5 ᠰᠠᠷ᠎ᠠ ᠶᠢᠨ 7 ᠤ ᠡᠳᠦᠷ᠂ ᠮᠠᠨ ᠤ ᠬᠤᠰᠢᠭᠤ ︽ᠪᠣᠬᠢᠷᠲᠤᠯ ᠥᠬᠡᠶ ᠬᠥᠭᠵᠢᠯᠲᠡ᠂ ᠰᠠᠶᠢᠨ ᠰᠠᠶᠢᠬᠠᠨ | ᠠᠮᠢᠳᠤᠷᠠᠯ᠂ ᠵᠠᠭᠤᠨ ᠵᠢᠯ ᠤᠨ ᠬᠦᠰᠡᠯ ᠵᠡᠭᠦᠳᠦ᠂ ᠡᠷᠡᠭᠦᠯ ᠡᠩᠬᠡ ᠡᠮᠦᠨᠡᠲᠦ ᠬᠤᠰᠢᠭᠤ︾ ᠪᠠᠷ ᠭᠤᠤᠯ ᠰᠡᠳᠦᠪ | ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ · | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︽ᠳᠤᠮᠳᠠᠳᠤ ᠤᠯᠤᠰ ᠤᠨ ᠵᠤᠭᠠᠴᠠᠯ ᠤᠨ ᠡᠲᠦᠷᠯᠢᠭ︾ ᠤᠨ | ᠬᠦᠳᠡᠯᠭᠡᠭᠡᠨ ᠵᠢᠴᠢ ᠪᠥᠬᠦ ᠠᠷᠠᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠶᠠᠪᠤᠭᠤᠯᠪᠠ | ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ | ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠵᠦ ᠴᠧᠩ ᠪᠠᠩ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ | ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠯᠢ ᠵᠧᠨ ᠯᠢᠨ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠴᠧᠨ ᠿᠠᠨ᠂ ᠬᠤᠰᠢᠭᠤᠨ ᠤ | ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠢᠤ ᠿᠦ ᠹᠧᠩ᠂ ᠠᠶᠢᠮᠠᠭ ᠤᠨ ᠰᠣᠶᠣᠯ ᠵᠤᠭᠠᠴᠠᠯ ᠪᠡᠶ᠎ᠡ ᠶᠢᠨ | ᠲᠠᠮᠢᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠤᠳᠤᠷᠢᠳᠤᠯᠭ᠎ᠠ ᠵᠢᠴᠢ ᠮᠠᠨ ᠤ ᠬᠤᠰᠢᠭᠤᠨ ᠤ ᠳᠡᠳ᠋ ᠭᠠᠵᠠᠷ ᠤᠨ | ᠲᠠᠰ ᠠᠴᠠ ᠳᠡᠭᠡᠭᠰᠢᠬᠢ ᠪᠤᠰᠤᠳ ᠤᠳᠤᠷᠢᠳᠤᠯᠭ᠎ᠠ ᠨᠠᠷ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | | | ᠡᠬᠢᠯᠡᠯᠲᠡ ᠶᠢᠨ ᠬᠡᠯᠪᠡᠷᠢ ᠨᠢ ︽ᠨᠤᠲᠤᠭ ᠤᠨ ᠳᠠᠭᠤᠤ ᠪᠠᠨ ᠨᠠᠮ ᠳᠠᠭᠠᠨ ᠡᠷᠭᠦᠶ᠎ᠡ︾ ᠭᠡᠬᠦ ᠶᠡᠭᠡ ᠨᠠᠶᠢᠷᠠᠯ | ᠳᠠᠭᠤᠤ ᠪᠠᠷ ᠬᠥᠰᠢᠭᠡ ᠪᠠᠨ ᠰᠡᠬᠦᠪᠡ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠤᠯᠠᠭᠠᠨ | ᠪᠠᠶᠠᠷ ᠤᠨ ᠦᠭᠡ ᠬᠡᠯᠡᠬᠦ ᠳᠡᠭᠡᠨ᠂ ᠣᠶᠢᠷ᠎ᠠ ᠶᠢᠨ ᠵᠢᠯ ᠤᠳ ᠲᠤ᠂ ᠮᠠᠨ ᠤ ᠬᠤᠰᠢᠭᠤ ᠵᠤᠭᠠᠴᠠᠯ ᠤᠨ ᠠᠵᠤ ᠦᠢᠯᠡᠰ ᠢ | ᠲᠥᠪᠯᠡᠷᠡᠭᠦᠯᠦᠨ ᠨᠡᠶᠢᠯᠡᠭᠦᠯᠬᠦ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ᠂ | ᠨᠠᠷᠠᠲᠤ ᠲᠡᠮᠳᠡᠭᠲᠦ ᠶᠢ ᠬᠦᠴᠦᠷᠬᠡᠭᠵᠢᠭᠦᠯᠬᠦ᠂ ᠠᠵᠤ ᠦᠢᠯᠡᠰ ᠢ ᠪᠤᠵᠠᠭᠠᠶᠢᠷᠠᠭᠤᠯᠬᠤ ᠪᠠᠷ ᠬᠦᠴᠦᠯᠡᠨ ᠴᠢᠷᠮᠠᠶᠢᠵᠤ᠂ ︽ | ᠳᠤᠮᠳᠠᠳᠤ ᠮᠣᠩᠭᠤᠯ ᠣᠷᠣᠰ︾ ᠤᠨ ᠣᠯᠠᠨ ᠤᠯᠤᠰ ᠤᠨ ᠰᠠᠭᠰᠤᠨ ᠪᠥᠮᠪᠦᠭᠡ ᠶᠢᠨ ᠤᠷᠤᠯᠳᠤᠭᠠᠨ᠂ ᠥᠪᠥᠷ | ᠮᠣᠩᠭᠤᠯ ᠤᠨ ᠲᠠᠯ᠎ᠠ ᠨᠤᠲᠤᠭ ᠤᠨ ᠮᠠᠷᠠᠰᠤᠨ ᠤᠷᠤᠯᠳᠤᠭᠠᠨ᠂ ᠬᠢᠩᠭᠠᠨ ᠠᠶᠢᠮᠠᠭ ᠤᠨ ᠨᠠᠭᠠᠳᠤᠮ ᠤᠨ ᠬᠤᠷᠠᠯ᠂ | ᠤᠯᠠᠭᠠᠨᠮᠤᠳᠤ ᠲᠠᠯ᠎ᠠ ᠨᠤᠲᠤᠭ ᠤᠨ ᠰᠣᠶᠣᠯ ᠵᠤᠭᠠᠴᠠᠯ ᠤᠨ ᠨᠠᠶᠢᠷ᠂ ᠵᠠᠰᠠᠭᠲᠤ ᠶᠢᠨ ᠡᠪᠦᠯ ᠤᠨ ᠡᠭᠡᠰᠢᠭᠯᠡᠯ ᠵᠡᠷᠭᠡ | ᠪᠠᠶᠠᠷ ᠳᠤᠷᠠᠰᠬᠠᠯ ᠵᠢᠴᠢ ᠤᠷᠤᠯᠳᠤᠭᠠᠨ ᠤ ᠬᠦᠳᠡᠯᠭᠡᠭᠡᠨ ᠶᠢ ᠠᠮᠵᠢᠯᠲᠠ ᠲᠠᠢ ᠡᠷᠭᠢᠯᠡᠪᠡ᠃ ᠥᠨᠥᠳᠦᠷ ᠤᠨ | ᠡᠬᠢᠯᠡᠯᠲᠡ ᠶᠢᠨ ᠬᠡᠯᠪᠡᠷᠢ ᠳᠤ᠂ ᠵᠤᠭᠠᠴᠠᠯ ᠤᠨ ᠡᠬᠢ ᠪᠠᠶᠠᠯᠢᠭ᠂ ᠤᠨᠴᠠᠯᠢᠬᠳᠤ ᠪᠦᠲᠦᠭᠡᠭᠳᠡᠬᠦᠨ ᠤ ᠲᠠᠨᠢᠯᠴᠠᠭᠤᠯᠭ᠎ᠠ᠂ | ᠰᠣᠳᠣᠨ ᠪᠦᠲᠦᠭᠡᠭᠳᠡᠬᠦᠨ ᠤ ᠵᠠᠮ ᠱᠤᠭᠤᠮ᠂ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠨᠡᠶᠢᠲᠡᠯᠡᠬᠦ᠂ ᠵᠠᠩ | ᠦᠢᠯᠡ ᠶᠢᠨ ᠰᠣᠶᠣᠯ ᠤᠨ ᠦᠵᠡᠭᠦᠯᠬᠡ ᠶᠢᠨ ᠲᠣᠭᠯᠠᠯᠲᠠ᠂ ᠲᠤᠰᠬᠠᠢ ᠤᠷᠠᠨ ᠰᠠᠶᠢᠬᠠᠨ ᠤ ᠲᠣᠭᠯᠠᠯᠲᠠ ᠵᠡᠷᠭᠡ | ᠤᠯᠠᠨ ᠲᠠᠯ᠎ᠠ ᠪᠠᠷ᠂ ᠤᠯᠠᠨ ᠬᠠᠷᠠᠭᠠᠰᠤ ᠠᠴᠠ ︽ᠳᠤᠮᠳᠠᠳᠤ ᠤᠯᠤᠰ ᠤᠨ ᠰᠢᠨ᠎ᠡ ᠪᠠᠷ ᠮᠠᠨᠳᠤᠭᠰᠠᠨ ᠲᠠᠯ᠎ᠠ | ᠨᠤᠲᠤᠭ ᠤᠨ ᠵᠤᠭᠠᠴᠠᠯ ᠤᠨ ᠬᠠᠷᠠᠯᠲᠠᠲᠤ ᠣᠷᠣᠨ︾ ᠤ ᠡᠯᠪᠡᠭ ᠪᠠᠶᠠᠯᠢᠭ ᠰᠣᠶᠣᠯ ᠵᠤᠭᠠᠴᠠᠯ ᠤᠨ ᠡᠬᠢ ᠪᠠᠶᠠᠯᠢᠭ ᠢ | ᠳᠡᠯᠭᠡᠨ ᠦᠵᠡᠭᠦᠯᠵᠦ᠂ ᠲᠠᠮᠢᠷ ᠤᠨ ᠬᠥᠳᠡᠯᠭᠡᠭᠡᠨ ᠤ ᠷᠢᠳᠢ ᠰᠢᠳᠢ ᠶᠢ ᠪᠦᠬᠦ ᠲᠠᠯ᠎ᠠ ᠪᠠᠷ ᠢᠯᠡᠷᠡᠭᠦᠯᠪᠡ᠃ | ᠯᠢ ᠵᠧᠨ ᠯᠢᠨ ᠬᠦᠳᠡᠯᠬᠡᠬᠡᠨ ᠢ ᠵᠢᠩᠬᠢᠨᠢ ᠪᠠᠷ ᠡᠬᠢᠯᠡᠭᠦᠯᠦᠭᠰᠡᠨ ᠢ ᠵᠠᠷᠯᠠᠵᠤ᠂ ᠲᠤᠬᠠᠶ ᠶᠢᠨ ᠲᠠᠯᠠᠪᠤᠷ ᠤᠨ | ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠤᠯᠭ᠎ᠠ ᠲᠠᠶᠢᠰᠠᠨ ᠳᠤ ᠭᠠᠷᠴᠤ ᠤᠷᠢᠶᠠᠮᠠᠯ ᠲᠡᠩᠭᠡᠯᠢᠭ ᠤᠨ ᠶᠣᠰᠣᠯᠠᠯ ᠢ | ᠬᠠᠮᠲᠤ ᠪᠠᠷ ᠡᠬᠢᠯᠡᠭᠦᠯᠪᠡ᠃ ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠲᠠᠷᠠᠭ᠎ᠠ᠂ ᠲᠤᠬᠠᠢ ᠶᠢᠨ ᠲᠠᠯᠠᠪᠠᠢ ᠶᠢᠨ | ᠤᠳᠤᠷᠢᠳᠤᠯᠭ᠎ᠠ ᠪᠠᠰᠠ ︽ᠳᠤᠮᠳᠠᠳᠤ ᠤᠯᠤᠰ ᠤᠨ ᠵᠤᠭᠠᠴᠠᠯ ᠤᠨ ᠡᠲᠦᠷᠯᠢᠭ︾ ᠤᠨ ᠬᠦᠳᠡᠯᠬᠡᠬᠡᠨ ᠤ ᠰᠢᠷᠢᠰ | ᠦᠵᠡᠭᠦᠯᠬᠡ ᠶᠢ ᠲᠣᠭᠤᠷᠢᠨ ᠦᠵᠡᠪᠡ᠃ | ᠡᠬᠢᠯᠡᠯᠲᠡ ᠶᠢᠨ ᠬᠤᠭᠤᠴᠠᠭᠠᠨ ᠳᠤ᠂ ᠬᠤᠰᠢᠭᠤᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ | ᠠᠴᠠ ᠵᠤᠭᠠᠴᠠᠯ ᠤᠨ ᠡᠬᠢ ᠪᠠᠶᠠᠯᠢᠭ ᠤᠨ ᠲᠠᠨᠢᠯᠴᠠᠭᠤᠯᠭ᠎ᠠ᠂ ︽ᠪᠥᠬᠦ ᠠᠷᠠᠳ ᠤᠨ ᠪᠡᠶ᠎ᠡ ᠶᠢᠨ ᠲᠠᠮᠢᠷ ᠤᠨ ᠴᠤᠭᠯᠠᠭᠠᠨ | ︾ ᠤ ᠰᠢᠷᠢᠰ ᠬᠦᠳᠡᠯᠬᠡᠬᠡᠨ ᠤ ᠲᠠᠨᠢᠯᠴᠠᠭᠤᠯᠭ᠎ᠠ ᠬᠢᠵᠡᠢ᠃ ᠵᠤᠭᠠᠴᠠᠯ ᠤᠨ ᠰᠣᠳᠣᠨ ᠵᠠᠮ ᠱᠤᠭᠤᠮ ᠢ ᠨᠡᠶᠢᠲᠡᠯᠡᠵᠦ᠂ ︽ | ᠳᠤᠮᠳᠠᠳᠤ ᠤᠯᠤᠰ ᠤᠨ ᠵᠤᠭᠠᠴᠠᠯ ᠤᠨ ᠡᠲᠦᠷᠯᠢᠭ︾ ᠤᠨ ᠰᠢᠷᠢᠰ ᠬᠠᠷᠠᠭᠠᠯᠵᠠᠯ ᠤᠨ ᠠᠷᠭ᠎ᠠ ᠬᠡᠮᠵᠢᠶ᠎ᠡ ᠶᠢ | ᠨᠡᠶᠢᠲᠡᠯᠡᠪᠡ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠲᠦᠷᠭᠡᠨ ᠬᠦᠷᠭᠡᠯᠲᠡ᠂ ᠴᠠᠭᠳᠠᠭ᠎ᠠ᠂ ᠡᠮᠴᠢ ᠵᠡᠷᠭᠡ | ᠡᠯ᠎ᠡ ᠲᠥᠷᠥᠯ ᠤᠨ ᠠᠵᠢᠯ ᠮᠡᠷᠭᠡᠵᠢᠯ ᠤᠨ ᠲᠥᠯᠥᠭᠡᠯᠡᠭᠴᠢ ᠬᠠᠮᠲᠤᠪᠠᠷ ᠨᠡᠶᠢᠭᠡᠮ ᠳᠠᠶᠠᠭᠠᠷ ᠲᠤ ᠡᠷᠡᠭᠦᠯ ᠮᠡᠨᠳᠦ | ᠠᠮᠢᠳᠤᠷᠠᠯ ᠢ ᠰᠠᠨᠠᠭᠠᠴᠢᠯᠠᠵᠠᠢ᠃ ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠲᠠᠷᠠᠭ᠎ᠠ᠂ ᠵᠠᠰᠠᠮᠠᠯ ᠵᠠᠮ ᠤᠨ | ᠬᠡᠬᠡᠷᠡᠯᠡᠨ ᠬᠦᠶᠦᠬᠦ ᠤᠷᠤᠯᠳᠤᠭᠠᠨ᠂ ᠠᠭᠤᠯᠠᠨ ᠭᠠᠵᠠᠷ ᠤᠨ ᠳᠤᠭᠤᠶ ᠲᠡᠷᠭᠡᠨ ᠤ ᠤᠷᠤᠯᠳᠤᠭᠠᠨ ᠵᠡᠷᠭᠡ ᠡᠯ᠎ᠡ | ᠵᠦᠢᠯ ᠤᠨ ᠤᠷᠤᠯᠳᠤᠭᠠᠨ ᠤᠷᠮ᠎ᠠ ᠪᠠᠬ᠎ᠠ ᠲᠠᠢ ᠶᠠᠪᠤᠭᠳᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠪᠦᠭᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ᠂ ᠡᠷᠡᠭᠦᠯ ᠡᠩᠬᠡ ᠶᠢ ᠡᠳ᠋ᠯᠡᠬᠦ ᠬᠠᠯᠠᠭᠤᠨ ᠥᠷᠨᠢᠯᠲᠡ ᠶᠢ | ᠪᠦᠭᠦ ᠲᠠᠯ᠎ᠠ ᠪᠠᠷ ᠪᠤᠢ ᠪᠣᠯᠭᠠᠪᠠ᠃ |