ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ
ᠨᠡᠶᠢᠲᠡᠯᠡᠭᠰᠡᠨ ᠴᠠᠭ᠄
2021/3/31
——2021ᠣᠨ ᠤ 3 ᠰᠠᠷ᠎ᠠ ᠶᠢᠨ10 ᠤ ᠡᠳᠦᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠳᠡᠭᠡᠷ᠎ᠡ             ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠬᠤᠷᠢᠶᠠᠨ ᠳᠠᠷᠤᠭ᠎ᠠ    ᠵᠧᠦ ᠱᠤᠤ ᠺᠠᠢ ᠲᠥᠯᠥᠭᠡᠯᠡᠭᠴᠢᠳ ᠡ᠄     ᠣᠲᠣ ᠪᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠠ᠂ ᠬᠢᠨᠠᠨ ᠵᠥᠪᠯᠡᠬᠦ ᠪᠣᠯᠪᠠᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠨ ᠪᠤᠰᠤᠳ ᠨᠥᠬᠦᠳ ᠰᠠᠨᠠᠯ ᠢᠶᠠᠨ ᠳᠤᠷᠠᠳᠬᠤ ᠪᠣᠯᠪᠠᠤ᠃       2020 ᠣᠨ ᠤ ᠭᠤᠤᠯ ᠠᠵᠢᠯ     2020 ᠣᠨ ᠳᠤ᠂ ᠮᠠᠨ ᠤ ᠬᠤᠷᠢᠶ᠎ᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ᠂ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠪᠠ ᠤᠯᠤᠰ ᠲᠥᠷᠥ ᠶᠢᠨ ᠵᠥᠪᠯᠡᠯᠭᠡᠨ ᠵᠢᠴᠢ ᠡᠯ᠎ᠡ ᠡᠲᠡᠭᠡᠳ ᠤᠨ ᠬᠢᠨ ᠤ ᠠᠷᠠᠳᠴᠢᠯᠠᠭᠰᠠᠨ ᠬᠢᠨᠠᠯᠲᠠ ᠪᠠ ᠳᠡᠭᠡᠳᠦ ᠱᠠᠲᠤᠨ ᠤ ᠰᠢᠭᠦᠬᠦ ᠬᠤᠷᠢᠶᠠᠨ ᠤ ᠬᠠᠯᠠᠮᠵᠢᠯᠠᠯ ᠵᠢᠯᠣᠭᠤᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ  ᠵᠢᠯᠤᠭᠤᠳᠤᠯᠭ᠎ᠠ ᠪᠤᠯᠭᠠᠨ  ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ  ᠂ ᠳᠥᠷᠪᠡᠳᠦᠭᠡᠷ  ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠪᠠ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ   ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ  ᠂ ︽ᠳᠥᠷᠪᠡᠨ ᠤᠬᠠᠮᠰᠠᠷ︾ ᠢ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠠᠢ᠂ ᠡᠯ᠎ᠡ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠠᠯ ᠤᠨ ᠵᠣᠷᠢᠭ ᠰᠠᠨᠠᠭ᠎ᠠ ᠂ ᠡᠯ᠎ᠡ ᠱᠠᠲᠤᠨ ᠤ ᠰᠢᠭᠦᠬᠦ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠢ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠰᠠᠶᠢᠲᠤᠷ ᠬᠢᠬᠦ ᠳᠤ ᠦᠢᠯᠡᠴᠢᠯᠡᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠪᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠴᠢᠨᠠᠷ ᠰᠠᠶᠢᠲᠠᠶ ᠬᠠᠤᠯᠢ ᠴᠠᠭᠠᠵᠠ ᠶᠢᠨ ᠦᠢᠯᠡᠴᠢᠯᠭᠡ ᠪᠠ ᠪᠠᠲᠤ ᠴᠢᠩᠭ᠎ᠠ ᠬᠠᠤᠯᠢ ᠴᠠᠭᠠᠵᠠ ᠶᠢᠨ ᠠᠷᠭ᠎ᠠ ᠬᠡᠮᠵᠢᠶ᠎ᠡ᠂ ᠤᠯᠤᠰ ᠤᠨ ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠬᠤ᠂ ᠠᠷᠠᠳ ᠲᠦᠮᠡᠨ ᠤ ᠠᠮᠤᠷ ᠵᠢᠮᠦᠷ ᠠᠵᠤ ᠲᠦᠷᠦᠭᠦ ᠭᠤᠣᠯ ᠡᠭᠦᠷᠭᠡ ᠶᠢ ᠪᠠᠲᠤᠯᠠᠪᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠠᠴᠠ ᠣᠯᠭᠤᠭᠰᠠᠨ ᠰᠢᠯᠢᠳᠡᠭ ᠤᠳᠤᠷᠢᠳᠬᠤ ᠪᠠᠭ ᠤᠨ ᠢᠷᠠᠭᠤ ᠠᠯᠳᠠᠷ ᠢ ᠭᠥᠷᠳᠡᠵᠦ᠂ ᠳᠤᠮᠳᠠ ᠵᠡᠷᠭᠡ ᠶᠢᠨ ᠰᠢᠭᠦᠬᠦ ᠬᠤᠷᠢᠶ᠎ᠠ ᠠᠴᠠ ᠶᠠᠪᠤᠭᠤᠯᠤᠭᠰᠠᠨ ᠦᠨᠳᠦᠰᠦᠨ ᠱᠠᠲᠤᠨ ᠤ ᠰᠢᠭᠦᠬᠦ ᠬᠤᠷᠢᠶᠠᠨ ᠤ ᠬᠢᠨᠠᠨ ᠰᠢᠯᠭᠠᠯᠲᠠ ᠳᠤ ᠰᠢᠯᠢᠳᠡᠭ ᠲᠠᠰ ᠲᠤ ᠣᠷᠣᠵᠤ᠂ 1 ᠰᠢᠭᠦᠬᠦ ᠲᠤᠰᠢᠶᠠᠯᠲᠠᠨ ᠤ ᠪᠠᠶᠢᠴᠠᠭᠠᠨ ᠰᠤᠳᠤᠯᠤᠯᠲᠠ ᠶᠢᠨ ᠰᠡᠳᠦᠪ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠯᠢᠳᠡᠭ ᠪᠠᠶᠢᠴᠠᠭᠠᠨ ᠰᠤᠳᠤᠯᠤᠯᠲᠠ ᠶᠢᠨ ᠵᠣᠬᠢᠶᠠᠯ ᠢᠶᠠᠷ ᠰᠤᠩᠭᠤᠭᠳᠠᠨ᠂ 1 ᠰᠢᠭᠦᠬᠦ ᠲᠤᠰᠢᠶᠠᠯᠲᠠᠨ ᠪᠥᠬᠦ ᠤᠯᠤᠰ ᠤᠨ ᠰᠢᠭᠦᠬᠦ ᠬᠤᠷᠢᠶᠠᠨ ᠤ ᠬᠡᠷᠡᠭ ᠰᠢᠢᠳᠪᠦᠷᠢᠯᠡᠭᠰᠡᠨ ᠵᠢᠱᠢᠶᠡᠴᠢ ᠪᠣᠯᠵᠣ᠂ 2 ᠺᠠᠳ᠋ᠷ ᠴᠠᠭᠳᠠᠭ᠎ᠠ ᠥᠪᠡᠷᠲᠡᠭᠡᠨ ᠵᠠᠰᠠᠬᠤ ᠣᠷᠣᠨ ᠤ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠰᠢᠯᠢᠳᠡᠭ ᠬᠤᠪᠢ ᠬᠥᠮᠦᠨ ᠤ ᠦᠨᠡᠮᠯᠡᠯ ᠢ ᠭᠥᠷᠳᠡᠪᠡ  ᠃    ᠨᠢᠭᠡ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠠᠤᠯᠢ ᠴᠠᠭᠠᠵᠠ ᠶᠢᠨ ᠰᠢᠭᠦᠨ ᠲᠠᠰᠤᠯᠬᠤ ᠠᠵᠢᠯ ᠤᠨ ᠬᠤᠣᠰ ᠢᠯᠠᠯᠲᠠ ᠶᠢ ᠲᠡᠮᠡᠴᠡᠨ ᠣᠯᠪᠠ   ᠪᠦᠬᠦ ᠵᠢᠯ ᠳᠤ ᠡᠯ᠎ᠡ ᠲᠥᠷᠥᠯ ᠤᠨ ᠬᠡᠷᠡᠭ ︵ᠬᠠᠭᠤᠴᠢᠨ ᠬᠠᠳᠠᠭᠠᠯᠠᠯᠲᠠ ᠪᠠᠭᠲᠠᠨ᠎ᠠ︶ 8083 ᠬᠤᠪᠢ ᠬᠦᠯᠢᠶᠡᠨ ᠠᠪᠴᠤ᠂ 7616 ᠬᠤᠪᠢ ᠶᠢ ᠨᠢ ᠰᠢᠭᠦᠨ ᠳᠠᠭᠤᠰᠬᠠᠵᠤ᠂ ᠰᠢᠭᠦᠨ ᠳᠠᠭᠤᠰᠬᠠᠭᠰᠠᠨ ᠨᠣᠷᠮ᠎ᠠ 94.22 % ᠬᠦᠷᠴᠡᠢ᠃     ︵ᠨᠢᠭᠡ︶ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠵᠤ᠂ ᠴᠠᠭ ᠤᠨ ᠪᠠᠶᠢᠳᠠᠯ ᠳᠤ ᠲᠤᠬᠢᠷᠠᠭᠤᠯᠤᠨ᠂ ᠬᠠᠤᠯᠢ ᠴᠠᠭᠠᠵᠠ ᠶᠢᠨ ᠵᠠᠰᠠᠯᠲᠠ ᠶᠢᠨ ᠴᠢᠳᠠᠮᠵᠢ ᠶᠢ ᠭᠦᠢᠴᠡᠳ ᠪᠠᠳᠠᠷᠠᠭᠤᠯᠵᠤ᠂ ᠬᠠᠤᠯᠢᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠠᠤᠯᠢ ᠴᠠᠭᠠᠵᠠ ᠪᠠᠷ ᠬᠢᠯᠢ ᠬᠢᠵᠠᠭᠠᠷ ᠤᠨ ᠲᠣᠭᠲᠠᠭᠤᠨ ᠢ ᠬᠠᠮᠠᠭᠠᠯᠠᠬᠤ ᠴᠢᠳᠠᠪᠤᠷᠢ ᠶᠢ ᠪᠠᠶᠢᠩᠭᠤᠵᠢᠭᠤᠯᠵᠤ᠂ ᠡᠷᠡᠭᠦᠦ ᠶᠢᠨ ᠬᠡᠷᠡᠭ ᠤᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠳᠭᠡᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠵᠢᠴᠢ ᠲᠡᠭᠦᠨ ᠤ ᠬᠠᠮᠠᠭᠠᠯᠠᠭᠴᠢ ᠳᠤ ᠡᠷᠡᠰ ᠴᠣᠬᠢᠯᠲᠠ ᠥᠭᠴᠦ᠂ ᠬᠢᠯᠢ ᠬᠢᠵᠠᠭᠠᠷ ᠢ ᠲᠣᠭᠲᠠᠪᠤᠷᠢᠵᠢᠭᠤᠯᠵᠤ ᠲᠣᠭᠲᠠᠭᠤᠨ ᠪᠠᠶᠢᠯᠭᠠᠬᠤ ᠴᠢᠳᠠᠪᠬᠢ ᠶᠢ ᠪᠠᠳᠠᠷᠠᠭᠤᠯᠵᠤ᠂ ᠡᠷᠡᠭᠦᠦ ᠶᠢᠨ ᠬᠡᠷᠡᠭ ᠤᠨ ᠰᠢᠭᠦᠨ ᠲᠠᠰᠤᠯᠤᠯᠲᠠ ᠶᠢᠨ ᠬᠡᠪ ᠤᠨ ᠡᠷᠭᠢᠯᠲᠡ ᠶᠢ ᠪᠠᠲᠤᠯᠠᠪᠠ᠃     ᠪᠥᠬᠦ ᠵᠢᠯ ᠳᠤ ᠡᠷᠡᠭᠦᠤ ᠶᠢᠨ ᠬᠡᠷᠡᠭ ᠢ ᠨᠡᠶᠢᠲᠡ 371 ᠬᠤᠪᠢ ᠭᠥᠯᠢᠶᠡᠨ ᠠᠪᠴᠤ᠂ 349 ᠬᠡᠷᠡᠭ ᠢ ᠨᠢᠭᠡᠨᠲᠡ ᠳᠠᠭᠤᠰᠬᠠᠵᠤ᠂ ᠬᠡᠷᠡᠭ ᠢ ᠳᠠᠭᠤᠰᠬᠠᠭᠰᠠᠨ ᠨᠣᠷᠮ᠎ᠠ 94.07 % ᠳᠤ ᠬᠦᠷᠴᠡᠶ᠃ ᠠᠷᠪᠠᠨ ᠵᠢᠯ ᠠᠴᠠ ᠳᠡᠭᠡᠭᠰᠢ ᠰᠢᠳᠭᠡᠭᠰᠡᠨ ᠨᠢ 4 ᠬᠥᠮᠦᠨ ᠂ ᠭᠤᠷᠪᠠᠨ ᠵᠢᠯ ᠠᠴᠠ ᠠᠷᠪᠠᠨ ᠵᠢᠯ ᠤᠨ ᠬᠤᠭᠤᠷᠤᠨᠳᠤ ᠰᠢᠳᠭᠡᠭᠰᠡᠨ ᠨᠢ 48 ᠬᠥᠮᠦᠨ᠂ ᠪᠤᠰᠤᠳ ᠶᠠᠯ᠎ᠠ ᠲᠠᠢ 352 ᠬᠥᠮᠦᠨ ᠢ ᠰᠢᠢᠳᠭᠡᠪᠡ᠃ 1. ᠡᠷᠡᠭᠦᠦ ᠶᠢᠨ ᠬᠡᠷᠡᠭ ᠤᠨ ᠰᠢᠭᠦᠨ ᠲᠠᠰᠤᠯᠤᠯᠲᠠ ᠶᠢᠨ ᠠᠵᠢᠯ ᠤᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠢᠨᠲ᠋ᠧᠷ ᠰᠦᠯᠵᠢᠶᠡᠨ ᠤ ᠲᠢᠩᠬᠢᠮ ᠤᠨ ᠰᠢᠭᠦᠯᠲᠡ ᠶᠢᠨ ᠲᠠᠪᠴᠠᠩ ᠢ ᠢᠳᠡᠪᠬᠢᠲᠡᠢ ᠬᠡᠷᠡᠭᠯᠡᠨ ︽ᠤᠯᠠᠨ ᠡᠰᠢᠴᠢᠯᠡᠭᠰᠡᠨ︾ ᠲᠢᠩᠬᠢᠮ ᠤᠨ ᠰᠢᠭᠦᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠡᠷᠡᠭᠦᠦ ᠶᠢᠨ ᠵᠠᠷᠭᠤ ᠶᠢᠨ ᠥᠨᠳᠥᠷ ᠦᠷ᠎ᠡ ᠪᠦᠲᠦᠮᠵᠢ ᠶᠢ ᠪᠠᠲᠤᠯᠠᠪᠠ᠃ ᠪᠥᠬᠦ ᠵᠢᠯ ᠳᠤ ᠡᠷᠡᠭᠦᠤ ᠶᠢᠨ ᠬᠡᠷᠡᠭ ᠤᠨ ᠲᠦᠷᠭᠡᠨ ᠲᠠᠰᠤᠯᠤᠯᠲᠠ 174 ᠬᠡᠷᠡᠭ 175 ᠬᠥᠮᠦᠨ ᠢ ᠰᠢᠳᠬᠡᠵᠦ᠂ ᠶᠠᠯ᠎ᠠ ᠪᠠᠨ ᠮᠡᠳᠡᠷᠡᠵᠦ ᠰᠢᠳᠬᠡᠯ ᠬᠦᠯᠢᠶᠡᠭᠰᠡᠨ 332 ᠬᠡᠷᠡᠭ ᠢ ᠠᠭᠤᠴᠢᠯᠠᠨ ᠰᠢᠳᠭᠡᠵᠦ᠂ 181 ᠬᠥᠮᠦᠨ ᠢ ᠥᠯᠥ ᠬᠤᠷᠢᠬᠤ ᠡᠷᠡᠭᠦᠤ ᠪᠠᠷ ᠰᠢᠳᠭᠡᠵᠦ᠂ ᠠᠭᠤᠴᠢᠯᠠᠬᠤ ᠪᠠ ᠴᠢᠩᠭ᠎ᠠ ᠰᠢᠳᠬᠡᠬᠦ ᠶᠢ ᠬᠤᠤᠰᠯᠠᠭᠤᠯᠬᠤ ᠡᠷᠡᠭᠦᠤ ᠶᠢᠨ ᠬᠡᠷᠡᠭ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃      2. 2020 ᠣᠨ ᠪᠣᠯ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠰᠡᠭᠦᠯ ᠬᠤᠷᠢᠶᠠᠬᠤ ᠵᠢᠯ᠂  ᠰᠢᠢᠳᠪᠦᠷᠢᠲᠦ ᠢᠯᠠᠯᠲᠠ ᠶᠢ ᠤᠯᠤᠭᠰᠠᠨ ᠵᠢᠯ ᠪᠣᠯᠤᠨ᠎ᠠ᠂ ᠡᠷᠡᠭᠦᠤ ᠶᠢᠨ ᠬᠡᠷᠡᠭ ᠤᠨ ᠰᠢᠭᠦᠨ ᠲᠠᠰᠤᠯᠤᠯᠲᠠ ᠳᠤ ᠢᠮᠠᠭᠲᠠ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠠᠵᠢᠯ ᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ ᠴᠢᠩᠭ᠎ᠠ ᠰᠠᠶᠢᠲᠤᠷ ᠠᠳᠬᠤᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠤᠯᠪᠠ᠃ 2020 ᠣᠨ ᠤ 6 ᠰᠠᠷ᠎ᠠ ᠳᠤ᠂ ᠮᠠᠨ ᠤ ᠬᠤᠷᠢᠶ᠎ᠠ ᠼᠦᠢ ᠯᠢᠨ ᠲᠢᠶᠠᠨ ᠵᠡᠷᠭᠡ 29 ᠵᠠᠭᠠᠯᠳᠤᠭᠳᠠᠭᠴᠢ ᠶᠢᠨ ᠵᠣᠬᠢᠶᠠᠨ ᠪᠠᠶᠢᠭᠤᠯᠤᠭᠰᠠᠨ᠂ ᠤᠳᠤᠷᠢᠳᠤᠭᠰᠠᠨ᠂  ᠬᠠᠷ᠎ᠠ ᠪᠦᠯᠦᠭᠲᠡᠨ ᠤ ᠰᠢᠨᠵᠢ ᠴᠢᠨᠠᠷ ᠲᠠᠢ ᠵᠣᠬᠢᠶᠠᠨ ᠪᠠᠶᠢᠭᠤᠯᠤᠯᠲᠠ ᠳᠤ ᠣᠷᠣᠯᠴᠠᠭᠰᠠᠨ ᠶᠠᠯᠠᠲᠤ ᠬᠡᠷᠡᠭ ᠢ ᠬᠠᠤᠯᠢ ᠶᠣᠰᠣᠭᠠᠷ ᠢᠯᠡ ᠪᠠᠷ ᠰᠢᠭᠦᠪᠡ᠃ ᠲᠤᠰ ᠵᠢᠯ ᠤᠨ 9 ᠰᠠᠷ᠎ᠠ ᠳᠤ᠂ ᠵᠠᠭᠠᠯᠳᠤᠭᠳᠠᠭᠴᠢ ᠼᠦᠢ ᠯᠢᠨ ᠲᠢᠶᠠᠨ ᠢᠶᠠᠷ ᠲᠣᠯᠣᠭᠠᠶᠢᠯᠠᠭᠤᠯᠤᠭᠰᠠᠨ 29 ᠬᠠᠷᠭᠢᠰ ᠬᠦᠴᠦᠨ ᠤ ᠶᠠᠯᠠᠲᠤ ᠪᠦᠯᠦᠭ ᠤᠨ ᠬᠡᠷᠡᠭ ᠤᠨ ᠨᠢᠭᠡᠳᠦᠭᠡᠷ ᠰᠢᠭᠦᠯᠲᠡ ᠶᠢᠨ ᠲᠠᠰᠤᠯᠤᠯᠲᠠ ᠶᠢ ᠬᠠᠤᠯᠢ ᠶᠣᠰᠣᠭᠠᠷ ᠢᠯᠡ ᠪᠠᠷ ᠵᠠᠷᠯᠠᠪᠠ᠃ ᠲᠤᠰ ᠬᠡᠷᠡᠭ ᠤᠨ ᠬᠤᠶᠠᠳᠤᠭᠠᠷ ᠰᠢᠭᠦᠯᠲᠡ ᠳᠤ ᠤᠤᠯ ᠤᠨ ᠲᠠᠰᠤᠯᠤᠯᠲᠠ ᠶᠢ ᠪᠠᠷᠢᠮᠲᠠᠯᠠᠵᠤ᠂ ᠨᠡᠶᠢᠭᠡᠮ ᠤᠨ ᠲᠤᠰᠬᠠᠯ ᠨᠡᠯᠢᠶᠡᠳ ᠰᠠᠶᠢᠨ ᠪᠠᠶᠢᠨ᠎ᠠ᠃     3. ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠰᠠᠨᠠᠭᠠᠴᠢᠯᠠᠵᠤ᠂ ᠣᠷᠴᠢᠨ ᠲᠤᠭᠤᠷᠢᠨ ᠤ ᠡᠬᠢ ᠪᠠᠶᠠᠯᠢᠭ ᠤᠨ ᠰᠢᠭᠦᠨ ᠲᠠᠰᠤᠯᠤᠯᠲᠠ ᠶᠢ ᠲᠦᠷᠭᠡᠨ ᠠᠬᠢᠭᠤᠯᠪᠠ᠃ ᠪᠦᠬᠦ ᠵᠢᠯ ᠳᠤ ᠣᠷᠴᠢᠨ ᠲᠣᠭᠤᠷᠢᠨ ᠤ ᠡᠬᠢ ᠪᠠᠶᠠᠯᠢᠭ ᠢ ᠡᠪᠳᠡᠭᠰᠡᠨ 26 ᠬᠡᠷᠡᠭ᠂ ᠡᠷᠡᠭᠦᠦ ᠶᠢᠨ ᠬᠡᠷᠡᠭ ᠤᠨ ᠳᠠᠭᠠᠯᠳᠤᠭᠰᠠᠨ 1 ᠬᠡᠷᠡᠭ ᠢ ᠰᠢᠭᠦᠨ ᠳᠠᠭᠤᠰᠬᠠᠪᠠ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠨᠠᠷ ᠰᠠᠶᠢᠲᠠᠢ ᠪᠠᠲᠤᠯᠠᠵᠤ᠂ ᠤᠬᠠᠮᠰᠠᠷ ᠢᠶᠠᠨ ᠴᠢᠩᠭᠠᠳᠬᠠᠨ᠂ ᠰᠡᠳᠬᠢᠬᠦᠢ ᠳᠤ ᠰᠢᠨ᠎ᠡ ᠶᠢ ᠡᠭᠦᠳᠴᠦ᠂ ᠰᠢᠭᠦᠨ ᠲᠠᠰᠤᠯᠬᠤ ᠡᠭᠦᠷᠭᠡ ᠴᠢᠳᠠᠪᠬᠢ ᠪᠠᠷ ᠲᠦᠰᠢᠭ ᠪᠣᠯᠭᠠᠵᠤ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ᠂ ᠬᠡᠷᠡᠭ ᠤᠨ ᠪᠠᠶᠢᠳᠠᠯ ᠳᠤᠨᠢ ᠲᠤᠬᠢᠷᠠᠭᠤᠯᠤᠨ ᠬᠠᠷᠢᠶ᠎ᠠ ᠣᠷᠣᠨ ᠲᠠᠢ ᠨᠢ ᠵᠣᠬᠢᠴᠠᠭᠰᠠᠨ ᠰᠡᠷᠭᠦᠭᠡᠬᠦ ᠴᠢᠨᠠᠷᠲᠠᠢ ᠬᠠᠤᠯᠢ ᠪᠠᠷᠢᠬᠤ ᠠᠷᠭ᠎ᠠ ᠬᠡᠮᠵᠢᠶ᠎ᠡ ᠶᠢ ᠰᠢᠨ᠎ᠡ ᠪᠠᠷ ᠡᠭᠦᠳᠴᠦ᠂ ᠴᠣᠬᠢᠯᠲᠠ ᠥᠭᠬᠦ ᠪᠠ ᠵᠠᠰᠠᠨ ᠰᠡᠷᠭᠦᠭᠡᠬᠦ ᠶᠢ ᠵᠡᠷᠭᠡ ᠪᠠᠷ ᠴᠢᠬᠤᠯᠠᠴᠢᠯᠠᠬᠤ ᠣᠷᠴᠢᠨ ᠠᠬᠤᠢ ᠶᠢᠨ ᠰᠢᠭᠦᠨ ᠲᠠᠰᠤᠯᠬᠤ ᠬᠠᠤᠯᠢ ᠪᠠᠷᠢᠬᠤ ᠣᠶᠢᠯᠠᠭᠠᠭᠳᠠᠬᠤᠨ ᠢ ᠪᠠᠷᠢᠮᠲᠠᠯᠠᠵᠤ᠂ ᠬᠠᠤᠯᠢ ᠴᠠᠭᠠᠵᠠ ᠶᠢᠨ ᠵᠢᠯᠣᠭᠤᠳᠬᠤ ᠦᠢᠯᠡᠳᠦᠯ᠂ ᠦᠨᠡᠯᠡᠬᠦ ᠦᠢᠯᠡᠳᠦᠯ ᠪᠠ ᠤᠬᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠪᠠ᠃ ᠪᠦᠬᠦ ᠵᠢᠯ ᠳᠤ ᠰᠡᠷᠭᠦᠭᠡᠬᠦ ᠴᠢᠨᠠᠷᠲᠠᠢ ᠬᠠᠤᠯᠢ ᠪᠠᠷᠢᠬᠤ ᠰᠢᠭᠦᠯᠲᠡ ᠶᠢ 15 ᠬᠤᠪᠢ ᠬᠡᠷᠡᠭᠯᠡᠵᠦ᠂ ᠡᠭᠦᠨ ᠤ ᠳᠣᠲᠣᠷ᠎ᠠ ᠤᠤᠯ ᠭᠠᠵᠠᠷ ᠲᠤᠨᠢ 12 ᠬᠤᠪᠢ ᠰᠡᠷᠭᠦᠭᠡᠵᠦ᠂ ᠣᠷᠣᠯᠠᠬᠤ ᠴᠢᠨᠠᠷᠲᠠᠢ ᠪᠠᠷ 3 ᠬᠤᠪᠢ ᠶᠢ ᠵᠠᠰᠠᠨ ᠰᠡᠷᠭᠦᠭᠡᠵᠦ᠂ ᠰᠡᠷᠭᠦᠭᠡᠬᠦ ᠴᠢᠨᠠᠷᠲᠠᠢ ᠬᠠᠤᠯᠢ ᠪᠠᠷᠢᠬᠤ ᠰᠢᠨ᠎ᠡ ᠠᠷᠭ᠎ᠠ ᠵᠠᠮ ᠪᠠ ᠰᠢᠨ᠎ᠡ ᠣᠶᠢᠯᠠᠭᠠᠭᠳᠠᠬᠤᠨ ᠢ ᠤᠯᠠᠮ ᠨᠢᠭᠡ ᠠᠯᠬᠤᠮ ᠥᠷᠭᠡᠳᠬᠡᠪᠡ᠃    ︵ᠬᠤᠶᠠᠷ︶ ᠢᠳᠡᠪᠬᠢᠲᠡᠢ ᠠᠵᠢᠯᠯᠠᠨ᠂ ᠬᠠᠨᠳᠤᠰᠢ ᠳᠤᠨᠢ ᠲᠤᠬᠢᠷᠠᠭᠤᠯᠤᠨ ᠵᠢᠯᠣᠭᠤᠳᠴᠤ᠂ ᠬᠠᠤᠯᠢ ᠪᠠᠷᠢᠬᠤ ᠦᠢᠯᠡᠴᠢᠯᠡᠭᠡᠨ ᠤ ᠴᠢᠳᠠᠮᠵᠢ ᠶᠢ ᠪᠠᠳᠠᠷᠠᠭᠤᠯᠤᠨ᠂ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠰᠢᠭᠦᠨ ᠲᠠᠰᠤᠯᠬᠤ ᠠᠵᠢᠯ ᠢ ᠰᠠᠶᠢᠲᠤᠷ ᠬᠢᠵᠦ᠂ ᠡᠶ᠎ᠡ ᠵᠣᠬᠢᠴᠠᠯ ᠲᠠᠢ ᠬᠠᠤᠯᠢ ᠪᠠᠷ ᠵᠠᠰᠠᠬᠤ ᠣᠷᠴᠢᠨ ᠨᠥᠬᠦᠴᠡᠯ  ᠢ ᠪᠣᠢ ᠪᠣᠯᠭᠠᠪᠠ᠃    ᠪᠦᠬᠦ ᠵᠢᠯ ᠳᠤ 4639 ᠬᠤᠪᠢ ᠢᠷᠭᠡᠨ ᠤ ᠬᠡᠷᠡᠭ ︵ᠬᠠᠭᠤᠴᠢᠨ ᠬᠠᠳᠠᠭᠠᠯᠠᠯᠲᠠ ᠪᠠᠭᠲᠠᠨ᠎ᠠ︶ ᠢ ᠬᠦᠯᠢᠶᠡᠨ ᠠᠪᠴᠤ ᠰᠢᠢᠳᠪᠦᠷᠢᠯᠡᠵᠦ᠂ ᠨᠢᠭᠡᠨᠲᠡ 4451 ᠬᠤᠪᠢ ᠶᠢ ᠨᠢ ᠲᠠᠰᠤᠯᠤᠨ ᠳᠠᠭᠤᠰᠬᠠᠵᠤ᠂ ᠰᠢᠭᠦᠵᠦ ᠳᠠᠭᠤᠰᠬᠠᠭᠰᠠᠨ ᠨᠤᠷᠮ᠎ᠠ ᠨᠢ 95.95 % ᠳᠤ ᠬᠦᠷᠴᠡᠢ᠃ ᠢᠷᠭᠡᠨ ᠤ ᠬᠡᠷᠡᠭ ᠤᠨ ᠨᠢᠭᠡᠳᠦᠭᠡᠷ ᠰᠢᠭᠦᠯᠲᠡ ᠶᠢᠨ ᠡᠶᠡᠳᠡᠭᠦᠯᠦᠯᠲᠡ ᠶᠢᠨ ᠨᠣᠷᠮ᠎ᠠ 31.48 % ᠪᠣᠯᠪᠠ᠃    1. ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠰᠢᠭᠦᠨ ᠲᠠᠰᠤᠯᠤᠯᠲᠠ ᠨᠢ ᠠᠵᠤ ᠠᠬᠤᠢ ᠨᠡᠶᠢᠭᠡᠮ ᠤᠨ ᠬᠥᠭᠵᠢᠯᠲᠡ ᠳᠤ ᠵᠢᠷᠤᠮᠵᠢᠭᠤᠯᠬᠤ᠂ ᠬᠦᠲᠦᠯᠦᠨ ᠵᠢᠯᠣᠭᠤᠳᠬᠤ᠂ ᠠᠬᠢᠭᠤᠯᠬᠤ ᠦᠢᠯᠡᠳᠦᠯ ᠲᠠᠢ ᠪᠠᠶᠢᠵᠤ᠂ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠵᠢᠩᠯᠡᠭᠦᠷ ᠮᠥᠨ᠃ ᠰᠢᠭᠦᠨ ᠲᠠᠰᠤᠯᠬᠤ ᠡᠭᠦᠷᠭᠡ ᠴᠢᠳᠠᠪᠬᠢ ᠪᠣᠯᠤᠨ ᠬᠠᠷᠢᠶ᠎ᠠ ᠣᠷᠣᠨ ᠤ ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠬᠦ ᠤᠶᠠᠯᠳᠤᠯ ᠴᠡᠭ ᠢ ᠣᠨᠣᠪᠴᠢᠲᠠᠶ ᠡᠵᠡᠮᠳᠡᠵᠦ᠂ ᠠᠵᠤ ᠠᠬᠤᠶᠢᠯᠠᠯ ᠤᠨ ︽ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠠᠳᠬᠤᠵᠤ᠂ ᠨᠥᠭᠦᠭᠡ ᠲᠠᠯ᠎ᠠ ᠪᠠᠷ ᠠᠵᠢᠯ ᠢᠶᠠᠨ ᠰᠡᠷᠭᠦᠭᠡᠵᠦ  ᠦᠢᠯᠡᠳᠪᠦᠷᠢᠯᠡᠯ ᠢᠶᠠᠨ ᠰᠡᠷᠭᠦᠭᠡᠬᠦ ᠶᠢ ᠠᠳᠬᠤᠬᠤ︾ ᠶᠢ ᠪᠠᠲᠤᠯᠠᠵᠠᠢ ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠲᠤᠬᠠᠢ ᠶᠢᠨ ᠬᠥᠮᠦᠨ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠶᠢᠨ ᠠᠷᠭ᠎ᠠ ᠦᠭᠡᠢ ᠵᠢᠴᠢ ᠬᠥᠮᠦᠨ ᠬᠠᠷ᠎ᠠ ᠬᠤᠷᠠᠨ ᠴᠤᠭᠯᠠᠷᠠᠬᠤ ᠠᠴᠠ ᠵᠠᠶᠢᠯᠠᠰᠬᠢᠵᠦ ᠮᠡᠳᠡᠬᠦ ᠵᠡᠷᠭᠡ ᠪᠣᠳᠠᠲᠤ ᠪᠠᠶᠢᠳᠠᠯ ᠤᠨ ᠡᠮᠦᠨ᠎ᠡ᠂ ᠮᠠᠨ ᠤ  ᠬᠤᠷᠢᠶ᠎ᠠ ᠤᠯᠠᠨ ᠲᠦᠮᠡᠨ ᠤ ᠪᠠᠴᠢᠮᠳᠠᠵᠤ ᠪᠠᠶᠢᠭ᠎ᠠ ᠶᠠᠪᠤᠳᠠᠯ ᠳᠤ ᠴᠢᠭᠯᠡᠭᠦᠯᠦᠨ᠂ ᠰᠢᠭᠦᠨ ᠲᠠᠰᠤᠯᠬᠤ ᠠᠵᠢᠯ ᠤᠨ ᠠᠯᠤᠰ ᠡᠵᠡᠮᠰᠢᠯᠲᠦ ᠦᠢᠯᠡᠴᠢᠯᠡᠭᠡ ᠶᠢ ᠶᠡᠭᠡ ᠪᠠᠷ ᠬᠡᠷᠡᠭᠵᠢᠭᠦᠯᠪᠡ᠃   2. ᠠᠷᠠᠳ ᠤᠨ ᠡᠶᠡᠳᠡᠭᠦᠯᠭᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠣᠶᠤᠨᠴᠢᠯᠠᠭᠰᠠᠨ ᠬᠡᠷᠡᠭ ᠰᠢᠢᠳᠪᠦᠷᠢᠯᠡᠬᠦ ᠵᠠᠭᠪᠤᠷ ᠢ ᠠᠰᠢᠭᠯᠠᠨ᠂ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠭᠤᠯᠬᠤ ᠪᠠᠷ ᠭᠤᠶᠤᠴᠢᠯᠠᠬᠤ᠂ ᠰᠦᠯᠵᠢᠶᠡᠨ ᠳᠡᠭᠡᠷ᠎ᠡ ᠵᠢᠭᠤᠷᠠᠯᠳᠤᠭᠠᠨ ᠢ ᠡᠶᠡᠳᠡᠭᠦᠯᠬᠦ᠂ ᠰᠦᠯᠵᠢᠶᠡᠨ ᠳᠡᠭᠡᠷ᠎ᠡ ᠳᠡᠭᠡᠭᠰᠢ ᠵᠠᠭᠠᠯᠳᠤᠬᠤ ᠶᠢ ᠵᠣᠯᠭᠠᠯᠳᠤᠭᠤᠯᠬᠤ᠂ ᠨᠢᠭᠡ ᠯᠡ ᠳᠠᠷᠤᠪᠴᠢ ᠪᠠᠷ ᠬᠠᠤᠯᠢ ᠪᠠᠷᠢᠬᠤ ᠨᠤᠲᠠᠯᠠᠯᠲᠠ ᠬᠢᠬᠦ᠂ ᠰᠢᠭᠦᠬᠦ ᠬᠤᠷᠢᠶ᠎ᠠ ᠲᠤᠰᠬᠠᠶ ᠬᠦᠷᠭᠡᠬᠦ ᠬᠡᠯᠬᠢᠶ᠎ᠡ ᠶᠢᠨ ᠨᠢᠭᠡ ᠱᠤᠭᠤᠮ ᠤᠨ ᠦᠢᠯᠡᠴᠢᠯᠭᠡ ᠶᠢ ᠪᠣᠶ ᠪᠣᠯᠭᠠᠪᠠ᠃ ᠡᠯ᠎ᠡ ᠲᠦᠷᠦᠯ ᠤᠨ ᠵᠢᠭᠤᠷᠠᠯᠳᠤᠭᠠᠨ ᠤ ᠬᠡᠷᠡᠭ ᠢ ᠲᠣᠬᠢᠲᠠᠢ ᠪᠥᠭᠡᠳ ᠲᠦᠷᠭᠡᠨ ᠰᠢᠢᠳᠪᠦᠷᠢᠯᠡᠵᠦ᠂ ᠠᠵᠤ ᠠᠬᠤᠶᠢᠯᠠᠯ ᠪᠠ ᠲᠠᠷᠢᠶᠠᠴᠢᠳ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠳᠤ ᠨᠠᠷᠢᠯᠢᠭ ᠣᠨᠣᠴᠠᠲᠠᠢ ᠬᠠᠤᠯᠢ ᠪᠠᠷᠢᠬᠤ ᠦᠢᠯᠡᠴᠢᠯᠡᠭᠡ ᠪᠠ ᠪᠠᠲᠤᠯᠠᠭ᠎ᠠ ᠬᠠᠩᠭᠠᠵᠠᠢ᠃ ᠪᠥᠬᠦ ᠵᠢᠯ ᠳᠤ ᠠᠵᠤ ᠠᠬᠤᠶᠢᠯᠠᠯ ᠤᠨ ᠬᠥᠯᠥᠰᠥᠨ ᠠᠵᠢᠯᠴᠢᠨ ᠳᠤ ᠬᠤᠯᠪᠣᠭᠳᠠᠭᠰᠠᠨ ᠬᠡᠷᠡᠭ ᠢ ᠨᠡᠶᠢᠲᠡ 672 ᠬᠤᠪᠢ ᠡᠶᠡᠳᠡᠭᠦᠯᠵᠦ ᠂ ᠡᠶᠡᠳᠡᠭᠦᠯᠦᠭᠡᠳ ᠠᠮᠵᠢᠯᠲᠠ ᠣᠯᠤᠭᠰᠠᠨ ᠲᠤᠭ᠎ᠠ 490 ᠬᠤᠪᠢ ᠪᠠᠶᠢᠵᠤ᠂ ᠠᠮᠵᠢᠯᠲᠠ ᠣᠯᠤᠭᠰᠠᠨ ᠨᠣᠷᠮ᠎ᠠ ᠨᠢ 77.65 % ᠳᠤ ᠬᠦᠷᠴᠡᠶ᠃   3. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠠᠤᠭ᠎ᠠ ᠲᠥᠰᠦᠪ ᠢ ᠪᠡᠶᠡᠯᠡᠭᠦᠯᠪᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠦᠨ᠂ ᠠᠷᠠᠳ ᠤᠨ ᠲᠥᠯᠥᠭᠡ ᠬᠠᠤᠯᠢ ᠪᠠᠷᠢᠬᠤ ᠡᠯ᠎ᠡ ᠵᠦᠢᠯ ᠤᠨ ᠠᠷᠭ᠎ᠠ  ᠬᠡᠮᠵᠢᠶ᠎ᠡ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠠᠵᠤ ᠠᠬᠤᠢ ᠶᠢᠨ ᠬᠠᠷᠢᠴᠠᠭ᠎ᠠ ᠶᠢ ᠳᠡᠭᠡᠳᠦ ᠬᠡᠮᠵᠢᠶ᠎ᠡ ᠪᠠᠷ ᠠᠩᠬᠠᠷᠤᠨ᠂ ᠲᠡᠭᠦᠨ ᠤ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠬᠤ ᠶᠢᠨ ᠬᠠᠮᠲᠤ ᠲᠠᠷᠢᠶᠠᠯᠠᠩ ᠳᠤ ᠬᠤᠯᠪᠣᠭᠳᠠᠭᠰᠠᠨ ᠬᠡᠷᠡᠭ ᠢ ᠬᠠᠤᠯᠢ ᠶᠣᠰᠣᠭᠠᠷ ᠰᠢᠭᠦᠵᠦ᠂ ᠬᠥᠳᠡᠭᠡ ᠲᠣᠰᠬᠤᠨ ᠤ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠵᠤ᠂ ᠬᠥᠳᠡᠭᠡ ᠲᠣᠰᠬᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ︽ᠲᠠᠷᠢᠶᠠᠯᠠᠩ ᠢ ᠪᠦᠬᠦ ᠲᠠᠯ᠎ᠠ ᠪᠠᠷ ᠲᠡᠰ ᠳᠡᠪᠰᠢᠭᠦᠯᠬᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠲᠠᠪᠰᠢᠭᠤᠯᠬᠤ᠂ ᠲᠠᠷᠢᠶᠠᠴᠢᠳ ᠢ ᠪᠦᠬᠦ ᠲᠠᠯ᠎ᠠ ᠪᠠᠷ ᠬᠥᠭᠵᠢᠭᠦᠯᠬᠦ︾ ᠶᠢ ᠲᠦᠯᠬᠢᠨ ᠠᠬᠢᠭᠤᠯᠬᠤ ᠳᠤ ᠬᠠᠤᠯᠢ ᠪᠠᠷᠢᠬᠤ ᠪᠠᠲᠤᠯᠠᠭ᠎ᠠ ᠬᠠᠩᠭᠠᠪᠠ᠃ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠬᠠᠤᠯᠢ ᠪᠠᠷ ᠵᠠᠰᠠᠬᠤ ᠬᠡᠷᠡᠭᠴᠡᠭᠡ ᠱᠠᠭᠠᠷᠳᠠᠯᠭ᠎ᠠ ᠳᠤ ᠢᠳᠡᠪᠬᠢᠲᠡᠶ ᠬᠠᠷᠢᠭᠤᠯᠲᠠ ᠥᠭᠴᠦ᠂ ︽ᠲᠢᠩᠬᠢᠮ ᠤᠨ ᠰᠢᠭᠦᠯᠲᠡ ᠶᠢ ᠬᠥᠳᠡᠭᠡ ᠲᠣᠰᠬᠤᠨ ᠳᠤ ᠬᠦᠷᠭᠡᠬᠦ︾᠂ ︽ᠬᠠᠤᠯᠢ ᠪᠠᠷ ᠵᠠᠰᠠᠬᠤ ᠤᠬᠠᠭᠤᠯᠭ᠎ᠠ ᠶᠢ ᠴᠤᠭᠯᠠᠭ᠎ᠠ ᠮᠠᠶᠢᠮᠠᠶ ᠳᠤ ᠣᠷᠣᠭᠤᠯᠬᠤ︾ ᠵᠡᠷᠭᠡ ᠠᠵᠢᠯᠯᠠᠭ᠎ᠠ ᠵᠢᠴᠢ ︽ᠲᠣᠭᠤᠷᠢᠨ ᠰᠢᠭᠦᠬᠦ ᠲᠢᠩᠬᠢᠮ︾ ᠢ ᠥᠷᠨᠢᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠬᠠᠤᠯᠢ ᠲᠦᠭᠡᠮᠡᠯᠵᠢᠭᠦᠯᠬᠦ ᠥᠯᠢᠭᠡᠷ ᠢ ᠰᠠᠶᠢᠲᠤᠷ ᠶᠠᠷᠢᠵᠤ᠂ ᠬᠥᠳᠡᠭᠡ ᠲᠣᠰᠬᠤᠨ ᠤ ᠲᠠᠷᠢᠶᠠᠨ ᠭᠠᠵᠠᠷ ᠢ ᠬᠥᠳᠡᠭᠡ ᠲᠣᠰᠬᠤᠨ ᠤ ᠬᠠᠤᠯᠢ ᠲᠦᠭᠡᠮᠡᠯᠵᠢᠭᠦᠯᠬᠦ ᠬᠢᠴᠢᠶᠡᠯ ᠤᠨ ᠲᠠᠩᠬᠢᠮ ᠪᠣᠯᠭᠠᠪᠠ᠃    4. ᠴᠠᠯᠢᠩ ᠢ ᠬᠠᠮᠠᠭᠠᠯᠠᠬᠤ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠪᠠ᠃ ︽ᠴᠠᠯᠢᠩ ᠢ ᠬᠠᠮᠠᠭᠠᠯᠠᠬᠤ ᠠᠵᠢᠯᠯᠠᠭ᠎ᠠ︾ ᠶᠢ ᠥᠷᠨᠢᠭᠦᠯᠵᠦ᠂ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠭᠰᠡᠨ ᠬᠡᠷᠡᠭ ᠢ ᠲᠦᠷᠭᠡᠨ ᠰᠢᠭᠦᠵᠦ ᠲᠦᠷᠭᠡᠨ ᠳᠠᠭᠤᠰᠬᠠᠬᠤ ᠶᠢᠨ ᠬᠠᠮᠲᠤ ᠬᠥᠳᠡᠯᠮᠦᠷᠢ ᠶᠢᠨ ᠬᠢᠨᠠᠨ ᠪᠠᠶᠢᠴᠠᠭᠠᠯᠲᠠ᠂ ᠬᠥᠳᠡᠯᠮᠦᠷᠢ ᠶᠢᠨ ᠬᠥᠨᠳᠡᠯᠡᠨ ᠠᠴᠠ ᠲᠠᠰᠤᠯᠬᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ  ᠦᠷᠢᠳᠦᠭᠰᠡᠨ ᠬᠡᠷᠡᠭ ᠢ ᠣᠯᠠᠨ ᠡᠰᠢᠵᠢᠭᠦᠯᠦᠨ ᠰᠢᠢᠳᠪᠦᠷᠢᠯᠡᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ᠂ ᠵᠠᠷᠭᠤ ᠬᠢᠬᠦ ᠶᠢ ᠵᠣᠯᠭᠠᠯᠳᠤᠭᠤᠯᠵᠤ᠂ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠭᠰᠡᠨ ᠬᠡᠷᠡᠭ ᠢ ᠲᠣᠬᠢᠲᠠᠶ ᠡᠶᠡᠳᠡᠭᠦᠯᠦᠨ ᠰᠢᠢᠳᠪᠦᠷᠢᠯᠡᠵᠤ᠂ ᠲᠠᠷᠢᠶᠠᠴᠢᠨ ᠬᠦᠴᠦ ᠶᠠᠪᠤᠭᠰᠠᠳ ᠤᠨ ᠡᠷᠬᠡ ᠶᠢ ᠬᠠᠮᠠᠭᠠᠯᠠᠬᠤ ᠨᠡᠶᠢᠯᠡᠮᠡᠯ ᠬᠦᠴᠦᠨ ᠢ ᠪᠣᠶ ᠪᠣᠯᠭᠠᠪᠠ᠃ ︽ᠴᠠᠯᠢᠩ ᠬᠠᠮᠠᠭᠠᠯᠠᠬᠤ ᠠᠵᠢᠯᠯᠠᠭ᠎ᠠ ︾ ᠨᠢ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠭᠰᠠᠨ ᠢᠶᠠᠷ ᠪᠠᠷᠠᠬᠤ ᠦᠭᠡᠶ ᠪᠠᠰᠠ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠭᠰᠠᠨ ᠪᠠᠶᠢᠨ᠎ᠠ᠃     ︵ᠭᠤᠷᠪᠠ︶ ᠬᠠᠤᠯᠢ ᠶᠣᠰᠣᠭᠠᠷ ᠤᠯᠤᠰ ᠢᠶᠠᠨ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠬᠠᠤᠯᠢ ᠪᠠᠷ ᠵᠠᠰᠠᠬᠤ ᠤᠯᠤᠰ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠬᠠᠤᠯᠢ ᠪᠠᠷ ᠵᠠᠰᠠᠬᠤ ᠨᠡᠶᠢᠭᠡᠮ ᠤᠨ ᠨᠢᠭᠡ ᠴᠣᠭᠴᠠᠵᠢᠭᠰᠠᠨ ᠪᠠᠶᠢᠭᠤᠯᠤᠯᠲᠠ ᠶᠢ ᠴᠢᠬᠤᠯᠠᠴᠢᠯᠠᠵᠤ᠂ ᠵᠠᠰᠠᠭ ᠵᠠᠬᠢᠷᠭᠠᠨ ᠤ ᠰᠢᠭᠦᠨ ᠲᠠᠰᠤᠯᠬᠤ ᠵᠠᠯᠠᠷᠠᠭᠤᠯᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠬᠠᠤᠯᠢ ᠶᠣᠰᠣᠭᠠᠷ ᠦᠢᠯᠡᠴᠢᠯᠡᠬᠦ ᠳᠤ ᠬᠦᠴᠦᠨ ᠨᠡᠮᠡᠷᠢᠯᠡᠵᠦ᠂ ᠵᠠᠰᠠᠭ ᠵᠠᠬᠢᠷᠭᠠᠨ ᠤ ᠬᠠᠷᠢᠴᠠᠩᠭᠤᠢ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠪᠠ᠃     ᠪᠥᠬᠦ ᠵᠢᠯ ᠳᠤ ᠡᠯ᠎ᠡ ᠲᠥᠷᠥᠯ ᠤᠨ ᠬᠡᠷᠡᠭ ᠢ ᠨᠡᠶᠢᠲᠡ 128 ᠬᠤᠪᠢ ᠭᠥᠯᠢᠶᠡᠨ ᠠᠪᠴᠤ ᠰᠢᠢᠳᠪᠦᠷᠢᠯᠡᠨ ︵17 ᠬᠤᠪᠢ ᠬᠠᠭᠤᠴᠢᠨ ᠬᠠᠳᠠᠭᠠᠯᠠᠭᠰᠠᠨ ᠬᠡᠷᠡᠭ᠂ 111 ᠬᠤᠪᠢ ᠰᠢᠨ᠎ᠡ ᠪᠠᠷ ᠭᠥᠯᠢᠶᠡᠨ ᠠᠪᠤᠭᠰᠠᠨ ᠬᠡᠷᠡᠭ︶᠂ 125 ᠬᠤᠪᠢ ᠬᠡᠷᠡᠭ ᠢ ᠰᠢᠭᠦᠨ ᠳᠠᠭᠤᠰᠬᠠᠵᠤ᠂ 3 ᠬᠤᠪᠢ ᠬᠡᠷᠡᠭ ᠢ ᠰᠢᠭᠦᠵᠦ ᠳᠠᠭᠤᠰᠬᠠᠭᠠᠳᠤᠶ ᠪᠠᠶᠢᠵᠤ᠂ ᠰᠢᠭᠦᠵᠦ ᠳᠠᠭᠤᠰᠬᠠᠭᠰᠠᠨ ᠨᠣᠷᠮ᠎ᠠ 97.66 % ᠳᠤ ᠬᠥᠷᠪᠡ᠃     1. ᠵᠠᠰᠠᠭ ᠵᠠᠬᠢᠷᠭᠠᠨ ᠤ ᠬᠡᠷᠡᠭ ᠤᠨ ᠶᠠᠷᠰᠢᠭ ᠳᠦᠭᠦᠮ ᠢ ᠰᠠᠯᠭᠠᠬᠤ ᠠᠵᠢᠯ ᠢ ᠢᠳᠡᠪᠬᠢᠲᠡᠢ ᠠᠬᠢᠭᠤᠯᠵᠤ᠂ ᠬᠠᠤᠯᠢ ᠪᠠᠷᠢᠬᠤ ᠡᠬᠢ ᠪᠠᠶᠠᠯᠢᠭ ᠢ ᠠᠷᠪᠢᠯᠠᠨ᠂ ᠰᠢᠭᠦᠨ ᠲᠠᠰᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠵᠠᠭᠠᠯᠳᠤᠭᠳᠠᠭᠰᠠᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠬᠢᠨᠠᠨ ᠪᠠᠶᠢᠴᠠᠭᠠᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠶᠢ ᠵᠢᠷᠤᠮᠵᠢᠭᠤᠯᠵᠤ᠂ ᠵᠠᠰᠠᠭ ᠵᠠᠬᠢᠷᠭᠠᠨ ᠤ ᠡᠶᠡᠳᠡᠭᠦᠯᠬᠦ᠂ ᠬᠥᠨᠳᠡᠯᠡᠨ ᠠᠴᠠ ᠲᠠᠰᠤᠯᠬᠤ᠂ ᠵᠠᠰᠠᠭ ᠵᠠᠬᠢᠷᠭᠠᠨ ᠤ ᠲᠠᠰᠤᠯᠤᠯᠲᠠ ᠬᠢᠬᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠶᠢ ᠣᠷᠭᠠᠨᠢᠭ ᠢᠶᠠᠷ ᠵᠣᠯᠭᠠᠭᠤᠯᠬᠤ ᠶᠢ ᠪᠡᠶᠡᠯᠡᠭᠦᠯᠬᠦ ᠶᠢ ᠠᠬᠢᠭᠤᠯᠵᠤ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠬᠦᠴᠦᠯᠡᠨ ᠠᠬᠢᠭᠤᠯᠪᠠ᠃ ᠲᠦᠭᠦᠮ ᠵᠢᠷᠤᠮ ᠢ ᠬᠡᠷᠡᠭᠯᠡᠭᠰᠡᠨ ᠨᠢ ᠵᠠᠷᠭᠤ ᠶᠢᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠭᠰᠡᠨ ᠮᠥᠷᠲᠡᠭᠡᠨ ᠪᠠᠰᠠ ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨ ᠪᠣᠳᠠᠲᠠᠢ ᠪᠠᠷ ᠠᠷᠢᠯᠭᠠᠵᠤ᠂ ᠡᠭᠦᠷᠭᠡ ᠴᠢᠳᠠᠪᠤᠷᠢ ᠶᠢᠨ ᠦᠢᠯᠡᠳᠦᠯ ᠢ ᠤᠷᠲᠤᠳᠬᠠᠭᠰᠠᠨ ᠪᠠᠶᠢᠨ᠎ᠠ᠃ ᠬᠠᠷᠢᠨ ᠬᠠᠤᠯᠢ ᠴᠠᠭᠠᠵᠠ ᠶᠢᠨ ᠰᠠᠨᠠᠭᠤᠯᠭ᠎ᠠ ᠶᠢᠨ ᠠᠵᠢᠯ ᠤᠨ ᠠᠬᠢᠴᠠ ᠶᠢ ᠴᠢᠩᠭᠠᠳᠬᠠᠭᠰᠠᠨ ᠨᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠦᠷᠭᠡᠨ ᠳᠠᠪᠰᠢᠯᠲᠠ ᠶᠢ ᠠᠬᠢᠭᠤᠯᠪᠠ᠃     2. ᠶᠡᠭᠡ ᠲᠠᠯ᠎ᠠ ᠳᠤ  ᠦᠢᠯᠡᠴᠢᠯᠡᠨ᠂ ᠭᠠᠵᠠᠷ ᠰᠢᠷᠣᠶ᠂ ᠬᠡᠷ ᠪᠠᠶᠢᠰᠢᠩ ᠢ ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠢ ᠰᠠᠶᠢᠲᠤᠷ ᠬᠢᠵᠦ᠂ ᠮᠠᠨ ᠤ ᠬᠤᠰᠢᠭᠤᠨ ᠤ ᠠᠵᠤ ᠠᠬᠤᠶ ᠶᠢᠨ ᠪᠥᠲᠥᠭᠡᠨ ᠪᠠᠶᠢᠭᠤᠯᠤᠯᠲᠠ᠂ ᠨᠡᠶᠢᠭᠡᠮ ᠤᠨ ᠬᠥᠭᠵᠢᠯᠲᠡ ᠳᠤ ᠬᠦᠴᠦᠲᠡᠶ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠪᠠ᠃ ᠨᠢᠭᠡ ᠳᠤ ᠬᠡᠷᠡᠭ ᠬᠦᠯᠢᠶᠡᠨ ᠠᠪᠬᠤ ᠠᠴᠠ ᠡᠮᠦᠨ᠎ᠡ ᠵᠠᠰᠠᠭ ᠤᠨ ᠣᠷᠳᠣᠨ ᠤ ᠨᠤᠷᠠᠭᠠᠵᠤ ᠨᠡᠭᠦᠯᠭᠡᠬᠦ ᠠᠵᠢᠯ ᠢ ᠢᠳᠡᠪᠬᠢᠲᠡᠶ ᠳᠡᠮᠵᠢᠵᠦ᠂ ᠲᠤᠬᠠᠶ ᠶᠢᠨ ᠭᠠᠵᠠᠷ ᠲᠤᠨᠢ ᠬᠦᠷᠴᠦ ᠨᠤᠷᠠᠭᠠᠵᠤ ᠨᠡᠭᠦᠯᠭᠡᠬᠦ ᠵᠢᠭᠤᠷᠠᠯᠳᠤᠭᠠᠨ ᠢ ᠰᠤᠷᠪᠤᠯᠵᠢᠯᠠᠨ᠂ ᠣᠶᠢᠯᠠᠭᠠᠵᠤ᠂ ᠠᠷᠢᠯᠭᠠᠪᠠ᠃ ᠬᠤᠶᠠᠷ ᠲᠤ ᠬᠡᠷᠡᠭ ᠰᠢᠢᠳᠪᠦᠷᠢᠯᠡᠬᠦ ᠶᠠᠪᠤᠴᠠ ᠳᠤ ᠨᠤᠷᠠᠭᠠᠵᠤ ᠨᠡᠭᠦᠯᠭᠡᠬᠦ ᠶᠢ ᠵᠥᠪᠰᠢᠶᠡᠷᠡᠬᠦ ᠪᠠᠷ ᠬᠠᠤᠯᠢ ᠶᠣᠰᠣᠭᠠᠷ ᠲᠣᠭᠲᠠᠭᠠᠯᠲᠠ ᠭᠠᠷᠭᠠᠵᠤ᠂ ᠵᠠᠰᠠᠭ ᠤᠨ ᠣᠷᠳᠣᠨ ᠤ ᠠᠯᠪᠠᠳᠠᠯᠭ᠎ᠠ ᠪᠠᠷ ᠨᠤᠷᠠᠭᠠᠵᠤ ᠨᠡᠭᠦᠯᠭᠡᠬᠦ ᠳᠤ ᠬᠠᠤᠯᠢ ᠪᠠᠷᠢᠬᠤ ᠬᠦᠴᠦᠲᠡᠢ ᠪᠠᠲᠤᠯᠠᠭ᠎ᠠ ᠬᠠᠩᠭᠠᠪᠠ᠃ ᠭᠤᠷᠪᠠ ᠳᠤ ᠨᠤᠷᠠᠭᠠᠵᠤ ᠨᠡᠭᠦᠯᠭᠡᠬᠦ ᠲᠤᠬᠠᠶ ᠶᠢᠨ ᠲᠠᠯᠠᠪᠠᠶ ᠳᠤ ᠭᠦᠨᠵᠡᠭᠡᠶᠢᠷᠡᠨ᠂ ᠬᠠᠤᠯᠢ ᠴᠠᠭᠠᠵᠠ ᠶᠢᠨ  ᠦᠢᠯᠡᠴᠢᠯᠭᠡ ᠬᠠᠩᠭᠠᠵᠤ᠂ ᠨᠤᠷᠠᠭᠠᠵᠤ ᠨᠡᠭᠦᠯᠭᠡᠬᠦ ᠡᠷᠦᠬᠡ ᠶᠢᠨ ᠰᠡᠵᠢᠭ ᠢ ᠠᠯᠳᠠᠷᠠᠭᠠᠵᠤ᠂ ᠬᠦᠯᠢᠴᠡᠩᠭᠦᠶ ᠪᠠᠷ ᠢᠳᠬᠠᠬᠤ ᠪᠠ ᠬᠥᠲᠥᠯᠥᠨ ᠵᠢᠯᠣᠭᠤᠳᠴᠠᠢ᠃ ᠭᠤᠤᠯᠳᠠᠯᠭ᠎ᠠ ᠲᠠᠢ ᠲᠥᠷᠥᠯ  ᠵᠦᠢᠯ ᠪᠤᠯᠬᠤ ᠬᠢᠩᠭᠠᠨ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠢᠨ᠎ᠡ ᠭᠠᠵᠠᠷ ᠢ ᠨᠤᠷᠠᠭᠠᠵᠤ ᠨᠡᠭᠦᠯᠭᠡᠬᠦ ᠠᠵᠢᠯ ᠤᠨ ᠰᠡᠭᠦᠯ ᠬᠤᠷᠢᠶᠠᠬᠤ ᠠᠵᠢᠯ ᠳᠤ ᠣᠷᠣᠯᠴᠠᠭᠰᠠᠨ ᠪᠥᠭᠡᠳ ᠪᠡᠶᠡᠯᠡᠭᠦᠯᠵᠦ᠂ ᠢ ᠡᠤ ᠠᠷᠠᠯᠵᠢᠶ᠎ᠠ ᠬᠤᠳᠠᠯᠳᠤᠭᠠᠨ ᠤ ᠬᠤᠲᠠ ᠵᠢᠴᠢ ᠵᠢᠷᠦᠬᠡᠨ ᠪᠠᠯᠭᠠᠰᠤ ᠶᠢᠨ ᠴᠢᠶᠠᠨ ᠶᠢᠨ ᠲᠣᠰᠬᠤᠨ ᠵᠡᠷᠭᠡ 40 ᠭᠠᠷᠤᠶ ᠬᠤᠪᠢ ᠨᠤᠷᠠᠭᠠᠵᠤ ᠨᠡᠭᠦᠯᠭᠡᠬᠦ ᠠᠵᠢᠯ ᠤᠨ ᠡᠭᠦᠷᠭᠡ ᠶᠢ ᠪᠡᠶᠡᠯᠡᠭᠦᠯᠵᠦ᠂ ᠨᠡᠶᠢᠭᠡᠮ ᠤᠨ ᠲᠣᠭᠲᠠᠭᠤᠨ ᠢ ᠬᠠᠮᠠᠭᠠᠯᠠᠪᠠ᠃      ︵ᠳᠥᠷᠪᠡ︶ ᠨᠠᠷᠢᠯᠢᠭ ᠣᠨᠣᠪᠴᠢᠲᠠᠢ ᠥᠨᠳᠥᠷ ᠪᠦᠲᠦᠮᠵᠢᠲᠡᠢ ᠪᠠᠷ ᠬᠦᠴᠦᠯᠡᠵᠦ᠂ ᠬᠠᠤᠯᠢ ᠴᠠᠭᠠᠵᠠ ᠶᠢᠨ ︽ᠬᠤᠭᠤᠰᠣᠨ ᠪᠠᠷᠢᠮᠲᠠ︾ ᠶᠢ ᠠᠷᠢᠯᠭᠠᠵᠤ᠂ ᠭᠦᠢᠴᠡᠳᠬᠡᠬᠦ ᠠᠵᠢᠯ ᠤᠨ ᠰᠢᠨ᠎ᠡ ᠵᠠᠭᠪᠤᠷ ᠢ ᠡᠮᠬᠢ ᠵᠢᠷᠤᠮ ᠲᠠᠢ ᠪᠣᠯᠭᠤᠮᠵᠢᠲᠠᠢ ᠪᠠᠷ ᠨᠡᠭᠡᠭᠡᠪᠡ᠃     ᠪᠦᠬᠦ ᠵᠢᠯ ᠳᠤ 2913 ᠬᠤᠪᠢ ᠭᠦᠢᠴᠡᠳᠬᠡᠬᠦ ᠬᠡᠷᠡᠭ ᠢ ᠬᠦᠯᠢᠶᠡᠨ ᠠᠪᠴᠤ᠂ 2660 ᠬᠤᠪᠢ ᠶᠢ ᠭᠦᠢᠴᠡᠳᠬᠡᠨ ᠳᠠᠭᠤᠰᠬᠠᠵᠤ᠂ ᠬᠡᠷᠡᠭ ᠢ ᠳᠠᠭᠤᠰᠬᠠᠭᠰᠠᠨ ᠨᠣᠷᠮ᠎ᠠ ᠨᠢ 91.31 % ᠳᠤ ᠬᠦᠷᠴᠦ᠂ 58 ᠬᠥᠮᠦᠨ ᠢ ᠲᠦᠷ ᠬᠤᠷᠢᠵᠤ᠂ 1874 ᠬᠥᠮᠦᠨ ᠤ ᠥᠨᠳᠥᠷ ᠬᠡᠷᠡᠭᠯᠡᠭᠡ ᠶᠢ ᠬᠢᠵᠠᠭᠠᠷᠯᠠᠪᠠ᠂ ᠭᠦᠢᠴᠡᠳᠬᠡᠭᠰᠡᠨ ᠪᠣᠳᠠᠲᠠᠢ ᠬᠠᠷᠠᠯᠲᠠ 6798.23 ᠲᠦᠮᠡᠨ ᠲᠥᠭᠦᠷᠢᠭ ᠲᠤᠯᠵᠠᠢ᠃      1. ᠭᠦᠢᠴᠡᠳᠬᠡᠬᠦ ᠪᠣᠯ ᠬᠠᠤᠯᠢ ᠪᠠᠷᠢᠬᠤ ᠵᠢᠷᠤᠮ ᠤᠨ ᠡᠴᠦᠰ ᠤᠨ ᠨᠢᠭᠡ ᠭᠤᠭᠴᠤᠭ᠎ᠠ ᠮᠥᠨ᠂ ᠪᠠᠰᠠ ᠴᠤ ᠬᠠᠤᠯᠢ ᠪᠠᠷᠢᠬᠤ ᠡᠷᠬᠡ ᠠᠰᠢᠭ ᠤᠨ ᠲᠡᠳᠬᠦᠮᠵᠢ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠭᠤᠭᠴᠤᠭ᠎ᠠ ᠮᠥᠨ᠃ ︽ᠶᠡᠷᠦᠩᠬᠡᠶ ᠬᠠᠷᠢᠴᠠᠬᠤ ᠶᠡᠷᠦᠩᠬᠡᠶ︾ ᠰᠦᠯᠵᠢᠶᠡᠨ ᠤ ᠪᠠᠶᠢᠴᠠᠭᠠᠨ ᠡᠵᠡᠮᠳᠡᠬᠦ ᠰᠢᠰᠲ᠋ᠧᠮ ᠢ  ᠭᠦᠢᠴᠡᠳ ᠬᠡᠷᠡᠭᠯᠡᠵᠦ᠂  ᠭᠦᠢᠴᠡᠳᠭᠡᠭᠳᠡᠭᠴᠢ ᠶᠢᠨ ᠡᠳ᠋ ᠬᠥᠷᠥᠩᠭᠡ ᠶᠢ ᠪᠠᠶᠢᠴᠠᠭᠠᠨ ᠪᠢᠲᠡᠭᠦᠮᠵᠢᠯᠡᠬᠦ᠂ ᠴᠡᠪᠳᠡᠭᠯᠡᠬᠦ᠂ ᠰᠠᠭᠤᠯᠭᠠᠨ ᠰᠢᠯᠵᠢᠭᠦᠯᠬᠦ ᠵᠡᠷᠭᠡ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠪᠠ᠃ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠳᠤ ᠲᠦᠰᠢᠭᠯᠡᠨ ᠬᠡᠷᠡᠭ ᠰᠢᠢᠳᠪᠦᠷᠢᠯᠡᠵᠦ᠂ ᠬᠡᠷᠡᠭ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠦᠢᠴᠡᠳᠬᠡᠬᠦ ᠭᠦᠢᠴᠡᠳᠬᠡᠯ ᠲᠤᠭ᠎ᠠ ᠶᠢ ᠳᠡᠭᠡᠭᠰᠢᠯᠡᠭᠦᠯᠪᠡ᠃     2. ᠭᠦᠢᠴᠡᠳᠬᠡᠬᠦ ᠵᠢᠯᠣᠭᠤᠳᠬᠤ ᠲᠥᠪ ᠢ ᠪᠣᠳᠠᠲᠤ ᠴᠣᠭᠴᠠᠵᠢᠭᠤᠯᠤᠨ ᠠᠵᠢᠯᠯᠠᠭᠤᠯᠬᠤ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃  ᠭᠦᠢᠴᠡᠳᠭᠡᠬᠦ ᠵᠢᠯᠣᠭᠤᠳᠬᠤ ᠲᠥᠪ ᠤᠨ ᠠᠵᠢᠯᠯᠠᠭᠠᠨ ᠤ ᠵᠠᠭᠪᠤᠷ ᠢ ᠰᠢᠯᠢᠳᠡᠭᠵᠢᠭᠦᠯᠪᠡ᠃ ᠲᠡᠰ ᠳᠡᠪᠰᠢᠭᠦᠯᠦᠭᠰᠡᠨ ᠤ ᠳᠠᠷᠠᠭᠠᠬᠢ ᠵᠢᠯᠣᠭᠤᠳᠬᠤ ᠲᠥᠪ ᠨᠢ ᠴᠢᠳᠠᠮᠵᠢ ᠶᠢᠨ ᠪᠠᠶᠢᠷᠢ ᠲᠣᠭᠲᠠᠭᠠᠯᠲᠠ ᠶᠢᠨ ᠲᠠᠯ᠎ᠠ ᠪᠠᠷ ᠶᠡᠷᠦᠩᠬᠡᠶᠢᠯᠡᠭᠰᠡᠨ ᠬᠡᠷᠡᠭ ᠶᠠᠪᠤᠳᠠᠯ ᠢ ᠰᠢᠢᠳᠪᠦᠷᠢᠯᠡᠬᠦ᠂ ᠮᠡᠳᠡᠭᠡ ᠵᠠᠩᠭᠢ ᠰᠣᠯᠢᠯᠴᠠᠬᠤ᠂ ᠬᠡᠷᠡᠭ ᠬᠤᠪᠢᠶᠠᠷᠢᠯᠠᠬᠤ᠂ ᠵᠢᠯᠣᠭᠤᠳᠤᠨ ᠲᠤᠬᠢᠷᠠᠭᠤᠯᠬᠤ᠂ ᠬᠢᠨᠠᠯᠲᠠ ᠲᠠᠯᠪᠢᠵᠤ ᠬᠢᠨᠠᠨ ᠰᠢᠯᠭᠠᠬᠤ᠂ ᠰᠢᠢᠳᠪᠦᠷᠢᠲᠦ ᠪᠤᠳᠤᠯᠭ᠎ᠠ ᠵᠠᠳᠠᠯᠬᠤ ᠵᠡᠷᠭᠡ ᠴᠢᠳᠠᠮᠵᠢ ᠲᠠᠢ ᠪᠠᠶᠢᠵᠤ᠂ ᠭᠦᠢᠴᠡᠳᠬᠡᠬᠦ ᠠᠵᠢᠯ ᠤᠨ ᠮᠡᠳᠡᠭᠡ ᠵᠠᠩᠭᠢᠵᠢᠯᠲᠠ᠂ ᠨᠠᠷᠢᠯᠢᠬᠵᠢᠭᠤᠯᠤᠯᠲᠠ᠂ ᠪᠦᠯᠬᠦᠮᠴᠢᠯᠡᠯᠲᠡ᠂ ᠡᠷᠴᠢᠮᠵᠢᠭᠦᠯᠦᠯᠲᠡ᠂ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃     3. ᠡᠰᠡᠷᠭᠦᠴᠡᠨ ᠬᠤᠷᠢᠭᠯᠠᠬᠤ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠳᠤᠮᠳᠠ ᠡᠳ᠋ ᠮᠥᠩᠭᠦᠨ ᠤ ᠢᠷᠡᠯᠲᠡ ᠶᠢ ᠨᠢ ᠲᠠᠰᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠴᠢᠷᠮᠠᠶᠢᠨ ᠤᠯᠵᠠᠢ᠃ ᠨᠢᠭᠡ ᠳᠤ᠂ ᠮᠠᠨ ᠤ ᠬᠤᠷᠢᠶ᠎ᠠ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠡᠷᠡᠭᠦᠦ ᠶᠢᠨ ᠬᠡᠷᠡᠭ ᠤᠨ ᠲᠢᠩᠬᠢᠮ᠂ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ᠂ ᠰᠤᠮᠤ ᠶᠢᠨ ᠬᠠᠮᠢᠶ᠎ᠠ ᠪᠦᠬᠦᠢ ᠤᠳᠤᠷᠢᠳᠤᠯᠭ᠎ᠠ ᠲᠠᠢ ᠬᠠᠮᠲᠤᠷᠠᠨ ᠵᠥᠷᠢᠴᠡᠯ ᠵᠢᠭᠤᠷᠠᠭᠠᠨ ᠢ ᠡᠶᠡᠳᠡᠭᠦᠯᠬᠦ ᠳᠤᠭᠤᠢᠯᠠᠩ ᠪᠠᠶᠢᠭᠤᠯᠪᠠ᠃ ᠭᠦᠢᠴᠡᠳᠬᠡᠬᠦ ᠶᠢ ᠲᠡᠪᠴᠢᠭᠰᠡᠨ ᠵᠡᠷᠭᠡ ᠬᠦᠨᠳᠦ ᠨᠣᠴᠢᠲᠠᠢ ︽ᠬᠦᠢᠲᠡᠮᠰᠦᠭ ᠬᠦᠴᠦᠷᠬᠡᠭᠯᠡᠯ︾ ᠤᠨ ᠦᠢᠯᠡ ᠠᠵᠢᠯᠯᠠᠭ᠎ᠠ ᠶᠢ ᠡᠷᠡᠰ ᠰᠢᠭᠤᠷᠬᠠᠢ ᠪᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠦᠯᠵᠦ᠂ 2 ᠬᠥᠮᠦᠨ ᠢ ᠪᠣᠳᠠᠲᠤ ᠡᠷᠡᠭᠦᠦ ᠶᠢᠨ ᠬᠡᠷᠡᠭ ᠢᠶᠠᠷ ᠰᠢᠳᠬᠡᠪᠡ᠃ ᠬᠤᠶᠠᠷ ᠲᠤ᠂ ᠮᠠᠨ ᠤ ᠬᠤᠷᠢᠶ᠎ᠠ ᠲᠤᠰᠬᠠᠶ ᠬᠥᠮᠦᠨ ᠲᠤᠮᠢᠯᠠᠵᠤ᠂ ᠲᠤᠰᠬᠠᠶ ᠲᠡᠷᠭᠡ ᠲᠣᠬᠢᠷᠠᠭᠤᠯᠤᠨ᠂ ᠰᠢᠯᠢᠳᠡᠭ ᠠᠵᠢᠯᠠᠬᠤ ᠠᠩᠭᠢ ᠲᠣᠬᠢᠷᠠᠭᠤᠯᠵᠤ᠂ ︽ᠡᠳ᠋ ᠮᠥᠩᠭᠦᠨ ᠤ ᠢᠷᠡᠯᠲᠡ ᠶᠢ ᠲᠠᠰᠤᠯᠬᠤ︾ ᠲᠤᠰᠬᠠᠶ ᠳᠤᠭᠤᠶᠢᠯᠠᠩ ᠪᠠᠶᠢᠭᠤᠯᠪᠠ᠃ 10 ᠭᠠᠷᠤᠢ ᠤᠳᠠᠭ᠎ᠠ ᠲᠥᠪᠯᠡᠷᠡᠭᠦᠯᠦᠨ ᠲᠤᠰᠬᠠᠢ ᠭᠦᠢᠴᠡᠳᠬᠡᠵᠦ᠂ ᠬᠡᠷᠡᠭ ᠲᠤ ᠬᠤᠯᠪᠣᠭᠳᠠᠭᠰᠠᠨ ᠭᠦᠢᠴᠡᠳᠬᠡᠬᠦ ᠶᠡᠷᠦᠩᠬᠡᠢ ᠬᠠᠷᠠᠯᠲᠠ ᠶᠢᠨ 1107 ᠲᠦᠮᠡ ᠭᠠᠷᠤᠢ ᠲᠥᠭᠦᠷᠢᠭ ᠢ ᠪᠡᠶᠡᠯᠡᠭᠦᠯᠪᠡ᠃     ︵ᠲᠠᠪᠤ︶ ᠠᠷᠠᠳ ᠲᠦᠮᠡᠨ ᠢᠶᠠᠷ ᠭᠤᠣᠯ ᠪᠣᠯᠭᠠᠬᠤ ᠦᠨᠳᠦᠰᠦᠨ ᠵᠣᠭᠰᠣᠯᠲᠠ ᠶᠢ ᠪᠠᠲᠤ ᠡᠵᠡᠮᠳᠡᠵᠦ᠂ ᠵᠠᠷᠭᠤ ᠶᠢᠨ ᠦᠢᠯᠡᠴᠢᠯᠡᠭᠡᠨ ᠤ ᠬᠠᠯᠠᠭᠤᠨ ᠤᠲᠠᠰᠤ ᠶᠢᠨ ᠰᠠᠭᠠᠳ ᠦᠭᠡᠢ ᠨᠡᠪᠲᠡᠷᠡᠬᠦ ᠪᠠ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ ᠲᠠᠪᠴᠠᠩ ᠤᠨ ᠬᠡᠪ ᠤᠨ ᠠᠵᠢᠯᠯᠠᠭ᠎ᠠ ᠶᠢ ᠦᠨᠡᠨ ᠬᠦ ᠪᠠᠲᠤᠯᠠᠪᠠ      ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠠᠷᠠᠳ ᠣᠯᠠᠨ ᠤ ᠵᠠᠷᠭᠤ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠶᠢᠨ ᠲᠥᠯᠥᠭᠡ᠂ ᠮᠠᠨ ᠤ ᠬᠤᠷᠢᠶ᠎ᠠ ᠡᠭᠡᠯᠵᠢᠯᠡᠨ ᠵᠢᠵᠢᠭᠦᠷᠯᠡᠬᠦ ᠠᠵᠢᠯ ᠤᠨ ᠲᠥᠰᠦᠯ ᠢ ᠦᠳᠲᠡᠷ ᠲᠦᠷᠭᠡᠨ ᠡᠬᠢᠯᠡᠭᠦᠯᠵᠦ᠂ ︽ᠰᠢᠭᠦᠨ ᠲᠠᠰᠤᠯᠬᠤ ᠭᠦᠢᠴᠡᠳᠭᠡᠬᠦ ᠶᠢ ᠵᠤᠭᠰᠣᠭᠠᠬᠤ ᠥᠬᠡᠶ᠂ ᠲᠥᠪ ᠭᠤᠤᠯᠴᠢ ᠰᠢᠳᠤᠷᠭᠤ ᠶᠣᠰᠣ ᠶᠢ ᠵᠣᠭᠰᠣᠭᠠᠬᠤ ᠥᠬᠡᠶ︾ ᠪᠠᠶᠢᠬᠤ ᠶᠢ ᠪᠡᠶᠡᠯᠡᠭᠦᠯᠪᠡ᠃ ᠡᠶᠡᠳᠡᠭᠦᠯᠬᠦ ᠠᠷᠭ᠎ᠠ ᠮᠠᠶ᠋ᠢᠭ ᠤᠨ ᠲᠠᠯ᠎ᠠ ᠪᠠᠷ ᠢᠳᠡᠪᠬᠢᠲᠡᠢ ᠪᠠᠷ ᠰᠢᠨ᠎ᠡ ᠶᠢ ᠡᠭᠦᠳᠴᠦ᠂ ᠲᠤᠬᠠᠢ ᠶᠢᠨ ᠬᠥᠮᠦᠨ ᠤ ᠬᠠᠤᠯᠢ ᠪᠠᠷᠢᠬᠤ ᠬᠦᠰᠡᠯ ᠱᠠᠭᠠᠷᠳᠠᠯᠭ᠎ᠠ ᠶᠢ ᠤᠯᠠᠨ ᠡᠰᠢᠴᠢᠯᠡᠨ ᠰᠢᠢᠳᠪᠦᠷᠢᠯᠡᠵᠦ᠂ ᠠᠷᠠᠳ ᠤᠨ ᠰᠢᠭᠦᠬᠦ ᠬᠤᠷᠢᠶᠠᠨ ᠤ ᠡᠶᠡᠳᠡᠭᠦᠯᠭᠡ ᠪᠠᠷ ᠳᠠᠮᠵᠢᠭᠤᠯᠤᠨ᠂ ᠰᠦᠯᠵᠢᠶᠡᠨ ᠳᠡᠭᠡᠷᠡᠬᠢ ᠲᠢᠩᠬᠢᠮ ᠤᠨ ᠰᠢᠭᠦᠯᠲᠡ ᠶᠢᠨ ᠲᠠᠪᠴᠠᠩ ᠳᠡᠭᠡᠷ᠎ᠡ ᠬᠡᠷᠡᠭ ᠪᠣᠯᠭᠠᠨ ᠳᠠᠩᠰᠠᠯᠠᠭᠤᠯᠬᠤ ᠪᠠᠷ ᠭᠤᠶᠤᠴᠢᠯᠠᠬᠤ᠂ ᠰᠦᠯᠵᠢᠶᠡᠨ ᠳᠡᠭᠡᠷᠡᠬᠢ ᠭᠡᠷᠡᠴᠢ ᠪᠠᠷᠢᠮᠲᠠ ᠶᠢ ᠳᠡᠯᠭᠡᠨ ᠦᠵᠡᠭᠦᠯᠬᠦ᠂ ᠰᠦᠯᠵᠢᠶᠡᠨ ᠳᠡᠭᠡᠷᠡᠬᠢ ᠵᠠᠷᠭᠤ ᠶᠢᠨ ᠮᠠᠲ᠋ᠧᠷᠢᠶᠠᠯ ᠢ ᠵᠣᠯᠭᠠᠯᠳᠤᠭᠤᠯᠬᠤ᠂ ᠪᠦᠬᠦ ᠶᠠᠪᠤᠴᠠ ᠳᠤ ᠳᠠᠭᠤ ᠳᠦᠷᠰᠦ ᠰᠢᠩᠭᠡᠭᠡᠬᠦ᠂ ᠡᠯᠧᠺᠲᠷᠣᠨ ᠬᠦᠷᠭᠡᠯᠲᠡ᠂ ᠰᠢᠦᠳᠠᠨ ᠢᠶᠠᠷ ᠬᠦᠷᠭᠡᠬᠦ ᠶᠢ ᠬᠡᠯᠬᠢᠶᠡᠵᠢᠭᠦᠯᠦᠨ ᠰᠢᠢᠳᠪᠦᠷᠢᠯᠡᠬᠦ ᠵᠠᠭᠪᠤᠷ ᠢ ᠪᠡᠶᠡᠯᠡᠭᠦᠯᠵᠦ᠂ ᠲᠤᠬᠠᠢ ᠶᠢᠨ ᠬᠥᠮᠦᠨ ᠤ ᠬᠦᠰᠡᠯ ᠱᠠᠭᠠᠷᠳᠠᠯᠭ᠎ᠠ ᠶᠢ ᠲᠦᠷᠭᠡᠨ ᠰᠢᠢᠳᠪᠦᠷᠢᠯᠡᠪᠡ᠃   ︵ᠵᠢᠷᠭᠤᠭ᠎ᠠ︶ ᠣᠶᠤᠨᠴᠢ ᠰᠢᠭᠦᠬᠦ ᠬᠤᠷᠢᠶᠠᠨ ᠤ ᠪᠠᠶᠢᠭᠤᠯᠤᠯᠲᠠ ᠶᠢ ᠰᠤᠯᠠᠷᠠᠭᠤᠯᠤᠯ ᠦᠭᠡᠢ ᠪᠠᠶᠢᠩᠭᠤ ᠠᠳᠬᠤᠵᠤ᠂ ︽ᠪᠡᠶᠡᠲᠦᠴᠢᠯᠡᠭᠰᠡᠨ︾ ᠣᠯᠠᠨ ᠡᠰᠢᠲᠦ ᠵᠢᠭᠤᠷᠠᠭᠠᠨ ᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠵᠠᠷᠭᠤ ᠶᠢᠨ ᠡᠬᠢ ᠶᠢ ᠵᠠᠰᠠᠬᠤ ᠶᠡᠭᠡ ᠪᠠᠢᠷᠢᠰᠢᠯ ᠢ ᠪᠠᠶᠢᠭᠤᠯᠪᠠ᠃     1. ᠨᠡᠶᠢᠭᠡᠮ ᠤᠨ ᠵᠠᠰᠠᠯᠲᠠ ᠳᠤ ᠬᠦᠨᠵᠡᠭᠡᠢ ᠤᠷᠤᠯᠴᠠᠪᠠ᠃ ᠤᠯᠠᠨ ᠲᠠᠯ᠎ᠠ ᠶᠢᠨ ᠣᠷᠣᠯᠴᠠᠭᠰᠠᠨ ᠣᠷᠭᠠᠨᠢᠭ ᠢᠶᠠᠷ ᠵᠣᠯᠭᠠᠯᠳᠤᠭᠤᠯᠤᠭᠰᠠᠨ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠭᠰᠡᠨ᠂ ᠥᠨᠳᠥᠷ ᠪᠦᠲᠦᠮᠵᠢᠲᠡᠢ ᠪᠥᠭᠡᠳ ᠳᠥᠭᠦᠮ ᠳᠥᠲᠡ ᠪᠠᠶᠢᠬᠤ ᠵᠥᠷᠢᠴᠡᠯ ᠵᠠᠭᠤᠷᠠᠯᠳᠤᠭᠠᠨ ᠢ ︽ᠬᠤᠯᠪᠣᠭᠠᠯᠠᠨ ᠡᠶᠡᠳᠡᠭᠦᠯᠬᠦ︾ ᠶᠢᠨ ᠰᠢᠢᠳᠪᠦᠷᠢᠯᠡᠬᠦ ᠲᠣᠭᠲᠠᠴᠠ ᠶᠢ ᠢᠳᠡᠪᠬᠢᠲᠡᠢ ᠪᠠᠶᠢᠭᠤᠯᠵᠤ᠂ ᠰᠢᠭᠦᠨ ᠲᠠᠰᠤᠯᠬᠤ ᠡᠷᠬᠡ ᠶᠢᠨ ᠵᠢᠷᠤᠮᠵᠢᠭᠤᠯᠬᠤ᠂ ᠬᠦᠲᠦᠯᠦᠨ ᠵᠢᠯᠣᠭᠤᠳᠬᠤ ᠪᠠ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠤᠯᠢ ᠪᠠᠷᠢᠬᠤ ᠡᠶᠡᠳᠡᠭᠦᠯᠭᠡ᠂ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ ᠪᠠᠷ ᠭᠤᠣᠯ ᠪᠣᠯᠭᠠᠭᠰᠠᠨ᠂ ᠪᠤᠰᠤᠳ ᠡᠶᠡᠳᠡᠭᠦᠯᠬᠦ ᠠᠷᠭ᠎ᠠ ᠮᠠᠶ᠋ᠢᠭ ᠢᠶᠠᠷ ᠨᠥᠬᠦᠪᠥᠷᠢ ᠪᠣᠯᠭᠠᠭᠰᠠᠨ ᠵᠠᠭᠤᠷᠠᠯᠳᠤᠭᠠᠨ ᠢ ᠰᠢᠢᠳᠪᠦᠷᠢᠯᠡᠬᠦ ᠤᠯᠠᠨ ᠳᠡᠰ ᠳᠠᠪᠬᠤᠷᠭ᠎ᠠ ᠶᠢᠨ ᠣᠷᠣᠨ ᠵᠠᠢ ᠶᠢ ᠠᠯᠬᠤᠮ ᠠᠯᠬᠤᠮ ᠢᠶᠠᠷ ᠪᠦᠷᠢᠯᠳᠦᠭᠦᠯᠪᠡ᠃     2. ᠬᠠᠮᠲᠤᠷᠠᠨ ᠬᠥᠳᠡᠯᠦᠯᠴᠡᠬᠦ ᠳᠠᠪᠠᠭᠤᠯᠢᠭ ᠢᠶᠠᠨ ᠪᠠᠳᠠᠷᠠᠭᠤᠯᠵᠤ᠂ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠰᠡᠷᠭᠡᠶᠢᠯᠡᠵᠠᠢ᠃ ᠬᠤᠰᠢᠭᠤᠨ ᠤ ᠨᠠᠮ ᠤᠨ ᠬᠤᠷᠢᠶ᠎ᠠ ᠠᠴᠠ ︽ᠵᠠᠷᠭᠤ ᠶᠢᠨ ᠡᠬᠢ ᠶᠢᠨ ᠵᠠᠰᠠᠯᠲᠠ ᠶᠢ ᠴᠢᠩᠭᠠᠳᠬᠠᠵᠤ᠂ ᠵᠢᠭᠤᠷᠠᠭᠠᠨ ᠢ ᠣᠯᠠᠨ ᠡᠰᠢᠵᠢᠬᠦᠯᠦᠨ ᠰᠢᠢᠳᠪᠦᠷᠢᠯᠡᠬᠦ ᠶᠡᠭᠡ ᠲᠠᠪᠴᠠᠩ ᠢ ᠪᠠᠶᠢᠭᠤᠯᠤᠨ ᠬᠡᠷᠡᠭᠵᠢᠭᠦᠯᠬᠦ ᠲᠥᠰᠦᠯ︾ ᠤᠨ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠡᠯ᠎ᠡ ᠰᠠᠯᠠᠭ᠎ᠠ ᠮᠥᠴᠢᠷ ᠲᠠᠢ ᠬᠠᠮᠲᠤᠷᠠᠨ ᠵᠢᠭᠤᠷᠠᠭᠠᠨ ᠢ ᠰᠢᠢᠳᠪᠦᠷᠢᠯᠡᠬᠦ ᠣᠯᠠᠨ ᠡᠰᠢᠲᠦ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠬᠥᠨᠳᠡᠯᠡᠨ ᠠᠴᠠ ᠲᠠᠰᠤᠯᠬᠤ᠂ ᠠᠯᠪᠠᠨ ᠭᠡᠷᠡᠴᠢᠯᠡᠭᠡ ᠬᠢᠬᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠶᠢᠨ ᠲᠠᠰ ᠳᠠᠷᠠᠭᠠᠯᠠᠯ ᠢ ᠵᠣᠯᠭᠠᠭᠤᠯᠬᠤ ᠶᠢ ᠵᠢᠷᠤᠮᠵᠢᠭᠤᠯᠵᠤ᠂ ᠵᠠᠭᠠᠯᠳᠤᠬᠤ ᠠᠴᠠ ᠡᠮᠦᠨᠡᠬᠢ ᠬᠠᠮᠲᠤᠷᠠᠭᠰᠠᠨ ᠬᠤᠷᠠᠯ ᠤᠨ ᠲᠣᠭᠲᠠᠴᠠ ᠶᠢ ᠨᠡᠶᠢᠳᠡᠮ ᠪᠠᠶᠢᠭᠤᠯᠪᠠ᠃ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠡᠶᠡᠳᠡᠭᠦᠯᠭᠡ ᠶᠢᠨ ᠤᠷᠢᠳᠠᠴᠢ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠵᠤ᠂ ᠠᠷᠠᠳ ᠤᠨ ᠡᠶᠡᠳᠡᠭᠦᠯᠭᠡ᠂ ᠠᠵᠢᠯ ᠲᠦᠷᠦᠯ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ ᠶᠢᠨ ᠬᠠᠮᠵᠢᠯᠴᠠᠬᠤ ᠦᠢᠯᠡᠳᠦᠯ ᠢ ᠬᠦᠴᠦᠲᠡᠢ ᠪᠠᠳᠠᠷᠠᠭᠤᠯᠪᠠ᠃     3. ᠬᠡᠷᠡᠭ ᠪᠣᠯᠭᠠᠨ ᠳᠠᠩᠰᠠᠯᠠᠬᠤ ᠠᠴᠠ ᠠᠪᠤᠭᠠᠳ  ᠭᠦᠢᠴᠡᠳᠭᠡᠬᠦ ᠬᠦᠷᠲᠡᠯ᠎ᠡ ᠪᠥᠬᠦ ᠲᠠᠯ᠎ᠠ ᠶᠢᠨ ᠲᠦᠪᠡᠭᠲᠡᠶ ᠲᠥᠬᠦᠮ ᠢ ᠰᠠᠯᠭᠠᠬᠤ ᠵᠢᠷᠤᠮ ᠢ ᠲᠣᠭᠲᠠᠭᠠᠵᠤ᠂ ᠡᠯ᠎ᠡ ᠭᠤᠭᠴᠤᠭ᠎ᠠ ᠶᠢ ᠨᠢᠭᠲᠠ ᠬᠤᠯᠪᠣᠵᠤ᠂ ᠣᠯᠠᠨ ᠲᠠᠯ᠎ᠠ ᠪᠠᠷ ᠬᠤᠯᠪᠣᠭᠠᠯᠠᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠮᠠᠨ ᠤ ᠬᠤᠷᠢᠶ᠎ᠠ ︽ᠨᠢᠭᠡ ᠦᠷᠲᠡᠭᠡᠨ ᠮᠠᠶ᠋ᠢᠭ︾ ᠤᠨ ᠵᠢᠭᠤᠷᠠᠯᠳᠤᠭᠠᠨ ᠢ ᠰᠢᠢᠳᠪᠦᠷᠢᠯᠡᠬᠦ ᠣᠯᠠᠨ ᠲᠠᠪᠴᠠᠩ ᠢ ᠪᠠᠶᠢᠭᠤᠯᠪᠠ᠃ ᠮᠠᠨ ᠤ ᠬᠤᠷᠢᠶ᠎ᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠤᠯᠢ ᠴᠠᠭᠠᠵᠠ ᠶᠢᠨ ᠲᠤᠪᠴᠢᠶ᠎ᠠ ᠲᠠᠢ ᠬᠠᠮᠲᠤᠷᠠᠨ ︽ᠵᠠᠷᠭᠤ ᠶᠢᠨ ᠡᠶᠡᠳᠡᠭᠦᠯᠭᠡ ᠬᠢᠭᠡᠳ ᠠᠷᠠᠳ ᠤᠨ ᠡᠶᠡᠳᠡᠭᠦᠯᠭᠡ ᠶᠢ ᠵᠣᠯᠭᠠᠯᠳᠤᠭᠤᠯᠬᠤ ᠲᠣᠭᠲᠠᠴᠠ ᠶᠢᠨ ᠪᠠᠶᠢᠭᠤᠯᠤᠯᠲᠠ ᠶᠢ ᠪᠠᠶᠢᠭᠤᠯᠬᠤ ᠲᠤᠬᠠᠢ ᠬᠡᠷᠡᠭᠵᠢᠭᠦᠯᠬᠦ ᠲᠥᠰᠦᠯ︾᠂ ︽ᠵᠠᠷᠭᠤ ᠶᠢᠨ ᠡᠶᠡᠳᠡᠭᠦᠯᠭᠡ ᠬᠢᠭᠡᠳ ᠠᠷᠠᠳ ᠤᠨ ᠡᠶᠡᠳᠡᠭᠦᠯᠭᠡ ᠶᠢ ᠵᠣᠯᠭᠠᠯᠳᠤᠭᠤᠯᠬᠤ ᠲᠣᠭᠲᠠᠴᠠ ᠶᠢᠨ ᠪᠠᠶᠢᠭᠤᠯᠤᠯᠲᠠ ᠶᠢᠨ ᠲᠤᠬᠠᠢ ᠲᠣᠭᠲᠠᠭᠠᠯ︾ ᠢ ᠲᠣᠭᠲᠠᠭᠠᠵᠤ᠂ ︽ᠠᠷᠠᠳ ᠤᠨ ᠡᠶᠡᠳᠡᠭᠦᠯᠭᠡ + ᠬᠠᠤᠯᠢ ᠪᠠᠷᠢᠬᠤ ᠨᠤᠲᠠᠯᠠᠯᠲᠠ︾ ᠶᠢᠨ ᠲᠣᠭᠲᠠᠴᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠵᠥᠷᠢᠴᠡᠯ ᠵᠠᠭᠤᠷᠠᠯᠳᠤᠭᠠᠨ ᠢ ᠥᠨᠳᠥᠷ ᠪᠦᠲᠦᠮᠵᠢᠲᠡᠢ᠂ ᠴᠢᠨᠠᠷ ᠰᠠᠶᠢᠲᠠᠢ᠂ ᠥᠪᠡᠷ ᠤᠨ ᠦᠷᠲᠡᠭ ᠢᠶᠠᠷ ᠳᠣᠣᠷ᠎ᠠ ᠠᠷᠭ᠎ᠠ ᠮᠠᠶ᠋ᠢᠭ ᠢᠶᠠᠷ ᠰᠢᠢᠳᠪᠦᠷᠢᠯᠡᠪᠡ᠃     ︵ᠲᠤᠯᠤᠭ᠎ᠠ︶ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠲᠦᠷᠢᠮ ᠤᠨ ᠪᠠᠶᠢᠭᠤᠯᠤᠯᠲᠠ ᠶᠢ ᠴᠢᠬᠤᠯᠠᠴᠢᠯᠠᠵᠤ᠂ ᠬᠠᠤᠯᠢ ᠶᠢ ᠭᠡᠷ ᠲᠤᠨᠢ ᠬᠦᠷᠭᠡᠵᠦ᠂ ᠠᠵᠤ ᠠᠬᠤᠶᠢᠯᠠᠯ ᠤᠨ ᠬᠠᠮᠤᠭ ᠤᠨ ᠲᠤᠯᠭᠠᠮ ᠬᠠᠤᠯᠢ ᠪᠠᠷᠢᠬᠤ ᠬᠡᠷᠡᠭᠴᠡᠭᠡ ᠶᠢ ᠰᠢᠢᠳᠪᠦᠷᠢᠯᠡᠪᠡ᠃     ᠬᠠᠤᠯᠢ ᠪᠠᠷ ᠵᠠᠰᠠᠬᠤ ᠪᠣᠯ ᠬᠤᠳᠠᠯᠳᠤᠭ᠎ᠠ ᠡᠵᠡᠩᠨᠡᠬᠦ ᠬᠠᠮᠤᠭ ᠤᠨ ᠰᠠᠶᠢᠨ ᠣᠷᠴᠢᠨ ᠲᠤᠭᠤᠷᠢᠨ ᠮᠥᠨ᠃ ᠬᠠᠤᠯᠢᠵᠢᠯ ᠨᠢ ᠬᠤᠳᠠᠯᠳᠤᠭ᠎ᠠ ᠡᠷᠬᠢᠯᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠴᠢᠬᠤᠯᠠ ᠠᠷᠭ᠎ᠠ ᠪᠠᠷᠢᠯ ᠪᠣᠯᠬᠤ ᠪᠥᠭᠡᠳ ᠬᠤᠳᠠᠯᠳᠤᠭ᠎ᠠ ᠡᠷᠬᠢᠯᠡᠬᠦ ᠣᠷᠴᠢᠨ ᠲᠤᠭᠤᠷᠢᠨ ᠤ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠮᠠᠨ ᠤ ᠬᠤᠷᠢᠶ᠎ᠠ ᠬᠠᠤᠯᠢ ᠪᠠᠷᠢᠬᠤ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠥᠮᠴᠢᠯᠡᠬᠦ ᠡᠷᠬᠡ ᠪᠠ ᠬᠠᠤᠯᠢ ᠶᠣᠰᠣᠨ ᠤ ᠡᠷᠭᠡ ᠶᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠵᠤ᠂ ᠲᠣᠭᠲᠠᠭᠤᠨ ᠲᠥᠪ ᠭᠤᠤᠯᠴᠢ ᠢᠯᠡ ᠲᠣᠳᠣ᠂ ᠵᠢᠱᠢᠵᠦ ᠪᠣᠯᠬᠤᠶᠢᠴᠠ ᠬᠠᠤᠯᠢ ᠪᠠᠷ ᠵᠠᠰᠠᠬᠤ ᠬᠠᠥᠯᠢᠴᠢᠯᠠᠭᠰᠠᠨ ᠬᠤᠳᠠᠯᠳᠤᠭ᠎ᠠ ᠶᠢᠨ ᠤᠷᠴᠢᠨ ᠳᠤᠭᠤᠷᠢᠨ ᠢ ᠪᠣᠶ ᠪᠣᠯᠭᠠᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠬᠠᠤᠯᠢ ᠪᠠᠷᠢᠬᠤ ᠦᠢᠯᠡᠴᠢᠯᠡᠭᠡ ᠪᠠ ᠪᠠᠲᠤᠯᠠᠭ᠎ᠠ ᠬᠠᠩᠭᠠᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ︽ᠬᠠᠤᠯᠢ ᠪᠠᠷᠢᠬᠤ ᠥᠩᠭᠡᠷᠡᠯᠲᠡ︾ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ   1. ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠤ ᠪᠦᠬᠦᠯᠢ ᠴᠣᠭᠴᠠ ᠶᠢᠨ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠦᠨ ᠰᠢᠯᠢᠳᠡᠭᠵᠢᠭᠦᠯᠵᠠᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠶᠠᠨ ᠤ ᠤᠳᠤᠷᠢᠳᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠪᠠ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠢ ᠳᠡᠮᠵᠢᠯᠭᠡ ᠳᠤ ᠴᠢᠩᠭ᠎ᠠ ᠲᠦᠰᠢᠭᠯᠡᠨ᠂ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠶᠢ ᠠᠵᠢᠯ ᠤᠨ ᠶᠡᠭᠡ ᠲᠠᠯ᠎ᠠ ᠳᠤ ᠦᠢᠯᠡᠴᠢᠯᠡᠬᠦ ᠴᠢᠬᠤᠯᠠ ᠬᠦᠴᠦᠯᠡᠬᠦ ᠴᠡᠭ ᠪᠣᠯᠭᠠᠵᠤ᠂ ᠪᠦᠬᠦ ᠲᠠᠯ᠎ᠠ ᠶᠢᠨ ᠭᠦᠨ ᠳᠠᠪᠬᠤᠷᠭ᠎ᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠲᠦᠯᠬᠢᠨ ᠠᠬᠢᠭᠤᠯᠪᠠ᠃     2. ᠰᠢᠭᠦᠨ ᠲᠠᠰᠤᠯᠬᠤ ᠡᠭᠦᠷᠭᠡ ᠴᠢᠳᠠᠪᠤᠷᠢ ᠶᠢᠨ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠲᠣᠭᠲᠠᠭᠤᠨ ᠡᠷᠬᠡ ᠲᠡᠭᠰᠢ ᠢᠯᠡ ᠲᠣᠳᠣ᠂ ᠵᠢᠱᠢᠵᠦ ᠪᠣᠯᠬᠤᠶᠢᠴᠠ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠴᠢᠷᠮᠠᠶᠢᠨ ᠪᠣᠶ ᠪᠤᠯᠭᠠᠵᠠᠢ᠃  ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠰᠠᠶᠢᠲᠤᠷ ᠬᠢᠬᠦ ᠳᠤ ᠦᠢᠯᠡᠴᠢᠯᠡᠵᠤ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠵᠤ᠂ ᠳᠠᠷᠤᠤ ᠬᠢᠴᠢᠶᠡᠩᠭᠦᠶ᠂ ᠬᠢᠨᠠᠭᠤᠷ ᠪᠣᠯᠭᠤᠮᠵᠢᠲᠠᠶ᠂ ᠰᠠᠶᠢᠨ ᠰᠠᠨᠠᠭ᠎ᠠ ᠲᠠᠢ ᠪᠠᠷ ᠬᠠᠤᠯᠢ ᠪᠠᠷᠢᠬᠤ ᠣᠶᠢᠯᠠᠭᠠᠭᠳᠠᠬᠤᠨ ᠢ ᠤᠯᠠᠮ ᠨᠢᠭᠡ ᠠᠯᠬᠤᠮ ᠪᠣᠶ ᠪᠣᠯᠭᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠳᠤ ᠦᠵᠡᠭᠦᠯᠬᠦ ᠨᠥᠯᠥᠭᠡ ᠪᠠᠷ ᠬᠠᠮᠤᠭ ᠤᠨ ᠪᠠᠭ᠎ᠠ ᠬᠠᠤᠯᠢ ᠪᠠᠷᠢᠬᠤ ᠠᠷᠭ᠎ᠠ ᠬᠡᠮᠵᠢᠶ᠎ᠡ ᠶᠢ ᠠᠪᠤᠪᠠ᠃ ᠡᠷᠬᠡ ᠲᠡᠭᠰᠢ ᠪᠠᠷ ᠬᠠᠮᠠᠭᠠᠯᠠᠬᠤ ᠣᠨᠣᠯᠵᠢᠬᠤᠨ ᠢ ᠤᠯᠠᠮ ᠨᠢᠭᠡ ᠠᠯᠬᠤᠮ ᠪᠣᠶ ᠪᠣᠯᠭᠠᠵᠤ᠂ ᠳᠤᠮᠳᠠ ᠶᠢᠨ ᠴᠢᠨᠠᠷᠲᠠᠶ ᠥᠷᠢᠰᠦᠯᠳᠦᠬᠦ ᠵᠠᠷᠴᠢᠮ ᠢ ᠲᠤᠤᠱᠯᠠᠭᠤᠯᠤᠨ᠂ ᠲᠦᠷᠢᠮ ᠤᠨ ᠲᠥᠪ ᠭᠤᠤᠯᠴᠢ᠂ ᠡᠷᠬᠡ ᠶᠢᠨ ᠲᠥᠪ ᠭᠤᠤᠯᠴᠢ᠂ ᠲᠣᠬᠢᠶᠠᠯ ᠤᠨ ᠲᠥᠪ ᠭᠤᠤᠯᠴᠢ ᠪᠠᠶᠢᠬᠤ ᠶᠢ ᠬᠠᠮᠠᠭᠠᠯᠠᠵᠤ᠂ ᠠᠵᠤ ᠠᠬᠤᠶᠢᠯᠠᠯᠲᠠᠨ ᠤ ᠰᠢᠨ᠎ᠡ ᠶᠢ ᠡᠭᠦᠳᠦᠨ ᠠᠳᠠᠯ  ᠦᠢᠯᠡᠰ ᠴᠣᠭᠴᠠᠯᠠᠬᠤ ᠳᠤ ᠲᠥᠪ ᠭᠤᠤᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠵᠢ᠃      3. ᠶᠡᠬᠡᠬᠡᠨ ᠬᠦᠴᠦ ᠣᠷᠣᠭᠤᠯᠵᠤ ᠪᠠᠶᠢᠭᠠᠳ ᠵᠠᠷᠭᠤ ᠳᠤ ᠬᠡᠷᠡᠭᠯᠡᠬᠦ ᠴᠠᠭ ᠢ ᠪᠣᠭᠤᠨᠢᠰᠬᠠᠪᠠ᠃ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠪᠠᠷ ᠬᠥᠲᠥᠯᠦᠮᠵᠢ ᠪᠣᠯᠭᠠᠵᠤ᠂ ᠡᠯ᠎ᠡ ᠲᠦᠷᠦᠯ ᠤᠨ ᠬᠡᠷᠡᠭ ᠢ ᠰᠢᠭᠦᠬᠦ ᠳᠤᠮᠳᠠ᠂ ᠬᠡᠷᠡᠭ ᠢ ᠲᠡᠩᠴᠡᠭᠦᠷᠢᠲᠡᠢ ᠳᠠᠭᠤᠰᠬᠠᠬᠤ᠂ ᠰᠢᠭᠦᠬᠦ ᠬᠤᠭᠤᠴᠠᠭ᠎ᠠ ᠶᠢ ᠬᠠᠮᠢᠶᠠᠷᠬᠤ ᠵᠡᠷᠭᠡ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠡᠷᠡᠭ ᠤᠨ ᠡᠷᠭᠢᠯᠲᠡ ᠶᠢᠨ ᠬᠤᠷᠳᠤᠴᠠ ᠶᠢ ᠲᠦᠷᠭᠡᠳᠬᠡᠵᠦ᠂ ᠵᠠᠷᠭᠤ ᠶᠢᠨ ᠪᠦᠬᠦ ᠶᠠᠪᠤᠴᠠ ᠶᠢᠨ ᠲᠦᠷᠭᠡᠰᠬᠦ ᠶᠢ ᠠᠬᠢᠭᠤᠯᠵᠤ᠂ ᠲᠤᠬᠠᠢ ᠶᠢᠨ ᠬᠥᠮᠦᠨ ᠤ ᠵᠠᠷᠭᠤ ᠶᠢᠨ ᠥᠪᠡᠷ ᠤᠨ ᠦᠷᠳᠡᠭ᠂ ᠴᠠᠭ ᠤᠨ ᠥᠪᠡᠷ ᠤᠨ ᠦᠷᠳᠡᠭ ᠢ ᠤᠯᠠᠮ ᠨᠢᠭᠡ ᠠᠯᠬᠤᠮ ᠪᠠᠭᠤᠷᠠᠭᠤᠯᠪᠠ᠃ ᠨᠡᠶᠢᠭᠡᠮ ᠤᠨ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠲᠤᠬᠠᠢ ᠶᠢᠨ ᠬᠥᠮᠦᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠵᠤ ᠂ ᠰᠢᠭᠦᠨ ᠲᠠᠰᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃     4. ᠲᠦᠷᠢᠮ ᠢ ᠵᠢᠷᠤᠮᠵᠢᠭᠤᠯᠤᠨ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠳᠤ ᠲᠤᠰᠬᠠᠶ ᠰᠢᠪᠠᠳᠠᠨ ᠪᠠᠶᠢᠴᠠᠭᠠᠯᠲᠠ ᠥᠷᠨᠢᠭᠦᠯᠵᠦ᠂ ᠠᠵᠤ ᠠᠬᠤᠶᠢᠯᠠᠯ᠂ ᠲᠤᠬᠠᠶ ᠶᠢᠨ ᠬᠥᠮᠦᠨ ᠳᠤ ᠬᠠᠷᠢᠭᠤ ᠰᠤᠷᠪᠤᠯᠵᠢᠯᠠᠭ᠎ᠠ ᠥᠷᠨᠢᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ ᠰᠢᠭᠦᠬᠦ ᠬᠤᠷᠢᠶᠠᠨ ᠤ ᠬᠤᠳᠠᠯᠳᠤᠭ᠎ᠠ ᠡᠵᠡᠩᠨᠡᠬᠦ ᠣᠷᠴᠢᠨ  ᠲᠤᠭᠤᠷᠢᠨ ᠤ ᠦᠨᠡᠯᠡᠯᠲᠡ ᠶᠢ ᠨᠠᠶᠢᠳᠠᠪᠤᠷᠢᠵᠢᠭᠤᠯᠬᠤ ᠳᠤᠮᠳᠠᠬᠢ ᠭᠤᠤᠯᠳᠠᠯᠭ᠎ᠠ ᠲᠠᠢ ᠬᠦᠴᠢᠷ ᠠᠰᠠᠭᠤᠳᠠᠯ ᠵᠢᠴᠢ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠲᠤᠰᠬᠠᠯ ᠲᠥᠪᠯᠡᠷᠡᠭᠰᠡᠨ ᠠᠰᠠᠭᠤᠳᠠᠯ ᠢ ᠡᠬᠢ ᠦᠨᠳᠦᠰᠦ ᠶᠢ ᠨᠢ ᠭᠦᠨᠵᠡᠭᠡᠶ ᠡᠷᠢᠵᠦ᠂ ᠬᠠᠨᠳᠤᠯᠭᠠᠲᠤ ᠴᠢᠨᠠᠷᠲᠠᠶ ᠪᠠᠷ ᠴᠡᠭᠴᠡᠯᠡᠨ ᠥᠭᠡᠷᠡᠴᠢᠯᠡᠪᠡ᠃    ︵ ᠨᠠᠢᠮᠠ︶ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠶᠢ ᠶᠡᠬᠡᠪᠡᠷ ᠥᠷᠨᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠰᠢᠭᠦᠬᠦ ᠬᠤᠷᠢᠶᠠᠨ ᠤ ᠬᠦᠴᠦᠨ ᠢ ᠨᠡᠮᠡᠷᠢᠯᠡᠪᠡ᠃    ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠯᠲᠡᠢ ᠪᠠᠢᠷᠢᠯᠠᠭᠤᠯᠤᠯᠲᠠ ᠶᠣᠰᠣᠭᠠᠷ᠂ ᠮᠠᠨ ᠤ ᠬᠤᠷᠢᠶ᠎ᠠ ᠵᠣᠭᠰᠣᠴᠠ ᠪᠠᠨ ᠳᠡᠭᠡᠭᠰᠢᠯᠡᠭᠦᠯᠦᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠨᠠᠷᠢᠯᠢᠭ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠦᠨ᠂ ᠬᠥᠳᠡᠭᠡ ᠲᠣᠰᠬᠤᠨ ᠤ ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠪᠠ᠃ ᠬᠥᠳᠡᠭᠡ ᠲᠣᠰᠬᠤᠨ ᠢ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠮᠥᠷᠲᠡᠭᠡᠨ ᠡᠶ᠎ᠡ ᠵᠣᠬᠢᠴᠠᠯ ᠲᠠᠢ ᠡᠮᠬᠢ ᠵᠢᠷᠤᠮ ᠲᠠᠢ ᠪᠣᠯᠭᠠᠬᠤ ᠪᠠᠷ ᠴᠢᠷᠮᠠᠶᠢᠵᠠᠢ᠃ ᠥᠷᠭᠡᠨ ᠣᠯᠠᠨ ᠮᠠᠯᠴᠢᠨ ᠲᠠᠷᠢᠶᠠᠴᠢᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠤᠨ ᠲᠤᠯᠭᠠᠮ᠎ᠠ ᠬᠡᠷᠡᠭᠴᠡᠭᠡ ᠳᠤ ᠵᠣᠬᠢᠴᠠᠭᠤᠯᠤᠨ᠂ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠵᠠᠢ᠃ ᠬᠤᠷᠢᠶᠠᠨ ᠳᠠᠷᠤᠭ᠎ᠠ ᠪᠦᠯᠬᠦᠮ ᠳᠠᠭᠠᠭᠤᠯᠤᠨ ᠲᠣᠰᠬᠤᠨ ᠢ ᠬᠠᠪᠰᠤᠷᠤᠨ ᠲᠡᠳᠬᠦᠵᠦ ᠪᠠᠶᠢᠴᠠᠭᠠᠨ ᠰᠤᠳᠤᠯᠬᠤ᠂ ᠨᠠᠮ ᠤᠨ ᠬᠢᠴᠢᠶᠡᠯ ᠣᠷᠣᠬᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠬᠤ ᠪᠠᠷ ᠳᠠᠮᠵᠢᠭᠤᠯᠤᠨ᠂ ᠲᠣᠰᠬᠤᠨ ᠤ ᠨᠠᠮ ᠤᠨ ᠪᠠᠶᠢᠭᠤᠯᠤᠯᠲᠠ ᠶᠢ ᠬᠠᠪᠰᠤᠷᠤᠨ ᠲᠡᠳᠬᠦᠬᠦ ᠠᠵᠢᠯ ᠢ ᠳᠡᠭᠡᠭᠰᠢᠯᠡᠭᠦᠯᠪᠡ᠃ ᠡᠨᠡ ᠵᠢᠯ ᠠᠴᠠ ᠨᠠᠭᠠᠰᠢ᠂ ᠪᠥᠬᠦ ᠬᠤᠷᠢᠶᠠᠨ ᠤ ᠺᠠᠳ᠋ᠷ ᠴᠠᠭᠳᠠᠭ᠎ᠠ ᠬᠠᠮᠲᠤ ᠪᠠᠷ ᠡᠷᠦᠬᠡ ᠳᠤ ᠬᠦᠷᠴᠦ 7 ᠤᠳᠠᠭ᠎ᠠ ᠪᠠᠶᠢᠴᠠᠭᠠᠨ ᠬᠠᠷᠭᠤᠭᠤᠯᠵᠤ᠂ ᠬᠤᠷᠢᠶᠠᠨ ᠳᠠᠷᠤᠭ᠎ᠠ ᠶᠠᠳᠠᠭᠤ ᠶᠢ ᠲᠡᠳᠬᠦᠬᠦ ᠰᠤᠮᠤ ᠳᠤ 10 ᠤᠳᠠᠭ᠎ᠠ ᠭᠦᠨᠵᠡᠭᠡᠶᠢᠷᠡᠨ᠂ ᠶᠠᠳᠠᠭᠤ ᠶᠢ ᠲᠡᠳᠬᠦᠬᠦ ᠺᠠᠳ᠋ᠷ ᠴᠠᠭᠳᠠᠭ᠎ᠠ ᠬᠦᠴᠢᠷ ᠠᠴᠠ ᠠᠶᠤᠬᠤ ᠥᠬᠡᠶ ᠪᠠᠷ ᠬᠦᠳᠡᠭᠡ ᠠᠶᠢᠯ ᠡᠷᠦᠬᠡ ᠳᠤ ᠬᠦᠷᠴᠦ᠂ ᠪᠠᠶᠢᠳᠠᠯ ᠢ ᠤᠶᠢᠯᠠᠭᠠᠨ᠂ ᠠᠷᠭᠠᠴᠠᠬᠤ ᠪᠣᠳᠣᠯᠭ᠎ᠠ ᠶᠢ ᠰᠤᠳᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠦᠢᠯᠡᠳᠪᠦᠷᠢᠯᠡᠯ ᠠᠮᠢᠳᠤᠷᠠᠯ ᠤᠨ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠮᠠᠭᠲᠠᠭᠠᠯ ᠰᠠᠶᠢᠰᠢᠶᠠᠯ ᠢ ᠨᠡᠶᠢᠳᠡᠮ ᠢ ᠣᠯᠵᠤ᠂ ᠶᠠᠳᠠᠭᠤ ᠶᠢ ᠲᠡᠳᠬᠦᠵᠦ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃     ᠬᠤᠶᠠᠷ᠂ ᠵᠢᠯᠣᠭᠤᠳᠣᠯᠭ᠎ᠠ ᠶᠢ ᠳᠠᠭᠠᠵᠤ᠂ ᠣᠯᠠᠨ ᠤ ᠤᠬᠠᠭᠠᠨ ᠬᠠᠮᠲᠤ ᠶᠢᠨ ᠬᠦᠴᠦ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠪᠠ      ᠬᠢᠵᠢᠭ ᠤᠨ ᠪᠠᠶᠢᠳᠠᠯ ᠤᠨ ᠡᠮᠦᠨ᠎ᠡ᠂ ᠮᠠᠨ ᠤ  ᠬᠤᠷᠢᠶ᠎ᠠ ᠡᠯ᠎ᠡ ᠱᠠᠲᠤᠨ ᠤ ᠨᠠᠮ ᠤᠨ ᠬᠤᠷᠢᠶ᠎ᠠ᠂ ᠳᠡᠭᠡᠳᠦ ᠱᠠᠲᠤᠨ ᠤ ᠰᠢᠭᠦᠬᠦ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠵᠦ᠂ ᠠᠮᠤᠷ ᠲᠦᠪᠰᠢᠨ ᠢ ᠬᠠᠮᠠᠭᠠᠯᠠᠵᠤ᠂  ᠬᠢᠵᠢᠭ ᠲᠠᠢ ᠲᠡᠮᠡᠴᠡᠬᠦ᠂ ᠲᠣᠭᠲᠠᠭᠤᠨ ᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠥᠴᠦᠬᠡᠨ ᠴᠦ ᠰᠤᠯᠠᠷᠠᠭᠤᠯᠤᠯ ᠦᠭᠡᠢ ᠨᠠᠷᠢᠯᠢᠭ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠲᠦᠷᠢᠮ ᠢ ᠲᠡᠭᠦᠯᠳᠡᠷᠵᠢᠭᠦᠯᠪᠡ᠃ ᠲᠡᠷᠡ ᠳᠠᠷᠤᠶ ᠳᠤᠨᠢ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ︾ ᠢ ᠪᠠᠶᠢᠭᠤᠯᠵᠤ᠂ ︽ ᠶᠢᠨ ᠪᠢ ᠶᠤᠸᠠᠨ ᠰᠠᠭᠤᠭᠠᠯᠢ ᠠᠷᠠᠳ ᠤᠨ ᠲᠣᠭᠤᠷᠢᠭ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠥᠷᠨᠢᠭᠦᠯᠬᠦ ᠲᠤᠬᠠᠶ ᠮᠡᠳᠡᠭᠳᠡᠯ︾᠂ ︽ᠺᠠᠳ᠋ᠷ ᠴᠠᠭᠳᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ︿ᠨᠠᠶᠢᠮᠠᠨ ᠴᠢᠩᠭ᠎ᠠ ᠴᠠᠭᠠᠵᠠᠯᠠᠬᠤ ﹀ ᠰᠠᠬᠢᠯᠭ᠎ᠠ ᠪᠠᠲᠤ ᠶᠢᠨ ᠱᠠᠭᠠᠷᠳᠠᠯᠭ᠎ᠠ︾᠂ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠮᠡᠳᠡᠭᠳᠡᠯ︾ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠤ ᠠᠵᠢᠯ ᠤᠨ ᠲᠦᠷᠢᠮ ᠢ ᠲᠣᠭᠲᠠᠭᠠᠪᠠ᠃    ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠳᠤᠮᠳᠠ ᠰᠢᠭᠦᠨ ᠲᠠᠰᠤᠯᠬᠤ ᠡᠭᠦᠷᠭᠡ ᠴᠢᠳᠠᠪᠬᠢ ᠶᠢᠨ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠬᠤ ᠶᠢᠨ ᠲᠣᠭᠤᠷᠢᠨ ᠳᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠳᠤ ᠣᠨᠣᠴᠠᠲᠠᠢ ᠦᠢᠯᠡᠴᠢᠯᠡᠵᠦ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠣᠨᠣᠴᠠᠲᠠᠢ ᠪᠦᠲᠦᠮᠵᠢᠲᠡᠢ ᠰᠠᠶᠢᠲᠤᠷ ᠬᠢᠵᠦ᠂ ᠤᠬᠠᠮᠰᠠᠷ ᠠᠴᠠ ᠪᠠᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠭᠦᠨ ᠲᠠᠰᠤᠯᠬᠤ ᠡᠭᠦᠷᠭᠡ ᠴᠢᠳᠠᠪᠬᠢ ᠪᠠᠨ ᠭᠦᠢᠴᠡᠳ ᠪᠠᠳᠠᠷᠠᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠵᠠᠢ᠃     ᠮᠠᠨ ᠤ ᠬᠤᠷᠢᠶ᠎ᠠ 2020 ᠣᠨ ᠤ 1 ᠰᠠᠷ᠎ᠠ ᠶᠢᠨ 29 ᠤ ᠡᠳᠦᠷ 2020 ᠣᠨ ᠤ 3 ᠰᠠᠷ᠎ᠠ ᠶᠢᠨ 22 ᠤᠨ ᠡᠳᠦᠷ ᠪᠤᠯᠳᠠᠯ᠎ᠠ ᠶᠢᠨ ᠪᠢ ᠶᠤᠸᠠᠨ ᠰᠠᠭᠤᠭᠠᠯᠢ ᠠᠷᠠᠳ ᠤᠨ ᠲᠣᠭᠤᠷᠢᠭ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠵᠦ᠂ ᠬᠢᠵᠢᠭ ᠰᠡᠷᠭᠡᠶᠢᠯᠡᠬᠦ ᠴᠡᠭ ᠤᠨ ᠺᠠᠳ᠋ᠷ ᠴᠠᠭᠳᠠᠭ᠎ᠠ ᠶᠢᠨ ᠲᠤᠭ᠎ᠠ 146 ᠬᠥᠮᠦᠨ ᠪᠠᠶᠢᠵᠤ᠂ ᠨᠡᠶᠢᠲᠡ 2 ᠰᠡᠷᠭᠡᠶᠢᠯᠡᠨ ᠡᠵᠡᠮᠳᠡᠬᠦ ᠴᠡᠭ ︵ᠡᠮᠦᠨᠡᠲᠦ ᠬᠤᠰᠢᠭᠤᠨ ᠤ ᠶᠢᠨ ᠪᠢ ᠶᠤᠸᠠᠨ ᠰᠠᠭᠤᠭᠠᠯᠢ ᠠᠷᠠᠳ ᠤᠨ ᠲᠣᠭᠤᠷᠢᠭ᠂ ᠪᠢ ᠬᠦᠶ ᠶᠤᠸᠠᠨ ᠰᠠᠭᠤᠭᠠᠯᠢ ᠠᠷᠠᠳ ᠤᠨ ᠲᠣᠭᠤᠷᠢᠭ︶ ᠪᠠᠶᠢᠵᠤ᠂ ᠺᠠᠳ᠋ᠷ ᠴᠠᠭᠳᠠᠭ᠎ᠠ ᠶᠢᠨ ᠬᠠᠨᠳᠢᠪᠯᠠᠭᠰᠠᠨ ᠵᠣᠭᠤᠰ ᠤᠨ ᠪᠥᠬᠦ ᠲᠤᠭ᠎ᠠ 28100.00 ᠲᠥᠭᠦᠷᠢᠭ᠂ ᠺᠠᠳ᠋ᠷ ᠴᠠᠭᠳᠠᠭ᠎ᠠ ᠶᠢᠨ ᠳᠠᠩᠰᠠᠯᠠᠭᠤᠯᠤᠭᠰᠠᠨ ᠰᠠᠭᠤᠭᠠᠯᠢ ᠠᠷᠠᠳ ᠤᠨ ᠲᠣᠭᠤᠷᠢᠭ ᠤᠨ ᠣᠷᠣᠵᠤ ᠭᠠᠷᠤᠭᠰᠠᠨ ᠲᠤᠭ᠎ᠠ 27000 ᠭᠠᠷᠤᠶ ᠬᠥᠮᠦᠨ ᠤᠳᠠᠭ᠎ᠠ ᠪᠠᠶᠢᠵᠤ᠂ ᠰᠠᠭᠤᠭᠠᠯᠢ ᠠᠷᠠᠳ ᠤᠨ ᠲᠣᠭᠤᠷᠢᠭ ᠤᠨ 1901 ᠺᠠᠷᠲ ᠬᠢᠯᠭᠡᠵᠡᠶ᠃ ᠬᠢᠵᠢᠭ ᠰᠡᠷᠭᠡᠶᠢᠯᠡᠬᠦ ᠬᠤᠭᠤᠴᠠᠭᠠᠨ ᠳᠤ ᠭᠡᠨᠡᠳᠲᠡ ᠶᠢᠨ ᠬᠡᠷᠡᠭ ᠭᠠᠷᠤᠭᠰᠠᠨ ᠦᠭᠡᠢ᠃ ᠬᠢᠵᠢᠭ ᠰᠡᠷᠭᠡᠶᠢᠯᠡᠬᠦ ᠠᠵᠢᠯ ᠨᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠦᠢᠴᠡᠳ ᠨᠤᠲᠠᠯᠠᠯᠲᠠ ᠶᠢ ᠣᠯᠤᠭᠰᠠᠨ ᠪᠥᠭᠡᠳ ᠬᠥᠬᠢᠭᠦᠯᠦᠨ ᠰᠠᠶᠢᠰᠢᠶᠠᠪᠠ᠃      ᠭᠤᠷᠪᠠ᠂ ᠬᠠᠤᠯᠢ ᠪᠠᠷ ᠵᠠᠰᠠᠬᠤ ᠬᠦᠷᠢᠶᠡᠨ ᠳᠤ ᠡᠭᠦᠰᠦᠭᠰᠡᠨ ᠠᠰᠠᠭᠤᠳᠠᠯ ᠢ ᠰᠢᠢᠳᠪᠦᠷᠢᠯᠡᠬᠦ ᠬᠦᠴᠦᠯᠡᠬᠦ ᠴᠡᠭ ᠢ ᠪᠠᠲᠤ ᠡᠵᠡᠮᠳᠡᠵᠦ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠥᠬᠦᠷᠡᠰᠢ ᠦᠭᠡᠢ ᠴᠢᠩᠭᠠᠳᠬᠠᠪᠠ᠃    ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠬᠥᠮᠦᠨ ᠢᠶᠠᠷ ᠦᠨᠳᠦᠰᠦ ᠪᠣᠯᠭᠠᠬᠤ᠂ ᠠᠷᠠᠳ ᠤᠨ ᠲᠥᠯᠥᠭᠡ ᠲᠦᠷᠦ ᠪᠠᠷᠢᠬᠤ ᠶᠢ ᠮᠠᠨ ᠤ ᠬᠤᠷᠢᠶᠠᠨ ᠤ ᠢᠯᠵᠢᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠪᠠᠶᠢᠭᠤᠯᠤᠯᠲᠠ ᠪᠠ ᠡᠯ᠎ᠡ ᠵᠦᠢᠯ ᠤᠨ ᠠᠵᠢᠯ ᠳᠠᠭᠠᠨ ᠨᠠᠶᠢᠳᠠᠪᠤᠷᠢᠵᠢᠭᠤᠯᠵᠠᠢ᠃    ︽ᠮᠣᠳᠣ ᠶᠢ ᠥᠨᠳᠥᠷ ᠤᠷᠭᠤᠭᠤᠯᠤᠶ᠎ᠠ ᠭᠡᠪᠡᠯ ᠡᠷᠬᠡᠪᠰᠢ ᠦᠨᠳᠦᠰᠦ ᠶᠢ ᠨᠢ ᠪᠠᠬᠢᠵᠢᠭᠦᠯᠵᠦ᠂ ᠤᠷᠤᠰᠬᠠᠯ ᠤᠰᠤ  ᠶᠢ ᠬᠤᠯᠠ ᠤᠷᠤᠰᠬᠠᠶ᠎ᠠ ᠭᠡᠪᠡᠯ ᠡᠷᠬᠡᠪᠰᠢ ᠡᠬᠢ ᠰᠤᠷᠪᠤᠯᠵᠢ ᠶᠢ ᠨᠢ ᠰᠠᠶᠢᠲᠤᠷ ᠬᠠᠮᠠᠭᠠᠯᠠᠬᠤ ᠬᠡᠷᠡᠭᠲᠡᠢ︾᠂ ᠮᠠᠨ ᠤ ᠬᠤᠷᠢᠶ᠎ᠠ ᠶᠢᠨ ᠺᠠᠳ᠋ᠷ ᠴᠠᠭᠳᠠᠭ᠎ᠠ ᠶᠢ ︽ᠤᠷᠬᠢᠯ ᠳᠤᠷ ᠭᠠᠷᠬᠤ ᠤᠮᠤᠭ ᠵᠤᠷᠢᠭ ᠪᠠᠶᠢᠪᠠᠰᠤ ᠤᠷᠴᠢᠯᠠᠩ ᠳᠡᠯᠡᠭᠡᠢ ᠳᠤᠷ ᠬᠦᠴᠢᠷ ᠶᠠᠪᠤᠳᠠᠯ ᠠᠯᠠᠭ᠎ᠠ︾ ᠭᠡᠬᠦ ᠢᠲᠡᠭᠡᠯ ᠵᠣᠷᠢᠭ ᠢ ᠴᠥᠬᠦᠷᠡᠰᠢ ᠦᠭᠡᠢ ᠪᠤᠢ ᠪᠣᠯᠭᠠᠵᠤ᠂ ︽ᠬᠥᠬᠡᠮᠳᠦᠭ ᠠᠭᠤᠯᠠ ᠪᠠᠨ ᠪᠠᠲᠤ ᠰᠠᠬᠢᠵᠤ ᠦᠯᠦ ᠰᠤᠯᠠᠷᠠᠭᠤᠯᠬᠤ︾  ᠬᠠᠳᠠᠨ ᠵᠣᠷᠢᠭ ᠪᠣᠯᠤᠨ ︽ᠵᠤᠷᠢᠯᠭ᠎ᠠ ᠳᠠᠭᠠᠨ ᠦᠯᠦ ᠬᠦᠷᠪᠡᠰᠦ ᠡᠭᠦᠷᠢᠳᠡ ᠪᠤᠴᠠᠬᠤ ᠦᠭᠡᠢ︾ ᠲᠡᠮᠡᠴᠡᠯ ᠤᠨ ᠵᠣᠷᠢᠭ ᠢ ᠪᠤᠢ ᠪᠣᠯᠭᠠᠵᠤ᠂ ︽ᠨᠠᠮ ᠤᠨ ᠪᠠᠶᠢᠭᠤᠯᠤᠯᠲᠠ ᠪᠠᠷ ᠡᠩᠨᠡᠭᠡᠨ ᠤ ᠪᠠᠶᠢᠭᠤᠯᠤᠯᠲᠠ ᠶᠢ ᠳᠠᠶᠢᠴᠢᠯᠠᠬᠤ︾ ᠶᠢ ᠪᠠᠷᠢᠮᠲᠠᠯᠠᠪᠠ᠃   ᠥᠪᠡᠷᠲᠡᠭᠡᠨ ᠵᠠᠰᠠᠬᠤ ᠣᠷᠣᠨ ᠤ ᠠᠷᠠᠳ ᠤᠨ ᠳᠡᠭᠡᠲᠦ ᠵᠡᠷᠭᠡ ᠶᠢᠨ ᠰᠢᠭᠦᠬᠦ ᠬᠤᠷᠢᠶ᠎ᠠ᠂ ᠬᠢᠩᠭᠠᠨ ᠠᠶᠢᠮᠠᠭ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠮᠠᠨ ᠤ ᠬᠤᠷᠢᠶ᠎ᠠ 4 ᠰᠠᠷ᠎ᠠ ᠶᠢᠨ ᠰᠡᠭᠦᠯᠴᠢ ᠠᠴᠠ ᠡᠬᠢᠯᠡᠨ ︽ᠬᠤᠶᠠᠷ ᠢ ᠪᠠᠷᠢᠮᠲᠠᠯᠠᠬᠤ︾ ᠲᠤᠰᠬᠠᠶ ᠰᠡᠳᠦᠪᠲᠦ ᠬᠥᠮᠦᠵᠢᠯ ᠢ ᠵᠠᠯᠭᠠᠭ᠎ᠠ ᠪᠠᠷ ᠥᠷᠨᠢᠭᠦᠯᠵᠦ᠂ ᠵᠠᠩ ᠵᠢᠶᠠᠨ ᠤ ᠬᠡᠷᠡᠭ ᠢᠶᠠᠷ ᠨᠡᠶᠢᠲᠡᠯᠢᠭ ᠵᠢᠱᠢᠶ᠎ᠡ ᠪᠣᠯᠭᠠᠨ ᠥᠷᠨᠢᠭᠦᠯᠦᠭᠰᠡᠨ ︽ᠬᠡᠷᠡᠭ ᠢᠶᠠᠷ ᠶᠣᠰᠣ ᠮᠣᠷᠠᠯ ᠢ ᠲᠠᠶᠢᠯᠪᠤᠷᠢᠯᠠᠬᠤ᠂ ᠬᠡᠷᠡᠭ ᠢᠶᠠᠷ ᠰᠠᠬᠢᠯᠭ᠎ᠠ ᠪᠠᠲᠤ ᠶᠢ ᠲᠠᠶᠢᠯᠪᠤᠷᠢᠯᠠᠬᠤ᠂ ᠬᠡᠷᠡᠭ ᠢᠶᠠᠷ ᠬᠠᠤᠯᠢ ᠴᠠᠭᠠᠵᠠ ᠶᠢ ᠲᠠᠶᠢᠯᠪᠤᠷᠢᠯᠠᠬᠤ︾ ᠰᠡᠷᠡᠮᠵᠢᠯᠡᠭᠦᠯᠬᠦ ᠬᠥᠮᠦᠵᠢᠯ᠂ ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ︾᠂ ︽ᠭᠤᠷᠪᠠᠨ ᠲᠣᠭᠲᠠᠭᠠᠯ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠰᠬᠠᠶ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠨᠢ ᠢᠯᠡᠳᠲᠡ ᠦᠷ᠎ᠡ ᠪᠦᠲᠦᠮᠵᠢ ᠤᠯᠪᠠ᠃     ︵ᠬᠤᠶᠠᠷ︶ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠠᠢ        ︽ᠭᠤᠷᠪᠠ ᠶᠢ ᠠᠳᠠᠯᠢ ᠠᠯᠬᠤᠮ ᠲᠠᠢ ᠪᠠᠶᠢᠯᠭᠠᠬᠤ︾ ᠵᠠᠷᠴᠢᠮ ᠢ ᠨᠠᠶᠢᠳᠠᠪᠤᠷᠢᠵᠢᠭᠤᠯᠵᠤ᠂ ︽ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠡᠷᠡᠭᠵᠢᠭᠦᠯᠬᠦ ᠨᠠᠷᠢᠨ ᠲᠦᠷᠢᠮ︾᠂ ︽ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠣᠭᠲᠠᠭᠠᠯ ᠤᠳ︾᠂ ︽ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠨ  ᠰᠢᠢᠳᠪᠦᠷᠢᠯᠡᠬᠦ ᠠᠵᠢᠯ ᠤᠨ ᠠᠷᠭ᠎ᠠ︾᠂ ︽ᠠᠯᠪᠠᠨ ᠤ ᠰᠦᠯᠵᠢᠶ᠎ᠡ᠂ ᠪᠢᠴᠢᠯ ᠪᠯᠤᠭ᠂ ᠸᠢᠴᠠᠲ ᠤᠨ ᠬᠠᠮᠢᠶᠠᠷᠤᠯᠲᠠ ᠶᠢᠨ ᠠᠷᠭ᠎ᠠ︾᠂ ︽ᠨᠢᠭᠤᠴᠠ ᠶᠢ ᠬᠠᠮᠠᠭᠠᠯᠠᠬᠤ ᠠᠵᠢᠯ ᠤᠨ ᠲᠦᠷᠢᠮ︾ ᠵᠡᠷᠭᠡ ᠰᠢᠷᠢᠰ ᠪᠢᠴᠢᠭ ᠮᠠᠲ᠋ᠧᠷᠢᠶᠠᠯ ᠢ ᠲᠣᠭᠲᠠᠭᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠲᠣᠤᠷᠴᠢᠯᠠᠯ ᠤᠨ ᠠᠵᠢᠯᠲᠠᠨ ᠤ ᠡᠩᠨᠡᠭᠡ ᠶᠢ ᠪᠠᠶᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠵᠢᠭᠰᠠᠭᠠᠯ ᠤᠨ ᠭᠠᠵᠠᠷ ᠢ ᠪᠠᠲᠤ ᠴᠢᠩᠭ᠎ᠠ ᠰᠠᠬᠢᠵᠤ᠂ ᠰᠢᠭᠦᠬᠦ ᠬᠤᠷᠢᠶᠠᠨ ᠤ ᠥᠯᠢᠭᠡᠷ ᠢ ᠵᠥᠪ ᠲᠠᠯ᠎ᠠ ᠠᠴᠠ ᠰᠠᠶᠢᠬᠠᠨ ᠶᠠᠷᠢᠵᠤ᠂ ᠬᠠᠤᠯᠢ ᠴᠠᠭᠠᠵᠠ ᠶᠢᠨ ᠡᠷᠬᠡ ᠰᠦᠷ ᠢ ᠬᠠᠮᠠᠭᠠᠯᠠᠪᠠ᠃    ︵ᠭᠤᠷᠪᠠ︶ ᠬᠠᠤᠯᠢ ᠪᠠᠷᠢᠬᠤ ᠬᠠᠷᠢᠭᠤᠴᠠᠯᠭ᠎ᠠ ᠶᠢᠨ ᠲᠦᠷᠢᠮ ᠤᠨ ᠶᠡᠷᠦᠩᠬᠡᠶᠢᠯᠡᠭᠰᠡᠨ ᠢᠵᠢ ᠪᠦᠷᠢᠳᠦᠬᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠪᠠᠷᠢᠬᠤ ᠡᠷᠬᠡ ᠶᠢᠨ ᠬᠢᠵᠠᠭᠠᠷᠯᠠᠯ ᠬᠢᠨᠠᠯᠲᠠ ᠶᠢ ᠴᠢᠩᠭᠠᠳᠬᠠᠵᠤ᠂ ᠬᠠᠤᠯᠢ ᠪᠠᠷᠢᠬᠤ ᠡᠷᠬᠡ ᠶᠢᠨ ᠠᠵᠢᠯᠯᠠᠭᠠᠨ ᠢ ᠵᠢᠷᠤᠮᠵᠢᠭᠤᠯᠵᠠᠢ    ᠰᠢᠭᠦᠨ ᠲᠠᠰᠤᠯᠤᠯᠲᠠ ᠶᠢᠨ ᠡᠷᠬᠡ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ ᠶᠢᠨ ᠳᠦᠷᠢᠮ ᠢ ᠨᠠᠶᠢᠳᠠᠪᠤᠷᠢᠵᠢᠭᠤᠯᠵᠤ᠂ ︽ᠳᠥᠷᠪᠡᠨ ᠲᠥᠷᠥᠯ ᠤᠨ ᠬᠡᠷᠡᠭ︾ ᠢ ᠢᠯᠭᠠᠨ ᠲᠠᠨᠢᠬᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠲᠣᠬᠢᠶᠠᠯᠳᠤᠯ ᠢᠶᠠᠷ ᠬᠡᠷᠡᠭ ᠬᠤᠪᠢᠶᠠᠬᠤ ᠪᠠᠷ ᠭᠤᠣᠯ ᠪᠣᠯᠭᠠᠵᠤ᠂ ᠵᠢᠭᠠᠨ ᠲᠣᠭᠲᠠᠭᠠᠵᠤ ᠬᠡᠷᠡᠭ ᠬᠤᠪᠢᠶᠠᠷᠢᠯᠠᠬᠤ ᠪᠠᠷ ᠬᠠᠪᠰᠤᠷᠤᠮᠵᠢ ᠪᠣᠯᠭᠠᠭᠰᠠᠨ ᠬᠤᠪᠢᠶᠠᠷᠢᠯᠠᠯᠲᠠ ᠶᠢᠨ ᠲᠣᠭᠲᠠᠴᠠ᠂ ᠬᠡᠷᠡᠭ ᠰᠢᠢᠳᠪᠦᠷᠢᠯᠡᠬᠦ ᠠᠵᠢᠯ ᠢ ᠪᠠᠶᠢᠩᠭᠤᠵᠢᠭᠤᠯᠤᠨ ᠶᠠᠪᠤᠭᠳᠠᠭᠤᠯᠬᠤ ᠶᠢ ᠬᠢᠨᠠᠨ ᠰᠢᠯᠭᠠᠵᠤ ᠮᠡᠳᠡᠭᠡᠯᠡᠬᠦ ᠳᠦᠷᠢᠮ ᠢ ᠲᠦᠯᠬᠢᠨ ᠠᠬᠢᠭᠤᠯᠵᠤ᠂ ᠰᠢᠭᠦᠨ ᠲᠠᠰᠤᠯᠬᠤ ᠡᠷᠬᠡ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠪᠡ᠃ ᠬᠠᠤᠯᠢ ᠴᠠᠭᠠᠵᠠ ᠶᠢ ᠨᠢᠭᠡᠳᠦᠯᠲᠡᠢ ᠬᠡᠷᠡᠭᠯᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠲᠦᠷᠦᠯ ᠤᠨ ᠬᠡᠷᠡᠭ ᠪᠠ ᠰᠢᠨ᠎ᠡ ᠲᠦᠷᠦᠯ ᠬᠡᠯᠪᠡᠷᠢ ᠶᠢᠨ ᠬᠡᠷᠡᠭ ᠢ ᠠᠯᠪᠠᠳᠠᠨ ᠪᠠᠶᠢᠴᠠᠭᠠᠵᠤ ᠮᠡᠳᠡᠭᠦᠯᠬᠦ ᠠᠵᠢᠯ ᠤᠨ ᠲᠦᠷᠢᠮ ᠢ ᠬᠡᠷᠡᠭᠵᠢᠭᠦᠯᠪᠡ᠃    ︵ᠲᠦᠷᠪᠡ︶ ᠤᠶᠤᠨᠲᠤ ᠰᠢᠭᠦᠬᠦ ᠬᠤᠷᠢᠶᠠᠨ ᠤ ᠪᠠᠶᠢᠭᠤᠯᠤᠯᠲᠠ ᠪᠠᠷ ᠲᠦᠰᠢᠭ ᠪᠣᠯᠭᠠᠵᠤ᠂ ᠰᠢᠭᠦᠨ ᠲᠠᠰᠤᠯᠬᠤ ᠭᠦᠢᠴᠡᠳᠬᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠬᠦᠴᠦ ᠨᠡᠮᠡᠷᠢᠯᠡᠵᠠᠢ         ᠬᠠᠤᠯᠢ ᠪᠠᠷᠢᠬᠤ ᠲᠤᠮᠤ ᠳ᠋ᠠᠶᠢᠲ᠋ᠠ ᠶᠢ ᠭᠦᠢᠴᠡᠳ ᠬᠡᠷᠡᠭᠯᠡᠨ ᠤᠯᠠᠨ ᠬᠡᠮᠵᠢᠯᠳᠦ ᠵᠠᠳᠠᠯᠤᠯᠲᠠ᠂ ᠬᠤᠯᠪᠣᠯᠳᠤᠯ ᠵᠠᠳᠠᠯᠤᠯᠲᠠ ᠪᠠ ᠬᠠᠨᠳᠤᠰᠢ ᠶᠢᠨ ᠵᠢᠱᠢᠯᠲᠡ ᠬᠢᠵᠦ᠂ ᠰᠢᠭᠦᠨ ᠲᠠᠰᠤᠯᠬᠤ ᠭᠦᠢᠴᠡᠳᠬᠡᠬᠦ ᠠᠵᠢᠯ ᠤᠨ ᠠᠵᠢᠯᠯᠠᠭᠠᠨ ᠤ ᠪᠠᠶᠢᠳᠠᠯ᠂ ᠣᠨᠴᠠᠯᠢᠭ ᠪᠠ ᠠᠰᠠᠭᠤᠳᠠᠯ ᠢ ᠡᠵᠡᠮᠳᠡᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠ ᠪᠦᠲᠦᠮᠵᠢᠲᠡᠢ ᠠᠷᠭᠠᠴᠠᠪᠠ᠃ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠪᠠᠬᠢᠯᠡᠯᠲᠡ ᠶᠢ ᠨᠡᠭᠡᠭᠡᠪᠡ᠃ ᠰᠢᠭᠦᠨ ᠲᠠᠰᠤᠯᠬᠤ᠂ ᠠᠵᠢᠯᠳᠠᠨ ᠤ ᠶᠠᠪᠤᠳᠠᠯ᠂ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠡᠷᠡᠭ᠂ ᠬᠥᠮᠦᠨ᠂ ᠶᠠᠪᠣᠳᠠᠯ ᠢᠶᠠᠷ ᠬᠠᠷᠠᠭᠠᠰᠤ ᠪᠣᠯᠭᠠᠬᠤ ᠶᠢᠨ ᠬᠠᠮᠲᠤ ᠭᠦᠨᠵᠡᠭᠡᠢ ᠠᠭᠤᠰᠤᠯᠴᠠᠭᠰᠠᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠪᠡ᠃ ᠭᠠᠵᠠᠷ ᠣᠷᠣᠨ ᠤ ᠬᠠᠷᠢᠶᠠᠯᠠᠯ ᠤᠨ ᠴᠡᠭ ᠤᠯᠠᠨ᠂ ᠱᠤᠭᠤᠮ ᠤᠷᠳᠤ᠂ ᠲᠠᠯ᠎ᠠ ᠥᠷᠭᠡᠨ ᠪᠠᠶᠢᠬᠤ ᠣᠨᠴᠠᠯᠢᠭ ᠳᠣᠣᠷᠠᠬᠢ ᠤᠯᠠᠨ ᠲᠦᠮᠡᠨ ᠤ ᠵᠠᠷᠭᠤ ᠬᠢᠬᠦ ᠳᠤ ᠳᠥᠭᠦᠮ ᠦᠭᠡᠢ ᠪᠠᠶᠢᠬᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃     ᠲᠥᠯᠥᠭᠡᠯᠡᠭᠴᠢᠳ ᠡ᠂ ᠰᠢᠭᠦᠬᠦ ᠬᠤᠷᠢᠶᠠᠨ ᠤ ᠠᠵᠢᠯ ᠤᠨ ᠠᠮᠵᠢᠯᠲᠠ ᠪᠦᠲᠦᠮᠵᠢ ᠨᠢ ᠬᠤᠰᠢᠭᠤᠨ   ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠠ ᠵᠠᠰᠠᠭ ᠤᠨ ᠤᠷᠳᠤᠨ ᠤ ᠬᠦᠴᠦᠲᠡᠢ ᠳᠡᠮᠵᠢᠯᠭᠡ ᠵᠢᠴᠢ ᠨᠡᠶᠢᠭᠡᠮ ᠤᠨ ᠡᠯ᠎ᠡ ᠡᠳᠡᠭᠡᠳ ᠤᠨ ᠬᠠᠯᠠᠮᠵᠢᠯᠠᠯ ᠠᠴᠠ ᠰᠠᠯᠵᠤ ᠴᠢᠳᠠᠬᠤ ᠦᠭᠡᠢ᠃ ᠠᠳᠡ ᠪᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢ  ᠲᠦᠯᠦᠭᠡᠯᠡᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠡᠭᠦᠨ ᠤ ᠬᠠᠮᠲᠤ᠂ ᠠᠷᠠᠳ ᠤᠨ ᠰᠢᠭᠦᠬᠦ ᠬᠤᠷᠢᠶᠠᠨ ᠤ ᠠᠵᠢᠯ ᠨᠢ ᠬᠤᠰᠢᠭᠤᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠠᠴᠠ᠂ ᠥᠷᠭᠡᠨ ᠣᠯᠠᠨ ᠲᠦᠮᠡᠨ ᠤ ᠬᠠᠤᠯᠢ ᠴᠠᠭᠠᠵᠠ ᠶᠢᠨ ᠱᠠᠭᠠᠷᠳᠠᠯᠭ᠎ᠠ ᠠᠴᠠ ᠪᠠᠰᠠ ᠵᠣᠬᠢᠬᠤ ᠵᠥᠷᠢᠶ᠎ᠡ ᠲᠠᠢ ᠪᠠᠶᠢᠬᠤ ᠶᠢ ᠪᠢᠳᠡ ᠭᠦᠨᠵᠡᠭᠡᠶ ᠲᠠᠨᠢᠵᠤ ᠤᠯᠪᠠ᠃ ᠨᠢᠭᠡ ᠳᠤ ᠬᠠᠤᠯᠢ ᠪᠠᠷᠢᠬᠤ ᠴᠠᠭᠳᠠᠨ ᠪᠠᠶᠢᠴᠠᠭᠠᠯᠲᠠ᠂ ᠰᠠᠬᠢᠯᠭ᠎ᠠ ᠪᠠᠲᠤ ᠣᠪᠣᠷ ᠰᠤᠷᠲᠠᠯ ᠤᠨ ᠴᠡᠭᠴᠡᠯᠡᠯᠲᠡ ᠵᠡᠷᠭᠡ ᠠᠵᠢᠯᠯᠠᠭ᠎ᠠ ᠳᠤ ᠵᠠᠷᠢᠮ ᠠᠰᠠᠭᠤᠳᠠᠯ ᠢ ᠣᠯᠵᠤ ᠮᠡᠳᠡᠭᠰᠡᠨ ᠤ ᠲᠠᠷᠠᠭ᠎ᠠ ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ ᠬᠤᠶᠠᠷ ᠲᠤ ᠬᠡᠷᠡᠭ ᠣᠯᠠᠨ ᠬᠥᠮᠦᠨ ᠴᠥᠭᠡᠨ ᠵᠥᠷᠢᠴᠡᠯ ᠲᠣᠪᠤᠶᠢᠮ᠎ᠠ ᠪᠠᠶᠢᠨ᠎ᠠ᠃ ᠬᠡᠷᠡᠭ ᠦᠷᠭᠦᠯᠵᠢᠯᠡᠨ ᠨᠡᠮᠡᠭᠳᠡᠵᠦ᠂ ᠺᠠᠳ᠋ᠷ ᠴᠠᠭᠳᠠᠭ᠎ᠠ ᠶᠢᠨ ᠴᠠᠭ ᠨᠡᠮᠡᠵᠦ ᠠᠵᠢᠯᠯᠠᠬᠤ ᠨᠢ ᠬᠡᠪ ᠤᠨ ᠪᠠᠶᠢᠳᠠᠯ ᠪᠣᠯᠵᠤ᠂ ᠠᠵᠢᠯ ᠤᠨ ᠳᠠᠷᠤᠯᠲᠠ ᠶᠡᠭᠡ ᠪᠠᠶᠢᠵᠤ ᠴᠠᠭ ᠲᠤᠬᠠᠶ ᠳᠤ ᠨᠢ ᠰᠡᠳᠬᠢᠴᠡ  ᠶᠢᠨ ᠵᠢᠯᠣᠭᠤᠳᠤᠯᠭ᠎ᠠ ᠬᠢᠬᠦ ᠬᠡᠷᠡᠭᠲᠡᠶ ᠪᠤᠯᠵᠠᠢ᠃ ᠭᠤᠷᠪᠠ ᠳᠤ ᠰᠢᠭᠦᠨ ᠲᠠᠰᠤᠯᠬᠤ ᠠᠵᠢᠯ ᠨᠢ ᠠᠷᠠᠳ ᠤᠯᠠᠨ ᠤ ᠬᠠᠤᠯᠢ ᠴᠠᠭᠠᠵᠠ ᠶᠢᠨ ᠬᠡᠷᠡᠭᠴᠡᠭᠡ ᠯᠦᠭᠡ ᠬᠠᠷᠠᠬᠠᠨ ᠵᠦᠷᠢᠶ᠎ᠡ ᠲᠠᠢ ᠪᠠᠶᠢᠵᠤ᠂ ᠠᠷᠠᠳ ᠲᠤ ᠲᠦᠬᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠠᠶᠢᠵᠢᠷᠠᠭᠤᠯᠬᠤ ᠴᠢᠬᠤᠯᠠᠲᠠᠢ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠡᠨ ᠠᠴᠠ ᠵᠥᠪ ᠢ ᠡᠷᠢᠬᠦ ᠣᠪᠣᠷ ᠢᠶᠠᠷ᠂ ᠵᠣᠷᠢᠭᠲᠠᠢ ᠪᠠᠷ ᠥᠭᠡᠷᠡᠴᠢᠯᠡᠯᠲᠡ ᠬᠢᠬᠦ ᠵᠣᠷᠢᠭ ᠰᠠᠨᠠᠭ᠎ᠠ ᠪᠠᠷ ᠢᠳᠡᠪᠬᠢᠲᠡᠢ ᠠᠷᠭ᠎ᠠ ᠬᠡᠮᠵᠢᠶ᠎ᠡ ᠠᠪᠴᠤ᠂ ᠪᠦᠬᠦ ᠬᠦᠴᠦᠨ ᠢᠶᠠᠷ ᠢᠶᠠᠨ ᠰᠢᠢᠳᠪᠦᠷᠢᠯᠡᠨ᠎ᠡ᠃      2021 ᠣᠨ ᠤ ᠠᠵᠢᠯ ᠤᠨ ᠲᠣᠬᠢᠷᠠᠭᠤᠯᠤᠯᠲᠠ     ᠨᠢᠭᠡ ᠳᠤ᠂ ᠠᠷᠪᠠ ᠶᠢᠰᠦᠳᠦᠭᠡᠷ ᠶᠡᠭᠡ ᠬᠤᠷᠠᠯ ᠵᠢᠴᠢ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠶᠢ ᠰᠠᠶᠢᠲᠤᠷ ᠠᠳᠬᠤᠬᠤ ᠶᠢ ᠪᠠᠷᠢᠮᠲᠠᠯᠠᠵᠤ᠂ ᠦᠷᠭᠦᠯᠵᠢᠯᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠢᠭᠦᠬᠦ ᠬᠤᠷᠢᠶᠠᠨ ᠤ ᠠᠵᠢᠯ ᠢ ᠶᠡᠷᠦᠩᠬᠡᠶᠢᠯᠡᠨ ᠵᠢᠯᠤᠭᠤᠳᠤᠭᠤᠯᠤᠨ᠎ᠠ᠃ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠡᠷᠡᠰ ᠭᠤᠶᠢᠪᠢᠰᠢ ᠥᠬᠡᠶ ᠲᠤᠭᠤᠰᠢᠯᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠬᠤᠷᠴᠠ ᠰᠡᠷᠭᠡᠭ ᠤᠯᠤᠰ ᠲᠥᠷᠥ ᠶᠢᠨ ᠲᠠᠷᠢᠬᠢ ᠲᠣᠯᠣᠭᠠᠶ ᠪᠣᠯᠤᠨ ᠡᠷᠡᠰ ᠪᠠᠲᠤ ᠤᠯᠤᠰ ᠲᠥᠷᠥ ᠶᠢᠨ ᠵᠣᠭᠰᠣᠯᠲᠠ ᠪᠠᠨ ᠢᠮᠠᠭᠲᠠ ᠪᠠᠲᠤᠯᠠᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠠᠤᠯᠢ ᠴᠠᠭᠠᠵᠠ ᠠᠴᠠ ᠣᠯᠭᠤᠭᠰᠠᠨ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ  ᠭᠦᠢᠴᠡᠳᠭᠡᠵᠦ᠂ ᠰᠢᠨ᠎ᠡ ᠴᠠᠭ ᠦᠶ᠎ᠡ ᠶᠢᠨ ᠰᠢᠭᠦᠬᠦ ᠬᠤᠷᠢᠶᠠᠨ ᠤ  ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ᠃     ᠬᠤᠶᠠᠷ ᠲᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠵᠦ  ᠂ ᠤᠬᠠᠮᠰᠠᠷ ᠠᠴᠠ ᠪᠠᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ  ᠦᠢᠯᠡᠴᠢᠯᠡᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠳᠤ ᠨᠠᠩ ᠬᠦᠴᠦᠲᠡᠶ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠨ᠎ᠠ᠃ ᠪᠦᠬᠦ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ᠂ ᠭᠤᠣᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠴᠢᠬᠤᠯᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠴᠢᠬᠤᠯᠠ ᠠᠵᠤ ᠦᠢᠯᠡᠰ ᠤᠨ ᠬᠥᠭᠵᠢᠯᠲᠡ ᠳᠤ ᠬᠠᠤᠯᠢ ᠴᠠᠭᠠᠵᠠ ᠶᠢᠨ ᠪᠠᠲᠤᠯᠠᠭ᠎ᠠ ᠪᠠ ᠦᠢᠯᠡᠴᠢᠯᠡᠭᠡ ᠬᠠᠩᠭᠠᠬᠤ ᠪᠠᠷ ᠴᠢᠷᠮᠠᠶᠢᠨ᠎ᠠ᠃ ᠮᠠᠨ ᠤ ᠬᠤᠷᠢᠶ᠎ᠠ ᠤᠯᠠᠮ ᠨᠢᠭᠡ ᠠᠯᠬᠤᠮ ᠬᠦᠴᠦᠲᠡᠢ ᠠᠷᠭ᠎ᠠ ᠬᠡᠮᠵᠢᠶ᠎ᠡ ᠠᠪᠴᠤ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠢᠯᠡᠨ ᠡᠵᠡᠮᠳᠡᠵᠦ᠂ ᠰᠢᠭᠦᠨ ᠲᠠᠰᠤᠯᠬᠤ ᠦᠢᠯᠡᠴᠢᠯᠡᠭᠡᠨ ᠤ ᠡᠭᠦᠷᠭᠡ ᠴᠢᠳᠠᠪᠤᠷᠢ ᠪᠠᠨ ᠤᠷᠲᠤᠳᠬᠠᠵᠤ᠂ ᠠᠵᠤ ᠠᠬᠤᠢᠯᠠᠯ ᠤᠨ ᠬᠠᠤᠯᠢ ᠴᠠᠭᠠᠵᠠ ᠶᠢᠨ ᠤᠬᠠᠮᠰᠠᠷ ᠢᠶᠠᠨ ᠴᠢᠩᠭᠠᠳᠬᠠᠬᠤ ᠶᠢ ᠠᠬᠢᠭᠤᠯᠵᠤ᠂ ᠠᠵᠤ ᠠᠬᠤᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠠᠵᠤ ᠠᠬᠤᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃     ᠭᠤᠷᠪᠠ ᠳᠤ᠂ ᠠᠷᠠᠳ ᠲᠦᠮᠡᠨ ᠤ ᠬᠠᠶᠢᠷ᠎ᠠ ᠰᠡᠳᠬᠢᠯᠭᠡ ᠶᠢ ᠪᠠᠲᠤ ᠰᠠᠬᠢᠵᠤ᠂ ᠠᠯᠢᠪᠠ ᠪᠦᠬᠦᠨ ᠳᠤ ᠠᠷᠠᠳ ᠲᠦᠮᠡᠨ ᠢᠶᠠᠷ ᠭᠤᠣᠯ ᠪᠣᠯᠭᠠᠵᠤ᠂ ᠠᠵᠢᠯ ᠤᠨ ᠣᠶᠢᠯᠠᠭᠠᠭᠳᠠᠬᠤᠨ ᠢᠶᠠᠨ ᠲᠠᠰᠤᠷᠠᠯᠲᠠ ᠦᠭᠡᠢ ᠰᠢᠨᠡᠴᠢᠯᠡᠨ᠎ᠡ᠃ ᠬᠠᠤᠯᠢ ᠴᠠᠭᠠᠵᠠ ᠶᠢᠨ ᠪᠠᠢᠭᠤᠯᠤᠮᠵᠢ ᠶᠢᠨ ᠥᠭᠡᠷᠡᠴᠢᠯᠡᠯᠲᠡ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠠᠷᠠᠯᠵᠢᠶ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠬᠦ᠂  ᠬᠤᠰᠢᠭᠤᠨ ᠤ ᠬᠡᠪᠴᠢᠶᠡᠨ ᠤ ᠨᠡᠶᠢᠭᠡᠮ ᠤᠨ ᠵᠠᠰᠠᠯᠲᠠ᠂ ᠬᠠᠤᠯᠢ ᠶᠣᠰᠣᠭᠠᠷ ᠬᠤᠰᠢᠭᠤ ᠶᠢ ᠵᠠᠰᠠᠬᠤ᠂ ᠬᠤᠶᠠᠷ ︽ᠨᠢᠭᠡ ᠥᠷᠲᠡᠭᠡᠨ ᠮᠠᠶ᠋ᠢᠭ︾ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠳᠤ ᠬᠦᠴᠦ ᠲᠠᠯᠪᠢᠵᠤ᠂ ᠰᠢᠭᠦᠬᠦ ᠬᠤᠷᠢᠶᠠᠨ ᠤ ᠠᠵᠢᠯ ᠤᠨ ᠬᠠᠮᠤᠭ ᠤᠨ ᠲᠠᠲᠠᠬᠤ ᠬᠦᠴᠦᠨ ᠲᠠᠢ᠂ ᠬᠠᠮᠤᠭ  ᠤᠨ ᠣᠨᠴᠠᠯᠢᠭ ᠲᠠᠢ᠂ ᠬᠠᠮᠤᠭ ᠤᠨ ᠭᠡᠷᠡᠯ ᠭᠢᠯᠪᠠᠭ᠎ᠠ ᠲᠠᠢ ᠪᠠᠶᠢᠬᠤ ᠶᠢ ᠦᠨᠡᠨᠬᠦ ᠪᠠᠲᠤᠯᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠣᠯᠠᠨ ᠳᠤ ᠬᠠᠤᠯᠢ ᠴᠠᠭᠠᠵᠠ ᠶᠢᠨ ᠬᠡᠷᠡᠭ ᠪᠣᠯᠭᠠᠨ ᠠᠴᠠ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠢᠨ᠎ᠠ᠃     ᠲᠦᠷᠪᠡ ᠳᠤ᠂ ᠨᠠᠮ ᠤᠨ ᠰᠤᠷᠲᠠᠯ ᠤᠨ ᠪᠠᠶᠢᠭᠤᠯᠤᠯᠲᠠ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠢᠷᠠᠯ ᠢ ᠡᠰᠡᠷᠭᠦᠴᠡᠬᠦ ᠠᠵᠢᠯ ᠢ ᠭᠦᠨᠵᠡᠭᠡᠢ ᠲᠦᠯᠬᠢᠨ ᠠᠬᠢᠭᠤᠯᠵᠤ᠂ ᠪᠦᠬᠦ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯᠯᠠᠭ᠎ᠠ ᠶᠢ ᠬᠢᠨᠠᠮᠠᠭᠠᠢ ᠰᠠᠶᠢᠲᠤᠷ ᠥᠷᠨᠢᠭᠦᠯᠵᠦ  ᠂ ᠨᠠᠮ ᠳᠠᠭᠠᠨ ᠰᠢᠳᠤᠷᠭᠤ ᠪᠠᠶᠢᠬᠤ᠂ ᠠᠷᠠᠳ ᠲᠦᠮᠡᠨ ᠢ ᠰᠡᠳᠬᠢᠯ ᠬᠠᠨᠤᠮᠵᠢᠲᠠᠢ ᠪᠠᠶᠢᠯᠭᠠᠬᠤ ᠬᠠᠲᠠᠭᠤ ᠴᠢᠩᠭ᠎ᠠ ᠰᠢᠭᠦᠬᠦ ᠬᠤᠷᠢᠶᠠᠨ ᠤ ᠡᠩᠨᠡᠭᠡ ᠶᠢ ᠳᠠᠪᠲᠠᠨ ᠪᠣᠯᠪᠠᠰᠤᠷᠠᠭᠤᠯᠤᠨ᠎ᠠ᠃  ᠦᠪᠡᠷ ᠢ ᠪᠠᠨ ᠴᠢᠩᠭ᠎ᠠ ᠱᠠᠭᠠᠷᠲᠠᠬᠤ ᠶᠢ ᠪᠠᠷᠢᠮᠲᠠᠯᠠᠵᠤ᠂ ᠬᠠᠤᠯᠢ ᠪᠠᠷᠢᠬᠤ ︽ᠭᠤᠷᠪᠠᠨ ᠲᠣᠭᠲᠠᠭᠠᠯ︾ ᠳᠤ ᠭᠠᠷ ᠲᠦᠷᠦᠭᠦ ᠶᠢ ᠰᠡᠷᠭᠡᠶᠢᠯᠡᠬᠦ ᠵᠡᠷᠭᠡ ᠬᠠᠲᠠᠭᠤ ᠲᠣᠭᠲᠠᠭᠠᠯ ᠵᠠᠷᠯᠢᠭ ᠴᠠᠭᠠᠵᠠ ᠢ ᠴᠢᠩᠭ᠎ᠠ ᠬᠡᠷᠡᠭᠵᠢᠭᠦᠯᠵᠦ᠂ ᠤᠯᠠᠨ ᠢ ᠲᠦᠢᠪᠡᠭᠡᠭᠴᠢᠳ ᠢ ᠡᠷᠡᠰ ᠠᠷᠢᠯᠭᠠᠨ᠎ᠠ᠃ ᠶᠠᠨ ᠠᠨ ᠤ ᠰᠤᠷᠲᠠᠯ ᠴᠡᠭᠴᠡᠯᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠵᠢᠷᠭᠤᠭᠠᠨ ᠶᠡᠭᠡ ᠠᠷᠬᠠᠭ︾ ᠢ ᠲᠥᠪᠯᠡᠷᠡᠭᠦᠯᠦᠨ ᠴᠡᠭᠴᠡᠯᠡᠨ ᠵᠠᠰᠠᠨ᠎ᠠ᠃ ᠡᠩᠨᠡᠭᠡ ᠶᠢᠨ ᠦᠵᠡᠯ ᠰᠠᠨᠠᠭᠠᠨ ᠤ ᠪᠤᠯᠪᠠᠰᠤᠷᠠᠯ᠂ ᠤᠯᠤᠰ ᠲᠥᠷᠥ ᠶᠢᠨ ᠪᠤᠯᠪᠠᠰᠤᠷᠠᠯ᠂ ᠦᠢᠯᠡᠳᠦᠯᠭᠡ ᠶᠢᠨ ᠳᠠᠪᠲᠠᠯᠲᠠ ᠪᠠ ᠲᠤᠰᠬᠠᠶ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠵᠤ᠂ ᠰᠠᠭᠤᠷᠢ ᠶᠢ ᠪᠠᠬᠢᠵᠢᠭᠦᠯᠬᠦ᠂ ᠳᠠᠪᠠᠭᠤᠯᠢᠭ ᠢ ᠪᠠᠳᠠᠷᠠᠭᠤᠯᠬᠤ᠂ ᠳᠤᠲᠠᠭᠤᠳᠠᠯ ᠢ ᠨᠥᠬᠦᠪᠥᠷᠢᠯᠡᠬᠦ᠂ ᠪᠠᠭᠤᠷᠠᠶ ᠲᠠᠯ᠎ᠠ ᠶᠢ ᠬᠦᠴᠦᠷᠬᠡᠭᠵᠢᠭᠦᠯᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠲᠦᠪᠰᠢᠨ ᠪᠠ ᠬᠢᠯᠢ ᠬᠢᠵᠠᠭᠠᠷ   ᠶᠢᠨ  ᠲᠣᠭᠲᠠᠭᠤᠨ ᠢ  ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃    ᠲᠥᠯᠥᠭᠡᠯᠡᠭᠴᠢᠳ ᠡ᠂ ᠥᠷᠯᠥᠭᠡ ᠦᠳᠡᠰᠢ ᠪᠠᠷ ᠲᠡᠮᠡᠴᠡᠨ᠂ ᠢᠳᠡᠷᠡᠭᠦᠨ ᠠᠯᠬᠤᠭ᠎ᠠ ᠪᠠᠷ ᠤᠷᠤᠭᠰᠢᠯᠠᠵᠤ᠂ ᠵᠠᠯᠠᠭᠤ ᠨᠠᠰᠤ ᠪᠠᠨ ᠦᠯᠦ ᠬᠥᠰᠡᠷᠳᠡᠭᠦᠯᠦᠨ᠂ ᠲᠡᠮᠡᠴᠡᠯ ᠤᠨ ᠠᠤᠭ᠎ᠠ ᠬᠦᠴᠦᠨ ᠢᠶᠠᠨ ᠪᠠᠳᠠᠷᠠᠭᠤᠯᠰᠤᠭᠠᠢ᠃ ᠰᠢᠨ᠎ᠡ ᠨᠢᠭᠡ ᠵᠢᠯ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠦᠷᠭᠦᠯᠵᠢᠯᠡᠨ ᠡᠷᠡᠮᠡᠬᠡᠶᠢᠯᠡᠨ ᠤᠷᠤᠭᠰᠢᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠲᠤ ᠪᠠᠬᠢ ᠬᠠᠤᠯᠢ ᠴᠠᠭᠠᠵᠠ ᠶᠢᠨ ᠦᠢᠯᠡᠴᠢᠯᠡᠭᠡ ᠪᠠ ᠪᠠᠲᠤᠯᠠᠭ᠎ᠠ ᠬᠠᠩᠭᠠᠵᠤ᠂ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠪᠣᠯᠤᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯ ᠵᠡᠭᠦᠳᠦ ᠶᠢ ᠲᠡᠷᠭᠡᠯᠰᠢᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠵᠦ᠂ ᠰᠢᠯᠢᠳᠡᠭ ᠠᠮᠵᠢᠯᠲᠠ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠶ᠎ᠡ᠃      
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号