ᠡᠮᠦᠨᠡᠲᠦ ᠬᠤᠰᠢᠭᠤᠨ ᠤ ᠨᠢᠭᠡᠲᠦᠬᠡᠷ ᠪᠠᠭ᠎ᠠ ᠰᠤᠷᠭᠠᠭᠤᠯᠢ ᠬᠦᠨᠳᠦ ᠬᠦᠩᠬᠡᠨ ᠪᠡᠶ᠎ᠡ ᠲᠠᠮᠢᠷ ᠤᠨ ᠤᠷᠤᠯᠳᠤᠭᠠᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2021/5/21
   ᠨᠠᠷᠠ ᠨᠢ ᠮᠦᠰᠢᠶᠡᠵᠦ ᠨᠠᠪᠴᠢᠰ ᠨᠢ ᠨᠤᠭᠤᠭᠠᠷᠠᠭᠰᠠᠨ 5 ᠰᠠᠷ᠎ᠠ ᠶᠢᠨ 20 ᠤ ᠡᠲᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠢᠭᠡᠲᠦᠭᠡᠷ ᠪᠠᠭ᠎ᠠ ᠰᠤᠷᠭᠠᠭᠤᠯᠢ ᠶᠢᠨ ︽ᠲᠤᠮᠲᠠᠲᠦ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ︾ ᠶᠢ ᠪᠡᠯᠭᠡᠯᠡᠬᠦ ᠪᠡ 14 ᠳ᠋ᠤᠭᠠᠷ ᠬᠤᠭᠤᠴᠠᠭᠠᠨ ᠤ ᠬᠦᠨᠳᠦ ᠬᠦᠩᠬᠡᠨ ᠪᠡᠶ᠎ᠡ ᠲᠠᠮᠢᠷ ᠤᠨ ᠤᠷᠤᠯᠳᠤᠭᠠᠨ ᠢᠶᠠᠨ ᠡᠬᠢᠯᠡᠬᠦᠯᠪᠡ᠃
   ᠡᠬᠢᠯᠡᠯᠲᠡ ᠶᠢᠨ ᠶᠤᠰᠤᠯᠠᠯ ᠳᠡᠭᠡᠷ᠎ᠡ᠂ ᠤᠯᠤᠰ ᠤᠨ ᠲᠤᠭ ᠤᠨ ᠠᠩᠬᠢ᠂ ᠬᠡᠩᠭᠡᠷᠭᠡ ᠶᠢᠨ ᠠᠩᠬᠢ᠂ ᠦᠩᠬᠡᠲᠦ ᠲᠤᠭ ᠤᠨ ᠠᠩᠬᠢ ᠵᠡᠷᠭᠡ ᠲᠦᠯᠦᠬᠡᠯᠡᠭᠴᠢ ᠠᠩᠬᠢ ᠰᠦᠷ ᠵᠢᠪᠬᠤᠭ᠎ᠠ ᠲᠠᠢ ᠪᠠᠷ ᠲᠡᠷᠢᠬᠦᠯᠡᠭᠴᠢ ᠶᠢᠨ ᠳᠠᠶᠢᠰᠠ ᠶᠢᠨ ᠡᠮᠦᠨᠡᠬᠦᠷ ᠦᠩᠬᠡᠷᠡᠨ ᠰᠤᠷᠤᠭᠴᠢᠳ ᠤᠨ ᠡᠷᠡᠭᠦᠯ ᠴᠢᠬᠢᠷᠠᠭ ᠤᠷᠤᠭᠰᠢ ᠳᠠᠪᠰᠢᠬᠤ ᠰᠦᠷ ᠵᠢᠪᠬᠤᠭ᠎ᠠ ᠶᠢ ᠭᠠᠶᠢᠬᠠᠭᠤᠯᠵᠠᠢ᠃ ᠡᠬᠢᠯᠡᠯᠲᠡ ᠶᠢᠨ ᠶᠤᠰᠤᠯᠠᠯ ᠤᠨ ᠳᠠᠯᠠᠪᠤᠷ ᠲᠤ᠂ 1 ᠠᠴᠠ 6 ᠳ᠋ᠤᠭᠠᠷ ᠤᠨ ᠤ ᠰᠤᠷᠤᠭᠴᠢ ᠶᠢᠨ ᠬᠠᠮᠲᠤ ᠶᠢᠨ ᠪᠡᠶ᠎ᠡ ᠶᠢᠨ ᠲᠠᠮᠢᠷ ᠤᠨ ᠲᠤᠭᠯᠠᠯᠲᠠ ᠨᠢ ᠦᠵᠡᠭᠴᠢ ᠤᠯᠠᠨ ᠤ ᠬᠠᠷᠠᠭ᠎ᠠ ᠶᠢ ᠮᠢᠯᠢᠶᠠᠵᠦ᠂ ᠡᠬᠦᠨ ᠤ ᠳᠠᠷᠠᠭ᠎ᠠ ᠪᠠᠷ ᠪᠡᠶ᠎ᠡ ᠶᠢᠨ ᠲᠠᠮᠢᠷ ᠤᠨ ᠤᠷᠤᠯᠳᠤᠭᠠᠨ ᠢᠶᠠᠨ ᠡᠬᠢᠯᠡᠨ ᠶᠠᠪᠤᠭᠳᠠᠭᠤᠯᠤᠭᠰᠠᠨ ᠪᠠᠶᠢᠨ᠎ᠠ᠃
   ᠤᠶᠢᠯᠠᠭᠠᠭᠰᠠᠨ ᠢᠶᠠᠷ᠂ ᠲᠤᠰ ᠤᠳᠠᠭᠠᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠨᠢ 2 ᠡᠲᠦᠷ ᠤᠨ ᠬᠤᠭᠤᠴᠠᠭ᠎ᠠ ᠲᠠᠢ ᠶᠠᠪᠤᠭᠳᠠᠬᠤ ᠪᠠᠷ ᠪᠠᠶᠢᠵᠦ᠂ ᠤᠷᠤᠯᠳᠤᠭᠠᠨ ᠤ ᠲᠦᠷᠦᠯ ᠵᠤᠶᠢᠯ ᠨᠢ ᠬᠤᠯᠠ ᠤᠶᠢᠷ᠎ᠠ ᠶᠢᠨ ᠬᠦᠶᠦᠯᠲᠡ᠂ ᠬᠤᠯᠠ ᠬᠠᠷᠠᠶᠢᠬᠤ᠂ ᠦᠨᠳᠦᠷ ᠦᠰᠦᠷᠬᠦ᠂ ᠪᠦᠬᠡ ᠪᠠᠷᠢᠯᠳᠤᠬᠤ᠂ ᠨᠤᠮᠤ ᠰᠤᠮᠤ ᠬᠠᠷᠪᠤᠬᠤ᠂ ᠳᠡᠭᠡᠰᠦ ᠦᠰᠦᠷᠬᠦ ᠵᠡᠷᠭᠡ ᠡᠯᠪᠡᠭ ᠠᠭᠤᠯᠭ᠎ᠠ ᠶᠢ ᠪᠠᠭᠳᠠᠭᠠᠵᠦ ᠪᠤᠢ᠃
   ᠲᠤᠰ ᠤᠳᠠᠭᠠᠨ ᠤ ᠤᠷᠤᠯᠳᠠᠭᠠᠨ ᠢᠶᠠᠷ ᠳᠠᠮᠵᠢᠨ᠂ ᠰᠤᠷᠤᠭᠴᠢᠳ ᠤᠨ ᠪᠡᠶ᠎ᠡ ᠮᠠᠬᠠᠪᠤᠳ ᠢ ᠴᠢᠬᠢᠷᠠᠭᠵᠢᠭᠤᠯᠵᠦ᠂ ᠴᠢᠷᠮᠠᠶᠢᠨ ᠤᠷᠤᠭᠰᠢᠯᠠᠬᠤ ᠡᠷᠴᠢ ᠵᠤᠷᠢᠭ ᠢ ᠬᠦᠪᠴᠢᠯᠡᠨ᠂ ᠬᠠᠷᠢᠯᠴᠠᠨ ᠪᠦᠯᠬᠦᠮᠳᠡᠬᠦ ᠬᠦᠴᠦᠨ ᠢ ᠨᠡᠮᠡᠭᠳᠡᠭᠦᠯᠵᠦ᠂ ᠤᠯᠠᠨ ᠲᠠᠯ᠎ᠠ ᠪᠠᠷ ᠬᠦᠭᠵᠢᠭᠰᠡᠨ ᠦᠨᠳᠦᠰᠦᠲᠡᠨ ᠤ ᠴᠢᠳᠠᠪᠤᠷᠢᠲᠠᠨ ᠢ ᠬᠦᠮᠦᠵᠢᠬᠦᠯᠬᠦ ᠳᠤ ᠰᠠᠶᠢᠨ ᠰᠠᠶᠢᠬᠠᠨ ᠤᠷᠴᠢᠨ ᠲᠤᠭᠤᠷᠢᠨ ᠢ ᠬᠠᠩᠭᠠᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号