ᠬᠤᠷᠴᠢᠨ  ᠪᠠᠷᠠᠭᠤᠨ  ᠭᠠᠷᠤᠨ  ᠡᠮᠦᠨᠡᠲᠦ  ᠬᠤᠰᠢᠭᠤᠨ  ᠤ  ᠠᠷᠪᠠᠨ  ᠳᠣᠯᠣᠳᠤᠭᠠᠷ ᠬᠤᠭᠤᠴᠠᠭᠠᠨ‌‍ᠤ ᠠᠷᠠᠳ ᠤᠨ ᠲᠥᠯᠥᠭᠡᠯᠡᠭᠴᠢᠳ‌‍ᠤᠨ ᠶᠡᠭᠡ ᠬᠤᠷᠠᠯ ᠤᠨ ᠳᠥᠷᠪᠡᠳᠦᠭᠡᠷ ᠣᠳᠠᠭᠠᠨ ᠤ ᠬᠤᠷᠠᠯᠳᠤᠭᠠᠨ  ᠤ  ᠰᠣᠩᠭᠤᠭᠤᠯᠢ  ᠪᠠ  ᠪᠠᠲᠤᠯᠠᠯᠲᠠ ᠶᠢᠨ  ᠠᠷᠭ᠎ᠠ  ︵  ᠲᠥᠰᠦᠯ ︶
ᠨᠡᠶᠢᠲᠡᠯᠡᠭᠰᠡᠨ ᠴᠠᠭ᠄
2021/4/23
  — ︵2021 ᠣᠨ ᠤ 3 ᠰᠠᠷ᠎ᠠ ᠶᠢᠨ 4 ᠤ ᠡᠳᠦᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠣᠳᠠᠭᠠᠨ ᠤ ᠬᠤᠷᠠᠯᠳᠤᠭᠠᠨ ᠠᠴᠠ ᠪᠠᠲᠤᠯᠠᠪᠠ︶     ᠨᠢᠭᠡᠳᠦᠭᠡᠷ ᠵᠤᠷᠪᠤᠰ  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠣᠩᠭᠤᠭᠤᠯᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾᠂ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ ᠵᠤᠶᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠢᠯᠧᠲ ᠥᠭᠴᠦ ᠰᠢᠢᠳᠪᠦᠷᠢ ᠭᠠᠷᠭᠠᠬᠤ ᠲᠦᠷᠢᠮ ᠤᠨ ᠠᠵᠢᠯ ᠤᠨ ᠬᠡᠷᠡᠭᠵᠢᠭᠦᠯᠬᠦ ᠲᠥᠰᠦᠯ︾ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠲᠣᠰ ᠠᠷᠭ᠎ᠠ ᠶᠢ ᠲᠣᠭᠲᠠᠭᠠᠪᠠ᠃    ᠬᠤᠶᠠᠳᠤᠭᠠᠷ ᠵᠤᠷᠪᠤᠰ  ᠲᠣᠰ ᠤᠳᠠᠭᠠᠨ ᠤ ᠶᠡᠭᠡ ᠬᠤᠷᠠᠯ ᠠᠴᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ 4 ᠬᠥᠮᠦᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ 1 ᠬᠥᠮᠦᠨ ᠢ ᠨᠥᠬᠦᠨ ᠰᠣᠩᠭᠤᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ ᠵᠤᠶᠢᠯ ᠢ ᠪᠠᠲᠤᠯᠠᠵᠤ᠂ ᠶᠡᠭᠡ ᠬᠤᠷᠠᠯ ᠠᠴᠠ ᠬᠢᠨᠠᠨ ᠵᠥᠪᠯᠡᠭᠰᠡᠨ ᠡᠯ᠎ᠡ ᠵᠤᠶᠢᠯ ᠤᠨ ᠮᠡᠳᠡᠭᠦᠯᠦᠯᠲᠡ ᠶᠢᠨ ᠰᠢᠢᠳᠪᠦᠷᠢ ᠶᠢᠨ ᠲᠥᠰᠦᠯ ᠢ ᠪᠠᠲᠤᠯᠠᠨ᠎ᠠ᠃    ᠭᠤᠷᠪᠠᠳᠤᠭᠠᠷ ᠵᠤᠷᠪᠤᠰ  ᠰᠣᠩᠭᠤᠭᠤᠯᠢ ᠶᠠᠪᠤᠭᠤᠯᠬᠤ ᠪᠠ ᠪᠠᠲᠤᠯᠠᠯᠲᠠ ᠬᠢᠬᠦ ᠶᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠠᠴᠠ ᠡᠷᠬᠢᠯᠡᠨ᠎ᠡ᠃    ᠳᠥᠷᠪᠡᠳᠦᠭᠡᠷ ᠵᠤᠷᠪᠤᠰ  ᠰᠣᠩᠭᠤᠭᠤᠯᠢ ᠶᠠᠪᠤᠭᠤᠯᠬᠤ ᠪᠠ ᠪᠠᠲᠤᠯᠠᠯᠲᠠ ᠬᠢᠬᠦ ᠳᠤ ᠨᠢᠭᠤᠴᠠ ᠰᠣᠩᠭᠤᠭᠤᠯᠢ ᠶᠢᠨ ᠠᠷᠭ᠎ᠠ ᠶᠢ ᠬᠡᠷᠡᠭᠯᠡᠵᠦ᠂ ᠨᠢᠭᠡ ᠯᠡ ᠳᠡᠭᠡᠷ᠎ᠡ ᠪᠢᠯᠸᠲ ᠥᠭᠴᠦ᠂  ᠪᠢᠯᠸᠲ ᠢ ᠲᠤᠰ ᠲᠤᠰ ᠲᠤᠨᠢ ᠪᠦᠷᠢᠳᠬᠡᠨ᠎ᠡ᠃    ᠲᠠᠪᠤᠳᠤᠭᠠᠷ ᠵᠤᠷᠪᠤᠰ  ᠰᠣᠩᠭᠤᠭᠤᠯᠢ ᠶᠢᠨ ᠪᠢᠯᠸᠲ ᠪᠣᠯᠤᠨ ᠪᠠᠲᠤᠯᠠᠯᠲᠠ ᠶᠢᠨ ᠪᠢᠯᠸᠲ ᠢ ᠮᠣᠩᠭᠤᠯ ᠬᠢᠲᠠᠳ ᠬᠤᠶᠠᠷ ᠵᠦᠢᠯ ᠤᠨ ᠦᠰᠦᠭ ᠢᠶᠠᠷ ᠳᠠᠷᠤᠮᠠᠯᠯᠠᠨ᠎ᠠ᠃ ᠰᠣᠩᠭᠤᠭᠤᠯᠢ ᠶᠢᠨ ᠪᠢᠯᠸᠲ ᠢ ᠵᠢᠩᠬᠢᠨᠢ ᠵᠢᠱᠢᠭᠳᠡᠭᠰᠡᠳ ᠤᠨ ᠤᠪᠤᠭ ᠨᠡᠷ᠎ᠡ ᠶᠢᠨ ᠪᠢᠴᠢᠯᠭᠡ ᠶᠢᠨ ᠲᠡᠰ ᠳᠠᠷᠠᠭᠠᠯᠠᠯ ᠢᠶᠠᠷ ᠵᠢᠭᠰᠠᠭᠠᠵᠤ᠂ ᠬᠡᠷᠪᠡ ᠠᠰ ᠲᠤᠨᠢ ᠰᠣᠩᠭᠤᠬᠤ ᠴᠢᠬᠤᠯᠠᠲᠠᠢ ᠪᠣᠯ᠂ ᠵᠢᠱᠢᠭᠳᠡᠭᠰᠡᠳ ᠢ ᠠᠩᠬᠠᠳᠤᠭᠠᠷ ᠤᠳᠠᠭᠠᠨ ᠤ ᠰᠣᠩᠭᠤᠭᠤᠯᠢ ᠠᠴᠠ ᠣᠯᠤᠭᠰᠠᠨ ᠪᠢᠯᠸᠲ ᠤᠨ ᠤᠯᠠᠨ ᠴᠥᠭᠡᠨ ᠤ ᠲᠡᠰ ᠳᠠᠷᠠᠭᠠᠯᠠᠯ ᠢᠶᠠᠷ ᠵᠢᠭᠰᠠᠭᠠᠵᠤ᠂ ᠣᠯᠤᠭᠰᠠᠨ ᠪᠢᠯᠸᠲ ᠨᠢ ᠠᠳᠠᠯᠢ ᠪᠠᠶᠢᠪᠠᠯ ᠤᠪᠤᠭ ᠨᠡᠷ᠎ᠡ ᠶᠢᠨ ᠪᠢᠴᠢᠯᠭᠡ ᠶᠢᠨ ᠲᠡᠰ ᠳᠠᠷᠠᠭᠠᠯᠠᠯ ᠢᠶᠠᠷ ᠵᠢᠭᠰᠠᠭᠠᠨ᠎ᠠ᠃    ᠵᠢᠷᠭᠤᠳᠤᠭᠠᠷ ᠵᠤᠷᠪᠤᠰ  ᠰᠣᠩᠭᠤᠭᠤᠯᠢ ᠶᠢᠨ ᠬᠡᠷᠡᠭ ᠶᠠᠪᠤᠳᠠᠯ    ︵ᠨᠢᠭᠡ︶ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ ᠶᠢᠨ ᠵᠢᠱᠢᠭᠳᠡᠭᠴᠢ ᠶᠢ ᠬᠤᠰᠢᠭᠤᠨ ᠤ ᠲᠣᠰ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠳᠤ ᠬᠢᠵᠠᠭᠠᠷᠯᠠᠭᠳᠠᠬᠤ ᠦᠭᠡᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠤ ᠵᠢᠱᠢᠭᠳᠡᠭᠴᠢ ᠶᠢ ᠡᠷᠬᠡᠪᠰᠢ ᠬᠤᠰᠢᠭᠤᠨ ᠤ ᠲᠣᠰ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠳᠤᠮᠳᠠ ᠠᠴᠠ ᠳᠤᠷᠠᠳᠤᠨ᠎ᠠ᠃   ︵ᠬᠤᠶᠠᠷ︶  ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ᠂ ᠬᠤᠰᠢᠭᠤᠨ  ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠢ ᠨᠥᠬᠦᠨ ᠰᠣᠩᠭᠤᠬᠤ ᠳᠤ ᠲᠡᠩᠴᠡᠭᠦᠦ ᠲᠣᠭᠠᠲᠤ ᠰᠣᠩᠭᠤᠭᠤᠯᠢ ᠶᠢ ᠬᠡᠷᠡᠭᠵᠢᠭᠦᠯᠦᠨ᠎ᠡ᠃   ︵ᠭᠤᠷᠪᠠ︶ ᠵᠢᠱᠢᠭᠳᠡᠭᠰᠡᠳ ᠢ ᠲᠡᠷᠢᠭᠦᠯᠡᠭᠴᠢᠳ ᠤᠨ ᠪᠦᠯᠬᠦᠮ ᠪᠤᠶᠤ ᠠᠷᠪᠠ ᠠᠴᠠ ᠳᠡᠭᠡᠭᠰᠢ ᠲᠥᠯᠥᠭᠡᠯᠡᠭᠴᠢ ᠨᠡᠷ᠎ᠡ ᠬᠤᠯᠪᠣᠨ ᠳᠤᠷᠠᠳᠤᠨ᠎ᠠ᠃ ᠲᠡᠷᠢᠭᠦᠯᠡᠭᠴᠢᠳ ᠤᠨ ᠪᠦᠯᠬᠦᠮ ᠪᠤᠶᠤ ᠠᠷᠪᠠ ᠠᠴᠠ ᠳᠡᠭᠡᠭᠰᠢ ᠲᠣᠭᠠᠨ ᠤ ᠲᠥᠯᠥᠭᠡᠯᠡᠭᠴᠢ ᠨᠡᠷ᠎ᠡ ᠬᠤᠯᠪᠣᠨ ᠲᠤᠷᠠᠳᠤᠭᠰᠠᠨ ᠵᠢᠱᠢᠭᠳᠡᠭᠰᠡᠳ ᠤᠨ ᠣᠷᠣᠨ ᠲᠤᠭ᠎ᠠ ᠨᠢ ᠰᠣᠩᠭᠤᠬᠤ ᠶᠣᠰᠣᠲᠠᠢ ᠣᠷᠣᠨ ᠲᠤᠭ᠎ᠠ ᠠᠴᠠ ᠳᠠᠪᠠᠵᠦ ᠪᠣᠯᠬᠤ ᠤᠢᠭᠡᠢ᠃ ᠨᠡᠷ᠎ᠡ ᠳᠤᠷᠠᠳᠤᠭᠰᠠᠳ ᠨᠢ ᠵᠢᠱᠢᠭᠳᠡᠭᠰᠡᠳ ᠤᠨ ᠪᠠᠶᠢᠳᠠᠯ ᠢ ᠦᠨᠡᠨ ᠮᠥᠨ ᠢᠶᠠᠷ ᠨᠢ ᠲᠠᠨᠢᠯᠴᠠᠭᠤᠯᠵᠤ᠂ ᠨᠡᠷ᠎ᠡ ᠳᠤᠷᠠᠳᠤᠭᠰᠠᠨ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠢ᠃ ᠲᠡᠷᠢᠭᠦᠯᠡᠭᠴᠢᠳ ᠤᠨ ᠪᠦᠯᠬᠦᠮ ᠠᠴᠠ ᠲᠡᠭᠦᠨ ᠤ ᠳᠤᠷᠠᠳᠤᠭᠰᠠᠨ ᠵᠢᠱᠢᠭᠳᠡᠭᠰᠡᠳ ᠤᠨ ᠨᠡᠷᠡᠰ ᠪᠣᠯᠤᠨ ᠲᠥᠯᠥᠭᠡᠯᠡᠭᠴᠢᠳ ᠤᠨ ᠬᠠᠮᠲᠤᠷᠠᠨ ᠳᠤᠷᠠᠳᠤᠭᠰᠠᠨ ᠵᠢᠱᠢᠭᠳᠡᠭᠰᠡᠳ ᠤᠨ ᠨᠡᠷᠡᠰ ᠢ ᠬᠠᠮᠲᠤ ᠳᠤᠨᠢ ᠲᠥᠯᠥᠭᠡᠯᠡᠭᠴᠢᠳ ᠲᠤ ᠳᠡᠪᠰᠢᠭᠦᠯᠦᠨ ᠶᠠᠷᠢᠯᠴᠠᠭᠤᠯᠵᠤ᠂ ᠣᠯᠠᠩᠬᠢ ᠲᠥᠯᠥᠭᠡᠯᠡᠭᠴᠢᠳ ᠤᠨ ᠰᠠᠨᠠᠯ ᠢ ᠦᠨᠳᠦᠰᠦᠯᠡᠨ ᠵᠢᠩᠬᠢᠨᠢ ᠵᠢᠱᠢᠭᠳᠡᠭᠰᠡᠳ ᠢ ᠲᠣᠭᠲᠠᠭᠠᠨ᠎ᠠ᠃    ︵ᠲᠦᠷᠪᠡ︶ ᠲᠥᠯᠥᠭᠡᠯᠡᠭᠴᠢ ᠨᠡᠷ᠎ᠡ ᠬᠤᠯᠪᠣᠨ ᠵᠢᠱᠢᠭᠳᠡᠭᠰᠡᠳ ᠢ ᠳᠤᠷᠠᠳᠬᠤ ᠳᠠᠭᠠᠨ ᠵᠢᠱᠢᠭᠳᠡᠭᠰᠡᠳ ᠢ ᠨᠡᠷ᠎ᠡ ᠬᠤᠯᠪᠣᠨ ᠳᠤᠷᠠᠳᠬᠤ ᠲᠤᠬᠠᠢ ᠲᠡᠷᠢᠭᠦᠯᠡᠭᠴᠢᠳ ᠤᠨ ᠪᠦᠯᠬᠦᠮ ᠤᠨ ᠲᠣᠭᠲᠠᠭᠠᠯ ᠢ ᠵᠢᠷᠤᠮᠯᠠᠬᠤ ᠬᠡᠷᠡᠭᠲᠡᠢ᠃ ᠬᠠᠮᠲᠤᠷᠠᠨ ᠨᠡᠷ᠎ᠡ ᠳᠤᠷᠠᠳᠬᠤ ᠳᠤ ᠣᠷᠣᠯᠴᠠᠭᠰᠠᠨ ᠲᠥᠯᠥᠭᠡᠯᠡᠭᠴᠢ ᠠᠳᠠᠯᠢ ᠨᠢᠭᠡ ᠲᠤᠰᠢᠶᠠᠯ ᠳᠤ ᠨᠡᠷ᠎ᠡ ᠳᠤᠷᠠᠳᠬᠤ ᠵᠢᠱᠢᠭᠳᠡᠭᠰᠡᠳ ᠲᠤ ᠨᠢᠭᠡ ᠯᠡ ᠤᠳᠠᠭ᠎ᠠ ᠬᠠᠮᠲᠤᠷᠠᠨ ᠨᠡᠷ᠎ᠡ ᠳᠤᠷᠠᠳᠬᠤ ᠡᠷᠬᠡ ᠲᠠᠢ᠃ ᠬᠡᠷᠪᠡ ᠨᠡᠷ᠎ᠡ ᠳᠤᠷᠠᠳᠤᠭᠳᠠᠭᠴᠢ ᠨᠢ ᠨᠡᠷ᠎ᠡ ᠳᠤᠷᠠᠳᠬᠤ ᠶᠢ ᠬᠦᠯᠢᠶᠡᠬᠦ ᠦᠭᠡᠢ ᠪᠣᠯ ᠲᠤᠰ ᠬᠥᠮᠦᠨ ᠤ ᠬᠦᠰᠡᠯ ᠰᠠᠨᠠᠭ᠎ᠠ ᠶᠢ ᠬᠦᠨᠳᠦᠳᠬᠡᠬᠦ ᠬᠡᠷᠡᠭᠲᠡᠢ᠂ ᠲᠡᠷᠢᠭᠦᠯᠡᠭᠴᠢᠳ ᠤᠨ ᠪᠦᠯᠬᠦᠮ ᠠᠴᠠ ᠲᠡᠭᠦᠨ ᠢ ᠵᠢᠱᠢᠭᠳᠡᠭᠰᠡᠳ ᠤᠨ ᠨᠡᠷᠡᠰ ᠲᠤ ᠣᠷᠣᠭᠤᠯᠬᠤ ᠦᠭᠡᠢ ᠪᠠᠶᠢᠵᠤ ᠪᠣᠯᠬᠤ ᠪᠥᠭᠡᠳ ᠲᠥᠯᠥᠭᠡᠯᠡᠭᠴᠢᠳ ᠲᠤ ᠲᠣᠳᠣᠷᠬᠠᠶᠢᠯᠠᠵᠤ ᠥᠭᠬᠦ ᠬᠡᠷᠡᠭᠲᠡᠢ᠃ ᠲᠥᠯᠥᠭᠡᠯᠡᠭᠴᠢᠳ ᠨᠡᠷ᠎ᠡ ᠬᠤᠯᠪᠣᠭᠠᠯᠠᠨ ᠵᠢᠱᠢᠭᠳᠡᠭᠰᠡᠳ ᠢ ᠳᠤᠷᠠᠳᠤᠭᠰᠠᠨ ᠤ ᠲᠡᠷᠠᠭ᠎ᠠ᠂ ᠲᠡᠷᠢᠭᠦᠯᠡᠭᠴᠢᠳ ᠤᠨ ᠪᠦᠯᠬᠦᠮ ᠠᠴᠠ ᠵᠢᠩᠬᠢᠨᠢ ᠵᠢᠱᠢᠭᠳᠡᠭᠰᠡᠳ ᠢ ᠲᠣᠭᠲᠠᠭᠠᠬᠤ ᠠᠴᠠ ᠡᠮᠦᠨ᠎ᠡ᠂ ᠨᠡᠷ᠎ᠡ ᠬᠠᠮᠲᠤᠷᠠᠵᠤ ᠳᠤᠷᠠᠳᠤᠭᠰᠠᠨ ᠨᠡᠷ᠎ᠡ ᠳᠤᠷᠠᠳᠤᠯᠭ᠎ᠠ ᠶᠢ ᠪᠤᠴᠠᠭᠠᠨ ᠠᠪᠬᠤ ᠪᠤᠶᠤ ᠨᠡᠷ᠎ᠡ ᠬᠠᠮᠲᠤᠷᠠᠵᠤ ᠳᠤᠷᠠᠳᠤᠭᠰᠠᠨ ᠨᠡᠷ᠎ᠡ ᠳᠤᠷᠠᠳᠤᠯᠭ᠎ᠠ ᠠᠴᠠ ᠣᠨᠴᠠ ᠵᠠᠷᠢᠮ ᠨᠢ ᠭᠠᠷᠴᠤ ᠪᠣᠯᠤᠨ᠎ᠠ᠃ ᠬᠠᠮᠲᠤᠷᠠᠨ ᠳᠤᠷᠠᠳᠤᠭᠰᠠᠨ ᠨᠡᠷ᠎ᠡ ᠶᠢ ᠪᠤᠴᠠᠭᠠᠬᠤ ᠪᠤᠶᠤ ᠣᠨᠴᠠ ᠵᠠᠷᠢᠮ ᠬᠥᠮᠦᠨ ᠪᠤᠴᠠᠭᠠᠬᠤ ᠳᠤ ᠬᠦᠷᠪᠡᠯ᠂ ᠳᠠᠩᠰᠠᠯᠠᠭᠤᠯᠬᠤ ᠭᠠᠷ ᠭᠦᠢᠴᠡᠳᠬᠡᠯ ᠬᠢᠬᠦ ᠬᠡᠷᠡᠭᠲᠡᠢ᠃    ︵ᠲᠠᠪᠤ︶ ᠲᠥᠯᠥᠭᠡᠯᠡᠭᠴᠢ ᠵᠢᠩᠬᠢᠨᠢ ᠵᠢᠱᠢᠭᠳᠡᠭᠰᠡᠳ ᠲᠤ ᠵᠥᠪᠰᠢᠶᠡᠷᠡᠬᠦ ᠪᠢᠯᠸᠲ ᠥᠭᠴᠦ᠂ ᠵᠢᠱᠢᠭᠳᠡᠭᠰᠡᠳ ᠤᠨ ᠤᠪᠤᠭ ᠨᠡᠷ᠎ᠡ ᠶᠢᠨ ᠳᠡᠭᠡᠷ᠎ᠡ ᠲᠠᠯ᠎ᠠ ᠳᠤ ︽○︾ ᠲᠡᠮᠳᠡᠭ ᠵᠢᠷᠤᠵᠤ ᠪᠣᠯᠤᠨ᠎ᠠ᠃ ᠦᠯᠦ ᠵᠥᠪᠰᠢᠶᠡᠷᠡᠬᠦ ᠫᠢᠶᠣᠣ ᠥᠭᠴᠦ᠂ ᠵᠢᠱᠢᠭᠳᠡᠭᠰᠡᠳ ᠤᠨ ᠤᠪᠤᠭ ᠨᠡᠷ᠎ᠡ ᠶᠢᠨ ᠳᠡᠭᠡᠷ᠎ᠡ ᠲᠠᠯ᠎ᠠ ᠳᠤ ︽×︾ ᠲᠡᠮᠳᠡᠭ ᠵᠢᠷᠦᠵᠦ ᠪᠤᠯᠤᠨ᠎ᠠ᠃ ᠡᠷᠬᠡ ᠪᠠᠨ ᠬᠠᠶᠠᠵᠤ ᠪᠠᠰᠠ ᠪᠣᠯᠤᠨ᠎ᠠ᠂ ᠵᠢᠱᠢᠭᠳᠡᠭᠰᠡᠳ ᠤᠨ ᠤᠪᠤᠭ ᠨᠡᠷ᠎ᠡ ᠶᠢᠨ ᠳᠡᠭᠡᠷ᠎ᠡ ᠲᠠᠯ᠎ᠠ ᠳᠤ ᠶᠠᠮᠠᠷ ᠴᠤ ᠳᠡᠮᠳᠡᠭ ᠵᠢᠷᠤᠬᠤ ᠦᠬᠡᠢ᠃ ᠥᠭᠡᠷ᠎ᠡ ᠬᠥᠮᠦᠨ ᠢ ᠰᠣᠩᠭᠤᠵᠤ ᠪᠣᠯᠤᠨ᠎ᠠ᠂ ᠤᠷᠢᠳᠠᠪᠠᠷ ᠦᠯᠦ ᠵᠥᠪᠰᠢᠶᠡᠷᠡᠬᠦ ᠵᠢᠱᠢᠭᠳᠡᠭᠰᠡᠳ ᠤᠨ ᠤᠪᠤᠭ ᠨᠡᠷ᠎ᠡ ᠶᠢᠨ ᠳᠡᠭᠡᠷ᠎ᠡ ᠲᠠᠯ᠎ᠠ ᠶᠢᠨ ᠲᠡᠮᠳᠡᠭ ᠤᠨ ᠬᠦᠰᠦᠨᠦᠭ ᠲᠤ ︽×︾ ᠵᠢᠷᠤᠵᠤ᠂ ᠲᠠᠷᠠᠭ᠎ᠠ ᠨᠢ ᠥᠭᠡᠷ᠎ᠡ ᠪᠤᠰᠤᠳ ᠤᠨ ᠤᠪᠤᠭ ᠨᠡᠷ᠎ᠡ ᠶᠢᠨ ᠬᠦᠰᠦᠨᠦᠭ ᠲᠤ ᠥᠭᠡᠷ᠎ᠡ ᠰᠣᠩᠭᠤᠭᠳᠠᠭᠰᠠᠳ ᠤᠨ ᠤᠪᠤᠭ ᠨᠡᠷ᠎ᠡ ᠶᠢ ᠲᠠᠭᠯᠠᠵᠤ᠂ ᠤᠪᠤᠭ ᠨᠡᠷ᠎ᠡ ᠶᠢᠨ ᠳᠡᠭᠡᠷ᠎ᠡ ᠲᠠᠯ᠎ᠠ ᠶᠢᠨ ᠲᠡᠮᠳᠡᠭ ᠤᠨ ᠬᠦᠰᠦᠨᠦᠭ ᠲᠤ ︽○︾ ᠵᠢᠷᠤᠵᠤ᠂ ᠨᠢᠭᠡᠴᠡ᠂ ᠦᠨᠳᠦᠰᠦᠲᠡᠨ ᠢᠶᠠᠨ ᠲᠣᠳᠣᠷᠬᠠᠶᠢᠯᠠᠬᠤ ᠬᠡᠷᠡᠭᠲᠡᠢ᠃    ︵ᠵᠢᠷᠭᠤᠭ᠎ᠠ︶ ᠰᠣᠩᠭᠤᠭᠤᠯᠢ ᠶᠢᠨ ᠪᠢᠯᠸᠲ ᠨᠢᠭᠡᠪᠦᠷᠢ ᠶᠢᠨ ᠰᠣᠩᠭᠤᠭᠰᠠᠨ ᠬᠥᠮᠦᠨ ᠤ ᠲᠤᠭ᠎ᠠ ᠨᠢ ᠰᠣᠩᠭᠤᠬᠤ ᠶᠣᠰᠣᠲᠠᠢ ᠬᠥᠮᠦᠨ ᠤ ᠲᠤᠭ᠎ᠠ ᠲᠠᠢ ᠲᠡᠩᠴᠡᠭᠦᠦ ᠪᠤᠶᠤ ᠲᠡᠭᠦᠨ ᠠᠴᠠ ᠳᠤᠲᠠᠭᠤ ᠪᠠᠶᠢᠪᠠᠯ ᠬᠦᠴᠦᠨ ᠲᠠᠢ ᠪᠢᠯᠸᠲ ᠪᠣᠯᠤᠨ᠎ᠠ᠃ ᠰᠣᠩᠭᠤᠬᠤ ᠶᠣᠰᠣᠲᠠᠢ ᠲᠤᠭ᠎ᠠ ᠠᠴᠠ ᠢᠯᠡᠭᠦᠦ ᠪᠠᠶᠢᠪᠠᠯ ᠬᠦᠴᠦᠨ ᠦᠭᠡᠢ ᠪᠢᠯᠸᠲ ᠳᠤ ᠲᠣᠭᠠᠴᠠᠭᠳᠠᠨ᠎ᠠ   ︵ᠲᠤᠯᠤᠭ᠎ᠠ︶ ᠬᠤᠷᠢᠶᠠᠵᠤ ᠠᠪᠤᠭᠰᠠᠨ ᠰᠣᠩᠭᠤᠭᠤᠯᠢ ᠶᠢᠨ ᠪᠢᠯᠸᠲ ᠨᠢ ᠲᠠᠷᠬᠠᠭᠠᠭᠰᠠᠨ ᠰᠣᠩᠭᠤᠭᠤᠯᠢ ᠶᠢᠨ ᠪᠢᠯᠸᠲ ᠲᠠᠢ ᠲᠡᠩᠴᠡᠭᠦᠦ ᠪᠤᠶᠤ ᠲᠡᠭᠦᠨ ᠠᠴᠠ ᠳᠤᠲᠠᠭᠤ ᠪᠠᠶᠢᠪᠠᠯ ᠰᠣᠩᠭᠤᠭᠤᠯᠢ ᠬᠦᠴᠦᠨ ᠲᠠᠢ ᠪᠣᠯᠤᠨ᠎ᠠ᠃ ᠲᠠᠷᠬᠠᠭᠠᠭᠰᠠᠨ ᠰᠣᠩᠭᠤᠭᠤᠯᠢ ᠶᠢᠨ ᠪᠢᠯᠸᠲ ᠠᠴᠠ ᠢᠯᠡᠭᠦᠦ ᠪᠠᠶᠢᠪᠠᠯ ᠰᠣᠩᠭᠤᠭᠤᠯᠢ ᠬᠦᠴᠦᠨ ᠦᠭᠡᠢ ᠪᠣᠯᠬᠤ ᠲᠤᠯᠠ ᠲᠠᠬᠢᠵᠤ ᠰᠣᠩᠭᠤᠭᠤᠯᠢ ᠶᠠᠪᠤᠭᠤᠯᠬᠤ ᠬᠡᠷᠡᠭᠲᠡᠢ᠃   ︵ᠨᠠᠢᠮᠠ︶ ᠵᠢᠱᠢᠭᠳᠡᠭᠰᠡᠳ ᠨᠢ ᠪᠦᠬᠦ ᠲᠥᠯᠥᠭᠡᠯᠡᠭᠴᠢᠳ ᠤᠨ ᠬᠠᠭᠠᠰ ᠠᠴᠠ ᠳᠡᠭᠡᠭᠰᠢ ᠲᠣᠭᠠᠨ ᠤ ᠵᠥᠪᠰᠢᠶᠡᠷᠡᠬᠦ ᠪᠢᠯᠸᠲ ᠶᠢ ᠣᠯᠪᠠᠯ ᠰᠠᠶ᠋ᠢ ᠰᠣᠩᠭᠤᠭᠳᠠᠭᠰᠠᠨ ᠢᠶᠠᠷ ᠪᠤᠳᠦᠨ᠎ᠡ᠃ ᠬᠠᠭᠠᠰ ᠠᠴᠠ ᠳᠡᠭᠡᠭᠰᠢ ᠲᠣᠭᠠᠨ ᠤ ᠵᠥᠪᠰᠢᠶᠡᠷᠡᠬᠦ ᠪᠢᠯᠸᠲ ᠰᠣᠩᠭᠤᠭᠳᠠᠭᠰᠠᠨ ᠬᠥᠮᠦᠨ ᠤ ᠲᠤᠭ᠎ᠠ ᠨᠢ ᠰᠣᠩᠭᠤᠬᠤ ᠶᠣᠰᠣᠲᠠᠢ ᠲᠤᠭ᠎ᠠ ᠠᠴᠠ ᠳᠤᠲᠠᠭᠤ ᠪᠠᠶᠢᠪᠠᠯ᠂ ᠲᠡᠷᠢᠭᠦᠯᠡᠭᠴᠢᠳ ᠤᠨ ᠪᠦᠯᠬᠦᠮ ᠠᠴᠠ ᠠᠰ ᠲᠤᠨᠢ ᠰᠣᠩᠭᠤᠬᠤ ᠡᠰᠡᠬᠦ ᠶᠢ ᠲᠣᠭᠲᠠᠭᠠᠨ᠎ᠠ᠃   ᠳᠣᠯᠣᠳᠤᠭᠠᠷ ᠵᠤᠷᠪᠤᠰ  ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠠᠲᠤᠯᠠᠬᠤ ᠵᠦᠢᠯᠡᠰ᠃   ︵ᠨᠢᠭᠡ︶ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠵᠢᠩᠬᠢᠨᠢ ᠪᠠᠷ ᠵᠢᠱᠢᠭᠳᠡᠭᠰᠡᠨ ᠲᠥᠷᠥᠯ ᠵᠤᠶᠢᠯ ᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠪᠠᠲᠤᠯᠠᠵᠤ᠂ ᠲᠥᠯᠥᠭᠡᠯᠡᠭᠴᠢᠳ ᠬᠢᠨᠠᠨ ᠵᠥᠪᠯᠡᠭᠰᠡᠨ ᠤ ᠳᠠᠷᠠᠭ᠎ᠠ᠂ ᠪᠥᠬᠦᠳᠡ ᠬᠤᠷᠠᠯ ᠳᠤ ᠵᠥᠷᠢᠶᠡᠲᠦ ᠲᠣᠭᠠᠨ ᠤ ᠪᠠᠲᠤᠯᠠᠯᠲᠠ ᠬᠢᠵᠦ᠂ ᠵᠥᠷᠢᠶᠡᠲᠦ ᠲᠣᠭᠠᠨ ᠤ ᠬᠠᠷᠢᠴᠠᠯ ᠨᠢ 20 % ᠪᠣᠯᠤᠨ᠎ᠠ᠃   ︵ᠬᠤᠶᠠᠷ︶ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠵᠢᠩᠬᠢᠨᠢ ᠪᠠᠷ ᠵᠢᠱᠢᠭᠳᠡᠭᠰᠡᠨ ᠲᠥᠷᠥᠯ ᠵᠤᠶᠢᠯ ᠨᠢ 10 ᠵᠤᠶᠢᠯ ᠪᠠᠶᠢᠵᠤ᠂ ᠵᠥᠷᠢᠶᠡᠲᠦ ᠲᠣᠭᠠᠨ ᠤ ᠬᠠᠷᠢᠴᠠᠯ ᠢ ᠦᠨᠳᠦᠰᠦᠯᠡᠨ᠂ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ 8 ᠲᠥᠷᠥᠯ ᠵᠤᠶᠢᠯ ᠢ ᠪᠢᠯᠧᠲ ᠥᠭᠴᠦ ᠭᠠᠷᠭᠠᠬᠤ ᠬᠡᠷᠡᠭᠲᠡᠶ᠃   ︵ᠭᠤᠷᠪᠠ︶ ᠲᠥᠯᠥᠭᠡᠯᠡᠭᠴᠢ ᠵᠢᠩᠬᠢᠨᠢ ᠵᠢᠱᠢᠭᠳᠡᠭᠰᠡᠨ ᠲᠦᠷᠦᠯ ᠵᠤᠶᠢᠯ ᠳᠤ ᠵᠥᠪᠰᠢᠶᠡᠷᠡᠬᠦ ᠪᠢᠯᠸᠲ ᠥᠭᠴᠦ᠂ ᠲᠦᠷᠦᠯ ᠵᠤᠶᠢᠯ ᠨᠡᠷᠡᠶᠢᠳᠦᠯ ᠤᠨ ᠳᠡᠭᠡᠷ᠎ᠡ ᠶᠢᠨ ᠬᠦᠰᠦᠨᠦᠭ ᠲᠤᠲᠤᠷ᠎ᠠ ︽○︾ ᠲᠡᠮᠳᠡᠭ ᠵᠢᠷᠤᠵᠤ ᠪᠣᠯᠤᠨ᠎ᠠ᠃ ᠡᠰᠡᠷᠭᠦᠴᠡᠬᠦ ᠪᠢᠯᠧᠲ ᠥᠭᠴᠦ᠂ ᠲᠦᠷᠦᠯ ᠵᠤᠶᠢᠯ ᠤᠨ ᠨᠡᠷᠡᠶᠢᠳᠦᠯ ᠤᠨ ᠳᠡᠭᠡᠷ᠎ᠡ ᠲᠠᠯ᠎ᠠ ᠶᠢᠨ ᠬᠦᠰᠦᠨᠦᠭ ᠳᠣᠲᠣᠷ᠎ᠠ ︽×︾ ᠵᠢᠷᠤᠵᠤ ᠪᠣᠯᠤᠨ᠎ᠠ᠃ ᠡᠷᠬᠡ ᠪᠠᠨ ᠬᠠᠶᠠᠵᠤ ᠪᠣᠯᠤᠨ᠎ᠠ᠂ ᠲᠦᠷᠦᠯ ᠵᠤᠶᠢᠯ ᠤᠨ ᠨᠡᠷᠡᠶᠢᠳᠦᠯ ᠤᠨ ᠳᠡᠭᠡᠷ᠎ᠡ ᠲᠠᠯ᠎ᠠ ᠳᠤ ᠶᠠᠮᠠᠷ ᠴᠤ ᠲᠡᠮᠳᠡᠭ ᠵᠢᠷᠤᠬᠤ ᠦᠭᠡᠢ᠃   ︵ᠲᠦᠷᠪᠡ︶ ᠪᠠᠲᠤᠯᠠᠯᠲᠠ ᠶᠢᠨ ᠪᠢᠯᠧᠲ ᠨᠢᠭᠡᠪᠦᠷᠢ ᠶᠢᠨ ᠰᠣᠩᠭᠤᠭᠰᠠᠨ ᠵᠦᠢᠯ ᠤᠨ ᠲᠤᠭ᠎ᠠ ᠨᠢ 8 ᠵᠦᠢᠯ ᠲᠠᠢ ᠲᠡᠩᠴᠡᠭᠦᠦ ᠪᠤᠶᠤ ᠲᠡᠭᠦᠨ ᠠᠴᠠ ᠳᠤᠲᠠᠭᠤ ᠪᠠᠶᠢᠪᠠᠯ ᠬᠦᠴᠦᠨ ᠲᠠᠢ ᠫᠢᠶᠣᠣ ᠪᠣᠯᠤᠨ᠎ᠠ᠂ 8 ᠵᠦᠢᠯ ᠠᠴᠠ ᠢᠯᠡᠭᠦᠦ ᠪᠠᠶᠢᠪᠠᠯ ᠬᠦᠴᠦᠨ ᠤᠢᠭᠡᠢ ᠪᠢᠯᠧᠲ ᠪᠣᠯᠤᠨ᠎ᠠ᠃   ︵ᠲᠠᠪᠤ︶ ᠬᠤᠷᠢᠶᠠᠵᠤ ᠠᠪᠤᠭᠰᠠᠨ ᠪᠠᠲᠤᠯᠠᠯᠲᠠ ᠶᠢᠨ ᠪᠢᠯᠧᠲ ᠨᠢ ᠲᠠᠷᠬᠠᠭᠠᠭᠰᠠᠨ ᠪᠠᠲᠤᠯᠠᠯᠲᠠ ᠶᠢᠨ ᠪᠢᠯᠧᠲ ᠲᠠᠢ ᠲᠡᠩᠴᠡᠭᠦᠦ ᠪᠤᠶᠤ ᠲᠡᠭᠦᠨ ᠠᠴᠠ ᠳᠤᠲᠠᠭᠤ ᠪᠠᠶᠢᠪᠠᠯ ᠪᠠᠲᠤᠯᠠᠯᠲᠠ ᠨᠢ ᠬᠦᠴᠦᠨ ᠲᠠᠢ᠃ ᠲᠠᠷᠬᠠᠭᠠᠭᠰᠠᠨ ᠪᠠᠲᠤᠯᠠᠬᠤ ᠫᠢᠶᠣᠣ ᠠᠴᠠ ᠢᠯᠡᠭᠦᠦ ᠪᠠᠶᠢᠪᠠᠯ ᠲᠠᠰᠤᠯᠤᠯᠲᠠ ᠨᠢ ᠬᠦᠴᠦᠨ ᠦᠭᠡᠢ᠂ ᠳᠠᠬᠢᠵᠤ ᠪᠠᠲᠤᠯᠠᠬᠤ ᠬᠡᠷᠡᠭᠲᠡᠢ᠃    ︵ᠵᠢᠷᠭᠤᠭ᠎ᠠ︶ ᠪᠢᠯᠧᠲ ᠣᠯᠤᠭᠰᠠᠨ ᠦᠷ᠎ᠡ ᠳ᠋ᠦᠩ ᠢ ᠦᠨᠳᠦᠰᠦᠯᠡᠵᠦ᠂ ᠳᠡᠭᠡᠷ᠎ᠡ ᠠᠴᠠ ᠳᠣᠷᠣᠭᠰᠢ 8 ᠲᠥᠷᠥᠯ ᠨᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠪᠣᠯᠤᠨ᠎ᠠ᠃ ᠬᠡᠷᠪᠡ ᠣᠯᠠᠨ ᠵᠢᠱᠢᠭᠳᠡᠭᠰᠡᠨ ᠲᠥᠷᠥᠯ ᠵᠤᠶᠢᠯ ᠤᠨ ᠵᠥᠪᠰᠢᠶᠡᠷᠡᠭᠰᠡᠨ ᠪᠢᠯᠧᠲ ᠤᠨ ᠲᠤᠭ᠎ᠠ ᠨᠢ ᠠᠳᠠᠯᠢ ᠮᠥᠷᠲᠡᠭᠡᠨ ᠠᠳᠠᠯᠢᠬᠠᠨ ᠢᠶᠠᠷ ᠡᠴᠦᠰ ᠤᠨ ᠰᠣᠩᠭᠤᠯᠲᠠ ᠲᠠᠢ ᠲᠥᠷᠥᠯ ᠵᠤᠶᠢᠯ ᠪᠠᠶᠢᠪᠠᠯ᠂ ᠠᠳᠠᠯᠢ ᠪᠢᠯᠧᠲ ᠤᠨ ᠲᠣᠭᠠᠨ ᠤ ᠲᠥᠷᠥᠯ ᠵᠤᠶᠢᠯ ᠢ ᠴᠥᠮ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠳᠤ ᠣᠷᠣᠭᠤᠯᠤᠨ᠎ᠠ᠃    ᠨᠠᠢᠮᠠᠳᠤᠭᠠᠷ ᠵᠤᠷᠪᠤᠰ  ᠰᠣᠩᠭᠤᠭᠤᠯᠢ ᠶᠢᠨ ᠪᠢᠯᠧᠲ ᠪᠠ ᠪᠠᠲᠤᠯᠠᠯᠲᠠ ᠶᠢᠨ ᠪᠢᠯᠧᠲ ᠶᠢ ᠪᠠᠯᠠᠷᠬᠠᠢ ᠪᠢᠴᠢᠭᠡᠳ ᠢᠯᠭᠠᠨ ᠲᠠᠨᠢᠬᠤ ᠶᠢᠨ ᠠᠷᠭ᠎ᠠ ᠦᠭᠡᠢ ᠪᠠᠶᠢᠪᠠᠯ᠂ ᠨᠢᠭᠡ ᠬᠡᠰᠡᠭ ᠨᠢ ᠪᠠᠯᠠᠷᠬᠠᠢ ᠨᠢᠭᠡ ᠬᠡᠰᠡᠭ ᠨᠢ ᠬᠦᠴᠦᠨ ᠦᠭᠡᠢ᠂ ᠪᠦᠬᠦᠨ ᠢᠶᠠᠷ ᠢᠶᠠᠨ ᠪᠠᠯᠠᠷᠬᠠᠢ ᠪᠤᠯ ᠪᠦᠬᠦ ᠪᠢᠯᠧᠲ ᠬᠦᠴᠦᠨ ᠦᠭᠡᠢ᠃ ᠲᠤᠰ ᠠᠷᠭ᠎ᠠ ᠶᠢᠨ ᠲᠣᠭᠲᠠᠭᠠᠯ ᠶᠣᠰᠣᠭᠠᠷ ᠲᠠᠭᠯᠠᠨ ᠪᠢᠴᠢᠭᠰᠡᠨ ᠦᠭᠡᠢ ᠰᠣᠩᠭᠤᠭᠤᠯᠢ ᠶᠢᠨ ᠫᠢᠶᠣᠣ ᠪᠣᠯᠤᠨ ᠪᠠᠲᠤᠯᠠᠯᠲᠠ ᠶᠢᠨ ᠪᠢᠯᠧᠲ ᠢ ᠶᠡᠷᠦᠩᠬᠡᠢ ᠪᠢᠯᠧᠲ ᠬᠢᠨᠠᠭᠴᠢ ᠪᠣᠳᠠᠲᠠᠢ ᠪᠠᠶᠢᠳᠠᠯ ᠢ ᠦᠨᠳᠦᠰᠦᠯᠡᠨ ᠨᠢᠭᠡ ᠬᠡᠰᠡᠭ ᠨᠢ ᠬᠦᠴᠦᠨ ᠦᠭᠡᠢ ᠪᠤᠶᠤ ᠪᠦᠬᠦ ᠪᠢᠯᠧᠲ ᠬᠦᠴᠦᠨ ᠦᠭᠡᠢ ᠪᠣᠯᠬᠤ ᠶᠢ ᠲᠣᠭᠲᠠᠭᠠᠨ᠎ᠠ᠂ ᠶᠡᠷᠦᠩᠬᠡᠢ ᠪᠢᠯᠧᠲ ᠬᠢᠨᠠᠭᠴᠢ ᠲᠣᠭᠲᠠᠭᠠᠵᠤ ᠳᠡᠶᠢᠯᠬᠦ ᠦᠭᠡᠢ ᠪᠣᠯ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠳᠤ ᠮᠡᠳᠡᠭᠦᠯᠵᠦ ᠲᠣᠭᠲᠠᠭᠠᠯᠭᠠᠨ᠎ᠠ᠃    ᠶᠢᠰᠦᠳᠦᠭᠡᠷ ᠵᠤᠷᠪᠤᠰ  ᠶᠡᠭᠡ ᠬᠤᠷᠠᠯ ᠤᠨ ᠰᠣᠩᠭᠤᠭᠤᠯᠢ ᠶᠠᠪᠤᠭᠤᠯᠬᠤ ᠪᠠ ᠪᠠᠲᠤᠯᠠᠬᠤ ᠦᠶ᠎ᠡ ᠳᠤ ᠶᠡᠷᠦᠩᠬᠡᠢ ᠪᠢᠯᠧᠲ ᠬᠢᠨᠠᠭᠴᠢ 1 ᠬᠥᠮᠦᠨ᠂ ᠪᠢᠯᠧᠲ ᠬᠢᠨᠠᠭᠴᠢ 2 ᠬᠥᠮᠦᠨ ᠭᠠᠷᠭᠠᠨ᠎ᠠ᠂ ᠲᠡᠷᠢᠭᠦᠯᠡᠭᠴᠢᠳ ᠤᠨ ᠪᠦᠯᠬᠦᠮ ᠠᠴᠠ ᠵᠢᠱᠢᠭᠳᠡᠭᠰᠡᠳ ᠪᠤᠰᠤ ᠲᠥᠯᠥᠭᠡᠯᠡᠭᠴᠢᠳ ᠤᠨ ᠳᠣᠲᠣᠷ᠎ᠠ ᠠᠴᠠ ᠨᠡᠷ᠎ᠡ ᠳᠤᠷᠠᠳᠴᠤ᠂ ᠶᠡᠭᠡ ᠬᠤᠷᠠᠯ ᠢᠶᠠᠷ ᠬᠢᠨᠠᠨ ᠶᠠᠷᠢᠯᠴᠠᠭᠤᠯᠤᠭᠰᠠᠨ ᠤ ᠳᠠᠷᠠᠭ᠎ᠠ ᠭᠠᠷ ᠡᠷᠭᠦᠨ  ᠪᠠᠲᠤᠯᠠᠨ᠎ᠠ᠃ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢᠳ ᠨᠢ ᠲᠡᠷᠢᠭᠦᠯᠡᠭᠴᠢᠳ ᠤᠨ ᠪᠦᠯᠬᠦᠮ ᠤᠨ ᠤᠳᠤᠷᠢᠳᠤᠯᠭ᠎ᠠ ᠳᠣᠣᠷ᠎ᠠ᠂ ᠪᠢᠯᠧᠲ ᠲᠦᠭᠡᠭᠡᠬᠦ᠂ ᠪᠢᠯᠧᠲ ᠥᠭᠬᠦ᠂ ᠪᠢᠯᠧᠲ ᠪᠦᠷᠢᠳᠬᠡᠬᠦ ᠠᠵᠢᠯ ᠳᠤ ᠬᠢᠨᠠᠯᠲᠠ ᠲᠠᠯᠪᠢᠨ᠎ᠠ᠃ ᠪᠢᠯᠧᠲ ᠪᠦᠷᠢᠳᠬᠡᠬᠦ ᠠᠵᠢᠯᠲᠠᠨ ᠢ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠠᠴᠠ ᠲᠣᠭᠲᠠᠭᠠᠨ᠎ᠠ᠃    ᠠᠷᠪᠠᠳᠤᠭᠠᠷ ᠵᠤᠷᠪᠤᠰ  ᠰᠣᠩᠭᠤᠭᠤᠯᠢ ᠶᠠᠪᠤᠭᠤᠯᠬᠤ ᠪᠠ ᠶᠡᠭᠡ ᠬᠤᠷᠠᠯ ᠤᠨ ᠬᠤᠷᠠᠯ ᠤᠨ ᠲᠠᠯᠠᠪᠠᠢ ᠳᠤ ᠨᠢᠭᠡ ᠪᠢᠯᠧᠲ ᠥᠭᠬᠦ ᠬᠠᠶᠢᠷᠴᠠᠭ ᠲᠠᠯᠪᠢᠨ᠎ᠠ᠂ ᠪᠢᠯᠧᠲ ᠥᠭᠬᠦ ᠨᠡᠭᠦᠳᠡᠯ ᠬᠠᠶᠢᠷᠴᠠᠭ ᠭᠠᠷᠭᠠᠬᠤ ᠦᠭᠡᠢ᠂ ᠪᠤᠰᠤᠳ ᠲᠤ ᠨᠠᠶᠢᠳᠠᠵᠤ ᠪᠢᠯᠧᠲ ᠥᠭᠭᠦᠭᠦᠯᠵᠦ ᠪᠣᠯᠬᠤ ᠦᠭᠡᠢ᠃ ᠪᠢᠯᠧᠲ ᠥᠭᠬᠦ ᠳᠡᠰ ᠳᠠᠷᠠᠭ᠎ᠠ ᠨᠢ᠄ ᠶᠡᠷᠦᠩᠬᠡᠶ ᠪᠢᠯᠧᠲ ᠬᠢᠨᠠᠭᠴᠢ ᠪᠠ ᠪᠢᠯᠧᠲ ᠬᠢᠨᠠᠭᠴᠢ ᠤᠷᠢᠳᠠᠪᠠᠷ ᠪᠢᠯᠧᠲ ᠥᠭᠭᠦᠨ᠎ᠡ᠂ ᠳᠠᠷᠠᠭ᠎ᠠ ᠨᠢ ᠲᠡᠷᠢᠭᠦᠯᠡᠭᠴᠢ ᠶᠢᠨ ᠲᠠᠶᠢᠰᠠᠨ ᠳᠤ ᠰᠠᠭᠤᠭᠰᠠᠨ ᠲᠥᠯᠥᠭᠡᠯᠡᠭᠴᠢ ᠪᠠ ᠪᠤᠰᠤᠳ ᠲᠥᠯᠥᠭᠡᠯᠡᠭᠴᠢ ᠳᠡᠰ ᠳᠠᠷᠠᠭᠠᠯᠠᠨ ᠪᠢᠯᠧᠲ ᠥᠭᠭᠦᠨ᠎ᠡ᠃   ᠠᠷᠪᠠᠨ ᠨᠢᠭᠡᠳᠦᠭᠡᠷ ᠵᠤᠷᠪᠤᠰ   ᠪᠢᠯᠧᠲ ᠥᠭᠴᠦ ᠳᠠᠭᠤᠰᠤᠭᠰᠠᠨ ᠤ ᠳᠠᠷᠠᠭ᠎ᠠ᠂ ᠪᠢᠯᠧᠲ ᠪᠦᠷᠢᠳᠬᠡᠬᠦ ᠠᠵᠢᠯᠲᠠᠨ ᠶᠡᠷᠦᠩᠬᠡᠢ ᠪᠢᠯᠧᠲ ᠬᠢᠨᠠᠭᠴᠢ ᠶᠢᠨ ᠬᠢᠨᠠᠯᠲᠠ ᠳᠣᠣᠷ᠎ᠠ ᠪᠢᠯᠧᠲ ᠤᠨ ᠲᠤᠭ᠎ᠠ ᠶᠢ ᠲᠣᠭᠠᠯᠠᠨ ᠪᠦᠷᠢᠳᠬᠡᠬᠦ ᠪᠥᠭᠡᠳ ᠶᠡᠷᠦᠩᠬᠡᠢ ᠪᠢᠯᠧᠲ ᠬᠢᠨᠠᠭᠴᠢ ᠠᠴᠠ ᠶᠡᠭᠡ ᠬᠤᠷᠠᠯ ᠤᠨ ᠭᠦᠢᠴᠡᠳᠬᠡᠬᠦ ᠲᠡᠷᠢᠭᠦᠯᠡᠭᠴᠢ ᠳᠤ ᠰᠣᠩᠭᠤᠭᠤᠯᠢ ᠶᠢᠨ ᠪᠢᠯᠧᠲ ᠪᠠ ᠪᠠᠲᠤᠯᠠᠯᠲᠠ ᠶᠢᠨ ᠪᠢᠯᠧᠲ ᠶᠢᠨ ᠳ᠋ᠦᠩ ᠢ ᠲᠣᠭᠠᠯᠠᠨ ᠪᠦᠷᠢᠳᠬᠡᠵᠦ᠂ ᠶᠡᠭᠡ ᠬᠤᠷᠠᠯ ᠤᠨ ᠭᠦᠢᠴᠡᠳᠬᠡᠬᠦ ᠲᠡᠷᠢᠭᠦᠯᠡᠭᠴᠢ ᠠᠴᠠ ᠰᠣᠩᠭᠤᠭᠤᠯᠢ ᠪᠠ ᠪᠠᠲᠤᠯᠠᠯᠲᠠ ᠶᠢᠨ ᠬᠦᠴᠦᠨ ᠲᠠᠢ ᠪᠣᠯᠤᠭᠰᠠᠨ ᠡᠰᠡᠬᠦ ᠶᠢ ᠨᠡᠶᠢᠲᠡᠯᠡᠨ᠎ᠡ᠃ ᠫᠢᠶᠣᠣ ᠪᠦᠷᠢᠳᠬᠡᠵᠦ ᠪᠠᠷᠠᠭᠰᠠᠨ ᠤ ᠲᠠᠷᠠᠭ᠎ᠠ᠂ ᠶᠡᠷᠦᠩᠬᠡᠢ ᠫᠢᠶᠣᠣ ᠬᠢᠨᠠᠭᠴᠢ ᠠᠴᠠ ᠶᠡᠭᠡ ᠬᠤᠷᠠᠯ ᠤᠨ ᠭᠦᠢᠴᠡᠳᠬᠡᠬᠦ ᠲᠡᠷᠢᠭᠦᠯᠡᠭᠴᠢ ᠳᠤ ᠫᠢᠶᠣᠣ ᠪᠦᠷᠢᠳᠬᠡᠭᠰᠡᠨ ᠦᠷ᠎ᠡ ᠳ᠋ᠦᠩ ᠢ ᠮᠡᠳᠡᠭᠦᠯᠦᠨ᠎ᠡ᠂ ᠲᠡᠷᠢᠭᠦᠯᠡᠭᠴᠢᠳ ᠤᠨ ᠪᠦᠯᠬᠦᠮ ᠨᠤᠲᠠᠯᠠᠭᠰᠠᠨ ᠤ ᠲᠠᠷᠠᠭ᠎ᠠ ᠫᠢᠶᠣᠣ ᠪᠦᠷᠢᠳᠬᠡᠭᠰᠡᠨ ᠦᠷ᠎ᠡ ᠳ᠋ᠦᠩ᠂ ᠰᠣᠩᠭᠤᠭᠤᠯᠢ ᠪᠠ ᠪᠠᠲᠤᠯᠠᠯᠲᠠ ᠶᠢᠨ ᠦᠷ᠎ᠡ ᠳ᠋ᠦᠩ ᠢ ᠲᠡᠷᠡ ᠳᠠᠷᠤᠢ ᠳᠤᠨᠢ ᠨᠡᠶᠢᠲᠡᠯᠡᠨ᠎ᠡ᠃   ᠠᠷᠪᠠᠨ ᠬᠤᠶᠠᠳᠤᠭᠠᠷ ᠵᠤᠷᠪᠤᠰ  ᠲᠤᠰ ᠠᠷᠭ᠎ᠠ ᠶᠢᠨ ᠭᠦᠢᠴᠡᠳᠬᠡᠭᠡᠳᠦᠢ ᠵᠦᠢᠯᠡᠰ ᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠠᠴᠠ ᠬᠠᠤᠯᠢ ᠶᠣᠰᠣᠭᠠᠷ ᠲᠣᠭᠲᠠᠭᠠᠨ᠎ᠠ᠃   ᠠᠷᠪᠠᠨ ᠭᠤᠷᠪᠠᠳᠤᠭᠠᠷ ᠵᠤᠷᠪᠤᠰ  ᠲᠣᠰ ᠠᠷᠭ᠎ᠠ ᠶᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠪᠥᠬᠦᠳᠡ ᠬᠤᠷᠠᠯ ᠢᠶᠠᠷ ᠪᠠᠲᠤᠯᠠᠭᠰᠠᠨ ᠤ ᠳᠠᠷᠠᠭ᠎ᠠ ᠬᠡᠷᠡᠭᠵᠢᠭᠦᠯᠦᠨ᠎ᠡ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠤ ᠨᠠᠷᠢᠨ ᠪᠢᠴᠢᠭ ᠤᠨ ᠭᠠᠵᠠᠷ 2020 ᠣᠨ ᠤ 3 ᠰᠠᠷ᠎ᠠ ᠶᠢᠨ 8 ᠤ ᠡᠳᠦᠷ ᠳᠠᠷᠤᠮᠠᠯᠯᠠᠨ ᠲᠠᠷᠬᠠᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号