ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠬᠡᠷᠡᠭᠯᠡᠭᠡᠨ ᠤ ᠣᠷᠴᠢᠨ ᠨᠥᠬᠦᠴᠡᠯ ᠢ | ᠤᠯᠠᠮ ᠨᠢᠭᠡ ᠠᠯᠬᠤᠮ ᠰᠠᠶᠢᠵᠢᠷᠠᠭᠤᠯᠤᠨ᠂ ᠬᠡᠷᠡᠭᠯᠡᠭᠡ ᠶᠢᠨ ᠰᠠᠭᠠᠳ ᠥᠬᠡᠶ ᠨᠡᠪᠲᠡᠷᠡᠬᠦ ᠶᠢ ᠠᠬᠢᠭᠤᠯᠵᠤ᠂ ᠠᠵᠤ | ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠶᠢᠨ ᠲᠥᠯᠥᠭᠡ᠂ 3 ᠰᠠᠷ᠎ᠠ ᠶᠢᠨ 15 ᠤ ᠡᠳᠦᠷ᠂ ᠠᠯᠳᠠᠷ | ᠰᠤᠮᠤ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠠᠯᠳᠠᠷ ᠰᠤᠮᠦ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠪᠤᠷᠢ ᠠᠯᠳᠠᠷ ᠰᠤᠮᠦ ᠶᠢᠨ ᠵᠠᠬ᠎ᠠ ᠳᠡᠯᠭᠡᠭᠦᠷ ᠲᠤ ︽ᠠᠮᠤᠷ ᠲᠦᠪᠰᠢᠨ ᠢ ᠰᠠᠬᠢᠨ ᠬᠠᠮᠠᠭᠠᠯᠠᠵᠦ | ᠬᠡᠷᠡᠭᠯᠡᠭᠡ ᠶᠢ ᠰᠠᠭᠠᠳ ᠦᠬᠡᠢ ᠨᠡᠪᠳᠡᠷᠡᠭᠦᠯᠬᠦ︾ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠳᠦᠷ ᠤᠨ | ᠤᠬᠠᠭᠤᠯᠭ᠎ᠠ ᠶᠢᠨ ᠬᠦᠳᠡᠯᠭᠡᠭᠡᠨ ᠥᠷᠨᠢᠭᠦᠯᠪᠡ᠃ | ᠤᠬᠠᠭᠤᠯᠭ᠎ᠠ ᠶᠢᠨ ᠬᠦᠳᠡᠯᠭᠡᠭᠡᠨ ᠳᠤᠮᠳᠠ᠂ ᠬᠠᠷᠢᠶᠠᠲᠤ ᠣᠷᠣᠨ ᠤ ᠬᠤᠳᠠᠯᠳᠤᠭᠠᠨ ᠤ ᠡᠷᠦᠬᠡ LED ᠳᠡᠯᠭᠡᠴᠡ | ᠂ ᠡᠯᠭᠦᠭᠡ ᠪᠢᠴᠢᠭᠡᠰᠦ᠂ ᠤᠬᠠᠭᠤᠯᠭ᠎ᠠ ᠶᠢᠨ ᠬᠠᠭᠤᠳᠠᠰᠤ᠂ ︽ᠲᠣᠰᠬᠤᠨ ᠤ ᠷᠠᠳᠢᠤ᠋︾ ᠵᠢᠴᠢ ᠸᠢᠴᠠᠲ ᠤᠨ | ᠬᠤᠯᠪᠤᠭ᠎ᠠ ᠵᠡᠷᠭᠡ ᠣᠯᠠᠨ ᠵᠤᠶᠢᠯ ᠤᠨ ᠬᠡᠯᠪᠡᠷᠢ ᠶᠢ ᠠᠰᠢᠭᠯᠠᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ | ᠬᠠᠤᠯᠢ ᠴᠠᠭᠠᠵᠠ ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠵᠤ᠂ ᠤᠬᠠᠭᠤᠯᠭ᠎ᠠ ᠶᠢᠨ ᠠᠭᠤᠯᠭ᠎ᠠ ᠶᠢ ᠬᠥᠮᠦᠰ ᠤᠨ | ᠰᠡᠳᠬᠢᠯ ᠳᠤ ᠬᠠᠳᠠᠩᠰᠢᠭᠤᠯᠵᠠᠶ᠃ | ︽ᠬᠡᠷᠡᠭᠯᠡᠭᠡᠨ ᠤ ᠠᠮᠤᠷ ᠲᠦᠪᠰᠢᠨ ᠪᠣᠯ ᠮᠠᠨ ᠤ ᠠᠷᠠᠳ ᠢᠷᠭᠡᠳ ᠤᠨ ᠬᠠᠮᠤᠭ ᠤᠨ ᠰᠢᠭᠤᠳ᠂ ᠬᠠᠮᠤᠭ ᠤᠨ | ᠪᠣᠳᠠᠲᠠᠶ ᠠᠰᠢᠭ ᠲᠤᠰᠠ ᠳᠤ ᠬᠤᠯᠪᠣᠭᠳᠠᠵᠤ ᠪᠠᠶᠢᠳᠠᠭ᠂ ᠥᠨᠥᠳᠦᠷ ᠠᠵᠢᠯᠲᠠᠳ ᠪᠢᠳᠡᠨ ᠳᠤ ᠬᠤᠯᠪᠣᠭᠳᠠᠯ ᠪᠦᠬᠦᠢ | ᠮᠡᠳᠡᠯᠭᠡ ᠪᠣᠯᠤᠨ ᠬᠠᠤᠯᠢ ᠴᠠᠭᠠᠵᠠ ᠶᠢ ᠲᠠᠶᠢᠯᠪᠤᠷᠢᠯᠠᠨ ᠥᠭᠴᠦ᠂ ᠪᠢᠳᠡᠨ ᠤ ᠰᠡᠷᠭᠡᠶᠢᠯᠡᠬᠦ ᠤᠬᠠᠮᠰᠠᠷ ᠢ | ᠳᠡᠭᠡᠭᠰᠢᠯᠡᠭᠦᠯᠦᠭᠰᠡᠨ ᠤ ᠬᠠᠮᠲᠤ ᠪᠢᠳᠡᠨ ᠳᠤ ᠠᠮᠤᠷ ᠲᠦᠪᠰᠢᠨ ᠪᠥᠭᠡᠳ ᠰᠠᠭᠠᠳ ᠦᠭᠡᠶ ᠨᠡᠪᠲᠡᠷᠡᠬᠦ ᠵᠠᠬ᠎ᠠ | ᠳᠡᠯᠭᠡᠭᠦᠷ ᠤᠨ ᠣᠷᠴᠢᠨ ᠨᠥᠬᠦᠴᠡᠯ ᠢ ᠪᠤᠶ ᠪᠣᠯᠭᠠᠵᠤ ᠥᠭᠴᠡᠶ᠂ ᠡᠭᠦᠨ ᠳᠤ ᠪᠢ ᠮᠠᠰᠢ ᠰᠠᠨᠠᠭ᠎ᠠ ᠠᠮᠤᠷ ᠪᠠᠶᠢᠨ᠎ᠠ | ︾ ᠭᠡᠵᠦ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠤᠤ ᠰᠢᠶᠤᠤ ᠬᠤᠸᠠᠨ ᠬᠡᠯᠡᠪᠡ᠃ |