| ᠬᠤᠰᠢᠭᠤᠨ ᠤ ᠵᠠᠰᠠᠭ ᠤᠨ ᠤᠷᠲᠤᠨ ᠤ ᠠᠯᠪᠠᠨ ᠭᠡᠷ ᠠᠴᠠ ᠲᠠᠷᠬᠠᠭᠠᠭᠰᠠᠨ︹ 2015 | ︺ 115 ᠳ᠋ᠤᠭᠠᠷ ᠲᠣᠭᠠᠲᠤ | | ᠡᠯ᠎ᠡ ᠰᠤᠮᠤ ᠰᠢᠶᠠᠩ ᠪᠠᠯᠭᠠᠰᠤ ︵ᠲᠠᠯᠠᠪᠠᠶ︶ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠬᠠᠷᠢᠶ᠎ᠠ ᠡᠯ᠎ᠡ | ᠰᠠᠯᠠᠭ᠎ᠠ ᠮᠥᠴᠢᠷ ᠲᠤ᠄ | ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠭᠤᠤᠯ | ᠡᠭᠦᠷᠭᠡ ᠬᠠᠷᠢᠭᠤᠴᠠᠯᠭ᠎ᠠ ᠶᠢᠨ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ︾ ᠢ | ᠬᠤᠰᠢᠭᠤᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠬᠡᠷ ᠠᠴᠠ ᠬᠢᠨᠠᠨ ᠬᠠᠷᠭᠤᠭᠤᠯᠵᠤ᠂ | ᠬᠤᠰᠢᠭᠤᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠠᠷᠤᠮᠠᠯᠯᠠᠨ ᠲᠠᠷᠬᠠᠭᠠᠪᠠ᠃ | 2015 ᠣᠨ ᠤ 10 ᠰᠠᠷ᠎ᠠ ᠶᠢᠨ | 8 ᠤ ᠡᠳᠦᠷ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠭᠤᠣᠯ ᠲᠤᠰᠢᠶᠠᠯ | ᠬᠠᠷᠢᠭᠤᠴᠠᠯᠭ᠎ᠠ ᠶᠢᠨ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠤᠬᠠᠶ ᠲᠣᠭᠲᠠᠭᠠᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ︽ᠠᠶᠢᠮᠠᠭ ᠬᠤᠲᠠ᠂ ᠬᠤᠰᠢᠭᠤ ᠰᠢᠶᠠᠨ ︵ᠬᠤᠲᠠ ᠲᠣᠭᠤᠷᠢᠭ︶ ᠤ ᠵᠠᠰᠠᠭ ᠤᠨ | ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠬᠠᠶ ᠰᠠᠨᠠᠯ︾ | ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ | ᠵᠠᠬᠢᠷᠭ᠎ᠠ ᠶᠢᠨ ᠠᠯᠪᠠᠨ ᠲᠢᠩᠬᠢᠮ ᠤᠨ ︽︿ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ | ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ﹀ ᠢ | ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠪᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠬᠤᠷᠢᠶ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ︽︿ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠲᠥᠰᠦᠯ﹀ ᠢ ᠳᠠᠷᠤᠮᠠᠯᠯᠠᠨ ᠲᠠᠷᠬᠠᠭᠠᠬᠤ ᠮᠡᠳᠡᠭᠳᠡᠯ︾ ᠤᠨ ᠵᠣᠷᠢᠭ ᠰᠠᠨᠠᠭ᠎ᠠ᠂ ᠬᠤᠰᠢᠭᠤᠨ ᠤ ᠬᠠᠤᠯᠢ ᠴᠠᠭᠠᠵᠠ ᠶᠢᠨ | ᠲᠣᠪᠴᠢᠶ᠎ᠠ ᠶᠢ ᠬᠡᠪ ᠢᠶᠠᠷ ᠪᠠᠶᠢᠯᠭᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ | ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠭᠠᠨ᠎ᠠ᠃ | ᠨᠢᠭᠡ᠂ ᠡᠭᠦᠷᠭᠡ ᠬᠠᠷᠢᠭᠤᠴᠠᠯᠭ᠎ᠠ ᠶᠢᠨ ᠲᠣᠬᠢᠷᠠᠭᠤᠯᠤᠯᠲᠠ | ︵ᠨᠢᠭᠡ︶ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢ ᠬᠢᠨᠠᠨ ᠬᠠᠮᠢᠶᠠᠷᠬᠤ ᠪᠠ ᠨᠡᠶᠢᠭᠡᠮ ᠲᠣᠭᠤᠷᠢᠭ ᠤᠨ | ᠵᠠᠯᠠᠷᠠᠭᠤᠯᠭ᠎ᠠ ᠶᠢᠨ ᠬᠠᠤᠯᠢ ᠬᠡᠷᠡᠭᠵᠢᠭᠦᠯᠬᠦ ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠨᠡᠮᠡᠭᠳᠡᠭᠦᠯᠦᠨ᠎ᠡ᠃ | ︵ᠬᠤᠶᠠᠷ︶ ᠬᠢᠨᠠᠯᠲᠠ ᠲᠠᠯᠪᠢᠵᠤ ᠬᠠᠮᠢᠶᠠᠷᠬᠤ ᠲᠥᠪᠬᠢᠨᠡᠭᠦᠯᠬᠦ ᠬᠠᠪᠰᠤᠷᠤᠨ ᠰᠤᠷᠭᠠᠬᠤ ᠠᠵᠢᠯ ᠤᠨ ᠡᠭᠦᠷᠭᠡ | ᠬᠠᠷᠢᠭᠤᠴᠠᠯᠭ᠎ᠠ ᠶᠢ ᠨᠡᠮᠡᠭᠳᠡᠭᠦᠯᠦᠨ᠎ᠡ᠃ | ︵ᠭᠤᠷᠪᠠ︶ ᠬᠠᠤᠯᠢ ᠴᠠᠭᠠᠵᠠ ᠶᠢᠨ ᠲᠤᠰᠠᠯᠠᠮᠵᠢ ᠶᠢᠨ ᠦᠷᠳᠡᠭᠡ ᠴᠡᠭ ᠤᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠨᠡᠮᠡᠭᠳᠡᠭᠦᠯᠦᠨ᠎ᠡ᠃ | ︵ᠳᠥᠷᠪᠡ︶ ᠬᠠᠤᠯᠢ ᠴᠠᠭᠠᠵᠠ ᠶᠢᠨ ᠲᠤᠰᠠᠯᠠᠮᠵᠢ᠂ ᠠᠯᠪᠠᠨ ᠭᠡᠷᠡᠴᠢᠯᠡᠭᠡ᠂ ᠬᠠᠤᠯᠢᠴᠢ ᠶᠢᠨ ᠬᠠᠮᠢᠶᠠᠷᠤᠯᠲᠠ ᠶᠢᠨ | ᠠᠵᠢᠯ ᠤᠨ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠨ᠎ᠠ᠃ | ᠬᠤᠶᠠᠷ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠠᠵᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠴᠢᠭᠯᠡᠯᠲᠡ᠂ ᠲᠥᠷᠥ ᠶᠢᠨ ᠪᠣᠳᠣᠯᠭ᠎ᠠ ᠶᠢ | ᠲᠤᠭᠤᠰᠢᠯᠠᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ | ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠶᠠᠷ︶ ᠪᠥᠬᠦ ᠬᠤᠰᠢᠭᠤᠨ ᠤ ᠬᠠᠤᠯᠢ ᠲᠦᠷᠢᠮ ᠤᠨ ᠤᠬᠠᠭᠤᠯᠭ᠎ᠠ ᠬᠥᠮᠦᠵᠢᠯ ᠪᠠ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠡᠯ᠎ᠡ ᠰᠤᠮᠤ ᠰᠢᠶᠠᠩ ᠪᠠᠯᠭᠠᠰᠤ᠂ ᠡᠯ᠎ᠡ ᠠᠵᠢᠯ ᠲᠥᠷᠥᠯ ᠤᠨ ᠬᠠᠤᠯᠢ ᠲᠦᠷᠢᠮ ᠤᠨ | ᠤᠬᠠᠭᠤᠯᠭ᠎ᠠ ᠪᠠ ᠬᠠᠤᠯᠢ ᠶᠣᠰᠣᠭᠠᠷ ᠵᠠᠰᠠᠬᠤ ᠠᠵᠢᠯ ᠢ ᠵᠢᠯᠣᠭᠤᠳᠤᠨ᠎ᠠ᠃ | ︵ᠭᠤᠷᠪᠠ︶ ᠪᠥᠬᠦ ᠬᠤᠰᠢᠭᠤᠨ ᠤ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ ᠤᠨ ᠪᠠᠶᠢᠭᠤᠯᠤᠯᠲᠠ | ᠪᠠ ᠠᠷᠠᠳ ᠤᠨ ᠡᠶᠡᠳᠡᠭᠦᠯᠬᠦ᠂ ᠲᠥᠪᠬᠢᠨᠡᠭᠦᠯᠦᠨ ᠬᠠᠪᠰᠤᠷᠤᠨ ᠰᠤᠷᠭᠠᠬᠤ᠂ ᠨᠡᠶᠢᠭᠡᠮ ᠲᠣᠭᠤᠷᠢᠭ ᠤᠨ ᠵᠠᠰᠠᠯᠲᠠ ᠪᠠ | ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠬᠢᠨᠠᠨ ᠬᠠᠮᠢᠶᠠᠷᠤᠨ᠎ᠠ᠃ | ︵ᠳᠥᠷᠪᠡ︶ ᠪᠥᠬᠦ ᠬᠤᠰᠢᠭᠤᠨ ᠤ ᠬᠠᠤᠯᠢᠴᠢ᠂ ᠠᠯᠪᠠᠨ ᠭᠡᠷᠡᠴᠢᠯᠡᠭᠡ᠂ ᠬᠠᠤᠯᠢ ᠴᠠᠭᠠᠵᠠ ᠶᠢᠨ | ᠲᠤᠰᠠᠯᠠᠮᠵᠢ ᠶᠢᠨ ᠠᠵᠢᠯ ᠢ ᠬᠢᠨᠠᠨ ᠬᠠᠮᠢᠶᠠᠷᠤᠨ᠎ᠠ᠃ | ︵ᠲᠠᠪᠤ︶ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠤᠯᠤᠰ ᠤᠨ | ᠥᠮᠴᠢᠯᠡᠯᠲᠦ ᠡᠳ᠋ ᠬᠥᠷᠥᠩᠭᠡ᠂ ᠴᠠᠭᠳᠠᠭᠠᠨ ᠤ ᠲᠡᠷᠭᠡ ᠪᠣᠯᠤᠨ ᠤᠭᠰᠠᠷᠠᠭᠤᠯᠬᠤ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ | ︵ᠵᠢᠷᠭᠤᠭ᠎ᠠ︶ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡ ᠶᠢᠨ | ᠪᠠᠶᠢᠭᠤᠯᠤᠯᠲᠠ ᠪᠠ ᠦᠵᠡᠯ ᠰᠠᠨᠠᠭ᠎ᠠ ᠣᠪᠣᠷ ᠰᠤᠷᠲᠠᠯ᠂ ᠠᠵᠢᠯ ᠤᠨ ᠰᠤᠷᠲᠠᠯ ᠤᠨ ᠪᠠᠶᠢᠭᠤᠯᠤᠯᠲᠠ ᠶᠢ ᠬᠠᠷᠢᠭᠤᠴᠠᠨ᠎ᠠ | ᠃ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠶᠠᠪᠤᠳᠠᠯ ᠤᠨ | ᠬᠠᠮᠢᠶᠠᠷᠤᠯᠲᠠ ᠪᠠ ᠴᠠᠭᠳᠠᠭᠠᠨ ᠤ ᠶᠠᠪᠤᠳᠠᠯ ᠤᠨ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | ︵ᠳᠣᠯᠤᠭ᠎ᠠ︶ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠪᠣᠯᠤᠨ ᠠᠶᠢᠮᠠᠭ ᠤᠨ | ᠬᠠᠤᠯᠢ ᠴᠠᠭᠠᠵᠠ ᠶᠢᠨ ᠲᠣᠪᠴᠢᠶ᠎ᠠ ᠶᠢᠨ ᠲᠤᠰᠢᠶᠠᠭᠰᠠᠨ ᠪᠤᠰᠤᠳ ᠵᠤᠶᠢᠯᠡᠰ ᠢ ᠳᠠᠭᠠᠭᠠᠨ ᠬᠦᠢᠴᠡᠳᠭᠡᠨ᠎ᠡ᠃ |