——2021 ᠣᠨ ᠤ 3 ᠳ᠋ᠤᠭᠡᠷ ᠰᠠᠷ᠎ᠠ ᠶᠢᠨ 9 ᠤ ᠡᠳᠦᠷ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠥᠷᠪᠡᠳᠦᠭᠡᠷ ᠤᠳᠠᠭᠠᠨ ᠤ ᠬᠤᠷᠠᠯᠳᠤᠭᠠᠨ ᠳᠡᠭᠡᠷ᠎ᠡ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ ᠶᠢᠨ ᠳᠠᠷᠤᠭ᠎ᠠ ᠾᠧ | ᠴᠠᠩ ᠵᠢᠶᠠᠩ | ᠲᠥᠯᠥᠭᠡᠯᠡᠭᠴᠢᠳ ᠡ᠄ | ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠶᠡᠭᠡ ᠬᠤᠷᠠᠯ ᠳᠤ 2020 ᠣᠨ ᠤ | ᠡᠳ᠋ ᠤᠨ ᠵᠠᠰᠠᠭ ᠤᠨ ᠲᠥᠰᠦᠪ ᠢ ᠭᠦᠢᠴᠡᠳᠭᠡᠭᠰᠡᠨ ᠪᠠᠶᠢᠳᠠᠯ ᠪᠠ 2021 ᠣᠨ ᠤ ᠡᠳ᠋ ᠤᠨ ᠵᠠᠰᠠᠭ ᠤᠨ | ᠲᠥᠰᠦᠪ ᠤᠨ ᠲᠥᠰᠦᠯ ᠤᠨ ᠮᠡᠳᠡᠭᠦᠯᠦᠯᠲᠡ ᠬᠢᠶ᠎ᠠ᠂ ᠬᠢᠨᠠᠨ ᠵᠥᠪᠯᠡᠬᠦ ᠪᠣᠯᠪᠠᠤ᠂ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2020 ᠣᠨ ᠤ ᠲᠥᠰᠦᠪ ᠢ ᠭᠦᠢᠴᠡᠳᠬᠡᠭᠰᠡᠨ ᠪᠠᠶᠢᠳᠠᠯ | 2020 ᠣᠨ ᠳᠤ᠂ ᠡᠳ᠋ ᠤᠨ ᠵᠠᠰᠠᠭ ᠤᠨ ᠠᠵᠢᠯ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠤᠷ᠎ᠠ᠂ ᠳᠡᠭᠡᠳᠦ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠦᠴᠦᠲᠡᠶ ᠳᠡᠮᠵᠢᠯᠭᠡ | ᠳᠣᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ | ᠲᠠᠪᠤᠳᠤᠭᠠᠷ ᠪᠥᠬᠦᠳᠡ ᠬᠤᠷᠠᠯ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ | ᠲᠠᠯ᠎ᠠ ᠪᠠᠷ ᠲᠤᠭᠤᠰᠢᠯᠠᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠵᠤ᠂ ︽ᠬᠤᠶᠠᠷ ᠢ ᠬᠠᠮᠠᠭᠠᠯᠠᠬᠤ︾ | ᠶᠢ ᠡᠳ᠋ ᠤᠨ ᠵᠠᠰᠠᠭ ᠤᠨ ᠠᠵᠢᠯ ᠤᠨ ᠪᠥᠬᠦ ᠶᠠᠪᠤᠴᠠ ᠡᠯ᠎ᠡ ᠲᠠᠯ᠎ᠠ ᠳᠤ ᠦᠨᠡᠨ ᠬᠦ ᠲᠤᠭᠤᠰᠢᠯᠠᠭᠤᠯᠪᠠ᠃ ᠮᠠᠨ ᠤ | ᠬᠤᠰᠢᠭᠤᠨ ᠤ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠵᠠᠩᠭᠢᠯᠠᠭ᠎ᠠ ᠶᠢᠨ ᠠᠬᠢᠴᠠ ᠲᠠᠢ ᠪᠣᠯᠵᠣ᠂ ︽ | ᠴᠢᠨᠠᠷ ᠰᠠᠶᠢᠲᠠᠶ ᠳᠠᠪᠠᠯᠲᠠ ᠮᠠᠶ᠋ᠢᠭ ᠤᠨ ᠬᠥᠭᠵᠢᠯᠲᠡ︾ ᠶᠢᠨ ᠳᠤᠲᠠᠭᠤᠳᠠᠯ ᠢ ᠪᠥᠬᠦ ᠲᠠᠯ᠎ᠠ ᠪᠠᠷ ᠨᠥᠬᠦᠪᠥᠷᠢᠯᠡᠵᠦ᠂ | ᠠᠷᠠᠳ ᠤᠨ ᠠᠮᠢᠳᠤᠷᠠᠯ ᠨᠡᠶᠢᠭᠡᠮ ᠤᠨ ᠦᠢᠯᠡᠰ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠢᠯᠡᠳᠲᠡ | ᠦᠷ᠎ᠡ ᠪᠦᠲᠦᠮᠵᠢ ᠣᠯᠵᠤ᠂ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠶᠡᠭᠡ | ᠲᠠᠯ᠎ᠠ ᠶᠢᠨ ᠲᠣᠭᠲᠠᠭᠤᠨ ᠢ ᠪᠠᠲᠤᠯᠠᠪᠠ᠃ ᠡᠨᠡᠬᠦ ᠰᠠᠭᠤᠷᠢᠨ ᠳᠡᠭᠡᠷ᠎ᠡ᠂ ᠪᠦᠬᠦ ᠬᠤᠰᠢᠭᠤᠨ ᠤ ᠲᠥᠰᠦᠪ ᠢ | ᠭᠦᠢᠴᠡᠳᠬᠡᠭᠰᠡᠨ ᠪᠠᠶᠢᠳᠠᠯ ᠶᠡᠷᠦᠩᠬᠡᠢ ᠳᠡᠭᠡᠨ ᠨᠡᠯᠢᠶᠡᠳ ᠰᠠᠶᠢᠨ ᠪᠠᠶᠢᠨ᠎ᠠ᠃ | ︵ᠨᠢᠭᠡ︶ ᠡᠩ ᠤᠨ ᠣᠯᠠᠨ ᠨᠡᠶᠢᠲᠡ ᠶᠢᠨ ᠲᠥᠰᠦᠪ ᠢ ᠭᠦᠢᠴᠡᠳᠬᠡᠭᠰᠡᠨ ᠪᠠᠶᠢᠳᠠᠯ | 1 . ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠲᠡᠩᠴᠡᠭᠦᠷᠢ ᠶᠢᠨ ᠪᠠᠶᠢᠳᠠᠯ | 2020 ᠣᠨ ᠳᠤ᠂ ᠮᠠᠨ ᠤ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 34.700 | ᠲᠦᠮᠡᠨ ᠲᠥᠭᠦᠷᠢᠭ ᠢ ᠪᠡᠶᠡᠯᠡᠭᠦᠯᠵᠦ᠂ ᠵᠢᠯ ᠤᠨ ᠡᠬᠢᠨ ᠤ ᠲᠥᠰᠦᠪ ᠤᠨ 115.27% ᠶᠢ ᠪᠡᠶᠡᠯᠡᠭᠦᠯᠪᠡ᠃ | ᠡᠭᠦᠨ ᠤ ᠳᠡᠭᠡᠷ᠎ᠡ ᠳᠡᠭᠡᠳᠦ ᠱᠠᠲᠤᠨ ᠠᠴᠠ ᠨᠥᠬᠦᠪᠥᠷᠢᠯᠡᠭᠰᠡᠨ ᠣᠷᠣᠯᠭ᠎ᠠ 383.100 ᠲᠦᠮᠡᠨ ᠲᠥᠭᠦᠷᠢᠭ᠂ | ᠣᠷᠣᠨ ᠨᠤᠲᠤᠭ ᠤᠨ ᠵᠠᠰᠠᠭ ᠤᠨ ᠣᠷᠳᠣᠨ ᠤ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠰᠢᠯᠵᠢᠭᠦᠯᠦᠨ | ᠵᠢᠭᠡᠯᠡᠭᠦᠯᠦᠭᠰᠡᠨ ᠣᠷᠣᠯᠭ᠎ᠠ 69.600 ᠲᠦᠮᠡᠨ ᠲᠥᠭᠦᠷᠢᠭ᠂ ᠳᠡᠭᠡᠷ᠎ᠡ ᠵᠢᠯ ᠠᠴᠠ ᠳ᠋ᠦᠩᠨᠡᠨ ᠰᠢᠯᠵᠢᠭᠦᠯᠦᠭᠰᠡᠨ ᠨᠢ | 2.800 ᠲᠦᠮᠡᠨ ᠲᠥᠭᠦᠷᠢᠭ᠂ ᠲᠥᠰᠦᠪ ᠤᠨ ᠲᠣᠭᠲᠠᠪᠤᠷᠢᠵᠢᠭᠤᠯᠤᠨ ᠲᠣᠬᠢᠷᠠᠭᠤᠯᠬᠤ ᠰᠠᠭᠤᠷᠢ ᠮᠥᠩᠭᠦ ᠶᠢ 100 | ᠲᠦᠮᠡᠨ ᠲᠥᠭᠦᠷᠢᠭ ᠬᠡᠷᠡᠭᠯᠡᠭᠰᠡᠨ ᠢ ᠨᠡᠮᠡᠪᠡᠯ᠂ ᠣᠷᠣᠯᠭ᠎ᠠ ᠨᠡᠶᠢᠳᠡ 490.300 ᠲᠦᠮᠡᠨ ᠲᠥᠭᠦᠷᠢᠭ ᠪᠣᠯᠤᠨ᠎ᠠ᠃ | ᠬᠤᠰᠢᠭᠤᠨ ᠤ ᠲᠣᠰ ᠱᠠᠲᠤᠨ ᠤ ᠡᠩ ᠤᠨ ᠣᠯᠠᠨ ᠨᠡᠢᠲᠡ ᠶᠢᠨ ᠲᠥᠰᠦᠪ ᠤᠨ ᠵᠠᠷᠤᠯᠭ᠎ᠠ 452.100 ᠲᠦᠮᠡᠨ | ᠲᠥᠭᠦᠷᠢᠭ ᠢ ᠪᠡᠶᠡᠯᠡᠭᠦᠯᠵᠦ᠂ ᠳᠡᠭᠡᠭᠰᠢ ᠲᠤᠰᠢᠶᠠᠬᠤ ᠵᠠᠷᠤᠯᠭ᠎ᠠ 100 ᠲᠦᠮᠡᠨ ᠲᠥᠭᠦᠷᠢᠭ ᠢ ᠨᠡᠮᠡᠪᠡᠯ᠂ ᠣᠷᠣᠨ | ᠨᠤᠲᠤᠭ ᠤᠨ ᠵᠠᠰᠠᠭ ᠤᠨ ᠣᠷᠳᠣᠨ ᠤ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠡᠬᠡ ᠮᠥᠩᠭᠦ ᠶᠢ ᠪᠤᠴᠠᠭᠠᠬᠤ | ᠵᠠᠷᠤᠯᠭ᠎ᠠ 29.500 ᠲᠦᠮᠡᠨ ᠲᠥᠭᠦᠷᠢᠭ ᠢ ᠨᠡᠮᠡᠪᠡᠯ᠂ ᠶᠡᠷᠦᠩᠬᠡᠢ ᠵᠠᠷᠤᠯᠭ᠎ᠠ 481.700 ᠲᠦᠮᠡᠨ ᠲᠥᠭᠦᠷᠢᠭ | ᠪᠣᠯᠤᠨ᠎ᠠ᠃ ᠣᠷᠣᠯᠭ᠎ᠠ ᠵᠠᠷᠤᠯᠭ᠎ᠠ ᠶᠢ ᠲᠤᠯᠭᠠᠵᠤ ᠪᠤᠳᠤᠪᠠᠯ᠂ ᠵᠢᠯ ᠤᠨ ᠡᠴᠦᠰ ᠲᠤ 8.600 ᠲᠦᠮᠡᠨ ᠲᠥᠭᠦᠷᠢᠭ | ᠦᠯᠡᠳᠡᠵᠡᠢ᠃ | 2 . ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ | 2020 ᠣᠨ ᠤ ᠡᠬᠢᠨ ᠳᠤ᠂ ᠮᠠᠨ ᠤ ᠬᠤᠰᠢᠭᠤᠨ ᠤ ᠪᠣᠳᠠᠲᠠᠶ ᠬᠡᠷᠡᠭᠯᠡᠵᠦ ᠪᠣᠯᠬᠤᠶᠢᠴᠠ ᠡᠳ᠋ ᠤᠨ ᠬᠦᠴᠦᠨ 236. | 400 ᠲᠦᠮᠡᠨ ᠲᠥᠭᠦᠷᠢᠭ ᠪᠠᠶᠢᠵᠤ᠂ ᠠᠵᠢᠯᠲᠠᠨ ᠤ ᠵᠠᠷᠤᠳᠠᠯ᠂ ᠨᠡᠶᠢᠲᠡ ᠶᠢᠨ ᠬᠡᠷᠡᠭᠯᠡᠭᠡᠨ ᠤ ᠵᠠᠷᠤᠳᠠᠯ᠂ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠲᠤᠰᠬᠠᠶ ᠲᠥᠷᠥᠯ ᠤᠨ ᠪᠠᠯᠠ ᠮᠥᠩᠭᠦ 236.400 ᠲᠦᠮᠡᠨ ᠲᠥᠭᠦᠷᠢᠭ | ᠲᠣᠬᠢᠷᠠᠭᠤᠯᠵᠤ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠶ ᠪᠠᠶᠢᠯᠭᠠᠪᠠ᠃ ᠵᠢᠯ ᠤᠨ ᠳᠣᠲᠣᠷ᠎ᠠ ᠲᠥᠰᠦᠪ ᠤᠨ | ᠲᠣᠬᠢᠷᠠᠭᠤᠯᠤᠯᠲᠠ ᠬᠢᠵᠦ᠂ ᠵᠠᠷᠤᠯᠭ᠎ᠠ ᠶᠢᠨ ᠲᠥᠰᠦᠪ ᠢ 215.700 ᠲᠦᠮᠡᠨ ᠲᠥᠭᠦᠷᠢᠭ ᠨᠡᠮᠡᠭᠳᠡᠭᠦᠯᠪᠡ᠃ | 2020 ᠣᠨ ᠤ ᠡᠴᠦᠰ᠂ ᠮᠠᠨ ᠤ ᠬᠤᠰᠢᠭᠤᠨ ᠤ ᠪᠣᠳᠠᠲᠠᠶ ᠬᠡᠷᠡᠭᠯᠡᠵᠦ ᠪᠣᠯᠬᠤ ᠡᠳ᠋ ᠤᠨ ᠬᠦᠴᠦᠨ 460.700 | ᠲᠦᠮᠡᠨ ᠲᠥᠭᠦᠷᠢᠭ᠂ ᠵᠢᠯ ᠤᠨ ᠡᠬᠢᠨ ᠤ ᠡᠳ᠋ ᠤᠨ ᠬᠦᠴᠦᠨ ᠠᠴᠠ 224.200 ᠲᠦᠮᠡᠨ ᠲᠥᠭᠦᠷᠢᠭ ᠨᠡᠮᠡᠭᠳᠡᠵᠡᠶ᠂ | ᠨᠡᠮᠡᠭᠳᠡᠭᠰᠡᠨ ᠭᠤᠤᠯ ᠰᠢᠯᠲᠠᠭᠠᠨ᠄ ᠡᠩ ᠤᠨ ᠣᠯᠠᠨ ᠨᠡᠶᠢᠲᠡ ᠶᠢᠨ ᠲᠥᠰᠦᠪ ᠤᠨ ᠳᠠᠪᠠᠭᠤᠯᠤᠨ ᠬᠤᠷᠢᠶᠠᠭᠰᠠᠨ 4. | 600 ᠲᠦᠮᠡᠨ ᠲᠥᠭᠦᠷᠢᠭ᠂ ᠳᠡᠭᠡᠳᠦ ᠱᠠᠲᠤᠨ ᠠᠴᠠ ᠨᠥᠬᠦᠪᠥᠷᠢᠯᠡᠭᠰᠡᠨ ᠣᠷᠣᠯᠭ᠎ᠠ 179.400 ᠲᠦᠮᠡᠨ | ᠲᠥᠭᠦᠷᠢᠭ᠂ ᠰᠢᠨ᠎ᠡ ᠪᠠᠷ ᠨᠡᠮᠡᠭᠳᠡᠭᠰᠡᠨ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠣᠷᠣᠯᠭ᠎ᠠ 40.100 ᠲᠦᠮᠡᠨ | ᠲᠥᠭᠦᠷᠢᠭ᠂ ᠲᠥᠰᠦᠪ ᠤᠨ ᠲᠣᠭᠲᠠᠪᠤᠷᠢᠵᠢᠭᠤᠯᠤᠨ ᠲᠣᠬᠢᠷᠠᠭᠤᠯᠬᠤ ᠰᠠᠭᠤᠷᠢ ᠮᠥᠩᠭᠦ ᠶᠢ 100 ᠲᠦᠮᠡᠨ | ᠲᠥᠭᠦᠷᠢᠭ ᠬᠥᠳᠡᠯᠭᠡᠨ ᠬᠡᠷᠡᠭᠯᠡᠵᠡᠶ᠃ ᠠᠵᠢᠯᠲᠠᠨ ᠤ ᠴᠠᠯᠢᠩ᠂ ᠨᠡᠶᠢᠳᠡ ᠶᠢᠨ ᠬᠡᠷᠡᠭᠯᠡᠭᠡᠨ ᠤ ᠵᠠᠷᠤᠳᠠᠯ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠲᠤᠰᠬᠠᠢ ᠲᠥᠷᠥᠯ ᠤᠨ ᠪᠡᠯᠡ ᠮᠥᠩᠭᠦ ᠶᠢ 452.100 ᠲᠦᠮᠡᠨ ᠲᠥᠭᠦᠷᠢᠭ | ᠬᠡᠷᠡᠭᠵᠢᠭᠦᠯᠵᠦ᠂ ᠵᠢᠯ ᠤᠨ ᠡᠴᠦᠰ ᠲᠤ 8.600 ᠲᠦᠮᠡᠨ ᠲᠥᠭᠦᠷᠢᠭ ᠦᠯᠡᠳᠡᠵᠡᠢ᠃ | ᠪᠣᠳᠠᠲᠠᠢ ᠭᠦᠢᠴᠡᠳᠬᠡᠭᠰᠡᠨ ᠪᠠᠶᠢᠳᠠᠯ ᠨᠢ ᠳᠣᠣᠷᠠᠬᠢ ᠮᠡᠲᠦ᠄ | 1 . ᠠᠵᠢᠯᠲᠠᠨ ᠤ ᠵᠠᠷᠤᠳᠠᠯ ᠢ ᠵᠢᠯ ᠤᠨ ᠡᠬᠢᠨ ᠳᠤ 91.900 ᠲᠦᠮᠡᠨ ᠲᠥᠭᠦᠷᠢᠭ ᠲᠣᠬᠢᠷᠠᠭᠤᠯᠵᠤ᠂ ᠵᠢᠯ ᠤᠨ | ᠡᠴᠦᠰ ᠤᠨ ᠪᠣᠳᠠᠲᠠᠶ ᠵᠠᠷᠤᠯᠭ᠎ᠠ 103.000 ᠲᠦᠮᠡᠨ ᠲᠥᠭᠦᠷᠢᠭ ᠂ ᠵᠢᠯ ᠤᠨ ᠡᠬᠢᠨ ᠤ ᠲᠥᠰᠦᠪ ᠤᠨ | 112% ᠢ ᠪᠡᠶᠡᠯᠡᠭᠦᠯᠪᠡ᠃ ᠨᠡᠮᠡᠭᠳᠡᠭᠰᠡᠨ ᠤ ᠭᠤᠣᠯ ᠰᠢᠯᠲᠠᠭᠠᠨ ᠪᠣᠯ ᠰᠢᠨ᠎ᠡ ᠪᠠᠷ ᠰᠢᠯᠭᠠᠵᠤ ᠡᠯᠰᠡᠭᠳᠡᠭᠰᠡᠨ | ᠬᠥᠮᠦᠰ ᠤᠨ ᠴᠠᠯᠢᠩ ᠪᠣᠯᠤᠨ ᠠᠵᠢᠯ ᠳᠤ ᠪᠠᠶᠢᠭ᠎ᠠ ᠬᠥᠮᠦᠰ ᠤᠨ ᠴᠠᠯᠢᠩ ᠥᠰᠬᠡᠬᠦ ᠬᠡᠪ ᠤᠨ ᠵᠠᠷᠤᠯᠭ᠎ᠠ ᠪᠣᠯᠤᠨ᠎ᠠ᠃ | 2 . ᠨᠡᠶᠢᠲᠡ ᠶᠢᠨ ᠬᠡᠷᠡᠭᠯᠡᠭᠡᠨ ᠤ ᠵᠠᠷᠤᠳᠠᠯ ᠢ ᠵᠢᠯ ᠤᠨ ᠡᠬᠢᠨ ᠳᠤ 18.000 ᠲᠦᠮᠡᠨ ᠲᠥᠭᠦᠷᠢᠭ | ᠲᠣᠬᠢᠷᠠᠭᠤᠯᠵᠤ᠂ ᠵᠢᠯ ᠤᠨ ᠡᠴᠦᠰ ᠤᠨ ᠪᠣᠳᠠᠲᠠᠶ ᠵᠠᠷᠤᠯᠭ᠎ᠠ 49.000 ᠲᠦᠮᠡᠨ ᠲᠥᠭᠦᠷᠢᠭ᠃ | 3 . ᠭᠠᠶᠢᠯᠢ ᠲᠠᠲᠠᠪᠤᠷᠢ ᠶᠢᠨ ᠪᠤᠰᠤ ᠰᠠᠯᠠᠭ᠎ᠠ ᠮᠥᠴᠢᠷ ᠤᠨ ᠥᠪᠡᠷ ᠤᠨ ᠥᠷᠲᠡᠭ ᠤᠨ ᠵᠠᠷᠤᠯᠭ᠎ᠠ ᠶᠢ 2. | 904 ᠲᠦᠮᠡᠨ ᠲᠥᠭᠦᠷᠢᠭ ᠲᠣᠬᠢᠷᠠᠭᠤᠯᠵᠤ᠂ ᠵᠢᠯ ᠤᠨ ᠡᠴᠦᠰ ᠤᠨ ᠪᠣᠳᠠᠲᠠᠶ ᠵᠠᠷᠤᠯᠭ᠎ᠠ 2.904 ᠲᠦᠮᠡᠨ | ᠲᠥᠭᠦᠷᠢᠭ ᠂ ᠵᠢᠯ ᠤᠨ ᠡᠬᠢᠨ ᠤ ᠲᠥᠰᠦᠪ ᠤᠨ 100% ᠶᠢ ᠪᠡᠶᠡᠯᠡᠭᠦᠯᠪᠡ᠃ | 4 . ᠵᠠᠰᠠᠭ ᠤᠨ ᠣᠷᠳᠣᠨ ᠤ ᠪᠡᠯᠡᠳᠬᠡᠯ ᠵᠠᠷᠤᠳᠠᠯ 5.000 ᠲᠦᠮᠡᠨ ᠲᠥᠭᠦᠷᠢᠭ᠂ ᠵᠢᠯ ᠤᠨ ᠡᠴᠦᠰ ᠤᠨ ᠪᠣᠳᠠᠲᠠᠢ | ᠵᠠᠷᠤᠯᠭ᠎ᠠ 5.000 ᠲᠦᠮᠡᠨ ᠲᠥᠭᠦᠷᠢᠭ᠂ ᠵᠢᠯ ᠤᠨ ᠡᠬᠢᠨ ᠤ ᠲᠥᠰᠦᠪ ᠤᠨ 100% ᠪᠠᠷ ᠪᠡᠶᠡᠯᠡᠭᠦᠯᠪᠡ᠃ | 5 . ᠵᠢᠯ ᠤᠨ ᠡᠬᠢᠨ ᠳᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠤᠰᠭᠠᠢ ᠲᠥᠷᠦᠯ ᠤᠨ 67.400 | ᠲᠦᠮᠡᠨ ᠲᠥᠭᠦᠷᠢᠭ᠂ ᠲᠥᠰᠦᠪ ᠤᠨ ᠲᠣᠬᠢᠷᠠᠭᠤᠯᠤᠯᠲᠠ ᠳᠤ 204.900 ᠲᠦᠮᠡᠨ ᠲᠥᠭᠦᠷᠢᠭ ᠲᠣᠬᠢᠷᠠᠭᠤᠯᠵᠤ᠂ | ᠵᠢᠯ ᠤᠨ ᠡᠴᠦᠰ ᠤᠨ ᠪᠣᠳᠠᠲᠠᠶ ᠵᠠᠷᠤᠯᠭ᠎ᠠ 272.300 ᠲᠦᠮᠡᠨ ᠲᠥᠭᠦᠷᠢᠭ᠂ ᠲᠥᠰᠦᠪ ᠤᠨ | ᠲᠣᠬᠢᠷᠠᠭᠤᠯᠤᠯᠲᠠ ᠶᠢᠨ 100 % ᠶᠢ ᠪᠡᠶᠡᠯᠡᠭᠦᠯᠪᠡ᠃ | 6. ᠪᠤᠰᠤᠳ ᠵᠠᠷᠤᠯᠭ᠎ᠠ 4.221 ᠲᠦᠮᠡᠨ ᠲᠥᠭᠦᠷᠢᠭ᠃ | ︵ᠬᠤᠶᠠᠷ︶ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠢ ᠭᠦᠢᠴᠡᠳᠬᠡᠭᠰᠡᠨ ᠪᠠᠶᠢᠳᠠᠯ | 2020 ᠣᠨ ᠳᠤ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠤᠨ ᠣᠷᠣᠯᠭ᠎ᠠ ᠶᠢ 41. | 500 ᠲᠦᠮᠡᠨ ᠲᠥᠭᠦᠷᠢᠭ ᠪᠡᠶᠡᠯᠡᠭᠦᠯᠵᠦ᠂ ᠵᠢᠯ ᠤᠨ ᠡᠬᠢᠨ ᠤ ᠲᠥᠰᠦᠪ ᠤᠨ 69.10% ᠶᠢ ᠪᠡᠶᠡᠯᠡᠭᠦᠯᠦᠨ᠂ | ᠳᠡᠭᠡᠷ᠎ᠡ ᠱᠠᠲᠤᠨ ᠤ ᠨᠥᠬᠦᠪᠥᠷᠢ 47.000 ᠲᠦᠮᠡᠨ ᠲᠥᠭᠦᠷᠢᠭ᠂ ᠳᠡᠭᠡᠷ᠎ᠡ ᠵᠢᠯ ᠤᠨ ᠦᠯᠡᠳᠡᠪᠦᠷᠢ 15.800 | ᠲᠦᠮᠡᠨ ᠲᠥᠭᠦᠷᠢᠭ᠂ ᠥᠷᠢ ᠥᠭᠴᠡᠭᠡ ᠶᠢ ᠰᠢᠯᠵᠢᠭᠦᠯᠦᠨ ᠵᠢᠭᠡᠯᠡᠭᠦᠯᠦᠭᠰᠡᠨ ᠣᠷᠣᠯᠭ᠎ᠠ 134.500 ᠲᠦᠮᠡᠨ | ᠲᠥᠭᠦᠷᠢᠭ ᠢ ᠨᠡᠮᠡᠪᠡᠯ᠂ ᠶᠡᠷᠦᠩᠬᠡᠢ ᠣᠷᠣᠯᠭ᠎ᠠ 238.800 ᠲᠦᠮᠡᠨ ᠲᠥᠭᠦᠷᠢᠭ ᠪᠣᠯᠤᠨ᠎ᠠ᠃ ᠵᠠᠰᠠᠭ ᠤᠨ | ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠤᠨ ᠵᠠᠷᠤᠯᠭ᠎ᠠ ᠨᠡᠶᠢᠲᠡ 174.700 ᠲᠦᠮᠡᠨ ᠲᠥᠭᠦᠷᠢᠭ᠂ | ᠳᠡᠭᠡᠭᠰᠢ ᠲᠤᠰᠢᠶᠠᠬᠤ ᠳᠡᠭᠡᠲᠦ ᠱᠠᠲᠤᠨ ᠤ ᠵᠠᠷᠤᠯᠭ᠎ᠠ 600 ᠲᠦᠮᠡᠨ ᠲᠥᠭᠦᠷᠢᠭ᠂ ᠥᠷᠢ ᠥᠭᠴᠡᠭᠡ ᠶᠢᠨ ᠡᠬᠡ | ᠮᠥᠩᠭᠦ ᠶᠢ ᠪᠤᠴᠠᠭᠠᠬᠤ ᠵᠠᠷᠤᠯᠭ᠎ᠠ 3.600 ᠲᠦᠮᠡᠨ ᠲᠥᠭᠦᠷᠢᠭ᠂ ᠣᠷᠣᠯᠭ᠎ᠠ ᠵᠠᠷᠤᠯᠭ᠎ᠠ ᠶᠢ ᠲᠤᠯᠭᠠᠵᠤ ᠪᠣᠳᠣᠪᠠᠯ᠂ | ᠵᠢᠯ ᠤᠨ ᠡᠴᠦᠰ ᠤᠨ ᠦᠯᠡᠳᠡᠪᠦᠷᠢ 59.900 ᠲᠦᠮᠡᠨ ᠲᠥᠭᠦᠷᠢᠭ ᠪᠣᠯᠤᠨ᠎ᠠ᠃ | ᠪᠣᠳᠠᠲᠠᠢ ᠭᠦᠢᠴᠡᠳᠬᠡᠭᠰᠡᠨ ᠪᠠᠶᠢᠳᠠᠯ ᠨᠢ ᠳᠣᠣᠷᠠᠬᠢ ᠮᠡᠲᠦ᠄ | ᠰᠣᠶᠣᠯ ᠵᠤᠭᠠᠴᠠᠯ ᠪᠡᠶ᠎ᠡ ᠶᠢᠨ ᠲᠠᠮᠢᠷ ᠬᠢᠭᠡᠳ ᠵᠠᠭᠤᠴᠢᠯᠠᠭᠤᠷ ᠶᠢᠨ ᠵᠠᠷᠤᠯᠭ᠎ᠠ 15 ᠲᠦᠮᠡᠨ ᠲᠥᠭᠦᠷᠢᠭ᠃ | ᠨᠡᠶᠢᠬᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 1.141 ᠲᠦᠮᠡᠨ ᠲᠥᠭᠦᠷᠢᠭ᠃ | ᠬᠤᠲᠠ ᠬᠥᠳᠡᠭᠡ ᠶᠢᠨ ᠨᠡᠶᠢᠬᠡᠮ ᠲᠣᠭᠤᠷᠢᠭ ᠤᠨ ᠵᠠᠷᠤᠯᠭ᠎ᠠ 55.106 ᠲᠦᠮᠡᠨ ᠲᠥᠭᠦᠷᠢᠭ᠃ | ᠪᠤᠰᠤᠳ ᠵᠠᠷᠤᠯᠭ᠎ᠠ 100.791 ᠲᠦᠮᠡᠨ ᠲᠥᠭᠦᠷᠢᠭ᠃ | ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠬᠦᠦ ᠮᠥᠩᠭᠦ ᠶᠢᠨ ᠵᠠᠷᠤᠯᠭ᠎ᠠ 33.313 ᠲᠦᠮᠡᠨ ᠲᠥᠭᠦᠷᠢᠭ | ᠃ | ᠥᠭᠴᠡᠭᠡ ᠲᠠᠷᠬᠠᠭᠠᠬᠤ ᠵᠠᠷᠤᠳᠠᠯ ᠤᠨ ᠵᠠᠷᠤᠯᠭ᠎ᠠ 145 ᠲᠦᠮᠡᠨ ᠲᠥᠭᠦᠷᠢᠭ᠃ | ᠬᠢᠵᠢᠭ ᠲᠠᠢ ᠲᠡᠮᠡᠴᠡᠬᠦ ᠤᠯᠤᠰ ᠤᠨ ᠣᠨᠴᠠᠭᠠᠢ ᠵᠢᠭᠡᠯᠡᠯᠭᠡ ᠶᠢᠨ ᠵᠠᠷᠤᠯᠭ᠎ᠠ 14.223 ᠲᠦᠮᠡᠨ ᠲᠥᠭᠦᠷᠢᠭ᠃ | ︵ᠭᠤᠷᠪᠠ︶ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠢ ᠭᠦᠢᠴᠡᠳᠬᠡᠭᠰᠡᠨ ᠪᠠᠶᠢᠳᠠᠯ | 2020 ᠣᠨ ᠳᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ | ᠣᠷᠣᠯᠭ᠎ᠠ ᠨᠡᠶᠢᠲᠡ 400 ᠲᠦᠮᠡᠨ ᠲᠥᠭᠦᠷᠢᠭ᠃ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ | ᠲᠥᠰᠦᠪ ᠤᠨ ᠵᠠᠷᠤᠯᠭ᠎ᠠ ᠨᠡᠶᠢᠲᠡ 360 ᠲᠦᠮᠡᠨ ᠲᠥᠭᠦᠷᠢᠭ ᠪᠠᠶᠢᠵᠤ᠂ ᠪᠡᠶᠡᠯᠡᠭᠦᠯᠦᠭᠰᠡᠨ ᠠᠰᠢᠭ ᠬᠤᠨᠵᠢᠪᠣᠷᠢ ᠶᠢᠨ | ᠶᠡᠷᠦᠩᠬᠡᠶ ᠲᠤᠭ᠎ᠠ 40 ᠲᠦᠮᠡᠨ ᠲᠥᠭᠦᠷᠢᠭ ᠪᠣᠯᠤᠨ᠎ᠠ᠃ | ︵ᠳᠥᠷᠪᠡ︶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠢ ᠭᠦᠢᠴᠡᠳᠬᠡᠭᠰᠡᠨ ᠪᠠᠶᠢᠳᠠᠯ | 2020 ᠣᠨ ᠳᠤ ᠪᠥᠬᠦ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠣᠷᠣᠯᠭ᠎ᠠ 128. | 337 ᠲᠦᠮᠡᠨ ᠲᠥᠭᠦᠷᠢᠭ ︵ᠡᠭᠦᠨ ᠳᠤ᠄ ᠰᠦᠢᠳᠭᠡᠯ ᠲᠤᠰᠢᠶᠠᠭᠰᠠᠨ ᠣᠷᠣᠯᠭ᠎ᠠ 49.389 ᠲᠦᠮᠡᠨ ᠲᠥᠭᠦᠷᠢᠭ᠂ | ᠳᠡᠭᠡᠳᠦ ᠱᠠᠲᠤᠨ ᠤ ᠨᠥᠬᠦᠪᠥᠷᠢ ᠶᠢᠨ ᠣᠷᠣᠯᠭ᠎ᠠ 69.728 ᠲᠦᠮᠡᠨ ᠲᠥᠭᠦᠷᠢᠭ᠂ ᠬᠤᠰᠢᠭᠤᠨ ᠤ ᠲᠣᠰ | ᠱᠠᠲᠤᠨ ᠤ ᠢᠵᠢ ᠪᠥᠷᠢᠳᠦᠭᠦᠯᠬᠦ 7.634 ᠲᠦᠮᠡᠨ ᠲᠥᠭᠦᠷᠢᠭ᠂ ᠰᠢᠯᠵᠢᠭᠦᠯᠦᠭᠰᠡᠨ ᠣᠷᠣᠯᠭ᠎ᠠ 1.586 ᠲᠦᠮᠡᠨ | ᠲᠥᠭᠦᠷᠢᠭ ᠪᠣᠯᠤᠨ᠎ᠠ︶ ᠵᠢᠯ ᠤᠨ ᠡᠬᠢᠨ ᠤ ᠲᠥᠰᠦᠪ ᠢ 100.19% ᠪᠠᠷ ᠪᠡᠶᠡᠯᠡᠭᠦᠯᠪᠡ᠃ ᠨᠡᠶᠢᠬᠡᠮ ᠤᠨ | ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ 128.627 ᠲᠦᠮᠡᠨ ᠲᠥᠭᠦᠷᠢᠭ᠂ ᠵᠢᠯ ᠤᠨ ᠡᠬᠢᠨ ᠤ | ᠲᠥᠰᠦᠪ ᠤᠨ 104.41 % ᠶᠢ ᠪᠡᠶᠡᠯᠡᠭᠦᠯᠪᠡ᠃ ᠲᠣᠰ ᠵᠢᠯ ᠤᠨ ᠣᠷᠣᠯᠭ᠎ᠠ ᠵᠠᠷᠤᠯᠭ᠎ᠠ ᠶᠢᠨ ᠦᠯᠡᠳᠡᠪᠦᠷᠢ | —290 ᠲᠦᠮᠡᠨ ᠲᠥᠭᠦᠷᠢᠭ᠂ ᠵᠢᠯ ᠤᠨ ᠡᠴᠦᠰ ᠤᠨ ᠬᠤᠷᠠᠮᠳᠤᠯ ᠦᠯᠡᠳᠡᠪᠦᠷᠢ 26.969 ᠲᠦᠮᠡᠨ ᠲᠥᠭᠦᠷᠢᠭ᠃ | ᠵᠦᠢᠯ ᠬᠤᠪᠢᠶᠠᠭᠰᠠᠨ ᠪᠣᠳᠠᠲᠠᠢ ᠣᠷᠣᠯᠭ᠎ᠠ ᠵᠠᠷᠤᠯᠭ᠎ᠠ ᠶᠢᠨ ᠪᠠᠶᠢᠳᠠᠯ ᠪᠣᠯ᠄ | 1 . ᠠᠵᠤ ᠠᠬᠤᠢᠯᠠᠯ ᠤᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ | ᠣᠷᠣᠯᠭ᠎ᠠ 51.662 ᠲᠦᠮᠡᠨ ᠲᠥᠭᠦᠷᠢᠭ ᠢ ᠪᠡᠶᠡᠯᠡᠭᠦᠯᠵᠦ᠂ 52.182 ᠲᠦᠮᠡᠨ ᠲᠥᠭᠦᠷᠢᠭ ᠵᠠᠷᠤᠴᠠᠭᠤᠯᠵᠤ᠂ | ᠲᠣᠰ ᠵᠢᠯ ᠤᠨ ᠣᠷᠣᠯᠭ᠎ᠠ ᠵᠠᠷᠤᠯᠭ᠎ᠠ ᠶᠢᠨ ᠦᠯᠡᠳᠡᠪᠦᠷᠢ — 520 ᠲᠦᠮᠡᠨ ᠲᠥᠭᠦᠷᠢᠭ ᠪᠠᠶᠢᠵᠤ᠂ ᠬᠤᠷᠠᠮᠳᠤᠯ | ᠦᠯᠡᠳᠡᠪᠦᠷᠢ ᠲᠡᠭ ᠪᠣᠯᠤᠨ᠎ᠠ᠃ | 2 . ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠦᠨᠳᠦᠰᠦᠨ ᠨᠠᠰᠤᠵᠢᠯ ᠤᠨ ᠳᠠᠭᠠᠳᠬᠠᠯ ᠤᠨ | ᠰᠠᠭᠤᠷᠢ ᠮᠥᠩᠭᠦ ᠶᠢᠨ ᠣᠷᠣᠯᠭ᠎ᠠ ᠶᠢ 36.500 ᠲᠦᠮᠡᠨ ᠲᠥᠭᠦᠷᠢᠭ ᠪᠡᠶᠡᠯᠡᠭᠦᠯᠵᠦ᠂ ᠵᠠᠷᠤᠯᠭ᠎ᠠ 30.405 | ᠲᠦᠮᠡᠨ ᠲᠥᠭᠦᠷᠢᠭ᠂ ᠲᠣᠰ ᠵᠢᠯ ᠤᠨ ᠣᠷᠣᠯᠭ᠎ᠠ ᠵᠠᠷᠤᠯᠭ᠎ᠠ ᠶᠢᠨ ᠦᠯᠡᠳᠡᠪᠦᠷᠢ 6.095 ᠲᠦᠮᠡᠨ ᠲᠥᠭᠦᠷᠢᠭ᠂ | ᠬᠤᠷᠠᠮᠳᠤᠯ ᠦᠯᠡᠳᠡᠪᠦᠷᠢ 6.095 ᠲᠦᠮᠡᠨ ᠲᠥᠭᠦᠷᠢᠭ ᠪᠣᠯᠤᠨ᠎ᠠ᠃ | 3 . ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ | ᠮᠥᠩᠭᠦ ᠶᠢᠨ ᠣᠷᠣᠯᠭ᠎ᠠ ᠶᠢ 9.478 ᠲᠦᠮᠡᠨ ᠲᠥᠭᠦᠷᠢᠭ ᠪᠡᠶᠡᠯᠡᠭᠦᠯᠵᠦ᠂ ᠵᠠᠷᠤᠯᠭ᠎ᠠ 7.339 ᠲᠦᠮᠡᠨ ᠲᠥᠭᠦᠷᠢᠭ | ᠂ ᠲᠣᠰ ᠵᠢᠯ ᠤᠨ ᠣᠷᠣᠯᠭ᠎ᠠ ᠵᠠᠷᠤᠯᠭ᠎ᠠ ᠶᠢᠨ ᠦᠯᠡᠳᠡᠪᠦᠷᠢ 2.139 ᠲᠦᠮᠡᠨ ᠲᠥᠭᠦᠷᠢᠭ᠂ ᠬᠤᠷᠠᠮᠳᠤᠯ ᠦᠯᠡᠳᠡᠪᠦᠷᠢ | 16.259 ᠲᠦᠮᠡᠨ ᠲᠥᠭᠦᠷᠢᠭ ᠪᠣᠯᠤᠨ᠎ᠠ᠃ | 4 . ᠠᠵᠢᠯ ᠮᠡᠷᠭᠡᠵᠢᠯ ᠤᠨ ᠣᠨ ᠤ ᠮᠥᠩᠭᠦ ᠶᠢᠨ ᠰᠠᠭᠤᠷᠢ ᠮᠥᠩᠭᠦ ᠶᠢᠨ ᠣᠷᠣᠯᠭ᠎ᠠ ᠶᠢ 4.373 ᠲᠦᠮᠡᠨ | ᠲᠥᠭᠦᠷᠢᠭ ᠪᠡᠶᠡᠯᠡᠭᠦᠯᠵᠦ᠂ ᠵᠠᠷᠤᠯᠭ᠎ᠠ 15.397 ᠲᠦᠮᠡᠨ ᠲᠥᠭᠦᠷᠢᠭ᠂ ᠲᠤᠰ ᠵᠢᠯ ᠤᠨ ᠣᠷᠣᠯᠭ᠎ᠠ ᠵᠠᠷᠤᠯᠭ᠎ᠠ ᠶᠢᠨ | ᠦᠯᠡᠳᠡᠪᠦᠷᠢ —11.024 ᠲᠦᠮᠡᠨ ᠲᠥᠭᠦᠷᠢᠭ᠂ ᠬᠤᠷᠠᠮᠳᠤᠯ ᠦᠯᠡᠳᠡᠪᠦᠷᠢ 2.733 ᠲᠦᠮᠡᠨ ᠲᠥᠭᠦᠷᠢᠭ | ᠪᠣᠯᠤᠨ᠎ᠠ᠃ | 5 . ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ | ᠣᠷᠣᠯᠭ᠎ᠠ ᠶᠢ 8.178 ᠲᠦᠮᠡᠨ ᠲᠥᠭᠦᠷᠢᠭ ᠪᠡᠶᠡᠯᠡᠭᠦᠯᠵᠦ᠂ ᠵᠠᠷᠤᠯᠭ᠎ᠠ 6.853 ᠲᠦᠮᠡᠨ ᠲᠥᠭᠦᠷᠢᠭ᠂ ᠲᠤᠰ | ᠵᠢᠯ ᠤᠨ ᠣᠷᠣᠯᠭ᠎ᠠ ᠵᠠᠷᠤᠯᠭ᠎ᠠ ᠶᠢᠨ ᠦᠯᠡᠳᠡᠪᠦᠷᠢ 1.325 ᠲᠦᠮᠡᠨ ᠲᠥᠭᠦᠷᠢᠭ᠂ ᠬᠤᠷᠠᠮᠳᠤᠯ ᠦᠯᠡᠳᠡᠪᠦᠷᠢ — | 65 ᠲᠦᠮᠡᠨ ᠲᠥᠭᠦᠷᠢᠭ ᠪᠣᠯᠤᠨ᠎ᠠ᠃ | 6 . ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ | ᠮᠥᠩᠭᠦ ᠶᠢᠨ ᠣᠷᠣᠯᠭ᠎ᠠ ᠶᠢ 16.505 ᠲᠦᠮᠡᠨ ᠲᠥᠭᠦᠷᠢᠭ ᠪᠡᠶᠡᠯᠡᠭᠦᠯᠵᠦ᠂ ᠵᠠᠷᠤᠯᠭ᠎ᠠ 15.040 ᠲᠦᠮᠡᠨ | ᠲᠥᠭᠦᠷᠢᠭ᠂ ᠲᠣᠰ ᠵᠢᠯ ᠤᠨ ᠣᠷᠣᠯᠭ᠎ᠠ ᠵᠠᠷᠤᠯᠭ᠎ᠠ ᠶᠢᠨ ᠦᠯᠡᠳᠡᠪᠦᠷᠢ 1.465 ᠲᠦᠮᠡᠨ ᠲᠥᠭᠦᠷᠢᠭ᠂ ᠬᠤᠷᠠᠮᠳᠤᠯ | ᠦᠯᠡᠳᠡᠪᠦᠷᠢ 1.506 ᠲᠦᠮᠡᠨ ᠲᠥᠭᠦᠷᠢᠭ ᠪᠣᠯᠤᠨ᠎ᠠ᠃ | 7 . ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠶᠢ 591 ᠲᠦᠮᠡᠨ | ᠲᠥᠭᠦᠷᠢᠭ ᠪᠡᠶᠡᠯᠡᠭᠦᠯᠵᠦ᠂ ᠵᠠᠷᠤᠯᠭ᠎ᠠ 591 ᠲᠦᠮᠡᠨ ᠲᠥᠭᠦᠷᠢᠭ ᠪᠠᠶᠢᠵᠤ᠂ ᠲᠤᠰ ᠵᠢᠯ ᠤᠨ ᠣᠷᠣᠯᠭ᠎ᠠ ᠵᠠᠷᠤᠯᠭ᠎ᠠ | ᠲᠡᠩᠴᠡᠭᠦᠷᠢᠲᠡᠶ᠃ | 8 . ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠶᠢ 570 ᠲᠦᠮᠡᠨ ᠲᠥᠭᠦᠷᠢᠭ | ᠪᠡᠶᠡᠯᠡᠭᠦᠯᠵᠦ᠂ 570 ᠲᠦᠮᠡᠨ ᠲᠥᠭᠦᠷᠢᠭ ᠵᠠᠷᠤᠴᠠᠭᠤᠯᠵᠤ᠂ ᠲᠤᠰ ᠵᠢᠯ ᠤᠨ ᠣᠷᠣᠯᠭ᠎ᠠ ᠵᠠᠷᠤᠯᠭ᠎ᠠ ᠲᠡᠩᠴᠡᠭᠦᠷᠢᠲᠡᠶ | ᠪᠣᠯᠤᠨ᠎ᠠ᠃ | 9 . ᠠᠯᠪᠠᠲᠠᠨ ᠤ ᠡᠮ ᠡᠮᠨᠡᠯᠭᠡ ᠶᠢᠨ ᠨᠥᠬᠦᠪᠥᠷᠢ ᠶᠢᠨ ᠰᠠᠭᠤᠷᠢ ᠮᠥᠩᠭᠦ ᠶᠢᠨ ᠣᠷᠣᠯᠭ᠎ᠠ 480 ᠲᠦᠮᠡᠨ ᠲᠥᠭᠦᠷᠢᠭ | ᠂ ᠵᠠᠷᠤᠯᠭ᠎ᠠ 250 ᠲᠦᠮᠡᠨ ᠲᠥᠭᠦᠷᠢᠭ᠂ ᠲᠤᠰ ᠵᠢᠯ ᠤᠨ ᠣᠷᠣᠯᠭ᠎ᠠ ᠵᠠᠷᠤᠯᠭ᠎ᠠ ᠶᠢᠨ ᠦᠯᠡᠳᠡᠪᠦᠷᠢ 230 ᠲᠦᠮᠡᠨ | ᠲᠥᠭᠦᠷᠢᠭ᠂ ᠬᠤᠷᠠᠮᠳᠤᠯ ᠦᠯᠡᠳᠡᠪᠦᠷᠢ 441 ᠲᠦᠮᠡᠨ ᠲᠥᠭᠦᠷᠢᠭ ᠪᠣᠯᠤᠨ᠎ᠠ᠃ | ︵ᠲᠠᠪᠤ︶ 2020 ᠣᠨ ᠤ ᠡᠳ᠋ ᠤᠨ ᠵᠠᠰᠠᠭ ᠤᠨ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ | | 1 . ᠴᠠᠯᠢᠩ ᠢ ᠪᠠᠲᠤᠯᠠᠬᠤ᠂ ᠠᠵᠢᠯᠯᠠᠭᠠᠨ ᠢ ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ | ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠡᠢ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤ ᠪᠣᠶ | ᠪᠣᠯᠭᠠᠵᠤ᠂ ᠡᠩ ᠤᠨ ᠴᠢᠨᠠᠷᠲᠠᠶ ᠵᠠᠷᠤᠯᠭ᠎ᠠ ᠶᠢ ᠶᠡᠬᠡᠪᠡᠷ ᠪᠠᠭᠠᠰᠬᠠᠨ᠂ ︽ᠭᠤᠷᠪᠠᠨ ᠵᠦᠢᠯ ᠤᠨ ᠠᠯᠪᠠᠨ ᠵᠠᠷᠤᠳᠠᠯ︾ | ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠡᠳ᠋ ᠤᠨ ᠵᠠᠰᠠᠭ ᠤᠨ ᠦᠯᠡᠳᠡᠭᠡᠯ ᠪᠠᠯᠠ ᠮᠥᠩᠭᠦ ᠶᠢ ᠢᠳᠡᠪᠬᠢᠲᠡᠶ ᠪᠠᠷ | ᠴᠢᠯᠥᠭᠡᠲᠡᠶ ᠠᠮᠢᠳᠤᠯᠢᠭ ᠪᠤᠯᠭᠠᠵᠤ᠂ ᠡᠳ᠋ ᠤᠨ ᠵᠠᠰᠠᠭ ᠤᠨ ︽ᠭᠤᠷᠪᠠ ᠶᠢ ᠪᠠᠲᠤᠯᠠᠬᠤ︾ ᠠᠵᠢᠯ ᠢ ᠴᠢᠩᠭ᠎ᠠ ᠠᠴᠠ | ᠴᠢᠩᠭ᠎ᠠ᠂ ᠪᠣᠳᠠᠲᠠᠶ ᠠᠴᠠ ᠪᠣᠳᠠᠲᠠᠶ ᠭᠠᠵᠠᠷ ᠲᠤᠨᠢ ᠰᠠᠶᠢᠲᠤᠷ ᠬᠢᠪᠡ᠃ 2020 ᠣᠨ ᠳᠤ ᠮᠠᠨ ᠤ ᠬᠤᠰᠢᠭᠤᠨ ᠤ | ᠭᠤᠷᠪᠠᠨ ᠪᠠᠲᠤᠯᠠᠭ᠎ᠠ ᠶᠢᠨ ᠵᠠᠷᠤᠯᠭ᠎ᠠ 488.900 ᠲᠦᠮᠡᠨ ᠲᠥᠭᠦᠷᠢᠭ᠂ ᠡᠭᠦᠨ ᠳᠤ ᠴᠠᠯᠢᠩ ᠢ ᠪᠠᠲᠤᠯᠠᠬᠤ 144. | 800 ᠲᠦᠮᠡᠨ ᠲᠥᠭᠦᠷᠢᠭ᠂ ᠡᠷᠭᠢᠯᠲᠡ ᠶᠢ ᠪᠠᠲᠤᠯᠠᠬᠤ 24.500 ᠲᠦᠮᠡᠨ ᠲᠥᠭᠦᠷᠢᠭ᠂ ᠠᠷᠠᠳ ᠤᠨ | ᠠᠮᠢᠳᠤᠷᠠᠯ ᠢ ᠪᠠᠲᠤᠯᠠᠬᠤ 319.600 ᠲᠦᠮᠡᠨ ᠲᠥᠭᠦᠷᠢᠭ᠃ ᠢᠯᠠᠩᠭᠤᠶ᠎ᠠ ᠮᠠᠨ ᠤ ᠬᠤᠰᠢᠭᠤᠨ ᠤ ᠥᠩᠭᠡᠷᠡᠭᠰᠡᠨ | ᠵᠢᠯ ᠤᠳ ᠤᠨ ᠰᠤᠮᠤ ᠰᠢᠶᠠᠩ ᠪᠠᠯᠭᠠᠰᠤᠨ ᠤ ᠪᠠᠭᠰᠢ ᠶᠢᠨ ᠠᠵᠢᠯ ᠤᠨ ᠨᠥᠬᠦᠪᠥᠷᠢ᠂ ᠪᠠᠭᠰᠢ ᠶᠢᠨ ᠠᠵᠢᠯ ᠤᠨ | ᠪᠦᠲᠦᠮᠵᠢ ᠶᠢᠨ ᠴᠠᠯᠢᠩ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠶᠢ | ᠥᠷᠢᠲᠦᠵᠦ ᠪᠠᠶᠢᠭᠰᠠᠨ ᠪᠠᠶᠢᠳᠠᠯ ᠢ ᠢᠳᠡᠪᠬᠢᠲᠡᠶ ᠪᠠᠷ ᠨᠥᠬᠦᠪᠥᠷᠢᠯᠡᠨ ᠥᠭᠴᠦ᠂ ᠴᠠᠯᠢᠩ ᠥᠭᠬᠦ ᠬᠢᠷᠢ ᠲᠦᠪᠰᠢᠨ ᠢ | ᠳᠡᠭᠡᠭᠰᠢᠯᠡᠭᠦᠯᠦᠨ᠂ ᠠᠵᠢᠯᠲᠠᠨ ᠠᠵᠢᠯᠴᠢᠨ ᠤ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠵᠤ᠂ ᠮᠠᠨ ᠤ | ᠬᠤᠰᠢᠭᠤᠨ ᠤ ᠦᠨᠳᠦᠰᠦᠨ ᠱᠠᠲᠤᠨ ᠤ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠠᠵᠢᠯᠴᠢᠨ ᠤ | ᠴᠠᠯᠢᠩ ᠢ ᠥᠷᠢᠲᠦᠵᠦ ᠪᠠᠶᠢᠭᠰᠠᠨ ᠠᠰᠠᠭᠤᠳᠠᠯ ᠢ ᠦᠨᠳᠦᠰᠦᠨ ᠳᠡᠭᠡᠨ ᠬᠢᠵᠠᠭᠠᠷᠯᠠᠪᠠ᠃ | 2 . ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠯᠠᠪᠳᠠᠭᠤᠨ ᠪᠠᠲᠤᠲᠠᠢ ᠠᠬᠢᠭᠤᠯᠪᠠ᠃ ᠨᠢᠭᠡ ᠳᠤ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠶᠡᠬᠡᠪᠡᠷ ᠳᠠᠮᠵᠢᠵᠤ᠂ ᠶᠠᠳᠠᠭᠤ ᠶᠢ ᠲᠡᠳᠬᠦᠬᠦ ᠪᠡᠯᠡ | ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠪᠡ᠃ ᠶᠠᠳᠠᠭᠤ ᠶᠢ ᠲᠡᠳᠬᠦᠬᠦ ᠪᠠᠯᠠ ᠮᠥᠩᠭᠦ ᠨᠡᠶᠢᠲᠡ 53.000 | ᠲᠦᠮᠡᠨ ᠲᠥᠭᠦᠷᠢᠭ ᠪᠠᠭᠤᠯᠭᠠᠵᠤ᠂ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠪᠠᠷᠢᠮᠵᠢᠶ᠎ᠠ ᠲᠠᠢ | ᠨᠢᠭᠲᠠ ᠤᠶᠠᠯᠳᠤᠭᠤᠯᠤᠨ᠂ ᠠᠵᠤ ᠦᠢᠯᠡᠰ᠂ ᠠᠵᠢᠯ ᠣᠯᠭᠤᠯᠲᠠ᠂ ᠨᠤᠷᠠᠬᠤ ᠠᠶᠤᠯᠲᠠᠶ ᠬᠡᠷ ᠪᠠᠶᠢᠰᠢᠩ ᠢ | ᠥᠭᠡᠷᠡᠴᠢᠯᠡᠨ ᠵᠠᠰᠠᠬᠤ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ᠂ ᠡᠷᠡᠭᠦᠯ ᠮᠡᠨᠳᠦ ᠪᠠᠷ ᠶᠠᠳᠠᠭᠤ ᠶᠢ | ᠲᠡᠳᠬᠦᠬᠦ᠂ ᠤᠤᠭᠤᠬᠤ ᠤᠰᠤᠨ ᠤ ᠠᠮᠤᠷ ᠲᠦᠪᠰᠢᠨ᠂ ᠦᠨᠳᠦᠰᠦᠨ ᠵᠦᠢᠯ ᠢ ᠪᠠᠲᠤᠯᠠᠬᠤ ᠵᠡᠷᠭᠡ ᠤᠨᠢᠨ ᠳᠡᠭᠡᠷ᠎ᠡ | ᠨᠢ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠪᠠ᠃ ᠬᠤᠶᠠᠷ ᠲᠤ ᠵᠠᠰᠠᠭ ᠤᠨ ᠣᠷᠳᠣᠨ ᠤ | ᠥᠷᠢ ᠥᠭᠴᠡᠭᠡ ᠶᠢᠨ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠡᠵᠡᠮᠳᠡᠵᠡᠢ᠃ ᠪᠥᠬᠦ ᠵᠢᠯ ᠳᠤ ᠵᠠᠰᠠᠭ ᠤᠨ | ᠣᠷᠳᠣᠨ ᠤ ᠥᠷᠢ ᠥᠭᠴᠡᠭᠡ ᠶᠢ ᠨᠡᠶᠢᠲᠡ 85.400 ᠲᠦᠮᠡᠨ ᠲᠥᠭᠦᠷᠢᠭ ᠰᠢᠢᠳᠪᠦᠷᠯᠡᠵᠦ᠂ ᠥᠪᠡᠷᠲᠡᠭᠡᠨ ᠵᠠᠰᠠᠬᠤ | ᠣᠷᠣᠨ ᠤ ᠥᠷᠢ ᠥᠭᠴᠡᠭᠡ ᠶᠢ ᠠᠷᠢᠯᠭᠠᠬᠤ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ ᠨᠡᠶᠢᠲᠡ 1.778 ᠲᠦᠮᠡᠨ | ᠲᠥᠭᠦᠷᠢᠭ ᠭᠥᠷᠳᠡᠪᠡ᠃ ᠬᠤᠳᠠᠯᠳᠤᠨ ᠠᠪᠬᠤ ᠪᠡᠯᠡ ᠮᠥᠩᠭᠦ ᠶᠢ 4.700 ᠲᠦᠮᠡᠨ ᠲᠥᠭᠦᠷᠢᠭ ᠠᠷᠪᠢᠯᠠᠵᠤ᠂ | ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ 6.344 ᠲᠦᠮᠡᠨ ᠲᠥᠭᠦᠷᠢᠭ ᠬᠠᠰᠤᠪᠠ᠃ ᠭᠤᠷᠪᠠ ᠳᠤ | ᠪᠣᠬᠢᠷᠲᠤᠯ ᠢ ᠰᠡᠷᠭᠡᠶᠢᠯᠡᠨ ᠵᠠᠰᠠᠬᠤ ᠪᠠ ᠠᠮᠢ ᠠᠬᠤᠢ ᠶᠢᠨ ᠬᠠᠮᠠᠭᠠᠯᠠᠯᠲᠠ ᠶᠢ ᠢᠳᠡᠪᠬᠢᠲᠡᠢ ᠲᠡᠮᠵᠢᠪᠡ᠃ 3.522 | ᠲᠦᠮᠡᠨ ᠲᠥᠭᠦᠷᠢᠭ ᠢ ᠨᠢ ᠪᠣᠬᠢᠷᠲᠤᠯ ᠢ ᠰᠡᠷᠭᠡᠶᠢᠯᠡᠨ ᠵᠠᠰᠠᠬᠤ ᠳᠤ ᠬᠡᠷᠡᠭᠯᠡᠵᠦ᠂ 9.292 ᠲᠦᠮᠡᠨ ᠲᠥᠭᠦᠷᠢᠭ ᠢ ᠨᠢ | ᠨᠤᠲᠤᠭ ᠪᠡᠯᠴᠢᠭᠡᠷ ᠤᠨ ᠱᠠᠩᠨᠠᠯ ᠨᠥᠬᠦᠪᠥᠷᠢ ᠳᠤ ᠬᠡᠷᠡᠭᠯᠡᠪᠡ᠃ | ᠥᠩᠭᠡᠷᠡᠭᠰᠡᠨ ᠨᠢᠭᠡ ᠵᠢᠯ ᠳᠤ ᠡᠳ᠋ ᠤᠨ ᠵᠠᠰᠠᠭ ᠤᠨ ᠬᠠᠮᠢᠶᠠᠷᠤᠯᠲᠠ ᠪᠠ ᠥᠭᠡᠷᠡᠴᠢᠯᠡᠯᠲᠡ ᠶᠢᠨ ᠠᠵᠢᠯ ᠰᠢᠨ᠎ᠡ ᠦᠷ᠎ᠡ | ᠪᠦᠲᠦᠮᠵᠢ ᠣᠯᠵᠠᠢ᠂ ᠡᠭᠦᠨ ᠤ ᠵᠡᠷᠭᠡᠴᠡᠭᠡ ᠪᠠᠷ᠂ ᠡᠳ᠋ ᠤᠨ ᠵᠠᠰᠠᠭ ᠤᠨ ᠠᠵᠢᠯᠯᠠᠭᠠᠨ ᠪᠠ ᠡᠳ᠋ ᠤᠨ ᠵᠠᠰᠠᠭ ᠤᠨ | ᠠᠵᠢᠯ ᠳᠤ ᠪᠠᠰᠠ ᠡᠳᠦᠢ ᠲᠡᠳᠦᠢ ᠬᠦᠴᠢᠷᠳᠡᠯ ᠪᠠ ᠰᠢᠯᠭᠠᠯᠲᠠ ᠲᠤᠯᠭᠠᠷᠠᠵᠤ ᠪᠠᠶᠢᠬᠤ ᠶᠢ ᠪᠢᠳᠡ ᠪᠠᠰᠠ ᠰᠡᠷᠭᠡᠭ ᠢᠶᠠᠷ | ᠣᠯᠵᠤ ᠬᠠᠷᠠᠵᠤ ᠪᠠᠶᠢᠨ᠎ᠠ᠂ ᠡᠭᠦᠨ ᠳᠤ ᠭᠤᠣᠯᠳᠠᠭᠤ᠄ ᠲᠠᠰᠤᠷᠠᠯᠳᠠ ᠦᠭᠡᠢ ᠨᠡᠮᠡᠭᠳᠡᠵᠦ ᠪᠠᠶᠢᠭ᠎ᠠ ᠠᠵᠤ ᠠᠬᠤᠢ ᠶᠢᠨ | ᠠᠵᠢᠯᠯᠠᠭᠠᠨ ᠤ ᠬᠦᠴᠢᠷᠳᠡᠯ ᠪᠠ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠶᠢᠨ ᠳᠠᠪᠬᠤᠴᠠᠭᠰᠠᠨ ᠨᠥᠯᠥᠭᠡ᠂ | ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠤᠨ ᠰᠠᠭᠤᠷᠢ ᠲᠣᠭᠲᠠᠭᠤᠨ ᠪᠤᠰᠤ ᠪᠠᠶᠢᠨ᠎ᠠ᠃ ᠴᠠᠯᠢᠩ ᠢ ᠪᠠᠲᠤᠯᠠᠬᠤ᠂ | ᠡᠷᠭᠢᠯᠲᠡ ᠶᠢ ᠪᠠᠲᠤᠯᠠᠬᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ᠂ ᠥᠷᠢ ᠥᠭᠴᠡᠭᠡ ᠶᠢ ᠠᠷᠢᠯᠭᠠᠬᠤ᠂ ᠲᠦᠷ ᠥᠭᠬᠦ ᠵᠣᠭᠤᠰ ᠢ ᠰᠢᠩᠭᠡᠭᠡᠬᠦ ᠵᠡᠷᠭᠡ ᠳᠠᠷᠤᠯᠲᠠ | ᠳᠠᠪᠬᠤᠴᠠᠵᠤ᠂ ᠠᠵᠢᠯᠲᠠᠨ ᠤ ᠣᠯᠭᠤᠮᠵᠢ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ | ᠵᠡᠷᠭᠡ ᠠᠷᠠᠳ ᠤᠨ ᠠᠮᠢᠳᠤᠷᠠᠯ ᠤᠨ ᠵᠠᠷᠤᠯᠭ᠎ᠠ ᠶᠢ ᠨᠡᠮᠡᠭᠳᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ | ᠴᠥᠮ ᠡᠳ᠋ ᠤᠨ ᠵᠠᠰᠠᠭ ᠤᠨ ᠣᠷᠣᠭᠤᠯᠤᠯᠲᠠ ᠶᠢ ᠨᠡᠮᠡᠭᠳᠡᠭᠦᠯᠬᠦ ᠴᠢᠬᠤᠯᠠᠲᠠᠶ ᠪᠠᠶᠢᠵᠤ᠂ ᠡᠳ᠋ ᠤᠨ ᠵᠠᠰᠠᠭ ᠤᠨ | ᠣᠷᠣᠯᠭ᠎ᠠ ᠵᠠᠷᠤᠯᠭ᠎ᠠ ᠶᠢᠨ ᠵᠥᠷᠢᠴᠡᠯ ᠨᠠᠩ ᠲᠣᠪᠤᠶᠢᠮ᠎ᠠ᠂ ᠲᠡᠩᠴᠡᠭᠦᠷᠢ ᠶᠢᠨ ᠳᠠᠷᠤᠯᠲᠠ ᠨᠠᠩ ᠶᠡᠭᠡ ᠪᠠᠶᠢᠨ᠎ᠠ᠃ | ᠬᠤᠶᠢᠰᠢᠳᠠ ᠶᠢᠨ ᠠᠵᠢᠯ ᠤᠨ ᠳᠤᠮᠳᠠ ᠪᠢᠳᠡ ᠡᠳᠡᠭᠡᠷ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠦᠨᠡᠨ ᠬᠦ ᠰᠢᠢᠳᠪᠦᠷᠢᠯᠡᠬᠦ ᠬᠡᠷᠡᠭᠲᠡᠢ᠃ | ᠬᠤᠶᠠᠷ᠂ 2021 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ | ︵ᠨᠢᠭᠡ︶ 2021 ᠣᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ ᠵᠠᠳᠠᠯᠤᠯᠲᠠ | 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ᠂ ᠨᠡᠶᠢᠭᠡᠮ | ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ | ᠠᠩᠬᠠᠨ ᠤ ᠵᠢᠯ ᠪᠣᠯᠤᠨ᠎ᠠ᠂ ᠡᠳ᠋ ᠤᠨ ᠵᠠᠰᠠᠭ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ | ᠬᠤᠯᠪᠣᠭᠳᠠᠯ ᠲᠠᠢ ᠶᠤᠮ᠃ ᠣᠳᠣᠬᠠᠨ ᠳᠤ ᠬᠢᠵᠢᠭ ᠤᠨ ᠪᠠᠶᠢᠳᠠᠯ ᠤᠨ ᠬᠤᠪᠢᠷᠠᠯᠲᠠ ᠪᠠ ᠭᠠᠳᠠᠭᠠᠳᠤ ᠣᠷᠴᠢᠨ | ᠨᠥᠬᠦᠴᠡᠯ ᠳᠤ ᠲᠤᠭᠳᠠᠪᠤᠷᠢ ᠦᠬᠡᠢ ᠴᠢᠨᠠᠷ ᠣᠷᠣᠰᠢᠵᠤ ᠪᠠᠶᠢᠨ᠎ᠠ᠂ ᠭᠡᠪᠡᠴᠦ ᠠᠵᠤ ᠠᠬᠤᠶ ᠶᠢᠨ ᠣᠷᠳᠣ | ᠬᠤᠭᠤᠴᠠᠭ᠎ᠠ ᠪᠠᠷ ᠰᠠᠶᠢᠵᠢᠷᠠᠬᠤ ᠬᠠᠨᠳᠤᠰᠢ ᠬᠤᠪᠢᠷᠬᠠᠰᠠᠨ ᠥᠬᠡᠶ᠂ ᠵᠢᠱᠢᠯᠲᠡ ᠪᠠᠷ ᠡᠨᠡ ᠵᠢᠯ ᠤᠨ ᠡᠳ᠋ ᠤᠨ | ᠵᠠᠰᠠᠭ ᠤᠨ ᠣᠷᠣᠯᠭ᠎ᠠ ᠰᠡᠷᠭᠦᠯᠲᠡ ᠶᠢᠨ ᠴᠢᠨᠠᠷᠲᠠᠶ ᠨᠡᠮᠡᠭᠳᠡᠯ ᠤᠨ ᠬᠠᠨᠳᠤᠰᠢ ᠲᠠᠢ ᠪᠣᠯᠬᠤ ᠪᠣᠯᠤᠨ᠎ᠠ᠃ ᠪᠥᠬᠦ | ᠬᠤᠰᠢᠭᠤᠨ ᠤ ᠡᠳ᠋ ᠤᠨ ᠵᠠᠰᠠᠭ ᠠᠴᠠ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠱᠢᠯᠠᠭᠤᠯᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠰᠢᠢᠳᠪᠦᠷᠢ ᠶᠢ ᠨᠠᠶᠢᠳᠠᠪᠤᠷᠢᠵᠢᠭᠤᠯᠤᠨ᠂ ᠡᠳ᠋ ᠤᠨ ᠵᠠᠰᠠᠭ ᠤᠨ ᠪᠠᠶᠢᠳᠠᠯ ᠢ ᠰᠢᠨᠵᠢᠯᠡᠬᠦ | ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠡᠳ᠋ ᠤᠨ ᠵᠠᠰᠠᠭ ᠤᠨ ᠲᠥᠰᠦᠪ ᠢ ᠵᠦᠶ ᠵᠣᠬᠢᠰᠲᠠᠶ ᠨᠠᠶᠢᠷᠠᠭᠤᠯᠤᠨ | ᠵᠣᠬᠢᠶᠠᠵᠤ᠂ ᠡᠳ᠋ ᠤᠨ ᠵᠠᠰᠠᠭ ᠤᠨ ᠠᠵᠢᠯ ᠢ ᠰᠢᠰᠲ᠋ᠧᠮ ᠲᠠᠢ ᠲᠥᠯᠥᠪᠵᠢᠭᠦᠯᠦᠨ᠂ ᠠᠵᠤ ᠠᠬᠤᠶ ᠶᠢᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠢᠳᠡᠪᠬᠢᠲᠡᠶ ᠠᠬᠢᠭᠤᠯᠵᠤ᠂ | ᠡᠳ᠋ ᠤᠨ ᠵᠠᠰᠠᠭ ᠤᠨ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃ | 2021 ᠣᠨ ᠤ ᠲᠥᠰᠦᠪ ᠢ ᠨᠠᠶᠢᠷᠠᠭᠤᠯᠤᠨ ᠵᠣᠬᠢᠶᠠᠬᠤ ᠵᠢᠯᠣᠭᠤᠳᠬᠤ ᠦᠵᠡᠯ ᠰᠠᠨᠠᠭ᠎ᠠ ᠪᠣᠯ᠄ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠪᠣᠯᠤᠨ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ | ᠥᠷᠭᠡᠳᠬᠡᠭᠰᠡᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ︽ | ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ | ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠥᠭᠡᠷᠡᠴᠢᠯᠡᠯᠲᠡ ᠶᠢ ᠠᠬᠢᠭᠤᠯᠵᠤ᠂ | ᠪᠦᠲᠦᠴᠡ ᠶᠢ ᠳᠣᠭᠢᠷᠠᠭᠤᠯᠤᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠶᠤᠯ ᠲᠦᠭᠰᠢᠭᠦᠷᠢ ᠶᠢ | ᠰᠡᠷᠭᠡᠶᠢᠯᠡᠨ᠂ ᠲᠣᠭᠲᠠᠭᠤᠨ ᠢ ᠪᠠᠲᠤᠯᠠᠨ᠎ᠠ᠃ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ | ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠶᠢ ᠦᠨᠡᠨ | ᠬᠦ ᠪᠠᠲᠤᠯᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠶ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠥᠯᠥᠭᠡ᠂ 2021 ᠣᠨ ᠤ ᠲᠥᠰᠦᠪ ᠢ | ᠨᠠᠶᠢᠷᠠᠭᠤᠯᠤᠨ ᠵᠣᠬᠢᠶᠠᠬᠤ ᠳᠤ ᠳᠣᠤᠷᠠᠬᠢ ᠵᠠᠷᠴᠢᠮ ᠢ ᠵᠢᠷᠤᠮᠯᠠᠬᠤ ᠬᠡᠷᠡᠭᠲᠡᠶ᠄ ᠨᠢᠭᠡ ᠳᠤ ᠣᠷᠣᠯᠭ᠎ᠠ ᠶᠢᠨ ᠲᠥᠰᠦᠪ ᠲᠤ | ᠦᠨᠡᠨ ᠠᠴᠠ ᠵᠥᠪ ᠢ ᠡᠷᠢᠵᠦ᠂ ᠰᠢᠨᠵᠢᠯᠡᠬᠦ ᠤᠬᠠᠭᠠᠨᠴᠢ ᠪᠠᠷ ᠲᠥᠰᠦᠭᠡᠯᠡᠵᠦ᠂ ᠠᠵᠤ ᠠᠬᠤᠶ ᠨᠡᠶᠢᠭᠡᠮ ᠤᠨ | ᠬᠥᠭᠵᠢᠯᠲᠡ ᠲᠠᠢ ᠵᠣᠬᠢᠴᠠᠭᠤᠯᠤᠨ᠂ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠲᠠᠢ ᠵᠣᠯᠭᠠᠯᠳᠤᠭᠤᠯᠬᠤ ᠬᠡᠷᠡᠭᠲᠡᠶ᠃ | ᠬᠤᠶᠠᠷ ᠲᠤ᠂ ︽ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠵᠤ︾᠂ ᠴᠢᠳᠠᠯ ᠤᠨ ᠢᠶᠠᠨ ᠬᠢᠷᠢ ᠪᠠᠷ ᠬᠢᠬᠦ ᠶᠢ ᠨᠠᠷᠢᠨ | ᠬᠢᠨᠠᠮᠠᠭᠠᠶ ᠲᠤᠭᠤᠰᠢᠯᠠᠭᠤᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ ᠡᠷᠴᠢᠮ ᠢᠶᠠᠨ | ᠴᠢᠩᠭᠠᠷᠠᠭᠤᠯᠵᠤ᠂ ︽ᠭᠤᠷᠪᠠ ᠶᠢ ᠪᠠᠲᠤᠯᠠᠬᠤ︾ ᠵᠠᠷᠤᠯᠭ᠎ᠠ ᠶᠢ ᠦᠨᠡᠨ ᠬᠦ ᠪᠠᠲᠤᠯᠠᠵᠤ᠂ ᠭᠤᠤᠯᠳᠠᠯᠭ᠎ᠠ ᠲᠠᠢ ᠠᠵᠤ | ᠦᠢᠯᠡᠰ ᠤᠨ ᠬᠥᠭᠵᠢᠯᠲᠡ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠥᠷᠥᠯ ᠵᠤᠶᠢᠯ ᠢ | ᠳᠡᠮᠵᠢᠨ᠎ᠡ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠪᠠᠲᠤᠯᠠᠬᠤ ᠶᠢ ᠨᠢ ᠪᠠᠲᠤᠯᠠᠵᠤ | ᠬᠢᠵᠠᠭᠠᠷᠯᠠᠬᠤ ᠶᠢ ᠦᠨᠡᠨ ᠬᠦ ᠪᠡᠶᠡᠯᠡᠭᠦᠯᠵᠦ᠂ ᠵᠠᠷᠢᠮ ᠵᠠᠶᠢᠯᠠᠰᠢ ᠥᠬᠡᠶ ᠴᠢᠨᠠᠷᠲᠠᠶ ᠵᠠᠷᠤᠯᠭ᠎ᠠ ᠶᠢ ᠪᠣᠳᠠᠲᠠᠶ ᠬᠡᠷᠡᠭᠴᠡᠭᠡ | ᠱᠠᠭᠠᠷᠳᠠᠯᠭ᠎ᠠ ᠶᠣᠰᠣᠭᠠᠷ ᠲᠣᠬᠢᠷᠠᠭᠤᠯᠬᠤ ᠠᠴᠠ ᠭᠠᠳᠠᠨ᠎ᠠ᠂ ᠪᠤᠰᠤᠳ ᠰᠠᠯᠠᠭ᠎ᠠ ᠮᠥᠴᠢᠷ ᠤᠨ ᠵᠠᠷᠤᠳᠠᠯ᠂ | ᠲᠤᠬᠠᠶᠢᠯᠠᠭᠰᠠᠨ ᠠᠵᠢᠯ ᠤᠨ ᠵᠠᠷᠤᠳᠠᠯ ᠢ ᠴᠥᠮ ᠳᠡᠭᠡᠷ᠎ᠡ ᠵᠢᠯ ᠤᠨ ᠰᠠᠭᠤᠷᠢᠨ ᠳᠡᠭᠡᠷ᠎ᠡ 10 % ᠪᠠᠷ ᠪᠠᠭᠠᠰᠬᠠᠨ᠎ᠠ᠃ | ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠵᠦᠢ ᠵᠣᠬᠢᠰᠲᠠᠢ ᠬᠡᠷᠡᠭᠯᠡᠬᠦ ᠶᠢ ᠪᠠᠷᠢᠮᠲᠠᠯᠠᠵᠤ᠂ ᠵᠠᠰᠠᠭ ᠤᠨ | ᠣᠷᠳᠣᠨ ᠤ ᠥᠭᠴᠡᠭᠡᠨ ᠤ ᠬᠠᠮᠢᠶᠠᠷᠤᠯᠲᠠ ᠶᠢ ᠴᠢᠩᠭ᠎ᠠ ᠴᠢᠩᠭᠠᠳᠬᠠᠵᠤ᠂ ᠵᠠᠰᠠᠭ ᠤᠨ ᠣᠷᠳᠣᠨ ᠤ ᠥᠭᠴᠡᠭᠡᠨ ᠤ | ᠲᠦᠭᠰᠢᠭᠦᠷᠢ ᠶᠢ ᠢᠳᠡᠪᠬᠢᠲᠡᠢ ᠰᠡᠷᠭᠡᠶᠢᠯᠡᠨ ᠠᠷᠢᠯᠭᠠᠨ᠎ᠠ᠃ ᠲᠥᠰᠦᠪ ᠤᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠬᠦ ᠦᠷ᠎ᠡ | ᠠᠰᠢᠭ ᠢ ᠳᠡᠭᠡᠭᠰᠢᠯᠡᠭᠦᠯᠦᠨ᠎ᠡ᠃ | ︵ᠬᠤᠶᠠᠷ︶ 2021 ᠣᠨ ᠤ ᠣᠷᠣᠯᠭ᠎ᠠ ᠶᠢᠨ ᠵᠢᠱᠢᠯᠲᠡ ᠪᠠ ᠵᠠᠷᠤᠯᠭ᠎ᠠ ᠶᠢᠨ ᠲᠤᠬᠢᠷᠠᠭᠤᠯᠤᠯᠳᠠ | ︵1︶ ᠡᠩ ᠤᠨ ᠣᠯᠠᠨ ᠨᠡᠶᠢᠲᠡ ᠶᠢᠨ ᠲᠥᠰᠦᠪ ᠤᠨ ᠲᠣᠬᠢᠷᠠᠭᠤᠯᠤᠯᠲᠠ | 2021 ᠣᠨ ᠳᠤ ᠮᠠᠨ ᠤ ᠬᠤᠰᠢᠭᠤᠨ ᠤ ᠡᠩ ᠤᠨ ᠣᠯᠠᠨ ᠨᠡᠢᠲᠡ ᠶᠢᠨ ᠲᠥᠰᠦᠪ ᠤᠨ ᠣᠷᠣᠯᠭ᠎ᠠ ᠶᠢ ᠵᠢᠱᠢᠯᠲᠡ ᠪᠠᠷ | 41.050 ᠲᠦᠮᠡᠨ ᠲᠥᠭᠦᠷᠢᠭ ᠪᠡᠶᠡᠯᠡᠭᠦᠯᠵᠦ᠂ 18.18% ᠪᠠᠷ ᠨᠡᠮᠡᠭᠳᠡᠨ᠂ ᠳᠡᠭᠡᠷ᠎ᠡ ᠵᠢᠯ ᠤᠨ ᠦᠯᠡᠳᠡᠪᠦᠷᠢ 8. | 582 ᠲᠦᠮᠡᠨ ᠲᠥᠭᠦᠷᠢᠭ᠂ ᠳᠡᠭᠡᠲᠦ ᠱᠠᠲᠤᠨ ᠤ ᠨᠥᠬᠦᠪᠥᠷᠢ ᠶᠢᠨ ᠣᠷᠣᠯᠭ᠎ᠠ 226.793 ᠲᠦᠮᠡᠨ ᠲᠥᠭᠦᠷᠢᠭ | ᠢ ᠨᠡᠮᠡᠵᠦ᠂ ᠲᠤᠰᠬᠠᠢ ᠲᠥᠷᠥᠯ ᠤᠨ ᠳᠡᠭᠡᠭᠰᠢ ᠲᠤᠰᠢᠶᠠᠬᠤ ᠵᠠᠷᠤᠯᠭ᠎ᠠ — 252 ᠲᠦᠮᠡᠨ ᠲᠥᠭᠦᠷᠢᠭ ᠢ ᠬᠠᠰᠤᠪᠠᠯ᠂ | ᠪᠦᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠬᠡᠷᠡᠭᠯᠡᠵᠦ ᠪᠣᠯᠬᠤ ᠡᠳ᠋ ᠤᠨ ᠬᠦᠴᠦᠨ 276. | 677 ᠲᠦᠮᠡᠨ ᠲᠥᠭᠦᠷᠢᠭ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠠᠶᠢᠯᠭᠠᠬᠤ ᠵᠠᠷᠴᠢᠮ ᠶᠣᠰᠣᠭᠠᠷ᠂ ᠡᠩ ᠤᠨ | ᠲᠥᠰᠦᠪ ᠤᠨ ᠵᠠᠷᠤᠯᠭ᠎ᠠ ᠵᠢᠱᠢᠯᠲᠡ ᠪᠠᠷ 276.677 ᠲᠦᠮᠡᠨ ᠲᠥᠭᠦᠷᠢᠭ ᠪᠣᠯᠤᠨ᠎ᠠ᠃ | ᠪᠣᠳᠠᠲᠠᠢ ᠵᠠᠷᠤᠯᠭ᠎ᠠ ᠨᠢ ᠳᠣᠣᠷᠠᠬᠢ ᠮᠡᠲᠦ᠄ | 1 . ᠠᠵᠢᠯᠲᠠᠨ ᠪᠠ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠵᠠᠷᠤᠯᠭ᠎ᠠ 130.653 ᠲᠦᠮᠡᠨ ᠲᠥᠭᠦᠷᠢᠭ᠃ | 2 . ᠭᠠᠶᠢᠯᠢ ᠲᠠᠲᠠᠪᠤᠷᠢ ᠶᠢᠨ ᠪᠤᠰᠤ ᠰᠠᠯᠠᠭ᠎ᠠ ᠮᠥᠴᠢᠷ ᠤᠨ ᠥᠪᠡᠷ ᠤᠨ ᠥᠷᠲᠡᠭ ᠤᠨ ᠵᠠᠷᠤᠯᠭ᠎ᠠ 5.718 ᠲᠦᠮᠡᠨ | ᠲᠥᠭᠦᠷᠢᠭ᠃ | 3. ᠵᠠᠰᠠᠭ ᠤᠨ ᠣᠷᠳᠣᠨ ᠤ ᠪᠡᠯᠡᠳᠬᠡᠯ ᠵᠠᠷᠤᠳᠠᠯ 6.000 ᠲᠦᠮᠡᠨ ᠲᠥᠭᠦᠷᠢᠭ᠃ | 4 . ᠥᠷᠢ ᠥᠭᠴᠡᠭᠡ ᠶᠢᠨ ᠬᠦᠤ ᠮᠥᠩᠭᠦ ᠶᠢ ᠲᠥᠯᠥᠬᠦ ᠵᠠᠷᠤᠯᠭ᠎ᠠ 9.168 ᠲᠦᠮᠡᠨ ᠲᠥᠭᠦᠷᠢᠭ᠃ | 5 . ᠡᠳ᠋ ᠤᠨ ᠵᠠᠰᠠᠭ ᠤᠨ ᠬᠠᠮᠲᠤ ᠶᠢᠨ ᠠᠵᠢᠯ ᠶᠠᠪᠤᠳᠠᠯ ᠤᠨ ᠡᠷᠬᠡ ᠶᠢᠨ ᠵᠠᠷᠤᠯᠭ᠎ᠠ 45.816 ᠲᠦᠮᠡᠨ ᠲᠥᠭᠦᠷᠢᠭ | ᠃ | 6 . ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠵᠠᠷᠤᠳᠠᠯ ᠤᠨ ᠵᠠᠷᠤᠯᠭ᠎ᠠ 7.391 ᠲᠦᠮᠡᠨ ᠲᠥᠭᠦᠷᠢᠭ᠂ | ᠡᠭᠦᠨ ᠳᠤ ᠠᠶᠢᠯ ᠲᠣᠰᠬᠤᠨ ᠤ ᠣᠷᠴᠢᠨ ᠲᠣᠭᠤᠷᠢᠨ ᠢ 458 ᠲᠦᠮᠡᠨ ᠲᠥᠭᠦᠷᠢᠭ ᠴᠡᠭᠴᠡᠯᠡᠨ ᠵᠠᠰᠠᠪᠠ᠃ | 7 . ᠣᠷᠣᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠠᠷᠤᠯᠭ᠎ᠠ 14.392 ᠲᠦᠮᠡᠨ | ᠲᠥᠭᠦᠷᠢᠭ᠃ | 8 . ᠠᠷᠠᠳ ᠤᠨ ᠠᠮᠢᠳᠤᠷᠠᠯ ᠨᠡᠶᠢᠭᠡᠮ ᠤᠨ ᠳᠠᠭᠠᠳᠬᠠᠯ ᠡᠮᠨᠡᠯᠭᠡ ᠶᠢᠨ ᠳᠠᠭᠠᠳᠬᠠᠯ ᠤᠨ ᠲᠥᠷᠥᠯ ᠤᠨ ᠵᠠᠷᠤᠯᠭ᠎ᠠ 20. | 054 ᠲᠦᠮᠡᠨ ᠲᠥᠭᠦᠷᠢᠭ᠃ | 9 . ᠬᠤᠰᠢᠭᠤᠨ ᠤ ᠲᠣᠰ ᠱᠠᠲᠤ ᠵᠢᠴᠢ ᠰᠠᠯᠠᠭ᠎ᠠ ᠮᠥᠴᠢᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠪᠠᠲᠤᠯᠠᠭ᠎ᠠ ᠶᠢᠨ ᠲᠥᠷᠥᠯ ᠤᠨ ᠲᠤᠰᠬᠠᠶ ᠲᠥᠷᠥᠯ ᠤᠨ ᠵᠠᠷᠤᠯᠭ᠎ᠠ 30.411 ᠲᠦᠮᠡᠨ ᠲᠥᠭᠦᠷᠢᠭ᠃ | 10 . ᠲᠤᠰᠬᠠᠢ ᠲᠥᠷᠥᠯ ᠤᠨ ᠵᠠᠷᠤᠯᠭ᠎ᠠ ᠶᠢ 7.074 ᠲᠦᠮᠡᠨ ᠲᠥᠭᠦᠷᠢᠭ ᠤᠷᠢᠳᠴᠢᠯᠠᠨ ᠪᠠᠭᠤᠯᠭᠠᠪᠠ᠃ | ︵2︶ ᠰᠠᠭᠤᠷᠢ ᠮᠥᠩᠭᠦᠨ ᠤ ᠲᠥᠰᠦᠪ ᠤᠨ ᠲᠣᠬᠢᠷᠠᠭᠤᠯᠤᠯᠲᠠ | 2021 ᠣᠨ ᠳᠤ ᠬᠤᠰᠢᠭᠤᠨ ᠤ ᠲᠣᠰ ᠱᠠᠲᠤᠨ ᠤ ᠭᠠᠵᠠᠷ ᠰᠢᠷᠣᠶ ᠶᠢ ᠬᠢᠮᠳᠠ ᠪᠠᠷ ᠬᠤᠳᠠᠯᠳᠤᠭᠰᠠᠨ ᠮᠥᠩᠭᠦ ᠶᠢᠨ | ᠣᠷᠣᠯᠭ᠎ᠠ ᠵᠢᠱᠢᠯᠲᠡ ᠪᠠᠷ 68.000 ᠲᠦᠮᠡᠨ ᠲᠥᠭᠦᠷᠢᠭ ᠶᠢ ᠪᠡᠶᠡᠯᠡᠭᠦᠯᠦᠨ᠎ᠡ᠂ ᠲᠤᠰᠬᠠᠢ ᠵᠦᠢᠯ ᠤᠨ | ᠵᠢᠭᠡᠯᠡᠯᠭᠡ ᠶᠢᠨ ᠲᠡᠮᠳᠡᠭᠲᠦ ᠶᠢᠨ ᠬᠠᠷᠠᠭᠠᠯᠵᠠᠭᠰᠠᠨ ᠵᠦᠢᠯᠡᠰ ᠤᠨ ᠲᠤᠰᠬᠠᠢ ᠵᠦᠢᠯ ᠤᠨ ᠣᠷᠣᠯᠭ᠎ᠠ ᠶᠢ ᠵᠢᠱᠢᠯᠲᠡ ᠪᠠᠷ | 6.202 ᠲᠦᠮᠡᠨ ᠲᠥᠭᠦᠷᠢᠭ ᠪᠡᠶᠡᠯᠡᠭᠦᠯᠦᠨ᠎ᠡ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ | ᠣᠷᠣᠯᠭ᠎ᠠ ᠶᠢ ᠨᠡᠶᠢᠲᠡ 74.202 ᠲᠦᠮᠡᠨ ᠲᠥᠭᠦᠷᠢᠭ ᠪᠡᠶᠡᠯᠡᠭᠦᠯᠦᠨ᠎ᠡ᠂ ᠡᠭᠦᠨ ᠤ ᠳᠡᠭᠡᠷ᠎ᠡ ᠳᠡᠭᠡᠳᠦ ᠱᠠᠲᠤᠨ ᠤ | ᠨᠥᠬᠦᠪᠥᠷᠢ ᠶᠢᠨ ᠣᠷᠣᠯᠭ᠎ᠠ 961 ᠲᠦᠮᠡᠨ ᠲᠥᠭᠦᠷᠢᠭ ᠢ ᠨᠡᠮᠡᠪᠡᠯ᠂ ᠲᠦᠷᠦᠭᠦᠦ ᠵᠢᠯ ᠤᠨ ᠦᠯᠡᠳᠡᠪᠦᠷᠢ ᠣᠷᠣᠯᠭ᠎ᠠ | 59. 928 ᠲᠦᠮᠡᠨ ᠲᠥᠭᠦᠷᠢᠭ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ | ᠥᠭᠴᠡᠭᠡ ᠶᠢᠨ ᠡᠬᠡ ᠮᠥᠩᠭᠦ ᠶᠢ ᠪᠤᠴᠠᠭᠠᠬᠤ ᠵᠠᠷᠤᠯᠭ᠎ᠠ ᠶᠢ 3.000 ᠲᠦᠮᠡᠨ ᠲᠥᠭᠦᠷᠢᠭ ᠬᠠᠰᠤᠨ᠎ᠠ᠂ ᠬᠤᠰᠢᠭᠤᠨ | ᠤ ᠲᠣᠰ ᠱᠠᠲᠤᠨ ᠤ ᠰᠠᠭᠤᠷᠢ ᠮᠥᠩᠭᠦᠨ ᠤ ᠡᠳ᠋ ᠤᠨ ᠬᠦᠴᠦᠨ 132.091 ᠲᠦᠮᠡᠨ ᠲᠥᠭᠦᠷᠢᠭ᠂ ᠪᠥᠬᠦ | ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠬᠡᠷᠡᠭᠯᠡᠵᠦ ᠪᠣᠯᠬᠤ ᠡᠳ᠋ ᠤᠨ ᠬᠦᠴᠦᠨ | 132.091 ᠲᠦᠮᠡᠨ ᠲᠥᠭᠦᠷᠢᠭ᠂ ᠣᠷᠣᠯᠭ᠎ᠠ ᠵᠠᠷᠤᠯᠭ᠎ᠠ ᠶᠢᠨ ᠲᠡᠩᠴᠡᠭᠦᠷᠢ ᠶᠢᠨ ᠵᠠᠷᠴᠢᠮ ᠢ ᠦᠨᠳᠦᠰᠦᠯᠡᠪᠡᠯ᠂ | ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠵᠠᠷᠤᠯᠭ᠎ᠠ ᠶᠢ 132.091 ᠲᠦᠮᠡᠨ ᠲᠥᠭᠦᠷᠢᠭ ᠢᠶᠠᠷ | ᠲᠤᠬᠢᠷᠠᠭᠤᠯᠤᠨ᠎ᠠ᠂ ᠨᠢᠭᠡ ᠳᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠬᠦᠦ ᠮᠥᠩᠭᠦ ᠶᠢ ᠳᠥᠯᠥᠬᠦ | ᠶᠠᠪᠤᠳᠠᠯ ᠢ 2.323 ᠲᠦᠮᠡᠨ ᠲᠥᠭᠦᠷᠢᠭ ᠲᠣᠬᠢᠷᠠᠭᠤᠯᠤᠨ᠎ᠠ᠃ ᠬᠤᠶᠠᠷ ᠲᠤ ᠲᠤᠰᠬᠠᠶ ᠵᠦᠶ᠋ᠯ ᠤᠨ ᠵᠢᠭᠡᠯᠡᠯᠭᠡ ᠶᠢᠨ | ᠲᠡᠮᠳᠡᠭᠲᠦ ᠶᠢᠨ ᠬᠦᠤ ᠮᠥᠩᠭᠦ ᠶᠢᠨ ᠵᠠᠷᠤᠯᠭ᠎ᠠ ᠶᠢ ᠥᠪᠡᠰᠦᠪᠡᠨ ᠲᠡᠩᠴᠡᠭᠦᠯᠵᠦ 5.401 ᠲᠦᠮᠡᠨ ᠲᠥᠭᠦᠷᠢᠭ | ᠲᠣᠬᠢᠷᠠᠭᠤᠯᠤᠨ᠎ᠠ᠃ ᠭᠤᠷᠪᠠ ᠳᠤ ᠲᠤᠰᠬᠠᠢ ᠵᠦᠢᠯ ᠤᠨ ᠵᠠᠷᠤᠯᠭ᠎ᠠ ᠶᠢ 961 ᠲᠦᠮᠡᠨ ᠲᠥᠭᠦᠷᠢᠭ ᠤᠷᠢᠳᠴᠢᠯᠠᠨ | ᠪᠠᠭᠤᠯᠭᠠᠨ᠎ᠠ᠃ ᠳᠥᠷᠪᠡ ᠳᠤ᠂ ᠳᠡᠭᠡᠷ᠎ᠡ ᠵᠢᠯ ᠤᠨ ᠳ᠋ᠦᠩᠨᠡᠨ ᠰᠢᠯᠵᠢᠭᠦᠯᠦᠭᠰᠡᠨ ᠰᠠᠭᠤᠷᠢ ᠮᠥᠩᠭᠦ ᠶᠢᠨ ᠲᠤᠰᠬᠠᠢ | ᠲᠥᠷᠥᠯ ᠤᠨ ᠵᠠᠷᠤᠯᠭ᠎ᠠ 59.928 ᠲᠦᠮᠡᠨ ᠲᠥᠭᠦᠷᠢᠭ᠃ ᠲᠠᠪᠤ ᠳᠤ᠂ ᠳᠠᠯᠳᠠ ᠥᠷᠢ ᠥᠭᠴᠡᠭᠡ ᠶᠢᠨ ᠡᠬᠡ | ᠬᠦᠦ ᠲᠠᠢ ᠨᠢ ᠪᠤᠴᠠᠭᠠᠬᠤ ᠵᠠᠷᠤᠯᠭ᠎ᠠ 48.735 ᠲᠦᠮᠡᠨ ᠲᠥᠭᠦᠷᠢᠭ ᠪᠣᠯᠤᠨ᠎ᠠ᠃ ᠵᠢᠷᠭᠤᠭ᠎ᠠ ᠳᠤ᠂ ᠢᠨᠵᠧᠨᠧᠷᠢᠩ | ᠤᠨ ᠲᠥᠷᠥᠯ ᠤᠨ ᠳᠠᠯᠳᠠ ᠥᠷᠢ ᠥᠭᠴᠡᠭᠡ ᠶᠢ ᠨᠠᠮᠳᠠᠭᠠᠬᠤ ᠳᠤ 9.743 ᠲᠦᠮᠡᠨ ᠲᠥᠭᠦᠷᠢᠭ ᠵᠠᠷᠤᠴᠠᠭᠤᠯᠤᠨ᠎ᠠ᠃ | ᠳᠣᠯᠤᠭ᠎ᠠ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ 5.000 ᠲᠦᠮᠡᠨ ᠲᠥᠭᠦᠷᠢᠭ | ᠵᠠᠷᠤᠴᠠᠭᠤᠯᠤᠨ᠎ᠠ᠃ | ᠰᠠᠭᠤᠷᠢ ᠮᠥᠩᠭᠦᠨ ᠤ ᠲᠥᠰᠦᠪ ᠢ ᠭᠦᠢᠴᠡᠳᠬᠡᠬᠦ ᠳᠤᠮᠳᠠ ᠵᠠᠷᠤᠯᠭ᠎ᠠ ᠶᠢᠨ ᠠᠬᠢᠴᠠ ᠶᠢ ᠴᠢᠩᠭ᠎ᠠ ᠬᠢᠵᠠᠭᠠᠷᠯᠠᠵᠤ᠂ | ᠣᠷᠣᠯᠭ᠎ᠠ ᠪᠠᠨ ᠦᠵᠡᠵᠦ ᠵᠠᠷᠤᠯᠭ᠎ᠠ ᠪᠠᠨ ᠲᠣᠬᠢᠷᠠᠭᠤᠯᠬᠤ ᠵᠠᠷᠴᠢᠮ ᠶᠣᠰᠣᠭᠠᠷ᠂ ᠣᠷᠣᠯᠭ᠎ᠠ ᠳᠤᠲᠠᠭᠤᠳᠠᠵᠤ ᠵᠠᠷᠤᠯᠭ᠎ᠠ | ᠬᠡᠲᠦᠷᠡᠬᠦ ᠠᠴᠠ ᠰᠡᠷᠭᠡᠶᠢᠯᠡᠬᠦ ᠬᠡᠷᠡᠭᠲᠡᠢ᠃ | ︵3︶ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠲᠣᠬᠢᠷᠠᠭᠤᠯᠤᠯᠲᠠ | 2021 ᠣᠨ ᠳᠤ ᠬᠤᠰᠢᠭᠤᠨ ᠤ ᠲᠣᠰ ᠱᠠᠲᠤᠨ ᠤ ᠤᠯᠤᠰ ᠤᠨ ᠥᠮᠴᠢᠯᠡᠯᠲᠡ ᠬᠥᠷᠥᠩᠭᠡ ᠶᠢᠨ ᠡᠵᠡᠩᠨᠡᠯᠲᠡ ᠶᠢᠨ | ᠲᠥᠰᠦᠪ ᠤᠨ ᠣᠷᠣᠯᠭ᠎ᠠ ᠶᠢ 410 ᠲᠦᠮᠡᠨ ᠲᠥᠭᠦᠷᠢᠭ ᠲᠣᠬᠢᠷᠠᠭᠤᠯᠵᠤ᠂ ᠤᠯᠤᠰ ᠤᠨ ᠥᠮᠴᠢᠯᠡᠯᠲᠡ ᠬᠥᠷᠥᠩᠭᠡ | ᠶᠢᠨ ᠡᠵᠡᠩᠨᠡᠯᠲᠡ ᠶᠢᠨ ᠲᠥᠰᠦᠪ ᠤᠨ ᠵᠠᠷᠤᠯᠭ᠎ᠠ ᠶᠢ 380 ᠲᠦᠮᠡᠨ ᠲᠥᠭᠦᠷᠢᠭ ᠲᠣᠬᠢᠷᠠᠭᠤᠯᠵᠤ᠂ ᠵᠢᠱᠢᠯᠲᠡ ᠪᠠᠷ | 30 ᠲᠦᠮᠡᠨ ᠲᠥᠭᠦᠷᠢᠭ ᠤᠨ ᠠᠰᠢᠭ ᠬᠤᠨᠵᠢᠪᠣᠷᠢ ᠶᠢ ᠪᠡᠶᠡᠯᠡᠭᠦᠯᠦᠨ᠎ᠡ᠃ | ︵4︶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠤᠨ ᠲᠣᠬᠢᠷᠠᠭᠤᠯᠤᠯᠲᠠ | 2021 ᠣᠨ ᠳᠤ ᠪᠦᠬᠦ ᠬᠤᠰᠢᠭᠤᠨ ᠤ ᠨᠡᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠤᠨ | ᠣᠷᠣᠯᠭ᠎ᠠ 137.213 ᠲᠦᠮᠡᠨ ᠲᠥᠭᠦᠷᠢᠭ᠂ ︵ᠡᠭᠦᠨ ᠳᠤ ᠲᠣᠰ ᠱᠠᠲᠤᠨ ᠤ ᠡᠳ᠋ ᠤᠨ ᠵᠠᠰᠠᠭ ᠤᠨ | ᠨᠥᠬᠦᠪᠥᠷᠢ ᠶᠢᠨ ᠲᠥᠰᠦᠪ 13.600 ᠲᠦᠮᠡᠨ ᠲᠥᠭᠦᠷᠢᠭ︶᠂ ᠰᠠᠭᠤᠷᠢ ᠮᠥᠩᠭᠦᠨ ᠤ ᠵᠠᠷᠤᠯᠭ᠎ᠠ ᠶᠢᠨ ᠲᠥᠰᠦᠪ ᠢ | 125.468 ᠲᠦᠮᠡᠨ ᠲᠥᠭᠦᠷᠢᠭ ᠲᠣᠬᠢᠷᠠᠭᠤᠯᠵᠤ᠂ ᠲᠣᠰ ᠵᠢᠯ ᠤᠨ ᠣᠷᠣᠯᠭ᠎ᠠ ᠵᠠᠷᠤᠯᠭ᠎ᠠ ᠶᠢᠨ ᠦᠯᠡᠳᠡᠪᠦᠷᠢ 11. | 745 ᠲᠦᠮᠡᠨ ᠲᠥᠭᠦᠷᠢᠭ᠂ ᠵᠢᠯ ᠤᠨ ᠡᠴᠦᠰ ᠤᠨ ᠬᠤᠷᠠᠮᠳᠤᠯ ᠦᠯᠡᠳᠡᠪᠦᠷᠢ 38.714 ᠲᠦᠮᠡᠨ ᠲᠥᠭᠦᠷᠢᠭ | ᠪᠣᠯᠤᠨ᠎ᠠ᠃ ᠪᠣᠳᠠᠲᠠᠶ ᠵᠦᠢᠯ ᠬᠤᠪᠢᠶᠠᠭᠰᠠᠨ ᠣᠷᠣᠯᠭ᠎ᠠ ᠵᠠᠷᠤᠯᠭ᠎ᠠ ᠶᠢᠨ ᠪᠠᠶᠢᠳᠠᠯ᠄ | ᠣᠳᠣ ᠶᠢᠨ ᠬᠡᠷᠡᠭᠵᠢᠭᠦᠯᠵᠦ ᠪᠠᠶᠢᠭ᠎ᠠ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠬᠠᠮᠢᠶᠠᠷᠤᠯᠲᠠ ᠶᠢᠨ | ᠪᠠᠶᠢᠭᠤᠯᠤᠯ ᠶᠣᠰᠣᠭᠠᠷ᠂ ᠳᠣᠣᠷᠠᠬᠢ 5 ᠲᠥᠷᠥᠯ ᠵᠦᠢᠯ ᠤᠨ ᠪᠡᠯᠡ ᠮᠥᠩᠭᠦᠨ ᠤ ᠣᠷᠣᠯᠭ᠎ᠠ ᠵᠠᠷᠤᠯᠭ᠎ᠠ ᠶᠢ | ᠠᠶᠢᠮᠠᠭ ᠤᠨ ᠱᠠᠲᠤᠨ ᠠᠴᠠ ᠨᠢᠭᠡᠳᠦᠯᠲᠡᠢ ᠳᠤ ᠲᠥᠯᠥᠪᠯᠡᠨ ᠲᠣᠬᠢᠷᠠᠭᠤᠯᠵᠤ᠂ ᠪᠦᠬᠦ ᠣᠷᠣᠯᠭ᠎ᠠ ᠪᠠᠨ ᠳᠡᠭᠡᠭᠰᠢ | ᠲᠤᠰᠢᠶᠠᠵᠤ᠂ ᠵᠠᠷᠤᠯᠭ᠎ᠠ ᠶᠢ ᠳᠡᠭᠡᠲᠦ ᠱᠠᠲᠤᠨ ᠠᠴᠠ ᠲᠠᠷᠬᠠᠭᠠᠬᠤ ᠨᠢᠭᠡᠴᠡ ᠳᠤ ᠰᠢᠭᠤᠳ ᠰᠢᠯᠵᠢᠭᠦᠯᠦᠨ ᠥᠭᠭᠦᠨ᠎ᠡ᠃ | | 1. ᠠᠵᠤ ᠠᠬᠤᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠰᠠᠭᠤᠷᠢ ᠮᠥᠩᠭᠦ ᠶᠢᠨ ᠰᠦᠢᠳᠭᠡᠯ ᠲᠤᠰᠢᠶᠠᠭᠰᠠᠨ ᠣᠷᠣᠯᠭ᠎ᠠ ᠵᠢᠱᠢᠯᠲᠡ ᠪᠠᠷ 12.420 ᠲᠦᠮᠡᠨ ᠲᠥᠭᠦᠷᠢᠭ ᠢ | ᠪᠡᠶᠡᠯᠡᠭᠦᠯᠵᠦ᠂ ᠳᠡᠭᠡᠭᠰᠢ ᠲᠤᠰᠢᠶᠠᠬᠤ ᠵᠠᠷᠤᠯᠭ᠎ᠠ 12.420 ᠲᠦᠮᠡᠨ ᠲᠥᠭᠦᠷᠢᠭ᠃ | 2. ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠰᠦᠢᠳᠭᠡᠯ ᠲᠤᠰᠢᠶᠠᠭᠰᠠᠨ ᠣᠷᠣᠯᠭ᠎ᠠ | ᠵᠢᠱᠢᠯᠲᠡ ᠪᠠᠷ 620 ᠲᠦᠮᠡᠨ ᠲᠥᠭᠦᠷᠢᠭ ᠢ ᠪᠡᠶᠡᠯᠡᠭᠦᠯᠵᠦ᠂ ᠳᠡᠭᠡᠭᠰᠢ ᠲᠤᠰᠢᠶᠠᠬᠤ ᠵᠠᠷᠤᠯᠭ᠎ᠠ 620 ᠲᠦᠮᠡᠨ | ᠲᠥᠭᠦᠷᠢᠭ ᠪᠣᠯᠤᠨ᠎ᠠ᠃ | 3 . ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠰᠦᠢᠳᠭᠡᠯ | ᠲᠤᠰᠢᠶᠠᠭᠰᠠᠨ ᠣᠷᠣᠯᠭ᠎ᠠ ᠵᠢᠱᠢᠯᠲᠡ ᠪᠠᠷ 7.146 ᠲᠦᠮᠡᠨ ᠲᠥᠭᠦᠷᠢᠭ ᠢ ᠪᠡᠶᠡᠯᠡᠭᠦᠯᠵᠦ᠂ ᠳᠡᠭᠡᠭᠰᠢ ᠲᠤᠰᠢᠶᠠᠬᠤ | ᠵᠠᠷᠤᠯᠭ᠎ᠠ 7.146 ᠲᠦᠮᠡᠨ ᠲᠥᠭᠦᠷᠢᠭ ᠪᠣᠯᠤᠨ᠎ᠠ᠃ | 4 . ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠢᠱᠢᠯᠲᠡ ᠪᠠᠷ 77 | ᠲᠦᠮᠡᠨ ᠲᠥᠭᠦᠷᠢᠭ ᠢ ᠪᠡᠶᠡᠯᠡᠭᠦᠯᠵᠦ᠂ ᠳᠡᠭᠡᠭᠰᠢ ᠲᠤᠰᠢᠶᠠᠬᠤ ᠵᠠᠷᠤᠯᠭ᠎ᠠ 77 ᠲᠦᠮᠡᠨ ᠲᠥᠭᠦᠷᠢᠭ ᠪᠣᠯᠤᠨ᠎ᠠ᠃ | 5 . ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ | ᠮᠥᠩᠭᠦ ᠶᠢᠨ ᠣᠷᠣᠯᠭ᠎ᠠ ᠶᠢ ᠵᠢᠱᠢᠯᠲᠡ ᠪᠠᠷ 7.680 ᠲᠦᠮᠡᠨ ᠲᠥᠭᠦᠷᠢᠭ ᠪᠡᠶᠡᠯᠡᠭᠦᠯᠵᠦ᠂ ᠳᠡᠭᠡᠭᠰᠢ ᠲᠤᠰᠢᠶᠠᠬᠤ | ᠵᠠᠷᠤᠯᠭ᠎ᠠ 7.680 ᠲᠦᠮᠡᠨ ᠲᠥᠭᠦᠷᠢᠭ᠃ | ᠬᠤᠰᠢᠭᠤᠨ ᠤ ᠲᠣᠰ ᠱᠠᠲᠤᠨ ᠤ ᠡᠳ᠋ ᠤᠨ ᠵᠠᠰᠠᠭ ᠠᠴᠠ ᠣᠷᠣᠯᠭ᠎ᠠ ᠵᠠᠷᠤᠯᠭ᠎ᠠ ᠶᠢᠨ ᠨᠡᠶᠢᠭᠡᠮ ᠤᠨ ᠳᠠᠭᠠᠳᠬᠠᠯ ᠤᠨ | ᠰᠠᠭᠤᠷᠢ ᠮᠥᠩᠭᠦ ᠳᠤ ᠨᠡᠶᠢᠲᠡ 4 ᠲᠥᠷᠥᠯ ᠵᠤᠶᠢᠯ ᠢ ᠬᠠᠷᠢᠭᠤᠴᠠᠨ ᠳᠣᠭᠢᠷᠠᠭᠤᠯᠤᠨ᠎ᠠ᠂ ᠪᠣᠳᠠᠲᠠᠶ ᠪᠠᠷ ᠳᠣᠤᠷᠠᠬᠢ | ᠮᠡᠲᠦ᠄ | 1 . ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ | ᠮᠥᠩᠭᠦ ᠶᠢᠨ ᠣᠷᠣᠯᠭ᠎ᠠ ᠶᠢ ᠵᠢᠱᠢᠯᠲᠡ ᠪᠠᠷ 34.890 ᠲᠦᠮᠡᠨ ᠲᠥᠭᠦᠷᠢᠭ ︵ᠡᠭᠦᠨ ᠳᠤ ᠲᠣᠰ ᠱᠠᠲᠤᠨ ᠤ | ᠡᠳ᠋ ᠤᠨ ᠵᠠᠰᠠᠭ ᠠᠴᠠ 12.000 ᠲᠦᠮᠡᠨ ᠲᠥᠭᠦᠷᠢᠭ ᠨᠥᠬᠦᠪᠥᠷᠢᠯᠡᠨ᠎ᠡ︶ ᠢ ᠪᠡᠶᠡᠯᠡᠭᠦᠯᠵᠦ᠂ ᠵᠠᠷᠤᠯᠭ᠎ᠠ 34. | 890 ᠲᠦᠮᠡᠨ ᠲᠥᠭᠦᠷᠢᠭ᠂ ᠲᠣᠰ ᠵᠢᠯ ᠤᠨ ᠣᠷᠣᠯᠭ᠎ᠠ ᠵᠠᠷᠤᠯᠭ᠎ᠠ ᠲᠡᠩᠴᠡᠭᠦᠷᠢᠲᠡᠶ᠂ ᠵᠢᠯ ᠤᠨ ᠡᠴᠦᠰ ᠤᠨ | ᠬᠤᠷᠠᠮᠳᠤᠯ ᠦᠯᠡᠳᠡᠪᠦᠷᠢ 6.095 ᠲᠦᠮᠡᠨ ᠲᠥᠭᠦᠷᠢᠭ ᠪᠣᠯᠤᠨ᠎ᠠ᠃ | 2 . ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ | ᠮᠥᠩᠭᠦ ᠶᠢᠨ ᠣᠷᠣᠯᠭ᠎ᠠ ᠶᠢ ᠵᠢᠱᠢᠯᠲᠡ ᠪᠠᠷ 10.287 ᠲᠦᠮᠡᠨ ᠲᠥᠭᠦᠷᠢᠭ ︵ᠡᠭᠦᠨ ᠳᠤ ᠲᠣᠰ ᠱᠠᠲᠤᠨ ᠤ | ᠡᠳ᠋ ᠤᠨ ᠵᠠᠰᠠᠭ ᠠᠴᠠ 800 ᠲᠦᠮᠡᠨ ᠲᠥᠭᠦᠷᠢᠭ ᠨᠥᠬᠦᠪᠥᠷᠢᠯᠡᠨ᠎ᠡ︶ ᠢ ᠪᠡᠶᠡᠯᠡᠭᠦᠯᠵᠦ᠂ 7.729 ᠲᠦᠮᠡᠨ | ᠲᠥᠭᠦᠷᠢᠭ ᠵᠠᠷᠤᠴᠠᠭᠤᠯᠵᠤ᠂ ᠲᠣᠰ ᠵᠢᠯ ᠤᠨ ᠣᠷᠣᠯᠭ᠎ᠠ ᠵᠠᠷᠤᠯᠭ᠎ᠠ ᠶᠢᠨ ᠦᠯᠡᠳᠡᠪᠦᠷᠢ 2.558 ᠲᠦᠮᠡᠨ ᠲᠥᠭᠦᠷᠢᠭ | ᠂ ᠵᠢᠯ ᠤᠨ ᠡᠴᠦᠰ ᠤᠨ ᠬᠤᠷᠠᠮᠳᠤᠯ ᠦᠯᠡᠳᠡᠪᠦᠷᠢ 18.817 ᠲᠦᠮᠡᠨ ᠲᠥᠭᠦᠷᠢᠭ ᠪᠣᠯᠤᠨ᠎ᠠ᠃ | 3 . ᠠᠵᠢᠯ ᠮᠡᠷᠭᠡᠵᠢᠯ ᠤᠨ ᠵᠢᠯ ᠤᠨ ᠲᠤᠯᠤᠭᠰᠠᠨ ᠵᠣᠭᠤᠰ ᠤᠨ ᠰᠠᠭᠤᠷᠢ ᠮᠥᠩᠭᠦ ᠶᠢᠨ ᠣᠷᠣᠯᠭ᠎ᠠ ᠶᠢ | ᠵᠢᠱᠢᠯᠲᠡ ᠪᠠᠷ 4.398 ᠲᠦᠮᠡᠨ ᠲᠥᠭᠦᠷᠢᠭ ᠪᠡᠶᠡᠯᠡᠭᠦᠯᠵᠦ᠂ ᠵᠠᠷᠤᠯᠭ᠎ᠠ 2.700 ᠲᠦᠮᠡᠨ ᠲᠥᠭᠦᠷᠢᠭ᠂ ᠲᠣᠰ | ᠵᠢᠯ ᠤᠨ ᠣᠷᠣᠯᠭ᠎ᠠ ᠵᠠᠷᠤᠯᠭ᠎ᠠ ᠶᠢᠨ ᠦᠯᠡᠳᠡᠪᠦᠷᠢ 1.698 ᠲᠦᠮᠡᠨ ᠲᠥᠭᠦᠷᠢᠭ᠂ ᠵᠢᠯ ᠤᠨ ᠡᠴᠦᠰ ᠤᠨ ᠬᠤᠷᠠᠮᠳᠤᠯ | ᠦᠯᠡᠳᠡᠪᠦᠷᠢ 4.431 ᠲᠦᠮᠡᠨ ᠲᠥᠭᠦᠷᠢᠭ ᠪᠣᠯᠤᠨ᠎ᠠ᠃ | 4 . ᠠᠯᠪᠠᠲᠠᠨ ᠤ ᠡᠮ ᠡᠮᠨᠡᠯᠭᠡ ᠶᠢᠨ ᠨᠥᠬᠦᠪᠥᠷᠢ ᠰᠠᠭᠤᠷᠢ ᠮᠥᠩᠭᠦ ᠶᠢᠨ ᠣᠷᠣᠯᠭ᠎ᠠ 3.774 ᠲᠦᠮᠡᠨ ᠲᠥᠭᠦᠷᠢᠭ᠂ | ᠵᠠᠷᠤᠯᠭ᠎ᠠ 2.800 ᠲᠦᠮᠡᠨ ᠲᠥᠭᠦᠷᠢᠭ᠂ ᠲᠣᠰ ᠵᠢᠯ ᠤᠨ ᠣᠷᠣᠯᠭ᠎ᠠ ᠵᠠᠷᠤᠯᠭ᠎ᠠ ᠶᠢᠨ ᠦᠯᠡᠳᠡᠪᠦᠷᠢ 974 ᠲᠦᠮᠡᠨ | ᠲᠥᠭᠦᠷᠢᠭ᠂ ᠵᠢᠯ ᠤᠨ ᠡᠴᠦᠰ ᠤᠨ ᠬᠤᠷᠠᠮᠳᠤᠯ ᠦᠯᠡᠳᠡᠪᠦᠷᠢ 1.415 ᠲᠦᠮᠡᠨ ᠲᠥᠭᠦᠷᠢᠭ᠃ | ᠭᠤᠷᠪᠠ᠂ 2021 ᠣᠨ ᠤ ᠡᠳ᠋ ᠤᠨ ᠵᠠᠰᠠᠭ ᠤᠨ ᠠᠵᠢᠯ ᠤᠨ ᠭᠤᠣᠯ ᠡᠭᠦᠷᠭᠡ ᠪᠠ ᠠᠷᠭ᠎ᠠ ᠬᠡᠮᠵᠢᠶ᠎ᠡ | ︵ᠨᠢᠭᠡ︶ ᠡᠳ᠋ ᠤᠨ ᠢᠷᠡᠯᠲᠡ ᠶᠢ ᠪᠤᠵᠠᠭᠠᠶᠢᠷᠠᠭᠤᠯᠵᠤ᠂ ᠡᠳ᠋ ᠤᠨ ᠵᠠᠰᠠᠭ ᠤᠨ ᠣᠷᠣᠯᠭ᠎ᠠ ᠶᠢ ᠨᠡᠮᠡᠭᠳᠡᠭᠦᠯᠬᠦ ᠶᠢ | ᠢᠳᠡᠪᠬᠢᠲᠡᠢ ᠠᠬᠢᠭᠤᠯᠤᠨ᠎ᠠ | ᠨᠢᠭᠡ ᠳᠤ ᠭᠠᠶᠢᠯᠢ ᠶᠢᠨ ᠢᠷᠡᠯᠲᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠳ᠋ ᠤᠨ ᠵᠠᠰᠠᠭ ᠤᠨ ᠲᠥᠷᠥ ᠶᠢᠨ | ᠪᠣᠳᠣᠯᠭ᠎ᠠ ᠪᠣᠯᠤᠨ ᠪᠡᠯᠡ ᠮᠥᠩᠭᠦ ᠶᠢᠨ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ︽ᠲᠠᠪᠤᠨ | ᠶᠡᠭᠡ ᠠᠵᠤ ᠦᠢᠯᠡᠰ ᠤᠨ ᠬᠦᠷᠢᠶᠡᠯᠡᠩ ᠲᠣᠭᠤᠷᠢᠭ︾᠂ ᠭᠤᠣᠯᠳᠠᠯᠭ᠎ᠠ ᠲᠠᠢ ᠠᠵᠤ ᠠᠬᠤᠶᠢᠯᠠᠯ ᠪᠣᠯᠤᠨ | ᠭᠤᠣᠯᠳᠠᠯᠭ᠎ᠠ ᠲᠠᠢ ᠲᠥᠷᠥᠯ ᠵᠦᠢᠯ ᠢ ᠳᠡᠮᠵᠢᠬᠦ ᠡᠷᠴᠢᠮ ᠢᠶᠠᠨ ᠨᠡᠮᠡᠭᠳᠡᠭᠦᠯᠵᠦ᠂ ᠡᠳ᠋ ᠤᠨ ᠵᠠᠰᠠᠭ ᠤᠨ ᠠᠵᠤ | ᠠᠬᠤᠶ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠳᠡᠭᠡᠭᠰᠢᠯᠡᠭᠦᠯᠦᠨ᠂ ᠡᠳ᠋ ᠤᠨ ᠢᠷᠡᠯᠲᠡ ᠶᠢ ᠬᠦᠴᠦᠯᠡᠨ | ᠪᠤᠶᠢᠵᠢᠭᠤᠯᠵᠤ᠂ ᠠᠵᠤ ᠠᠬᠤᠶ ᠶᠢᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠬᠤᠶᠠᠷ ᠲᠤ ᠪᠡᠯᠡ ᠮᠥᠩᠭᠦ | ᠣᠯᠬᠤ ᠡᠷᠴᠢᠮ ᠢᠶᠠᠨ ᠨᠡᠮᠡᠭᠳᠡᠭᠦᠯᠦᠨ᠎ᠡ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠶᠢᠨ ᠠᠵᠢᠯ ᠤᠨ | ᠵᠣᠬᠢᠴᠠᠭᠤᠯᠭ᠎ᠠ ᠶᠢ ᠴᠢᠩᠭᠠᠳᠬᠠᠵᠤ᠂ ᠡᠯ᠎ᠡ ᠲᠥᠷᠥᠯ ᠤᠨ ᠲᠥᠷᠥᠯ ᠵᠦᠢᠯ ᠢ ᠵᠣᠯᠭᠠᠭᠤᠯᠬᠤ ᠪᠠ ᠭᠤᠶᠤᠴᠢᠯᠠᠨ | ᠮᠡᠳᠡᠭᠦᠯᠬᠦ ᠠᠵᠢᠯ ᠢ ᠰᠠᠶᠢᠲᠤᠷ ᠬᠢᠵᠦ᠂ ᠬᠠᠮᠢᠶ᠎ᠠ ᠪᠦᠬᠦᠢ ᠳᠡᠭᠡᠳᠦ ᠱᠠᠲᠤᠨ ᠤ ᠪᠡᠯᠡ ᠮᠥᠩᠭᠦ ᠶᠢ ᠴᠢᠷᠮᠠᠶᠢᠨ ᠣᠯᠵᠤ᠂ | ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠬᠡᠷᠡᠭᠲᠡᠶ᠃ ᠭᠤᠷᠪᠠ ᠳᠤ ᠰᠠᠭᠤᠷᠢ ᠮᠥᠩᠭᠦ ᠶᠢᠨ | ᠣᠷᠣᠯᠭ᠎ᠠ ᠶᠢ ᠪᠣᠳᠠᠲᠠᠶᠢᠵᠢᠭᠤᠯᠤᠨ᠎ᠠ᠃ ᠭᠠᠵᠠᠷ ᠰᠢᠷᠣᠶ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠢᠭᠡᠨᠲᠡ | ᠲᠣᠭᠲᠠᠭᠠᠭᠰᠠᠨ ᠭᠠᠵᠠᠷ ᠰᠢᠷᠣᠶ ᠶᠢ ᠬᠢᠮᠳᠠ ᠪᠠᠷ ᠬᠤᠳᠠᠯᠳᠤᠭᠰᠠᠨ ᠤ ᠣᠷᠣᠯᠭ᠎ᠠ ᠶᠢ ᠪᠡᠶᠡᠯᠡᠭᠦᠯᠬᠦ ᠶᠢ ᠦᠨᠡᠨᠬᠦ | ᠪᠠᠲᠤᠯᠠᠨ᠎ᠠ᠃ | ︵ᠬᠤᠶᠠᠷ︶ ᠪᠣᠭᠤᠮᠲᠠ ᠶᠢ ᠴᠢᠩᠭ᠎ᠠ ᠡᠵᠡᠮᠳᠡᠵᠦ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ | ᠬᠤᠷᠮᠤᠶᠢᠯᠠᠨᠠ | ︽ᠴᠠᠯᠢᠩ ᠢ ᠪᠠᠲᠤᠯᠠᠬᠤ᠂ ᠠᠵᠢᠯᠯᠠᠭᠠᠨ ᠢ ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ︾ ᠶᠢ | ᠴᠢᠩᠭᠠᠳᠬᠠᠬᠤ ᠶᠠᠪᠤᠳᠠᠯ ᠢ ᠣᠳᠣᠬᠠᠨ ᠤ ᠡᠳ᠋ ᠤᠨ ᠵᠠᠰᠠᠭ ᠤᠨ ᠠᠵᠢᠯ ᠤᠨ ᠬᠠᠮᠤᠭ ᠤᠨ ᠦᠨᠳᠦᠰᠦᠨ ᠡᠭᠦᠰᠦᠯᠲᠡ | ᠪᠠ ᠵᠤᠭᠰᠤᠯᠲᠠ ᠶᠢᠨ ᠴᠡᠭ ᠪᠣᠯᠭᠠᠵᠤ᠂ ︽ᠭᠤᠷᠪᠠ ᠶᠢ ᠪᠠᠲᠤᠯᠠᠬᠤ︾ ᠵᠠᠷᠤᠯᠭ᠎ᠠ ᠶᠢ ᠲᠥᠰᠦᠪ ᠤᠨ ᠬᠡᠪᠴᠢᠶᠡᠨ ᠳᠤ | ᠴᠢᠩᠭ᠎ᠠ ᠬᠢᠵᠠᠭᠠᠷᠯᠠᠨ᠎ᠠ᠃ ᠨᠢᠭᠡ ᠳᠤ ᠡᠳᠦᠷ ᠲᠤᠲᠤᠮ ᠤᠨ ᠵᠠᠷᠤᠯᠭ᠎ᠠ ᠶᠢ ᠪᠠᠭᠠᠰᠬᠠᠨ᠎ᠠ᠃ ᠲᠥᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠢ ᠬᠢᠨᠠᠮᠠᠭᠠᠢ ᠲᠤᠭᠤᠰᠢᠯᠠᠭᠤᠯᠵᠤ᠂ ᠠᠷᠪᠢᠯᠠᠨ ᠭᠠᠮᠨᠠᠬᠤ ᠦᠵᠡᠯ | ᠰᠠᠨᠠᠭ᠎ᠠ ᠶᠢ ᠪᠠᠲᠤ ᠪᠤᠢ ᠪᠣᠯᠭᠠᠵᠤ᠂ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ ᠪᠦᠷᠢᠯᠭᠡᠨ ᠰᠦᠢᠳᠬᠡᠬᠦ ᠶᠢ | ᠡᠰᠡᠷᠭᠦᠴᠡᠵᠦ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠪᠠᠭᠠᠰᠬᠠᠬᠤ ᠠᠴᠠ ᠪᠢᠰᠢ ᠨᠡᠮᠡᠭᠳᠡᠭᠦᠯᠬᠦ ᠦᠭᠡᠢ᠂ | ᠡᠩ ᠤᠨ ᠴᠢᠨᠠᠷᠲᠠᠢ ᠵᠠᠷᠤᠯᠭ᠎ᠠ ᠪᠠ ᠪᠠᠴᠢᠮ ᠪᠤᠰᠤ ᠵᠠᠷᠤᠯᠭ᠎ᠠ᠂ ᠬᠠᠲᠠᠭᠤ ᠪᠤᠰᠤ ᠴᠢᠨᠠᠷᠲᠠᠢ ᠵᠠᠷᠤᠯᠭ᠎ᠠ ᠶᠢ ᠤᠯᠠᠮ ᠨᠢᠭᠡ | ᠠᠯᠬᠤᠮ ᠪᠠᠭᠠᠰᠬᠠᠬᠤ ᠬᠡᠷᠡᠭᠲᠡᠢ᠃ ᠬᠤᠶᠠᠷ ᠲᠤ ᠲᠥᠰᠦᠪ ᠤᠨ ᠲᠣᠬᠢᠷᠠᠭᠤᠯᠤᠯᠲᠠ ᠶᠢ ᠴᠢᠩᠭ᠎ᠠ ᠬᠢᠵᠠᠭᠠᠷᠯᠠᠨ᠎ᠠ᠃ ︽ | ᠤᠷᠢᠳᠠᠪᠠᠷ ᠲᠥᠰᠦᠪ ᠲᠠᠢ ᠳᠠᠷᠠᠭᠠᠪᠠᠷ ᠵᠠᠷᠤᠯᠭ᠎ᠠ ᠲᠠᠢ ᠪᠠᠶᠢᠬᠤ︾ ᠶᠢ ᠦᠷᠭᠦᠯᠵᠢᠯᠡᠨ ᠪᠠᠷᠢᠮᠲᠠᠯᠠᠨ᠎ᠠ᠂ ᠲᠥᠰᠦᠪ | ᠦᠭᠡᠢ᠂ ᠲᠥᠰᠦᠪ ᠠᠴᠠ ᠳᠠᠪᠠᠭᠤᠯᠬᠤ ᠳᠤ ᠵᠠᠷᠴᠢᠮ ᠳᠡᠭᠡᠷ᠎ᠡ ᠪᠠᠨ ᠵᠠᠷᠤᠯᠭ᠎ᠠ ᠲᠤᠬᠢᠷᠠᠭᠤᠯᠵᠤ ᠪᠣᠯᠬᠤ ᠦᠭᠡᠢ᠂ | ᠲᠥᠰᠦᠪ ᠢ ᠭᠦᠢᠴᠡᠳᠬᠡᠬᠦ ᠳᠤᠮᠳᠠᠬᠢ ᠪᠦᠷᠢᠯᠭᠡᠨ ᠰᠦᠢᠳᠬᠡᠬᠦ᠂ ᠠᠮᠵᠢᠯᠲᠠ ᠪᠦᠲᠦᠮᠵᠢ ᠪᠠᠷ ᠳᠣᠣᠷ᠎ᠠ ᠪᠠᠶᠢᠬᠤ | ᠵᠦᠢᠯᠡᠰ ᠢ ᠰᠢᠪᠠᠳᠠᠨ ᠴᠡᠭᠴᠡᠯᠡᠨ ᠥᠭᠡᠷᠡᠴᠢᠯᠡᠵᠦ᠂ ᠴᠢᠩᠭ᠎ᠠ ᠠᠳᠬᠤᠭᠰᠠᠨ ᠦᠭᠡᠢ᠂ ᠦᠷ᠎ᠡ ᠪᠦᠲᠦᠮᠵᠢ ᠪᠠᠷ | ᠳᠣᠣᠷ᠎ᠠ ᠪᠥᠭᠡᠳ ᠪᠦᠲᠦᠮᠵᠢ ᠦᠭᠡᠢ ᠪᠡᠯᠡ ᠮᠥᠩᠭᠦ ᠶᠢ ᠬᠦᠴᠦᠨ ᠦᠭᠡᠢ ᠪᠣᠯᠭᠠᠨ᠎ᠠ᠃ ᠭᠤᠷᠪᠠ ᠳᠤ ᠡᠳ᠋ ᠤᠨ | ᠶᠠᠪᠤᠳᠠᠯ ᠤᠨ ᠬᠠᠮᠢᠶᠠᠷᠤᠯᠲᠠ ᠶᠢ ᠴᠢᠩᠳᠠᠯᠠᠨ᠎ᠠ᠃ ᠳᠣᠲᠣᠭᠠᠳᠤ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ | ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ ᠬᠢᠨᠠᠨ ᠪᠣᠳᠣᠵᠤ | ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠂ ᠣᠷᠣᠯᠭ᠎ᠠ ᠵᠠᠷᠤᠯᠭ᠎ᠠ ᠶᠢᠨ | ᠲᠡᠩᠴᠡᠭᠦᠷᠢ ᠶᠢ ᠦᠨᠡᠨᠬᠦ ᠪᠠᠲᠤᠯᠠᠵᠤ᠂ ᠬᠠᠮᠢᠶᠠᠷᠤᠯᠲᠠ ᠶᠢᠨ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ | ︵ᠭᠤᠷᠪᠠ︶ ᠡᠭᠦᠷᠭᠡ ᠴᠢᠳᠠᠪᠤᠷᠢ ᠪᠠᠨ ᠪᠠᠳᠠᠷᠠᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠦᠷᠭᠦᠯᠵᠢᠯᠡᠨ | ᠴᠢᠩᠭᠠᠳᠬᠠᠨ᠎ᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠶ ᠠᠬᠢᠭᠤᠯᠵᠤ᠂ ᠶᠠᠳᠠᠭᠤ ᠶᠢ ᠲᠡᠳᠬᠦᠬᠦ ᠠᠵᠤ | ᠦᠢᠯᠡᠰ᠂ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠵᠠᠯᠭᠠᠮᠵᠢ ᠠᠵᠤ ᠦᠢᠯᠡᠰ᠂ ᠠᠮᠢ ᠠᠬᠤᠶ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠭᠠᠴᠠᠭ᠎ᠠ ᠲᠣᠰᠬᠤᠨ | ᠨᠢᠭᠡᠪᠦᠷᠢ ᠶᠢᠨ ᠠᠯᠪᠠᠨ ᠬᠡᠷᠡᠭᠯᠡᠭᠡᠨ ᠤ ᠵᠠᠷᠤᠳᠠᠯ ᠤᠨ 2 ᠲᠦᠮᠡᠨ ᠲᠥᠭᠦᠷᠢᠭ ᠠᠴᠠ ᠳᠤᠲᠠᠭᠤ ᠦᠭᠡᠶ ᠶᠢ ᠣᠷᠴᠢᠨ | ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠳᠤ ᠬᠡᠷᠡᠭᠯᠡᠨ᠎ᠡ᠃ ᠣᠨᠴᠠᠯᠢᠭᠲᠤ ᠲᠠᠷᠢᠶᠠᠯᠠᠩ ᠤᠨ ᠲᠥᠷᠥᠯ | ᠲᠡᠮᠳᠡᠭ ᠢ ᠲᠦᠷᠭᠡᠳᠬᠡᠨ ᠪᠤᠶᠢᠵᠢᠭᠤᠯᠵᠤ᠂ ︽ᠳᠤᠮᠳᠠᠳᠤ ᠤᠯᠤᠰ ᠤᠨ ᠰᠦ᠋ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ ᠵᠢᠱᠢᠶ᠎ᠡ ᠦᠵᠡᠭᠦᠯᠬᠦ ᠬᠤᠰᠢᠭᠤ︾ ︽ᠳᠤᠮᠳᠠᠳᠤ ᠤᠯᠤᠰ ᠤᠨ ᠤᠮᠠᠷᠠᠲᠤ ᠶᠢᠨ ᠴᠢᠬᠤᠯᠠ ᠠᠮᠢᠳᠤ | ᠭᠠᠭ᠋ᠠᠶ ᠶᠢᠨ ᠠᠵᠤ ᠦᠢᠯᠡᠰ ᠤᠨ ᠰᠠᠭᠤᠷᠢᠨ ᠭᠠᠵᠠᠷ︾ ︽ᠤᠮᠠᠷᠠᠲᠤ ᠶᠢᠨ ᠰᠢᠬᠢᠷᠲᠦ ᠬᠤᠲᠠ︾ ︽ᠥᠪᠥᠷ | ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠤᠮᠠᠷᠠᠲᠤ ᠶᠢᠨ ᠡᠮ ᠢ ᠲᠥᠪᠯᠡᠷᠡᠭᠦᠯᠦᠨ ᠲᠠᠷᠬᠠᠭᠠᠬᠤ ᠭᠠᠵᠠᠷ︾ | ᠢ ᠴᠣᠭᠴᠠᠯᠠᠬᠤ ᠪᠠᠷ ᠬᠠᠷᠠᠯᠲᠠ ᠪᠣᠯᠭᠠᠨ᠎ᠠ᠃ ︽ᠲᠠᠪᠤᠨ ᠶᠡᠭᠡ ᠠᠵᠤ ᠦᠢᠯᠡᠰ ᠤᠨ ᠰᠦᠷᠦᠭᠵᠢᠯ︾ ᠢᠶᠠᠷ ᠭᠠᠷᠳᠠᠴᠠ | ᠪᠣᠯᠭᠠᠨ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠭᠦᠯᠬᠦ ᠶᠢ ᠪᠡᠶᠡᠯᠡᠭᠦᠯᠦᠨ᠎ᠡ᠃ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ | ᠲᠦᠷᠭᠡᠳᠬᠡᠨ ᠪᠠᠶᠢᠭᠤᠯᠵᠤ᠂ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ᠂ ᠰᠣᠶᠣᠯ᠂ ᠵᠤᠭᠠᠴᠠᠯ | ᠂ ᠠᠶᠢᠮᠠᠭ ᠬᠤᠰᠢᠭᠤ ᠬᠠᠮᠲᠤᠪᠠᠷ ᠪᠠᠶᠢᠭᠤᠯᠬᠤ ᠵᠡᠷᠭᠡ ᠬᠦᠷᠢᠶ᠎ᠡ ᠬᠡᠪᠴᠢᠶᠡᠨ ᠳᠠᠬᠢ ᠭᠤᠣᠯᠳᠠᠯᠭ᠎ᠠ ᠲᠠᠢ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠳᠠᠮᠵᠢᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠦᠨ᠎ᠡ | ᠃ ᠦᠵᠡᠯ ᠤᠬᠠᠮᠰᠠᠷ ᠤᠨ ᠬᠡᠯᠪᠡᠷᠢ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠨᠡᠶᠢᠭᠡᠮ ᠤᠨ ᠠᠮᠤᠷ | ᠲᠦᠪᠰᠢᠨ ᠢ ᠶᠡᠷᠦᠩᠬᠡᠶᠢᠯᠡᠨ ᠵᠠᠰᠠᠬᠤ ᠵᠡᠷᠭᠡ ᠠᠵᠢᠯ ᠢ ᠦᠷᠭᠦᠯᠵᠢᠯᠡᠨ ᠳᠠᠮᠵᠢᠵᠤ᠂ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠷᠠᠳ ᠣᠯᠠᠨ ᠳᠤ ᠠᠮᠤᠷ ᠲᠠᠶᠢᠪᠤᠩ ᠠᠵᠤ | ᠲᠦᠷᠦᠭᠦ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ᠃ | ︵ᠳᠥᠷᠪᠡ︶ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠡᠳ᠋ ᠤᠨ ᠵᠠᠰᠠᠭ ᠤᠨ ᠯᠠᠪᠳᠠᠭᠤᠨ ᠢᠶᠠᠷ ᠬᠤᠯᠠ | ᠠᠶᠠᠯᠠᠬᠤ ᠶᠢ ᠦᠨᠡᠨᠬᠦ ᠪᠠᠲᠤᠯᠠᠨ᠎ᠠ | ᠡᠳ᠋ ᠤᠨ ᠵᠠᠰᠠᠭ ᠤᠨ ᠪᠡᠯᠡ ᠮᠥᠩᠭᠦ ᠢᠯᠠᠩᠭᠤᠶ᠎ᠠ ᠲᠤᠰᠬᠠᠶ ᠵᠦᠢᠯ ᠤᠨ ᠪᠡᠯᠡ ᠮᠥᠩᠭᠦ ᠶᠢ ᠬᠡᠷᠡᠭᠯᠡᠬᠦ ᠪᠦᠬᠦ | ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠪᠡᠯᠡ ᠮᠥᠩᠭᠦ ᠶᠢ ᠴᠠᠭ ᠲᠤᠬᠠᠶ ᠳᠤᠨᠢ᠂ ᠣᠨᠣᠪᠴᠢᠲᠠᠶ | ᠰᠠᠯᠭᠠᠨ ᠥᠭᠴᠦ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ ᠪᠦᠬᠦ ᠶᠠᠪᠤᠴᠠ ᠶᠢᠨ ᠡᠳ᠋ ᠤᠨ ᠵᠠᠰᠠᠭ ᠤᠨ | ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ | ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠴᠢᠬᠤᠯᠠ ᠶᠡᠭᠡ ᠡᠳ᠋ ᠤᠨ ᠵᠠᠰᠠᠭ ᠭᠠᠶᠢᠯᠢ ᠶᠢᠨ ᠲᠦᠷᠦ ᠶᠢᠨ | ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ᠂ | ᠭᠤᠣᠯᠳᠠᠯᠭ᠎ᠠ ᠲᠠᠢ ᠰᠠᠯᠠᠭ᠎ᠠ ᠮᠥᠴᠢᠷ ᠨᠢᠭᠡᠴᠡ᠂ ᠭᠤᠣᠯᠳᠠᠯᠭ᠎ᠠ ᠲᠠᠢ ᠵᠦᠢᠯᠡᠰ ᠤᠨ ᠬᠢᠨᠠᠯᠲᠠ ᠪᠠᠶᠢᠴᠠᠭᠠᠯᠲᠠ ᠶᠢᠨ | ᠡᠷᠴᠢᠮ ᠢ ᠴᠢᠩᠭᠠᠷᠠᠭᠤᠯᠤᠨ᠎ᠠ᠃ | ︵ᠲᠠᠪᠤ︶ ᠥᠷᠢ ᠥᠭᠴᠡᠭᠡ ᠶᠢ ᠴᠢᠩᠭ᠎ᠠ ᠡᠵᠡᠮᠳᠡᠵᠦ᠂ ᠦᠯᠡᠳᠡᠭᠡᠯ ᠥᠷᠢ ᠥᠭᠴᠡᠭᠡ ᠶᠢ ᠠᠷᠢᠯᠭᠠᠬᠤ ᠶᠢ | ᠢᠳᠡᠪᠬᠢᠲᠡᠢ ᠰᠠᠶᠢᠲᠤᠷ ᠬᠢᠨ᠎ᠡ | ᠦᠯᠡᠳᠡᠭᠡᠯ ᠥᠷᠢ ᠥᠭᠴᠡᠭᠡ ᠶᠢ ᠠᠷᠢᠯᠭᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠥᠷᠢ ᠥᠭᠴᠡᠭᠡ ᠶᠢᠨ | ᠤᠨ ᠤ ᠠᠷᠢᠯᠭᠠᠬᠤ ᠬᠠᠷᠠᠯᠲᠠ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠶᠢ ᠴᠢᠩᠭᠠᠳᠬᠠᠵᠤ᠂ ᠳᠠᠯᠳᠠ ᠥᠷᠢ ᠥᠭᠴᠡᠭᠡ ᠶᠢᠨ ᠶᠡᠷᠦᠩᠬᠡᠶ ᠬᠡᠮᠵᠢᠶ᠎ᠡ ᠶᠢ ᠨᠡᠮᠡᠭᠳᠡᠭᠦᠯᠬᠦ ᠥᠬᠡᠶ ᠪᠠᠶᠢᠬᠤ | ᠬᠢᠵᠠᠭᠠᠷ ᠱᠤᠭᠤᠮ ᠢ ᠪᠠᠲᠤ ᠰᠠᠬᠢᠵᠤ᠂ ᠳᠠᠯᠳᠠ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ᠂ ᠬᠠᠤᠯᠢ | ᠲᠣᠭᠲᠠᠭᠠᠯ ᠠᠴᠠ ᠵᠥᠷᠢᠴᠡᠨ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠬᠢᠬᠦ ᠪᠠ ᠡᠯ᠎ᠡ ᠲᠥᠷᠥᠯ ᠤᠨ ᠬᠡᠯᠪᠡᠷᠢ ᠶᠢ ᠨᠢ | ᠬᠤᠪᠢᠷᠠᠭᠤᠯᠤᠨ ᠥᠷᠢ ᠲᠠᠯᠪᠢᠬᠤ ᠦᠢᠯᠡ ᠠᠵᠢᠯᠯᠠᠭ᠎ᠠ ᠶᠢ ᠡᠷᠡᠰ ᠬᠤᠷᠢᠭᠯᠠᠨ᠎ᠠ᠃ ᠡᠭᠦᠨ ᠤ ᠬᠠᠮᠲᠤ ᠳᠡᠭᠡᠳᠦ | ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠯᠦᠭᠡ ᠶᠢᠨ ᠵᠣᠯᠭᠠᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ | 2021 ᠣᠨ ᠤ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠠᠵᠢᠯ ᠢ ᠵᠡᠷᠭᠡ ᠪᠠᠷ | ᠠᠷᠭ᠎ᠠ ᠰᠦᠪᠡᠭᠴᠢᠯᠡᠵᠦ᠂ ᠰᠠᠶᠢᠲᠤᠷ ᠬᠢᠬᠦ ᠬᠡᠷᠡᠭᠲᠡᠶ᠃ | ᠲᠦᠯᠦᠭᠡᠯᠡᠭᠴᠢᠳ ᠡ᠂ 2021 ᠣᠨ ᠳᠤ᠂ ᠡᠳ᠋ ᠤᠨ ᠵᠠᠰᠠᠭ ᠤᠨ ᠠᠵᠢᠯ ᠢ ᠬᠤᠰᠢᠭᠤᠨ ᠤ ᠨᠠᠮ ᠤᠨ ᠬᠤᠷᠢᠶᠠᠨ | ᠤ ᠵᠥᠪ ᠣᠨᠣᠪᠴᠢᠲᠠᠢ ᠤᠳᠤᠷᠢᠳᠤᠯᠭ᠎ᠠ ᠳᠣᠣᠷ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ | ᠶᠢ ᠤᠬᠠᠮᠰᠠᠷ ᠠᠴᠠ ᠪᠠᠨ ᠬᠦᠯᠢᠶᠡᠵᠦ᠂ ᠤᠯᠤᠰ ᠲᠥᠷᠦ ᠶᠢᠨ ᠵᠥᠪᠯᠡᠯᠭᠡᠨ ᠤ ᠰᠠᠨᠠᠯ ᠰᠠᠨᠠᠭᠤᠯᠭ᠎ᠠ ᠶᠢ ᠨᠠᠷᠢᠨ | ᠬᠢᠨᠠᠮᠠᠭᠠᠢ ᠰᠣᠨᠣᠰᠴᠤ᠂ ᠲᠣᠰ ᠤᠳᠠᠭᠠᠨ ᠤ ᠬᠤᠷᠠᠯ ᠤᠨ ᠡᠯ᠎ᠡ ᠲᠥᠷᠥᠯ ᠤᠨ ᠰᠢᠢᠳᠪᠦᠷᠢ ᠱᠠᠭᠠᠷᠳᠠᠯᠭ᠎ᠠ ᠶᠢ ᠦᠨᠡᠨᠬᠦ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠨᠠᠩ ᠥᠷᠭᠡᠨ ᠰᠡᠳᠬᠢᠴᠡ᠂ ᠨᠠᠩ ᠴᠤᠭ ᠪᠠᠳᠠᠷᠠᠩᠭᠤᠢ ᠵᠣᠷᠢᠭ ᠰᠠᠨᠠᠭ᠎ᠠ | ᠂ ᠨᠠᠩ ᠬᠦᠴᠦᠲᠡᠢ ᠠᠷᠭ᠎ᠠ ᠬᠡᠮᠵᠢᠶ᠎ᠡ ᠪᠠᠷ ᠦᠵᠡᠯ ᠰᠠᠨᠠᠭ᠎ᠠ ᠪᠠᠨ ᠴᠢᠯᠥᠭᠡᠯᠡᠨ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠴᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ 2021 ᠣᠨ ᠤ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠲᠥᠰᠦᠪ ᠤᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠵᠤ᠂ ᠪᠦᠬᠦ ᠬᠤᠰᠢᠭᠤᠨ ᠤ | ᠠᠵᠤ ᠠᠬᠤᠢ ᠪᠠ ᠨᠡᠶᠢᠭᠡᠮ ᠤᠨ ᠦᠢᠯᠡᠰ ᠤᠨ ᠰᠢᠨᠵᠢᠯᠡᠬᠦ ᠤᠬᠠᠭᠠᠨᠴᠢ ᠬᠥᠭᠵᠢᠯᠲᠡ ᠶᠢ ᠠᠬᠢᠭᠤᠯᠬᠤ ᠳᠤ ᠰᠢᠨ᠎ᠡ | ᠬᠤᠪᠢ ᠨᠡᠮᠡᠷᠢ ᠦᠵᠡᠭᠦᠯᠦᠶ᠎ᠡ᠃ |