ᠯᠢ ᠵᠧᠨ ᠯᠢᠨ ᠰᠢᠶᠠᠩ ᠪᠠᠯᠭᠠᠰᠤᠨ ᠳᠤ ᠭᠦᠨᠵᠡᠭᠡᠶᠢᠷᠡᠨ ᠭᠤᠣᠯ ᠴᠠᠭᠳᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2021/4/20
   4 ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠡᠳ᠋ ᠶᠡᠷᠦᠩᠬᠡᠶ ᠭᠤᠤᠯ ᠤᠨ ᠳᠠᠷᠤᠭ᠎ᠠ ᠯᠢ ᠵᠧᠨ ᠯᠢᠨ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ᠂ ᠬᠤᠰᠢᠭᠤᠨ ᠲᠠᠰ ᠤᠨ ᠭᠤᠤᠯ ᠤᠨ ᠳᠠᠷᠤᠭ᠎ᠠ ᠯᠢᠦ ᠬᠠᠶ ᠲᠤᠤ ᠰᠢᠶᠠᠩ ᠪᠠᠯᠭᠠᠰᠤᠨ ᠳᠤ ᠭᠦᠨᠵᠡᠭᠡᠶᠢᠷᠡᠨ ᠭᠤᠤᠯ ᠴᠠᠭᠳᠠᠬᠤ ᠠᠵᠢᠯ ᠥᠷᠨᠢᠭᠦᠯᠪᠡ᠃    ᠯᠢ ᠵᠧᠨ ᠯᠢᠨ ᠨᠡᠷ ᠤᠷᠢᠳ ᠬᠤᠵᠢᠳ ᠬᠦᠢᠯᠡᠷ ᠭᠤᠣᠯ ᠤᠨ ᠪᠤᠷᠭᠠᠰᠤᠲᠠᠢ ᠶᠢᠨ ᠬᠡᠰᠡᠭ᠂ ᠲᠤᠭᠤᠷ ᠤᠨ ᠭᠤᠣᠯ ᠤᠨ ᠪᠠᠳᠠᠷᠠᠩᠭᠤᠢ ᠶᠢᠨ ᠬᠡᠰᠡᠭ᠂ ᠴᠠᠷᠠᠰᠤᠨ᠂ ᠪᠠᠳᠠᠷᠠᠩᠭᠤᠢ ᠶᠢ ᠨᠢᠭᠡ ᠴᠤᠬᠴᠠᠵᠢᠭᠤᠯᠤᠬᠰᠠᠨ ᠤᠰᠤᠨ ᠲᠤᠲᠤᠷᠭ᠎ᠠ ᠶᠢᠨ ᠦᠵᠡᠬᠦᠯᠬᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠪᠣᠯᠤᠨ ᠴᠠᠷᠠᠰᠤᠨ ᠤᠰᠤᠨ ᠴᠥᠭᠦᠷᠥᠮ ᠢ ᠰᠤᠷᠪᠤᠯᠵᠢᠯᠠᠪᠠ᠃ ᠪᠠᠯᠭᠠᠰᠤᠨ ᠳᠡᠰ ᠤᠨ ᠭᠤᠣᠯ ᠮᠥᠷᠡᠨ ᠤ ᠳᠠᠷᠤᠭ᠎ᠠ ᠶᠢᠨ ᠭᠤᠣᠯ ᠴᠠᠭᠳᠠᠬᠤ ᠠᠵᠢᠯ ᠢ ᠥᠷᠨᠢᠭᠦᠯᠦᠭᠰᠡᠨ᠂ ᠭᠤᠣᠯ ᠮᠥᠷᠡᠨ ᠨᠠᠭᠤᠷ ᠴᠥᠭᠦᠷᠥᠮ ᠤᠨ ᠡᠷᠭᠢ ᠳᠠᠭᠠᠤ ᠶᠢᠨ ᠵᠠᠰᠠᠯᠲᠠ᠂ ᠤᠰᠤᠨ ᠴᠥᠭᠦᠷᠥᠮ ᠤᠨ ᠤᠰᠤ ᠬᠠᠳᠠᠭᠠᠯᠠᠬᠤ ᠬᠡᠮᠵᠢᠶ᠎ᠡ ᠵᠡᠷᠭᠡ ᠡᠯ᠎ᠡ ᠵᠦᠢᠯ ᠤᠨ ᠪᠠᠶᠢᠳᠠᠯ ᠢ ᠭᠦᠨᠵᠡᠭᠡᠢ ᠣᠶᠢᠯᠠᠭᠠᠬᠤ ᠶᠢᠨ ᠬᠠᠮᠲᠤ ᠤᠰᠤᠨ ᠠᠰᠢᠭᠯᠠᠯᠲᠠ ᠶᠢᠨ ᠲᠤᠪᠴᠢᠶ᠎ᠠ ᠶᠢᠨ ᠬᠠᠷᠢᠭᠤᠴᠠᠯᠭᠠᠲᠠᠳ ᠤᠨ ᠬᠠᠮᠢᠶ᠎ᠠ ᠪᠦᠬᠦᠢ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠴᠠᠢ᠃    ᠯᠢ ᠵᠧᠨ ᠯᠢᠨ ᠵᠢᠭᠠᠵᠦ ᠭᠠᠷᠭᠠᠭᠰᠠᠨ ᠨᠢ᠂ ᠭᠤᠣᠯ ᠮᠥᠷᠡᠨ ᠨᠠᠭᠤᠷ ᠴᠥᠭᠦᠷᠥᠮ ᠤᠨ ᠡᠳᠦᠷ ᠲᠤᠳᠤᠮ ᠤᠨ ᠬᠠᠮᠢᠶᠠᠷᠤᠯᠲᠠ ᠬᠠᠮᠠᠭᠠᠯᠠᠯᠲᠠ ᠪᠠ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠭᠤᠣᠯ ᠮᠥᠷᠡᠨ ᠨᠠᠭᠤᠷ ᠴᠥᠭᠦᠷᠥᠮ ᠢ ᠦᠨᠡᠨᠬᠦ ᠰᠠᠶᠢᠲᠤᠷ ᠬᠠᠮᠢᠶᠠᠷᠤᠨ ᠬᠠᠮᠠᠭᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠲᠤᠷ ᠪᠦᠳᠦᠬᠡᠨ ᠪᠠᠶᠢᠭᠤᠯᠬᠤ ᠬᠡᠷᠡᠭᠲᠡᠢ᠃ ᠴᠡᠩᠭᠡᠭ ᠤᠰᠤ ᠶᠢ ᠬᠠᠮᠠᠭᠠᠯᠠᠬᠤ ᠲᠠᠶᠢᠨ ᠢ ᠦᠷᠭᠦᠯᠵᠢᠯᠡᠨ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠪᠠ ᠵᠠᠰᠠᠬᠤ ᠶᠢ ᠠᠬᠢᠭᠤᠯᠵᠤ᠂ ᠠᠮᠢ ᠠᠬᠤᠢ ᠶᠢᠨ ᠡᠷᠭᠢ ᠬᠠᠮᠠᠭᠠᠯᠠᠬᠤ ᠪᠠᠶᠢᠭᠤᠯᠤᠯᠲᠠ ᠶᠢ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠦᠷ᠎ᠡ ᠠᠰᠢᠭ ᠢ ᠪᠠᠳᠠᠷᠠᠭᠤᠯᠵᠤ᠂ ᠤᠰᠤᠨ ᠴᠥᠭᠦᠷᠥᠮ ᠢ ᠲᠤᠬᠢᠷᠠᠭᠤᠯᠤᠨ ᠬᠠᠳᠠᠭᠠᠯᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠵᠦ᠂ ᠠᠷᠠᠳ ᠤᠯᠠᠨ ᠤ ᠠᠮᠢᠳᠤᠷᠠᠯ ᠪᠣᠯᠤᠨ ᠠᠵᠤ ᠦᠢᠯᠡᠳᠪᠦᠷᠢ ᠲᠠᠷᠢᠶᠠᠯᠠᠩ ᠤᠨ ᠦᠢᠯᠡᠳᠪᠦᠷᠢᠯᠡᠯ ᠳᠤ ᠬᠡᠷᠡᠭᠯᠡᠬᠦ ᠤᠰᠤᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠲᠠᠢ ᠤᠶᠠᠯᠳᠤᠭᠤᠯᠵᠤ᠂ ᠭᠤᠣᠯ ᠮᠥᠷᠡᠨ ᠨᠠᠭᠤᠷ ᠴᠥᠭᠦᠷᠥᠮ ᠢ ᠴᠡᠪᠡᠷᠯᠡᠬᠦ ᠵᠢᠴᠢ ᠭᠤᠣᠯ ᠮᠥᠷᠡᠨ ᠤ ᠡᠷᠭᠢ ᠳᠠᠭᠠᠤ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠶᠡᠭᠡ ᠶᠠᠪᠤᠳᠠᠯ ᠴᠢᠬᠤᠯᠠ ᠶᠠᠪᠤᠳᠠᠯ ᠪᠣᠯᠭᠠᠨ ᠠᠳᠬᠤᠵᠤ᠂ ᠭᠤᠣᠯ ᠮᠥᠷᠡᠨ ᠵᠢᠴᠢ ᠭᠤᠣᠯ ᠮᠥᠷᠡᠨ ᠨᠠᠭᠤᠷ ᠴᠥᠭᠦᠷᠥᠮ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠡᠷᠴᠢᠮ ᠢ ᠴᠢᠨᠠᠭᠰᠢᠳᠠ ᠴᠢᠩᠭᠠᠷᠠᠭᠤᠯᠵᠤ᠂ ᠤᠰᠤᠨ ᠤ ᠴᠢᠨᠠᠷ ᠢ ᠴᠡᠪᠡᠷᠰᠢᠭᠦᠯᠬᠦ ᠢᠨᠵᠧᠨᠧᠷᠢᠩ ᠤᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠭᠦᠨᠵᠡᠭᠡᠶᠢᠷᠡᠭᠦᠯᠬᠦ ᠬᠡᠷᠡᠭᠲᠡᠢ᠃ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠤᠯᠠᠨ ᠲᠦᠮᠡᠨ ᠳᠤ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢᠨ ᠴᠢᠬᠤᠯᠠ ᠴᠢᠨᠠᠷ ᠢ ᠲᠠᠨᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠶᠢᠨ ᠠᠵᠢᠯᠯᠠᠭ᠎ᠠ ᠳᠤ ᠤᠬᠠᠮᠰᠠᠷ ᠠᠴᠠ ᠪᠠᠨ ᠣᠷᠣᠯᠴᠠᠵᠤ᠂ ᠪᠦᠬᠦ ᠨᠡᠶᠢᠭᠡᠮ ᠢᠶᠠᠷ ᠢᠶᠠᠨ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠬᠡᠵᠡᠢ᠃    ᠭᠤᠣᠯ ᠴᠠᠭᠳᠠᠬᠤ ᠶᠠᠪᠤᠴᠠ ᠳᠤ᠂ ᠶᠠᠭ ᠪᠦᠬᠦ ᠬᠤᠰᠢᠭᠤᠨ ᠤ ᠬᠡᠪᠴᠢᠶᠡᠨ ᠳᠤ ᠶᠡᠭᠡ ᠬᠤᠷ᠎ᠠ ᠪᠤᠷᠤᠭᠠᠨ ᠤᠷᠤᠵᠦ ᠪᠠᠶᠢᠬᠤ ᠲᠠᠢ ᠲᠣᠬᠢᠶᠠᠯᠳᠤᠵᠠᠢ᠃ ᠯᠢ ᠵᠧᠨ ᠯᠢᠨ᠂ ᠯᠢᠦ ᠬᠠᠶ ᠲᠤᠤ ᠪᠠᠰᠠ ᠲᠠᠷᠢᠶᠠᠨ ᠭᠠᠵᠠᠷ ᠲᠤ ᠬᠦᠷᠴᠦ᠂ ᠴᠢᠭᠢᠭ ᠤᠨ ᠪᠠᠶᠢᠳᠠᠯ ᠢ ᠪᠠᠶᠢᠴᠠᠭᠠᠨ ᠦᠵᠡᠵᠦ᠂ ᠴᠢᠭᠢᠭᠯᠢᠭ ᠭᠠᠵᠠᠷ ᠤᠨ ᠬᠠᠮᠠᠭᠠᠯᠠᠯᠲᠠ᠂ ᠲᠦᠬᠦᠭᠡᠷᠦᠮᠵᠢᠳᠤ ᠲᠠᠷᠢᠶᠠᠯᠠᠩ ᠵᠡᠷᠭᠡ ᠠᠵᠢᠯ ᠢ ᠰᠠᠶᠢᠲᠤᠷ ᠬᠢᠬᠦ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠴᠠᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号