ᠳᠤᠮᠳᠠᠳᠤ ᠤᠯᠤᠰ ᠤᠨ  ᠡᠪ ᠬᠠᠮᠲᠤ ᠨᠠᠮ  ᠤᠨ  ᠬᠤᠷᠴᠢᠨ ᠪᠠᠷᠠᠭᠤᠨ ᠭᠠᠷᠤᠨ  ᠡᠮᠦᠨᠡᠲᠦ ᠬᠤᠰᠢᠭᠤᠨ  ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ 131 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/4/8
   3 ᠰᠠᠷ᠎ᠠ ᠶᠢᠨ 26 ᠤ ᠡᠳᠦᠷ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ  ᠤᠨ ᠵᠦᠪᠯᠡᠯ ᠤᠨ ᠳᠡᠳ᠋ ᠡᠷᠬᠢᠯᠡᠭᠴᠢ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠵᠦ ᠴᠧᠩ ᠪᠠᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ 131 ᠳ᠋ᠣᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ  ᠃ ᠬᠤᠰᠢᠭᠤᠨ ᠤ ᠤᠳᠤᠷᠢᠳᠤᠯᠭ᠎ᠠ ᠯᠢ ᠵᠧᠨ ᠯᠢᠨ᠂ ᠯᠢᠦ ᠬᠠᠶ ᠲᠤᠤ᠂ ᠸᠠᠩ ᠵᠢᠶᠠ ᠪᠥᠸᠧ᠂ ᠶᠤᠸᠠᠢ ᠰᠥᠩ ᠱᠠᠨ᠂ ᠯᠢ ᠹᠠᠩ ᠬᠤᠷᠠᠯ ᠳᠤ ᠣᠷᠣᠯᠴᠠᠵᠠᠶ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠨ ᠿᠠᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠢᠤ ᠿᠤ᠋ ᠹᠧᠩ ᠬᠤᠷᠠᠯ ᠳᠤ ᠰᠤᠯᠠ ᠣᠷᠣᠯᠴᠠᠪᠠ᠃ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠵᠤ ᠶᠠᠷᠢᠭᠰᠠᠨ ᠴᠢᠬᠤᠯᠠ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠣᠭᠰᠠᠨ ᠰᠠᠨᠠᠯ᠂ ᠱᠢ ᠲᠠᠢ ᠹᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠲᠦᠷᠢᠮ︾᠂ ᠪᠦᠬᠦ ᠤᠯᠤᠰ᠂ ᠪᠦᠬᠦ ᠣᠷᠣᠨ᠂ ᠪᠦᠬᠦ ᠠᠶᠢᠮᠠᠭ ᠤᠨ ᠨᠢᠭᠡᠳᠦᠮᠡᠯ ᠹᠷᠣᠨᠲ ᠤᠨ ᠬᠡᠯᠲᠡᠰ  ᠤᠨ ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠲᠣᠭᠤᠷᠢᠨ ᠦᠵᠡᠵᠦ ᠲᠣᠭᠤᠷᠢᠨ ᠪᠠᠶᠢᠴᠠᠭᠠᠬᠤ ᠶᠢ ᠳᠡᠭᠡᠳᠦ ᠳᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠬᠤ ᠲᠤᠬᠠᠢ ᠰᠠᠨᠠᠯ︾   ᠤᠳ ᠢ ᠰᠤᠷᠤᠯᠴᠠᠪᠠ᠃    ᠵᠦ ᠴᠧᠩ ᠪᠠᠩ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨᠨ ᠤ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠲᠠᠯᠪᠢᠭᠰᠠᠨ ᠴᠢᠬᠤᠯᠠ ᠶᠠᠷᠢᠶ᠎ᠠ ᠶᠢᠨ ᠦᠵᠡᠯ ᠰᠠᠨᠠᠭ᠎ᠠ ᠭᠦᠨᠵᠡᠭᠡᠶ᠂ ᠵᠣᠭᠰᠣᠯᠲᠠ ᠥᠨᠳᠥᠷ᠂ ᠥᠩᠭᠡᠷᠡᠭᠰᠡᠨ ᠨᠢᠭᠡ ᠵᠢᠯ ᠤᠨ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠤᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠭᠰᠠᠨ ᠢᠶᠠᠷ ᠪᠠᠷᠠᠬᠤ ᠦᠭᠡᠢ ᠪᠠᠰᠠ ᠪᠢᠳᠡᠨ ᠤ ᠬᠤᠶᠢᠰᠢᠳᠠ ᠶᠢᠨ ᠨᠢᠭᠡ ᠬᠤᠭᠤᠴᠠᠭᠠᠨ ᠤ ᠬᠥᠭᠵᠢᠯᠲᠡ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ ᠥᠭᠴᠡᠢ᠂ ᠡᠨᠡ ᠪᠣᠯ ᠪᠢᠳᠡᠨ ᠤ ᠴᠢᠨᠠᠷ ᠰᠠᠶᠢᠲᠠᠢ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠬᠦ ᠳᠤ ᠡᠷᠬᠡᠪᠰᠢ ᠲᠤᠭᠤᠰᠢᠯᠠᠭᠤᠯᠬᠤ ᠴᠢᠬᠤᠯᠠ ᠲᠠᠢ ᠵᠢᠷᠤᠮᠯᠠᠯ ᠪᠣᠯᠤᠨ᠎ᠠ᠃ ᠡᠭᠦᠨ ᠤ ᠵᠡᠷᠭᠡ ᠪᠠᠷ᠂ ᠪᠥᠬᠦ ᠬᠤᠰᠢᠭᠤᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠰᠢᠨᠵᠢᠯᠡᠬᠦ ᠤᠬᠠᠭᠠᠨᠴᠢ ᠠᠭᠤᠯᠤᠭᠳᠠᠬᠤᠨ ᠢ ᠭᠦᠨᠵᠡᠭᠡᠶ ᠲᠠᠨᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠶ ᠪᠣᠯᠭᠠᠬᠤ ᠪᠠᠷ ᠭᠤᠤᠯ ᠰᠢᠵᠢᠮ ᠪᠣᠯᠭᠠᠨ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠲᠡᠮᠡᠴᠡᠯ ᠤᠨ ᠵᠣᠷᠢᠭ ᠰᠠᠨᠠᠭ᠎ᠠ ᠪᠠᠨ ᠪᠠᠳᠠᠷᠠᠭᠤᠯᠤᠨ᠂ ᠥᠪᠡᠷ ᠤᠨ ᠠᠵᠢᠯ ᠤᠨ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠴᠢᠨᠠᠷ ᠰᠠᠶᠢᠲᠠᠶ ᠲᠠᠪᠠᠯᠳᠠᠳᠤ ᠬᠥᠭᠵᠢᠯᠲᠡ ᠶᠢᠨ ᠠᠬᠢᠴᠠ ᠶᠢ ᠪᠥᠬᠦ ᠲᠠᠯ᠎ᠠ ᠪᠠᠷ ᠲᠦᠷᠭᠡᠳᠬᠡᠬᠦ ᠬᠡᠷᠡᠭᠲᠡᠶ ᠭᠡᠵᠦ ᠱᠠᠭᠠᠷᠳᠠᠪᠠ᠃    ᠵᠦ ᠴᠧᠩ ᠪᠠᠩ ᠴᠢᠬᠤᠯᠠᠴᠢᠯᠠᠭᠰᠠᠨ ᠨᠢ᠂ ᠨᠠᠮ ᠤᠨ ᠭᠡᠰᠢᠭᠦᠨ ᠪᠤᠯᠤᠨ ᠤᠳᠤᠷᠢᠳᠬᠤ ᠺᠠᠳ᠋ᠷᠴᠤᠳ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ᠂ ᠨᠠᠷᠢᠨ ᠬᠢᠨᠠᠮᠠᠭᠠᠶ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠳᠤᠷ ᠠᠳᠬᠤᠵᠤ᠂ ᠰᠠᠨᠠᠭᠠᠴᠢᠯᠠᠭ᠎ᠠ ᠠᠴᠠ ᠪᠠᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠣᠭᠤᠯᠵᠤ᠂ ᠠᠵᠢᠯ ᠢᠶᠠᠨ ᠠᠬᠢᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠦᠨᠡᠨ ᠬᠦ ᠰᠠᠶᠢᠲᠤᠷ ᠠᠳᠬᠤᠬᠤ ᠶᠢ  ︽ᠳᠦᠷᠪᠠ ᠤᠬᠠᠮᠰᠠᠷ︾ ᠢ ᠪᠠᠲᠤ ᠪᠠᠬᠢ ᠪᠤᠢ ᠪᠣᠯᠭᠠᠵᠤ᠂  ︽ᠳᠦᠷᠪᠠ ᠢᠲᠡᠭᠡᠯ︾  ᠢ ᠪᠠᠲᠤᠳᠬᠠᠵᠤ᠂  ︽ᠬᠤᠶᠠᠷ ᠢ ᠬᠠᠮᠠᠭᠠᠯᠠᠬᠤ︾  ᠶᠢᠨ ᠴᠢᠬᠤᠯᠠ ᠭᠠᠷᠲᠠᠴᠠ ᠪᠣᠯᠭᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠮᠠᠨ ᠤ ᠬᠤᠰᠢᠭᠤᠨ ᠳᠤ ᠦᠨᠳᠦᠰᠦᠯᠡᠭᠦᠯᠦᠨ᠂ ᠴᠡᠴᠡᠭᠯᠡᠭᠦᠯᠦᠨ ᠵᠢᠮᠢᠰᠯᠡᠭᠦᠯᠵᠦ᠂ ᠠᠵᠤ ᠠᠬᠤᠶ ᠨᠡᠶᠢᠭᠡᠮ ᠤᠨ ᠬᠦᠢᠭᠵᠢᠯᠲᠠ ᠶᠢᠨ ᠵᠥᠪ ᠴᠢᠭᠯᠡᠯ ᠢᠶᠠᠷ ᠤᠷᠤᠭᠰᠢᠯᠠᠬᠤ ᠶᠢ ᠪᠦᠭᠦ ᠬᠦᠢᠴᠣᠠ ᠢᠶᠠᠷ ᠢᠶᠠᠨ ᠪᠠᠲᠤᠯᠠᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠰᠢᠨ᠎ᠡ ᠪᠠᠷ ᠡᠭᠦᠳᠴᠦ᠂ ᠠᠵᠢᠯ ᠤᠨ ᠠᠷᠭ᠎ᠠ ᠪᠠᠨ ᠥᠭᠡᠷᠡᠴᠢᠯᠡᠨ ᠰᠠᠶᠢᠵᠢᠷᠠᠭᠤᠯᠵᠤ᠂ ᠪᠥᠬᠦ ᠬᠤᠰᠢᠭᠤᠨ ᠤ ᠴᠢᠨᠠᠷ ᠰᠠᠶᠢᠲᠠᠶ ᠲᠠᠪᠠᠯᠳᠠᠳᠤ ᠮᠠᠶᠠᠭ ᠤᠨ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠡᠢ᠃    ᠬᠤᠷᠠᠯ ᠳᠤ᠂ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ ︵ᠶᠠᠷᠢᠯᠴᠠᠬᠤ ᠨᠣᠤᠷᠠᠭ︶︾ ᠢ ᠬᠢᠨᠠᠨ ᠵᠥᠪᠯᠡᠵᠦ ᠪᠠᠲᠤᠯᠠᠭᠰᠠᠨ ᠪᠥᠭᠡᠳ ᠪᠤᠰᠤᠳ ᠵᠦᠢᠯᠡᠰ ᠢ ᠰᠤᠳᠤᠯᠤᠨ ᠪᠠᠶᠢᠷᠢᠯᠠᠭᠤᠯᠪᠠ᠃        
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号