︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ ᠶᠢᠨ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ︾ ᠢ ᠳᠠᠷᠤᠮᠠᠯᠯᠠᠨ ᠶᠠᠪᠤᠭᠤᠯᠬᠤ ᠲᠤᠬᠠᠶ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/4/12
                  ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠠᠴᠠ ᠲᠠᠷᠬᠠᠭᠠᠭᠰᠠᠨ ︹ 2015 ︺ 116 ᠳ᠋ᠤᠭᠠᠷ ᠲᠣᠭᠠᠲᠤᠡᠯ᠎ᠡ ᠰᠤᠮᠤ ᠰᠢᠶᠠᠩ ᠪᠠᠯᠭᠠᠰᠤ ︵ᠲᠠᠯᠠᠪᠠᠶ︶ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠬᠠᠷᠢᠶ᠎ᠠ ᠡᠯ᠎ᠡ ᠰᠠᠯᠠᠭ᠎ᠠ ᠮᠥᠴᠢᠷ ᠲᠤ᠄    ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ ᠶᠢᠨ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ︾ ᠢ ᠬᠤᠰᠢᠭᠤᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠬᠡᠷ ᠠᠴᠠ ᠬᠢᠨᠠᠨ ᠬᠠᠷᠭᠤᠭᠤᠯᠵᠤ᠂ ᠬᠤᠰᠢᠭᠤᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠠᠷᠤᠮᠠᠯᠯᠠᠨ ᠲᠠᠷᠬᠠᠭᠠᠪᠠ᠃                                                                   2015 ᠣᠨ ᠤ 10 ᠰᠠᠷ᠎ᠠ ᠶᠢᠨ 8 ᠤ ᠡᠳᠦᠷᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠭᠤᠣᠯ ᠲᠤᠰᠢᠶᠠᠯ ᠬᠠᠷᠢᠭᠤᠴᠠᠯᠭ᠎ᠠ ᠶᠢᠨ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠤᠬᠠᠶ ᠲᠣᠭᠲᠠᠭᠠᠯ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ  ᠵᠠᠰᠠᠭ ᠤᠨ ᠣᠷᠳᠣᠨ︽ ᠠᠶᠢᠮᠠᠭ ᠬᠤᠲᠠ ᠶᠢᠨ ᠲᠤᠬᠠᠶ᠂ ᠬᠤᠰᠢᠭᠤ ᠰᠢᠶᠠᠨ ︵ᠬᠤᠲᠠ ᠲᠣᠭᠤᠷᠢᠭ︶ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠬᠠᠶ ᠰᠠᠨᠠᠯ︾ ︵ᠥᠪᠥᠷ ᠮᠤᠩᠭᠤᠯ ᠤᠨ ᠨᠠᠮ ᠤᠨ ᠬᠤᠷᠢᠶ᠎ᠠ ᠠᠴᠠ ᠲᠠᠷᠬᠠᠭᠠᠭᠰᠠᠨ ﹇2014﹈ 9 ᠳ᠋ᠤᠭᠡᠷ ᠲᠣᠭᠠᠲᠤ︶᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠠᠬᠢᠷᠭ᠎ᠠ ᠶᠢᠨ ᠠᠯᠪᠠᠨ ᠲᠢᠩᠬᠢᠮ ᠤᠨ ︽︿ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠠᠯᠪᠠᠨ ᠭᠡᠷ ᠠᠴᠠ ᠲᠠᠷᠬᠠᠭᠠᠭᠰᠠᠨ ︹ 2015 ︺ 4 ᠳ᠋ᠤᠭᠡᠷ ᠲᠣᠭᠠᠲᠤ︶ ᠪᠠ  ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠢᠶ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽︿ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ﹀ ᠢ ᠳᠠᠷᠤᠮᠠᠯᠯᠠᠨ ᠲᠠᠷᠬᠠᠭᠠᠬᠤ ᠮᠡᠳᠡᠭᠳᠡᠯ︾ ︵ᠬᠤᠰᠢᠭᠤᠨ ᠤ ᠨᠠᠮ ᠤᠨ ᠬᠤᠷᠢᠶ᠎ᠠ ᠠᠴᠠ ᠲᠠᠷᠬᠠᠭᠠᠭᠰᠠᠨ ︹ 2015 ︺ 41 ᠳ᠋ᠤᠭᠡᠷ ᠲᠣᠭᠠᠲᠤ︶ ᠤᠨ ᠵᠣᠷᠢᠭ ᠰᠠᠨᠠᠭ᠎ᠠ᠂ ᠡᠳ᠋ ᠤᠨ ᠵᠠᠰᠠᠭ ᠤᠨ ᠲᠣᠪᠴᠢᠶ᠎ᠠ  ᠶᠢ ᠦᠯᠡᠳᠡᠭᠡᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠭᠠᠨ᠎ᠠ᠃     ᠨᠢᠭᠡ᠂ ᠡᠭᠦᠷᠭᠡ ᠬᠠᠷᠢᠭᠤᠴᠠᠯᠭ᠎ᠠ ᠶᠢᠨ ᠲᠣᠬᠢᠷᠠᠭᠤᠯᠤᠯᠲᠠ   ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢ ᠬᠥᠭᠵᠢᠭᠦᠯᠬᠦ ᠪᠠ ᠣᠯᠠᠨ ᠨᠡᠶᠢᠲᠡ ᠶᠢᠨ ᠡᠳ᠋ ᠤᠨ ᠵᠠᠰᠠᠭ ᠢ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ᠨᠢ ᠡᠬᠢ ᠪᠠᠶᠠᠯᠢᠭ ᠤᠨ ᠲᠤᠭᠢᠷᠠᠭᠤᠯᠤᠯᠲᠠ ᠶᠢ ᠰᠢᠯᠢᠳᠡᠭᠵᠢᠭᠦᠯᠬᠦ᠂ ᠣᠷᠣᠯᠭ᠎ᠠ ᠶᠢᠨ ᠬᠤᠪᠢᠶᠠᠷᠢᠯᠠᠯᠲᠠ ᠶᠢ ᠲᠣᠬᠢᠷᠠᠭᠤᠯᠬᠤ᠂ ᠨᠡᠶᠢᠭᠡᠮ ‍ᠤᠨ‌ᠡᠳ᠋ ᠤᠨ ᠬᠦᠴᠦᠨ ᠢ ᠲᠡᠩᠴᠡᠭᠦᠯᠬᠦ ᠪᠠᠷ ᠭᠤᠣᠯᠳᠠᠯᠭ᠎ᠠ ᠪᠣᠯᠭᠠᠨ᠂ ᠡᠳ᠋ ᠤᠨ ᠵᠠᠰᠠᠭ ᠤᠨ ᠬᠤᠷᠸ᠎ᠠ ᠲᠤᠭᠢᠷᠡᠭᠤᠯᠤᠯ ᠡᠵᠡᠮᠳᠡᠯ ᠤᠨ ᠡᠭᠦᠷᠭᠡ ᠴᠢᠳᠠᠪᠤᠷᠢ ᠶᠢ ᠴᠢᠩᠭᠠᠳᠬᠠᠨ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠪᠣᠯᠤᠨ‌ᠡᠳ᠋ ᠤᠨ ᠶᠠᠪᠤᠳᠠᠯ ᠢ ᠶᠡᠷᠦᠩᠬᠡᠶᠢᠯᠡᠨ ᠬᠠᠮᠢᠶᠠᠷᠴᠤ᠂ ᠪᠢᠴᠢᠯ ᠠᠵᠤ ᠠᠬᠤᠶ ᠶᠢᠨ ᠬᠠᠮᠢᠶᠠᠷᠤᠯᠲᠠ ᠶᠢ ᠰᠤᠯᠠᠷᠠᠭᠤᠯᠤᠨ᠂ ᠬᠢᠨᠠᠨ ᠵᠥᠪᠰᠢᠶᠡᠷᠡᠬᠦ᠂ ᠬᠢᠨᠠᠨ ᠬᠠᠷᠭᠤᠭᠤᠯᠬᠤ ᠶᠠᠪᠤᠳᠠᠯ ᠢ ᠪᠠᠭᠠᠰᠬᠠᠵᠤ᠂ ᠣᠷᠣᠯᠭ᠎ᠠ ᠵᠠᠷᠤᠯᠭ᠎ᠠ ᠶᠢᠨ ᠪᠦᠲᠦᠴᠡ ᠶᠢ ᠰᠢᠯᠤᠭᠤᠳᠬᠠᠨ᠎ᠠ᠃ ᠡᠷᠬᠡ ᠬᠠᠷᠢᠭᠤᠴᠠᠯᠭ᠎ᠠ ᠨᠢ ᠲᠣᠳᠣᠷᠬᠠᠶ᠂ ᠠᠵᠢᠯᠯᠠᠭ᠎ᠠ ᠨᠢ ᠵᠣᠬᠢᠴᠠᠩᠭᠤᠶ᠂ ᠠᠵᠢᠯ ᠨᠢ ᠥᠨᠳᠥᠷ ᠪᠦᠲᠦᠮᠵᠢᠲᠡᠶ᠂ ᠦᠢᠯᠡ ᠠᠵᠢᠯᠯᠠᠭ᠎ᠠ ᠨᠢ ᠵᠢᠷᠤᠮᠵᠢᠭᠰᠠᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠡᠳ᠋ ᠤᠨ ᠵᠠᠰᠠᠭ ᠤᠨ ᠣᠷᠣᠯᠭ᠎ᠠ ᠶᠢᠨ ᠵᠦᠶ ᠵᠣᠬᠢᠰᠲᠠᠶ ᠨᠡᠮᠡᠭᠳᠡᠯ ᠢ ᠪᠠᠲᠤᠯᠠᠨ᠂ ᠪᠥᠬᠦ ᠬᠤᠰᠢᠭᠤᠨ ᠤ ᠠᠵᠤ ᠠᠬᠤᠶ ᠶᠢᠨ ᠲᠣᠭᠲᠠᠭᠤᠨ᠂ ᠲᠦᠷᠭᠡᠨ ᠬᠥᠭᠵᠢᠯᠲᠡ ᠶᠢ ᠠᠬᠢᠭᠤᠯᠤᠨ᠎ᠠ᠃   ︵ᠨᠢᠭᠡ︶ ᠲᠥᠰᠦᠪ ᠤᠨ ᠬᠠᠮᠢᠶᠠᠷᠤᠯᠲᠠ ᠶᠢ ᠥᠭᠡᠷᠡᠴᠢᠯᠡᠨ ᠲᠡᠭᠦᠯᠳᠡᠷᠵᠢᠭᠦᠯᠦᠨ᠎ᠡ᠃ ᠲᠥᠰᠦᠪ ᠤᠨ ᠬᠠᠮᠢᠶᠠᠷᠤᠯᠲᠠ ᠬᠢᠭᠡᠳ ᠡᠳ᠋ ᠬᠦᠷᠦᠩᠭᠡ ᠶᠢᠨ ᠬᠠᠮᠢᠶᠠᠷᠤᠯᠲᠠ᠂ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠤᠭᠰᠠᠨ ᠰᠠᠯᠠᠭ᠎ᠠ ᠮᠥᠴᠢᠷ ᠤᠨ ᠲᠥᠰᠦᠪ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠦᠷᠢᠮ ᠢ ᠠᠯᠬᠤᠮ ᠠᠯᠬᠤᠮ ᠢᠶᠠᠷ ᠪᠠᠶᠢᠭᠤᠯᠵᠤ᠂ ᠲᠥᠰᠦᠪ ᠢ ᠨᠠᠶᠢᠷᠠᠭᠤᠯᠤᠨ ᠵᠣᠬᠢᠶᠠᠬᠤ ᠶᠠᠪᠤᠴᠠ ᠳᠠᠬᠢ ᠡᠯ᠎ᠡ ᠰᠠᠯᠠᠭ᠎ᠠ ᠮᠥᠴᠢᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠷᠤᠯᠭ᠎ᠠ ᠶᠢᠨ ᠪᠠᠷᠢᠮᠵᠢᠶ᠎ᠠ ᠶᠢ ᠲᠡᠭᠦᠯᠳᠡᠷᠵᠢᠭᠦᠯᠦᠨ᠂ ᠰᠠᠯᠠᠭ᠎ᠠ ᠮᠥᠴᠢᠷ ᠤᠨ ᠲᠥᠰᠦᠪ ᠢ ᠨᠠᠷᠢᠯᠢᠬᠵᠢᠭᠤᠯᠵᠤ᠂ ᠲᠥᠰᠦᠪ ᠤᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢᠯᠠᠯᠲᠠ᠂ ᠨᠠᠷᠢᠯᠢᠬᠵᠢᠯᠲᠠ ᠪᠠ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠳ᠋ ᠤᠨ ᠵᠠᠰᠠᠭ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠦᠨᠡᠨᠬᠦ ᠰᠢᠨᠵᠢᠯᠡᠬᠦ ᠤᠬᠠᠭᠠᠨᠴᠢ ᠵᠦᠢ ᠵᠣᠬᠢᠰᠲᠠᠶ ᠰᠢᠰᠲ᠋ᠧᠮ ᠢ ᠪᠠᠶᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃   ︵ᠬᠤᠶᠠᠷ︶ ᠲᠥᠪ ᠭᠤᠣᠯᠴᠢ᠂ ᠡᠷᠬᠡ ᠲᠡᠭᠰᠢ᠂ ᠢᠯᠡ ᠪᠠᠶᠢᠯᠭᠠᠬᠤ ᠵᠠᠷᠴᠢᠮ ᠤᠨ ᠶᠣᠰᠣᠭᠠᠷ ᠡᠳ᠋ ᠤᠨ ᠵᠠᠰᠠᠭ ᠤᠨ ᠰᠢᠯᠵᠢᠭᠦᠯᠦᠨ ᠥᠭᠬᠦ ᠲᠦᠷᠢᠮ ᠢ ᠲᠡᠭᠦᠯᠳᠡᠷᠵᠢᠭᠦᠯᠦᠨ᠎ᠡ᠃ ᠲᠤᠰᠬᠠᠶ ᠵᠦᠢᠯ ᠢᠶᠠᠷ ᠰᠢᠯᠵᠢᠭᠦᠯᠦᠨ ᠥᠭᠬᠦ ᠵᠦᠢᠯᠡᠰ ᠢ ᠡᠮᠬᠢᠯᠡᠨ ᠨᠡᠶᠢᠯᠡᠭᠦᠯᠵᠦ᠂ ᠡᠩ ᠤᠨ ᠴᠢᠨᠠᠷᠲᠠᠶ ᠰᠢᠯᠵᠢᠭᠦᠯᠦᠨ ᠥᠭᠬᠦ ᠬᠡᠪᠴᠢᠶ᠎ᠡ ᠶᠢ ᠠᠯᠬᠤᠮ ᠠᠯᠬᠤᠮ ᠢᠶᠠᠷ ᠨᠡᠮᠡᠭᠳᠡᠭᠦᠯᠦᠨ᠂ ᠭᠠᠵᠠᠷ ᠣᠷᠣᠨ ᠤ ᠬᠤᠭᠤᠷᠣᠨᠳᠣᠬᠢ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠠᠪᠤᠳᠠᠯ ᠢ ᠲᠦᠯᠬᠢᠨ ᠠᠬᠢᠭᠤᠯᠬᠤ ᠬᠡᠷᠡᠭᠲᠡᠶ᠃ ︵ᠭᠤᠷᠪᠠ︶ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠪᠠ ᠪᠡᠶᠡᠴᠢ ᠴᠣᠭᠴᠠ ᠶᠢᠨ ᠴᠢᠳᠠᠮᠵᠢᠳᠤ ᠣᠷᠣᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠪᠠᠷ ᠭᠤᠣᠯᠯᠠᠭᠤᠯᠤᠨ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠠᠷᠤᠯᠭ᠎ᠠ ᠶᠢᠨ ᠬᠤᠪᠢ ᠶᠢᠨ ᠵᠢᠩ ᠢ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠪᠠᠲᠤᠯᠠᠭ᠎ᠠ ᠶᠢᠨ ᠬᠡᠪᠴᠢᠶ᠎ᠡ ᠪᠠ ᠪᠠᠷᠢᠮᠵᠢᠶ᠎ᠠ ᠶᠢ ᠵᠦᠢ ᠵᠣᠬᠢᠰᠲᠠᠶ ᠵᠠᠭᠠᠭᠯᠠᠨ ᠲᠣᠭᠲᠠᠭᠠᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠣᠷᠣᠭᠤᠯᠤᠯᠲᠠ ᠶᠢ ᠭᠤᠣᠯᠳᠠᠯᠭ᠎ᠠ ᠲᠠᠢ ᠪᠠᠷ ᠨᠡᠮᠡᠭᠳᠡᠭᠦᠯᠵᠦ᠂ ᠨᠡᠭᠡᠭᠡᠨ ᠬᠥᠭᠵᠢᠭᠦᠯᠬᠦ ᠶᠢ ᠴᠠᠭᠠᠵᠠᠯᠠᠬᠤ ᠣᠷᠣᠨ ᠪᠦᠰᠡ ᠪᠠ ᠨᠡᠭᠡᠭᠡᠨ ᠬᠥᠭᠵᠢᠭᠦᠯᠬᠦ ᠶᠢ ᠬᠢᠵᠠᠭᠠᠷᠯᠠᠬᠤ ᠣᠷᠣᠨ ᠪᠦᠰᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠵᠠᠰᠠᠭ ᠵᠠᠬᠢᠷᠭᠠᠨ ᠤ ᠥᠪᠡᠷ ᠤᠨ ᠦᠷᠳᠡᠭ ᠢ ᠪᠠᠭᠤᠷᠠᠭᠤᠯᠤᠨ᠎ᠠ᠃  ︵ᠳᠥᠷᠪᠡ︶ ᠪᠥᠬᠦ ᠬᠤᠰᠢᠭᠤᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠡᠯ᠎ᠡ ᠵᠦᠢᠯ ᠤᠨ ᠲᠦᠷᠢᠮ ᠲᠣᠭᠲᠠᠭᠠᠯ᠂ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠎ᠠ᠃ ︽ᠬᠤᠳᠠᠯᠳᠤᠨ ᠠᠪᠬᠤ ᠬᠠᠤᠯᠢ︾ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠵᠠᠰᠠᠭ ᠤᠨ ᠣᠷᠳᠣᠨ ᠤ ᠬᠤᠳᠠᠯᠳᠤᠨ ᠠᠪᠬᠤ ᠤᠯᠠᠨ ᠵᠦᠢᠯ ᠤᠨ ᠠᠵᠢᠯᠯᠠᠭ᠎ᠠ ᠶᠢ ᠬᠠᠮᠢᠶᠠᠷᠴᠤ ᠬᠢᠨᠠᠨ᠎ᠠ᠃ ᠵᠠᠰᠠᠭ ᠤᠨ ᠣᠷᠳᠣᠨ ᠤ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ᠎ᠠ᠃ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠢ ᠲᠣᠭᠲᠠᠭᠠᠬᠤ ᠶᠢᠨ ᠬᠠᠮᠲᠤ ᠲᠣᠬᠢᠷᠠᠭᠤᠯᠬᠤ᠃ ᠵᠠᠰᠠᠭ ᠤᠨ ᠣᠷᠳᠣᠨ ᠤ ᠬᠤᠳᠠᠯᠳᠤᠨ ᠠᠪᠬᠤ ᠣᠨ ᠤ ᠲᠥᠰᠦᠪ ᠪᠠ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠯᠥᠪᠯᠡᠭᠡ ᠶᠢ ᠨᠠᠶᠢᠷᠠᠭᠤᠯᠤᠨ᠎ᠠ᠃  ᠵᠠᠰᠠᠭ ᠤᠨ ᠣᠷᠳᠣᠨ ᠤ ᠬᠤᠳᠠᠯᠳᠤᠨ ᠠᠪᠬᠤ ᠵᠦᠢᠯᠡᠰ ᠤᠨ ᠬᠤᠳᠠᠯᠳᠤᠨ ᠠᠪᠬᠤ ᠬᠡᠯᠪᠡᠷᠢ ᠶᠢ ᠬᠢᠨᠠᠨ᠎ᠠ᠃ ᠵᠠᠰᠠᠭ ᠤᠨ ᠣᠷᠳᠣᠨ ᠤ ᠬᠤᠳᠠᠯᠳᠤᠨ ᠠᠪᠬᠤ ᠪᠡᠯᠡ ᠮᠥᠩᠭᠦ ᠶᠢᠨ ᠲᠥᠯᠥᠪᠦᠷᠢ ᠶᠢ ᠬᠢᠨᠠᠨ ᠬᠠᠷᠭᠤᠭᠤᠯᠬᠤ ᠪᠠ ᠴᠣᠬᠤᠯᠠᠪᠤᠷᠢᠯᠠᠨ᠎ᠠ ᠃ ᠵᠠᠰᠠᠭ ᠤᠨ ᠣᠷᠳᠣᠨ ᠤ ᠬᠤᠳᠠᠯᠳᠤᠨ ᠠᠪᠬᠤ ᠮᠡᠳᠡᠭᠡ ᠵᠠᠩᠭᠢ ᠶᠢ ᠪᠦᠷᠢᠳᠬᠡᠬᠦ ᠪᠠ ᠬᠤᠷᠢᠶᠠᠩᠭᠤᠶᠢᠯᠠᠨ᠎ᠠ᠃ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢᠨ ᠳᠤᠮᠳᠠᠬᠢ ᠵᠠᠭᠠᠯᠳᠤᠬᠤ ᠵᠦᠢᠯᠡᠰ ᠢ ᠬᠦᠯᠢᠶᠡᠨ ᠠᠪᠤᠨ᠎ᠠ᠃ ᠪᠥᠬᠦ ᠬᠤᠰᠢᠭᠤᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠮᠢᠶᠠᠷᠤᠯᠲᠠ ᠶᠢᠨ ᠠᠵᠢᠯ ᠢ ᠵᠢᠯᠤᠭᠤᠳᠤᠨ᠎ᠠ᠃  ︵ᠲᠠᠪᠤ︶ ᠣᠷᠣᠯᠭ᠎ᠠ ᠶᠢᠨ ᠬᠤᠪᠢᠶᠠᠷᠢᠯᠠᠯᠲᠠ ᠶᠢ ᠲᠣᠬᠢᠷᠠᠭᠤᠯᠬᠤ ᠲᠤᠰᠢᠶᠠᠯ ᠬᠠᠷᠢᠭᠤᠴᠠᠯᠭ᠎ᠠ ᠶᠢ ᠴᠢᠩᠭᠠᠳᠬᠠᠵᠤ᠂ ᠵᠠᠰᠠᠭ ᠤᠨ ᠣᠷᠳᠣᠨ ᠪᠣᠯᠤᠨ ᠠᠵᠤ ᠠᠬᠤᠶᠢᠯᠠᠯ ᠤᠨ ᠬᠤᠪᠢᠶᠠᠷᠢᠯᠠᠯᠲᠠ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢ ᠵᠣᠷᠢᠭᠵᠢᠭᠤᠯᠬᠤ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠭᠠᠵᠠᠷ ᠣᠷᠣᠨ᠂ ᠠᠵᠢᠯ ᠲᠦᠷᠦᠯ ᠤᠨ ᠬᠤᠭᠤᠷᠣᠨᠳᠣᠬᠢ ᠣᠷᠣᠯᠭ᠎ᠠ ᠶᠢᠨ ᠬᠤᠪᠢᠶᠠᠷᠢᠯᠠᠯᠲᠠ ᠶᠢᠨ ᠵᠥᠷᠢᠶ᠎ᠡ ᠶᠢ ᠪᠠᠭᠠᠰᠬᠠᠵᠤ᠂ ᠨᠡᠶᠢᠭᠡᠮ ᠤᠨ ᠭᠤᠣᠯᠴᠢ ᠪᠠᠶᠢᠬᠤ ᠶᠢ ᠠᠬᠢᠭᠤᠯᠤᠨ᠎ᠠ᠃  ︵ᠵᠢᠷᠭᠤᠭ᠎ᠠ︶ ᠡᠳ᠋ ᠤᠨ ᠵᠠᠰᠠᠭ ᠤᠨ ᠪᠠᠯᠠ ᠮᠥᠩᠭᠦ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠪᠣᠶ ᠪᠥᠬᠦᠶ ᠡᠳ᠋ ᠤᠨ ᠵᠠᠰᠠᠭ ᠤᠨ ᠴᠢᠨᠠᠷᠲᠠᠶ ᠪᠠᠯᠠ ᠮᠥᠩᠭᠦ ᠪᠠ ᠡᠳ᠋ ᠤᠨ ᠵᠠᠰᠠᠭ ᠤᠨ ᠠᠵᠢᠯᠯᠠᠭᠠᠨ ᠤ ᠪᠥᠬᠦ ᠶᠠᠪᠤᠴᠠ ᠶᠢ ᠬᠠᠮᠤᠷᠤᠭᠰᠠᠨ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ᠂ ᠡᠳ᠋ ᠤᠨ ᠵᠠᠰᠠᠭ ᠤᠨ ᠪᠠᠯᠠ ᠮᠥᠩᠭᠦ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠦᠨᠡᠨ ᠬᠦ ᠪᠠᠲᠤᠯᠠᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠤᠨ᠎ᠠ᠃  ︵ᠲᠤᠯᠤᠭ᠎ᠠ︶ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠠᠶᠤᠯ ᠦᠭᠡᠢ ᠪᠠᠷ ᠡᠮᠬᠢᠯᠡᠨ ᠨᠡᠶᠢᠯᠡᠭᠦᠯᠬᠦ ᠶᠢ ᠬᠠᠮᠠᠭᠠᠯᠠᠵᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠵᠦᠢ ᠵᠣᠬᠢᠰᠲᠠᠶ ᠲᠣᠬᠢᠷᠠᠭᠤᠯᠤᠨ ᠪᠦᠲᠦᠮᠵᠢᠲᠡᠶ ᠠᠰᠢᠭᠯᠠᠵᠤ᠂ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠪᠠᠲᠤᠯᠠᠨ ᠠᠬᠢᠭᠤᠯᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠪᠠ ᠤᠯᠠᠨ ᠨᠡᠶᠢᠲᠡ ᠶᠢᠨ ᠡᠳ᠋ ᠤᠨ ᠵᠠᠰᠠᠭ ᠤᠨ ᠱᠠᠭᠠᠷᠳᠠᠯᠭ᠎ᠠ ᠳᠤ ᠵᠣᠬᠢᠴᠠᠭᠰᠠᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ᠎ᠠ᠃  ︵ᠨᠠᠢᠮᠠ︶ ᠪᠥᠬᠦ ᠬᠤᠰᠢᠭᠤᠨ ᠤ ᠠᠵᠤ ᠦᠢᠯᠡᠳᠪᠦᠷᠢᠵᠢᠯᠡᠯᠲᠡ ᠶᠢ ᠳᠥᠯᠭᠢᠨ ᠠᠬᠢᠭᠤᠯᠬᠤ᠂ ᠡᠨᠧᠷᠭᠢ ᠶᠢᠨ ᠰᠤᠷᠪᠤᠯᠵᠢ ᠶᠢ ᠬᠥᠭᠵᠢᠭᠦᠯᠬᠦ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠬᠤᠶᠠᠳᠤᠭᠠᠷ ᠠᠵᠤ  ᠦᠢᠯᠡᠰ ᠪᠠ ᠭᠤᠷᠪᠠᠳᠤᠭᠠᠷ ᠠᠵᠤ ᠦᠢᠯᠡᠰ ᠤᠨ ᠳᠤᠮᠳᠠ ᠣᠷᠳᠣ ᠬᠤᠭᠤᠴᠠᠭᠠᠨ ᠤ ᠠᠵᠢᠯ ᠲᠥᠷᠥᠯ ᠤᠨ ᠲᠥᠯᠥᠪᠵᠢᠭᠦᠯᠭᠡ ᠶᠢ ᠲᠣᠭᠲᠠᠭᠠᠬᠤ ᠳᠤ ᠣᠷᠣᠯᠴᠠᠨ᠎ᠠ᠃ ᠬᠠᠮᠢᠶ᠎ᠠ ᠪᠥᠬᠦᠢ ᠡᠳ᠋ ᠤᠨ  ᠵᠠᠰᠠᠭ ᠠᠵᠤ ᠠᠬᠤᠶ ᠶᠢᠨ ᠲᠥᠷᠥ ᠶᠢᠨ ᠪᠤᠳᠤᠯᠭ᠎ᠠ ᠶᠢ ᠲᠣᠭᠲᠠᠭᠠᠵᠤ᠂ ᠡᠳ᠋ ᠤᠨ ᠵᠠᠰᠠᠭ ᠠᠴᠠ ᠠᠵᠤ ᠠᠬᠤᠶᠢᠯᠠᠯ᠂  ᠡᠨᠧᠷᠭᠢ ᠶᠢᠨ ᠰᠤᠷᠪᠤᠯᠵᠢ᠂ ᠵᠠᠰᠠᠮᠠᠯ ᠵᠠᠮ᠂ ᠲᠡᠮᠥᠷ ᠵᠠᠮ᠂ ᠠᠷᠠᠳ ᠤᠨ ᠠᠭᠠᠷ   ᠤᠨ ᠲᠡᠭᠡᠭᠡᠪᠦᠷᠢ᠂ ᠦᠢᠯᠡᠳᠪᠦᠷᠢᠯᠡᠯ ᠤᠨ ᠠᠶᠤᠯ ᠥᠭᠡᠢ ᠵᠡᠷᠭᠡ ᠬᠦᠷᠢᠶᠡᠨ  ᠤ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠠᠷᠢᠭᠤᠴᠠᠵᠤ᠂ ᠠᠵᠤ ᠠᠬᠤᠶᠢᠯᠠᠯ ᠤᠨ ᠬᠥᠭᠵᠢᠯᠲᠡ᠂ ᠭᠠᠳᠠᠭᠠᠳᠤ ᠳᠤ ᠪᠡᠯᠡ ᠣᠷᠣᠭᠤᠯᠬᠤ᠂ ᠠᠵᠤ ᠠᠬᠤᠶᠢᠯᠠᠯ ᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠠᠬᠢᠭᠤᠯᠵᠤ᠂ ᠭᠠᠳᠠᠭᠠᠳᠤ ᠪᠡᠯᠡ ᠶᠢᠨ ᠨᠡᠮᠡᠭᠳᠡᠯ ᠪᠣᠯᠤᠨ ᠪᠦᠲᠦᠴᠡ ᠶᠢᠨ ᠲᠤᠬᠢᠷᠠᠭᠤᠯᠤᠯᠳᠠ᠂ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠵᠢᠴᠢ ᠠᠷᠠᠴᠢᠯᠠᠨ ᠬᠠᠮᠠᠭᠠᠯᠠᠬᠤ ᠵᠡᠷᠭᠡ ᠲᠤᠰᠬᠠᠶ ᠵᠦᠢᠯ ᠤᠨ ᠪᠡᠯᠡ ᠣᠷᠣᠭᠤᠯᠤᠯᠲᠠ ᠶᠢ ᠬᠤᠪᠢᠶᠠᠷᠢᠯᠠᠨ ᠬᠡᠷᠡᠭᠯᠡᠬᠦ ᠵᠢᠴᠢ ᠡᠳ᠋ ᠤᠨ  ᠶᠠᠪᠤᠳᠠᠯ ᠤᠨ ᠬᠠᠮᠢᠶᠠᠷᠤᠯᠲᠠ ᠶᠢ ᠠᠬᠢᠭᠤᠯᠤᠨ᠎ᠠ᠃ ᠰᠢᠲᠠᠭᠠᠯᠭ᠎ᠠ ᠶᠢᠨ ᠲᠣᠰᠣᠨ ᠤ ᠭᠠᠶᠢᠯᠢ ᠶᠢᠨ ᠥᠭᠡᠷᠡᠴᠢᠯᠡᠯᠲᠡ ᠶᠢᠨ ᠳᠠᠷᠠᠭᠠᠬᠢ ᠰᠢᠲᠠᠭᠠᠯᠭ᠎ᠠ ᠶᠢᠨ ᠲᠣᠰᠣᠨ ᠤ ᠦᠨ᠎ᠡ ᠬᠠᠩᠰᠢ ᠶᠢᠨ ᠨᠥᠬᠦᠪᠥᠷᠢ ᠶᠢᠨ ᠪᠠᠯᠠ ᠮᠥᠩᠭᠦ᠂ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠵᠡᠷᠭᠡ ᠴᠢᠬᠤᠯᠠ ᠶᠡᠭᠡ ᠥᠭᠡᠷᠡᠴᠢᠯᠡᠯᠲᠡ ᠶᠢᠨ  ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠬᠤᠪᠢᠶᠠᠷᠢᠯᠠᠬᠤ ᠪᠠ ᠬᠠᠮᠢᠶᠠᠷᠬᠤ ᠶᠢ ᠬᠠᠷᠢᠭᠤᠴᠠᠨ᠎ᠠ᠃ ︵ᠶᠢᠰᠦ︶ ᠪᠥᠬᠦ ᠬᠤᠰᠢᠭᠤᠨ ᠤ ᠦᠢᠯᠡᠴᠢᠯᠡᠭᠡᠨ ᠤ ᠦᠢᠯᠡᠰ᠂ ᠪᠠᠷᠠᠭᠠᠨ ᠤ ᠭᠦᠢᠯᠭᠡᠭᠡᠨ ᠤ ᠦᠢᠯᠡᠰ᠂ ᠠᠮᠤ ᠪᠤᠳᠠᠭ᠎ᠠ ᠠᠷᠠᠯᠵᠢᠶ᠎ᠠ ᠬᠤᠳᠠᠯᠳᠤᠭ᠎ᠠ ᠵᠡᠷᠭᠡ ᠭᠤᠷᠪᠠᠳᠤᠭᠠᠷ ᠠᠵᠤ  ᠦᠢᠯᠡᠰ ᠢ ᠬᠥᠭᠵᠢᠭᠦᠯᠬᠦ ᠳᠤᠮᠳᠠ ᠣᠷᠳᠣ ᠬᠤᠭᠤᠴᠠᠭᠠᠨ ᠤ ᠵᠠᠰᠠᠭ ᠵᠠᠬᠢᠷᠭᠠᠨ ᠤ ᠲᠥᠯᠥᠪᠵᠢᠭᠦᠯᠭᠡ ᠶᠢ ᠲᠣᠭᠲᠠᠭᠠᠵᠤ᠂ ᠡᠳ᠋ ᠤᠨ ᠵᠠᠰᠠᠭ ᠠᠴᠠ ᠳᠣᠭᠢᠷᠠᠭᠤᠯᠤᠭᠰᠠᠨ ᠪᠣᠭᠤᠮᠲᠠ᠂ ᠦᠢᠯᠡᠴᠢᠯᠡᠭᠡᠨ ᠤ ᠦᠢᠯᠡᠰ᠂ ᠬᠤᠲᠠ ᠬᠥᠳᠡᠭᠡ ᠶᠢᠨ ᠪᠠᠷᠠᠭᠠᠨ ᠤ ᠭᠦᠢᠯᠭᠡᠭᠡ᠂ ᠬᠥᠳᠡᠭᠡ ᠲᠣᠰᠬᠤᠨ ᠤ ᠬᠠᠩᠭᠠᠨ ᠪᠣᠷᠣᠯᠠᠭᠤᠯᠬᠤ᠂ ᠠᠮᠤ ᠪᠤᠳᠠᠭ᠎ᠠ ᠲᠣᠰᠣ ᠶᠢ ᠴᠤᠭᠯᠠᠭᠤᠯᠤᠨ ᠡᠳ᠋ᠰᠢᠭᠦᠯᠬᠦ᠂ ᠠᠮᠤ ᠪᠤᠳᠠᠭ᠎ᠠ ᠴᠢᠯᠠᠭᠤᠨ ᠲᠣᠰᠣᠨ ᠤ ᠭᠠᠷᠤᠯᠲᠠ ᠶᠡᠬᠡᠲᠡᠶ ᠰᠢᠶᠠᠨ ᠤ ᠱᠠᠩᠨᠠᠯ ᠵᠡᠷᠭᠡ ᠲᠤᠰᠬᠠᠶ ᠪᠠᠯᠠ ᠣᠷᠣᠭᠤᠯᠤᠯᠲᠠ ᠶᠢ ᠬᠤᠪᠢᠶᠠᠷᠢᠯᠠᠬᠤ ᠪᠠ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠠᠮᠤ ᠪᠤᠳᠠᠭᠠᠨ ᠤ ᠠᠷᠠᠯᠵᠢᠶ᠎ᠠ ᠬᠤᠳᠠᠯᠳᠤᠭ᠎ᠠ ᠵᠡᠷᠭᠡ ᠭᠤᠷᠪᠠᠳᠤᠭᠠᠷ ᠠᠵᠤ ᠦᠢᠯᠡᠰ ᠤᠨ ᠡᠳ᠋ ᠤᠨ ᠵᠠᠰᠠᠭ ᠤᠨ ᠲᠥᠰᠦᠪ ᠵᠢᠴᠢ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠰᠤᠳᠤᠯᠤᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃  ︵ᠠᠷᠪᠠ︶ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠳᠬᠠᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠵᠣᠬᠢᠴᠠᠭᠤᠯᠤᠨ ᠵᠢᠯᠣᠭᠤᠳᠴᠤ ᠬᠢᠨᠠᠯᠲᠠ ᠲᠠᠯᠪᠢᠵᠤ᠂ ᠪᠥᠬᠦ ᠬᠤᠰᠢᠭᠤ ᠰᠢᠶᠠᠩ ᠲᠣᠰᠬᠤᠨ ᠤ ᠥᠷᠢ ᠥᠭᠴᠡᠭᠡ ᠶᠢ ᠢᠯᠭᠠᠷᠠᠭᠤᠯᠤᠨ ᠬᠠᠷᠭᠤᠭᠤᠯᠬᠤ ᠪᠠ ᠠᠷᠢᠯᠭᠠᠬᠤ ᠠᠵᠢᠯ ᠢ ᠰᠠᠶᠢᠲᠤᠷ ᠬᠢᠵᠦ᠂ ᠮᠠᠯᠴᠢᠨ ᠲᠠᠷᠢᠶᠠᠴᠢᠨ ᠳᠤ ᠨᠥᠬᠦᠪᠥᠷᠢ ᠥᠭᠬᠦ ᠪᠠᠯᠠ ᠮᠥᠩᠭᠦ ᠶᠢᠨ ᠬᠠᠮᠢᠶᠠᠷᠤᠯᠲᠠ ᠪᠠ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢᠨ ᠠᠵᠢᠯ ᠵᠢᠴᠢ ᠲᠣᠰᠬᠤᠨ ᠤ ᠱᠠᠲᠤᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠤᠨ ︽ ᠨᠢᠭᠡ ᠬᠡᠷᠡᠭ ᠢ ᠨᠢᠭᠡ ᠵᠥᠪᠯᠡᠬᠦ︾ ᠡᠳ᠋ ᠤᠨ ᠵᠠᠰᠠᠭ ᠤᠨ ᠱᠠᠩᠨᠠᠵᠤ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃  ᠬᠤᠶᠠᠷ᠂ ᠭᠤᠣᠯ ᠡᠭᠦᠷᠭᠡ ᠬᠠᠷᠢᠭᠤᠴᠠᠯᠭ᠎ᠠ  ︵ᠨᠢᠭᠡ︶ ᠤᠯᠤᠰ ᠤᠨ ᠡᠳ᠋ ᠤᠨ ᠵᠠᠰᠠᠭ᠂ ᠭᠠᠶᠢᠯᠢ ᠲᠠᠲᠠᠪᠤᠷᠢ ᠶᠢᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠡᠳ᠋ ᠤᠨ ᠵᠠᠰᠠᠭ ᠤᠨ ᠠᠵᠢᠯ ᠤᠨ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ᠂ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠰᠢᠭᠤᠨ ᠤ ᠬᠤᠷᠸ᠎ᠠ ᠠᠵᠤ ᠠᠬᠤᠶ ᠶᠢᠨ ᠪᠠᠶᠢᠳᠠᠯ ᠢ ᠵᠠᠳᠠᠯᠤᠨ ᠲᠥᠰᠦᠭᠡᠯᠡᠵᠦ᠂  ᠡᠯ᠎ᠡ ᠲᠦᠷᠦᠯ ᠤᠨ ᠬᠤᠷᠸ᠎ᠠ ᠠᠵᠤ ᠠᠬᠤᠶ ᠶᠢᠨ ᠲᠥᠷᠥ ᠶᠢᠨ ᠪᠣᠳᠣᠯᠭ᠎ᠠ ᠳᠤ ᠤᠷᠤᠯᠴᠠᠵᠤ ᠲᠤᠭᠲᠠᠭᠠᠨ᠎ᠠ᠃ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢ ᠬᠡᠷᠡᠭᠯᠡᠨ ᠬᠤᠷᠸ᠎ᠠ ᠳᠤᠬᠢᠷᠠᠭᠤᠯᠤᠯ ᠡᠵᠡᠮᠳᠡᠯ ᠢ ᠬᠡᠷᠡᠭᠵᠢᠭᠦᠯᠬᠦ ᠪᠠ ᠨᠡᠶᠢᠭᠡᠮ ᠤᠨ ᠡᠳ᠋ ᠤᠨ ᠬᠦᠴᠦᠨ ᠢ ᠶᠡᠷᠦᠩᠬᠡᠶᠢᠯᠡᠨ ᠲᠡᠩᠴᠡᠭᠦᠯᠬᠦ ᠰᠠᠨᠠᠭᠤᠯᠭ᠎ᠠ ᠶᠢ ᠳᠤᠷᠠᠳᠴᠤ᠂ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢ ᠵᠣᠷᠢᠭᠵᠢᠭᠤᠯᠬᠤ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠶᠢ ᠵᠤᠷᠢᠭᠵᠢᠭᠤᠯᠤᠨ᠎ᠠ᠃ ᠬᠤᠰᠢᠭᠤᠨ ᠤ ᠡᠳ᠋ ᠤᠨ ᠵᠠᠰᠠᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠦᠭᠡᠷᠴᠢᠯᠡᠯᠲᠡ ᠶᠢ ᠠᠬᠢᠭᠤᠯᠤᠨ᠎ᠠ᠃  ︵ᠬᠤᠶᠠᠷ︶ ᠬᠤᠰᠢᠭᠤᠨ ᠤ ᠲᠣᠰ ᠱᠠᠲᠤᠨ ᠤ ᠡᠯ᠎ᠡ ᠵᠦᠢᠯ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠣᠨ ᠤ ᠪᠥᠬᠦ ᠬᠤᠰᠢᠭᠤᠨ ᠤ ᠲᠣᠰ ᠱᠠᠲᠤᠨ ᠤ ᠲᠥᠰᠦᠪ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠪᠥᠬᠦ ᠬᠤᠰᠢᠭᠤᠨ ᠤ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠤᠨ ᠭᠦᠢᠴᠡᠳᠭᠡᠯ ᠢ ᠨᠠᠶᠢᠷᠠᠭᠤᠯᠤᠨ ᠵᠣᠬᠢᠶᠠᠬᠤ ᠪᠠ ᠬᠤᠷᠢᠶᠠᠩᠭᠤᠶᠢᠯᠠᠨ᠎ᠠ᠃ ᠬᠤᠰᠢᠭᠤᠨ ᠤ ᠲᠣᠰ ᠱᠠᠲᠤᠨ ᠤ ᠵᠠᠷᠤᠳᠠᠯ ᠤᠨ ᠵᠠᠷᠤᠯᠭ᠎ᠠ ᠶᠢᠨ ᠪᠠᠷᠢᠮᠵᠢᠶ᠎ᠠ᠂ ᠨᠣᠷᠮ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ ᠴᠤᠬᠤᠯᠠᠪᠤᠷᠢᠯᠠᠨ ᠬᠠᠷᠢᠭᠤᠯᠤᠭᠰᠠᠨ ᠰᠠᠯᠠᠭ᠎ᠠ ᠮᠥᠴᠢᠷ ︵ᠨᠢᠭᠡᠴᠡ︶ ᠤᠨ ᠣᠨ ᠤ ᠲᠥᠰᠦᠪ ᠪᠠ ᠲᠥᠰᠦᠪ ᠤᠨ ᠭᠦᠢᠴᠡᠳᠭᠡᠯ ᠢ ᠬᠢᠨᠠᠨ ᠬᠠᠷᠭᠤᠭᠤᠯᠬᠤ ᠶᠢ ᠬᠠᠷᠢᠭᠤᠴᠠᠨ᠎ᠠ᠃  ︵ᠭᠤᠷᠪᠠ︶ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠬᠠᠷᠢᠭᠤᠴᠠᠵᠤ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠢᠳᠭᠡᠯ ᠬᠤᠷᠢᠶᠠᠯᠲᠠ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠵᠢᠴᠢ ᠪᠤᠰᠤᠳ ᠭᠠᠶᠢᠯᠢ ᠶᠢᠨ ᠪᠤᠰᠤ ᠣᠷᠣᠯᠭ᠎ᠠ ᠶᠢ ᠲᠣᠭᠲᠠᠭᠠᠯ ᠶᠣᠰᠣᠭᠠᠷ ᠬᠠᠮᠢᠶᠠᠷᠤᠨ᠎ᠠ᠃ ᠡᠳ᠋ ᠤᠨ ᠵᠠᠰᠠᠭ ᠤᠨ ᠪᠠᠷᠢᠮᠲᠠ ᠶᠢ ᠬᠠᠮᠢᠶᠠᠷᠤᠨ᠎ᠠ᠃ ᠰᠤᠭᠤᠯᠠᠭ᠎ᠠ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠪᠣᠯᠤᠨ ᠬᠤᠯᠪᠣᠭᠳᠠᠯ ᠪᠥᠬᠦᠶ ᠠᠷᠭ᠎ᠠ ᠶᠢ ᠲᠣᠭᠲᠠᠭᠠᠵᠤ᠂ ᠰᠤᠭᠤᠯᠠᠭ᠎ᠠ ᠶᠢᠨ ᠵᠠᠬ᠎ᠠ ᠳᠡᠯᠭᠡᠭᠦᠷ ᠢ ᠬᠠᠮᠢᠶᠠᠷᠴᠤ᠂ ᠰᠤᠭᠤᠯᠠᠭ᠎ᠠ ᠶᠢᠨ ᠪᠠᠯᠠ ᠮᠥᠩᠭᠦ ᠶᠢ ᠲᠣᠭᠲᠠᠭᠠᠯ ᠶᠣᠰᠣᠭᠠᠷ ᠬᠠᠮᠢᠶᠠᠷᠤᠨ᠎ᠠ᠃  ︵ᠳᠥᠷᠪᠡ︶ ᠪᠥᠬᠦ ᠬᠤᠰᠢᠭᠤᠨ ᠤ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠲᠦᠷᠢᠮ᠂ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠬᠤ ᠪᠠ ᠣᠯᠭᠤᠬᠤ ᠲᠦᠷᠢᠮ ᠢ ᠵᠣᠬᠢᠶᠠᠨ ᠪᠠᠶᠢᠭᠤᠯᠤᠨ ᠲᠣᠭᠲᠠᠭᠠᠵᠤ᠂ ᠪᠥᠬᠦ ᠬᠤᠰᠢᠭᠤᠨ ᠤ ᠤᠯᠤᠰ ᠤᠨ ᠬᠥᠮᠥᠷᠭᠡ ᠶᠢᠨ ᠲᠤᠬᠠᠶᠢᠯᠠᠭᠰᠠᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ ᠲᠣᠭᠲᠠᠭᠠᠯ ᠶᠣᠰᠣᠭᠠᠷ ᠤᠯᠤᠰ ᠤᠨ ᠬᠥᠮᠥᠷᠭᠡ ᠶᠢᠨ ᠪᠡᠯᠡᠨ ᠵᠣᠭᠤᠰ ᠤᠨ ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠎ᠡ᠃ ᠵᠠᠰᠠᠭ ᠤᠨ ᠣᠷᠳᠣᠨ ᠤ ᠬᠤᠳᠠᠯᠳᠤᠨ ᠠᠪᠬᠤ ᠲᠦᠷᠢᠮ ᠢ ᠲᠣᠭᠲᠠᠭᠠᠬᠤ ᠪᠠ ᠬᠢᠨᠠᠵᠤ ᠬᠠᠮᠢᠶᠠᠷᠬᠤ ᠶᠢ ᠬᠠᠷᠢᠭᠤᠴᠠᠨ᠎ᠠ᠃  ︵ᠲᠠᠪᠤ︶ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠦᠷᠢᠮ ᠲᠣᠭᠲᠠᠭᠠᠯ ᠢ ᠬᠠᠷᠢᠭᠤᠴᠠᠨ ᠲᠣᠭᠲᠠᠭᠠᠵᠤ᠂ ᠬᠤᠰᠢᠭᠤᠨ ᠤ ᠲᠣᠰ ᠱᠠᠲᠤᠨ ᠤ ᠵᠠᠰᠠᠭ ᠵᠠᠬᠢᠷᠭ᠎ᠠ ᠠᠵᠢᠯ  ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠣᠭᠲᠠᠭᠠᠯ ᠶᠣᠰᠣᠭᠠᠷ ᠬᠠᠮᠢᠶᠠᠷᠴᠤ᠂ ᠬᠤᠰᠢᠭᠤᠨ ᠤ ᠲᠣᠰ ᠱᠠᠲᠤᠨ ᠤ ᠡᠳ᠋ ᠬᠥᠷᠥᠩᠭᠡ ᠶᠢ ᠳᠣᠭᠢᠷᠠᠭᠤᠯᠬᠤ ᠪᠠᠷᠢᠮᠵᠢᠶ᠎ᠠ ᠪᠠ ᠵᠠᠷᠤᠳᠠᠯ ᠤᠨ ᠬᠤᠷᠣᠭᠳᠠᠯ ᠤᠨ ᠨᠣᠷᠮ᠎ᠠ ᠶᠢ ᠲᠣᠭᠲᠠᠭᠠᠨ᠎ᠠ᠃  ︵ᠵᠢᠷᠭᠤᠭ᠎ᠠ︶ ᠪᠥᠬᠦ ᠬᠤᠰᠢᠭᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠪᠠ ᠲᠥᠰᠦᠪ ᠤᠨ ᠭᠦᠢᠴᠡᠳᠭᠡᠯ ᠤᠨ ᠲᠥᠰᠦᠯ ᠢ ᠬᠢᠨᠠᠨ ᠬᠠᠷᠭᠤᠭᠤᠯᠬᠤ ᠪᠠ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠲᠦᠷᠢᠮ ᠪᠠ ᠠᠷᠭ᠎ᠠ ᠶᠢ ᠲᠣᠭᠲᠠᠭᠠᠵᠤ᠂ ᠬᠤᠰᠢᠭᠤᠨ ᠤ ᠲᠣᠰ ᠱᠠᠲᠤᠨ ᠤ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠲᠤᠰᠠ ᠶᠢ ᠬᠤᠷᠢᠶᠠᠨ ᠠᠪᠴᠤ᠂ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠲᠦᠷᠢᠮ ᠢ ᠵᠣᠬᠢᠶᠠᠨ ᠪᠠᠶᠢᠭᠤᠯᠤᠨ ᠲᠤᠭᠤᠰᠢᠯᠠᠭᠤᠯᠤᠨ ᠬᠡᠷᠡᠭᠵᠢᠭᠦᠯᠵᠦ᠂ ᠡᠳ᠋ ᠬᠥᠷᠥᠩᠭᠡ ᠶᠢ ᠦᠨᠡᠯᠡᠨ ᠵᠢᠱᠢᠬᠦ ᠠᠵᠢᠯ ᠢ ᠲᠣᠭᠲᠠᠭᠠᠯ ᠶᠣᠰᠣᠭᠠᠷ ᠬᠠᠮᠢᠶᠠᠷᠴᠤ᠂ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠬᠠᠮᠢᠶ᠎ᠠ ᠪᠥᠬᠦᠶ ᠲᠦᠷᠢᠮ ᠢ ᠲᠣᠭᠲᠠᠭᠠᠬᠤ ᠪᠠ ᠬᠡᠷᠡᠭᠵᠢᠭᠦᠯᠵᠦ᠂ ᠵᠠᠰᠠᠭ ᠤᠨ ᠣᠷᠳᠣᠨ ᠬᠢᠭᠡᠳ ᠠᠵᠤ ᠠᠬᠤᠶᠢᠯᠠᠯ ᠤᠨ ᠬᠤᠪᠢᠶᠠᠷᠢᠯᠠᠯᠲᠠ ᠶᠢᠨ ᠲᠦᠷᠢᠮ ᠪᠠ ᠠᠷᠭ᠎ᠠ ᠶᠢ ᠲᠣᠭᠲᠠᠭᠠᠬᠤ ᠪᠠ ᠬᠡᠷᠡᠭᠵᠢᠭᠦᠯᠦᠨ᠎ᠡ᠃  ︵ᠳᠣᠯᠤᠭ᠎ᠠ︶ ᠬᠤᠰᠢᠭᠤᠨ ᠤ ᠡᠳ᠋ ᠤᠨ ᠵᠠᠰᠠᠭ ᠤᠨ ᠠᠵᠤ ᠠᠬᠤᠶ ᠶᠢᠨ ᠬᠥᠭᠵᠢᠯᠲᠡ ᠶᠢᠨ ᠵᠠᠷᠤᠯᠭ᠎ᠠ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠴᠢᠨᠠᠷᠲᠠᠶ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠡᠳ᠋ ᠤᠨ ᠵᠠᠰᠠᠭ ᠤᠨ ᠰᠠᠯᠭᠠᠨ ᠥᠭᠬᠦ ᠵᠣᠭᠤᠰ ᠢ ᠭᠦᠢᠴᠡᠳᠭᠡᠬᠦ ᠪᠠ ᠬᠢᠨᠠᠯᠲᠠ ᠲᠠᠯᠪᠢᠬᠤ ᠶᠢ ᠬᠠᠷᠢᠭᠤᠴᠠᠵᠤ᠂ ᠬᠤᠰᠢᠭᠤᠨ ᠤ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠲᠦᠷᠢᠮ ᠢ ᠲᠣᠭᠲᠠᠭᠠᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠴᠢᠨᠠᠷᠲᠠᠶ ᠨᠥᠬᠦᠪᠥᠷᠢ ᠪᠠ ᠲᠤᠰᠬᠠᠶ ᠵᠦᠢᠯ ᠤᠨ ᠨᠥᠭᠡᠴᠡ ᠪᠠᠯᠠ ᠮᠥᠩᠭᠦ ᠶᠢᠨ ᠡᠳ᠋ ᠤᠨ ᠵᠠᠰᠠᠭ ᠤᠨ ᠪᠥᠬᠦ ᠬᠤᠰᠢᠭᠤᠨ ᠤ ᠲᠠᠷᠢᠶᠠᠯᠠᠩ ᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ︵ᠨᠠᠢᠮᠠ︶ ᠪᠥᠬᠦ ᠬᠤᠰᠢᠭᠤᠨ ᠤ ᠠᠵᠢᠯ ᠤᠯᠭᠤᠯᠲᠠ ᠶᠢ ᠠᠬᠢᠭᠤᠯᠬᠤ᠂ ᠡᠨᠧᠷᠭᠢ ᠶᠢᠨ ᠰᠤᠷᠪᠤᠯᠵᠢ ᠶᠢ ᠬᠥᠭᠵᠢᠭᠦᠯᠬᠦ ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠬᠤᠶᠠᠳᠤᠭᠠᠷ ᠠᠵᠤ ᠦᠢᠯᠡᠰ ᠵᠢᠴᠢ ᠭᠤᠷᠪᠠᠳᠤᠭᠠᠷ ᠠᠵᠤ ᠦᠢᠯᠡᠰ ᠤᠨ ᠳᠤᠮᠳᠠ ᠣᠷᠳᠣ ᠬᠤᠭᠤᠴᠠᠭᠠᠨ ᠤ ᠠᠵᠢᠯ ᠲᠥᠷᠥᠯ ᠢ ᠬᠥᠭᠵᠢᠭᠦᠯᠬᠦ ᠲᠥᠯᠥᠪᠵᠢᠭᠦᠯᠭᠡ ᠶᠢ ᠲᠣᠭᠲᠠᠭᠠᠵᠤ᠂ ᠬᠠᠮᠢᠶ᠎ᠠ ᠪᠥᠬᠦᠶ ᠡᠳ᠋ ᠤᠨ ᠵᠠᠰᠠᠭ ᠠᠵᠤ ᠠᠬᠤᠶ ᠶᠢᠨ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠡᠳ᠋ ᠤᠨ ᠵᠠᠰᠠᠭ ᠠᠴᠠ ᠠᠵᠤ ᠠᠬᠤᠶᠢᠯᠠᠯ᠂ ᠡᠨᠧᠷᠭᠢ᠂ ᠵᠠᠰᠠᠮᠠᠯ ᠵᠠᠮ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ᠂  ᠦᠢᠯᠡᠳᠪᠦᠷᠢᠯᠡᠯ ᠤᠨ ᠠᠮᠤᠷ ᠲᠦᠪᠰᠢᠨ ᠵᠡᠷᠭᠡ ᠬᠦᠷᠢᠶ᠎ᠡ ᠴᠠᠷᠠᠭ᠎ᠠ ᠳᠠᠬᠢ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ᠂ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠠᠷᠢᠭᠤᠴᠠᠨ᠎ᠠ᠃ ᠭᠠᠳᠠᠭᠠᠳᠤ ᠠᠷᠠᠯᠵᠢᠶᠠᠨ ᠤ ᠨᠡᠮᠡᠭᠳᠡᠯ ᠪᠠ ᠪᠦᠲᠦᠴᠡ ᠶᠢᠨ ᠲᠤᠬᠢᠷᠠᠭᠤᠯᠤᠯᠳᠠ᠂ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠵᠢᠴᠢ ᠠᠷᠠᠴᠢᠯᠠᠯᠲᠠ ᠵᠡᠷᠭᠡ ᠲᠤᠰᠬᠠᠶ ᠵᠦᠢᠯ ᠤᠨ ᠪᠡᠯᠡ ᠣᠷᠣᠭᠤᠯᠤᠯᠲᠠ ᠶᠢ ᠬᠤᠪᠢᠶᠠᠷᠢᠯᠠᠨ ᠬᠡᠷᠡᠭᠯᠡᠬᠦ ᠵᠢᠴᠢ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠠᠬᠢᠭᠤᠯᠤᠨ᠎ᠠ᠃   ︵ᠶᠢᠰᠦ︶ ᠪᠥᠬᠦ ᠬᠤᠰᠢᠭᠤᠨ ᠤ ᠦᠢᠯᠡᠴᠢᠯᠡᠭᠡᠨ ᠤ ᠦᠢᠯᠡᠰ᠂ ᠪᠠᠷᠠᠭᠠᠨ ᠤ ᠭᠦᠢᠯᠭᠡᠭᠡᠨ ᠤ ᠦᠢᠯᠡᠰ᠂ ᠠᠮᠤ ᠪᠤᠳᠠᠭ᠎ᠠ᠂ ᠠᠷᠠᠯᠵᠢᠶ᠎ᠠ ᠬᠤᠳᠠᠯᠳᠤᠭ᠎ᠠ ᠵᠡᠷᠭᠡ ᠭᠤᠷᠪᠠᠳᠤᠭᠠᠷ ᠠᠵᠤ ᠦᠢᠯᠡᠰ ᠤᠨ ᠳᠤᠮᠳᠠ ᠣᠷᠳᠣ ᠬᠤᠭᠤᠴᠠᠭᠠᠨ ᠤ ᠠᠵᠢᠯ ᠲᠥᠷᠥᠯ ᠢ ᠬᠥᠭᠵᠢᠭᠦᠯᠬᠦ ᠲᠥᠯᠥᠪᠵᠢᠭᠦᠯᠭᠡ ᠶᠢ ᠲᠣᠭᠲᠠᠭᠠᠵᠤ᠂ ᠡᠳ᠋ ᠤᠨ ᠵᠠᠰᠠᠭ ᠠᠴᠠ ᠳᠣᠭᠢᠷᠠᠭᠤᠯᠤᠭᠰᠠᠨ ᠪᠣᠭᠤᠮᠲᠠ᠂ ᠦᠢᠯᠡᠴᠢᠯᠡᠭᠡᠨ ᠤ ᠦᠢᠯᠡᠰ  ᠂ ᠬᠤᠲᠠ ᠬᠥᠳᠡᠭᠡ ᠶᠢᠨ ᠪᠠᠷᠠᠭᠠᠨ ᠤ ᠭᠦᠢᠯᠭᠡᠭᠡ᠂ ᠬᠥᠳᠡᠭᠡ ᠲᠣᠰᠬᠤᠨ ᠤ ᠬᠠᠩᠭᠠᠨ ᠪᠣᠷᠣᠯᠠᠭᠤᠯᠬᠤ᠂ ᠠᠮᠤ ᠪᠤᠳᠠᠭ᠎ᠠ ᠲᠣᠰᠣ ᠶᠢ ᠬᠤᠷᠢᠶᠠᠨ ᠴᠤᠭᠯᠠᠭᠤᠯᠵᠤ ᠡᠳ᠋ᠰᠢᠭᠦᠯᠬᠦ᠂ ᠠᠮᠤ ᠪᠤᠳᠠᠭ᠎ᠠ ᠴᠢᠯᠠᠭᠤᠨ ᠲᠣᠰᠣᠨ ᠤ ᠭᠠᠷᠤᠯᠲᠠ ᠶᠡᠭᠡ ᠰᠢᠶᠠᠨ ᠤ ᠱᠠᠩᠨᠠᠯ ᠵᠡᠷᠭᠡ ᠲᠤᠰᠬᠠᠶ ᠪᠠᠯᠠ ᠣᠷᠣᠭᠤᠯᠤᠯᠲᠠ ᠶᠢ ᠬᠤᠪᠢᠶᠠᠷᠢᠯᠠᠬᠤ ᠪᠠ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠠᠮᠤ ᠪᠤᠳᠠᠭᠠᠨ ᠤ ᠠᠷᠠᠯᠵᠢᠶ᠎ᠠ ᠬᠤᠳᠠᠯᠳᠤᠭ᠎ᠠ ᠵᠡᠷᠭᠡ ᠭᠤᠷᠪᠠᠳᠤᠭᠠᠷ ᠠᠵᠤ ᠦᠢᠯᠡᠰ ᠤᠨ ᠡᠳ᠋ ᠤᠨ ᠵᠠᠰᠠᠭ ᠤᠨ ᠲᠥᠰᠦᠪ ᠵᠢᠴᠢ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠣᠭᠲᠠᠭᠠᠯᠲᠠ ᠶᠢ ᠰᠤᠳᠤᠯᠤᠨ ᠲᠣᠭᠲᠠᠭᠠᠬᠤ ᠪᠥᠭᠡᠳ ᠬᠡᠷᠡᠭᠵᠢᠭᠦᠯᠦᠨ᠎ᠡ᠃  ︵ᠠᠷᠪᠠ︶ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠤᠰᠢᠭᠤᠨ ᠤ ᠡᠳ᠋ ᠤᠨ ᠵᠠᠰᠠᠭ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠵᠢᠴᠢ ᠡᠮ ᠡᠮᠨᠡᠯᠭᠡ ᠡᠷᠡᠭᠦᠯ ᠬᠠᠮᠠᠭᠠᠯᠠᠯ ᠤᠨ ᠵᠠᠷᠤᠯᠭ᠎ᠠ ᠶᠢ ᠬᠠᠮᠢᠶᠠᠷᠴᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠨᠡᠶᠢᠭᠡᠮ ᠤᠨ ᠪᠠᠲᠤᠯᠠᠭ᠎ᠠ ᠶᠢᠨ ᠪᠠᠯᠠ ᠮᠥᠩᠭᠦ ︵ᠰᠠᠭᠤᠷᠢ ᠮᠥᠩᠭᠦ︶ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠦᠷᠢᠮ ᠢ ᠲᠣᠭᠲᠠᠭᠠᠵᠤ᠂ ᠬᠤᠰᠢᠭᠤᠨ ᠤ ᠨᠡᠶᠢᠭᠡᠮ ᠤᠨ ᠪᠠᠲᠤᠯᠠᠭ᠎ᠠ ᠶᠢᠨ ᠲᠥᠰᠦᠪ ᠪᠠ ᠲᠥᠰᠦᠪ ᠤᠨ ᠭᠦᠢᠴᠡᠳᠭᠡᠯ ᠤᠨ ᠲᠥᠰᠦᠯ ᠢ ᠨᠠᠶᠢᠷᠠᠭᠤᠯᠤᠨ ᠵᠣᠬᠢᠶᠠᠨ᠎ᠠ᠃  ︵ᠠᠷᠪᠠᠨ ᠨᠢᠭᠡ︶ ᠤᠯᠤᠰ ᠤᠨ ᠵᠠᠰᠠᠭ ᠤᠨ ᠣᠷᠳᠣᠨ ᠤ ᠳᠣᠲᠣᠷ᠎ᠠ ᠭᠠᠳᠠᠨᠠᠬᠢ ᠥᠷᠢ ᠥᠭᠴᠡᠭᠡ ᠶᠢᠨ ᠬᠠᠮᠢᠶᠠᠷᠤᠯᠲᠠ ᠶᠢᠨ ᠲᠦᠷᠢᠮ ᠪᠠ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠬᠠᠮᠢᠶᠠᠷᠤᠯᠲᠠ ᠶᠢᠨ ᠲᠦᠷᠢᠮ ᠪᠠ ᠠᠷᠭ᠎ᠠ ᠶᠢ ᠬᠠᠤᠯᠢ ᠶᠣᠰᠣᠭᠠᠷ ᠲᠣᠭᠲᠠᠭᠠᠵᠤ᠂ ᠡᠳ᠋ ᠤᠨ ᠵᠠᠰᠠᠭ ᠤᠨ ᠲᠦᠭᠰᠢᠭᠦᠷᠢ ᠶᠢ ᠰᠡᠷᠭᠡᠶᠢᠯᠡᠨ᠎ᠡ᠃ ᠵᠠᠰᠠᠭ ᠤᠨ ᠣᠷᠳᠣᠨ ᠤ ᠳᠣᠲᠣᠷ᠎ᠠ ᠭᠠᠳᠠᠨᠠᠬᠢ ᠥᠷᠢ ᠥᠭᠴᠡᠭᠡ ᠶᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃  ︵ᠠᠷᠪᠠᠨ ᠬᠤᠶᠠᠷ︶ ᠪᠥᠬᠦ ᠬᠤᠰᠢᠭᠤᠨ ᠤ ᠨᠢᠭᠲᠠᠯᠠᠨ ᠪᠤᠳᠤᠭᠴᠢ ᠶᠢᠨ ᠠᠵᠢᠯ ᠢ ᠬᠠᠷᠢᠭᠤᠴᠠᠨ ᠬᠠᠮᠢᠶᠠᠷᠴᠤ᠂ ᠨᠢᠭᠲᠠᠯᠠᠨ ᠪᠤᠳᠤᠭᠴᠢ ᠶᠢᠨ ᠠᠵᠢᠯᠯᠠᠭ᠎ᠠ ᠳᠤ ᠬᠢᠨᠠᠯᠲᠠ ᠲᠠᠯᠪᠢᠬᠤ ᠪᠠ ᠵᠢᠷᠤᠮᠵᠢᠭᠤᠯᠵᠤ᠂ ᠪᠥᠬᠦ ᠬᠤᠰᠢᠭᠤᠨ ᠤ ᠨᠢᠭᠲᠠᠯᠠᠨ ᠪᠤᠳᠤᠭᠴᠢ ᠶᠢᠨ ᠬᠠᠮᠢᠶᠠᠷᠤᠯᠲᠠ ᠶᠢᠨ ᠲᠦᠷᠢᠮ᠂ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃   ︵ᠠᠷᠪᠠᠨ ᠭᠤᠷᠪᠠ︶ ᠡᠳ᠋ ᠤᠨ ᠵᠠᠰᠠᠭ ᠭᠠᠶᠢᠯᠢ ᠶᠢᠨ ᠬᠠᠤᠯᠢ ᠲᠣᠭᠲᠠᠭᠠᠯ᠂ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠲᠤᠰᠬᠠᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢ ᠴᠢᠩᠭᠠᠳᠬᠠᠬᠤ ᠲᠦᠷᠦ ᠶᠢᠨ ᠪᠤᠳᠤᠯᠭ᠎ᠠ ᠪᠠ ᠰᠠᠨᠠᠭᠤᠯᠭ᠎ᠠ ᠳᠤᠷᠠᠳᠤᠨ᠎ᠠ᠃   ︵ᠠᠷᠪᠠᠨ ᠳᠥᠷᠪᠡ︶ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠥᠰᠦᠯ ᠪᠠ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠠᠷᠢᠭᠤᠴᠠᠵᠤ᠂ ᠥᠭᠡᠷᠡᠴᠢᠯᠡᠯᠲᠡ ᠶᠢᠨ ᠠᠵᠢᠯ ᠢ ᠵᠢᠯᠣᠭᠤᠳᠬᠤ ᠪᠠ ᠠᠬᠢᠭᠤᠯᠵᠤ᠂ ᠪᠥᠬᠦ ᠬᠤᠰᠢᠭᠤᠨ ᠤ ᠡᠳ᠋ ᠤᠨ ᠵᠠᠰᠠᠭ ᠠᠴᠠ ᠮᠠᠯᠴᠢᠨ ᠲᠠᠷᠢᠶᠠᠴᠢᠨ ᠳᠤ ᠨᠥᠬᠦᠪᠥᠷᠢ ᠥᠭᠬᠦ ᠪᠠᠯᠠ ᠮᠥᠩᠭᠦ ᠶᠢᠨ ᠬᠠᠮᠢᠶᠠᠷᠤᠯᠲᠠ ᠪᠠ ᠣᠯᠭᠤᠬᠤ ᠠᠷᠭ᠎ᠠ ᠮᠠᠶ᠋ᠢᠭ ᠤᠨ ᠥᠭᠡᠷᠡᠴᠢᠯᠡᠯᠲᠡ ᠶᠢᠨ ᠠᠵᠢᠯ ᠢ ᠳᠠᠭᠠᠭᠠᠨ ᠭᠦᠢᠴᠡᠳᠭᠡᠨ᠎ᠡ᠃   ︵ᠠᠷᠪᠠᠨ ᠲᠠᠪᠤ︶ ᠪᠥᠬᠦ ᠬᠤᠰᠢᠭᠤᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠡᠯ᠎ᠡ ᠵᠦᠢᠯ ᠤᠨ ᠲᠦᠷᠢᠮ ᠲᠣᠭᠲᠠᠭᠠᠯ ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠎ᠠ᠃ ︽ᠬᠤᠳᠠᠯᠳᠤᠨ ᠠᠪᠬᠤ ᠬᠠᠤᠯᠢ︾ ᠵᠢᠴᠢ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ᠂ ᠡᠯ᠎ᠡ ᠵᠦᠢᠯ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠬᠠᠮᠢᠶᠠᠷᠴᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠷᠭ᠎ᠠ ᠮᠠᠶ᠋ᠢᠭ ᠢ ᠬᠢᠨᠠᠨ ᠵᠥᠪᠰᠢᠶᠡᠷᠡᠨ᠎ᠡ᠃ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠪᠠᠯᠠ ᠮᠥᠩᠭᠦ ᠶᠢ ᠬᠢᠨᠠᠨ ᠬᠠᠷᠭᠤᠭᠤᠯᠬᠤ ᠪᠠ ᠴᠤᠬᠤᠯᠠᠪᠤᠷᠢᠯᠠᠵᠤ᠂ ᠪᠥᠬᠦ ᠬᠤᠰᠢᠭᠤᠨ ᠤ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠬᠠᠮᠢᠶᠠᠷᠤᠯᠲᠠ ᠶᠢᠨ ᠠᠵᠢᠯ ᠢ ᠵᠢᠯᠤᠭᠤᠳᠬᠤ ᠶᠢ ᠬᠠᠷᠢᠭᠤᠴᠠᠨ᠎ᠠ᠃  ︵ᠠᠷᠪᠠᠨ ᠵᠢᠷᠭᠤᠭ᠎ᠠ︶ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠪᠠ ᠰᠤᠷᠭᠠᠨ ᠬᠥᠮᠦᠵᠢᠯ ᠤᠨ ᠲᠥᠯᠥᠪᠵᠢᠭᠦᠯᠭᠡ ᠶᠢ ᠲᠣᠭᠲᠠᠭᠠᠨ᠎ᠠ᠃ ᠡᠳ᠋ ᠤᠨ ᠵᠠᠰᠠᠭ ᠤᠨ ᠴᠢᠳᠠᠪᠤᠷᠢᠲᠠᠨ ᠢ ᠪᠣᠯᠪᠠᠰᠤᠷᠠᠭᠤᠯᠬᠤ ᠶᠢ ᠵᠤᠬᠢᠶᠠᠨ ᠪᠠᠶᠢᠭᠤᠯᠤᠨ᠎ᠠ᠃ ᠡᠳ᠋ ᠤᠨ ᠵᠠᠰᠠᠭ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠ ᠡᠳ᠋ ᠤᠨ ᠵᠠᠰᠠᠭ ᠤᠨ ᠤᠬᠠᠭᠤᠯᠭ᠎ᠠ ᠶᠢᠨ ᠠᠵᠢᠯ ᠢ ᠴᠢᠩᠭᠠᠳᠬᠠᠨ᠎ᠠ᠃  ︵ᠠᠷᠪᠠᠨ ᠳᠣᠯᠤᠭ᠎ᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ ᠡᠳ᠋ ᠤᠨ ᠵᠠᠰᠠᠭ ᠠᠴᠠ ᠲᠤᠰᠢᠶᠠᠭᠰᠠᠨ ᠪᠤᠰᠤᠳ ᠵᠦᠢᠯᠡᠰ ᠢ ᠳᠠᠭᠠᠭᠠᠨ ᠭᠦᠢᠴᠡᠳᠭᠡᠨ᠎ᠠ᠃        
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号