ᠬᠤᠰᠢᠭᠤᠨ ᠤ ᠡᠪᠯᠡᠯ ᠤᠨ ᠬᠤᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠥᠪᠡᠷ ᠢ ᠪᠠᠨ ᠬᠠᠮᠠᠭᠠᠯᠠᠬᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ ᠵᠤᠨ ᠤ ᠠᠮᠠᠷᠠᠯᠲᠠ ᠶᠢᠨ ᠠᠮᠤᠷ ᠲᠦᠪᠰᠢᠨ ᠢ ᠪᠠᠲᠤᠯᠠᠪᠠ
ᠨᠡᠶᠢᠲᠡᠯᠡᠭᠰᠡᠨ ᠴᠠᠭ᠄
2021/7/12
   ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ 7 ᠰᠠᠷ᠎ᠠ ᠶᠢᠨ 6 ᠤ ᠡᠳᠦᠷ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠶ᠎ᠠ ᠠᠴᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠲᠣᠭᠤᠷᠢᠨ ᠴᠠᠭᠳᠠᠬᠤ ᠬᠠᠮᠢᠶᠠᠷᠤᠯᠲᠠ ᠶᠢᠨ ᠶᠡᠭᠡ ᠠᠩᠭᠢ᠂ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠬᠤᠰᠢᠭᠤᠨ ᠤ ᠵᠠᠯᠠᠭᠤᠴᠤᠳ ᠤᠨ ᠰᠠᠶᠢᠨ ᠳᠤᠷ᠎ᠠ ᠶᠢᠨ ᠠᠵᠢᠯᠯᠠᠭᠴᠢᠳ ᠤᠨ ᠨᠡᠶᠢᠭᠡᠮᠯᠢᠭ ᠲᠠᠢ ᠬᠠᠮᠲᠤᠷᠠᠨ᠂ ᠤᠷᠢᠳ ᠬᠤᠵᠢᠳ ᠰᠣᠯᠣᠨ ᠳᠤᠮᠳᠠᠳᠤ ᠰᠤᠷᠭᠠᠭᠤᠯᠢ᠂ ᠮᠠᠨᠵᠤᠲ᠋ᠦ᠋ᠨ ᠰᠤᠷᠭᠠᠭᠤᠯᠢ ᠳᠤ ᠬᠦᠷᠴᠦ ︽ᠡᠷᠡᠭᠦᠯ ᠢᠶᠠᠷ ᠦᠰᠦᠨ ᠪᠤᠶᠢᠵᠢᠬᠤ ᠶᠢ ᠰᠠᠬᠢᠨ ᠪᠠᠷᠠᠯᠠᠵᠤ ᠭᠤᠶᠢᠳᠠ ᠰᠠᠶᠢᠬᠠᠨ ᠠᠮᠠᠷᠠᠯᠲᠠ ᠶᠢᠨ ᠬᠤᠭᠤᠴᠠᠭ᠎ᠠ ᠶᠢ ᠬᠠᠮᠲᠤ ᠪᠠᠷ ᠥᠩᠭᠡᠷᠡᠭᠦᠯᠦᠶ᠎ᠡ︾ ᠭᠡᠬᠦ ᠭᠤᠤᠯ ᠰᠡᠳᠦᠪᠲᠦ ᠠᠮᠤᠷ ᠲᠦᠪᠰᠢᠨ ᠤ ᠥᠪᠡᠷ ᠢ ᠪᠠᠨ ᠬᠠᠮᠠᠭᠠᠯᠠᠬᠤ ᠮᠡᠳᠡᠯᠭᠡ ᠶᠢᠨ ᠲᠠᠶᠢᠯᠤᠮᠵᠢ ᠥᠷᠨᠢᠭᠦᠯᠵᠦ᠂ ᠨᠡᠶᠢᠲᠡ 400 ᠭᠠᠷᠤᠶ ᠪᠠᠭᠰᠢ ᠰᠣᠷᠣᠭᠴᠢ ᠲᠠᠶᠢᠯᠤᠮᠵᠢ ᠶᠢ ᠰᠣᠨᠣᠰᠤᠭᠰᠠᠨ ᠪᠥᠭᠡᠳ ᠰᠣᠷᠢᠯᠲᠠ ᠳᠤ ᠣᠷᠣᠯᠴᠠᠵᠠᠶ᠃    ᠲᠠᠶᠢᠯᠤᠮᠵᠢ ᠨᠢ PPT ᠲᠠᠶᠢᠯᠤᠮᠵᠢ᠂ ᠠᠬᠤᠶ ᠪᠠᠶᠢᠳᠠᠯ ᠢ ᠳᠠᠭᠤᠷᠢᠶᠠᠬᠤ᠂ ᠲᠤᠬᠠᠶ ᠶᠢᠨ ᠲᠠᠯᠠᠪᠤᠷ ᠲᠤ ᠬᠠᠷᠢᠯᠴᠠᠨ ᠬᠥᠳᠡᠯᠦᠯᠴᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠮᠲᠤ ᠰᠤᠷᠤᠭᠴᠢᠳ ᠲᠤ ᠵᠠᠮ ᠬᠠᠷᠢᠯᠴᠠᠭᠠᠨ ᠤ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ᠂ ᠤᠰᠤᠨ ᠳᠤ ᠵᠢᠪᠬᠦ ᠶᠢ ᠰᠡᠷᠭᠡᠶᠢᠯᠡᠬᠦ᠂ ᠮᠡᠬᠡᠯᠡᠭᠳᠡᠬᠦ ᠶᠢ ᠰᠡᠷᠭᠡᠶᠢᠯᠡᠬᠦ᠂ ᠲᠤᠷᠤᠮᠵᠢᠯᠠᠭᠳᠠᠬᠤ ᠶᠢ ᠬᠤᠷᠢᠭᠯᠠᠬᠤ ᠵᠡᠷᠭᠡ ᠥᠪᠡᠷ ᠢ ᠪᠠᠨ ᠬᠠᠮᠠᠭᠠᠯᠠᠬᠤ ᠠᠮᠤᠷ ᠲᠦᠪᠰᠢᠨ ᠤ ᠮᠡᠳᠡᠯᠭᠡ ᠶᠢ ᠲᠠᠨᠢᠯᠴᠠᠭᠤᠯᠪᠠ᠃    ᠮᠠᠨᠵᠤᠲ᠋ᠦ᠋ᠨ ᠰᠤᠷᠭᠠᠭᠤᠯᠢ ᠳᠤ ᠥᠷᠨᠢᠭᠦᠯᠦᠭᠰᠡᠨ ᠭᠠᠯ ᠤᠨᠲᠠᠷᠠᠭᠠᠵᠦ ᠠᠮᠢ ᠵᠢᠭᠤᠲᠠᠬᠤ ᠰᠣᠷᠢᠯᠲᠠ ᠳᠤ᠂ ᠰᠤᠷᠭᠠᠭᠤᠯᠢ ᠠᠴᠠ ︽ᠭᠠᠯ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ︾ ᠪᠠ ︽ᠪᠠᠴᠢᠮ ᠲᠦᠷᠭᠡᠨ ᠵᠠᠶᠢᠯᠠᠬᠤ︾ ᠳᠣᠬᠢᠶ᠎ᠠ ᠭᠠᠷᠭᠠᠭᠰᠠᠨ ᠤ ᠳᠠᠷᠠᠭ᠎ᠠ᠂ ᠪᠥᠬᠦ ᠰᠤᠷᠭᠠᠭᠤᠯᠢ ᠶᠢᠨ ᠪᠠᠭᠰᠢ ᠰᠤᠷᠤᠭᠴᠢᠳ ᠲᠣᠭᠲᠠᠭᠰᠠᠨ ᠵᠠᠮ ᠱᠤᠭᠤᠮ ᠢᠶᠠᠷ ᠡᠮᠬᠢ ᠵᠢᠷᠤᠮ ᠲᠠᠢ ᠪᠠᠷ ᠳᠠᠷᠬᠠᠵᠦ᠂ ᠠᠮᠤᠷ ᠲᠦᠪᠰᠢᠨ ᠭᠠᠵᠠᠷ ᠣᠷᠣᠨ ᠳᠤ ᠮᠠᠰᠢ ᠲᠦᠷᠭᠡᠨ ᠢᠶᠠᠷ ᠤᠬᠤᠷᠢᠨ ᠭᠠᠷᠪᠠ᠃ ᠭᠠᠯ ᠤᠨᠲᠠᠷᠠᠭᠠᠬᠤ ᠤᠬᠠᠭᠤᠯᠤᠭᠴᠢ ᠠᠴᠠ ᠪᠠᠭᠰᠢ ᠰᠤᠷᠤᠭᠴᠢᠳ ᠢ ᠵᠢᠭᠠᠨ ᠵᠢᠯᠣᠭᠤᠳᠴᠤ ᠪᠠᠶᠢᠭᠠᠳ ᠭᠠᠯ ᠤᠨᠲᠠᠷᠠᠭᠠᠭᠤᠷ ᠢ ᠵᠥᠪ ᠬᠡᠷᠡᠭᠯᠡᠨ ᠭᠠᠯ ᠤᠨᠲᠠᠷᠠᠭᠠᠵᠤ᠂ ᠭᠠᠯ ᠤᠨᠲᠠᠷᠠᠭᠠᠬᠤ ᠲᠤᠨᠤᠭ ᠲᠥᠬᠦᠭᠡᠷᠦᠮᠵᠢ ᠲᠠᠢ ᠦᠨᠡᠨᠬᠦ ᠤᠶᠢᠷᠠᠳᠤᠭᠤᠯᠵᠦ ᠰᠤᠷᠭᠠᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号