5 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠯᠢ ᠵᠧᠨ ᠯᠢᠨ ᠸᠠᠺᠼᠢᠨ ᠤ ᠲᠠᠷᠢᠯᠭ᠎ᠠ ᠶᠢᠨ ᠴᠡᠭ ᠲᠤ ᠭᠦᠨᠵᠡᠭᠡᠶᠢᠷᠡᠨ | ᠂ ᠸᠠᠺᠼᠢᠨ ᠤ ᠲᠠᠷᠢᠯᠭ᠎ᠠ ᠶᠢᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠵᠠᠰᠠᠭ ᠤᠨ | ᠣᠷᠳᠣᠨ ᠤ ᠠᠯᠪᠠᠨ ᠬᠡᠷ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠥᠬᠦᠶ | ᠬᠠᠷᠢᠭᠤᠴᠠᠯᠭᠠᠲᠠᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠬᠤᠰᠢᠭᠤᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠸᠠᠺᠼᠢᠨ ᠤ ᠲᠠᠷᠢᠯᠭ᠎ᠠ ᠶᠢᠨ | ᠴᠡᠭ ᠲᠤ᠂ ᠯᠢ ᠵᠧᠨ ᠯᠢᠨ ᠨᠡᠷ ᠸᠠᠺᠼᠢᠨ ᠤ ᠲᠠᠷᠢᠯᠭ᠎ᠠ ᠶᠢᠨ ᠣᠷᠣᠨ ᠤ ᠪᠠᠶᠢᠷᠢᠯᠠᠭᠤᠯᠤᠯᠲᠠ ᠶᠢᠨ ᠪᠠᠶᠢᠳᠠᠯ ᠢ ᠨᠠᠷᠢᠨ | ᠣᠶᠢᠯᠠᠭᠠᠵᠤ᠂ ᠲᠠᠷᠢᠯᠭ᠎ᠠ ᠶᠢᠨ ᠬᠥᠮᠦᠨ ᠤ ᠲᠤᠭ᠎ᠠ᠂ ᠡᠮᠨᠡᠯᠭᠡ ᠶᠢᠨ ᠠᠵᠢᠯᠲᠠᠨ ᠤ ᠲᠣᠬᠢᠷᠠᠭᠤᠯᠤᠯᠲᠠ᠂ ᠡᠳ᠋ | ᠪᠣᠳᠠᠰ ᠤᠨ ᠪᠠᠲᠤᠯᠠᠭ᠎ᠠ ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠭᠰᠡᠨ ᠵᠡᠷᠭᠡ ᠪᠠᠶᠢᠳᠠᠯ ᠢ ᠠᠰᠠᠭᠤᠨ | ᠯᠠᠪᠯᠠᠵᠠᠶ᠃ ᠯᠢ ᠵᠧᠨ ᠯᠢᠨ ᠠᠵᠢᠯᠲᠠᠳ ᠲᠤ᠂ ᠬᠠᠯᠠᠰᠢᠷᠠᠯ ᠥᠬᠡᠶ ᠦᠢᠯᠡᠴᠢᠯᠡᠭᠡ ᠬᠠᠩᠭᠠᠵᠤ᠂ ᠸᠠᠺᠼᠢᠨ ᠤ | ᠲᠠᠷᠢᠯᠭ᠎ᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠠᠬᠢᠭᠤᠯᠬᠤ ᠬᠡᠷᠡᠭᠲᠡᠶ ᠭᠡᠵᠦ ᠵᠠᠬᠢᠪᠠ᠃ | ᠯᠢ ᠵᠧᠨ ᠯᠢᠨ ᠴᠢᠬᠤᠯᠠᠴᠢᠯᠠᠭᠰᠠᠨ ᠨᠢ᠂ ᠸᠠᠺᠼᠢᠨ ᠤ ᠲᠠᠷᠢᠯᠭ᠎ᠠ ᠬᠢᠬᠦ ᠪᠣᠯ ᠠᠷᠠᠳ ᠣᠯᠠᠨ ᠤ ᠠᠰᠢᠭ | ᠲᠤᠰᠠ ᠳᠤ ᠬᠤᠯᠪᠣᠭᠳᠠᠬᠤ ᠰᠠᠶᠢᠨ ᠶᠠᠪᠤᠳᠠᠯ ᠮᠥᠨ᠃ ᠸᠠᠺᠼᠢᠨ ᠤ ᠲᠠᠷᠢᠯᠭ᠎ᠠ ᠶᠢᠨ ᠠᠵᠢᠯ ᠢ ᠨᠠᠷᠢᠯᠢᠭ ᠬᠢᠵᠦ᠂ | ᠸᠠᠺᠼᠢᠨ ᠤ ᠲᠠᠷᠢᠯᠭ᠎ᠠ ᠶᠢᠨ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠦᠨ᠂ ︽ᠲᠠᠷᠢᠯᠭ᠎ᠠ ᠬᠢᠬᠦ ᠶᠣᠰᠣᠲᠠᠶ ᠨᠢ | ᠴᠥᠮ ᠲᠠᠷᠢᠯᠭ᠎ᠠ ᠬᠢᠵᠦ᠂ ᠱᠠᠲᠤᠯᠠᠨ ᠠᠬᠢᠭᠤᠯᠵᠤ᠂ ᠭᠤᠤᠯᠳᠠᠯᠭ᠎ᠠ ᠶᠢ ᠳᠣᠪᠤᠶᠢᠯᠭᠠᠨ᠂ ᠠᠮᠤᠷ ᠲᠦᠪᠰᠢᠨ ᠢ | ᠪᠠᠲᠤᠯᠠᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ᠲᠠᠷᠢᠯᠭ᠎ᠠ ᠶᠢᠨ ᠶᠠᠪᠤᠴᠠ ᠶᠢ ᠵᠢᠷᠤᠮᠵᠢᠭᠤᠯᠤᠨ᠂ ᠲᠤᠬᠠᠶ ᠶᠢᠨ | ᠲᠠᠯᠠᠪᠤᠷ ᠲᠤ ᠲᠠᠷᠢᠯᠭ᠎ᠠ ᠶᠢᠨ ᠣᠯᠠᠨ ᠲᠦᠮᠡᠨ ᠤ ᠵᠢᠯᠣᠭᠤᠳᠣᠯᠭ᠎ᠠ ᠪᠠ ᠪᠠᠲᠤᠯᠠᠭ᠎ᠠ ᠶᠢ ᠴᠢᠩᠭᠠᠳᠬᠠᠵᠤ᠂ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠸᠠᠺᠼᠢᠨ ᠤ ᠲᠠᠷᠢᠯᠭ᠎ᠠ ᠶᠢᠨ ᠠᠵᠢᠯ ᠢ ᠴᠢᠨᠠᠷ ᠰᠠᠶᠢᠲᠠᠶ ᠠᠬᠢᠭᠤᠯᠬᠤ ᠶᠢ | ᠦᠨᠡᠨ ᠬᠦ ᠪᠠᠲᠤᠯᠠᠵᠤ᠂ ᠠᠷᠠᠳ ᠣᠯᠠᠨ ᠤ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ | ᠬᠡᠷᠡᠭᠲᠡᠢ ᠬᠡᠵᠡᠢ᠃ | ᠣᠶᠢᠯᠠᠭᠠᠭᠰᠠᠨ ᠢᠶᠠᠷ᠂ 5 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ ᠪᠣᠯᠲᠠᠯ᠎ᠠ᠂ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠰᠢᠨ᠎ᠡ ᠸᠠᠺᠼᠢᠨ ᠤ ᠲᠠᠷᠢᠯᠭ᠎ᠠ ᠶᠢᠨ ᠭᠠᠵᠠᠷ ᠲᠤ ᠨᠢᠭᠡᠨᠲᠡ 5600 ᠸᠠᠺᠼᠢᠨ ᠤ | ᠲᠠᠷᠢᠯᠭ᠎ᠠ ᠬᠢᠵᠡᠶ᠂ ᠲᠠᠷᠢᠯᠭ᠎ᠠ ᠶᠢᠨ ᠬᠥᠮᠦᠰ ᠪᠣᠯ ᠲᠦᠷᠦᠭᠦᠤ ᠪᠦᠯᠦᠭ ᠤᠨ ᠲᠠᠷᠢᠯᠭ᠎ᠠ ᠬᠢᠭᠰᠡᠨ ᠥᠬᠡᠶ | ᠭᠤᠤᠯᠳᠠᠯᠭ᠎ᠠ ᠲᠠᠢ ᠬᠥᠮᠦᠰ᠂ ᠪᠥᠬᠦ ᠬᠤᠰᠢᠭᠤᠨ ᠤ ᠬᠤᠲᠠ ᠲᠣᠭᠤᠷᠢᠭ ᠤᠨ ᠬᠡᠰᠡᠭ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠪᠠ ᠵᠢᠷᠦᠬᠡᠨ ᠪᠠᠯᠭᠠᠰᠤᠨ ᠤ ᠰᠠᠭᠤᠭᠠᠯᠢ ᠠᠷᠠᠳ ᠪᠣᠯᠤᠨ᠎ᠠ᠃ |