ᠡᠳᠦᠷ ᠪᠣᠯᠭᠠᠨ ᠪᠡᠶ᠎ᠡ ᠪᠠᠨ ᠣᠬᠢᠶᠠᠬᠤ ᠨᠢ ᠵᠣᠬᠢᠰᠳᠠᠢ ᠤᠤ
ᠨᠡᠶᠢᠲᠡᠯᠡᠭᠰᠡᠨ ᠴᠠᠭ᠄
2021/4/19
   ᠨᠠᠮᠣᠷ ᠡᠪᠦᠯ ᠤᠨ ᠣᠯᠠᠷᠢᠯ ᠳᠤ ᠵᠠᠷᠢᠮ ᠬᠦᠮᠦᠰ ᠤᠨ ᠠᠷᠠᠰᠣ ᠬᠠᠭᠤᠷᠠᠶᠢᠰᠢᠵᠦ᠂ ᠵᠢᠭᠠᠰᠣᠨ ᠤ ᠬᠠᠶᠢᠷᠰᠣ ᠰᠢᠭ᠋ ᠪᠣᠯᠬᠤ ᠮᠦᠷᠲᠡᠭᠡᠨ ᠵᠠᠭᠠᠳᠣᠨᠠᠳᠠᠭ᠃ ᠭᠠᠷ ᠢᠶᠠᠷ ᠢᠶᠠᠨ ᠬᠦᠩᠬᠡᠬᠡᠨ ᠮᠠᠭᠠᠵᠢᠪᠠᠯ ᠴᠠᠰᠣᠨ ᠰᠢᠷᠬᠡᠭ ᠰᠢᠭ ᠴᠠᠭᠠᠨ ᠶᠠᠭᠤᠮ᠎ᠠ ᠤᠨᠠᠨ᠎ᠠ᠃ ᠡᠨᠡ ᠨᠢ ᠶᠠᠭᠤᠨ ᠠᠴᠠ ᠪᠣᠯᠣᠭᠰᠠᠨ ᠪᠣᠢ ᠬᠡᠪᠡᠯ ᠪᠠᠷᠤᠭ ᠣᠯᠠᠨᠲᠠ ᠪᠡᠶ᠎ᠡ ᠪᠠᠨ ᠣᠬᠢᠶᠠᠭᠰᠨᠨ ᠲᠠᠢ ᠬᠤᠯᠪᠣᠭ᠎ᠠ ᠲᠠᠢ ᠶᠤᠮ᠃    ᠵᠠᠷᠢᠮ ᠬᠥᠮᠥᠨ ᠡᠪᠦᠯ ᠤᠨ ᠬᠦᠢᠳᠡᠨ ᠳᠤ ᠪᠡᠶ᠎ᠡ ᠪᠠᠨ ᠣᠬᠢᠶᠠᠬᠤ ᠲᠣᠷᠠᠳᠠᠢ ᠪᠠᠶᠢᠳᠠᠭ᠃ ᠲᠠᠨ ᠤ ᠲᠡᠷᠭᠡᠳᠡ ᠡᠶᠢᠮᠦ ︽ᠠᠷᠢᠭᠤᠨ ᠴᠡᠪᠡᠷᠴᠢ︾ ᠬᠦᠮᠦᠨ ᠪᠠᠶᠢᠬᠤ ᠪᠠᠶᠢᠬ᠎ᠠ᠃ ᠲᠡᠭᠡᠪᠡᠯ ᠡᠳᠦᠷ ᠪᠣᠯᠭᠠᠨ ᠪᠡᠶ᠎ᠡ ᠪᠠᠨ ᠣᠬᠢᠶᠠᠬᠤ ᠨᠢ ᠵᠣᠬᠢᠰᠳᠠᠢ ᠤᠤ︖ ᠡᠪᠦᠯ ᠤᠨ ᠣᠯᠠᠷᠢᠯ ᠳᠤ ᠬᠡᠳᠦᠢ ᠣᠳᠠᠭᠠᠳ ᠪᠡᠶ᠎ᠠ ᠪᠠᠨ ᠨᠢᠭᠡ ᠣᠬᠢᠶᠠᠬᠤ ᠨᠢ ᠵᠣᠬᠢᠰᠳᠠᠢ ᠪᠣᠢ︖    ᠮᠠᠰᠢ ᠣᠯᠠᠨ ᠬᠥᠮᠥᠨ ᠡᠳᠦᠷ ᠪᠣᠯᠭᠠᠨ ᠪᠡᠶ᠎ᠡ ᠪᠠᠨ ᠣᠬᠢᠶᠠᠬᠤ ᠲᠠᠳᠬᠠᠯ ᠲᠠᠢ ᠪᠠᠶᠢᠳᠠᠭ᠃ ᠬᠠᠯᠠᠭᠤᠨ ᠳᠤ ᠪᠣᠯ ᠡᠳᠦᠷ ᠪᠣᠯᠭᠠᠨ ᠬᠤᠶᠠᠷ ᠣᠳᠠᠭ᠎ᠠ ᠣᠬᠢᠶᠠᠬᠤ ᠶᠠᠪᠣᠳᠠᠯ ᠴᠤ ᠭᠠᠷᠳᠠᠭ᠃ ᠭᠡᠪᠡᠴᠦ ᠡᠮᠴᠢ ᠠᠴᠠ ᠪᠡᠶ᠎ᠡ ᠪᠠᠨ ᠡᠳᠦᠷ ᠪᠦᠷᠢ ᠣᠬᠢᠶᠠᠬᠤ ᠦᠬᠡᠢ ᠪᠣᠯ ᠰᠠᠶᠢᠨ ᠬᠡᠵᠦ ᠰᠠᠨᠠᠭᠤᠯᠵᠦ ᠪᠠᠶᠢᠨ᠎ᠠ᠃ ᠣᠴᠢᠷ ᠨᠢ ᠶᠠᠭᠤ ᠬᠡᠪᠡᠯ ᠪᠡᠶ᠎ᠡ ᠣᠬᠢᠶᠠᠬᠤ ᠰᠢᠩᠬᠡᠨ ᠪᠣᠯᠣᠨ ᠦᠰᠦ ᠣᠬᠢᠶᠠᠬᠤ ᠰᠢᠩᠬᠡᠨ ᠨᠢ ᠬᠦᠮᠣᠨ ᠤ ᠪᠡᠶ᠎ᠡ ᠶᠢᠨ ᠠᠷᠠᠰᠣᠨ ᠤ ᠪᠣᠵᠠᠷ ᠪᠣᠷᠳᠠᠭ ᠢ ᠠᠷᠢᠯᠭᠠᠬᠤ ᠶᠢᠨ ᠲᠠᠭᠠᠣ ᠠᠷᠠᠰᠣᠨ ᠤ ᠲᠣᠰᠣᠯᠢᠭ ᠲᠠᠪᠬᠤᠷᠭ᠎ᠠ ᠶᠢ ᠴᠦ ᠠᠷᠢᠯᠭᠠᠳᠠᠭ᠃    ᠠᠷᠠᠰᠣᠨ ᠤ ᠲᠣᠰᠣᠯᠢᠭ ᠲᠠᠪᠬᠤᠷᠭ᠎ᠠ ᠨᠢ ᠠᠷᠠᠰᠣ ᠶᠢ ᠬᠠᠮᠠᠭᠠᠯᠠᠨ᠂ ᠠᠷᠠᠰᠣᠨ ᠲᠠᠪᠬᠤᠷᠭ᠎ᠠ ᠳᠠᠬᠢ ᠣᠰᠣᠨ ᠤ ᠬᠡᠳᠦᠷᠬᠡᠢ ᠠᠭᠤᠷᠰᠢᠯ ᠢ ᠰᠡᠷᠬᠡᠶᠢᠯᠡᠳᠡᠭ ᠶᠤᠮ᠃ ᠣᠯᠠᠨᠲᠠ ᠪᠡᠶ᠎ᠡ ᠪᠠᠨ ᠤᠬᠢᠶᠠᠪᠠᠯ ᠠᠷᠠᠰᠣᠨ ᠤ ᠲᠣᠰᠣᠯᠢᠭ ᠲᠠᠪᠬᠤᠷᠭ᠎ᠠ ᠶᠢ ᠡᠪᠳᠡᠬᠦ ᠪᠣᠯᠬᠤᠷ ᠬᠠᠭᠤᠷᠠᠶᠢᠰᠢᠬᠤ᠂ ᠵᠠᠭᠠᠳᠣᠨᠠᠬᠤ ᠵᠡᠷᠬᠡ ᠠᠷᠠᠰᠣᠨ ᠤ ᠰᠡᠳᠦᠯᠳᠡ ᠶᠢ ᠪᠣᠢ ᠪᠣᠯᠭᠠᠳᠠᠭ᠃    ᠬᠡᠳᠦᠢ ᠤᠳᠠᠭᠠᠳ ᠪᠡᠶ᠎ᠡ ᠪᠠᠨ ᠣᠬᠢᠶᠠᠬᠤ ᠨᠢ ᠰᠢᠨᠵᠢᠯᠡᠬᠦ ᠣᠬᠠᠭᠠᠨᠴᠢ ᠪᠣᠢ︖ ᠡᠬᠦᠨ ᠢ ᠪᠣᠳᠠᠲᠠᠢ ᠲᠣᠭᠳᠠᠭᠠᠭᠰᠠᠨ ᠬᠦᠮᠦᠨ ᠭᠡᠵᠦ ᠪᠠᠶᠢᠬᠤ ᠦᠬᠡᠢ᠃ ᠥᠭᠡᠷ᠎ᠡ ᠪᠠᠷ ᠬᠡᠯᠡᠪᠡᠯ᠂ ᠣᠷᠴᠢᠨ ᠲᠣᠭᠤᠷᠢᠨ ᠪᠣᠯᠣᠨ ᠬᠤᠪᠢ ᠬᠦᠮᠦᠨ ᠤ ᠰᠢᠯᠳᠠᠭᠠᠨ ᠢᠶᠠᠨ ᠦᠨᠳᠦᠰᠣᠯᠡᠬᠦ ᠬᠡᠷᠡᠭᠳᠠᠢ᠃ ᠬᠠᠯᠠᠭᠤᠨ ᠴᠠᠭ ᠲᠤ ᠢᠯᠡᠭᠦᠦ ᠣᠬᠢᠶᠠᠵᠦ᠂ ᠬᠦᠢᠳᠡᠨ ᠴᠠᠭ ᠲᠤ ᠴᠦᠬᠡᠨ ᠰᠢᠭ ᠣᠬᠢᠶᠠᠬᠤ ᠨᠢ ᠵᠣᠬᠢᠰᠳᠠᠢ᠃ ᠡᠨᠡ ᠲᠠᠯ᠎ᠠ ᠪᠠᠷ ᠲᠣᠮᠳᠠᠳᠣ ᠣᠯᠣᠰ ᠤᠨ ᠠᠷᠠᠰᠣᠨ ᠤ ᠰᠠᠯᠠᠭᠠᠨ ᠤ ᠨᠡᠶᠢᠬᠡᠮᠯᠢᠭ ᠤᠨ ᠨᠡᠶᠢᠳᠡᠯᠡᠭᠰᠡᠨ ︽ᠠᠷᠠᠰᠣ ᠶᠢ ᠴᠡᠪᠡᠷᠰᠢᠬᠦᠯᠬᠦ ᠲᠤᠬᠠᠢ ᠵᠦᠭᠯᠡᠭᠦᠷ︾ ᠢᠶᠠᠷ ᠯᠠᠪᠯᠠᠯᠳᠠ ᠪᠣᠯᠭᠠᠵᠦ ᠪᠣᠯᠣᠨ᠎ᠠ᠃ ᠡᠭᠦᠨ ᠳᠤ ᠲᠡᠮᠳᠡᠭᠯᠡᠭᠰᠡᠨ ᠢᠶᠠᠷ᠂ ᠡᠩ ᠤᠨ ᠪᠠᠶᠢᠳᠠᠯ ᠳᠤ 2 — 3 ᠡᠳᠦᠷ ᠲᠤ ᠨᠢᠬᠡ ᠣᠳᠠᠭ᠎ᠠ ᠪᠡᠶ᠎ᠡ ᠪᠠᠨ ᠣᠬᠢᠶᠠᠵᠦ᠂ ᠵᠣᠨ ᠤ ᠬᠠᠯᠠᠭᠤᠨ ᠴᠠᠭ ᠪᠣᠶᠣ ᠲᠠᠮᠢᠷ ᠤᠨ ᠬᠦᠳᠡᠯᠬᠡᠬᠡᠨ ᠳᠤ ᠲᠣᠷᠠᠳᠠᠢ ᠬᠦᠮᠦᠰ ᠡᠳᠦᠷ ᠪᠦᠷᠢ ᠪᠡᠶ᠎ᠡ ᠪᠠᠨ ᠤᠬᠢᠶᠠᠵᠤ ᠪᠣᠯᠣᠨ᠎ᠠ᠃ ᠭᠠᠩ ᠬᠠᠭᠤᠷᠠᠢ ᠭᠠᠵᠠᠷ ᠣᠷᠣᠨ ᠪᠣᠶᠣ ᠡᠪᠦᠯ ᠤᠨ ᠬᠦᠢᠳᠡᠨ ᠳᠤ ᠨᠠᠰᠣᠳᠠᠢ ᠬᠦᠮᠦᠰ 5 — 7 ᠡᠳᠦᠷ ᠲᠤ᠂ ᠵᠠᠯᠠᠭᠤᠴᠣᠳ 3 — 5 ᠡᠳᠦᠷ ᠲᠤ ᠨᠢᠬᠡ ᠣᠳᠠᠭ᠎ᠠ ᠪᠡᠶ᠎ᠡ ᠪᠠᠨ ᠣᠬᠢᠶᠠᠬᠤ ᠶᠢ ᠰᠠᠨᠠᠭᠤᠯᠵᠦ ᠪᠠᠶᠢᠨ᠎ᠠ᠃ ᠪᠡᠶ᠎ᠡ ᠣᠬᠢᠶᠠᠬᠤ ᠠᠯᠬᠤᠮ ᠲᠠᠷᠠᠭ᠎ᠠ ᠶᠢᠨ ᠲᠣᠬᠠᠢ ᠬᠡᠪᠡᠯ᠂ ᠣᠷᠢᠳᠠᠪᠠᠷ ᠨᠢᠭᠤᠷ ᠢᠶᠠᠨ ᠣᠬᠢᠶᠠᠵᠦ᠂ ᠲᠠᠷᠠᠭ᠎ᠠ ᠨᠢ ᠪᠡᠶ᠎ᠡ ᠪᠠᠨ ᠣᠬᠢᠶᠠᠨ᠂ ᠬᠠᠮᠤᠭ ᠤᠨ ᠰᠡᠬᠦᠯ ᠳᠤ ᠦᠰᠦ ᠭᠡᠵᠢᠭᠡ ᠪᠠᠨ ᠣᠬᠢᠶᠠᠬᠤ ᠨᠢ ᠲᠣᠬᠢᠷᠠᠮᠵᠢᠳᠠᠢ ᠶᠤᠮ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号