ᠵᠠᠰᠠᠭ ᠤᠨ ᠤᠷᠲᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2021/4/9
—— 2021 ᠣᠨ ᠤ 3 ᠰᠠᠷ᠎ᠠ ᠶᠢᠨ 9 ᠤ ᠡᠳᠦᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠣᠳᠠᠭᠠᠨ ᠤ ᠬᠤᠷᠠᠯᠳᠤᠭᠠᠨ ᠳᠡᠭᠡᠷ᠎ᠡ    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ    ᠯᠢ ᠵᠧᠨ ᠯᠢᠨᠲᠥᠯᠥᠭᠡᠯᠡᠭᠴᠢᠳ ᠡ᠄ ᠣᠲᠣ ᠪᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠠ᠂ ᠬᠢᠨᠠᠨ ᠵᠥᠪᠯᠡᠬᠦ ᠪᠣᠯᠪᠠᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃     ᠨᠢᠭᠡ᠂ 2020 ᠣᠨ ᠪᠠ ︽ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠬᠦᠯᠭᠡ︾ ᠶᠢᠨ ᠬᠤᠭᠤᠴᠠᠭᠠᠨ ᠤ ᠠᠵᠢᠯ ᠤᠨ ᠡᠷᠭᠢᠴᠡᠭᠦᠯᠦᠯ    ᠰᠠᠶᠢᠬᠠᠨ ᠥᠩᠭᠡᠷᠡᠭᠰᠡᠨ 2020 ᠣᠨ ᠪᠣᠯ ᠲᠦᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ᠃ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ᠂ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠠᠵᠤ ᠠᠬᠤᠢ ᠶᠢᠨ ᠪᠠᠶᠢᠳᠠᠯ ᠪᠣᠯᠤᠨ ᠬᠠᠲᠠᠭᠤ ᠪᠡᠷᠬᠡ ᠨᠦᠰᠡᠷ ᠬᠦᠨᠳᠦ ᠥᠭᠡᠷᠡᠴᠢᠯᠡᠯᠲᠡ ᠬᠦᠭᠵᠢᠯᠲᠡ  ᠶᠢᠨ ᠲᠣᠭᠲᠠᠭᠤᠨ ᠡᠬᠦᠷᠭᠡ ᠶᠢᠨ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠵᠦ ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠲᠦᠷᠪᠡᠲᠦᠬᠡᠷ᠂ ᠲᠠᠪᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠦ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠤᠰᠤᠭᠠᠷ᠂ ︽ᠬᠤᠶᠠᠷ ᠢ ᠨᠢᠭᠡᠳᠦᠯᠲᠡᠢ ᠲᠥᠯᠥᠪᠵᠢᠭᠦᠯᠬᠦ︾ ᠶᠢ ᠪᠦᠬᠦ ᠬᠦᠴᠦᠨ ᠢᠶᠠᠷ ᠰᠠᠶᠢᠲᠤᠷ ᠠᠳᠬᠤᠵᠦ᠂ ︽ᠬᠤᠣᠰ ᠢᠯᠠᠯᠲᠠ︾ ᠶᠢ ᠴᠢᠷᠮᠠᠶᠢᠨ ᠲᠡᠮᠡᠴᠡᠨ ᠤᠯᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠦᠬᠦ ᠬᠤᠰᠢᠭᠤᠨ ᠤ ᠠᠵᠤ ᠠᠬᠤᠶ ᠦᠷᠭᠦᠯᠵᠢᠯᠡᠨ ᠲᠣᠭᠲᠠᠪᠤᠷᠢᠵᠢᠪᠠ᠂ ᠨᠡᠶᠢᠭᠡᠮ ᠤᠨ ᠶᠡᠷᠦᠩᠬᠡᠢ ᠪᠠᠶᠢᠳᠠᠯ ᠡᠶ᠎ᠡ ᠵᠣᠬᠢᠴᠠᠯ ᠲᠠᠢ ᠲᠣᠭᠲᠠᠭᠤᠨ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠤᠷᠤᠭᠰᠢᠲᠠᠶ ᠳᠠᠭᠤᠰᠪᠠ᠃ ᠪᠦᠬᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ 5.9% ᠪᠠᠷ ᠨᠡᠮᠡᠭᠳᠡᠪᠡ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 20.4% ᠪᠠᠷ ᠨᠡᠮᠡᠭᠳᠡᠵᠦ᠂ ᠶᠡᠷᠦᠩᠬᠡᠢ ᠬᠡᠮᠵᠢᠶ᠎ᠡ᠂ ᠬᠤᠪᠢ ᠨᠡᠮᠡᠷᠢ ᠶᠢᠨ ᠨᠣᠷᠮ᠎ᠠ᠂ ᠳᠠᠶᠢᠴᠢᠯᠠᠬᠤ ᠨᠣᠷᠮ᠎ᠠ ᠴᠥᠮ ᠪᠦᠬᠦ ᠠᠶᠢᠮᠠᠭ ᠤᠨ ᠲᠡᠷᠢᠭᠦᠨ ᠳᠤ ᠣᠷᠣᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ 1.68% ᠪᠠᠷ ᠨᠡᠮᠡᠭᠳᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 21.6% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠠᠶᠢᠮᠠᠭ ᠲᠤ ᠲᠡᠷᠢᠭᠦᠯᠡᠪᠡ᠃ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ 9.7 % ᠪᠠᠷ ᠨᠡᠮᠡᠭᠳᠡᠪᠡ᠃ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠤ ᠳᠤᠮᠳᠠᠴᠢ ᠪᠠᠷ ᠲᠣᠬᠢᠷᠠᠭᠤᠯᠵᠤ ᠪᠣᠯᠬᠤᠶᠢᠴᠠ ᠣᠷᠣᠯᠭ᠎ᠠ ᠲᠣᠰ ᠲᠣᠰ 5% ᠪᠠ 10% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠣᠰ ᠲᠣᠰ ᠪᠦᠬᠦ ᠠᠶᠢᠮᠠᠭ ᠤᠨ ᠬᠤᠶᠠᠳᠤᠭᠠᠷ ᠨᠡᠷᠡᠰ ᠪᠠ ᠨᠢᠭᠡᠳᠦᠭᠡᠷ ᠨᠡᠷᠡᠰ ᠲᠤ ᠣᠷᠣᠪᠠ᠃    ᠥᠩᠭᠡᠷᠡᠭᠰᠡᠨ ᠨᠢᠭᠡ ᠵᠢᠯ ᠳᠤ᠂ ᠪᠢᠳᠡ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠬᠦ ᠪᠠᠷ ᠬᠦᠴᠦᠯᠡᠵᠦ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠤ ᠰᠢᠨ᠎ᠡ ᠠᠮᠵᠢᠯᠲᠠ ᠪᠦᠲᠦᠮᠵᠢ ᠶᠢ ᠪᠢᠴᠢᠭᠯᠡᠪᠡ᠃ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠪᠡ᠃ ︽ᠳᠥᠷᠪᠡ ᠶᠢ ᠥᠯᠥ ᠬᠠᠶᠠᠬᠤ︾ ᠱᠠᠭᠠᠷᠳᠠᠯᠭ᠎ᠠ ᠶᠢᠨ ᠲᠣᠭᠤᠷᠢᠨ ᠳᠤ᠂ ᠡᠯ᠎ᠡ ᠲᠥᠷᠥᠯ ᠤᠨ ᠪᠠᠯᠠ ᠮᠥᠩᠭᠦ ᠶᠢ 2.7 ᠳ᠋ᠦᠩᠰᠢᠭᠤᠷ ᠲᠥᠭᠦᠷᠢᠭ ᠡᠮᠬᠢᠯᠡᠨ ᠨᠡᠶᠢᠯᠡᠭᠦᠯᠵᠦ᠂ ᠠᠮᠢᠲᠦ ᠭᠠᠭ᠋ᠠᠶ᠂ ᠠᠯᠠᠰᠢᠨ ᠦᠬᠡᠷ᠂ ᠬᠢᠲᠠᠳ ᠡᠪᠡᠰᠦᠨ ᠡᠮ ᠵᠡᠷᠭᠡ ᠣᠨᠴᠠᠯᠢᠠᠠᠳᠦ ᠶᠠᠳᠠᠭᠤ ᠶᠢ ᠲᠡᠳᠬᠦᠬᠦ ᠠᠵᠤ ᠦᠢᠯᠡᠰ ᠤᠨ 19 ᠲᠥᠷᠥᠯ ᠵᠤᠶᠢᠯ ᠢ ᠬᠡᠷᠡᠭᠵᠢᠭᠦᠯᠪᠡ᠃ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠪᠡᠯᠡ ᠮᠥᠩᠭᠦ ᠶᠢ 1.03 ᠳ᠋ᠦᠩᠰᠢᠭᠤᠷ ᠲᠥᠭᠦᠷᠢᠭ ᠣᠯᠵᠤ᠂ ᠬᠦᠢᠯᠡᠷ ᠠᠯᠠᠰᠢᠨ ᠦᠬᠡᠷ ᠤᠨ ᠡᠭᠦᠯᠳᠡᠷ ᠰᠠᠶᠢᠵᠢᠷᠠᠭᠤᠯᠬᠤ ᠵᠡᠷᠭᠡ 35 ᠲᠥᠷᠥᠯ ᠵᠦᠢᠯ ᠢ ᠪᠡᠶᠡᠯᠡᠭᠦᠯᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠢ ᠠᠵᠤ ᠦᠢᠯᠡᠰ ᠤᠨ ᠬᠡᠯᠬᠢᠶ᠎ᠡ ᠳᠤ ᠴᠢᠩᠭ᠎ᠠ ᠲᠦᠰᠢᠭᠯᠡᠨ᠂ ᠡᠷᠦᠬᠡ ᠪᠦᠷᠢ ᠶᠢᠨ ᠣᠷᠣᠯᠭ᠎ᠠ ᠶᠢ 1000 ᠲᠥᠭᠦᠷᠢᠭ ᠠᠴᠠ ᠳᠡᠭᠡᠭᠰᠢ ᠨᠡᠮᠡᠭᠳᠡᠭᠦᠯᠵᠠᠢ᠃ ︽ᠶᠠᠳᠠᠭᠤ ᠶᠢ ᠰᠡᠷᠭᠡᠶᠢᠯᠡᠬᠦ ᠪᠠᠲᠤᠯᠠᠭ᠎ᠠ︾ ᠶᠢᠨ ᠲᠣᠭᠲᠠᠴᠠ ᠶᠢ ᠬᠡᠷᠡᠭᠵᠢᠭᠦᠯᠵᠦ᠂ ᠶᠠᠳᠠᠭᠤ ᠬᠦᠴᠢᠷᠳᠡᠯ ᠤᠨ ︽ᠰᠡᠷᠭᠡᠶᠢᠯᠡᠯᠲᠡ ᠶᠢᠨ ᠬᠡᠷᠡᠮ︾ ᠢ ᠪᠠᠶᠢᠭᠤᠯᠪᠠ᠃ ᠪᠡᠭᠡᠵᠢᠩ ᠤᠨ ᠣᠶ ᠰᠢᠭᠤᠶ ᠶᠢᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠵᠢᠴᠢ ᠥᠪᠡᠷᠲᠡᠭᠡᠨ ᠵᠠᠰᠠᠬᠤ ᠣᠷᠣᠨ ᠤ ᠲᠣᠮᠢᠯᠠᠨ ᠰᠠᠭᠤᠯᠭᠠᠭᠰᠠᠨ ᠱᠠᠯᠠᠪᠳᠠᠭᠤᠯᠤᠨ ᠵᠢᠯᠣᠭᠤᠳᠬᠤ ᠠᠵᠢᠯᠯᠠᠬᠤ ᠳᠤᠭᠤᠶᠢᠯᠠᠩ ᠬᠦᠴᠦ ᠬᠦᠯᠦᠰᠦ ᠪᠠᠨ ᠬᠠᠷᠠᠮ ᠥᠬᠡᠶ ᠵᠣᠷᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠵᠦ ᠰᠢᠢᠳᠪᠦᠷᠢᠲᠦ ᠢᠯᠠᠯᠲᠠ ᠶᠢ ᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠪᠡ᠃ ᠪᠥᠬᠦ ᠵᠢᠯ ᠳᠤ 177 ᠡᠷᠦᠬᠡ ᠶᠢᠨ 505 ᠬᠥᠮᠦᠨ ᠤ ᠶᠠᠳᠠᠭᠤᠷᠠᠬᠤ ᠲᠦᠭᠰᠢᠭᠦᠷᠢ ᠶᠢ ᠠᠷᠢᠯᠭᠠᠵᠤ᠂ 121 ᠡᠷᠦᠬᠡ ᠶᠢᠨ 325 ᠬᠥᠮᠦᠨ ᠤ ᠳᠠᠬᠢᠨ ᠶᠠᠳᠠᠭᠤᠷᠠᠬᠤ ᠲᠦᠭᠰᠢᠭᠦᠷᠢ ᠶᠢ ᠠᠷᠢᠯᠭᠠᠵᠤ᠂ ᠦᠯᠡᠳᠡᠭᠰᠡᠨ 420 ᠡᠷᠦᠬᠡ ᠶᠢᠨ 998 ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠪᠡᠶᠡᠯᠡᠭᠦᠯᠪᠡ᠃ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠵᠢᠯ ᠯᠠᠪᠳᠠᠭᠤᠨ ᠪᠠᠲᠤᠲᠠᠶ ᠪᠥᠭᠡᠳ ᠬᠦᠴᠦᠲᠡᠶ ᠶᠠᠪᠤᠭᠳᠠᠪᠠ᠃ ᠲᠥᠪ ᠤᠨ ᠣᠷᠣᠨ ᠨᠤᠲᠤᠭ ᠤᠨ ᠬᠡᠷᠡᠭᠯᠡᠵᠦ ᠪᠣᠯᠬᠤ ᠡᠳ᠋ ᠤᠨ ᠬᠦᠴᠦᠨ ᠢ ᠨᠡᠮᠡᠭᠳᠡᠭᠦᠯᠬᠦ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠠᠵᠢᠯ ᠢ ᠰᠠᠶᠢᠲᠤᠷ ᠬᠢᠬᠦ ᠶᠢ ᠳᠡᠮᠵᠢᠬᠦ ᠲᠣᠬᠢᠶᠠᠯ ᠢ ᠴᠢᠩᠭ᠎ᠠ ᠠᠳᠬᠤᠵᠤ᠂ ᠰᠢᠯᠵᠢᠭᠦᠯᠦᠨ ᠥᠭᠬᠦ ᠪᠡᠯᠡ ᠮᠥᠩᠭᠦ ᠶᠢ 38.3 ᠳ᠋ᠦᠩᠰᠢᠭᠤᠷ ᠲᠥᠭᠦᠷᠢᠭ ᠤᠯᠬᠤ ᠪᠠᠷ ᠴᠢᠷᠮᠠᠶᠢᠵᠠᠢ᠃ ᠪᠦᠬᠦ ᠬᠤᠰᠢᠭᠤᠨ ᠤ ᠲᠥᠰᠦᠪ ᠤᠨ ᠨᠢᠭᠡᠴᠡ ᠶᠢᠨ ᠵᠠᠷᠤᠳᠠᠯ ᠢ 10% ᠪᠠᠷ ᠪᠠᠭᠠᠰᠬᠠᠵᠠᠢ᠃ ᠵᠠᠰᠠᠭ ᠤᠨ ᠣᠷᠳᠣᠨ ᠤ ᠪᠥᠬᠦ ᠰᠢᠰᠲ᠋ᠧᠮ ᠤᠨ 8.54 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠠᠷᠢᠯᠭᠠᠪᠠ᠂ ᠡᠭᠦᠨ ᠳᠤ ᠳᠠᠯᠳᠠ ᠥᠷᠢ ᠥᠭᠴᠡᠭᠡ ᠶᠢ ᠠᠷᠢᠯᠭᠠᠬᠤ ᠣᠨ ᠤ ᠡᠭᠦᠷᠭᠡ ᠶᠢ ᠪᠡᠶᠡᠯᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠵᠥᠷᠢᠯᠳᠦᠭᠡᠨ ᠥᠬᠡᠶ ᠲᠠᠩᠰᠠᠨ ᠵᠣᠭᠤᠰ ᠢ ᠪᠦᠬᠦᠨ ᠢ ᠳᠥᠯᠥᠪᠡ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠦᠯ ᠵᠦᠢᠯ ᠤᠨ ᠨᠥᠭᠡᠴᠡ ᠬᠥᠮᠥᠷᠭᠡ ᠶᠢ ᠪᠠᠶᠢᠭᠤᠯᠵᠤ᠂ 20.83 ᠳ᠋ᠦᠩᠰᠢᠭᠤᠷ ᠲᠥᠭᠦᠷᠢᠭ ᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠵᠥᠪᠰᠢᠶᠡᠷᠡᠵᠦ᠂ 20 ᠲᠥᠷᠦᠯ ᠵᠦᠢᠯ ᠤᠨ ᠪᠦᠲᠦᠭᠡᠨ ᠪᠠᠢᠭᠤᠯᠤᠯᠲᠠ ᠶᠢᠨ ᠬᠤᠷᠳᠤᠴᠠ ᠪᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠪᠠ᠃ ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠰᠣᠯᠣᠨ ᠪᠠᠯᠭᠠᠰᠤᠨ ᠤ ᠲᠥᠪᠯᠡᠷᠡᠭᠦᠯᠦᠨ ᠢᠯᠴᠢ ᠬᠠᠩᠭᠠᠬᠤ ᠠᠵᠢᠯ᠂ ᠭᠦᠢᠯᠡᠷ ᠪᠠᠯᠭᠠᠰᠤᠨ ᠤ ︽ᠨᠡᠭᠦᠷᠡᠰᠦ ᠶᠢ ᠴᠠᠬᠢᠯᠭᠠᠨ ᠪᠣᠯᠭᠠᠬᠤ︾ ᠠᠵᠢᠯ ᠢ ᠪᠦᠬᠦ ᠲᠠᠯ᠎ᠠ ᠪᠠᠷ ᠪᠡᠶᠡᠯᠡᠭᠦᠯᠪᠡ᠃ ᠠᠭᠠᠷ ᠤᠨ ᠴᠢᠨᠠᠷ ᠴᠢᠨᠰᠠᠭ᠎ᠠ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 97.1% ᠳᠤ ᠬᠥᠷᠪᠡ᠃ ᠪᠤᠷᠭᠠᠰᠤᠲᠠᠶ ᠰᠢᠶᠠᠩ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠭᠤᠤᠯ ᠴᠣᠭᠴᠠ ᠶᠢᠨ ᠪᠠᠷᠢᠯᠭ᠎ᠠ ᠳᠠᠭᠤᠰᠪᠠ᠃ 60 ᠲᠣᠰᠣ ᠨᠡᠮᠡᠬᠦ ᠥᠷᠲᠡᠭᠡ ᠶᠢᠨ ᠭᠠᠵᠠᠷ ᠳᠣᠣᠷᠠᠬᠢ ᠲᠣᠰᠣᠨ ᠰᠠᠪᠠ ᠨᠡᠪᠴᠢᠬᠦ ᠶᠢ ᠰᠡᠷᠭᠡᠶᠢᠯᠡᠬᠦ ᠥᠭᠡᠷᠡᠴᠢᠯᠡᠯᠲᠡ ᠶᠢ ᠪᠡᠶᠡᠯᠡᠭᠦᠯᠵᠦ᠂ 46 ᠮᠠᠯ ᠤᠨᠤᠭ᠎ᠠ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠠᠰᠢᠭᠯᠠᠯᠲᠠ ᠳᠤ ᠣᠷᠣᠪᠠ᠃ ᠬᠤᠰᠢᠭᠤᠨ ᠤ ᠬᠡᠪᠴᠢᠶᠡᠨ ᠳᠠᠬᠢ ᠭᠤᠤᠯ ᠮᠥᠷᠡᠨ ᠤ ᠤᠰᠤᠨ ᠤ ᠴᠢᠨᠠᠷ ᠭᠤᠷᠪᠠᠳᠤᠭᠠᠷ ᠲᠥᠷᠥᠯ ᠤᠨ ᠪᠠᠷᠢᠮᠵᠢᠶ᠎ᠠ ᠳᠤ ᠬᠥᠷᠪᠡ᠃ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠵᠤᠰᠠᠯᠠᠩ ᠢ ᠪᠠᠶᠢᠴᠠᠭᠠᠨ ᠴᠡᠭᠴᠡᠯᠡᠬᠦ ᠠᠵᠢᠯ ᠢ ᠥᠷᠨᠢᠭᠦᠯᠵᠦ᠂ ᠬᠠᠤᠯᠢ ᠠᠴᠠ ᠵᠥᠷᠢᠴᠡᠭᠰᠡᠨ 1 ᠪᠠᠷᠢᠯᠭ᠎ᠠ ᠶᠢ ᠨᠤᠷᠠᠭᠠᠪᠠ᠃ ᠲᠦᠪᠳᠠᠢ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠠᠩᠬᠠᠨ ᠤ ᠪᠦᠯᠦᠭ ︽ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠤᠨ ᠲᠤᠷᠰᠢᠯᠲᠠ ᠶᠢᠨ ᠴᠡᠭ ᠤᠨ ᠨᠡᠷᠡᠰ︾ ᠤᠨ ᠵᠢᠭᠰᠠᠭᠠᠯᠲᠠ ᠳᠤ ᠣᠷᠣᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ︽ᠤᠯᠤᠰ ᠤᠨ ᠭᠤᠷᠪᠠᠳᠤᠭᠠᠷ ᠪᠦᠯᠦᠭ ᠤᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠬᠤᠰᠢᠭᠤ ᠰᠢᠶᠠᠨ︾ ᠢᠶᠠᠷ ᠠᠮᠵᠢᠯᠲᠠ ᠲᠠᠢ ᠳᠡᠰ ᠳᠡᠪᠰᠢᠵᠦ᠂ ᠪᠣᠬᠢᠷᠲᠤᠯ ᠥᠬᠡᠶ ᠬᠥᠭᠵᠢᠯᠲᠡ ᠶᠢᠨ ᠣᠶᠢᠯᠠᠭᠠᠭᠳᠠᠬᠤᠨ ᠢ ᠰᠡᠳᠬᠢᠯ ᠳᠡᠭᠡᠨ ᠬᠠᠳᠠᠩᠰᠢᠭᠤᠯᠵᠤ᠂ ᠠᠵᠢᠯᠯᠠᠭ᠎ᠠ ᠳᠡᠭᠡᠷ᠎ᠡ ᠪᠠᠨ ᠦᠢᠯᠡᠳᠦᠯᠭᠡᠵᠢᠬᠦᠯᠪᠡ᠃     ᠦᠩᠭᠡᠷᠡᠭᠰᠡᠨ ᠨᠢᠬᠡ ᠵᠢᠯ ᠳᠤ᠂ ᠪᠢᠳᠡ ᠯᠠᠪᠳᠠᠭᠤᠨ ᠤ ᠲᠤᠮᠳᠠ ᠲᠤᠭᠳᠠᠭᠤᠨ ᠢᠶᠠᠷ ᠤᠷᠤᠭᠰᠢᠯᠠᠵᠦ᠂ ᠪᠤᠲᠠᠲᠦ ᠬᠡᠯᠪᠡᠷᠢ ᠶᠢᠨ ᠠᠵᠦ ᠠᠬᠤᠢ ᠶᠢᠨ ᠰᠢᠨ᠎ᠡ ᠴᠢᠨᠠᠷ ᠴᠢᠨᠰᠠᠭ᠎ᠠ ᠶᠢ ᠲᠦᠯᠬᠢᠨ ᠠᠬᠢᠭᠤᠯᠵᠠᠢ᠃ ᠢᠮᠠᠭᠲᠠ ᠬᠦᠭᠵᠢᠯᠲᠡ  ᠶᠢᠨ ᠲᠤᠭᠳᠠᠯ ᠬᠦᠴᠦᠨ ᠢ ᠪᠠᠷᠢᠮᠳᠠᠯᠠᠵᠦ᠂ ᠲᠦᠷᠦᠯ ᠵᠤᠶᠢᠯ ᠤᠨ ᠪᠦᠲᠦᠬᠡᠨ ᠪᠠᠶᠢᠭᠤᠯᠤᠯᠲᠠ ᠶᠢ ᠬᠦᠴᠦᠲᠡᠢ ᠲᠦᠯᠬᠢᠨ ᠠᠬᠢᠭᠤᠯᠵᠦ᠂ ᠠᠵᠦ ᠠᠬᠤᠢ ᠶᠢᠨ ᠬᠦᠭᠵᠢᠯᠲᠡ ᠶᠢᠨ ᠴᠢᠨᠠᠷ ᠴᠢᠨᠰᠠᠭ᠎ᠠ ᠶᠢ ᠲᠠᠰᠤᠷᠠᠯᠲᠠ ᠦᠬᠡᠢ ᠳᠡᠭᠡᠭᠰᠢᠯᠡᠬᠦᠯᠪᠡ᠃ 205 ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠦᠷᠦᠯ ᠵᠦᠢᠯ ᠢ ᠯᠠᠪᠳᠠᠭᠤᠨ ᠪᠠᠲᠤᠲᠠᠢ ᠬᠡᠷᠡᠭᠵᠢᠭᠦᠯᠵᠦ᠂ ᠴᠡᠪᠡᠷ ᠡᠨᠧᠷᠭᠢ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ᠂ ᠤᠳᠤ ᠦᠶ᠎ᠡ ᠶᠢᠨ ᠦᠢᠯᠡᠴᠢᠯᠡᠭᠡ᠂ ᠰᠤᠷᠭᠠᠨ ᠬᠥᠮᠦᠵᠢᠯ ᠤᠨ ᠡᠷᠡᠭᠦᠯᠵᠢᠯ ᠰᠤᠪᠢᠯᠠᠯᠲᠠ᠂ ᠳᠡᠭᠡᠳᠦ ᠰᠢᠨ᠎ᠡ ᠮᠡᠷᠭᠡᠵᠢᠯ ᠪᠣᠯᠤᠨ ᠤᠳᠤ ᠦᠶ᠎ᠡ ᠶᠢᠨ ᠲᠣᠨᠣᠭᠯᠠᠯ ᠦᠢᠯᠡᠳᠬᠦ ᠵᠡᠷᠭᠡ ︽ᠲᠠᠪᠤᠨ ᠶᠡᠭᠡ ᠠᠵᠤ ᠦᠢᠯᠡᠰ ᠤᠨ ᠪᠦᠯᠦᠭᠵᠢᠯ︾ ᠲᠠᠰᠤᠷᠠᠯᠳᠠ ᠦᠭᠡᠢ ᠪᠤᠵᠠᠭᠠᠶᠢᠷᠠᠪᠠ᠃ 41 ᠠᠶᠢᠮᠠᠭ ᠤᠨ ᠲᠡᠰ ᠤᠨ ᠴᠢᠬᠤᠯᠠ ᠶᠡᠭᠡ ᠲᠥᠷᠥᠯ ᠵᠦᠢᠯ ᠢ ᠪᠦᠬᠦᠨ ᠢ ᠠᠵᠢᠯ ᠡᠬᠢᠯᠡᠭᠦᠯᠦᠨ ᠰᠡᠷᠭᠦᠭᠡᠵᠦ᠂ 51.68 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠢᠯᠢ ᠪᠦᠯᠦᠭᠯᠡᠯ ᠤᠨ ᠴᠠᠭᠠᠨ ᠢᠳᠡᠭᠡ ᠪᠣᠯᠪᠠᠰᠤᠷᠠᠭᠤᠯᠬᠤ᠂ G5511 ᠲᠦᠷᠭᠡᠨ ᠳᠠᠪᠬᠢᠬᠤ ᠵᠠᠰᠠᠮᠠᠯ ᠵᠠᠮ ᠵᠡᠷᠭᠡ 26 ᠵᠦᠢᠯᠡᠰ ᠢ ᠲᠦᠷᠭᠡᠪᠴᠢᠯᠡᠨ ᠠᠬᠢᠭᠤᠯᠪᠠ᠃ ᠡᠳ᠋ ᠬᠥᠷᠥᠩᠭᠡ ᠶᠢᠨ ᠲᠣᠮᠣ ᠠᠰᠠᠷ᠂ ᠵᠢᠶᠠ ᠾᠧ ᠠᠮᠤ ᠪᠤᠳᠠᠭᠠᠨ ᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠠᠵᠤ ᠦᠢᠯᠡᠰ ᠤᠨ ᠬᠦᠷᠢᠶᠡᠯᠡᠩ ᠵᠡᠷᠭᠡ 9 ᠲᠥᠷᠥᠯ ᠵᠤᠶᠢᠯ ᠤᠨ ᠭᠤᠤᠯ ᠴᠣᠭᠴᠠ ᠶᠢᠨ ᠠᠵᠢᠯ ᠢ ᠳᠠᠭᠤᠰᠬᠠᠪᠠ᠃ ᠰᠢᠨ ᠲᠢᠶᠠᠨ ᠰᠠᠯᠬᠢᠨ ᠡᠨᠧᠷᠭᠢ ᠶᠢᠨ ᠬᠤᠶᠠᠳᠤᠭᠠᠷ ᠬᠤᠭᠤᠴᠠᠭᠠᠨ ᠤ ᠠᠵᠢᠯ᠂ ᠳ᠋ᠧ ᠺᠠᠩ ᠤᠨ ᠵᠢᠯ ᠳᠤ 30 ᠲᠦᠮᠡᠨ ᠲᠣᠨ ᠪᠣᠷᠳᠤᠭ᠎ᠠ ᠦᠢᠯᠡᠳᠪᠦᠷᠢᠯᠡᠬᠦ ᠵᠡᠷᠭᠡ 6 ᠲᠦᠷᠥᠯ ᠵᠦᠢᠯ ᠨᠢ ᠠᠰᠢᠭᠯᠠᠯᠲᠠ ᠳᠤ ᠣᠷᠣᠪᠠ ᠃  ᠳᠡᠭᠡᠳᠦ ᠳᠠᠪᠬᠤᠷᠭ᠎ᠠ ᠶᠢᠨ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ᠂ ᠬᠤᠳᠠᠯᠳᠤᠭ᠎ᠠ ᠪᠠᠷ ᠬᠤᠳᠠᠯᠳᠤᠭᠠᠴᠢᠨ ᠤᠷᠢᠬᠤ ᠶᠢ ᠢᠮᠠᠭᠲᠠ ᠪᠠᠷᠢᠮᠲᠠᠯᠠᠵᠤ᠂ ᠤᠮᠠᠷᠠᠲᠤ ᠣᠷᠣᠨ᠂ ᠪᠠᠷᠠᠭᠤᠨ ᠡᠮᠦᠨᠡᠲᠦ ᠣᠷᠣᠨ ᠵᠡᠷᠭᠡ ᠳᠥᠷᠪᠡᠨ ᠣᠷᠣᠨ ᠪᠦᠰᠡ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯᠯᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠪᠥᠬᠦ ᠵᠢᠯ ᠳᠤ ᠬᠤᠳᠠᠯᠳᠤᠭᠠᠴᠢᠨ ᠤᠷᠢᠬᠤ ᠲᠥᠷᠥᠯ ᠵᠤᠶᠢᠯ ᠢ 52 ᠨᠠᠶᠢᠳᠠᠪᠤᠷᠢᠵᠢᠭᠤᠯᠤᠨ᠂ 54.88 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠪᠣᠳᠠᠲᠠᠶᠢᠵᠢᠭᠤᠯᠵᠤ᠂ 33.85% ᠪᠠᠷ ᠨᠡᠮᠡᠭᠳᠡᠪᠡ᠃    ᠥᠩᠭᠡᠷᠡᠭᠰᠡᠨ ᠨᠢᠭᠡ ᠵᠢᠯ ᠳᠤ᠂ ᠪᠢᠳᠡ ᠬᠦᠴᠦᠨ ᠢᠶᠠᠨ ᠲᠥᠪᠯᠡᠷᠡᠭᠦᠯᠦᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠠᠯᠬᠤᠮ ᠢ ᠠᠯᠬᠤᠪᠠ᠃ ᠠᠵᠤ ᠦᠢᠯᠡᠰ ᠤᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠬᠦᠯᠪᠡ᠃ ᠲᠠᠷᠢᠶᠠᠯᠠᠩ ᠮᠠᠯ ᠠᠵᠤ ᠠᠬᠤᠶ ᠶᠢᠨ ᠲᠥᠷᠥᠯ ᠵᠤᠶᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠪᠥᠬᠦ ᠵᠢᠯ ᠳᠤ 371 ᠲᠦᠮᠡᠨ ᠮᠥ ᠠᠮᠤ ᠪᠤᠳᠠᠭᠠᠨ ᠤ ᠲᠠᠷᠢᠮᠠᠯ᠂ 18 ᠲᠦᠮᠡᠨ ᠮᠥ ᠠᠵᠤ ᠠᠬᠤᠶ ᠶᠢᠨ ᠲᠠᠷᠢᠮᠠᠯ᠂ 27 ᠲᠦᠮᠡᠨ ᠮᠥ ᠡᠪᠡᠰᠦ ᠪᠣᠷᠳᠤᠭ᠎ᠠ ᠶᠢᠨ ᠲᠠᠷᠢᠮᠠᠯ ᠳᠠᠷᠢᠵᠤ᠂ ᠠᠮᠤ ᠪᠤᠳᠠᠭᠠᠨ ᠤ ᠶᠡᠷᠦᠩᠬᠡᠶ ᠤᠨᠠᠯᠲᠠ 29.4 ᠳ᠋ᠦᠩᠰᠢᠭᠤᠷ ᠵᠢᠩ ᠳᠤ ᠬᠦᠷᠴᠦ ᠂ ᠮᠠᠯᠵᠢᠯ ᠤᠨ ᠣᠨ ᠤ ᠮᠠᠯ ᠤᠨ ᠲᠤᠭ᠎ᠠ ᠲᠣᠯᠣᠭᠠᠶ 423 ᠲᠦᠮᠡ ᠲᠤᠭ᠎ᠠ ᠳᠤ ᠬᠥᠷᠪᠡ᠃ ︽ᠬᠤᠶᠠᠷ ᠠᠮᠦ ᠬᠤᠶᠠᠷ ᠦᠬᠡᠷ︾ ᠢᠶᠠᠷ ᠤᠳᠤᠷᠢᠳᠤᠮᠵᠢ ᠪᠣᠯᠭᠠᠵᠤ᠂ ᠴᠢᠨᠠᠷ ᠰᠠᠶᠢᠲᠠᠶ ᠡᠷᠳᠡᠨᠢ ᠰᠢᠰᠢ 280 ᠲᠦᠮᠡᠨ ᠮᠥ᠂ ᠤᠰᠤᠨ ᠲᠤᠲᠤᠷᠭ᠎ᠠ 15 ᠲᠦᠮᠡᠨ ᠮᠥ ᠳᠠᠷᠢᠪᠠ᠃ ᠪᠦᠬᠦ ᠬᠤᠰᠢᠭᠤᠨ ᠤ ᠠᠯᠠᠰᠢᠨ ᠦᠬᠡᠷ 1.8 ᠲᠦᠮᠡᠨ ᠲᠣᠯᠣᠭᠠᠢ᠂ ᠰᠠᠭᠠᠯᠢ ᠶᠢᠨ ᠦᠨᠢᠶ᠎ᠡ 2.3 ᠲᠦᠮᠡᠨ ᠲᠣᠯᠣᠭᠠᠢ ᠰᠢᠨ᠎ᠡ ᠪᠠᠷ ᠨᠡᠮᠡᠭᠳᠡᠪᠡ᠃ ᠨᠡᠳᠦᠭᠡᠷ᠂ ᠳ᠋ᠠᠱᠢᠵᠠᠢ ᠶᠢᠨ ᠵᠢᠮᠢᠰ ᠤᠨ ᠰᠠᠭᠤᠷᠢᠨ ᠭᠠᠵᠠᠷ ᠨᠢ ᠠᠩᠬ᠎ᠠ ᠠᠯᠬᠤᠮ ᠬᠡᠪᠴᠢᠶᠡᠵᠢᠵᠦ᠂ ᠪᠥᠬᠦ ᠵᠢᠯ ᠳᠤ ᠵᠢᠮᠢᠰ ᠤᠨ ᠮᠣᠳᠣ ᠶᠢ 3 ᠲᠦᠮᠡᠨ ᠮᠥ ᠪᠤᠶᠢᠵᠢᠭᠤᠯᠵᠤ᠂ ᠠᠮᠢ ᠠᠬᠤᠶ ᠶᠢᠨ ᠦᠷ᠎ᠡ ᠠᠰᠢᠭ ᠬᠢᠭᠡᠳ ᠠᠵᠤ ᠠᠬᠤᠶ ᠶᠢᠨ ᠦᠷ᠎ᠡ ᠠᠰᠢᠭ ᠤᠨ ᠬᠤᠤᠰ ᠡᠯᠪᠡᠭ ᠬᠤᠷᠢᠶᠠᠯᠲᠠ ᠶᠢ ᠪᠡᠶᠡᠯᠡᠭᠦᠯᠪᠡ᠃ ᠦᠢᠯᠡᠳᠪᠦᠷᠢᠯᠡᠯ ᠤᠨ ᠨᠥᠬᠦᠴᠡᠯ ᠲᠠᠰᠤᠷᠠᠯᠲᠠ ᠦᠭᠡᠢ ᠰᠠᠶᠢᠵᠢᠷᠠᠪᠠ᠃ ᠴᠠᠷᠠᠰᠤᠨ᠂ ᠬᠦᠢᠯᠡᠷ ᠳᠤ ᠨᠢᠭᠡ ᠴᠣᠭᠴᠠᠵᠢᠭᠤᠯᠤᠭᠰᠠᠨ ᠤᠰᠤᠨ ᠲᠤᠲᠤᠷᠭ᠎ᠠ ᠶᠢᠨ ᠦᠵᠡᠮᠵᠢ ᠶᠢᠨ ᠬᠦᠷᠢᠶᠡᠯᠡᠩ ᠢ ᠪᠦᠲᠦᠭᠡᠨ ᠪᠠᠶᠢᠭᠤᠯᠵᠤ᠂ ᠲᠦᠮᠡᠨ ᠮᠦ ᠤᠰᠤᠨ ᠲᠤᠲᠤᠷᠭ᠎ᠠ ᠶᠢᠨ ᠭᠤᠤᠯ ᠵᠢᠱᠢᠶ᠎ᠡ ᠦᠵᠡᠭᠦᠯᠬᠦ ᠣᠷᠣᠨ ᠢ 2 ᠲᠦᠮᠡᠨ ᠮᠦ ᠪᠠᠶᠢᠭᠤᠯᠪᠠ᠃ ᠲᠦᠮᠡᠨ ᠰᠠᠭᠠᠯᠢ ᠶᠢᠨ ᠦᠨᠢᠶ᠎ᠡ ᠲᠡᠵᠢᠭᠡᠬᠦ ᠵᠢᠱᠢᠶ᠎ᠡ ᠦᠵᠡᠭᠦᠯᠬᠦ 4 ᠮᠠᠯᠵᠢᠯ ᠤᠨ ᠲᠠᠯᠠᠪᠠᠶ ᠶᠢ ᠪᠦᠬᠦ ᠲᠠᠯ᠎ᠠ ᠪᠠᠷ ᠡᠬᠢᠯᠡᠭᠦᠯᠵᠦ᠂ 2 ᠲᠦᠮᠡᠨ ᠲᠣᠯᠣᠭᠠᠢ ᠪᠠᠷᠢᠮᠵᠢᠶᠠᠵᠢᠭᠰᠠᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠭᠤᠣᠯ ᠴᠣᠭᠴᠠ ᠶᠢᠨ ᠠᠵᠢᠯ ᠢ ᠳᠠᠭᠤᠰᠬᠠᠪᠠ᠃ ᠳ᠋ᠧ ᠺᠠᠩ ᠪᠦᠯᠦᠭᠯᠡᠯ ᠤᠨ ᠵᠠᠭᠤᠨ ᠲᠦᠮᠡᠨ ᠭᠠᠭ᠋ᠠᠶ ᠶᠢᠨ ᠠᠵᠤ ᠦᠢᠯᠡᠰ ᠤᠨ ᠨᠢᠭᠡ ᠴᠤᠭᠴᠠᠵᠢᠭᠰᠠᠨ ᠲᠥᠷᠥᠯ ᠵᠤᠶᠢᠯ ᠲᠣᠪᠤᠶᠢᠮ᠎ᠠ ᠦᠷ᠎ᠡ ᠪᠦᠲᠦᠮᠵᠢ ᠣᠯᠵᠤ᠂ 17 ᠦᠢᠯᠡᠳᠪᠦᠷᠢ ᠶᠢᠨ ᠲᠣᠭᠤᠷᠢᠭ ᠤᠨ ᠭᠤᠤᠯ ᠴᠣᠭᠴᠠ ᠶᠢᠨ ᠢᠨᠵᠧᠨᠧᠷᠢᠩ ᠢ ᠪᠥᠬᠦ ᠲᠠᠯ᠎ᠠ ᠪᠠᠷ ᠪᠡᠶᠡᠯᠡᠭᠦᠯᠪᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 14 ᠲᠦᠮᠡᠨ ᠮᠤ᠋᠂ ᠡᠭᠦᠷᠢᠳᠡ ᠶᠢᠨ ᠴᠢᠨᠠᠷᠲᠠᠢ ᠳᠠᠷᠤᠰᠢᠭᠤᠯᠬᠤ ᠵᠣᠭᠤᠷᠢ ᠶᠢ 29 ᠲᠦᠮᠡᠨ ᠳᠡᠭᠰᠢ ᠳᠥᠷᠪᠡᠯᠵᠢᠨ ᠮᠧᠲᠷ᠂ ᠡᠪᠡᠰᠦ ᠬᠠᠳᠠᠭᠠᠯᠠᠬᠤ ᠫᠧᠩ ᠢ 40 ᠲᠦᠮᠡᠨ ᠲᠡᠭᠰᠢ ᠳᠥᠷᠪᠡᠯᠵᠢᠨ ᠮᠧᠲᠷ ᠪᠦᠲᠦᠭᠡᠨ ᠪᠠᠶᠢᠭᠤᠯᠵᠠᠢ᠃ 110 ᠲᠦᠮᠡᠨ ᠮᠥ ᠭᠠᠵᠠᠷ ᠰᠢᠷᠣᠶ ᠶᠢ ᠡᠷᠭᠢᠯᠳᠦᠭᠦᠯᠦᠨ ᠰᠢᠯᠵᠢᠭᠦᠯᠵᠦ᠂ ᠲᠠᠷᠢᠶᠠᠯᠠᠩ ᠤᠨ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ 84.6% ᠳᠤ ᠬᠦᠷᠴᠦ᠂ ︽ᠪᠥᠬᠦ ᠤᠯᠤᠰ ᠲᠤ ᠤᠷᠢᠳᠠᠪᠠᠷ ᠲᠠᠷᠢᠮᠠᠯ ᠤᠨ ᠦᠢᠯᠡᠳᠪᠦᠷᠢᠯᠡᠯ ᠤᠨ ᠪᠥᠬᠦ ᠶᠠᠪᠤᠴᠠ ᠶᠢᠨ ᠮᠠᠰᠢᠨᠴᠢᠯᠠᠯᠲᠠ ᠶᠢ ᠪᠡᠶᠡᠯᠡᠭᠦᠯᠦᠭᠰᠡᠨ ᠵᠢᠱᠢᠶ᠎ᠡ ᠦᠵᠡᠭᠦᠯᠬᠦ ᠰᠢᠶᠠᠨ︾ ᠢᠶᠠᠷ ᠦᠨᠡᠯᠡᠭᠳᠡᠪᠡ᠃ ᠬᠥᠭᠵᠢᠯᠲᠡ ᠶᠢᠨ ᠬᠥᠳᠡᠯᠭᠡᠭᠴᠢ ᠡᠨᠧᠷᠭᠢ ᠦᠷᠭᠦᠯᠵᠢᠯᠡᠨ ᠴᠢᠩᠭᠠᠷᠠᠪᠠ᠃ 111 ᠵᠤᠶᠢᠯ ᠤᠨ ᠮᠡᠷᠭᠡᠵᠢᠯ ᠤᠨ ᠲᠦᠷᠢᠮ ᠲᠣᠭᠲᠠᠭᠠᠯ ᠢ ᠡᠮᠬᠢᠯᠡᠨ ᠳᠡᠯᠭᠡᠷᠡᠭᠦᠯᠵᠦ᠂ ᠠᠯᠠᠰᠢᠨ ᠬᠤᠨᠢ᠂ ᠠᠯᠠᠰᠢᠨ ᠦᠬᠡᠷ ᠤᠨ ᠰᠠᠶᠢᠨ ᠡᠭᠦᠯᠳᠡᠷ ᠤᠨ ᠨᠣᠷᠮ᠎ᠠ ᠲᠣᠰ ᠲᠣᠰ 89% ᠪᠠ 90% ᠳᠤ ᠬᠥᠷᠪᠡ᠃ ᠪᠥᠬᠦ ᠵᠢᠯ ᠳᠤ ᠵᠢᠷᠤᠮᠵᠢᠭᠰᠠᠨ ᠬᠤᠷᠰᠢᠶ᠎ᠠ ᠶᠢ 2381 ᠡᠷᠦᠬᠡ ᠪᠤᠶᠢᠵᠢᠭᠤᠯᠵᠤ᠂ ᠤᠯᠤᠰ ᠤᠨ ᠲᠡᠰ ᠤᠨ ᠵᠢᠱᠢᠶ᠎ᠡ ᠦᠵᠡᠭᠦᠯᠬᠦ ᠬᠤᠷᠰᠢᠶ᠎ᠠ ᠶᠢ 2 ᠡᠷᠦᠬᠡ᠂ ᠣᠷᠣᠨ ᠤ ᠲᠡᠰ ᠤᠨ ᠬᠢ ᠶᠢ 12 ᠡᠷᠦᠬᠡ ᠡᠭᠦᠳᠦᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠲᠠᠷᠢᠶᠠᠯᠠᠩ ᠮᠠᠯᠵᠢᠯ ᠤᠨ ᠲᠠᠯᠠᠪᠠᠢ ᠶᠢ 6 ᠡᠷᠦᠬᠡ ᠰᠢᠨ᠎ᠡ ᠪᠠᠷ ᠨᠡᠮᠡᠭᠳᠡᠭᠦᠯᠦᠨ᠂ ︽ᠬᠤᠶᠠᠷ ᠪᠦᠲᠦᠭᠡᠭᠳᠡᠬᠦᠨ ᠨᠢᠭᠡ ᠲᠡᠮᠳᠡᠭ︾ ᠤᠨ ᠠᠵᠤ ᠠᠬᠤᠶᠢᠯᠠᠯ ᠢ 13 ᠡᠷᠦᠬᠡ ᠭᠡᠷᠡᠴᠢᠯᠡᠵᠡᠢ᠃ 15 ᠲᠦᠮᠡᠨ ᠮᠦ ᠠᠭᠯᠠᠭ ᠠᠭᠤᠯᠠ ᠶᠢ ᠵᠠᠰᠠᠬᠤ᠂ 40 ᠲᠦᠮᠡᠨ ᠮᠦ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ 1.5 ᠲᠦᠮᠡᠨ ᠮᠦ ᠲᠠᠷᠢᠶᠠᠯᠠᠬᠤ ᠶᠢ ᠵᠣᠭᠰᠣᠭᠠᠵᠤ ᠣᠢ ᠰᠢᠭᠤᠢ ᠶᠢ ᠰᠡᠷᠭᠦᠭᠡᠪᠡ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠭᠰᠡᠨ 23 ᠬᠥᠲᠥᠴᠢ ᠠᠵᠤ ᠠᠬᠤᠶᠢᠯᠠᠯ ᠤᠨ ᠪᠣᠷᠣᠯᠠᠭᠤᠯᠤᠯᠲᠠ ᠶᠢᠨ ᠣᠷᠣᠯᠭ᠎ᠠ 19.96 ᠳ᠋ᠦᠩᠰᠢᠭᠤᠷ ᠲᠥᠭᠦᠷᠢᠭ ᠲᠤ ᠬᠦᠷᠴᠦ᠂ 2.7 ᠲᠦᠮᠡᠨ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠬᠦᠯᠵᠢᠯᠡᠨ ᠨᠡᠮᠡᠭᠳᠡᠭᠦᠯᠪᠡ᠃    ᠥᠩᠭᠡᠷᠡᠭᠰᠡᠨ ᠨᠢᠭᠡ ᠵᠢᠯ ᠳᠤ᠂ ᠪᠢᠳᠡ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠰᠢᠨ᠎ᠡ ᠳᠠᠪᠠᠭᠤᠯᠢᠭ ᠢ ᠪᠤᠶᠢᠵᠢᠭᠤᠯᠪᠠ᠃ ᠤᠯᠠᠮᠵᠢᠯᠠᠯᠲᠤ ᠠᠵᠤ ᠦᠢᠯᠡᠰ ᠤᠨ ᠳᠡᠰ ᠳᠠᠪᠰᠢᠵᠠᠢ᠃ ᠪᠸᠢ ᠹᠧᠩ ᠯᠢᠩ ᠤᠨ ᠤᠤᠯ ᠪᠣᠭᠤᠳᠠᠶ ᠶᠢᠨ ᠲᠠᠯᠬ᠎ᠠ ᠳᠤᠮᠳᠠᠳᠤ ᠤᠯᠤᠰ ᠤᠨ ᠪᠣᠬᠢᠷᠲᠤᠯ ᠥᠬᠡᠶ ᠢᠳᠡᠭᠡᠨ ᠤ ᠦᠵᠡᠰᠬᠦᠯᠡᠩ ᠤᠨ ᠠᠯᠲᠠᠨ ᠱᠠᠩᠨᠠᠯ ᠢ ᠭᠥᠷᠳᠡᠵᠦ᠂ ᠬᠤᠩ ᠳ᠋ᠠ ᠰᠢᠬᠠᠬᠤ ᠴᠢᠳᠬᠤᠯᠲᠠ ᠨᠢ ᠤᠯᠤᠰ ᠤᠨ ᠲᠤᠰᠬᠠᠶ ᠨᠠᠷᠢᠯᠢᠭ ᠣᠨᠴᠠ ᠰᠢᠨ᠎ᠡ ︽ᠵᠢᠵᠢᠭ ᠠᠪᠤᠷᠭᠤ︾ ᠠᠵᠤ ᠠᠬᠤᠶᠢᠯᠠᠯ ᠤᠨ ᠴᠣᠯᠠ ᠭᠥᠷᠳᠡᠵᠦ᠂ ᠶᠡᠷᠦᠩᠬᠡᠶ ᠪᠠᠯᠠ ᠣᠷᠣᠭᠤᠯᠤᠯᠲᠠ ᠨᠢ 105 ᠳ᠋ᠦᠩᠰᠢᠭᠤᠷ ᠲᠥᠭᠦᠷᠢᠭ ᠤᠨ ᠤᠯᠠᠭᠠᠨ ᠪᠦᠯᠦᠭᠯᠡᠯ ᠤᠨ ᠲᠣᠮᠣ ᠬᠢᠮᠢ ᠶᠢᠨ ᠪᠣᠷᠲᠣᠭᠤᠷ ᠤᠨ ᠲᠦᠷᠦᠭᠦᠤ ᠪᠦᠯᠦᠭ ᠦᠢᠯᠡᠳᠬᠦᠨ ᠨᠢ ᠰᠦᠯᠵᠢᠶᠡᠨ ᠠᠴᠠ ᠭᠠᠷᠴᠤ ᠂ ᠳ᠋ᠧ ᠺᠠᠩ ᠤᠨ ᠵᠢᠯ ᠳᠤ 30 ᠲᠦᠮᠡᠨ ᠲᠣᠨ ᠪᠣᠷᠳᠤᠭ᠎ᠠ ᠦᠢᠯᠡᠳᠪᠦᠷᠢᠯᠡᠬᠦ  ᠦᠢᠯᠡᠳᠪᠦᠷᠢᠯᠡᠯ ᠤᠨ ᠱᠤᠭᠤᠮ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠾᠧ ᠹᠧᠩ ᠲᠠᠷᠢᠶᠠᠯᠠᠩ ᠤᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠨᠢ ᠬᠤᠶᠠᠷ ᠳᠠᠬᠢᠨ ᠨᠡᠮᠡᠭᠳᠡᠵᠦ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠨᠢ ᠤᠯᠠᠮ ᠨᠢᠭᠡ ᠠᠯᠬᠤᠮ ᠳᠡᠭᠡᠭᠰᠢᠯᠡᠪᠡ᠃ ᠰᠤᠯᠠ ᠪᠠᠶᠢᠭ᠎ᠠ ᠡᠬᠢ ᠪᠠᠶᠠᠯᠢᠭ ᠢ ᠰᠢᠢᠳᠪᠦᠷᠢᠯᠡᠬᠦ ᠬᠦᠴᠦᠯᠡᠴᠡ ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ ᠴᠡᠪᠡᠷ ᠢᠳᠡᠭᠡᠨ᠂ ᠲᠠᠯ᠎ᠠ ᠨᠤᠲᠤᠭ ᠤᠨ ᠮᠠᠯ ᠠᠵᠤ ᠠᠬᠤᠢ ᠶᠢ ᠬᠥᠭᠵᠢᠭᠦᠯᠬᠦ 2 ᠠᠵᠤ ᠠᠬᠤᠶᠢᠯᠠᠯ ᠢ ᠬᠠᠤᠯᠢ ᠶᠣᠰᠣᠭᠠᠷ ᠴᠡᠪᠡᠷᠯᠡᠪᠡ᠃ ᠰᠢᠨ᠎ᠡ ᠪᠠᠷ ᠬᠥᠭᠵᠢᠭᠰᠡᠨ ᠠᠵᠤ ᠦᠢᠯᠡᠰ ᠦᠷᠭᠦᠯᠵᠢᠯᠡᠨ ᠪᠤᠵᠠᠭᠠᠶᠢᠷᠠᠪᠠ᠃ ᠰᠢᠨ ᠲᠢᠶᠠᠨ ᠰᠠᠯᠬᠢᠨ ᠡᠨᠧᠷᠭᠢ ᠶᠢᠨ ᠬᠤᠶᠠᠳᠤᠭᠠᠷ ᠬᠤᠭᠤᠴᠠᠭᠠᠨ ᠤ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠵᠦᠩ ᠭᠤᠸᠠᠩ ᠾᠧ ᠶᠢᠨ ᠵᠠᠭᠤᠨ ᠲᠦᠮᠡᠨ ᠺᠢᠯᠣᠸᠠᠲ ᠤᠨ ᠰᠠᠯᠬᠢᠨ ᠴᠠᠬᠢᠯᠭᠠᠨ ᠤ ᠰᠠᠭᠤᠷᠢᠨ ᠭᠠᠵᠠᠷ ᠠᠩᠬᠠᠨ ᠤ ᠪᠦᠯᠦᠭ ᠰᠠᠯᠬᠢᠨ ᠬᠦᠴᠦᠨ ᠤ ᠮᠠᠰᠢᠨ ᠢ ᠤᠭᠰᠠᠷᠠᠵᠤ᠂ ᠴᠡᠪᠡᠷ ᠡᠨᠧᠷᠭᠢ ᠪᠠᠷ ᠴᠠᠬᠢᠯᠭᠠᠨ ᠭᠠᠷᠭᠠᠬᠤ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 160 ᠲᠦᠮᠡᠨ ᠺᠢᠯᠣᠸᠠᠲ ᠢ ᠳᠠᠪᠠᠪᠠ᠃ ᠠᠶ ᠯᠠᠩ ᠰᠠᠯᠬᠢᠨ ᠬᠦᠴᠦᠨ ᠤ ᠴᠠᠬᠢᠯᠭᠠᠨ ᠤ ᠪᠦᠯᠦᠭᠯᠡᠯ ᠨᠢ ᠦᠢᠯᠡᠳᠪᠦᠷᠢᠯᠡᠯ ᠪᠣᠷᠣᠯᠠᠭᠤᠯᠭ᠎ᠠ ᠰᠠᠶᠢᠲᠠᠶ ᠪᠠᠶᠢᠬᠤ ᠶᠢ ᠪᠡᠶᠡᠯᠡᠭᠦᠯᠵᠦ᠂ ᠠᠶ ᠹᠠᠩ ᠮᠥ᠂ ᠰᠧᠨ ᠨᠦᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠠᠵᠤ ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠤᠷᠢ ᠶᠢ ᠦᠷᠭᠦᠯᠵᠢᠯᠡᠨ ᠪᠠᠳᠠᠷᠠᠭᠤᠯᠵᠤ᠂ ᠳ᠋ᠢᠩ ᠴᠧᠩ ᠰᠤᠪᠤᠳ ᠡᠷᠳᠡᠨᠢ᠂ ᠬᠠ ᠸᠠ ᠵᠢᠯᠣᠭᠤᠴᠢ ᠥᠬᠡᠶ ᠨᠢᠰᠬᠡᠯ᠂ ᠬᠢᠲᠠᠳ ᠡᠮ ᠤᠨ ᠪᠡᠶ᠎ᠡ ᠰᠤᠪᠢᠯᠠᠬᠤ ᠰᠣᠶᠣᠯ ᠤᠨ ᠠᠵᠤ ᠦᠢᠯᠡᠰ ᠤᠨ ᠬᠦᠷᠢᠶᠡᠯᠡᠩ ᠵᠡᠷᠭᠡ ᠨᠢᠭᠡ ᠪᠦᠯᠦᠭ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠲᠥᠷᠥᠯ ᠵᠤᠶᠢᠯ ᠢ ᠯᠠᠪᠳᠠᠭᠤᠨ ᠢᠶᠠᠷ ᠠᠬᠢᠭᠤᠯᠵᠤ᠂ ᠴᠡᠪᠡᠷ ᠡᠨᠧᠷᠭᠢ᠂ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠢᠯᠡᠳᠬᠦ᠂ ᠮᠣᠩᠭᠤᠯ ᠬᠢᠲᠠᠳ ᠡᠮ ᠡᠮᠨᠡᠯᠭᠡ ᠵᠡᠷᠭᠡ ᠠᠵᠤ ᠦᠢᠯᠡᠰ ᠨᠡᠯᠢᠶᠡᠳ ᠲᠦᠷᠭᠡᠨ ᠨᠡᠮᠡᠭᠳᠡᠯ ᠢ ᠪᠡᠶᠡᠯᠡᠭᠦᠯᠪᠡ᠃ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠲᠠᠰᠤᠷᠠᠯᠲᠠ ᠦᠭᠡᠢ ᠲᠦᠷᠭᠡᠳᠪᠡ᠃ ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠠᠵᠤ ᠦᠢᠯᠡᠳᠪᠦᠷᠢ ᠶᠢᠨ ᠰᠢᠲᠠᠮᠠᠬᠠᠢ ᠬᠡᠢ ᠬᠡᠷᠡᠭᠯᠡᠬᠦ ᠪᠠᠲᠤᠯᠠᠭ᠎ᠠ ᠶᠢᠨ ᠲᠥᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠴᠠᠬᠢᠯᠭᠠᠨ ᠲᠣᠣᠷᠵᠢᠯ ᠢ ᠳᠡᠰ ᠳᠡᠪᠰᠢᠭᠦᠯᠦᠨ 8 . 3 ᠺᠢᠯᠣᠮᠧᠲᠷ ᠥᠭᠡᠷᠡᠴᠢᠯᠡᠵᠦ ᠂ ᠳ᠋ᠠᠱᠢᠵᠠᠢ ᠵᠡᠭᠡᠯᠢ᠂ ᠰᠢᠨ ᠸᠧᠢ ᠳᠥᠷᠪᠡᠳᠦᠭᠡᠷ ᠵᠡᠭᠡᠯᠢ ᠵᠡᠷᠭᠡ ᠬᠤᠲᠠ ᠶᠢᠨ ᠶᠠᠪᠤᠳᠠᠯ ᠤᠨ ᠵᠠᠮ ᠢ ᠬᠤᠭᠤᠴᠠᠭ᠎ᠠ ᠶᠣᠰᠣᠭᠠᠷ ᠠᠬᠢᠭᠤᠯᠵᠤ᠂ ᠤᠰᠤ ᠴᠠᠬᠢᠯᠭᠠᠨ ᠬᠡᠢ ᠳᠤᠯᠠᠭᠠᠯᠠᠭ᠎ᠠ ᠵᠡᠷᠭᠡ ᠢᠵᠢ ᠪᠦᠷᠢᠳᠦᠭᠰᠡᠨ ᠲᠥᠬᠦᠭᠡᠷᠦᠮᠵᠢ ᠶᠢ ᠱᠠᠯᠠᠪᠳᠠᠨ ᠲᠡᠭᠦᠯᠳᠡᠷᠵᠢᠭᠦᠯᠪᠡ᠃ ᠪᠣᠬᠢᠷᠲᠤᠯ ᠥᠬᠡᠶ ᠡᠷᠡᠭᠦᠯ ᠮᠡᠨᠳᠦ ᠶᠢᠨ ᠠᠵᠤ ᠦᠢᠯᠡᠰ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠥᠨᠳᠥᠷ ᠲᠦᠪᠰᠢᠨ ᠢᠶᠠᠷ ᠡᠬᠢᠯᠡᠭᠦᠯᠵᠦ᠂ ᠢᠯᠢ ᠪᠦᠯᠦᠭᠯᠡᠯ ᠤᠨ ᠴᠠᠭᠠᠨ ᠢᠳᠡᠭᠡ ᠪᠣᠯᠪᠠᠰᠤᠷᠠᠭᠤᠯᠬᠤ ᠲᠥᠷᠥᠯ ᠵᠤᠶᠢᠯ ᠢ ᠪᠠᠷᠢᠯᠭ᠎ᠠ ᠡᠬᠢᠯᠡᠭᠦᠯᠪᠡ᠃ ᠢᠳᠡᠭᠡᠨ ᠤ ᠬᠦᠷᠢᠶᠡᠯᠡᠩ ᠲᠣᠭᠤᠷᠢᠭ ᠤᠨ ᠬᠤᠷᠠᠯ ᠦᠵᠡᠬᠦᠯᠭᠡ ᠤᠨ ᠲᠥᠪ ᠵᠢᠩᠬᠢᠨᠢ ᠪᠠᠷ ᠡᠵᠡᠩᠨᠡᠯᠲᠡ ᠪᠠᠨ ᠡᠬᠢᠯᠡᠭᠦᠯᠵᠦ᠂ ᠪᠥᠬᠦ ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠶᠢᠨ ᠠᠬᠤᠶ ᠲᠠᠯᠠᠪᠠᠶ ᠶᠢᠨ ᠬᠤᠷᠠᠯ ᠳᠡᠭᠡᠷ᠎ᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠭᠵᠢᠯᠲᠡ ᠶᠢᠨ ᠦᠷ᠎ᠡ ᠪᠦᠲᠦᠭᠡᠯ ᠤᠨ ᠦᠵᠡᠬᠦᠯᠭᠡ ᠥᠷᠭᠡᠨ ᠢᠶᠠᠷ ᠰᠠᠶᠢᠰᠢᠶᠠᠭᠳᠠᠪᠠ᠃ ᠪᠦᠬᠦ ᠬᠤᠰᠢᠭᠤᠨ ᠤ ᠰᠢᠨ᠎ᠡ ᠪᠠᠷ ᠨᠡᠮᠡᠭᠳᠡᠭᠰᠡᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 2 ᠪᠠᠶᠢᠵᠤ᠂ 18 ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠡᠬᠢᠯᠡᠭᠦᠯᠦᠨ ᠰᠡᠷᠭᠦᠭᠡᠭᠰᠡᠨ ᠨᠣᠷᠮ᠎ᠠ 100 % ᠳᠤ ᠬᠦᠷᠴᠦ᠂ 21.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 21% ᠪᠠᠷ ᠨᠡᠮᠡᠭᠳᠡᠪᠡ᠃    ᠥᠩᠭᠡᠷᠡᠭᠰᠡᠨ ᠨᠢᠭᠡ ᠵᠢᠯ ᠳᠤ᠂ ᠪᠢᠳᠡ ᠠᠮᠢᠵᠢᠷᠠᠯ ᠤᠨ ᠬᠦᠴᠦᠨ ᠢᠶᠠᠨ ᠦᠷᠭᠦᠯᠵᠢᠯᠡᠨ ᠪᠠᠳᠠᠷᠠᠭᠤᠯᠵᠤ᠂ ᠭᠤᠷᠪᠠᠳᠤᠭᠠᠷ ᠠᠵᠤ ᠦᠢᠯᠡᠰ ᠤᠨ ᠰᠢᠨ᠎ᠡ ᠦᠷ᠎ᠡ ᠪᠦᠲᠦᠮᠵᠢ ᠶᠢ ᠤᠯᠪᠠ᠃ ᠰᠣᠶᠣᠯ ᠵᠤᠭᠠᠴᠠᠯ ᠤᠨ ᠠᠵᠤ ᠦᠢᠯᠡᠰ ᠢ ᠠᠭᠤᠰᠤᠯᠴᠠᠭᠤᠯᠤᠨ ᠬᠦᠭᠵᠢᠬᠦᠯᠪᠡ᠃ ︽ᠳᠤᠮᠳᠠᠳᠤ ᠤᠯᠤᠰ ᠤᠨ ᠰᠢᠨ᠎ᠡ ᠪᠠᠷ ᠮᠠᠨᠳᠤᠭᠰᠠᠨ ᠲᠠᠯ᠎ᠠ ᠨᠤᠲᠤᠭ ᠤᠨ ᠵᠤᠭᠠᠴᠠᠯ ᠤᠨ ᠬᠠᠷᠠᠯᠲᠠᠲᠤ ᠣᠷᠣᠨ 》 ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠮᠠᠯᠴᠢᠳ ᠤᠨ ᠴᠡᠩᠭᠡᠯ ᠤᠨ ᠬᠦᠷᠢᠶᠡᠯᠡᠩ᠂ ᠲᠠᠯ᠎ᠠ ᠨᠤᠲᠤᠭ ᠤᠨ ᠵᠤᠭᠠᠴᠠᠯ ᠤᠨ ᠥᠷᠲᠡᠭᠡ ᠶᠢᠨ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠬᠢᠩᠭᠠᠨ ᠠᠶᠢᠮᠠᠭ ᠤᠨ ᠨᠢᠭᠡᠳᠦᠭᠡᠷ ᠨᠠᠮ ᠤᠨ ᠡᠭᠦᠷ ᠢ ᠥᠭᠡᠷᠡᠴᠢᠯᠡᠨ ᠲᠡᠰ ᠳᠡᠪᠰᠢᠭᠦᠯᠵᠦ᠂ ᠠᠳᠤᠭᠤᠨ ᠰᠣᠶᠣᠯ ᠤᠨ ᠰᠠᠭᠤᠷᠢᠨ ᠭᠠᠵᠠᠷ ᠵᠢᠩᠬᠢᠨᠢ ᠪᠠᠷ ᠡᠵᠡᠩᠨᠡᠯᠲᠡ ᠪᠠᠨ ᠡᠬᠢᠯᠡᠭᠦᠯᠪᠡ᠃ ᠵᠤᠭᠠᠴᠠᠯ ᠤᠨ ᠵᠠᠮ ᠬᠠᠷᠢᠯᠴᠠᠭᠠᠨ ᠤ ᠫᠠᠶᠢᠰᠠ ᠲᠡᠮᠳᠡᠭ ᠢ 9 ᠨᠡᠮᠡᠵᠦ᠂ ᠪᠠᠷᠢᠮᠵᠢᠶᠠᠵᠢᠭᠰᠠᠨ ᠵᠤᠭᠠᠴᠠᠯ ᠤᠨ ᠵᠣᠷᠯᠣᠩ 8 ᠶᠢ ᠰᠢᠨ᠎ᠡ ᠪᠠᠷ ︵ᠥᠭᠡᠷᠡᠴᠢᠯᠡᠨ︶ ᠪᠠᠶᠢᠭᠤᠯᠪᠠ᠃ ᠲᠠᠯ᠎ᠠ ᠨᠤᠲᠤᠭ ᠤᠨ ᠰᠣᠶᠣᠯ ᠵᠤᠭᠠᠴᠠᠯ ᠤᠨ ᠨᠠᠶᠢᠷ ᠭᠤᠶᠢᠳᠠ ᠰᠠᠶᠢᠬᠠᠨ ᠶᠠᠪᠤᠭᠳᠠᠵᠤ᠂ ᠬᠢᠩᠭᠠᠨ ᠠᠶᠢᠮᠠᠭ ᠤᠨ ᠨᠠᠭᠠᠳᠤᠮ ᠤᠨ ᠦᠪᠡᠳᠡᠭᠰᠢ ᠪᠠᠶᠢᠳᠠᠯ ᠤᠷᠢᠳ ᠡᠮᠦᠨ᠎ᠡ ᠪᠠᠶᠢᠭ᠎ᠠ ᠦᠭᠡᠢ ᠶᠠᠪᠤᠭᠳᠠᠵᠤ᠂ ᠤᠯᠠᠭᠠᠨᠮᠣᠳᠣ ᠰᠠᠭᠤᠭᠠᠯᠢ ᠠᠷᠠᠳ ᠤᠨ ᠲᠣᠭᠤᠷᠢᠭ᠂ ᠬᠠᠷ᠎ᠠ ᠪᠠᠶᠢᠰᠢᠩ ᠰᠠᠭᠤᠭᠠᠯᠢ ᠠᠷᠠᠳ ᠤᠨ ᠲᠣᠭᠤᠷᠢᠭ ᠢᠶᠠᠷ ᠵᠤᠭᠠᠴᠠᠭᠰᠠᠳ ᠳᠦᠭᠦᠷᠴᠦ᠂ ᠲᠠᠯ᠎ᠠ ᠨᠤᠲᠤᠭ ᠤᠨ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠳᠣᠩᠰᠣᠯᠵᠤ᠂ ︽ᠵᠠᠰᠠᠭᠲᠤ ᠶᠢᠨ ᠡᠪᠦᠯ ᠤᠨ ᠬᠦᠭ ᠠᠶᠠᠰ︾ ᠬᠥᠷ ᠨᠠᠷᠬᠢᠶᠠᠨ ᠢᠶᠠᠷ ᠲᠦᠬᠦᠷᠡᠵᠦ᠂ ︽ᠪᠠᠶᠠᠨ ᠬᠠᠩᠭᠠᠶ ᠲᠠᠯ᠎ᠠ ᠨᠤᠲᠤᠭ᠂ ᠪᠠᠨᠬᠠᠷᠤᠮ᠎ᠠ ᠰᠠᠶᠢᠬᠠᠨ ᠤᠨᠠᠭᠠᠨ ᠪᠠᠭᠤᠴᠠ 》 ᠬᠥᠮᠦᠰ ᠤᠨ ᠰᠡᠳᠬᠢᠯ ᠳᠤ ᠨᠠᠩ ᠭᠦᠨ ᠰᠠᠭᠤᠭᠳᠠᠵᠤ᠂ ᠲᠠᠯ᠎ᠠ ᠨᠤᠲᠤᠭ ᠤᠨ ᠵᠤᠭᠠᠴᠠᠯ ᠤᠨ ᠰᠢᠨ᠎ᠡ ᠤᠷᠤᠰᠬᠠᠯ ᠪᠤᠢ ᠪᠣᠯᠵᠠᠢ᠃ ᠪᠦᠬᠦ ᠵᠢᠯ ᠳᠤ 178 ᠲᠦᠮᠡᠨ ᠬᠥᠮᠦᠨ ︵ᠤᠳᠠᠭ᠎ᠠ︶ ᠢ ᠬᠦᠯᠢᠶᠡᠨ ᠠᠪᠴᠤ᠂ ᠵᠤᠭᠠᠴᠠᠯ ᠤᠨ ᠣᠷᠣᠯᠭ᠎ᠠ ᠶᠢ 7.4 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠠᠷᠠᠯᠵᠢᠶ᠎ᠠ ᠬᠤᠳᠠᠯᠳᠤᠭ᠎ᠠ ᠪᠣᠳᠠᠰ ᠤᠨ ᠭᠦᠢᠯᠭᠡᠭᠡ ᠪᠦᠬᠦ ᠲᠠᠯ᠎ᠠ ᠪᠠᠷ ᠬᠥᠭᠵᠢᠪᠡ᠃ ᠶᠢᠨ ᠪᠢᠨ ᠣᠯᠠᠨ ᠤᠯᠤᠰ ᠤᠨ ᠪᠠᠷᠢᠯᠭ᠎ᠠ ᠶᠢᠨ ᠮᠠᠲ᠋ᠧᠷᠢᠶᠠᠯ ᠤᠨ ᠬᠤᠲᠠ ᠶᠢᠨ ᠭᠤᠣᠯ ᠴᠣᠭᠴᠠ ᠶᠢᠨ ᠠᠵᠢᠯ ᠢ ᠳᠠᠭᠤᠰᠬᠠᠵᠤ᠂ ᠵᠡᠭᠦᠨ ᠬᠤᠶᠢᠲᠤ ᠠᠽᠢᠶ᠎ᠠ ᠶᠢᠨ ᠵᠢᠵᠢᠭ ᠲᠠᠸᠠᠷ ᠤᠨ ᠣᠯᠠᠨ ᠤᠯᠤᠰ ᠤᠨ ᠠᠷᠠᠯᠵᠢᠶᠠᠨ ᠤ ᠬᠤᠲᠠ ᠦᠯᠵᠡᠢ ᠮᠦᠷ ᠲᠠᠢ ᠡᠬᠦᠳᠡ ᠪᠠᠨ ᠰᠡᠬᠡᠬᠡᠵᠦ᠂ ᠬᠤᠳᠠᠯᠳᠤᠭᠠᠨ ᠤ ᠦᠢᠯᠡᠰ ᠤᠨ ᠳᠡᠰ ᠳᠡᠪᠰᠢᠬᠦ ᠶᠢ ᠠᠬᠢᠭᠤᠯᠬᠤ ᠰᠢᠨ᠎ᠡ ᠬᠥᠳᠡᠯᠭᠡᠭᠦᠷ ᠪᠣᠯᠪᠠ᠃ ︽ᠭᠤᠷᠪᠠᠳᠤᠭᠠᠷ ᠬᠤᠭᠤᠴᠠᠭᠠᠨ ᠤ ᠮᠠᠰᠢᠨ ᠲᠡᠷᠭᠡᠨ ᠤ ᠰᠣᠶᠣᠯ ᠤᠨ ᠨᠠᠶᠢᠷ︾ ᠵᠡᠷᠭᠡ ᠳᠡᠯᠭᠡᠨ ᠦᠵᠡᠭᠦᠯᠭᠡ ᠶᠢᠨ ᠬᠦᠳᠡᠯᠭᠡᠭᠡᠨ ᠢ 19 ᠲᠠᠯᠠᠪᠤᠷ ︵ᠤᠳᠠᠭ᠎ᠠ︶ ᠠᠮᠵᠢᠯᠲᠠ ᠲᠠᠢ ᠡᠷᠭᠢᠯᠡᠵᠦ᠂ ᠪᠥᠬᠦ ᠠᠶᠢᠮᠠᠭ ᠤᠨ ︽ᠬᠡᠷᠡᠭᠯᠡᠭᠡ ᠪᠠᠷ ᠶᠠᠳᠠᠭᠤ ᠶᠢ ᠲᠡᠳᠬᠦᠬᠦ ᠰᠠᠷ᠎ᠠ ᠶᠢᠨ ᠳᠡᠯᠭᠡᠨ ᠪᠣᠷᠣᠯᠠᠭᠤᠯᠬᠤ ᠬᠦᠳᠡᠯᠭᠡᠭᠡᠨ︾ ᠢ ᠳᠠᠭᠠᠭᠠᠨ ᠡᠷᠭᠢᠯᠡᠵᠦ᠂ 1.3 ᠳ᠋ᠦᠩᠰᠢᠭᠤᠷ ᠲᠥᠭᠦᠷᠢᠭ ᠤᠨ ᠬᠡᠷᠡᠭᠯᠡᠭᠡᠨ ᠤ ᠤᠷᠤᠯᠭ᠎ᠠ ᠤᠯᠭᠤᠵᠦ ᠦᠭᠴᠡᠢ᠃ ᠨᠠᠨᠵᠢᠩ ᠤᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠦᠵᠡᠭᠦᠯᠭᠡ ᠶᠢᠨ ᠣᠷᠳᠣᠨ ᠢ ᠡᠬᠢᠯᠡᠨ ᠪᠠᠶᠢᠭᠤᠯᠵᠤ᠂ ᠪᠡᠭᠡᠵᠢᠩ ᠤᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠲᠤᠰᠬᠠᠢ ᠣᠷᠣᠨ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ ᠪᠣᠷᠣᠯᠠᠭᠤᠯᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠪᠦᠬᠦ ᠬᠤᠰᠢᠭᠤᠨ ᠤ ᠡᠯᠧᠺᠲᠷᠤᠨ ᠬᠤᠳᠠᠯᠳᠤᠭᠠᠨ ᠤ ᠠᠷᠠᠯᠵᠢᠶᠠᠨ ᠤ ᠬᠡᠮᠵᠢᠶ᠎ᠡ 2.09 ᠳ᠋ᠦᠩᠰᠢᠭᠤᠷ ᠲᠥᠭᠦᠷᠢᠭ ᠲᠤ ᠬᠦᠷᠴᠦ᠂ 70.9% ᠪᠠᠷ ᠨᠡᠮᠡᠭᠳᠡᠪᠡ᠃ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠲᠦᠷᠭᠡᠪᠴᠢᠯᠡᠨ ᠬᠥᠭᠵᠢᠭᠦᠯᠪᠡ᠃ ᠳᠥᠷᠪᠡᠨ ᠶᠡᠭᠡ ᠤᠯᠤᠰ ᠤᠨ ᠥᠮᠴᠢᠯᠡᠯᠲᠡ ᠪᠠᠩᠬᠢ ᠪᠦᠬᠦᠨ ᠢᠶᠠᠷ ᠢᠶᠠᠨ ᠡᠬᠦᠳᠡ ᠪᠠᠨ ᠰᠡᠭᠡᠭᠡᠵᠦ ᠡᠷᠦᠬᠡ ᠪᠠᠨ ᠨᠡᠬᠡᠬᠡᠵᠦ᠂ ᠪᠦᠬᠦ ᠠᠶᠢᠮᠠᠭ ᠤᠨ ᠠᠩᠬᠠᠳᠠᠭᠴᠢ ᠬᠤᠰᠢᠭᠤ ᠰᠢᠶᠠᠨ ᠤ ᠱᠠᠲᠤᠨ ᠤ ᠤᠯᠤᠰ ᠤᠨ ᠥᠮᠴᠢᠯᠡᠯᠲᠦ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ ᠡᠬᠢᠯᠡᠨ ᠠᠵᠢᠯᠯᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠲᠣᠰ ᠲᠣᠰ 71.78 ᠳ᠋ᠦᠩᠰᠢᠭᠤᠷ ᠲᠥᠭᠦᠷᠢᠭ ᠪᠠ 72.42 ᠳ᠋ᠦᠩᠰᠢᠭᠤᠷ ᠲᠥᠭᠦᠷᠢᠭ ᠪᠠᠶᠢᠵᠤ᠂ ᠬᠠᠳᠠᠭᠠᠯᠠᠮᠵᠢ ᠵᠢᠭᠡᠯᠡᠯᠭᠡ ᠶᠢᠨ ᠬᠠᠷᠢᠴᠠᠯ 100.9% ᠳᠤ ᠬᠦᠷᠪᠡ᠃ ᠪᠥᠬᠦ ᠣᠷᠣᠨ ᠤ ᠠᠩᠬᠠᠳᠠᠭᠴᠢ ᠬᠥᠳᠡᠭᠡ ᠲᠣᠰᠬᠤᠨ ᠤ ᠥᠮᠴᠢᠯᠡᠬᠦ ᠡᠷᠬᠡ ᠶᠢᠨ ᠠᠷᠠᠯᠵᠢᠶ᠎ᠠ ᠶᠢᠨ ︽ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠬᠦ ᠦᠶᠯᠡᠴᠢᠯᠡᠭᠡᠨ ᠤ ᠥᠷᠲᠡᠭᠡ   ᠶᠢ ᠵᠢᠩᠬᠢᠨᠢ ᠪᠠᠷ ᠡᠬᠢᠯᠡᠨ ᠬᠡᠷᠡᠭᠵᠢᠭᠦᠯᠪᠡ᠃ 3511 ᠪᠦᠯᠦᠭ᠂ 3.27 ᠳ᠋ᠦᠩᠰᠢᠭᠤᠷ ᠲᠥᠭᠦᠷᠢᠭ ᠤᠨ ᠠᠷᠠᠯᠵᠢᠶ᠎ᠠ ᠪᠦᠲᠦᠭᠰᠡᠨ ᠲᠠᠷᠢᠶᠠᠨ ᠭᠠᠵᠠᠷ᠂ ᠣᠶᠢᠲᠤ ᠭᠠᠵᠠᠷ ᠵᠡᠷᠭᠡ ᠶᠢᠨ ᠡᠵᠡᠩᠨᠡᠯᠲᠡ ᠶᠢᠨ ᠡᠷᠬᠡ ᠤᠯᠪᠠ᠃ ᠬᠤᠭᠤᠴᠠᠭ᠎ᠠ ᠬᠡᠲᠦᠷᠡᠭᠰᠡᠨ ᠵᠢᠭᠡᠯᠡᠯᠭᠡ ᠪᠠ ᠵᠦᠶ ᠪᠤᠰᠤ ᠵᠢᠭᠡᠯᠡᠯᠭᠡ ᠶᠢ ᠰᠢᠢᠳᠪᠦᠷᠢᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠮᠥᠩᠭᠦᠨ ᠬᠦᠢᠯᠭᠡᠭᠡᠨ ᠤ ᠡᠮᠬᠢ ᠵᠠᠮᠪᠠᠷᠠᠭ᠎ᠠ ᠥᠬᠡᠶ ᠪᠠᠶᠢᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ 1 ᠵᠢᠵᠢᠭ ᠵᠢᠭᠡᠯᠡᠯᠭᠡ ᠶᠢᠨ ᠺᠣᠮᠫᠠᠨᠢ ᠶᠢ ᠬᠦᠴᠦᠨ ᠥᠬᠡᠶ ᠪᠣᠯᠭᠠᠪᠠ᠃ ᠬᠤᠰᠢᠭᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠪᠥᠬᠦ ᠣᠷᠣᠨ ᠤ ︽ᠶᠡᠷᠦᠩᠬᠡᠶᠢᠯᠡᠭᠰᠡᠨ ᠬᠢᠨᠠᠨ ᠰᠢᠯᠭᠠᠷᠠᠭᠤᠯᠤᠯᠲᠠ ᠶᠢᠨ ᠲᠡᠷᠢᠭᠦᠨ ᠤ ᠨᠢᠭᠡᠴᠡ︾ ᠪᠠ ︽ᠵᠢᠵᠢᠭ ᠪᠢᠴᠢᠯ ᠠᠵᠤ ᠠᠬᠤᠶᠢᠯᠠᠯ ᠢ ᠳᠡᠮᠵᠢᠭᠰᠡᠨ ᠲᠤᠰᠬᠠᠶ ᠱᠠᠩᠨᠠᠯ︾ ᠢ ᠭᠥᠷᠳᠡᠵᠦ᠂ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢ ᠬᠦᠴᠦᠲᠡᠶ ᠠᠬᠢᠭᠤᠯᠪᠠ᠃    ᠥᠩᠭᠡᠷᠡᠭᠰᠡᠨ ᠨᠢᠭᠡ ᠵᠢᠯ ᠳᠤ᠂ ᠪᠢᠳᠡ ᠶᠠᠰᠤ ᠴᠢᠨᠠᠷ ᠤᠨ ᠳᠡᠭᠡᠭᠰᠢᠯᠡᠯᠲᠡ ᠶᠢ ᠳᠣᠪᠤᠶᠢᠯᠭᠠᠵᠤ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠢᠨ᠎ᠡ ᠳᠦᠷᠰᠦ ᠪᠠᠶᠢᠳᠠᠯ ᠢ ᠢᠯᠡᠷᠡᠭᠦᠯᠪᠡ᠃ ᠬᠤᠲᠠ ᠶᠢᠨ ᠴᠢᠨᠠᠷ ᠴᠢᠨᠰᠠᠭ᠎ᠠ ᠶᠢ ᠲᠤᠲᠤᠨ᠎ᠠ ᠭᠠᠳᠠᠨ᠎ᠠ ᠠᠴᠠ ᠨᠢ ᠬᠠᠮᠲᠤ ᠳᠤᠨᠢ ᠴᠢᠮᠡᠭᠯᠡᠪᠡ᠃ ᠪᠥᠬᠦ ᠵᠢᠯ ᠳᠤ 83 ᠲᠦᠮᠡᠨ ᠲᠡᠭᠰᠢ ᠳᠥᠷᠪᠡᠯᠵᠢᠨ ᠮᠧᠲᠷ ᠨᠣᠭᠤᠭᠠᠷᠠᠭᠤᠯᠤᠯᠲᠠ ᠶᠢ ᠪᠡᠶᠡᠯᠡᠭᠦᠯᠵᠦ᠂ ᠭᠤᠤᠯ ᠮᠥᠷᠡᠨ ᠨᠠᠭᠤᠷ ᠴᠥᠭᠦᠷᠥᠮ ᠢ ᠬᠤᠯᠪᠣᠨ ᠨᠡᠪᠲᠡᠷᠡᠭᠦᠯᠬᠦ ᠢᠨᠵᠧᠨᠧᠷᠢᠩ ᠤᠷᠤᠭᠰᠢᠲᠠᠶ ᠠᠭᠢᠵᠤ᠂ ᠬᠤᠷᠴᠢᠨ ᠤ ᠲᠠᠯ᠎ᠠ ᠬᠤᠲᠠ ᠶᠢᠨ ᠳᠤᠮᠳᠠᠬᠢ ᠲᠠᠯ᠎ᠠ ᠨᠤᠲᠤᠭ ᠤᠨ ᠲᠦᠷᠦᠯ ᠵᠤᠶᠢᠯ ᠢ ᠲᠣᠭᠲᠠᠭᠤᠨ ᠢᠶᠠᠷ ᠬᠡᠷᠡᠭᠵᠢᠭᠦᠯᠵᠦ᠂ ᠬᠤᠲᠠ ᠶᠢᠨ ᠬᠤᠶᠢᠲᠤ ᠵᠠᠮ ᠤᠨ ᠪᠦᠰᠡᠯᠢᠭ ᠴᠡᠴᠡᠷᠯᠢᠭ ᠢ ᠲᠠᠩᠰᠤᠭ ᠰᠠᠶᠢᠬᠠᠨ ︽ᠦᠵᠡᠮᠵᠢ ᠶᠢᠨ ᠪᠦᠰᠡ︾ ᠪᠣᠯᠭᠠᠪᠠ᠃ ᠬᠤᠢ ᠨᠢᠩ ᠬᠥᠭᠦᠷᠭᠡ᠂ ᠳ᠋ᠦ᠋ ᠯᠢᠨ ᠬᠥᠭᠦᠷᠭᠡ ᠶᠢ ᠥᠭᠡᠷᠡᠴᠢᠯᠡᠨ ᠪᠠᠶᠢᠭᠤᠯᠵᠤ᠂ ᠮᠧᠢ ᠶᠤᠸᠠᠨ ᠵᠠᠮ᠂ ᠬᠠᠨ ᠠᠭᠤᠯᠠ ᠪᠠᠷᠠᠭᠤᠨ ᠵᠡᠭᠡᠯᠢ ᠵᠡᠷᠭᠡ 6 ᠵᠤᠷᠪᠤᠰ ᠵᠠᠮ ᠲᠡᠷᠭᠡ ᠨᠡᠪᠲᠡᠷᠡᠵᠦ᠂ ᠰᠣᠯᠣᠨ ᠵᠡᠭᠡᠯᠢ᠂ ᠳ᠋ᠠᠱᠢᠵᠠᠢ ᠵᠡᠭᠡᠯᠢ ᠵᠡᠷᠭᠡ 7 ᠵᠤᠷᠪᠤᠰ ᠵᠠᠮ ᠢ ᠡᠮᠬᠢ ᠴᠡᠭᠴᠡ ᠲᠠᠢ ᠴᠡᠴᠡᠭᠯᠡᠪᠡ᠃ ᠬᠤᠶᠠᠷ ᠤᠰᠤᠨ ᠰᠤᠷᠪᠤᠯᠵᠢ ᠳᠤ ᠤᠰᠤ ᠬᠠᠩᠭᠠᠬᠤ ᠢᠨᠵᠧᠨᠧᠷᠢᠩ ᠢ ᠵᠢᠩᠬᠢᠨᠢ ᠪᠠᠷ ᠠᠵᠢᠯᠯᠠᠭᠤᠯᠵᠤ᠂ ᠤᠰᠤᠨ ᠰᠤᠷᠪᠤᠯᠵᠢ ᠬᠠᠮᠠᠭᠠᠯᠠᠬᠤ ᠲᠥᠷᠥᠯ ᠵᠦᠢᠯ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ ︽ᠡᠪᠦᠯ ᠤᠨ ᠡᠪᠡᠳᠴᠢᠨ ᠢ ᠵᠤᠨ ᠵᠠᠰᠠᠬᠤ︾ ᠵᠠᠭᠪᠤᠷ ᠢ ᠡᠬᠢᠯᠡᠭᠦᠯᠵᠦ᠂ ᠰᠢᠩ ᠺᠧ ᠰᠠᠭᠤᠭᠠᠯᠢ ᠲᠣᠭᠤᠷᠢᠭ ᠤᠨ ᠳᠤᠯᠠᠭᠠᠯᠠᠭ᠎ᠠ ᠶᠢᠨ ᠭᠤᠣᠯᠯᠠᠨ ᠬᠠᠮᠢᠶᠠᠷᠬᠤ ᠲᠣᠣᠷ ᠢ 13 ᠺᠢᠯᠣᠮᠧᠲᠷ ᠥᠭᠡᠷᠡᠴᠢᠯᠡᠪᠡ᠃ ᠪᠦᠬᠦ ᠵᠢᠯ ᠳᠤ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠭᠰᠠᠨ ᠲᠠᠯᠠᠪᠠᠢ 220 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ 800 ᠡᠷᠦᠬᠡ ᠳᠥᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠵᠤ ᠪᠤᠴᠠᠭᠠᠨ ᠨᠡᠭᠦᠯᠭᠡᠪᠡ᠃ ᠲᠣᠭᠲᠠᠩᠭᠤᠶ ᠲᠡᠷᠭᠡ ᠬᠥᠰᠬᠡ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠷᠠᠭᠤᠯᠵᠠᠢ᠃ ᠥᠨᠳᠥᠷ ᠪᠠᠷᠢᠮᠵᠢᠶ᠎ᠠ ᠪᠠᠷ ᠬᠤᠶᠠᠷ ᠰᠥᠨᠢ ᠶᠢᠨ ᠵᠠᠬ᠎ᠠ ᠳᠡᠯᠭᠡᠭᠦᠷ ᠢ ᠪᠠᠶᠢᠭᠤᠯᠵᠤ᠂ ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠪᠠ᠃ ᠪᠦᠬᠦ ᠣᠷᠣᠨ ᠤ ᠨᠢᠭᠡ ᠴᠣᠭᠴᠠᠵᠢᠭᠤᠯᠤᠭᠰᠠᠨ ᠰᠢᠨ᠎ᠡ ᠮᠠᠶ᠋ᠢᠭ ᠤᠨ ᠬᠡᠷᠡᠮ ᠤᠨ ᠮᠠᠲ᠋ᠧᠷᠢᠶᠠᠯ ᠤᠨ ᠲᠤᠬᠠᠶ ᠶᠢᠨ ᠭᠠᠵᠠᠷ ᠤᠨ ᠬᠤᠷᠠᠯ ᠢ ᠠᠮᠵᠢᠯᠲᠠ ᠲᠠᠢ ᠳᠠᠭᠠᠭᠠᠨ ᠡᠷᠬᠢᠯᠡᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠪᠠ᠃ ︽ᠳᠥᠷᠪᠡᠨ 100︾ ᠢᠨᠵᠧᠨᠧᠷᠢᠩ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ  ᠬᠦᠢᠴᠡᠳ ᠪᠠᠳᠠᠷᠠᠭᠤᠯᠵᠤ᠂ ︽ᠲᠠᠪᠤᠨ ᠶᠡᠭᠡ ᠠᠵᠤ ᠦᠢᠯᠡᠰ ᠤᠨ ᠬᠦᠷᠢᠶᠡᠯᠡᠩ ᠲᠣᠭᠤᠷᠢᠭ︾ ᠤᠨ ᠨᠥᠯᠥᠭᠡᠯᠡᠨ ᠳᠠᠶᠢᠴᠢᠯᠠᠬᠤ ᠴᠢᠳᠠᠮᠵᠢ ᠡᠳᠦᠷ ᠢᠷᠡᠬᠦᠶ᠎ᠡ ᠲᠣᠪᠤᠶᠢᠮ᠎ᠠ ᠪᠣᠯᠪᠠ᠃ ᠮᠠᠯᠴᠢᠨ ᠲᠠᠷᠢᠶᠠᠴᠢᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠪ ᠴᠢᠨᠠᠷ ᠢ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠶᠢ ᠥᠷᠨᠢᠭᠦᠯᠵᠦ᠂ 530 ᠮᠡᠷᠭᠡᠵᠢᠯᠲᠡᠨ ︵ᠤᠳᠠᠭ᠎ᠠ︶ ᠢ ᠬᠥᠮᠦᠵᠢᠭᠦᠯᠦᠨ ᠪᠤᠶᠢᠵᠢᠭᠤᠯᠵᠤ᠂ 1.2 ᠲᠦᠮᠡᠨ ᠮᠠᠯᠴᠢᠨ ᠲᠠᠷᠢᠶᠠᠴᠢᠳ ᠲᠤ ᠰᠢᠭᠤᠳ ᠠᠰᠢᠭ ᠬᠦᠷᠲᠡᠭᠡᠪᠡ᠃ ᠣᠷᠣᠰᠢᠨ ᠰᠠᠭᠤᠬᠤ ᠣᠷᠴᠢᠨ ᠲᠣᠭᠤᠷᠢᠨ ᠤ ᠴᠡᠭᠴᠡᠯᠡᠯᠲᠡ ᠶᠢ ᠯᠠᠪᠳᠠᠭᠤᠨ ᠠᠬᠢᠭᠤᠯᠵᠤ᠂ 10211 ᠡᠷᠦᠬᠡ ᠶᠢᠨ ᠵᠣᠷᠯᠣᠩ ᠢ ᠥᠭᠡᠷᠡᠴᠢᠯᠡᠨ᠂ ᠬᠠᠷᠠᠯᠲᠠ ᠡᠭᠦᠷᠭᠡ ᠶᠢᠨ 119% ᠶᠢ ᠪᠡᠶᠡᠯᠡᠭᠦᠯᠪᠡ᠃ ᠢᠯᠭᠠᠳᠠᠰᠤᠨ ᠪᠣᠬᠢᠷᠲᠤᠯ ᠢ ᠰᠢᠢᠳᠪᠦᠷᠢᠯᠡᠬᠦ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢ ᠶᠡᠬᠡᠪᠡᠷ ᠪᠤᠶᠢᠵᠢᠭᠤᠯᠵᠤ᠂ ᠮᠠᠯ ᠵᠢᠭᠦᠷᠲᠡᠨ ᠤ ᠢᠯᠭᠠᠳᠠᠰᠤᠨ ᠪᠣᠬᠢᠷᠲᠤᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 95% ᠳᠤ ᠬᠦᠷᠦᠭᠦᠯᠵᠡᠢ᠃ 21 ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠫᠠᠨᠢ ᠪᠠᠶᠢᠭᠤᠯᠵᠤ᠂ 1543 ᠨᠡᠷᠡᠰ ᠴᠡᠪᠡᠷᠯᠡᠭᠴᠢ ᠲᠣᠬᠢᠷᠠᠭᠤᠯᠵᠠᠢ᠃ ᠪᠥᠬᠦ ᠬᠤᠰᠢᠭᠤᠨ ᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠳᠤᠮᠳᠠᠴᠢ ᠪᠠᠷ 15 ᠲᠦᠮᠡᠨ ᠲᠥᠭᠦᠷᠢᠭ ᠠᠴᠠ ᠳᠡᠭᠡᠭᠰᠢ ᠳᠤ ᠬᠦᠷᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠲᠠᠰᠤᠷᠠᠯᠲᠠ ᠥᠬᠡᠶ ᠪᠠᠲᠤᠵᠢᠪᠠ᠃ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠪᠡ᠃ G302 ᠠᠴᠠ ᠤᠯᠠᠭᠠᠠᠭᠤᠤᠯ᠂ ᠤᠯᠠᠭᠠᠬᠤᠲᠤ ᠠᠴᠠ ᠯᠢᠦᠢ ᠱᠦᠢ ᠬᠠᠷ᠎ᠠ ᠪᠠᠶᠢᠰᠢᠩ ᠬᠦᠷᠬᠦ ᠪᠠᠷᠢᠯᠭ᠎ᠠ ᠳᠠᠭᠤᠰᠴᠤ ᠲᠡᠷᠭᠡ ᠨᠡᠪᠲᠡᠷᠡᠵᠦ᠂ ᠱᠠᠭᠠᠷᠭᠠᠡ ᠶᠡᠭᠡ ᠬᠥᠭᠦᠷᠭᠡ ᠵᠡᠷᠭᠡ 5 ᠲᠥᠷᠥᠯ ᠵᠦᠢᠯ ᠢ ᠬᠤᠭᠤᠴᠠᠭ᠎ᠠ ᠶᠣᠰᠣᠭᠠᠷ ᠠᠬᠢᠭᠤᠯᠵᠤ᠂ S309 ᠵᠡᠷᠭᠡ 4 ᠵᠤᠷᠪᠤᠰ ᠤᠯᠤᠰ ᠪᠠ ᠮᠤᠵᠢ ᠶᠢᠨ ᠲᠡᠰ ᠤᠨ ᠭᠤᠣᠯ ᠵᠠᠮ ᠱᠤᠭᠤᠮ ᠳᠤ ᠬᠤᠯᠪᠤᠭᠳᠠᠭᠰᠠᠨ ᠭᠠᠵᠠᠷ ᠢ ᠲᠠᠲᠠᠪᠤᠷᠢᠯᠠᠨ ᠨᠤᠷᠠᠭᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠪᠡ᠃ ᠤᠯᠠᠭᠠᠬᠤᠲᠤ ᠶᠢᠨ 66 ᠺᠢᠯᠣᠸᠠᠲ ᠤᠨ ᠴᠠᠬᠢᠯᠭᠠᠨ ᠬᠤᠪᠢᠰᠬᠠᠬᠤ ᠥᠷᠲᠡᠭᠡ ᠶᠢᠨ 10 ᠺᠢᠯᠣᠸᠠᠲ ᠤᠨ ᠴᠠᠬᠢᠯᠭᠠᠨ ᠬᠤᠪᠢᠰᠬᠠᠬᠤ ᠢᠨᠵᠧᠨᠧᠷᠢᠩ᠂ ᠡᠷᠭᠢᠲᠦ ᠶᠢᠨ 66 ᠺᠢᠯᠣᠸᠠᠲ ᠪᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 220 ᠺᠢᠯᠣᠸᠠᠲ ᠤᠨ ᠴᠠᠬᠢᠯᠭᠠᠨ ᠬᠤᠪᠢᠰᠬᠠᠬᠤ ᠥᠷᠲᠡᠭᠡ ᠶᠢᠨ ᠥᠷᠭᠡᠳᠬᠡᠨ ᠪᠠᠶᠢᠭᠤᠯᠬᠤ ᠢᠨᠵᠧᠨᠧᠷᠢᠩ ᠤᠨ ᠠᠵᠢᠯ ᠳᠠᠭᠤᠰᠴᠤ ᠠᠰᠢᠭᠯᠠᠯᠲᠠ ᠳᠤ ᠣᠷᠣᠪᠠ᠃ 32.7 ᠺᠢᠯᠣᠮᠧᠲᠷ ᠭᠤᠣᠯ ᠤᠨ ᠵᠠᠮ ᠢ ᠴᠡᠭᠴᠡᠯᠡᠨ ᠵᠠᠰᠠᠵᠤ᠂ 30.8 ᠺᠢᠯᠣᠮᠧᠲᠷ ᠭᠤᠤᠯ ᠤᠨ ᠡᠷᠭᠢ ᠬᠠᠮᠠᠭᠠᠯᠠᠬᠤ ᠪᠠᠷᠢᠯᠭ᠎ᠠ ᠪᠠᠷᠢᠵᠤ᠂ 31 ᠵᠤᠷᠪᠤᠰ ᠢᠳᠡᠭᠳᠡᠮᠡᠯ ᠭᠤᠤ ᠶᠢ ᠵᠠᠰᠠᠪᠠ᠃ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠦᠯ ᠵᠦᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠦᠯᠡᠳᠡᠪᠦᠷᠢ ᠭᠦᠢᠴᠡᠳᠬᠡᠬᠦ ᠲᠤᠭ᠎ᠠ ᠶᠢᠨ ᠠᠷᠠᠯᠵᠢᠶᠠᠨ ᠤ ᠠᠰᠢᠭ ᠣᠷᠣᠯᠭ᠎ᠠ ᠶᠢ 7200 ᠲᠦᠮᠡᠨ ᠲᠥᠭᠦᠷᠢᠭ ᠪᠡᠶᠡᠯᠡᠭᠦᠯᠪᠡ᠃   ᠥᠩᠭᠡᠷᠡᠭᠰᠡᠨ ᠨᠢᠭᠡ ᠵᠢᠯ ᠳᠤ᠂ ᠪᠢᠳᠡ ᠪᠦᠬᠦ ᠬᠦᠴᠦᠨ ᠢᠶᠠᠷ ᠢᠶᠠᠨ ᠵᠤᠯ ᠵᠢᠷᠭᠠᠯ ᠢ ᠨᠡᠮᠡᠭᠳᠡᠭᠦᠯᠵᠦ᠂ ᠨᠡᠶᠢᠭᠡᠮ ᠤᠨ ᠦᠢᠯᠡᠰ ᠤᠨ ᠰᠢᠨ᠎ᠡ ᠦᠷ᠎ᠡ ᠪᠦᠲᠦᠭᠡᠯ ᠢ ᠬᠠᠮᠲᠤᠪᠠᠷ ᠡᠳ᠋ᠯᠡᠪᠡ᠃ ᠠᠷᠠᠳ ᠤᠨ ᠠᠮᠢᠳᠤᠷᠠᠯ ᠤᠨ ᠪᠠᠲᠤᠯᠠᠭ᠎ᠠ ᠪᠠᠲᠤ ᠴᠢᠩᠭ᠎ᠠ ᠬᠦᠴᠦᠨ ᠲᠠᠢ ᠪᠤᠯᠵᠠᠢ᠃ ᠵᠢᠵᠢᠭ ᠡᠳ᠋ ᠤᠨ ᠵᠠᠰᠠᠭ ᠢᠶᠠᠷ ᠶᠡᠭᠡ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠪᠠᠷᠢᠮᠲᠠᠯᠠᠵᠤ᠂ 70.7% ᠶᠢᠨ ᠡᠳ᠋ ᠤᠨ ᠵᠠᠰᠠᠭ ᠤᠨ ᠵᠠᠷᠤᠯᠭ᠎ᠠ ᠶᠢ ᠠᠷᠠᠳ ᠤᠨ ᠠᠮᠢᠳᠤᠷᠠᠯ ᠤᠨ ᠬᠦᠷᠢᠶᠡᠨ ᠳᠤ ᠬᠡᠷᠡᠭᠯᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠢᠶᠠᠷ ᠲᠣᠭᠲᠠᠭᠠᠭᠰᠠᠨ 9 ᠬᠤᠪᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦᠨ ᠢ ᠪᠡᠶᠡᠯᠡᠭᠦᠯᠵᠦ᠂ 150 ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ 140 ᠬᠤᠪᠢ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠰᠠᠨᠠᠯ ᠳᠤᠷᠠᠳᠤᠯᠭ᠎ᠠ ᠶᠢ ᠪᠦᠬᠦᠨ ᠢ ᠰᠢᠢᠳᠪᠦᠷᠢᠯᠡᠵᠦ ᠬᠠᠷᠢᠭᠤᠯᠲᠠ ᠥᠭᠴᠦ᠂ ᠲᠥᠯᠥᠭᠡᠯᠡᠭᠴᠢᠳ ᠪᠣᠯᠤᠨ ᠭᠡᠰᠢᠭᠦᠳ ᠤᠨ ᠦᠨᠡᠨ ᠮᠡᠳᠡᠯᠭᠡ ᠨᠡᠪᠲᠡᠷᠬᠡᠢ ᠦᠵᠡᠯᠲᠡ ᠶᠢ ᠬᠥᠭᠵᠢᠯᠲᠡ ᠶᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠭᠠᠨ ᠦᠨᠡᠨ ᠬᠦ ᠬᠤᠪᠢᠷᠠᠭᠤᠯᠪᠠ᠃ ᠪᠦᠬᠦ ᠵᠢᠯ ᠳᠤ ᠡᠯ᠎ᠡ ᠲᠥᠷᠥᠯ ᠤᠨ ᠠᠪᠤᠷᠠᠨ ᠲᠤᠰᠠᠯᠠᠯᠲᠠ᠂ ᠨᠥᠬᠦᠪᠥᠷᠢ ᠪᠡᠯᠡ ᠮᠥᠩᠭᠦ ᠶᠢ 1.88 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠ ᠣᠨᠴᠠ ᠬᠦᠴᠢᠷᠳᠡᠯ ᠲᠠᠢ ᠡᠲᠡᠭᠡᠳ ᠲᠤ ᠨᠥᠬᠦᠪᠥᠷᠢ ᠣᠯᠭᠤᠬᠤ ᠪᠠᠷᠢᠮᠵᠢᠶ᠎ᠠ ᠶᠢ ᠴᠥᠮ 9% ᠪᠠᠷ ᠳᠡᠭᠡᠭᠰᠢᠯᠡᠭᠦᠯᠪᠡ᠃ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠠᠵᠢᠯ ᠢ ᠲᠦᠷᠭᠡᠪᠴᠢᠯᠡᠨ ᠠᠬᠢᠭᠤᠯᠵᠤ᠂ ᠳᠠᠭᠠᠳᠬᠠᠯ ᠳᠤ ᠣᠷᠣᠯᠴᠠᠭᠰᠠᠨ 44891 ᠬᠥᠮᠦᠨ ᠢ ᠰᠢᠨ᠎ᠡ ᠪᠠᠷ ᠨᠡᠮᠡᠭᠳᠡᠭᠦᠯᠪᠡ᠃ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠶᠢ 49 ᠪᠠᠶᠢᠭᠤᠯᠪᠠ᠃ ᠪᠥᠬᠦ ᠠᠶᠢᠮᠠᠭ ᠤᠨ ᠠᠩᠬᠠᠳᠠᠭᠴᠢ ︽ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠭᠰᠡᠨ︾ ᠨᠠᠰᠤᠲᠠᠨ ᠢ ᠠᠰᠠᠷᠠᠬᠤ ᠬᠦᠷᠢᠶᠡᠯᠡᠩ ᠵᠢᠩᠬᠢᠨᠢ ᠪᠠᠷ ᠠᠰᠢᠭᠯᠠᠯᠲᠠ ᠳᠤ ᠣᠷᠣᠵᠤ᠂   ᠶᠢᠨ ᠪᠢᠨ ᠡᠮᠴᠢᠯᠡᠭᠡ ᠰᠤᠪᠢᠯᠠᠯᠲᠠ ᠶᠢᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠭᠤᠤᠯ ᠴᠣᠭᠴᠠ ᠠᠵᠢᠯ ᠢᠶᠠᠨ ᠳᠠᠭᠤᠰᠬᠠᠪᠠ᠃ ᠠᠵᠢᠯ ᠣᠯᠭᠤᠯᠲᠠ ᠦᠢᠯᠡᠰ ᠪᠣᠰᠬᠠᠯᠲᠠ ᠬᠤᠷᠠᠮᠳᠤᠭᠠᠳ ᠦᠷᠨᠢᠩᠭᠦᠢ ᠬᠠᠨᠳᠤᠰᠢ ᠪᠣᠯᠪᠠ᠃ ᠠᠵᠤ ᠠᠬᠤᠢᠯᠠᠯ ᠤᠨ ᠬᠦᠴᠢᠷᠳᠡᠯ ᠢ ᠰᠢᠢᠳᠪᠦᠷᠢᠯᠡᠵᠦ ᠬᠠᠷᠠᠭᠠᠯᠵᠠᠯ ᠦᠵᠡᠭᠦᠯᠬᠦ ᠲᠥᠷᠦ ᠶᠢᠨ ᠪᠣᠳᠣᠯᠭ᠎ᠠ ᠶᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠣᠯᠵᠤ᠂ 176 ᠠᠵᠤ ᠠᠬᠤᠢᠯᠠᠯ ᠤᠨ ᠳᠠᠷᠤᠭᠠᠰᠤ ᠶᠢ 2017.79 ᠲᠦᠮᠡᠨ ᠲᠥᠭᠦᠷᠢᠭ ᠬᠥᠩᠭᠡᠯᠡᠪᠡ᠃ 675 ᠲᠦᠮᠡᠨ ᠲᠥᠭᠦᠷᠢᠭ ᠤᠨ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠲᠠᠯᠪᠢᠵᠤ᠂ 57 ᠦᠢᠯᠡᠰ ᠪᠣᠰᠬᠠᠬᠤ ᠰᠠᠭᠤᠷᠢᠨ ᠭᠠᠵᠠᠷ ᠲᠤ ᠣᠷᠣᠵᠤ ᠰᠠᠭᠤᠷᠢᠰᠢᠪᠠ᠃ 55 ᠲᠠᠯᠠᠪᠠᠢ ᠡᠯ᠎ᠡ ᠲᠥᠷᠥᠯ ᠤᠨ ᠤᠷᠢᠨ ᠡᠯᠰᠡᠬᠦ ᠴᠤᠭᠯᠠᠭᠠᠨ ᠢ ᠡᠷᠬᠢᠯᠡᠨ᠂ 72 ᠰᠠᠭᠤᠷᠢ ︽ᠬᠥᠯᠥᠰᠥᠨ ᠠᠵᠢᠯᠴᠢᠨ ᠤ ᠰᠢᠭᠤᠳ ᠨᠡᠪᠲᠡᠷᠡᠬᠦ ᠲᠡᠷᠭᠡ︾ ᠶᠢᠨ ᠲᠥᠬᠦᠭᠡᠷᠦᠮᠵᠢ ᠶᠢ ᠤᠭᠰᠠᠷᠠᠵᠤ᠂ 3735 ᠬᠥᠮᠦᠨ ᠳᠤ ᠠᠵᠢᠯ ᠮᠡᠷᠭᠡᠵᠢᠯ ᠤᠨ ᠪᠣᠯᠪᠠᠰᠤᠷᠠᠯ ᠬᠦᠷᠲᠡᠭᠡᠪᠡ᠃ ᠪᠠᠴᠢᠮ ᠱᠠᠭᠠᠷᠳᠠᠭᠳᠠᠵᠤ ᠪᠠᠶᠢᠭ᠎ᠠ 147 ᠴᠢᠳᠠᠪᠤᠷᠢᠲᠠᠨ ᠢ ᠤᠷᠢᠨ ᠣᠷᠣᠭᠤᠯᠵᠤ᠂ ᠠᠵᠢᠯ ᠦᠢᠯᠡᠰ ᠤᠨ ᠨᠢᠭᠡᠴᠡ ᠶᠢᠨ 546 ᠠᠵᠢᠯᠲᠠᠨ᠂ ᠣᠢ ᠰᠢᠭᠤᠢ ᠡᠪᠡᠰᠦ ᠬᠠᠮᠠᠭᠠᠯᠠᠭᠴᠢ 102 ᠬᠥᠮᠦᠨ ᠢ ᠤᠷᠢᠨ ᠣᠷᠣᠭᠤᠯᠵᠤ᠂ ᠴᠡᠷᠢᠭ ᠤᠨ ᠠᠯᠪᠠᠨ ᠠᠴᠠ ᠪᠠᠭᠤᠭᠰᠠᠨ 215 ᠪᠠᠶᠢᠯᠳᠤᠭᠴᠢ ᠶᠢᠨ ᠠᠵᠢᠯ ᠤᠯᠬᠤ ᠠᠰᠠᠭᠤᠳᠠᠯ ᠢ ᠰᠢᠢᠳᠪᠦᠷᠢᠯᠡᠪᠡ᠃ 21862 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠠᠢ᠃ ᠬᠤᠲᠠ ᠪᠠᠯᠭᠠᠰᠤᠨ ᠳᠤ 1604 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠨᠢ ᠬᠢᠵᠠᠭᠠᠷᠯᠠᠬᠤ ᠬᠠᠷᠠᠯᠲᠠ ᠠᠴᠠ 2.68 ᠵᠠᠭᠤᠨ ᠤ ᠬᠤᠪᠢ ᠶᠢᠨ ᠴᠡᠭ ᠳᠣᠤᠷ᠎ᠠ ᠪᠤᠯᠵᠠᠢ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠲᠡᠩᠴᠡᠭᠦᠷᠢᠲᠡᠶ ᠨᠡᠶᠢᠳᠡᠮ ᠬᠠᠷᠠᠭᠠᠯᠵᠠᠪᠠ᠃ ᠬᠤᠲᠠ ᠪᠠᠯᠭᠠᠰᠤᠨ ᠤ ᠰᠠᠭᠤᠭᠠᠯᠢ ᠲᠣᠭᠤᠷᠢᠭ ᠲᠤ ᠢᠵᠢ ᠪᠦᠷᠢᠳᠦᠭᠰᠡᠨ ᠬᠡᠦᠬᠡᠳ ᠤᠨ ᠴᠡᠴᠡᠷᠯᠢᠭ ᠤᠨ ᠵᠠᠰᠠᠯᠲᠠ ᠶᠢ ᠪᠡᠶᠡᠯᠡᠭᠦᠯᠵᠦ᠂ 21 ᠰᠠᠭᠤᠷᠢ ᠭᠠᠴᠠᠭ᠎ᠠ ᠲᠣᠰᠬᠤᠨ ᠤ ᠬᠡᠦᠬᠡᠳ ᠤᠨ ᠴᠡᠴᠡᠷᠯᠢᠭ ᠢ ᠰᠡᠯᠪᠢᠨ ᠵᠠᠰᠠᠬᠤ ᠥᠭᠡᠷᠡᠴᠢᠯᠡᠯᠲᠡ ᠶᠢ ᠪᠡᠶᠡᠯᠡᠭᠦᠯᠵᠦ᠂ 16 ᠰᠠᠭᠤᠷᠢ ᠳᠤᠮᠳᠠᠳᠤ ᠪᠠᠭ᠎ᠠ ᠰᠤᠷᠭᠠᠭᠤᠯᠢ ᠶᠢᠨ ᠴᠡᠪᠡᠷ ᠡᠨᠧᠷᠭᠢ ᠪᠠᠷ ᠳᠤᠯᠠᠭᠠᠯᠠᠭ᠎ᠠ ᠬᠠᠩᠭᠠᠬᠤ ᠶᠢ ᠪᠡᠶᠡᠯᠡᠭᠦᠯᠪᠡ᠃ ᠬᠤᠰᠢᠭᠤᠨ ᠤ ᠪᠠᠭᠰᠢ ᠶᠢᠨ ᠬᠥᠭᠵᠢᠯᠲᠡ ᠶᠢᠨ ᠲᠥᠪ ᠥᠨᠳᠥᠷ ᠪᠦᠲᠦᠮᠵᠢᠲᠡᠢ ᠠᠵᠢᠯᠯᠠᠵᠦ ᠪᠤᠢ᠃ ᠡᠯ᠎ᠡ ᠱᠠᠲᠤᠨ ᠤ ᠡᠯ᠎ᠡ ᠲᠦᠷᠦᠯ ᠤᠨ ᠪᠠᠭᠰᠢ ᠶᠢ 409 ᠬᠥᠮᠦᠨ ᠨᠥᠬᠦᠪᠥᠷᠢᠯᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠴᠢᠩᠭᠠᠳᠬᠠᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠡᠮᠬᠢ ᠵᠢᠷᠤᠮ ᠲᠠᠢ ᠠᠬᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠪᠦᠲᠦᠮᠵᠢ ᠲᠣᠭᠲᠠᠭᠤᠨ ᠢᠶᠠᠷ ᠳᠡᠭᠡᠭᠰᠢᠯᠡᠪᠡ᠃ ᠶᠤᠸᠠᠨ ᠯᠦᠩ ᠫᠢᠩ ᠠᠺᠠᠳᠧᠮᠢᠴᠢ ᠶᠢᠨ ᠠᠵᠢᠯ ᠤᠨ ᠥᠷᠲᠡᠭᠡᠨ ᠤ ᠳᠠᠪᠠᠭᠠᠨ ᠭᠤᠤ ᠳᠤᠮᠳᠠᠳᠤ ᠰᠤᠷᠭᠠᠭᠤᠯᠢ ᠶᠢᠨ ᠲᠤᠷᠰᠢᠯᠲᠠ ᠶᠢᠨ ᠰᠠᠭᠤᠷᠢᠨ ᠭᠠᠵᠠᠷ ᠢ ᠪᠠᠶᠢᠭᠤᠯᠵᠠᠢ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠢ ᠠᠰᠢᠭᠯᠠᠯᠲᠠ ᠳᠤ ᠣᠷᠣᠭᠤᠯᠪᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠷ᠎ᠡ ᠪᠦᠲᠦᠭᠡᠯ ᠡᠯᠪᠡᠭ᠃ ᠭᠡᠨᠡᠳᠲᠡ ᠶᠢᠨ ᠡᠪᠡᠳᠴᠢᠨ ᠢ ᠬᠦᠯᠢᠶᠡᠨ ᠠᠪᠴᠤ ᠡᠮᠨᠡᠨ ᠵᠠᠰᠠᠬᠤ ᠪᠡᠯᠡᠳᠬᠡᠯ ᠡᠮᠨᠡᠯᠭᠡ ᠶᠢᠨ ᠬᠤᠷᠢᠶ᠎ᠠ᠂ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠲᠤᠷᠰᠢᠯᠲᠠ ᠶᠢᠨ ᠲᠠᠰᠤᠭ ᠢ ᠪᠠᠴᠢᠮ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠬᠢᠵᠢᠭ ᠤᠨ ᠪᠠᠶᠢᠳᠠᠯ ᠢ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠴᠢᠩᠭᠠᠳᠬᠠᠪᠠ᠃ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ᠂ ᠵᠡᠮᠳᠡᠭᠴᠦᠳ ᠤᠨ ᠡᠷᠡᠭᠦᠯᠵᠢᠯ ᠤᠨ ᠲᠥᠪ ᠤᠨ ᠪᠠᠷᠢᠯᠭ᠎ᠠ ᠶᠢ ᠳᠠᠭᠤᠰᠬᠠᠵᠤ᠂ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠲᠤᠷᠰᠢᠯᠲᠠ ᠶᠢᠨ ᠲᠠᠰᠤᠭ᠂ ᠪᠢ ᠬᠦᠢ ᠶᠤᠸᠠᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠠᠰᠢᠭᠯᠠᠯᠲᠠ ᠳᠤ ᠣᠷᠣᠭᠤᠯᠪᠠ᠃ ᠤᠳᠠᠭᠠᠨ ᠴᠢᠨᠠᠷᠲᠠᠶ ᠡᠪᠡᠳᠴᠢᠲᠡᠨ 9478 ᠬᠥᠮᠦᠨ ᠢ ᠵᠢᠭᠰᠠᠭᠠᠨ ᠪᠠᠶᠢᠴᠠᠭᠠᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ 2979 ᠲᠦᠮᠡᠨ ᠲᠥᠭᠦᠷᠢᠭ ᠵᠠᠷᠤᠴᠠᠭᠤᠯᠪᠠ᠃ ᠪᠦᠬᠦ ᠬᠤᠰᠢᠭᠤ ᠪᠠᠷ ᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ ᠡᠵᠡᠮᠳᠡᠵᠡᠢ᠃ ᠬᠤᠰᠢᠭᠤᠨ ᠤ ᠡᠮᠨᠡᠯᠭᠡ ᠶᠢᠨ ᠬᠤᠷᠢᠶᠠᠨ ᠤ ᠰᠤᠪᠢᠯᠠᠭᠴᠢ ᠢᠦᠶ ᠾᠧ ᠰᠠᠨᠠᠭᠠᠴᠢᠯᠠᠭ᠎ᠠ ᠠᠴᠠ ᠪᠠᠨ ᠦᠬᠠᠨ ᠢ ᠲᠤᠰᠠᠯᠠᠵᠤ᠂ ︽ᠬᠠᠮᠤᠭ ᠤᠨ ᠭᠤᠶᠤ ᠰᠥᠷᠦᠭᠴᠢ︾  ᠂ ︽ᠥᠪᠡᠷᠲᠡᠭᠡᠨ ᠵᠠᠰᠠᠬᠤ ᠣᠷᠣᠨ ᠤ ᠭᠠᠷᠮᠠᠭᠠᠶ ᠰᠤᠪᠢᠯᠠᠭᠴᠢ︾ ᠵᠡᠷᠭᠡ ᠢᠷᠠᠭᠤ ᠠᠯᠳᠠᠷ ᠤᠨ ᠴᠣᠯᠠ ᠭᠥᠷᠳᠡᠪᠡ᠃ ᠴᠠᠷᠠᠰᠤᠨ ᠤ ᠲᠣᠰᠬᠤᠨ ᠤ ᠡᠮᠴᠢ ᠪᠦᠦ ᠴᠠᠩ ᠮᠢᠩ ᠢ ︽ᠪᠥᠬᠦ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠤᠨ ᠲᠡᠷᠢᠭᠦᠨ ᠤ ᠬᠤᠪᠢ ᠬᠥᠮᠦᠨ︾᠂ ︽ᠳᠤᠮᠳᠠᠳᠤ ᠤᠯᠤᠰ ᠤᠨ ᠬᠢᠵᠢᠭ ᠲᠠᠢ ᠲᠡᠮᠡᠴᠡᠭᠰᠡᠨ ᠣᠨᠴᠠᠭᠠᠶ ᠬᠥᠮᠦᠨ︾ ᠢᠶᠠᠷ ᠨᠡᠬᠡᠮᠵᠢᠯᠡᠨ ᠡᠷᠬᠦᠮᠵᠢᠯᠡᠪᠡ᠃ ᠰᠣᠶᠣᠯ ᠲᠠᠮᠢᠷ ᠤᠨ ᠦᠢᠯᠡᠰ ᠴᠡᠴᠡᠭᠯᠡᠨ ᠬᠥᠭᠵᠢᠪᠡ᠃ ᠪᠥᠬᠦ ᠠᠶᠢᠮᠠᠭ ᠤᠨ ᠵᠠᠰᠠᠮᠠᠯ ᠵᠠᠮ ᠤᠨ ᠬᠡᠬᠡᠷᠯᠡᠨ ᠬᠦᠶᠦᠬᠦ ᠤᠷᠤᠯᠳᠤᠭᠠᠨ ᠳᠤ ︽ᠠᠷᠪᠠᠨ ᠬᠤᠶᠠᠷ ᠵᠢᠯ ᠳᠠᠷᠠᠭᠠᠯᠠᠨ ᠮᠠᠩᠯᠠᠶᠢᠯᠠᠵᠤ︾᠂ ᠪᠥᠬᠦ ᠣᠷᠣᠨ ᠤ ᠵᠠᠯᠠᠭᠤᠴᠤᠳ ᠪᠠᠭᠠᠴᠤᠳ ᠤᠨ ᠬᠦᠨᠳᠦ ᠬᠥᠩᠭᠡᠨ ᠲᠠᠮᠢᠷ ᠤᠨ ᠮᠠᠩᠯᠠᠶ ᠰᠢᠯᠭᠠᠷᠠᠭᠤᠯᠬᠤ ᠤᠷᠤᠯᠳᠤᠭᠠᠨ ᠳᠤ 2 ᠠᠯᠲᠠᠨ ᠮᠧᠳᠠᠯ᠂ 1 ᠭᠠᠤᠯᠢᠨ ᠮᠧᠳᠠᠯ ᠣᠯᠵᠠᠶ᠃ ᠤᠯᠠᠭᠠᠨᠮᠥ᠋ᠴᠢᠷ᠂ ᠨᠠᠢᠮᠠᠨ ᠮᠤᠵᠢ ᠣᠷᠣᠨ ᠤ ᠠᠷᠠᠳ ᠤᠨ ᠳᠠᠭᠤᠤ ᠶᠢᠨ ᠤᠷᠤᠯᠳᠤᠭᠠᠨ ᠤ ᠬᠠᠮᠤᠭ ᠰᠢᠯᠢᠳᠡᠭ ᠪᠦᠯᠬᠦᠮ ᠤᠨ ᠱᠠᠩᠨᠠᠯ᠂ ᠤᠮᠠᠷᠠᠲᠤ ᠣᠷᠣᠨ ᠤ ᠲᠠᠪᠤᠨ ᠮᠤᠵᠢ ᠶᠢᠨ ᠪᠥᠵᠢᠭ ᠤᠨ ᠵᠣᠬᠢᠶᠠᠨ ᠪᠦᠲᠦᠭᠡᠯᠭᠡ ᠶᠢᠨ ᠭᠤᠷᠪᠠᠳᠤᠭᠠᠷ ᠳᠡᠰ ᠤᠨ ᠱᠠᠩᠨᠠᠯ ᠢ ᠭᠥᠷᠳᠡᠪᠡ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠥᠸᠧ ᠤᠣ ᠶᠢᠨ ᠣᠯᠠᠨ ᠤᠯᠤᠰ ᠤᠨ ᠵᠤᠭᠠᠴᠠᠯ ᠤᠨ ︽ᠣᠨ ᠤ ᠪᠣᠳᠠᠰ ᠤᠨ ᠪᠤᠰᠤ ᠰᠣᠶᠣᠯ ᠤᠨ ᠥᠪ ᠤᠨ ᠰᠢᠨ᠎ᠡ ᠶᠢ ᠡᠭᠦᠳᠦᠭᠰᠡᠨ ᠱᠠᠩᠨᠠᠯ︾ ᠢ ᠭᠥᠷᠳᠡᠵᠦ᠂ ᠪᠠᠶᠠᠨᠵᠢᠷᠦᠬᠡ ᠠᠭᠤᠯᠠ ᠶᠢᠨ ᠲᠠᠬᠢᠯᠭ᠎ᠠ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠲᠤ ᠵᠢᠭᠰᠠᠭᠠᠭᠳᠠᠨ᠂ ᠲᠡᠤᠬᠡ ᠰᠣᠶᠣᠯ ᠤᠨ ᠰᠤᠳᠠᠰᠤ ᠶᠢ ᠪᠦᠲᠦᠮᠵᠢᠲᠡᠶ ᠬᠠᠮᠠᠭᠠᠯᠠᠨ ᠤᠯᠠᠮᠵᠢᠯᠠᠪᠠ᠃ ᠠᠮᠤᠷ ᠲᠦᠪᠰᠢᠨ ᠤ ᠰᠠᠭᠤᠷᠢ ᠴᠢᠯᠠᠭᠤ ᠨᠠᠩ ᠪᠠᠬᠢᠵᠢᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠠᠬᠢᠭᠤᠯᠵᠤ᠂ ᠡᠷᠡᠭᠦᠤ ᠶᠢᠨ ᠬᠡᠷᠡᠭ ᠪᠠ ᠠᠮᠤᠷ ᠢ ᠬᠠᠮᠠᠭᠠᠯᠠᠬᠤ ᠬᠡᠷᠡᠭ ᠦᠷᠭᠦᠯᠵᠢᠯᠡᠨ ᠪᠠᠭᠤᠷᠠᠪᠠ᠃ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ ᠢ ᠨᠢᠭᠡ ᠱᠠᠲᠤᠵᠢᠭᠤᠯᠤᠨ ᠡᠭᠦᠳᠦᠨ ᠪᠠᠶᠢᠭᠤᠯᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠪᠣᠶ ᠪᠥᠬᠦᠶ ᠭᠠᠴᠠᠭ᠎ᠠ ᠲᠣᠰᠬᠤᠨ ᠳᠤ ᠬᠠᠤᠯᠢ ᠴᠠᠭᠠᠵᠠ ᠶᠢᠨ ᠵᠥᠪᠯᠡᠭᠴᠢ ᠶᠢ ︽ᠪᠦᠷᠢᠨ ᠪᠦᠷᠬᠦᠭᠦᠯᠬᠦ︾ ᠶᠢ ᠪᠡᠶᠡᠯᠡᠭᠦᠯᠪᠡ᠃ ︽ᠨᠢᠭᠡ ᠮᠥᠩᠭᠦ ᠲᠤᠯᠤᠭᠠᠨ ᠲᠦᠷᠢᠮ ︾ ᠢ ᠨᠠᠶᠢᠳᠠᠪᠤᠷᠢᠵᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ 1043 ᠬᠥᠯᠥᠰᠥᠨ ᠠᠵᠢᠯᠴᠢᠨ ᠳᠤ 1294.94 ᠲᠦᠮᠡᠨ ᠲᠥᠭᠦᠷᠢᠭ ᠤᠨ ᠴᠠᠯᠢᠩ ᠨᠡᠬᠡᠮᠵᠢᠯᠡᠨ ᠣᠯᠭᠤᠪᠠ᠃ ᠢᠳᠡᠭᠡᠨ ᠪᠠ ᠡᠮ ᠤᠨ ᠵᠦᠢᠯᠡᠰ ᠤᠨ ᠣᠶᠤᠨᠴᠢ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠠᠰᠢᠭᠯᠠᠯᠲᠠ ᠳᠤ ᠣᠷᠣᠭᠤᠯᠤᠨ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠲᠤᠰᠬᠠᠢ ᠲᠥᠷᠥᠯ ᠤᠨ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠢ ᠠᠬᠢᠭᠤᠯᠪᠠ᠃ ᠵᠠᠬᠢᠳᠠᠯ ᠰᠤᠷᠪᠤᠯᠵᠢᠯᠠᠯ ᠢ ᠱᠠᠲᠤ ᠬᠤᠪᠢᠶᠠᠨ ᠬᠠᠷᠢᠭᠤᠴᠠᠵᠤ᠂ ᠬᠠᠷᠢᠶ᠎ᠠ ᠭᠠᠵᠠᠷ ᠲᠤᠨᠢ ᠲᠣᠭᠲᠠᠭᠤᠨ ᠢᠶᠠᠷ ᠡᠵᠡᠮᠳᠡᠬᠦ ᠪᠠ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠲᠠᠰᠤᠷᠠᠯᠲᠠ ᠤᠢᠭᠡᠢ ᠪᠦᠷᠢᠨᠰᠢᠪᠡ᠃ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠲᠣᠭᠲᠠᠭᠤᠨ ᠪᠠᠶᠢᠵᠤ᠂ ᠪᠥᠬᠦ ᠵᠢᠯ ᠳᠤ ᠬᠦᠨᠳᠦ ᠶᠡᠭᠡ ᠠᠴᠠ ᠳᠡᠭᠡᠭᠰᠢᠬᠢ ᠠᠶᠤᠯᠭᠦᠶ ᠦᠢᠯᠡᠳᠪᠦᠷᠢᠯᠡᠯ ᠤᠨ ᠠᠳᠡᠯ ᠭᠠᠷᠤᠭᠰᠠᠨ ᠥᠬᠡᠶ᠃ᠥᠩᠭᠡᠷᠡᠭᠰᠡᠨ ᠨᠢᠭᠡ ᠵᠢᠯ ᠳᠤ᠂ ᠪᠢᠳᠠ ᠵᠣᠷᠢᠭᠲᠠᠢ ᠪᠠᠷ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ᠂ ᠥᠭᠡᠷᠡᠴᠢᠯᠡᠯᠲᠡ ᠨᠡᠬᠡᠬᠡᠯᠳᠡ ᠶᠢᠨ ᠰᠢᠨ᠎ᠡ ᠥᠨᠳᠦᠷᠯᠢᠭ ᠢ ᠴᠣᠭᠴᠠᠯᠠᠪᠠ᠃ ᠭᠤᠣᠯᠳᠠᠯᠭ᠎ᠠ ᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠪᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠰᠢᠭᠤ ᠰᠢᠶᠠᠨ ᠤ ᠱᠠᠲᠤᠨ ᠤ 3 ᠵᠤᠶᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠬᠦᠴᠦᠨ ᠥᠬᠡᠶ ᠪᠣᠯᠭᠠᠪᠠ᠃ ᠬᠢᠨᠠᠨ ᠵᠥᠪᠰᠢᠶᠡᠷᠡᠬᠦ ᠵᠤᠶᠢᠯᠡᠰ ᠢ ᠬᠦᠢᠴᠡᠳᠭᠡᠬᠦ ᠴᠠᠭ ᠤᠨ ᠬᠢᠵᠠᠭᠠᠷ ᠢ 50% ᠠᠴᠠ ᠳᠡᠭᠡᠭᠰᠢ ᠪᠣᠭᠤᠨᠢᠰᠬᠠᠨ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠢ ᠨᠡᠭᠦᠯᠭᠡᠨ ᠰᠢᠯᠵᠢᠭᠦᠯᠵᠦ᠂ 231 ᠵᠤᠶᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠤᠶᠢᠯᠡᠰ ᠢ ᠰᠢᠨ᠎ᠡ ᠪᠠᠷ ᠨᠡᠮᠡᠭᠳᠡᠭᠦᠯᠪᠡ᠃ ᠭᠤᠤᠯᠳᠠᠯᠭ᠎ᠠ ᠲᠠᠢ ᠭᠠᠶᠢᠯᠢ ᠶᠢᠨ ᠢᠷᠡᠯᠲᠡ᠂ ᠴᠢᠬᠤᠯᠠ ᠶᠡᠭᠡ ᠲᠥᠷᠥᠯ ᠵᠤᠶᠢᠯ ᠤᠨ ︽ᠰᠢᠭᠤᠳ ᠨᠡᠪᠲᠡᠷᠡᠬᠦ ᠲᠡᠷᠭᠡ︾ ᠶᠢ ᠨᠡᠭᠡᠭᠡᠵᠦ᠂ ᠭᠠᠶᠢᠯᠢ ᠳᠤ ᠬᠤᠯᠪᠣᠭᠳᠠᠭᠰᠠᠨ 184 ᠵᠤᠶᠢᠯᠡᠰ ᠢ ᠨᠢᠭᠡ ᠯᠡ ᠤᠳᠠᠭ᠎ᠠ ᠳᠤ ᠰᠢᠢᠳᠪᠦᠷᠢᠯᠡᠨ ᠳᠠᠭᠤᠰᠬᠠᠵᠤ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠶᠢᠲᠡ 3.04 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠵᠦ᠂ 16318 ᠡᠷᠦᠬᠡ ᠭᠠᠶᠢᠯᠢ ᠲᠤᠰᠢᠶᠠᠭᠴᠢ ᠳᠤ ᠠᠰᠢᠭ ᠬᠦᠷᠲᠡᠭᠡᠪᠡ᠃ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠤᠷᠤᠭᠰᠢᠲᠠᠢ ᠪᠡᠶᠡᠯᠡᠭᠦᠯᠵᠦ᠂ ᠠᠵᠢᠯ ᠦᠢᠯᠡᠰ ᠤᠨ ᠨᠢᠭᠡᠴᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠪᠠ᠃ ᠭᠠᠳᠠᠭᠠᠳᠤ ᠨᠡᠭᠡᠭᠡᠯᠲᠡ ᠯᠠᠪᠳᠠᠭᠤᠨ ᠪᠥᠭᠡᠳ ᠬᠦᠴᠦᠲᠡᠶ᠃ ᠤᠯᠠᠭᠠᠨᠮᠣᠳᠣ ᠳᠤᠮᠳᠠᠳᠤ ᠤᠯᠤᠰ ᠤᠨ ᠲᠠᠯ᠎ᠠ ᠨᠤᠲᠤᠭ ᠤᠨ ᠰᠣᠶᠣᠯ  ᠵᠤᠭᠠᠴᠠᠯ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠢ ᠠᠮᠵᠢᠯᠲᠠ ᠲᠠᠢ ᠡᠷᠬᠢᠯᠡᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠲᠠᠯ᠎ᠠ ᠨᠤᠲᠤᠭ ᠤᠨ ᠰᠣᠶᠣᠯ ᠵᠤᠭᠠᠴᠠᠯ ᠵᠡᠷᠭᠡ ᠲᠠᠯ᠎ᠠ ᠪᠠᠷ ᠪᠦᠬᠦ ᠠᠶᠢᠮᠠᠭ ᠴᠢᠨᠠᠭᠰᠢᠯᠠᠪᠠᠯ ᠪᠦᠬᠦ ᠣᠷᠣᠨ ᠳᠤ ᠢᠳᠡᠪᠬᠢᠲᠡᠶ ᠰᠦᠪᠡᠭᠴᠢᠯᠡᠯᠲᠡ ᠬᠢᠪᠡ᠃ ᠭᠠᠶᠢᠯᠢ ᠪᠠᠲᠤᠯᠠᠬᠤ ᠬᠥᠮᠥᠷᠭᠡ ᠶᠢᠨ ᠭᠤᠤᠯ ᠴᠣᠭᠴᠠ ᠶᠢᠨ ᠠᠵᠢᠯ ᠢ ᠳᠠᠭᠤᠰᠬᠠᠵᠦ᠂ ᠮᠠᠨᠵᠤᠤᠷ ᠪᠣᠭᠤᠮᠲᠠ ᠪᠠᠷ ᠬᠢᠨᠠᠨ ᠵᠥᠪᠰᠢᠶᠡᠷᠡᠭᠦᠯᠪᠡ᠃ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ 1435 ᠲᠦᠮᠡᠨ ᠳ᠋ᠣᠯᠯᠠᠷ ᠲᠤ ᠬᠦᠷᠴᠦ᠂ ᠭᠠᠳᠠᠭᠠᠳᠤ ᠪᠡᠯᠡ ᠶᠢᠨ ᠠᠰᠢᠭᠯᠠᠯᠲᠠ ᠶᠢᠨ ᠲᠤᠭ᠎ᠠ 2.27 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠢ ᠪᠡᠶᠡᠯᠡᠭᠦᠯᠵᠦ᠂ ᠲᠤᠰ ᠲᠤᠰ 41% ᠪᠠ 90% ᠪᠠᠷ ᠨᠡᠮᠡᠭᠳᠡᠪᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠪᠠ᠃ 2.29 ᠲᠦᠮᠡᠨ ᠵᠤᠷᠪᠤᠰ ᠠᠵᠤ ᠠᠬᠤᠶᠢᠯᠠᠯ ᠳᠤ ᠬᠤᠯᠪᠣᠭᠳᠠᠭᠰᠠᠨ ᠮᠡᠳᠡᠭᠡ ᠵᠠᠩᠭᠢ ᠶᠢ ᠢᠯᠡ ᠨᠡᠶᠢᠲᠡᠯᠡᠵᠦ᠂ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠵᠡᠷᠭᠡ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠶᠢ ᠪᠡᠶᠡᠯᠡᠭᠦᠯᠪᠡ᠃ ᠬᠠᠮᠲᠤᠷᠠᠨ ᠱᠠᠩᠨᠠᠵᠤ ᠲᠣᠷᠭᠠᠬᠤ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠭᠠᠨ ᠬᠠᠷ᠎ᠠ ᠲᠠᠩᠰᠠ ᠳᠤ ᠵᠢᠭᠰᠠᠭᠠᠭᠳᠠᠭᠰᠠᠨ 14 ᠠᠵᠤ ᠠᠬᠤᠶᠢᠯᠠᠯ ᠢ ᠨᠢᠭᠡᠨᠲᠡ ᠨᠡᠶᠢᠭᠡᠮ ᠳᠤ ᠢᠯᠡ ᠪᠣᠯᠭᠠᠪᠠ᠃ ᠨᠡᠶᠢᠲᠡ 31 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠭᠰᠡᠨ ᠨᠣᠷᠮ᠎ᠠ 100% ᠳᠤ ᠬᠦᠷᠴᠦ᠂ ᠪᠦᠬᠦ ᠬᠤᠰᠢᠭᠤᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠬᠥᠭᠵᠢᠭᠡᠳ 2.3 ᠲᠦᠮᠡᠨ ᠡᠷᠦᠬᠡ ᠪᠣᠯᠪᠠ᠃ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ︽ᠪᠥᠬᠦ ᠤᠯᠤᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠠᠶᠢᠴᠠᠭᠠᠯᠲᠠ ᠶᠢᠨ ᠴᠡᠭ ᠤᠨ ᠠᠵᠢᠯ ᠤᠨ ᠲᠡᠷᠢᠭᠦᠨ ᠤ ᠦᠨᠳᠦᠰᠦᠨ ᠱᠠᠲᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ︾ ᠶᠢᠨ ᠢᠷᠠᠭᠤ ᠠᠯᠳᠠᠷ ᠢ ᠭᠥᠷᠳᠡᠪᠡ᠃ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠪᠠ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ᠂ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠡᠯ᠎ᠡ ᠵᠦᠢᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠰᠤᠷᠲᠠᠯ ᠤᠨ ᠪᠠᠶᠢᠭᠤᠯᠤᠯᠲᠠ ᠪᠣᠯᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠠᠶᠢᠴᠠᠭᠠᠯᠲᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠪᠡ᠃ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢ ᠴᠥᠬᠦᠷᠡᠰᠢ ᠥᠬᠡᠶ ᠵᠠᠯᠠᠷᠠᠭᠤᠯᠵᠤ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ  ᠢᠯᠵᠢᠷᠠᠯ ᠤᠨ ᠠᠰᠠᠭᠤᠳᠠᠯ ᠢ ᠲᠤᠰᠬᠠᠢ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ 2544.3 ᠲᠦᠮᠡᠨ ᠲᠥᠭᠦᠷᠢᠭ ᠢ ᠨᠡᠬᠡᠮᠵᠢᠯᠡᠨ ᠲᠤᠰᠢᠶᠠᠯᠭᠠᠪᠠ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠯᠲᠠ ᠳᠤ ᠠᠯᠪᠠᠨ ᠠᠵᠢᠯᠲᠠᠨ ᠢ ᠨᠡᠶᠢᠳᠡᠮ ᠵᠢᠭᠰᠠᠭᠠᠨ ᠪᠠᠶᠢᠴᠠᠭᠠᠬᠤ ᠶᠢ ᠪᠡᠶᠡᠯᠡᠭᠦᠯᠵᠦ᠂ ᠨᠡᠭᠦᠷᠡᠰᠦ ᠲᠠᠢ ᠬᠤᠯᠪᠣᠭᠳᠠᠭᠰᠠᠨ ᠠᠰᠠᠭᠤᠳᠠᠯ ᠤᠨ ᠰᠦᠪᠡᠭᠴᠢ ᠶᠢ ᠢᠯᠡᠷᠡᠭᠦᠯᠦᠭᠰᠡᠨ ᠥᠬᠡᠶ᠃ ᠰᠢᠨ᠎ᠡ ᠶᠢ ᠡᠭᠦᠳᠬᠦ ᠪᠠᠶᠢᠭᠤᠯᠭ᠎ᠠ ᠶᠢᠨ ᠴᠢᠳᠠᠪᠬᠢ ᠶᠢᠨ ᠪᠠᠶᠢᠭᠤᠯᠤᠯᠲᠠ᠂ ᠬᠤᠰᠢᠭᠤᠨ ᠤ ᠪᠠᠶᠢᠭᠤᠯᠭ᠎ᠠ ᠶᠢᠨ ᠶᠠᠪᠤᠳᠠᠯ ᠤᠨ ᠲᠣᠪᠴᠢᠶ᠎ᠠ ︽ᠪᠥᠬᠦ ᠤᠯᠤᠰ ᠤᠨ ᠠᠷᠪᠢᠯᠠᠨ ᠭᠠᠮᠨᠠᠬᠤ ᠬᠡᠯᠪᠡᠷᠢ ᠶᠢᠨ ᠣᠯᠠᠨ ᠨᠡᠶᠢᠲᠡ ᠶᠢᠨ ᠪᠠᠶᠢᠭᠤᠯᠤᠮᠵᠢ ᠶᠢᠨ ᠵᠢᠱᠢᠶ᠎ᠡ ᠦᠵᠡᠭᠦᠯᠬᠦ ᠨᠢᠭᠡᠴᠢ︾ ᠶᠢᠨ ᠢᠷᠠᠭᠤ ᠠᠯᠳᠠᠷ ᠢ ᠭᠥᠷᠳᠡᠪᠡ᠃ ᠲᠡᠤᠬᠡ ᠣᠶᠢᠯᠠᠯᠭ᠎ᠠ᠂ ᠭᠥᠯᠢᠶᠡᠨ ᠠᠪᠬᠤ᠂ ᠲᠠᠩᠰᠠ ᠡᠪᠬᠡᠮᠡᠯ᠂ ᠬᠠᠮ ᠵᠠᠭᠤᠴᠢᠯᠠᠭᠤᠷ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠵᠡᠷᠭᠡ ᠠᠵᠢᠯ ᠰᠢᠨ᠎ᠡ ᠠᠮᠵᠢᠯᠲᠠ ᠣᠯᠵᠤ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠠᠵᠢᠯᠴᠢᠨ ᠤ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠡᠪ ᠬᠠᠮᠲᠤ ᠵᠠᠯᠠᠭᠤᠴᠤᠳ ᠤᠨ ᠡᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ᠂ ᠨᠠᠰᠤᠳᠠᠶᠢᠴᠤᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠨᠠᠰᠤᠲᠠᠶᠢᠴᠤᠳ ᠤᠨ ᠨᠡᠶᠢᠭᠡᠮᠯᠢᠭ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠤᠰᠢᠭᠤᠨ ᠳᠤ ᠰᠠᠭᠤᠭ᠎ᠠ ᠴᠡᠷᠢᠭ ᠴᠠᠭᠳᠠᠭ᠎ᠠ ᠴᠡᠷᠢᠭ ᠠᠩᠭᠢ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃    ᠲᠥᠯᠥᠭᠡᠯᠡᠭᠴᠢᠳ ᠡ︕ 2020 ᠣᠨ ᠤ ᠡᠯ᠎ᠡ ᠵᠦᠢᠯ ᠤᠨ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠦᠭᠰᠡᠨ ᠨᠢ ︽ᠠᠷᠪᠠᠨ ᠭᠤᠷᠪᠠᠳᠤᠭᠠᠷ ᠲᠠᠪᠤᠨ ᠵᠢᠯ︾ ᠢ ᠲᠡᠭᠦᠰ ᠠᠮᠵᠢᠯᠲᠠ ᠲᠠᠢ ᠪᠡᠶᠡᠯᠡᠬᠦᠯᠦᠭᠰᠡᠨ ᠶᠠᠪᠤᠳᠠᠯ ᠪᠤᠯᠤᠨ᠎ᠠ᠃ ᠴᠠᠭ ᠬᠤᠭᠤᠴᠠᠭ᠎ᠠ ᠪᠤᠯ ᠬᠥᠭᠵᠢᠯᠲᠡ ᠶᠢᠨ ᠠᠬᠢᠴᠠ ᠶᠢ ᠬᠡᠮᠵᠢᠵᠦ ᠬᠡᠮᠵᠢᠬᠦᠷ ᠪᠥᠭᠡᠳ ᠪᠠᠰᠠ ᠥᠨᠳᠥᠷ ᠲᠤ ᠠᠪᠠᠷᠢᠬᠤ ᠦᠨᠳᠦᠷᠴᠡ ᠶᠢ ᠬᠠᠷᠠᠭᠤᠯᠵᠤ ᠪᠠᠶᠢᠨ᠎ᠠ᠂ ᠲᠠᠪᠤᠨ ᠵᠢᠯ ᠤᠨ ᠲᠤᠷᠰᠢ ᠪᠢᠳᠡ ᠠᠷᠠᠳ ᠲᠤ ᠠᠰᠢᠭ ᠬᠦᠷᠲᠡᠭᠡᠬᠦ ᠮᠠᠰᠢ ᠤᠯᠠᠨ ᠪᠣᠳᠠᠲᠤ ᠶᠠᠪᠤᠳᠠᠯ᠂ ᠠᠯᠤᠰ ᠬᠡᠳᠤ ᠳᠤ ᠠᠰᠢᠭᠲᠠᠢ ᠶᠡᠭᠡ ᠶᠠᠪᠤᠳᠠᠯ᠂ ᠳᠤᠲᠠᠭᠤᠳᠠᠯ ᠢ ᠨᠥᠬᠦᠪᠥᠷᠢᠯᠡᠬᠦ ᠬᠦᠴᠢᠷ ᠶᠠᠪᠤᠳᠠᠯ ᠢ ᠪᠦᠲᠦᠭᠡᠪᠡ᠃ ᠶᠠᠪᠤᠵᠤ ᠥᠩᠭᠡᠷᠡᠭᠰᠡᠨ ᠶᠡᠷᠦ ᠪᠤᠰᠤ ᠶᠢᠨ ᠵᠠᠮ᠂ ᠪᠡᠶᠡᠯᠡᠭᠦᠯᠦᠭᠰᠡᠨ ᠲᠡᠦᠬᠡᠲᠦ ᠴᠢᠨᠠᠷᠲᠠᠢ ᠳᠠᠪᠠᠯᠲᠠ ᠶᠢ ᠡᠷᠭᠢᠴᠡᠭᠦᠯᠪᠡᠯ᠂ ᠪᠢᠳᠡ ᠠᠵᠤ ᠠᠬᠤᠢ ᠤᠷᠤᠭᠤᠳᠠᠭᠰᠠᠨ᠂ ᠬᠥᠳᠡᠯᠭᠡᠬᠦ ᠡᠨᠧᠷᠭᠢ ᠰᠣᠯᠢᠭᠳᠠᠭᠰᠠᠨ᠂ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠭᠰᠠᠨ ᠬᠦᠴᠢᠷ ᠵᠣᠪᠠᠭᠤᠷᠢ ᠶᠢ ᠲᠤᠭᠤᠯᠤᠭᠰᠠᠨ ᠢᠶᠠᠷ ᠪᠠᠷᠠᠬᠤ ᠦᠭᠡᠢ᠂ ᠪᠠᠰᠠ ᠠᠵᠤ ᠦᠢᠯᠡᠰ ᠤᠨ ᠤᠷᠤᠭᠰᠢᠯᠠᠯᠲᠠ᠂ ᠣᠷᠴᠢᠨ ᠲᠣᠭᠤᠷᠢᠨ ᠤ ᠰᠠᠶᠢᠵᠢᠷᠠᠯᠲᠠ᠂ ᠨᠡᠶᠢᠭᠡᠮ ᠤᠨ ᠲᠠᠪᠰᠢᠯᠳᠠ ᠶᠢᠨ ᠪᠠᠶᠠᠷ ᠪᠠᠭ᠋ᠠᠳᠤᠯ ᠢ ᠣᠯᠤᠭᠰᠠᠨ ᠪᠠᠶᠢᠨ᠎ᠠ᠃    ᠡᠨᠡ ᠪᠣᠯ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠨᠡᠩ ᠰᠢᠯᠢᠳᠡᠭ᠂ ᠶᠡᠷᠦᠩᠬᠡᠶᠢᠯᠡᠭᠰᠡᠨ ᠦᠷᠢᠰᠦᠯᠳᠦᠬᠦ ᠬᠦᠴᠦᠨ ᠲᠣᠭᠲᠠᠭᠤᠨ ᠢᠶᠠᠷ ᠳᠡᠭᠡᠭᠰᠢᠯᠡᠭᠰᠡᠨ ᠲᠠᠪᠤᠨ ᠵᠢᠯ ᠪᠣᠯᠤᠨ᠎ᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠡᠯ᠎ᠡ ᠲᠥᠷᠥᠯ ᠤᠨ ᠬᠦᠢᠴᠡᠳᠭᠡᠯ ᠲᠤᠭ᠎ᠠ ᠨᠢ ᠪᠣᠳᠠᠲᠤ ᠪᠠᠶᠢᠳᠠᠯ ᠳᠤ ᠨᠠᠩ ᠨᠡᠶᠢᠴᠡᠵᠦ᠂ ᠠᠵᠤ ᠠᠬᠤᠶ ᠨᠢ ᠳᠡᠭᠡᠳᠦ ᠬᠤᠷᠳᠤᠴᠠ ᠪᠠᠷ ᠨᠡᠮᠡᠭᠳᠡᠬᠦ ᠱᠠᠲᠤᠨ ᠠᠴᠠ ᠪᠠᠨ ᠴᠢᠨᠠᠷ ᠰᠠᠶᠢᠲᠠᠢ ᠬᠦᠭᠵᠢᠯᠲᠡ ᠶᠢᠨ ᠱᠠᠲᠤᠨ ᠳᠤ ᠰᠢᠯᠵᠢᠪᠡ᠃ ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠰᠡᠭᠦᠯᠴᠢ ᠶᠢᠨ ᠬᠢ ᠲᠠᠢ ᠬᠠᠷᠢᠴᠠᠭᠤᠯᠪᠠᠯ᠂ ᠭᠤᠷᠪᠠᠳᠤᠭᠠᠷ ᠠᠵᠤ ᠦᠢᠯᠡᠰ ᠤᠨ ᠬᠤᠪᠢ ᠶᠢᠨ ᠵᠢᠩ ᠨᠡᠩ ᠵᠦᠢ ᠵᠣᠬᠢᠰᠲᠠᠢ ᠪᠤᠯᠵᠤ᠂ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢᠨ ᠠᠯᠬᠤᠴᠠ ᠨᠡᠩ ᠯᠠᠪᠳᠠᠭᠤᠨ ᠲᠣᠭᠲᠠᠭᠤᠨ ᠪᠣᠯᠪᠠ᠃ ᠨᠢᠭᠡᠳᠦᠭᠡᠷ ᠠᠵᠤ ᠦᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠲᠠᠷᠢᠵᠤ ᠲᠡᠵᠢᠭᠡᠬᠦ ᠪᠦᠲᠦᠴᠡ ᠶᠢᠨ ᠲᠣᠬᠢᠷᠠᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠨᠡᠮᠡᠭᠳᠡᠯ ᠥᠷᠲᠡᠭ ᠨᠢ ᠵᠢᠯ ᠪᠦᠷᠢ ᠳᠤᠮᠳᠠᠴᠢ ᠪᠠᠷ 6.3% ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢ ᠲᠦᠷᠭᠡᠳᠬᠡᠨ ᠪᠤᠶᠢᠵᠢᠭᠤᠯᠵᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠳᠠᠬᠢ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠲᠥᠷᠥᠯ ᠵᠤᠶᠢᠯ ᠤᠨ ᠪᠠᠯᠠ ᠣᠷᠣᠭᠤᠯᠤᠯᠲᠠ ᠶᠢᠨ ᠡᠵᠡᠯᠡᠬᠦ ᠬᠠᠷᠢᠴᠠᠯ ᠢ 50% ᠠᠴᠠ ᠳᠡᠭᠡᠭᠰᠢ ᠳᠤ ᠬᠦᠷᠦᠭᠦᠯᠵᠠᠢ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠡᠵᠡᠯᠡᠬᠦ ᠬᠠᠷᠢᠴᠠᠯ 20% ᠬᠦᠷᠴᠦ᠂ 10 ᠵᠠᠭᠤᠨ ᠤ ᠨᠢᠭᠡᠴᠢ ᠳᠡᠭᠡᠭᠰᠢᠯᠡᠪᠡ᠃ ᠭᠤᠷᠪᠠᠳᠤᠭᠠᠷ ᠠᠵᠤ ᠦᠢᠯᠡᠰ ᠤᠨ ᠠᠮᠢᠵᠢᠷᠠᠯ ᠤᠨ ᠬᠦᠴᠦᠨ ᠵᠠᠯᠭᠠᠭ᠎ᠠ ᠪᠠᠷ ᠪᠠᠳᠠᠷᠠᠵᠤ᠂ ᠣᠯᠠᠨ ᠡᠰᠢᠲᠦ ᠠᠷᠠᠯᠵᠢᠶ᠎ᠠ ᠬᠤᠳᠠᠯᠳᠤᠭ᠎ᠠ ᠴᠡᠴᠡᠭᠯᠡᠨ ᠬᠥᠭᠵᠢᠵᠦ᠂ ᠲᠠᠯ᠎ᠠ ᠨᠤᠲᠤᠭ ᠤᠨ ᠠᠮᠢ ᠠᠬᠤᠶ ᠶᠢᠨ ᠵᠤᠭᠠᠴᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠣᠲᠣ ᠦᠶ᠎ᠡ ᠶᠢᠨ ᠮᠥᠩᠭᠦᠨ ᠬᠦᠢᠯᠭᠡᠭᠡᠨ ᠤ ᠦᠢᠯᠡᠴᠢᠯᠡᠭᠡᠨ ᠤ ᠰᠢᠨ᠎ᠡ ᠶᠢ ᠡᠭᠦᠳᠦᠨ ᠰᠢᠯᠢᠳᠡᠭᠵᠢᠭᠦᠯᠵᠦ᠂ ᠠᠵᠤ ᠦᠢᠯᠡᠰ ᠤᠨ ᠭᠦᠨᠴᠡ ᠪᠠ ᠥᠷᠭᠡᠴᠡ ᠪᠥᠬᠦ ᠲᠠᠯ᠎ᠠ ᠪᠠᠷ ᠥᠷᠭᠡᠳᠪᠡ᠃    ᠡᠨᠡ ᠪᠣᠯ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠨᠢ ᠨᠡᠩ ᠲᠦᠷᠭᠡᠨ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢᠯᠡᠳᠲᠡ ᠳᠡᠭᠡᠭᠰᠢᠯᠡᠭᠰᠡᠨ ᠲᠠᠪᠤᠨ ᠵᠢᠯ ᠪᠣᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠠᠰᠤᠷᠠᠯᠲᠠ ᠦᠭᠡᠢ ᠪᠠᠬᠢᠵᠢᠪᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠡᠶᠢᠲᠡ 45.41 ᠲᠦᠮᠡᠨ ᠮᠥ ᠪᠥᠲᠥᠭᠡᠨ ᠪᠠᠶᠢᠭᠤᠯᠵᠤ᠂ ︽ᠬᠤᠶᠠᠷ ᠲᠣᠭᠤᠷᠢᠭ︾ ᠤᠨ ᠲᠠᠯᠠᠪᠠᠶ ᠶᠢ 195 ᠲᠦᠮᠡᠨ ᠮᠥ ᠢᠯᠭᠠᠨ ᠲᠣᠭᠲᠠᠭᠠᠵᠤ᠂ ᠠᠮᠤ ᠪᠤᠳᠠᠭᠠᠨ ᠤ ᠵᠢᠯ ᠤᠨ ᠳᠤᠮᠳᠠᠴᠢ ᠤᠨᠠᠯᠲᠠ ᠶᠢ 29 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠪᠠ᠃ ︽ᠬᠤᠶᠠᠷ ᠠᠮᠦ ᠪᠤᠳᠠᠭ᠎ᠠ︾ ᠶᠢᠨ ᠠᠵᠤ ᠦᠢᠯᠡᠰ ᠢ ᠬᠦᠴᠦᠲᠡᠶ ᠲᠦᠯᠬᠢᠨ ᠠᠬᠢᠭᠤᠯᠵᠤ᠂ ᠴᠢᠨᠠᠷ ᠰᠠᠶᠢᠲᠠᠶ ᠡᠷᠳᠡᠨᠢ ᠰᠢᠰᠢ ᠲᠠᠷᠢᠭᠰᠠᠨ ᠨᠢ 280 ᠲᠦᠮᠡᠨ ᠮᠦ ᠳᠤ ᠬᠦᠷᠪᠡ᠃ ᠤᠰᠤᠨ ᠲᠤᠲᠤᠷᠭ᠎ᠠ 15 ᠲᠦᠮᠡᠨ ᠮᠦ ᠲᠠᠷᠢᠪᠠ᠃ ᠬᠢᠲᠠᠳ ᠡᠮ ᠤᠨ ᠮᠠᠲ᠋ᠧᠷᠢᠶᠠᠯ ᠤᠨ ᠲᠠᠷᠢᠮᠠᠯ ᠤᠨ ᠲᠠᠯᠠᠪᠠᠢ 6 ᠲᠦᠮᠡᠨ ᠮᠦ ᠶᠢ ᠳᠠᠪᠠᠵᠤ᠂ ᠣᠢ ᠵᠢᠮᠢᠰ ᠤᠨ ᠶᠡᠷᠦᠩᠬᠡᠢ ᠲᠠᠯᠠᠪᠠᠢ 20 ᠲᠦᠮᠡᠨ ᠮᠦ ᠳᠤ ᠬᠦᠷᠪᠡ᠃ ᠮᠠᠯᠵᠢᠯ ᠤᠨ ᠣᠨ ᠤ ᠮᠠᠯ ᠤᠨ ᠲᠤᠭ᠎ᠠ ᠶᠢ 420 ᠲᠦᠮᠡ ᠠᠴᠠ ᠳᠡᠭᠡᠭᠰᠢ ᠳᠤ ᠲᠣᠭᠲᠠᠪᠤᠷᠢᠵᠢᠭᠤᠯᠵᠠᠢ᠃ ︽ᠬᠤᠶᠠᠷ ᠦᠬᠡᠷ︾ ᠤᠨ ᠠᠵᠤ ᠦᠢᠯᠡᠰ ᠲᠣᠪᠤᠶᠢᠮ᠎ᠠ ᠦᠷ᠎ᠡ ᠪᠦᠲᠦᠮᠵᠢ ᠣᠯᠵᠤ᠂ ᠠᠯᠠᠰᠢᠨ ᠦᠬᠡᠷ ᠪᠠ ᠰᠠᠭᠠᠯᠢ ᠶᠢᠨ ᠦᠨᠢᠶ᠎ᠡ ᠲᠣᠰ ᠲᠣᠰ 23.8 ᠲᠦᠮᠡ ᠪᠠ 3 ᠲᠦᠮᠡ ᠳᠤ ᠬᠦᠷᠴᠦ᠂ ᠵᠢᠯ ᠪᠦᠷᠢ ᠳᠤᠮᠳᠠᠴᠢ ᠪᠠᠷ ᠲᠣᠰ ᠲᠣᠰ 23.2% ᠪᠠ 18% ᠨᠡᠮᠡᠭᠳᠡᠪᠡ᠃ ᠠᠵᠤ ᠦᠢᠯᠡᠳᠪᠦᠷᠢ ᠶᠢᠨ ᠬᠥᠭᠵᠢᠯᠲᠡ ᠶᠢᠨ ᠬᠠᠨᠳᠤᠰᠢ ᠦᠷᠭᠦᠯᠵᠢᠯᠡᠨ ᠴᠢᠩᠭᠠᠷᠠᠪᠠ᠃ ︽ᠠᠵᠤ ᠦᠢᠯᠡᠳᠪᠦᠷᠢ ᠪᠠᠷ ᠬᠤᠰᠢᠭᠤ ᠪᠠᠨ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠬᠡᠪᠴᠢᠶᠡᠵᠢᠯ ᠠᠴᠠ ᠳᠡᠭᠡᠭᠰᠢᠬᠢ 25 ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠭᠤᠤᠯᠳᠠᠯᠭ᠎ᠠ ᠲᠠᠢ ᠪᠤᠶᠢᠵᠢᠭᠤᠯᠪᠠ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠤᠶᠢᠯ ᠢ 70 ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ 313.72 ᠳ᠋ᠦᠩᠰᠢᠭᠤᠷ ᠲᠥᠭᠦᠷᠢᠭ ᠲᠤ ᠬᠦᠷᠴᠦ᠂ 206 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠵᠢᠯ ᠪᠦᠷᠢ ᠳᠤᠮᠳᠠᠴᠢ ᠪᠠᠷ 12.2% ᠢᠶᠠᠷ ᠨᠡᠮᠡᠭᠳᠡᠪᠡ᠃ ᠳ᠋ᠧ ᠺᠠᠩ ᠪᠦᠯᠦᠭᠯᠡᠯ ᠤᠨ ᠵᠠᠭᠤᠨ ᠲᠦᠮᠡᠨ ᠲᠣᠯᠣᠭᠠᠢ ᠭᠠᠭ᠋ᠠᠢ ᠶᠢᠨ ᠠᠵᠤ ᠦᠢᠯᠡᠰ ᠢ ᠨᠢᠭᠡ ᠴᠣᠭᠴᠠᠵᠢᠭᠤᠯᠬᠤ᠂ ᠢᠯᠢ ᠪᠦᠯᠦᠭᠯᠡᠯ ᠤᠨ ᠳᠡᠭᠡᠲᠦ ᠲᠡᠰ ᠤᠨ ᠴᠠᠭᠠᠨ ᠢᠳᠡᠭᠡᠨ ᠤ ᠣᠶᠤᠨᠴᠢ ᠵᠢᠱᠢᠶ᠎ᠡ ᠦᠵᠡᠭᠦᠯᠬᠦ ᠵᠡᠷᠭᠡ 22 ᠲᠥᠷᠦᠯ ᠵᠦᠢᠯ ᠢ ᠬᠦᠴᠦᠲᠡᠢ ᠠᠬᠢᠭᠤᠯᠵᠤ᠂ ᠤᠯᠠᠭᠠᠨ ᠲᠣᠮᠣ ᠬᠢᠮᠢ ᠶᠢᠨ ᠪᠣᠷᠳᠣᠭᠤᠷ᠂ ᠰᠢᠶᠧ ᠰᠢᠨ ᠭᠡᠷᠡᠯ ᠴᠡᠨᠡᠭ ᠵᠡᠷᠭᠡ 48 ᠲᠥᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ 55 ᠶᠢ ᠬᠡᠷᠡᠭᠵᠢᠭᠦᠯᠵᠦ᠂ ᠵᠦᠩ ᠭᠤᠸᠠᠩ ᠾᠧ ᠶᠢᠨ ᠵᠠᠭᠤᠨ ᠲᠦᠮᠡᠨ ᠺᠢᠯᠣᠸᠠᠲ ᠤᠨ ᠰᠠᠯᠬᠢᠨ ᠴᠠᠬᠢᠯᠭᠠᠨ ᠤ ᠰᠠᠭᠤᠷᠢᠨ ᠭᠠᠵᠠᠷ᠂ ᠬᠢᠲᠠᠳ ᠡᠮ ᠤᠨ ᠰᠤᠪᠢᠯᠠᠯᠲᠠ ᠶᠢᠨ ᠰᠣᠶᠣᠯ ᠤᠨ ᠬᠦᠷᠢᠶᠡᠯᠡᠩ ᠵᠡᠷᠭᠡ ᠨᠢᠭᠡ ᠪᠦᠯᠦᠭ ᠬᠥᠲᠥᠯᠥᠨ ᠳᠠᠭᠠᠭᠤᠯᠬᠤ ᠬᠡᠯᠪᠡᠷᠢ ᠶᠢᠨ ᠲᠥᠷᠥᠯ ᠵᠦᠢᠯ ᠢ ᠯᠠᠪᠳᠠᠭᠤᠨ ᠢᠶᠠᠷ ᠬᠡᠷᠡᠭᠵᠢᠭᠦᠯᠪᠡ᠃ ᠬᠠᠸᠠ ᠵᠢᠯᠣᠭᠤᠴᠢ ᠦᠭᠡᠢ ᠨᠢᠰᠬᠡᠯ᠂ ᠳ᠋ᠢᠩ ᠴᠧᠩ ᠰᠤᠪᠤᠳ ᠡᠷᠳᠡᠨᠢ ᠶᠢᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠵᠡᠷᠭᠡ ᠨᠢᠭᠡ ᠪᠦᠯᠦᠭ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠲᠦᠷᠭᠡᠪᠴᠢᠯᠡᠨ ᠠᠬᠢᠭᠤᠯᠪᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠪᠤᠷᠢ ᠠᠯᠬᠤᠮ ᠠᠯᠬᠤᠮ ᠢᠶᠠᠷ ᠴᠢᠩᠭᠠᠷᠠᠵᠤ᠂ 58 ᠠᠵᠤ ᠠᠬᠤᠶᠢᠯᠠᠯ ᠰᠢᠨ᠎ᠡ ᠪᠠᠷ ᠨᠡᠮᠡᠭᠳᠡᠵᠦ᠂ ᠶᠡᠷᠦᠩᠬᠡᠶ ᠲᠤᠭ᠎ᠠ ᠨᠢ 104 ᠪᠣᠯᠪᠠ ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠲᠦᠷᠭᠡᠨ ᠬᠥᠭᠵᠢᠪᠡ᠃ ᠡᠮᠦᠨᠡᠲᠦ ᠬᠤᠰᠢᠭᠤᠨ ᠤ ᠴᠠᠭᠠᠨ ᠰᠠᠷ᠎ᠠ ᠶᠢᠨ ᠦᠳᠡᠰᠢᠯᠡᠭᠡ᠂ ᠰᠢᠨ᠎ᠡ ᠵᠢᠯ ᠢ ᠤᠭᠲᠤᠬᠤ ᠳ᠋ᠧᠩ ᠤᠨ ᠴᠤᠭᠯᠠᠭᠠᠨ᠂ ᠲᠠᠯ᠎ᠠ ᠨᠤᠲᠤᠭ ᠤᠨ ᠰᠣᠶᠣᠯ ᠵᠤᠭᠠᠴᠠᠯ ᠤᠨ ᠨᠠᠶᠢᠷ᠂ ︽ᠶᠢᠰᠦᠨ ᠦᠷᠳᠡᠭᠡᠨ ᠮᠠᠶ᠋ᠢᠭ︾ ᠤᠨ ᠬᠥᠳᠡᠭᠡ ᠲᠣᠰᠬᠤᠨ ᠤ ᠵᠤᠭᠠᠴᠠᠯ ᠵᠡᠷᠭᠡ ᠬᠦᠳᠡᠯᠭᠡᠭᠡᠨ  ᠨᠢ ᠣᠯᠠᠨ ᠤ ᠮᠠᠭᠲᠠᠭᠠᠯ ᠢ ᠤᠯᠵᠠᠢ᠃ ᠠᠯᠲᠠᠨ ᠡᠮᠡᠭᠡᠯᠲᠦ ᠦᠵᠡᠮᠵᠢ ᠶᠢᠨ ᠣᠷᠣᠨ᠂ ᠵᠤᠭᠠᠴᠠᠯ ᠤᠨ ᠥᠷᠲᠡᠭᠡ ᠨᠢ ︽ᠲᠠᠯ᠎ᠠ ᠨᠤᠲᠤᠭ ᠤᠨ  ᠵᠤᠭᠠᠴᠠᠯ ᠤᠨ ᠺᠠᠷᠲ ᠠᠪᠬᠤ ᠭᠠᠵᠠᠷ︾ ᠪᠣᠯᠪᠠ᠃ ᠲᠠᠪᠤᠨ ᠵᠢᠯ ᠤᠨ ᠲᠤᠷᠰᠢ ᠵᠤᠭᠠᠴᠠᠭᠰᠠᠳ ᠢ ᠨᠡᠶᠢᠲᠡ 968 . 4 ᠲᠦᠮᠡᠨ ᠬᠥᠮᠦᠨ ︵ᠤᠳᠠᠭ᠎ᠠ︶ ᠬᠦᠯᠢᠶᠡᠨ ᠠᠪᠴᠤ᠂ ᠵᠤᠭᠠᠴᠠᠯ ᠤᠨ ᠣᠷᠣᠯᠭ᠎ᠠ ᠶᠢ 80.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ ᠪᠦᠷᠢ ᠳᠤᠮᠳᠠᠴᠢ ᠪᠠᠷ ᠲᠤᠰ ᠲᠤᠰ 30.6% ᠪᠠ 27.4% ᠪᠠᠷ ᠨᠡᠮᠡᠭᠳᠡᠪᠡ᠃ ᠪᠥᠬᠦ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠢ ᠠᠮᠵᠢᠯᠲᠠ ᠲᠠᠢ ᠡᠭᠦᠳᠦᠨ ᠪᠠᠶᠢᠭᠤᠯᠵᠤ᠂ ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠲᠤᠭ᠎ᠠ ᠶᠢ ᠨᠡᠶᠢᠲᠡ 4.55 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ ᠪᠦᠷᠢ ᠳᠤᠮᠳᠠᠴᠢ ᠪᠠᠷ 30% ᠨᠡᠮᠡᠭᠳᠡᠪᠡ᠃ ᠦᠢᠯᠡᠰ ᠪᠤᠰᠬᠠᠵᠤ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠵᠢᠩᠬᠢᠨᠢ ᠪᠠᠷ ᠪᠠᠶᠢᠭᠤᠯᠤᠭᠳᠠᠵᠤ᠂ ᠰᠢᠷᠲ᠋ᠤᠨ᠂ ᠸᠧᠶᠧᠨᠠ ᠵᠡᠷᠭᠡ ᠪᠠᠭᠤᠳᠠᠯ ᠠᠰᠢᠭᠯᠠᠯᠲᠠ ᠳᠤ ᠣᠷᠣᠪᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠵᠢᠯ ᠪᠦᠷᠢ ᠳᠤᠮᠳᠠᠴᠢ ᠪᠠᠷ 20.64% ᠪᠠ 11.79% ᠨᠡᠮᠡᠭᠳᠡᠪᠡ᠃ ᠵᠠᠰᠠᠭ ᠤᠨ ᠣᠷᠳᠣᠨ ᠤ ᠥᠷᠢ ᠥᠭᠴᠡᠭᠡ ᠶᠢ ᠨᠡᠶᠢᠲᠡ 37.27 ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ 2.62 ᠳ᠋ᠦᠩᠰᠢᠭᠤᠷ ᠲᠥᠭᠦᠷᠢᠭ ᠭᠥᠷᠳᠡᠵᠦ᠂ ᠪᠥᠬᠦ ᠠᠶᠢᠮᠠᠭ ᠤᠨ 49.2% ᠢ ᠡᠵᠡᠯᠡᠪᠡ᠃ ᠰᠠᠭᠤᠷᠢ ᠮᠥᠩᠭᠦᠨ ᠤ ᠵᠢᠵᠢᠭ ᠪᠠᠯᠭᠠᠰᠤᠨ ᠤ ᠦᠢᠯᠡᠴᠢᠯᠡᠭᠡᠨ ᠤ ᠲᠥᠪ ᠠᠰᠢᠭᠯᠠᠯᠲᠠ ᠳᠤ ᠣᠷᠣᠵᠤ᠂ ᠤᠯᠤᠰ ᠤᠨ ᠪᠠᠯᠠ ᠣᠷᠣᠭᠤᠯᠤᠯᠲᠠ ᠶᠢᠨ ᠺᠣᠮᠫᠠᠨᠢ ᠨᠢ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠪᠠᠯᠠ ᠮᠥᠩᠭᠦᠨ ᠤ ᠪᠠᠲᠤᠯᠠᠭ᠎ᠠ ᠬᠠᠩᠭᠠᠪᠠ᠃    ᠡᠨᠡ ᠪᠣᠯ ᠬᠤᠲᠠ ᠬᠥᠳᠡᠭᠡ ᠶᠢᠨ ᠴᠢᠳᠠᠮᠵᠢ ᠶᠢᠨ ᠴᠢᠨᠠᠷ ᠴᠢᠨᠰᠠᠭ᠎ᠠ ᠨᠠᠩ ᠰᠠᠶᠢᠨ᠂ ᠠᠴᠢᠶᠠᠯᠠᠬᠤ ᠨᠥᠯᠥᠭᠡᠯᠡᠬᠦ ᠬᠦᠴᠦᠨ ᠪᠦᠲᠦᠮᠵᠢᠲᠡᠶ ᠳᠡᠭᠡᠭᠰᠢᠯᠡᠭᠰᠡᠨ ᠲᠠᠪᠤᠨ ᠵᠢᠯ ᠪᠣᠯᠤᠨ᠎ᠠ᠃ ᠬᠦᠢᠯᠡᠷ ᠤᠨ ᠠᠮᠢ ᠠᠬᠤᠶ ᠶᠢᠨ ᠴᠡᠴᠡᠷᠯᠢᠭ᠂ ᠪᠢ ᠬᠦᠶ ᠶᠤᠸᠠᠨ ᠲᠥᠪ ᠴᠡᠴᠡᠷᠯᠢᠭ ᠵᠡᠷᠭᠡ 22 ᠵᠤᠶᠢᠯ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠬᠥᠮᠦᠨ ᠪᠦᠷᠢ ᠶᠢᠨ ᠲᠡᠭᠰᠢᠳᠭᠡᠭᠰᠡᠨ ᠴᠡᠴᠡᠷᠯᠢᠭ ᠤᠨ ᠨᠣᠭᠤᠭᠠᠨ ᠭᠠᠵᠠᠷ ᠤᠨ ᠲᠠᠯᠠᠪᠠᠶ 31.12 ᠲᠡᠭᠰᠢ ᠳᠥᠷᠪᠡᠯᠵᠢᠨ ᠮᠧᠲᠷ ᠲᠤ ᠬᠦᠷᠴᠦ᠂ ︽ᠤᠯᠤᠰ ᠤᠨ ᠴᠡᠴᠡᠷᠯᠢᠭ ᠮᠠᠶ᠋ᠢᠭ ᠤᠨ ᠰᠢᠶᠠᠨ ᠤ ᠬᠤᠲᠠ︾ ᠶᠢᠨ ᠢᠷᠠᠭᠤ ᠠᠯᠳᠠᠷ ᠤᠨ ᠴᠣᠯᠠ ᠶᠢ ᠭᠥᠷᠳᠡᠪᠡ᠃ ᠬᠤᠲᠠ ᠲᠣᠭᠤᠷᠢᠭᠰᠠᠨ ᠪᠠᠷᠠᠭᠤᠨ ᠵᠠᠮ᠂ ᠬᠠᠰᠠᠷ ᠵᠡᠭᠡᠯᠢ ᠵᠡᠷᠭᠡ 11 ᠵᠤᠷᠪᠤᠰ ᠬᠤᠲᠠ ᠶᠢᠨ ᠶᠠᠪᠤᠳᠠᠯ ᠤᠨ ᠵᠠᠮ᠂ 12 ᠬᠥᠭᠦᠷᠭᠡ ᠶᠢᠨ ᠢᠨᠵᠧᠨᠧᠷᠢᠩ ᠢ ᠪᠡᠶᠡᠯᠡᠬᠦᠯᠵᠦ᠂  ᠰᠢᠨ᠎ᠡ ᠪᠠᠷ ᠵᠠᠰᠠᠭᠰᠠᠨ ᠵᠠᠮ ᠤᠨ ᠤᠷᠲᠤ ᠨᠢ 35 ᠺᠢᠯᠣᠮᠧᠲᠷ ᠲᠤ ᠲᠤᠯᠵᠠᠢ᠃ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠨᠡᠭᠦᠯᠭᠡᠬᠦ ᠬᠡᠰᠡᠭ ᠲᠤᠭᠠᠨ ᠤ ᠠᠵᠢᠯ ᠢ ᠪᠡᠶᠡᠯᠡᠭᠦᠯᠵᠦ᠂ ᠬᠤᠲᠠ ᠶᠢᠨ ᠴᠢᠳᠠᠮᠵᠢ ᠶᠢ ᠤᠯᠠᠮ ᠨᠢᠭᠡ ᠠᠯᠬᠤᠮ ᠴᠢᠩᠭᠠᠳᠬᠠᠪᠠ᠃ ᠭᠡᠷ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠠᠯᠠᠪᠠᠢ 550 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ 3038 ᠡᠷᠦᠬᠡ ᠶᠢᠨ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠪᠡᠶᠡᠯᠡᠭᠦᠯᠵᠦ᠂ 14250 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠪᠡ᠃ ︽ᠤᠶᠤᠨᠲᠤ ᠬᠤᠲᠠ ᠶᠢᠨ ᠬᠠᠮᠢᠶᠠᠷᠤᠯᠲᠠ︾ ᠶᠢᠨ ᠲᠠᠪᠴᠠᠩ ᠢ ᠠᠩᠬ᠎ᠠ ᠠᠯᠬᠤᠮ ᠪᠠᠶᠢᠭᠤᠯᠵᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ 6 ᠵᠤᠷᠪᠤᠰ ᠠᠭᠤᠯᠠᠨ ᠦᠶᠡᠷ ᠤᠨ ᠭᠤᠤ ᠶᠢ ᠵᠠᠰᠠᠬᠤ᠂ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠠᠵᠢᠯ ᠢ 384.21 ᠲᠡᠭᠰᠢ ᠳᠥᠷᠪᠡᠯᠵᠢᠨ ᠺᠢᠯᠣᠮᠧᠲᠷ ᠪᠡᠶᠡᠯᠡᠭᠦᠯᠪᠡ᠃ 581 ᠺᠢᠯᠣᠮᠧᠲᠷ ᠳᠡᠭᠡᠲᠦ ᠲᠡᠰ ᠤᠨ ᠵᠠᠰᠠᠮᠠᠯ ᠵᠠᠮ  ᠢ ᠰᠢᠨ᠎ᠡ ᠪᠠᠷ ᠨᠡᠮᠡᠭᠳᠡᠭᠦᠯᠵᠦ᠂ 893.7 ᠺᠢᠯᠣᠮᠧᠲᠷ ᠲᠣᠰᠬᠤᠨ ᠳᠤ ᠨᠡᠪᠲᠡᠷᠡᠬᠦ ᠵᠠᠰᠠᠮᠠᠯ ᠵᠠᠮ᠂  ᠵᠡᠭᠡᠯᠢ ᠭᠤᠳᠤᠮᠵᠢ ᠶᠢ ᠬᠠᠲᠠᠭᠤᠷᠠᠭᠤᠯᠤᠭᠰᠠᠨ ᠤᠷᠲᠤ ᠶᠢᠨ ᠬᠡᠮᠵᠢᠶ᠎ᠡ 1010 ᠺᠢᠯᠣᠮᠧᠲᠷ ᠲᠤᠯᠵᠠᠢ᠃ ᠪᠠᠶᠢᠴᠧᠩ ᠠᠴᠠ ᠷᠠᠰᠢᠶᠠᠨ ᠬᠦᠷᠬᠦ ᠲᠡᠮᠦᠷ ᠵᠠᠮ ᠤᠨ ᠴᠢᠳᠠᠪᠬᠢ ᠶᠢ ᠥᠷᠭᠡᠳᠬᠡᠬᠦ ᠥᠭᠡᠷᠡᠴᠢᠯᠡᠯᠲᠡ ᠶᠢ ᠪᠡᠶᠡᠯᠡᠭᠦᠯᠵᠦ᠂ ᠪᠦᠬᠦ ᠬᠤᠰᠢᠭᠤᠨ ᠤ ᠲᠡᠮᠦᠷ ᠵᠠᠮ ᠤᠨ ᠶᠡᠷᠦᠩᠬᠡᠢ ᠤᠷᠲᠤ 278 ᠺᠢᠯᠣᠮᠧᠲᠷ ᠲᠤ ᠬᠦᠷᠪᠡ᠃ ᠢᠮᠢᠨ ᠬᠢᠩᠭᠠᠨ ᠤᠯᠠᠭᠠᠨᠬᠤᠲᠠ ᠶᠢᠨ 500 ᠺᠢᠯᠣᠸᠠᠲ ᠤᠨ ᠴᠠᠬᠢᠯᠭᠠᠨ ᠬᠦᠴᠦᠳᠡᠯ ᠬᠤᠪᠢᠰᠬᠠᠬᠤ ᠢᠨᠵᠧᠨᠧᠷᠢᠩ ᠢ ᠠᠵᠢᠯ ᠳᠠᠭᠤᠰᠬᠠᠨ ᠠᠰᠢᠭᠯᠠᠯᠲᠠ ᠳᠤ ᠣᠷᠣᠭᠤᠯᠵᠤ᠂ 2405.9 ᠺᠢᠯᠣᠮᠧᠲᠷ ᠴᠠᠬᠢᠯᠭᠠᠨ ᠬᠦᠴᠦᠨ ᠤ ᠱᠤᠭᠤᠮ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ᠂ 38625 ᠡᠷᠦᠬᠡ ᠶᠢᠨ ᠴᠠᠬᠢᠯᠭᠠᠨ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠪᠡᠶᠡᠯᠡᠭᠦᠯᠵᠡᠢ᠃    ᠡᠨᠡ ᠪᠣᠯ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠨᠡᠩ ᠴᠢᠩᠭ᠎ᠠ᠂ ᠦᠷᠬᠦᠯᠵᠢᠯᠡᠭᠰᠡᠨ ᠬᠥᠭᠵᠢᠯᠲᠡ ᠶᠢᠨ ᠬᠦᠴᠦᠨ ᠢᠯᠡᠳᠲᠡ ᠳᠡᠭᠡᠭᠰᠢᠯᠡᠭᠰᠡᠨ ᠲᠠᠪᠤᠨ ᠵᠢᠯ ᠪᠣᠯᠤᠨ᠎ᠠ᠃ 56 ᠲᠦᠮᠡᠨ ᠮᠦ ᠶᠢ ᠣᠶᠢᠵᠢᠭᠤᠯᠤᠨ ᠨᠣᠭᠤᠭᠠᠷᠠᠭᠤᠯᠵᠤ᠂ 80 ᠲᠦᠮᠡᠨ ᠮᠦ ᠶᠢᠨ ᠲᠠᠯ᠎ᠠ ᠨᠤᠲᠤᠭ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠂ ᠣᠢ ᠰᠢᠭᠤᠢ ᠶᠢᠨ ᠪᠦᠷᠬᠦᠴᠡ᠂ ᠲᠠᠯ᠎ᠠ ᠨᠤᠲᠤᠭ ᠤᠨ ᠤᠷᠭᠤᠮᠠᠯ ᠪᠦᠷᠬᠦᠴᠡ ᠲᠣᠰᠪᠣᠷᠢ 25.33 % ᠪᠠ 64.83% ᠳᠤ ᠬᠦᠷᠪᠡ᠃ ᠤᠯᠠᠭᠠᠠᠭᠤᠤᠯ ᠤᠨ ᠬᠠᠮᠠᠭᠠᠯᠠᠯᠲᠠ ᠶᠢᠨ ᠣᠷᠣᠨ ᠤ ᠠᠮᠢ ᠠᠬᠤᠶ ᠶᠢᠨ ᠳᠠᠭᠠᠭᠠᠴᠠ ᠲᠠᠰᠤᠷᠠᠯᠲᠠ ᠥᠬᠡᠶ ᠳᠡᠭᠡᠭᠰᠢᠯᠡᠵᠦ᠂ ᠶᠡᠭᠡ ᠬᠦᠬᠡ ᠠᠭᠤᠯᠠ ᠶᠢᠨ ᠬᠠᠮᠠᠭᠠᠯᠠᠯᠲᠠ ᠶᠢᠨ ᠣᠷᠣᠨ ᠠᠮᠵᠢᠯᠲᠠ ᠲᠠᠢ ᠪᠠᠷ ᠤᠯᠤᠰ ᠤᠨ ᠲᠠᠰ ᠤᠨ ᠬᠠᠮᠠᠭᠠᠯᠠᠯᠲᠠ ᠶᠢᠨ ᠣᠷᠣᠨ ᠪᠣᠯᠪᠠ᠃ ᠠᠭᠠᠷ ᠮᠠᠨᠳᠠᠯ ᠤᠨ ᠪᠣᠬᠢᠷᠲᠤᠯ ᠤᠨ ᠡᠬᠢ ᠰᠤᠷᠪᠤᠯᠵᠢ ᠶᠢ ᠪᠠᠷᠢᠮᠵᠢᠶ᠎ᠠ ᠳᠤ ᠬᠦᠷᠭᠡᠵᠦ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ 38 ᠠᠵᠤ ᠠᠬᠤᠶᠢᠯᠠᠯ ᠤᠨ ᠨᠡᠭᠦᠷᠡᠰᠦ ᠰᠢᠲᠠᠭᠠᠬᠤ ᠵᠤᠤᠬ᠎ᠠ ᠶᠢ ᠴᠠᠭᠠᠵᠠᠯᠠᠨ ᠥᠭᠡᠷᠡᠴᠢᠯᠡᠪᠡ᠃ ᠭᠤᠣᠯ ︵ᠨᠠᠭᠤᠷ︶ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠣᠯᠣᠨ᠂ ᠡᠷᠬᠢᠲᠦ ᠵᠡᠷᠭᠡ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠲᠣᠬᠢᠷᠠᠭᠤᠯᠤᠯᠲᠠ ᠶᠢ ᠪᠡᠶᠡᠯᠡᠭᠦᠯᠵᠡᠢ᠃ ᠬᠤᠰᠢᠭᠤᠨ ᠤ ᠳᠣᠲᠣᠷᠠᠬᠢ ᠨᠢᠳᠤᠯᠭᠠᠨ  ᠤ ᠠᠵᠤ ᠠᠬᠤᠶᠢᠯᠠᠯ ᠤᠨ ᠪᠣᠬᠢᠷ ᠤᠰᠤ ᠰᠢᠢᠳᠪᠦᠷᠢᠯᠡᠬᠦ ᠲᠥᠬᠦᠭᠡᠷᠦᠮᠵᠢ ᠲᠣᠭᠲᠠᠭᠤᠨ ᠢᠶᠠᠷ ᠠᠵᠢᠯᠯᠠᠵᠤ ᠪᠠᠶᠢᠨ᠎ᠠ᠃ ᠬᠦᠷᠦᠰᠦᠨ ᠤ ᠪᠣᠬᠢᠷᠲᠤᠯ ᠤᠨ ᠪᠠᠶᠢᠳᠠᠯ ᠤᠨ ᠨᠠᠷᠢᠨ ᠪᠠᠶᠢᠴᠠᠭᠠᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠰᠢᠢᠳᠪᠦᠷᠢᠯᠡᠬᠦ ᠨᠣᠷᠮ᠎ᠠ 100% ᠳᠤ ᠬᠦᠷᠪᠡ᠃ ᠣᠷᠴᠢᠨ ᠲᠣᠭᠤᠷᠢᠨ ᠢ ᠬᠠᠮᠠᠭᠠᠯᠠᠬᠤ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ᠂ ᠨᠡᠳᠦᠬᠡᠷ ᠤᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠵᠡᠷᠭᠡ ᠪᠣᠬᠢᠷᠲᠤᠯ ᠢ ᠰᠡᠷᠭᠡᠶᠢᠯᠡᠨ ᠵᠠᠰᠠᠬᠤ 57 ᠲᠦᠷᠦᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠵᠢᠴᠢ ︽ᠡᠷᠬᠢᠨ ᠬᠠᠷᠠᠬᠤ︾ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠦᠬᠦᠨ ᠢ ᠪᠡᠶᠡᠯᠡᠬᠦᠯᠵᠦ᠂ ︽ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠭᠦᠯᠬᠦ︾ ᠵᠠᠮ ᠶᠠᠪᠤᠬᠤ ᠲᠤᠳᠤᠮ ᠲᠣᠭᠲᠠᠭᠤᠨ ᠪᠣᠯᠪᠠ᠃ ᠡᠨᠡ ᠪᠣᠯ ᠠᠷᠠᠳ ᠲᠤ ᠠᠰᠢᠭᠲᠠᠶ ᠶᠠᠪᠤᠳᠠᠯ ᠢ ᠨᠡᠩ ᠦᠷᠬᠡᠨ ᠳᠡᠯᠭᠡᠷ ᠲᠦᠬᠡᠮᠡᠯ ᠬᠠᠷᠠᠭᠠᠯᠵᠠᠯ ᠦᠵᠡᠬᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠦᠴᠦᠨ ᠪᠥᠬᠦ ᠲᠠᠯ᠎ᠠ ᠪᠠᠷ ᠳᠡᠭᠡᠭᠰᠢᠯᠡᠭᠰᠡᠨ ᠲᠠᠪᠤᠨ ᠵᠢᠯ ᠪᠣᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠶᠢ ᠤᠷᠤᠭᠰᠢᠲᠠᠶ ᠪᠡᠶᠡᠯᠡᠭᠦᠯᠪᠡ᠃ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠠᠷᠭ᠎ᠠ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠲᠣᠭᠲᠠᠭᠤᠨ ᠢᠶᠠᠷ ᠪᠠᠷᠢᠮᠵᠢᠶ᠎ᠠ ᠳᠤ ᠬᠦᠷᠴᠦ᠂ ᠠᠵᠢᠯ ᠲᠥᠷᠥᠯ ᠢᠶᠠᠷ ᠶᠠᠳᠠᠭᠤ ᠶᠢ ᠲᠡᠳᠬᠦᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠲᠥᠪ ᠤᠨ ᠪᠠᠶᠢᠭᠤᠯᠭ᠎ᠠ ᠨᠢᠬᠡᠴᠡ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ᠂ ᠮᠤᠵᠢ ᠶᠢᠨ ᠱᠠᠲᠤᠨ ᠤ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ᠂ ᠲᠢᠩᠬᠢᠮ ᠲᠣᠪᠴᠢᠶ᠎ᠠ ᠶᠢᠨ ᠬᠠᠪᠰᠤᠷᠤᠨ ᠲᠡᠳᠬᠦᠬᠦ ᠠᠵᠢᠯ ᠪᠣᠳᠠᠲᠤ ᠦᠷ᠎ᠡ ᠪᠦᠲᠦᠮᠵᠢ ᠤᠯᠪᠠ᠃ ᠶᠠᠳᠠᠭᠤ ᠶᠢ ᠲᠡᠳᠬᠦᠬᠦ ᠪᠡᠯᠡ ᠮᠥᠩᠭᠦ ᠶᠢ ᠨᠡᠶᠢᠲᠡ 24 . 78 ᠳ᠋ᠦᠩᠰᠢᠭᠤᠷ ᠲᠥᠭᠦᠷᠢᠭ ᠣᠷᠣᠭᠤᠯᠵᠤ᠂ ᠡᠭᠦᠨ ᠳᠤ ᠠᠵᠤ ᠦᠢᠯᠡᠰ ᠤᠨ ᠲᠥᠷᠥᠯ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢ 8 . 01 ᠳ᠋ᠦᠩᠰᠢᠭᠤᠷ ᠲᠥᠭᠦᠷᠢᠭ ᠣᠷᠣᠭᠤᠯᠵᠤ᠂ ᠠᠵᠤ ᠦᠢᠯᠡᠰ ᠢ ᠡᠷᠦᠬᠡ ᠳᠤ ᠬᠦᠷᠭᠡᠬᠦ ᠲᠥᠷᠥᠯ ᠵᠦᠢᠯ ᠪᠣᠯᠤᠨ ᠣᠨᠴᠠᠯᠢᠭᠲᠤ ᠲᠥᠷᠥᠯ ᠵᠦᠢᠯ ᠢ 273 ᠬᠡᠷᠡᠭᠵᠢᠭᠦᠯᠪᠡ᠃ 10507 ᠡᠷᠦᠬᠡ᠂ 24430 ᠬᠥᠮᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤᠷᠠᠯ ᠡᠭᠦᠰᠬᠦ ᠨᠣᠷᠮ᠎ᠠ ᠶᠢ 17.12% ᠠᠴᠠ ᠲᠡᠭ ᠪᠣᠯᠭᠠᠵᠤ᠂ 135 ᠶᠠᠳᠠᠭᠤ ᠬᠦᠴᠢᠷᠳᠡᠯᠲᠡᠶ ᠲᠣᠰᠬᠤᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠤᠯᠤᠰ ᠤᠨ ᠲᠠᠰ ᠤᠨ ᠶᠠᠳᠠᠭᠤ ᠬᠦᠴᠢᠷᠳᠡᠯᠲᠡᠶ ᠰᠢᠶᠠᠨ ᠤ ᠡᠩᠨᠡᠭᠡ ᠠᠴᠠ ᠲᠣᠭᠲᠠᠭᠰᠠᠨ ᠬᠤᠭᠤᠴᠠᠭᠠᠨ ᠳᠠᠭᠠᠨ ᠭᠠᠷᠪᠠ᠃ ᠡᠨᠡ ᠪᠣᠯ ᠲᠦᠮᠡᠨ ᠭᠠᠷᠤᠢ ᠶᠠᠳᠠᠭᠤ ᠶᠢ ᠲᠡᠳᠬᠦᠬᠦ ᠺᠠᠳ᠋ᠷ ᠤᠨ ᠡᠷᠡᠮᠡᠬᠡᠶᠢᠯᠡᠨ ᠴᠢᠷᠮᠠᠶᠢᠵᠦ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠲᠤᠰᠢᠶᠠᠭᠰᠠᠨ ᠬᠠᠮᠤᠭ ᠤᠨ ᠬᠠᠨᠤᠮᠵᠢᠲᠠᠶ ᠶᠠᠳᠠᠭᠤ ᠶᠢ ᠲᠡᠳᠬᠦᠬᠦ ︽ᠬᠢᠷᠢ ᠪᠦᠲᠦᠮᠵᠢ ᠶᠢᠨ ᠬᠠᠭᠤᠳᠠᠰᠤ︾ ᠪᠣᠯᠤᠨ᠎ᠠ᠃ ᠨᠡᠶᠢᠭᠡᠮ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠵᠡᠢ᠃ ᠡᠯ᠎ᠡ ᠲᠥᠷᠥᠯ ᠤᠨ ᠠᠪᠤᠷᠠᠨ ᠲᠤᠰᠠᠯᠠᠬᠤ᠂ ᠨᠥᠬᠦᠪᠥᠷᠢ ᠪᠡᠯᠡ ᠮᠥᠩᠭᠦ 8.7 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠲᠣᠰ ᠲᠣᠰ 57% ᠪᠠ 69% ᠳᠡᠭᠡᠭᠰᠢᠯᠡᠵᠦ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠪᠡ᠃ ᠭᠠᠵᠠᠷ ᠰᠢᠷᠣᠶ ᠪᠠᠨ ᠠᠯᠳᠠᠭᠰᠠᠨ ᠲᠠᠷᠢᠶᠠᠴᠢᠳ ᠲᠤ 1.3 ᠳ᠋ᠦᠩᠰᠢᠭᠤᠷ ᠲᠥᠭᠦᠷᠢᠭ ᠤᠨ ᠨᠠᠰᠤᠵᠢᠯ ᠤᠨ ᠳᠠᠭᠠᠳᠬᠠᠯ ᠲᠤᠰᠢᠶᠠᠵᠤ᠂ ᠲᠡᠳᠡᠨ ᠤ ᠬᠤᠶᠢᠰᠢᠳᠠ ᠶᠢᠨ ᠵᠣᠪᠠᠨᠢᠯ ᠢ ᠨᠢ ᠰᠢᠢᠳᠪᠦᠷᠢᠯᠡᠪᠡ᠃ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ 64 ᠲᠥᠷᠥᠯ ᠵᠦᠢᠯ ᠢ ᠬᠡᠷᠡᠭᠵᠢᠭᠦᠯᠪᠡ᠃ 89 ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠵᠦ᠂ ᠠᠵᠢᠯ ᠣᠯᠭᠤᠯᠲᠠ ᠶᠢᠨ ᠲᠤᠰᠠᠯᠠᠮᠵᠢ ᠶᠢᠨ ᠠᠵᠢᠯ ᠤᠨ ᠪᠠᠶᠢᠷᠢ 205 ᠲᠣᠬᠢᠷᠠᠭᠤᠯᠪᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ︽ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ︾ ᠶᠢᠨ ᠢᠷᠠᠭᠤ ᠠᠯᠳᠠᠷ ᠢ ᠭᠥᠷᠳᠡᠵᠦ᠂ ᠵᠠᠯᠭᠠᠭ᠎ᠠ ᠪᠠᠷ 7 ᠤᠳᠠᠭ᠎ᠠ ︽ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ︾ ᠪᠠᠷ ᠦᠨᠡᠯᠡᠭᠳᠡᠪᠡ᠃ ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠳᠠᠪᠰᠢᠪᠠ᠃ ᠬᠤᠲᠠ ᠪᠠᠯᠭᠠᠰᠤᠨ ᠤ 9400 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.9 % ᠶᠢᠨ ᠳᠣᠲᠣᠷ᠎ᠠ ᠬᠢᠵᠠᠭᠠᠷᠯᠠᠵᠠᠢ᠃ ᠵᠢᠭᠠᠨ ᠰᠤᠷᠭᠠᠯᠲᠠ ᠶᠢᠨ ᠬᠠᠪᠰᠤᠷᠤᠮᠵᠢ ᠴᠢᠨᠠᠷᠲᠠᠢ ᠭᠡᠷ ᠪᠠᠶᠢᠰᠢᠩ ᠢ 14.3 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠴᠠᠯᠢᠩ ᠬᠥᠯᠥᠰᠥ ᠶᠢᠨ ᠳᠦᠷᠢᠮ ᠤᠨ ᠥᠭᠡᠷᠡᠴᠢᠯᠡᠯᠲᠡ ᠶᠢ ᠪᠡᠶᠡᠯᠡᠭᠦᠯᠵᠦ᠂ 1426 ᠪᠠᠭᠰᠢ ᠨᠥᠬᠦᠪᠥᠷᠢᠯᠡᠪᠡ᠃ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠦᠨᠳᠦᠰᠦᠨ ᠳᠡᠭᠡᠨ ᠲᠡᠩᠴᠡᠭᠦᠷᠢᠲᠡᠶ ᠬᠤᠰᠢᠭᠤᠨ ᠤ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠪᠡ᠃ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢ ᠪᠦᠬᠦᠯᠢ ᠴᠣᠭᠴᠠ ᠪᠠᠷ ᠨᠢ ᠨᠡᠭᠦᠯᠭᠡᠨ ᠰᠢᠯᠵᠢᠭᠦᠯᠵᠦ᠂ ᠮᠣᠩᠭᠤᠯ ᠬᠢᠲᠠᠳ ᠡᠮᠨᠡᠯᠭᠡ ᠶᠢᠨ ᠣᠷᠳᠣᠨ ᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠪᠡ᠃ ︽ᠬᠠᠮᠤᠭ ᠤᠨ ᠣᠷᠳᠣ ᠮᠣᠩᠭᠤᠯ ᠦᠨᠳᠦᠰᠦᠲᠡᠨ ᠤ ᠬᠠᠳᠬᠤᠮᠠᠯ ᠤᠨ ᠡᠪᠬᠡᠮᠡᠯ︾ ᠨᠢ ᠬᠢᠨᠢᠰ ᠤᠨ ᠳᠡᠯᠡᠬᠡᠶ ᠶᠢᠨ ᠲᠡᠮᠳᠡᠭᠯᠡᠯ ᠳᠤ ᠰᠣᠩᠭᠤᠭᠳᠠᠪᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ ᠪᠡᠶ᠎ᠡ ᠶᠢᠨ ᠲᠠᠮᠢᠷ ᠤᠨ ᠴᠡᠴᠡᠷᠯᠢᠭ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃ ᠨᠡᠶᠢᠭᠡᠮ ᠤᠨ ᠪᠠᠶᠢᠳᠠᠯ ᠡᠶ᠎ᠡ ᠵᠣᠬᠢᠴᠠᠯ ᠲᠠᠢ ᠲᠣᠭᠲᠠᠭᠤᠨ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠯᠠᠪᠳᠠᠭᠤᠨ ᠢᠶᠠᠷ ᠠᠬᠢᠵᠤ᠂ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠲᠡᠭᠦᠰ ᠠᠮᠵᠢᠯᠲᠠ ᠲᠠᠢ ᠥᠨᠳᠥᠷᠯᠡᠪᠡ᠃ ᠵᠦᠪ ᠪᠤᠰᠦ ᠪᠠᠷ ᠴᠠᠯᠢᠩ ᠥᠷᠢᠲᠦᠬᠦ ᠠᠵᠢᠯᠯᠠᠭ᠎ᠠ ᠳᠤ ᠬᠠᠲᠠᠭᠤ ᠴᠢᠩᠭ᠎ᠠ ᠴᠣᠬᠢᠯᠲᠠ ᠥᠭᠴᠦ᠂ ᠨᠡᠶᠢᠲᠡ 4500 ᠬᠥᠯᠥᠰᠥᠨ ᠠᠵᠢᠯᠴᠢᠨ ᠳᠤ 9000 ᠲᠦᠮᠡᠨ ᠲᠥᠭᠦᠷᠢᠭ ᠤᠨ ᠴᠠᠯᠢᠩ ᠨᠡᠬᠡᠮᠵᠢᠯᠡᠨ ᠠᠪᠴᠤ ᠥᠭᠪᠡ᠃ ᠬᠠᠷᠭᠢᠰ ᠬᠦᠴᠦᠨ ᠤ 2 ᠶᠠᠯᠠᠲᠤ ᠪᠦᠯᠬᠦᠮ᠂ ᠬᠠᠷᠭᠢᠰ ᠬᠦᠴᠦᠨ ᠳᠤ ᠬᠤᠯᠪᠣᠭᠳᠠᠭᠰᠠᠨ ᠪᠤᠰᠤᠳ ᠪᠦᠯᠬᠦᠮ 6 ᠶᠢ ᠪᠣᠳᠠ ᠨᠢᠷᠭᠡᠵᠦ᠂ ᠬᠠᠷᠭᠢᠰ ᠬᠦᠴᠦᠨ ᠳᠤ ᠬᠤᠯᠪᠣᠭᠳᠠᠭᠰᠠᠨ ᠶᠢᠰᠦᠨ ᠲᠥᠷᠥᠯ ᠤᠨ 32 ᠬᠡᠷᠡᠭ ᠢ ᠢᠯᠡᠷᠡᠭᠦᠯᠵᠦ᠂ ᠨᠡᠶᠢᠲᠡ 98 ᠬᠥᠮᠦᠨ ᠳᠤ ᠴᠣᠬᠢᠯᠲᠠ ᠥᠭᠴᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ︽ᠵᠢᠷᠭᠤᠭ᠎ᠠ ᠶᠢ ᠴᠡᠪᠡᠷᠯᠡᠬᠦ︾ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢᠨ ︽ᠬᠤᠤᠰ ᠳᠡᠭᠡᠭᠰᠢᠯᠡᠯᠲᠡ︾ ᠶᠢ ᠪᠡᠶᠡᠯᠡᠭᠦᠯᠪᠡ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ︽ᠪᠦᠬᠦ ᠤᠯᠤᠰ ᠠᠴᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ︾ ᠪᠠᠷ ᠦᠨᠡᠯᠡᠭᠳᠡᠪᠡ᠃     ᠡᠨᠡ ᠪᠣᠯ ᠥᠭᠡᠷᠡᠴᠢᠯᠡᠯᠲᠡ ᠨᠡᠭᠡᠭᠡᠯᠲᠡ ᠶᠢᠨ ᠡᠷᠴᠢᠮ ᠨᠠᠩ ᠴᠢᠩᠭᠠᠷᠠᠵᠤ᠂ ᠨᠡᠶᠢᠭᠡᠮ ᠤᠨ ᠪᠦᠲᠦᠭᠡᠯᠴᠢ ᠬᠦᠴᠦᠨ ᠦᠷᠭᠦᠯᠵᠢᠯᠡᠨ ᠳᠡᠭᠡᠭᠰᠢᠯᠡᠭᠰᠡᠨ ᠲᠠᠪᠤᠨ ᠵᠢᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠰᠢᠭᠤᠳ ᠬᠠᠮᠢᠶᠠᠷᠬᠤ ᠥᠭᠡᠷᠡᠴᠢᠯᠡᠯᠲᠡ ᠶᠢ ᠪᠡᠶᠡᠯᠡᠭᠦᠯᠵᠦ᠂ ᠪᠦᠬᠦ ᠣᠷᠣᠨ ᠤ 22 ᠲᠤᠷᠰᠢᠯᠲᠠ ᠶᠢᠨ ᠴᠡᠭ ᠤᠨ ᠨᠢᠭᠡ ᠪᠣᠯᠪᠠ᠃ ᠳᠠᠭᠠᠭᠠᠴᠢᠯᠠᠭᠰᠠᠨ ᠭᠠᠵᠠᠷ ᠤᠨ ︽ᠭᠤᠷᠪᠠᠨ ᠡᠷᠬᠡ ᠶᠢ ᠰᠠᠯᠭᠠᠬᠤ︾ ᠥᠭᠡᠷᠡᠴᠢᠯᠡᠯᠲᠡ᠂ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠵᠡᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠭᠰᠠᠨ ᠦᠨᠡᠮᠯᠡᠯ ᠢ 6.75 ᠲᠦᠮᠡᠨ ᠬᠤᠪᠢ ᠣᠯᠭᠤᠵᠤ᠂ ᠬᠠᠮᠲᠤ ᠶᠢᠨ ᠡᠳ᠋ ᠬᠥᠷᠥᠩᠭᠡ ᠶᠢᠨ ᠶᠡᠷᠦᠩᠬᠡᠶ ᠲᠤᠭ᠎ᠠ 14 ᠳ᠋ᠦᠩᠰᠢᠭᠤᠷ ᠲᠥᠭᠦᠷᠢᠭ ᠢ ᠪᠠᠶᠢᠴᠠᠭᠠᠨ ᠬᠠᠷᠭᠤᠭᠤᠯᠵᠤ᠂ ᠪᠥᠬᠦ ᠣᠷᠣᠨ ᠤ ᠠᠩᠬᠠᠳᠠᠭᠴᠢ ᠬᠤᠷᠰᠢᠶ᠎ᠠ ᠶᠢᠨ ᠬᠠᠮᠢᠶᠠᠷᠤᠯᠲᠠ ᠶᠢᠨ ᠲᠣᠭᠠᠴᠠᠭ᠎ᠠ ᠬᠢᠬᠦ ᠲᠥᠪ ᠢ ᠪᠠᠶᠢᠭᠤᠯᠪᠠ᠃ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠪᠠ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ︽ᠳᠤᠮᠳᠠᠳᠤ ᠮᠣᠩᠭᠤᠯ ᠤᠨ ᠣᠯᠠᠨ ᠤᠯᠤᠰ ᠤᠨ ᠪᠣᠬᠢᠷᠲᠤᠯ ᠥᠬᠡᠶ ᠪᠦᠲᠦᠭᠡᠭᠳᠡᠬᠦᠨ ᠤ ᠦᠵᠡᠰᠬᠦᠯᠡᠩ︾᠂ ︽ᠳᠤᠮᠳᠠᠳᠤ ᠮᠣᠩᠭᠤᠯ ᠣᠷᠣᠰ ᠤᠨ ᠣᠯᠠᠨ ᠤᠯᠤᠰ ᠤᠨ ᠰᠠᠭᠰᠤᠨ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ︾ ᠢ ᠠᠮᠵᠢᠯᠲᠠ ᠲᠠᠢ ᠡᠷᠬᠢᠯᠡᠪᠡ᠃ ᠶᠦᠨᠨᠠᠨ ᠮᠤᠵᠢ ᠶᠢᠨ ᠱᠢ ᠯᠢᠨ ᠤ ᠢ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠲᠠᠢ ᠦᠨᠳᠦᠰᠦᠲᠡᠨ ᠤ ᠪᠦᠯᠬᠦᠮᠳᠡᠯ ᠨᠥᠬᠦᠷᠯᠡᠯ ᠤᠨ ᠬᠤᠰᠢᠭᠤ ᠰᠢᠶᠠᠨ ᠪᠣᠯᠵᠠᠶ᠃ ᠪᠥᠬᠦ ᠣᠷᠣᠨ ᠤ ᠠᠩᠬᠠᠳᠠᠭᠴᠢ ᠰᠤᠪᠤᠳ ᠡᠷᠳᠡᠨᠢ ᠶᠢᠨ ᠠᠵᠤ ᠦᠢᠯᠡᠰ ᠤᠨ ᠬᠦᠷᠢᠶᠡᠯᠡᠩ ᠪᠤᠯᠬᠤ ᠳ᠋ᠢᠩ ᠴᠧᠩ ᠰᠤᠪᠤᠳ ᠡᠷᠳᠡᠨᠢ ᠶᠢᠨ ᠠᠵᠦ ᠠᠬᠤᠶᠢᠯᠠᠯ ᠡᠮᠦᠨᠡᠲᠦ ᠬᠤᠰᠢᠭᠤᠨ ᠳᠤ ᠨᠤᠲᠤᠭᠰᠢᠪᠠ᠃ ᠪᠡᠭᠡᠵᠢᠩ᠂ ᠱᠠᠩᠬᠠᠢ᠂ ᠠᠨᠾᠦ᠋ᠢ ᠵᠡᠷᠭᠡ ᠭᠠᠵᠠᠷ ᠲᠤ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠲᠠᠨᠢᠯᠴᠠᠭᠤᠯᠭ᠎ᠠ ᠶᠢᠨ ᠬᠤᠷᠠᠯ ᠢ ᠠᠮᠵᠢᠯᠲᠠ ᠲᠠᠢ ᠡᠷᠬᠢᠯᠡᠵᠦ᠂ ᠬᠤᠳᠠᠯᠳᠤᠭᠠᠴᠢᠨ ᠤᠷᠢᠬᠤ 84 ᠲᠥᠷᠥᠯ ᠵᠦᠢᠯ ᠢ ᠤᠷᠢᠨ ᠣᠷᠣᠭᠤᠯᠵᠤ᠂ 203 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠣᠳᠠᠲᠠᠶᠢᠵᠢᠭᠤᠯᠵᠤ᠂ ᠵᠢᠯ ᠪᠦᠷᠢ ᠳᠤᠮᠳᠠᠴᠢ ᠪᠠᠷ 17% ᠪᠠᠷ ᠨᠡᠮᠡᠭᠳᠡᠪᠡ᠃ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠬᠡᠮᠵᠢᠶ᠎ᠡ ᠨᠡᠶᠢᠲᠡ 8043 ᠲᠦᠮᠡᠨ ᠳ᠋ᠣᠯᠯᠠᠷ ᠢ ᠪᠡᠶᠡᠯᠡᠭᠦᠯᠵᠦ᠂ ᠵᠢᠯ ᠪᠦᠷᠢ ᠳᠤᠮᠳᠠᠴᠢ ᠪᠠᠷ 31.4% ᠪᠠᠷ ᠨᠡᠮᠡᠭᠳᠡᠪᠡ᠃ ᠭᠠᠳᠠᠭᠠᠳᠤ ᠪᠡᠯᠡ ᠶᠢᠨ ᠠᠰᠢᠭᠯᠠᠯᠲᠠ ᠶᠢᠨ ᠬᠡᠮᠵᠢᠶ᠎ᠡ ᠨᠡᠶᠢᠲᠡ 4.4 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠢ ᠪᠡᠶᠡᠯᠡᠭᠦᠯᠪᠡ᠃    ᠲᠠᠪᠤᠨ ᠵᠢᠯ ᠤᠨ ᠬᠥᠭᠵᠢᠯᠲᠡ ᠶᠢᠨ ᠠᠮᠵᠢᠯᠲᠠ ᠪᠦᠲᠦᠮᠵᠢ ᠨᠢ ᠬᠥᠮᠦᠰ ᠢ ᠵᠣᠷᠢᠭᠵᠢᠭᠤᠯᠵᠤ᠂ ᠲᠠᠪᠤᠨ ᠵᠢᠯ ᠤᠨ ᠪᠡᠷᠬᠡ ᠬᠠᠲᠠᠭᠤᠵᠢᠯᠲᠠᠢ ᠥᠩᠭᠡᠷᠡᠯᠲᠡ ᠨᠢ ᠮᠠᠷᠲᠠᠭᠳᠠᠰᠢ ᠦᠭᠡᠢ ᠶᠤᠮ᠃ ᠪᠢᠳᠡ ᠤ ᠡᠭᠦᠷᠭᠡ ᠬᠦᠨᠳᠦ ᠵᠠᠮ ᠬᠤᠯᠠ᠂ ᠠᠯᠬᠤᠮ ᠪᠦᠷᠢ ᠬᠠᠲᠠᠭᠤ ᠪᠡᠷᠬᠡᠰᠢᠶᠡᠯᠲᠡᠢ᠂ ᠬᠢᠯᠪᠠᠷ ᠪᠤᠰᠴᠦ᠂ ᠭᠡᠪᠡᠴᠦ ᠠᠯᠬᠤᠮ ᠪᠦᠷᠢ ᠨᠢ ᠴᠥᠮ ᠪᠠᠲᠤ ᠴᠢᠩᠭ᠎ᠠ ᠬᠦᠴᠦᠨ ᠲᠠᠢ ᠪᠠᠶᠢᠨ᠎ᠠ᠃ ᠪᠤᠢ ᠪᠦᠬᠦᠢ ᠠᠮᠵᠢᠯᠲᠠ ᠪᠦᠲᠦᠮᠵᠢ ᠶᠢ ᠴᠦᠮ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ᠂ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠨᠡᠮᠡᠭᠳᠡᠭᠰᠡᠨ ᠪᠠᠶᠢᠳᠠᠯ ᠳᠣᠣᠷ᠎ᠠ ᠣᠯᠤᠭᠰᠠᠨ ᠶᠤᠮ᠃ ᠠᠶᠤᠯ ᠲᠦᠭᠰᠢᠭᠦᠷᠢ ᠰᠣᠯᠪᠢᠴᠠᠨ ᠳᠠᠪᠬᠤᠴᠠᠵᠤ᠂ ᠬᠦᠭᠵᠢᠯᠲᠡ ᠶᠢᠨ ᠵᠠᠮ ᠮᠤᠷᠢ ᠰᠠᠷᠤᠢ ᠪᠠᠶᠢᠳᠠᠯ ᠳᠣᠣᠷ᠎ᠠ ᠣᠯᠤᠭᠰᠠᠨ ᠶᠤᠮ᠃ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠨᠥᠬᠦᠴᠡᠯ ᠳᠣᠤᠷ᠎ᠠ ᠣᠯᠤᠭᠰᠠᠨ ᠶᠤᠮ᠃ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠠᠩ ᠪᠠᠶᠠᠨ ᠴᠢᠨᠡᠭᠡᠯᠢᠭ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠭᠰᠡᠨ ᠤᠷᠢᠲᠠᠯ ᠳᠣᠣᠷ᠎ᠠ ᠣᠯᠤᠭᠰᠠᠨ ᠶᠤᠮ᠃ ᠪᠢᠳᠡ ᠪᠦᠭᠦᠳᠡᠭᠡᠷ ᠢᠶᠠᠨ ᠭᠡᠷᠡᠴᠢᠯᠡᠭᠴᠢ ᠮᠦᠷᠲᠡᠬᠡᠨ ᠪᠠᠰᠠ ᠪᠡᠶ᠎ᠡ ᠪᠠᠷ ᠢᠶᠠᠨ ᠣᠷᠣᠯᠴᠠᠭᠴᠢ ᠮᠥᠨ᠂ ᠨᠡᠩ ᠴᠤ ᠬᠥᠯᠥᠰᠥ ᠤᠷᠤᠰᠬᠠᠭᠰᠠᠨ ᠲᠡᠮᠡᠴᠡᠭᠴᠢ ᠮᠥᠨ᠃ ᠠᠮᠵᠢᠯᠲᠠ ᠪᠦᠲᠦᠮᠵᠢ ᠶᠢ ᠬᠢᠯᠪᠠᠷ ᠪᠤᠰᠤ ᠪᠠᠷ ᠣᠯᠤᠭᠰᠠᠨ ᠶᠤᠮ᠂ ᠡᠨᠡ ᠪᠣᠯ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠳᠣᠲᠣᠨᠣ ᠬᠠᠯᠠᠮᠵᠢᠯᠠᠯ ᠤᠨ ᠦᠷ᠎ᠡ ᠳ᠋ᠦᠩ ᠮᠥᠨ᠂ ᠬᠤᠰᠢᠭᠤᠨ ᠤ ᠨᠠᠮ ᠤᠨ ᠬᠤᠷᠢᠶᠠᠨ ᠤ ᠪᠥᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠠᠷᠭ᠎ᠠ ᠵᠠᠮ ᠵᠢᠭᠠᠵᠦ ᠦᠭᠬᠦᠭᠰᠡᠨ ᠰᠠᠯᠵᠦ ᠴᠢᠳᠠᠬᠤ ᠦᠬᠡᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠪᠦᠲᠦᠮᠵᠢᠲᠡᠶ ᠬᠢᠨᠠᠯᠲᠠ᠂ ᠬᠦᠴᠦᠲᠡᠶ ᠳᠡᠮᠵᠢᠯᠭᠡ ᠠᠴᠠ ᠰᠠᠯᠵᠦ ᠴᠢᠳᠠᠬᠤ ᠦᠬᠡᠢ᠂ ᠨᠠᠩ ᠴᠤ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠤ ᠰᠢᠷᠭᠠᠭᠤ ᠬᠠᠲᠠᠭᠤᠵᠢᠯᠲᠠᠶ ᠲᠡᠮᠡᠴᠡᠵᠦ᠂ ᠬᠠᠮᠲᠤ ᠪᠠᠷ ᠳᠡᠮᠡᠴᠡᠭᠰᠡᠨ ᠨᠢᠭᠳᠠᠷᠠᠯ ᠤᠨ ᠬᠦᠴᠦᠨ ᠠᠴᠠ ᠰᠠᠯᠵᠦ ᠴᠢᠳᠠᠬᠤ ᠦᠬᠡᠢ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠬᠦᠮ᠂ ᠠᠵᠢᠯ ᠠᠴᠠ ᠪᠠᠨ ᠳᠠᠷᠬᠠᠯᠠᠭᠳᠠᠭᠰᠠᠨ ᠪᠠ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ᠂ ᠬᠤᠰᠢᠭᠤᠨ ᠳᠤ ᠰᠠᠭᠤᠭ᠎ᠠ ᠡᠯ᠎ᠡ ᠴᠡᠷᠢᠭ ᠴᠠᠭᠳᠠᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠹᠷᠣᠨᠲ ᠳᠡᠭᠡᠷ᠎ᠡ ᠲᠡᠮᠡᠴᠡᠵᠦ ᠪᠠᠶᠢᠭ᠎ᠠ ᠨᠥᠬᠦᠳ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠥᠲᠥᠭᠡᠨ ᠪᠠᠶᠢᠭᠤᠯᠤᠯᠲᠠ ᠪᠣᠯᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠪᠣᠶ ᠪᠥᠬᠦᠶ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠪᠣᠯᠤᠨ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕    ᠠᠮᠤᠷ ᠲᠦᠪᠰᠢᠨ ᠪᠠᠶᠢᠬᠤ ᠳᠠᠭᠠᠨ ᠬᠦᠴᠦᠷᠬᠡᠭᠵᠢᠬᠦ ᠪᠠᠷ ᠴᠢᠷᠮᠠᠶᠢᠵᠦ᠂ ᠠᠶᠤᠯ ᠲᠦᠭᠰᠢᠭᠦᠷᠢ ᠶᠢ ᠪᠣᠳᠣᠯᠬᠢᠯᠠᠨ ᠠᠯᠤᠰ ᠢ ᠵᠤᠷᠢᠨ ᠳᠡᠮᠡᠴᠡᠬᠦ ᠬᠡᠷᠡᠭᠲᠡᠢ᠃ ᠪᠢᠳᠡ ᠬᠥᠭᠵᠢᠯᠲᠡ ᠲᠡᠩᠴᠡᠭᠦᠷᠢ ᠥᠬᠡᠶ ᠭᠦᠢᠴᠡᠳ ᠥᠬᠡᠶ ᠪᠠᠶᠢᠬᠤ ᠪᠣᠯ ᠮᠦᠨᠴᠦ ᠬᠠᠮᠤᠭ ᠤᠨ ᠶᠡᠭᠡ ᠬᠤᠰᠢᠭᠤᠨ ᠤ ᠪᠤᠲᠠᠲᠦ ᠪᠠᠶᠢᠳᠠᠯ ᠪᠣᠯᠬᠤ ᠶᠢ ᠴᠠᠭ ᠢᠮᠠᠭᠲᠠ ᠪᠠᠲᠤ ᠴᠡᠭᠡᠵᠢᠯᠡᠵᠦ᠂ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠪᠡᠶᠡᠯᠡᠭᠦᠯᠬᠦ ᠪᠣᠯ ᠬᠢᠯᠪᠠᠷ ᠪᠤᠰᠤ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠣᠯ ᠬᠢᠯᠪᠠᠷ ᠪᠤᠰᠤ ᠭᠡᠳᠡᠭ ᠢ ᠴᠠᠭ ᠢᠮᠠᠭᠲᠠ ᠪᠠᠲᠤ ᠴᠡᠭᠡᠵᠢᠯᠡᠵᠦ᠂ ᠠᠷᠠᠳ ᠣᠯᠠᠨ ᠤ ᠣᠷᠣᠯᠭ᠎ᠠ ᠶᠢᠨ ᠬᠢᠷᠢ ᠲᠦᠪᠰᠢᠨ ᠪᠠ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠲᠠᠯᠪᠢᠭᠰᠠᠨ ᠬᠠᠯᠠᠭᠤᠨ ᠬᠦᠰᠡᠯ ᠢ ᠴᠠᠭ ᠢᠮᠠᠭᠲᠠ ᠪᠠᠲᠤ ᠴᠡᠭᠡᠵᠢᠯᠡᠬᠦ ᠬᠡᠷᠡᠭᠲᠡᠶ᠃ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠮᠥᠨ ᠴᠥᠭᠡᠨ ᠪᠤᠰᠤ ᠬᠦᠴᠢᠷᠳᠡᠯ ᠪᠠ ᠠᠰᠠᠭᠤᠳᠠᠯ ᠲᠤᠯᠭᠠᠷᠠᠵᠤ᠂ ᠬᠢᠵᠢᠭ ᠤᠨ ᠪᠠᠶᠢᠳᠠᠯ ᠤᠨ ᠬᠤᠪᠢᠷᠠᠯᠲᠠ ᠪᠠ ᠭᠠᠳᠠᠭᠠᠳᠤ ᠣᠷᠴᠢᠨ ᠲᠣᠭᠤᠷᠢᠨ ᠳᠤ ᠮᠠᠰᠢ ᠣᠯᠠᠨ ᠲᠣᠭᠲᠠᠪᠤᠷᠢ ᠥᠬᠡᠶ ᠴᠢᠨᠠᠷ ᠣᠷᠣᠰᠢᠵᠤ᠂ ᠠᠵᠤ ᠠᠬᠤᠶ ᠶᠢᠨ ᠰᠡᠷᠭᠦᠯᠲᠡ ᠶᠢᠨ ᠰᠠᠭᠤᠷᠢ ᠬᠠᠷᠠᠬᠠᠨ ᠪᠠᠲᠤ ᠪᠠᠬᠢ ᠪᠢᠰᠢ ᠪᠠᠶᠢᠭᠰᠠᠭᠠᠷ᠃ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠪᠠᠶᠢᠵᠤ᠂ ᠴᠠᠯᠢᠩ ᠢ ᠪᠠᠲᠤᠯᠠᠬᠤ᠂ ᠡᠷᠭᠢᠯᠲᠡ ᠶᠢ ᠪᠠᠲᠤᠯᠠᠬᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ ᠳᠠᠷᠤᠯᠲᠠ ᠨᠡᠯᠢᠶᠡᠳ ᠶᠡᠭᠡ ᠪᠠᠶᠢᠨ᠎ᠠ᠃ ᠠᠵᠤ ᠠᠬᠤᠶ ᠶᠢᠨ ᠪᠦᠲᠦᠴᠡ ᠵᠦᠢ ᠵᠣᠬᠢᠰ ᠦᠭᠡᠶ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠬᠦᠯᠦᠨ ᠬᠤᠪᠢᠷᠠᠭᠤᠯᠬᠤ ᠨᠣᠷᠮ᠎ᠠ ᠳᠣᠣᠷ᠎ᠠ ᠪᠠᠶᠢᠵᠤ᠂ ᠠᠵᠤ ᠦᠢᠯᠡᠰ ᠤᠨ ᠪᠦᠲᠦᠴᠡ ᠶᠢᠨ ᠳᠠᠩ ᠭᠠᠭᠴᠠ ᠠᠰᠠᠭᠤᠳᠠᠯ ᠢ ᠬᠠᠷᠠᠬᠠᠨ ᠦᠨᠳᠦᠰᠦᠨ ᠠᠴᠠ ᠨᠢ ᠬᠤᠪᠢᠷᠠᠭᠤᠯᠤᠭᠠᠳᠤᠶ ᠪᠠᠶᠢᠭᠰᠠᠭᠠᠷ᠃ ᠲᠤᠮᠤ ᠲᠦᠷᠦᠯ ᠵᠦᠢᠯ ᠤᠨ ᠨᠥᠭᠡᠴᠡᠯᠡᠯᠲᠡ ᠬᠦᠷᠦᠯᠴᠡᠬᠦ ᠦᠭᠡᠢ᠂ ᠬᠤᠪᠢᠷᠠᠯᠲᠠ ᠤᠯᠠᠨ ᠪᠢᠰᠢ᠂ ᠤᠶᠠᠨ ᠬᠠᠳᠠᠨ ᠴᠢᠨᠠᠷ ᠲᠠᠢ᠂ ᠦᠷᠢᠰᠦᠯᠳᠦᠬᠦ ᠬᠦᠴᠦᠨ ᠲᠠᠢ ᠰᠢᠯᠢᠳᠡᠭ ᠠᠵᠤ ᠠᠬᠤᠶᠢᠯᠠᠯ᠂ ᠠᠵᠢᠯ ᠲᠦᠷᠦᠯ ᠤᠨ ᠲᠠᠭᠠᠭᠤᠯᠤᠭᠴᠢ ᠠᠵᠤ ᠠᠬᠤᠶᠢᠯᠠᠯ ᠴᠥᠭᠡᠨ᠂ ᠪᠦᠲᠦᠮᠵᠢᠲᠡᠢ ᠪᠡᠯᠡ ᠣᠷᠣᠭᠤᠯᠤᠯᠲᠠ ᠶᠢᠨ ᠨᠡᠮᠡᠭᠳᠡᠯ ᠬᠦᠴᠦᠨ ᠮᠡᠬᠦᠰ᠂ ᠠᠷᠠᠯᠵᠢᠶ᠎ᠠ ᠡᠵᠡᠩᠨᠡᠬᠦ ᠣᠷᠴᠢᠨ ᠮᠥᠨ ᠬᠦ ᠪᠠᠭᠤᠷᠠᠢ ᠭᠤᠭᠴᠤᠭ᠎ᠠ ᠣᠷᠣᠰᠢᠵᠤ ᠪᠠᠶᠢᠨ᠎ᠠ᠃ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠲᠡᠩᠴᠡᠭᠦᠷᠢ ᠦᠭᠡᠢ ᠪᠠᠶᠢᠵᠤ᠂ ᠰᠠᠭᠤᠷᠢ ᠲᠥᠬᠦᠭᠡᠷᠦᠮᠵᠢ ᠪᠠ ᠠᠷᠠᠳ ᠤᠨ ᠠᠮᠢᠳᠤᠷᠠᠯ ᠨᠡᠶᠢᠭᠡᠮ ᠤᠨ ᠦᠢᠯᠡᠰ ᠲᠤ ᠪᠠᠰᠠ ᠮᠠᠰᠢ ᠤᠯᠠᠨ ᠳᠤᠲᠠᠭᠤᠳᠠᠯ ᠪᠠ ᠪᠠᠭᠤᠷᠠᠢ ᠲᠠᠯ᠎ᠠ ᠣᠷᠣᠰᠢᠵᠤ ᠪᠠᠶᠢᠨ᠎ᠠ᠃ ᠬᠡᠰᠡᠭ ᠺᠠᠳ᠋ᠷ ᠲᠤ ᠴᠢᠳᠠᠪᠤᠷᠢ ᠬᠦᠷᠦᠯᠴᠡᠬᠦ ᠦᠭᠡᠢ ︽ᠬᠢᠵᠦ ᠳᠡᠶᠢᠯᠬᠦ ᠦᠭᠡᠢ︾᠂ ᠬᠥᠳᠡᠯᠭᠡᠬᠦ ᠬᠦᠴᠦᠨ ᠬᠦᠷᠦᠯᠴᠡᠬᠦ ᠦᠭᠡᠢ ︽ᠬᠢᠬᠦ ᠰᠠᠨᠠᠭ᠎ᠠ ᠦᠭᠡᠢ︾᠂ ᠬᠠᠷᠢᠭᠤᠴᠠᠯᠭ᠎ᠠ ᠬᠦᠷᠦᠯᠴᠡᠬᠦ ᠦᠭᠡᠢ ︽ᠬᠢᠬᠦ ᠵᠣᠷᠢᠭ ᠦᠭᠡᠢ︾ ᠵᠡᠷᠭᠡ ᠦᠵᠡᠭᠳᠡᠯ ᠣᠷᠣᠰᠢᠵᠤ ᠪᠠᠶᠢᠨ᠎ᠠ᠃ ᠡᠭᠦᠨ ᠢ ᠪᠢᠳᠡ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠠᠰᠠᠭᠤᠳᠠᠯ ᠳᠤ ᠰᠢᠭᠤᠳ ᠬᠠᠨᠳᠤᠨ ᠠᠰᠠᠭᠤᠳᠠᠯ ᠠᠴᠠ ᠵᠠᠶᠢᠯᠠᠬᠤ ᠥᠬᠡᠶ᠂ ᠠᠰᠠᠭᠤᠳᠠᠯ ᠢ ᠠᠯᠳᠠᠯ ᠥᠬᠡᠶ ᠠᠩᠬᠠᠷᠴᠤ ᠰᠡᠳᠬᠢᠯ ᠢᠶᠠᠨ ᠲᠦᠪᠯᠡᠷᠡᠬᠦᠯᠵᠦ᠂ ᠠᠰᠠᠭᠤᠳᠠᠯ ᠢ ᠰᠤᠯᠠᠷᠠᠭᠤᠯᠤᠯ ᠥᠬᠡᠶ ᠠᠳᠬᠤᠵᠤ ᠴᠢᠩᠭ᠎ᠠ ᠪᠠᠷᠢᠵᠦ᠂ ᠨᠠᠩ ᠬᠦᠴᠦᠲᠡᠶ ᠠᠷᠭ᠎ᠠ ᠬᠡᠮᠵᠢᠶ᠎ᠡ ᠠᠪᠴᠤ᠂ ᠪᠥᠬᠦ ᠬᠦᠴᠦᠨ ᠢᠶᠠᠷ ᠢᠶᠠᠨ ᠰᠢᠢᠳᠪᠦᠷᠢᠯᠡᠬᠦ ᠬᠡᠷᠡᠭᠲᠡᠶ᠃    ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠭᠤᠤᠯ ᠬᠠᠷᠠᠯᠲᠠ ᠡᠭᠦᠷᠭᠡ    ᠬᠤᠰᠢᠭᠤᠨ ᠤ ᠠᠷᠠᠳ ᠤᠨ ᠵᠠᠰᠠᠭ ᠤᠨ ᠣᠷᠳᠣᠨ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ︵ᠲᠥᠰᠦᠯ︶︾ ᠶᠢ ᠨᠠᠶᠢᠷᠠᠭᠤᠯᠤᠨ ᠵᠣᠬᠢᠶᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠶᠢ ᠲᠣᠳᠣᠷᠬᠠᠶᠢᠯᠠᠵᠤ᠂ ᠬᠥᠭᠵᠢᠯᠲᠡ ᠶᠢ ᠲᠤᠯᠭᠠᠭᠤᠷᠢᠯᠠᠬᠤ ᠠᠯᠢ ᠣᠯᠠᠨ ᠭᠤᠤᠯᠳᠠᠯᠭ᠎ᠠ ᠲᠠᠢ ᠡᠭᠦᠷᠭᠡ ᠪᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠤᠷᠠᠳᠴᠤ᠂ ᠲᠣᠰ ᠤᠳᠠᠭ᠎ᠠ ᠶᠢᠨ ᠶᠡᠭᠡ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃    ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ᠪᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠠᠩᠬᠠᠳᠤᠭᠠᠷ ᠲᠠᠪᠤᠨ ᠵᠢᠯ ᠪᠣᠯᠤᠨ᠎ᠠ᠂ ᠮᠥᠨ ᠴᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠢ ᠪᠥᠬᠦ ᠲᠠᠯ᠎ᠠ ᠪᠠᠷ ᠲᠦᠷᠭᠡᠳᠬᠡᠵᠦ᠂ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠲᠠᠪᠤᠨ ᠵᠢᠯ ᠪᠣᠯᠤᠨ᠎ᠠ᠃ ᠶᠡᠭᠡ ᠬᠠᠨᠳᠤᠰᠢ ᠶᠢ ᠠᠵᠢᠭᠯᠠᠪᠠᠯ᠂ ᠢᠷᠡᠬᠦ ᠲᠠᠪᠤᠨ ᠵᠢᠯ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶ ᠳᠤ ᠭᠦᠨᠵᠡᠭᠡᠶ ᠲᠣᠬᠢᠷᠠᠭᠤᠯᠤᠯᠲᠠ ᠬᠢᠵᠦ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠭᠦᠨᠵᠡᠭᠡᠶᠢᠷᠡᠨ ᠬᠥᠭᠵᠢᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠥᠷᠭᠡᠨ ᠳᠡᠯᠭᠡᠷ ᠪᠥᠭᠡᠳ ᠠᠯᠤᠰ ᠬᠡᠲᠦ ᠶᠢᠨ ᠪᠠᠶᠢᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠬᠠᠷᠢᠯᠴᠠᠨ ᠠᠬᠢᠭᠤᠯᠬᠤ ᠰᠢᠨ᠎ᠡ ᠬᠥᠭᠵᠢᠯᠲᠡ ᠶᠢᠨ ᠪᠠᠶᠢᠷᠢᠰᠢᠯ ᠲᠦᠷᠭᠡᠨ ᠪᠦᠷᠢᠯᠳᠦᠪᠡ᠃ ︽ᠨᠡᠬᠦᠷᠡᠰᠦᠳᠦᠷᠦᠭᠴᠢ ᠶᠢ ᠣᠷᠭᠢᠯ ᠳᠤ ᠬᠦᠷᠬᠡᠬᠦ᠂ ᠨᠡᠭᠦᠷᠡᠰᠦᠲᠥ᠋ᠷᠥᠭᠴᠢ  ᠶᠢᠨ ᠰᠠᠭᠠᠷᠮᠠᠭᠵᠢᠯ︾ ᠰᠢᠨ᠎ᠡ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠩᠬᠠᠭ ᠤᠨ ᠵᠢᠯᠤᠭᠤᠳᠤᠯᠭ᠎ᠠ ᠪᠠᠷ᠂ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠤᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠲᠦᠷᠭᠡᠨ ᠨᠡᠮᠡᠭᠳᠡᠵᠦ᠂ ᠳᠠᠬᠢᠨ ᠢᠶᠠᠷ ᠥᠷᠭᠡᠳᠴᠦ᠂ ᠦᠷᠭᠦᠯᠵᠢᠯᠡᠨ ᠬᠦᠴᠦᠯᠡᠬᠦ ᠬᠠᠨᠳᠤᠰᠢ ᠲᠠᠢ ᠪᠣᠯᠤᠨ᠎ᠠ᠃ ᠣᠯᠠᠨ ᠵᠤᠶᠢᠯ ᠤᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠣᠯᠪᠢᠴᠠᠯ ᠳᠠᠪᠬᠤᠴᠠᠯ᠂ ᠡᠯ᠎ᠡ ᠱᠠᠲᠤᠨ ᠤ ᠲᠥᠷᠥ ᠶᠢᠨ ᠪᠣᠳᠣᠯᠭ᠎ᠠ ᠶᠢᠨ ᠠᠰᠢᠭ ᠤᠷᠤᠯᠭ᠎ᠠ ᠲᠠᠰᠤᠷᠠᠯᠲᠠ ᠥᠬᠡᠶ ᠢᠯᠡᠷᠡᠵᠦ᠂ ᠶᠡᠭᠡ ᠬᠤᠪᠢᠷᠠᠯᠲᠠ᠂ ᠶᠡᠭᠡ ᠥᠷᠢᠰᠥᠯᠳᠦᠭᠡᠨ ᠳᠤ ᠴᠢᠬᠤᠯᠠ ᠶᠡᠭᠡ ᠠᠵᠠ ᠲᠣᠬᠢᠶᠠᠯ ᠠᠭᠤᠯᠤᠭᠳᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠢᠨᠠᠷ ᠰᠠᠶᠢᠲᠠᠶ ᠡᠯᠧᠮᠧᠨ᠋ᠲ ᠢ ᠪᠥᠬᠦ ᠲᠠᠯ᠎ᠠ ᠪᠠᠷ ᠲᠥᠪᠯᠡᠷᠡᠭᠦᠯᠬᠦ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠭᠦᠨᠵᠡᠭᠡᠶ ᠠᠬᠢᠭᠤᠯᠬᠤ᠂ ᠣᠯᠠᠨ ᠠᠷᠭ᠎ᠠ ᠵᠠᠮ ᠢᠶᠠᠷ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠳᠤ ᠴᠢᠬᠤᠯᠠ ᠶᠡᠭᠡ ᠠᠵᠠ ᠲᠣᠬᠢᠶᠠᠯ ᠬᠠᠩᠭᠠᠬᠤ ᠨᠢ ᠯᠠᠪᠲᠠᠶ ᠶᠤᠮ᠃ ᠪᠢᠳᠡ ᠰᠢᠨ᠎ᠡ ᠬᠥᠭᠵᠢᠯᠲᠡ ᠶᠢᠨ ᠱᠠᠲᠤᠨ ᠳᠤ ᠣᠷᠣᠬᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠡᠯᠪᠡᠭ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠠᠯᠬᠤᠮ ᠳᠠᠷᠠᠭ᠎ᠠ ᠲᠠᠢ ᠠᠵᠢᠯᠯᠠᠵᠤ᠂ ᠬᠠᠭᠤᠴᠢᠨ ᠢᠶᠠᠨ ᠦᠬᠦᠨ ᠪᠠᠷᠢᠮᠲᠠᠯᠠᠬᠤ ᠬᠡᠪᠰᠢᠮᠡᠯ ᠦᠵᠡᠯ ᠰᠠᠨᠠᠭ᠎ᠠ ᠶᠢ ᠡᠷᠡᠰ ᠲᠡᠪᠴᠢᠵᠦ᠂ ᠶᠡᠷᠦ ᠪᠤᠰᠤ ᠶᠢᠨ ᠬᠦᠰᠡᠯ ᠵᠣᠷᠢᠭ ᠢ ᠪᠤᠢ ᠪᠣᠯᠭᠠᠵᠤ᠂ ᠶᠡᠷᠦ ᠪᠤᠰᠤ ᠶᠢᠨ ᠬᠦᠴᠦ ᠭᠠᠷᠭᠠᠵᠤ᠂ ᠶᠡᠷᠦ ᠪᠤᠰᠤ ᠶᠢᠨ ᠭᠠᠪᠢᠶ᠎ᠠ ᠪᠠᠶᠢᠭᠤᠯᠵᠤ᠂ᠬᠢᠮᠤᠷᠠᠯ ᠤᠨ ᠳᠤᠮᠳᠠ ᠠᠵᠠ ᠲᠣᠬᠢᠶᠠᠯ ᠢ ᠠᠳᠬᠤᠵᠦ᠂ ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠡᠭᠦᠳᠴᠦ᠂ ︽ᠬᠡᠯᠡᠪᠡᠯ ᠬᠢᠵᠦ᠂ ᠬᠢᠪᠡᠯ ᠪᠦᠲᠦᠬᠡᠬᠦ︾ ᠡᠷᠡᠰ ᠵᠣᠷᠢᠭ ᠪᠠ ᠲᠣᠭᠲᠠᠯ ᠬᠦᠴᠦᠨ ᠢᠶᠠᠷ ᠱᠠᠳᠤᠴᠢ ᠴᠢᠨᠠᠷᠲᠠᠢ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠵᠦ᠂ ᠪᠠᠭ᠎ᠠ ᠠᠮᠵᠢᠯᠲᠠ ᠶᠢ ᠬᠤᠷᠠᠮᠳᠤᠭᠤᠯᠤᠨ ᠶᠡᠭᠡ ᠢᠯᠠᠯᠲᠠ ᠪᠣᠯᠭᠠᠵᠤ᠂ ᠢᠷᠡᠭᠡᠳᠦᠢ ᠶᠢᠨ ᠲᠠᠪᠤᠨ ᠵᠢᠯ ᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠭᠵᠢᠯᠲᠡ ᠶᠢᠨ ︽ᠰᠢᠵᠢᠷ ᠠᠯᠳᠠᠨ ᠲᠠᠪᠤᠨ ᠵᠢᠯ︾ ᠪᠣᠯᠭᠠᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠳᠤ ᠰᠠᠶᠢᠲᠤᠷ ᠰᠠᠭᠤᠷᠢ ᠲᠠᠯᠪᠢᠬᠤ ᠬᠡᠷᠡᠭᠲᠡᠢ᠃    ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠠᠶᠠᠯᠠᠯ ᠢᠶᠠᠨ ᠡᠬᠢᠯᠡᠭᠦᠯᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠡᠯ᠎ᠡ ᠵᠤᠶᠢᠯ ᠤᠨ ᠠᠵᠢᠯ ᠢ ᠨᠠᠷᠢᠨ ᠨᠢᠮᠪᠠᠶ ᠲᠥᠯᠥᠪᠵᠢᠭᠦᠯᠦᠨ᠂ ᠰᠡᠳᠬᠢᠯ ᠳᠡᠯᠪᠢᠨ ᠰᠠᠶᠢᠲᠤᠷ ᠨᠠᠶᠢᠳᠠᠪᠤᠷᠢᠵᠢᠭᠤᠯᠬᠤ ᠨᠢ ᠲᠦᠢᠯ ᠤᠨ ᠴᠢᠬᠤᠯᠠ ᠶᠤᠮ᠃ ᠪᠢᠳᠡ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠳᠣᠣᠷᠠᠬᠢ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃    ᠨᠢᠭᠡ ᠳᠤ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢᠨ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠦᠨ᠎ᠡ᠃ ︽ᠪᠠᠶᠠᠨ ᠬᠦᠴᠦᠷᠬᠡᠭ ᠡᠮᠦᠨᠡᠲᠦ ᠬᠤᠰᠢᠭᠤ︾ ᠨᠢ ᠨᠠᠩ ᠪᠣᠳᠠᠲᠤ ᠬᠦᠴᠦᠨ ᠲᠠᠢ ᠪᠠᠶᠢᠵᠤ᠂ ᠬᠥᠭᠵᠢᠭᠦᠯᠬᠦ ᠪᠣᠯ ᠲᠡᠷᠢᠭᠦᠨ ᠴᠢᠬᠤᠯᠠ ᠡᠭᠦᠷᠭᠡ ᠪᠣᠯᠬᠤ ᠶᠢ ᠪᠠᠷᠢᠮᠲᠠᠯᠠᠨ᠂ ᠪᠠᠯᠠ ᠣᠷᠣᠭᠤᠯᠤᠯᠲᠠ ᠶᠢ ᠨᠢᠭᠡᠳᠦᠭᠡᠷ ᠬᠥᠳᠡᠯᠭᠡᠬᠦ ᠬᠦᠴᠦᠨ ᠪᠤᠯᠭᠠᠬᠤ᠂ ᠬᠡᠷᠡᠭᠯᠡᠭᠡ ᠶᠢᠨ ᠨᠢᠭᠡᠳᠦᠭᠡᠷ ᠬᠥᠳᠡᠯᠭᠡᠭᠦᠷ ᠤᠨ  ᠦᠢᠯᠡᠳᠦᠯ ᠢ ᠪᠠᠳᠠᠷᠠᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠪᠠ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠭ᠎ᠠ ᠪᠦᠬᠦᠨ ᠢ ᠰᠦᠪᠡᠭᠴᠢᠯᠡᠨ ᠪᠦᠲᠦᠮᠵᠢᠲᠡᠶ ᠪᠠᠯᠠ ᠣᠷᠣᠭᠤᠯᠤᠯᠲᠠ ᠶᠢ ᠥᠷᠭᠡᠳᠬᠡᠨ᠂ ︽ᠬᠤᠶᠠᠷ ᠰᠢᠨ᠎ᠡ ᠨᠢᠭᠡ ᠬᠦᠨᠳᠦ ︾ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠨᠢᠭᠡ ᠪᠦᠯᠦᠭ ᠲᠡᠮᠦᠷ ᠵᠠᠮ᠂ ᠵᠠᠰᠠᠮᠠᠯ ᠵᠠᠮ᠂ ᠤᠰᠤᠨ ᠠᠰᠢᠭᠯᠠᠯᠲᠠ᠂ ᠴᠠᠬᠢᠯᠭᠠᠨ ᠲᠣᠤᠷ᠂ ᠮᠡᠳᠡᠭᠡ ᠵᠠᠩᠭᠢ᠂ ᠪᠠᠷᠠᠭᠠᠨ ᠤ ᠬᠦᠢᠯᠬᠡᠬᠡ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠢ ᠲᠥᠯᠥᠪᠵᠢᠭᠦᠯᠦᠨ ᠬᠡᠷᠡᠭᠵᠢᠭᠦᠯᠵᠦ᠂ ᠵᠣᠬᠢᠰᠲᠠᠶ ᠤᠷᠢᠳᠴᠢᠯᠠᠭᠰᠠᠨ᠂ ᠢᠵᠢ ᠪᠥᠷᠢᠳᠦᠭᠰᠡᠨ᠂ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠲᠣᠤᠷ ᠰᠦᠯᠵᠢᠶᠡᠨ ᠤ ᠰᠢᠰᠲ᠋ᠧᠮᠵᠢ ᠶᠢ ᠪᠦᠷᠢᠯᠳᠦᠭᠦᠯᠦᠨ᠎ᠡ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠤᠰᠢᠭᠤ ᠪᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠠᠬᠢᠭᠤᠯᠵᠤ᠂ ᠰᠢᠨ᠎ᠡ ᠶᠢ ᠡᠭᠦᠳᠬᠦ ᠦᠢᠯᠡᠰ ᠪᠤᠰᠬᠠᠬᠤ ᠪᠠ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠶᠢ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠵᠤ᠂ ᠰᠢᠨ᠎ᠡ ᠶᠢ ᠡᠭᠦᠳᠬᠦ ᠶᠢ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠦᠨᠳᠦᠰᠦᠨ ᠬᠥᠳᠡᠯᠭᠡᠬᠦ ᠬᠦᠴᠦᠨ ᠪᠣᠯᠭᠠᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠪᠥᠬᠦ ᠬᠤᠰᠢᠭᠤᠨ ᠤ ᠭᠠᠵᠠᠷ ᠣᠷᠣᠨ ᠤ  ᠦᠢᠯᠡᠳᠪᠦᠷᠢᠯᠡᠯ ᠤᠨ ᠶᠡᠷᠦᠩᠬᠡᠶ ᠥᠷᠲᠡᠭ ᠵᠢᠯ ᠪᠦᠷᠢ ᠳᠤᠮᠳᠠᠴᠢ ᠪᠠᠷ 6% ᠪᠠᠷ ᠨᠡᠮᠡᠭᠳᠡᠬᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠵᠢᠯ ᠪᠦᠷᠢ ᠳᠤᠮᠳᠠᠴᠢ ᠪᠠᠷ 10% ᠪᠠᠷ ᠨᠡᠮᠡᠭᠳᠡᠬᠦᠯᠵᠦ᠂ ᠨᠡᠶᠢᠭᠡᠮ ᠤᠨ ᠬᠡᠷᠡᠭᠯᠡᠭᠡᠨ ᠤ ᠵᠤᠶᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠵᠢᠯ ᠪᠦᠷᠢ ᠳᠤᠮᠳᠠᠴᠢ ᠪᠠᠷ 3% ᠪᠠᠷ ᠨᠡᠮᠡᠭᠳᠡᠬᠦᠯᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠵᠢᠯ ᠪᠦᠷᠢ ᠳᠤᠮᠳᠠᠴᠢ ᠪᠠᠷ 10% ᠪᠠᠷ ᠨᠡᠮᠡᠭᠳᠡᠬᠦᠯᠦᠨ᠎ᠡ᠃    ᠬᠤᠶᠠᠷ ᠲᠤ ᠠᠵᠤ ᠠᠬᠤᠢ ᠶᠢᠨ ᠪᠦᠲᠦᠴᠡ ᠶᠢᠨ ᠰᠢᠨ᠎ᠡ ᠰᠢᠯᠢᠳᠡᠭᠵᠢᠯ ᠢ ᠪᠡᠶᠡᠯᠡᠭᠦᠯᠦᠨ᠎ᠡ᠃ ︽ᠴᠡᠴᠡᠭᠯᠡᠨ ᠬᠥᠭᠵᠢᠭᠰᠡᠨ ᠡᠮᠦᠨᠡᠲᠦ ᠬᠤᠰᠢᠭᠤ︾ ᠨᠢ ᠨᠠᠩ ᠶᠡᠭᠡ ᠬᠥᠳᠡᠯᠭᠡᠬᠦ ᠬᠦᠴᠦᠨ ᠲᠠᠢ ᠪᠣᠯᠵᠤ᠂ ᠭᠤᠷᠪᠠᠨ ᠠᠵᠤ ᠦᠢᠯᠡᠰ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠣᠬᠢᠷᠠᠭᠤᠯᠵᠤ᠂ ᠨᠢᠭᠡᠳᠦᠭᠡᠷ ᠠᠵᠤ ᠦᠢᠯᠡᠰ ᠢ ᠨᠠᠷᠢᠯᠢᠭᠵᠢᠭᠤᠯᠤᠨ ᠲᠣᠬᠢᠷᠠᠭᠤᠯᠵᠤ᠂ ᠬᠤᠶᠠᠳᠤᠭᠠᠷ ᠠᠵᠤ ᠦᠢᠯᠡᠰ ᠢ ᠥᠨᠳᠥᠷ᠂ ᠭᠤᠷᠪᠠᠳᠤᠭᠠᠷ ᠠᠵᠤ ᠦᠢᠯᠡᠰ ᠢ ᠰᠢᠨ᠎ᠡ ᠪᠠᠷ ᠲᠤᠬᠢᠷᠠᠭᠤᠯᠤᠨ ᠰᠢᠯᠢᠳᠡᠭᠵᠢᠭᠦᠯᠬᠦ ᠶᠢ ᠴᠢᠬᠤᠯᠠᠴᠢᠯᠠᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠪᠡᠶᠡᠯᠡᠭᠦᠯᠦᠨ᠎ᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠥᠬᠦ ᠬᠦᠴᠦᠨ ᠢᠶᠠᠷ ᠢᠶᠠᠨ ︽ᠦᠯᠡᠳᠡᠭᠡᠯ ᠢ ᠰᠢᠯᠢᠳᠡᠭᠵᠢᠭᠦᠯᠦᠨ︾᠂ ᠤᠨᠴᠠᠯᠢᠭᠲᠤ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠵᠦ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠦᠷ᠎ᠡ ᠠᠰᠢᠭ ᠪᠠ ᠥᠷᠢᠰᠦᠯᠳᠦᠬᠦ ᠬᠦᠴᠦᠨ ᠢ ᠪᠦᠲᠦᠮᠵᠢᠲᠡᠶ ᠳᠡᠭᠡᠭᠰᠢᠯᠡᠭᠦᠯᠦᠨ᠎ᠡ᠃ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ︽ᠨᠡᠮᠡᠭᠳᠡᠯ ᠢ ᠥᠷᠭᠡᠳᠬᠡᠨ︾᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠶᠢ ᠲᠦᠷᠭᠡᠳᠬᠡᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠠᠵᠤ ᠦᠢᠯᠡᠳᠪᠦᠷᠢ ᠶᠢᠨ ᠪᠦᠯᠦᠭᠵᠢᠯ᠂ ᠬᠡᠯᠬᠢᠶᠡᠵᠢᠯ ᠮᠠᠶ᠋ᠢᠭ ᠤᠨ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠤᠨ᠎ᠠ᠃ ᠵᠠᠩᠭᠢᠯᠠᠭ᠎ᠠ ᠶᠢᠨ ︽ᠳᠠᠯᠳᠠ ᠬᠦᠴᠦᠨ ᠢ ᠠᠭᠤᠳᠠᠯᠬᠤ︾ ᠶᠢ ᠴᠢᠩᠭ᠎ᠠ ᠠᠩᠬᠠᠷᠴᠤ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠬᠡᠬᠡ᠂ ᠰᠢᠨ᠎ᠡ ᠬᠡᠯᠪᠡᠷᠢ ᠶᠢᠨ ᠮᠥᠩᠭᠦᠨ ᠬᠦᠢᠯᠭᠡᠭᠡ᠂ ᠰᠣᠶᠣᠯ ᠵᠤᠭᠠᠴᠠᠯ ᠤᠨ ᠦᠵᠡᠰᠬᠦᠯᠡᠩ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠪᠠᠷ ᠭᠤᠤᠯ ᠪᠣᠯᠭᠠᠭᠰᠠᠨ ᠣᠲᠣ ᠦᠶ᠎ᠡ ᠶᠢᠨ ᠦᠢᠯᠡᠴᠢᠯᠡᠬᠡᠨ ᠤ  ᠦᠢᠯᠡᠰ ᠢ ᠣᠯᠠᠨ ᠡᠰᠢᠴᠢᠯᠡᠨ ᠥᠷᠭᠡᠳᠬᠡᠨ᠎ᠡ᠃ ᠭᠤᠣᠯᠳᠠᠯᠭ᠎ᠠ ᠲᠠᠢ ᠠᠵᠤ ᠦᠢᠯᠡᠰ ᠪᠣᠯᠤᠨ ᠣᠨᠴᠠᠯᠢᠭᠲᠤ ᠠᠵᠤ ᠦᠢᠯᠡᠰ ᠢ ᠵᠡᠷᠭᠡ ᠳᠤᠨᠢ ᠲᠦᠯᠬᠢᠨ ᠠᠬᠢᠭᠤᠯᠬᠤ᠂ ᠤᠯᠠᠮᠵᠢᠯᠠᠯᠲᠤ ᠠᠵᠤ ᠦᠢᠯᠡᠰ ᠪᠣᠯᠤᠨ ᠰᠢᠨ᠎ᠡ ᠪᠠᠷ ᠬᠥᠭᠵᠢᠵᠦ ᠪᠠᠶᠢᠭ᠎ᠠ ᠠᠵᠤ ᠦᠢᠯᠡᠰ ᠢ ᠵᠡᠷᠭᠡ ᠳᠤᠨᠢ ᠬᠥᠭᠵᠢᠭᠦᠯᠬᠦ᠂ ᠳᠠᠪᠠᠭᠤᠯᠢᠭ ᠠᠵᠤ ᠦᠢᠯᠡᠰ ᠪᠣᠯᠤᠨ ᠳᠠᠯᠳᠠ ᠬᠦᠴᠦᠨ ᠲᠠᠢ ᠠᠵᠤ ᠦᠢᠯᠡᠰ ᠢ ᠵᠡᠷᠭᠡ ᠳᠤᠨᠢ ᠪᠤᠵᠠᠭᠠᠶᠢᠷᠠᠭᠤᠯᠬᠤ ᠶᠢ ᠪᠡᠶᠡᠯᠡᠭᠦᠯᠦᠨ᠎ᠡ᠃    ᠭᠤᠷᠪᠠ ᠳᠤ ᠬᠤᠲᠠ ᠬᠥᠳᠡᠭᠡ ᠶᠢᠨ ᠠᠭᠤᠰᠤᠯᠴᠠᠯ ᠢ ᠰᠢᠨ᠎ᠡ ᠠᠬᠢᠴᠠ ᠲᠠᠢ ᠪᠤᠯᠭᠠᠨ᠎ᠠ᠃ ︽ᠰᠠᠭᠤᠷᠢᠰᠢᠬᠤ ᠳᠤ ᠲᠣᠬᠢᠷᠠᠮᠵᠢᠲᠠᠶ ᠡᠮᠦᠨᠡᠲᠦ ᠬᠤᠰᠢᠭᠤ︾ ᠨᠠᠩ ᠲᠠᠲᠠᠬᠤ ᠬᠦᠴᠦᠨ ᠲᠠᠢ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠬᠤᠤᠰ ᠬᠥᠳᠡᠯᠭᠡᠭᠦᠷ︾ ᠢ ᠪᠠᠷᠢᠮᠲᠠᠯᠠᠵᠤ᠂ ᠬᠤᠲᠠ ᠶᠢᠨ ᠠᠵᠦ ᠠᠬᠤᠢ ᠪᠠ ᠬᠦᠮᠦᠨ ᠠᠮᠠ   ᠶᠢ ᠲᠦᠪᠯᠡᠷᠡᠬᠦᠯᠬᠦ ᠴᠢᠳᠠᠪᠤᠷᠢ ᠶᠢ ᠳᠡᠭᠡᠭᠰᠢᠯᠡᠬᠦᠯᠦᠨ᠎ᠡ᠃ ︽ᠨᠢᠭᠡ ᠲᠦᠪ ᠬᠤᠶᠠᠷ ᠳᠡᠩᠬᠡᠯᠢᠭ ᠲᠦᠷᠪᠡᠨ ᠲᠤᠭᠤᠷᠢᠭ ᠵᠢᠷᠭᠤᠭᠠᠨ ᠬᠦᠷᠢᠶ᠎ᠡ︾ ᠶᠢᠨ ᠬᠤᠲᠠ ᠶᠢᠨ ᠶᠡᠷᠦᠩᠬᠡᠶ ᠪᠣᠷᠣ ᠲᠥᠯᠥᠪ ᠤᠨ ᠶᠣᠰᠣᠭᠠᠷ᠂ ᠬᠤᠲᠠ ᠶᠢᠨ ︽ᠡᠮᠦᠨᠡᠰᠢ ᠥᠷᠭᠡᠳᠬᠡᠨ ᠤᠮᠠᠷᠠᠰᠢ ᠰᠢᠯᠵᠢᠭᠦᠯᠵᠦ ᠪᠠᠷᠠᠭᠤᠨᠰᠢ ᠦᠷᠭᠡᠳᠭᠡᠨ ᠲᠤᠮᠳᠠᠬᠢ ᠶᠢ ᠳᠡᠭᠡᠭᠰᠢᠯᠡᠭᠦᠯᠬᠦ︾ ᠢᠨᠵᠧᠨᠧᠷᠢᠩ ᠢ ᠬᠡᠷᠡᠭᠵᠢᠭᠦᠯᠵᠦ᠂ ᠶᠢᠨ ᠪᠢᠨ ᠤ ᠡᠮᠴᠢᠯᠡᠭᠡ ᠰᠤᠪᠢᠯᠠᠯᠲᠠ ᠪᠠᠷ ᠭᠤᠤᠯᠳᠠᠯᠭ᠎ᠠ ᠪᠣᠯᠭᠠᠭᠰᠠᠨ ︽ᠬᠤᠲᠠ ᠶᠢᠨ ᠡᠮᠦᠨᠡᠲᠦ ᠶᠢ ᠰᠢᠨ᠎ᠡ ᠲᠣᠭᠤᠷᠢᠭ ᠤᠨ ᠬᠤᠲᠠ ᠶᠢᠨ ᠪᠦᠯᠬᠦᠮ ᠢ ᠪᠠᠶᠢᠭᠤᠯᠬᠤ︾᠂ ᠵᠡᠭᠦᠨ ᠬᠤᠶᠢᠲᠤ ᠠᠽᠢᠶ᠎ᠠ ᠶᠢᠨ ᠵᠢᠵᠢᠭ ᠲᠠᠸᠠᠷ ᠤᠨ ᠣᠯᠠᠨ ᠤᠯᠤᠰ ᠤᠨ ᠠᠷᠠᠯᠵᠢᠶ᠎ᠠ ᠬᠤᠳᠠᠯᠳᠤᠭᠠᠨ ᠤ ᠬᠤᠲᠠ᠂ ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠤᠷᠴᠢᠨ ᠲᠠᠯ᠎ᠠ ᠨᠤᠲᠤᠭ ᠢᠶᠠᠷ ᠭᠤᠤᠯᠳᠠᠯᠭ᠎ᠠ ᠪᠣᠯᠭᠠᠭᠰᠠᠨ ︽ᠭᠤᠤᠯᠯᠠᠬᠤ ᠬᠤᠲᠠ ᠶᠢᠨ ᠪᠦᠯᠬᠦᠮ ᠪᠠᠶᠢᠭᠤᠯᠬᠤ︾᠂ ᠬᠤᠷᠴᠢᠨ ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠵᠤᠭᠠᠴᠠᠯ ᠤᠨ ᠬᠤᠲᠠ ᠪᠠᠷ ᠭᠤᠤᠯᠳᠠᠯᠭ᠎ᠠ ᠪᠣᠯᠭᠠᠭᠰᠠᠨ ︽ᠬᠤᠲᠠ ᠶᠢᠨ ᠤᠮᠠᠷᠠᠲᠦ ᠶᠢ ᠰᠢᠨ᠎ᠡ ᠲᠣᠭᠤᠷᠢᠭ ᠤᠨ ᠬᠤᠲᠠ ᠶᠢᠨ ᠪᠦᠯᠬᠦᠮ ᠪᠠᠶᠢᠭᠤᠯᠬᠤ︾ ᠶᠢ ᠪᠥᠬᠦ ᠬᠦᠴᠦᠨ ᠢᠶᠠᠷ ᠪᠠᠶᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠠᠬᠢᠭᠤᠯᠤᠨ᠂ ︽ᠵᠢᠷᠭᠤᠭᠠᠨ ᠶᠡᠭᠡ ᠢᠨᠵᠧᠨᠧᠷᠢᠩ︾ ᠢ ᠯᠠᠪᠳᠠᠭᠤᠨ ᠢᠶᠠᠷ ᠬᠡᠷᠡᠭᠵᠢᠭᠦᠯᠵᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠲᠠᠰᠤᠷᠠᠯᠲᠠ ᠥᠬᠡᠶ ᠪᠤᠵᠠᠭᠠᠶᠢᠷᠠᠭᠤᠯᠤᠨ᠎ᠠ᠃ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠢ ᠠᠬᠢᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠮᠠᠶ᠋ᠢᠭ ᠤᠨ ᠬᠤᠳᠠ ᠬᠥᠳᠡᠭᠡ ᠶᠢ ᠨᠢᠭᠡ ᠴᠤᠬᠴᠠᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠯᠢᠭᠡᠷ ᠳᠠᠭᠤᠷᠢᠶᠠᠯ ᠲᠣᠭᠤᠷᠢᠭ ᠢ ᠪᠠᠶᠢᠭᠤᠯᠵᠤ᠂ ︽ᠬᠥᠳᠡᠭᠡ ᠠᠵᠤ ᠠᠬᠤᠢ ᠬᠦᠴᠦᠷᠬᠡᠭ᠂ ᠬᠥᠳᠡᠭᠡ ᠲᠣᠰᠬᠤᠨ ᠦᠵᠡᠰᠬᠦᠯᠡᠩ ᠰᠠᠶᠢᠬᠠᠨ᠂ ᠲᠠᠷᠢᠶᠠᠴᠢᠳ ᠪᠠᠶᠠᠨ ᠴᠢᠨᠡᠭᠡᠯᠢᠭ︾ ᠪᠠᠶᠢᠬᠤ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃    ᠲᠦᠷᠪᠡ ᠳᠤ ᠠᠮᠢ ᠠᠬᠤᠢ ᠶᠢᠨ ᠳᠠᠪᠠᠭᠤᠯᠢᠭ ᠢ ᠰᠢᠨ᠎ᠡ ᠠᠮᠢᠵᠢᠷᠠᠯ ᠤᠨ ᠬᠦᠴᠦᠨ ᠲᠠᠢ ᠪᠤᠯᠭᠠᠨ᠎ᠠ᠃ ︽ᠪᠣᠬᠢᠷᠲᠤᠯ ᠥᠬᠡᠶ ᠡᠮᠦᠨᠡᠲᠦ ᠬᠤᠰᠢᠭᠤ︾ ᠨᠢ ᠨᠠᠩ ᠠᠮᠢᠵᠢᠷᠠᠯ ᠤᠨ ᠬᠦᠴᠦᠨ ᠲᠠᠢ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ᠂ ᠪᠣᠬᠢᠷᠲᠤᠯ ᠥᠬᠡᠶ ᠬᠥᠭᠵᠢᠯᠲᠡ ᠶᠢᠨ ᠲᠤᠳᠠᠭᠳᠠᠯ ᠲᠠᠢ ᠳᠠᠯ᠎ᠠ ᠶᠢ ᠨᠠᠩ ᠶᠡᠭᠡ ᠡᠷᠴᠢᠮ ᠢᠶᠠᠷ ᠨᠥᠬᠦᠪᠥᠷᠢᠯᠡᠵᠦ᠂ ᠪᠣᠬᠢᠷᠲᠤᠯ ᠥᠬᠡᠶ ᠪᠥᠭᠡᠳ ᠣᠷᠣᠰᠢᠨ ᠰᠠᠭᠤᠬᠤ ᠳᠤ ᠲᠣᠬᠢᠷᠠᠮᠵᠢᠲᠠᠶ ᠠᠮᠢ ᠠᠬᠤᠶ ᠶᠢ ᠨᠠᠩ ᠥᠨᠳᠥᠷ ᠲᠦᠪᠰᠢᠨ ᠲᠠᠢ ᠪᠠᠶᠢᠯᠭᠠᠵᠦ᠂ ᠬᠦᠬᠡ ᠠᠭᠤᠯᠠ ᠬᠦᠬᠡᠮᠳᠦᠭ ᠤᠰᠤᠨ ᠤ ︽ᠥᠩᠭᠡ ᠪᠤᠳᠤᠭ︾ ᠢ ᠨᠠᠩ ᠦᠳᠭᠡᠷᠡᠭᠦᠯᠵᠦ᠂ ᠠᠯᠳᠠ ᠮᠦᠩᠬᠦᠨ ᠠᠭᠤᠯᠠᠨ ᠤ ︽ᠦᠩᠭᠡ ᠪᠦᠷᠢᠳᠦᠬᠦᠯᠬᠦ︾ ᠶᠢ ᠨᠡᠩ ᠬᠦᠢᠴᠡᠳ ᠪᠤᠯᠭᠠᠵᠦ᠂ ᠪᠣᠬᠢᠷᠲᠤᠯ ᠥᠬᠡᠶ ᠬᠥᠭᠵᠢᠯᠲᠡ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠨ᠎ᠡ᠃ ︽ᠠᠮᠢ ᠠᠬᠤᠶ +︾ ᠣᠶᠢᠯᠠᠭᠠᠭᠳᠠᠬᠤᠨ ᠢ ᠠᠵᠤ ᠦᠢᠯᠡᠰ ᠤᠨ ᠬᠥᠭᠵᠢᠯᠲᠡ ᠶᠢᠨ ᠪᠥᠬᠦ ᠶᠠᠪᠤᠴᠠ ᠳᠤ ᠠᠭᠤᠰᠬᠠᠨ ᠣᠷᠣᠭᠤᠯᠵᠤ᠂ ᠬᠥᠭᠵᠢᠯᠲᠡ ᠶᠢᠨ ᠠᠷᠭ᠎ᠠ ᠮᠠᠶ᠋ᠢᠭ ᠢ ᠢᠳᠡᠪᠬᠢᠲᠡᠶ ᠬᠤᠪᠢᠷᠠᠭᠤᠯᠤᠨ᠂ ᠪᠣᠬᠢᠷᠲᠤᠯ ᠥᠬᠡᠶ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠣᠷᠴᠢᠨ ᠲᠣᠭᠤᠷᠢᠨ ᠤ  ᠪᠠᠶᠢᠭᠤᠯᠤᠯᠲᠠ ᠶᠢ ᠴᠢᠩᠳᠠᠯᠠᠨ᠎ᠠ᠃ ᠠᠮᠢ ᠠᠬᠤᠶ ᠶᠢᠨ ᠪᠣᠯᠪᠠᠰᠤᠨ ᠰᠢᠶᠠᠩ ᠪᠠᠯᠭᠠᠰᠤ ᠪᠠ ᠭᠠᠴᠠᠭ᠎ᠠ ᠲᠣᠰᠬᠤᠨ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ︽ᠲᠦᠷᠪᠡᠨ ᠶᠡᠭᠡ ᠣᠷᠴᠢᠨ ᠲᠣᠭᠤᠷᠢᠨ ᠢ ᠬᠠᠮᠠᠭᠠᠯᠠᠬᠤ ᠠᠵᠢᠯᠯᠠᠭ᠎ᠠ︾ ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ ᠤᠨ ︽ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠬᠡᠬᠦ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠨᠧᠷᠭᠢ ᠠᠷᠪᠢᠯᠠᠵᠤ ᠪᠣᠬᠢᠷᠲᠤᠯ ᠢ ᠪᠠᠭᠠᠰᠬᠠᠬᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠨ ᠠᠬᠢᠭᠤᠯᠵᠤ᠂ ᠣᠶᠢᠵᠢᠭᠤᠯᠵᠤ ᠨᠣᠭᠤᠭᠠᠷᠠᠭᠤᠯᠬᠤ᠂ ᠠᠭᠠᠷ ᠮᠠᠨᠳᠠᠯ ᠤᠨ ᠵᠠᠰᠠᠯᠲᠠ ᠵᠡᠷᠭᠡ ᠠᠮᠢ ᠠᠬᠤᠢ ᠶᠢ ᠵᠠᠰᠠᠨ ᠰᠡᠷᠭᠦᠭᠡᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠦᠨ᠎ᠡ᠃ ︽ᠬᠤᠶᠠᠷ ᠠᠭᠤᠯᠠ︾ ᠶᠢᠨ ᠣᠨᠣᠯ ᠦᠢᠯᠡᠳᠦᠯᠭᠡ ᠶᠢᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠵᠤ᠂ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠲᠠᠯ᠎ᠠ ᠪᠠᠷ ᠰᠢᠨ᠎ᠡ ᠠᠬᠢᠯᠲᠠ ᠲᠠᠢ ᠪᠣᠯᠵᠤ᠂ ᠰᠢᠨ᠎ᠡ ᠦᠷ᠎ᠡ ᠪᠦᠲᠦᠮᠵᠢ ᠣᠯᠬᠤ ᠪᠠᠷ ᠴᠢᠷᠮᠠᠶᠢᠨ᠎ᠠ᠃    ᠲᠠᠪᠤ ᠳᠤ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠰᠢᠨ᠎ᠡ ᠲᠦᠪᠰᠢᠨ ᠳᠤ ᠬᠦᠷᠭᠡᠨ᠎ᠡ᠃ ︽ᠵᠣᠯ ᠵᠢᠷᠭᠠᠯᠲᠤ ᠡᠮᠦᠨᠡᠲᠦ ᠬᠤᠰᠢᠭᠤ︾ ᠨᠠᠩ ᠶᠡᠭᠡ ᠲᠠᠲᠠᠬᠤ ᠬᠦᠴᠦᠨ ᠲᠠᠢ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠲᠠ ᠪᠠᠨ ᠪᠣᠯᠭᠠᠵᠤ᠂ ︽ᠵᠠᠩᠭᠢᠯᠠᠭ᠎ᠠ ᠶᠢᠨ ᠵᠢᠵᠢᠭ ᠶᠠᠪᠤᠳᠠᠯ︾ ᠳᠤ ᠠᠩᠬᠠᠷᠤᠯ ᠢᠶᠠᠨ ᠲᠥᠪᠯᠡᠷᠡᠭᠦᠯᠦᠨ᠂ ︽ᠠᠷᠠᠳ ᠤᠨ ᠠᠮᠢᠳᠤᠷᠠᠯ ᠤᠨ ᠶᠡᠭᠡ ᠶᠠᠪᠤᠳᠠᠯ︾ ᠢ ᠰᠡᠳᠬᠢᠯ ᠳᠡᠯᠪᠢᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠳᠠᠬᠢ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠣᠤᠷ ᠢ ᠨᠢᠭᠲᠠ ᠰᠦᠯᠵᠢᠨ᠎ᠡ᠃ ᠨᠡᠩ ᠭᠦᠢᠴᠡᠳ᠂ ᠨᠡᠩ ᠴᠢᠨᠠᠷ ᠰᠠᠶᠢᠲᠠᠢ ᠠᠵᠢᠯ ᠣᠯᠭᠤᠯᠲᠠ ᠶᠢ ᠠᠬᠢᠭᠤᠯᠵᠤ᠂ ᠡᠮ ᠡᠮᠨᠡᠯᠭᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠤᠯᠠᠨ ᠡᠰᠢᠵᠢᠭᠰᠡᠨ ᠨᠠᠰᠤᠵᠢᠯ ᠤᠨ ᠦᠢᠯᠡᠴᠢᠯᠡᠭᠡᠨ ᠤ ᠪᠠᠶᠢᠷᠢᠰᠢᠯ ᠢ ᠪᠠᠶᠢᠭᠤᠯᠵᠤ᠂ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠦᠨ᠎ᠡ᠃ ︽ᠰᠤᠷᠭᠠᠨ ᠬᠥᠮᠦᠵᠢᠯ ᠢᠶᠠᠷ ᠬᠤᠰᠢᠭᠤ ᠪᠠᠨ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠤᠨ᠎ᠠ᠃ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ︽ᠠᠮᠤᠷ ᠲᠠᠶᠢᠪᠤᠩ ᠡᠮᠦᠨᠡᠲᠦ ᠬᠤᠰᠢᠭᠤ︾ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠶᠢᠭᠤᠯᠤᠮᠵᠢ ᠲᠣᠭᠲᠠᠴᠠ ᠶᠢ ᠪᠦᠲᠦᠮᠵᠢᠲᠡᠶ ᠪᠦᠷᠢᠨᠰᠢᠭᠦᠯᠵᠦ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠪᠥᠬᠦ ᠤᠯᠤᠰ ᠤᠨ ᠪᠣᠯᠪᠠᠰᠤᠨ ᠬᠤᠲᠠ ᠶᠢ ᠴᠢᠷᠮᠠᠶᠢᠨ ᠪᠠᠶᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠢ ᠠᠬᠢᠭᠤᠯᠤᠨ᠎ᠠ᠃ ᠵᠢᠷᠭᠤᠭ᠎ᠠ ᠳᠤ ᠥᠭᠡᠷᠡᠴᠢᠯᠡᠯᠲᠡ ᠨᠡᠭᠡᠭᠡᠯᠲᠡ ᠰᠢᠨ᠎ᠡ ᠰᠢᠪᠲᠤᠯᠤᠯᠲᠠ ᠲᠠᠢ ᠪᠤᠯᠤᠨ᠎ᠠ᠃ ︽ᠰᠢᠨ᠎ᠡ ᠶᠢ ᠡᠭᠦᠳᠬᠦ ᠡᠮᠦᠨᠡᠲᠦ ᠬᠤᠰᠢᠭᠤ︾ ᠨᠠᠩ ᠰᠥᠰᠥ ᠵᠣᠷᠢᠭ ᠲᠠᠢ ᠪᠠᠶᠢᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠨ᠂ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢ ᠨᠡᠮᠡᠭᠳᠡᠭᠦᠯᠵᠦ᠂ ᠥᠭᠡᠷᠡᠴᠢᠯᠡᠯᠲᠡ ᠶᠢᠨ ᠠᠷᠭ᠎ᠠ ᠪᠠᠷᠢᠯ ᠢᠶᠠᠷ ᠬᠥᠭᠵᠢᠯᠲᠡ ᠶᠢᠨ ᠳᠠᠯᠳᠠ ᠬᠦᠴᠦᠨ ᠢ ᠪᠠᠳᠠᠷᠠᠭᠤᠯᠤᠨ᠂ ᠨᠡᠭᠡᠭᠡᠯᠲᠡ ᠬᠢᠵᠦ ᠬᠠᠮᠲᠤᠷᠠᠯᠴᠠᠬᠤ ᠪᠠᠷ ᠬᠥᠭᠵᠢᠯᠲᠡ ᠶᠢᠨ ᠣᠷᠣᠨ ᠵᠠᠶ ᠶᠢ ᠥᠷᠭᠡᠳᠬᠡᠨ᠎ᠡ᠃ ᠶᠡᠷᠦᠩᠬᠡᠶ ᠱᠦᠵᠢ ᠰᠢ ᠶᠢᠨ ᠫᠢᠩ ᠤᠨ ᠨᠠᠶᠢᠳᠠᠭᠰᠠᠨ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ︽ᠭᠤᠷᠪᠠᠨ ᠵᠤᠶᠢᠯ ᠤᠨ ᠥᠭᠡᠷᠡᠴᠢᠯᠡᠯᠲᠡ︾ ᠶᠢᠨ ᠡᠭᠦᠷᠭᠡ ᠶᠢ ᠡᠷᠡᠰ ᠭᠤᠶᠢᠪᠢᠰᠢ ᠥᠬᠡᠶ ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠠᠶᠢᠮᠠᠭ ᠤᠨ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠭᠠᠵᠠᠷ ᠰᠢᠷᠣᠶ᠂ ᠬᠥᠳᠡᠯᠮᠦᠷᠢ ᠬᠦᠴᠦᠨ᠂ ᠬᠥᠷᠥᠩᠭᠡ᠂ ᠮᠡᠷᠭᠡᠵᠢᠯ ᠵᠡᠷᠭᠡ ᠬᠦᠴᠦᠨ ᠵᠤᠶᠢᠯ ᠤᠨ ᠵᠠᠬ᠎ᠠ ᠳᠡᠯᠭᠡᠭᠦᠷᠴᠢᠯᠡᠭᠰᠡᠨ ᠲᠣᠬᠢᠷᠠᠭᠤᠯᠤᠯᠲᠠ ᠶᠢ ᠠᠬᠢᠭᠤᠯᠵᠤ᠂ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠠᠬᠢ ᠥᠭᠡᠷᠡᠴᠢᠯᠡᠯᠲᠡ ᠶᠢ ᠢᠯᠡᠳᠲᠡ ᠠᠬᠢᠴᠠ ᠲᠠᠢ ᠪᠣᠯᠭᠠᠨ᠎ᠠ᠃ ᠨᠠᠩ ᠥᠨᠳᠥᠷ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠴᠣᠭᠴᠠᠯᠠᠨ᠎ᠠ᠃ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠯᠤᠭ᠎ᠠ ᠶᠢᠨ ᠦᠢᠯᠡᠳᠦᠯᠴᠡᠯ ᠰᠣᠯᠢᠯᠴᠠᠭ᠎ᠠ ᠶᠢ ᠴᠢᠩᠭᠠᠳᠬᠠᠵᠤ᠂ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠶᠢ ᠭᠦᠨᠵᠡᠭᠡᠶᠢᠷᠡᠭᠦᠯᠵᠦ᠂ ᠰᠢᠪᠲᠤᠯᠤᠯᠲᠠ ᠶᠢᠨ ᠴᠢᠨᠠᠷᠲᠠᠶ᠂ ᠬᠥᠲᠥᠯᠥᠨ ᠳᠠᠭᠠᠭᠤᠯᠬᠤ ᠴᠢᠨᠠᠷᠲᠠᠶ ᠪᠠᠷ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠰᠦᠪᠡᠭᠴᠢᠯᠡᠨ ᠬᠡᠷᠡᠭᠵᠢᠭᠦᠯᠵᠦ᠂ ᠣᠯᠠᠨ ᠲᠦᠮᠡᠨ ᠤ ᠠᠵᠢᠯ ᠶᠠᠪᠤᠳᠠᠯ ᠬᠦᠢᠴᠡᠳᠭᠡᠬᠦ ᠳᠤ ᠨᠠᠩ ᠳᠥᠭᠦᠮ ᠳᠥᠲᠡ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠳᠤ ᠨᠠᠩ ᠰᠢᠭᠤᠳ ᠰᠢᠯᠤᠭᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠨᠠᠩ ᠣᠶᠤᠨᠴᠢ ᠪᠣᠯᠬᠤ ᠶᠢ ᠪᠡᠶᠡᠯᠡᠭᠦᠯᠦᠨ᠎ᠡ᠃    ᠲᠥᠯᠥᠭᠡᠯᠡᠭᠴᠢᠳ ᠡ︕ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠠᠶᠠᠨ ᠵᠠᠮ ᠳᠤ᠂ ᠪᠢᠳᠡ ᠰᠢᠷᠭᠠᠭᠤ ᠬᠠᠲᠠᠭᠤᠵᠢᠯᠲᠠᠶ ᠠᠵᠢᠯᠯᠠᠵᠤ᠂ ᠡᠷᠴᠢ ᠵᠣᠷᠢᠭ ᠢᠶᠠᠨ ᠬᠥᠪᠴᠢᠯᠡᠨ ᠡᠬᠡ ᠤᠯᠤᠰ ᠢᠶᠠᠨ ᠵᠠᠰᠠᠵᠤ᠂ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠡᠭᠦᠷᠭᠡᠯᠡᠯ ᠢᠶᠠᠨ ᠢᠯᠡᠷᠡᠭᠦᠯᠵᠦ᠂ ᠰᠢᠨ᠎ᠡ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠵᠦ᠂ ᠰᠢᠨ᠎ᠡ ᠬᠠᠭᠤᠳᠠᠰᠤ ᠶᠢ ᠪᠢᠴᠢᠭᠯᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠰᠢᠨ᠎ᠡ ᠶᠢ ᠡᠭᠦᠳᠬᠦ᠂ ᠵᠣᠬᠢᠴᠠᠩᠭᠤᠶ᠂ ᠪᠣᠬᠢᠷᠲᠤᠯ ᠥᠬᠡᠶ᠂ ᠨᠡᠭᠡᠭᠡᠯᠲᠡᠲᠦ᠂ ᠬᠠᠮᠲᠤ ᠪᠠᠷ ᠡᠳ᠋ᠯᠡᠬᠦ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠥᠬᠦ ᠶᠠᠪᠤᠴᠠ ᠳᠤ ᠲᠤᠭᠤᠰᠢᠯᠠᠭᠤᠯᠵᠤ᠂ ᠡᠯ᠎ᠡ ᠬᠦᠷᠢᠶᠡᠨ ᠳᠤ ᠲᠤᠭᠤᠰᠢᠯᠠᠭᠤᠯᠵᠤ᠂ ᠠᠵᠤ ᠠᠬᠤᠶ ᠶᠢᠨ ᠠᠯᠤᠰ ᠢ ᠵᠣᠷᠢᠨ ᠯᠠᠪᠳᠠᠭᠤᠨ ᠢᠶᠠᠷ ᠤᠷᠤᠭᠰᠢᠯᠠᠬᠤ ᠶᠢ ᠪᠡᠶᠡᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠰᠠᠶᠢᠨ ᠡᠬᠢᠯᠡᠯᠲᠡ ᠲᠠᠢ ᠪᠣᠯᠭᠠᠵᠤ᠂ ᠢᠳᠡᠷᠡᠭᠦᠨ ᠠᠯᠬᠤᠭ᠎ᠠ ᠲᠠᠢ ᠪᠠᠶᠢᠬᠤ ᠬᠡᠷᠡᠭᠲᠡᠶ᠃    ᠭᠤᠷᠪᠠ᠂ 2021 ᠣᠨ ᠤ ᠠᠵᠢᠯ ᠤᠨ ᠲᠣᠬᠢᠷᠠᠭᠤᠯᠤᠯᠲᠠ    ᠲᠡᠦᠬᠡ ᠶᠢᠨ ᠬᠠᠭᠤᠳᠠᠰᠤ ᠶᠢ ᠢᠮᠠᠭᠲᠠ ᠡᠷᠡᠮᠡᠬᠡᠶᠢᠯᠡᠨ ᠤᠷᠤᠭᠰᠢᠯᠠᠬᠤ ᠳᠤᠮᠳᠠ ᠳᠡᠯᠭᠡᠳᠡᠭ᠃ ᠴᠠᠭ ᠦᠶ᠎ᠡ ᠶᠢᠨ ᠢᠷᠠᠭᠤ ᠬᠠᠭᠤᠳᠠᠰᠤ ᠶᠢ ᠶᠡᠷᠦᠨᠢ ᠦᠷᠭᠦᠯᠵᠢᠯᠡᠭᠰᠡᠨ ᠲᠡᠮᠡᠴᠡᠯ ᠳᠤᠮᠳᠠ ᠪᠠᠨ ᠪᠢᠴᠢᠭᠯᠡᠳᠡᠭ᠃ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠦ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠨ᠎ᠠ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠦᠨ᠎ᠡ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠬᠤᠷᠸ᠎ᠠ ᠲᠥᠷᠥ ᠶᠢᠨ ᠪᠣᠳᠣᠯᠭ᠎ᠠ ᠶᠢ ᠰᠢᠨᠵᠢᠯᠡᠬᠦ ᠤᠬᠠᠭᠠᠨᠴᠢ ᠪᠥᠭᠡᠳ ᠤᠨᠤᠪᠴᠢᠲᠠᠢ ᠪᠠᠷ ᠬᠡᠷᠡᠭᠵᠢᠭᠦᠯᠦᠨ᠎ᠡ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠪᠠᠶᠢᠷᠢ ᠳᠤ ᠪᠠᠶᠢᠯᠭᠠᠬᠤ ᠶᠢ ᠴᠢᠷᠮᠠᠶᠢᠨ ᠪᠠᠲᠤᠯᠠᠵᠦ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠢ ᠴᠢᠩᠭᠠᠷᠠᠭᠤᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠨ᠎ᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠲᠡ ᠶᠢ ᠪᠠᠲᠤᠯᠠᠵᠦ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠶ᠎ᠡ᠃    ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 8% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 15% ᠣᠷᠴᠢᠮ ᠨᠡᠮᠡᠭᠳᠡᠭᠦᠯᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 15 % ᠠᠴᠠ ᠳᠡᠭᠡᠭᠰᠢ ᠨᠡᠮᠡᠭᠳᠡᠭᠦᠯᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 7% ᠪᠠ 9% ᠣᠷᠴᠢᠮ ᠨᠡᠮᠡᠭᠳᠡᠭᠦᠯᠵᠦ᠂ ᠠᠮᠤ ᠪᠤᠳᠠᠭᠠᠨ ᠤ ᠤᠨᠠᠯᠲᠠ ᠶᠢ 30 ᠳ᠋ᠦᠩᠰᠢᠭᠤᠷ ᠵᠢᠩ ᠣᠷᠴᠢᠮ ᠬᠦᠷᠦᠬᠦᠯᠦᠨ᠎ᠡ᠃ ᠡᠬᠢᠯᠡᠯᠲᠡ ᠶᠢᠨ ᠡᠭᠦᠷᠭᠡ ᠬᠦᠨᠳᠦ᠂ ᠥᠷᠢᠰᠥᠯᠳᠦᠭᠡᠨ ᠤᠯᠠᠨ᠂ ᠱᠠᠭᠠᠷᠳᠠᠯᠭ᠎ᠠ ᠥᠨᠳᠥᠷ᠂ ᠪᠢᠳᠡ ᠲᠦᠷᠦᠭᠦᠯᠡᠨ ᠬᠢᠵᠦ ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠵᠠᠩᠭᠢᠯᠠᠭ᠎ᠠ ᠶᠢ ᠡᠵᠡᠮᠳᠡᠵᠦ᠂ ᠳᠣᠣᠷᠠᠬᠢ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠄     ︵ᠨᠢᠭᠡ︶ ᠲᠥᠷᠥᠯ ᠵᠦᠢᠯ ᠢ ᠠᠳᠬᠤᠨ᠂ ᠲᠣᠭᠲᠠᠭᠤᠨ ᠨᠡᠮᠡᠭᠳᠡᠯ ᠢ ᠪᠠᠷᠢᠮᠲᠠᠯᠠᠵᠤ᠂ ᠬᠥᠭᠵᠢᠯᠲᠡ ᠶᠢᠨ ᠰᠠᠭᠤᠷᠢ ᠶᠢ ᠪᠠᠲᠤᠳᠬᠠᠨ᠎ᠠ᠃ ︽ᠲᠥᠷᠥᠯ ᠵᠤᠶᠢᠯ ᠢ ᠤᠷᠢᠳ ᠢᠶᠠᠷ ᠪᠣᠳᠣᠯᠬᠢᠯᠠᠬᠤ︾ ᠣᠶᠢᠯᠠᠭᠠᠭᠳᠠᠬᠤᠨ ᠢ ᠦᠢᠯᠡᠳᠦᠯᠬᠡᠵᠢᠬᠦᠯᠵᠦ᠂ ᠠᠷᠭ᠎ᠠ ᠪᠦᠬᠦᠨ ᠢ ᠰᠦᠪᠡᠭᠴᠢᠯᠡᠨ ᠡᠨᠧᠷᠭᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ᠬᠤᠣᠰ ᠡᠵᠡᠮᠳᠡᠯ ᠢ ᠴᠢᠩᠭᠠᠳᠬᠠᠵᠤ᠂ ᠪᠦᠬᠦ ᠬᠦᠴᠦᠨ ᠢᠶᠠᠷ ᠢᠶᠠᠨ ᠬᠥᠳᠡᠯᠭᠡᠬᠦ ᠡᠨᠧᠷᠭᠢ ᠶᠢ ᠬᠤᠪᠢᠷᠠᠭᠤᠯᠵᠤ᠂ ᠪᠡᠯᠡ ᠣᠷᠣᠭᠤᠯᠤᠯᠲᠠ ᠶᠢ ᠠᠬᠢᠭᠤᠯᠵᠤ᠂ ᠲᠤᠲᠠᠭᠳᠠᠯ ᠢᠶᠠᠨ ᠨᠥᠬᠦᠪᠥᠷᠢᠯᠡᠵᠦ᠂ ᠪᠣᠳᠠᠲᠤ ᠴᠣᠭᠴᠠ  ᠶᠢᠨ ᠠᠵᠤ ᠠᠬᠤᠢ ᠶᠢᠨ ᠦᠷᠢᠰᠦᠯᠳᠦᠬᠦ ᠬᠦᠴᠦᠨ ᠢ ᠶᠡᠬᠡᠰᠬᠡᠨ᠎ᠡ᠃ ᠪᠦᠬᠦ ᠵᠢᠯ ᠳᠤ ᠲᠠᠪᠤᠨ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢᠨ ᠲᠥᠷᠥᠯ ᠵᠦᠢᠯ ᠢ 100 ᠳᠤ ᠬᠦᠷᠦᠭᠦᠯᠵᠦ᠂ ᠡᠭᠦᠨ ᠳᠤ ︽ᠲᠠᠪᠤᠨ ᠶᠡᠭᠡ ᠠᠵᠤ ᠦᠢᠯᠡᠰ ᠤᠨ ᠪᠦᠯᠦᠭᠯᠡᠯ︾ ᠢᠶᠠᠷ ᠭᠤᠣᠯ ᠪᠣᠯᠭᠠᠨ᠂ ᠭᠤᠣᠯᠳᠠᠯᠭ᠎ᠠ ᠲᠠᠢ ᠲᠥᠷᠥᠯ ᠵᠦᠢᠯ ᠢ 60 ᠬᠡᠷᠡᠭᠵᠢᠭᠦᠯᠦᠨ᠎ᠡ᠃ ᠳ᠋ᠧ ᠺᠠᠩ ᠪᠦᠯᠦᠭᠯᠡᠯ ᠤᠨ ᠵᠠᠭᠤᠨ ᠲᠦᠮᠡᠨ ᠭᠠᠭ᠋ᠠᠶ ᠶᠢᠨ ᠠᠵᠤ ᠦᠢᠯᠡᠰ ᠢ ᠨᠢᠭᠡ ᠴᠣᠭᠴᠠᠵᠢᠭᠤᠯᠬᠤ᠂ ᠢᠯᠢ ᠪᠦᠯᠦᠭᠯᠡᠯ ᠤᠨ ᠴᠠᠭᠠᠨ ᠢᠳᠡᠭᠡᠨ ᠤ ᠣᠶᠤᠨᠴᠢ ᠵᠢᠱᠢᠶ᠎ᠡ ᠦᠵᠡᠭᠦᠯᠬᠦ ᠲᠥᠷᠥᠯ ᠵᠦᠢᠯ ᠢᠶᠠᠷ ᠲᠥᠯᠥᠭᠡᠯᠡᠭᠦᠯᠦᠭᠰᠡᠨ ᠪᠣᠬᠢᠷᠲᠤᠯ ᠦᠭᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠬᠦᠯᠬᠦ 16 ᠲᠥᠷᠥᠯ ᠵᠦᠢᠯ ᠢ ᠬᠡᠷᠡᠭᠵᠢᠭᠦᠯᠦᠨ᠎ᠡ᠃ ᠵᠦᠩ ᠭᠤᠸᠠᠩ ᠾᠧ ᠶᠢᠨ ᠵᠠᠭᠤᠨ ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠢᠶᠠᠷ ᠲᠥᠯᠥᠭᠡᠯᠡᠭᠦᠯᠦᠭᠰᠡᠨ ᠴᠡᠪᠡᠷ ᠡᠨᠧᠷᠭᠢ ᠶᠢᠨ 12 ᠲᠥᠷᠥᠯ ᠵᠦᠢᠯ ᠢ ᠬᠡᠷᠡᠭᠵᠢᠭᠦᠯᠯᠦᠨ᠎ᠡ᠃ ᠬᠤᠷᠴᠢᠨ ᠲᠠᠯ᠎ᠠ ᠨᠤᠲᠤᠭ ᠤᠨ ᠬᠤᠲᠠ ᠶᠢᠨ ᠲᠤᠮᠳᠠᠬᠢ ᠲᠠᠯ᠎ᠠ ᠨᠤᠲᠤᠭ᠂ ᠳ᠋ᠢᠩ ᠴᠧᠩ ᠰᠤᠪᠤᠳ ᠡᠷᠳᠡᠨᠢ ᠶᠢᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠢᠶᠠᠷ ᠲᠥᠯᠥᠭᠡᠯᠡᠭᠦᠯᠦᠭᠰᠡᠨ ᠣᠲᠣ ᠦᠶ᠎ᠡ ᠶᠢᠨ ᠦᠢᠯᠡᠴᠢᠯᠡᠭᠡᠨ ᠤ 11 ᠲᠥᠷᠥᠯ ᠵᠤᠶᠢᠯ ᠢ ᠬᠡᠷᠡᠭᠵᠢᠭᠦᠯᠦᠨ᠎ᠡ᠃ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠢᠲᠠᠳ ᠡᠮ ᠤᠨ ᠰᠤᠪᠢᠯᠠᠯᠲᠠ ᠶᠢᠨ ᠰᠣᠶᠣᠯ ᠤᠨ ᠬᠦᠷᠢᠶᠡᠯᠡᠩ᠂ ᠶᠢᠨ ᠪᠢᠨ ᠤ ᠡᠮᠴᠢᠯᠡᠭᠡ ᠰᠤᠪᠢᠯᠠᠯᠲᠠ ᠶᠢᠨ ᠲᠥᠪ᠂ ᠬᠤᠷᠴᠢᠨ ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠵᠤᠭᠠᠴᠠᠯ ᠤᠨ ᠬᠤᠲᠠ ᠪᠠᠷ ᠲᠥᠯᠥᠭᠡᠯᠡᠭᠦᠯᠦᠭᠰᠡᠨ ᠰᠤᠷᠭᠠᠨ ᠬᠥᠮᠦᠵᠢᠯ ᠤᠨ ᠡᠷᠡᠭᠦᠯᠵᠢᠯ ᠰᠤᠪᠢᠯᠠᠯᠲᠠ ᠶᠢᠨ 12 ᠲᠥᠷᠥᠯ ᠵᠤᠶᠢᠯ ᠢ ᠬᠡᠷᠡᠭᠵᠢᠭᠦᠯᠦᠨ᠎ᠡ᠃ ᠬᠠᠸᠠ ᠣᠯᠠᠨ ᠤᠯᠤᠰ ᠤᠨ ᠵᠢᠯᠣᠭᠤᠴᠢ ᠥᠬᠡᠶ ᠨᠢᠰᠬᠡᠯ ᠢᠶᠠᠷ ᠲᠥᠯᠥᠭᠡᠯᠡᠭᠦᠯᠦᠭᠰᠡᠨ ᠳᠡᠭᠡᠳᠦ ᠰᠢᠨ᠎ᠡ ᠮᠡᠷᠭᠡᠵᠢᠯ ᠪᠠ ᠣᠲᠣ ᠦᠶ᠎ᠡ ᠶᠢᠨ ᠲᠣᠨᠤᠭ ᠲᠥᠬᠦᠭᠡᠷᠦᠮᠵᠢ  ᠦᠢᠯᠡᠳᠬᠦ 9 ᠲᠥᠷᠥᠯ ᠵᠤᠶᠢᠯ ᠢ ᠬᠡᠷᠡᠭᠵᠢᠭᠦᠯᠦᠨ᠎ᠡ᠃ ︽ᠬᠤᠶᠠᠷ ᠰᠢᠨ᠎ᠡ ᠨᠢᠭᠡ ᠴᠢᠬᠤᠯᠠ︾᠂ ᠠᠵᠤ ᠦᠢᠯᠡᠰ ᠤᠨ ᠬᠥᠭᠵᠢᠯᠲᠡ᠂ ᠨᠡᠶᠢᠭᠡᠮ᠂ ᠠᠷᠠᠳ ᠤᠨ ᠠᠮᠢᠳᠤᠷᠠᠯ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠨᠢᠭᠡ ᠪᠦᠯᠦᠭ ᠦᠨᠡᠨᠬᠦ ᠬᠡᠷᠡᠭᠵᠢᠭᠦᠯᠦᠭᠦᠰᠢᠲᠡᠶ᠂ ᠠᠯᠤᠰ ᠬᠡᠲᠦ ᠳᠤ ᠬᠤᠯᠪᠣᠭᠳᠠᠬᠤ ᠴᠢᠬᠤᠯᠠ ᠶᠡᠭᠡ ᠲᠥᠷᠥᠯ ᠵᠤᠶᠢᠯ ᠢ ᠤᠷᠢᠳᠴᠢᠯᠠᠨ ᠠᠷᠭ᠎ᠠ ᠰᠦᠪᠡᠭᠴᠢᠯᠡᠨ ᠨᠥᠭᠡᠴᠡᠯᠡᠵᠦ᠂ ᠨᠠᠩ ᠣᠯᠠᠨ ᠲᠥᠷᠥ ᠶᠢᠨ ᠪᠣᠳᠣᠯᠭ᠎ᠠ ᠪᠠ ᠪᠠᠯᠠ ᠮᠥᠩᠭᠦ ᠶᠢᠨ ᠳᠡᠮᠵᠢᠯᠭᠡ ᠶᠢ ᠴᠢᠷᠮᠠᠶᠢᠨ ᠣᠯᠤᠨ᠎ᠠ᠃ ᠨᠢᠭᠡᠨᠲᠡ ᠪᠠᠭᠤᠯᠭᠠᠭᠰᠠᠨ ᠵᠢᠭᠡᠯᠡᠯᠭᠡ ᠶᠢᠨ ᠲᠡᠮᠳᠡᠭ ᠤᠨ ᠪᠡᠯᠡ ᠮᠥᠩᠭᠦ ᠶᠢᠨ ᠲᠥᠷᠥᠯ ᠵᠦᠢᠯ ᠤᠨ ᠬᠡᠷᠡᠭᠵᠢᠭᠦᠯᠬᠦ ᠠᠬᠢᠴᠠ ᠶᠢ ᠲᠦᠷᠭᠡᠳᠬᠡᠵᠦ᠂ ᠪᠣᠳᠠᠲᠤ ᠵᠦᠢᠯ ᠤᠨ ᠠᠵᠢᠯ ᠤᠨ ᠬᠡᠮᠵᠢᠶ᠎ᠡ ᠶᠢ ᠪᠣᠶ ᠪᠣᠯᠭᠠᠵᠤ ᠂ ᠥᠭᠬᠦ ᠱᠠᠭᠠᠷᠳᠠᠯᠭ᠎ᠠ ᠳᠤ ᠬᠦᠷᠦᠭᠦᠯᠬᠦ ᠬᠡᠷᠡᠭᠲᠡᠶ᠃     ︵ᠬᠤᠶᠠᠷ︶ ᠪᠦᠲᠦᠴᠡ ᠶᠢ ᠲᠣᠬᠢᠷᠠᠭᠤᠯᠬᠤ᠂ ᠰᠠᠭᠤᠷᠢ ᠶᠢ ᠪᠠᠬᠢᠵᠢᠭᠦᠯᠬᠦ ᠶᠢ ᠪᠠᠷᠢᠮᠲᠠᠯᠠᠵᠤ᠂ ᠨᠠᠩ ᠴᠢᠨᠠᠷ ᠰᠠᠶᠢᠲᠠᠶ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠪᠠᠶᠢᠷᠢᠰᠢᠯ ᠢ ᠪᠠᠶᠢᠭᠤᠯᠤᠨ᠎ᠠ᠃ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠰᠠᠭᠤᠷᠢ ᠪᠣᠯᠭᠠᠵᠤ᠂ ᠪᠥᠬᠦ ᠬᠤᠰᠢᠭᠤᠨ ᠤ ᠬᠦᠴᠦᠨ ᠢᠶᠠᠷ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠥᠨᠳᠥᠷ ᠪᠦᠲᠦᠮᠵᠢᠲᠡᠶ᠂ ᠲᠠᠷᠢᠶᠠᠯᠠᠬᠤ ᠮᠠᠯᠵᠢᠬᠤ ᠣᠷᠣᠨ ᠤ ᠣᠷᠣᠰᠢᠨ ᠰᠭᠤᠬᠤ ᠦᠢᠯᠡᠰ ᠪᠤᠰᠬᠠᠬᠤ ᠳᠤ ᠲᠣᠬᠢᠷᠠᠮᠵᠢᠲᠠᠶ᠂ ᠮᠠᠯᠴᠢᠨ ᠲᠠᠷᠢᠶᠠᠴᠢᠨ ᠪᠠᠶᠠᠨ ᠴᠢᠨᠡᠭᠡᠯᠢᠭ ᠪᠠᠶᠢᠬᠤ ᠶᠢ ᠠᠬᠢᠭᠤᠯᠤᠨ᠎ᠠ᠃     ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ ︽ᠲᠠᠪᠤᠨ ᠶᠡᠭᠡ ᠠᠵᠤ ᠦᠢᠯᠡᠰ ᠤᠨ ᠬᠦᠷᠢᠶᠡᠯᠡᠩ ᠲᠣᠭᠤᠷᠢᠭ︾ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃ ᠠᠮᠢᠳᠤ ᠭᠠᠭ᠋ᠠᠢ ᠲᠡᠵᠢᠭᠡᠨ ᠦᠷᠡᠵᠢᠭᠦᠯᠬᠦ ᠣᠷᠴᠢᠯᠲᠤ ᠵᠢᠱᠢᠶ᠎ᠡ ᠦᠵᠡᠭᠦᠯᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠦᠷ᠎ᠡ ᠶᠢᠨ ᠭᠠᠭ᠋ᠠᠢ ᠶᠢᠨ ᠲᠠᠯᠠᠪᠠᠢ 1 ᠪᠠᠶᠢᠭᠤᠯᠵᠦ᠂ ᠪᠣᠷᠳᠣᠨ ᠲᠠᠷᠭᠤᠯᠠᠭᠤᠯᠬᠤ ᠲᠠᠯᠠᠪᠠᠢ ᠶᠢ 5 ᠪᠠᠶᠢᠭᠤᠯᠵᠤ᠂ ᠠᠩᠬᠠᠨ ᠤ ᠬᠤᠭᠤᠴᠠᠭᠠᠨ ᠳᠤ 100 ᠲᠦᠮᠡᠨ ᠲᠣᠯᠣᠭᠠᠢ ᠳᠤ ᠬᠦᠷᠭᠡᠨ᠎ᠡ᠃ ᠮᠢᠩᠭᠠᠨ ᠲᠣᠯᠣᠭᠠᠶ ᠦᠪᠡᠷ ᠢᠶᠠᠨ ᠲᠡᠵᠢᠭᠡᠭᠰᠡᠨ ᠭᠠᠭ᠋ᠠᠢ ᠶᠢᠨ ᠳᠠᠯᠠᠪᠠᠢ ᠶᠢ 100 ᠠᠴᠠ ᠳᠡᠭᠡᠭᠰᠢ ᠦᠷᠭᠡᠳᠭᠡᠨ ᠪᠠᠶᠢᠭᠤᠯᠵᠦ᠂ 100 ᠲᠦᠮᠡᠨ ᠲᠣᠯᠣᠭᠠᠶ ᠭᠠᠭ᠋ᠠᠶ ᠶᠢᠨ ᠮᠢᠬᠠᠨ ᠢᠳᠡᠭᠡᠨ ᠪᠣᠯᠪᠠᠰᠤᠷᠠᠭᠤᠯᠬᠤ ᠦᠢᠯᠡᠳᠪᠦᠷᠢ ᠶᠢᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠤᠰᠤᠨ ᠲᠤᠲᠤᠷᠭ᠎ᠠ ᠶᠢ ᠲᠣᠭᠤᠷᠢᠨ ᠦᠵᠡᠬᠦ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥᠯ ᠲᠡᠮᠳᠡᠭᠵᠢᠭᠦᠯᠬᠦ᠂ ᠰᠢᠨᠵᠢᠯᠡᠬᠦ ᠤᠬᠠᠭᠠᠨᠴᠢᠯᠠᠬᠤ᠂ ᠠᠭᠤᠰᠤᠯᠴᠠᠭᠤᠯᠬᠤ ᠶᠢ ᠠᠬᠢᠭᠤᠯᠤᠨ᠎ᠠ᠃ ᠪᠠᠳᠠᠷᠠᠩᠭᠤᠢ  ᠶᠢᠨ ᠲᠦᠮᠡᠨ ᠮᠦ ᠶᠢᠨ ᠤᠰᠤᠨ ᠲᠤᠲᠤᠷᠭ᠎ᠠ ᠶᠢᠨ ᠵᠤᠭᠠᠴᠠᠯ ᠤᠨ ᠬᠦᠷᠢᠶᠡᠯᠡᠩ ᠤᠨ ᠰᠡᠯᠡᠭᠦᠴᠡᠯ ᠤᠨ ᠴᠢᠳᠠᠪᠬᠢ ᠶᠢ ᠲᠡᠭᠦᠯᠳᠡᠷᠵᠢᠭᠦᠯᠵᠦ᠂ 2 ᠲᠦᠮᠡᠨ ᠮᠦ ᠠᠴᠠ ᠳᠡᠭᠡᠭᠰᠢ ︽ᠲᠣᠭᠠᠴᠢᠯᠠᠭᠰᠠᠨ︾ ᠰᠠᠭᠤᠷᠢᠨ ᠭᠠᠵᠠᠷ ᠢ ᠪᠠᠶᠢᠭᠤᠯᠤᠨ᠎ᠠ᠃ ︽ᠵᠢᠶᠠ ᠾᠧ ᠠᠮᠤ ᠪᠤᠳᠠᠭᠠᠨ ᠤ ᠦᠢᠯᠡᠰ︾᠂ ︽ᠳ᠋ᠣᠣ ᠱᠦ ᠲᠠᠷᠢᠶᠠᠯᠠᠩ︾ ᠤᠨ ᠵᠠᠬᠢᠶᠠᠯᠠᠭ᠎ᠠ ᠶᠢᠨ ᠬᠠᠳᠠᠭᠠᠯᠠᠯᠲᠠ ᠳᠤ ᠲᠦᠰᠢᠭᠯᠡᠨ᠂ ᠤᠰᠤᠨ ᠲᠤᠲᠤᠷᠭ᠎ᠠ ᠶᠢᠨ ᠲᠥᠷᠥᠯ ᠵᠤᠶᠢᠯ ᠢ ᠨᠢᠭᠡᠳᠦᠯᠲᠡᠶ ᠪᠠᠶᠢᠯᠭᠠᠬᠤ ᠶᠢ ᠠᠬᠢᠭᠤᠯᠵᠤ᠂ ᠣᠭ ᠦᠨᠳᠦᠰᠦ ᠶᠢ ᠨᠢ ᠡᠷᠢᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ︽ᠬᠢᠩᠭᠠᠨ ᠠᠶᠢᠮᠠᠭ ᠲᠤᠲᠤᠷᠭ᠎ᠠ︾ ᠶᠢᠨ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃ ᠬᠤᠲᠠ ᠶᠢᠨ ᠲᠡᠭᠦᠷᠭᠡ ᠶᠢᠨ ᠬᠡᠯᠪᠡᠷᠢ ᠶᠢᠨ ᠣᠲᠣ ᠦᠶ᠎ᠡ ᠶᠢᠨ ᠲᠠᠷᠢᠶᠠᠯᠠᠩ ᠤᠨ ᠬᠦᠷᠢᠶᠡᠯᠡᠩ ᠲᠣᠭᠤᠷᠢᠭ ᠲᠤ ᠠᠩᠬᠠᠷᠤᠯ ᠢᠶᠠᠨ ᠲᠥᠪᠯᠡᠷᠡᠭᠦᠯᠵᠦ᠂ 400 ᠮᠥ ᠢᠳᠡᠰᠢᠨ ᠨᠣᠭᠤᠭ᠎ᠠ ᠶᠢᠨ ᠬᠤᠯᠪᠣᠭᠠᠨ ᠤ ᠰᠠᠭᠤᠷᠢᠨ ᠭᠠᠵᠠᠷ ᠢ ᠲᠣᠭᠲᠠᠪᠤᠷᠢᠵᠢᠭᠤᠯᠵᠤ᠂ ᠪᠠᠷᠠᠭᠠᠨ ᠤ ᠬᠦᠢᠯᠭᠡᠭᠡ ᠶᠢᠨ ᠲᠣᠬᠢᠷᠠᠭᠤᠯᠤᠨ ᠬᠦᠷᠭᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠰᠣᠳᠣᠨ ᠵᠢᠮᠢᠰ ᠢᠳᠡᠰᠢᠨ ᠨᠣᠭᠤᠭ᠎ᠠ ᠶᠢᠨ ᠵᠠᠬᠢᠶᠠᠯᠠᠭ᠎ᠠ ᠶᠢᠨ ᠵᠠᠭᠪᠤᠷᠴᠢᠯᠠᠭᠰᠠᠨ ᠬᠥᠭᠵᠢᠯᠲᠡ ᠶᠢ ᠠᠬᠢᠭᠤᠯᠤᠨ᠎ᠠ᠃ ᠣᠯᠠᠨ ᠵᠤᠶᠢᠯ ᠤᠨ ᠡᠵᠡᠩᠨᠡᠯᠲᠡ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠠᠩᠬᠠᠷᠤᠯ ᠢᠶᠠᠨ ᠲᠥᠪᠯᠡᠷᠡᠭᠦᠯᠵᠦ᠂ 35 ᠲᠦᠮᠡᠨ ᠮᠥ ᠲᠠᠷᠢᠮᠠᠯ ᠤᠨ ᠰᠠᠭᠤᠷᠢᠨ ᠭᠠᠵᠠᠷ ᠢ ᠡᠭᠦᠳᠦᠨ ᠪᠠᠶᠢᠭᠤᠯᠵᠤ᠂ ᠡᠯᠳᠡᠪ ᠠᠮᠤ ᠪᠤᠷᠴᠠᠭ ᠤᠨ ᠰᠢᠨ᠎ᠡ ᠡᠭᠦᠯᠳᠡᠷ ᠢ ᠳᠡᠯᠭᠡᠨ ᠦᠵᠡᠭᠦᠯᠬᠦ᠂ ᠢᠵᠢ ᠪᠥᠷᠢᠳᠦᠭᠦᠯᠦᠨ ᠳᠠᠷᠢᠬᠤ ᠮᠡᠷᠭᠡᠵᠢᠯ ᠤᠨ ᠰᠤᠳᠤᠯᠭᠠᠨ ᠢ ᠭᠤᠤᠯᠳᠠᠯᠭ᠎ᠠ ᠲᠠᠢ ᠰᠠᠶᠢᠲᠤᠷ ᠬᠢᠵᠦ᠂ ︽ᠵᠢᠵᠢᠭ ᠪᠦᠳᠦᠬᠦᠯᠢᠭ ᠠᠮᠤ︾ ᠶᠢᠨ ᠠᠵᠤ ᠦᠢᠯᠡᠰ ᠤᠨ ᠣᠷᠣᠨ ᠪᠦᠰᠡᠵᠢᠭᠰᠡᠨ᠂ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠬᠥᠭᠵᠢᠯᠲᠡ ᠶᠢ ᠠᠬᠢᠭᠤᠯᠤᠨ᠎ᠠ᠃ ᠲᠢᠶᠠᠨ ᠰᠢᠩ ᠶᠤᠸᠠᠨ ᠲᠥᠮᠥᠰᠥ ᠪᠣᠯᠪᠠᠰᠤᠷᠠᠭᠤᠯᠬᠤ ᠦᠢᠯᠡᠳᠪᠦᠷᠢ ᠶᠢᠨ ᠠᠰᠢᠭᠯᠠᠯᠲᠠ ᠳᠤ ᠣᠷᠣᠬᠤ ᠶᠢ ᠲᠦᠷᠭᠡᠳᠬᠡᠵᠦ᠂ 10 ᠲᠦᠮᠡᠨ ᠮᠤ᠋ ᠲᠥᠮᠥᠰᠥ ᠲᠠᠷᠢᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠣᠲᠣ ᠦᠶ᠎ᠡ ᠶᠢᠨ ᠪᠡᠯᠴᠢᠭᠡᠷ ᠤᠨ ᠮᠠᠯ ᠠᠵᠤ ᠠᠬᠤᠶ + ᠲᠠᠯ᠎ᠠ ᠨᠤᠲᠤᠭ ᠤᠨ ᠵᠤᠭᠠᠴᠠᠯ ᠤᠨ ᠬᠦᠷᠢᠶᠡᠯᠡᠩ ᠲᠣᠭᠤᠷᠢᠭ ᠲᠤ ᠠᠩᠬᠠᠷᠤᠯ ᠢᠶᠠᠨ ᠲᠥᠪᠯᠡᠷᠡᠭᠦᠯᠵᠦ ᠂ ᠤᠯᠠᠭᠠᠨᠮᠣᠳᠣ ᠪᠠᠷ ᠭᠤᠤᠯ ᠪᠣᠯᠭᠠᠵᠤ᠂ 10 ᠲᠦᠮᠡᠨ ᠮᠥ ᠡᠪᠡᠰᠦᠨ ᠦᠷ᠎ᠡ ᠶᠢᠨ ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠠᠯᠲᠠᠷ ᠢᠶᠠᠷ ᠭᠤᠤᠯ ᠪᠣᠯᠭᠠᠵᠤ᠂ 10 ᠲᠦᠮᠡᠨ ᠮᠥ ᠡᠪᠡᠰᠦᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠲᠠᠯ᠎ᠠ ᠨᠤᠲᠤᠭ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠵᠤ᠂ ᠪᠦᠬᠦ ᠵᠢᠯ ᠳᠤ 65 ᠲᠦᠮᠡᠨ ᠮᠤ᠋ ᠲᠠᠷᠢᠶᠠᠯᠠᠬᠤ ᠶᠢ ᠵᠣᠭᠰᠣᠭᠠᠨ ᠡᠪᠡᠰᠦ ᠪᠡᠯᠴᠢᠭᠡᠷ ᠢ ᠰᠡᠷᠭᠦᠭᠡᠵᠦ᠂ 15 ᠲᠦᠮᠡᠨ ᠮᠤ᠋ ᠮᠠᠯᠵᠢᠬᠤ ᠶᠢ ᠵᠣᠭᠰᠣᠭᠠᠨ ᠡᠪᠡᠰᠦ ᠪᠡᠯᠴᠢᠭᠡᠷ ᠢ ᠰᠡᠷᠭᠦᠭᠡᠵᠦ᠂ 18 ᠲᠦᠮᠡᠨ ᠮᠤ᠋ ᠲᠠᠷᠢᠶᠠᠯᠠᠬᠤ ᠶᠢ ᠵᠣᠭᠰᠣᠭᠠᠨ ᠣᠢ ᠰᠢᠭᠤᠢ ᠶᠢ ᠰᠡᠷᠭᠦᠭᠡᠨ᠎ᠡ᠃ ᠡᠭᠦᠨ ᠤ ᠬᠠᠮᠲᠤ᠂ ᠵᠢᠩ ᠴᠢᠤᠸᠠᠨ ᠡᠮ ᠤᠨ ᠦᠢᠯᠡᠰ ᠤᠨ ᠬᠢᠲᠠᠳ ᠡᠪᠡᠰᠦᠨ ᠡᠮ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠡᠬᠢᠯᠡᠭᠦᠯᠵᠦ᠂ 10 ᠲᠦᠮᠡᠨ ᠮᠥ ᠬᠢᠲᠠᠳ ᠡᠮ ᠤᠨ ᠮᠠᠲ᠋ᠧᠷᠢᠶᠠᠯ ᠳᠠᠷᠢᠬᠤ ᠰᠠᠭᠤᠷᠢᠨ ᠭᠠᠵᠠᠷ ᠢ ᠪᠠᠶᠢᠭᠤᠯᠤᠨ᠎ᠠ᠃    ᠣᠷᠣᠨ ᠪᠦᠰᠡ ᠶᠢᠨ ᠣᠨᠴᠠᠯᠢᠭᠲᠠᠢ ᠨᠡᠷᠡᠲᠦ ᠲᠥᠷᠥᠯ ᠲᠡᠮᠳᠡᠭᠲᠦ ᠶᠢ ᠭᠤᠣᠯᠳᠠᠯᠭ᠎ᠠ ᠲᠠᠢ ᠪᠤᠢ ᠪᠣᠯᠭᠠᠨ᠎ᠠ᠃ ᠠᠮᠤ ᠪᠤᠳᠠᠭᠠᠨ ᠤ ᠠᠵᠤ ᠦᠢᠯᠡᠰ ᠤᠨ ︽ᠬᠤᠤᠰ ᠵᠠᠭᠤ᠂ ᠬᠤᠤᠰ ᠮᠢᠩᠭᠠᠨ︾᠂ ᠦᠬᠡᠷ ᠤᠨ ᠠᠵᠤ ᠦᠢᠯᠡᠰ ᠤᠨ ︽ᠬᠤᠤᠰ ᠵᠠᠭᠤ ᠮᠢᠩᠭᠠᠨ ᠳ᠋ᠦᠩᠰᠢᠭᠤᠷ︾ ᠤᠨ ᠢᠨᠵᠧᠨᠧᠷᠢᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠥᠭᠵᠢᠯᠲᠡ ᠬᠢᠭᠡᠳ ᠠᠵᠤ ᠦᠢᠯᠡᠰ ᠤᠨ ᠮᠠᠨᠳᠤᠯ ᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠤᠨ᠎ᠠ᠃ ︽ᠬᠤᠶᠠᠷ ᠠᠮᠦ︾ ᠶᠢ ᠨᠢᠮᠪᠠᠢ ᠲᠠᠷᠢᠵᠦ ᠨᠠᠷᠢᠯᠢᠭ ᠦᠢᠯᠡᠳᠪᠦᠷᠢᠯᠡᠨ᠎ᠡ᠃ ᠤᠰᠤᠨ ᠲᠤᠲᠤᠷᠭ᠎ᠠ ᠶᠢᠨ ︽ᠵᠠᠭᠤᠨ ᠮᠦ ᠶᠢᠨ ᠭᠤᠣᠯᠯᠠᠬᠤ ᠥᠨᠳᠥᠷ ᠤᠨᠠᠯᠲᠠ ᠲᠠᠢ᠂ ᠮᠢᠩᠭᠠᠨ ᠮᠦ ᠶᠢᠨ ᠬᠡᠪᠴᠢᠶᠡᠲᠦ ᠵᠢᠱᠢᠶ᠎ᠡ ᠦᠵᠡᠭᠦᠯᠬᠦ᠂ ᠲᠦᠮᠡᠨ ᠮᠦ ᠶᠢᠨ ᠨᠥᠯᠥᠭᠡᠯᠡᠨ ᠳᠠᠶᠢᠴᠢᠯᠠᠬᠤ︾ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ 15 ᠲᠦᠮᠡᠨ ᠮᠦ ᠤᠰᠤᠨ ᠲᠤᠲᠤᠷᠭ᠎ᠠ ᠲᠠᠷᠢᠬᠤ ᠶᠢ ᠲᠣᠭᠲᠠᠭᠤᠨ ᠪᠠᠶᠢᠯᠭᠠᠨ᠎ᠠ᠃ ︽ᠤᠰᠤᠨ ᠲᠤᠲᠤᠷᠭ᠎ᠠ +︾ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ︽ᠨᠢᠭᠡ ᠮᠦ ᠰᠠᠶᠢᠨ ᠲᠠᠷᠢᠶ᠎ᠠ᠂ ᠬᠤᠪᠢ ᠬᠥᠮᠦᠨ ᠵᠠᠬᠢᠶᠠᠯᠠᠬᠤ︾ ᠵᠠᠭᠪᠤᠷ ᠤᠨ ᠰᠢᠨ᠎ᠡ ᠶᠢ ᠡᠭᠦᠳᠦᠨ᠎ᠡ᠃ ᠡᠷᠳᠡᠨᠢ ᠰᠢᠰᠢ ᠶᠢᠨ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠪᠦᠰᠡ ᠶᠢ ᠪᠦᠲᠦᠭᠡᠨ ᠪᠠᠶᠢᠭᠤᠯᠵᠤ᠂ ᠴᠢᠨᠠᠷ ᠰᠠᠶᠢᠲᠠᠢ ᠡᠷᠳᠡᠨᠢ ᠰᠢᠰᠢ ᠲᠠᠷᠢᠬᠤ ᠶᠢ 290 ᠲᠦᠮᠡᠨ ᠮᠦ ᠲᠣᠭᠲᠠᠭᠤᠨ ᠪᠠᠶᠢᠯᠭᠠᠵᠤ᠂ ᠡᠭᠦᠨ ᠳᠤ ᠨᠣᠭᠤᠭᠠᠨ ᠳᠠᠷᠤᠰᠢ ᠶᠢᠨ ᠡᠷᠳᠡᠨᠢ ᠰᠢᠰᠢ 30 ᠲᠦᠮᠡᠨ ᠮᠦ᠂ ᠰᠢᠨ᠎ᠡ ᠰᠣᠷᠭᠤᠭ ᠢᠶᠠᠷ ᠢᠳᠡᠬᠦ ᠡᠷᠳᠡᠨᠢ ᠰᠢᠰᠢ 1.2 ᠲᠦᠮᠡᠨ ᠮᠦ ᠪᠤᠢ᠃ ᠡᠷᠳᠡᠨᠢ ᠰᠢᠰᠢ ᠶᠢᠨ ᠡᠰᠢ ᠰᠦᠷᠡᠯ ᠢ ᠪᠤᠷᠲᠤᠭᠠᠵᠢᠭᠤᠯᠤᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠵᠦ᠂ ᠡᠷᠳᠡᠨᠢ ᠰᠢᠰᠢ ᠶᠢ ᠲᠤᠬᠠᠶ ᠶᠢᠨ ᠭᠠᠵᠠᠷ ᠲᠤᠨᠢ ᠡᠳ᠋ᠰᠢᠭᠦᠯᠦᠨ ᠬᠤᠪᠢᠷᠠᠭᠤᠯᠬᠤ ᠶᠢ ᠠᠬᠢᠭᠤᠯᠤᠨ᠎ᠠ᠃ ︽ᠬᠤᠶᠠᠷ ᠦᠬᠡᠷ ︾ ᠢ ᠰᠠᠶᠢᠲᠤᠷ ᠠᠷᠠᠴᠢᠯᠠᠨ ᠲᠡᠵᠢᠬᠡᠨ᠎ᠡ᠃ 5 ᠲᠦᠮᠡᠨ ᠰᠠᠭᠠᠯᠢ ᠶᠢᠨ ᠦᠨᠢᠶ᠎ᠡ ᠣᠷᠣᠭᠤᠯᠤᠨ ᠠᠪᠴᠢᠷᠠᠵᠤ᠂ ᠲᠡᠵᠢᠭᠡᠵᠦ ᠪᠠᠶᠢᠭ᠎ᠠ ᠲᠤᠭ᠎ᠠ ᠲᠣᠯᠣᠭᠠᠢ ᠶᠢ 13 ᠲᠦᠮᠡ ᠠᠴᠠ ᠳᠠᠪᠠᠭᠤᠯᠤᠨ᠎ᠠ᠃ ᠨᠡᠶᠢᠭᠡᠮ ᠤᠨ ᠬᠥᠷᠥᠩᠭᠡ ᠶᠢ ᠤᠷᠤᠭᠤᠯᠤᠨ ᠲᠦᠮᠡᠨ ᠲᠣᠯᠣᠭᠠᠢ ᠮᠠᠯᠵᠢᠯ ᠤᠨ ᠲᠠᠯᠠᠪᠠᠢ 2᠂ ᠮᠢᠩᠭᠠᠨ ᠲᠣᠯᠣᠭᠠᠢ ᠤᠨ ᠤᠨ ᠲᠠᠯᠠᠪᠠᠢ ᠶᠢ 18 ᠪᠦᠲᠦᠭᠡᠨ ᠪᠠᠶᠢᠭᠤᠯᠵᠤ᠂ ᠡᠳᠦᠷ ᠲᠤ 2000 ᠲᠣᠨ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠦᠢᠯᠡᠳᠪᠦᠷᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠤᠨ᠎ᠠ᠃ ᠦᠨᠳᠦᠰᠦᠲᠡᠨ ᠤ ᠣᠨᠴᠠᠯᠢᠭᠲᠤ ᠴᠠᠭᠠᠨ ᠢᠳᠡᠭᠡ ᠪᠣᠯᠪᠠᠰᠤᠷᠠᠭᠤᠯᠬᠤ 20 ᠦᠢᠯᠡᠳᠪᠦᠷᠢ ᠶᠢ ᠪᠠᠶᠢᠭᠤᠯᠤᠨ᠎ᠠ᠃ ᠲᠦᠮᠡᠨ ᠲᠣᠯᠣᠭᠠᠢ ᠠᠯᠠᠰᠢᠨ ᠦᠬᠡᠷ ᠤᠨ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ 2 ᠪᠠᠶᠢᠭᠤᠯᠵᠤ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠪᠦᠬᠦ ᠬᠤᠰᠢᠭᠤᠨ ᠤ ᠠᠯᠠᠰᠢᠨ ᠦᠬᠡᠷ ᠤᠨ ᠲᠤᠭ᠎ᠠ ᠲᠣᠯᠣᠭᠠᠢ ᠶᠢ 30 ᠲᠦᠮᠡ ᠠᠴᠠ ᠳᠡᠭᠡᠭᠰᠢ ᠬᠦᠷᠭᠡᠨ᠎ᠡ᠃ ᠵᠢᠯ ᠳᠤ 5 ᠲᠦᠮᠡᠨ ᠠᠯᠠᠰᠢᠨ ᠦᠬᠡᠷ  ᠢ ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠢ ᠪᠠᠶᠢᠭᠤᠯᠵᠤ᠂ ᠰᠠᠭᠤᠷᠢᠨ ᠭᠠᠵᠠᠷ ᠤᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠬᠦ ᠶᠢ ᠳᠠᠶᠢᠴᠢᠯᠠᠵᠤ᠂ ᠠᠯᠠᠰᠢᠨ ᠦᠬᠡᠷ ᠲᠡᠵᠢᠭᠡᠨ ᠦᠷᠡᠵᠢᠭᠦᠯᠬᠦ 10 ᠠᠵᠤ ᠠᠬᠤᠶᠢᠯᠠᠯ᠂ 100 ᠬᠤᠷᠰᠢᠶ᠎ᠠ᠂ 150 ᠵᠢᠱᠢᠶ᠎ᠡ ᠦᠵᠡᠭᠦᠯᠬᠦ ᠲᠣᠰᠬᠤᠨ ᠢ ᠬᠥᠭᠵᠢᠭᠦᠯᠦᠨ᠎ᠡ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠥᠷᠥᠯ ᠤᠨ ᠭᠠᠵᠠᠷ ᠵᠦᠶ ᠶᠢᠨ ᠲᠡᠮᠳᠡᠭᠲᠦ ᠪᠦᠲᠦᠭᠡᠭᠳᠡᠬᠦᠨ ᠪᠠ ᠣᠯᠠᠨ ᠨᠡᠶᠢᠲᠡ ᠶᠢᠨ ᠣᠷᠣᠨ ᠪᠦᠰᠡ ᠶᠢᠨ ᠨᠠᠷᠠᠲᠤ ᠲᠡᠮᠳᠡᠭᠲᠦ ᠶᠢ 10 ᠠᠴᠠ ᠳᠡᠭᠡᠭᠰᠢ ᠭᠤᠶᠤᠴᠢᠯᠠᠨ ᠳᠠᠩᠰᠠᠯᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠠᠭᠤᠷᠢ ᠲᠠᠯᠪᠢᠨ᠎ᠠ᠃    ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠣᠨᠴᠠ ᠬᠠᠷᠠᠭᠠᠯᠵᠠᠯ ᠤᠨ ᠴᠢᠨᠠᠷᠲᠠᠶ ᠲᠥᠷᠥ ᠶᠢᠨ ᠪᠣᠳᠣᠯᠭ᠎ᠠ ᠳᠤ ᠲᠥᠷᠥᠯ ᠬᠤᠪᠢᠶᠠᠨ ᠲᠣᠬᠢᠷᠠᠭᠤᠯᠤᠯᠲᠠ ᠬᠢᠬᠦ ᠶᠢ ᠬᠡᠷᠡᠭᠵᠢᠭᠦᠯᠵᠦ᠂ ᠦᠷᠭᠦᠯᠵᠢᠯᠡᠭᠰᠡᠨ ᠰᠢᠯᠵᠢᠯᠲᠡ ᠶᠢᠨ ᠬᠤᠭᠤᠴᠠᠭ᠎ᠠ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠨ᠂ ︽ᠲᠠᠪᠤ ᠶᠢ ᠬᠥᠭᠵᠢᠭᠦᠯᠦᠨ ᠮᠠᠨᠳᠤᠭᠤᠯᠬᠤ︾ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ︽ᠵᠠᠩᠭᠢᠯᠠᠭ᠎ᠠ ᠶᠢᠨ ᠲᠠᠪᠤᠨ ᠠᠯᠬᠤᠮ︾ ᠪᠣᠯᠭᠠᠵᠤ᠂ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠨ᠎ᠡ ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ︽ᠳᠥᠷᠪᠡ ᠶᠢ ᠲᠠᠶᠠᠭᠳᠠᠬᠤ ᠥᠬᠡᠶ︾ ︽ᠬᠤᠶᠠᠷ ᠢ ᠰᠡᠷᠭᠡᠶᠢᠯᠡᠬᠦ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠣᠲᠣ ᠶᠢᠨ ᠪᠠᠶᠢᠭ᠎ᠠ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ᠂ ᠪᠠᠯᠠ ᠮᠥᠩᠭᠦ ᠶᠢᠨ ᠳᠡᠮᠵᠢᠯᠭᠡ᠂ ᠬᠠᠪᠰᠤᠷᠤᠨ ᠲᠡᠳᠬᠦᠬᠦ ᠬᠦᠴᠦᠨ ᠤ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠰᠢᠨᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠦ᠂ ︽ ᠶᠠᠳᠠᠭᠤᠷᠠᠮᠠᠷ ᠪᠠᠶᠢᠭ᠎ᠠ ᠡᠷᠦᠬᠡ︾ ︽ᠬᠢᠨᠠᠨ ᠰᠢᠨᠵᠢᠬᠦ ᠡᠷᠦᠬᠡ︾ ᠶᠢᠨ ᠣᠷᠣᠯᠭ᠎ᠠ ᠶᠢᠨ ᠬᠤᠪᠢᠷᠠᠯᠲᠠ ᠪᠠ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠶᠢ ᠪᠠᠬᠢᠵᠢᠭᠦᠯᠦᠭᠰᠡᠨ ᠪᠠᠶᠢᠳᠠᠯ ᠢ ᠭᠤᠤᠯᠳᠠᠯᠭ᠎ᠠ ᠲᠠᠢ ᠠᠩᠬᠠᠷᠴᠤ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠵᠤ ᠬᠠᠮᠢᠶᠠᠷᠬᠤ ᠶᠢ ᠴᠢᠩᠭᠠᠳᠬᠠᠨ᠂ ᠬᠢᠨᠠᠨ ᠬᠠᠮᠢᠶᠠᠷᠬᠤ ᠲᠣᠭᠲᠠᠴᠠ ᠶᠢ ᠪᠦᠷᠢᠨᠰᠢᠬᠦᠯᠥᠨ᠎ᠠ᠃ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠪᠠ ᠲᠥᠪ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠳᠤ ︽ᠡᠮᠦᠨᠡᠲᠦ ᠬᠤᠰᠢᠭᠤᠨ ᠤ ᠦᠨᠦᠷ ᠠᠮᠲᠠ︾ ᠪᠠᠷ ᠶᠠᠳᠠᠭᠤ ᠶᠢ ᠲᠡᠳᠬᠦᠬᠦ ᠶᠢ ᠣᠨᠴᠠᠯᠠᠨ ᠲᠣᠬᠢᠷᠠᠭᠤᠯᠥᠨ᠎ᠠ᠃ ᠬᠥᠳᠡᠭᠡ ᠲᠣᠰᠬᠤᠨ ᠤ ᠬᠥᠭᠵᠢᠯᠲᠡ ᠶᠢᠨ ᠨᠥᠬᠦᠴᠡᠯ ᠢ ᠰᠠᠶᠢᠵᠢᠷᠠᠭᠤᠯᠤᠨ᠎ᠠ᠃ ᠣᠯᠠᠨ ᠨᠡᠶᠢᠲᠡ ᠶᠢᠨ ᠦᠢᠯᠡᠴᠢᠯᠡᠭᠡ ᠶᠢᠨ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯᠯᠠᠬᠤ ᠳᠤ ᠲᠣᠬᠢᠷᠠᠮᠵᠢᠲᠠᠶ ᠬᠥᠳᠡᠭᠡ ᠲᠣᠰᠬᠤᠨ ᠤ ᠣᠷᠣᠨ ᠵᠠᠶ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠤᠨ᠂ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠶᠢ ᠭᠦᠨᠵᠡᠭᠡᠶ ᠠᠬᠢᠭᠤᠯᠵᠤ᠂ 45 ᠠᠶᠢᠯ ᠲᠤᠰᠬᠤᠨ ᠤ ᠨᠤᠭᠤᠭᠠᠷᠠᠭᠤᠯᠤᠯᠲᠠ ᠶᠢᠨ ᠲᠦᠷᠦᠯ ᠵᠤᠶᠢᠯ ᠢ ᠪᠡᠶᠡᠯᠡᠬᠦᠯᠵᠦ᠂ ᠬᠤᠭ ᠨᠣᠪᠰᠢ ᠪᠣᠬᠢᠷ ᠤᠰᠤ ᠶᠢ ᠵᠠᠰᠠᠬᠤ᠂ ᠲᠠᠷᠢᠶᠠᠯᠠᠩ ᠮᠠᠯ ᠠᠵᠤ ᠠᠬᠤᠶ ᠶᠢᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠤᠨ᠂ ᠠᠷᠢᠭᠤᠨ ᠴᠡᠪᠡᠷ ᠵᠣᠷᠯᠣᠩ ᠢ ᠲᠦᠭᠡᠮᠡᠯᠵᠢᠭᠦᠯᠦᠭᠰᠡᠨ ᠨᠣᠷᠮ᠎ᠠ ᠶᠢ 60% ᠠᠴᠠ ᠳᠡᠭᠡᠭᠰᠢ ᠳᠤ ᠬᠦᠷᠦᠭᠦᠯᠵᠦ᠂ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠠᠶᠢᠭᠤᠯᠤᠨ᠎ᠠ᠃ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠢ ᠰᠠᠭᠠᠳ ᠥᠬᠡᠶ ᠨᠡᠪᠲᠡᠷᠡᠭᠦᠯᠬᠦ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠦᠨ᠎ᠡ᠃ 68 ᠺᠢᠯᠣᠮᠧᠲᠷ ᠳᠤᠮᠳᠠ ᠪᠠᠭ᠎ᠠ ᠭᠤᠣᠯ ᠤᠨ ᠬᠠᠮᠠᠭᠠᠯᠠᠯᠲᠠ ᠶᠢᠨ ᠡᠷᠬᠢ ᠪᠠᠶᠢᠭᠤᠯᠵᠦ᠂ 100 ᠺᠢᠯᠣᠮᠧᠲᠷ ᠠᠭᠤᠯᠠᠨ ᠦᠶᠡᠷ ᠤᠨ ᠭᠤᠤ ᠶᠢ ᠵᠠᠰᠠᠵᠤ᠂ ᠲᠠᠷᠢᠮᠠᠯ ᠨᠤᠭᠤ ᠭᠠᠵᠠᠷ ᠤᠨ ᠢᠨᠵᠧᠨᠧᠷᠢᠩ ᠢ ᠪᠡᠶᠡᠯᠡᠭᠦᠯᠦᠨ᠎ᠡ᠃ ᠨᠢᠭᠡ ᠪᠦᠯᠦᠭ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠯᠢᠭᠡᠷ ᠳᠠᠭᠤᠷᠢᠶᠠᠯ ᠲᠣᠰᠬᠤᠨ ᠢ ᠪᠠᠶᠢᠭᠤᠯᠵᠤ᠂ 45 ᠠᠶᠢᠯ ᠲᠣᠰᠬᠤᠨ ᠤ ᠨᠣᠭᠤᠭᠠᠷᠠᠭᠤᠯᠤᠯᠲᠠ ᠶᠢᠨ ᠲᠦᠷᠦᠯ ᠵᠦᠢᠯ ᠢ ᠪᠡᠶᠡᠯᠡᠭᠦᠯᠵᠦ᠂ ᠨᠢᠭᠡ ᠪᠦᠯᠦᠭ ︽ᠳᠤᠮᠳᠠᠳᠤ ᠤᠯᠤᠰ ᠤᠨ ᠦᠵᠡᠰᠬᠦᠯᠡᠩ ᠰᠠᠶᠢᠬᠠᠨ ᠰᠡᠯᠡᠭᠦᠴᠡᠯ ᠤᠨ ᠬᠥᠳᠡᠭᠡ ᠲᠣᠰᠬᠤᠨ︾ ᠪᠣᠯᠤᠨ ︽ᠨᠢᠭᠡ ᠲᠣᠰᠬᠤᠨ ᠨᠢᠭᠡ ᠲᠦᠷᠦᠯ ᠳᠡᠮᠳᠡᠭ ᠤᠨ ᠵᠢᠱᠢᠶ᠎ᠡ ᠦᠵᠡᠭᠦᠯᠬᠦ ᠲᠣᠰᠬᠤᠨ ᠪᠠᠯᠭᠠᠰᠤ︾ ᠶᠢ ᠴᠢᠷᠮᠠᠶᠢᠨ ᠪᠠᠶᠢᠭᠤᠯᠤᠨ᠎ᠠ᠃ ᠬᠥᠳᠡᠭᠡ ᠲᠣᠰᠬᠤᠨ ᠤ ᠠᠵᠤ ᠦᠢᠯᠡᠰ ᠤᠨ ᠪᠠᠶᠢᠷᠢᠰᠢᠯ ᠢ ᠥᠷᠭᠡᠳᠬᠡᠨ᠎ᠡ᠃ 5 ᠲᠦᠮᠡᠨ ᠮᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ  ᠂ 115 ᠲᠦᠮᠡᠨ ᠮᠤ᠋ ᠭᠠᠵᠠᠷ ᠰᠢᠷᠣᠢ ᠶᠢ ᠰᠢᠯᠵᠢᠭᠦᠯᠦᠨ᠎ᠡ᠃ 3 ᠲᠦᠮᠡᠨ ᠮᠤ᠋ ᠣᠢ ᠵᠢᠮᠢᠰ ᠤᠨ ᠠᠵᠤ ᠠᠬᠤᠢ ᠶᠢᠨ ᠠᠵᠤ ᠦᠢᠯᠡᠰ ᠤᠨ ᠪᠦᠰᠡ ᠶᠢ ᠪᠤᠶᠢᠵᠢᠭᠤᠯᠵᠤ᠂ ᠣᠢ ᠵᠢᠮᠢᠰ ᠤᠨ ᠶᠡᠷᠦᠩᠬᠡᠢ ᠲᠠᠯᠠᠪᠠᠢ ᠶᠢ 23 ᠲᠦᠮᠡᠨ ᠮᠤ᠋ ᠳᠤ ᠬᠦᠷᠭᠡᠵᠦ᠂ ᠦᠢᠯᠡᠳᠬᠦᠨ ᠤ ᠶᠡᠷᠦᠩᠬᠡᠢ ᠥᠷᠲᠡᠭ ᠢ 20% ᠠᠴᠠ ᠳᠡᠭᠡᠭᠰᠢ ᠨᠡᠮᠡᠭᠳᠡᠭᠦᠯᠦᠨ᠎ᠡ᠃ 15 ᠲᠦᠮᠡᠨ ᠮᠥ ᠰᠢᠬᠢᠷ ᠯᠤᠤᠪᠠᠩ ᠳᠠᠷᠢᠬᠤ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠮᠣᠩᠭᠤᠯ ᠮᠣᠷᠢᠨ ᠤ ᠡᠭᠦᠯᠳᠡᠷ ᠢ ᠰᠠᠶᠢᠵᠢᠷᠠᠭᠤᠯᠬᠤ ᠶᠢ ᠴᠢᠬᠤᠯᠠᠴᠢᠯᠠᠨ᠂ ᠠᠳᠤᠭᠤᠨ ᠤ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠶᠢ ᠲᠦᠷᠭᠡᠳᠬᠡᠵᠦ᠂ ᠠᠳᠤᠭᠤᠨ ᠤ ᠠᠷᠠᠯᠵᠢᠶ᠎ᠠ᠂ ᠠᠳᠤᠭᠤᠨ ᠤ ᠪᠦᠲᠦᠭᠡᠭᠳᠡᠬᠦᠨ ᠤ ᠦᠢᠯᠡᠳᠪᠦᠷᠢᠯᠡᠯ᠂ ᠠᠳᠤᠭᠤᠨ ᠤ ᠦᠢᠯᠡᠰ ᠤᠨ ᠦᠢᠯᠡᠴᠢᠯᠡᠭᠡ᠂ ᠠᠳᠤᠭᠤᠨ ᠤ ᠰᠤᠶᠤᠯ ᠢ ᠨᠢᠭᠡ ᠴᠣᠭᠴᠠᠵᠢᠭᠤᠯᠤᠭᠰᠠᠨ ᠪᠠᠷᠢᠮᠵᠢᠶᠠᠵᠢᠭᠰᠠᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠦᠨ᠎ᠡ᠃ ᠰᠢᠨ᠎ᠡ ᠮᠠᠶ᠋ᠢᠭ ᠤᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠵᠦ᠂ ᠣᠷᠣᠨ ᠪᠦᠰᠡ ᠶᠢᠨ ᠴᠢᠨᠠᠷᠲᠠᠶ ᠠᠷᠠᠯᠵᠢᠶ᠎ᠠ ᠬᠤᠳᠠᠯᠳᠤᠭᠠᠨ ᠤ ᠬᠦᠢᠯᠭᠡᠭᠡ᠂ ᠬᠡᠪᠴᠢᠶᠡᠲᠦ ᠲᠡᠵᠢᠭᠡᠨ ᠦᠷᠡᠵᠢᠭᠦᠯᠬᠦ᠂ ᠲᠠᠷᠢᠶᠠᠯᠠᠩ ᠮᠠᠯ ᠠᠵᠤ ᠠᠬᠤᠶ ᠶᠢᠨ ᠡᠳ᠋ᠰᠢᠭᠦᠯᠬᠦ ᠠᠵᠤ ᠦᠢᠯᠡᠰ ᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠪᠤᠶᠢᠵᠢᠭᠤᠯᠵᠤ᠂ ᠵᠢᠯ ᠤᠨ ᠣᠷᠣᠯᠭ᠎ᠠ ᠨᠢ 100 ᠲᠦᠮᠡᠨ ᠲᠥᠭᠦᠷᠢᠭ ᠠᠴᠠ ᠳᠡᠭᠡᠭᠰᠢᠬᠢ ᠭᠠᠴᠠᠭ᠎ᠠ ᠲᠣᠰᠬᠤᠨ 30᠂ 50 ᠲᠦᠮᠡᠨ ᠲᠥᠭᠦᠷᠢᠭ ᠠᠴᠠ ᠳᠡᠭᠡᠭᠰᠢᠬᠢ ᠭᠠᠴᠠᠭ᠎ᠠ ᠲᠣᠰᠬᠤᠨ 50 ᠶᠢ ᠪᠡᠶᠡᠯᠡᠭᠦᠯᠵᠦ᠂ ᠦᠯᠡᠳᠡᠭᠰᠡᠨ ᠢ ᠨᠢ ᠴᠥᠮ 20 ᠲᠦᠮᠡᠨ ᠲᠥᠭᠦᠷᠢᠭ ᠠᠴᠠ ᠳᠡᠭᠡᠭᠰᠢ ᠳᠤ ᠬᠦᠷᠦᠭᠦᠯᠦᠨ᠎ᠡ᠃ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠦᠷᠢᠶᠡᠯᠡᠩ ᠲᠣᠭᠤᠷᠢᠭ᠂ ᠬᠤᠷᠴᠢᠨ ᠲᠦᠮᠡᠨ ᠮᠥ ᠪᠡᠯᠡᠳᠬᠡᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠡᠬᠢ ᠪᠠᠶᠠᠯᠢᠭ ᠤᠨ ᠳᠠᠯᠳᠠ ᠬᠦᠴᠦᠨ ᠢ ᠠᠭᠤᠳᠠᠯᠵᠤ᠂ ᠠᠵᠤ ᠠᠬᠤᠶ ᠶᠢᠨ ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠮᠠᠯᠴᠢᠨ ᠲᠠᠷᠢᠶᠠᠴᠢᠳ ᠤᠨ ᠥᠪᠡᠷᠲᠡᠭᠡᠨ ᠵᠠᠰᠠᠬᠤ ᠦᠢᠯᠡᠳᠦᠯᠭᠡ ᠶᠢ ᠭᠦᠨᠵᠡᠭᠡᠶᠢᠷᠡᠭᠦᠯᠵᠦ᠂ ᠭᠠᠴᠠᠭ᠎ᠠ ᠲᠣᠰᠬᠤᠨ ᠤ ᠴᠢᠬᠤᠯᠠ ᠶᠡᠭᠡ ᠠᠰᠠᠭᠤᠳᠠᠯ ᠳᠤ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠳᠦᠷᠢᠮ ᠢ ᠲᠡᠭᠦᠯᠳᠡᠷᠵᠢᠭᠦᠯᠬᠦ ᠬᠡᠷᠡᠭᠲᠡᠶ᠃ ᠲᠠᠷᠢᠶᠠᠯᠠᠬᠤ ᠮᠠᠯᠵᠢᠬᠤ ᠣᠷᠣᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ︽ᠬᠠᠤᠯᠢ ᠴᠠᠭᠠᠵᠠ ᠶᠢᠨ ᠮᠡᠷᠭᠡᠨ ᠬᠥᠮᠦᠨ︾ ᠬᠥᠮᠦᠵᠢᠭᠦᠯᠬᠦ ᠢᠨᠵᠧᠨᠧᠷᠢᠩ ᠢ ᠥᠷᠨᠢᠭᠦᠯᠦᠨ᠂ ᠬᠠᠤᠯᠢ ᠬᠡᠷᠡᠭᠵᠢᠭᠦᠯᠬᠦ ᠬᠦᠴᠦᠨ ᠢ ᠳᠣᠷᠣᠭᠰᠢ ᠪᠠᠭᠤᠯᠭᠠᠬᠤ ᠶᠢ ᠠᠬᠢᠭᠤᠯᠵᠤ᠂ ︽ᠭᠤᠷᠪᠠᠨ ᠳᠤᠷ᠎ᠠ ᠪᠠᠷ ᠢᠶᠠᠨ︾ ᠪᠠᠶᠢᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ︽ᠶᠣᠰᠣ ᠰᠤᠷᠲᠠᠬᠤᠨ ᠤ ᠵᠢᠱᠢᠶᠡᠴᠢ︾ ︽ᠬᠠᠮᠤᠭ ᠤᠨ ᠭᠤᠶᠣ ᠬᠡᠷ ᠪᠦᠯᠢ︾ ᠵᠡᠷᠭᠡ ᠰᠢᠯᠭᠠᠷᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠳᠡᠷᠭᠡᠳᠡᠬᠢ ᠥᠯᠢᠭᠡᠷ ᠳᠠᠭᠤᠷᠢᠶᠠᠯ ᠤᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠢᠭᠤᠷᠠᠯᠳᠤᠭᠠᠨ ᠢ ᠴᠠᠭ ᠲᠤᠬᠠᠢ ᠳᠤᠨᠢ ᠡᠶᠡᠳᠡᠭᠦᠯᠦᠨ ᠰᠢᠢᠳᠪᠦᠷᠢᠯᠡᠵᠦ᠂ ︽ᠪᠠᠭ᠎ᠠ ᠶᠠᠪᠤᠳᠠᠯ ᠢ ᠲᠣᠰᠬᠤᠨ ᠠᠴᠠ ᠪᠠᠨ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤ ᠠᠴᠠ ᠪᠠᠨ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ︾ ᠪᠠᠶᠢᠬᠤ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠮᠣᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠦᠷᠢᠨᠰᠢᠬᠦᠯᠬᠦ ᠬᠡᠷᠡᠭᠲᠡᠢ᠃     ︵ᠭᠤᠷᠪᠠ︶ ᠠᠵᠤ ᠦᠢᠯᠡᠰ ᠢ ᠲᠥᠪᠯᠡᠷᠡᠭᠦᠯᠬᠦ᠂ ᠲᠤᠯᠭᠠᠭᠤᠷᠢ ᠶᠢ ᠴᠢᠩᠭᠠᠷᠠᠭᠤᠯᠬᠤ ᠶᠢ ᠪᠠᠷᠢᠮᠲᠠᠯᠠᠵᠤ᠂ ᠨᠠᠩ ᠲᠡᠭᠦᠯᠳᠡᠷᠵᠢᠭᠰᠡᠨ ᠠᠵᠤ ᠦᠢᠯᠡᠳᠪᠦᠷᠢ ᠶᠢᠨ ᠰᠢᠰᠲ᠋ᠧᠮᠵᠢ ᠶᠢ ᠪᠤᠶᠢᠵᠢᠭᠤᠯᠤᠨ᠎ᠠ᠃ ︽ᠠᠵᠤ ᠦᠢᠯᠡᠳᠪᠦᠷᠢ ᠪᠠᠷ ᠬᠤᠰᠢᠭᠤ ᠪᠠᠨ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠭᠤᠶᠢᠪᠢᠰᠢ ᠦᠬᠡᠢ ᠬᠡᠷᠡᠭᠵᠢᠬᠦᠯᠵᠦ᠂ ᠠᠵᠤ ᠦᠢᠯᠡᠰ ᠤᠨ ᠲᠥᠪᠯᠡᠷᠡᠯ ᠢ ᠲᠦᠷᠭᠡᠳᠬᠡᠨ᠂ ᠠᠵᠤ ᠠᠬᠤᠶᠢᠯᠠᠯ ᠤᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠳᠠᠪᠠᠭᠤᠯᠢᠭ ᠲᠠᠪᠴᠠᠩ ᠢ ᠪᠠᠶᠢᠭᠤᠯᠤᠨ᠂ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠨᠡᠮᠡᠭᠳᠡᠯ ᠤᠨ ᠬᠠᠨᠳᠤᠰᠢ ᠶᠢ ᠪᠠᠲᠤᠯᠠᠨ᠎ᠠ᠃     ᠠᠵᠤ ᠦᠢᠯᠡᠰ ᠤᠨ ᠰᠦᠷᠦᠭᠵᠢᠯ ᠤᠨ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠤᠨ᠎ᠠ᠃ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠬᠦ᠂ ᠬᠠᠩᠭᠠᠯᠭ᠎ᠠ ᠶᠢᠨ ᠬᠡᠯᠬᠢᠶ᠎ᠡ ᠶᠢ ᠴᠣᠭᠴᠠᠯᠠᠬᠤ ᠶᠢ ᠲᠦᠷᠭᠡᠳᠬᠡᠵᠦ᠂ ︽ᠭᠤᠷᠪᠠᠨ ᠬᠡᠯᠬᠢᠶ᠎ᠡ ᠶᠢ ᠢᠵᠢᠯ ᠪᠦᠲᠦᠴᠡ ᠲᠠᠢ ᠪᠣᠯᠭᠠᠬᠤ︾᠂ ᠠᠭᠤᠰᠤᠯᠴᠠᠨ ᠬᠥᠭᠵᠢᠬᠦ ᠶᠢ ᠪᠡᠶᠡᠯᠡᠭᠦᠯᠦᠨ᠎ᠡ᠃ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠰᠦᠷᠦᠭᠵᠢᠯ ᠢ ᠬᠦᠴᠦᠷᠬᠡᠭᠵᠢᠭᠦᠯᠦᠨ᠂ ᠬᠢᠲᠠᠳ ᠡᠮ ᠤᠨ ᠪᠡᠶ᠎ᠡ ᠰᠤᠪᠢᠯᠠᠬᠤ ᠰᠣᠶᠣᠯ ᠤᠨ ᠬᠦᠷᠢᠶᠡᠯᠡᠩ᠂ ᠵᠢᠶᠠ ᠾᠧ ᠠᠮᠤ ᠪᠤᠳᠠᠭᠠᠨ ᠤ ᠦᠢᠯᠡᠰ ᠤᠨ ᠠᠭᠤᠰᠤᠯᠴᠠᠨ ᠬᠥᠭᠵᠢᠬᠦ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠠᠬᠢᠭᠤᠯᠵᠤ᠂ ᠳ᠋ᠧ ᠺᠠᠩ ᠪᠦᠯᠦᠭᠯᠡᠯ ᠤᠨ ᠭᠠᠭ᠋ᠠᠢ ᠶᠢᠨ ᠮᠢᠬᠠᠨ ᠤ ᠢᠳᠡᠭᠡᠨ ᠡᠳ᠋ᠰᠢᠭᠦᠯᠬᠦ᠂ ᠮᠧᠩ ᠵᠢᠶᠠ ᠠᠮᠤ ᠲᠣᠰᠣ ᠶᠢ ︽ᠬᠤᠲᠠ ᠠᠴᠠ ᠭᠠᠷᠭᠠᠵᠤ ᠬᠦᠷᠢᠶᠡᠯᠡᠩ ᠳᠤ ᠣᠷᠣᠭᠤᠯᠬᠤ︾ ᠵᠡᠷᠭᠡ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ᠢᠯᠢ ᠪᠦᠯᠦᠭᠯᠡᠯ ᠤᠨ ᠴᠠᠭᠠᠨ ᠢᠳᠡᠭᠡᠨ ᠡᠳ᠋ᠰᠢᠬᠦᠯᠬᠦ ᠲᠥᠷᠥᠯ ᠵᠦᠢᠯ ᠳᠤ ᠲᠦᠰᠢᠭᠯᠡᠨ᠂ ᠳᠡᠭᠡᠳᠦ ᠲᠠᠰ ᠤᠨ ᠴᠠᠭᠠᠨ ᠢᠳᠡᠭᠡᠨ ᠤ ᠢᠵᠢ ᠪᠦᠷᠢᠳᠦᠭᠦᠯᠬᠦ ᠠᠵᠤ ᠦᠢᠯᠡᠰ ᠢ ᠲᠦᠷᠭᠡᠳᠬᠡᠨ ᠬᠥᠭᠵᠢᠭᠦᠯᠦᠨ᠎ᠡ᠃ ᠵᠢᠶᠧ ᠯᠠᠶ ᠪᠦᠯᠦᠭᠯᠡᠯ ᠯᠦᠭᠡ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠶᠢ ᠴᠢᠩᠭᠠᠳᠬᠠᠨ᠂ ᠠᠵᠤ ᠦᠢᠯᠡᠰ ᠤᠨ ᠬᠡᠯᠬᠢᠶ᠎ᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠳᠡᠭᠡᠳᠦ ᠰᠢᠨ᠎ᠡ ᠮᠡᠷᠭᠡᠵᠢᠯ ᠪᠣᠯᠤᠨ ᠤᠳᠤ ᠦᠶ᠎ᠡ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠪᠦᠯᠦᠭᠵᠢᠯ ᠢ ᠰᠢᠯᠢᠳᠡᠭᠵᠢᠭᠦᠯᠵᠦ᠂ ᠬᠠᠸᠠ ᠤᠯᠠᠨ ᠤᠯᠤᠰ ᠤᠨ ᠵᠢᠯᠣᠭᠤᠴᠢ ᠦᠭᠡᠢ ᠨᠢᠰᠬᠡᠯ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠬᠤ ᠶᠢ ᠪᠡᠶᠡᠯᠡᠭᠦᠯᠵᠦ᠂ ᠤᠮᠠᠷᠠᠲᠤ ᠶᠢᠨ ᠵᠢᠯᠣᠭᠤᠴᠢ ᠦᠭᠡᠢ ᠨᠢᠰᠬᠡᠯ ᠤᠨ ᠲᠤᠷᠰᠢᠯᠲᠠ ᠶᠢᠨ ᠰᠠᠭᠤᠷᠢᠨ ᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠥᠨ᠎ᠡ᠃ ᠬᠤᠩ ᠳ᠋ᠠ ᠳᠠᠷᠤᠯᠲᠠᠲᠤ ᠴᠢᠳᠬᠤᠮᠠᠯ᠂ ᠠᠶ ᠯᠠᠩ ᠰᠠᠯᠬᠢᠨ ᠬᠦᠴᠦᠨ ᠤ ᠴᠠᠬᠢᠯᠭᠠᠨ ᠵᠡᠷᠭᠡ ᠠᠵᠤ ᠠᠬᠤᠶᠢᠯᠠᠯ ᠤᠨ ᠦᠢᠯᠡᠳᠪᠦᠷᠢᠯᠡᠬᠦ ᠴᠢᠳᠠᠪᠤᠷᠢ ᠪᠠᠨ ᠦᠷᠭᠦᠯᠵᠢᠯᠡᠨ ᠪᠠᠳᠠᠷᠠᠭᠤᠯᠬᠤ ᠶᠢ ᠳᠠᠮᠵᠢᠵᠤ᠂ ᠦᠢᠯᠡᠳᠪᠦᠷᠢᠯᠡᠯ ᠪᠣᠷᠣᠯᠠᠭᠤᠯᠭ᠎ᠠ ᠶᠢ ᠵᠡᠷᠭᠡ ᠪᠠᠷ ᠬᠥᠭᠵᠢᠭᠦᠯᠬᠦ ᠶᠢ ᠪᠡᠶᠡᠯᠡᠭᠦᠯᠦᠨ᠎ᠡ᠃ ᠱᠧᠩ ᠽᠧ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠪᠠᠷᠢᠯᠭ᠎ᠠ ᠶᠢᠨ ᠮᠠᠲ᠋ᠧᠷᠢᠶᠠᠯ ᠵᠢᠴᠢ ᠲᠥᠬᠦᠷ ᠠᠵᠤ ᠦᠢᠯᠡᠰ ᠤᠨ ᠵᠠᠯᠭᠠᠯᠳᠤᠨ ᠬᠥᠭᠵᠢᠬᠦ ᠶᠢ ᠠᠬᠢᠭᠤᠯᠤᠨ᠎ᠠ᠃ ᠴᠡᠪᠡᠷ ᠡᠨᠧᠷᠭᠢ ᠶᠢᠨ ᠠᠵᠤ ᠦᠢᠯᠡᠰ ᠤᠨ ᠪᠦᠯᠦᠭᠵᠢᠯ ᠢ ᠪᠤᠵᠠᠭᠠᠶᠢᠷᠠᠭᠤᠯᠵᠤ᠂ ᠵᠦᠡᠭ ᠭᠤᠸᠠᠩ ᠾᠧ ᠶᠢᠨ ᠵᠠᠭᠤᠨ ᠲᠦᠮᠡᠨ ᠺᠢᠯᠣᠸᠠᠲ ᠤᠨ ᠰᠠᠯᠬᠢᠨ ᠴᠠᠬᠢᠯᠭᠠᠨ ᠤ ᠰᠠᠭᠤᠷᠢᠨ ᠢ ᠴᠠᠬᠢᠯᠭᠠᠨ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ᠂ ᠶᠠᠩ ᠭᠤᠸᠠᠩ ᠴᠠᠬᠢᠯᠭᠠᠨ ᠡᠭᠦᠰᠭᠡᠭᠴᠢ ᠶᠢᠨ ᠤᠰᠤᠨ ᠭᠠᠳᠠᠷᠭᠤ ᠶᠢᠨ ᠭᠡᠷᠡᠯ ᠴᠡᠨᠡᠭ᠂ ᠵᠢᠩ ᠨᠸᠡᠭ ᠲᠠᠷᠬᠠᠯᠲᠠ ᠶᠢᠨ ᠬᠡᠯᠪᠡᠷᠢ ᠶᠢᠨ ᠭᠡᠷᠡᠯ ᠴᠡᠨᠡᠭ᠂ ᠬᠤᠸᠠ ᠨᠸᠡᠭ ᠤᠨ ︽ᠰᠠᠯᠬᠢ ᠭᠡᠷᠡᠯ ᠢᠶᠠᠷ ᠬᠠᠳᠠᠭᠠᠯᠠᠬᠤ︾ ᠶᠢ ᠨᠢᠭᠡ ᠴᠣᠭᠴᠠᠵᠢᠭᠤᠯᠬᠤ ᠵᠡᠷᠭᠡ ᠭᠡᠷ᠎ᠡ ᠲᠣᠭᠲᠠᠭᠰᠠᠨ ᠲᠥᠷᠥᠯ ᠵᠦᠢᠯ ᠢ ᠰᠠᠭᠤᠷᠢᠰᠢᠭᠤᠯᠤᠨ ᠠᠵᠢᠯ ᠡᠬᠢᠯᠡᠭᠦᠯᠦᠨ᠎ᠡ᠃ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠵᠡᠷᠭᠡ ᠲᠣᠨᠤᠭ ᠲᠥᠬᠦᠭᠡᠷᠦᠮᠵᠢ ᠦᠢᠯᠡᠳᠬᠦ ᠠᠵᠤ ᠠᠬᠤᠶᠢᠯᠠᠯ ᠢ ᠢᠳᠡᠪᠬᠢᠲᠡᠢ ᠪᠠᠷ ᠤᠷᠢᠨ ᠣᠷᠣᠭᠤᠯᠵᠤ᠂ ᠴᠡᠪᠡᠷ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶᠡᠰᠦ ᠶᠢ ᠡᠭᠦᠳᠦᠨ ᠪᠠᠶᠢᠭᠤᠯᠤᠨ᠎ᠠ᠃ᠠᠵᠤ ᠠᠬᠤᠶᠢᠯᠠᠯ ᠤᠨ ᠪᠡᠶ᠎ᠡ ᠪᠠᠨ ᠴᠢᠭᠢᠷᠠᠭᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ︽ᠭᠤᠣᠯ ᠴᠣᠭᠴᠠ ᠶᠢ ᠲᠣᠭᠲᠠᠪᠤᠷᠢᠵᠢᠭᠤᠯᠬᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠦᠢᠯᠡᠳᠪᠦᠷᠢᠯᠡᠯ ᠢ ᠠᠬᠢᠭᠤᠯᠬᠤ︾ ᠶᠢ ᠪᠠᠷᠢᠮᠲᠠᠯᠠᠵᠤ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠪᠠᠨ ᠥᠷᠭᠡᠳᠬᠡᠨ ᠶᠠᠰᠤ ᠴᠢᠨᠠᠷ ᠢᠶᠠᠨ ᠳᠡᠭᠡᠭᠰᠢᠯᠡᠭᠦᠯᠬᠦ᠂ ᠰᠢᠨ᠎ᠡ ᠶᠢ ᠡᠭᠦᠳᠦᠨ ᠬᠥᠭᠵᠢᠬᠦ ᠶᠢ ᠲᠡᠳᠬᠦᠨ ᠳᠠᠮᠵᠢᠨ᠎ᠠ᠃ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠦᠨ᠎ᠡ᠃ ᠪᠸᠢ ᠹᠧᠩ ᠯᠢᠩ ᠭᠤᠯᠢᠷ᠂ ᠬᠤᠷᠴᠢᠨ ᠸᠠᠩ ᠠᠷᠢᠬᠢᠨ ᠦᠢᠯᠡᠰ ᠵᠡᠷᠭᠡ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ ᠤᠨ ᠪᠦᠲᠦᠴᠡ ᠪᠠᠨ ᠰᠢᠯᠢᠳᠡᠭᠵᠢᠭᠦᠯᠬᠦ ᠶᠢ ᠵᠣᠷᠢᠭᠵᠢᠭᠤᠯᠵᠤ᠂ ᠠᠢ ᠮᠠ ᠶᠢᠨ ᠠᠭᠤᠷᠬᠠᠶ ᠶᠢᠨ ᠦᠢᠯᠡᠰ᠂ ᠬᠤᠩ ᠳ᠋ᠠ ᠳᠠᠷᠤᠵᠤ ᠴᠢᠳᠬᠤᠬᠤ ᠵᠡᠷᠭᠡ ᠨᠢᠷᠤᠭᠤᠪᠴᠢ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠲᠠᠰ ᠳᠡᠪᠰᠢᠭᠦᠯᠬᠦ ᠶᠢ ᠳᠡᠮᠵᠢᠨ᠎ᠡ᠃ ᠮᠧᠩ ᠶᠠᠩ ᠬᠤᠨᠢ ᠵᠡᠷᠭᠡ ᠶᠢᠨ ᠦᠢᠯᠡᠳᠪᠦᠷᠢᠯᠡᠯ ᠵᠣᠭᠰᠣᠭᠰᠠᠨ᠂ ᠬᠠᠭᠠᠰ ᠵᠣᠭᠰᠣᠭᠰᠠᠨ ᠠᠵᠤ ᠠᠬᠤᠶᠢᠯᠠᠯ ᠢ ᠢᠯᠭᠠᠷᠠᠭᠤᠯᠤᠨ ᠠᠮᠢᠯᠠᠭᠤᠯᠵᠦ᠂ ︽ᠬᠤᠶᠠᠳᠠᠬᠢ ᠤᠳᠠᠭ᠎ᠠ ᠠᠳᠠᠯ ᠦᠢᠯᠡᠰ ᠴᠣᠭᠴᠠᠯᠠᠬᠤ︾ ᠶᠢ ᠠᠬᠢᠭᠤᠯᠤᠨ᠎ᠠ᠃ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠦᠨ᠎ᠡ᠃ ᠠᠶ ᠹᠠᠩ ᠮᠦ᠂ ᠪᠡᠭᠡᠵᠢᠩ ᠥᠪᠥᠷ ᠮᠣᠩᠭᠤᠯ ᠤᠨ ᠰᠢᠬᠢᠷ ᠤᠨ ᠦᠢᠯᠡᠰ ᠵᠡᠷᠭᠡ ᠠᠵᠤ ᠠᠬᠤᠶᠢᠯᠠᠯ ᠤᠨ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠠᠰᠢᠭ ᠤᠯᠬᠤ ᠶᠢ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠥᠷᠭᠡᠳᠬᠡᠨ᠎ᠡ᠃ ᠯᠠᠩ ᠴᠤᠤ ᠪᠦᠯᠦᠭᠯᠡᠯ ᠤᠨ ᠵᠠᠰᠠᠭ ᠤᠨ ᠶᠠᠪᠤᠳᠠᠯ ᠤᠨ ᠡᠭᠦᠯᠡᠨ ᠦᠢᠯᠡᠴᠢᠯᠡᠭᠡᠨ ᠤ ᠬᠡᠪᠴᠢᠶ᠎ᠡ ᠪᠠᠨ ᠥᠷᠭᠡᠳᠬᠡᠬᠦ ᠶᠢ ᠳᠡᠮᠵᠢᠵᠦ᠂ ᠲᠣᠭᠠᠴᠢᠯᠠᠭᠰᠠᠨ ᠠᠵᠤ ᠦᠶᠯᠡᠰ ᠤᠨ ᠠᠵᠤ ᠠᠬᠤᠶ ᠶᠢ ᠲᠦᠷᠭᠡᠳᠬᠡᠨ ᠪᠣᠶᠢᠵᠢᠭᠤᠯᠤᠨ᠎ᠠ᠃ ᠰᠢᠯᠢᠳᠡᠭ ᠠᠵᠤ ᠦᠢᠯᠡᠰ ᠢ ᠲᠡᠳᠬᠦᠨ ᠪᠤᠵᠠᠭᠠᠶᠢᠷᠠᠭᠤᠯᠤᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ ᠬᠥᠮᠥᠷᠭᠡ ᠳᠤ ᠲᠣᠭᠲᠠᠪᠤᠷᠢᠵᠢᠭᠤᠯᠵᠤ᠂ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠶᠢ ᠴᠢᠩᠭ᠎ᠠ ᠠᠩᠬᠠᠷᠴᠤ᠂ ᠬᠡᠪᠴᠢᠶᠡᠵᠢᠯ ᠠᠴᠠ ᠳᠣᠷᠣᠭᠰᠢᠬᠢ ᠠᠵᠤ ᠠᠬᠤᠶᠢᠯᠠᠯ ᠤᠨ ᠬᠡᠪᠴᠢᠶ᠎ᠡ ᠪᠠᠨ ᠥᠷᠭᠡᠳᠬᠡᠵᠦ᠂ ᠦᠷ᠎ᠡ ᠠᠰᠢᠭ ᠢᠶᠠᠨ ᠨᠡᠮᠡᠭᠳᠡᠭᠦᠯᠬᠦ ᠶᠢ ᠳᠡᠮᠵᠢᠵᠦ᠂ ᠤᠯᠠᠭᠠᠨ ᠲᠣᠮᠣ ᠬᠢᠮᠢ ᠶᠢᠨ ᠪᠣᠷᠲᠣᠭᠤᠷ᠂ ᠳ᠋ᠧ ᠺᠠᠩ ᠲᠡᠵᠢᠭᠡᠯ ᠪᠣᠷᠳᠤᠭ᠎ᠠ ᠵᠡᠷᠭᠡ ᠠᠵᠤ ᠠᠬᠤᠶᠢᠯᠠᠯ ᠤᠨ ᠪᠠᠷᠢᠮᠵᠢᠶ᠎ᠠ ᠳᠤ ᠬᠥᠷᠬᠦ ᠶᠢ ᠲᠦᠷᠭᠡᠳᠬᠡᠨ ᠠᠬᠢᠭᠤᠯᠵᠤ᠂ ᠾᠧ ᠹᠧᠩ ᠲᠠᠷᠢᠶᠠᠯᠠᠩ᠂ ᠰᠢᠩ ᠱᠧᠩ ᠬᠤᠩ ᠲᠠᠷᠢᠶᠠᠯᠠᠩ ᠤᠨ ᠮᠠᠰᠢᠨ ᠵᠡᠷᠭᠡ ᠠᠵᠤ ᠠᠬᠤᠶᠢᠯᠠᠯ ᠤᠨ ᠬᠥᠷᠥᠩᠭᠡ ᠪᠠᠨ ᠨᠡᠮᠡᠭᠳᠡᠭᠦᠯᠦᠨ ᠦᠢᠯᠡᠰ ᠢᠶᠠᠨ ᠥᠷᠭᠡᠳᠬᠡᠬᠦ ᠶᠢ ᠳᠡᠮᠵᠢᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 2 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃    ᠬᠦᠷᠢᠶᠡᠯᠡᠩ ᠲᠣᠭᠤᠷᠢᠭ ᠤᠨ ᠳᠡᠰ ᠳᠡᠪᠰᠢᠬᠦ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ︽ᠨᠢᠭᠡ ᠴᠣᠭᠴᠠ ᠬᠤᠶᠠᠷ ᠵᠢᠭᠦᠷ︾ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ︽200 ᠳ᠋ᠦᠩᠰᠢᠭᠤᠷ ᠪᠤᠷᠤᠯᠠᠭᠤᠯᠭ᠎ᠠ ᠲᠠᠢ ᠬᠦᠷᠢᠶᠡᠯᠡᠩ ᠲᠣᠭᠤᠷᠢᠭ︾ ᠢ ᠪᠤᠢ ᠪᠣᠯᠭᠠᠬᠤ ᠪᠠᠷ ᠬᠠᠷᠠᠯᠲᠠ ᠪᠣᠯᠭᠠᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠦᠴᠦᠨ ᠵᠦᠢᠯ ᠢ ᠬᠦᠷᠢᠶᠡᠯᠡᠩ ᠲᠣᠭᠤᠷᠢᠭ ᠲᠡᠰᠢ ᠪᠦᠷᠬᠦᠭᠦᠯᠬᠦ ᠶᠢ ᠲᠦᠷᠭᠡᠳᠬᠡᠨ᠎ᠡ᠃ ︽ᠬᠦᠷᠢᠶᠡᠯᠡᠩ ᠤᠨ ᠳᠣᠲᠣᠷᠠᠬᠢ ᠬᠦᠷᠢᠶᠡᠯᠡᠩ᠂ ᠬᠦᠷᠢᠶᠡᠯᠡᠩ ᠤᠨ ᠳᠣᠲᠣᠷᠠᠬᠢ ᠲᠣᠭᠤᠷᠢᠭ︾ ᠤᠨ ᠬᠥᠭᠵᠢᠯᠲᠡ ᠶᠢᠨ ᠰᠡᠳᠬᠢᠮᠵᠢ ᠶᠣᠰᠣᠭᠠᠷ᠂ ᠤᠰᠤ᠂ ᠴᠠᠬᠢᠯᠭᠠᠨ᠂ ᠰᠢᠲᠠᠮᠠᠬᠠᠶ ᠬᠡᠶ᠂ ᠳᠤᠯᠠᠭᠠᠯᠠᠭ᠎ᠠ᠂ ᠵᠠᠮ ᠬᠤᠭᠤᠯᠠᠶ ᠶᠢᠨ ᠲᠣᠤᠷ ᠵᠡᠷᠭᠡ ᠲᠥᠬᠦᠷ ᠪᠡᠯᠡᠳᠬᠡᠮᠵᠢ ᠶᠢᠨ ᠲᠤᠲᠠᠭᠳᠠᠯ ᠢ ᠲᠦᠷᠭᠡᠳᠬᠡᠨ ᠨᠥᠬᠦᠪᠥᠷᠢᠯᠡᠵᠦ᠂ ᠳ᠋ᠠᠱᠢᠵᠠᠢ ᠵᠡᠭᠡᠯᠢ᠂  ᠬᠤᠷᠢᠨ ᠵᠡᠭᠡᠯᠢ᠂ ᠰᠢᠨ ᠸᠧᠶ ᠳᠥᠷᠪᠡᠳᠦᠭᠡᠷ ᠵᠡᠭᠡᠯᠢ ᠵᠡᠷᠭᠡ ᠵᠠᠮ ᠤᠨ ᠶᠡᠷᠦᠩᠬᠡᠶᠢᠯᠡᠭᠰᠡᠨ ᠢᠨᠵᠧᠨᠧᠷᠢᠩ ᠢ ᠠᠬᠢᠭᠤᠯᠤᠨ᠂ ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠤᠶᠠᠳᠤᠭᠠᠷ ᠬᠤᠭᠤᠴᠠᠭ᠎ᠠ᠂ ᠠᠵᠤ ᠦᠢᠯᠡᠳᠪᠦᠷᠢ ᠶᠢᠨ ᠰᠢᠭᠠᠷᠤ ᠶᠢᠨ ᠲᠠᠯᠠᠪᠠᠶ ᠶᠢᠨ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠵᠤ᠂ ᠣᠯᠠᠨ ᠡᠰᠢᠵᠢᠭᠰᠡᠨ ᠪᠣᠬᠢᠷᠲᠤᠯ ᠥᠬᠡᠶ ᠢᠳᠡᠭᠡᠨ ᠭᠠᠳᠠᠭᠰᠢ ᠭᠠᠷᠭᠠᠬᠤ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠤᠨ᠎ᠠ᠃ ᠬᠦᠷᠢᠶᠡᠯᠡᠩ ᠲᠣᠭᠤᠷᠢᠭ ᠤᠨ ᠲᠣᠣᠷ ᠰᠦᠯᠵᠢᠶᠡᠨ ᠤ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠭᠤᠷᠪᠠᠳᠠᠬᠢ ᠡᠲᠡᠭᠡᠳ ᠤᠨ ᠯᠠᠪᠯᠠᠯᠭ᠎ᠠ ᠶᠢᠨ ᠪᠠᠶᠢᠭᠤᠯᠤᠮᠵᠢ ᠶᠢ ᠣᠷᠣᠭᠤᠯᠵᠤ ᠢᠷᠡᠨ᠂ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ︽ᠮᠦ ᠪᠦᠷᠢ ᠶᠢᠨ ᠤᠨᠠᠯᠲᠠ ᠶᠢᠨ ᠦᠷ᠎ᠡ ᠠᠰᠢᠭ︾ ᠢ ᠳᠡᠭᠡᠭᠰᠢᠯᠡᠭᠦᠯᠬᠦ ᠪᠠᠷ ᠭᠤᠣᠯ ᠪᠣᠯᠭᠠᠨ᠂ ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠬᠦ᠂ ᠡᠨᠧᠷᠭᠢ ᠠᠷᠪᠢᠯᠠᠵᠤ ᠬᠤᠷᠣᠭᠳᠠᠯ ᠢ ᠪᠠᠭᠤᠷᠠᠭᠤᠯᠤᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠪᠠᠷ ᠭᠤᠣᠯᠳᠠᠯᠭ᠎ᠠ ᠪᠣᠯᠭᠠᠵᠤ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠢᠯᠡᠳᠬᠦ᠂ ᠪᠣᠬᠢᠷᠲᠤᠯ ᠦᠭᠡᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨᠵᠡᠭᠡᠶ ᠡᠳ᠋ᠰᠢᠬᠦᠯᠬᠦ ᠵᠡᠷᠭᠡ ᠠᠵᠤ ᠦᠢᠯᠡᠰ ᠢ ᠬᠦᠴᠦᠯᠡᠨ ᠣᠷᠣᠭᠤᠯᠵᠤ ᠢᠷᠡᠨ᠎ᠡ᠃ ︽ᠤᠷᠢᠳᠠᠪᠠᠷ ᠳᠡᠯᠭᠡᠨ ᠦᠵᠡᠭᠦᠯᠵᠦ᠂ ᠳᠠᠷᠠᠭ᠎ᠠ ᠨᠢ ᠦᠢᠯᠡᠳᠪᠦᠷᠢ ᠪᠠᠶᠢᠭᠤᠯᠬᠤ︾ ᠠᠷᠭ᠎ᠠ ᠮᠠᠶ᠋ᠢᠭ ᠢ ᠬᠡᠷᠡᠭᠯᠡᠨ᠂ ᠪᠣᠬᠢᠷᠲᠤᠯ ᠦᠭᠡᠢ ᠢᠳᠡᠭᠡᠨ ᠵᠢᠴᠢ ᠲᠥᠬᠦᠷ ᠠᠵᠤ ᠦᠢᠯᠡᠰ ᠢ ᠲᠠᠲᠠᠵᠤ ᠢᠳᠡᠭᠡᠨ ᠡᠳ᠋ᠰᠢᠭᠦᠯᠬᠦ ᠬᠦᠷᠢᠶᠡᠯᠡᠩ ᠲᠣᠭᠤᠷᠢᠭ ᠲᠤ ᠣᠷᠣᠭᠤᠯᠤᠨ ᠰᠠᠭᠤᠯᠭᠠᠵᠤ᠂ ᠪᠣᠬᠢᠷᠲᠤᠯ ᠦᠭᠡᠢ ᠢᠳᠡᠭᠡᠨ ᠡᠳ᠋ᠰᠢᠭᠦᠯᠬᠦ ᠪᠠᠷᠠᠭ᠎ᠠ ᠶᠢᠨ ᠭᠦᠢᠯᠭᠡᠭᠡᠨ ᠤ ᠶᠡᠷᠦᠩᠬᠡᠶᠢᠯᠡᠭᠰᠡᠨ ᠲᠣᠭᠤᠷᠢᠭ ᠤᠨ ᠪᠦᠬᠦ ᠲᠠᠯ᠎ᠠ ᠪᠠᠷ ᠠᠵᠢᠯ ᠡᠬᠢᠯᠡᠬᠦ ᠶᠢ ᠠᠬᠢᠭᠤᠯᠤᠨ᠂ ᠴᠢᠨᠠᠷ ᠰᠠᠶᠢᠲᠠᠢ ᠬᠥᠭᠵᠢᠯᠲᠡ ᠳᠤ ᠰᠠᠭᠤᠷᠢ ᠪᠠᠲᠤᠯᠠᠭ᠎ᠠ ᠶᠢ ᠰᠠᠶᠢᠲᠤᠷ ᠬᠢᠨ᠎ᠡ᠃    ︵ᠳᠥᠷᠪᠡ︶  ᠵᠤᠭᠠᠴᠠᠯ ᠢ ᠬᠥᠭᠵᠢᠭᠦᠯᠦᠨ᠂ ᠠᠷᠠᠯᠵᠢᠶ᠎ᠠ ᠬᠤᠳᠠᠯᠳᠤᠭ᠎ᠠ ᠶᠢ ᠠᠮᠢᠳᠤᠯᠢᠭ ᠪᠠᠶᠢᠯᠭᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠨᠠᠩ ᠡᠷᠴᠢᠮᠲᠡᠶ ᠬᠥᠳᠡᠯᠭᠡᠭᠦᠷ ᠢ ᠪᠣᠶ ᠪᠣᠯᠭᠠᠨ᠎ᠠ᠃       ᠣᠨᠴᠠᠯᠢᠭᠲᠤ ᠵᠤᠭᠠᠴᠠᠯ ᠤᠨ ᠦᠢᠯᠡᠰ ᠢ ᠦᠷᠭᠦᠯᠵᠢᠯᠡᠨ ᠰᠠᠶᠢᠲᠤᠷ ᠠᠳᠬᠤᠵᠤ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠦᠢᠯᠡᠰ ᠢ ᠲᠦᠷᠭᠡᠳᠬᠡᠨ ᠪᠣᠶᠢᠵᠢᠭᠤᠯᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠰ ᠢ ᠪᠤᠶᠢᠵᠢᠭᠤᠯᠤᠨ ᠬᠥᠭᠵᠢᠭᠦᠯᠵᠦ᠂ ᠦᠢᠯᠡᠴᠢᠯᠡᠭᠡᠨ ᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠳᠡᠰ ᠳᠠᠪᠬᠤᠷᠭ᠎ᠠ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃    ᠣᠨᠴᠠᠯᠢᠭᠲᠤ ᠵᠤᠭᠠᠴᠠᠯ ᠤᠨ ᠦᠢᠯᠡᠰ ᠢ ᠵᠦᠷᠢᠶᠡᠵᠢᠭᠦᠯᠦᠨ ᠬᠥᠭᠵᠢᠭᠦᠯᠦᠨ᠎ᠡ᠃ ︽ᠪᠠᠶᠠᠨ ᠬᠠᠩᠭᠠᠢ ᠲᠠᠯ᠎ᠠ ᠨᠤᠲᠤᠭ᠂ ᠪᠠᠭ᠋ᠠᠷᠤᠮ᠎ᠠ ᠰᠠᠶᠢᠬᠠᠨ ᠤᠨᠠᠭᠠᠨ ᠪᠠᠭᠤᠴᠠ︾ ᠭᠡᠬᠦ ᠵᠤᠭᠠᠴᠠᠯ ᠤᠨ ᠨᠡᠷᠡᠲᠦ ᠲᠡᠮᠳᠡᠭ ᠢ ᠡᠭᠦᠳᠴᠦ᠂ ᠬᠠᠶᠢᠯᠠᠰᠤᠲᠠᠢ ᠭᠤᠣᠯ ᠵᠤᠭᠠᠴᠠᠯ ᠤᠨ ᠣᠷᠣᠨ᠂ ᠮᠠᠨᠵᠤᠲ᠋ᠦ᠋ᠨ ᠪᠠᠶᠢᠭᠠᠯᠢ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠱᠦ ᠮᠦ ᠭᠧᠦ᠂ ᠪᠤᠷᠭᠠᠰᠤᠲᠠᠢ ᠵᠤᠭᠠᠴᠠᠯ ᠤᠨ ᠥᠷᠲᠡᠭᠡ ᠶᠢ ᠪᠠᠶᠢᠭᠤᠯᠵᠤ᠂ ᠲᠤᠬᠤᠮ ᠰᠤᠷ ᠬᠠᠷᠪᠤᠯᠲᠠ ᠶᠢᠨ ᠣᠷᠳᠣᠨ ᠢ ᠪᠠᠶᠢᠭᠤᠯᠤᠨ᠂ ᠵᠤᠭᠠᠴᠠᠯ ᠤᠨ ᠲᠡᠮᠳᠡᠭ ᠢ ᠨᠡᠮᠡᠵᠦ᠂ ᠵᠤᠭᠠᠴᠠᠯ ᠤᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ ᠠᠳᠤᠭᠤᠨ ᠤ ᠠᠵᠤ ᠦᠢᠯᠡᠰ ᠬᠢᠭᠡᠳ ᠵᠤᠭᠠᠴᠠᠯ ᠤᠨ ᠦᠢᠯᠡᠰ ᠤᠨ ᠠᠭᠤᠰᠤᠯᠴᠠᠯ ᠬᠠᠷᠢᠯᠴᠠᠨ ᠠᠬᠢᠭᠤᠯᠤᠯᠴᠠᠬᠤ ᠶᠢ ᠠᠬᠢᠭᠤᠯᠵᠤ᠂ ᠠᠳᠤᠭᠤᠨ ᠤ ᠠᠵᠤ ᠦᠢᠯᠡᠰ ᠲᠠᠢ ᠬᠠᠮᠢᠶ᠎ᠠ ᠪᠥᠬᠦᠶ ᠤᠷᠤᠯᠳᠤᠭᠠᠨ ᠤ ᠲᠣᠭᠯᠠᠯᠲᠠ᠂ ᠮᠤᠷᠢ ᠤᠨᠤᠬᠤ ᠰᠡᠯᠡᠭᠦᠴᠡᠯ ᠤᠨ ᠬᠡᠯᠪᠡᠷᠢ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ︽ᠮᠣᠷᠢᠨ ᠨᠢᠷᠤᠭᠤᠨ ᠳᠡᠭᠡᠷᠡᠬᠢ ᠠᠵᠤ ᠠᠬᠤᠶ︾ ᠶᠢ ᠬᠥᠭᠵᠢᠭᠦᠯᠦᠨ᠎ᠡ᠃ ᠯᠢᠦᠢ ᠱᠦᠢ ᠪᠠ ᠳᠡᠮᠡᠭᠡᠨ ᠭᠡᠬᠦ ᠬᠤᠶᠠᠷ ᠵᠤᠭᠠᠴᠠᠯ ᠤᠨ ᠱᠤᠭᠤᠮ ᠢ ᠨᠡᠭᠡᠭᠡᠨ ᠬᠥᠭᠵᠢᠭᠦᠯᠵᠦ᠂ ᠷᠠᠰᠢᠶᠠᠨ ᠯᠤᠭ᠎ᠠ ︽ᠵᠤᠭᠠᠴᠠᠯ ᠤᠨ ᠬᠤᠯᠪᠣᠭᠠᠲᠤ ᠴᠣᠭᠴᠠ︾ ᠶᠢ ᠪᠠᠶᠢᠭᠤᠯᠵᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠠᠶᠠᠨᠴᠢᠳ ᠤᠨ ᠢᠷᠡᠯᠲᠡ ᠶᠢ ᠬᠠᠷᠢᠯᠴᠠᠨ ᠬᠦᠷᠭᠡᠬᠦ ᠶᠢ ᠪᠡᠶᠡᠯᠡᠭᠦᠯᠦᠨ᠎ᠡ᠃ ᠵᠤᠭᠠᠴᠠᠯ ᠬᠢᠭᠡᠳ ᠲᠠᠷᠢᠶᠠᠯᠠᠩ ᠮᠠᠯ ᠠᠵᠤ ᠠᠬᠤᠶ᠂ ᠰᠣᠶᠣᠯ᠂ ᠰᠤᠷᠭᠠᠨ ᠬᠥᠮᠦᠵᠢᠯ ᠵᠡᠷᠭᠡ ᠠᠵᠤ ᠦᠢᠯᠡᠰ ᠤᠨ ᠭᠦᠨ ᠠᠭᠤᠰᠤᠯᠴᠠᠯ ᠢ ᠠᠬᠢᠭᠤᠯᠵᠤ᠂ ︽ᠬᠠᠪᠤᠷ ᠥᠩᠭᠡ ᠪᠦᠷᠢ ᠶᠢᠨ ᠴᠡᠴᠡᠭ ᠢ ᠰᠣᠨᠢᠷᠬᠠᠬᠤ᠂ ᠵᠤᠨ ᠲᠠᠯ᠎ᠠ ᠨᠤᠲᠤᠭ ᠢᠶᠠᠷ ᠵᠤᠭᠠᠴᠠᠬᠤ᠂ ᠨᠠᠮᠤᠷ ᠲᠤᠲᠤᠷᠭ᠎ᠠ ᠶᠢᠨ ᠳᠠᠯᠠᠢ ᠶᠢ ᠰᠣᠨᠢᠷᠬᠠᠬᠤ᠂ ᠡᠪᠦᠯ ᠮᠥᠰᠥ ᠴᠠᠰᠤ ᠪᠠᠷ ᠨᠠᠭᠠᠳᠬᠤ︾ ᠪᠥᠬᠦ ᠤᠯᠠᠷᠢᠯ ᠤᠨ  ᠵᠤᠭᠠᠴᠠᠯ ᠤᠨ ᠪᠠᠶᠢᠷᠢᠰᠢᠯ ᠢ ᠪᠦᠷᠢᠯᠳᠦᠭᠦᠯᠦᠨ᠎ᠡ᠃ ᠬᠢᠩᠭᠠᠨ ᠠᠶᠢᠮᠠᠭ ᠤᠨ ᠨᠠᠭᠠᠳᠤᠮ ᠤᠨ ᠬᠤᠷᠠᠯ ᠢ ᠦᠷᠭᠦᠯᠵᠢᠯᠡᠨ ᠰᠠᠶᠢᠲᠤᠷ ᠡᠷᠬᠢᠯᠡᠵᠦ᠂ ︽ᠵᠠᠰᠠᠭᠲᠤ ᠶᠢᠨ ᠡᠪᠦᠯ ᠤᠨ ᠦᠵᠡᠮᠵᠢ︾᠂ ︽ᠵᠠᠰᠠᠭᠲᠤ ᠶᠢᠨ ᠦᠨᠦᠷ ᠠᠮᠲᠠ︾ ᠲᠠᠯ᠎ᠠ ᠨᠤᠲᠤᠭ ᠤᠨ ᠰᠣᠶᠣᠯ ᠵᠤᠭᠠᠴᠠᠯ ᠤᠨ ᠬᠦᠳᠡᠯᠭᠡᠭᠡᠨ ᠢ ᠰᠢᠨ᠎ᠡ ᠪᠠᠷ ᠡᠭᠦᠳᠦᠨ ᠡᠷᠬᠢᠯᠡᠵᠦ᠂ ᠤᠯᠠᠭᠠᠨᠮᠣᠳᠣ ᠶᠢᠨ ᠲᠠᠯ᠎ᠠ ᠨᠤᠲᠤᠭ ᠤᠨ ᠰᠣᠶᠣᠯ ᠵᠤᠭᠠᠴᠠᠯ ᠤᠨ ᠨᠠᠶᠢᠷ ᠢ ᠦᠷᠭᠦᠯᠵᠢᠯᠡᠨ ᠳᠡᠭᠡᠭᠰᠢᠯᠡᠭᠦᠯᠵᠦ᠂ ᠪᠦᠲᠦᠭᠡᠭᠳᠡᠬᠦᠨ ᠤ ᠲᠠᠲᠠᠬᠤ ᠬᠦᠴᠦᠨ ᠢ ᠨᠡᠮᠡᠭᠳᠡᠭᠦᠯᠵᠦ᠂ ᠵᠤᠭᠠᠴᠠᠯ ᠤᠨ ᠬᠥᠭᠵᠢᠯᠲᠡ ᠶᠢᠨ ᠣᠷᠣᠨ ᠵᠠᠢ ᠶᠢ ᠥᠷᠭᠡᠳᠬᠡᠨ᠎ᠡ᠃ ᠵᠤᠭᠠᠴᠠᠯ ᠤᠨ ᠪᠡᠯᠡ ᠣᠷᠣᠭᠤᠯᠤᠯᠲᠠ ᠶᠢᠨ ᠺᠣᠮᠫᠠᠨᠢ ᠪᠠᠶᠢᠭᠤᠯᠵᠤ᠂ ᠨᠡᠷᠡᠳᠤ ᠵᠤᠭᠠᠴᠠᠯ ᠤᠨ ᠬᠤᠷᠰᠢᠶ᠎ᠠ ᠶᠢ ᠣᠷᠣᠭᠤᠯᠤᠨ ᠠᠪᠴᠢᠷᠠᠵᠤ᠂ ᠲᠦᠷᠪᠡᠨ ᠵᠦᠭ ᠤᠨ ᠵᠣᠴᠢᠳ ᠨᠠᠶᠢᠵᠠ ᠨᠥᠬᠦᠳ ᠢ ᠬᠠᠯᠠᠭᠤᠨ ᠢᠶᠠᠷ ᠤᠭᠲᠤᠨ᠎ᠠ᠃ ︽ᠲᠤᠤᠷ ᠳᠡᠭᠡᠷᠡᠬᠢ ᠬᠢᠩᠭᠠᠨ ᠠᠶᠢᠮᠠᠭ︾ ᠤᠨ ᠲᠠᠪᠴᠠᠩ ᠢ ᠠᠰᠢᠭᠯᠠᠨ᠂ ᠵᠤᠭᠠᠴᠠᠭᠰᠠᠳ ᠲᠤ ᠰᠦᠯᠵᠢᠶᠡᠨ ᠳᠡᠭᠡᠷ᠎ᠡ ᠥᠪᠡᠰᠦᠪᠡᠨ ᠦᠢᠯᠡᠴᠢᠯᠡᠬᠦ ᠶᠢ ᠪᠡᠶᠡᠯᠡᠭᠦᠯᠵᠦ᠂ ᠵᠤᠭᠠᠴᠠᠯ ᠤᠨ ᠠᠵᠤ ᠦᠢᠯᠡᠰ ᠢ ᠰᠣᠶᠣᠯ ᠤᠨ ᠲᠠᠯ᠎ᠠ ᠪᠠᠷ ︽ᠦᠯᠢᠬᠡᠷ ᠲᠠᠢ︾᠂ ᠥᠩᠭᠡ ᠦᠵᠡᠮᠵᠢ ᠶᠢᠨ ᠲᠠᠯ᠎ᠠ ᠪᠠᠷ ︽ᠦᠵᠡᠮᠵᠢ ᠲᠠᠢ︾ ᠂ ᠠᠵᠤ ᠠᠬᠤᠶ ᠶᠢᠨ ᠲᠠᠯ᠎ᠠ ᠪᠠᠷ ︽ᠤᠷᠤᠯᠭ᠎ᠠ ᠲᠠᠢ︾ ᠪᠣᠯᠭᠠᠨ᠎ᠠ᠃    ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠦᠢᠯᠡᠰ ᠢ ᠣᠯᠠᠨ ᠡᠰᠢᠵᠢᠭᠦᠯᠦᠨ ᠬᠥᠭᠵᠢᠭᠦᠯᠦᠨ᠎ᠡ᠃  ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠬᠤᠰᠢᠭᠤ ᠰᠢᠶᠠᠩ ᠲᠣᠰᠬᠤᠨ ᠭᠤᠷᠪᠠᠨ ᠱᠠᠲᠤᠨ ᠤ ᠪᠠᠷᠠᠭᠠᠨ ᠤ ᠭᠦᠶᠯᠭᠡᠭᠡᠨ ᠤ ᠳᠣᠭᠢᠷᠠᠭᠤᠯᠤᠨ ᠬᠦᠷᠭᠡᠬᠦ ᠰᠢᠰᠲ᠋ᠧᠮᠵᠢ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ᠲᠤᠰᠬᠠᠶᠢᠵᠢᠭᠰᠠᠨ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠬᠦ ᠪᠦᠯᠬᠦᠮ ᠨᠡᠶᠢᠲᠡ ᠶᠢ ᠪᠤᠶᠢᠵᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠤᠨ ᠬᠡᠪᠴᠢᠶᠡᠵᠢᠨ ᠬᠥᠭᠵᠢᠬᠦ ᠶᠢ ᠠᠬᠢᠭᠤᠯᠤᠨ᠂ ᠪᠥᠬᠦ ᠵᠢᠯ ᠳᠤ ᠡᠯᠧᠺᠲᠷᠣᠨ ᠬᠤᠳᠠᠯᠳᠤᠭᠠᠨ ᠤ ᠵᠢᠵᠢᠭ ᠪᠢᠴᠢᠯ ᠠᠵᠤ ᠠᠬᠤᠶᠢᠯᠠᠯ ᠢ 30 % ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠲᠤᠭ᠎ᠠ ᠶᠢ 2.5 ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ ᠬᠤᠰᠢᠭᠤᠨ ᠤ ᠳᠣᠲᠣᠭᠠᠳᠤ ᠵᠢᠴᠢ ᠡᠷᠭᠢᠨ ᠲᠣᠭᠤᠷᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠵᠡᠷᠭᠡ ᠲᠡᠭᠡᠭᠡᠪᠦᠷᠢ ᠶᠢᠨ ᠡᠬᠢ ᠪᠠᠶᠠᠯᠢᠭ ᠲᠤ ᠲᠦᠰᠢᠭᠯᠡᠨ᠂ ᠪᠠᠷᠠᠭ᠎ᠠ ᠶᠢᠨ ᠬᠦᠢᠯᠭᠡᠭᠡᠨ ᠤ ᠲᠡᠭᠡᠭᠡᠪᠦᠷᠢ ᠶᠢᠨ ᠺᠣᠮᠫᠠᠨᠢ ᠶᠢ ᠪᠠᠶᠢᠭᠤᠯᠤᠨ᠎ᠠ᠃ ᠪᠡᠭᠡᠵᠢᠩ ᠬᠤᠲᠠ ᠶᠢᠨ ᠬᠥᠮᠥᠷᠭᠡᠯᠡᠨ ᠬᠠᠳᠠᠭᠠᠯᠠᠬᠤ ᠰᠠᠭᠤᠷᠢᠨ ᠭᠠᠵᠠᠷ ᠤᠨ ᠬᠠᠮᠤᠭ ᠤᠨ ᠶᠡᠭᠡ ᠦᠷ᠎ᠡ ᠠᠰᠢᠭ ᠢ ᠪᠠᠳᠠᠷᠠᠭᠤᠯᠵᠤ᠂ ᠨᠠᠨᠵᠢᠩ ᠬᠤᠲᠠ ᠶᠢᠨ ᠲᠠᠷᠢᠶᠠᠯᠠᠩ ᠤᠨ ᠣᠨᠴᠠ ᠰᠢᠯᠢᠳᠡᠭ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠲᠥᠪ ᠤᠨ ᠲᠣᠭᠲᠠᠭᠤᠨ ᠢᠶᠠᠷ ᠠᠵᠢᠯᠯᠠᠬᠤ ᠶᠢ ᠠᠬᠢᠭᠤᠯᠤᠨ᠎ᠠ᠃ ᠢᠳᠡᠭᠡᠨ ᠤ ᠬᠦᠷᠢᠶᠡᠯᠡᠩ ᠲᠣᠭᠤᠷᠢᠭ ᠤᠨ ᠦᠵᠡᠰᠬᠦᠯᠡᠩ ᠤᠨ ᠲᠥᠪ ᠤᠨ ᠦᠢᠯᠡᠴᠢᠯᠡᠭᠡᠨ ᠤ ᠴᠢᠳᠠᠮᠵᠢ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠵᠦ᠂ ᠦᠵᠡᠰᠬᠦᠯᠡᠩ ᠤᠨ ᠠᠵᠤ ᠠᠬᠤᠶ ᠪᠠᠷ ᠭᠤᠣᠯ ᠪᠣᠯᠭᠠᠭᠰᠠᠨ ᠰᠢᠨ᠎ᠡ ᠮᠠᠶ᠋ᠢᠭ ᠤᠨ ᠠᠵᠤ ᠠᠬᠤᠶ ᠶᠢᠨ ᠡᠵᠡᠩᠨᠡᠯᠲᠡ ᠶᠢᠨ ᠪᠠᠶᠢᠳᠠᠯ ᠢ ᠲᠦᠷᠭᠡᠳᠬᠡᠨ ᠪᠤᠶᠢᠵᠢᠭᠤᠯᠤᠨ᠎ᠠ᠃ ᠵᠡᠭᠦᠨ ᠬᠤᠶᠢᠲᠤ ᠠᠽᠢᠶ᠎ᠠ ᠶᠢᠨ ᠵᠢᠵᠢᠭ ᠲᠠᠸᠠᠷ ᠤᠨ ᠣᠯᠠᠨ ᠤᠯᠤᠰ ᠤᠨ ᠠᠷᠠᠯᠵᠢᠶ᠎ᠠ ᠬᠤᠳᠠᠯᠳᠤᠭᠠᠨ ᠤ ᠬᠤᠲᠠ ᠶᠢᠨ ᠬᠡᠷᠡᠭᠯᠡᠭᠡ ᠶᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠠᠷᠠᠯᠵᠢᠶ᠎ᠠ ᠬᠤᠳᠠᠯᠳᠤᠭᠠᠨ ᠤ ᠶᠠᠪᠠᠭᠠᠨ ᠵᠡᠭᠡᠯᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠮᠠᠰᠢᠨ ᠲᠡᠷᠭᠡᠨ ᠤ ᠰᠣᠶᠣᠯ ᠤᠨ ᠨᠠᠶᠢᠷ᠂ ᠡᠯᠧᠺᠲᠷᠣᠨ ᠬᠤᠳᠠᠯᠳᠤᠭᠠᠨ ᠤ ᠬᠤᠳᠠᠯᠳᠤᠭ᠎ᠠ ᠵᠡᠷᠭᠡ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠮᠦᠨᠡᠲᠦ ᠬᠤᠰᠢᠭᠤᠨ ᠤ ︽ᠨᠡᠷ᠎ᠡ ᠠᠯᠳᠠᠷ︾ ᠢ ᠮᠠᠨᠳᠤᠭᠤᠯᠵᠤ᠂ ︽ᠬᠤᠳᠠᠯᠳᠤᠭᠠᠨ ᠤ ᠰᠤᠷᠲᠠᠯ︾ ᠢ ᠬᠥᠭᠵᠢᠭᠦᠯᠦᠨ᠎ᠡ᠃    ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠰ ᠢ ᠲᠤᠰᠬᠠᠶᠢᠵᠢᠭᠤᠯᠤᠨ ᠬᠥᠭᠵᠢᠭᠦᠯᠦᠨ᠎ᠡ᠃ ᠤᠯᠤᠰ ᠤᠨ ᠥᠮᠴᠢᠯᠡᠯᠲᠦ ᠬᠤᠳᠠᠯᠳᠤᠭᠠᠨ ᠤ ᠪᠠᠩᠬᠢ ᠶᠢᠨ ᠦᠢᠯᠡᠳᠦᠯ ᠢ ᠪᠠᠳᠠᠷᠠᠭᠤᠯᠤᠨ᠂ ᠪᠠᠩᠬᠢ ᠪᠠ ᠠᠵᠤ ᠠᠬᠤᠶᠢᠯᠠᠯ ᠢ ᠵᠣᠯᠭᠠᠭᠤᠯᠬᠤ ᠬᠡᠪᠰᠢᠵᠢᠭᠰᠡᠨ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠮᠥᠩᠭᠦᠨ ᠬᠦᠢᠯᠭᠡᠭᠡᠨ ᠤ ᠦᠢᠯᠡᠴᠢᠯᠡᠭᠡ ᠶᠢ ᠴᠢᠩᠭᠠᠷᠠᠭᠤᠯᠤᠨ᠂ ᠮᠥᠩᠭᠦᠨ ᠭᠦᠢᠯᠭᠡᠭᠡᠨ ᠤ ᠦᠢᠯᠡᠳᠭᠦᠨ ᠤ ᠰᠢᠨ᠎ᠡ ᠶᠢ ᠡᠭᠦᠳᠴᠦ ᠂ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢ ᠴᠢᠩᠭᠠᠷᠠᠭᠤᠯᠤᠨ᠂ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠲᠦᠢᠯ ᠤᠨ ᠣᠨᠣᠪᠴᠢᠲᠠᠶ ᠪᠠᠷ ᠲᠣᠬᠢᠷᠠᠯᠴᠠᠭᠤᠯᠤᠨ᠎ᠠ᠃ ᠤᠯᠤᠰ ᠤᠨ ᠥᠮᠴᠢᠯᠡᠯᠲᠦ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠮᠠᠯ ᠤᠨᠤᠭ᠎ᠠ ᠂ ᠲᠠᠷᠢᠶᠠᠯᠠᠩ ᠤᠨ ᠮᠠᠰᠢᠨ ᠪᠠᠭᠠᠵᠢ᠂ ᠲᠦᠭᠦᠬᠡᠶ ᠮᠠᠲ᠋ᠧᠷᠢᠶᠠᠯ ᠵᠡᠷᠭᠡ ᠬᠥᠳᠡᠯᠬᠦ ᠬᠥᠷᠥᠩᠭᠡ ᠪᠣᠯᠤᠨ ᠲᠠᠷᠢᠶᠠᠨ ᠭᠠᠵᠠᠷ᠂ ᠣᠶᠢᠲᠤ ᠭᠠᠵᠠᠷ᠂ ᠪᠡᠯᠴᠢᠭᠡᠷ ᠵᠡᠷᠭᠡ ᠲᠤᠭᠳᠠᠮᠠᠯ ᠬᠥᠷᠥᠩᠭᠡ ᠶᠢ ᠪᠠᠷᠢᠴᠠᠭᠠᠯᠠᠬᠤ ᠬᠡᠪᠴᠢᠶᠡᠨ ᠳᠤ ᠣᠷᠣᠭᠤᠯᠤᠨ᠂ ᠵᠢᠵᠢᠭ ᠪᠢᠴᠢᠯ ᠠᠵᠤ ᠠᠬᠤᠶᠢᠯᠠᠯ ᠪᠣᠯᠤᠨ ︽ᠮᠠᠯ ᠠᠵᠤ ᠠᠬᠤᠶ ᠲᠠᠷᠢᠶᠠᠯᠠᠩ᠂ ᠲᠠᠷᠢᠶᠠᠯᠠᠬᠤ ᠮᠠᠯᠵᠢᠬᠤ ᠣᠷᠣᠨ᠂ ᠮᠠᠯᠴᠢᠨ ᠲᠠᠷᠢᠶᠠᠴᠢᠨ︾ ᠤ ᠪᠠᠯᠠ ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠢ ᠪᠦᠲᠦᠮᠵᠢᠲᠡᠶ ᠨᠠᠮᠳᠠᠭᠤᠯᠤᠨ᠎ᠠ᠃ ᠠᠲᠠᠷ ᠬᠠᠭᠠᠯᠪᠤᠷᠢᠯᠠᠯᠲᠠ ᠶᠢᠨ ᠦᠢᠯᠡᠳᠪᠦᠷᠢᠯᠡᠯ ᠤᠨ ᠬᠥᠷᠥᠩᠭᠡ ᠶᠢᠨ ᠺᠣᠮᠫᠠᠨᠢ ᠶᠢᠨ ᠨᠡᠪᠴᠢᠭᠦᠯᠬᠦ ᠦᠢᠯᠡᠰ ᠲᠤ ᠫᠠᠶᠢᠰᠠ ᠡᠯᠭᠦᠭᠰᠡᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠤᠯᠤᠰ ᠠᠴᠠ ᠣᠯᠭᠤᠭᠰᠠᠨ ᠪᠠᠷᠠᠭᠤᠨ ᠬᠡᠰᠡᠭ ᠤᠨ ᠭᠠᠵᠠᠷ ᠣᠷᠣᠨ ᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠪᠠᠯᠠ ᠲᠣᠬᠢᠷᠠᠭᠤᠯᠬᠤ᠂ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ᠂ ᠨᠡᠶᠢᠯᠡᠭᠦᠯᠦᠨ ᠬᠤᠳᠠᠯᠳᠤᠨ ᠠᠪᠴᠤ ᠳᠠᠬᠢᠨ ᠪᠠᠶᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢ ᠬᠦᠢᠴᠡᠳ ᠰᠠᠶᠢᠲᠤᠷ ᠬᠡᠷᠡᠭᠯᠡᠵᠦ᠂ ᠰᠢᠭᠤᠳ ᠪᠠᠯᠠ ᠲᠣᠬᠢᠷᠠᠭᠤᠯᠬᠤ ᠬᠡᠪᠴᠢᠶ᠎ᠡ ᠶᠢ ᠥᠷᠭᠡᠳᠬᠡᠨ᠎ᠡ᠃ ᠬᠤᠰᠢᠭᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠪᠣᠯᠭᠠᠨ ᠥᠭᠡᠷᠡᠴᠢᠯᠡᠬᠦ ᠠᠬᠢᠴᠠ ᠶᠢ ᠲᠦᠷᠭᠡᠳᠬᠡᠵᠦ᠂ ᠰᠠᠭᠤᠷᠢ ᠮᠥᠩᠭᠦᠨ ᠤ ᠵᠢᠵᠢᠭ ᠪᠠᠯᠭᠠᠰᠤᠨ ᠤ ᠮᠥᠩᠭᠦᠨ ᠭᠦᠢᠯᠭᠡᠭᠡᠨ ᠤ ᠳᠠᠯᠳᠠ ᠬᠦᠴᠦᠨ ᠢ ᠠᠭᠤᠳᠠᠯᠵᠤ᠂ ᠡᠳ᠋ ᠪᠠᠶᠠᠯᠢᠭ ᠤᠨ ᠲᠣᠮᠣ ᠠᠰᠠᠷ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ ᠶᠢ ᠪᠡᠶᠡᠯᠡᠭᠦᠯᠦᠨ᠎ᠡ᠃ ᠤᠯᠤᠰ ᠤᠨ ᠥᠮᠴᠢᠯᠡᠯᠲᠦ ᠪᠠᠯᠠ ᠲᠣᠬᠢᠷᠠᠭᠤᠯᠭ᠎ᠠ ᠶᠢᠨ ᠲᠠᠪᠴᠠᠩ ᠤᠨ ᠥᠭᠡᠷᠡᠴᠢᠯᠡᠯᠲᠡ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠠᠵᠠᠷ ᠰᠢᠷᠣᠶ ᠶᠢ ᠨᠡᠭᠡᠭᠡᠨ ᠬᠥᠭᠵᠢᠭᠦᠯᠬᠦ᠂ ᠲᠥᠷᠥᠯ ᠵᠤᠶᠢᠯ ᠢ ᠣᠷᠣᠯᠠᠨ ᠪᠠᠶᠢᠭᠤᠯᠬᠤ᠂ ᠬᠥᠳᠡᠭᠡ ᠲᠣᠰᠬᠤᠨ ᠤ ᠥᠮᠴᠢᠯᠡᠬᠦ ᠡᠷᠬᠡ ᠶᠢᠨ ᠠᠷᠠᠯᠵᠢᠶ᠎ᠠ ᠵᠡᠷᠭᠡ ᠲᠤᠬᠠᠶᠢᠯᠠᠭᠰᠠᠨ ᠠᠵᠢᠯ ᠢ ᠢᠳᠡᠪᠬᠢᠲᠡᠶ ᠥᠷᠨᠢᠭᠦᠯᠦᠨ᠂ ᠡᠳᠦᠷ ᠲᠤᠲᠤᠮ ᠤᠨ ᠬᠢᠨᠠᠨ ᠬᠠᠮᠢᠶᠠᠷᠴᠤ ᠰᠢᠯᠭᠠᠨ ᠬᠢᠨᠠᠬᠤ ᠶᠢ ᠴᠢᠩᠭᠠᠳᠬᠠᠵᠤ᠂ ᠠᠵᠤ ᠠᠬᠤᠶᠢᠯᠠᠯ ᠤᠨ ᠪᠣᠳᠠᠲᠤ ᠬᠦᠴᠦᠨ ᠪᠠ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠴᠢᠩᠭᠠᠷᠠᠭᠤᠯᠤᠨ᠎ᠠ᠃     ︵ᠲᠠᠪᠤ︶ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠨᠢᠭᠡᠳᠦᠯᠲᠡᠢ ᠲᠥᠯᠥᠪᠵᠢᠭᠦᠯᠬᠦ ᠶᠢ ᠠᠬᠢᠭᠤᠯᠬᠤ ᠶᠢ ᠪᠠᠷᠢᠮᠲᠠᠯᠠᠵᠤ᠂ ᠨᠠᠩ ᠵᠣᠬᠢᠴᠠᠩᠭᠤᠢ ᠬᠤᠲᠠ ᠬᠥᠳᠡᠭᠡ ᠶᠢᠨ ᠬᠥᠭᠵᠢᠯᠲᠡ ᠶᠢ ᠠᠬᠢᠭᠤᠯᠤᠨ᠎ᠠ᠃ ᠨᠠᠷᠢᠯᠢᠭ ᠲᠥᠯᠥᠪᠵᠢᠭᠦᠯᠬᠦ᠂ ᠨᠠᠷᠢᠯᠢᠭ ᠪᠥᠲᠥᠭᠡᠨ ᠪᠠᠶᠢᠭᠤᠯᠬᠤ᠂ ᠨᠠᠷᠢᠯᠢᠭ ᠬᠠᠮᠢᠶᠠᠷᠬᠤ ᠶᠢ ᠪᠠᠷᠢᠮᠲᠠᠯᠠᠵᠤ᠂ ᠦᠵᠡᠰᠬᠦᠯᠡᠩ ᠰᠠᠶᠢᠬᠠᠨ ᠠᠮᠢ ᠠᠬᠤᠶ ᠶᠢᠨ ᠡᠮᠦᠨᠡᠲᠦ ᠬᠤᠰᠢᠭᠤ ᠶᠢ ᠲᠦᠷᠭᠡᠳᠬᠡᠨ ᠪᠠᠶᠢᠭᠤᠯᠵᠤ᠂ ᠬᠤᠲᠠ ᠶᠢ ᠨᠠᠩ ᠴᠢᠨᠠᠷ ᠴᠢᠨᠰᠠᠭ᠎ᠠ ᠲᠠᠢ ᠪᠣᠯᠭᠠᠵᠤ᠂ ᠬᠥᠳᠡᠭᠡ ᠲᠣᠰᠬᠤᠨ ᠢ ᠨᠠᠩ ᠠᠮᠢᠵᠢᠷᠠᠯ ᠤᠨ ᠬᠦᠴᠦᠨ ᠲᠠᠢ ᠪᠣᠯᠭᠠᠵᠤ᠂ ᠣᠷᠴᠢᠨ ᠲᠣᠭᠤᠷᠢᠨ ᠢ ᠨᠠᠩ ᠦᠵᠡᠰᠬᠦᠯᠡᠩᠲᠦ ᠰᠠᠶᠢᠬᠠᠨ ᠪᠣᠯᠭᠠᠨ᠎ᠠ᠃     ᠲᠠᠷᠬᠠᠳ ᠤᠨ ᠵᠣᠷᠢᠭ ᠰᠠᠨᠠᠭ᠎ᠠ ᠪᠠᠷ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠲᠠ ᠶᠢᠨ ᠪᠣᠷᠣ ᠲᠥᠯᠥᠪ ᠢ ᠥᠷᠭᠡᠳᠬᠡᠵᠦ᠂ ᠬᠤᠲᠠ ᠶᠢᠨ ᠴᠢᠳᠠᠪᠬᠢ ᠶᠢ ᠲᠡᠭᠦᠯᠳᠡᠷᠵᠢᠭᠦᠯᠵᠦ᠂ ᠬᠤᠲᠠ ᠶᠢᠨ ᠨᠠᠷᠠᠲᠤ ᠲᠡᠮᠳᠡᠭ ᠢ ᠰᠢᠨᠡᠳᠬᠡᠵᠦ᠂ ᠣᠷᠣᠰᠢᠨ ᠠᠮᠢᠳᠤᠷᠠᠬᠤ ᠦᠢᠯᠡᠰ ᠪᠦᠲᠦᠭᠡᠬᠦ ᠵᠤᠭᠠᠴᠠᠨ ᠲᠣᠭᠤᠷᠢᠬᠤ ᠳᠤ ᠲᠣᠬᠢᠷᠠᠮᠵᠢᠲᠠᠶ ᠣᠳᠣᠬᠢᠴᠢᠯᠠᠭᠰᠠᠨ ᠠᠮᠢ ᠠᠬᠤᠶ ᠶᠢᠨ ᠬᠤᠲᠠ ᠶᠢ ᠪᠥᠬᠦ ᠬᠦᠴᠦᠨ ᠢᠶᠠᠷ ᠴᠣᠭᠴᠠᠯᠠᠨ᠎ᠠ᠃ ᠬᠤᠲᠠ ᠶᠢᠨ ᠤᠮᠠᠷᠠᠳᠡᠬᠢ ᠰᠢᠨ᠎ᠡ ᠲᠣᠭᠤᠷᠢᠭ ᠢ ᠡᠭᠦᠳᠦᠨ ᠪᠠᠶᠢᠭᠤᠯᠬᠤ ᠲᠠᠢ ᠤᠶᠠᠯᠳᠤᠭᠤᠯᠤᠨ᠂ ᠲᠢᠶᠠᠨ ᠵᠢᠶᠤᠤ ᠬᠤᠶᠢᠲᠦ ᠵᠠᠮ᠂ ᠮᠧᠢ ᠶᠤᠸᠠᠨ ᠬᠤᠶᠢᠲᠦ ᠵᠠᠮ ᠵᠡᠷᠭᠡ 10 ᠵᠤᠷᠪᠤᠰ ᠬᠤᠲᠠ ᠶᠢᠨ ᠶᠠᠪᠤᠳᠠᠯ ᠤᠨ ᠵᠠᠮ ᠤᠨ ᠢᠨᠵᠧᠨᠧᠷᠢᠩ ᠢ ᠬᠡᠷᠡᠭᠵᠢᠭᠦᠯᠵᠦ᠂ ᠣᠳᠣ ᠦᠶ᠎ᠡ ᠶᠢᠨ ᠰᠤᠷᠭᠠᠨ ᠬᠥᠮᠦᠵᠢᠯ ᠤᠨ ᠠᠵᠤ ᠦᠢᠯᠡᠰ ᠤᠨ ᠬᠦᠷᠢᠶᠡᠯᠡᠩ᠂ ᠰᠣᠶᠣᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ᠂ ᠺᠠᠩ ᠶᠠᠩ ᠠᠵᠤ ᠦᠢᠯᠡᠰ ᠤᠨ ᠬᠦᠷᠢᠶᠡᠯᠡᠩ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢ ᠭᠤᠣᠯᠳᠠᠯᠭ᠎ᠠ ᠲᠠᠢ ᠪᠦᠵᠢᠭᠤᠯᠤᠨ᠎ᠠ᠃ ᠬᠤᠲᠠ ᠶᠢᠨ ᠡᠮᠦᠨᠡᠬᠢ ᠰᠢᠨ᠎ᠡ ᠲᠣᠭᠤᠷᠢᠭ ᠢ ᠪᠠᠶᠢᠭᠤᠯᠬᠤ ᠲᠣᠭᠤᠷᠢᠨ ᠳᠤ᠂ ᠶᠢᠨ ᠪᠢᠨ ᠡᠮ ᠡᠮᠨᠡᠯᠭᠡ ᠰᠤᠪᠢᠯᠠᠯᠲᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠵᠢᠷᠦᠬᠡᠨ ᠵᠡᠭᠡᠯᠢ᠂ ᠬᠦᠢᠯᠡᠷ ᠵᠠᠮ ᠵᠡᠷᠭᠡ 4 ᠵᠤᠷᠪᠤᠰ ᠬᠤᠲᠠ ᠶᠢᠨ ᠶᠠᠪᠤᠳᠠᠯ ᠤᠨ ᠵᠠᠮ ᠤᠨ ᠢᠨᠵᠧᠨᠧᠷᠢᠩ ᠢ ᠬᠡᠷᠡᠭᠵᠢᠭᠦᠯᠦᠨ᠎ᠡ᠃ ᠬᠤᠲᠠ ᠶᠢᠨ ᠭᠤᠤᠯ ᠲᠣᠭᠤᠷᠢᠭ ᠢ ᠪᠦᠲᠦᠭᠡᠨ ᠪᠠᠶᠢᠭᠤᠯᠬᠤ ᠲᠣᠭᠤᠷᠢᠨ ᠳᠤ᠂ ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠤᠷᠴᠢᠨ ᠲᠠᠯ᠎ᠠ ᠬᠤᠲᠠ ᠶᠢᠨ ᠳᠤᠮᠳᠠᠬᠢ ᠲᠠᠯ᠎ᠠ ᠨᠤᠲᠤᠭ ᠤᠨ ᠲᠥᠷᠥᠯ ᠵᠤᠶᠢᠯ ᠤᠨ ᠠᠬᠢᠴᠠ ᠶᠢ ᠲᠦᠷᠭᠡᠳᠬᠡᠨ᠎ᠡ᠃ ᠬᠤᠲᠠ ᠶᠢᠨ ᠠᠮᠢ ᠠᠬᠤᠶ ᠶᠢ ᠰᠢᠯᠢᠳᠡᠭᠵᠢᠭᠦᠯᠬᠦ ᠶᠢᠨ ᠲᠣᠭᠤᠷᠢᠨ ᠳᠤ᠂ ᠪᠦᠬᠦ ᠵᠢᠯ ᠳᠤ 37 ᠲᠦᠮᠡᠨ ᠲᠡᠭᠰᠢ ᠳᠥᠷᠪᠡᠯᠵᠢᠨ ᠮᠧᠲᠷ ᠨᠣᠭᠤᠭᠠᠷᠠᠭᠤᠯᠤᠯᠲᠠ ᠶᠢ ᠪᠡᠶᠡᠯᠡᠭᠦᠯᠦᠨ᠎ᠡ᠃ ︽ᠭᠤᠣᠯ ᠮᠥᠷᠡᠨ ᠨᠠᠭᠤᠷ ᠴᠥᠭᠦᠷᠥᠮ ᠢ ᠬᠤᠯᠪᠣᠨ ᠨᠡᠪᠲᠡᠷᠡᠭᠦᠯᠬᠦ︾ ᠵᠡᠷᠭᠡ ᠬᠤᠲᠠ ᠶᠢᠨ ᠨᠣᠭᠤᠭᠠᠷᠠᠭᠤᠯᠤᠯᠲᠠ ᠶᠢᠨ ᠦᠵᠡᠮᠵᠢ ᠶᠢᠨ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ︽ᠴᠣᠩᠬᠤ ᠪᠠᠨ ᠨᠡᠭᠡᠭᠡᠪᠡᠰᠦ ᠬᠦᠬᠡ ᠥᠩᠭᠡ ᠶᠢ ᠣᠯᠵᠤ ᠬᠠᠷᠠᠬᠤ᠂ ︽ᠠᠯᠬᠤᠭᠠᠳ ᠭᠠᠷᠪᠠᠰᠦ ᠭᠤᠶᠤ ᠦᠵᠡᠮᠵᠢ ᠶᠢ ᠤᠯᠵᠦ ᠬᠠᠷᠠᠬᠤ᠂ ᠲᠤᠭᠤᠷᠢᠨ ᠦᠵᠡᠪᠡᠰᠦ ᠭᠡᠷ ᠬᠦᠷᠢᠶ᠎ᠡ ᠶᠢ ᠤᠯᠵᠦ ᠬᠠᠷᠠᠬᠤ︾ 10 ᠮᠢᠨᠦ᠋ᠲ ᠤᠨ ᠬᠤᠲᠠ ᠶᠢᠨ ᠶᠠᠪᠠᠭᠠᠨ ᠰᠡᠯᠡᠭᠦᠴᠡᠯ ᠤᠨ ᠲᠣᠭᠤᠷᠢᠭ ᠢ ᠪᠦᠬᠦ ᠲᠠᠯ᠎ᠠ ᠪᠠᠷ ᠪᠠᠶᠢᠭᠤᠯᠤᠨ᠎ᠠ᠃ ᠬᠤᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢᠨ ᠲᠣᠭᠤᠷᠢᠨ ᠳᠤ᠂ 23 ᠺᠢᠯᠣᠮᠧᠲᠷ ᠪᠢ ᠬᠦᠢ ᠶᠤᠸᠠᠨ᠂ ᠵᠢᠩ ᠱᠦᠢ ᠸᠠᠨ ᠰᠠᠭᠤᠭᠠᠯᠢ ᠲᠣᠭᠤᠷᠢᠭ ᠤᠨ ᠢᠯᠴᠢ ᠬᠠᠩᠭᠠᠬᠤ ᠬᠤᠭᠤᠯᠠᠢ ᠶᠢ ᠥᠭᠡᠷᠡᠴᠢᠯᠡᠵᠦ᠂ 10 ᠺᠢᠯᠣᠮᠧᠲᠷ ᠰᠢᠲᠠᠮᠠᠬᠠᠢ ᠬᠡᠢ ᠶᠢᠨ ᠬᠤᠭᠤᠯᠠᠢ ᠶᠢ ᠳᠡᠪᠢᠰᠦᠨ᠎ᠡ᠃ ᠵᠠᠰᠠᠭᠲᠤ ᠵᠡᠭᠡᠯᠢ᠂ ᠬᠠᠰᠠᠷ ᠵᠡᠭᠡᠯᠢ ᠵᠡᠷᠭᠡ ᠤᠰᠤ ᠬᠠᠩᠭᠠᠬᠤ ᠬᠤᠭᠤᠯᠠᠢ ᠲᠣᠣᠷ ᠢ ᠥᠭᠡᠷᠡᠴᠢᠯᠡᠨ ᠪᠠᠶᠢᠭᠤᠯᠵᠤ᠂ 16 ᠰᠠᠭᠤᠭᠠᠯᠢ ᠲᠣᠭᠤᠷᠢᠭ ᠤᠨ ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠲᠠ ᠶᠢᠨ ᠬᠥᠮᠦᠰ ᠤᠨ ᠠᠩᠬᠠᠷᠤᠯ ᠢ ᠲᠥᠪᠯᠡᠷᠡᠭᠦᠯᠬᠦ ᠶᠢᠨ ᠲᠣᠭᠤᠷᠢᠨ ᠳᠤ᠂ ᠾᠧ ᠫᠠᠨ ᠬᠤᠸᠠ ᠲᠢᠩ᠂ ᠲᠢᠶᠠᠨ ᠷᠦᠢ ᠬᠤᠸᠠ ᠹᠦ᠋ ᠵᠡᠷᠭᠡ ᠰᠠᠭᠤᠭᠠᠯᠢ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠤᠨ ᠬᠡᠷᠡᠭᠯᠡᠯᠲᠡ ᠶᠢ ᠳᠡᠯᠭᠡᠷᠡᠭᠦᠯᠵᠦ᠂ 200 ᠲᠦᠮᠡᠨ ᠲᠡᠭᠰᠢ ᠳᠥᠷᠪᠡᠯᠵᠢᠨ ᠮᠧᠲᠷ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠠᠯᠠᠪᠠᠶ ᠶᠢ ᠪᠤᠢ ᠪᠣᠯᠭᠠᠬᠤ ᠪᠠᠷ ᠴᠢᠷᠮᠠᠶᠢᠨ᠎ᠠ᠃ 550 ᠡᠷᠦᠬᠡ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠠᠷᠠᠳ ᠣᠯᠠᠨ ᠤ ᠰᠠᠭᠤᠬᠤ ᠠᠴᠠ ᠣᠷᠣᠨ ᠰᠠᠭᠤᠴᠠ ᠲᠠᠢ ᠪᠠᠶᠢᠬᠤ ᠶᠢ ᠪᠠᠲᠤᠯᠠᠨ᠎ᠠ᠃ ᠬᠤᠲᠠ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠣᠭᠤᠷᠢᠨ ᠳᠤ᠂ ᠬᠡᠰᠡᠭ ᠬᠤᠪᠢᠶᠠᠨ ᠳᠠᠭᠠᠭᠠᠴᠢᠯᠠᠬᠤ᠂ ᠴᠠᠭ ᠬᠤᠶᠢᠰᠢᠯᠠᠭᠤᠯᠤᠨ ᠲᠣᠭᠤᠷᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢ ᠠᠪᠴᠤ᠂ ᠵᠠᠮ ᠡᠵᠡᠯᠡᠨ ᠡᠵᠡᠩᠨᠡᠬᠦ᠂ ᠳᠦᠷᠢᠮ ᠲᠣᠭᠲᠠᠭᠠᠯ ᠠᠴᠠ ᠵᠥᠷᠢᠴᠡᠨ ᠲᠡᠷᠭᠡ ᠵᠣᠭᠰᠣᠬᠤ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ ᠵᠡᠷᠭᠡ ᠭᠡᠮ ᠰᠣᠭᠤᠭ ᠢ ᠪᠦᠲᠦᠮᠵᠢᠲᠡᠶ ᠰᠢᠢᠳᠪᠦᠷᠢᠯᠡᠨ᠎ᠡ᠃ ᠡᠭᠦᠳᠡᠨ ᠡᠮᠦᠨᠡᠬᠢ ︽ᠭᠤᠷᠪᠠ ᠶᠢ ᠳᠠᠭᠠᠭᠠᠴᠢᠯᠠᠬᠤ︾ ᠲᠥᠷᠥ ᠶᠢᠨ ᠪᠣᠳᠣᠯᠭ᠎ᠠ ᠶᠢ ᠴᠢᠩᠭ᠎ᠠ ᠨᠠᠢᠳᠠᠪᠤᠷᠢᠵᠢᠭᠤᠯᠬᠤ᠂ ᠠᠳᠠᠯ ᠠᠬᠤᠢ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠂ ᠬᠥᠮᠦᠨ ᠢᠶᠠᠷ ᠭᠤᠤᠯ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠯᠬᠤᠮ ᠳᠠᠷᠠᠭ᠎ᠠ ᠲᠠᠢ ᠪᠠᠷ ᠠᠬᠢᠭᠤᠯᠤᠨ᠎ᠠ᠃    ᠲᠡᠤᠬᠡ ᠶᠢᠨ ᠬᠠᠷᠢᠭᠤᠴᠠᠯᠭ᠎ᠠ ᠪᠠᠷ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠨ᠎ᠠ᠃ ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠶ᠃ ︽ᠡᠮᠦᠨᠡᠲᠦ ᠬᠤᠰᠢᠭᠤᠨ ᠤ ᠴᠤᠭ ᠰᠦᠯᠳᠡ︾ ᠶᠢ ᠳᠡᠭᠡᠭᠰᠢᠯᠡᠭᠦᠯᠦᠨ᠎ᠡ᠃ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ ᠲᠠᠢ︾ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠲᠤᠰᠬᠠᠶ ᠴᠡᠭᠴᠡᠯᠡᠨ ᠵᠠᠰᠠᠵᠤ᠂ ᠡᠨᠧᠷᠭᠢ ᠬᠡᠷᠡᠭᠯᠡᠬᠦ ᠨᠢᠭᠡᠴᠡ ᠶᠢᠨ ᠨᠡᠭᠦᠷᠡᠰᠦ ᠰᠢᠲᠠᠭᠠᠬᠤ ᠵᠤᠤᠬ᠎ᠠ ᠶᠢ ᠴᠡᠪᠡᠷ ᠡᠨᠧᠷᠭᠢ ᠪᠠᠷ ᠣᠷᠣᠯᠠᠭᠤᠯᠬᠤ ᠶᠢ ᠠᠬᠢᠭᠤᠯᠤᠨ᠂ ᠵᠠᠳᠠᠭᠠᠶ ᠰᠢᠲᠠᠭᠠᠬᠤ ᠶᠢ ᠴᠢᠩᠭ᠎ᠠ ᠬᠢᠵᠠᠭᠠᠷᠯᠠᠵᠤ᠂ ᠭᠤᠤᠯ ᠪᠣᠯᠬᠤ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠪᠠᠭᠠᠰᠬᠠᠨ᠂ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ︽ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠬᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ ︽ᠡᠮᠦᠨᠡᠲᠦ ᠬᠤᠰᠢᠭᠤᠨ ᠤ ᠤᠰᠤᠨ ᠤ ᠴᠢᠨᠠᠷ︾ ᠢ ᠴᠡᠪᠡᠷᠰᠢᠭᠦᠯᠦᠨ᠎ᠡ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠶᠢᠷᠡᠭᠦᠯᠵᠦ᠂ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ ᠶᠢ ᠭᠤᠤᠯᠳᠠᠯᠭ᠎ᠠ ᠲᠠᠢ ᠴᠢᠩᠭᠠᠳᠬᠠᠨ᠂ ᠭᠤᠤᠯ ︵ᠨᠠᠭᠤᠷ︶ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠠᠴᠠ ᠵᠥᠷᠢᠴᠡᠨ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠᠰᠠᠷ ᠢ ᠪᠥᠬᠦ ᠲᠠᠯ᠎ᠠ ᠪᠠᠷ ᠴᠠᠭᠠᠵᠠᠯᠠᠨ᠎ᠠ᠃ ᠴᠠᠷᠠᠰᠤᠨ ᠤᠰᠤᠨ ᠴᠥᠭᠦᠷᠥᠮ ᠤᠨ ᠤᠷᠤᠰᠤᠨ ᠣᠷᠣᠬᠤ ᠣᠷᠣᠨ ᠤ ᠤᠰᠤᠨ ᠤ ᠴᠢᠨᠠᠷ ᠢ ᠴᠡᠪᠡᠷᠰᠢᠭᠦᠯᠬᠦ ᠢᠨᠵᠧᠨᠧᠷᠢᠩ ᠢ ᠲᠦᠯᠬᠢᠨ ᠠᠬᠢᠭᠤᠯᠵᠤ᠂ ᠰᠢᠶᠠᠩ ᠪᠠᠯᠭᠠᠰᠤ ᠶᠢᠨ ᠤᠤᠭᠤᠬᠤ ᠤᠰᠤᠨ ᠤ ᠰᠤᠷᠪᠤᠯᠵᠢ ᠶᠢᠨ ᠭᠠᠵᠠᠷ ᠢ ᠵᠢᠷᠤᠮᠵᠢᠭᠤᠯᠬᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠡᠮᠦᠨᠡᠲᠦ ᠬᠤᠰᠢᠭᠤᠨ ᠤ ᠥᠩᠭᠡ ᠵᠢᠰᠦ ᠶᠢ ᠭᠤᠶᠣᠯᠠᠨ᠎ᠠ᠃ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠶᠢᠷᠡᠭᠦᠯᠵᠦ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠦᠷᠭᠦᠯᠵᠢᠯᠡᠨ ᠵᠠᠰᠠᠵᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠡᠮᠴᠢᠯᠡᠭᠡᠨ ᠤ ᠬᠠᠶᠠᠭᠳᠠᠮᠠᠯ ᠪᠣᠳᠠᠰ ᠵᠡᠷᠭᠡ ᠶᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠪᠠᠶᠢᠴᠠᠭᠠᠯᠲᠠ ᠶᠢ ᠤᠭᠲᠤᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠬᠠᠭᠤᠴᠢᠨ ᠲᠠᠩᠰᠠ ᠪᠠᠨ ᠳᠥᠯᠥᠵᠦ᠂ ᠰᠢᠨ᠎ᠡ ᠥᠷᠢ ᠭᠠᠷᠭᠠᠬᠤ ᠥᠬᠡᠶ᠃    ᠲᠡᠨᠡᠭ ᠡᠪᠦᠭᠡᠨ ᠠᠭᠤᠯᠠ ᠶᠢ ᠨᠡᠭᠦᠯᠭᠡᠭᠰᠡᠨ ᠬᠠᠳᠠᠨ ᠵᠣᠷᠢᠭ ᠢᠶᠠᠷ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ G5511᠂ S203 ᠱᠤᠭᠤᠮ ᠵᠡᠷᠭᠡ 4 ᠵᠤᠷᠪᠤᠰ ᠳᠡᠭᠡᠲᠦ ᠲᠡᠰ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠬᠢᠯᠢ ᠶᠢᠨ ᠬᠠᠮᠠᠭᠠᠯᠠᠯᠲᠠ ᠶᠢᠨ ᠭᠠᠯ ᠰᠡᠷᠭᠡᠶᠢᠯᠡᠬᠦ ᠵᠠᠮ᠂ ᠲᠣᠬᠤᠮ ᠠᠴᠠ ᠤᠯᠠᠭᠠᠠᠭᠤᠤᠯ ᠬᠦᠷᠬᠦ ᠵᠠᠰᠠᠮᠠᠯ ᠵᠠᠮ ᠤᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠬᠤ ᠪᠠᠷ ᠴᠢᠷᠮᠠᠶᠢᠵᠤ᠂ ᠯᠢᠩ ᠳ᠋ᠢᠶᠠᠨ ᠠᠴᠠ ᠪᠣᠭᠳᠠ ᠠᠭᠤᠯᠠ ᠬᠦᠷᠬᠦ᠂ ᠤᠯᠠᠭᠠᠨᠮᠤᠲᠤ ᠠᠴᠠ ᠠᠯᠲᠠᠨ ᠡᠮᠡᠭᠡᠯ ᠬᠦᠷᠬᠦ ᠵᠡᠷᠭᠡ 5 ᠲᠥᠷᠥᠯ ᠵᠦᠢᠯ ᠤᠨ ᠪᠠᠷᠢᠯᠭ᠎ᠠ ᠳᠠᠭᠤᠰᠴᠤ ᠲᠡᠷᠭᠡ ᠨᠡᠪᠲᠡᠷᠡᠬᠦ ᠶᠢ ᠠᠬᠢᠭᠤᠯᠤᠨ᠎ᠠ᠃ ᠰᠣᠯᠣᠨ᠂ ᠬᠤᠷᠴᠢᠨ ᠤ 66 ᠺᠢᠯᠤᠸᠠᠲ ᠤᠨ ᠭᠤᠣᠯ ᠬᠤᠪᠢᠰᠬᠠᠬᠤ ᠥᠷᠭᠡᠳᠬᠡᠨ ᠪᠠᠶᠢᠭᠤᠯᠬᠤ ᠪᠠᠷᠢᠯᠭ᠎ᠠ ᠪᠣᠯᠤᠨ ᠬᠦᠬᠡ ᠮᠠᠯᠵᠢᠯ ᠤᠨ ᠲᠠᠯᠠᠪᠠᠢ  ᠠᠴᠠ ᠶᠤᠸᠠᠢ ᠶᠢᠨ ᠮᠠᠯᠵᠢᠯ ᠤᠨ ᠲᠠᠯᠠᠪᠠᠢ ᠬᠦᠷᠬᠦ ᠱᠤᠭᠤᠮ᠂ ᠳᠡᠪᠰᠡᠭ ᠠᠴᠠ ᠳ᠋ᠠᠱᠢᠵᠠᠢ ᠬᠦᠷᠬᠦ ᠱᠤᠭᠤᠮ ᠤᠨ 66 ᠺᠢᠯᠣᠸᠠᠲ ᠤᠨ ᠱᠤᠭᠤᠮ ᠢ ᠥᠭᠡᠷᠡᠴᠢᠯᠡᠬᠦ ᠪᠠᠷᠢᠯᠭ᠎ᠠ ᠶᠢ ᠡᠬᠢᠯᠡᠭᠦᠯᠦᠨ᠎ᠡ᠃ ᠵᠢᠷᠦᠬᠡᠨ ᠪᠠᠯᠭᠠᠰᠤᠨ ᠤ ᠬᠤᠩ ᠴᠢ ᠲᠤᠰᠬᠤᠨ ᠤ 66 ᠺᠢᠯᠣᠸᠠᠲ ᠤᠨ ᠬᠦᠴᠦᠳᠡᠯ ᠬᠤᠪᠢᠰᠬᠠᠬᠤ ᠢᠨᠵᠧᠨᠧᠷᠢᠩ ᠢ ᠬᠡᠷᠡᠭᠵᠢᠭᠦᠯᠵᠦ᠂ ᠵᠦᠩ ᠭᠤᠸᠠᠩ ᠾᠧ ᠶᠢᠨ 500 ᠺᠢᠯᠣᠸᠠᠲ ᠤᠨ ᠰᠠᠯᠬᠢᠨ ᠴᠠᠬᠢᠯᠭᠠᠨ ᠬᠦᠷᠭᠡᠬᠦ ᠢᠨᠵᠧᠨᠧᠷᠢᠩ ᠢ ᠲᠦᠷᠭᠡᠳᠬᠡᠨ ᠠᠬᠢᠭᠤᠯᠵᠤ᠂ 10 ᠺᠢᠯᠣᠸᠠᠲ ᠵᠢᠴᠢ ᠲᠡᠭᠦᠨ ᠠᠴᠠ ᠳᠣᠷᠣᠭᠰᠢ 315.1 ᠺᠢᠯᠣᠮᠧᠲᠷ ᠤᠨ ᠴᠠᠬᠢᠯᠭᠠᠨ ᠱᠤᠭᠤᠮ ᠢ ᠥᠭᠡᠷᠡᠴᠢᠯᠡᠨ ( ᠥᠷᠭᠡᠳᠬᠡᠨ ) ᠪᠠᠶᠢᠭᠤᠯᠤᠨ᠎ᠠ᠃ ᠤᠯᠤᠰ ᠤᠨ ᠰᠢᠨ᠎ᠡ ᠰᠠᠭᠤᠷᠢ ᠪᠥᠲᠥᠭᠡᠨ ᠪᠠᠶᠢᠭᠤᠯᠤᠯᠲᠠ ᠶᠢ ᠵᠣᠷᠢᠭᠵᠢᠭᠤᠯᠬᠤ ᠢᠨᠵᠧᠨᠧᠷᠢᠩ ᠤᠨ ᠲᠣᠭᠤᠷᠢᠨ ᠳᠤ ᠲᠣᠭᠠᠴᠢᠯᠠᠭᠰᠠᠨ ᠠᠵᠤ ᠠᠬᠤᠶ ᠶᠢ ᠲᠦᠷᠭᠡᠳᠬᠡᠨ ᠬᠥᠭᠵᠢᠭᠦᠯᠵᠦ᠂ 5G ᠳᠣᠬᠢᠶᠠᠨ ᠤ ᠰᠠᠭᠤᠷᠢ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ ᠬᠢᠭᠡᠳ ᠪᠣᠳᠠᠲᠤ ᠴᠣᠭᠴᠠ ᠶᠢᠨ ᠠᠵᠤ ᠠᠬᠤᠶ᠂ ᠨᠡᠶᠢᠭᠡᠮ ᠤᠨ ᠵᠠᠰᠠᠯᠲᠠ᠂ ᠣᠯᠠᠨ ᠨᠡᠶᠢᠲᠡ ᠶᠢᠨ ᠦᠶᠯᠡᠴᠢᠯᠡᠭᠡ ᠵᠡᠷᠭᠡ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃     ︵ᠵᠢᠷᠭᠤᠭ᠎ᠠ︶ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠪᠤᠶᠠᠨ ᠵᠢᠷᠭᠠᠯ ᠢ ᠨᠡᠮᠡᠭᠳᠡᠭᠦᠯᠬᠦ ᠶᠢ ᠪᠠᠷᠢᠮᠲᠠᠯᠠᠵᠤ᠂ ᠨᠠᠩ ᠡᠷᠬᠡ ᠲᠡᠭᠰᠢ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃  ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠢᠮᠠᠭᠲᠠ ᠪᠠᠲᠤ ᠰᠠᠬᠢᠵᠤ᠂ ᠤᠯᠠᠨ ᠲᠦᠮᠡᠨ ᠤ 《 ᠪᠠᠴᠢᠮ ᠲᠤᠯᠭᠠᠮ᠂ ᠬᠦᠴᠢᠷ ᠵᠣᠪᠠᠭᠤᠷᠢ᠂ ᠬᠦᠰᠡᠯ ᠡᠷᠡᠮᠡᠯᠵᠡᠯ 》 ᠤᠨ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠳᠤ ᠨᠡᠩ ᠤᠯᠠᠨ᠂ ᠨᠡᠩ ᠰᠢᠭᠤᠳ᠂ ᠨᠡᠩ ᠪᠣᠳᠠᠲᠠᠢ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠣᠯᠭᠤᠬᠤ ᠬᠡᠷᠡᠭᠲᠡᠢ᠃ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠰᠠᠶᠢᠲᠤᠷ ᠠᠳᠬᠤᠨ᠎ᠠ᠃ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠢᠭᠡᠳᠦᠭᠡᠷ ᠲᠤᠬᠢᠶ᠎ᠠ ᠪᠣᠯᠭᠠᠵᠤ᠂ ᠬᠡᠷᠡᠭᠴᠡᠭᠡ ᠶᠢ ᠠᠷᠠᠳ ᠠᠴᠠ ᠠᠰᠠᠭᠤᠬᠤ᠂ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠬᠤ᠂ ᠪᠠᠶᠢᠳᠠᠯ ᠢ ᠠᠷᠠᠳ ᠠᠴᠠ ᠠᠰᠠᠭᠤᠬᠤ ᠶᠢ ᠪᠠᠷᠢᠮᠲᠠᠯᠠᠵᠤ᠂ ᠬᠦᠴᠦᠨ ᠢᠶᠠᠨ ᠲᠥᠪᠯᠡᠷᠡᠭᠦᠯᠦᠨ ᠨᠢᠭᠡ ᠪᠦᠯᠦᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠢᠶᠠᠷ ᠲᠣᠭᠲᠠᠭᠠᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠨ᠎ᠡ᠃ ᠥᠷᠭᠡᠨ ᠢᠶᠠᠷ ᠡᠯᠰᠡᠨ ᠴᠤᠭᠯᠠᠭᠤᠯᠬᠤ᠂ ᠣᠯᠠᠨ ᠡᠭᠡᠯᠵᠢ ᠪᠠᠷ ᠰᠢᠯᠢᠨ ᠰᠣᠩᠭᠤᠬᠤ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠴᠠᠬᠢᠯᠭᠠᠨ ᠲᠣᠤᠷ ᠤᠨ ᠥᠭᠡᠷᠡᠴᠢᠯᠡᠯᠲᠡ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠤ ᠬᠤᠯᠪᠣᠭᠳᠠᠭᠰᠠᠨ 10 ᠵᠢᠱᠢᠭᠳᠡᠭᠰᠡᠨ ᠵᠦᠶᠯᠡᠰ ᠢ ᠡᠮᠬᠢᠯᠡᠨ ᠪᠦᠷᠢᠯᠳᠦᠭᠦᠯᠵᠠᠢ᠃ ᠪᠢᠯᠧᠲ ᠢᠶᠠᠷ ᠰᠢᠶᠳᠪᠦᠷᠢ ᠭᠠᠷᠭᠠᠵᠤ ᠲᠣᠭᠲᠠᠭᠠᠭᠰᠠᠨ ᠤ ᠳᠠᠷᠠᠭ᠎ᠠ᠂ ᠪᠢᠳᠡ ᠳᠡᠭᠡᠳᠦ ᠬᠡᠮᠵᠢᠶ᠎ᠡ  ᠪᠠᠷ ᠬᠠᠷᠢᠭᠤᠴᠠᠬᠤ ᠣᠪᠣᠷ ᠢᠶᠠᠷ ᠡᠭᠦᠷᠭᠡ ᠪᠠᠨ ᠨᠠᠷᠢᠯᠢᠭᠵᠢᠭᠤᠯᠤᠨ ᠵᠠᠳᠠᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠢᠯᠯᠠᠭᠠᠨ ᠬᠠᠮᠢᠶᠠᠷᠤᠯᠲᠠ ᠪᠠᠨ ᠵᠢᠷᠤᠮᠵᠢᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠣᠯᠠᠨ ᠳᠤ ᠠᠰᠢᠭ ᠲᠤᠰᠠ ᠬᠦᠷᠲᠡᠭᠡᠵᠦ᠂ ᠠᠷᠠᠳ ᠣᠯᠠᠨ ᠢ ᠰᠡᠳᠬᠢᠯ ᠬᠠᠨᠤᠮᠵᠢᠲᠠᠶ ᠪᠣᠯᠭᠠᠨ᠎ᠠ      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠰᠠᠶᠢᠲᠤᠷ ᠠᠳᠬᠤᠨ᠎ᠠ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠢᠮᠠᠭᠲᠠ ᠬᠢᠨᠠᠭᠤᠷ ᠪᠣᠯᠭᠤᠮᠵᠢᠲᠠᠢ ᠪᠠᠶᠢᠵᠤ᠂ ᠮᠡᠷᠡᠶᠢᠨ ᠴᠢᠷᠮᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠬᠢᠬᠦ ᠬᠡᠷᠡᠭᠲᠡᠢ᠃ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ ᠪᠥᠭᠡᠳ ᠪᠣᠳᠠᠲᠠᠶ ᠨᠠᠶᠢᠳᠠᠪᠤᠷᠢᠵᠢᠭᠤᠯᠵᠤ᠂ ︽ᠳᠥᠷᠪᠡᠨ ᠡᠷᠲᠡ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠪᠣᠳᠠᠲᠠᠶ ᠪᠥᠭᠡᠳ ᠨᠠᠷᠢᠯᠢᠭ ᠠᠳᠬᠤᠵᠤ᠂ ᠬᠥᠮᠦᠨ᠂ ᠪᠣᠳᠠᠰ᠂ ᠣᠷᠴᠢᠨ ᠲᠣᠭᠤᠷᠢᠨ ᠢ ᠬᠠᠮᠲᠤ ᠪᠠᠷ ᠰᠡᠷᠭᠡᠶᠢᠯᠡᠬᠦ ᠶᠢ ᠪᠠᠷᠢᠮᠲᠠᠯᠠᠨ᠎ᠠ᠃ ᠡᠮᠴᠢᠯᠡᠭᠡᠨ ᠤ ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠵᠤ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠸᠠᠺᠼᠢᠨ ᠤ ᠲᠠᠷᠢᠯᠭ᠎ᠠ ᠶᠢᠨ ᠠᠵᠢᠯ ᠢ ᠰᠠᠶᠢᠲᠤᠷ ᠬᠢᠵᠦ᠂ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠷᠲᠡ ᠢᠯᠡᠷᠡᠭᠦᠯᠬᠦ᠂ ᠲᠦᠷᠭᠡᠨ ᠰᠢᠢᠳᠪᠦᠷᠢᠯᠡᠬᠦ᠂ ᠣᠨᠣᠴᠠᠲᠠᠢ ᠬᠠᠮᠢᠶᠠᠷᠤᠨ ᠡᠵᠡᠮᠳᠡᠬᠦ᠂ ᠪᠦᠲᠦᠮᠵᠢᠲᠡᠢ ᠠᠪᠤᠷᠠᠨ ᠵᠠᠰᠠᠬᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠦᠷᠢᠨᠰᠢᠬᠦᠯᠵᠤ᠂ ᠰᠡᠷᠭᠡᠶᠢᠯᠡᠨ ᠡᠵᠡᠮᠳᠡᠬᠦ ᠲᠣᠣᠷ ᠢ ᠤᠯᠠᠮ ᠴᠢᠨᠠᠭᠰᠢᠳᠠ ᠨᠢᠭᠲᠠ ᠰᠦᠯᠵᠢᠵᠦ᠂ ᠬᠢᠯᠪᠠᠷ ᠪᠤᠰᠤ ᠪᠠᠷ ᠣᠯᠤᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠦᠨ᠎ᠡ᠃    ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠴᠢᠩᠭ᠎ᠠ ᠠᠳᠬᠤᠨ᠎ᠠ᠃ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃ ᠬᠢᠯᠢ ᠶᠢᠨ ᠳᠣᠲᠣᠷ᠎ᠠ ᠭᠠᠳᠠᠨᠠᠬᠢ ᠳᠠᠶᠢᠰᠤᠩᠨᠠᠭᠴᠢ ᠬᠦᠴᠦᠨ ᠤ ᠨᠡᠪᠴᠢᠯᠲᠡ ᠨᠤᠷᠠᠭᠠᠯᠲᠠ ᠬᠢᠬᠦ᠂ ᠲᠦᠢᠪᠡᠭᠡᠯᠭᠡ ᠡᠪᠳᠡᠯᠡᠭᠡ ᠬᠢᠬᠦ ᠬᠦᠳᠡᠯᠭᠡᠭᠡᠨ ᠢ ᠴᠢᠩᠭ᠎ᠠ ᠰᠡᠷᠭᠡᠶᠢᠯᠡᠨ ᠲᠡᠭᠦᠨ ᠳᠤ ᠴᠣᠬᠢᠯᠲᠠ ᠥᠭᠴᠦ᠂ ᠦᠨᠳᠦᠰᠦᠲᠡᠨ ᠤ ᠪᠦᠯᠬᠦᠮᠳᠡᠯ ᠢ ᠨᠥᠯᠥᠭᠡᠯᠡᠬᠦ ᠠᠯᠢᠪᠠ ᠴᠤᠬᠤᠶᠢᠯᠲᠠ ᠶᠢᠨ ᠴᠢᠨᠠᠷᠲᠠᠢ ᠠᠰᠠᠭᠤᠳᠠᠯ ᠪᠠ ᠲᠠᠯᠳᠠ ᠴᠢᠨᠠᠷᠲᠠᠢ ᠠᠶᠤᠯ ᠲᠦᠭᠰᠢᠭᠦᠷᠢ ᠶᠢ ᠳᠡᠭᠡᠳᠦ ᠬᠡᠮᠵᠢᠶ᠎ᠡ ᠪᠠᠷ ᠰᠡᠷᠡᠮᠵᠢᠯᠡᠨ᠎ᠡ᠃ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠣᠨᠴᠠᠯᠢᠭ ᠪᠦᠬᠦᠢ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠤᠯᠤᠰ ᠠᠴᠠ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠬᠢᠴᠢᠶᠡᠯ ᠰᠢᠨᠵᠢᠯᠡᠭᠡᠨ ᠤ ᠵᠢᠭᠠᠨ ᠰᠤᠷᠭᠠᠯᠲᠠ ᠪᠠ ᠪᠠᠭᠰᠢ ᠶᠢᠨ ᠪᠣᠯᠪᠠᠰᠤᠷᠠᠯ ᠢ ᠴᠢᠩᠭᠠᠳᠬᠠᠨ᠎ᠠ᠃ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠪᠦᠯᠢ ᠪᠤᠯᠬᠤ︾ ᠭᠡᠬᠦ ᠰᠢᠷᠢᠰ ᠬᠦᠳᠡᠯᠭᠡᠭᠡᠨ ᠢ ᠦᠷᠭᠦᠯᠵᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ᠎ᠠ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠦᠨᠳᠦᠰᠦᠨ ᠵᠦᠢᠯ ᠢ ᠪᠠᠲᠤᠯᠠᠬᠤ ᠶᠢ ᠴᠢᠩᠭ᠎ᠠ ᠠᠳᠬᠤᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠨᠠᠰᠤᠵᠢᠯ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠲᠤᠰᠬᠠᠶ ᠠᠵᠢᠯᠯᠠᠭ᠎ᠠ ᠶᠢ ᠥᠷᠨᠢᠭᠦᠯᠦᠨ᠂ ᠠᠭᠤᠰᠬᠢ ᠦᠷᠪᠢᠰᠦᠯ ᠵᠡᠷᠭᠡ ᠭᠤᠤᠯᠳᠠᠯᠭ᠎ᠠ  ᠲᠠᠢ ᠠᠵᠢᠯ ᠲᠥᠷᠥᠯ ᠢ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠳᠤ ᠣᠷᠣᠭᠤᠯᠬᠤ ᠶᠢ ᠠᠬᠢᠭᠤᠯᠤᠨ᠎ᠠ᠃ ᠬᠥᠮᠦᠨ ᠠᠮᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠬᠥᠮᠦᠨ ᠠᠮᠠ ᠶᠢᠨ ᠨᠠᠰᠤᠵᠢᠯ ᠢ ᠢᠳᠡᠪᠬᠢᠲᠡᠶ ᠠᠷᠭᠠᠴᠠᠨ᠎ᠠ᠃ ᠵᠢᠷᠭᠠᠯᠠᠩᠲᠤ ᠬᠦᠷᠢᠶᠡᠯᠡᠩ ᠪᠠ ᠨᠠᠰᠤᠲᠠᠨ ᠢ ᠠᠰᠠᠷᠠᠬᠤ ᠬᠦᠷᠢᠶᠡᠯᠡᠩ ᠢ ᠲᠡᠰ ᠳᠡᠪᠰᠢᠭᠦᠯᠦᠨ ᠥᠭᠡᠷᠡᠴᠢᠯᠡᠵᠦ᠂ ᠭᠡᠷ ᠪᠦᠯᠢ ᠪᠠ ᠨᠡᠶᠢᠭᠡᠮ ᠲᠣᠭᠤᠷᠢᠭ  ᠤᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠂ 《 ᠠᠯᠪᠠᠨ ᠠᠴᠠ ᠪᠠᠶᠢᠭᠤᠯᠵᠤ ᠠᠷᠠᠳ  ᠠᠴᠠ ᠡᠵᠡᠩᠨᠡᠬᠦ 》 ᠨᠠᠰᠤᠵᠢᠯ ᠤᠨ ᠵᠠᠭᠪᠤᠷ ᠢ ᠳᠡᠯᠭᠡᠷᠡᠭᠦᠯᠵᠦ᠂ ᠡᠮᠴᠢᠯᠡᠭᠡ ᠰᠤᠪᠢᠯᠠᠯᠲᠠ ᠶᠢᠨ ᠭᠦᠨᠵᠡᠭᠡᠢ ᠠᠭᠤᠰᠤᠯᠳᠤᠯ ᠢ ᠠᠬᠢᠭᠤᠯᠤᠨ᠂ ᠡᠷᠡᠭᠦᠯᠵᠢᠯ ᠨᠠᠰᠤᠵᠢᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠲᠥᠪ ᠢ ᠥᠷᠭᠡᠳᠬᠡᠨ ᠪᠠᠶᠢᠭᠤᠯᠵᠤ᠂ ᠲᠡᠨᠦᠭᠦᠯ ᠭᠤᠶᠢᠷᠠᠨᠴᠢᠳ ᠢ ᠠᠪᠤᠷᠠᠨ ᠲᠤᠰᠠᠯᠠᠬᠤ ᠬᠠᠮᠢᠶᠠᠷᠤᠯᠲᠠ ᠶᠢ ᠴᠢᠩᠭᠠᠳᠬᠠᠨ᠎ᠠ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ  ᠶᠢᠨ ᠪᠠᠲᠤᠯᠠᠭ᠎ᠠ ᠪᠠ ᠬᠥᠳᠡᠭᠡ ᠲᠣᠰᠬᠤᠨ ᠤ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠪᠠᠲᠤᠯᠠᠭ᠎ᠠ ᠶᠢᠨ ᠪᠠᠷᠢᠮᠵᠢᠶ᠎ᠠ  ᠶᠢ ᠦᠨᠡᠨᠬᠦ ᠳᠡᠭᠡᠭᠰᠢᠯᠡᠭᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠣᠨᠴᠠ ᠬᠦᠴᠢᠷᠳᠡᠯᠲᠡᠶ ᠬᠥᠮᠦᠰ ᠢ 《 ᠭᠠᠭᠴᠠ ᠬᠥᠮᠦᠨ ᠤ ᠡᠷᠦᠬᠡ 》 ᠪᠠᠷ ᠯᠠᠪᠯᠠᠯᠲᠠ ᠪᠣᠯᠭᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠣᠷᠣᠭᠤᠯᠤᠨ᠎ᠠ᠃ ᠴᠡᠷᠢᠭ ᠤᠨ ᠠᠯᠪᠠᠨ ᠠᠴᠠ ᠪᠠᠭᠤᠭᠰᠠᠳ  ᠤᠨ ᠣᠯᠠᠨ ᠨᠡᠶᠢᠲᠡ ᠶᠢᠨ ᠪᠣᠳᠠᠲᠠᠶ ᠪᠤᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠥᠪᠬᠢᠨᠡᠭᠦᠯᠦᠭᠰᠡᠨ ᠤ ᠳᠠᠷᠠᠭ᠎ᠠ ᠠᠵᠢᠯ ᠤᠨ ᠪᠠᠶᠢᠷᠢ ᠠᠴᠠ ᠪᠠᠨ ᠪᠠᠭᠤᠭᠰᠠᠨ 215 ᠴᠡᠷᠢᠭ  ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠤᠨ ᠠᠵᠢᠯ ᠣᠯᠬᠤ ᠠᠰᠠᠭᠤᠳᠠᠯ ᠢ ᠰᠢᠶᠳᠪᠦᠷᠢᠯᠡᠨ᠎ᠡ᠃ ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠪᠤᠷᠭᠠᠰᠤᠲᠠᠢ ᠶᠢᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠲᠠᠯᠠᠪᠠᠢ ᠶᠢ ᠠᠶᠢᠮᠠᠭ ᠤᠨ ᠲᠡᠰ ᠤᠨ ᠲᠥᠬᠦᠭᠡᠷᠦᠮᠵᠢ ᠶᠢᠨ ᠨᠡᠷᠡᠰ ᠲᠤ ᠣᠷᠣᠭᠤᠯᠬᠤ ᠶᠢ ᠠᠬᠢᠭᠤᠯᠤᠨ᠎ᠠ᠃     ᠠᠵᠢᠯ ᠣᠯᠭᠤᠬᠤ ᠦᠢᠯᠡᠰ ᠴᠣᠭᠴᠠᠯᠠᠬᠤ ᠠᠷᠭ᠎ᠠ ᠬᠡᠮᠵᠢᠶ᠎ᠡ ᠶᠢ ᠣᠨᠣᠪᠴᠢᠲᠠᠢ ᠠᠳᠬᠤᠨ᠎ᠠ᠃ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠪᠠ ᠦᠨᠳᠦᠰᠦᠨ ᠵᠤᠶᠢᠯ ᠢ ᠪᠠᠲᠤᠯᠠᠨ ᠲᠥᠪᠬᠢᠨᠡᠭᠦᠯᠬᠦ ᠠᠵᠢᠯ ᠢ ᠰᠠᠶᠢᠲᠤᠷ ᠬᠢᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ᠂ ᠠᠵᠢᠯ ᠤᠯᠬᠤ ᠳᠤ ᠬᠦᠴᠢᠷᠲᠡᠶ ᠬᠥᠮᠦᠰ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠠᠰᠠᠭᠤᠳᠠᠯ ᠢ ᠦᠨᠡᠨ ᠬᠦ ᠰᠢᠢᠳᠪᠦᠷᠢᠯᠡᠨ᠎ᠡ᠃ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠳᠡᠮᠵᠢᠵᠦ᠂ ᠠᠵᠢᠯ ᠣᠯᠭᠤᠵᠤ ᠠᠳᠠᠯ ᠦᠢᠯᠡᠰ ᠴᠣᠭᠴᠠᠯᠠᠬᠤ 3 ᠠᠴᠢᠶᠠᠯᠠᠪᠤᠷᠢ ᠶᠢ ᠰᠢᠨ᠎ᠡ ᠪᠠᠷ ᠨᠡᠮᠡᠭᠳᠡᠭᠦᠯᠦᠨ᠂ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠶᠢ ᠬᠦᠮᠦᠵᠢᠬᠦᠯᠬᠦ ᠰᠠᠭᠤᠷᠢᠨ ᠭᠠᠵᠠᠷ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠵᠤ᠂ 20 ᠲᠥᠷᠥᠯ ᠵᠦᠢᠯ ᠤᠨ ᠳᠠᠯᠳᠠ ᠬᠦᠴᠦᠨ ᠢᠶᠠᠷ ᠶᠡᠭᠡ᠂ ᠵᠢᠱᠢᠶ᠎ᠡ ᠦᠵᠡᠭᠦᠯᠬᠦ ᠦᠷ᠎ᠡ ᠪᠦᠲᠦᠮᠵᠢ ᠪᠠᠷ ᠰᠠᠶᠢᠨ ᠠᠩᠬ᠎ᠠ ᠡᠭᠦᠳᠦᠯᠲᠡ ᠶᠢᠨ ᠬᠡᠯᠪᠡᠷᠢ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠨ᠎ᠠ᠃ ᠪᠦᠬᠦ ᠵᠢᠯ ᠳᠤ ᠬᠤᠲᠠ ᠪᠠᠯᠭᠠᠰᠤᠨ ᠤ 1500 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 3.9% ᠶᠢᠨ ᠳᠣᠲᠣᠷ᠎ᠠ ᠬᠢᠵᠠᠭᠠᠷᠯᠠᠵᠤ᠂ ᠠᠵᠢᠯ ᠦᠭᠡᠢ ᠬᠦᠮᠦᠨ ᠲᠠᠢ ᠭᠡᠷ ᠪᠦᠯᠢ ᠶᠢ ᠬᠥᠳᠡᠯᠦᠩᠭᠦᠢ ᠪᠠᠷ ᠲᠡᠭ ᠪᠣᠯᠭᠠᠬᠤ ᠶᠢ ᠪᠠᠲᠤᠯᠠᠨ᠎ᠠ᠃ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠬᠦᠴᠦᠨ ᠤ ᠬᠠᠮᠵᠢᠯᠴᠠᠭ᠎ᠠ ᠶᠢᠨ ᠡᠷᠴᠢᠮ ᠢ ᠴᠢᠩᠭᠠᠷᠠᠭᠤᠯᠵᠤ᠂ ᠭᠡᠷ ᠠᠬᠤᠶ ᠶᠢᠨ ᠦᠢᠯᠡᠴᠢᠯᠡᠭᠡ᠂ ᠭᠠᠷ ᠨᠡᠬᠡᠮᠡᠯ ᠤᠨ ᠪᠣᠯᠪᠠᠰᠤᠷᠠᠯ ᠤᠨ ᠨᠡᠷᠡᠲᠦ ᠲᠥᠷᠥᠯ ᠲᠡᠮᠳᠡᠭᠲᠦ ᠶᠢ ᠭᠤᠤᠯᠳᠠᠯᠭ᠎ᠠ ᠲᠠᠢ ᠪᠤᠢ ᠪᠣᠯᠭᠠᠵᠤ᠂ ︽ᠬᠦᠯᠦᠰᠦᠨ ᠠᠵᠢᠯᠴᠢᠨ ᠤ ᠰᠢᠭᠤᠳ ᠨᠡᠪᠲᠡᠷᠡᠬᠦ ᠲᠡᠷᠭᠡ︾ ᠵᠡᠷᠭᠡ ᠠᠴᠢᠶᠠᠯᠠᠪᠤᠷᠢ ᠶᠢ ᠰᠠᠶᠢᠲᠤᠷ ᠬᠡᠷᠡᠭᠯᠡᠵᠦ᠂ ᠮᠠᠯᠵᠢᠬᠤ ᠲᠠᠷᠢᠶᠠᠯᠠᠬᠤ ᠣᠷᠣᠨ ᠤ ᠰᠢᠯᠵᠢᠭᠦᠯᠦᠨ ᠠᠵᠢᠯ ᠣᠯᠭᠤᠬᠤ ᠶᠢᠨ ᠵᠣᠬᠢᠶᠠᠨ ᠪᠠᠶᠢᠭᠤᠯᠤᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠴᠢᠳᠠᠪᠤᠷᠢᠲᠠᠨ ᠢ ᠬᠥᠮᠦᠵᠢᠭᠦᠯᠬᠦ ︽ᠮᠢᠩᠭᠠᠨ ᠬᠥᠮᠦᠨ ᠤ ᠲᠥᠯᠥᠪᠯᠡᠭᠡ︾ ᠶᠢ ᠭᠦᠨᠵᠡᠭᠡᠢ ᠬᠡᠷᠡᠭᠵᠢᠭᠦᠯᠵᠦ᠂《 ᠰᠠᠭᠠᠳ ᠥᠬᠡᠶ ᠨᠡᠪᠲᠡᠷᠡᠬᠦ ᠵᠠᠮ 》 ᠢ ᠨᠡᠭᠡᠭᠡᠵᠦ᠂ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ 60 ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠦᠨᠳᠦᠰᠦᠨ ᠱᠠᠲᠤᠨ ᠳᠤ 100 ᠴᠢᠳᠠᠪᠤᠷᠢᠲᠠᠨ ᠢ ᠤᠷᠢᠨ ᠬᠡᠷᠡᠭᠯᠡᠨ᠎ᠡ᠃    ᠰᠤᠷᠭᠠᠨ ᠬᠥᠮᠦᠵᠢᠯ ᠤᠨ ᠶᠠᠰᠤ ᠴᠢᠨᠠᠷ ᠤᠨ ᠳᠡᠭᠡᠭᠰᠢᠯᠡᠯᠲᠡ ᠶᠢ ᠨᠠᠷᠢᠯᠢᠭ ᠠᠳᠬᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠲᠦᠭᠡᠮᠡᠯ ᠠᠰᠢᠭ ᠬᠦᠷᠲᠡᠭᠡᠬᠦ ᠬᠥᠭᠵᠢᠯᠲᠡ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠢ ᠪᠥᠭᠡᠳ ᠴᠢᠨᠠᠷ ᠰᠠᠶᠢᠲᠠᠢ ᠬᠥᠭᠵᠢᠭᠦᠯᠬᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠢ ᠤᠯᠠᠨ ᠶᠠᠩᠵᠤᠴᠢᠯᠠᠨ ᠬᠥᠭᠵᠢᠭᠦᠯᠬᠦ ᠶᠢ ᠲᠦᠯᠬᠢᠨ ᠠᠬᠢᠭᠤᠯᠵᠤ ᠂ ᠣᠨᠴᠠᠭᠠᠢ ᠰᠤᠷᠭᠠᠨ ᠬᠥᠮᠦᠵᠢᠯ ᠢ ᠴᠢᠬᠤᠯᠠᠴᠢᠯᠠᠨ ᠬᠠᠯᠠᠮᠵᠢᠯᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢᠨ ᠠᠭᠤᠰᠤᠯᠳᠤᠯ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠤᠨ᠎ᠠ᠃ ᠰᠤᠷᠭᠠᠨ ᠬᠥᠮᠦᠵᠢᠯ ᠤᠨ ᠪᠠᠶᠢᠷᠢᠰᠢᠯ ᠢ ᠰᠢᠯᠢᠳᠡᠭᠵᠢᠭᠦᠯᠵᠦ᠂ ᠭᠤᠷᠪᠠᠳᠤᠭᠠᠷ ᠪᠠᠭ᠎ᠠ ᠰᠤᠷᠭᠠᠭᠤᠯᠢ ᠶᠢ ᠡᠭᠦᠳᠦᠨ ᠪᠠᠶᠢᠭᠤᠯᠵᠤ᠂ ᠳᠥᠷᠪᠡᠳᠦᠭᠡᠷ ᠬᠡᠤᠬᠡᠳ ᠤᠨ ᠴᠡᠴᠡᠷᠯᠢᠭ ᠢ ᠡᠬᠢᠯᠡᠨ ᠬᠡᠷᠡᠭᠯᠡᠨ᠎ᠡ᠃ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠵᠤ᠂ ᠨᠢᠭᠡᠳᠦᠭᠡᠷ ᠪᠠᠭ᠎ᠠ ᠰᠤᠷᠭᠠᠭᠤᠯᠢ᠂ ᠰᠣᠯᠣᠨ ᠪᠠᠭ᠎ᠠ ᠰᠤᠷᠭᠠᠭᠤᠯᠢ ᠶᠢ ᠥᠷᠭᠡᠳᠬᠡᠨ ᠪᠠᠶᠢᠭᠤᠯᠤᠨ᠎ᠠ᠃ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠪᠠ ᠤᠯᠠᠭᠠᠨᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠬᠠᠮᠲᠤᠷᠠᠨ ᠰᠤᠷᠭᠠᠭᠤᠯᠢ ᠡᠷᠬᠢᠯᠡᠬᠦ ᠶᠢ ᠪᠡᠶᠡᠯᠡᠭᠦᠯᠦᠨ᠎ᠡ᠃ ︽ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ︾ ᠰᠤᠷᠭᠠᠭᠤᠯᠢ ᠡᠷᠬᠢᠯᠡᠬᠦ ᠵᠠᠭᠪᠤᠷ ᠢ ᠬᠠᠶᠢᠨ ᠰᠦᠪᠡᠭᠴᠢᠯᠡᠵᠦ ᠂ ᠠᠷᠠᠳ ᠠᠴᠠ ᠡᠷᠬᠢᠯᠡᠭᠰᠡᠨ ᠪᠠ ᠠᠯᠪᠠᠨ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠰᠠᠶᠢᠨ ᠥᠷᠢᠰᠥᠯᠳᠦᠭᠡᠨ ᠲᠠᠢ ᠂ ᠬᠠᠮᠲᠤ ᠪᠠᠷ ᠬᠥᠭᠵᠢᠭᠰᠡᠨ ᠪᠠᠶᠢᠳᠠᠯ ᠢ ᠪᠣᠶ ᠪᠣᠯᠭᠠᠬᠤ ᠬᠡᠷᠡᠭᠲᠡᠶ᠃ ᠬᠤᠰᠢᠭᠤᠨ ᠤ ᠪᠠᠭᠰᠢ ᠶᠢᠨ ᠬᠥᠭᠵᠢᠯᠲᠡ ᠶᠢᠨ ᠲᠥᠪ ᠤᠨ ᠦᠢᠯᠡᠳᠦᠯ ᠢ ᠪᠠᠳᠠᠷᠠᠭᠤᠯᠵᠤ᠂ ᠬᠠᠶᠢᠳᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠵᠥᠪᠯᠡᠯ᠂ ᠪᠡᠭᠡᠵᠢᠩ ᠤᠨ ᠣᠶ ᠰᠢᠭᠤᠶ ᠶᠢᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠵᠡᠷᠭᠡ ᠰᠤᠷᠭᠠᠨ ᠬᠥᠮᠦᠵᠢᠯ ᠤᠨ ᠡᠬᠢ ᠪᠠᠶᠠᠯᠢᠭ ᠲᠤ ᠲᠦᠰᠢᠭᠯᠡᠨ᠂ ᠡᠯ᠎ᠡ ᠲᠥᠷᠥᠯ ᠤᠨ ᠰᠤᠳᠤᠯᠤᠨ ᠪᠣᠯᠪᠠᠰᠤᠷᠠᠭᠤᠯᠬᠤ ᠬᠦᠳᠡᠯᠭᠡᠭᠡᠨ ᠢ ᠥᠷᠨᠢᠭᠦᠯᠵᠦ᠂ ᠬᠤᠶᠠᠷ ᠡᠩᠨᠡᠭᠡ ᠶᠢᠨ ᠬᠡᠪ ᠴᠢᠨᠠᠷ ᠢ ᠳᠡᠭᠡᠭᠰᠢᠯᠡᠭᠦᠯᠦᠨ᠎ᠡ᠃ ᠳᠡᠭᠡᠳᠦ ᠲᠠᠰ ᠳᠠᠪᠬᠤᠷᠭ᠎ᠠ ᠶᠢᠨ ᠰᠤᠷᠭᠠᠨ ᠬᠥᠮᠦᠵᠢᠯ ᠤᠨ ᠴᠢᠳᠠᠪᠤᠷᠢᠲᠠᠨ ᠢ ᠦᠷᠭᠦᠯᠵᠢᠯᠡᠨ ᠣᠷᠣᠭᠤᠯᠤᠨ ᠠᠪᠴᠢᠷᠠᠵᠤ᠂ ᠬᠤᠲᠠ ᠬᠥᠳᠡᠭᠡ ᠶᠢᠨ ᠪᠠᠭᠰᠢ ᠶᠢᠨ ᠠᠵᠢᠯ ᠤᠨ ᠪᠠᠶᠢᠷᠢ ᠶᠢ ᠡᠭᠡᠯᠵᠢᠯᠡᠨ ᠰᠣᠯᠢᠯᠴᠠᠬᠤ ᠲᠣᠭᠲᠠᠴᠠ ᠶᠢ ᠪᠦᠷᠢᠨᠰᠢᠭᠦᠯᠦᠨ᠎ᠡ᠃    ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠵᠤ᠂ ᠰᠡᠷᠭᠡᠶᠢᠯᠡᠬᠦ ᠪᠠ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ︽ᠡᠷᠡᠭᠦᠯ ᠡᠩᠬᠡ ᠶᠢᠨ ᠡᠮᠦᠨᠡᠲᠦ ᠬᠤᠰᠢᠭᠤ︾ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠬᠤᠰᠢᠭᠤᠨ ᠤ ᠡᠮᠨᠡᠯᠭᠡ ᠶᠢᠨ ᠬᠤᠷᠢᠶᠠᠨ ᠤ ᠡᠪᠡᠳᠴᠢᠲᠡᠨ ᠤ ᠥᠷᠥᠭᠡᠨ ᠤ ᠠᠰᠠᠷ ᠵᠢᠴᠢ ᠬᠠᠯᠳᠠᠪᠤᠷᠢᠯᠠᠬᠤ ᠰᠠᠯᠠᠭᠠᠨ ᠤ ᠥᠭᠡᠷᠡᠴᠢᠯᠡᠯᠲᠡ ᠶᠢ ᠡᠬᠢᠯᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠣᠬᠢᠷ ᠤᠰᠤ ᠶᠢ ᠰᠢᠢᠳᠪᠦᠷᠢᠯᠡᠬᠦ ᠰᠢᠰᠲ᠋ᠧᠮ ᠢ ᠪᠦᠷᠢᠨᠰᠢᠭᠦᠯᠵᠦ᠂ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ᠂ ᠵᠢᠷᠦᠬᠡᠨ ᠭᠤᠣᠯ ᠡᠷᠡᠭᠦᠯ ᠬᠠᠮᠠᠭᠠᠯᠠᠯ ᠤᠨ ᠬᠤᠷᠢᠶᠠᠨ ᠤ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠢ ᠠᠰᠢᠭᠯᠠᠯᠲᠠ ᠳᠤ ᠣᠷᠣᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠪᠣᠯᠪᠠᠰᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃ ᠡᠮᠴᠢᠯᠡᠭᠡᠨ ᠤ ᠲᠤᠰᠬᠠᠶ ᠮᠡᠷᠭᠡᠵᠢᠯ ᠤᠨ ᠳᠡᠭᠡᠳᠦ ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠨᠠᠷᠠᠲᠤ ᠰᠠᠯᠠᠭ᠎ᠠ ᠲᠠᠰᠤᠭ ᠤᠨ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠦᠨ᠂ ᠲᠤᠭ᠎ᠠ ᠬᠡᠮᠵᠢᠶ᠎ᠡ ᠶᠢ ᠳᠠᠬᠢᠨ ᠢᠶᠠᠷ ᠨᠡᠮᠡᠭᠳᠡᠭᠦᠯᠦᠨ᠎ᠡ᠃ ᠮᠣᠩᠭᠤᠯ ᠬᠢᠲᠠᠳ ᠡᠮᠨᠡᠯᠭᠡ ᠶᠢᠨ ᠲᠣᠬᠢᠷᠠᠮᠵᠢᠲᠠᠶ ᠮᠡᠷᠭᠡᠵᠢᠯ ᠢ ᠳᠡᠯᠭᠡᠷᠡᠭᠦᠯᠵᠦ᠂ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ᠂ ᠣᠨᠴᠠᠭᠠᠶ ᠬᠡᠷ ᠪᠦᠯᠢ ᠶᠢᠨ ᠬᠠᠷᠢᠯᠴᠠᠬᠤ ᠬᠥᠮᠦᠨ᠂ ᠬᠡᠷ ᠪᠦᠯᠢ ᠶᠢᠨ ᠡᠮᠴᠢ ᠶᠢᠨ ︽ᠭᠤᠷᠪᠠ ᠶᠢ ᠪᠦᠷᠢᠨ ᠪᠥᠷᠬᠦᠭᠦᠯᠬᠦ︾ ᠭᠡᠷ᠎ᠡ ᠲᠣᠭᠲᠠᠬᠤ ᠶᠢ ᠪᠡᠶᠡᠯᠡᠭᠦᠯᠦᠨ᠎ᠡ᠃ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠡᠰᠦᠯᠦᠨ ᠪᠤᠳᠤᠬᠤ ᠬᠡᠪᠴᠢᠶ᠎ᠡ ᠶᠢ ᠥᠷᠭᠡᠳᠬᠡᠵᠦ᠂ ᠣᠷᠳᠣ ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ ᠳᠠᠭᠠᠳᠬᠠᠯ ᠤᠨ ᠲᠦᠷᠢᠮ ᠪᠠ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠳᠤ ᠬᠠᠷᠢᠯᠴᠠᠨ ᠲᠤᠰᠠᠯᠠᠯᠴᠠᠬᠤ ᠪᠠᠲᠤᠯᠠᠭ᠎ᠠ ᠶᠢᠨ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠱᠠᠲᠤ ᠬᠤᠪᠢᠶᠠᠨ ᠣᠨᠣᠰᠢᠯᠠᠨ ᠡᠮᠨᠡᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠣᠨᠣᠰᠢᠯᠠᠨ ᠡᠮᠨᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃    ᠣᠯᠠᠨ ᠨᠡᠶᠢᠲᠡ ᠶᠢᠨ ᠰᠣᠶᠣᠯ ᠤᠨ ᠬᠠᠩᠭᠠᠯᠭ᠎ᠠ ᠶᠢ ᠨᠠᠷᠢᠯᠢᠭ ᠠᠳᠬᠤᠨ᠎ᠠ᠃ ᠪᠦᠬᠦ ᠵᠢᠯ ᠳᠤ 3 ᠰᠢᠯᠢᠳᠡᠭ ᠵᠦᠴᠦᠭᠡ ᠵᠣᠬᠢᠶᠠᠨ ᠨᠠᠶᠢᠷᠠᠭᠤᠯᠵᠤ᠂ 12 ᠲᠠᠯᠠᠪᠠᠢ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ 21 ᠲᠠᠯᠠᠪᠠᠢ ᠲᠣᠮᠣ ᠬᠡᠯᠪᠡᠷᠢ ᠶᠢᠨ ᠰᠣᠶᠣᠯ ᠤᠨ ᠠᠵᠢᠯᠯᠠᠭ᠎ᠠ ᠶᠢ ᠡᠷᠬᠢᠯᠡᠵᠦ᠂ ᠰᠣᠶᠣᠯ ᠤᠨ ᠵᠥᠭᠡᠯᠡᠨ ᠪᠣᠳᠠᠲᠤ ᠬᠦᠴᠦᠨ ᠢ ᠰᠢᠨ᠎ᠡ ᠥᠷᠢᠰᠦᠯᠳᠦᠬᠦ ᠬᠦᠴᠦᠨ ᠪᠣᠯᠭᠠᠪᠠ᠃ ᠦᠨᠳᠦᠰᠦᠲᠡᠨ ᠤ ᠰᠢᠯᠢᠳᠡᠭ ᠰᠣᠶᠣᠯ ᠢ ᠠᠭᠤᠳᠠᠯᠤᠨ᠂ ᠲᠡᠦᠬᠡ ᠰᠣᠶᠣᠯ ᠤᠨ ᠳᠤᠷᠠᠰᠤᠮᠵᠢ ᠶᠢ ᠦᠷᠭᠦᠯᠵᠢᠯᠡᠭᠦᠯᠵᠦ᠂ ︽ᠵᠠᠰᠠᠭᠲᠦ ᠶᠢᠨ ᠨᠡᠷᠡᠲᠦ ᠬᠥᠮᠦᠰ ᠤᠨ ᠲᠡᠮᠳᠡᠭᠯᠡᠯ︾ ᠢ ᠨᠠᠶᠢᠷᠠᠭᠤᠯᠵᠤ᠂ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠯᠲᠠ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠠᠬᠢᠭᠤᠯᠤᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠬᠠᠮᠠᠭᠠᠯᠠᠵᠤ ᠬᠠᠮᠢᠶᠠᠷᠬᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠲᠦᠷᠭᠡᠨ ᠲᠡᠰᠢᠯᠲᠡ ᠶᠢᠨ ᠣᠷᠳᠣᠨ ᠪᠠ ᠪᠠᠷᠢᠮᠵᠢᠶᠠᠵᠢᠭᠰᠠᠨ ᠬᠥᠯ ᠪᠥᠮᠪᠦᠭᠡ ᠶᠢᠨ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠠᠮᠢ ᠠᠬᠤᠢ ᠶᠢᠨ ᠪᠡᠶ᠎ᠡ ᠶᠢᠨ ᠲᠠᠮᠢᠷ ᠤᠨ ᠴᠡᠴᠡᠷᠯᠢᠭ ᠢ ᠪᠠᠶᠢᠭᠤᠯᠤᠨ᠎ᠠ᠃ ᠳᠤᠮᠳᠠᠳᠤ ᠮᠣᠩᠭᠤᠯ ᠣᠷᠣᠰ ᠤᠨ ᠣᠯᠠᠨ ᠤᠯᠤᠰ ᠤᠨ ᠰᠠᠭᠰᠤᠨ ᠪᠥᠮᠪᠦᠭᠡ ᠶᠢᠨ ᠤᠷᠤᠯᠳᠤᠭᠠᠨ ᠢ ᠦᠷᠭᠦᠯᠵᠢᠯᠡᠨ ᠰᠠᠶᠢᠲᠤᠷ ᠡᠷᠬᠢᠯᠡᠵᠦ᠂ ᠥᠪᠥᠷ ᠮᠣᠩᠭᠤᠯ ᠤᠨ ᠲᠠᠯ᠎ᠠ ᠨᠤᠲᠤᠭ ᠤᠨ ᠮᠠᠷᠠᠰᠤᠨ ᠤᠷᠤᠯᠳᠤᠭᠠᠨ ᠢ ᠳᠠᠭᠠᠭᠠᠨ ᠡᠷᠬᠢᠯᠡᠵᠦ᠂ ᠠᠷᠠᠳ ᠤᠨ ᠳᠠᠭᠤᠤ ᠶᠢᠨ ᠤᠷᠤᠯᠳᠤᠭᠠᠨ᠂ ᠰᠤᠷ ᠬᠠᠷᠪᠤᠯᠲᠠ ᠶᠢᠨ ᠤᠷᠢᠯᠭ᠎ᠠ ᠶᠢᠨ ᠤᠷᠤᠯᠳᠤᠭᠠᠨ ᠢ ᠡᠷᠬᠢᠯᠡᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠦᠳᠡᠯᠭᠡᠭᠡᠨ ᠢ ︽ᠨᠢᠭᠡ ᠭᠠᠵᠠᠷ ᠲᠤ ᠨᠢᠭᠡ ᠨᠡᠷᠡᠲᠦ ᠲᠡᠮᠳᠡᠭ ᠲᠠᠢ᠂ ᠨᠢᠭᠡ ᠭᠠᠵᠠᠷ ᠲᠤ ᠨᠢᠭᠡ ᠣᠨᠴᠠᠯᠢᠭ ᠲᠠᠢ︾ ᠪᠠᠶᠢᠯᠭᠠᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠᠷ ᠪᠦᠬᠦ ᠠᠷᠠᠳ ᠤᠨ ᠡᠷᠡᠭᠦᠯ ᠴᠢᠭᠢᠷᠠᠭ ᠢ ᠠᠬᠢᠭᠤᠯᠤᠨ᠎ᠠ᠃    ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠴᠢᠩᠭ᠎ᠠ ᠠᠳᠬᠤᠨ᠎ᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠥᠨᠳᠥᠷ ᠪᠠᠷᠢᠮᠵᠢᠶ᠎ᠠ ᠪᠠᠷ ᠡᠬᠢᠯᠡᠭᠦᠯᠵᠦ᠂《 ᠢᠷᠭᠡᠨ ᠤ ᠬᠠᠤᠯᠢ ᠶᠢᠨ ᠪᠢᠴᠢᠭ 》 ᠢ ᠭᠦᠨᠵᠡᠭᠡᠢ ᠬᠡᠷᠡᠭᠵᠢᠭᠦᠯᠬᠦ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠵᠦ᠂ ᠳᠠᠯᠳᠠ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠡᠶᠡᠯᠡᠭᠦᠯᠦᠨ᠂ ᠵᠠᠰᠠᠭ ᠣᠨ ᠣᠷᠳᠣᠨ ᠤ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠲᠥᠷᠥᠯ ᠵᠦᠢᠯ ᠭᠠᠷᠭᠠᠵᠤ᠂ ᠰᠢᠨ᠎ᠡ ᠠᠵᠢᠯ ᠡᠬᠢᠯᠡᠭᠦᠯᠬᠦ ᠶᠢ ᠡᠷᠡᠰ ᠬᠤᠷᠢᠭᠯᠠᠨ᠎ᠠ᠃ ᠬᠤᠲᠠ ᠶᠢᠨ ᠬᠡᠪᠴᠢᠶᠡᠨ ᠤ ᠨᠡᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠵᠤ᠂ ︽ᠣᠶᠤᠨᠴᠢ ᠳᠣᠲᠣᠭᠠᠳᠤ ᠶᠢ ᠬᠠᠮᠠᠭᠠᠯᠠᠬᠤ︾᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠲᠥᠪ᠂ ᠳᠣᠲᠣᠭᠠᠳᠤ ᠶᠢ ᠬᠠᠮᠠᠭᠠᠯᠠᠬᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠲᠥᠪ ᠤᠨ ᠪᠠᠢᠭᠤᠯᠤᠯᠲᠠ ᠶᠢ ᠲᠦᠷᠭᠡᠳᠬᠡᠨ᠎ᠡ᠃ ᠠᠵᠢᠯ ᠲᠥᠷᠥᠯ ᠤᠨ ᠲᠤᠰᠬᠠᠶ ᠴᠡᠭᠴᠡᠯᠡᠨ ᠵᠠᠰᠠᠯᠲᠠ ᠲᠠᠢ ᠤᠶᠠᠯᠳᠤᠭᠤᠯᠤᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠱᠠᠯᠢᠭ ᠵᠠᠪᠬᠠᠶ ᠵᠣᠭᠤᠰ ᠮᠥᠷᠦ᠋ᠢᠴᠡᠬᠦ ᠬᠤᠤᠷ᠎ᠠ ᠲᠠᠲᠠᠬᠤ᠂ ᠴᠥᠷᠬᠡᠯᠡᠭᠡ ᠵᠢᠭᠡᠯᠡᠯᠭᠡ᠂ ᠬᠠᠤᠯᠢ ᠪᠤᠰᠤ ᠪᠠᠷ ᠪᠠᠯᠠ ᠴᠤᠭᠯᠠᠭᠤᠯᠬᠤ᠂ ᠰᠢᠨ᠎ᠡ ᠬᠡᠯᠪᠡᠷᠢ ᠶᠢᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ᠂ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠦᠴᠦᠲᠡᠶ ᠴᠣᠬᠢᠯᠲᠠ ᠥᠭᠴᠦ᠂ ︽ᠠᠮᠤᠷ ᠠᠮᠤᠭᠤᠯᠠᠩ ᠡᠮᠦᠨᠡᠲᠦ ᠬᠤᠰᠢᠭᠤ︾ ᠶᠢᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠦᠨ᠎ᠡ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠪᠡᠶᠡᠯᠡᠭᠦᠯᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠪᠠ ᠭᠤᠣᠯᠳᠠᠯᠭ᠎ᠠ ᠲᠠᠢ ᠬᠡᠷᠡᠭ ᠢ ᠲᠥᠪᠯᠡᠷᠡᠭᠦᠯᠦᠨ ᠰᠢᠢᠳᠪᠦᠷᠢᠯᠡᠨ᠎ᠡ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠠᠶᠤᠯ ᠦᠭᠡᠶ ᠦᠢᠯᠡᠳᠪᠦᠷᠢᠯᠡᠯ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠦᠨᠳᠦ ᠣᠨᠴᠠ ᠶᠡᠭᠡ ᠠᠶᠤᠯ ᠦᠭᠡᠶ ᠶᠢᠨ ᠠᠳᠡᠯ ᠭᠠᠷᠬᠤ ᠶᠢ ᠡᠷᠡᠰ ᠬᠤᠷᠢᠭᠯᠠᠨ᠎ᠠ᠃     ︵ᠳᠣᠯᠤᠭ᠎ᠠ︶ ᠬᠥᠳᠡᠯᠭᠡᠬᠦ ᠡᠨᠧᠷᠭᠢ ᠶᠢ ᠨᠡᠮᠡᠭᠳᠡᠭᠦᠯᠵᠦ᠂ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠪᠠᠷᠢᠮᠲᠠᠯᠠᠵᠤ᠂ ᠨᠠᠩ ᠥᠨᠳᠥᠷ ᠲᠦᠪᠰᠢᠨ ᠪᠥᠬᠦᠶ ᠥᠭᠡᠷᠡᠴᠢᠯᠡᠯᠲᠡ ᠨᠡᠭᠡᠭᠡᠯᠲᠡ ᠶᠢ ᠠᠬᠢᠭᠤᠯᠤᠨ᠎ᠠ᠃ ᠥᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠬᠦ ᠬᠦᠴᠦᠨ ᠤ ᠦᠨᠳᠦᠰᠦ᠂ ᠠᠮᠢᠵᠢᠷᠠᠯ ᠤᠨ ᠬᠦᠴᠦᠨ ᠤ ᠡᠬᠢ᠂ ᠳᠠᠯᠳᠠ ᠬᠦᠴᠦᠨ ᠤ ᠴᠢᠬᠤᠯᠠ ᠵᠤᠶᠢᠯ ᠪᠣᠯᠭᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠭᠦᠨᠵᠡᠭᠡᠶ ᠲᠤᠭᠤᠰᠢᠯᠠᠭᠤᠯᠤᠨ᠂ ᠥᠭᠡᠷᠡᠴᠢᠯᠡᠯᠲᠡ ᠶᠢ ᠳᠠᠬᠢᠨ ᠪᠣᠭᠤᠮᠲᠠ ᠰᠢᠪᠲᠤᠯᠬᠤ᠂ ᠨᠡᠭᠡᠭᠡᠯᠲᠡ ᠶᠢ ᠳᠠᠬᠢᠨ ᠳᠡᠭᠡᠭᠰᠢᠯᠡᠭᠦᠯᠬᠦ᠂ ᠣᠷᠴᠢᠨ ᠲᠣᠭᠤᠷᠢᠨ ᠢ ᠳᠠᠬᠢᠨ ᠰᠢᠯᠢᠳᠡᠭᠵᠢᠭᠦᠯᠬᠦ ᠶᠢ ᠠᠬᠢᠭᠤᠯᠤᠨ᠎ᠠ᠃     ᠣᠯᠠᠨ ᠬᠦᠷᠢᠶᠡᠨ ᠳᠠᠬᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ᠎ᠡ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠩᠬᠠᠷᠤᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠲᠣᠰ ᠡᠭᠡᠯᠵᠢ ᠶᠢᠨ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢ ᠪᠡᠶᠡᠯᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠭᠤᠷᠪᠠᠨ ᠡᠮᠨᠡᠯᠭᠡ ᠶᠢᠨ ᠬᠤᠯᠪᠣᠭᠠᠯᠠᠨ ᠬᠥᠳᠡᠯᠦᠯᠴᠡᠬᠦ︾ ᠶᠢ ᠴᠢᠩᠭᠠᠳᠬᠠᠨ᠎ᠠ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠬᠥᠳᠡᠭᠡ ᠲᠣᠰᠬᠤᠨ ᠤ ᠬᠥᠭᠵᠢᠯᠲᠡ ᠳᠤᠮᠳᠠᠬᠢ ᠬᠠᠮᠲᠤ ᠶᠢᠨ ᠠᠵᠤ ᠠᠬᠤᠶ ᠶᠢᠨ ᠴᠢᠬᠤᠯᠠ ᠦᠢᠯᠡᠳᠦᠯ ᠢ ᠬᠦᠢᠴᠡᠳ ᠪᠠᠳᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ︽ᠭᠤᠷᠪᠠ ᠶᠢ ᠬᠤᠪᠢᠷᠠᠭᠤᠯᠬᠤ︾ ᠶᠢ ᠤᠯᠠᠮ ᠨᠢᠭᠡ ᠠᠯᠬᠤᠮ ᠠᠮᠢᠳᠤᠯᠢᠭ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ︽ᠭᠤᠷᠪᠠᠨ ᠪᠠᠯᠠ︾ ᠶᠢ ᠠᠮᠢᠳᠤᠯᠢᠭ ᠪᠣᠯᠭᠠᠨ᠂ ᠮᠠᠯᠴᠢᠨ ᠲᠠᠷᠢᠶᠠᠴᠢᠨ ᠤ ︽ᠭᠤᠷᠪᠠᠨ ᠡᠷᠬᠡ︾ ᠶᠢ ᠬᠥᠭᠵᠢᠭᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠬᠥᠲᠥᠯᠥᠨ ᠵᠢᠯᠣᠭᠤᠳᠴᠤ᠂ ︽ᠬᠤᠶᠠᠷ ᠠᠮᠦ ᠬᠤᠶᠠᠷ ᠦᠬᠡᠷ ᠨᠢᠭᠡ ᠵᠤᠭᠠᠴᠠᠯ︾ ᠵᠡᠷᠭᠡ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ ᠨᠢᠭᠡ ᠪᠦᠯᠦᠭ ᠰᠢᠨ᠎ᠡ ᠶᠢ ᠡᠭᠦᠳᠦᠭᠰᠡᠨ ᠦᠢᠯᠡᠳᠬᠦᠨ ᠢ ᠨᠡᠭᠡᠭᠡᠨ ᠬᠥᠭᠵᠢᠭᠦᠯᠵᠦ᠂ ᠨᠢᠭᠡ ᠪᠦᠯᠦᠭ ᠵᠠᠩᠭᠢᠯᠠᠭ᠎ᠠ ᠶᠢᠨ ᠮᠡᠷᠭᠡᠵᠢᠯ ᠢ ᠰᠢᠪᠲᠤᠯᠵᠤ᠂ ᠨᠢᠭᠡ ᠪᠦᠯᠦᠭ ᠦᠢᠯᠡᠳᠪᠦᠷᠢᠯᠡᠯ ᠤᠨ ᠤᠷ᠎ᠠ ᠮᠡᠷᠭᠡᠰᠢᠯ ᠢ ᠰᠢᠨᠡᠴᠢᠯᠡᠵᠦ᠂ ᠨᠠᠩ ᠣᠯᠠᠨ ᠰᠢᠪᠲᠤᠯᠤᠯᠲᠠ ᠶᠢᠨ ᠴᠢᠨᠠᠷᠲᠠᠶ᠂ ᠠᠩᠬᠠᠨ ᠤ ᠡᠭᠦᠳᠦᠯᠲᠡ ᠶᠢᠨ ᠴᠢᠨᠠᠷᠲᠠᠶ᠂ ᠬᠥᠲᠥᠯᠥᠨ ᠳᠠᠭᠠᠭᠤᠯᠬᠤ ᠴᠢᠨᠠᠷᠲᠠᠶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠴᠢᠷᠮᠠᠶᠢᠨ ᠣᠯᠵᠤ᠂ ᠬᠥᠭᠵᠢᠯᠲᠡ ᠶᠢᠨ ᠠᠰᠢᠭᠲᠠᠢ ᠪᠠᠶᠢᠷᠢ ᠶᠢ ᠵᠠᠪᠳᠤᠨ ᠡᠵᠡᠯᠡᠨ᠎ᠡ᠃ ᠪᠦᠬᠦ ᠲᠠᠯ᠎ᠠ ᠪᠠᠷ ᠭᠠᠳᠠᠭᠰᠢ ᠨᠡᠭᠡᠭᠡᠯᠲᠡ ᠬᠢᠬᠦ ᠶᠢ ᠠᠬᠢᠭᠤᠯᠤᠨ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠴᠢᠬᠤᠯᠠ ᠶᠡᠭᠡ ᠬᠥᠭᠵᠢᠯᠲᠡ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠨ᠎ᠠ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠠᠵᠤ ᠠᠬᠤᠢ ᠬᠥᠭᠵᠢᠭᠰᠡᠨ ᠭᠠᠵᠠᠷ ᠣᠷᠣᠨ ᠯᠤᠭ᠎ᠠ ᠶᠢᠨ ᠨᠡᠭᠡᠭᠡᠯᠲᠡ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠳᠡᠭᠡᠲᠦ ᠲᠡᠰ ᠤᠨ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠤᠨ᠎ᠠ᠃ ᠵᠡᠭᠦᠨ ᠬᠤᠶᠢᠲᠤ ᠶᠢᠨ ᠠᠵᠤ ᠠᠬᠤᠢ ᠶᠢᠨ ᠬᠦᠷᠢᠶᠡᠨ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠬᠢᠩᠭᠠᠨ ᠠᠶᠢᠮᠠᠭ ᠬᠦᠯᠦᠨ ᠪᠤᠶᠢᠷ᠂ ᠬᠢᠩᠭᠠᠨ ᠠᠶᠢᠮᠠᠭ ᠴᠢᠴᠢᠬᠠᠷ ᠴᠠᠭᠠᠨ ᠬᠤᠲᠠ ᠵᠡᠷᠭᠡ ᠣᠷᠣᠨ ᠪᠦᠰᠡ ᠶᠢᠨ ᠬᠠᠮᠵᠢᠯᠴᠠᠭ᠎ᠠ ᠳᠤ ᠣᠷᠣᠯᠴᠠᠵᠤ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠲᠠᠪᠴᠠᠩ ᠤᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠲᠠᠷᠢᠶᠠᠯᠠᠩ ᠮᠠᠯ ᠠᠵᠤ ᠠᠬᠤᠶ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠴᠢᠨᠠᠷ ᠰᠠᠶᠢᠲᠠᠶ ᠠᠬᠢᠭᠤᠯᠵᠤ᠂ ᠨᠠᠩ ᠣᠯᠠᠨ ᠳᠠᠪᠠᠭᠤᠯᠢᠭ ᠠᠵᠤ ᠠᠬᠤᠶᠢᠯᠠᠯ ᠢ ᠲᠠᠲᠠᠵᠤ ᠣᠷᠣᠭᠤᠯᠤᠨ᠎ᠠ᠃ ᠳᠡᠭᠡᠳᠦ ᠳᠡᠰ ᠳᠠᠪᠬᠤᠷᠭ᠎ᠠ ᠶᠢᠨ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠢᠵᠢ ᠪᠦᠷᠢᠳᠦᠭᠦᠯᠬᠦ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠤᠳᠠᠯᠳᠤᠭᠠᠴᠢᠨ ᠤᠷᠢᠬᠤ ᠭᠠᠵᠠᠷ ᠤᠨ ᠵᠢᠷᠤᠭ ᠢ ᠨᠠᠷᠢᠨ ᠨᠢᠮᠪᠠᠶ ᠵᠢᠷᠤᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠣᠳᠠᠲᠤ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠵᠦ᠂ ︽ᠵᠠᠮ ᠢᠶᠠᠷ ᠥᠩᠭᠡᠷᠡᠬᠦ ᠠᠵᠤ ᠠᠬᠤᠶ︾ ᠶᠢ ︽ᠰᠠᠭᠤᠷᠢᠰᠢᠮᠠᠯ ᠠᠵᠤ ᠠᠬᠤᠶ︾ ᠲᠡᠰᠢ ᠬᠤᠪᠢᠷᠠᠭᠤᠯᠬᠤ ᠶᠢ ᠠᠬᠢᠭᠤᠯᠵᠤ ᠂ ᠪᠣᠳᠠᠲᠠᠶᠢᠵᠢᠭᠤᠯᠬᠤ ᠪᠡᠯᠡ ᠮᠥᠩᠭᠦ ᠶᠢ 60 ᠳ᠋ᠦᠩᠰᠢᠭᠤᠷ ᠲᠥᠭᠦᠷᠢᠭ ᠠᠴᠠ ᠳᠠᠪᠠᠭᠤᠯᠬᠤ᠂ 10% ᠪᠠᠷ ᠨᠡᠮᠡᠭᠳᠡᠭᠦᠯᠬᠦ ᠶᠢ ᠦᠨᠡᠨᠬᠦ ᠪᠠᠲᠤᠯᠠᠨ᠎ᠠ᠃ ᠥᠨᠳᠥᠷ ᠲᠦᠪᠰᠢᠨ ᠪᠥᠬᠦᠶ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠲᠤᠰᠬᠠᠢ ᠲᠣᠭᠤᠷᠢᠨ ᠪᠠᠶᠢᠴᠠᠭᠠᠯᠲᠠ ᠪᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠨᠡᠯᠡᠵᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ︽ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠶᠠᠰᠤ ᠴᠢᠨᠠᠷ ᠢ ᠳᠡᠭᠡᠭᠰᠢᠯᠡᠭᠦᠯᠬᠦ ᠣᠨ︾ ᠤ ᠬᠦᠳᠡᠯᠭᠡᠭᠡᠨ ᠢ ᠡᠬᠢᠯᠡᠭᠦᠯᠪᠡ᠃ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠭᠦᠨᠵᠡᠭᠡᠢ ᠠᠬᠢᠭᠤᠯᠵᠤ᠂ ᠵᠠᠰᠠᠭ ᠤᠨ ᠣᠷᠳᠣᠨ ᠤ ᠡᠷᠬᠡ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ ᠪᠠ ᠪᠡᠯᠡ ᠣᠷᠣᠭᠤᠯᠤᠯᠲᠠ ᠶᠢᠨ ᠣᠷᠣᠬᠤ ᠶᠢ ᠵᠥᠪᠰᠢᠶᠡᠷᠡᠬᠦ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ︽ᠨᠢᠭᠡ ᠥᠷᠲᠡᠭᠡ ᠮᠠᠶ᠋ᠢᠭ︾ ᠤᠨ  ᠦᠢᠯᠡᠴᠢᠯᠡᠭᠡᠨ ᠤ ᠴᠢᠳᠠᠮᠵᠢ ᠶᠢ ᠪᠠᠳᠠᠷᠠᠭᠤᠯᠵᠤ᠂ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠰᠦᠯᠵᠢᠶᠡᠨ ᠳᠡᠭᠡᠷ᠎ᠡ ᠪᠥᠬᠦ ᠴᠤᠪᠤᠷᠠᠯ ᠢᠶᠠᠷ ᠬᠢᠨᠠᠨ ᠵᠥᠪᠰᠢᠶᠡᠷᠡᠬᠦ ᠶᠢ ᠠᠬᠢᠭᠤᠯᠵᠤ᠂ ᠰᠦᠯᠵᠢᠶᠡᠨ ᠳᠡᠭᠡᠷ᠎ᠡ ᠬᠦᠢᠴᠡᠳᠭᠡᠵᠦ ᠪᠣᠯᠬᠤ ᠨᠣᠷᠮ᠎ᠠ ᠶᠢ 95% ᠪᠣᠯᠲᠠᠯ᠎ᠠ ᠳᠡᠭᠡᠭᠰᠢᠯᠡᠭᠦᠯᠦᠨ᠎ᠡ᠃ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠲᠣᠭᠲᠠᠭᠠᠬᠤ︾ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ᠂ ᠲᠤᠰᠬᠠᠶ ᠠᠩᠭᠢ ᠪᠠᠷ ᠠᠬᠢᠭᠤᠯᠬᠤ᠂ ᠳᠠᠭᠠᠭᠤᠯᠤᠨ ᠬᠦᠢᠴᠡᠳᠭᠡᠵᠦ ᠣᠷᠣᠯᠠᠨ ᠬᠦᠢᠴᠡᠳᠭᠡᠬᠦ᠂ ᠬᠤᠭᠤᠴᠠᠭ᠎ᠠ ᠬᠢᠵᠠᠭᠠᠷᠯᠠᠨ ᠬᠦᠢᠴᠡᠳᠭᠡᠵᠦ ᠳᠠᠭᠤᠰᠬᠠᠬᠤ ᠵᠡᠷᠭᠡ ᠦᠢᠯᠡᠴᠢᠯᠡᠭᠡ ᠶᠢ ᠪᠠᠶᠢᠩᠭᠤ ᠬᠠᠩᠭᠠᠨ᠎ᠠ᠃ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠭᠠᠵᠠᠷ ᠰᠢᠷᠣᠶ ᠲᠠᠲᠠᠪᠤᠷᠢᠯᠠᠨ ᠨᠤᠷᠠᠭᠠᠵᠤ ᠨᠡᠭᠦᠯᠭᠡᠬᠦ᠂ ᠬᠦᠴᠦᠨ ᠵᠤᠶᠢᠯ ᠤᠨ ᠪᠠᠲᠤᠯᠠᠭ᠎ᠠ ᠵᠡᠷᠭᠡ ᠲᠠᠯ᠎ᠠ ᠶᠢᠨ ᠲᠣᠪᠤᠶᠢᠮ᠎ᠠ ᠠᠰᠠᠭᠤᠳᠠᠯ ᠢ ᠶᠡᠬᠡᠪᠡᠷ ᠴᠡᠭᠴᠡᠯᠡᠨ ᠵᠠᠰᠠᠵᠤ᠂ ᠠᠵᠤ ᠠᠬᠤᠶᠢᠯᠠᠯ ᠳᠤ ᠬᠤᠯᠪᠣᠭᠳᠠᠬᠤ ᠡᠯ᠎ᠡ ᠵᠤᠶᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠵᠤ᠂ ᠲᠥᠷᠥ ᠶᠢᠨ ᠪᠣᠳᠣᠯᠭ᠎ᠠ ᠪᠠᠷ ᠬᠠᠮᠤᠭ ᠤᠨ ᠰᠢᠯᠢᠳᠡᠭ᠂ ᠥᠪᠡᠷ ᠤᠨ ᠥᠷᠲᠡᠭ ᠢᠶᠠᠷ ᠬᠠᠮᠤᠭ ᠤᠨ ᠳᠣᠤᠷ᠎ᠠ᠂  ᠦᠢᠯᠡᠴᠢᠯᠡᠭᠡ ᠪᠠᠷ ᠬᠠᠮᠤᠭ ᠤᠨ ᠰᠠᠶᠢᠨ᠂ ᠠᠵᠢᠯ ᠶᠠᠪᠤᠳᠠᠯ ᠬᠦᠢᠴᠡᠳᠭᠡᠬᠦ ᠪᠠᠷ ᠬᠠᠮᠤᠭ ᠤᠨ ᠲᠦᠷᠭᠡᠨ ︽ᠳᠥᠷᠪᠡᠨ ᠬᠠᠮᠤᠭ ᠤᠨ ᠰᠠᠶᠢᠨ︾ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠨ᠎ᠠ᠃    ︵ᠨᠠᠢᠮᠠ︶ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠂ ᠵᠣᠷᠢᠭᠲᠠᠶ ᠡᠭᠦᠷᠭᠡᠯᠡᠬᠦ ᠶᠢ ᠪᠠᠷᠢᠮᠲᠠᠯᠠᠵᠤ᠂ ᠨᠠᠩ ᠥᠨᠳᠥᠷ ᠦᠷ᠎ᠡ ᠪᠦᠲᠦᠮᠵᠢᠲᠡᠶ ᠦᠢᠯᠡᠴᠢᠯᠡᠭᠡᠨ ᠤ ᠵᠠᠰᠠᠭ ᠤᠨ ᠣᠷᠳᠣᠨ ᠢ ᠪᠠᠶᠢᠭᠤᠯᠤᠨ᠎ᠠ᠃ ᠰᠢᠨ᠎ᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠰᠢᠨ᠎ᠡ ᠠᠶᠠᠨ ᠢᠶᠠᠨ ᠡᠬᠢᠯᠡᠭᠦᠯᠬᠦ ᠳᠤ᠂ ᠪᠢᠳᠡ ᠡᠷᠬᠡᠪᠰᠢ ᠠᠷᠠᠳ ᠲᠦᠮᠡᠨ ᠢ ᠳᠡᠭᠡᠳᠦᠯᠡᠬᠦ᠂ ᠠᠷᠠᠳ ᠲᠦᠮᠡᠨ ᠳᠤ  ᠦᠢᠯᠡᠴᠢᠯᠡᠬᠦ᠂ ᠠᠷᠠᠳ ᠲᠦᠮᠡᠨ ᠳᠤ ᠬᠠᠷᠢᠭᠤᠴᠠᠬᠤ᠂ ᠠᠷᠠᠳ ᠲᠦᠮᠡᠨ ᠤ ᠬᠢᠨᠠᠯᠲᠠ ᠶᠢ ᠬᠦᠯᠢᠶᠡᠬᠦ ᠶᠢ ᠢᠮᠠᠭᠲᠠ ᠪᠠᠷᠢᠮᠲᠠᠯᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠬᠤ ᠬᠡᠷᠡᠭᠲᠡᠶ᠃    ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠨ᠎ᠡ᠃ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠲᠦᠷᠢᠮ ᠢ ᠴᠢᠩᠭ᠎ᠠ ᠰᠠᠬᠢᠨ᠎ᠠ᠃ ᠰᠢᠨ᠎ᠡ ᠰᠡᠳᠬᠢᠬᠦᠶ ᠪᠠᠷ ᠰᠢᠨ᠎ᠡ ᠬᠥᠭᠵᠢᠯᠲᠡ ᠶᠢ ᠲᠥᠯᠥᠪᠵᠢᠭᠦᠯᠵᠦ᠂ ︽ᠳᠥᠷᠪᠡᠨ ᠤᠬᠠᠮᠰᠠᠷ︾ ᠢᠶᠠᠨ ᠦᠨᠡᠨ ᠬᠦ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃ ᠤᠬᠠᠮᠰᠠᠷ ᠠᠴᠠ ᠪᠠᠨ ᠤᠯᠤᠰ ᠲᠥᠷᠥ ᠶᠢᠨ ᠪᠣᠯᠪᠠᠰᠤᠷᠠᠯ ᠢᠶᠠᠨ ᠴᠢᠩᠭᠠᠳᠬᠠᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠬᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠤᠯᠤᠰ ᠲᠥᠷᠥ ᠶᠢᠨ ᠬᠠᠷᠠᠴᠠ ᠪᠠᠷ ᠠᠵᠤ ᠠᠬᠤᠶ ᠨᠡᠶᠢᠭᠡᠮ ᠤᠨ ᠠᠰᠠᠭᠤᠳᠠᠯ ᠢ ᠠᠵᠢᠭᠯᠠᠬᠤ ᠪᠠ ᠵᠠᠳᠠᠯᠬᠤ ᠳᠠᠭᠠᠨ ᠴᠢᠳᠠᠮᠠᠭᠠᠶ ᠪᠠᠶᠢᠵᠤ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ ᠳᠤ ᠲᠤᠭᠤᠰᠢᠯᠠᠭᠤᠯᠬᠤ ᠬᠡᠷᠡᠭᠲᠡᠶ᠃ 《 ᠤᠯᠤᠰ ᠤᠨ ᠶᠡᠭᠡ ᠲᠠᠯ᠎ᠠ ᠶᠢ ᠪᠣᠳᠣᠯᠬᠢᠯᠠᠵᠤ 》᠂ ᠳᠡᠭᠡᠲᠦ ᠱᠠᠲᠤ ᠪᠠ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠢᠳᠠᠪᠤᠷᠢᠵᠢᠭᠤᠯᠬᠤ᠂ ᠤᠷᠢᠳᠠᠴᠢ ᠴᠢᠨᠠᠷᠲᠠᠢ ᠪᠣᠳᠣᠯᠬᠢᠯᠠᠯ᠂ ᠪᠦᠬᠦ ᠲᠠᠯ᠎ᠠ ᠶᠢᠨ ᠴᠢᠨᠠᠷᠲᠠᠢ ᠲᠥᠯᠥᠪᠵᠢᠭᠦᠯᠬᠡ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠠᠶᠢᠷᠢᠯᠠᠭᠤᠯᠤᠯᠲᠠ ᠶᠢ ᠴᠢᠩᠭᠠᠳᠬᠠᠨ᠎ᠠ᠃ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠵᠦ᠂ ᠰᠠᠶᠢᠨ ᠰᠤᠷᠲᠠᠯ ᠢᠶᠠᠷ ᠴᠤᠭ ᠰᠦᠯᠳᠡ ᠪᠠᠨ ᠪᠠᠳᠠᠷᠠᠭᠤᠯᠵᠤ᠂ ᠲᠡᠮᠡᠴᠡᠯ ᠤᠨ ᠵᠣᠷᠢᠭ ᠢᠶᠠᠨ ᠬᠥᠭᠵᠢᠭᠡᠵᠦ᠂ ᠲᠦᠷᠢ ᠲᠥᠷᠬᠦ ᠶᠢ ᠪᠤᠢ ᠪᠣᠯᠭᠠᠵᠤ᠂ ᠠᠷᠠᠳ ᠤᠨ ᠰᠡᠳᠬᠢᠯ ᠢ ᠤᠯᠬᠤ ᠬᠡᠷᠡᠭᠲᠡᠢ᠃    ᠬᠠᠤᠯᠢ ᠶᠣᠰᠣᠭᠠᠷ ᠵᠠᠰᠠᠭ ᠶᠠᠪᠤᠭᠤᠯᠵᠦ ᠲᠦᠷᠢᠮ ᠲᠤᠭᠳᠠᠭᠠᠯ ᠢ ᠪᠠᠷᠮᠳᠠᠯᠠᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠭᠦᠷᠭᠡ ᠶᠢ ᠡᠷᠡᠰ ᠨᠠᠶᠢᠳᠠᠪᠤᠷᠢᠵᠢᠭᠤᠯᠤᠨ᠂ ᠬᠠᠤᠯᠢ ᠪᠠᠷ ᠵᠠᠰᠠᠬᠤ ᠦᠵᠡᠯᠲᠡ ᠪᠠᠨ ᠦᠨᠡᠨ ᠬᠦ ᠴᠢᠩᠭᠠᠳᠬᠠᠵᠤ᠂ ᠬᠠᠤᠯᠢ ᠶᠣᠰᠣᠭᠠᠷ ᠬᠦᠨᠳᠦ ᠶᠡᠭᠡ ᠥᠷᠢᠰᠥᠯᠳᠦᠭᠡᠨ ᠢ ᠠᠷᠭᠠᠴᠠᠬᠤ᠂ ᠬᠦᠨᠳᠦ ᠶᠡᠭᠡ ᠠᠶᠤᠯ ᠲᠦᠭᠰᠢᠭᠦᠷᠢ ᠶᠢ ᠡᠰᠡᠷᠭᠦᠴᠡᠨ ᠬᠤᠷᠢᠭᠯᠠᠬᠤ᠂ ᠬᠦᠨᠳᠦ ᠶᠡᠭᠡ ᠬᠠᠷᠰᠢ ᠰᠠᠭᠠᠳ ᠢ ᠢᠯᠠᠨ ᠳᠠᠪᠠᠭ᠋ᠤ᠂ ᠬᠦᠨᠳᠦ ᠶᠡᠭᠡ ᠵᠥᠷᠢᠴᠡᠯ ᠢ ᠰᠢᠢᠳᠪᠦᠷᠢᠯᠡᠬᠦ ᠶᠢ ᠪᠠᠷᠢᠮᠲᠠᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ᠂ ᠡᠯ᠎ᠡ ᠲᠠᠯ᠎ᠠ᠂ ᠡᠯ᠎ᠡ ᠭᠤᠭᠴᠤᠭ᠎ᠠ ᠳᠤ ᠲᠤᠭᠤᠰᠢᠯᠠᠭᠤᠯᠬᠤ ᠶᠢ ᠦᠨᠡᠨ ᠬᠦ ᠪᠠᠲᠤᠯᠠᠨ᠎ᠠ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠬᠠᠤᠯᠢ ᠴᠠᠭᠠᠵᠠ ᠶᠢᠨ ᠡᠷᠬᠡ ᠮᠡᠳᠡᠯ ᠪᠠ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠡᠭᠦᠷᠭᠡ ᠴᠢᠳᠠᠪᠤᠷᠢ ᠪᠠᠨ ᠭᠦᠢᠴᠡᠳᠭᠡᠵᠦ᠂ ︽ᠭᠤᠷᠪᠠᠨ ᠴᠢᠬᠤᠯᠠ ᠨᠢᠭᠡ ᠶᠡᠭᠡ︾ ᠬᠠᠮᠲᠤ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠴᠢᠬᠤᠯᠠ ᠶᠡᠭᠡ ᠤᠴᠢᠷ ᠶᠠᠪᠤᠳᠠᠯ ᠳᠤ ᠵᠢᠭᠠᠪᠤᠷᠢ ᠠᠪᠴᠤ ᠮᠡᠳᠡᠭᠦᠯᠬᠦ ᠲᠦᠷᠢᠮ ᠢ ᠨᠠᠶᠢᠳᠠᠪᠤᠷᠢᠵᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠪᠠ ᠠᠷᠠᠳ ᠣᠯᠠᠨ ᠤ ᠵᠠᠬᠢᠳᠠᠯ ᠰᠤᠷᠪᠤᠯᠵᠢᠯᠠᠭ᠎ᠠ ᠶᠢ ᠴᠢᠨᠠᠷ ᠰᠠᠶᠢᠲᠠᠶ ᠰᠠᠶᠢᠲᠤᠷ ᠡᠷᠭᠢᠯᠡᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠪᠠ ᠨᠡᠶᠢᠭᠡᠮ ᠤᠨ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠡᠷᠬᠡ ᠶᠢ ᠢᠯᠡ ᠪᠠᠷ ᠬᠡᠷᠡᠭᠵᠢᠭᠦᠯᠦᠨ᠎ᠡ᠃    ᠦᠨᠡᠨᠬᠦ ᠠᠳᠬᠤᠨ ᠪᠣᠳᠠᠲᠠᠶ ᠠᠵᠢᠯᠯᠠᠵᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠦᠨᠡᠨ ᠦᠭᠡ ᠬᠡᠯᠡᠬᠦ᠂ ᠪᠣᠳᠠᠲᠠᠢ ᠠᠵᠢᠯ ᠬᠢᠬᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠶᠢ ᠪᠡᠶᠡᠯᠡᠭᠦᠯᠵᠦ᠂ ᠨᠢᠭᠤᠷ ᠳᠡᠭᠡᠷ᠎ᠡ ᠨᠢ ᠨᠢᠭᠡ ᠶᠠᠩᠵᠤ᠂ ᠠᠷᠤ ᠬᠤᠶᠢᠨ᠎ᠠ ᠨᠢ ᠨᠢᠭᠡ ᠶᠠᠩᠵᠤ ᠪᠠᠶᠢᠵᠤ ᠪᠣᠯᠬᠤ ᠦᠭᠡᠢ᠂ ᠦᠨᠡᠨ ᠪᠣᠳᠠᠲᠠᠢ᠂ ᠪᠣᠳᠠᠲᠠᠢ ᠬᠢᠬᠦ ᠶᠢ ᠪᠠᠷᠢᠮᠲᠠᠯᠠᠵᠤ᠂ ᠢᠮᠠᠭᠲᠠ ᠬᠠᠷᠢᠭᠤᠴᠠᠯᠭ᠎ᠠ ᠪᠠᠨ ᠰᠡᠳᠬᠢᠯ ᠳᠡᠭᠡᠨ ᠪᠤᠳᠤᠵᠤ᠂ ᠪᠡᠶ᠎ᠡ ᠳᠡᠭᠡᠨ ᠬᠠᠷᠢᠭᠤᠴᠠᠯᠭ᠎ᠠ ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ︽ᠠᠵᠢᠯᠰᠠᠭ ᠰᠢᠳᠤᠷᠭᠤ︾ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠦᠬᠦ ᠰᠡᠳᠬᠢᠯ ᠢᠶᠠᠨ ᠠᠵᠢᠯ ᠬᠢᠵᠦ ᠦᠢᠯᠡᠰ ᠪᠦᠲᠦᠭᠡᠬᠦ ᠳᠡᠭᠡᠷ᠎ᠡ ᠲᠠᠯᠪᠢᠵᠤ᠂ ᠪᠦᠬᠦ ᠣᠶᠤᠨ ᠴᠢᠳᠠᠯ ᠢᠶᠠᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠬᠤ ᠳᠡᠭᠡᠷ᠎ᠡ ᠲᠠᠯᠪᠢᠵᠤ᠂ ᠰᠢᠢᠳᠪᠦᠷᠢᠯᠡᠬᠦ ᠶᠣᠰᠣᠲᠠᠢ ᠠᠰᠠᠭᠤᠳᠠᠯ ᠢ ᠶᠠᠭᠠᠬᠢᠭᠰᠠᠨ ᠴᠦ ᠰᠢᠢᠳᠪᠦᠷᠢᠯᠡᠵᠦ᠂ ᠪᠡᠶᠡᠯᠡᠬᠦᠯᠬᠦ ᠵᠣᠬᠢᠬᠤ ᠬᠦᠴᠢᠷ ᠠᠰᠠᠭᠤᠳᠠᠯ ᠢ ᠶᠠᠭᠠᠬᠢᠭᠰᠠᠨ ᠴᠦ ᠪᠡᠶᠡᠯᠡᠬᠦᠯᠬᠦ ᠬᠡᠷᠡᠭᠲᠡᠢ᠃ ᠣᠨ ᠤ ᠡᠭᠦᠷᠭᠡ ᠶᠢ ᠪᠣᠳᠠᠲᠠᠶᠢᠵᠢᠭᠤᠯᠬᠤ ᠶᠢ ᠠᠬᠢᠭᠤᠯᠤᠨ᠂ ᠭᠤᠤᠯᠳᠠᠯᠭ᠎ᠠ ᠲᠠᠢ ᠠᠵᠢᠯ᠂ ᠴᠢᠬᠤᠯᠠ ᠶᠡᠭᠡ ᠲᠥᠷᠥᠯ ᠵᠤᠶᠢᠯ ᠢ ᠡᠬᠡ ᠲᠠᠩᠰᠠ ᠳᠤ ᠣᠷᠣᠭᠤᠯᠬᠤ᠂ ᠨᠠᠷᠢᠨ ᠲᠠᠩᠰᠠ ᠳᠤ ᠣᠷᠣᠭᠤᠯᠬᠤ᠂ ᠴᠠᠭ ᠬᠤᠭᠤᠴᠠᠭ᠎ᠠ ᠲᠣᠭᠲᠠᠭᠠᠬᠤ ᠵᠡᠷᠭᠡ ᠶᠢ ᠬᠡᠷᠡᠭᠵᠢᠭᠦᠯᠵᠦ᠂ ︽ᠳᠣᠬᠢᠶᠠᠨ ᠳ᠋ᠧᠩ︾ ᠤᠨ ᠦᠵᠡᠯ ᠤᠬᠠᠮᠰᠠᠷ ᠢ ᠴᠢᠩᠭᠠᠷᠠᠭᠤᠯᠤᠨ᠂ ︽ᠳᠠᠷᠦ᠋ᠢᠬᠠᠨ ᠭᠦᠢᠴᠡᠳᠭᠡᠬᠦ︾ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠲᠡᠭᠦᠰᠬᠡᠯ ᠪᠤᠳᠤᠬᠤ︾ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠪᠠᠳᠠᠨ ᠪᠠᠶᠢᠴᠠᠭᠠᠬᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠢᠷᠤᠭ ᠲᠦᠰᠦᠯ ᠢᠶᠠᠷ ᠠᠵᠢᠯᠯᠠᠵᠦ᠂ ᠴᠢᠬᠤᠯᠠ ᠶᠡᠭᠡ ᠰᠢᠢᠳᠪᠦᠷᠢᠲᠦ ᠪᠤᠳᠤᠯᠭ᠎ᠠ᠂ ᠭᠤᠣᠯᠳᠠᠯᠭ᠎ᠠ ᠲᠠᠢ ᠢᠨᠵᠧᠨᠧᠷᠢᠩ ᠢ ᠮᠥᠷᠳᠡᠨ ᠰᠢᠪᠠᠳᠠᠨ ᠰᠢᠢᠳᠪᠦᠷᠢᠯᠡᠭᠦᠯᠵᠦ᠂ ᠵᠠᠰᠠᠭ ᠤᠨ ᠣᠷᠳᠣᠨ ᠤ ᠠᠵᠢᠯ ᠢ ︽ᠬᠡᠯᠡᠪᠡᠯ ᠵᠠᠪᠠᠯ ᠬᠢᠬᠦ᠂ ᠬᠢᠪᠡᠯ ᠵᠠᠪᠠᠯ ᠪᠦᠲᠦᠭᠡᠬᠦ᠂ ᠪᠦᠲᠦᠪᠡᠯ ᠵᠠᠪᠠᠯ ᠰᠢᠯᠢᠳᠡᠭᠵᠢᠭᠦᠯᠬᠦ︾ ᠪᠠᠷ ᠴᠢᠷᠮᠠᠶᠢᠨ᠎ᠠ᠃     ᠠᠷᠢᠭᠤᠨ ᠴᠢᠬᠡᠴᠢ ᠳᠦᠷᠢ ᠲᠥᠷᠬᠦ ᠶᠢ ᠪᠣᠶ ᠪᠣᠯᠭᠠᠨ᠎ᠠ᠃ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠲᠠᠢ︾ ᠶᠢ ᠨᠠᠷᠢᠨ ᠬᠢᠨᠠᠮᠠᠭᠠᠢ ᠭᠦᠢᠴᠡᠳᠬᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠠᠳᠬᠤᠨ᠎ᠠ᠃ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠴᠢᠬᠤᠯᠠ ᠶᠡᠭᠡ ᠢᠨᠵᠧᠨᠧᠷᠢᠩ᠂ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ ᠬᠢᠨᠠᠯᠲᠠ ᠲᠠᠯᠪᠢᠵᠤ ᠦᠷ᠎ᠡ ᠪᠦᠲᠦᠮᠵᠢ ᠶᠢ ᠠᠰᠠᠭᠤᠬᠤ ᠶᠢ ᠴᠢᠩᠭ᠎ᠠ ᠠᠩᠬᠠᠷᠴᠤ᠂ ᠠᠵᠢᠯᠴᠢ ᠬᠢᠴᠢᠶᠡᠩᠭᠦᠶ ᠠᠷᠢᠭᠤᠨ ᠴᠢᠬᠡᠴᠢ ᠪᠠᠷ ᠵᠠᠰᠠᠭ ᠪᠠᠷᠢᠬᠤ ᠬᠤᠶᠠᠷ ᠲᠠᠯ᠎ᠠ ᠶᠢ ᠠᠳᠬᠤᠬᠤ᠂ ᠬᠤᠤᠰ ᠠᠬᠢᠭᠤᠯᠬᠤ ᠶᠢ ᠪᠡᠶᠡᠯᠡᠭᠦᠯᠵᠦ᠂ ᠬᠢᠨᠠᠨ ᠪᠤᠳᠤᠬᠤ ᠶᠢ ᠪᠦᠷᠢᠨ ᠪᠥᠷᠬᠦᠭᠦᠯᠬᠦ ᠶᠢ ᠠᠬᠢᠭᠤᠯᠤᠨ᠎ᠠ᠃ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢ ᠵᠠᠯᠠᠷᠠᠭᠤᠯᠬᠤ ᠪᠠ ︽ᠰᠢᠨ᠎ᠡ ᠰᠤᠷᠲᠠᠯ︾ ᠢ ᠪᠣᠶ ᠪᠣᠯᠭᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠎ᠠ᠃ ᠤᠳᠬ᠎ᠠ ᠵᠣᠬᠢᠶᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠦᠨ᠎ᠡ᠃ ᠠᠷᠪᠢᠯᠠᠨ ᠭᠠᠮᠨᠠᠬᠤ ᠪᠠᠷ ᠪᠡᠶ᠎ᠡ ᠪᠠᠨ ᠵᠠᠰᠠᠬᠤ᠂ ᠠᠷᠪᠢᠯᠠᠨ ᠭᠠᠮᠨᠠᠬᠤ ᠪᠠᠷ ᠦᠢᠯᠡᠰ ᠢᠶᠠᠨ ᠬᠥᠭᠵᠢᠭᠦᠯᠬᠦ ᠶᠢ ᠪᠠᠷᠢᠮᠲᠠᠯᠠᠵᠤ᠂ ᠢᠳᠡᠪᠬᠢᠲᠡᠢ ᠡᠷᠡᠭᠦᠯ ᠰᠠᠷᠠᠭᠤᠯ ᠠᠮᠢᠳᠤᠷᠠᠯ ᠤᠨ ᠳᠤᠷ᠎ᠠ ᠰᠣᠨᠢᠷᠬᠠᠯ  ᠢ ᠪᠤᠢ ᠪᠣᠯᠭᠠᠵᠤ᠂ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠬᠦ᠂ ᠠᠵᠢᠯᠴᠢ ᠠᠷᠪᠢᠴᠢ ᠪᠠᠷ ᠠᠯᠢᠪᠠ ᠶᠠᠪᠤᠳᠠᠯ ᠢ ᠬᠢᠬᠦ ᠶᠢ ᠪᠠᠷᠢᠮᠲᠠᠯᠠᠬᠤ ᠬᠡᠷᠡᠭᠲᠡᠢ᠃ ᠲᠥᠰᠦᠪ ᠤᠨ ᠬᠢᠵᠠᠭᠠᠷᠯᠠᠯ ᠢ ᠴᠢᠩᠭᠠᠳᠬᠠᠨ᠂ ᠭᠠᠶᠢᠯᠢ ᠲᠠᠲᠠᠪᠤᠷᠢ ᠶᠢᠨ ᠲᠠᠲᠠᠪᠤᠷᠢᠯᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠤᠮᠤ ᠰᠢᠶᠠᠩ ᠪᠠᠯᠭᠠᠰᠤᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ᠂ ᠠᠮᠢᠳᠤᠯᠢᠭ ᠪᠣᠯᠭᠠᠬᠤ᠂ ᠰᠢᠶᠳᠪᠦᠷᠢᠯᠡᠬᠦ ᠠᠵᠢᠯ ᠢ ᠰᠠᠶᠢᠲᠤᠷ ᠬᠢᠵᠦ᠂ ᠨᠠᠩ ᠣᠯᠠᠨ ᠡᠳ᠋ ᠤᠨ ᠬᠦᠴᠦᠨ ᠢ ᠠᠷᠠᠳ ᠤᠨ ᠠᠮᠢᠳᠤᠷᠠᠯ ᠢ ᠪᠠᠲᠤᠯᠠᠬᠤ᠂ ᠳᠤᠲᠠᠭᠤᠳᠠᠯ ᠢ ᠨᠥᠬᠦᠪᠥᠷᠢᠯᠡᠬᠦ ᠂ ᠬᠥᠭᠵᠢᠯᠲᠡ ᠶᠢ ᠠᠬᠢᠭᠤᠯᠬᠤ ᠳᠡᠭᠡᠷ᠎ᠡ ᠬᠡᠷᠡᠭᠯᠡᠨ᠎ᠡ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢᠨ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠪᠣᠶ ᠪᠣᠯᠭᠠᠨ ᠂ ᠺᠠᠳ᠋ᠷᠴᠤᠳ ᠲᠥᠪ ᠴᠢᠬᠡᠴᠢ᠂ ᠵᠠᠰᠠᠭ ᠤᠨ ᠣᠷᠳᠣᠨ ᠠᠷᠢᠭᠤᠨ ᠴᠢᠬᠡᠴᠢ ᠪᠠᠶᠢᠬᠤ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠨ᠎ᠠ᠃  ᠲᠥᠯᠥᠭᠡᠯᠡᠭᠴᠢᠳ ᠡ︕ ᠵᠠᠭᠤᠨ ᠵᠢᠯ ᠤᠨ ᠠᠶᠠᠨ ᠵᠠᠮ ᠳᠤ ᠰᠢᠨ᠎ᠡ ᠬᠠᠭᠤᠳᠠᠰᠤ ᠶᠢ ᠪᠢᠴᠢᠭᠯᠡᠵᠦ᠂ ᠠᠤᠭ᠎ᠠ ᠰᠠᠨᠠᠭ᠎ᠠ ᠡᠷᠡᠯᠬᠡᠭ ᠵᠣᠷᠢᠭ ᠢᠶᠠᠷ ᠠᠶᠠᠨ ᠵᠠᠮ ᠢᠶᠠᠨ ᠡᠬᠢᠯᠡᠭᠦᠯᠦᠶ᠎ᠡ᠃ ᠰᠢᠨ᠎ᠡ ᠪᠠᠶᠢᠷᠢᠰᠢᠯ ᠨᠢ ᠰᠢᠨ᠎ᠡ ᠠᠵᠠ ᠲᠣᠬᠢᠶᠠᠯ ᠢ ᠪᠤᠢ ᠪᠣᠯᠭᠠᠵᠤ᠂ ᠰᠢᠨ᠎ᠡ ᠱᠠᠳᠤ ᠨᠢ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ ᠤᠷᠢᠶᠠᠯᠠᠵᠤ᠂ ᠰᠢᠨ᠎ᠡ ᠲᠡᠦᠬᠡ ᠶᠢᠨ ᠡᠬᠢᠯᠡᠯᠲᠡ ᠶᠢᠨ ᠴᠡᠭ ᠲᠤ ᠵᠣᠭᠰᠣᠪᠠᠯ᠂ ᠰᠢᠨ᠎ᠡ ᠶᠢ ᠡᠭᠦᠳᠬᠦ ᠬᠥᠭᠵᠢᠯᠲᠡ ᠰᠠᠶ᠋ᠢ ᠬᠦᠰᠡᠯ ᠡᠷᠡᠮᠡᠯᠵᠡᠯ ᠲᠠᠢ ᠪᠤᠯᠵᠤ᠂ ᠪᠣᠳᠠᠲᠠᠢ ᠠᠵᠢᠯᠯᠠᠪᠠᠯ ᠰᠠᠶ᠋ᠢ ᠬᠦᠰᠡᠯ ᠵᠡᠭᠦᠳᠦ ᠪᠠᠨ ᠲᠡᠷᠭᠡᠯᠰᠢᠭᠦᠯᠵᠦ ᠴᠢᠳᠠᠨ᠎ᠠ᠃ ᠪᠢᠳᠡ ᠰᠢ ᠶᠢᠨ ᠫᠢᠩ ᠨᠥᠬᠦᠷ  ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢᠶᠠᠨ ᠬᠥᠭᠵᠢᠭᠡᠵᠦ᠂ ᠬᠦᠴᠢᠷ ᠪᠡᠷᠬᠡᠰᠢᠶᠡᠯ ᠠᠴᠠ ᠠᠶᠤᠬᠤ ᠥᠬᠡᠶ᠂  ᠨᠤᠭᠤᠷᠠᠰᠢ ᠦᠬᠡᠢ ᠴᠢᠷᠮᠠᠶᠢᠵᠤ᠂ ᠤᠬᠠᠮᠰᠠᠷ ᠠᠴᠠ ᠪᠠᠨ ᠮᠡᠷᠡᠶᠢᠨ ᠤᠷᠤᠭᠰᠢᠯᠠᠵᠦ᠂ ᠳᠡᠭᠡᠳᠦ ᠳᠣᠤᠷᠠᠳᠤ ᠱᠠᠲᠤ ᠪᠠᠷ ᠢᠶᠠᠨ ᠰᠡᠳᠬᠢᠯ ᠨᠢᠭᠡᠳᠦᠨ᠂ ᠬᠠᠷᠢᠭᠤᠴᠠᠯᠭ᠎ᠠ ᠡᠭᠦᠷᠭᠡᠯᠡᠵᠦ ᠤᠷᠤᠭᠰᠢᠯᠠᠨ ᠳᠡᠪᠰᠢᠵᠦ᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢ ᠭᠤᠶᠢᠳᠠ ᠰᠠᠶᠢᠬᠠᠨ ᠡᠬᠢᠯᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠤᠭᠲᠤᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠢᠨᠠᠷ ᠰᠠᠶᠢᠲᠠᠶ ᠲᠠᠪᠠᠯᠳᠠᠳᠤ ᠮᠠᠶ᠋ᠢᠭ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠡ︕   《 ᠵᠠᠰᠠᠭ ᠤᠨ ᠣᠷᠳᠣᠨ ᠤ ᠠᠵᠢᠯ ᠤᠨ ᠢᠯᠡᠳᠬᠡᠯ 》 ᠤᠨ ᠨᠡᠷᠡᠰ ᠦᠭᠡ ᠶᠢᠨ ᠲᠣᠪᠴᠢ ᠲᠠᠶᠢᠯᠪᠤᠷᠢ 1 . ᠭᠤᠷᠪᠠᠨ ᠡᠷᠬᠡ ᠶᠢ ᠰᠠᠯᠭᠠᠬᠤ᠄  ᠳᠠᠷᠤᠢ ᠥᠮᠴᠢᠯᠡᠬᠦ ᠡᠷᠬᠡ᠂ ᠳᠠᠭᠠᠭᠠᠴᠢᠯᠠᠬᠤ ᠡᠷᠬᠡ᠂ ᠡᠵᠡᠩᠨᠡᠬᠦ ᠡᠷᠬᠡ ᠭᠤᠷᠪᠠᠨ ᠡᠷᠬᠡ ᠶᠢ ᠰᠠᠯᠭᠠᠬᠤ᠃ 2 . ᠪᠠᠭᠤᠯᠭᠠᠬᠤ ᠬᠠᠮᠢᠶᠠᠷᠬᠤ ᠦᠶᠯᠡᠴᠢᠯᠡᠬᠦ᠄ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠶᠯᠡᠴᠢᠯᠡᠭᠡ ᠶᠢ ᠰᠢᠯᠢᠳᠡᠭᠵᠢᠭᠦᠯᠬᠦ ᠶᠢᠨ ᠲᠣᠪᠴᠢ ᠨᠡᠷᠡᠶᠢᠳᠦᠯ᠃ 《 ᠪᠠᠭᠤᠯᠭᠠᠬᠤ 》 ᠭᠡᠳᠡᠭ ᠨᠢ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠣᠷᠣᠬᠤ ᠶᠢ ᠵᠥᠪᠰᠢᠶᠡᠷᠡᠬᠦ ᠪᠠᠷᠢᠮᠵᠢᠶ᠎ᠠ ᠶᠢ ᠳᠣᠷᠣᠭᠰᠢᠯᠠᠭᠤᠯᠤᠨ᠎ᠠ᠃ 《 ᠬᠠᠮᠢᠶᠠᠷᠬᠤ 》 ᠭᠡᠳᠡᠭ ᠨᠢ ᠳᠠᠷᠤᠢ ᠬᠢᠨᠠᠯᠲᠠ ᠬᠠᠮᠢᠶᠠᠷᠤᠯᠲᠠ ᠶᠢᠨ ᠰᠢᠨ᠎ᠡ ᠶᠢ ᠡᠭᠦᠳᠴᠦ᠂ ᠭᠤᠣᠯᠴᠢ ᠥᠷᠢᠰᠥᠯᠳᠦᠭᠡᠨ ᠢ ᠠᠬᠢᠭᠤᠯᠬᠤ ᠶᠠᠪᠤᠳᠠᠯ ᠪᠣᠯᠤᠨ᠎ᠠ᠃ 《 ᠦᠶᠯᠡᠴᠢᠯᠡᠬᠦ 》 ᠭᠡᠳᠡᠭ ᠨᠢ ᠳᠠᠷᠤᠶ ᠥᠨᠳᠥᠷ ᠪᠦᠲᠦᠮᠵᠢᠲᠡᠶ ᠦᠶᠯᠡᠴᠢᠯᠡᠵᠦ᠂ ᠳᠥᠭᠦᠮ ᠳᠥᠲᠡ ᠣᠷᠴᠢᠨ ᠨᠥᠬᠦᠴᠡᠯ ᠢ ᠪᠣᠶ ᠪᠣᠯᠭᠠᠨ᠎ᠠ᠃ 3 . ᠭᠤᠤᠯ ᠮᠥᠷᠡᠨ ᠨᠠᠭᠤᠷ ᠴᠥᠭᠦᠷᠥᠮ ᠢ ᠬᠤᠯᠪᠣᠨ ᠨᠡᠪᠲᠡᠷᠡᠭᠦᠯᠬᠦ ᠢᠨᠵᠧᠨᠧᠷᠢᠩ᠄ ᠭᠤᠤᠯ ᠤᠨ ᠵᠠᠮ ᠢ ᠬᠤᠯᠪᠣᠨ ᠨᠡᠪᠲᠡᠷᠡᠭᠦᠯᠬᠦ᠂ ᠰᠢᠪᠠᠷ ᠰᠢᠷᠣᠶ ᠶᠢ ᠴᠡᠪᠡᠷᠯᠡᠬᠦ᠂ ᠠᠮᠢ ᠠᠬᠤᠶ ᠶᠢᠨ ᠡᠷᠭᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠠᠷᠭ᠎ᠠ ᠬᠡᠮᠵᠢᠶ᠎ᠡ ᠶᠢ ᠠᠪᠬᠤ ᠪᠠᠷ ᠳᠠᠮᠵᠢᠭᠤᠯᠤᠨ᠂ ᠭᠤᠤᠯ ᠮᠥᠷᠡᠨ ( ᠨᠠᠭᠤᠷ ᠴᠥᠭᠦᠷᠥᠮ )  ᠤ ᠬᠤᠯᠪᠣᠨ ᠨᠡᠪᠲᠡᠷᠡᠭᠦᠯᠬᠦ ᠴᠢᠨᠠᠷ ᠢ ᠰᠠᠶᠢᠵᠢᠷᠠᠭᠤᠯᠵᠤ᠂ ᠠᠮᠢ ᠠᠬᠤᠶ ᠶᠢᠨ ᠤᠰᠤᠨ ᠤ ᠬᠡᠮᠵᠢᠶ᠎ᠡ ᠶᠢ ᠨᠥᠬᠦᠪᠥᠷᠢᠯᠡᠨ᠂ ᠤᠰᠤᠨ ᠤ ᠭᠠᠳᠠᠷᠭᠤ ᠶᠢᠨ ᠲᠠᠯᠠᠪᠠᠶ ᠶᠢ ᠨᠡᠮᠡᠭᠳᠡᠭᠦᠯᠵᠦ᠂ ᠠᠮᠢ ᠠᠬᠤᠶ ᠶᠢᠨ ᠡᠷᠭᠢ ᠶᠢᠨ ᠬᠠᠮᠠᠭᠠᠯᠠᠯᠲᠠ ᠶᠢ ᠰᠢᠨ᠎ᠡ  ᠪᠠᠷ ᠨᠡᠮᠡᠭᠳᠡᠭᠦᠯᠦᠨ᠂ ᠣᠯᠠᠨ ᠲᠠᠯ᠎ᠠ ᠶᠢᠨ ᠶᠡᠷᠦᠩᠬᠡᠶᠢᠯᠡᠭᠰᠡᠨ ᠠᠰᠢᠭ ᠣᠯᠵᠠᠪᠤᠷᠢ ᠶᠢ ᠪᠡᠶᠡᠯᠡᠭᠦᠯᠦᠨ᠎ᠡ᠃ 4 . ᠨᠢᠭᠡ ᠮᠥᠩᠭᠦ ᠳᠣᠯᠣᠭᠠᠨ ᠵᠦᠢᠯ ᠤᠨ ᠳᠦᠷᠢᠮ᠄ ᠨᠢᠭᠡ ᠮᠥᠩᠭᠦ ᠭᠡᠳᠡᠭ ᠨᠢ ᠪᠠᠶᠢᠭᠤᠯᠵᠤ ᠪᠠᠶᠢᠭ᠎ᠠ ᠪᠠᠷᠢᠯᠭ᠎ᠠ  ᠶᠢᠨ ᠵᠦᠢᠯ ᠤᠨ ᠬᠥᠯᠥᠰᠥᠨ ᠠᠵᠢᠯᠴᠢᠨ ᠤ ᠴᠠᠯᠢᠩ ᠤᠨ ᠪᠠᠲᠤᠯᠠᠭ᠎ᠠ ᠶᠢᠨ ᠮᠥᠩᠭᠦ ᠪᠣᠯᠤᠨ᠎ᠠ᠃ 《 ᠲᠤᠯᠤᠭᠠᠨ ᠲᠦᠷᠢᠮ 》 ᠭᠡᠳᠡᠭ ᠨᠢ ᠬᠥᠳᠡᠯᠮᠦᠷᠢ ᠶᠢᠨ ᠭᠡᠷ᠎ᠡ ᠲᠣᠭᠲᠠᠭᠠᠬᠤ᠂ ᠪᠠᠷᠢᠯᠭ᠎ᠠ ᠪᠠᠷᠢᠬᠤ ᠪᠥᠬᠦ ᠶᠠᠪᠤᠴᠠ ᠶᠢ ᠲᠡᠰᠦᠯᠦᠨ ᠪᠤᠳᠤᠬᠤ᠂ ᠦᠨᠡᠨ ᠨᠡᠷ᠎ᠡ ᠶᠢᠨ ᠲᠦᠷᠢᠮ᠂ ᠲᠠᠩᠰᠠ ᠰᠠᠯᠭᠠᠨ ᠬᠠᠮᠢᠶᠠᠷᠬᠤ᠂ ᠪᠠᠩᠬᠢ ᠠᠴᠠ ᠴᠠᠯᠢᠩ ᠢ ᠣᠷᠣᠯᠠᠨ ᠥᠭᠬᠦ᠂ ᠰᠠᠷ᠎ᠠ ᠪᠦᠷᠢ ᠲᠤᠭ᠎ᠠ ᠶᠣᠰᠣᠭᠠᠷ ᠴᠠᠯᠢᠩ ᠣᠯᠭᠤᠬᠤ᠂ ᠡᠷᠬᠡ ᠠᠰᠢᠭ ᠢᠶᠠᠨ ᠬᠠᠮᠠᠭᠠᠯᠠᠬᠤ ᠮᠡᠳᠡᠭᠡ ᠵᠠᠩᠭᠢ  ᠶᠢᠨ ᠵᠠᠷᠯᠠᠯ ᠤᠨ ᠫᠠᠶᠢᠰᠠ ᠭᠠᠷᠭᠠᠬᠤ ᠲᠦᠷᠢᠮ ᠢ ᠵᠢᠭᠠᠵᠤ ᠪᠠᠶᠢᠨ᠎ᠠ᠃5 . ᠵᠢᠷᠭᠤᠭ᠎ᠠ ᠶᠢ ᠴᠡᠪᠡᠷᠯᠡᠬᠦ᠄ ᠳᠠᠷᠤᠶ ᠰᠦᠪᠡᠭᠴᠢ ᠶᠢ ᠴᠡᠪᠡᠷᠯᠡᠬᠦ᠂ ᠤᠷᠭᠤᠳᠠᠭᠤᠯ ᠶᠠᠯᠠᠲᠠᠨ ᠢ ᠴᠡᠪᠡᠷᠯᠡᠬᠦ᠂ ᠬᠡᠷᠡᠭ  ᠢ ᠴᠡᠪᠡᠷᠯᠡᠬᠦ᠂ ᠰᠢᠬᠦᠷ ᠲᠣᠤᠷ ᠢ ᠴᠡᠪᠡᠷᠯᠡᠬᠦ᠂ ᠬᠠᠷ᠎ᠠ ᠡᠳ᠋ ᠬᠥᠷᠥᠩᠭᠡ ᠶᠢ ᠴᠡᠪᠡᠷᠯᠡᠬᠦ᠂ ᠠᠵᠢᠯ ᠲᠥᠷᠥᠯ ᠢ ᠴᠡᠪᠡᠷᠯᠡᠬᠦ ᠪᠣᠯᠤᠨ᠎ᠠ᠃ 6 . ᠬᠤᠶᠠᠷ ᠢ ᠰᠡᠷᠭᠡᠶᠢᠯᠡᠬᠦ᠄ ᠳᠠᠬᠢᠨ ᠶᠠᠳᠠᠭᠤᠷᠠᠬᠤ ᠶᠢ ᠰᠡᠷᠭᠡᠶᠢᠯᠡᠬᠦ᠂ ᠶᠠᠳᠠᠭᠤᠷᠠᠬᠤ ᠶᠢ ᠰᠡᠷᠭᠡᠶᠢᠯᠡᠬᠦ᠃ 7 . ᠭᠤᠷᠪᠠᠨ ᠵᠦᠢᠯ ᠤᠨ ᠥᠭᠡᠷᠡᠴᠢᠯᠡᠯᠲᠡ᠄ ᠲᠤᠬᠠᠶᠢᠯᠠᠪᠠᠯ ᠦᠷᠭᠦᠯᠵᠢᠯᠡᠬᠦ ᠴᠢᠨᠠᠷᠲᠠᠶ ᠠᠮᠢ ᠠᠬᠤᠶ ᠣᠷᠴᠢᠨ ᠠᠬᠤᠶ  ᠶᠢᠨ ᠬᠠᠮᠠᠭᠠᠯᠠᠯᠲᠠ ᠶᠢᠨ ᠳᠦᠷᠢᠮ ᠢ ᠪᠤᠶ ᠪᠣᠯᠭᠠᠨ᠎ᠠ᠃ ᠬᠥᠲᠥᠴᠢ ᠠᠵᠤ ᠠᠬᠤᠶᠢᠯᠠᠯ ᠬᠢᠭᠡᠳ ᠮᠠᠯᠴᠢᠨ ᠲᠠᠷᠢᠶᠠᠴᠢᠨ  ᠤ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠣᠷᠣᠰ ᠮᠣᠩᠭᠤᠯ ᠯᠤᠭ᠎ᠠ ᠶᠢᠨ ᠬᠠᠮᠲᠤᠷᠠᠯᠴᠠᠭᠠᠨ ᠤ ᠲᠣᠭᠲᠠᠴᠠ ᠶᠢᠨ ᠰᠢᠨ᠎ᠡ ᠶᠢ ᠡᠭᠦᠳᠦᠨ᠎ᠡ᠃ 8 . ᠡᠭᠦᠳᠡᠨ ᠡᠮᠦᠨᠡᠬᠢ 《 ᠭᠤᠷᠪᠠ ᠶᠢ ᠳᠠᠭᠠᠭᠠᠴᠢᠯᠠᠬᠤ 》 ᠲᠥᠷᠥ ᠶᠢᠨ ᠪᠣᠳᠣᠯᠭ᠎ᠠ᠄ ᠲᠤᠬᠠᠶᠢᠯᠠᠪᠠᠯ ᠵᠠᠮ ( ᠵᠡᠭᠡᠯᠢ ) ᠤᠨ ᠪᠤᠶ ᠪᠦᠬᠦᠢ ᠨᠢᠭᠡᠴᠡ᠂ ᠡᠭᠦᠳᠡᠨ ᠳᠡᠯᠭᠡᠭᠦᠷ᠂ ᠰᠠᠭᠤᠭ᠎ᠠ ᠡᠷᠦᠬᠡ ᠵᠣᠬᠢᠬᠤ ᠬᠡᠪᠴᠢᠶᠡᠨ ᠳᠤ ᠬᠤᠲᠠ  ᠶᠢᠨ ᠦᠵᠡᠮᠵᠢ ᠣᠷᠴᠢᠨ ᠲᠣᠭᠤᠷᠢᠨ ᠤ ᠬᠠᠷᠢᠭᠤᠴᠠᠯᠭ᠎ᠠ ᠶᠢ ᠡᠭᠦᠷᠭᠡᠯᠡᠵᠦ᠂ ᠵᠣᠬᠢᠬᠤ ᠬᠡᠮᠵᠢᠶᠡᠨ ᠤ ᠬᠤᠲᠠ ᠶᠢᠨ ᠬᠠᠮᠢᠶᠠᠷᠤᠯᠲᠠ ᠶᠢᠨ ᠡᠭᠦᠷᠭᠡ ᠶᠢ ᠡᠭᠦᠷᠭᠡᠯᠡᠵᠦ᠂ ᠠᠷᠢᠭᠤᠨ ᠴᠡᠪᠡᠷ᠂ ᠨᠣᠭᠤᠭᠠᠷᠠᠭᠤᠯᠤᠯᠲᠠ᠂ ᠡᠮᠬᠢ ᠳᠢᠭᠯᠢᠮ ᠢ ᠳᠠᠭᠠᠭᠠᠴᠢᠯᠠᠬᠤ ᠬᠡᠷᠡᠭᠲᠡᠶ᠃ 9 . ︽ᠬᠤᠶᠠᠷ ᠰᠢᠨ᠎ᠡ ᠨᠢᠬᠡ ᠴᠢᠬᠤᠯᠠ︾᠄  ︽ᠬᠤᠶᠠᠷ ᠰᠢᠨ᠎ᠡ︾  ᠬᠡᠳᠡᠭ ᠨᠢ ᠰᠢᠨ᠎ᠡ ᠮᠠᠶ᠋ᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ᠂  ︽ᠨᠢᠭᠡ ᠴᠢᠬᠤᠯᠠ︾ ᠬᠡᠳᠡᠭ ᠨᠢ ᠲᠤᠬᠠᠶᠢᠯᠠᠪᠠᠯ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠴᠢᠬᠤᠯᠠ ᠶᠡᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠬᠡᠯᠡᠨ᠎ᠡ᠃10 . ᠳᠥᠷᠪᠡᠨ ᠰᠠᠶᠢᠨ᠄ ᠬᠥᠳᠡᠭᠡ ᠲᠣᠰᠬᠤᠨ ᠤ ᠵᠠᠰᠠᠮᠠᠯ ᠵᠠᠮ ᠢ ᠰᠠᠶᠢᠲᠤᠷ ᠪᠦᠲᠦᠭᠡᠨ ᠪᠠᠶᠢᠭᠤᠯᠵᠤ᠂ ᠰᠠᠶᠢᠲᠤᠷ ᠬᠠᠮᠢᠶᠠᠷᠴᠤ᠂ ᠰᠠᠶᠢᠲᠤᠷ ᠬᠠᠮᠠᠭᠠᠯᠠᠵᠤ᠂ ᠰᠠᠶᠢᠲᠤᠷ ᠡᠵᠡᠩᠨᠡᠨ᠎ᠡ᠃ 11 . ᠬᠤᠶᠠᠷ ᠪᠦᠲᠦᠭᠡᠭᠳᠡᠬᠦᠨ ᠨᠢᠭᠡ ᠳᠡᠮᠳᠡᠭ᠄ 《 ᠬᠤᠶᠠᠷ ᠪᠦᠲᠦᠭᠡᠭᠳᠡᠬᠦᠨ 》 ᠨᠢ ᠳᠠᠷᠤᠶ ᠪᠣᠬᠢᠷᠲᠤᠯ ᠦᠬᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ᠂ 《 ᠨᠢᠭᠡ ᠳᠡᠮᠳᠡᠭ 》 ᠨᠢ ᠳᠠᠷᠤᠶ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠪᠡᠯᠭᠡ ᠳᠡᠮᠳᠡᠭ ᠪᠣᠯᠤᠨ᠎ᠠ᠃ 12 . ᠬᠤᠶᠠᠷ ᠣᠷᠣᠨ᠄ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ ᠪᠣᠯᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠠᠮᠠᠭᠠᠯᠠᠯᠲᠠ ᠶᠢᠨ ᠣᠷᠣᠨ ᠪᠣᠯᠤᠨ᠎ᠠ᠃ 13 . ᠬᠤᠶᠠᠷ ᠠᠮᠦ ᠪᠤᠳᠠᠭ᠎ᠠ ᠬᠤᠶᠠᠷ ᠦᠬᠡᠷ᠄ 《 ᠬᠤᠶᠠᠷ ᠠᠮᠦ ᠪᠤᠳᠠᠭ᠎ᠠ 》 ᠭᠡᠳᠡᠭ ᠨᠢ ᠲᠤᠲᠤᠷᠭ᠎ᠠ᠂ ᠡᠷᠳᠡᠨᠢ ᠰᠢᠰᠢ ᠪᠣᠯᠤᠨ᠎ᠠ᠃ 《 ᠬᠤᠶᠠᠷ ᠦᠬᠡᠷ 》 ᠨᠢ ᠳᠠᠷᠤᠶ ᠠᠯᠠᠰᠢᠨ ᠦᠬᠡᠷ᠂ ᠰᠠᠭᠠᠯᠢ ᠶᠢᠨ ᠦᠨᠢᠶ᠎ᠡ ᠪᠣᠯᠤᠨ᠎ᠠ᠃ 14 . ᠠᠮᠤ ᠪᠤᠳᠠᠭᠠᠨ ᠤ ᠠᠵᠤ ᠦᠢᠯᠡᠰ ᠤᠨ ᠬᠤᠣᠰ ᠵᠠᠭᠤ ᠬᠤᠤᠰ ᠮᠢᠩᠭᠠᠨ ᠤ ᠢᠨᠵᠧᠨᠧᠷᠢᠩ᠄ 2019 ᠣᠨ  ᠳᠤ ᠠᠶᠢᠮᠠᠭ ᠤᠨ ᠨᠠᠮ ᠤᠨ ᠬᠤᠷᠢᠶ᠎ᠠ ( ᠥᠷᠭᠡᠳᠬᠡᠭᠰᠡᠨ ) ᠶᠢᠨ ᠬᠤᠷᠠᠯ ᠠᠴᠠ ᠠᠮᠤ ᠪᠤᠳᠠᠭᠠᠨ ᠤ ᠠᠵᠤ ᠦᠢᠯᠡᠰ  ᠤᠨ 《 ᠬᠤᠣᠰ ᠵᠠᠭᠤ ᠬᠤᠤᠰ ᠮᠢᠩᠭᠠᠨ 》 ᠤ ᠢᠨᠵᠧᠨᠧᠷᠢᠩ ᠢ ᠳᠤᠷᠠᠳᠴᠤ᠂ 5 ᠵᠢᠯ ᠣᠷᠴᠢᠮ ᠤᠨ ᠬᠤᠭᠤᠴᠠᠭᠠᠨ ᠳᠤ᠂ ᠪᠦᠬᠦ ᠠᠶᠢᠮᠠᠭ ᠤᠨ ᠪᠣᠬᠢᠷᠲᠤᠯ ᠦᠭᠡᠢ ᠣᠷᠭᠠᠨᠢᠭ ᠤᠰᠤᠨ ᠲᠤᠲᠤᠷᠭ᠎ᠠ ᠲᠠᠷᠢᠬᠤ ᠲᠠᠯᠠᠪᠠᠢ ᠶᠢ 100 ᠲᠦᠮᠡᠨ ᠮᠦ ᠠᠴᠠ ᠳᠠᠪᠠᠭᠤᠯᠵᠤ᠂ ᠡᠷᠳᠡᠨᠢ ᠰᠢᠰᠢ ᠶᠢᠨ ᠲᠠᠷᠢᠬᠤ ᠲᠠᠯᠠᠪᠠᠢ ᠶᠢ 1000 ᠲᠦᠮᠡᠨ ᠮᠦ ᠳᠤ ᠲᠣᠭᠲᠠᠪᠤᠷᠢᠵᠢᠭᠤᠯᠵᠤ᠂ ᠲᠤᠲᠤᠷᠭ᠎ᠠ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ ᠢ 100 ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ ᠡᠷᠳᠡᠨᠢ ᠰᠢᠰᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ ᠢ ᠦᠨᠳᠦᠰᠦᠨ ᠳᠡᠭᠡᠨ 1000 ᠳ᠋ᠦᠩᠰᠢᠭᠤᠷ ᠲᠥᠭᠦᠷᠢᠭ ᠲᠤ ᠬᠦᠷᠭᠡᠨ᠎ᠡ᠃15 . ︽ᠲᠦᠷᠪᠡ ᠶᠢ ᠦᠯᠦ ᠬᠠᠶᠠᠬᠤ︾᠄ ᠶᠠᠳᠠᠭᠤ ᠠᠴᠠ ᠠᠩᠭᠢᠵᠢᠷᠠᠭᠰᠠᠨ ᠴᠤ ᠬᠠᠷᠢᠭᠤᠴᠠᠯᠭ᠎ᠠ ᠪᠠᠨ ᠬᠠᠶᠠᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠤ ᠲᠦᠷᠦ ᠶᠢᠨ ᠪᠤᠳᠤᠯᠭ᠎ᠠ ᠪᠠᠨ ᠲᠠᠰᠤᠯᠳᠠᠭᠤᠯᠬᠤ ᠦᠭᠡᠢ᠂ ᠶᠠᠳᠠᠭᠤ  ᠠᠴᠠ ᠠᠩᠭᠢᠵᠢᠷᠠᠭᠰᠠᠨ ᠴᠤ ᠬᠠᠪᠰᠤᠷᠤᠨ ᠲᠡᠳᠬᠦᠬᠦ ᠪᠠᠨ ᠪᠤᠯᠢᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠤ ᠬᠢᠨᠠᠯᠲᠠ ᠬᠠᠮᠢᠶᠠᠷᠤᠯᠲᠠ ᠪᠠᠨ ᠰᠤᠯᠠᠷᠠᠭᠤᠯᠬᠤ ᠦᠭᠡᠢ᠃ 16 . ᠳᠥᠷᠪᠡᠨ 100 ᠢᠨᠵᠧᠨᠧᠷᠢᠩ᠄ ᠳᠠᠷᠤᠶ 100 ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠵᠢᠱᠢᠶ᠎ᠡ ᠦᠵᠡᠭᠦᠯᠬᠦ ᠲᠣᠰᠬᠤᠨ᠂ 100 ᠭᠤᠤᠯᠳᠠᠯᠭ᠎ᠠ ᠲᠠᠢ ᠬᠤᠷᠰᠢᠶ᠎ᠠ᠂ 100 ᠠᠵᠤ ᠦᠶᠯᠡᠰ ᠤᠨ ᠳᠠᠭᠠᠭᠤᠯᠤᠭᠴᠢ᠂ 100 ᠡᠮᠡᠭᠲᠡᠶᠢᠴᠦᠳ ᠤᠨ ᠳᠠᠭᠠᠭᠤᠯᠤᠭᠴᠢ ᠶᠢ ᠲᠡᠳᠬᠦᠨ᠎ᠡ᠃ 17 . ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ᠂ ᠨᠢᠭᠡ ᠪᠠᠷᠢᠮᠵᠢᠶ᠎ᠠ ᠳᠤ ᠬᠦᠷᠭᠡᠬᠦ᠄ 《 ᠬᠤᠶᠠᠷ  ᠲᠤ ᠵᠣᠪᠠᠭ᠋ᠤ ᠦᠭᠡᠢ 》 ᠭᠡᠳᠡᠭ ᠨᠢ ᠢᠳᠡᠬᠦ ᠳᠤ ᠵᠣᠪᠠᠭ᠋ᠤ ᠦᠭᠡᠢ ( ᠠᠮᠤᠷ ᠲᠦᠪᠰᠢᠨ ᠤᠤᠭᠤᠬᠤ ᠤᠰᠤ ᠪᠠᠭᠲᠠᠨ᠎ᠠ )᠂ ᠡᠮᠦᠰᠬᠦ ᠳᠤ ᠵᠣᠪᠠᠭ᠋ᠤ ᠦᠭᠡᠢ᠃ 《 ᠭᠤᠷᠪᠠ ᠶᠢ ᠪᠠᠲᠤᠯᠠᠬᠤ 》 ᠭᠡᠳᠡᠭ ᠨᠢ ᠠᠯᠪᠠᠨ ᠵᠢᠷᠤᠮ ᠤᠨ ᠰᠤᠷᠭᠠᠨ ᠬᠥᠮᠦᠵᠢᠯ᠂ ᠠᠮᠤᠷ ᠲᠦᠪᠰᠢᠨ ᠣᠷᠣᠨ ᠰᠠᠭᠤᠴᠠ᠂ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠪᠣᠯᠤᠨ᠎ᠠ ᠃ 《 ᠨᠢᠭᠡ ᠪᠠᠷᠢᠮᠵᠢᠶ᠎ᠠ ᠳᠤ ᠬᠦᠷᠦᠭᠦᠯᠬᠦ 》 ᠭᠡᠳᠡᠭ ᠨᠢ ᠲᠠᠷᠢᠶᠠᠴᠢᠨ ᠮᠠᠯᠴᠢᠨ ᠭᠡᠷ ᠪᠦᠯᠢ ᠶᠢᠨ ᠣᠨ ᠤ ᠬᠥᠮᠦᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠶᠢ ᠤᠯᠤᠰ ᠤᠨ ᠣᠳᠣ ᠶᠢᠨ ᠬᠡᠷᠡᠭᠵᠢᠭᠦᠯᠵᠦ ᠪᠠᠶᠢᠭ᠎ᠠ ᠶᠠᠳᠠᠭᠤ ᠶᠢ ᠲᠡᠳᠬᠦᠬᠦ ᠪᠠᠷᠢᠮᠵᠢᠶ᠎ᠠ ᠳᠤ ᠬᠦᠷᠦᠭᠦᠯᠬᠦ ᠶᠢ ᠵᠢᠭᠠᠵᠤ ᠪᠤᠶ᠃ 18 . ᠲᠠᠪᠤ ᠶᠢ ᠬᠥᠭᠵᠢᠭᠦᠯᠦᠨ ᠮᠠᠨᠳᠤᠭᠤᠯᠬᠤ᠄ ᠬᠥᠳᠡᠭᠡ ᠲᠣᠰᠬᠤᠨ ᠤ ᠠᠵᠤ ᠦᠶᠯᠡᠰ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠤ ᠠᠮᠢ ᠠᠬᠤᠶ ᠶᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠤ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠪᠣᠯᠤᠨ᠎ᠠ᠃ 19 . ᠹᠧᠩ ᠴᠢᠶᠣᠣ ᠶᠢᠨ ᠲᠤᠷᠰᠢᠯᠭ᠎ᠠ᠄ 20 ᠳ᠋ᠤᠭᠠᠷ ᠵᠠᠭᠤᠨ ᠤ ᠵᠢᠷᠠᠭᠠᠳ ᠣᠨ ᠤ ᠡᠬᠢ ᠪᠠᠷ ᠵᠧᠵᠢᠶᠠᠩ ᠮᠤᠵᠢ  ᠶᠢᠨ ᠱᠣᠤᠰᠢᠩ ᠬᠤᠲᠠ ᠶᠢᠨ ᠵᠦᠵᠢ ᠰᠢᠶᠠᠨ ᠤ ᠹᠧᠩ ᠴᠢᠶᠣᠣ ᠪᠠᠯᠭᠠᠰᠤᠨ ᠤ ᠺᠠᠳ᠋ᠷ ᠣᠯᠠᠨ ᠲᠦᠮᠡᠨ᠂ ᠣᠯᠠᠨ ᠲᠦᠮᠡᠨ ᠢ ᠳᠠᠶᠢᠴᠢᠯᠠᠨ ᠲᠦᠰᠢᠭᠯᠡᠵᠦ᠂ ᠵᠥᠷᠢᠴᠡᠯ ᠢ ᠳᠡᠭᠡᠭᠰᠢ ᠲᠤᠰᠢᠶᠠᠬᠤ ᠦᠭᠡᠶ᠂ ᠲᠤᠬᠠᠶ ᠶᠢᠨ ᠭᠠᠵᠠᠷ ᠲᠤᠨᠢ ᠰᠢᠶᠳᠪᠦᠷᠢᠯᠡᠬᠦ ᠶᠢ ᠪᠠᠷᠢᠮᠲᠠᠯᠠᠨ᠂ ᠬᠥᠮᠦᠨ ᠴᠥᠭᠡᠨ ᠪᠠᠷᠢᠭᠰᠠᠨ᠂ ᠠᠮᠤᠷ ᠢ ᠬᠠᠮᠠᠭᠠᠯᠠᠬᠤ ᠲᠠᠯ᠎ᠠ ᠪᠠᠷ ᠰᠠᠶᠢᠨ 《 ᠹᠧᠩ ᠴᠢᠶᠣᠣ ᠶᠢᠨ ᠲᠤᠷᠰᠢᠯᠭ᠎ᠠ 》 ᠶᠢ ᠡᠭᠦᠳᠴᠡᠶ᠃ ᠲᠠᠰᠤᠷᠠᠯᠲᠠ ᠦᠭᠡᠶ ᠬᠥᠭᠵᠢᠯᠲᠡ ᠪᠠᠷ ᠳᠡᠮᠵᠢᠨ᠂ ᠢᠯᠡ ᠲᠣᠳᠣ ᠴᠠᠭ ᠦᠶ᠎ᠡ ᠶᠢᠨ ᠣᠨᠴᠠᠯᠢᠭ ᠪᠦᠬᠦᠢ 《 ᠨᠠᠮ ᠵᠠᠰᠠᠭ ᠬᠥᠳᠡᠯᠦᠯᠴᠡᠵᠦ᠂ ᠣᠯᠠᠨ ᠲᠦᠮᠡᠨ ᠳᠤ ᠲᠦᠰᠢᠭᠯᠡᠨ᠂ ᠵᠢᠭᠤᠷᠠᠯᠳᠤᠭᠠᠨ ᠢ ᠰᠡᠷᠭᠡᠶᠢᠯᠡᠵᠦ᠂ ᠵᠥᠷᠢᠴᠡᠯ ᠢ ᠰᠢᠶᠳᠪᠦᠷᠢᠯᠡᠨ᠂ ᠲᠣᠭᠲᠠᠭᠤᠨ ᠪᠠᠶᠢᠳᠠᠯ ᠢ ᠬᠠᠮᠠᠭᠠᠯᠠᠵᠤ᠂ ᠬᠥᠭᠵᠢᠯᠲᠡ ᠶᠢ ᠠᠬᠢᠭᠤᠯᠬᠤ 》 ᠹᠧᠩ ᠴᠢᠶᠣᠣ ᠶᠢᠨ ᠰᠢᠨ᠎ᠡ ᠲᠤᠷᠰᠢᠯᠭ᠎ᠠ ᠶᠢ ᠪᠦᠷᠢᠯᠳᠦᠭᠦᠯᠵᠦ᠂ ᠰᠢᠨ᠎ᠡ ᠴᠠᠭ ᠦᠶ᠎ᠡ ᠳᠤ ᠨᠠᠮ ᠤᠨ ᠣᠯᠠᠨ ᠲᠦᠮᠡᠨᠴᠢ ᠱᠤᠭᠤᠮ ᠢ ᠰᠠᠶᠢᠲᠤᠷ ᠪᠠᠷᠢᠮᠲᠠᠯᠠᠵᠤ᠂ ᠰᠠᠶᠢᠲᠤᠷ ᠲᠤᠤᠱᠯᠠᠭᠤᠯᠬᠤ ᠶᠢᠨ ᠦᠯᠢᠭᠡᠷ ᠵᠢᠱᠢᠶ᠎ᠡ ᠪᠣᠯᠤᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号