ᠵᠢᠷᠦᠬᠡᠨ ᠪᠠᠯᠭᠠᠰᠤᠨ ᠤ ᠬᠤᠩ ᠹᠧᠩ ᠲᠣᠰᠬᠤᠨ ᠳᠤ ᠯᠦ ᠬᠤᠸᠠ ᠲᠠᠬᠢᠶ᠎ᠠ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠡᠢ
ᠨᠡᠶᠢᠲᠡᠯᠡᠭᠰᠡᠨ ᠴᠠᠭ᠄
2021/7/12
    ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ᠂ ᠵᠢᠷᠦᠬᠡᠨ ᠪᠠᠯᠭᠠᠰᠤ ᠶᠢᠨ ᠬᠤᠩ ᠹᠧᠩ ᠲᠣᠰᠬᠤᠨ ᠤ ᠬᠢᠨ ᠠᠷᠭ᠎ᠠ ᠪᠦᠬᠦᠨ ᠢ ᠰᠦᠪᠡᠭᠴᠢᠯᠡᠨ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠴᠦ᠂ ︽ᠠᠵᠤ ᠦᠢᠯᠡᠰ + ᠬᠦᠷᠢᠶ᠎ᠡ ᠬᠠᠰᠢᠶ᠎ᠠ︾᠂ ︽ᠨᠣᠭᠤᠭᠠᠷᠠᠭᠤᠯᠬᠤ + ᠣᠷᠣᠯᠭ᠎ᠠ ᠶᠢ ᠨᠡᠮᠡᠭᠳᠡᠭᠦᠯᠬᠦ︾ ᠰᠢᠨ᠎ᠡ ᠵᠠᠭᠪᠤᠷ ᠢ ᠰᠦᠪᠡᠭᠴᠢᠯᠡᠨ ᠪᠠᠶᠢᠭᠤᠯᠵᠤ᠂  ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠬᠦ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠨᠤᠲᠤᠭ ᠤᠨ ᠲᠠᠬᠢᠶ᠎ᠠ ᠲᠡᠵᠢᠭᠡᠨ ᠦᠷᠡᠵᠢᠭᠦᠯᠬᠦ ᠳᠠᠪᠠᠭᠤᠯᠢᠭ ᠲᠤ ᠲᠦᠰᠢᠭᠯᠡᠨ᠂ ᠲᠡᠵᠢᠭᠡᠨ ᠦᠷᠡᠵᠢᠭᠦᠯᠬᠦ ᠲᠦᠷᠦᠯ ᠵᠦᠢᠯ ᠢ ᠨᠢᠭᠡᠳᠦᠯᠲᠡᠢ ᠪᠣᠯᠭᠠᠵᠤ᠂ ᠲᠦᠷᠦᠯ ᠲᠡᠮᠳᠡᠭ ᠤᠨ ᠬᠡᠪᠴᠢᠶ᠎ᠠ ᠶᠢ ᠪᠦᠷᠢᠯᠳᠦᠭᠦᠯᠵᠦ᠂ ᠯᠦ ᠬᠤᠸᠠ ᠲᠠᠬᠢᠶ᠎ᠠ ᠲᠡᠵᠢᠭᠡᠨ ᠦᠷᠡᠵᠢᠭᠦᠯᠬᠦ ᠦᠢᠯᠡᠰ ᠢ ᠶᠡᠬᠡᠪᠡᠷ ᠬᠥᠭᠵᠢᠭᠦᠯᠵᠡᠢ᠃ ᠣᠶᠢᠯᠠᠭᠠᠭᠰᠠᠨ ᠢᠶᠠᠷ᠂ ᠬᠤᠩ ᠹᠧᠩ ᠲᠣᠰᠬᠤᠨ 63 ᠲᠠᠷᠢᠶᠠᠴᠢᠨ ᠡᠷᠦᠬᠡ ᠳᠤ ᠨᠡᠶᠢᠲᠡ 2700 ᠯᠦ ᠬᠤᠸᠠ ᠴᠤᠷᠪᠠᠭ᠎ᠠ ᠲᠠᠷᠬᠠᠭᠠᠵᠤ᠂ ᠲᠠᠬᠢᠶᠠᠨ ᠥᠨᠳᠡᠭᠡ ᠪᠣᠯᠤᠨ ᠪᠦᠬᠦᠯᠢ ᠲᠠᠬᠢᠶ᠎ᠠ ᠶᠢᠨ ᠪᠣᠷᠣᠯᠠᠭᠤᠯᠭ᠎ᠠ ᠶᠢᠨ ᠴᠡᠪᠡᠷ ᠠᠰᠢᠭ ᠣᠷᠣᠯᠭ᠎ᠠ ᠨᠢ 200 ᠲᠥᠭᠦᠷᠢᠭ ᠣᠷᠴᠢᠮ ᠬᠦᠷᠴᠡᠢ᠃ ᠣᠳᠣᠬᠠᠨ ᠳᠤ᠂ ᠬᠤᠩ ᠹᠧᠩ ᠲᠣᠰᠬᠤᠨ ᠶᠠᠭ ︽ᠬᠤᠩ ᠹᠧᠩ ᠰᠢᠨ᠎ᠡ ᠰᠣᠷᠭᠤᠭ︾ ᠲᠠᠸᠠᠷ ᠤᠨ ᠲᠡᠮᠳᠡᠭ ᠢ ᠳᠠᠩᠰᠠᠯᠠᠭᠤᠯᠬᠤ ᠪᠠᠷ ᠭᠤᠶᠤᠴᠢᠯᠠᠵᠤ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ︽ᠬᠤᠩ ᠹᠧᠩ ᠰᠢᠨ᠎ᠡ ᠰᠣᠷᠭᠤᠭ︾ ᠲᠠᠸᠠᠷ ᠤᠨ ᠲᠡᠮᠳᠡᠭ ᠲᠤ ᠲᠦᠰᠢᠭᠯᠡᠨ᠂ ᠬᠤᠩ ᠹᠧᠩ ᠤᠨ ᠯᠦ ᠬᠤᠸᠠ ᠲᠠᠬᠢᠶ᠎ᠠ ᠶᠢ ᠨᠠᠷᠠᠲᠤ ᠲᠡᠮᠳᠡᠭ ᠪᠣᠯᠭᠠᠵᠤ᠂ ︽ᠰᠦᠯᠵᠢᠶᠡᠨ ᠳᠡᠭᠡᠷ᠎ᠡ + ᠰᠦᠯᠵᠢᠶᠡᠨ ᠠᠴᠠ ᠭᠠᠳᠠᠨ᠎ᠠ︾ ᠶᠢ ᠠᠰᠢᠭᠯᠠᠨ ᠪᠣᠷᠣᠯᠠᠭᠤᠯᠭ᠎ᠠ ᠶᠢᠨ ᠵᠠᠮ ᠢ ᠥᠷᠭᠡᠳᠬᠡᠵᠦ᠂ ᠬᠤᠩ ᠹᠧᠩ ᠲᠣᠰᠬᠤᠨ ᠤ ᠠᠷᠠᠳ ᠢᠷᠭᠡᠳ ᠢ ᠳᠠᠭᠠᠭᠤᠯᠤᠨ ᠬᠦᠷᠢᠶ᠎ᠠ ᠬᠠᠰᠢᠶᠠᠨ ᠤ ᠠᠵᠤ ᠠᠬᠤᠶ ᠶᠢᠨ ᠲᠡᠵᠢᠭᠡᠨ ᠦᠷᠡᠵᠢᠭᠦᠯᠬᠦ ᠪᠠ ᠪᠠᠶᠠᠵᠢᠭᠤᠯᠬᠤ ᠵᠠᠮ ᠢᠶᠠᠷ ᠵᠠᠮᠨᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号