4 ᠰᠠᠷ᠎ᠠ ᠶᠢᠨ 19 ᠤ ᠡᠳᠦᠷ᠂ ᠬᠤᠰᠢᠭᠤᠨ ᠤ ᠵᠠᠮ ᠬᠠᠷᠢᠯᠴᠠᠭᠠᠨ ᠤ ᠲᠣᠭᠤᠷᠢᠨ ᠪᠠᠶᠢᠴᠠᠭᠠᠬᠤ ᠶᠡᠭᠡ ᠠᠩᠭᠢ | ︽ᠢᠯᠡ ᠪᠠᠷ ᠨᠡᠭᠡᠭᠡᠵᠦ ᠴᠠᠭᠳᠠᠭ᠎ᠠ ᠶᠢ ᠦᠨᠡᠯᠡᠬᠦ︾ ᠴᠠᠭᠳᠠᠭ᠎ᠠ ᠠᠷᠠᠳ ᠤᠨ ᠲᠤᠲᠤᠨᠦ ᠶᠠᠷᠢᠯᠴᠠᠬᠤ ᠬᠤᠷᠠᠯ ᠢ | ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠲᠥᠯᠥᠭᠡᠯᠡᠭᠴᠢᠳ ᠤᠨ ᠰᠠᠨᠠᠯ | ᠵᠦᠪᠯᠡᠯᠭᠡ ᠶᠢ ᠥᠷᠭᠡᠨ ᠢᠶᠠᠷ ᠰᠣᠨᠣᠰᠴᠤ᠂ ᠵᠠᠮ ᠬᠠᠷᠢᠯᠴᠠᠭᠠᠨ ᠤ ᠲᠣᠭᠤᠷᠢᠨ ᠪᠠᠶᠢᠴᠠᠭᠠᠬᠤ ᠠᠵᠢᠯ ᠤᠨ ᠴᠢᠨᠠᠷ | ᠴᠢᠨᠰᠠᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠣᠯᠠᠨ ᠲᠦᠮᠡᠨ ᠤ ᠠᠮᠤᠷ ᠲᠦᠪᠰᠢᠨ ᠤ ᠰᠡᠳᠬᠢᠯᠭᠡ᠂ | ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠵᠦ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠡᠩᠨᠡᠭᠡᠨ ᠤ | ᠬᠥᠮᠦᠵᠢᠯ ᠴᠡᠭᠴᠡᠯᠡᠯᠲᠡ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠪᠠ᠃ | ᠲᠤᠲᠤᠨᠦ ᠶᠠᠷᠢᠯᠴᠠᠬᠤ ᠬᠤᠷᠠᠯ ᠳᠡᠭᠡᠷ᠎ᠡ᠂ ᠬᠤᠰᠢᠭᠤᠨ ᠤ ᠵᠠᠮ ᠬᠠᠷᠢᠯᠴᠠᠭᠠᠨ ᠤ ᠲᠣᠭᠤᠷᠢᠨ ᠪᠠᠶᠢᠴᠠᠭᠠᠬᠤ ᠶᠡᠭᠡ | ᠠᠩᠭᠢ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠤ ᠵᠠᠮ ᠬᠠᠷᠢᠯᠴᠠᠭᠠᠨ ᠤ | ᠲᠣᠭᠤᠷᠢᠨ ᠪᠠᠶᠢᠴᠠᠭᠠᠬᠤ ᠶᠡᠭᠡ ᠠᠩᠭᠢ ᠶᠢᠨ ᠣᠶᠢᠷ᠎ᠠ ᠶᠢᠨ ᠬᠤᠭᠤᠴᠠᠭᠠᠨ ᠤ ᠠᠵᠢᠯ ᠢᠶᠠᠨ ᠥᠷᠨᠢᠭᠦᠯᠦᠭᠰᠡᠨ | ᠪᠠᠶᠢᠳᠠᠯ ᠢ ᠬᠠᠷᠢᠭᠤ ᠮᠡᠳᠡᠭᠦᠯᠦᠭᠰᠡᠨ ᠪᠥᠭᠡᠳ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ᠂ ᠴᠡᠭᠴᠡᠯᠡᠨ | ᠰᠠᠶᠢᠵᠢᠷᠠᠭᠤᠯᠬᠤ ᠵᠡᠷᠭᠡ ᠲᠠᠯ᠎ᠠ ᠪᠠᠷ ᠲᠤᠬᠠᠶ ᠶᠢᠨ ᠲᠠᠯᠠᠪᠤᠷ ᠲᠤ ᠪᠠᠶᠢᠭᠰᠠᠨ ᠡᠯ᠎ᠡ ᠡᠲᠡᠭᠡᠳ ᠤᠨ | ᠲᠥᠯᠥᠭᠡᠯᠡᠭᠴᠢᠳ ᠲᠠᠢ ᠭᠦᠨᠵᠡᠭᠡᠶ ᠰᠠᠨᠠᠯ ᠢᠶᠠᠨ ᠰᠣᠯᠢᠯᠴᠠᠪᠠ᠃ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ | ᠥᠪᠡᠷ ᠥᠪᠡᠷ ᠤᠨ ᠰᠠᠨᠠᠯ ᠢᠶᠠᠨ ᠶᠠᠷᠢᠵᠤ᠂ ᠰᠠᠨᠠᠭᠰᠠᠨ ᠢᠶᠠᠨ ᠠᠭᠤᠵᠢᠷᠠᠲᠠᠯ᠎ᠠ ᠶᠠᠷᠢᠭᠰᠠᠨ ᠨᠢ ᠵᠠᠮ ᠬᠠᠷᠢᠯᠴᠠᠭᠠᠨ ᠤ | ᠲᠣᠭᠤᠷᠢᠨ ᠪᠠᠶᠢᠴᠠᠭᠠᠬᠤ ᠶᠡᠭᠡ ᠠᠩᠭᠢ ᠶᠢᠨ ᠣᠶᠢᠷ᠎ᠠ ᠶᠢᠨ ᠵᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ | ᠬᠠᠮᠢᠶᠠᠷᠤᠯᠲᠠ ᠶᠢᠨ ᠠᠵᠢᠯ ᠤᠨ ᠲᠠᠯ᠎ᠠ ᠪᠠᠷ ᠣᠯᠤᠭᠰᠠᠨ ᠠᠮᠵᠢᠯᠲᠠ ᠪᠦᠲᠦᠮᠵᠢ ᠶᠢ ᠨᠤᠲᠠᠯᠠᠭᠰᠠᠨ ᠢᠶᠠᠷ ᠪᠠᠷᠠᠬᠤ ᠥᠬᠡᠶ | ᠪᠠᠰᠠ ᠥᠷᠭᠡᠨ ᠣᠯᠠᠨ ᠵᠠᠮ ᠬᠠᠷᠢᠯᠴᠠᠭᠠᠨ ᠤ ᠴᠠᠭᠳᠠᠭ᠎ᠠ᠂ ᠲᠤᠰᠠᠯᠠᠬᠤ ᠴᠠᠭᠳᠠᠭ᠎ᠠ ᠶᠢᠨ ᠠᠵᠢᠯ ᠤᠨ ᠪᠠᠶᠢᠷᠢ ᠪᠠᠨ | ᠬᠠᠶᠢᠷᠠᠯᠠᠵᠤ ᠠᠵᠢᠯ ᠦᠢᠯᠡᠰ ᠢᠶᠠᠨ ᠳᠡᠭᠡᠳᠦᠯᠡᠬᠦ᠂ ᠭᠤᠶᠠᠴᠢ ᠥᠬᠡᠶ ᠵᠢᠳᠬᠦᠬᠦ ᠰᠠᠶᠢᠨ ᠰᠠᠶᠢᠬᠠᠨ ᠣᠶᠤᠨ ᠰᠠᠨᠠᠭᠠᠨ ᠤ | ᠳᠦᠷᠰᠦ ᠪᠠᠶᠢᠳᠠᠯ ᠢ ᠳᠡᠭᠡᠳᠦ ᠬᠡᠮᠵᠢᠶ᠎ᠡ ᠪᠠᠷ ᠦᠨᠡᠯᠡᠬᠦ ᠶᠢᠨ ᠬᠠᠮᠲᠤ ᠵᠠᠮ ᠬᠠᠷᠢᠯᠴᠠᠭᠠᠨ ᠤ ᠲᠦᠭᠵᠢᠷᠡᠯ᠂ ᠲᠡᠷᠭᠡ | ᠬᠥᠰᠬᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ ᠵᠠᠮ ᠬᠠᠷᠢᠯᠴᠠᠭᠠᠨ ᠤ ᠢᠯᠡᠳᠬᠡᠮᠵᠢ ᠶᠢ | ᠰᠠᠶᠢᠵᠢᠷᠠᠭᠤᠯᠬᠤ ᠵᠡᠷᠭᠡ ᠠᠵᠢᠯ ᠤᠨ ᠲᠣᠭᠤᠷᠢᠨ ᠳᠤ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ | ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠳᠡᠳ᠋ ᠵᠠᠬᠢᠷᠤᠯ ᠵᠠᠩ ᠴᠢᠨ᠄ ︽ᠪᠢᠳᠡᠨ ᠤ | ᠰᠤᠷᠭᠠᠨ ᠬᠥᠮᠦᠵᠢᠯ ᠤᠨ ᠰᠢᠰᠲ᠋ᠧᠮ ᠢ ᠲᠥᠯᠥᠭᠡᠯᠡᠵᠦ ᠳᠤᠷᠠᠳᠤᠭᠰᠠᠨ ᠠᠰᠠᠭᠤᠳᠠᠯ ᠴᠤ ᠮᠠᠰᠢ ᠣᠯᠠᠨ ᠪᠠᠶᠢᠨ᠎ᠠ᠂ | ᠥᠨᠥᠳᠦᠷ ᠤᠨ ᠬᠤᠷᠠᠯ ᠳᠡᠭᠡᠷ᠎ᠡ ᠲᠡᠳᠡᠨ ᠤ ᠬᠠᠷᠢᠭᠤ ᠥᠭᠭᠦᠭᠰᠡᠨ ᠨᠢ ᠪᠦᠷ ᠨᠡᠯᠢᠶᠡᠳ ᠰᠠᠶᠢᠨ᠂ ᠲᠡᠳᠡᠨ ᠤ | ᠲᠣᠭᠤᠷᠢᠨ ᠪᠠᠶᠢᠴᠠᠭᠠᠬᠤ ᠶᠡᠭᠡ ᠠᠩᠭᠢ ᠶᠢᠨ ᠵᠥᠪ ᠲᠠᠯ᠎ᠠ ᠶᠢᠨ ᠬᠠᠷᠢᠭᠤᠯᠲᠠ ᠶᠢ ᠣᠯᠤᠭᠰᠠᠨ ᠮᠥᠷᠲᠡᠭᠡᠨ ᠪᠢᠳᠡᠨ ᠢ | ᠮᠠᠰᠢ ᠰᠠᠶᠢᠨ ᠬᠠᠪᠰᠤᠷᠤᠨ ᠰᠢᠢᠳᠪᠦᠷᠢᠯᠡᠵᠦ ᠥᠭᠭᠦᠭᠰᠡᠨ ᠪᠠᠶᠢᠨ᠎ᠠ᠂ ᠮᠢᠨᠦ ᠦᠵᠡᠬᠦ ᠪᠠᠷ ᠡᠨᠡ ᠬᠦ ᠬᠦᠳᠡᠯᠭᠡᠭᠡᠨ ᠨᠢ | ᠦᠨᠡᠬᠡᠷ ᠮᠠᠨ ᠤ ᠡᠯ᠎ᠡ ᠨᠢᠭᠡᠴᠡ ᠳᠤ᠂ ᠢᠯᠠᠩᠭᠤᠶ᠎ᠠ ᠮᠠᠨ ᠤ ᠰᠤᠷᠭᠠᠭᠤᠯᠢ ᠳᠤ ᠠᠰᠢᠭᠲᠠᠶ ᠶᠤᠮ︾ ᠭᠡᠵᠡᠶ᠃ | ︽ᠢᠯᠡ ᠪᠠᠷ ᠴᠠᠭᠳᠠᠭ᠎ᠠ ᠶᠢ ᠦᠨᠡᠯᠡᠬᠦ︾ ᠴᠠᠭᠳᠠᠭ᠎ᠠ ᠠᠷᠠᠳ ᠤᠨ ᠲᠤᠲᠤᠨᠦ ᠶᠠᠷᠢᠯᠴᠠᠬᠤ ᠬᠤᠷᠠᠯ ᠪᠣᠯ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠮ ᠬᠠᠷᠢᠯᠴᠠᠭᠠᠨ ᠤ ᠲᠣᠭᠤᠷᠢᠨ ᠪᠠᠶᠢᠴᠠᠭᠠᠬᠤ ᠶᠡᠭᠡ | ᠠᠩᠬᠢ ᠶᠢᠨ ᠪᠦᠬᠦ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ | ᠴᠡᠭᠴᠡᠯᠡᠯᠲᠡ ᠶᠢᠨ ᠠᠵᠢᠯ ᠢ ᠢᠳᠡᠪᠬᠢᠲᠡᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ | ᠨᠡᠶᠢᠭᠡᠮ ᠤᠨ ᠡᠯ᠎ᠡ ᠡᠲᠡᠭᠡᠳ ᠤᠨ ᠲᠥᠯᠥᠭᠡᠯᠡᠭᠴᠢᠳ ᠲᠠᠢ ᠶᠠᠷᠢᠯᠴᠠᠬᠤ ᠬᠤᠷᠠᠯ ᠬᠢᠬᠦ ᠪᠠᠷ ᠳᠠᠮᠵᠢᠭᠤᠯᠤᠨ᠂ ᠡᠯ᠎ᠡ | ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠬᠤᠷᠢᠶᠠᠵᠤ᠂ ᠡᠯ᠎ᠡ ᠡᠲᠡᠭᠡᠳ ᠤᠨ ᠲᠥᠯᠥᠭᠡᠯᠡᠭᠴᠢᠳ ᠪᠠ ᠠᠷᠠᠳ | ᠤᠯᠠᠨ ᠤ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠪᠠ ᠳᠣᠲᠣᠭᠠᠳᠤ ᠶᠢ | ᠬᠠᠮᠠᠭᠠᠯᠠᠬᠤ ᠠᠵᠢᠯ ᠤᠨ ᠲᠤᠬᠠᠶ ᠪᠦᠬᠦᠯᠢ ᠴᠣᠭᠴᠠ ᠶᠢᠨ ᠦᠨᠡᠯᠡᠯᠲᠡ ᠶᠢ ᠣᠶᠢᠯᠠᠭᠠᠵᠤ᠂ ᠬᠥᠮᠦᠵᠢᠯ | ᠴᠡᠭᠴᠡᠯᠡᠯᠲᠡ ᠶᠢᠨ ᠠᠵᠢᠯ ᠳᠤ ᠤᠯᠠᠨ ᠲᠦᠮᠡᠨ ᠣᠷᠣᠯᠴᠠᠵᠤ᠂ ᠤᠯᠠᠨ ᠲᠦᠮᠡᠨ ᠤ ᠬᠢᠨᠠᠯᠲᠠ ᠶᠢ ᠬᠦᠯᠢᠶᠡᠵᠦ᠂ ᠤᠯᠠᠨ | ᠲᠦᠮᠡᠨ ᠢᠶᠠᠷ ᠦᠨᠡᠯᠡᠭᠦᠯᠦᠨ᠂ ᠦᠨᠡᠨ ᠳᠠᠭᠤᠨ ᠢ ᠰᠣᠨᠣᠰᠴᠤ᠂ ᠦᠨᠡᠨ ᠠᠰᠠᠭᠤᠳᠠᠯ ᠢ ᠢᠯᠡᠷᠡᠭᠦᠯᠵᠦ᠂ ᠦᠨᠡᠨ | ᠬᠦᠴᠢᠷ ᠶᠠᠪᠤᠳᠠᠯ ᠢ ᠰᠢᠢᠳᠪᠦᠷᠢᠯᠡᠬᠦ ᠶᠢ ᠦᠨᠡᠨ ᠬᠦ ᠪᠡᠶᠡᠯᠡᠭᠦᠯᠦᠭᠰᠡᠨ ᠪᠠᠶᠢᠨ᠎ᠠ᠃ | ︽ᠰᠠᠨᠠᠯ ᠰᠠᠨᠠᠭᠤᠯᠭ᠎ᠠ ᠶᠢ ᠴᠤᠭᠯᠠᠭᠤᠯᠬᠤ᠂ ᠴᠡᠭᠴᠡᠯᠡᠨ ᠥᠭᠡᠷᠡᠴᠢᠯᠡᠬᠦ ᠪᠠ ᠮᠠᠨ ᠤ ᠣᠯᠠᠨ ᠲᠦᠮᠡᠨ ᠳᠤ | ᠦᠢᠯᠡᠴᠢᠯᠡᠬᠦ ᠠᠵᠢᠯ ᠪᠣᠯᠤᠨ ᠴᠢᠳᠠᠪᠤᠷᠢ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠪᠠᠷ ᠳᠠᠮᠵᠢᠭᠤᠯᠤᠨ᠂ ᠮᠠᠨ ᠤ | ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠵᠠᠮ ᠬᠠᠷᠢᠯᠴᠠᠭᠠᠨ ᠤ ᠡᠮᠬᠢ ᠵᠢᠷᠤᠮ ᠤᠨ | ᠬᠠᠮᠢᠶᠠᠷᠤᠯᠲᠠ ᠶᠢᠨ ᠡᠯ᠎ᠡ ᠲᠠᠯ᠎ᠠ ᠶᠢᠨ ᠠᠵᠢᠯ ᠢ ᠰᠠᠶᠢᠲᠤᠷ ᠬᠢᠬᠦ ᠪᠠᠷ ᠨᠡᠩ ᠢᠯᠡᠭᠦᠦ ᠴᠢᠷᠮᠠᠶᠢᠵᠤ᠂ ᠠᠷᠠᠳ ᠣᠯᠠᠨ ᠤ | ᠵᠣᠯ ᠵᠢᠷᠭᠠᠯᠲᠤ ᠰᠡᠳᠬᠢᠯᠭᠡ᠂ ᠠᠮᠤᠷ ᠲᠦᠪᠰᠢᠨ ᠤ ᠰᠡᠳᠬᠢᠯᠬᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠬᠡᠷᠡᠭᠲᠡᠶ | ᠃︾ ᠬᠡᠵᠦ ᠬᠤᠷᠴᠢᠨ ᠪᠠᠷᠠᠭᠤᠨ ᠭᠠᠷᠤᠨ ᠡᠮᠦᠨ᠎ᠡ ᠬᠤᠰᠢᠭᠤᠨ ᠤ ᠵᠠᠮ ᠬᠠᠷᠢᠯᠴᠠᠭᠠᠨ ᠤ ᠲᠣᠭᠤᠷᠢᠨ ᠪᠠᠶᠢᠴᠠᠭᠠᠬᠤ | ᠶᠡᠭᠡ ᠠᠩᠬᠢ ᠶᠢᠨ ᠳᠠᠷᠤᠭ᠎ᠠ ᠯᠢ ᠬᠠᠢ ᠹᠧᠩ ᠬᠡᠯᠡᠪᠡ᠃ |