ᠯᠢ ᠵᠧᠨ ᠯᠢᠨ ᠪᠦᠯᠬᠦᠮ ᠳᠠᠭᠠᠭᠤᠯᠤᠨ ᠾᠧᠪᠸᠢ ᠮᠤᠵᠢ ᠶᠢᠨ ᠠᠨᠫᠢᠩ ᠰᠢᠶᠠᠨ ᠳᠤ ᠬᠦᠷᠴᠦ ᠲᠣᠭᠤᠷᠢᠨ ᠦᠵᠡᠵᠦ ᠰᠤᠷᠤᠯᠴᠠᠪᠠ
ᠨᠡᠶᠢᠲᠡᠯᠡᠭᠰᠡᠨ ᠴᠠᠭ᠄
2021/4/1
   3 ᠰᠠᠷ᠎ᠠ ᠶᠢᠨ 19 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠯᠢ ᠵᠧᠨ ᠯᠢᠨ ᠪᠦᠯᠬᠦᠮ ᠳᠠᠭᠠᠭᠤᠯᠤᠨ ᠠᠨᠫᠢᠩ ᠰᠢᠶᠠᠨ ᠳᠤ ᠬᠦᠷᠴᠦ ᠲᠣᠭᠤᠷᠢᠨ ᠦᠵᠡᠵᠦ ᠰᠤᠷᠤᠯᠴᠠᠪᠠ᠃ ᠠᠨᠫᠢᠩ ᠰᠢᠶᠠᠨ ᠤ ᠳᠠᠷᠤᠭ᠎ᠠ ᠼᠤᠤ ᠰᠢᠶᠠᠩ ᠳ᠋ᠦᠩ᠂ ᠰᠢᠶᠠᠨ ᠤ ᠳᠡᠳ᠋ ᠳᠠᠷᠤᠭ᠎ᠠ ᠵᠠᠩ ᠰᠢᠶᠦ᠋ᠨ ᠪᠠᠷ᠎ᠠ ᠪᠣᠯᠪᠠ᠃
   ᠯᠢ ᠵᠧᠨ ᠯᠢᠨ ᠨᠡᠷ ᠤᠷᠢᠳ ᠬᠤᠵᠢᠳ ᠤᠯᠠᠨ ᠤᠯᠤᠰ ᠤᠨ ᠲᠣᠷᠭᠠᠨ ᠵᠠᠮ ᠲᠣᠣᠷ ᠰᠦᠯᠵᠢᠶᠡᠨ ᠤ ᠦᠵᠡᠰᠬᠦᠯᠡᠩ ᠤᠨ ᠲᠥᠪ᠂ ᠵᠢᠤᠢ ᠴᠧᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠵᠢᠶᠧ ᠲᠦᠩ ᠺᠣᠮᠫᠠᠨᠢ᠂ ᠪᠦᠬᠦ ᠤᠯᠤᠰ ᠤᠨ ᠠᠩᠬᠠᠳᠠᠭᠴᠢ ᠬᠥᠳᠡᠭᠡ ᠲᠣᠰᠬᠤᠨ ᠤ ᠨᠠᠮ ᠤᠨ ᠡᠭᠦᠷ ᠤᠨ ᠳᠤᠷᠠᠰᠬᠠᠯ ᠤᠨ ᠣᠷᠳᠣᠨ᠂ ︽ᠠᠷᠠᠳ ᠲᠦᠮᠡᠨ ᠳᠤ ᠦᠢᠯᠡᠴᠢᠯᠡᠬᠦ︾ ᠬᠤᠪᠢᠰᠬᠠᠯ ᠤᠨ ᠦᠵᠡᠬᠦᠯᠬᠡ᠂ ᠠᠳᠤᠭᠤᠨ ᠤ ᠰᠣᠶᠣᠯ ᠤᠨ ᠮᠢᠩᠭᠠᠨ ᠮᠦ ᠤᠢ ᠰᠢᠭᠤᠢ ᠶᠢᠨ ᠴᠡᠴᠡᠷᠯᠢᠭ᠂ ᠤᠯᠤᠰ ᠤᠨ ᠠᠳᠤᠭᠤᠨ ᠤ ᠪᠥᠮᠪᠥᠭᠡᠨ ᠠᠩᠬᠢ ᠶᠢᠨ ᠪᠣᠯᠪᠠᠰᠤᠷᠠᠯ ᠤᠨ ᠰᠠᠭᠤᠷᠢᠨ ᠭᠠᠵᠠᠷ᠂ ᠰᠢᠶᠠᠨ ᠤ ᠰᠣᠶᠣᠯ ᠲᠠᠮᠢᠷ ᠤᠨ ᠬᠥᠳᠡᠯᠭᠡᠭᠡᠨ ᠤ ᠲᠥᠪ ᠵᠡᠷᠭᠡ ᠭᠠᠵᠠᠷ ᠢᠶᠠᠷ ᠲᠣᠭᠤᠷᠢᠨ ᠦᠵᠡᠪᠡ᠃ ᠠᠨᠫᠢᠩ ᠰᠢᠶᠠᠨ ᠤ ᠲᠣᠷᠭᠠᠨ ᠵᠠᠮ ᠲᠣᠣᠷ ᠰᠦᠯᠵᠢᠶᠡᠨ ᠤ ᠠᠵᠤ ᠦᠢᠯᠡᠰ᠂ ᠠᠳᠤᠭᠤᠨ ᠤ ᠠᠵᠤ ᠦᠢᠯᠡᠰ ᠪᠣᠯᠤᠨ ᠬᠤᠪᠢᠰᠬᠠᠯ ᠤᠨ ᠰᠣᠶᠣᠯ ᠤᠨ ᠠᠵᠤ ᠦᠢᠯᠡᠰ ᠵᠡᠷᠭᠡ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠵᠠᠢ᠃    ᠼᠤᠤ ᠰᠢᠶᠠᠩ ᠳ᠋ᠦᠩ᠂ ᠯᠢ ᠵᠧᠨ ᠯᠢᠨ ᠨᠡᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠳᠠᠭᠠᠦ ᠵᠢᠭᠠᠵᠦ ᠭᠠᠷᠭᠠᠭᠰᠠᠨ ᠨᠢ᠂ ᠠᠨᠫᠢᠩ ᠪᠤᠯ ᠪᠡᠭᠡᠵᠢᠩ ᠲᠢᠶᠠᠨᠵᠢᠨ ᠡᡁᠧᠪᠸᠢ ᠣᠷᠣᠨ ᠳᠤ ᠪᠠᠶᠢᠷᠢᠯᠠᠵᠤ᠂ ᠣᠷᠣᠨ ᠪᠠᠶᠢᠷᠢ ᠶᠢᠨ ᠳᠠᠪᠠᠭᠤᠯᠢᠭ ᠮᠡᠳᠡᠭᠳᠡᠮ᠎ᠡ ᠪᠠᠶᠢᠵᠤ᠂ ᠵᠠᠮ ᠬᠠᠷᠢᠯᠴᠠᠭ᠎ᠠ ᠬᠥᠭᠵᠢᠵᠦ᠂ ᠬᠤᠪᠢᠰᠬᠠᠯ ᠤᠨ ᠰᠣᠶᠣᠯ ᠵᠤᠭᠠᠴᠠᠯ ᠤᠨ ᠠᠵᠤ ᠦᠢᠯᠡᠰ᠂ ᠤᠳᠤ ᠦᠶ᠎ᠡ ᠶᠢᠨ ᠠᠳᠤᠭᠤᠨ ᠤ ᠠᠵᠤ ᠦᠢᠯᠡᠰ ᠪᠣᠯᠤᠨ ᠬᠤᠷᠠᠯ ᠦᠵᠡᠰᠬᠦᠯᠡᠩ ᠤᠨ ᠠᠵᠤ ᠠᠬᠤᠢ ᠵᠡᠷᠭᠡ ᠠᠵᠤ ᠦᠢᠯᠡᠰ ᠨᠢᠭᠡᠨᠲᠡ ᠠᠩᠬ᠎ᠠ ᠠᠯᠬᠤᠮ ᠬᠡᠪᠴᠢᠶᠡᠵᠢᠵᠦ᠂ ᠲᠣᠷᠭᠠᠨ ᠵᠠᠮ ᠲᠣᠣᠷ ᠰᠦᠯᠵᠢᠶᠡᠨ ᠤ ᠠᠵᠤ ᠦᠢᠯᠡᠰ ᠨᠡᠩ ᠴᠤ ᠲᠤᠯᠭᠠᠭᠤᠷᠢ ᠠᠵᠤ ᠦᠢᠯᠡᠰ ᠪᠤᠯᠵᠤ᠂ ᠬᠤᠶᠠᠷ ᠭᠠᠵᠠᠷ ᠲᠤ ᠥᠷᠭᠡᠨ ᠠᠭᠤᠳᠠᠮ ᠬᠠᠮᠲᠤᠷᠠᠯᠴᠠᠭᠠᠨ ᠤ ᠣᠷᠣᠨ ᠵᠠᠢ ᠶᠢ ᠠᠪᠴᠢᠷᠠᠭᠰᠠᠨ ᠪᠠᠶᠢᠨ᠎ᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠣᠯᠤᠨ ᠠᠨᠫᠢᠩ ᠬᠠᠷᠢᠯᠴᠠᠭ᠎ᠠ ᠵᠣᠯᠭᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠮᠲᠤᠷᠠᠯᠴᠠᠭᠠᠨ ᠤ ᠭᠠᠷᠳᠠᠴᠠ ᠶᠢ ᠡᠷᠢᠯᠬᠢᠯᠡᠵᠦ᠂ ᠰᠣᠶᠣᠯ ᠵᠤᠭᠠᠴᠠᠯ᠂ ᠲᠣᠷᠭᠠᠨ ᠲᠣᠣᠷ ᠤᠨ ᠠᠵᠤ ᠦᠢᠯᠡᠰ᠂ ᠠᠳᠤᠭᠤᠨ ᠤ ᠠᠵᠤ ᠦᠢᠯᠡᠰ ᠵᠡᠷᠭᠡ ᠬᠦᠷᠢᠶᠡᠨ ᠳᠤ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠬᠤᠶᠠᠷ ᠲᠠᠯ᠎ᠠ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠬᠠᠷᠢᠯᠴᠠᠨ ᠠᠰᠢᠭ ᠬᠦᠷᠲᠡᠭᠡᠵᠦ ᠬᠠᠮᠲᠤᠪᠠᠷ ᠠᠰᠢᠭ ᠬᠦᠷᠲᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠬᠡᠵᠡᠢ᠃    ᠯᠢ ᠵᠧᠨ ᠯᠢᠨ ᠢᠯᠡᠷᠬᠡᠶᠢᠯᠡᠬᠦ ᠳᠡᠭᠡᠨ᠂ ᠠᠨᠫᠢᠩ ᠰᠢᠶᠠᠨ ᠤ ᠣᠷᠣᠨ ᠪᠠᠶᠢᠷᠢ ᠶᠢᠨ ᠳᠠᠪᠠᠭᠤᠯᠢᠭ ᠢᠯᠡᠳᠲᠡ᠂ ᠰᠣᠶᠣᠯ ᠤᠨ ᠠᠭᠤᠯᠤᠭᠳᠠᠬᠤᠨ ᠡᠯᠪᠡᠭ ᠪᠠᠶᠠᠯᠢᠭ᠂ ᠠᠵᠤ ᠦᠢᠯᠡᠰ ᠤᠨ ᠰᠠᠭᠤᠷᠢ ᠭᠦᠨ ᠵᠤᠵᠠᠭᠠᠨ᠂ ᠬᠥᠭᠵᠢᠯᠲᠡ ᠶᠢᠨ ᠨᠥᠭᠡᠴᠡ ᠬᠦᠴᠦᠨ ᠲᠡᠭᠦᠯᠳᠡᠷ ᠪᠥᠭᠡᠳ ᠯᠤᠲᠤ ᠶᠡᠭᠡ ᠳᠠᠯᠳᠠ ᠬᠦᠴᠦᠨ ᠲᠠᠢ ᠶᠤᠮ᠃ ᠠᠨᠫᠢᠩ ᠰᠢᠶᠠᠨ ᠤ ᠠᠵᠤ ᠦᠢᠯᠡᠰ ᠤᠨ ᠬᠥᠭᠵᠢᠯᠲᠡ ᠶᠢᠨ ᠶᠠᠪᠤᠴᠠ ᠳᠠᠬᠢ ᠲᠤᠷᠰᠢᠯᠭ᠎ᠠ ᠵᠢᠴᠢ ᠠᠷᠭ᠎ᠠ ᠬᠢᠳᠡᠯ ᠢ ᠲᠤᠯᠢ ᠪᠣᠯᠭᠠᠨ ᠰᠤᠷᠤᠯᠴᠠᠭᠤᠰᠢᠲᠠᠢ ᠶᠤᠮ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠥᠪᠡᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢᠶᠠᠨ ᠠᠵᠢᠯ ᠤᠨ ᠳᠤᠮᠳᠠ ᠪᠠᠨ ᠬᠡᠷᠡᠭᠯᠡᠬᠦ ᠪᠣᠯᠤᠨ᠎ᠠ᠃ ᠢᠷᠡᠭᠡᠳᠦᠢ ᠳᠤ ᠬᠤᠶᠠᠷ ᠲᠠᠯ᠎ᠠ ᠪᠠᠷ ᠢᠶᠠᠨ ᠬᠠᠷᠢᠯᠴᠠᠭ᠎ᠠ ᠰᠣᠯᠢᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠵᠣᠯᠭᠠᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠢᠯᠢᠳᠡᠭ ᠡᠬᠢ ᠪᠠᠶᠠᠯᠢᠭ ᠢ ᠬᠠᠮᠲᠤᠪᠠᠷ ᠡᠳ᠋ᠯᠡᠵᠦ᠂ ᠬᠤᠶᠠᠷ ᠭᠠᠵᠠᠷ ᠤᠨ ᠠᠵᠤ ᠠᠬᠤᠢ ᠨᠡᠶᠢᠭᠡᠮ ᠤᠨ ᠬᠠᠮᠲᠤᠪᠠᠷ ᠰᠠᠶᠢᠵᠢᠷᠠᠨ ᠬᠥᠭᠵᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠲᠣᠭᠤᠷᠢᠨ ᠦᠵᠡᠵᠦ ᠰᠤᠷᠤᠯᠴᠠᠬᠤ ᠳᠤᠮᠳᠠ ᠵᠠᠩ ᠰᠢᠶᠦ᠋ᠨ ᠠᠴᠠ ᠠᠨᠫᠢᠩ ᠰᠢᠶᠠᠨ ᠤ ᠨᠠᠷᠢᠯᠢᠭ ᠪᠠᠶᠢᠳᠠᠯ ᠢ ᠲᠠᠨᠢᠯᠴᠠᠭᠤᠯᠪᠠ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号