︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ ᠶᠢᠨ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ︾ ᠢ ᠳᠠᠷᠤᠮᠠᠯᠯᠠᠨ ᠶᠠᠪᠤᠭᠤᠯᠬᠤ ᠲᠤᠬᠠᠶ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/4/12
              ᠬᠤᠰᠢᠭᠤᠨ ᠤ ᠵᠠᠰᠠᠭ ᠤᠨ ᠤᠷᠲᠤᠨ ᠤ ᠠᠯᠪᠠᠨ ᠭᠡᠷ ᠠᠴᠠ ᠲᠠᠷᠬᠠᠭᠠᠭᠰᠠᠨ ︹ 2015 ︺ 114 ᠳ᠋ᠤᠭᠡᠷ ᠲᠣᠭᠠᠲᠤ    ᠡᠯ᠎ᠡ ᠰᠤᠮᠤ ᠰᠢᠶᠠᠩ ᠪᠠᠯᠭᠠᠰᠤ ︵ᠲᠠᠯᠠᠪᠠᠶ︶ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠬᠠᠷᠢᠶ᠎ᠠ ᠡᠯ᠎ᠡ ᠰᠠᠯᠠᠭ᠎ᠠ ᠮᠥᠴᠢᠷ ᠲᠤ᠄    ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ ᠶᠢᠨ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ︾ ᠢ ᠬᠤᠰᠢᠭᠤᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠬᠡᠷ ᠠᠴᠠ ᠬᠢᠨᠠᠨ ᠬᠠᠷᠭᠤᠭᠤᠯᠵᠤ᠂ ᠬᠤᠰᠢᠭᠤᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠠᠷᠤᠮᠠᠯᠯᠠᠨ ᠲᠠᠷᠬᠠᠭᠠᠪᠠ᠃                                                           2015 ᠣᠨ ᠤ 10 ᠰᠠᠷ᠎ᠠ ᠶᠢᠨ 8 ᠤ ᠡᠳᠦᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠭᠤᠣᠯ ᠲᠤᠰᠢᠶᠠᠯ ᠬᠠᠷᠢᠭᠤᠴᠠᠯᠭ᠎ᠠ ᠶᠢᠨ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠤᠬᠠᠶ ᠲᠣᠭᠲᠠᠭᠠᠯ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠠᠶᠢᠮᠠᠭ ᠬᠤᠲᠠ᠂ ᠬᠤᠰᠢᠭᠤ ᠰᠢᠶᠠᠨ ︵ᠬᠤᠲᠠ ᠲᠣᠭᠤᠷᠢᠭ︶ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠬᠠᠶ ᠰᠠᠨᠠᠯ︾ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠠᠬᠢᠷᠭ᠎ᠠ ᠶᠢᠨ ᠠᠯᠪᠠᠨ ᠲᠢᠩᠬᠢᠮ ᠤᠨ ︽︿ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠪᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠬᠤᠷᠢᠶ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽︿ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ﹀ ᠢ ᠳᠠᠷᠤᠮᠠᠯᠯᠠᠨ ᠲᠠᠷᠬᠠᠭᠠᠬᠤ ᠮᠡᠳᠡᠭᠳᠡᠯ︾ ᠤᠨ ᠵᠣᠷᠢᠭ ᠰᠠᠨᠠᠭ᠎ᠠ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢ ᠦᠯᠡᠳᠡᠭᠡᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠭᠠᠨ᠎ᠠ᠃    ᠨᠢᠭᠡ᠂ ᠡᠭᠦᠷᠭᠡ ᠬᠠᠷᠢᠭᠤᠴᠠᠯᠭ᠎ᠠ ᠶᠢᠨ ᠲᠣᠬᠢᠷᠠᠭᠤᠯᠤᠯᠲᠠ    ︵ᠨᠢᠭᠡ︶ ᠬᠤᠰᠢᠭᠤᠨ ᠤ ᠵᠠᠰᠠᠭ ᠤᠨ ᠣᠷᠳᠣᠨ ᠠᠴᠠ ᠨᠢᠭᠡᠨᠲᠡ ᠬᠦᠴᠦᠨ ᠥᠬᠡᠶ ᠪᠣᠯᠭᠠᠬᠤ ᠪᠠᠷ ᠨᠡᠶᠢᠲᠡᠯᠡᠭᠰᠡᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠤᠶᠢᠯᠡᠰ ᠢ ᠬᠦᠴᠦᠨ ᠥᠬᠡᠶ ᠪᠣᠯᠭᠠᠨ᠎ᠠ᠃   ︵ᠬᠤᠶᠠᠷ︶ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠵᠤ᠂ ᠬᠤᠲᠠ ᠬᠥᠳᠡᠭᠡ ᠶᠢᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠎ᠡ᠃    ︵ᠭᠤᠷᠪᠠ︶ ᠨᠡᠶᠢᠭᠡᠮ ᠤᠨ ᠠᠰᠠᠷᠠᠮᠵᠢ ᠶᠢᠨ ᠴᠢᠳᠠᠮᠵᠢ ᠶᠢ ᠴᠢᠩᠭᠠᠷᠠᠭᠤᠯᠵᠤ᠂ ᠨᠡᠶᠢᠭᠡᠮ ᠤᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃    ᠬᠤᠶᠠᠷ᠂ ᠭᠤᠣᠯ ᠡᠭᠦᠷᠭᠡ ᠬᠠᠷᠢᠭᠤᠴᠠᠯᠭ᠎ᠠ    ︵ᠨᠢᠭᠡ︶ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠠᠷᠠᠳ ᠤᠨ ᠶᠠᠪᠤᠳᠠᠯ ᠤᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠵᠦ᠂ ᠪᠥᠬᠦ ᠬᠤᠰᠢᠭᠤᠨ ᠤ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠣᠨ ᠤ ᠠᠵᠢᠯ ᠤᠨ ᠲᠥᠯᠥᠪᠯᠡᠭᠡ ᠶᠢ ᠲᠤᠭᠤᠷᠪᠢᠨ ᠲᠣᠭᠲᠠᠭᠠᠵᠤ᠂ ᠬᠠᠮᠢᠶ᠎ᠠ ᠪᠥᠬᠦᠶ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠡᠬᠡ ᠨᠣᠤᠷᠠᠭ ᠢ ᠲᠤᠭᠤᠷᠪᠢᠨ ᠪᠢᠴᠢᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠬᠠᠮᠢᠶᠠᠷᠤᠨ᠎ᠠ᠃    ︵ᠬᠤᠶᠠᠷ︶ ᠪᠥᠬᠦ ᠬᠤᠰᠢᠭᠤᠨ ᠤ ᠬᠤᠲᠠ ᠬᠥᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢ ᠬᠠᠷᠢᠭᠤᠴᠠᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠡᠮᠴᠢᠯᠡᠭᠡ ᠪᠠᠷ ᠠᠪᠤᠷᠠᠨ ᠲᠤᠰᠠᠯᠠᠬᠤ᠂ ᠲᠦᠷ ᠴᠠᠭ ᠠᠪᠤᠷᠠᠨ ᠲᠤᠰᠠᠯᠠᠬᠤ᠂ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠬᠡᠷ ᠪᠦᠯᠢ ᠶᠢᠨ ᠤᠶᠤᠲᠠᠳ ᠢ ᠠᠪᠤᠷᠠᠨ ᠲᠤᠰᠠᠯᠠᠬᠤ ᠪᠠ ᠲᠠᠪᠤᠨ ᠪᠠᠲᠤᠯᠠᠭ᠎ᠠ ᠲᠠᠢ ᠪᠠᠷ ᠠᠰᠠᠷᠠᠨ ᠲᠡᠵᠢᠭᠡᠬᠦ ᠠᠵᠢᠯ ᠢ ᠬᠠᠷᠢᠭᠤᠴᠠᠨ᠎ᠠ᠃ ᠪᠦᠭᠦ ᠬᠤᠰᠢᠭᠤᠨ ᠤ ᠨᠠᠰᠤᠲᠠᠨ ᠢ ᠠᠰᠠᠷᠠᠬᠤ ᠬᠦᠷᠢᠶᠡᠯᠡᠩ ᠤᠨ ᠪᠠᠶᠢᠭᠤᠯᠤᠯᠲᠠ ᠶᠢ ᠵᠢᠯᠣᠭᠤᠳᠤᠨ᠎ᠠ᠃    ︵ᠭᠤᠷᠪᠠ︶ ᠭᠠᠮᠰᠢᠭ ᠠᠴᠠ ᠠᠪᠤᠷᠠᠵᠤ ᠭᠠᠮᠰᠢᠭ ᠢ ᠪᠠᠭᠠᠰᠬᠠᠬᠤ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠤᠨ᠎ᠠ᠃ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠬᠤ᠂ ᠪᠦᠷᠢᠳᠬᠡᠬᠦ᠂ ᠳᠡᠭᠡᠭᠰᠢ ᠮᠡᠳᠡᠭᠦᠯᠬᠦ ᠠᠵᠢᠯ ᠢ ᠡᠭᠦᠷᠭᠡᠯᠡᠵᠦ᠂ ᠭᠠᠮᠰᠢᠭ ᠠᠴᠠ ᠠᠪᠤᠷᠠᠬᠤ ᠵᠣᠭᠤᠰ ᠮᠥᠩᠭᠦ ᠡᠳ᠋ ᠪᠣᠳᠠᠰ ᠢ ᠬᠠᠮᠢᠶᠠᠷᠬᠤ ᠪᠠ ᠬᠤᠪᠢᠶᠠᠷᠢᠯᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠯᠡᠨ᠎ᠡ᠃ ᠪᠥᠬᠦ ᠬᠤᠰᠢᠭᠤᠨ ᠤ ᠴᠢᠨᠠᠷᠲᠠᠶ ᠭᠠᠮᠰᠢᠭ ᠠᠴᠠ ᠠᠪᠤᠷᠬᠠᠤ ᠬᠠᠨᠳᠢᠪ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃    ︵ᠲᠦᠷᠪᠡ︶ ᠤᠯᠤᠰ ᠤᠨ ᠠᠰᠠᠷᠠᠨ ᠬᠠᠷᠠᠭᠠᠯᠵᠠᠬᠤ ᠲᠦᠷᠤ ᠶᠢᠨ ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠡᠯ᠎ᠡ ᠲᠦᠷᠤᠯ ᠤᠨ ᠠᠰᠠᠷᠠᠨ ᠬᠠᠷᠠᠭᠠᠯᠵᠠᠬᠤ ᠡᠲᠡᠭᠡᠳ ᠤᠨ ᠬᠠᠷᠠᠭᠠᠯᠵᠠᠯ᠂ ᠠᠰᠠᠷᠠᠮᠵᠢ᠂ ᠨᠥᠬᠦᠪᠥᠷᠢ ᠪᠠ ᠲᠦᠷᠤ ᠶᠢᠨ ᠪᠠᠶᠢᠭᠤᠯᠭ᠎ᠠ ᠶᠢᠨ ᠠᠵᠢᠯᠳᠠᠨ ᠤ ᠦᠬᠦᠯ ᠰᠢᠷᠬᠠᠲᠤᠯ ᠤᠨ ᠠᠰᠠᠷᠠᠮᠵᠢ ᠶᠢᠨ ᠠᠵᠢᠯ ᠢ ᠬᠠᠷᠢᠭᠤᠴᠠᠨ᠎ᠠ᠃ ᠨᠥᠭᠴᠢᠭᠰᠡᠨ ᠪᠠᠭᠠᠲᠤᠷᠴᠤᠳ ᠢ ᠰᠠᠶᠢᠰᠢᠶᠠᠬᠤ ᠪᠠ ᠨᠥᠭᠴᠢᠭᠰᠡᠨ ᠪᠠᠭᠠᠲᠤᠷᠴᠤᠳ ᠢ ᠳᠤᠷᠠᠰᠬᠠᠬᠤ ᠪᠠᠷᠢᠯᠭ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃    ︵ᠲᠠᠪᠤ︶ ᠪᠥᠬᠦ ᠬᠤᠰᠢᠭᠤᠨ ᠤ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ᠂ ᠴᠡᠷᠢᠭ ᠠᠩᠭᠢ ᠶᠢᠨ ᠴᠡᠷᠢᠭ ᠠᠴᠠ ᠬᠠᠯᠠᠭᠳᠠᠭᠰᠠᠨ ᠺᠠᠳ᠋ᠷ᠂ ᠣᠷᠣᠨ ᠨᠤᠲᠤᠭ ᠤᠨ ᠵᠠᠰᠠᠭ ᠤᠨ ᠣᠷᠳᠣᠨ ᠳᠤ ᠰᠢᠯᠵᠢᠭᠦᠯᠦᠨ ᠲᠥᠪᠬᠢᠨᠡᠭᠦᠯᠦᠭᠰᠡᠨ ᠴᠡᠷᠢᠭ ᠠᠩᠭᠢ ᠶᠢᠨ ᠠᠵᠢᠯ ᠠᠴᠠ ᠪᠠᠨ ᠠᠮᠠᠷᠠᠭᠰᠠᠨ ᠪᠠ ᠠᠵᠢᠯ ᠠᠴᠠ ᠪᠠᠨ ᠪᠠᠭᠤᠭᠰᠠᠨ ᠺᠠᠳ᠋ᠷ ᠪᠠ ᠴᠡᠷᠢᠭ ᠤᠨ ᠬᠠᠷᠢᠶ᠎ᠠ ᠥᠬᠡᠶ ᠠᠵᠢᠯ ᠠᠴᠠ ᠪᠠᠨ ᠠᠮᠠᠷᠠᠭᠰᠠᠨ᠂ ᠠᠵᠢᠯ ᠠᠴᠠ ᠪᠠᠨ ᠪᠠᠭᠤᠭᠰᠠᠨ ᠠᠵᠢᠯᠲᠠᠨ ᠠᠵᠢᠯᠴᠢᠨ ᠢ ᠲᠥᠪᠬᠢᠨᠡᠭᠦᠯᠬᠦ ᠲᠥᠷᠥ ᠶᠢᠨ ᠪᠣᠳᠣᠯᠭ᠎ᠠ ᠵᠢᠴᠢ ᠲᠥᠯᠥᠪᠯᠡᠭᠡ ᠶᠢ ᠲᠣᠭᠲᠠᠭᠠᠨ᠎ᠠ᠃ ᠪᠥᠬᠦ ᠬᠤᠰᠢᠭᠤᠨ ᠤ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠢ ᠲᠥᠪᠬᠢᠨᠡᠭᠦᠯᠬᠦ ᠪᠠ ᠪᠣᠯᠪᠠᠰᠤᠷᠠᠭᠤᠯᠵᠤ ᠠᠵᠢᠯ ᠣᠯᠭᠤᠬᠤ ᠠᠵᠢᠯ ᠢ ᠵᠢᠯᠣᠭᠤᠳᠤᠨ᠎ᠠ᠃    ︵ᠵᠢᠷᠭᠤᠭ᠎ᠠ︶ ᠪᠥᠬᠦ ᠬᠤᠰᠢᠭᠤᠨ ᠤ ᠨᠡᠶᠢᠭᠡᠮ ᠤᠨ ᠠᠰᠠᠷᠠᠮᠵᠢ ᠶᠢᠨ ᠦᠶ᠋ᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠨ᠎ᠠ᠃ ᠨᠠᠰᠤᠲᠠᠶᠢᠴᠤᠳ᠂ ᠥᠨᠥᠴᠢᠨ ᠬᠡᠦᠬᠡᠳ ᠪᠠ ᠵᠡᠮᠳᠡᠭᠴᠦᠳ ᠵᠡᠷᠭᠡ ᠣᠨᠴᠠᠭᠠᠶ ᠬᠠᠮᠲᠤᠯᠢᠭ ᠤᠨ ᠡᠷᠬᠡ ᠠᠰᠢᠭ ᠢ ᠪᠠᠲᠤᠯᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠠᠮᠢᠳᠤᠷᠠᠯ ᠨᠢ ᠨᠠᠶᠢᠳᠠᠪᠤᠷᠢ ᠥᠬᠡᠶ ᠬᠥᠮᠦᠰ ᠢ ᠠᠪᠤᠷᠠᠨ ᠲᠤᠰᠠᠯᠠᠬᠤ᠂ ᠲᠡᠨᠦᠭᠦᠯ ᠬᠡᠤᠬᠡᠳ ᠢ ᠠᠪᠤᠷᠠᠨ ᠲᠤᠰᠠᠯᠠᠬᠤ᠂ ᠥᠨᠥᠴᠢᠨ ᠬᠡᠤᠬᠡᠳ ᠢ ᠠᠰᠠᠷᠠᠨ ᠲᠡᠵᠢᠭᠡᠬᠦ ᠪᠠ ᠬᠤᠲᠠ ᠶᠢᠨ ︽ᠭᠤᠷᠪᠠ ᠥᠬᠡᠶ︾ ᠬᠥᠮᠦᠰ ᠢ ᠠᠰᠠᠷᠠᠨ ᠲᠡᠵᠢᠭᠡᠬᠦ ᠡᠭᠦᠷᠭᠡ ᠶᠢ ᠡᠭᠦᠷᠭᠡᠯᠡᠨ᠎ᠡ᠃ ᠤᠷᠤᠭ ᠤᠨ ᠪᠦᠷᠢᠳᠬᠡᠯ ᠤᠨ ᠬᠠᠮᠢᠶᠠᠷᠤᠯᠲᠠ ᠪᠠ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢ ᠬᠠᠷᠢᠭᠤᠴᠠᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠰᠠᠨᠠᠭᠠᠴᠢᠯᠠᠨ ᠶᠠᠪᠤᠭᠤᠯᠤᠨ᠎ᠠ᠃    ︵ᠳᠣᠯᠤᠭ᠎ᠠ︶ ᠬᠠᠤᠯᠢ ᠶᠣᠰᠣᠭᠠᠷ ᠪᠥᠬᠦ ᠬᠤᠰᠢᠭᠤᠨ ᠤ ᠨᠡᠶᠢᠭᠡᠮ ᠤᠨ ᠪᠦᠯᠬᠦᠮ᠂ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ᠂ ᠰᠠᠭᠤᠷᠢ ᠮᠥᠩᠭᠦᠨ ᠤ ᠨᠡᠶᠢᠭᠡᠮᠯᠢᠭ ᠤᠨ ᠡᠳᠦᠷ ᠲᠤᠲᠤᠮ ᠤᠨ ᠳᠡᠩᠰᠡᠯᠡᠨ ᠬᠠᠮᠢᠶᠠᠷᠬᠤ ᠪᠠ ᠬᠢᠨᠠᠨ ᠬᠠᠮᠢᠶᠠᠷᠬᠤ ᠠᠵᠢᠯ ᠢ ᠡᠭᠦᠷᠭᠡᠯᠡᠨ᠎ᠡ᠃    ︵ᠨᠠᠢᠮᠠ︶ ᠪᠥᠬᠦ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠲᠣᠬᠢᠷᠠᠭᠤᠯᠤᠯᠲᠠ ᠶᠢᠨ ᠮᠡᠳᠡᠭᠦᠯᠬᠦ᠂ ᠬᠢᠨᠠᠨ ᠬᠠᠷᠭᠤᠭᠤᠯᠬᠤ᠂ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠬᠠᠷᠢᠭᠤᠴᠠᠨ᠎ᠠ᠃ ᠪᠦᠭᠦ ᠬᠤᠰᠢᠭᠤᠨ ᠤ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ᠂ ᠬᠠᠮᠢᠶᠠᠷᠬᠤ ᠪᠠ ᠬᠤᠰᠢᠭᠤᠨ ᠤ ᠳᠣᠲᠣᠷᠠᠬᠢ ᠬᠢᠯᠢ ᠶᠢᠨ ᠵᠠᠭᠠᠭ ᠤᠨ ᠵᠢᠭᠤᠷᠠᠯᠳᠤᠭᠠᠨ ᠢ ᠡᠶᠡᠳᠡᠭᠦᠯᠦᠨ ᠰᠢᠶ᠋ᠳᠪᠦᠷᠢᠯᠡᠬᠦ ᠶᠢ ᠵᠣᠬᠢᠶᠠᠨ ᠪᠠᠶᠢᠭᠤᠯᠵᠤ᠂ ᠵᠣᠬᠢᠴᠠᠭᠤᠯᠵᠤ᠂ ᠵᠢᠯᠣᠭᠤᠳᠤᠨ᠎ᠠ᠃    ︵ᠶᠢᠰᠦ︶ ᠪᠥᠬᠦ ᠬᠤᠰᠢᠭᠤᠨ ᠤ ᠬᠤᠲᠠ ᠬᠥᠳᠡᠭᠡ ᠶᠢᠨ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢᠨ ᠰᠠᠨᠠᠯ ᠢ ᠲᠤᠭᠤᠷᠪᠢᠨ ᠲᠣᠭᠲᠠᠭᠠᠵᠤ᠂ ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠤᠨ᠎ᠠ᠃ ᠭᠠᠴᠠᠭ᠎ᠠ ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠵᠢᠯᠣᠭᠤᠳᠴᠤ᠂ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠥᠷᠥ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠨᠡᠶᠢᠭᠡᠮ ᠤᠨ ᠠᠵᠢᠯᠴᠢᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ ᠦᠷᠨᠢᠬᠦᠯᠦᠨ᠎ᠡ᠃    ︵ᠠᠷᠪᠠ︶ ᠬᠤᠰᠢᠭᠤᠨ ᠤ ᠨᠠᠰᠤᠲᠠᠶᠢᠴᠤᠳ ᠤᠨ ᠠᠵᠢᠯ ᠤᠨ ᠵᠥᠪᠯᠡᠯ ᠤᠨ ᠠᠯᠪᠠᠨ ᠬᠡᠷ ᠤᠨ ᠠᠵᠢᠯ ᠢ ᠡᠭᠦᠷᠭᠡᠯᠡᠨ᠎ᠡ᠃   ︵ᠠᠷᠪᠠᠨ ᠨᠢᠭᠡ︶ ᠪᠥᠬᠦ ᠬᠤᠰᠢᠭᠤᠨ ᠤ ᠠᠷᠠᠳ ᠤᠨ ᠶᠠᠪᠤᠳᠠᠯ ᠤᠨ ᠲᠥᠯᠥᠪᠯᠡᠭᠡ ᠡᠳ᠋ ᠤᠨ ᠶᠠᠪᠤᠳᠠᠯ ᠵᠢᠴᠢ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠵᠤ᠂ ᠠᠷᠠᠳ ᠤᠨ ᠶᠠᠪᠤᠳᠠᠯ ᠤᠨ ᠡᠯ᠎ᠡ ᠵᠦᠢᠯ ᠤᠨ ᠪᠠᠯᠠ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠵᠢᠯᠣᠭᠤᠳᠤᠨ ᠬᠢᠨᠠᠯᠲᠠ ᠲᠠᠯᠪᠢᠨ᠎ᠠ᠃   ︵ᠠᠷᠪᠠᠨ ᠬᠤᠶᠠᠷ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ  ᠵᠤᠶᠢᠯᠡᠰ ᠢ ᠳᠠᠭᠠᠭᠠᠨ ᠭᠦᠶ᠋ᠴᠡᠳᠬᠡᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号