᠯᠤᠯᠲᠠ ᠶᠢᠨ ᠬᠢᠷᠢ ᠲᠦᠪᠰᠢᠨ ᠢ ᠪᠠᠰᠠ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠡᠭᠦᠨ ᠳᠤ | ᠪᠢᠳᠡ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠬᠦᠴᠦᠯᠡᠨ ᠰᠢᠢᠳᠪᠦᠷᠢᠯᠡᠬᠦ ᠪᠠᠷ ᠴᠢᠷᠮᠠᠶᠢᠶ᠎ᠠ᠃ | 2021 ᠣᠨ ᠤ ᠠᠵᠢᠯ ᠤᠨ ᠲᠣᠬᠢᠷᠠᠭᠤᠯᠤᠯᠲᠠ | 2021 ᠣᠨ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠶᠢᠴᠠᠭᠠᠬᠤ ᠬᠤᠷᠢᠶ᠎ᠠ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ | ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠨ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ | ᠵᠢᠯᠣᠭᠤᠳᠤᠮᠵᠢ ᠪᠣᠯᠭᠠᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠶᠡᠭᠡ ᠬᠤᠷᠠᠯ ᠪᠠ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠂ ᠭᠤᠷᠪᠠᠳᠤᠭᠠᠷ ᠂ ᠳᠥᠷᠪᠡᠳᠦᠭᠡᠷ ᠂ ᠲᠠᠪᠤᠳᠤᠭᠠᠷ ᠪᠦᠬᠦᠳᠠ | ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠦ᠂ ᠤᠶᠠᠯᠳᠤᠯ ᠤᠨ ᠴᠡᠭ ᠪᠠ ᠭᠠᠷᠳᠠᠬᠤ ᠴᠡᠭ | ᠢ ᠣᠨᠣᠪᠴᠢᠲᠠᠶ ᠣᠯᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠢᠶᠠᠷ᠂ ᠬᠠᠤᠯᠢ ᠪᠠᠷ ᠵᠠᠰᠠᠬᠤ | ᠤᠬᠠᠮᠰᠠᠷ᠂ ᠪᠠᠶᠢᠴᠠᠭᠠᠬᠤ ᠤᠬᠠᠮᠰᠠᠷ᠂ ᠲᠡᠷᠢᠭᠦᠨ ᠡᠩᠨᠡᠭᠡ ᠲᠠᠢ ᠠᠳᠠᠯᠢᠳᠬᠠᠬᠤ᠂ ᠨᠠᠶᠢᠳᠠᠪᠤᠷᠢᠵᠢᠭᠤᠯᠤᠯᠲᠠ ᠶᠢ | ᠴᠢᠩᠭ᠎ᠠ ᠠᠳᠬᠤᠵᠤ᠂ ᠪᠠᠶᠢᠴᠠᠭᠠᠬᠤ ᠲᠤᠬᠠᠶᠢᠯᠠᠭᠰᠠᠨ ᠠᠵᠢᠯ ᠢᠶᠠᠨ ᠴᠢᠩᠭᠠᠳᠬᠠᠨ᠎ᠠ᠂ ᠪᠠᠶᠢᠴᠠᠭᠠᠬᠤ ᠠᠵᠢᠯ ᠤᠨ | ᠥᠭᠡᠷᠡᠴᠢᠯᠡᠯᠲᠡ ᠪᠠ ᠪᠠᠶᠢᠴᠠᠭᠠᠬᠤ ᠡᠩᠨᠡᠭᠡᠨ ᠤ ᠪᠠᠶᠢᠭᠤᠯᠤᠯᠲᠠ᠂ ᠦᠨᠳᠦᠰᠦᠨ ᠱᠠᠲᠤᠨ ᠤ ᠰᠠᠭᠤᠷᠢ ᠶᠢ | ᠦᠷᠭᠦᠯᠵᠢᠯᠡᠨ ᠪᠠᠬᠢᠵᠢᠭᠦᠯᠵᠦ᠂ ᠣᠨᠴᠠᠯᠢᠭᠲᠤ ᠭᠢᠯᠠᠰ ᠴᠡᠭ ᠢ ᠪᠤᠢ ᠪᠣᠯᠭᠠᠵᠤ᠂ ᠡᠯ᠎ᠡ ᠵᠦᠢᠯ ᠤᠨ ᠪᠠᠶᠢᠴᠠᠭᠠᠬᠤ | ᠡᠭᠦᠷᠭᠡ ᠴᠢᠳᠠᠪᠤᠷᠢ ᠪᠠᠨ ᠪᠦᠬᠦ ᠲᠠᠯ᠎ᠠ ᠪᠠᠷ ᠪᠦᠷᠢᠨ ᠭᠦᠢᠴᠡᠳᠬᠡᠨ᠎ᠡ᠂ ᠡᠮᠦᠨᠡᠲᠦ ᠬᠤᠰᠢᠭᠤᠨ ᠤ 《 ᠠᠷᠪᠠᠨ | ᠳᠥᠷᠪᠡᠳᠦᠭᠡᠷ ᠲᠠᠪᠤᠨ ᠵᠢᠯ 》 ᠤᠨ ᠬᠤᠭᠤᠴᠠᠭᠠᠨ ᠤ ᠬᠥᠭᠵᠢᠯᠲᠡ ᠳᠤ ᠰᠠᠶᠢᠨ ᠡᠬᠢᠯᠡᠯᠲᠡ ᠲᠠᠢ ᠪᠣᠯᠭᠠᠬᠤ ᠶᠢᠨ | ᠬᠠᠮᠲᠤ ᠬᠦᠴᠦᠲᠡᠶ ᠬᠠᠤᠯᠢᠵᠢᠯ ᠤᠨ ᠪᠠᠲᠤᠯᠠᠭ᠎ᠠ ᠬᠠᠩᠭᠠᠨ᠎ᠠ᠃ | ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ | ᠰᠠᠨᠠᠭᠠᠨ ᠤ ᠰᠠᠭᠤᠷᠢ ᠪᠠᠨ ᠲᠠᠰᠤᠷᠠᠯᠲᠠ ᠥᠬᠡᠶ ᠪᠠᠬᠢᠵᠢᠭᠦᠯᠬᠦ ᠬᠡᠷᠡᠭᠲᠡᠶ᠃ ᠲᠤᠭ ᠲᠡᠮᠳᠡᠭ ᠲᠣᠳᠣᠷᠬᠠᠢ ᠪᠠᠷ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠵᠤ᠂ ᠤᠬᠠᠮᠰᠠᠷ ᠠᠴᠠ ᠪᠠᠨ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ | ᠳᠡᠭᠡᠷ᠎ᠡ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ | ᠪᠠᠷ ᠨᠢᠭᠡᠳᠦᠯᠲᠡᠢ ᠪᠠᠶᠢᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠬᠠᠷᠢᠭᠤᠴᠠᠯᠭ᠎ᠠ ᠶᠢᠨ ᠲᠦᠷᠢᠮ | ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠦᠷᠢᠮ ᠢ ᠡᠷᠡᠰ | ᠬᠡᠷᠡᠭᠵᠢᠭᠦᠯᠤᠨ᠎ᠡ᠃ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠬᠠᠬᠤ ᠴᠢᠳᠠᠪᠤᠷᠢ᠂ | ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠤᠨ᠎ᠡ ᠃ ᠦᠵᠡᠯ ᠤᠬᠠᠮᠰᠠᠷ | ᠤᠨ ᠬᠡᠯᠪᠡᠷᠢ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠪᠠᠶᠢᠴᠠᠭᠠᠬᠤ ᠦᠵᠡᠯ ᠤᠬᠠᠮᠰᠠᠷ ᠤᠨ ᠬᠡᠯᠪᠡᠷᠢ ᠶᠢᠨ | ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠵᠤ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ | ᠳᠣᠯᠣᠳᠤᠭᠠᠷ ᠪᠥᠬᠦᠳᠡ ( ᠥᠷᠭᠡᠳᠬᠡᠭᠰᠡᠨ ) ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ ᠂ | ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠭᠦᠨᠵᠡᠭᠡᠶᠢᠷᠡᠭᠦᠯᠵᠦ᠂ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠤᠨᠤᠯ ᠢᠶᠠᠷ | ᠵᠡᠪᠰᠡᠭᠯᠡᠬᠦ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠤᠨ ᠭᠦᠨᠵᠡᠭᠡᠢ | ᠠᠭᠤᠰᠤᠯᠴᠠᠯ ᠢ ᠦᠷᠭᠦᠯᠵᠢᠯᠡᠨ ᠠᠬᠢᠭᠤᠯᠤᠨ᠎ᠠ᠃《 ᠭᠤᠷᠪᠠᠨ ᠲᠣᠭᠲᠠᠭᠠᠯ 》ᠵᠢᠴᠢ ᠴᠢᠬᠤᠯᠠ ᠶᠡᠭᠡ ᠬᠡᠷᠡᠭ | ᠶᠠᠪᠤᠳᠠᠯ ᠢ ᠲᠡᠮᠳᠡᠭᠯᠡᠨ ᠮᠡᠳᠡᠭᠦᠯᠬᠦ ᠲᠦᠷᠢᠮ ᠢ ᠦᠷᠭᠦᠯᠵᠢᠯᠡᠨ ᠠᠳᠬᠤᠵᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ | ᠶᠢᠨ ᠲᠦᠷᠢᠮ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠤᠯᠢ ᠴᠠᠭᠠᠵᠠ ᠶᠢᠨ ᠤᠯᠠᠨ ᠨᠡᠶᠢᠲᠡ ᠶᠢ ᠢᠲᠡᠭᠡᠭᠦᠯᠬᠦ | ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠲᠥᠪ ᠴᠢᠬᠡᠴᠢ ᠬᠡᠪ ᠰᠤᠷᠲᠠᠯ ᠪᠦᠬᠦᠢ ᠪᠠᠶᠢᠴᠠᠭᠠᠬᠤ ᠠᠵᠢᠯ | ᠤᠨ ᠠᠮᠢ ᠠᠬᠤᠢ ᠶᠢ ᠴᠢᠷᠮᠠᠶᠢᠨ ᠪᠤᠢ ᠪᠣᠯᠭᠠᠨ᠎ᠠ᠃ | ᠬᠤᠶᠠᠷ ᠲᠤ᠂ ᠭᠤᠣᠯ ᠠᠵᠢᠯ ᠤᠨ ᠲᠣᠭᠤᠷᠢᠨ ᠳᠤ᠂ ᠪᠦᠬᠦ ᠬᠦᠴᠦᠨ ᠢᠶᠠᠷ ᠢᠶᠠᠨ ᠠᠵᠢᠯ ᠤᠨ ᠶᠡᠭᠡ ᠲᠠᠯ᠎ᠠ ᠳᠤ | ᠦᠢᠯᠡᠴᠢᠯᠡᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠡᠮ ᠡᠮᠨᠡᠯᠭᠡ᠂ ᠰᠤᠷᠭᠠᠨ ᠬᠥᠮᠦᠵᠢᠯ᠂ | 《 ᠢᠳᠡᠭᠡᠨ ᠤᠮᠳᠠᠭᠠᠨ ᠡᠮ ᠤᠨ ᠵᠦᠢᠯᠡᠰ ᠣᠷᠴᠢᠨ ᠲᠣᠭᠤᠷᠢᠨ 》ᠵᠡᠷᠭᠡ ᠬᠦᠷᠢᠶᠡᠨ ᠳᠠᠬᠢ ᠡᠷᠡᠭᠦᠦ ᠶᠢᠨ ᠬᠡᠷᠡᠭ | ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠴᠥᠷᠬᠡᠯᠡᠭᠡ ᠵᠢᠭᠡᠯᠡᠯᠭᠡ᠂ ᠴᠠᠬᠢᠯᠭᠠᠨ ᠬᠤᠯᠪᠣᠭ᠎ᠠ | ᠰᠦᠯᠵᠢᠶᠡᠨ ᠤ ᠮᠡᠬᠡᠯᠡᠯ ᠤᠨ ᠶᠠᠯᠠᠲᠤ ᠬᠡᠷᠡᠭ ᠲᠤ ᠬᠦᠴᠦᠯᠡᠨ ᠴᠣᠬᠢᠯᠲᠠ ᠥᠭᠴᠦ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠪᠠᠶᠢᠩᠭᠤᠵᠢᠭᠤᠯᠬᠤ ᠶᠢ ᠠᠬᠢᠭᠤᠯᠵᠤ᠂ ᠤᠷᠳᠤ ᠬᠤᠭᠤᠴᠠᠭᠠᠨ ᠤ | ᠪᠦᠲᠦᠮᠵᠢᠲᠡᠢ ᠪᠠᠶᠢᠩᠭᠤ ᠵᠠᠰᠠᠬᠤ ᠶᠢ ᠪᠡᠶᠡᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ | ᠦᠷᠭᠦᠯᠵᠢᠯᠡᠨ ᠪᠣᠳᠠᠲᠠᠢ ᠠᠳᠬᠤᠵᠤ᠂ ᠬᠢᠵᠢᠭ ᠲᠠᠢ ᠲᠡᠮᠡᠴᠡᠬᠦ ᠡᠷᠡᠭᠦᠦ ᠶᠢᠨ ᠬᠡᠷᠡᠭ ᠤᠨ ᠶᠠᠯᠠᠲᠤ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂《 ᠬᠢᠵᠢᠭ 》 ᠲᠠᠢ ᠲᠡᠮᠡᠴᠡᠬᠦ ᠠᠵᠢᠯ ᠢ ᠪᠠᠶᠢᠴᠠᠭᠠᠬᠤ ᠭᠤᠭᠴᠤᠭ᠎ᠠ ᠳᠤ ᠲᠡᠷᠡ ᠬᠡᠪ | ᠢᠶᠠᠷ ᠨᠢ ᠪᠠᠶᠢᠯᠭᠠᠬᠤ ᠶᠢ ᠦᠨᠡᠨ ᠬᠦ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ | ᠪᠠᠬᠢᠵᠢᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠦᠬᠦ ᠬᠦᠴᠦ ᠪᠠᠷ ᠢᠶᠠᠨ ᠬᠠᠮᠠᠭᠠᠯᠠᠨ᠎ᠠ ᠃ | ᠬᠠᠤᠯᠢᠵᠢᠯ ᠤᠨ ᠰᠡᠳᠬᠢᠬᠦᠶ ᠪᠠ ᠬᠠᠤᠯᠢᠵᠢᠯ ᠤᠨ ᠠᠷᠭ᠎ᠠ ᠬᠡᠯᠪᠡᠷᠢ ᠪᠠᠷ《 ᠵᠢᠷᠭᠤᠭ᠎ᠠ ᠶᠢ ᠲᠣᠭᠲᠠᠪᠤᠷᠢᠵᠢᠭᠤᠯᠬᠤ 》 | ᠂ 《 ᠵᠢᠷᠭᠤᠭ᠎ᠠ ᠶᠢ ᠪᠠᠲᠤᠯᠠᠬᠤ 》 ᠶᠢ ᠪᠠᠲᠤᠯᠠᠬᠤ ᠳᠤ ᠦᠶᠯᠡᠴᠢᠯᠡᠵᠦ᠂ ᠠᠷᠠᠳ ᠤᠨ ᠡᠵᠡᠩᠨᠡᠯᠲᠡ ᠶᠢᠨ ᠠᠵᠤ | ᠠᠬᠤᠶ ᠶᠢᠨ ᠡᠷᠬᠡ ᠲᠡᠭᠰᠢ ᠬᠠᠮᠠᠭᠠᠯᠠᠯᠲᠠ ᠶᠢ ᠴᠢᠩᠭᠠᠳᠬᠠᠵᠤ᠂ ᠰᠣᠶᠣᠯ᠂ ᠮᠡᠳᠡᠯᠭᠡ ᠶᠢᠨ ᠥᠮᠴᠢᠯᠡᠯ ᠤᠨ ᠡᠷᠬᠡ ᠶᠢ | ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ | ᠬᠤᠯᠪᠣᠭᠳᠠᠭᠰᠠᠨ ᠡᠷᠡᠭᠦᠦ ᠶᠢᠨ ᠵᠠᠷᠭᠤ ᠶᠢᠨ《 ᠡᠯᠭᠦᠭᠡ ᠬᠡᠷᠡᠭ 》 ᠢ ᠴᠡᠪᠡᠷᠯᠡᠬᠦ ᠠᠵᠢᠯ ᠢ ᠰᠠᠶᠢᠲᠤᠷ ᠬᠢᠵᠦ᠂ | ᠬᠠᠤᠯᠢᠵᠢᠯ ᠤᠨ ᠠᠷᠠᠯᠵᠢᠶ᠎ᠠ ᠡᠵᠡᠩᠨᠡᠬᠦ ᠣᠷᠴᠢᠨ ᠢ ᠬᠦᠴᠦᠯᠡᠨ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠳᠤ ᠦᠶᠯᠡᠴᠢᠯᠡᠨ᠎ᠡ᠃ | ᠭᠤᠷᠪᠠ ᠳᠤ ᠂ ᠬᠠᠤᠯᠢ ᠴᠠᠭᠠᠵᠠ ᠶᠢᠨ ᠣᠶᠢᠯᠠᠭᠠᠭᠳᠠᠬᠤᠨ ᠢ ᠤᠯᠠᠮ ᠨᠢᠭᠡ ᠠᠯᠬᠤᠮ ᠬᠤᠪᠢᠷᠠᠭᠤᠯᠵᠤ᠂ | ᠠᠷᠠᠳ ᠤᠨ ᠲᠥᠯᠥᠭᠡ ᠬᠠᠤᠯᠢ ᠴᠠᠭᠠᠵᠠ ᠪᠠᠷ ᠵᠠᠰᠠᠬᠤ ᠶᠢᠨ ᠰᠢᠨᠵᠢ ᠴᠢᠨᠠᠷ ᠢ ᠭᠦᠢᠴᠡᠳ ᠢᠯᠡᠷᠡᠭᠦᠯᠦᠨ᠎ᠡ᠃ ᠶᠠᠯ᠎ᠠ | ᠪᠠᠨ ᠮᠡᠳᠡᠷᠡᠭᠰᠡᠨ ᠪᠠ ᠰᠢᠳᠭᠡᠯ ᠢ ᠮᠡᠳᠡᠷᠡᠭᠰᠡᠨ ᠢ ᠠᠭᠤᠴᠢᠯᠠᠨ ᠰᠢᠳᠭᠡᠬᠦ ᠳᠦᠷᠢᠮ ᠤᠨ ᠬᠡᠷᠡᠭᠯᠡᠯᠲᠡ ᠶᠢᠨ ᠨᠣᠷᠮ᠎ᠠ᠂ | ᠡᠷᠡᠭᠦᠦ ᠰᠢᠢᠳᠭᠡᠯ ᠣᠨᠣᠭᠳᠠᠭᠤᠯᠬᠤ ᠰᠠᠨᠠᠭᠤᠯᠭ᠎ᠠ ᠶᠢ ᠬᠦᠯᠢᠶᠡᠨ ᠠᠪᠬᠤ ᠨᠣᠷᠮ᠎ᠠ ᠢ ᠳᠡᠭᠡᠭᠰᠢᠯᠡᠭᠦᠯᠵᠦ᠂《 ᠬᠤᠶᠠᠷ | ᠵᠦᠢᠯ ᠤᠨ ᠬᠢᠨᠠᠯᠲᠠ 》 ᠶᠢᠨ ᠡᠷᠴᠢᠮ ᠢ ᠴᠢᠩᠭᠠᠷᠠᠭᠤᠯᠵᠤ᠂ ᠡᠷᠡᠭᠦᠦ ᠶᠢᠨ ᠬᠡᠷᠡᠭ ᠢ ᠪᠠᠶᠢᠴᠠᠭᠠᠬᠤ ᠠᠵᠢᠯ ᠰᠢᠨ᠎ᠡ | ᠰᠢᠪᠲᠤᠯᠤᠯᠲᠠ ᠲᠠᠢ ᠪᠣᠯᠬᠤ ᠶᠢ ᠠᠬᠢᠭᠤᠯᠪᠠ᠃ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠤᠨ《 ᠨᠢᠭᠡ ᠲᠠᠯ᠎ᠠ ᠪᠠᠷ | ᠬᠤᠶᠠᠷ ᠲᠠᠯ᠎ᠠ ᠶᠢ ᠳᠠᠶᠢᠴᠢᠯᠠᠬᠤ 》 ᠦᠢᠯᠡᠳᠦᠯ ᠢ ᠪᠠᠳᠠᠷᠠᠭᠤᠯᠵᠤ᠂ ᠠᠷᠠᠳ ᠤᠨ ᠲᠥᠯᠥᠭᠡ ᠬᠠᠤᠯᠢ ᠪᠠᠷᠢᠬᠤ ᠶᠢ | ᠪᠠᠷᠢᠮᠲᠠᠯᠠᠵᠤ ᠵᠠᠰᠠᠭ ᠵᠠᠬᠢᠷᠭᠠᠨ ᠤ ᠪᠠᠶᠢᠴᠠᠭᠠᠯᠲᠠ ᠶᠢ ᠬᠡᠷᠡᠭᠵᠢᠭᠦᠯᠦᠨ᠎ᠡ᠃《 ᠬᠦᠬᠡ ᠠᠭᠤᠯᠠᠬᠥ᠋ᠬᠡᠮᠳᠦᠭ ᠤᠰᠤ ᠪᠣᠯ | ᠠᠯᠳᠠ ᠮᠥᠩᠭᠦᠨ ᠠᠭᠤᠯᠠ ᠮᠥᠨ 》ᠭᠡᠬᠦ ᠣᠶᠢᠯᠠᠭᠠᠭᠳᠠᠬᠤᠨ ᠢ ᠪᠤᠢ ᠪᠣᠯᠭᠠᠵᠤ᠂ ᠣᠷᠴᠢᠨ ᠲᠣᠭᠤᠷᠢᠨ ᠪᠠ ᠡᠬᠢ | ᠪᠠᠶᠠᠯᠢᠭ ᠤᠨ ᠬᠠᠮᠠᠭᠠᠯᠠᠯᠲᠠ ᠶᠢ ᠴᠥᠬᠦᠷᠡᠰᠢ ᠦᠭᠡᠢ ᠰᠠᠶᠢᠲᠤᠷ ᠠᠳᠬᠤᠨ᠎ᠠ᠃ ᠢᠳᠡᠭᠡᠨ ᠪᠠ ᠡᠮ ᠤᠨ ᠵᠦᠢᠯ ᠤᠨ | ᠠᠮᠤᠷ ᠲᠦᠪᠰᠢᠨ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠵᠠᠷᠭᠤ ᠶᠢᠨ ᠡᠮᠦᠨᠡᠬᠢ ᠵᠢᠷᠤᠮ ᠤᠨ | ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠮᠤᠭ ᠤᠨ ᠪᠠᠭ᠎ᠠ ᠬᠠᠤᠯᠢ ᠴᠠᠭᠠᠵᠠ ᠶᠢᠨ ᠡᠬᠢ ᠪᠠᠶᠠᠯᠢᠭ | ᠢᠶᠠᠷ ᠬᠠᠮᠤᠭ ᠤᠨ ᠰᠠᠶᠢᠨ ᠬᠡᠷᠡᠭ ᠰᠢᠢᠳᠪᠦᠷᠢᠯᠡᠬᠦ ᠦᠷ᠎ᠡ ᠪᠦᠲᠦᠮᠵᠢ ᠶᠢ ᠤᠯᠤᠨ᠎ᠠ᠃《 ᠵᠠᠬᠢᠳᠠᠯ ᠰᠤᠷᠪᠤᠯᠵᠢᠯᠠᠭ᠎ᠠ | ᠶᠢᠨ ᠬᠡᠷᠡᠭ ᠪᠦᠬᠦᠨ ᠳᠤ ᠬᠠᠷᠢᠭᠤᠯᠲᠠ ᠥᠭᠬᠦ 》ᠠᠵᠢᠯ ᠢ ᠰᠢᠨᠲᠠᠷᠠᠰᠢ ᠦᠭᠡᠢ ᠰᠠᠶᠢᠲᠤᠷ ᠠᠳᠬᠤᠨ᠎ᠠ᠂ ᠬᠠᠤᠯᠢ | ᠴᠠᠭᠠᠵᠠ ᠶᠢᠨ ᠠᠪᠤᠷᠠᠨ ᠲᠤᠰᠠᠯᠠᠬᠤ ᠠᠵᠢᠯ ᠤᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠪᠠᠶᠢᠴᠠᠭᠠᠬᠤ | ᠵᠠᠩᠭᠢᠯᠠᠭ᠎ᠠ ᠳᠠᠬᠢ ᠡᠷᠡᠭᠦᠦ ᠶᠢᠨ ᠬᠡᠷᠡᠭ ᠤᠨ ᠬᠤᠣᠷᠯᠠᠭᠳᠠᠭᠴᠢ ᠶᠢ ᠠᠪᠤᠷᠠᠨ ᠲᠤᠰᠠᠯᠠᠬᠤ ᠠᠵᠢᠯ ᠤᠨ ᠰᠢᠨ᠎ᠡ ᠵᠠᠭᠪᠤᠷ | ᠢ ᠢᠳᠡᠪᠬᠢᠲᠡᠢ ᠪᠠᠷ ᠬᠠᠶᠢᠨ ᠰᠦᠪᠡᠭᠴᠢᠯᠡᠨ᠎ᠡ᠃ ᠠᠭᠤᠴᠢᠯᠠᠨ ᠰᠢᠳᠬᠡᠬᠦ ᠪᠠ ᠴᠢᠩᠭ᠎ᠠ ᠰᠢᠳᠬᠡᠬᠦ ᠶᠢ | ᠬᠤᠣᠰᠯᠠᠭᠤᠯᠤᠭᠰᠠᠨ ᠡᠷᠡᠭᠦᠦ ᠶᠢᠨ ᠬᠡᠷᠡᠭ ᠤᠨ ᠲᠦᠷᠦ ᠶᠢᠨ ᠪᠤᠳᠤᠯᠭ᠎ᠠ ᠪᠠ ᠡᠷᠡᠭᠦᠦ ᠶᠢᠨ ᠵᠠᠷᠭᠤ ᠶᠢᠨ ᠬᠠᠤᠯᠢ ᠶᠢᠨ | ᠨᠠᠰᠤᠨ ᠳᠤ ᠦᠯᠦ ᠬᠦᠷᠦᠭᠰᠡᠳ ᠤᠨ ᠡᠷᠡᠭᠦᠦ ᠶᠢᠨ ᠬᠡᠷᠡᠭ ᠢ ᠪᠠᠶᠢᠴᠠᠭᠠᠬᠤ ᠠᠵᠢᠯ ᠳᠤ ᠲᠠᠯᠪᠢᠭᠰᠠᠨ ᠰᠢᠨ᠎ᠡ | ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠥᠷᠭᠡᠨ ᠤᠯᠠᠨ ᠨᠠᠰᠤᠨ ᠳᠤ ᠦᠯᠦ ᠬᠦᠷᠦᠭᠰᠡᠳ ᠤᠨ | ᠡᠷᠡᠭᠦᠯ ᠢᠶᠠᠷ ᠦᠰᠦᠨ ᠪᠣᠶᠢᠵᠢᠬᠤ ᠶᠢ ᠬᠠᠮᠠᠭᠠᠯᠠᠨ᠋ ᠠ᠃ | ᠲᠦᠷᠪᠡ ᠳᠤ᠂ ᠨᠠᠷᠢᠯᠢᠭ ᠤᠨᠤᠪᠴᠢᠲᠠᠢ ᠪᠠᠷ ᠬᠢᠨᠠᠯᠲᠠ ᠲᠠᠯᠪᠢᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ | ᠬᠠᠤᠯᠢ ᠴᠠᠭᠠᠵᠠ ᠪᠠᠷ ᠬᠡᠷᠡᠭ ᠰᠢᠢᠳᠪᠦᠷᠢᠯᠡᠬᠦ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠴᠢᠬᠤᠯᠠᠴᠢᠯᠠᠨ᠎ᠠ᠃ | ᠰᠢᠨ᠎ᠡ ᠰᠡᠳᠬᠢᠬᠦᠢ ᠪᠠᠷ ᠰᠢᠨ᠎ᠡ ᠪᠡᠷᠬᠡ ᠰᠡᠳᠦᠪ ᠢ ᠰᠢᠢᠳᠪᠦᠷᠢᠯᠡᠵᠦ᠂ ᠡᠯ᠎ᠡ ᠨᠢᠭᠡᠴᠢ᠂ ᠵᠣᠬᠢᠶᠠᠨ ᠪᠠᠶᠢᠭᠤᠯᠤᠯᠲᠠ | ᠯᠤᠭ᠎ᠠ ᠶᠢᠨ ᠬᠠᠮᠵᠢᠯᠴᠠᠨ ᠬᠠᠮᠲᠤ ᠪᠠᠷ ᠵᠠᠰᠠᠬᠤ ᠶᠢ ᠴᠢᠩᠭᠠᠳᠬᠠᠵᠤ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ | ᠪᠠᠶᠢᠴᠠᠭᠠᠬᠤ ᠠᠵᠢᠯ ᠢ ᠵᠢᠷᠤᠮᠵᠢᠭᠤᠯᠵᠤ᠂ ᠬᠡᠷᠡᠭ ᠰᠢᠢᠳᠪᠦᠷᠢᠯᠡᠬᠦ ᠬᠡᠪᠴᠢᠶ᠎ᠡ ᠶᠢ ᠥᠷᠭᠡᠳᠬᠡᠨ᠂ ᠡᠯ᠎ᠡ ᠬᠦᠷᠢᠶᠡᠨ | ᠳᠠᠬᠢ ᠨᠡᠶᠢᠲᠡ ᠶᠢᠨ ᠠᠰᠠᠷᠠᠮᠵᠢ ᠶᠢᠨ ᠬᠤᠬᠢᠷᠠᠯ ᠤᠨ ᠬᠡᠷᠡᠭ ᠢ ᠢᠳᠡᠪᠬᠢᠲᠡᠢ ᠪᠥᠭᠡᠳ ᠯᠠᠪᠳᠠᠭᠤᠨ ᠲᠣᠬᠢᠲᠠᠢ | ᠰᠢᠢᠳᠪᠦᠷᠢᠯᠡᠵᠦ᠂ ᠬᠥᠳᠡᠭᠡ ᠲᠣᠰᠬᠤᠨ ᠤ ᠵᠠᠰᠠᠯᠲᠠ᠂ ᠬᠠᠤᠯᠢ ᠪᠠᠷ ᠵᠠᠰᠠᠬᠤ ᠪᠠᠲᠤᠯᠠᠭ᠎ᠠ ᠵᠡᠷᠭᠡ ᠲᠠᠯ᠎ᠠ ᠠᠴᠠ | ᠭᠠᠷᠳᠠᠵᠤ᠂ ᠨᠡᠶᠢᠭᠡᠮ ᠤᠨ ᠵᠠᠰᠠᠯᠲᠠ ᠶᠢᠨ ᠲᠦᠷᠦᠯ ᠤᠨ ᠪᠠᠶᠢᠴᠠᠭᠠᠬᠤ ᠰᠠᠨᠠᠭᠤᠯᠭ᠎ᠠ ᠳᠤᠷᠠᠳᠬᠤ ᠡᠷᠴᠢᠮ ᠢ | ᠴᠢᠩᠭᠠᠷᠠᠭᠤᠯᠤᠨ᠎ᠠ᠃ ᠬᠢᠨᠠᠯᠲᠠ ᠲᠠᠯᠪᠢᠬᠤ ᠡᠷᠴᠢᠮ ᠲᠡᠩᠴᠡᠭᠦᠷᠢ ᠦᠭᠡᠢ ᠪᠠᠶᠢᠬᠤ ᠬᠦᠴᠢᠷ ᠠᠰᠠᠭᠤᠳᠠᠯ ᠢ ᠴᠢᠩᠭ᠎ᠠ | ᠠᠩᠬᠠᠷᠴᠤ᠂ ᠢᠷᠭᠡᠨ ᠤ ᠬᠠᠤᠯᠢ ᠶᠢᠨ ᠪᠢᠴᠢᠭ ᠢ ᠲᠤᠭᠤᠰᠢᠯᠠᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠵᠤ᠂ | ᠣᠨᠣᠪᠴᠢᠲᠠᠢ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠷᠭ᠎ᠠ ᠪᠠᠷᠢᠯ ᠢ ᠬᠡᠷᠡᠭᠯᠡᠵᠦ᠂ ᠰᠢᠭᠦᠨ ᠲᠠᠰᠤᠯᠬᠤ | ᠠᠵᠢᠯᠯᠠᠭ᠎ᠠ ᠳᠤ ᠬᠢᠨᠠᠯᠲᠠ ᠲᠠᠯᠪᠢᠬᠤ ᠪᠠ ᠡᠷᠡᠭᠦᠦ ᠶᠢᠨ ᠬᠡᠷᠡᠭ ᠤᠨ ᠭᠦᠢᠴᠡᠳᠬᠡᠯᠲᠡ ᠳᠤ ᠬᠢᠨᠠᠯᠲᠠ ᠲᠠᠯᠪᠢᠬᠤ ᠶᠢ | ᠭᠤᠣᠯᠳᠠᠯᠭ᠎ᠠ ᠲᠠᠢ ᠴᠢᠩᠭᠠᠳᠬᠠᠨ᠎ᠠ᠃ ᠬᠡᠷᠡᠭ ᠰᠢᠢᠳᠪᠦᠷᠢᠯᠡᠭᠰᠡᠨ ᠳ᠋ᠦᠩᠨᠡᠯᠲᠡ ᠶᠢ ᠴᠢᠩᠭᠠᠳᠬᠠᠵᠤ᠂ ᠬᠡᠷᠡᠭ | ᠰᠢᠢᠳᠪᠦᠷᠢᠯᠡᠭᠰᠡᠨ ᠴᠢᠨᠠᠷ ᠰᠠᠶᠢᠲᠠᠢ᠂ ᠦᠷ᠎ᠡ ᠪᠦᠲᠦᠮᠵᠢ ᠪᠠᠷ ᠰᠠᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢᠨ | ᠲᠤᠷᠰᠢᠯᠭ᠎ᠠ ᠪᠠᠨ ᠴᠠᠭ ᠲᠤᠬᠠᠢ ᠳᠤᠨᠢ ᠳ᠋ᠦᠩᠨᠡᠵᠦ᠂ ᠬᠡᠷᠡᠭ ᠤᠨ ᠵᠢᠱᠢᠶ᠎ᠡ ᠶᠢᠨ ᠵᠢᠯᠣᠭᠤᠳᠬᠤ᠂ ᠯᠠᠪᠯᠠᠯᠲᠠ ᠪᠣᠯᠭᠠᠬᠤ | ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ᠲᠠᠪᠤ ᠳᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠳᠠᠭᠠᠨ | ᠴᠠᠭᠠᠷᠠᠭᠰᠠᠨ ᠪᠠᠶᠢᠴᠠᠭᠠᠬᠤ ᠡᠩᠨᠡᠭᠡ ᠶᠢ ᠳᠠᠪᠲᠠᠨ ᠪᠣᠯᠪᠠᠰᠤᠷᠠᠭᠤᠯᠤᠨ᠎ᠠ᠃ ᠲᠥᠪ ᠤᠨ ᠤᠯᠤᠰ ᠲᠦᠷᠦ ᠬᠠᠤᠯᠢ | ᠴᠠᠭᠠᠵᠠ ᠶᠢᠨ ᠠᠵᠢᠯ ᠤᠨ ᠬᠤᠷᠠᠯᠳᠤᠭᠠᠨ ᠤ ᠱᠠᠭᠠᠷᠳᠠᠯᠭ᠎ᠠ ᠶᠢᠨ ᠲᠣᠭᠤᠷᠢᠨ ᠳᠤ᠂ ᠪᠠᠶᠢᠴᠠᠭᠠᠬᠤ ᠬᠤᠷᠢᠶ᠎ᠠ ᠶᠢ ᠪᠦᠬᠦ | ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠵᠤ᠂ ᠤᠯᠤᠰ ᠲᠦᠷᠦ ᠬᠠᠥᠯᠢ ᠴᠠᠭᠠᠵᠠ ᠶᠢᠨ ᠡᠩᠨᠡᠭᠡᠨ ᠤ ᠬᠥᠮᠦᠵᠢᠯ | ᠴᠡᠭᠴᠡᠯᠡᠯᠲᠡ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠪᠡᠶ᠎ᠡ ᠪᠠᠨ ᠴᠢᠩᠭ᠎ᠠ ᠱᠠᠭᠠᠷᠲᠠᠵᠤ᠂ ᠡᠷᠡᠰ | ᠴᠢᠩᠭ᠎ᠠ ᠰᠥᠰᠥ ᠵᠣᠷᠢᠭ ᠢᠶᠠᠷ ᠪᠠᠶᠢᠴᠠᠭᠠᠬᠤ ᠠᠵᠢᠯᠳᠠᠨ ᠤ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ | ᠵᠥᠷᠢᠴᠡᠭᠰᠡᠨ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠬᠠᠤᠯᠢ ᠪᠠᠷᠢᠯᠲᠠ ᠶᠢᠨ ᠵᠢᠷᠤᠮᠵᠢᠯ ᠦᠭᠡᠢ᠂ ᠲᠥᠪ | ᠭᠤᠣᠯᠴᠢ ᠪᠤᠰᠤ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠬᠦᠳᠦᠯᠦᠨ | ᠳᠠᠭᠠᠭᠤᠯᠬᠤ ᠦᠢᠯᠡᠳᠦᠯ ᠪᠠ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠡ ᠶᠢᠨ ᠰᠡᠷᠡᠮᠵᠢᠯᠡᠭᠦᠯᠬᠦ ᠬᠥᠮᠦᠵᠢᠯ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠤᠯᠢ ᠴᠠᠭᠠᠵᠠ ᠶᠢᠨ ᠬᠡᠷᠡᠭ ᠰᠢᠢᠳᠪᠦᠷᠢᠯᠡᠬᠦ ᠶᠢ ᠵᠢᠷᠤᠮᠵᠢᠭᠤᠯᠬᠤ | ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠲᠤᠪᠤᠶᠢᠯᠭᠠᠨ ᠴᠢᠩᠭᠠᠳᠬᠠᠨ᠎ᠠ᠃ 《 ᠲᠠᠪᠤᠨ ᠲᠠᠯ᠎ᠠ ᠪᠠᠷ | ᠴᠠᠭᠠᠷᠠᠬᠤ 》 ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠦᠨᠳᠦᠰᠦᠨ ᠴᠢᠳᠠᠪᠤᠷᠢ ᠶᠢ ᠳᠡᠭᠡᠭᠰᠢᠯᠡᠭᠦᠯᠬᠦ ᠪᠠᠷ | ᠴᠢᠬᠤᠯᠠ ᠠᠷᠭ᠎ᠠ ᠵᠠᠮ ᠪᠣᠯᠭᠠᠵᠤ᠂ ᠴᠢᠨᠠᠷ ᠰᠠᠶᠢᠲᠠᠢ᠂ ᠥᠨᠳᠥᠷ ᠪᠠᠷᠢᠮᠵᠢᠶᠠᠲᠤ ᠲᠤᠬᠠᠶᠢᠯᠠᠭᠰᠠᠨ ᠠᠵᠢᠯ ᠤᠨ | ᠪᠣᠯᠪᠠᠰᠤᠷᠠᠯ ᠢ ᠶᠡᠬᠡᠪᠡᠷ ᠠᠬᠢᠭᠤᠯᠵᠤ᠂ ᠪᠠᠶᠢᠴᠠᠭᠠᠬᠤ ᠡᠩᠨᠡᠭᠡᠨ ᠤ ᠬᠤᠪᠢᠰᠬᠠᠯᠵᠢᠬᠤ᠂ ᠵᠢᠩᠬᠢᠨᠢᠴᠢᠯᠡᠬᠦ᠂ | ᠲᠤᠰᠬᠠᠶᠢᠵᠢᠬᠤ᠂ ᠮᠡᠷᠭᠡᠵᠢᠬᠦ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠨᠵᠢᠯᠡᠬᠦ ᠤᠬᠠᠭᠠᠨᠴᠢ ᠪᠠᠶᠢᠴᠠᠭᠠᠬᠤ | ᠲᠤᠰᠢᠶᠠᠯᠲᠠᠨ ᠤ ᠠᠵᠢᠯ ᠤᠨ ᠠᠮᠵᠢᠯᠲᠠ ᠶᠢ ᠰᠢᠯᠭᠠᠨ ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮ ᠢ ᠪᠠᠶᠢᠭᠤᠯᠵᠤ | ᠂ ᠶᠠᠪᠤᠴᠠ ᠶᠢ ᠬᠢᠨᠠᠨ ᠡᠵᠡᠮᠳᠡᠬᠦ᠂ ᠬᠡᠷᠡᠭ ᠤᠨ ᠴᠢᠨᠠᠷ ᠴᠢᠨᠰᠠᠭ᠎ᠠ ᠶᠢ ᠦᠨᠡᠯᠡᠨ ᠪᠠᠶᠢᠴᠠᠭᠠᠬᠤ ᠶᠢ ᠪᠣᠳᠠᠲᠠᠢ ᠠᠳᠬᠤᠨ | ᠨᠠᠷᠢᠯᠢᠭ ᠠᠳᠬᠤᠵᠤ᠂ ᠡᠩᠨᠡᠭᠡᠨ ᠤ ᠳᠣᠲᠣᠭᠠᠳᠤ ᠶᠢᠨ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ | ᠰᠢᠨ᠎ᠡ ᠴᠠᠭ ᠦᠶ᠎ᠡ ᠶᠢᠨ ᠠᠵᠢᠯ ᠳᠠᠭᠠᠨ ᠴᠠᠭᠠᠷᠠᠭᠰᠠᠨ ᠪᠠᠶᠢᠴᠠᠭᠠᠬᠤ ᠡᠩᠨᠡᠭᠡ ᠶᠢ ᠬᠦᠴᠦᠯᠡᠨ ᠳᠠᠪᠲᠠᠨ | ᠪᠣᠯᠪᠠᠰᠤᠷᠠᠭᠤᠯᠤᠨ᠎ᠠ᠃ | ᠲᠥᠯᠥᠭᠡᠯᠡᠭᠴᠢᠳ ᠡ᠂ ᠲᠦᠮᠡᠨ ᠪᠣᠳᠠᠰ ᠠᠮᠢᠯᠠᠨ ᠲᠥᠯᠵᠢᠬᠦ ᠬᠠᠪᠤᠷ ᠢᠷᠡᠯ᠎ᠡ᠂ ᠬᠢᠵᠢᠭ ᠲᠠᠢ ᠲᠡᠮᠡᠴᠡᠬᠦ | ᠳᠠᠶᠢᠯᠠᠯᠳᠤᠭᠠᠨ ᠢᠯᠠᠯᠲᠠ ᠤᠯᠬᠤ ᠨᠢ ᠯᠠᠪᠲᠠᠢ ᠶᠤᠮ︕ ᠰᠢᠨ᠎ᠡ ᠨᠢᠭᠡᠨ ᠵᠢᠯ ᠳᠤ᠂ ᠮᠠᠨ ᠤ ᠬᠤᠷᠢᠶ᠎ᠠ᠂ ᠬᠤᠰᠢᠭᠤᠨ | ᠤ ᠨᠠᠮ ᠤᠨ ᠬᠤᠷᠢᠶ᠎ᠠ ᠪᠠ ᠬᠢᠩᠭᠠᠨ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠤᠤᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ | ᠪᠠᠶᠢᠩᠭᠤ ᠶᠢᠨ ᠬᠤᠷᠢᠶᠠᠨ ᠤ ᠬᠦᠴᠦᠲᠡᠢ ᠬᠢᠨᠠᠯᠲᠠ ᠳᠣᠣᠷ᠎ᠠ᠂ ᠲᠣᠰ ᠤᠳᠠᠭᠠᠨ ᠤ ᠶᠡᠭᠡ ᠬᠤᠷᠠᠯ ᠤᠨ ᠰᠢᠢᠳᠪᠦᠷᠢ ᠶᠢ | ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠦ᠂ ᠣᠷᠭᠢᠯᠤᠮ᠎ᠠ ᠬᠠᠯᠠᠭᠤᠨ ᠰᠡᠳᠬᠢᠯᠭᠡ᠂ ᠤᠮᠤᠭ ᠲᠡᠭᠦᠯᠳᠡᠷ | ᠲᠡᠮᠡᠴᠡᠯ ᠤᠨ ᠵᠣᠷᠢᠭ᠂ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠪᠠᠶᠢᠴᠠᠭᠠᠬᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠬᠦᠴᠦᠯᠡᠨ ᠠᠬᠢᠭᠤᠯᠵᠤ᠂ | ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠶ᠎ᠡ︕ | |