︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠭᠤᠤᠯ ᠲᠤᠰᠢᠶᠠᠯ ᠬᠠᠷᠢᠭᠤᠴᠠᠯᠭ᠎ᠠ ᠶᠢᠨ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ︾ ᠢ ᠳᠠᠷᠤᠮᠠᠯᠯᠠᠨ ᠲᠠᠷᠬᠠᠭᠠᠬᠤ ᠲᠤᠬᠠᠶ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/4/16
          ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠠᠴᠠ ᠲᠠᠷᠬᠠᠭᠠᠭᠰᠠᠨ    〔2015〕111 ᠳ᠋ᠤᠭᠡᠷ ᠲᠣᠭᠠᠲᠤ ᠡᠯ᠎ᠡ ᠰᠤᠮᠤ ᠰᠢᠶᠠᠩ ᠪᠠᠯᠭᠠᠰᠤ ︵ᠲᠠᠯᠠᠪᠠᠶ︶ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠬᠠᠷᠢᠶ᠎ᠠ ᠡᠯ᠎ᠡ ᠰᠠᠯᠠᠭ᠎ᠠ ᠮᠥᠴᠢᠷ ᠲᠤ᠄       ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ᠂ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ︾ ᠢ ᠬᠤᠰᠢᠭᠤᠨ ᠤ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠬᠡᠷ ᠢᠶᠠᠷ ᠬᠢᠨᠠᠨ ᠬᠠᠷᠭᠤᠭᠤᠯᠵᠤ᠂ ᠬᠤᠰᠢᠭᠤᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠠᠷᠤᠮᠠᠯᠯᠠᠨ ᠲᠠᠷᠬᠠᠭᠠᠪᠠ  ᠃                                                                            2015 ᠣᠨ ᠤ 10 ᠳ᠋ᠤᠭᠠᠷ ᠰᠠᠷ᠎ᠠ ᠶᠢᠨ 8 ᠤ ᠡᠳᠦᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠲᠥᠯᠥᠪᠵᠢᠭᠦᠯᠭᠡ ᠪᠦᠲᠦᠭᠡᠨ  ᠪᠠᠶᠢᠭᠤᠯᠤᠯᠲᠠ ᠶᠢᠨᠲᠣᠪᠴᠢᠶ᠎ᠠ ᠶᠢᠨ ᠭᠤᠣᠯ ᠲᠤᠰᠢᠶᠠᠯ ᠬᠠᠷᠢᠭᠤᠴᠠᠯᠭ᠎ᠠ ᠶᠢᠨ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ  ᠵᠠᠰᠠᠭ ᠤᠨ ᠣᠷᠳᠣᠨ ︽ ᠠᠶᠢᠮᠠᠭ ᠬᠤᠲᠠ ᠶᠢᠨ ᠲᠤᠬᠠᠶ᠂ ᠬᠤᠰᠢᠭᠤ ᠰᠢᠶᠠᠨ ︵ᠬᠤᠲᠠ ᠲᠣᠭᠤᠷᠢᠭ︶ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠬᠠᠶ ᠰᠠᠨᠠᠯ︾ ︵ᠥᠪᠥᠷ ᠮᠤᠩᠭᠤᠯ ᠤᠨ ᠨᠠᠮ ᠤᠨ ᠬᠤᠷᠢᠶ᠎ᠠ ᠠᠴᠠ ᠲᠠᠷᠬᠠᠭᠠᠭᠰᠠᠨ ﹇2014﹈ 9 ᠳ᠋ᠤᠭᠡᠷ ᠲᠣᠭᠠᠲᠤ︶᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠠᠬᠢᠷᠭ᠎ᠠ ᠶᠢᠨ ᠠᠯᠪᠠᠨ ᠲᠢᠩᠬᠢᠮ ᠤᠨ ︽︿ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠠᠯᠪᠠᠨ ᠭᠡᠷ ᠠᠴᠠ ᠲᠠᠷᠬᠠᠭᠠᠭᠰᠠᠨ ︹ 2015 ︺ 4 ᠳ᠋ᠤᠭᠡᠷ ᠲᠣᠭᠠᠲᠤ︶ ᠪᠠ  ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠢᠶ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽︿ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ﹀ ᠢ ᠳᠠᠷᠤᠮᠠᠯᠯᠠᠨ ᠲᠠᠷᠬᠠᠭᠠᠬᠤ ᠮᠡᠳᠡᠭᠳᠡᠯ︾ ︵ᠬᠤᠰᠢᠭᠤᠨ ᠤ ᠨᠠᠮ ᠤᠨ ᠬᠤᠷᠢᠶ᠎ᠠ ᠠᠴᠠ ᠲᠠᠷᠬᠠᠭᠠᠭᠰᠠᠨ ︹ 2015 ︺ 41 ᠳ᠋ᠤᠭᠡᠷ ᠲᠣᠭᠠᠲᠤ︶ ᠤᠨ ᠵᠣᠷᠢᠭ ᠰᠠᠨᠠᠭ᠎ᠠ᠂ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠶᠢ ᠦᠯᠡᠳᠡᠭᠡᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠭᠠᠨ᠎ᠠ᠃ ᠨᠢᠭᠡ᠂ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ︵ᠨᠢᠭᠡ︶ ᠤᠤᠯ ᠤᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠥᠯᠥᠪᠵᠢᠭᠦᠯᠭᠡ ᠶᠢᠨ ᠲᠣᠪᠴᠢᠶᠠᠨ ᠤ ᠡᠭᠦᠷᠭᠡ ᠴᠢᠳᠠᠪᠬᠢ ᠶᠢ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠬᠤᠪᠢᠶᠠᠷᠢᠯᠠᠨ ᠣᠷᠣᠭᠤᠯᠤᠨ᠎ᠠ  ᠃ ︵ᠬᠤᠶᠠᠷ︶ ᠤᠤᠯ ᠤᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠳᠤ ᠬᠤᠪᠢᠶᠠᠷᠢᠯᠠᠨ ᠣᠷᠣᠭᠤᠯᠤᠨ᠎ᠠ᠃ ︵ᠭᠤᠷᠪᠠ︶ ᠤᠤᠯ ᠤᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠶᠢ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠳᠤ ᠬᠤᠪᠢᠶᠠᠷᠢᠯᠠᠨ᠎ᠠ᠃ ᠬᠤᠶᠠᠷ᠂ ᠭᠤᠣᠯ ᠡᠭᠦᠷᠭᠡ ᠬᠠᠷᠢᠭᠤᠴᠠᠯᠭ᠎ᠠ   ︵ᠨᠢᠭᠡ︶ ᠪᠦᠬᠦ ᠬᠤᠰᠢᠭᠤᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠤᠯᠤᠰ ᠤᠨ ᠬᠤᠲᠠ ᠬᠥᠳᠡᠭᠡ ᠶᠢᠨ ᠲᠥᠯᠥᠪᠵᠢᠭᠦᠯᠭᠡ᠂ ᠬᠤᠲᠠ ᠶᠢᠨ ᠪᠦᠲᠦᠭᠡᠨ ᠪᠠᠶᠢᠭᠤᠯᠤᠯᠲᠠ᠂ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ᠂ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠢᠯᠡᠰ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠪᠠᠷᠢᠯᠭ᠎ᠠ ᠶᠢᠨ ᠦᠢᠯᠡᠰ᠂ ᠪᠠᠷᠢᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠡᠨᠧᠷᠭᠢ ᠠᠷᠪᠢᠯᠠᠬᠤ ᠬᠤᠯᠪᠣᠭᠳᠠᠯ ᠪᠦᠬᠦᠢ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠴᠢᠨᠠᠷᠲᠠᠶ ᠬᠠᠤᠯᠢ ᠴᠠᠭᠠᠵᠠ ᠶᠢᠨ ᠪᠢᠴᠢᠭ ᠮᠠᠲ᠋ᠧᠷᠢᠶᠠᠯ ᠢ ᠲᠤᠭᠤᠷᠪᠢᠨ ᠲᠣᠭᠲᠠᠭᠠᠨ᠎ᠠ᠃ ᠪᠦᠬᠦ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠲᠤᠭᠤᠷᠪᠢᠨ ᠲᠣᠭᠲᠠᠭᠠᠨ᠎ᠠ᠃ ᠪᠦᠬᠦ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠳᠤᠮᠳᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠬᠢᠨᠠᠨ ᠲᠣᠭᠲᠠᠭᠠᠭᠰᠠᠨ ᠤ ᠳᠠᠷᠠᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠬᠤᠲᠠ ᠬᠥᠳᠡᠭᠡ ᠶᠢᠨ ᠲᠥᠯᠥᠪᠵᠢᠭᠦᠯᠪᠡ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠢᠴᠢ ᠪᠠᠷᠢᠯᠭ᠎ᠠ ᠶᠢᠨ ᠠᠵᠢᠯ ᠢ ᠬᠠᠷᠢᠭᠤᠴᠠᠨ ᠬᠠᠮᠢᠶᠠᠷᠴᠤ᠂ ᠬᠢᠨᠠᠯᠲᠠ ᠲᠠᠯᠪᠢᠨ᠎ᠠ᠃︵ᠬᠤᠶᠠᠷ︶ ᠪᠦᠬᠦ ᠬᠤᠰᠢᠭᠤᠨ ᠤ ᠬᠤᠲᠠ ᠬᠥᠳᠡᠭᠡ ᠶᠢᠨ ᠰᠢᠰᠲ᠋ᠧᠮᠵᠢ ᠶᠢᠨ ᠲᠥᠯᠥᠪᠵᠢᠭᠦᠯᠭᠡ᠂ ᠬᠤᠲᠠ ᠶᠢᠨ ᠶᠡᠷᠦᠩᠬᠡᠶ ᠲᠥᠯᠥᠪᠵᠢᠭᠦᠯᠭᠡ ᠪᠣᠯᠤᠨ ᠬᠤᠲᠠ ᠪᠠᠯᠭᠠᠰᠤᠨ ᠤ ᠵᠢᠷᠤᠭ ᠲᠥᠯᠥᠪᠯᠡᠭᠡ᠂ ᠬᠠᠤᠯᠢ ᠪᠠᠷ ᠲᠣᠭᠲᠠᠭᠠᠭᠰᠠᠨ ᠵᠢᠷᠤᠭᠲᠤ ᠳᠡᠪᠲᠡᠷ ᠢ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠡᠯ᠎ᠡ ᠲᠤᠰᠬᠠᠶ ᠲᠥᠯᠥᠪᠵᠢᠭᠦᠯᠭᠡ ᠶᠢ ᠬᠢᠨᠠᠨ ᠪᠠᠶᠢᠴᠠᠭᠠᠵᠤ᠂ ᠣᠷᠣᠨ ᠬᠤᠪᠢᠶᠠᠨ ᠲᠥᠯᠥᠪᠵᠢᠭᠦᠯᠵᠦ᠂ ᠨᠠᠷᠢᠨ ᠨᠢᠭᠲᠠ ᠲᠥᠯᠥᠪᠵᠢᠭᠦᠯᠵᠦ᠂ ᠬᠢᠨᠠᠨ ᠲᠣᠭᠲᠠᠭᠠᠭᠰᠠᠨ ᠤ ᠳᠠᠷᠠᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠠᠮᠢᠶᠠᠷᠤᠨ᠎ᠠ᠃ ᠡᠯ᠎ᠡ ᠰᠤᠮᠤ᠂ ᠰᠢᠶᠠᠩ ᠪᠠᠯᠭᠠᠰᠤ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠠᠮᠢᠶᠠᠷᠤᠯᠲᠠ ᠶᠢᠨ ᠠᠵᠢᠯ ᠢ ᠵᠢᠯᠣᠭᠤᠳᠬᠤ ᠬᠡᠷᠡᠭᠲᠡᠶ᠃       ︵ᠭᠤᠷᠪᠠ︶ ᠬᠤᠲᠠ ᠶᠢᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ ᠬᠤᠲᠠ ᠶᠢᠨ ᠶᠠᠪᠤᠳᠠᠯ ᠤᠨ ᠨᠡᠶᠢᠲᠡ ᠶᠢᠨ ᠪᠡᠯᠡᠳᠬᠡᠮᠵᠢ᠂ ᠤᠰᠤ ᠬᠠᠩᠭᠠᠬᠤ᠂ ᠤᠰᠤ ᠲᠠᠲᠠᠷᠠᠭᠤᠯᠬᠤ᠂ ᠢᠯᠴᠢ ᠬᠠᠩᠭᠠᠬᠤ᠂ ᠰᠢᠲᠠᠮᠠᠬᠠᠶ ᠬᠡᠢ᠂ ᠠᠭᠤᠳᠠᠮ ᠲᠠᠯᠠᠪᠠᠶ᠂ ᠲᠡᠷᠭᠡᠨ ᠵᠣᠭᠰᠣᠭᠠᠯ᠂ ᠵᠠᠮ᠂ ᠬᠥᠭᠦᠷᠭᠡ᠂ ᠪᠣᠬᠢᠷ ᠤᠰᠤ ᠰᠢᠢᠳᠪᠦᠷᠢᠯᠡᠬᠦ᠂ ᠬᠤᠭ ᠨᠣᠪᠰᠢ ᠰᠢᠢᠳᠪᠦᠷᠢᠯᠡᠬᠦ᠂ ᠴᠡᠴᠡᠷᠯᠢᠭ᠂ ᠨᠣᠭᠤᠭᠠᠷᠠᠭᠤᠯᠤᠯᠲᠠ ᠭᠤᠶᠣᠵᠢᠭᠤᠯᠤᠯᠲᠠ ᠭᠡᠷᠡᠯᠲᠦᠭᠦᠯᠭᠡ ᠶᠢᠨ ᠢᠨᠵᠧᠨᠧᠷᠢᠩ ᠵᠡᠷᠭᠡ ᠶᠢᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠲᠠ ᠶᠢᠨ ᠬᠠᠮᠢᠶᠠᠷᠤᠯᠲᠠ ᠶᠢᠨ ᠣᠷᠣᠨ ᠨᠤᠲᠤᠭ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠶᠠᠪᠤᠳᠠᠯ ᠢ ᠲᠤᠭᠤᠷᠪᠢᠨ ᠲᠣᠭᠲᠠᠭᠠᠵᠤ᠂ ᠬᠤᠲᠠ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠬᠤᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠲᠠ ᠶᠢᠨ ᠠᠮᠤᠷ ᠲᠦᠪᠰᠢᠨ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠬᠠᠮᠵᠢᠯᠴᠠᠨ ᠬᠡᠷᠡᠭᠵᠢᠭᠦᠯᠦᠨ᠎ᠡ᠃ ︵ᠳᠥᠷᠪᠡ︶ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ᠃ ᠠᠶᠢᠯ ᠲᠣᠰᠬᠤᠨ ᠪᠠ ᠵᠢᠵᠢᠭ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠲᠦᠷᠦ ᠶᠢᠨ ᠪᠤᠳᠤᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠳᠤ ᠬᠠᠮᠵᠢᠯᠴᠠᠨ᠎ᠠ  ᠃ ᠲᠠᠷᠢᠶᠠᠯᠠᠬᠤ ᠮᠠᠯᠵᠢᠬᠤ ᠣᠷᠣᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠣᠯᠤᠨ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢ ᠵᠢᠯᠣᠭᠤᠳᠤᠨ᠎ᠠ᠃ ᠵᠢᠵᠢᠭ ᠬᠤᠲᠠ ᠪᠠᠯᠭᠠᠰᠤ᠂ ᠠᠶᠢᠯ ᠲᠣᠰᠬᠤᠨ ᠤ ᠰᠠᠭᠤᠷᠢ ᠪᠡᠯᠡᠳᠬᠡᠮᠵᠢ ᠪᠣᠯᠤᠨ ᠬᠥᠮᠦᠰ ᠤᠨ ᠣᠷᠣᠰᠢᠨ ᠰᠠᠭᠤᠬᠤ ᠠᠮᠢ ᠠᠬᠤᠶ ᠶᠢᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠲᠡᠦᠬᠡ ᠰᠣᠶᠣᠯ ᠤᠨ ᠨᠡᠷᠡᠲᠦ ᠬᠤᠲᠠ ︵ᠪᠠᠯᠭᠠᠰᠤ᠂ ᠲᠣᠰᠬᠤᠨ︶ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠭᠠᠴᠠᠭ᠎ᠠ ᠪᠠᠯᠭᠠᠰᠤᠨ ᠤ ᠣᠷᠴᠢᠨ ᠠᠬᠤᠢ ᠶᠢ ᠶᠡᠷᠦᠩᠬᠡᠶᠢᠯᠡᠨ ᠵᠠᠰᠠᠬᠤ ᠠᠵᠢᠯ ᠢ ᠵᠢᠯᠣᠭᠤᠳᠤᠨ ᠥᠷᠨᠢᠭᠦᠯᠵᠦ᠂ ᠰᠢᠨ᠎ᠡ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃     ︵ᠲᠠᠪᠤ︶ ᠪᠦᠬᠦ ᠬᠤᠰᠢᠭᠤᠨ ᠤ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠣᠷᠣᠨ ᠨᠤᠲᠤᠭ ᠤᠨ ᠴᠢᠨᠠᠷᠲᠠᠢ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠵᠤ᠂ ᠵᠠᠬ᠎ᠠ ᠳᠡᠯᠭᠡᠭᠦᠷ ᠤᠨ ᠡᠯ᠎ᠡ ᠲᠠᠯ᠎ᠠ ᠶᠢᠨ ᠪᠡᠶᠡᠴᠢ ᠴᠣᠭᠴᠠ ᠶᠢᠨ ᠠᠵᠢᠯᠯᠠᠭ᠎ᠠ ᠶᠢ ᠵᠢᠷᠤᠮᠵᠢᠭᠤᠯᠤᠨ᠎ᠠ᠃ ᠪᠥᠬᠦ ᠬᠤᠰᠢᠭᠤᠨ ᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ᠂ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠰᠢᠭᠤᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠭᠡᠷ ᠪᠠᠶᠢᠰᠢᠩ ᠪᠣᠯᠤᠨ ᠬᠤᠲᠠ ᠶᠢᠨ ᠶᠠᠪᠤᠳᠠᠯ ᠤᠨ ᠪᠠᠷᠢᠯᠭ᠎ᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠳᠤ ᠬᠢᠨᠠᠯᠲᠠ ᠲᠠᠯᠪᠢᠨ᠎ᠠ᠃ ᠬᠢᠵᠠᠭᠠᠷᠯᠠᠭᠰᠠᠨ ᠲᠤᠭ᠎ᠠ ᠠᠴᠠ ᠳᠣᠷᠣᠭᠰᠢᠬᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠵᠥᠪᠰᠢᠶᠡᠷᠡᠯ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠬᠤ ᠠᠵᠢᠯ ᠢ ᠬᠠᠷᠢᠭᠤᠴᠠᠨ ᠭᠦᠢᠴᠡᠳᠬᠡᠨ᠎ᠡ᠃ ᠪᠦᠬᠦ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠪᠡ ᠪᠠ ᠳᠤᠮᠳᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠲᠣᠭᠲᠠᠭᠠᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠵᠠᠷᠤᠳᠠᠯ ᠢ ᠬᠤᠷᠠᠮᠳᠤᠭᠤᠯᠬᠤ᠂ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠤᠨ ᠪᠠᠲᠤᠯᠠᠭ᠎ᠠ ᠶᠢᠨ ᠮᠥᠩᠭᠦ ᠬᠤᠷᠢᠶᠠᠬᠤ ᠠᠵᠢᠯ ᠢ ᠬᠠᠷᠢᠭᠤᠴᠠᠨ᠎ᠠ᠃ ᠪᠠᠷᠢᠯᠭ᠎ᠠ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠭᠠᠳᠠᠭᠰᠢ ᠳᠠᠭᠠᠭᠠᠴᠢᠯᠠᠭᠤᠯᠬᠤ ᠂ ᠬᠥᠳᠡᠯᠮᠦᠷᠢ ᠦᠢᠯᠡᠴᠢᠯᠡᠭᠡᠨ ᠤ ᠬᠤᠷᠰᠢᠯᠴᠠᠭ᠎ᠠ ᠳᠤ ᠣᠷᠣᠯᠴᠠᠭᠤᠯᠬᠤ ᠬᠡᠷᠡᠭᠲᠡᠶ᠃ ᠪᠥᠬᠦ ᠬᠤᠰᠢᠭᠤᠨ ᠤ ᠪᠥᠲᠥᠭᠡᠨ ᠪᠠᠶᠢᠭᠤᠯᠤᠯᠲᠠ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠵᠢᠷᠭᠤᠭ᠎ᠠ︶ ᠪᠦᠬᠦ ᠬᠤᠰᠢᠭᠤᠨ ᠤ ᠪᠠᠷᠢᠯᠭ᠎ᠠ ᠶᠢᠨ ᠠᠵᠢᠯ ᠤᠨ ᠶᠠᠰᠤ ᠴᠢᠨᠠᠷ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠢᠨᠠᠯᠲᠠ ᠬᠠᠮᠢᠶᠠᠷᠤᠯᠲᠠ ᠶᠢᠨ ᠪᠣᠳᠠᠲᠠᠶ ᠠᠷᠭ᠎ᠠ ᠶᠢ ᠲᠣᠭᠲᠠᠭᠠᠬᠤ ᠬᠡᠷᠡᠭᠲᠡᠶ᠃ ᠡᠷᠬᠡ ᠮᠡᠳᠡᠯ ᠤᠨ ᠬᠡᠪᠴᠢᠶᠡᠨ ᠳᠠᠬᠢ ᠪᠠᠷᠢᠯᠭ᠎ᠠ ᠶᠢᠨ ᠶᠠᠰᠤ ᠴᠢᠨᠠᠷ ᠪᠠ ᠠᠶᠤᠯᠭᠦᠢ ᠦᠢᠯᠡᠳᠪᠦᠷᠢᠯᠡᠯ ᠢ ᠬᠢᠨᠠᠵᠤ ᠬᠠᠮᠢᠶᠠᠷᠤᠨ᠎ᠠ᠃ ᠪᠠᠷᠢᠯᠭ᠎ᠠ ᠶᠢᠨ ᠶᠠᠰᠤ ᠴᠢᠨᠠᠷ᠂ ᠠᠶᠤᠯᠭᠦᠢ ᠶᠢᠨ ᠠᠳᠡᠯ ᠢ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ᠎ᠠ᠃    ︵ᠳᠣᠯᠤᠭ᠎ᠠ︶ ᠡᠯ᠎ᠡ ᠲᠥᠷᠥᠯ ᠤᠨ ᠭᠡᠷ ᠪᠠᠶᠢᠰᠢᠩ ᠤᠨ ᠪᠠᠷᠢᠯᠭ᠎ᠠ ᠵᠢᠴᠢ ᠳᠠᠭᠠᠯᠲᠠ ᠪᠡᠯᠡᠳᠬᠡᠮᠵᠢ ᠪᠣᠯᠤᠨ ᠬᠤᠲᠠ ᠪᠠᠯᠭᠠᠰᠤ ᠶᠢᠨ ᠬᠤᠲᠠ ᠶᠢᠨ ᠶᠠᠪᠤᠳᠠᠯ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠬᠥᠳᠡᠯᠦᠯᠲᠡ ᠶᠢ ᠳᠠᠭᠠᠭᠠᠬᠤ ᠵᠢᠷᠤᠭ ᠲᠥᠯᠥᠪᠯᠡᠭᠡ ᠶᠢᠨ ᠵᠢᠷᠤᠮᠵᠢᠯ ᠢ ᠬᠡᠷᠡᠭᠵᠢᠭᠦᠯᠬᠦ ᠶᠢ ᠬᠠᠷᠢᠭᠤᠴᠠᠵᠤ᠂ ᠬᠠᠭᠤᠴᠢᠨ ᠪᠠᠶᠢᠭᠤᠯᠤᠭᠰᠠᠨ ᠪᠠᠷᠢᠯᠭ᠎ᠠ ᠶᠢᠨ ᠭᠠᠵᠠᠷ ᠬᠥᠳᠡᠯᠦᠯᠲᠡ ᠶᠢ ᠳᠠᠭᠠᠭᠠᠬᠤ ᠪᠠᠬᠢᠵᠢᠭᠦᠯᠦᠯᠲᠡ ᠶᠢ ᠵᠣᠬᠢᠶᠠᠨ ᠪᠠᠶᠢᠭᠤᠯᠤᠨ᠎ᠠ᠃ ᠬᠤᠲᠠ ᠪᠠᠯᠭᠠᠰᠤ ᠶᠢᠨ ᠭᠠᠵᠠᠷ ᠳᠣᠣᠷᠠᠬᠢ ᠣᠷᠣᠨ ᠵᠠᠢ ᠶᠢ ᠨᠡᠭᠡᠭᠡᠬᠦ ᠪᠠ ᠠᠰᠢᠭᠯᠠᠬᠤ ᠶᠢ ᠵᠢᠯᠣᠭᠤᠳᠤᠨ᠎ᠠ᠃      ︵ᠨᠠᠢᠮᠠ︶ ᠪᠠᠷᠢᠯᠭ᠎ᠠ ᠶᠢᠨ ᠡᠨᠧᠷᠭᠢ ᠠᠷᠪᠢᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢ ᠤᠬᠠᠭᠤᠯᠬᠤ᠂ ᠲᠤᠭᠤᠰᠢᠯᠠᠭᠤᠯᠬᠤ᠂ ᠬᠡᠷᠡᠭᠵᠢᠭᠦᠯᠬᠦ ᠶᠢ ᠬᠠᠷᠢᠭᠤᠴᠠᠨ᠎ᠠ᠃ ᠪᠦᠬᠦ ᠬᠤᠰᠢᠭᠤᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠠᠷᠢᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ᠂ ᠡᠨᠧᠷᠭᠢ ᠠᠷᠪᠢᠯᠠᠬᠤ ᠪᠠ ᠬᠤᠲᠠ ᠪᠠᠯᠭᠠᠰᠤ ᠶᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠲᠦᠯᠬᠢᠨ ᠠᠬᠢᠭᠤᠯᠤᠨ᠎ᠠ᠃ ᠪᠦᠬᠦ ᠬᠤᠰᠢᠭᠤᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠲᠥᠯᠥᠪᠵᠢᠭᠦᠯᠪᠡ᠂ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠪᠠ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠵᠤ᠂ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠦᠢᠯᠡᠳᠬᠦᠨ᠂ ᠰᠢᠨ᠎ᠡ ᠮᠠᠲ᠋ᠧᠷᠢᠶᠠᠯ ᠢ ᠰᠤᠳᠤᠯᠤᠨ ᠨᠡᠭᠡᠭᠡᠵᠦ᠂ ᠣᠷᠣᠭᠤᠯᠤᠨ ᠠᠪᠴᠢᠷᠠᠵᠤ᠂ ᠳᠡᠯᠭᠡᠷᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠪᠣᠭᠤᠮᠲᠠ ᠰᠢᠪᠲᠤᠯᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠵᠣᠬᠢᠶᠠᠨ ᠪᠠᠶᠢᠭᠤᠯᠤᠨ᠎ᠠ᠃ ︵ᠶᠢᠰᠦ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠳᠠᠭᠠᠭᠠᠯᠭᠠᠭᠰᠠᠨ ᠪᠤᠰᠤᠳ ᠵᠦᠢᠯᠡᠰ ᠢ ᠳᠠᠭᠠᠭᠠᠨ ᠭᠦᠢᠴᠡᠳᠭᠡᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号