| ᠬᠤᠰᠢᠭᠤᠨ ᠤ ᠵᠠᠰᠠᠭ ᠤᠨ ᠤᠷᠲᠤᠨ ᠤ ᠠᠯᠪᠠᠨ ᠭᠡᠷ ᠠᠴᠠ ᠲᠠᠷᠬᠠᠭᠠᠭᠰᠠᠨ ︹ 2015 ︺ | 113 ᠳ᠋ᠤᠭᠠᠷ ᠲᠣᠭᠠᠲᠤ | ᠡᠯ᠎ᠡ ᠰᠤᠮᠤ ᠰᠢᠶᠠᠩ ᠪᠠᠯᠭᠠᠰᠤ ︵ᠲᠠᠯᠠᠪᠠᠶ︶ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠬᠠᠷᠢᠶ᠎ᠠ | ᠡᠯ᠎ᠡ ᠰᠠᠯᠠᠭ᠎ᠠ ᠮᠥᠴᠢᠷ ᠲᠤ᠄ | ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠭᠤᠤᠯ ᠡᠭᠦᠷᠭᠡ ᠬᠠᠷᠢᠭᠤᠴᠠᠯᠭ᠎ᠠ ᠶᠢᠨ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ | ᠲᠣᠭᠲᠠᠭᠠᠯ︾ ᠢ ᠬᠤᠰᠢᠭᠤᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠬᠡᠷ ᠠᠴᠠ ᠬᠢᠨᠠᠨ | ᠬᠠᠷᠭᠤᠭᠤᠯᠵᠤ᠂ ᠬᠤᠰᠢᠭᠤᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠠᠷᠤᠮᠠᠯᠯᠠᠨ | ᠲᠠᠷᠬᠠᠭᠠᠪᠠ᠃ | 2015 ᠣᠨ ᠤ 10 ᠰᠠᠷ᠎ᠠ ᠶᠢᠨ 8 ᠤ | ᠡᠳᠦᠷ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠭᠤᠣᠯ | ᠲᠤᠰᠢᠶᠠᠯ ᠬᠠᠷᠢᠭᠤᠴᠠᠯᠭ᠎ᠠ ᠶᠢᠨ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠤᠬᠠᠶ | ᠲᠣᠭᠲᠠᠭᠠᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ︽ᠠᠶᠢᠮᠠᠭ ᠬᠤᠲᠠ᠂ ᠬᠤᠰᠢᠭᠤ ᠰᠢᠶᠠᠨ ︵ᠬᠤᠲᠠ ᠲᠣᠭᠤᠷᠢᠭ︶ ᠤ ᠵᠠᠰᠠᠭ ᠤᠨ | ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠬᠠᠶ ᠰᠠᠨᠠᠯ︾ | ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ | ᠵᠠᠬᠢᠷᠭ᠎ᠠ ᠶᠢᠨ ᠠᠯᠪᠠᠨ ᠲᠢᠩᠬᠢᠮ ᠤᠨ ︽︿ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ | ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ﹀ ᠢ | ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠪᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠬᠤᠷᠢᠶ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ︽︿ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠲᠥᠰᠦᠯ﹀ ᠢ ᠳᠠᠷᠤᠮᠠᠯᠯᠠᠨ ᠲᠠᠷᠬᠠᠭᠠᠬᠤ ᠮᠡᠳᠡᠭᠳᠡᠯ︾ ᠤᠨ ᠵᠣᠷᠢᠭ ᠰᠠᠨᠠᠭ᠎ᠠ᠂ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠢ ᠦᠯᠡᠳᠡᠭᠡᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ | ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠭᠠᠨ᠎ᠠ᠃ | ᠨᠢᠭᠡ᠂ ᠡᠭᠦᠷᠭᠡ ᠬᠠᠷᠢᠭᠤᠴᠠᠯᠭ᠎ᠠ ᠶᠢ ᠳᠣᠭᠢᠷᠠᠭᠤᠯᠤᠨ᠎ᠠ | ︵ᠨᠢᠭᠡ︶ ᠬᠦᠴᠦᠨ ᠥᠬᠡᠶ ᠪᠣᠯᠭᠠᠬᠤ ︵ᠰᠢᠯᠵᠢᠭᠦᠯᠦᠨ ᠲᠤᠰᠢᠶᠠᠬᠤ︶ ᠡᠭᠦᠷᠭᠡ ᠬᠠᠷᠢᠭᠤᠴᠠᠯᠭ᠎ᠠ ᠪᠠ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠵᠤᠶᠢᠯᠡᠰ | ︵1︶ ᠤᠯᠤᠰ ᠲᠥᠷᠥ ᠶᠢᠨ ᠠᠵᠢᠯ ᠳᠤ ᠬᠢᠨᠠᠯᠲᠠ ᠲᠠᠯᠪᠢᠬᠤ ᠲᠠᠰᠤᠭ ᠤᠨ ︽ᠳᠣᠲᠣᠭᠠᠳᠤ ᠶᠢ ᠬᠠᠮᠠᠭᠠᠯᠠᠬᠤ | ᠰᠠᠬᠢᠯᠭ᠎ᠠ ᠪᠠᠲᠤ ᠪᠠᠶᠢᠴᠠᠭᠠᠬᠤ᠂ ᠬᠢᠨᠠᠨ ᠪᠠᠶᠢᠴᠠᠭᠠᠬᠤ᠂ ᠬᠢᠨᠠᠨ ᠪᠤᠳᠤᠬᠤ ᠠᠵᠢᠯ ᠢ ᠬᠠᠷᠢᠭᠤᠴᠠᠬᠤ︾ ᠡᠭᠦᠷᠭᠡ | ᠬᠠᠷᠢᠭᠤᠴᠠᠯᠭ᠎ᠠ ᠶᠢ ᠬᠢᠨᠠᠨ ᠪᠠᠶᠢᠴᠠᠭᠠᠬᠤ ᠶᠡᠭᠡ ᠠᠩᠭᠢ ᠳᠤ ᠰᠢᠯᠵᠢᠭᠦᠯᠦᠨ ᠲᠤᠰᠢᠶᠠᠨ᠎ᠠ᠃ | ︵2︶ ᠵᠢᠯᠣᠭᠤᠳᠬᠤ ᠲᠥᠪ ᠤᠨ ︽ᠳᠣᠲᠣᠭᠠᠳᠤ ᠶᠢ ᠬᠠᠮᠠᠭᠠᠯᠠᠬᠤ ᠨᠢᠭᠤᠴᠠ ᠮᠡᠳᠡᠭᠡ ᠵᠠᠩᠭᠢ ᠶᠢ | ᠴᠤᠭᠯᠠᠭᠤᠯᠬᠤ᠂ ᠬᠤᠷᠢᠶᠠᠩᠭᠤᠶᠢᠯᠠᠬᠤ ᠪᠠ ᠰᠤᠳᠤᠯᠤᠨ ᠮᠠᠭᠠᠳᠯᠠᠬᠤ ᠠᠵᠢᠯ ᠢ ᠬᠠᠷᠢᠭᠤᠴᠠᠬᠤ︾ ᠡᠭᠦᠷᠭᠡ | ᠬᠠᠷᠢᠭᠤᠴᠠᠯᠭ᠎ᠠ ᠶᠢ ᠨᠢᠭᠤᠴᠠ ᠮᠡᠳᠡᠭᠡᠨ ᠤ ᠲᠥᠪ ᠲᠤ ᠰᠢᠯᠵᠢᠭᠦᠯᠦᠨ ᠲᠤᠰᠢᠶᠠᠨ᠎ᠠ᠃ | ︵3︶ ᠡᠷᠡᠭᠦᠤ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠭᠡ ᠠᠩᠭᠢ ᠶᠢᠨ ︽ᠬᠤᠰᠢᠭᠤᠨ ᠤ ᠬᠤᠤᠷ | ᠴᠠᠭᠠᠵᠠᠯᠠᠬᠤ ᠵᠥᠪᠯᠡᠯ ᠤᠨ ᠡᠳᠦᠷ ᠲᠤᠲᠤᠮ ᠤᠨ ᠠᠵᠢᠯ ᠢ ᠡᠭᠦᠷᠭᠡᠯᠡᠬᠦ︾ ᠡᠭᠦᠷᠭᠡ ᠬᠠᠷᠢᠭᠤᠴᠠᠯᠭ᠎ᠠ ᠶᠢ ᠬᠤᠤᠷ | ᠴᠠᠭᠠᠵᠠᠯᠠᠬᠤ ᠶᠡᠭᠡ ᠠᠩᠭᠢ ᠳᠤ ᠲᠤᠰᠢᠶᠠᠨ᠎ᠠ᠃ | ︵4︶ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ ᠶᠢᠨ ︽ᠡᠷᠦᠬᠡ ᠠᠮᠠ ᠶᠢᠨ ᠶᠠᠪᠤᠳᠠᠯ ᠤᠨ | ᠬᠠᠮᠢᠶᠠᠷᠤᠯᠲᠠ᠂ ᠬᠢᠯᠢ ᠪᠠᠷ ᠣᠷᠣᠵᠤ ᠭᠠᠷᠬᠤ ᠶᠢᠨ ᠬᠠᠮᠢᠶᠠᠷᠤᠯᠲᠠ᠂ ᠣᠯᠠᠨ ᠨᠡᠶᠢᠲᠡ ᠶᠢᠨ ᠮᠡᠳᠡᠭᠡ ᠵᠠᠩᠭᠢ ᠶᠢᠨ | ᠰᠦᠯᠵᠢᠶᠡᠨ ᠤ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢᠨ ᠠᠵᠢᠯ︾ ᠤᠨ ᠡᠭᠦᠷᠭᠡ ᠬᠠᠷᠢᠭᠤᠴᠠᠯᠭ᠎ᠠ ᠶᠢ ᠡᠷᠦᠬᠡ | ᠠᠮᠠ ᠶᠢᠨ ᠶᠠᠪᠤᠳᠠᠯ ᠤᠨ ᠶᠡᠭᠡ ᠠᠩᠭᠢ᠂ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠶᠡᠭᠡ ᠠᠩᠭᠢ᠂ | ᠰᠦᠯᠵᠢᠶᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠶᠡᠭᠡ ᠠᠩᠭᠢ ᠳᠤ ᠰᠢᠯᠵᠢᠭᠦᠯᠦᠨ ᠲᠤᠰᠢᠶᠠᠨ᠎ᠠ᠃ | ︵5︶ ᠬᠢᠨᠠᠨ ᠬᠠᠮᠢᠶᠠᠷᠬᠤ ᠶᠡᠭᠡ ᠠᠩᠭᠢ ᠶᠢᠨ ︽ᠠᠮᠤᠷ ᠢ ᠬᠠᠮᠠᠭᠠᠯᠠᠬᠤ ᠲᠦᠷ ᠬᠤᠷᠢᠬᠤ ᠪᠠ ᠬᠠᠤᠯᠢ | ᠴᠠᠭᠠᠵᠠ ᠶᠢᠨ ᠲᠦᠷ ᠬᠤᠷᠢᠬᠤ ᠠᠵᠢᠯᠯᠠᠭᠠᠲᠤ ᠬᠥᠮᠦᠨ ᠢ ᠬᠤᠷᠢᠬᠤ ᠪᠠ ᠬᠠᠮᠢᠶᠠᠷᠬᠤ ᠠᠵᠢᠯ︾ ᠤᠨ ᠲᠤᠰᠢᠶᠠᠯ | ᠬᠠᠷᠢᠭᠤᠴᠠᠯᠭ᠎ᠠ ᠶᠢ ᠠᠮᠤᠷ ᠢ ᠬᠠᠮᠠᠭᠠᠯᠠᠬᠤ ᠲᠦᠷ ᠬᠤᠷᠢᠬᠤ ᠭᠠᠵᠠᠷ ᠲᠤ ᠰᠢᠯᠵᠢᠭᠦᠯᠦᠨ ᠲᠤᠰᠢᠶᠠᠨ᠎ᠠ᠃ | ︵ᠬᠤᠶᠠᠷ︶ ᠨᠡᠮᠡᠭᠳᠡᠭᠦᠯᠬᠦ ᠪᠤᠶᠤ ᠴᠢᠩᠭᠠᠳᠬᠠᠬᠤ ᠡᠭᠦᠷᠭᠡ ᠬᠠᠷᠢᠭᠤᠴᠠᠯᠭ᠎ᠠ | ︵1︶ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ ᠶᠢᠨ ᠡᠭᠦᠷᠭᠡ ᠬᠠᠷᠢᠭᠤᠴᠠᠯᠭ᠎ᠠ ᠳᠤ ᠠᠮᠤᠷ ᠢ | ᠬᠠᠮᠠᠭᠠᠯᠠᠬᠤ ᠬᠠᠮᠢᠶᠠᠷᠤᠯᠲᠠ ᠶᠢᠨ 105 ᠵᠦᠢᠯ ᠤᠨ ᠡᠷᠡᠭᠦᠦ ᠶᠢᠨ ᠬᠡᠷᠡᠭ ᠢ ᠲᠠᠩᠨᠠᠨ ᠢᠯᠡᠷᠡᠭᠦᠯᠬᠦ ᠶᠢ ᠬᠠᠷᠢᠭᠤᠴᠠᠬᠤ | ᠡᠭᠦᠷᠭᠡ ᠨᠡᠮᠡᠪᠡ᠃ | ︵2︶ ᠵᠢᠯᠣᠭᠤᠳᠬᠤ ᠲᠥᠪ ᠤᠨ ᠴᠢᠩᠭᠠᠳᠬᠠᠬᠤ ᠡᠭᠦᠷᠭᠡ ᠬᠠᠷᠢᠭᠤᠴᠠᠯᠭ᠎ᠠ ᠨᠢ ︽ᠠᠮᠤᠷ ᠢ ᠬᠠᠮᠠᠭᠠᠯᠠᠬᠤ | ᠬᠥᠳᠡᠯᠦᠩᠭᠦᠶ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ᠂ ᠬᠠᠷᠠᠭᠠᠨ | ᠳᠠᠪᠲᠠᠮᠵᠢ ᠶᠢᠨ ᠬᠤᠷᠠᠯ ᠤᠨ ᠰᠢᠰᠲ᠋ᠧᠮ ᠤᠨ ᠠᠵᠢᠯᠯᠠᠭᠠᠨ ᠢ ᠪᠠᠲᠤᠯᠠᠬᠤ ᠠᠵᠢᠯ ᠢ ᠬᠠᠷᠢᠭᠤᠴᠠᠨ᠎ᠠ᠃ ᠲᠣᠪᠴᠢᠶ᠎ᠠ ᠶᠢᠨ | ᠪᠠᠶᠢᠭᠤᠯᠭ᠎ᠠ ᠶᠢᠨ ᠮᠡᠳᠡᠭᠡ ᠵᠠᠩᠭᠢ ᠴᠢᠮᠡᠭᠡ ᠨᠡᠪᠲᠡᠷᠡᠯᠭᠡ ᠶᠢᠨ ᠲᠥᠬᠦᠭᠡᠷᠦᠮᠵᠢ ᠶᠢ ᠬᠠᠮᠠᠭᠠᠯᠠᠬᠤ ᠶᠢ ᠬᠠᠷᠢᠭᠤᠴᠠᠵᠤ᠂ | ᠳᠣᠲᠣᠭᠠᠳᠤ ᠶᠢ ᠬᠠᠮᠠᠭᠠᠯᠠᠬᠤ ᠭᠤᠷᠪᠠᠳᠤᠭᠠᠷ᠂ ᠳᠥᠷᠪᠡᠳᠦᠭᠡᠷ ᠱᠠᠲᠤᠨ ᠤ ᠰᠦᠯᠵᠢᠶ᠎ᠡ ᠶᠢᠨ ᠬᠡᠪ ᠤᠨ ᠠᠵᠢᠯᠯᠠᠭᠠᠨ ᠢ | ᠪᠠᠲᠤᠯᠠᠨ᠎ᠠ︾᠃ | ︵3︶ ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠶᠢᠨ ᠲᠠᠰᠤᠭ ᠤᠨ ᠴᠢᠩᠭᠠᠳᠬᠠᠬᠤ ᠡᠭᠦᠷᠭᠡ | ᠬᠠᠷᠢᠭᠤᠴᠠᠯᠭ᠎ᠠ ᠳᠤ ︽ᠲᠣᠪᠴᠢᠶ᠎ᠠ ᠶᠢᠨ ᠪᠠᠶᠢᠭᠤᠯᠭ᠎ᠠ ᠶᠢᠨ ᠡᠳ᠋ ᠪᠣᠳᠠᠰ᠂ ᠦᠨᠳᠦᠰᠦᠨ ᠪᠥᠲᠥᠭᠡᠨ ᠪᠠᠶᠢᠭᠤᠯᠤᠯᠲᠠ᠂ | ᠬᠡᠷ ᠬᠥᠷᠥᠩᠭᠡ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠠ | ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠠᠵᠢᠯ︾ ᠵᠡᠷᠭᠡ ᠪᠣᠶ᠃ | ︵4︶ ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠶᠢᠨ ᠲᠠᠰᠤᠭ ᠤᠨ ᠰᠢᠨ᠎ᠡ ᠪᠠᠷ ᠨᠡᠮᠡᠭᠰᠡᠨ ᠲᠤᠰᠢᠶᠠᠯ | ᠬᠠᠷᠢᠭᠤᠴᠠᠯᠭ᠎ᠠ ᠨᠢ ︽ᠪᠠᠲᠤᠯᠠᠭ᠎ᠠ ᠠᠪᠴᠤ ᠰᠢᠭᠦᠬᠦ ᠶᠢ ᠬᠦᠯᠢᠶᠡᠯᠭᠡᠬᠦ ᠪᠠᠲᠤᠯᠠᠭ᠎ᠠ ᠶᠢᠨ ᠮᠥᠩᠭᠦ ᠶᠢᠨ ᠬᠠᠮᠢᠶᠠᠷᠤᠯᠲᠠ︾ | ᠪᠣᠯᠤᠨ᠎ᠠ᠃ | ︵5︶ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠴᠠᠭᠳᠠᠨ ᠲᠣᠭᠤᠷᠢᠬᠤ ᠶᠡᠭᠡ ᠠᠩᠭᠢ ᠶᠢᠨ ᠰᠢᠨ᠎ᠡ ᠪᠠᠷ | ᠨᠡᠮᠡᠭᠰᠡᠨ ᠲᠤᠰᠢᠶᠠᠯ ᠬᠠᠷᠢᠭᠤᠴᠠᠯᠭ᠎ᠠ ᠭᠡᠪᠡᠯ ︽ᠴᠠᠭᠳᠠᠭ᠎ᠠ ᠶᠢ ᠬᠦᠯᠢᠶᠡᠨ ᠠᠪᠴᠤ ᠰᠢᠢᠳᠪᠦᠷᠢᠯᠡᠬᠦ᠂ ᠵᠢᠯᠣᠭᠤᠳᠤᠨ | ᠵᠣᠬᠢᠴᠠᠭᠤᠯᠬᠤ᠂ ᠠᠪᠤᠷᠠᠨ ᠲᠤᠰᠠᠯᠠᠬᠤ ᠦᠢᠯᠡᠴᠢᠯᠡᠭᠡ ᠬᠠᠩᠭᠠᠬᠤ ᠪᠠ ᠪᠠᠴᠢᠮ ᠴᠠᠭᠳᠠᠭᠠᠨ ᠤ ᠶᠠᠪᠤᠳᠠᠯ ᠢ | ᠰᠢᠢᠳᠪᠦᠷᠢᠯᠡᠬᠦ᠂ ᠵᠠᠮ ᠳᠡᠭᠡᠷ᠎ᠡ ᠭᠡᠨᠡᠳᠲᠡ ᠡᠭᠦᠰᠦᠭᠰᠡᠨ ᠠᠮᠤᠷ ᠢ ᠬᠠᠮᠠᠭᠠᠯᠠᠬᠤ᠂ ᠡᠷᠡᠭᠦᠦ ᠶᠢᠨ ᠬᠡᠷᠡᠭ ︵ᠬᠡᠷᠡᠭ︶ | ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠬᠤ︾ ᠵᠡᠷᠭᠡ ᠪᠣᠯᠤᠨ᠎ᠠ᠃ | ᠬᠤᠶᠠᠷ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠳᠣᠲᠣᠭᠠᠳᠤ ᠶᠢ ᠬᠠᠮᠠᠭᠠᠯᠠᠬᠤ ᠠᠵᠢᠯ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠪᠠ | ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠠᠵᠢᠯ ᠤᠨ ᠲᠥᠯᠥᠪᠯᠡᠭᠡ ᠶᠢ ᠰᠤᠳᠤᠯᠤᠨ ᠲᠣᠭᠲᠠᠭᠠᠵᠤ᠂ ᠪᠥᠬᠦ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠠᠵᠢᠯ ᠢ ᠪᠠᠶᠢᠷᠢᠯᠠᠭᠤᠯᠤᠨ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠶᠠᠷ︶ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠣᠭᠲᠠᠭᠤᠨ ᠪᠠᠶᠢᠳᠠᠯ ᠢ ᠨᠥᠯᠥᠭᠡᠯᠡᠵᠦ᠂ | ᠤᠯᠤᠰ ᠤᠨ ᠳᠣᠲᠣᠭᠠᠳᠤ ᠶᠢᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠦᠪᠰᠢᠨ ᠢ ᠬᠤᠬᠢᠷᠠᠭᠤᠯᠵᠤ ᠪᠠᠶᠢᠭ᠎ᠠ | ᠪᠠᠶᠢᠳᠠᠯ ᠢ ᠡᠵᠡᠮᠰᠢᠨ᠂ ᠪᠠᠶᠢᠳᠠᠯ ᠢ ᠵᠠᠳᠠᠯᠵᠤ᠂ ᠠᠷᠭ᠎ᠠ ᠪᠣᠳᠣᠯᠭ᠎ᠠ ᠲᠣᠭᠲᠠᠭᠠᠨ᠎ᠠ᠃ | ︵ᠭᠤᠷᠪᠠ︶ ᠪᠥᠬᠦ ᠬᠤᠰᠢᠭᠤᠨ ᠤ ᠤᠯᠤᠰ ᠤᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ | ᠬᠡᠷᠡᠭ᠂ ᠡᠷᠡᠭᠦᠤ ᠶᠢᠨ ᠬᠡᠷᠡᠭ᠂ ᠠᠵᠤ ᠠᠬᠤᠶ ᠶᠢᠨ ᠶᠠᠯᠠᠲᠤ ᠬᠡᠷᠡᠭ᠂ ᠠᠮᠤᠷ ᠲᠦᠪᠰᠢᠨ ᠤ ᠬᠡᠷᠡᠭ᠂ ᠵᠠᠮ | ᠬᠠᠷᠢᠯᠴᠠᠭᠠᠨ ᠤ ᠠᠳᠡᠯ ᠢ ᠲᠤᠷᠰᠢᠨ ᠪᠠᠶᠢᠴᠠᠭᠠᠬᠤ᠂ ᠰᠤᠳᠤᠯᠤᠨ ᠪᠠᠶᠢᠴᠠᠭᠠᠬᠤ ᠶᠢ ᠬᠠᠷᠢᠭᠤᠴᠠᠨ᠎ᠠ᠃ ᠴᠢᠬᠤᠯᠠ ᠶᠡᠭᠡ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠬᠦᠨᠳᠦ ᠶᠡᠭᠡ ᠦᠢᠮᠡᠭᠡᠨ᠂ ᠠᠮᠤᠷ ᠲᠦᠪᠰᠢᠨ ᠤ ᠬᠦᠨᠳᠦ | ᠶᠡᠭᠡ ᠡ᠊ᠨᠳᠡᠯ ᠢ ᠵᠣᠬᠢᠴᠠᠭᠤᠯᠤᠨ ᠰᠢᠢᠳᠪᠦᠷᠢᠯᠡᠨ᠎ᠡ᠃ | ︵ᠳᠥᠷᠪᠡ︶ ᠨᠡᠶᠢᠭᠡᠮ ᠤᠨ ᠠᠮᠤᠷ ᠲᠦᠪᠰᠢᠨ᠂ ᠡᠷᠦᠬᠡ ᠠᠮᠠ ᠶᠢᠨ ᠲᠠᠩᠰᠠ᠂ ᠰᠠᠭᠤᠭᠠᠯᠢ ᠠᠷᠠᠳ ᠤᠨ | ᠪᠡᠶ᠎ᠡ ᠶᠢᠨ ᠦᠨᠡᠮᠯᠡᠯ᠂ ᠬᠢᠯᠢ ᠶᠢᠨ ᠬᠠᠮᠠᠭᠠᠯᠠᠯᠲᠠ ᠪᠠ ᠬᠢᠯᠢ ᠪᠠᠷ ᠣᠷᠣᠵᠤ ᠭᠠᠷᠬᠤ ᠠᠵᠢᠯ ᠢ ᠬᠠᠤᠯᠢ ᠶᠣᠰᠣᠭᠠᠷ | ᠬᠠᠮᠢᠶᠠᠷᠤᠨ᠎ᠠ᠃ | ︵ᠲᠠᠪᠤ︶ ᠪᠥᠬᠦ ᠬᠤᠰᠢᠭᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠮᠢᠶᠠᠷᠴᠤ᠂ ᠵᠠᠮ ᠬᠠᠷᠢᠯᠴᠠᠭᠠᠨ ᠤ | ᠡᠮᠬᠢ ᠳᠢᠭᠯᠢᠮ ᠢ ᠬᠠᠮᠠᠭᠠᠯᠠᠨ᠎ᠠ᠃ | ︵ᠵᠢᠷᠭᠤᠭ᠎ᠠ︶ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠮᠤᠷ | ᠲᠦᠪᠰᠢᠨ ᠢ ᠬᠠᠮᠠᠭᠠᠯᠠᠬᠤ ᠠᠵᠢᠯ ᠵᠢᠴᠢ ᠤᠯᠠᠨ ᠲᠦᠮᠡᠨᠴᠢ ᠴᠢᠨᠠᠷᠲᠠᠶ ᠠᠮᠤᠷ ᠲᠦᠪᠰᠢᠨ ᠢ ᠬᠠᠮᠠᠭᠠᠯᠠᠬᠤ ᠵᠣᠬᠢᠶᠠᠨ | ᠪᠠᠶᠢᠭᠤᠯᠤᠯᠲᠠ ᠶᠢᠨ ᠠᠮᠤᠷ ᠲᠦᠪᠰᠢᠨ ᠢ ᠬᠠᠮᠠᠭᠠᠯᠠᠬᠤ ᠰᠡᠷᠭᠡᠶᠢᠯᠡᠯᠲᠡ ᠶᠢᠨ ᠠᠵᠢᠯ ᠳᠤ ᠬᠠᠤᠯᠢ ᠶᠣᠰᠣᠭᠠᠷ ᠬᠢᠨᠠᠯᠲᠠ | ᠲᠠᠯᠪᠢᠨ ᠲᠡᠭᠦᠨ ᠢ ᠵᠢᠯᠣᠭᠤᠳᠴᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠮᠤᠷ ᠲᠦᠪᠰᠢᠨ ᠢ | ᠬᠠᠮᠠᠭᠠᠯᠠᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ | ︵ᠲᠤᠯᠤᠭ᠎ᠠ︶ ᠬᠢᠨᠠᠨ ᠬᠠᠮᠢᠶᠠᠷᠬᠤ ᠭᠠᠵᠠᠷ ᠲᠠᠯᠠᠪᠤᠷ ᠤᠨ ᠪᠥᠳᠥᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ᠎ᠠ᠃ | ︵ᠨᠠᠢᠮᠠ︶ ᠨᠠᠮ ᠪᠠ ᠲᠦᠷᠦ ᠶᠢᠨ ᠤᠳᠤᠷᠢᠳᠬᠤ ᠬᠥᠮᠦᠰ ᠵᠢᠴᠢ ᠭᠠᠳᠠᠭᠠᠳᠤ ᠶᠢᠨ ᠴᠢᠬᠤᠯᠠ ᠵᠣᠴᠢᠳ ᠢ | ᠰᠡᠷᠭᠡᠶᠢᠯᠡᠨ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵ᠶᠢᠰᠦ︶ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠬᠢᠯᠢ ᠶᠢᠨ ᠬᠠᠮᠠᠭᠠᠯᠠᠯᠲᠠ᠂ ᠭᠠᠯ ᠤᠨᠲᠠᠷᠠᠭᠠᠬᠤ | ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ | ︵ᠠᠷᠪᠠ︶ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠵᠢᠴᠢ | ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠬᠥᠮᠦᠵᠢᠯ ᠪᠣᠯᠪᠠᠰᠤᠷᠠᠯ ᠤᠨ ᠠᠵᠢᠯ ᠢ ᠬᠠᠷᠢᠭᠤᠴᠠᠵᠤ᠂ | ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ | ᠪᠠ ᠰᠢᠮᠳᠠᠭᠤᠯᠤᠨ ᠰᠢᠢᠳᠪᠦᠷᠢᠯᠡᠨ᠎ᠡ᠃ | ︵ᠠᠷᠪᠠᠨ ᠨᠢᠭᠡ︶ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠬᠠᠮᠠᠭᠠᠯᠠᠯᠲᠠ ᠶᠢᠨ ᠪᠠᠶᠢᠭᠤᠯᠭ᠎ᠠ ᠶᠢᠨ | ᠵᠡᠪᠰᠡᠭ ᠲᠣᠨᠣᠭᠯᠠᠯ ᠤᠨ ᠬᠠᠮᠢᠶᠠᠷᠤᠯᠲᠠ ᠵᠢᠴᠢ ᠳᠣᠲᠣᠭᠠᠳᠤ ᠶᠢ ᠬᠠᠮᠠᠭᠠᠯᠠᠬᠤ ᠬᠠᠮᠠᠭᠠᠯᠠᠯᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠳᠡᠯᠭᠡᠷᠡᠭᠦᠯᠦᠯᠲᠡ ᠪᠠ ᠬᠡᠷᠡᠭᠯᠡᠯᠲᠡ ᠶᠢ ᠴᠢᠩᠭᠠᠳᠬᠠᠬᠤ ᠶᠢ ᠬᠠᠷᠢᠭᠤᠴᠠᠨ᠎ᠠ᠃ | ︵ᠠᠷᠪᠠᠨ ᠬᠤᠶᠠᠷ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠰᠢᠶᠠᠭᠰᠠᠨ ᠪᠤᠰᠤᠳ ᠶᠠᠪᠤᠳᠠᠯ ᠢ ᠳᠠᠭᠠᠭᠠᠨ ᠭᠦᠢᠴᠡᠳᠭᠡᠨ᠎ᠡ᠃ |