| — ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ | ᠲᠦᠷᠪᠡᠲᠦᠬᠡᠷ ᠬᠤᠭᠤᠴᠠᠭᠠᠨ ᠤ ᠬᠤᠷᠢᠶᠠᠨ ᠤ ᠳᠣᠯᠣᠳᠤᠭᠠᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ | ᠳᠡᠭᠡᠷᠡᠬᠢ ᠶᠠᠷᠢᠶ᠎ᠠ | | ︵2021 ᠣᠨ ᠤ 1 ᠰᠠᠷ᠎ᠠ ᠶᠢᠨ 26 ᠤ ᠡᠳᠦᠷ︶ | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢ ᠵᠧᠨ ᠯᠢᠨ | ᠨᠥᠬᠦᠳ ᠡ᠄ | ᠰᠠᠶ᠋ᠢᠬᠠᠨ᠂ ᠵᠦ ᠱᠦᠵᠢ ᠬᠤᠰᠢᠭᠤᠨ ᠤ ᠨᠠᠮ ᠤᠨ ᠬᠤᠷᠢᠶᠠᠨ ᠤ ᠡᠮᠦᠨ᠎ᠡ ᠠᠴᠠ ᠨᠢᠭᠡᠨ ᠮᠠᠰᠢ ᠰᠠᠶᠢᠨ | ᠠᠵᠢᠯ ᠤᠨ ᠮᠡᠳᠡᠭᠦᠯᠦᠯᠲᠡ ᠬᠢᠵᠦ᠂ ᠢᠯᠡᠳᠬᠡᠯ ᠳᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ | ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠬᠠᠷᠠᠭᠤᠯᠵᠠᠢ᠃ ᠲᠥᠪ ᠤᠨ ᠠᠵᠤ ᠠᠬᠤᠶ ᠶᠢᠨ | ᠠᠵᠢᠯ ᠤᠨ ᠬᠤᠷᠠᠯ᠂ ᠣᠷᠣᠨ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠢᠯᠡᠷᠡᠭᠦᠯᠵᠦ᠂ ᠪᠠᠶᠢᠯᠳᠤᠬᠤ ᠪᠣᠳᠣᠯᠭ᠎ᠠ ᠶᠢᠨ ᠰᠡᠳᠬᠢᠬᠦᠶ᠂ ᠥᠷᠭᠡᠨ ᠬᠠᠷᠠᠭᠠᠰᠤ᠂ ᠶᠡᠭᠡ ᠲᠠᠯ᠎ᠠ ᠶᠢᠨ ᠰᠡᠳᠬᠢᠯᠭᠡ ᠪᠠᠷ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ | ᠬᠥᠭᠵᠢᠯᠲᠡ ᠶᠢᠨ ᠴᠢᠭᠯᠡᠯ ᠢ ᠰᠦᠪᠡᠭᠴᠢᠯᠡᠵᠦ᠂ ᠪᠢᠳᠡᠨ ᠤ ᠰᠢᠨ᠎ᠡ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠰᠢᠨ᠎ᠡ | ᠪᠠᠶᠢᠷᠢᠰᠢᠯ ᠢ ᠣᠨᠣᠪᠴᠢᠲᠠᠶ ᠣᠯᠵᠤ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠤᠷᠤᠭᠰᠢᠯᠠᠯᠲᠠ ᠶᠢᠨ | ᠴᠢᠭᠯᠡᠯ ᠢ ᠲᠣᠳᠣᠷᠬᠠᠶ ᠵᠢᠭᠠᠵᠤ᠂ ᠦᠨᠳᠦᠰᠦᠨ ᠵᠢᠷᠤᠮᠯᠠᠯ ᠬᠠᠩᠭᠠᠵᠤ᠂ ᠬᠦᠴᠦᠷᠬᠡᠭ ᠶᠡᠭᠡ ᠬᠥᠳᠡᠯᠭᠡᠬᠦ ᠬᠦᠴᠦᠨ | ᠨᠡᠮᠡᠷᠢᠯᠡᠪᠡ᠃ ᠡᠨᠡ ᠤᠳᠠᠭ᠎ᠠ ᠶᠢᠨ ᠬᠤᠷᠠᠯ ᠢ ᠮᠠᠰᠢ ᠠᠮᠵᠢᠯᠲᠠ ᠲᠠᠢ ᠬᠤᠷᠠᠯᠳᠤᠭᠤᠯᠪᠠ᠂ ᠡᠨᠡ ᠪᠣᠯ ᠨᠢᠭᠡ | ᠤᠳᠠᠭ᠎ᠠ ᠶᠢᠨ ᠬᠦᠴᠦᠨ ᠴᠢᠳᠠᠯ ᠢ ᠨᠢᠭᠲᠠᠷᠠᠭᠤᠯᠵᠤ᠂ ᠬᠥᠭᠵᠢᠯᠲᠡ ᠶᠢ ᠲᠦᠷᠭᠡᠳᠬᠡᠬᠦ ᠲᠠᠶᠢᠴᠢᠯᠠᠯᠳᠠ ᠶᠢᠨ ᠬᠤᠷᠠᠯ | ᠪᠣᠯᠤᠨ᠎ᠠ᠂ ᠮᠥᠨᠴᠦ ᠨᠢᠭᠡ ᠤᠳᠠᠭ᠎ᠠ ᠶᠢᠨ ᠦᠵᠡᠯ ᠰᠠᠨᠠᠭ᠎ᠠ ᠪᠠᠨ ᠨᠢᠭᠡᠳᠬᠡᠬᠦ᠂ ᠵᠣᠷᠢᠭ ᠰᠠᠨᠠᠭ᠎ᠠ ᠪᠠᠨ ᠬᠥᠭᠵᠢᠭᠡᠬᠦ | ᠡᠷᠴᠢ ᠵᠣᠷᠢᠭ ᠢ ᠬᠥᠭᠵᠢᠭᠡᠬᠦ ᠬᠤᠷᠠᠯ ᠪᠣᠯᠤᠨ᠎ᠠ᠂ ᠨᠡᠩ ᠴᠤ ᠨᠢᠭᠡ ᠤᠳᠠᠭ᠎ᠠ ᠶᠢᠨ ᠰᠢᠨ᠎ᠡ ᠴᠠᠭ ᠦᠶ᠎ᠡ ᠳᠤ ᠲᠠᠪᠰᠢᠨ | ᠣᠷᠣᠵᠤ᠂ ᠰᠢᠨ᠎ᠡ ᠬᠥᠭᠵᠢᠯᠲᠡ ᠶᠢ ᠰᠦᠪᠡᠭᠴᠢᠯᠡᠬᠦ ᠲᠠᠩᠭᠠᠷᠢᠭ ᠤᠨ ᠬᠤᠷᠠᠯ ᠪᠣᠯᠤᠨ᠎ᠠ᠃ | ᠵᠢᠷᠤᠭ ᠲᠥᠯᠥᠪᠯᠡᠭᠡ ᠶᠢ ᠵᠢᠷᠤᠭᠯᠠᠬᠤ ᠳᠤ᠂ ᠭᠤᠣᠯᠳᠠᠯᠭ᠎ᠠ ᠨᠢ ᠬᠠᠷᠢᠭᠤᠴᠠᠯᠭ᠎ᠠ ᠡᠭᠦᠷᠭᠡᠯᠡᠬᠦ ᠳᠤ ᠪᠤᠢ᠂ | ᠵᠠᠩᠭᠢᠯᠠᠭ᠎ᠠ ᠨᠢ ᠬᠡᠷᠡᠭᠵᠢᠭᠦᠯᠬᠦ ᠳᠤ ᠪᠤᠢ᠂ ᠭᠤᠣᠯᠳᠠᠯᠭ᠎ᠠ ᠨᠢ ᠨᠠᠶᠢᠳᠠᠪᠤᠷᠢᠵᠢᠭᠤᠯᠬᠤ ᠳᠤ ᠪᠤᠢ᠃ ᠰᠢᠨ᠎ᠡ ᠭᠠᠷᠤᠭ᠎ᠠ᠂ | ᠰᠢᠨ᠎ᠡ ᠠᠶᠠᠨ᠂ ᠰᠢᠨ᠎ᠡ ᠬᠤᠪᠢᠷᠠᠯᠲᠠ᠂ 2021 ᠣᠨ ᠴᠢᠨᠠᠭᠰᠢᠯᠠᠪᠠᠯ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠥᠭᠡᠷᠡᠴᠢᠯᠡᠯᠲᠡ ᠬᠥᠭᠵᠢᠯᠲᠡ ᠶᠢᠨ ᠬᠦᠨᠳᠦ ᠡᠭᠦᠷᠭᠡ ᠶᠢᠨ ᠡᠮᠦᠨ᠎ᠡ᠂ | ᠪᠢᠳᠡ ᠡᠷᠬᠡᠪᠰᠢ ︽ᠰᠢᠨ᠎ᠡ ᠶᠢ ᠡᠭᠦᠳᠬᠦ᠂ ᠵᠣᠬᠢᠴᠠᠩᠭᠤᠶ᠂ ᠪᠣᠬᠢᠷᠲᠤᠯ ᠦᠭᠡᠶ᠂ ᠨᠡᠭᠡᠭᠡᠯᠲᠡᠲᠡᠶ᠂ ᠬᠠᠮᠲᠤ ᠪᠠᠷ ᠡᠳ᠋ᠯᠡᠬᠦ | ︾ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠨᠡᠩ ᠡᠷᠡᠰ ᠢᠶᠠᠷ ᠲᠤᠭᠤᠰᠢᠯᠠᠭᠤᠯᠵᠦ᠂ ︽ᠤᠯᠤᠰ ᠤᠨ | ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠣᠯᠭᠠᠵᠤ᠂ ᠤᠯᠤᠰ ᠤᠨ ᠳᠣᠲᠣᠭᠠᠳᠤ ᠶᠢᠨ ᠪᠠ ᠤᠯᠠᠨ | ᠤᠯᠤᠰ ᠤᠨ ᠬᠤᠣᠰ ᠣᠷᠴᠢᠯ ᠢ ᠬᠠᠷᠢᠯᠴᠠᠨ ᠠᠬᠢᠭᠤᠯᠬᠤ︾ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠳᠤ᠂ ᠬᠠᠷᠢᠭᠤᠴᠠᠯᠭ᠎ᠠ ᠶᠢ ᠡᠮᠦᠨ᠎ᠡ ᠨᠢ ᠲᠠᠯᠪᠢᠵᠤ᠂ ᠬᠠᠷᠢᠭᠤᠴᠠᠯᠭ᠎ᠠ ᠶᠢ | ᠮᠥᠷᠥᠨ ᠳᠡᠭᠡᠷ᠎ᠡ ᠪᠠᠨ ᠲᠠᠯᠪᠢᠵᠤ᠂ ᠬᠠᠷᠢᠭᠤᠴᠠᠯᠭ᠎ᠠ ᠶᠢ ᠰᠡᠳᠬᠢᠯ ᠠᠴᠠ ᠪᠠᠨ ᠮᠡᠳᠡᠵᠦ᠂ ᠬᠠᠷᠢᠭᠤᠴᠠᠯᠭ᠎ᠠ ᠶᠢ | ᠪᠡᠶ᠎ᠡ ᠳᠡᠭᠡᠨ ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠶᠠᠪᠤᠳᠠᠯ ᠬᠢᠬᠦ ᠡᠷᠴᠢ ᠵᠣᠷᠢᠭ ᠢᠶᠠᠨ | ᠬᠥᠪᠴᠢᠯᠡᠵᠦ᠂ ᠬᠥᠭᠵᠢᠯᠲᠡ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠢᠳᠡᠪᠬᠢ ᠬᠦᠴᠦᠨ ᠢ ᠲᠥᠪᠯᠡᠷᠡᠭᠦᠯᠵᠦ᠂ | ᠴᠤᠭ ᠰᠦᠯᠳᠡ ᠪᠠᠨ ᠪᠠᠳᠠᠷᠠᠭᠤᠯᠵᠤ᠂ ᠬᠥᠭᠵᠢᠯ ᠮᠠᠨᠳᠤᠯ ᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ | ᠳᠣᠣᠷ᠎ᠠ ᠲᠤᠰ ᠤᠳᠠᠭᠠᠨ ᠤ ᠬᠤᠷᠠᠯᠳᠤᠭᠠᠨ ᠤ ᠵᠣᠷᠢᠭ ᠰᠠᠨᠠᠭ᠎ᠠ ᠶᠢ ᠬᠡᠷᠬᠢᠨ ᠰᠠᠶᠢᠲᠤᠷ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠲᠤᠬᠠᠶ᠂ ᠢᠯᠠᠩᠭᠤᠶ᠎ᠠ ᠵᠦ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ ᠰᠠᠶᠢᠲᠤᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠤᠶᠠᠷ ᠰᠠᠨᠠᠯ ᠢᠶᠠᠨ ᠶᠠᠷᠢᠶ᠎ᠠ᠃ | ᠨᠢᠭᠡ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢᠶᠠᠨ ᠨᠢᠭᠲᠠᠷᠠᠭᠤᠯᠵᠤ᠂ | ᠬᠤᠷᠠᠯ ᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠤᠯᠲᠠ ᠶᠢ ᠡᠷᠡᠰ ᠰᠢᠭᠤᠷᠬᠠᠢ ᠪᠠᠷ ᠰᠠᠶᠢᠲᠤᠷ ᠠᠳᠬᠤᠬᠤ ᠬᠡᠷᠡᠭᠲᠡᠢ | | ︵ᠨᠢᠭᠡ︶ ᠢᠯᠡᠳᠬᠡᠯ ᠤᠨ ᠭᠤᠣᠯ ᠴᠢᠮᠥᠭᠡ ᠶᠢ ᠣᠨᠣᠪᠴᠢᠲᠠᠶ ᠡᠵᠡᠮᠳᠡᠨ ᠨᠠᠶᠢᠳᠠᠪᠤᠷᠢᠵᠢᠭᠤᠯᠤᠯᠲᠠ ᠶᠢ | ᠠᠳᠬᠤᠬᠤ ᠬᠡᠷᠡᠭᠲᠡᠢ᠃ ᠵᠦ ᠱᠦᠵᠢ ᠴᠢᠬᠤᠯᠠ ᠶᠠᠷᠢᠶ᠎ᠠ ᠲᠠᠯᠪᠢᠵᠤ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠦᠭᠦ ᠬᠤᠰᠢᠭᠤᠨ ᠤ ᠬᠦᠭᠵᠢᠯᠲᠡ ᠶᠢᠨ | ᠶᠡᠷᠦᠩᠬᠡᠶ ᠱᠠᠭᠠᠷᠳᠠᠯᠭ᠎ᠠ᠂ ᠭᠤᠣᠯ ᠬᠠᠷᠠᠯᠲᠠ ᠪᠠ ᠭᠤᠣᠯᠳᠠᠯᠭ᠎ᠠ ᠲᠠᠢ ᠡᠭᠦᠷᠭᠡ ᠪᠣᠯ ᠮᠠᠨ ᠤ ᠡᠯ᠎ᠡ ᠵᠦᠢᠯ ᠤᠨ | ᠠᠵᠢᠯ ᠢᠶᠠᠨ ᠰᠠᠶᠢᠲᠤᠷ ᠬᠢᠬᠦ ᠶᠢᠨ ᠴᠢᠬᠤᠯᠠ ᠪᠠᠷᠢᠮᠵᠢᠶ᠎ᠠ ᠪᠠ ᠦᠨᠳᠦᠰᠦᠨ ᠵᠦᠭᠯᠡᠭᠦᠷ ᠮᠥᠨ᠃ ᠪᠦᠬᠦ ᠬᠤᠰᠢᠭᠤᠨ ᠤ | ᠨᠠᠮ ᠤᠨ ᠭᠡᠰᠢᠭᠦᠨ ᠤᠳᠤᠷᠢᠳᠬᠤ ᠺᠠᠳ᠋ᠷ ᠡᠷᠬᠡᠪᠰᠢ ᠦᠵᠡᠯ ᠰᠠᠨᠠᠭ᠎ᠠ ᠪᠠᠨ ᠳᠡᠭᠡᠳᠦ ᠬᠡᠮᠵᠢᠶ᠎ᠡ ᠪᠠᠷ ᠨᠢᠭᠡᠳᠬᠡᠵᠦ᠂ | ᠲᠠᠨᠢᠯᠲᠠ ᠪᠠᠨ ᠳᠡᠭᠡᠳᠦ ᠬᠡᠮᠵᠢᠶ᠎ᠡ ᠪᠠᠷ ᠨᠢᠭᠡᠳᠭᠡᠵᠦ᠂ ᠨᠡᠩ ᠴᠤᠭ ᠪᠠᠳᠠᠷᠠᠩᠭᠤᠶ ᠲᠡᠮᠡᠴᠡᠯ ᠤᠨ ᠵᠣᠷᠢᠭ᠂ ᠨᠡᠩ | ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠴᠢᠩᠭ᠎ᠠ ᠡᠭᠦᠷᠭᠡᠯᠡᠯ᠂ ᠨᠡᠩ ᠬᠦᠴᠦᠲᠡᠶ ᠠᠷᠭ᠎ᠠ ᠬᠡᠮᠵᠢᠶ᠎ᠡ᠂ ᠨᠡᠩ | ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠵᠦ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠬᠤᠷᠠᠯ ᠤᠨ ᠵᠣᠷᠢᠭ ᠰᠠᠨᠠᠭ᠎ᠠ ᠶᠢ ᠦᠳᠲᠡᠷ ᠲᠦᠷᠭᠡᠨ ᠢᠶᠠᠷ ᠦᠨᠳᠦᠰᠦᠨ ᠱᠠᠳᠤ᠂ ᠭᠠᠴᠠᠭ᠎ᠠ | ᠲᠣᠰᠬᠤᠨ᠂ ᠡᠷᠦᠬᠡ᠂ ᠬᠥᠮᠦᠨ ᠳᠤ ᠬᠦᠷᠲᠡᠯ᠎ᠡ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ | ᠬᠤᠰᠢᠭᠤᠨ ᠤ ᠱᠠᠲᠤᠨ ᠤ ᠤᠳᠤᠷᠢᠳᠤᠯᠭ᠎ᠠ ᠲᠦᠷᠦᠭᠦᠯᠡᠨ ᠰᠤᠳᠤᠯᠤᠨ ᠰᠤᠷᠤᠯᠴᠠᠵᠤ᠂ ᠬᠤᠪᠢᠳᠠᠨ ᠬᠠᠮᠢᠶᠠᠷᠴᠤ | ᠪᠠᠶᠢᠭ᠎ᠠ ᠬᠦᠷᠢᠶ᠎ᠡ ᠴᠠᠷᠠᠭ᠎ᠠ ᠶᠢᠨ ᠢᠶᠠᠨ ᠠᠵᠢᠯ ᠤᠨ ᠲᠣᠭᠤᠷᠢᠨ ᠳᠤ ᠰᠤᠷᠤᠯᠴᠠᠵᠤ ᠲᠤᠭᠤᠰᠢᠯᠠᠭᠤᠯᠬᠤ ᠶᠢ ᠰᠠᠶᠢᠲᠤᠷ | ᠠᠳᠬᠤᠬᠤ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠴᠠᠭ ᠢᠶᠠᠨ ᠰᠠᠶᠢᠲᠤᠷ | ᠲᠣᠬᠢᠷᠠᠭᠤᠯᠵᠤ᠂ ᠲᠥᠪᠯᠡᠷᠡᠭᠦᠯᠦᠨ ᠰᠤᠷᠤᠯᠴᠠᠬᠤ ᠶᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ᠂ ᠬᠤᠷᠠᠯ ᠤᠨ | ᠵᠣᠷᠢᠭ ᠰᠠᠨᠠᠭ᠎ᠠ ᠶᠢ ᠣᠨᠣᠪᠴᠢᠲᠠᠶ ᠪᠥᠭᠡᠳ ᠲᠤᠭᠤᠷᠠᠳᠠᠯ᠎ᠠ ᠣᠶᠢᠯᠠᠭᠠᠬᠤ ᠬᠡᠷᠡᠭᠲᠡᠶ᠃ ᠨᠠᠮ ᠤᠨ | ᠰᠤᠷᠭᠠᠭᠤᠯᠢ ᠶᠢᠨ ᠬᠢᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠬᠤ ᠶᠢ ᠺᠠᠳ᠋ᠷ ᠢ ᠪᠣᠯᠪᠠᠰᠤᠷᠠᠭᠤᠯᠬᠤ | ᠡᠳᠦᠷ ᠲᠤᠲᠤᠮ ᠤᠨ ᠵᠥᠪᠯᠡᠬᠦ ᠵᠦᠢᠯ ᠳᠡᠭᠡᠨ ᠣᠷᠣᠭᠤᠯᠵᠤ᠂ ᠤᠬᠠᠭᠤᠯᠬᠤ ᠰᠠᠯᠠᠭ᠎ᠠ ᠮᠥᠴᠢᠷ ᠤᠨ ᠬᠢᠨ ᠤᠯᠠᠨ | ᠵᠦᠢᠯ ᠤᠨ ᠬᠡᠯᠪᠡᠷᠢ ᠪᠠᠷ ᠥᠷᠭᠡᠨ ᠳᠡᠯᠭᠡᠷ ᠲᠠᠶᠢᠯᠤᠮᠵᠢ ᠬᠢᠵᠦ᠂ ᠥᠷᠭᠡᠨ ᠤᠯᠠᠨ ᠺᠠᠳ᠋ᠷ ᠤᠯᠠᠨ ᠲᠦᠮᠡᠨ ᠳᠤ | ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠤᠢᠢᠯᠠᠭᠠᠭᠤᠯᠵᠤ᠂ ᠪᠦᠬᠦ ᠬᠤᠰᠢᠭᠤᠨ ᠤ ᠺᠠᠳ᠋ᠷ ᠤᠯᠠᠨ | ᠲᠦᠮᠡᠨ ᠤ ᠦᠵᠡᠯ ᠰᠠᠨᠠᠭ᠎ᠠ᠂ ᠦᠢᠯᠡ ᠠᠵᠢᠯᠯᠠᠭ᠎ᠠ ᠶᠢ ᠦᠨᠡᠨᠬᠦ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ | ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠤ ᠨᠢᠭᠡᠳᠬᠡᠵᠦ᠂ ᠪᠦᠬᠦ ᠬᠤᠰᠢᠭᠤᠨ ᠤ ᠬᠥᠭᠵᠢᠯᠲᠡ ᠶᠢ | ᠠᠬᠢᠭᠤᠯᠬᠤ ᠡᠯ᠎ᠡ ᠵᠦᠢᠯ ᠤᠨ ᠦᠢᠯᠡᠰ ᠲᠤ ᠨᠢᠭᠡᠳᠬᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ | ᠬᠥᠭᠵᠢᠯᠲᠡ ᠶᠢ ᠲᠦᠷᠭᠡᠳᠬᠡᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠢ ᠪᠦᠷᠢᠯᠳᠦᠭᠦᠯᠬᠦ ᠬᠡᠷᠡᠭᠲᠡᠢ᠃ | ︵ᠬᠤᠶᠠᠷ︶ ᠠᠵᠢᠯ ᠢᠶᠠᠨ ᠨᠢᠭᠲᠠᠷᠠᠭᠤᠯᠵᠤ ᠬᠦᠴᠦ ᠪᠠᠨ ᠬᠠᠮᠲᠤᠳᠬᠠᠨ ᠨᠠᠶᠢᠳᠠᠪᠤᠷᠢᠵᠢᠭᠤᠯᠤᠯᠲᠠ ᠶᠢ ᠠᠳᠬᠤᠬᠤ | ᠬᠡᠷᠡᠭᠲᠡᠶ᠃ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢ ᠵᠠᠰᠠᠭ ᠤᠨ ᠣᠷᠳᠣᠨ ᠤ | ᠠᠵᠢᠯ ᠤᠨ ᠡᠯ᠎ᠡ ᠬᠦᠷᠢᠶ᠎ᠡ ᠴᠠᠷᠠᠭ᠎ᠠ᠂ ᠡᠯ᠎ᠡ ᠲᠠᠯ᠎ᠠ᠂ ᠡᠯ᠎ᠡ ᠭᠤᠭᠴᠤᠭ᠎ᠠ ᠳᠤ ᠲᠤᠭᠤᠰᠢᠯᠠᠭᠤᠯᠵᠦ᠂ ᠴᠢᠬᠤᠯᠠ ᠶᠡᠭᠡ | ᠤᠴᠢᠷ ᠶᠠᠪᠤᠳᠠᠯ ᠤᠨ ᠲᠤᠬᠠᠶ ᠵᠢᠭᠠᠪᠤᠷᠢ ᠠᠪᠬᠤ ᠪᠠ ᠮᠡᠳᠡᠭᠦᠯᠦᠯᠲᠡ ᠬᠢᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ | ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠲᠠᠢ ᠳᠡᠭᠡᠳᠦ ᠬᠡᠮᠵᠢᠶ᠎ᠡ ᠪᠠᠷ ᠨᠡᠶᠢᠴᠡᠬᠦ᠂ ᠠᠳᠠᠯᠢ | ᠳᠠᠪᠲᠠᠮᠵᠢ ᠪᠠᠷ ᠠᠵᠢᠯᠯᠠᠬᠤ᠂ ᠠᠯᠬᠤᠮ ᠨᠢᠭᠡᠲᠡᠶ ᠪᠠᠶᠢᠬᠤ᠂ ᠳᠡᠭᠡᠷ᠎ᠡ ᠳᠣᠤᠷ᠎ᠠ ᠱᠠᠲᠤ ᠪᠠᠷ ᠨᠡᠪᠲᠡᠷᠡᠬᠦ ᠶᠢ ᠪᠠᠲᠤᠯᠠᠬᠤ | ᠬᠡᠷᠡᠭᠲᠡᠶ᠃ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ᠂ ᠠᠵᠤ ᠦᠢᠯᠡᠰ ᠤᠨ ᠲᠡᠰ ᠳᠡᠪᠰᠢᠬᠦ ᠶᠢ ᠠᠬᠢᠭᠤᠯᠬᠤ᠂ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠪᠡᠶᠡᠯᠡᠭᠦᠯᠬᠦ ᠪᠠᠷ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ | ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠪᠣᠳᠠᠲᠠᠢ ᠦᠢᠯᠡᠳᠦᠯᠭᠡ ᠶᠢ | ᠪᠡᠶᠡᠯᠡᠭᠦᠯᠬᠦ ᠬᠡᠷᠡᠭᠲᠡᠢ᠃ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠡᠬᠢᠯᠡᠯᠲᠡ ᠶᠢᠨ ᠵᠢᠯ ᠮᠥᠨ᠂ ᠡᠯ᠎ᠡ ᠵᠤᠶᠢᠯ ᠤᠨ ᠠᠵᠢᠯ ᠤᠨ ᠡᠭᠦᠷᠭᠡ ᠬᠦᠨᠳᠦ᠂ ᠪᠥᠬᠦ ᠬᠤᠰᠢᠭᠤᠨ ᠤ ᠡᠯ᠎ᠡ | ᠱᠠᠲᠤᠨ ᠤ ᠺᠠᠳ᠋ᠷᠴᠤᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠨ᠎ᠡ ᠬᠥᠭᠵᠢᠯᠲᠡ ᠶᠢᠨ | ᠱᠠᠲᠤᠨ ᠳᠤ ᠣᠷᠣᠬᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠬᠤ ᠳᠤᠮᠳᠠᠬᠢ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠶ | ᠡᠵᠡᠮᠳᠡᠵᠦ᠂ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ | ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠬᠤ ᠬᠡᠷᠡᠭᠲᠡᠶ᠃ ᠠᠵᠢᠯ ᠤᠨ | ᠭᠤᠣᠯᠳᠠᠯᠭ᠎ᠠ ᠪᠠᠨ ᠳᠣᠪᠤᠶᠢᠯᠭᠠᠬᠤ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ︽ | ᠡᠬᠢᠯᠡᠮᠡᠭᠴᠡ ᠰᠢᠢᠳᠪᠦᠷᠢᠲᠦ ᠳᠠᠶᠢᠯᠠᠯᠳᠤᠭᠠᠨ ᠬᠢᠵᠦ᠂ ᠬᠦᠶᠦᠮᠡᠭᠴᠡ ᠡᠴᠦᠰ ᠤᠨ ᠴᠡᠭ ᠲᠤ ᠰᠢᠪᠲᠦᠯᠬᠦ︾ ᠡᠷᠴᠢ | ᠵᠣᠷᠢᠭ ᠲᠠᠢ ᠪᠠᠶᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ᠂ ᠠᠵᠤ ᠦᠢᠯᠡᠰ ᠤᠨ ᠪᠤᠶᠢᠵᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠢ ᠴᠢᠩᠭ᠎ᠠ ᠠᠳᠬᠤᠵᠤ᠂ | ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠡᠯᠭᠦᠭᠡ ᠵᠢᠷᠤᠭ ᠢᠶᠠᠷ ᠪᠠᠶᠢᠯᠳᠤᠵᠤ᠂ ᠬᠦᠴᠦᠲᠡᠢ | ᠠᠬᠢᠭᠤᠯᠵᠤ᠂ ᠭᠤᠣᠯᠳᠠᠯᠭ᠎ᠠ ᠲᠠᠢ ᠠᠵᠢᠯ ᠢᠶᠠᠷ ᠰᠢᠪᠲᠤᠯᠤᠯᠲᠠ ᠬᠢᠵᠦ᠂ ᠪᠦᠬᠦ ᠲᠠᠯ᠎ᠠ ᠶᠢᠨ ᠬᠥᠭᠵᠢᠯᠲᠡ ᠶᠢ | ᠳᠠᠶᠢᠴᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ | ᠴᠢᠩᠭᠠᠳᠬᠠᠬᠤ ᠬᠡᠷᠡᠭᠲᠡᠢ᠃ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠨ ᠬᠢᠨ ︽ᠪᠥᠬᠦ ᠬᠤᠰᠢᠭᠤᠨ ᠤ ᠨᠢᠭᠡ | ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠬᠠᠷᠢᠯᠴᠠᠨ ᠬᠠᠮᠵᠢᠯᠴᠠᠵᠤ᠂ ᠬᠠᠷᠢᠯᠴᠠᠨ | ᠳᠡᠮᠵᠢᠵᠦ᠂ ᠬᠠᠷᠢᠯᠴᠠᠨ ᠨᠥᠬᠦᠪᠥᠷᠢᠯᠡᠬᠦ ᠮᠥᠷᠲᠡᠭᠡᠨ ᠪᠠᠰᠠ ᠠᠵᠢᠯ ᠢᠶᠠᠨ ᠵᠣᠬᠢᠰᠲᠠᠶ ᠬᠤᠪᠢᠶᠠᠷᠢᠯᠠᠵᠤ᠂ ᠡᠭᠦᠷᠭᠡ | ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ | ᠠᠵᠢᠯ ᠢᠶᠠᠨ ᠬᠤᠪᠢᠶᠠᠷᠢᠯᠠᠬᠤ ᠳᠠᠭᠠᠨ ᠬᠡᠷ ᠡᠷᠦᠬᠡ ᠪᠠᠨ ᠢᠯᠭᠠᠬᠤ ᠥᠬᠡᠶ᠂ ᠠᠯᠬᠤᠮ ᠪᠦᠷᠢ ᠶᠢ ᠰᠠᠶᠢᠲᠤᠷ ᠬᠢᠵᠦ᠂ | ᠪᠥᠬᠦ ᠬᠥᠯᠭᠡ ᠰᠢᠲᠠᠷ᠎ᠠ ᠪᠠᠨ ᠰᠠᠶᠢᠲᠤᠷ ᠲᠠᠯᠪᠢᠬᠤ ᠬᠡᠷᠡᠭᠲᠡᠶ᠃ ᠠᠵᠢᠯ ᠤᠨ ᠬᠠᠮᠲᠤᠷᠠᠯ ᠤᠨ ᠬᠦᠴᠦᠨ ᠢ | ᠨᠢᠭᠲᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ︽ᠬᠥᠭᠵᠢᠯᠲᠡ ᠶᠢᠨ | ᠬᠤᠷᠳᠤᠴᠠ ᠲᠦᠷᠭᠡᠨ ᠪᠢᠰᠢ ᠪᠣᠯ ᠡᠩᠨᠡᠭᠡ ᠠᠴᠠ ᠪᠠᠨ ᠬᠤᠴᠣᠷᠬᠤ᠂ ᠬᠥᠭᠵᠢᠯᠲᠡ ᠶᠢᠨ ᠶᠠᠰᠤ ᠴᠢᠨᠠᠷ ᠥᠨᠳᠥᠷ ᠪᠢᠰᠢ | ᠪᠣᠯ ᠤᠬᠤᠷᠢᠬᠤ︾ ᠲᠦᠭᠰᠢᠭᠦᠷᠢ ᠶᠢᠨ ᠤᠬᠠᠮᠰᠠᠷ ᠲᠠᠢ ᠪᠠᠶᠢᠵᠤ᠂ ᠬᠦᠯᠢᠶᠡᠵᠦ ᠳᠡᠶᠢᠯᠬᠦ ᠥᠬᠡᠶ᠂ ᠤᠳᠠᠭᠠᠨ ᠪᠠᠶᠢᠵᠤ | ᠳᠡᠶᠢᠯᠬᠦ ᠥᠬᠡᠶ᠂ ᠰᠠᠭᠤᠵᠤ ᠳᠡᠶᠢᠯᠬᠦ ᠥᠬᠡᠶ ᠬᠠᠷᠢᠭᠤᠴᠠᠯᠭᠠᠲᠤ ᠰᠡᠳᠬᠢᠯᠭᠡ ᠪᠠᠷ ᠪᠦᠯᠬᠦᠮᠳᠡᠵᠦ ᠪᠣᠯᠬᠤ ᠬᠦᠴᠦᠨ | ᠪᠦᠬᠦᠨ ᠲᠠᠢ ᠪᠦᠯᠬᠦᠮᠳᠡᠵᠦ᠂ ᠳᠠᠶᠢᠴᠢᠯᠠᠵᠤ ᠪᠣᠯᠬᠤ ᠡᠬᠢ ᠪᠠᠶᠠᠯᠢᠭ ᠪᠦᠬᠦᠨ ᠢ ᠳᠠᠶᠢᠴᠢᠯᠠᠵᠤ᠂ ᠨᠡᠶᠢᠯᠡᠮᠡᠯ ᠬᠦᠴᠦᠨ ᠢ | ᠨᠢᠭᠲᠠᠷᠠᠭᠤᠯᠤᠨ᠂ ᠬᠥᠳᠡᠯᠭᠡᠬᠦ ᠬᠦᠴᠦᠨ ᠢ ᠬᠥᠭᠵᠢᠭᠡᠵᠦ᠂ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠠᠵᠤ | ᠠᠬᠤᠶ ᠨᠡᠶᠢᠭᠡᠮ ᠤᠨ ᠴᠢᠨᠠᠷ ᠰᠠᠶᠢᠲᠠᠶ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠳᠥᠯᠭᠢᠨ ᠠᠬᠢᠭᠤᠯᠬᠤ ᠬᠡᠷᠡᠭᠲᠡᠶ᠃ | ︵ᠭᠤᠷᠪᠠ︶ ᠡᠭᠦᠷᠭᠡ ᠬᠠᠷᠠᠯᠲᠠ ᠶᠢ ᠨᠠᠷᠢᠯᠢᠬᠵᠢᠭᠤᠯᠤᠨ ᠵᠠᠳᠠᠯᠵᠤ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ | ᠪᠥᠬᠦ ᠬᠤᠰᠢᠭᠤᠨ ᠤ ᠡᠯ᠎ᠡ ᠱᠠᠲᠤᠨ ᠤ ᠺᠠᠳ᠋ᠷᠴᠤᠳ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ | ᠴᠢᠳᠠᠬᠤ ᠡᠰᠡᠬᠦ᠂ ᠲᠣᠯᠣᠭᠠᠶᠢᠯᠠᠬᠤ ᠦᠢᠯᠡᠳᠦᠯ ᠢᠶᠠᠨ ᠪᠠᠳᠠᠷᠠᠭᠤᠯᠵᠤ ᠴᠢᠳᠠᠬᠤ ᠡᠰᠡᠬᠦ ᠶᠢᠨ ᠵᠠᠩᠭᠢᠯᠠᠭ᠎ᠠ ᠨᠢ | ᠬᠠᠷᠢᠭᠤᠴᠠᠯᠭ᠎ᠠ ᠶᠢᠨ ᠤᠬᠠᠮᠰᠠᠷ ᠲᠤ ᠪᠠᠶᠢᠳᠠᠭ᠂ ᠡᠨᠡ ᠪᠣᠯ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠢᠨ | ᠴᠢᠬᠤᠯᠠ ᠤᠷᠢᠲᠠᠯ ᠮᠥᠨ᠂ ᠨᠠᠩ ᠴᠤ ᠠᠵᠢᠯ ᠢᠶᠠᠨ ᠰᠠᠶᠢᠲᠤᠷ ᠬᠢᠬᠦ ᠶᠢᠨ ᠳᠣᠲᠣᠭᠠᠳᠤ ᠬᠥᠳᠡᠯᠭᠡᠬᠦ ᠬᠦᠴᠦᠨ ᠮᠥᠨ᠃ | ᠪᠢᠳᠡ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠨᠠᠷᠢᠨ | ᠬᠢᠨᠠᠮᠠᠭᠠᠢ ᠬᠠᠷᠢᠭᠤᠴᠠᠬᠤ ᠠᠵᠢᠯ ᠤᠨ ᠣᠪᠣᠷ ᠢᠶᠠᠷ᠂ ᠲᠡᠷᠢᠭᠦᠨ ᠤ ᠠᠵᠢᠯ ᠤᠨ ᠦᠷ᠎ᠡ ᠪᠦᠲᠦᠮᠵᠢ ᠶᠢ ᠴᠢᠷᠮᠠᠶᠢᠨ | ᠡᠭᠦᠳᠴᠦ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠠᠵᠢᠯ ᠤᠨ ᠰᠤᠷᠲᠠᠯ ᠢᠶᠠᠷ ᠪᠠᠶᠢᠷᠢᠨ ᠳᠤ ᠪᠠᠶᠢᠪᠠᠯ | ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠪᠠᠶᠢᠷᠢᠨ ᠳᠤ ᠪᠠᠶᠢᠪᠠᠯ ᠪᠦᠬᠦ ᠰᠡᠳᠬᠢᠯ ᠪᠦᠬᠦ ᠴᠢᠳᠠᠯ ᠢᠶᠠᠷ ᠢᠶᠠᠨ | ᠴᠢᠷᠮᠠᠶᠢᠵᠤ᠂ ᠬᠠᠷᠢᠭᠤᠴᠠᠯᠭ᠎ᠠ ᠶᠢ ᠡᠭᠦᠷᠭᠡᠯᠡᠨ ᠪᠦᠬᠦ ᠲᠠᠯ᠎ᠠ ᠶᠢ ᠬᠠᠷᠠᠭᠠᠯᠵᠠᠵᠤ᠂ ᠦᠨᠡᠨ ᠬᠦ ᠰᠡᠳᠬᠢᠯ ᠲᠠᠯᠪᠢᠨ | ᠤᠴᠢᠷ ᠶᠠᠪᠤᠳᠠᠯ ᠢ ᠪᠣᠳᠣᠯᠬᠢᠯᠠᠵᠤ᠂ ᠰᠡᠳᠬᠢᠯ ᠲᠠᠯᠪᠢᠨ ᠤᠴᠢᠷ ᠶᠠᠪᠤᠳᠠᠯ ᠢ ᠪᠣᠳᠣᠯᠬᠢᠯᠠᠵᠤ᠂ ᠰᠡᠳᠬᠢᠯ ᠲᠠᠯᠪᠢᠨ | ᠠᠵᠢᠯ ᠶᠠᠪᠤᠳᠠᠯ ᠬᠢᠬᠦ ᠶᠢ ᠪᠡᠶᠡᠯᠡᠭᠦᠯᠬᠦ ᠬᠡᠷᠡᠭᠲᠡᠢ᠃ ᠬᠠᠷᠠᠯᠲᠠ ᠡᠭᠦᠷᠭᠡ ᠶᠢ ᠲᠥᠷᠥᠯ ᠵᠤᠶᠢᠯ ᠪᠣᠯᠭᠠᠬᠤ᠂ ᠠᠵᠢᠯ ᠢ | ᠠᠬᠢᠭᠤᠯᠤᠨ ᠬᠠᠷᠢᠭᠤᠴᠠᠯᠭ᠎ᠠ ᠲᠠᠢ ᠪᠣᠯᠭᠠᠬᠤ᠂ ᠦᠷ᠎ᠡ ᠳ᠋ᠦᠩ ᠢ ᠨᠠᠶᠢᠳᠠᠪᠤᠷᠢᠵᠢᠭᠤᠯᠬᠤ ᠴᠠᠭᠴᠢᠯᠠᠭᠰᠠᠨ ᠠᠵᠢᠯ ᠤᠨ | ᠲᠣᠭᠲᠠᠴᠠ ᠶᠢ ᠬᠡᠷᠡᠭᠵᠢᠭᠦᠯᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠲᠣᠭᠲᠠᠭᠠᠭᠰᠠᠨ ᠬᠠᠷᠠᠯᠲᠠ᠂ | ᠪᠠᠶᠢᠷᠢᠯᠠᠭᠤᠯᠤᠭᠰᠠᠨ ᠡᠭᠦᠷᠭᠡ ᠶᠢ ᠪᠥᠬᠦᠳᠡ ᠶᠢ ᠲᠦᠷᠦᠭᠦᠯᠡᠨ ᠤᠳᠤᠷᠢᠳᠬᠤ᠂ ᠬᠠᠷᠢᠭᠤᠴᠠᠯᠭᠠᠲᠤ ᠰᠠᠯᠠᠭ᠎ᠠ | ᠮᠥᠴᠢᠷ ᠲᠤ ᠬᠤᠪᠢᠶᠠᠨ ᠨᠠᠶᠢᠳᠠᠪᠤᠷᠢᠵᠢᠭᠤᠯᠵᠤ᠂ ︽ᠴᠠᠭ ᠤᠨ ᠬᠦᠰᠦᠨᠦᠭᠲᠦ︾᠂ ︽ᠪᠠᠷᠢᠯᠭ᠎ᠠ ᠶᠢᠨ ᠵᠢᠷᠤᠭ︾᠂ ︽ | ᠡᠭᠦᠷᠭᠡ ᠶᠢᠨ ᠪᠢᠴᠢᠭ︾ ᠲᠠᠢ ᠪᠠᠶᠢᠵᠤ᠂ ᠡᠯ᠎ᠡ ᠵᠤᠶᠢᠯ ᠤᠨ ᠠᠵᠢᠯ ᠤᠨ ᠦᠷ᠎ᠡ ᠪᠦᠲᠦᠮᠵᠢ ᠲᠠᠢ᠂ ᠬᠢᠯᠠᠰ ᠴᠡᠭ ᠲᠠᠢ᠂ | ᠣᠷᠣᠨ ᠪᠠᠶᠢᠷᠢ ᠲᠠᠢ ᠪᠠᠶᠢᠬᠤ ᠶᠢ ᠪᠠᠲᠤᠯᠠᠬᠤ ᠬᠡᠷᠡᠭᠲᠡᠶ᠃ ︽ᠳᠠᠷᠤᠶ ᠳᠤᠨᠢ ᠭᠦᠢᠴᠡᠳᠬᠡᠬᠦ︾ ᠶᠢ ᠰᠠᠨᠠᠭᠠᠴᠢᠯᠠᠵᠤ᠂ | ᠭᠦᠢᠴᠡᠳᠬᠡᠬᠦ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠢᠶᠠᠨ ᠯᠠᠪᠳᠠᠭᠤᠨ ᠪᠠᠲᠤᠲᠠᠶ ᠪᠥᠭᠡᠳ | ᠪᠣᠳᠠᠲᠠᠶ ᠪᠠᠷ ᠬᠢᠬᠦ ᠬᠡᠷᠡᠭᠲᠡᠶ᠃ ᠠᠵᠢᠯ ᠤᠨ ᠰᠢᠯᠭᠠᠨ ᠬᠢᠨᠠᠵᠤ ᠰᠢᠮᠳᠠᠭᠤᠯᠤᠨ ᠪᠠᠶᠢᠴᠠᠭᠠᠬᠤ ᠶᠢ ᠴᠢᠩᠳᠠᠯᠠᠵᠤ᠂ | ᠭᠤᠤᠯᠳᠠᠯᠭ᠎ᠠ ᠲᠠᠢ ᠠᠵᠢᠯ ᠳᠤ ᠲᠣᠳᠣᠷᠬᠠᠶ ᠬᠠᠭᠤᠳᠠᠰᠤᠵᠢᠭᠤᠯᠤᠨ ᠳᠣᠭᠢᠷᠠᠭᠤᠯᠤᠨ ᠬᠠᠮᠢᠶᠠᠷᠬᠤ᠂ ᠡᠬᠡ ᠲᠠᠩᠰᠠ ᠶᠢᠨ | ᠮᠠᠶ᠋ᠢᠭ ᠢᠶᠠᠷ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠬᠤ᠂ ᠪᠠᠶᠢᠩᠭᠤᠵᠢᠭᠤᠯᠤᠨ ᠮᠥᠷᠳᠡᠵᠦ ᠦᠷ᠎ᠡ | ᠪᠦᠲᠦᠮᠵᠢ ᠶᠢ ᠠᠰᠠᠭᠤᠬᠤ ᠶᠢ ᠬᠡᠷᠡᠭᠵᠢᠭᠦᠯᠵᠦ᠂ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠥᠨᠳᠥᠷ | ᠦᠷ᠎ᠡ ᠪᠦᠲᠦᠮᠵᠢᠲᠡᠶ ᠪᠠᠷ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠥᠮᠦᠨ ᠪᠦᠬᠦᠨ ᠴᠥᠮ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ᠂ ᠬᠥᠮᠦᠨ ᠪᠦᠬᠦᠨ ᠴᠥᠮ ᠡᠮᠦᠨᠡᠲᠦ ᠬᠤᠰᠢᠭᠤᠨ ᠤ ᠳᠦᠷᠢ | ᠲᠥᠷᠬᠦ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠠᠵᠢᠯ ᠤᠨ ᠰᠤᠷᠲᠠᠯ ᠢᠶᠠᠨ ᠬᠤᠪᠢᠷᠠᠭᠤᠯᠤᠨ᠂ | ᠬᠦᠯᠢᠶᠡᠬᠦ ᠥᠬᠡᠶ ᠲᠦᠰᠢᠭᠯᠡᠬᠦ ᠥᠬᠡᠶ ᠴᠠᠯᠠᠭᠠᠶᠢᠷᠠᠬᠤ ᠥᠬᠡᠶ ᠪᠠᠶᠢᠵᠤ᠂ ᠬᠠᠲᠠᠭᠤᠵᠢᠯᠲᠠᠶ ᠠᠵᠢᠯᠯᠠᠵᠤ ᠪᠣᠳᠠᠲᠠᠶ | ᠠᠵᠢᠯᠯᠠᠵᠤ ᠴᠢᠷᠮᠠᠶᠢᠨ ᠠᠵᠢᠯᠯᠠᠵᠤ᠂ ᠰᠢᠢᠳᠪᠦᠷᠢᠲᠦ ᠪᠣᠳᠣᠯᠭ᠎ᠠ ᠶᠢ ᠪᠣᠳᠠᠲᠤ ᠠᠬᠤᠶ ᠪᠣᠯᠭᠠᠨ ᠬᠤᠪᠢᠷᠠᠭᠤᠯᠵᠤ᠂ | ᠬᠦᠴᠦᠨ ᠢᠶᠠᠨ ᠲᠥᠪᠯᠡᠷᠡᠭᠦᠯᠦᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠩ ᠰᠠᠶᠢᠨ ᠰᠠᠶᠢᠬᠠᠨ | ᠢᠷᠡᠭᠡᠳᠦᠶ ᠶᠢ ᠴᠣᠭᠴᠠᠯᠠᠨ ᠪᠠᠶᠢᠭᠤᠯᠬᠤ ᠬᠡᠷᠡᠭᠲᠡᠶ᠃ | ᠬᠤᠶᠠᠷ᠂ ᠪᠦᠬᠦᠯᠢ ᠴᠣᠭᠴᠠ ᠶᠢᠨ ᠭᠤᠣᠯᠳᠠᠯᠭ᠎ᠠ ᠶᠢ ᠨᠢᠭᠡᠳᠦᠯᠲᠡᠶ ᠲᠥᠯᠥᠪᠯᠡᠵᠦ᠂ ᠣᠳᠣᠬᠠᠨ ᠤ ᠪᠠ ᠠᠯᠤᠰ | ᠬᠡᠳᠦ ᠶᠢ ᠬᠠᠮᠲᠤ ᠳᠤᠨᠢ ᠬᠠᠷᠠᠭᠠᠯᠵᠠᠵᠤ᠂ ᠪᠦᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ | 2021 ᠣᠨ ᠪᠣᠯ ᠨᠠᠮ ᠪᠠᠶᠢᠭᠤᠯᠤᠭᠳᠠᠭᠰᠠᠨ 100 ᠵᠢᠯ ᠤᠨ ᠤᠢ ᠮᠥᠨ᠂ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠠᠩᠬᠠᠨ ᠤ ᠳᠠᠶᠢᠯᠠᠯᠳᠤᠭᠠᠨ ᠤ ᠵᠢᠯ ᠮᠥᠨ᠃ ᠪᠢᠳᠡ ᠲᠠᠪᠤᠨ ᠵᠢᠯ ᠢ | ᠪᠣᠳᠣᠯᠬᠢᠯᠠᠨ᠂ ᠣᠳᠣᠬᠠᠨ ᠤ ᠪᠠᠶᠢᠳᠠᠯ ᠳᠠᠭᠠᠨ ᠰᠠᠭᠤᠷᠢᠯᠠᠨ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ | ᠨᠡᠭᠡᠭᠡᠵᠦ᠂ ᠡᠷᠡᠮᠡᠬᠡᠶᠢᠯᠡᠨ ᠲᠠᠪᠰᠢᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ | ᠠᠵᠢᠯ ᠢ ᠦᠷᠭᠦᠯᠵᠢᠯᠡᠨ ᠰᠠᠶᠢᠲᠤᠷ ᠬᠢᠵᠦ᠂ ᠨᠡᠶᠢᠭᠡᠮ ᠵᠢᠷᠤᠮ ᠤᠨ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢ | ᠪᠦᠬᠦ ᠲᠠᠯ᠎ᠠ ᠪᠠᠷ ᠲᠦᠯᠬᠢᠨ ᠠᠬᠢᠭᠤᠯᠬᠤ ᠳᠤ ᠰᠠᠶᠢᠨ ᠡᠬᠢᠯᠡᠯᠲᠡ ᠲᠠᠢ ᠪᠣᠯᠭᠠᠬᠤ ᠬᠡᠷᠡᠭᠲᠡᠶ᠃ | ︵ᠨᠢᠭᠡ︶ ᠬᠦᠴᠦᠨ ᠢᠶᠠᠨ ᠲᠥᠪᠯᠡᠷᠡᠭᠦᠯᠦᠨ ᠲᠥᠷᠥᠯ ᠵᠤᠶᠢᠯ ᠢ ᠠᠳᠬᠤᠵᠤ᠂ ᠪᠠᠯᠠ ᠣᠷᠣᠭᠤᠯᠤᠯᠲᠠ ᠶᠢ | ᠥᠷᠭᠡᠳᠬᠡᠨ᠂ ᠠᠵᠤ ᠠᠬᠤᠶ ᠶᠢᠨ ᠬᠥᠭᠵᠢᠯᠲᠡ ᠶᠢᠨ ᠬᠠᠲᠠᠭᠤ ᠲᠤᠯᠭᠠᠭᠤᠷᠢᠯᠠᠯ ᠢ ᠪᠠᠬᠢᠵᠢᠭᠦᠯᠦᠨ᠎ᠡ᠃ ︽ᠲᠦᠷᠦᠯ | ᠵᠦᠢᠯ ᠢᠶᠠᠷ ᠭᠤᠣᠯ ᠪᠣᠯᠭᠠᠬᠤ︾ ᠤᠢᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠪᠦᠬᠦ ᠬᠦᠴᠦᠨ ᠢᠶᠠᠷ ᠢᠶᠠᠨ | ᠨᠡᠮᠡᠭᠳᠡᠯ ᠢ ᠠᠬᠢᠭᠤᠯᠵᠤ᠂ ᠪᠦᠲᠦᠴᠡ ᠶᠢ ᠳᠤᠬᠢᠷᠠᠭᠤᠯᠵᠤ᠂ ᠡᠨᠧᠷᠭᠢ ᠶᠢ ᠡᠷᠭᠢᠯᠳᠦᠭᠦᠯᠵᠦ᠂ ᠪᠣᠳᠠᠲᠤ ᠴᠣᠭᠴᠠ ᠶᠢᠨ | ᠠᠵᠤ ᠠᠬᠤᠢ ᠶᠢᠨ ᠦᠷᠢᠰᠦᠯᠳᠦᠬᠦ ᠬᠦᠴᠦᠨ ᠢ ᠶᠡᠬᠡᠰᠬᠡᠨ᠎ᠡ᠃ ᠪᠥᠬᠦ ᠵᠢᠯ ᠳᠤ ᠲᠠᠪᠤᠨ ᠮᠢᠩᠭᠠᠨ ᠲᠦᠮᠡᠨ | ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠤᠯᠲᠠ ᠶᠢᠨ ᠲᠥᠷᠥᠯ ᠵᠤᠶᠢᠯ ᠢ 100 ᠳᠤ ᠬᠦᠷᠦᠭᠦᠯᠬᠦ ᠶᠢ ᠳᠥᠯᠭᠢᠨ | ᠠᠬᠢᠭᠤᠯᠵᠤ᠂ ᠡᠭᠦᠨ ᠳᠤ᠄ ᠠᠶᠢᠮᠠᠭ ᠤᠨ ᠱᠠᠲᠤᠨ ᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 41 ᠴᠢᠬᠤᠯᠠ | ᠶᠡᠭᠡ ᠲᠥᠷᠥᠯ ᠵᠤᠶᠢᠯ ᠢ ᠭᠤᠤᠯᠳᠠᠯᠭ᠎ᠠ ᠲᠠᠢ ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ ᠶᠢ 200 | ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃ ︽ᠲᠠᠪᠤᠨ ᠶᠡᠭᠡ ᠠᠵᠤ ᠦᠢᠯᠡᠰ ᠤᠨ ᠪᠦᠯᠦᠭᠯᠡᠯ︾ ᠢᠶᠠᠷ ᠭᠤᠤᠯ | ᠪᠣᠯᠭᠠᠵᠤ᠂ ᠳ᠋ᠦ᠋ ᠺᠠᠩ ᠪᠦᠯᠦᠭᠯᠡᠯ ᠤᠨ 300 ᠲᠦᠮᠡᠨ ᠭᠠᠭ᠋ᠠᠶ ᠶᠢᠨ ᠠᠵᠤ ᠦᠢᠯᠡᠰ ᠢ ᠨᠢᠭᠡ ᠴᠤᠭᠴᠠᠵᠢᠭᠤᠯᠬᠤ᠂ | ᠢᠯᠢ ᠪᠦᠯᠦᠭᠯᠡᠯ ᠤᠨ ᠰᠦᠨ ᠪᠦᠲᠦᠭᠡᠭᠳᠡᠬᠦᠨ ᠤ ᠣᠶᠤᠨᠴᠢ ᠵᠢᠱᠢᠶ᠎ᠡ ᠦᠵᠡᠭᠦᠯᠬᠦ ᠲᠥᠷᠥᠯ ᠵᠤᠶᠢᠯ ᠢᠶᠠᠷ | ᠲᠥᠯᠥᠭᠡᠯᠡᠭᠦᠯᠦᠭᠰᠡᠨ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠲᠥᠷᠥᠯ | ᠵᠤᠶᠢᠯ ᠢ 16 ᠬᠡᠷᠡᠭᠵᠢᠭᠦᠯᠦᠨ᠎ᠡ᠃ ᠵᠦᠩ ᠭᠤᠸᠠᠩ ᠾᠧ ᠵᠠᠭᠤᠨ ᠲᠦᠮᠡᠨ ᠺᠢᠯᠣᠸᠠᠲ ᠤᠨ ᠰᠠᠯᠬᠢᠨ ᠬᠦᠴᠦᠨ ᠤ | ᠴᠠᠬᠢᠯᠭᠠᠨ ᠤ ᠰᠠᠭᠤᠷᠢᠨ ᠭᠠᠵᠠᠷ ᠢᠶᠠᠷ ᠲᠥᠯᠥᠭᠡᠯᠡᠭᠦᠯᠦᠭᠰᠡᠨ ᠴᠡᠪᠡᠷ ᠡᠨᠧᠷᠭᠢ ᠶᠢᠨ ᠰᠤᠷᠪᠤᠯᠵᠢ ᠶᠢᠨ ᠵᠦᠢᠯᠡᠰ ᠢ 12 | ᠬᠡᠷᠡᠭᠵᠢᠭᠦᠯᠦᠨ᠎ᠡ᠃ ᠬᠤᠷᠴᠢᠨ ᠤ ᠲᠠᠯ᠎ᠠ ᠬᠤᠲᠠ ᠶᠢᠨ ᠲᠤᠮᠳᠠᠬᠢ ᠲᠠᠯ᠎ᠠ ᠨᠤᠲᠤᠭ᠂ ᠳ᠋ᠢᠩ ᠴᠧᠩ ᠰᠤᠪᠤᠳ | ᠡᠷᠳᠡᠨᠢ ᠶᠢᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠢᠶᠠᠷ ᠲᠥᠯᠥᠭᠡᠯᠡᠭᠦᠯᠦᠭᠰᠡᠨ ᠣᠲᠣ ᠦᠶ᠎ᠡ ᠶᠢᠨ | ᠦᠢᠯᠡᠴᠢᠯᠡᠭᠡᠨ ᠤ 11 ᠲᠥᠷᠥᠯ ᠵᠤᠶᠢᠯ ᠢ ᠬᠡᠷᠡᠭᠵᠢᠭᠦᠯᠦᠨ᠎ᠡ᠃ ᠬᠢᠩᠭᠠᠨ ᠤ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ᠂ ᠬᠢᠲᠠᠳ ᠡᠮ ᠤᠨ ᠪᠡᠶ᠎ᠡ ᠰᠤᠪᠢᠯᠠᠯᠲᠠ ᠶᠢᠨ ᠰᠣᠶᠣᠯ ᠤᠨ ᠬᠦᠷᠢᠶᠡᠯᠡᠩ᠂ ᠶᠢᠨ ᠪᠢᠨ ᠡᠮᠨᠡᠯᠭᠡ ᠶᠢᠨ | ᠰᠤᠪᠢᠯᠠᠯᠲᠠ ᠶᠢᠨ ᠲᠥᠪ᠂ ᠬᠤᠷᠴᠢᠨ ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠤᠭᠠᠴᠠᠯ ᠤᠨ | ᠬᠤᠲᠠ ᠪᠠᠷ ᠲᠥᠯᠥᠭᠡᠯᠡᠭᠦᠯᠦᠭᠰᠡᠨ ᠰᠤᠷᠭᠠᠨ ᠬᠥᠮᠦᠵᠢᠯ ᠡᠷᠡᠭᠦᠯ ᠮᠡᠨᠳᠦ ᠶᠢᠨ ᠰᠤᠪᠢᠯᠠᠯᠲᠠ ᠶᠢᠨ ᠲᠥᠷᠥᠯ ᠵᠤᠶᠢᠯ | 12 ᠶᠢ ᠬᠡᠷᠡᠭᠵᠢᠭᠦᠯᠦᠨ᠎ᠡ᠃ ᠬᠠᠸᠠ ᠶᠢᠨ ᠤᠯᠠᠨ ᠤᠯᠤᠰ ᠤᠨ ᠵᠢᠯᠣᠭᠤᠴᠢ ᠦᠭᠡᠢ ᠨᠢᠰᠬᠡᠯ᠂ ᠱᠧᠨᠵᠧᠨ ᠤ ᠤᠶᠤᠨᠲᠤ | ᠡᠭᠦᠯᠡᠨ ᠣᠨᠢᠰᠤ ᠪᠠᠷ ᠲᠥᠯᠥᠭᠡᠯᠡᠭᠦᠯᠦᠭᠰᠡᠨ ᠳᠡᠭᠡᠳᠦ ᠰᠢᠨ᠎ᠡ ᠮᠡᠷᠭᠡᠵᠢᠯ ᠪᠠ ᠤᠳᠤ ᠦᠶ᠎ᠡ ᠶᠢᠨ ᠲᠣᠨᠣᠭᠯᠠᠯ | ᠦᠢᠯᠡᠳᠬᠦ 9 ᠵᠦᠢᠯᠡᠰ ᠢ ᠬᠡᠷᠡᠭᠵᠢᠭᠦᠯᠦᠨ᠎ᠡ᠃ ︽ᠬᠤᠶᠠᠷ ᠰᠢᠨ᠎ᠡ ᠨᠢᠭᠡ ᠬᠦᠨᠳᠦ︾᠂ ᠠᠵᠤ ᠦᠢᠯᠡᠰ ᠤᠨ | ᠬᠥᠭᠵᠢᠯᠲᠡ᠂ ᠨᠡᠶᠢᠭᠡᠮ ᠠᠷᠠᠳ ᠤᠨ ᠠᠮᠢᠳᠤᠷᠠᠯ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ | ᠨᠢᠭᠡ ᠪᠦᠯᠦᠭ ᠦᠨᠡᠨᠬᠦ ᠶᠠᠪᠤᠭᠳᠠᠭᠤᠰᠢᠲᠠᠶ᠂ ᠠᠯᠤᠰ ᠬᠡᠲᠦ ᠳᠤ ᠬᠤᠯᠪᠣᠭᠳᠠᠬᠤ ᠴᠢᠬᠤᠯᠠ ᠶᠡᠭᠡ ᠲᠥᠷᠥᠯ ᠵᠤᠶᠢᠯ ᠢ | ᠤᠷᠢᠳᠴᠢᠯᠠᠨ ᠲᠥᠯᠥᠪᠯᠡᠨ ᠨᠥᠭᠡᠴᠡᠯᠡᠵᠦ᠂ ᠨᠠᠩ ᠣᠯᠠᠨ ᠲᠥᠷᠥ ᠶᠢᠨ ᠪᠣᠳᠣᠯᠭ᠎ᠠ ᠪᠠ ᠪᠠᠯᠠ ᠮᠥᠩᠭᠦ ᠶᠢᠨ | ᠳᠡᠮᠵᠢᠯᠭᠡ ᠶᠢ ᠤᠯᠬᠤ ᠪᠠᠷ ᠴᠢᠷᠮᠠᠶᠢᠨ᠎ᠠ᠃ ᠨᠢᠭᠡᠨᠲᠡ ᠳᠣᠷᠣᠭᠰᠢ ᠪᠠᠭᠤᠯᠭᠠᠭᠰᠠᠨ ᠵᠢᠭᠡᠯᠡᠯᠭᠡ ᠶᠢᠨ ᠲᠡᠮᠳᠡᠭᠲᠦ ᠶᠢᠨ | ᠪᠡᠯᠡ ᠮᠥᠩᠭᠦ ᠶᠢᠨ ᠵᠦᠢᠯᠡᠰ ᠢ ᠬᠡᠷᠡᠭᠵᠢᠭᠦᠯᠬᠦ ᠠᠬᠢᠴᠠ ᠶᠢ ᠲᠦᠷᠭᠡᠳᠬᠡᠵᠦ᠂ ᠪᠣᠳᠠᠲᠤ ᠶᠠᠭᠤᠮ᠎ᠠ ᠶᠢᠨ ᠠᠵᠢᠯ ᠤᠨ | ᠬᠡᠮᠵᠢᠶ᠎ᠡ ᠶᠢ ᠪᠤᠢ ᠪᠣᠯᠭᠠᠵᠤ᠂ ᠵᠣᠭᠤᠰ ᠥᠭᠬᠦ ᠱᠠᠭᠠᠷᠳᠠᠯᠭ᠎ᠠ ᠳᠤ ᠬᠦᠷᠦᠭᠦᠯᠦᠨ᠎ᠡ᠃ | ᠬᠤᠶᠠᠷ᠂ ᠰᠠᠭᠤᠷᠢ ᠶᠢ ᠠᠳᠬᠤᠵᠤ᠂ ᠥᠪᠡᠷᠮᠢᠴᠡ ᠣᠨᠴᠠᠯᠢᠭ ᠢ ᠡᠭᠦᠳᠴᠦ᠂ ᠲᠠᠷᠢᠶᠠᠯᠠᠩ ᠮᠠᠯ ᠠᠵᠤ ᠠᠬᠤᠶ | ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠤᠨ ᠰᠢᠨ᠎ᠡ ᠪᠠᠶᠢᠳᠠᠯ ᠢ ᠪᠣᠶ ᠪᠣᠯᠭᠠᠨ᠎ᠠ᠃ ᠠᠵᠤ ᠦᠢᠯᠡᠰ ᠤᠨ | ᠬᠥᠭᠵᠢᠯᠲᠡ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠰᠠᠭᠤᠷᠢ ᠪᠣᠯᠭᠠᠵᠤ᠂ ᠪᠥᠬᠦ | ᠬᠤᠰᠢᠭᠤᠨ ᠤ ᠬᠦᠴᠦᠨ ᠢ ᠳᠠᠶᠢᠴᠢᠯᠠᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠥᠨᠳᠥᠷ ᠦᠷ᠎ᠡ | ᠪᠦᠲᠦᠮᠵᠢᠲᠡᠶ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢᠰᠢᠬᠤ ᠳᠤ ᠲᠣᠬᠢᠷᠠᠮᠵᠢᠲᠠᠶ᠂ ᠮᠠᠯᠴᠢᠨ ᠲᠠᠷᠢᠶᠠᠴᠢᠨ ᠤ | ᠪᠠᠶᠠᠨ ᠴᠢᠨᠡᠭᠡᠯᠢᠭ ᠪᠠᠶᠢᠬᠤ ᠶᠢ ᠠᠬᠢᠭᠤᠯᠤᠨ᠎ᠠ᠃ | ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ ᠲᠠᠪᠤᠨ | ᠶᠡᠭᠡ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠠᠬᠢᠵᠢᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠤᠨ ︽ | ᠰᠢᠨ᠎ᠡ ᠪᠠᠶᠢᠷᠢᠰᠢᠯ︾ ᠢ ᠡᠭᠦᠳᠦᠨ ᠪᠠᠶᠢᠭᠤᠯᠤᠨ᠎ᠠ᠃ ᠭᠠᠭ᠋ᠠᠶ ᠲᠡᠵᠢᠭᠡᠨ ᠦᠷᠡᠵᠢᠭᠦᠯᠬᠦ ᠡᠷᠬᠢᠯᠳᠡᠳᠦ ᠵᠢᠱᠢᠶ᠎ᠡ | ᠦᠵᠡᠭᠦᠯᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠠᠩᠬᠠᠷᠤᠯ ᠢᠶᠠᠨ ᠲᠥᠪᠯᠡᠷᠡᠭᠦᠯᠵᠦ᠂ 1 ᠡᠭᠦᠯᠳᠡᠷ ᠤᠨ | ᠭᠠᠭ᠋ᠠᠶ ᠶᠢᠨ ᠲᠠᠯᠠᠪᠠᠶ᠂ 5 ᠪᠣᠷᠳᠣᠵᠤ ᠲᠠᠷᠭᠤᠯᠠᠭᠤᠯᠬᠤ ᠲᠠᠯᠠᠪᠠᠶ ᠪᠠᠶᠢᠭᠤᠯᠵᠤ᠂ ᠠᠩᠬᠠᠨ ᠤ ᠬᠤᠭᠤᠴᠠᠭᠠᠨ ᠤ 100 | ᠲᠦᠮᠡᠨ ᠲᠣᠯᠣᠭᠠᠶ ᠶᠢᠨ ᠬᠡᠪᠴᠢᠶᠡᠨ ᠳᠤ ᠬᠦᠷᠦᠭᠦᠯᠦᠨ᠎ᠡ᠃ ᠶᠠᠨ ᠵᠠᠨ ᠮᠢᠩᠭᠠᠨ ᠲᠣᠯᠣᠭᠠᠶ ᠬᠡᠷ ᠪᠦᠯᠢ ᠶᠢᠨ | ᠭᠠᠭ᠋ᠠᠶ ᠶᠢᠨ ᠲᠠᠯᠠᠪᠠᠶ ᠶᠢ 100 ᠠᠴᠠ ᠳᠡᠭᠡᠭᠰᠢ ᠳᠠᠶᠢᠴᠢᠯᠠᠵᠤ᠂ 100 ᠲᠦᠮᠡᠨ ᠲᠣᠯᠣᠭᠠᠶ ᠭᠠᠭ᠋ᠠᠶ ᠶᠢᠨ ᠮᠢᠬ᠎ᠠ ᠶᠢᠨ | ᠢᠳᠡᠭᠡᠨ ᠪᠣᠯᠪᠠᠰᠤᠷᠠᠭᠤᠯᠬᠤ ᠦᠢᠯᠡᠳᠪᠦᠷᠢ ᠶᠢᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠪᠡ᠃ ᠤᠰᠤᠨ | ᠲᠤᠲᠤᠷᠭ᠎ᠠ ᠶᠢᠨ ᠦᠵᠡᠬᠦᠯᠬᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ | ᠠᠩᠬᠠᠷᠤᠯ ᠢᠶᠠᠨ ᠲᠥᠪᠯᠡᠷᠡᠭᠦᠯᠵᠦ᠂ ᠨᠠᠷᠠᠲᠤ ᠲᠡᠮᠳᠡᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯᠵᠢᠭᠦᠯᠬᠦ᠂ | ᠠᠭᠤᠰᠤᠯᠴᠠᠭᠤᠯᠬᠤ ᠶᠢ ᠠᠬᠢᠭᠤᠯᠤᠨ᠎ᠠ᠃ ᠪᠠᠳᠠᠷᠠᠩᠭᠤᠢ ᠶᠢᠨ ᠲᠦᠮᠡᠨ ᠮᠥ ᠤᠰᠤᠨ ᠲᠤᠲᠤᠷᠭ᠎ᠠ ᠶᠢᠨ ᠵᠤᠭᠠᠴᠠᠯ ᠤᠨ | ᠬᠦᠷᠢᠶᠡᠯᠡᠩ ᠤᠨ ᠰᠡᠯᠡᠭᠦᠴᠡᠯ ᠤᠨ ᠴᠢᠳᠠᠮᠵᠢ ᠶᠢ ᠲᠡᠭᠦᠯᠳᠡᠷᠵᠢᠭᠦᠯᠵᠦ᠂ ︽ᠲᠣᠭᠠᠴᠢᠯᠠᠭᠰᠠᠨ︾ ᠰᠠᠭᠤᠷᠢᠨ ᠭᠠᠵᠠᠷ ᠢ | 2 ᠲᠦᠮᠡᠨ ᠮᠥ ᠠᠴᠠ ᠳᠡᠭᠡᠭᠰᠢ ᠪᠠᠶᠢᠭᠤᠯᠤᠨ᠎ᠠ᠃ ︽ᠨᠤᠲᠤᠭ ᠤᠨ ᠲᠤᠲᠤᠷᠭ᠎ᠠ ᠶᠢᠨ ᠦᠢᠯᠡᠰ︾ ︽ᠲᠤᠲᠤᠷᠭ᠎ᠠ ᠶᠢᠨ | ᠲᠠᠷᠢᠶᠠᠯᠠᠩ︾ ᠢ ᠵᠠᠬᠢᠶᠠᠯᠠᠭ᠎ᠠ ᠪᠠᠷ ᠬᠤᠷᠢᠶᠠᠨ ᠬᠠᠳᠠᠭᠠᠯᠠᠬᠤ ᠳᠤ ᠲᠦᠰᠢᠭᠯᠡᠨ᠂ ᠤᠰᠤᠨ ᠲᠤᠲᠤᠷᠭ᠎ᠠ ᠶᠢᠨ ᠲᠥᠷᠥᠯ | ᠵᠤᠶᠢᠯ ᠢ ᠨᠢᠭᠡᠳᠬᠡᠬᠦ ᠶᠢ ᠠᠬᠢᠭᠤᠯᠵᠤ᠂ ᠡᠬᠢ ᠡᠭᠦᠰᠦᠯ ᠢ ᠨᠢ ᠡᠷᠢᠬᠦ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢ | ᠲᠡᠭᠦᠯᠳᠡᠷᠵᠢᠭᠦᠯᠦᠨ᠂ ︽ᠬᠢᠩᠭᠠᠨ ᠠᠶᠢᠮᠠᠭ ᠲᠤᠲᠤᠷᠭ᠎ᠠ︾ ᠶᠢᠨ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ ᠳᠤ | ᠬᠦᠴᠦᠨ ᠨᠡᠮᠡᠷᠢᠯᠡᠨ᠎ᠡ᠃ ᠬᠤᠳᠠ ᠶᠢᠨ ᠲᠡᠬᠦᠷᠭᠡ ᠶᠢᠨ ᠮᠠᠶ᠋ᠢᠭ ᠤᠨ ᠤᠳᠤ ᠦᠶ᠎ᠡ ᠶᠢᠨ ᠲᠠᠷᠢᠶᠠᠯᠠᠩ ᠤᠨ ᠬᠦᠷᠢᠶᠡᠯᠡᠩ | ᠲᠣᠭᠤᠷᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠢᠳᠡᠰᠢᠨ ᠨᠣᠭᠤᠭ᠎ᠠ ᠶᠢᠨ ᠬᠤᠯᠪᠣᠭᠠᠨ ᠤ ᠰᠠᠭᠤᠷᠢᠨ ᠭᠠᠵᠠᠷ ᠢ | 1.2 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠡᠳ᠋ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠰᠣᠳᠣᠨ ᠵᠢᠮᠢᠰ ᠢᠳᠡᠰᠢᠨ ᠨᠣᠭᠤᠭ᠎ᠠ ᠶᠢᠨ ᠵᠠᠬᠢᠶᠠᠯᠠᠭ᠎ᠠ ᠶᠢᠨ | ᠵᠠᠭᠪᠤᠷᠴᠢᠯᠠᠭᠰᠠᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠣᠯᠠᠨ ᠲᠥᠷᠥᠯ ᠤᠨ ᠡᠵᠡᠩᠨᠡᠯᠲᠡ ᠶᠢᠨ ᠠᠵᠤ | ᠦᠢᠯᠡᠰ ᠤᠨ ᠬᠦᠷᠢᠶᠡᠯᠡᠩ ᠲᠣᠭᠤᠷᠢᠭ ᠲᠤ ᠠᠩᠬᠠᠷᠤᠯ ᠢᠶᠠᠨ ᠲᠥᠪᠯᠡᠷᠡᠭᠦᠯᠵᠦ᠂ 35 ᠲᠦᠮᠡᠨ ᠮᠥ ᠲᠠᠷᠢᠮᠠᠯ ᠤᠨ | ᠰᠠᠭᠤᠷᠢᠨ ᠭᠠᠵᠠᠷ ᠢ ᠡᠭᠦᠳᠦᠨ ᠪᠠᠶᠢᠭᠤᠯᠵᠤ᠂ ᠡᠯᠳᠡᠪ ᠠᠮᠤ ᠡᠯᠳᠡᠪ ᠪᠤᠷᠴᠠᠭ ᠤᠨ ᠰᠢᠨ᠎ᠡ ᠡᠭᠦᠯᠳᠡᠷ ᠢ ᠳᠡᠯᠭᠡᠨ | ᠦᠵᠡᠭᠦᠯᠬᠦ᠂ ᠢᠵᠢ ᠪᠥᠷᠢᠳᠦᠭᠦᠯᠦᠨ ᠳᠠᠷᠢᠬᠤ ᠮᠡᠷᠭᠡᠵᠢᠯ ᠤᠨ ᠰᠤᠳᠤᠯᠭᠠᠨ ᠢ ᠭᠤᠤᠯᠳᠠᠯᠭ᠎ᠠ ᠲᠠᠢ ᠰᠠᠶᠢᠲᠤᠷ ᠬᠢᠵᠦ᠂ | ︽ᠵᠢᠵᠢᠭ ᠡᠯᠳᠡᠪ ᠠᠮᠤ︾ ᠶᠢᠨ ᠠᠵᠤ ᠦᠢᠯᠡᠰ ᠤᠨ ᠣᠷᠣᠨ ᠪᠦᠰᠡᠵᠢᠬᠦ᠂ ᠬᠡᠪᠴᠢᠶᠡᠵᠢᠬᠦ᠂ ᠪᠠᠷᠢᠮᠵᠢᠶᠠᠵᠢᠬᠤ | ᠬᠥᠭᠵᠢᠯᠲᠡ ᠶᠢ ᠠᠬᠢᠭᠤᠯᠤᠨ᠎ᠠ᠃ ᠤᠳᠤ ᠦᠶ᠎ᠡ ᠶᠢᠨ ᠡᠪᠡᠰᠦ ᠪᠡᠯᠴᠢᠭᠡᠷ ᠤᠨ ᠮᠠᠯ ᠠᠵᠤ ᠠᠬᠤᠢ + ᠲᠠᠯ᠎ᠠ | ᠨᠤᠲᠤᠭ ᠤᠨ ᠵᠤᠭᠠᠴᠠᠯ ᠤᠨ ᠬᠦᠷᠢᠶᠡᠯᠡᠩ ᠲᠣᠭᠤᠷᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠤᠯᠠᠭᠠᠨᠮᠤᠳᠤ ᠪᠠᠷ | ᠭᠤᠣᠯ ᠪᠣᠯᠭᠠᠵᠤ᠂ 10 ᠲᠦᠮᠡᠨ ᠮᠦ ᠡᠪᠡᠰᠦᠨ ᠦᠷ᠎ᠡ ᠶᠢᠨ ᠦᠢᠯᠡᠰ ᠤᠨ ᠰᠠᠭᠤᠷᠢᠨ ᠢ ᠪᠠᠶᠢᠭᠤᠯᠤᠨ᠎ᠠ᠃ | ᠠᠯᠳᠠᠷ ᠢᠶᠠᠷ ᠭᠤᠤᠯ ᠪᠣᠯᠭᠠᠵᠤ᠂ ᠡᠪᠡᠰᠦᠨ ᠤ ᠠᠵᠤ ᠦᠢᠯᠡᠰ ᠤᠨ ᠰᠠᠭᠤᠷᠢᠨ ᠭᠠᠵᠠᠷ ᠢ 10 ᠲᠦᠮᠡᠨ ᠮᠥ ᠪᠥᠲᠥᠭᠡᠨ | ᠪᠠᠶᠢᠭᠤᠯᠤᠨ᠎ᠠ᠃ ᠲᠠᠯ᠎ᠠ ᠨᠤᠲᠤᠭ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠤᠷᠰᠢᠯᠲᠠ ᠶᠢᠨ | ᠣᠷᠣᠨ ᠢ ᠡᠭᠦᠳᠦᠨ ᠪᠠᠶᠢᠭᠤᠯᠵᠤ᠂ ᠪᠥᠬᠦ ᠵᠢᠯ ᠳᠤ 15 ᠲᠦᠮᠡᠨ ᠮᠥ ᠲᠠᠷᠢᠶᠠᠯᠠᠬᠤ ᠶᠢ ᠵᠣᠭᠰᠣᠭᠠᠵᠤ ᠡᠪᠡᠰᠦ | ᠪᠡᠯᠴᠢᠭᠡᠷ ᠢ ᠰᠡᠷᠭᠦᠭᠡᠨ᠎ᠡ᠃ | ᠣᠨᠴᠠᠯᠢᠭ ᠪᠥᠬᠦᠢ ᠣᠷᠣᠨ ᠪᠦᠰᠡ ᠶᠢᠨ ᠲᠥᠷᠥᠯ ᠲᠡᠮᠳᠡᠭ ᠢ ᠭᠤᠣᠯᠳᠠᠯᠭ᠎ᠠ ᠲᠠᠢ ᠡᠬᠦᠳᠦᠨ᠎ᠡ᠃ ᠠᠮᠤ ᠪᠤᠳᠠᠭᠠᠨ ᠤ | ᠠᠵᠤ ᠦᠢᠯᠡᠰ ᠤᠨ ︽ᠬᠤᠤᠰ ᠵᠠᠭᠤ ᠬᠤᠤᠰ ᠮᠢᠩᠭ᠎ᠠ︾᠂ ᠦᠬᠡᠷ ᠤᠨ ᠠᠵᠤ ᠦᠢᠯᠡᠰ ᠤᠨ ︽ᠬᠤᠤᠰ ᠵᠠᠭᠤ | ᠮᠢᠩᠭᠠᠨ ᠳ᠋ᠦᠩᠰᠢᠭᠤᠷ︾ ᠤᠨ ᠢᠨᠵᠧᠨᠧᠷᠢᠩ ᠢᠶᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠤᠨ | ᠬᠥᠭᠵᠢᠯᠲᠡ ᠬᠢᠭᠡᠳ ᠠᠵᠤ ᠦᠢᠯᠡᠰ ᠤᠨ ᠬᠥᠭᠵᠢᠯᠲᠡ ᠶᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠤᠨ᠎ᠠ᠃ ︽ | ᠬᠤᠶᠠᠷ ᠤᠭᠤᠲᠠ ᠠᠮᠤ︾ ᠶᠢ ᠭᠦᠨᠵᠡᠭᠡᠶ ᠲᠠᠷᠢᠵᠤ ᠨᠢᠮᠪᠠᠶ ᠠᠷᠠᠴᠢᠯᠠᠨ᠂ ᠤᠰᠤᠨ ᠲᠤᠲᠤᠷᠭ᠎ᠠ ᠶᠢᠨ ︽ᠵᠠᠭᠤᠨ | ᠮᠦ ᠶᠢᠨ ᠭᠤᠣᠯᠯᠠᠬᠤ ᠥᠨᠳᠥᠷ ᠤᠨᠠᠯᠲᠠ᠂ ᠮᠢᠩᠭᠠᠨ ᠮᠦ ᠶᠢᠨ ᠬᠡᠪᠴᠢᠶᠡᠲᠦ ᠵᠢᠱᠢᠶ᠎ᠡ ᠦᠵᠡᠭᠦᠯᠬᠦ᠂ ᠲᠦᠮᠡᠨ ᠮᠦ ᠪᠠᠷ | ᠰᠠᠴᠤᠷᠠᠭᠯᠠᠨ ᠳᠠᠶᠢᠴᠢᠯᠠᠬᠤ︾ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ 15 | ᠲᠦᠮᠡᠨ ᠮᠦ ᠤᠰᠤᠨ ᠲᠤᠲᠤᠷᠭ᠎ᠠ ᠶᠢᠨ ᠲᠠᠷᠢᠮᠠᠯ ᠢ ᠲᠣᠭᠲᠠᠪᠤᠷᠢᠵᠢᠭᠤᠯᠤᠨ᠎ᠠ᠃ ︽ᠤᠰᠤᠨ ᠲᠤᠲᠤᠷᠭ᠎ᠠ +︾ ᠶᠢ | ᠪᠥᠬᠦ ᠲᠠᠯ᠎ᠠ ᠪᠠᠷ ᠳᠡᠯᠭᠡᠷᠡᠭᠦᠯᠵᠦ᠂ ︽ᠨᠢᠭᠡ ᠮᠥ ᠰᠠᠶᠢᠨ ᠲᠠᠷᠢᠶ᠎ᠠ ᠶᠢ ᠬᠤᠪᠢ ᠬᠥᠮᠦᠨ ᠵᠠᠬᠢᠶᠠᠯᠠᠨ ᠦᠢᠯᠡᠳᠬᠦ︾ | ᠵᠠᠭᠪᠤᠷ ᠲᠤ ᠰᠢᠨ᠎ᠡ ᠶᠢ ᠡᠭᠦᠳᠦᠨ᠎ᠡ᠃ ᠡᠷᠳᠡᠨᠢ ᠰᠢᠰᠢ ᠶᠢᠨ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠪᠦᠰᠡ ᠶᠢ | ᠪᠥᠲᠥᠭᠡᠨ ᠪᠠᠶᠢᠭᠤᠯᠵᠤ᠂ ᠴᠢᠨᠠᠷ ᠰᠠᠶᠢᠲᠠᠶ ᠡᠷᠳᠡᠨᠢ ᠰᠢᠰᠢ ᠳᠠᠷᠢᠬᠤ ᠶᠢ 260 ᠲᠦᠮᠡᠨ ᠮᠥ ᠲᠣᠭᠲᠠᠪᠤᠷᠢᠵᠢᠭᠤᠯᠤᠨ᠎ᠠ | ᠂ ᠡᠭᠦᠨ ᠳᠤ᠄ ᠬᠥᠬᠡ ᠳᠠᠷᠤᠰᠢ ᠶᠢᠨ ᠡᠷᠳᠡᠨᠢ ᠰᠢᠰᠢ 30 ᠲᠦᠮᠡᠨ ᠮᠥ᠂ ᠰᠢᠨ᠎ᠡ ᠰᠣᠷᠭᠤᠭ ᠢᠳᠡᠰᠢᠨ ᠤ ᠡᠷᠳᠡᠨᠢ | ᠰᠢᠰᠢ 3 ᠲᠦᠮᠡᠨ ᠮᠥ ᠪᠠᠶᠢᠨ᠎ᠠ᠃ ᠡᠷᠳᠡᠨᠢ ᠰᠢᠰᠢ ᠶᠢᠨ ᠡᠰᠢ ᠰᠦᠷᠡᠯ ᠢ ᠲᠡᠵᠢᠭᠡᠯ ᠪᠣᠷᠳᠤᠭ᠎ᠠ ᠪᠣᠯᠭᠠᠨ ᠠᠰᠢᠭᠯᠠᠬᠤ | ᠨᠣᠷᠮ᠎ᠠ ᠶᠢ ᠳᠡᠭᠡᠭᠰᠢᠯᠡᠭᠦᠯᠵᠦ᠂ ᠡᠷᠳᠡᠨᠢ ᠰᠢᠰᠢ ᠶᠢ ᠲᠤᠬᠠᠶ ᠶᠢᠨ ᠭᠠᠵᠠᠷ ᠲᠤᠨᠢ ᠡᠳ᠋ᠰᠢᠭᠦᠯᠦᠨ ᠬᠤᠪᠢᠷᠠᠭᠤᠯᠵᠦ᠂ ︽ | ᠬᠤᠶᠠᠷ ᠦᠬᠡᠷ︾ ᠢ ᠨᠠᠷᠢᠨ ᠨᠢᠮᠪᠠᠶ ᠪᠤᠶᠢᠵᠢᠭᠤᠯᠵᠤ᠂ 5 ᠲᠦᠮᠡᠨ ᠰᠠᠭᠠᠯᠢ ᠶᠢᠨ ᠦᠨᠢᠶ᠎ᠡ ᠶᠢ ᠣᠷᠣᠭᠤᠯᠤᠨ | ᠠᠪᠴᠢᠷᠠᠵᠤ᠂ 13 ᠲᠦᠮᠡ ᠠᠴᠠ ᠳᠡᠭᠡᠭᠰᠢ ᠲᠣᠭᠠᠨ ᠤ ᠦᠨᠢᠶ᠎ᠡ ᠲᠠᠢ ᠪᠣᠯᠭᠠᠨ᠎ᠠ᠃ ᠢᠯᠢ ᠪᠦᠯᠦᠭᠯᠡᠯ ᠤᠨ 2 ᠲᠦᠮᠡᠨ | ᠲᠣᠯᠣᠭᠠᠶᠢᠲᠤ ᠮᠠᠯᠵᠢᠯ ᠤᠨ ᠲᠠᠯᠠᠪᠠᠢ᠂ 16 ᠮᠢᠩᠭᠠᠨ ᠲᠣᠯᠣᠭᠠᠶᠢᠲᠤ ᠮᠠᠯᠵᠢᠯ ᠤᠨ ᠲᠠᠯᠠᠪᠠᠢ ᠶᠢ ᠠᠵᠢᠯ ᠡᠬᠢᠯᠡᠭᠦᠯᠦᠨ | ᠪᠠᠶᠢᠭᠤᠯᠵᠤ᠂ ᠡᠳᠦᠷ ᠲᠤ 2000 ᠲᠣᠨ ᠰᠦᠨ ᠪᠦᠲᠦᠭᠡᠭᠳᠡᠬᠦᠨ ᠡᠳ᠋ᠰᠢᠭᠦᠯᠬᠦ ᠦᠢᠯᠡᠳᠪᠦᠷᠢ ᠶᠢ ᠪᠠᠶᠢᠭᠤᠯᠵᠤ | ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠤᠨ᠎ᠠ᠃ ᠦᠨᠳᠦᠰᠦᠲᠡᠨ ᠤ ᠤᠨᠴᠠᠯᠢᠭᠳᠤ | ᠴᠠᠭᠠᠨ ᠢᠳᠡᠭᠡᠨ ᠤ ᠦᠢᠯᠡᠳᠪᠦᠷᠢ 20 ᠶᠢ ᠪᠤᠶᠢᠵᠢᠭᠤᠯᠤᠨ᠎ᠠ᠃ ᠲᠦᠮᠡᠨ ᠲᠣᠯᠣᠭᠠᠶ ᠠᠯᠠᠰᠢᠨ ᠦᠬᠡᠷ ᠤᠨ | ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ 2 ᠪᠠᠶᠢᠭᠤᠯᠵᠤ᠂ ᠪᠥᠬᠦ ᠬᠤᠰᠢᠭᠤᠨ ᠤ | ᠠᠯᠠᠰᠢᠨ ᠦᠬᠡᠷ ᠤᠨ ᠲᠤᠭ᠎ᠠ ᠲᠣᠯᠣᠭᠠᠶ 30 ᠲᠦᠮᠡ ᠠᠴᠠ ᠳᠡᠭᠡᠭᠰᠢ ᠳᠤ ᠬᠦᠷᠦᠬᠦᠯᠦᠨ᠎ᠡ᠃ 1 ᠠᠯᠠᠰᠢᠨ ᠦᠬᠡᠷ | ᠪᠣᠷᠳᠣᠵᠤ ᠲᠠᠷᠭᠤᠯᠠᠭᠤᠯᠬᠤ ᠵᠢᠴᠢ ᠨᠠᠷᠢᠯᠢᠭ ᠡᠳ᠋ᠰᠢᠭᠦᠯᠬᠦ ᠬᠥᠲᠥᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ | 10 ᠠᠯᠠᠰᠢᠨ ᠦᠬᠡᠷ ᠲᠡᠵᠢᠭᠡᠨ ᠦᠷᠡᠵᠢᠭᠦᠯᠬᠦ ᠠᠵᠤ ᠠᠬᠤᠶᠢᠯᠠᠯ᠂ 100 ᠬᠤᠷᠰᠢᠶ᠎ᠠ᠂ 150 ᠵᠢᠱᠢᠶ᠎ᠡ | ᠦᠵᠡᠭᠦᠯᠬᠦ ᠲᠣᠰᠬᠤᠨ ᠢ ᠬᠥᠭᠵᠢᠭᠦᠯᠦᠨ᠎ᠡ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠣᠨᠴᠠ ᠬᠠᠷᠠᠭᠠᠯᠵᠠᠯ ᠤᠨ ᠴᠢᠨᠠᠷᠲᠠᠶ ᠲᠥᠷᠥ ᠶᠢᠨ ᠪᠣᠳᠣᠯᠭ᠎ᠠ ᠳᠤ ᠲᠥᠷᠥᠯ ᠬᠤᠪᠢᠶᠠᠨ | ᠰᠢᠢᠳᠪᠦᠷᠢᠯᠡᠬᠦ ᠶᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢ | ᠪᠠᠭᠠᠰᠬᠠᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠠᠯᠬᠤᠮ | ᠠᠯᠬᠤᠮ ᠢᠶᠠᠷ ᠣᠷᠣᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠦᠷ᠎ᠡ | ᠪᠦᠲᠦᠭᠡᠯ ᠢ ᠪᠠᠬᠢᠵᠢᠭᠦᠯᠦᠨ᠎ᠡ᠃ ︽ᠳᠥᠷᠪᠡ ᠶᠢ ᠰᠠᠯᠭᠠᠬᠤ ᠥᠬᠡᠶ︾ ︽ᠬᠤᠶᠠᠷ ᠢ ᠰᠡᠷᠭᠡᠶᠢᠯᠡᠬᠦ︾ ᠱᠠᠭᠠᠷᠳᠠᠯᠭ᠎ᠠ ᠶᠢ | ᠡᠷᠡᠰ ᠨᠠᠶᠢᠳᠠᠪᠤᠷᠢᠵᠢᠭᠤᠯᠵᠤ᠂ ᠣᠲᠣ ᠶᠢᠨ ᠪᠠᠶᠢᠭ᠎ᠠ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ᠂ ᠪᠠᠯᠠ | ᠮᠥᠩᠭᠦ ᠶᠢᠨ ᠳᠡᠮᠵᠢᠯᠭᠡ᠂ ᠬᠠᠪᠰᠤᠷᠤᠨ ᠲᠡᠳᠬᠦᠬᠦ ᠬᠦᠴᠦᠨ ᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠬᠤ ᠶᠢ | ᠪᠠᠲᠤᠯᠠᠨ᠎ᠠ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ | ᠲᠣᠭᠲᠠᠴᠠ ᠶᠢ ᠪᠦᠷᠢᠨᠰᠢᠬᠦᠯᠵᠤ᠂ ︽ᠵᠠᠬ᠎ᠠ ᠬᠢᠵᠠᠭᠠᠷ ᠤᠨ ᠡᠷᠤᠭᠡ︾᠂ ︽ᠬᠢᠨᠠᠨ ᠬᠡᠮᠵᠢᠬᠦ ᠡᠷᠤᠭᠡ︾ ᠶᠢᠨ | ᠣᠷᠣᠯᠭ᠎ᠠ ᠶᠢᠨ ᠬᠤᠪᠢᠷᠠᠯᠲᠠ ᠪᠠ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠪᠠᠬᠢᠵᠢᠭ᠍ᠰᠡᠨ | ᠪᠠᠶᠢᠳᠠᠯ ᠢ ᠭᠤᠣᠯᠳᠠᠯᠭ᠎ᠠ ᠲᠠᠢ ᠪᠠᠷ ᠠᠩᠬᠠᠷᠴᠤ᠂ ᠶᠠᠳᠠᠭᠤ ᠶᠢ ᠲᠡᠳᠬᠦᠬᠦ ᠡᠳ᠋ ᠭᠦᠷᠤᠩᠭᠡ ᠶᠢᠨ ᠬᠠᠮᠢᠶᠠᠷᠤᠯᠲᠠ ᠶᠢ | ᠴᠢᠩᠭᠠᠳᠬᠠᠨ᠎ᠠ᠃ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠪᠠ ᠲᠥᠪ ᠠᠴᠠ ᠴᠢᠭ | ᠲᠣᠭᠲᠠᠭᠠᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ | ᠰᠤᠷᠭᠠᠭᠤᠯᠢ ᠳᠤ ︽ᠡᠮᠦᠨᠡᠲᠦ ᠬᠤᠰᠢᠭᠤᠨ ᠤ ᠦᠨᠦᠷ ᠠᠮᠲᠠ︾ ᠲᠠᠢ ᠶᠠᠳᠠᠭᠤ ᠶᠢ ᠲᠡᠳᠬᠦᠬᠦ ᠲᠠᠩᠰᠠ ᠡᠪᠬᠡᠮᠡᠯ ᠢ | ᠲᠤᠰᠬᠠᠶᠢᠯᠠᠨ ᠪᠠᠶᠢᠭᠤᠯᠪᠠ᠃ ᠬᠥᠳᠡᠭᠡ ᠲᠣᠰᠬᠤᠨ ᠢ ᠬᠥᠭᠵᠢᠭᠦᠯᠬᠦ ᠨᠥᠬᠦᠴᠡᠯ ᠢ ᠰᠠᠶᠢᠵᠢᠷᠠᠭᠤᠯᠤᠨ᠎ᠠ᠃ ᠣᠯᠠᠨ | ᠨᠡᠶᠢᠲᠡ ᠶᠢᠨ ᠦᠢᠯᠡᠴᠢᠯᠡᠬᠡᠨ ᠤ ᠬᠤᠲᠠ ᠬᠥᠳᠡᠭᠡ ᠶᠢ ᠨᠢᠭᠡ ᠴᠣᠠᠠᠴᠠᠵᠢᠭᠤᠯᠬᠤ ᠪᠥᠲᠥᠭᠡᠨ ᠪᠠᠶᠢᠭᠤᠯᠤᠯᠲᠠ ᠶᠢ | ᠴᠢᠩᠭᠠᠳᠬᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠬᠥᠳᠡᠭᠡ ᠲᠣᠰᠬᠤᠨ ᠤ ᠣᠷᠣᠨ ᠵᠠᠶ ᠶᠢ ᠰᠢᠨᠵᠢᠯᠡᠬᠦ | ᠤᠬᠠᠭᠠᠨᠴᠢ ᠪᠠᠷ ᠪᠠᠶᠢᠷᠢᠰᠢᠭᠤᠯᠤᠨ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠳᠡᠭᠡᠭᠰᠢᠯᠡᠭᠦᠯᠬᠦ ᠶᠢ ᠭᠦᠨᠵᠡᠭᠡᠶ ᠠᠬᠢᠭᠤᠯᠵᠤ᠂ ᠬᠤᠭ ᠨᠣᠪᠰᠢ ᠪᠣᠬᠢᠷ ᠤᠰᠤ ᠶᠢ ᠵᠠᠰᠠᠬᠤ᠂ ᠲᠠᠷᠢᠶᠠᠯᠠᠩ ᠮᠠᠯ ᠠᠵᠤ | ᠠᠬᠤᠶ ᠶᠢᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠤᠨ᠂ ᠠᠷᠢᠭᠤᠨ ᠴᠡᠪᠡᠷ | ᠵᠣᠷᠯᠣᠩ ᠤᠨ ᠲᠦᠭᠡᠮᠡᠯᠵᠢᠭᠦᠯᠦᠯᠲᠡ ᠶᠢᠨ ᠨᠣᠷᠮ᠎ᠠ ᠶᠢ 60% ᠠᠴᠠ ᠳᠡᠭᠡᠭᠰᠢ ᠳᠤ ᠬᠦᠷᠦᠭᠦᠯᠬᠦ ᠶᠢ ᠪᠡᠶᠡᠯᠡᠭᠦᠯᠵᠦ᠂ | ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠴᠤ ᠬᠠᠮᠠᠭᠠᠯᠠᠬᠤ | ᠲᠣᠭᠲᠠᠴᠠ ᠶᠢ ᠪᠠᠶᠢᠭᠤᠯᠤᠨ᠎ᠠ᠃ ᠳᠤᠮᠳᠠ ᠵᠢᠵᠢᠭ ᠭᠤᠣᠯ ᠮᠥᠷᠡᠨ ᠤ ᠡᠷᠭᠢ ᠶᠢᠨ ᠬᠠᠮᠠᠭᠠᠯᠠᠯᠲᠠ ᠶᠢ 68 ᠺᠢᠯᠣᠮᠧᠲᠷ | ᠰᠢᠨ᠎ᠡ ᠪᠠᠷ ᠪᠠᠶᠢᠭᠤᠯᠵᠤ᠂ 100 ᠺᠢᠯᠣᠮᠧᠲᠷ ᠠᠭᠤᠯᠠᠨ ᠦᠶᠡᠷ ᠤᠨ ᠭᠤᠤ ᠶᠢ ᠵᠠᠰᠠᠵᠤ᠂ ᠬᠥᠮᠦᠨ ᠤ ᠬᠦᠴᠦ ᠪᠠᠷ | ᠴᠢᠭᠢᠭᠯᠢᠭ ᠭᠠᠵᠠᠷ ᠤᠨ ᠢᠨᠵᠧᠨᠧᠷᠢᠩ ᠢ ᠪᠡᠶᠡᠯᠡᠭᠦᠯᠦᠨ᠎ᠡ᠃ ᠨᠢᠭᠡ ᠪᠦᠯᠦᠭ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠦᠯᠢᠭᠡᠷ ᠳᠠᠭᠤᠷᠢᠶᠠᠯ ᠲᠣᠰᠬᠤᠨ ᠢ ᠪᠠᠶᠢᠭᠤᠯᠵᠤ᠂ ᠨᠢᠭᠡ ᠪᠦᠯᠦᠭ ︽ᠳᠤᠮᠳᠠᠳᠤ ᠤᠯᠤᠰ ᠤᠨ | ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠬᠥᠳᠡᠭᠡ ᠲᠣᠰᠬᠤᠨ︾ ᠪᠣᠯᠤᠨ ︽ᠨᠢᠭᠡ ᠲᠣᠰᠬᠤᠨ ᠨᠢᠭᠡ ᠲᠦᠷᠦᠯ | ᠵᠦᠢᠯ ᠤᠨ ᠵᠢᠱᠢᠶ᠎ᠡ ᠦᠵᠡᠭᠦᠯᠬᠦ ᠲᠣᠰᠬᠤᠨ ᠪᠠᠯᠭᠠᠰᠤ︾ ᠶᠢ ᠡᠭᠦᠳᠬᠦ ᠪᠠᠷ ᠴᠢᠷᠮᠠᠶᠢᠨ᠎ᠠ᠃ ᠬᠥᠳᠡᠭᠡ ᠲᠣᠰᠬᠤᠨ ᠤ | ᠠᠵᠤ ᠦᠢᠯᠡᠰ ᠤᠨ ᠪᠠᠶᠢᠷᠢᠰᠢᠯ ᠢ ᠥᠷᠭᠡᠳᠬᠡᠨ᠎ᠡ᠃ 5 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠪᠥᠲᠥᠭᠡᠨ ᠪᠠᠶᠢᠭᠤᠯᠵᠤ᠂ 115 ᠲᠦᠮᠡᠨ ᠮᠥ ᠭᠠᠵᠠᠷ ᠰᠢᠷᠣᠶ ᠶᠢ ᠡᠷᠭᠢᠯᠲᠡ ᠳᠤ ᠣᠷᠣᠭᠤᠯᠤᠨ᠎ᠠ᠃ 3 ᠲᠦᠮᠡᠨ ᠮᠥ | ᠣᠶ ᠵᠢᠮᠢᠰ ᠤᠨ ᠠᠵᠤ ᠠᠬᠤᠶ ᠶᠢᠨ ᠠᠵᠤ ᠦᠢᠯᠡᠰ ᠤᠨ ᠪᠦᠰᠡ ᠶᠢ ᠪᠤᠶᠢᠵᠢᠭᠤᠯᠵᠤ᠂ ᠣᠶ ᠵᠢᠮᠢᠰ ᠤᠨ ᠶᠡᠷᠦᠩᠬᠡᠶ | ᠲᠠᠯᠠᠪᠠᠶ ᠶᠢ 23 ᠲᠦᠮᠡᠨ ᠮᠥ ᠳᠤ ᠬᠦᠷᠦᠭᠦᠯᠵᠦ᠂ ᠦᠢᠯᠡᠳᠬᠦᠨ ᠤ ᠶᠡᠷᠦᠩᠬᠡᠶ ᠥᠷᠲᠡᠭ ᠢ 20% ᠠᠴᠠ ᠳᠡᠭᠡᠭᠰᠢ | ᠨᠡᠮᠡᠭᠳᠡᠭᠦᠯᠦᠨ᠎ᠡ᠃ 10 ᠲᠦᠮᠡᠨ ᠮᠥ ᠬᠢᠲᠠᠳ ᠡᠮ ᠤᠨ ᠮᠠᠲ᠋ᠧᠷᠢᠶᠠᠯ ᠳᠠᠷᠢᠬᠤ ᠰᠠᠭᠤᠷᠢᠨ ᠭᠠᠵᠠᠷ ᠢ ᠪᠠᠶᠢᠭᠤᠯᠵᠤ᠂ | ᠲᠠᠯ᠎ᠠ ᠨᠤᠲᠤᠭ ᠤᠨ ᠨᠡᠭᠦᠳᠡᠯ ᠮᠠᠯᠵᠢᠯ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠤ | ᠲᠤᠷᠰᠢᠯᠲᠠ ᠶᠢᠨ ᠴᠡᠭ ᠢ ᠪᠠᠶᠢᠭᠤᠯᠤᠨ᠎ᠠ᠃ ᠬᠥᠳᠡᠭᠡ ᠲᠣᠰᠬᠤᠨ ᠤ ᠰᠢᠨ᠎ᠡ ᠬᠡᠯᠪᠡᠷᠢ ᠶᠢᠨ ᠬᠠᠮᠲᠤ ᠶᠢᠨ ᠠᠵᠤ | ᠠᠬᠤᠶ ᠶᠢ ᠬᠥᠭᠵᠢᠭᠦᠯᠵᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠪᠦᠬᠦᠨ ᠢ 20 | ᠲᠦᠮᠡᠨ ᠲᠥᠭᠦᠷᠢᠭ ᠲᠤ ᠬᠦᠷᠦᠭᠦᠯᠵᠦ᠂ 30 ᠭᠠᠴᠠᠭ᠎ᠠ ᠲᠣᠰᠬᠤᠨ ᠢ ᠵᠠᠭᠤᠨ ᠲᠦᠮᠡᠨ ᠲᠥᠭᠦᠷᠢᠭ ᠠᠴᠠ | ᠳᠡᠭᠡᠭᠰᠢ ᠳᠤ ᠬᠦᠷᠦᠭᠦᠯᠬᠦ ᠶᠢ ᠪᠡᠶᠡᠯᠡᠭᠦᠯᠦᠨ᠎ᠡ᠃ ᠬᠥᠳᠡᠭᠡ ᠲᠣᠰᠬᠤᠨ ᠢ ᠵᠠᠰᠠᠬᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠮᠠᠯᠴᠢᠨ ᠲᠠᠷᠢᠶᠠᠴᠢᠨ ᠤ ᠥᠪᠡᠷᠲᠡᠭᠡᠨ ᠵᠠᠰᠠᠬᠤ ᠦᠢᠯᠡᠳᠦᠯᠬᠡ ᠶᠢ ᠭᠦᠨᠵᠡᠭᠡᠶᠢᠷᠡᠭᠦᠯᠵᠦ᠂ | ᠭᠠᠴᠠᠭ᠎ᠠ ᠲᠣᠰᠬᠤᠨ ᠤ ᠴᠢᠬᠤᠯᠠ ᠶᠡᠭᠡ ᠠᠰᠠᠭᠤᠳᠠᠯ ᠳᠤ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠲᠦᠷᠢᠮ ᠢ ᠲᠡᠭᠦᠯᠳᠡᠷᠵᠢᠭᠦᠯᠦᠨ᠎ᠡ᠃ ᠮᠠᠯᠵᠢᠬᠤ ᠲᠠᠷᠢᠶᠠᠯᠠᠬᠤ | ᠣᠷᠣᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠤᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠵᠤ᠂ ︽ᠬᠠᠤᠯᠢ ᠴᠠᠭᠠᠵᠠ ᠶᠢᠨ ᠮᠡᠷᠭᠡᠨ ᠬᠥᠮᠦᠨ︾ ᠢ ᠬᠥᠮᠦᠵᠢᠭᠦᠯᠬᠦ ᠢᠨᠵᠧᠨᠧᠷᠢᠩ ᠢ ᠥᠷᠨᠢᠭᠦᠯᠵᠦ᠂ | ᠬᠠᠤᠯᠢ ᠬᠡᠷᠡᠭᠵᠢᠭᠦᠯᠬᠦ ᠬᠦᠴᠦᠨ ᠢ ᠳᠣᠷᠣᠭᠰᠢ ᠪᠠᠭᠤᠯᠭᠠᠬᠤ ᠶᠢ ᠠᠬᠢᠭᠤᠯᠤᠨ᠎ᠠ᠃ ︽ᠶᠣᠰᠣ ᠰᠤᠷᠲᠠᠬᠤᠨ ᠤ | ᠵᠢᠱᠢᠶᠡᠴᠢ︾ ︽ᠬᠠᠮᠤᠭ ᠤᠨ ᠭᠤᠶᠣ ᠬᠡᠷ ᠪᠦᠯᠢ︾ ᠵᠡᠷᠭᠡ ᠰᠢᠯᠭᠠᠷᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ | ᠳᠡᠷᠭᠡᠳᠡᠬᠢ ᠥᠯᠢᠭᠡᠷ ᠳᠠᠭᠤᠷᠢᠶᠠᠯ ᠤᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ | ᠵᠥᠷᠢᠴᠡᠯ ᠵᠢᠭᠤᠷᠠᠯᠳᠤᠭᠠᠨ ᠢ ᠴᠠᠭ ᠲᠤᠬᠠᠢ ᠳᠤᠨᠢ ᠡᠶᠡᠳᠡᠭᠦᠯᠦᠨ ᠰᠢᠢᠳᠪᠦᠷᠢᠯᠡᠵᠦ᠂ ︽ᠪᠠᠭ᠎ᠠ ᠶᠠᠪᠤᠳᠠᠯ ᠢ | ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ | ᠲᠤᠰᠢᠶᠠᠬᠤ ᠦᠭᠡᠢ︾ ᠪᠠᠶᠢᠬᠤ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ | ᠰᠤᠷᠲᠠᠬᠤᠨ ᠢᠶᠠᠷ ᠵᠠᠰᠠᠬᠤ ᠶᠢ ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠠᠯᠬᠤᠮ | ᠠᠯᠬᠤᠮ ᠢᠶᠠᠷ ᠪᠦᠷᠢᠨᠰᠢᠬᠦᠯᠦᠨ᠎ᠠ᠃ | ︵ᠭᠤᠷᠪᠠ︶ ᠠᠵᠤ ᠦᠢᠯᠡᠳᠪᠦᠷᠢ ᠶᠢ ᠡᠷᠡᠰ ᠭᠤᠶᠢᠪᠢᠰᠢ ᠦᠭᠡᠢ ᠪᠠᠷ ᠠᠳᠬᠤᠵᠤ᠂ ᠦᠨᠳᠦᠰᠦ ᠰᠠᠭᠤᠷᠢ ᠪᠠᠨ | ᠪᠠᠲᠤᠳᠬᠠᠨ᠂ ᠪᠣᠳᠠᠲᠤ ᠴᠣᠭᠴᠠ ᠶᠢᠨ ᠠᠵᠤ ᠠᠬᠤᠶ ᠶᠢᠨ ᠰᠢᠨ᠎ᠡ ᠳᠠᠪᠠᠭᠤᠯᠢᠭ ᠢ ᠪᠤᠢ ᠪᠣᠯᠭᠠᠨ᠎ᠠ᠃ ︽ᠠᠵᠤ | ᠦᠢᠯᠡᠳᠪᠦᠷᠢ ᠪᠠᠷ ᠬᠤᠰᠢᠭᠤ ᠪᠠᠨ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠪᠠᠲᠤ ᠪᠠᠬᠢ ᠪᠣᠶ ᠪᠣᠯᠭᠠᠵᠤ᠂ | ᠠᠵᠤ ᠦᠢᠯᠡᠰ ᠤᠨ ᠲᠥᠪᠯᠡᠷᠡᠯ ᠢ ᠲᠦᠷᠭᠡᠳᠬᠡᠨ᠂ ᠠᠵᠤ ᠠᠬᠤᠶᠢᠯᠠᠯ ᠤᠨ ᠶᠠᠰᠤ ᠴᠢᠨᠠᠷ ᠦᠷ᠎ᠡ ᠠᠰᠢᠭ ᠢ | ᠳᠡᠭᠡᠭᠰᠢᠯᠡᠭᠦᠯᠵᠦ᠂ ᠳᠠᠪᠠᠭᠤᠯᠢᠭ ᠲᠠᠪᠴᠠᠩ ᠢ ᠪᠣᠶ ᠪᠣᠯᠭᠠᠨ᠂ ᠣᠲᠣ ᠦᠶ᠎ᠡ ᠶᠢᠨ ᠠᠵᠤ ᠦᠢᠯᠡᠳᠪᠦᠷᠢ ᠶᠢᠨ | ᠰᠢᠰᠲ᠋ᠧᠮᠵᠢ ᠶᠢ ᠬᠦᠴᠦᠯᠡᠨ ᠪᠠᠶᠢᠭᠤᠯᠤᠨ᠎ᠠ᠃ | ᠠᠵᠤ ᠦᠢᠯᠡᠰ ᠤᠨ ᠪᠥᠭᠡᠮᠨᠡᠷᠡᠯ ᠤᠨ ᠬᠥᠭᠵᠢᠯᠲᠡ ᠶᠢ ᠪᠦᠬᠦ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ | ᠲᠦᠷᠭᠡᠳᠬᠡᠵᠦ᠂ ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠦᠨ᠂ ᠬᠠᠩᠭᠠᠯᠭ᠎ᠠ ᠶᠢᠨ ᠬᠡᠯᠬᠢᠶ᠎ᠡ ᠶᠢ ᠪᠣᠶ ᠪᠣᠯᠭᠠᠵᠤ᠂ ︽ | ᠭᠤᠷᠪᠠᠨ ᠬᠡᠯᠬᠢᠶ᠎ᠡ ᠶᠢᠨ ᠠᠳᠠᠯᠢ ᠪᠦᠲᠦᠴᠡ︾ ᠶᠢ ᠪᠡᠶᠡᠯᠡᠬᠦᠯᠵᠦ᠂ ᠠᠭᠤᠰᠤᠯᠴᠠᠭᠤᠯᠤᠨ ᠬᠥᠭᠵᠢᠭᠦᠯᠦᠨ᠎ᠡ᠃ | ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ | ᠰᠦᠷᠦᠭᠵᠢᠯ ᠢ ᠬᠦᠴᠦᠷᠬᠡᠭᠵᠢᠭᠦᠯᠦᠨ᠂ ᠬᠢᠲᠠᠳ ᠡᠮ ᠤᠨ ᠪᠡᠶ᠎ᠡ ᠰᠤᠪᠢᠯᠠᠯᠲᠠ ᠶᠢᠨ ᠰᠣᠶᠣᠯ ᠤᠨ ᠬᠦᠷᠢᠶᠡᠯᠡᠩ᠂ | ᠬᠡᠷ ᠤᠨ ᠦᠷ᠎ᠡ ᠲᠤᠲᠤᠷᠭ᠎ᠠ ᠶᠢᠨ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠠᠵᠦ ᠦᠢᠯᠡᠰ ᠤᠨ ᠬᠦᠷᠢᠶᠡᠯᠡᠩ | ᠵᠡᠷᠭᠡ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠠᠬᠢᠭᠤᠯᠵᠤ᠂ ᠳ᠋ᠦ᠋ ᠺᠠᠩ ᠪᠦᠯᠦᠭᠯᠡᠯ ᠤᠨ | ᠲᠦᠭᠦᠬᠡᠶ ᠭᠠᠭ᠋ᠠᠶ ᠶᠢᠨ ᠮᠢᠬ᠎ᠠ ᠢᠳᠡᠭᠡᠨ ᠡᠳ᠋ᠰᠢᠭᠦᠯᠬᠦ᠂ ᠮᠧᠩ ᠵᠢᠶᠠ ᠠᠮᠤ ᠪᠤᠳᠠᠭ᠎ᠠ ᠲᠣᠰᠣ ᠶᠢ ᠬᠤᠲᠠ ᠠᠴᠠ | ᠭᠠᠷᠭᠠᠵᠤ ᠬᠦᠷᠢᠶᠡᠯᠡᠩ ᠳᠤ ᠣᠷᠣᠭᠤᠯᠬᠤ ᠵᠡᠷᠭᠡ ᠲᠥᠷᠥᠯ ᠵᠤᠶᠢᠯ ᠤᠨ ᠪᠠᠷᠢᠯᠭ᠎ᠠ ᠡᠬᠢᠯᠡᠭᠦᠯᠦᠨ ᠪᠥᠲᠥᠭᠡᠨ | ᠪᠠᠶᠢᠭᠤᠯᠬᠤ ᠶᠢ ᠠᠬᠢᠭᠤᠯᠤᠨ᠎ᠠ᠃ ᠢᠯᠢ ᠪᠦᠯᠦᠭᠯᠡᠯ ᠤᠨ ᠴᠠᠭᠠᠨ ᠢᠳᠡᠭᠡᠨ ᠢ ᠡᠳ᠋ᠰᠢᠭᠦᠯᠬᠦ ᠲᠦᠷᠦᠯ ᠵᠦᠢᠯ ᠢᠶᠠᠷ | ᠳᠡᠭᠡᠳᠦ ᠲᠡᠰ ᠤᠨ ᠴᠠᠭᠠᠨ ᠢᠳᠡᠭᠡᠨ ᠤ ᠢᠵᠢ ᠪᠦᠷᠢᠳᠦᠭᠦᠯᠬᠦ ᠠᠵᠤ ᠦᠢᠯᠡᠰ ᠢ ᠲᠦᠷᠭᠡᠳᠬᠡᠨ ᠬᠥᠭᠵᠢᠭᠦᠯᠦᠨ᠎ᠡ᠃ | ᠵᠢᠶᠧ ᠯᠠᠶ ᠪᠦᠯᠦᠭᠯᠡᠯ ᠯᠦᠭᠡ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠶᠢ ᠴᠢᠩᠭᠠᠳᠬᠠᠨ᠂ ᠠᠵᠤ | ᠦᠢᠯᠡᠰ ᠤᠨ ᠬᠡᠯᠬᠢᠶ᠎ᠡ ᠶᠢᠨ ᠶᠠᠰᠤ ᠴᠢᠨᠠᠷ ᠢ ᠳᠡᠭᠡᠳᠦ ᠰᠢᠨ᠎ᠡ ᠮᠡᠷᠭᠡᠵᠢᠯ ᠪᠠ ᠣᠲᠣ ᠦᠶ᠎ᠡ ᠶᠢᠨ ᠲᠣᠨᠤᠭ | ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠰᠦᠷᠦᠭᠵᠢᠯ ᠢ ᠰᠢᠯᠢᠳᠡᠭᠵᠢᠭᠦᠯᠵᠦ᠂ ᠬᠠᠸᠠ ᠣᠯᠠᠨ ᠤᠯᠤᠰ ᠤᠨ | ᠵᠢᠯᠣᠭᠤᠴᠢ ᠥᠬᠡᠶ ᠨᠢᠰᠬᠡᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠤᠮᠠᠷᠠᠲᠤ ᠶᠢᠨ ᠵᠢᠯᠣᠭᠤᠴᠢ ᠥᠬᠡᠶ | ᠨᠢᠰᠬᠡᠯ ᠤᠨ ᠲᠤᠷᠰᠢᠯᠲᠠ ᠶᠢᠨ ᠰᠠᠭᠤᠷᠢᠨ ᠭᠠᠵᠠᠷ ᠢ ᠵᠢᠩᠬᠢᠨᠢ ᠪᠠᠷ ᠡᠬᠢᠯᠡᠵᠦ ᠬᠡᠷᠡᠭᠯᠡᠬᠦ ᠶᠢ ᠪᠡᠶᠡᠯᠡᠭᠦᠯᠦᠨ᠎ᠡ᠃ ᠬᠤᠩ | ᠳ᠋ᠠ ᠳᠠᠷᠤᠵᠤ ᠴᠢᠳᠬᠤᠬᠤ᠂ ᠠᠶ ᠯᠠᠩ ᠰᠠᠯᠬᠢᠨ ᠬᠦᠴᠦᠨ ᠤ ᠴᠠᠬᠢᠯᠭᠠᠨ ᠵᠡᠷᠭᠡ ᠠᠵᠤ ᠠᠬᠤᠶᠢᠯᠠᠯ ᠤᠨ | ᠦᠢᠯᠡᠳᠪᠦᠷᠢᠯᠡᠯ ᠤᠨ ᠴᠢᠳᠠᠪᠤᠷᠢ ᠪᠠᠨ ᠦᠷᠭᠦᠯᠵᠢᠯᠡᠨ ᠭᠠᠷᠭᠠᠬᠤ ᠶᠢ ᠳᠡᠮᠵᠢᠵᠦ᠂ ᠦᠢᠯᠡᠳᠪᠦᠷᠢᠡᠯᠯ ᠪᠣᠷᠣᠯᠠᠭᠤᠯᠭ᠎ᠠ ᠶᠢ | ᠵᠡᠷᠭᠡᠪᠡᠷ ᠬᠥᠭᠵᠢᠭᠦᠯᠬᠦ ᠶᠢ ᠪᠡᠶᠡᠯᠡᠭᠦᠯᠦᠨ᠎ᠡ᠃ ᠱᠧᠨᠵᠧᠨ ᠤ ᠤᠶᠤᠨᠲᠤ ᠡᠭᠦᠯᠡᠨ ᠣᠨᠢᠰᠤ᠂ ᠱᠧᠩ ᠽᠧ ᠰᠢᠨ᠎ᠡ | ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠵᠡᠷᠭᠡ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ | ᠲᠦᠷᠭᠡᠳᠬᠡᠵᠦ᠂ ᠪᠠᠷᠢᠯᠭ᠎ᠠ ᠶᠢᠨ ᠮᠠᠲ᠋ᠧᠷᠢᠶᠠᠯ ᠵᠢᠴᠢ ᠢᠵᠢ ᠪᠥᠷᠢᠳᠦᠭᠦᠯᠬᠦ ᠠᠵᠤ ᠦᠢᠯᠡᠰ ᠢ ᠵᠣᠯᠭᠠᠭᠤᠯᠤᠨ | ᠬᠥᠭᠵᠢᠭᠦᠯᠬᠦ ᠶᠢ ᠠᠬᠢᠭᠤᠯᠤᠨ᠎ᠠ᠃ ᠴᠡᠪᠡᠷ ᠡᠨᠧᠷᠭᠢ ᠶᠢᠨ ᠠᠵᠤ ᠦᠢᠯᠡᠰ ᠤᠨ ᠰᠦᠷᠦᠭᠵᠢᠯ ᠢ ᠪᠤᠵᠠᠭᠠᠶᠢᠷᠠᠭᠤᠯᠵᠤ᠂ | ᠵᠥᠩ ᠭᠤᠸᠠᠩ ᠾᠧ ᠵᠠᠭᠤᠨ ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠤᠨ | ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ᠂ ᠨᠡᠷᠡᠨ ᠬᠡᠷᠡᠯ ᠤᠨ ᠴᠠᠬᠢᠯᠭᠠᠨ ᠡᠭᠦᠰᠭᠡᠭᠴᠢ ᠤᠰᠤᠨ | ᠭᠠᠳᠠᠷᠭᠤ ᠶᠢᠨ ᠬᠡᠷᠡᠯ ᠸᠣᠯᠲ᠂ ᠪᠡᠭᠡᠵᠢᠩ ᠡᠨᠧᠷᠭᠢ ᠶᠢᠨ ᠲᠠᠷᠬᠠᠯᠲᠠ ᠶᠢᠨ ᠮᠠᠶ᠋ᠢᠭ ᠤᠨ ᠬᠡᠷᠡᠯ ᠸᠣᠯᠲ᠂ ᠬᠤᠸᠠ | ᠨᠧᠩ ︽ᠰᠠᠯᠬᠢᠨ ᠬᠡᠷᠡᠯ ᠤᠨ ᠬᠠᠳᠠᠭᠠᠯᠠᠮᠵᠢ︾ ᠶᠢ ᠨᠢᠭᠡ ᠴᠤᠭᠴᠠᠵᠢᠭᠤᠯᠬᠤ ᠵᠡᠷᠭᠡ ᠭᠡᠷ᠎ᠡ ᠲᠣᠭᠲᠠᠭᠰᠠᠨ ᠲᠥᠷᠥᠯ | ᠵᠦᠶ᠋ᠯ ᠢ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠪᠠᠷ ᠴᠢᠷᠮᠠᠶᠢᠨ᠎ᠠ᠃ ᠰᠠᠯᠬᠢᠨ ᠬᠦᠴᠦᠨ ᠤ ᠴᠠᠬᠢᠯᠭᠠᠨ᠂ ᠬᠡᠷᠡᠯ | ᠸᠣᠯᠲ ᠵᠡᠷᠭᠡ ᠲᠣᠨᠤᠭ ᠲᠥᠬᠦᠭᠡᠷᠦᠮᠵᠢ ᠦᠢᠯᠡᠳᠬᠦ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ | ᠂ ᠴᠡᠪᠡᠷ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠨ᠎ᠠ᠃ | ᠠᠵᠤ ᠠᠬᠤᠶᠢᠯᠠᠯ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠶᠢ ᠪᠥᠬᠦ ᠬᠦᠴᠦᠨ ᠢᠶᠠᠷ ᠢᠶᠠᠨ ︽ᠪᠡᠶᠡᠴᠢ | ᠴᠣᠭᠴᠠ ᠶᠢ ᠲᠣᠭᠲᠠᠪᠤᠷᠢᠵᠢᠭᠤᠯᠬᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠦᠢᠯᠡᠳᠪᠦᠷᠢᠯᠡᠯ ᠢ ᠠᠬᠢᠭᠤᠯᠬᠤ︾ | ᠶᠢ ᠪᠠᠷᠢᠮᠲᠠᠯᠠᠵᠤ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠦᠷᠭᠦᠯᠵᠢᠯᠡᠨ ᠲᠦᠯᠬᠢᠨ | ᠠᠬᠢᠭᠤᠯᠵᠤ᠂ ᠠᠵᠤ ᠠᠬᠤᠶᠢᠯᠠᠯ ᠤᠨ ᠬᠡᠮᠵᠢᠶ᠎ᠡ ᠪᠠᠨ ᠥᠷᠭᠡᠳᠬᠡᠨ ᠶᠠᠰᠤ ᠴᠢᠨᠠᠷ ᠢᠶᠠᠨ ᠳᠡᠭᠡᠭᠰᠢᠯᠡᠭᠦᠯᠬᠦ᠂ ᠰᠢᠨ᠎ᠡ ᠶᠢ | ᠡᠭᠦᠳᠦᠨ ᠬᠥᠭᠵᠢᠬᠦ ᠶᠢ ᠲᠡᠳᠬᠦᠨ ᠲᠡᠮᠵᠢᠨ᠎ᠠ᠃ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠦᠨ᠎ᠡ᠃ | ᠪᠸᠢ ᠹᠧᠩ ᠯᠢᠩ ᠭᠤᠯᠢᠷ᠂ ᠬᠤᠷᠴᠢᠨ ᠸᠠᠩ ᠠᠷᠢᠬᠢᠨ ᠦᠢᠯᠡᠰ ᠵᠡᠷᠭᠡ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ ᠤᠨ ᠪᠦᠲᠦᠴᠡ ᠪᠠᠨ ᠰᠢᠯᠢᠳᠡᠭᠵᠢᠭᠦᠯᠬᠦ ᠶᠢ ᠵᠣᠷᠢᠭᠵᠢᠭᠤᠯᠵᠤ᠂ | ᠠᠶᠢᠮᠠ ᠠᠭᠤᠷᠬᠠᠶ ᠶᠢᠨ ᠦᠢᠯᠡᠰ᠂ ᠬᠤᠩ ᠳ᠋ᠠ ᠳᠠᠷᠤᠵᠤ ᠴᠢᠳᠬᠤᠬᠤ ᠵᠡᠷᠭᠡ ᠨᠢᠷᠤᠭᠤᠪᠴᠢ ᠠᠵᠤ ᠠᠬᠤᠶᠢᠯᠠᠯ ᠤᠨ | ᠮᠡᠷᠭᠡᠵᠢᠯ ᠤᠨ ᠥᠭᠡᠷᠡᠴᠢᠯᠡᠯᠲᠡ ᠬᠢᠵᠦ ᠲᠠᠰ ᠳᠡᠪᠰᠢᠬᠦ ᠶᠢ ᠳᠡᠮᠵᠢᠨ᠎ᠡ᠃ ᠮᠣᠩᠭᠤᠯ ᠬᠤᠨᠢ ᠵᠡᠷᠭᠡ | ᠦᠢᠯᠡᠳᠪᠦᠷᠢᠯᠡᠬᠦ ᠪᠠᠨ ᠵᠣᠭᠰᠣᠭᠰᠠᠨ᠂ ᠬᠠᠭᠠᠰ ᠵᠣᠭᠰᠣᠭᠰᠠᠨ ᠠᠵᠤ ᠠᠬᠤᠶᠢᠯᠠᠯ ᠢ ᠴᠡᠪᠡᠷᠯᠡᠨ ᠠᠮᠢᠯᠠᠭᠤᠯᠵᠤ᠂ ︽ | ᠬᠤᠶᠠᠳᠠᠬᠢ ᠤᠳᠠᠭᠠᠨ ᠤ ᠠᠳᠠᠯ ᠦᠢᠯᠡᠰ ᠴᠣᠭᠴᠠᠯᠠᠬᠤ︾ ᠶᠢ ᠬᠡᠷᠡᠭᠵᠢᠭᠦᠯᠬᠦ ᠶᠢ ᠠᠬᠢᠭᠤᠯᠤᠨ᠎ᠠ᠃ ᠰᠢᠨ᠎ᠡ ᠪᠠᠷ | ᠬᠥᠭᠵᠢᠭᠰᠡᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠦᠨ᠎ᠡ᠃ ᠠᠩ ᠹᠠᠩ ᠮᠦ᠂ ᠪᠡᠭᠡᠵᠢᠩ ᠥᠪᠥᠷ | ᠮᠣᠩᠭᠤᠯ ᠤᠨ ᠰᠢᠬᠢᠷ ᠤᠨ ᠦᠢᠯᠡᠰ ᠵᠡᠷᠭᠡ ᠠᠵᠤ ᠠᠬᠤᠶᠢᠯᠠᠯ ᠤᠨ ᠡᠷᠲᠡ ᠨᠢᠭᠡᠨ ᠡᠳᠦᠷ ᠦᠢᠯᠡᠳᠪᠦᠷᠢᠯᠡᠯ ᠢᠶᠠᠨ | ᠦᠷ᠎ᠡ ᠪᠦᠲᠦᠮᠵᠢ ᠲᠠᠢ ᠪᠣᠯᠭᠠᠬᠤ ᠶᠢ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠶᠡᠷᠦᠩᠬᠡᠶ | ᠬᠡᠮᠵᠢᠶ᠎ᠡ ᠶᠢ ᠥᠷᠭᠡᠳᠬᠡᠨ᠎ᠡ᠃ ᠯᠠᠩ ᠴᠤᠤ ᠪᠦᠯᠦᠭᠯᠡᠯ ᠤᠨ ᠵᠠᠰᠠᠭ ᠤᠨ ᠶᠠᠪᠤᠳᠠᠯ ᠤᠨ ᠡᠭᠦᠯᠡᠨ ᠦᠢᠯᠡᠴᠢᠯᠡᠭᠡᠨ ᠤ | ᠬᠡᠪᠴᠢᠶ᠎ᠡ ᠪᠠᠨ ᠥᠷᠭᠡᠳᠬᠡᠬᠦ ᠶᠢ ᠳᠡᠮᠵᠢᠵᠦ᠂ ᠲᠣᠭᠠᠴᠢᠯᠠᠭᠰᠠᠨ ᠠᠵᠤ ᠦᠢᠯᠡᠰ ᠤᠨ ᠠᠮᠢ ᠠᠬᠤᠶ ᠶᠢ ᠲᠦᠷᠭᠡᠳᠬᠡᠨ | ᠴᠢᠨᠠᠷ ᠰᠠᠶᠢᠲᠠᠶ ᠠᠵᠤ ᠦᠢᠯᠡᠰ ᠢ ᠲᠡᠳᠬᠦᠨ ᠪᠤᠵᠠᠭᠠᠶᠢᠷᠠᠭᠤᠯᠤᠨ᠎ᠠ᠃ ᠲᠥᠯᠥᠪᠵᠢᠭᠦᠯᠭᠡ ᠠᠴᠠ ᠳᠡᠭᠡᠭᠰᠢᠬᠢ ᠠᠵᠤ | ᠠᠬᠤᠶᠢᠯᠠᠯ ᠢ ᠬᠥᠮᠥᠷᠭᠡ ᠳᠤ ᠲᠣᠭᠲᠠᠭᠤᠨ ᠪᠠᠶᠢᠯᠭᠠᠬᠤ᠂ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠶᠢ ᠴᠢᠩᠭ᠎ᠠ | ᠠᠩᠬᠠᠷᠴᠤ᠂ ᠲᠥᠯᠥᠪᠵᠢᠭᠦᠯᠭᠡ ᠠᠴᠠ ᠳᠣᠷᠣᠭᠰᠢᠬᠢ ᠠᠵᠤ ᠠᠬᠤᠶᠢᠯᠠᠯ ᠤᠨ ᠬᠡᠪᠴᠢᠶ᠎ᠡ ᠪᠠᠨ ᠥᠷᠭᠡᠳᠬᠡᠬᠦ᠂ ᠦᠷ᠎ᠡ | ᠠᠰᠢᠭ ᠢᠶᠠᠨ ᠨᠡᠮᠡᠭᠳᠡᠭᠦᠯᠬᠦ ᠶᠢ ᠳᠡᠮᠵᠢᠵᠦ᠂ ᠤᠯᠠᠭᠠᠨ ᠲᠣᠮᠣ ᠬᠢᠮᠢ ᠶᠢᠨ ᠪᠣᠷᠲᠣᠭᠤᠷ᠂ ᠳ᠋ᠦ᠋ ᠺᠠᠩ ᠪᠣᠷᠳᠤᠭ᠎ᠠ ᠵᠡᠷᠭᠡ | ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠪᠠᠷᠢᠮᠵᠢᠶᠠᠨ ᠳᠤ ᠬᠦᠷᠦᠭᠦᠯᠬᠦ᠂ ᠾᠧ ᠹᠧᠩ ᠲᠠᠷᠢᠶᠠᠯᠠᠩ᠂ ᠰᠢᠩ | ᠱᠧᠩ ᠬᠤᠩ ᠲᠠᠷᠢᠶᠠᠯᠠᠩ ᠤᠨ ᠮᠠᠰᠢᠨ ᠵᠡᠷᠭᠡ ᠠᠵᠤ ᠠᠬᠤᠶᠢᠯᠠᠯ ᠤᠨ ᠬᠥᠷᠥᠩᠭᠡ ᠪᠠᠨ ᠨᠡᠮᠡᠭᠳᠡᠭᠦᠯᠦᠨ | ᠦᠢᠯᠡᠳᠪᠦᠷᠢᠯᠡᠯ ᠢᠶᠠᠨ ᠥᠷᠭᠡᠳᠬᠡᠬᠦ ᠶᠢ ᠲᠦᠷᠭᠡᠳᠬᠡᠨ ᠠᠬᠢᠭᠤᠯᠵᠤ᠂ ᠲᠥᠯᠥᠪᠵᠢᠭᠦᠯᠭᠡ ᠠᠴᠠ ᠳᠡᠭᠡᠭᠰᠢᠬᠢ ᠠᠵᠤ | ᠦᠢᠯᠳᠪᠦᠷᠢ ᠶᠢᠨ ᠠᠵᠤ ᠠᠬᠤᠶᠢᠯᠠᠯ ᠢ 2 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ | ᠬᠦᠷᠢᠶᠡᠯᠡᠩ ᠲᠣᠭᠤᠷᠢᠭ ᠤᠨ ᠲᠠᠰ ᠳᠡᠪᠰᠢᠬᠦ ᠶᠢ ᠪᠥᠬᠦ ᠬᠦᠴᠦᠨ ᠢᠶᠠᠷ ᠠᠬᠢᠭᠤᠯᠤᠨ᠎ᠠ᠃ ︽ᠨᠢᠭᠡ ᠴᠣᠭᠴᠠ | ᠬᠤᠶᠠᠷ ᠵᠢᠭᠦᠷ︾ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ︽200 | ᠳ᠋ᠦᠩᠰᠢᠭᠤᠷ ᠤᠨ ᠬᠦᠷᠢᠶᠡᠯᠡᠩ ᠲᠣᠭᠤᠷᠢᠭ︾ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠣᠯᠠᠨ ᠨᠡᠶᠢᠲᠡ ᠶᠢᠨ | ᠦᠢᠯᠡᠴᠢᠯᠡᠬᠡᠨ ᠤ ᠬᠦᠴᠦᠨ ᠵᠤᠶᠢᠯ ᠢ ᠬᠦᠷᠢᠶᠡᠯᠡᠩ ᠲᠣᠭᠤᠷᠢᠭ ᠳᠠᠰᠢ ᠬᠠᠮᠤᠷᠬᠤ ᠶᠢ ᠲᠦᠷᠭᠡᠳᠬᠡᠨ᠎ᠡ᠃ ︽ | ᠴᠡᠴᠡᠷᠯᠢᠭ ᠲᠠᠬᠢ ᠴᠡᠴᠡᠷᠯᠢᠭ᠂ ᠴᠡᠴᠡᠷᠯᠢᠭ ᠲᠠᠬᠢ ᠲᠣᠭᠤᠷᠢᠭ︾ ᠤᠨ ᠬᠥᠭᠵᠢᠯᠲᠡ ᠶᠢᠨ ᠰᠡᠳᠬᠢᠴᠡ ᠶᠣᠰᠣᠭᠠᠷ᠂ | ᠳ᠋ᠠᠱᠢᠵᠠᠢ ᠵᠡᠭᠡᠯᠢ᠂ ᠬᠤᠷᠢᠨ ᠵᠡᠭᠡᠯᠢ᠂ ᠰᠢᠨ ᠸᠧᠶ ᠳᠥᠷᠪᠡᠳᠦᠭᠡᠷ ᠵᠡᠭᠡᠯᠢ ᠵᠡᠷᠭᠡ ᠵᠠᠮ ᠤᠨ ᠶᠡᠷᠦᠩᠬᠡᠶᠢᠯᠡᠭᠰᠡᠨ | ᠢᠨᠵᠧᠨᠧᠷᠢᠩ ᠢ ᠠᠬᠢᠭᠤᠯᠵᠤ᠂ ᠠᠵᠤ ᠦᠢᠯᠡᠳᠪᠦᠷᠢ ᠶᠢᠨ ᠰᠢᠭᠠᠷᠤ ᠶᠢᠨ ᠲᠠᠯᠠᠪᠠᠶ ᠶᠢᠨ ᠲᠥᠷᠥᠯ ᠵᠤᠶᠢᠯ ᠤᠨ ᠠᠵᠢᠯ | ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠵᠤ᠂ ᠣᠯᠠᠨ ᠡᠰᠢᠵᠢᠭᠰᠡᠨ ᠪᠣᠬᠢᠷᠲᠤᠯ ᠥᠬᠡᠶ ᠢᠳᠡᠭᠡᠨ ᠢ | ᠭᠠᠳᠠᠭᠰᠢ ᠭᠠᠷᠭᠠᠬᠤ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠤᠨ᠎ᠠ᠃ ︽ᠮᠥ ᠪᠦᠷᠢ ᠶᠢᠨ ᠭᠠᠷᠤᠯᠲᠠ ᠶᠢᠨ | ᠦᠷ᠎ᠡ ᠠᠰᠢᠭ︾ ᠢ ᠳᠡᠭᠡᠭᠰᠢᠯᠡᠭᠦᠯᠬᠦ ᠪᠠᠷ ᠭᠤᠤᠯ ᠪᠣᠯᠭᠠᠵᠤ᠂ ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠬᠦ᠂ | ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠪᠠᠷ ᠭᠤᠤᠯᠳᠠᠯᠭ᠎ᠠ | ᠪᠣᠯᠭᠠᠨ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠳᠡᠭᠡᠳᠦ ᠲᠠᠰ ᠤᠨ ᠲᠣᠨᠤᠭ ᠲᠥᠬᠦᠭᠡᠷᠦᠮᠵᠢ | ᠦᠢᠯᠡᠳᠬᠦ᠂ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠶ | ᠡᠳ᠋ᠰᠢᠭᠦᠯᠬᠦ ᠵᠡᠷᠭᠡ ᠠᠵᠤ ᠦᠢᠯᠡᠰ ᠢ ᠬᠦᠴᠦᠯᠡᠨ ᠣᠷᠣᠭᠤᠯᠤᠨ᠎ᠠ᠃ ︽ᠤᠷᠢᠳᠠᠪᠠᠷ ᠳᠡᠯᠭᠡᠨ ᠦᠵᠡᠭᠦᠯᠵᠦ᠂ | ᠳᠠᠷᠠᠭ᠎ᠠ ᠨᠢ ᠦᠢᠯᠡᠳᠪᠦᠷᠢ ᠪᠠᠶᠢᠭᠤᠯᠬᠤ︾ ᠠᠷᠭ᠎ᠠ ᠮᠠᠶ᠋ᠢᠭ ᠢ ᠠᠪᠴᠤ᠂ ᠪᠣᠬᠢᠷᠲᠤᠯ ᠥᠬᠡᠶ ᠢᠳᠡᠭᠡᠨ ᠵᠢᠴᠢ ᠢᠵᠢ | ᠪᠥᠷᠢᠳᠦᠭᠦᠯᠬᠦ ᠠᠵᠤ ᠦᠢᠯᠡᠰ ᠢ ᠲᠡᠳᠡᠨ ᠣᠷᠣᠭᠤᠯᠵᠤ ᠣᠷᠣᠯᠠᠨ ᠦᠢᠯᠡᠳᠪᠦᠷᠢ ᠶᠢᠨ ᠪᠠᠶᠢᠰᠢᠩ ᠳᠤ ᠣᠷᠣᠭᠤᠯᠵᠤ᠂ | ᠪᠣᠬᠢᠷᠲᠤᠯ ᠥᠬᠡᠶ ᠢᠳᠡᠭᠡᠨ ᠢ ᠡᠳ᠋ᠰᠢᠭᠦᠯᠬᠦ ᠪᠠᠷᠠᠭᠠᠨ ᠤ ᠬᠦᠢᠯᠬᠡᠬᠡᠨ ᠤ ᠶᠡᠷᠦᠩᠬᠡᠶᠢᠯᠡᠭᠰᠡᠨ ᠣᠷᠣᠨ ᠤ ᠪᠥᠬᠦ ᠲᠠᠯ᠎ᠠ ᠪᠠᠷ | ᠠᠵᠢᠯ ᠡᠬᠢᠯᠡᠭᠦᠯᠬᠦ ᠶᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠳᠤ ᠰᠠᠭᠤᠷᠢ ᠪᠠᠲᠤᠯᠠᠭ᠎ᠠ ᠶᠢ ᠰᠠᠶᠢᠲᠤᠷ ᠬᠢᠨ᠎ᠠ᠃ | | ︵ᠳᠥᠷᠪᠡ︶ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠬᠦᠮᠦᠵᠢᠬᠦᠯᠬᠦ | ᠶᠢ ᠴᠢᠬᠤᠯᠠᠴᠢᠯᠠᠨ᠂ ᠭᠤᠷᠪᠠᠳᠤᠭᠠᠷ ᠠᠵᠤ ᠦᠢᠯᠡᠰ ᠤᠨ ᠰᠢᠨ᠎ᠡ ᠳᠠᠯᠳᠠ ᠬᠦᠴᠦᠨ ᠢ ᠪᠤᠶᠢᠵᠢᠭᠤᠯᠤᠨ ᠬᠥᠭᠵᠢᠭᠡᠨ᠎ᠡ᠃ | ᠤᠨᠴᠠᠯᠢᠬᠳᠤ ᠵᠤᠭᠠᠴᠠᠯ ᠤᠨ ᠦᠢᠯᠡᠰ ᠢ ᠦᠷᠭᠦᠯᠵᠢᠯᠡᠨ ᠰᠠᠶᠢᠲᠤᠷ ᠠᠳᠬᠤᠵᠤ᠂ ᠮᠥᠩᠭᠦᠨ ᠬᠦᠢᠯᠭᠡᠭᠡᠨ ᠤ | ᠦᠢᠯᠡᠴᠢᠯᠡᠭᠡᠨ ᠤ ᠦᠢᠯᠡᠰ ᠢ ᠪᠤᠶᠢᠵᠢᠭᠤᠯᠤᠨ ᠬᠥᠭᠵᠢᠭᠦᠯᠵᠦ᠂ ᠠᠷᠠᠯᠵᠢᠶ᠎ᠠ ᠬᠤᠳᠠᠯᠳᠤᠭᠠᠨ ᠤ ᠬᠦᠢᠯᠬᠡᠬᠡᠨ ᠤ | ᠦᠢᠯᠡᠰ ᠢ ᠲᠦᠷᠭᠡᠳᠬᠡᠨ ᠠᠬᠢᠭᠤᠯᠵᠤ᠂ ᠦᠢᠯᠡᠴᠢᠯᠡᠭᠡᠨ ᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠲᠠᠰ | ᠳᠠᠪᠬᠤᠷᠭ᠎ᠠ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ | ᠥᠪᠡᠷᠮᠢᠴᠡ ᠣᠨᠴᠠᠯᠢᠭ ᠲᠠᠢ ᠵᠤᠭᠠᠴᠠᠯ ᠤᠨ ᠦᠢᠯᠡᠰ ᠢ ᠵᠦᠷᠢᠶᠡᠴᠢᠯᠡᠨ ᠬᠥᠭᠵᠢᠭᠦᠯᠦᠨ᠎ᠡ᠃ ︽ ᠪᠠᠶᠠᠨ | ᠬᠠᠩᠭᠠᠶ ᠲᠠᠯ᠎ᠠ ᠨᠤᠲᠤᠭ᠂ ᠪᠠᠭ᠋ᠠᠷᠤᠮ᠎ᠠ ᠰᠠᠶᠢᠬᠠᠨ ᠤᠨᠠᠭᠠᠨ ᠪᠠᠭᠤᠴᠠ︾ ᠶᠢᠨ ᠵᠤᠭᠠᠴᠠᠯ ᠤᠨ ᠨᠠᠷᠠᠲᠤ ᠲᠥᠷᠥᠯ | ᠲᠡᠮᠳᠡᠭᠲᠦ ᠶᠢᠨ ᠳᠦᠷᠢ ᠲᠥᠷᠬᠦ ᠶᠢ ᠭᠤᠤᠯᠯᠠᠭᠤᠯᠤᠨ᠂ ᠬᠠᠶᠢᠯᠠᠰᠤᠲᠠᠶ ᠭᠤᠤᠯ ᠵᠤᠭᠠᠴᠠᠯ ᠤᠨ ᠣᠷᠣᠨ᠂ ᠮᠠᠨᠵᠤᠲ᠋ᠦ᠋ᠨ | ᠤ ᠪᠠᠶᠢᠭᠠᠯᠢ ᠶᠢᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠱᠦ ᠮᠥ ᠭᠸᠦ᠂ ᠪᠤᠷᠭᠠᠰᠤᠲᠠᠢ ᠶᠢᠨ | ᠵᠤᠭᠠᠴᠠᠯ ᠤᠨ ᠥᠷᠲᠡᠭᠡ ᠶᠢ ᠪᠣᠶ ᠪᠣᠯᠭᠠᠵᠤ᠂ ᠲᠤᠬᠤᠮ ᠤᠨ ᠨᠤᠮᠤ ᠰᠤᠮᠤ ᠶᠢᠨ ᠣᠷᠳᠣᠨ ᠢ ᠪᠠᠶᠢᠭᠤᠯᠤᠨ ᠪᠦᠲᠦᠭᠡᠵᠦ | ᠂ ᠵᠤᠭᠠᠴᠠᠯ ᠤᠨ ᠲᠡᠮᠳᠡᠭ ᠤᠨ ᠫᠠᠶᠢᠰᠠ ᠨᠡᠮᠡᠵᠦ᠂ ᠵᠤᠭᠠᠴᠠᠯ ᠤᠨ ᠵᠣᠷᠯᠣᠩ ᠢ ᠥᠭᠡᠷᠡᠴᠢᠯᠡᠨ ᠳᠡᠭᠡᠭᠰᠢᠯᠡᠭᠦᠯᠬᠦ | ᠢᠨᠵᠧᠨᠧᠷᠢᠩ ᠢ ᠬᠡᠷᠡᠭᠵᠢᠭᠦᠯᠦᠨ᠎ᠡ᠃ ᠠᠳᠤᠭᠤᠨ ᠤ ᠠᠵᠤ ᠦᠢᠯᠡᠰ ᠪᠣᠯᠤᠨ ᠵᠤᠭᠠᠴᠠᠯ ᠤᠨ ᠦᠢᠯᠡᠰ ᠤᠨ | ᠠᠭᠤᠰᠤᠯᠴᠠᠨ ᠠᠬᠢᠭᠤᠯᠬᠤ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠰᠢᠨ᠎ᠡ ᠶᠢ | ᠡᠭᠦᠳᠬᠦ ᠬᠡᠯᠬᠢᠶ᠎ᠡ ᠶᠢ ᠨᠥᠬᠦᠪᠥᠷᠢᠯᠡᠵᠦ᠂ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠵᠤᠭᠠᠴᠠᠯ ᠬᠢᠭᠡᠳ ᠲᠠᠷᠢᠶᠠᠯᠠᠩ ᠮᠠᠯ ᠠᠵᠤ ᠠᠬᠤᠶ᠂ ᠰᠣᠶᠣᠯ᠂ ᠰᠤᠷᠭᠠᠨ ᠬᠥᠮᠦᠵᠢᠯ ᠵᠡᠷᠭᠡ ᠠᠵᠤ ᠦᠢᠯᠡᠰ ᠤᠨ | ᠭᠦᠨᠵᠡᠭᠡᠶ ᠠᠭᠤᠰᠤᠯᠴᠠᠬᠤ ᠶᠢ ᠠᠬᠢᠭᠤᠯᠵᠤ᠂ ︽ᠬᠠᠪᠤᠷ ᠤᠨ ᠤᠯᠠᠷᠢᠯ ᠳᠤ ᠥᠨᠢᠷ ᠴᠡᠴᠡᠭ ᠰᠣᠨᠢᠷᠬᠠᠬᠤ᠂ ᠵᠣᠨ ᠤ | ᠤᠯᠠᠷᠢᠯ ᠳᠤ ᠲᠠᠯ᠎ᠠ ᠨᠤᠲᠤᠭ ᠢᠶᠠᠷ ᠵᠤᠭᠠᠴᠠᠬᠤ᠂ ᠨᠠᠮᠤᠷ ᠤᠨ ᠤᠯᠠᠷᠢᠯ ᠳᠤ ᠲᠤᠲᠤᠷᠭ᠎ᠠ ᠶᠢᠨ ᠲᠡᠯᠡᠶ ᠶᠢ ᠰᠣᠨᠢᠷᠬᠠᠬᠤ᠂ | ᠡᠪᠦᠯ ᠤᠨ ᠤᠯᠠᠷᠢᠯ ᠳᠤ ᠮᠥᠰᠥ ᠴᠠᠰᠤ ᠪᠠᠷ ᠨᠠᠭᠠᠳᠬᠤ︾ ᠪᠥᠬᠦ ᠤᠯᠠᠷᠢᠯ ᠤᠨ ᠵᠤᠭᠠᠴᠠᠯ ᠤᠨ ᠵᠠᠮ ᠱᠤᠭᠤᠮ ᠢ ᠪᠣᠶ | ᠪᠣᠯᠭᠠᠨ᠎ᠠ᠃ ᠬᠢᠩᠭᠠᠨ ᠠᠶᠢᠮᠠᠭ ᠤᠨ ᠨᠠᠭᠠᠳᠤᠮ ᠢ ᠥᠨᠳᠥᠷ ᠪᠠᠷᠢᠮᠵᠢᠶ᠎ᠠ ᠪᠠᠷ ᠳᠠᠭᠠᠭᠠᠴᠢᠯᠠᠨ ᠡᠷᠬᠢᠯᠡᠵᠦ᠂ ︽ᠵᠠᠰᠠᠭᠲᠤ | ᠶᠢᠨ ᠡᠪᠦᠯ ᠤᠨ ᠠᠶᠠᠯᠭᠤ︾ ᠶᠢ ᠰᠢᠨ᠎ᠡ ᠪᠠᠷ ᠡᠷᠬᠢᠯᠡᠵᠦ᠂ ᠤᠯᠠᠭᠠᠨᠮᠤᠳᠤ ᠶᠢᠨ ᠲᠠᠯ᠎ᠠ ᠨᠤᠲᠤᠭ ᠤᠨ ᠰᠣᠶᠣᠯ | ᠵᠤᠭᠠᠴᠠᠯ ᠤᠨ ᠨᠠᠶᠢᠷ ᠢ ᠦᠷᠭᠦᠯᠵᠢᠯᠡᠨ ᠥᠷᠨᠢᠭᠦᠯᠵᠦ᠂ ᠪᠦᠲᠦᠭᠡᠭᠳᠡᠬᠦᠨ ᠤ ᠲᠠᠲᠠᠬᠤ ᠬᠦᠴᠦᠨ ᠢ ᠨᠡᠮᠡᠭᠳᠡᠭᠦᠯᠵᠦ᠂ | ᠵᠤᠭᠠᠴᠠᠯ ᠤᠨ ᠬᠥᠭᠵᠢᠯᠲᠡ ᠶᠢᠨ ᠣᠷᠣᠨ ᠵᠠᠢ ᠶᠢ ᠥᠷᠭᠡᠳᠬᠡᠨ᠎ᠡ᠃ ︽ᠰᠦᠯᠵᠢᠶᠡᠨ ᠳᠠᠬᠢ ᠬᠢᠩᠭᠠᠨ ᠠᠶᠢᠮᠠᠭ︾ ᠤᠨ | ᠲᠠᠪᠴᠠᠩ ᠢ ᠠᠰᠢᠭᠯᠠᠨ᠂ ᠵᠤᠭᠠᠴᠠᠭᠰᠠᠳ ᠤᠨ ᠰᠦᠯᠵᠢᠶᠡᠨ ᠳᠡᠭᠡᠷ᠎ᠡ ᠥᠪᠡᠰᠦᠪᠡᠨ ᠦᠢᠯᠡᠴᠢᠯᠡᠬᠦ ᠦᠢᠯᠡᠴᠢᠯᠡᠭᠡ ᠶᠢ | ᠪᠡᠶᠡᠯᠡᠭᠦᠯᠵᠦ᠂ ᠵᠤᠭᠠᠴᠠᠯ ᠤᠨ ᠠᠵᠤ ᠦᠢᠯᠡᠰ ᠢ ᠰᠣᠶᠣᠯ ᠤᠨ ᠲᠠᠯ᠎ᠠ ᠪᠠᠷ ᠤᠳᠬ᠎ᠠ ᠲᠠᠢ᠂ ᠦᠵᠡᠮᠵᠢ ᠶᠢᠨ ᠲᠠᠯ᠎ᠠ ᠪᠠᠷ | ᠦᠵᠡᠮᠤᠷᠢ ᠲᠠᠢ᠂ ᠠᠵᠤ ᠠᠬᠤᠶ ᠶᠢᠨ ᠲᠠᠯ᠎ᠠ ᠪᠠᠷ ᠠᠰᠢᠭ ᠲᠠᠢ ᠪᠣᠯᠭᠠᠨ᠎ᠠ᠃ | ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠦᠢᠯᠡᠰ ᠢ ᠤᠯᠠᠨ ᠡᠰᠢᠵᠢᠬᠦᠯᠦᠨ ᠬᠥᠭᠵᠢᠭᠦᠯᠦᠨ᠎ᠡ᠃ ᠬᠥᠳᠡᠭᠡ | ᠲᠣᠰᠬᠤᠨ ᠤ ᠡᠯᠧᠺᠲᠷᠣᠨ ᠬᠤᠳᠠᠯᠳᠤᠭ᠎ᠠ ᠶᠢ ᠶᠡᠬᠡᠪᠡᠷ ᠬᠥᠭᠵᠢᠭᠦᠯᠵᠦ᠂ ᠬᠤᠰᠢᠭᠤ ᠰᠢᠶᠠᠩ ᠲᠣᠰᠬᠤᠨ ᠭᠤᠷᠪᠠᠨ | ᠱᠠᠲᠤᠨ ᠤ ᠪᠠᠷᠠᠭᠠᠨ ᠤ ᠬᠦᠢᠯᠬᠡᠬᠡᠨ ᠤ ᠳᠣᠭᠢᠷᠠᠭᠤᠯᠤᠨ ᠬᠦᠷᠭᠡᠬᠦ ᠰᠢᠰᠲ᠋ᠧᠮᠵᠢ ᠶᠢ ᠦᠷᠭᠦᠯᠵᠢᠯᠡᠨ ᠰᠢᠯᠢᠳᠡᠭᠵᠢᠭᠦᠯᠵᠦ᠂ | ᠬᠥᠳᠡᠭᠡ ᠲᠣᠰᠬᠤᠨ ᠤ ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ ᠪᠠᠳᠠᠷᠠᠭᠤᠯᠤᠨ᠎ᠠ᠃ ᠲᠤᠰᠬᠠᠶᠢᠵᠢᠭᠰᠠᠨ | ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠪᠦᠯᠬᠦᠮ ᠢ ᠪᠤᠶᠢᠵᠢᠭᠤᠯᠤᠨ᠂ ᠡᠯᠧᠺᠲᠷᠣᠨ | ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠤᠨ ᠬᠡᠪᠴᠢᠶᠡᠵᠢᠭᠦᠯᠦᠨ ᠬᠥᠭᠵᠢᠭᠦᠯᠬᠦ ᠶᠢ ᠠᠬᠢᠭᠤᠯᠵᠤ᠂ ᠪᠥᠬᠦ | ᠵᠢᠯ ᠳᠤ ᠡᠯᠧᠺᠲᠷᠣᠨ ᠬᠤᠳᠠᠯᠳᠤᠭᠠᠨ ᠤ ᠵᠢᠵᠢᠭ ᠪᠢᠴᠢᠯ ᠠᠵᠤ ᠠᠬᠤᠶᠢᠯᠠᠯ ᠢ ᠠᠳᠠᠯᠢ ᠬᠤᠭᠤᠴᠠᠭᠠᠨ ᠤ ᠬᠢ ᠠᠴᠠ | 30% ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠲᠤᠭ᠎ᠠ ᠶᠢ 2.5 | ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠎ᠠ᠃ ᠪᠡᠭᠡᠵᠢᠩ ᠬᠤᠳᠠ ᠶᠢᠨ ᠬᠥᠮᠥᠷᠭᠡᠯᠡᠨ ᠬᠠᠳᠠᠭᠠᠯᠠᠬᠤ ᠰᠠᠭᠤᠷᠢᠨ | ᠭᠠᠵᠠᠷ ᠤᠨ ᠬᠠᠮᠤᠭ ᠤᠨ ᠶᠡᠭᠡ ᠦᠷ᠎ᠡ ᠠᠰᠢᠭ ᠢ ᠪᠠᠳᠠᠷᠠᠭᠤᠯᠵᠤ᠂ ᠨᠠᠨᠵᠢᠩ ᠬᠤᠳᠠ ᠶᠢᠨ ᠲᠠᠷᠢᠶᠠᠯᠠᠩ ᠤᠨ ᠣᠨᠴᠠ | ᠰᠢᠯᠢᠳᠡᠭ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠲᠥᠪ ᠤᠨ ᠲᠣᠭᠲᠠᠭᠤᠨ ᠢᠶᠠᠷ ᠠᠵᠢᠯᠯᠠᠬᠤ ᠶᠢ ᠲᠦᠯᠬᠢᠨ | ᠠᠬᠢᠭᠤᠯᠤᠨ᠎ᠠ᠃ ᠢᠳᠡᠭᠡᠨ ᠤ ᠬᠦᠷᠢᠶᠡᠯᠡᠩ ᠲᠣᠭᠤᠷᠢᠭ ᠤᠨ ᠦᠵᠡᠰᠬᠦᠯᠡᠩ ᠤᠨ ᠲᠥᠪ ᠤᠨ ᠦᠢᠯᠡᠴᠢᠯᠡᠭᠡᠨ ᠤ | ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠦᠵᠡᠰᠬᠦᠯᠡᠩ ᠤᠨ ᠠᠵᠤ ᠠᠬᠤᠶ ᠪᠠᠷ ᠭᠤᠤᠯ ᠪᠣᠯᠭᠠᠭᠰᠠᠨ | ᠰᠢᠨ᠎ᠡ ᠬᠡᠯᠪᠡᠷᠢ ᠶᠢᠨ ᠠᠵᠤ ᠠᠬᠤᠶ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠦᠷᠭᠡᠳᠬᠡᠨ ᠪᠤᠶᠢᠵᠢᠭᠤᠯᠤᠨ᠎ᠠ᠃ | ᠵᠡᠭᠦᠨ ᠬᠤᠶᠢᠲᠤ ᠠᠽᠢᠶ᠎ᠠ ᠶᠢᠨ ᠢ ᠡᠦ ᠶᠢᠨ ᠤᠯᠠᠨ ᠤᠯᠤᠰ ᠤᠨ ᠬᠤᠳᠠᠯᠳᠤᠭ᠎ᠠ ᠠᠷᠠᠯᠵᠢᠶᠠᠨ ᠤ ᠬᠤᠳᠠ ᠶᠢᠨ | ᠬᠡᠷᠡᠭᠯᠡᠭᠡᠨ ᠤ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠬᠤᠳᠠᠯᠳᠤᠭ᠎ᠠ ᠠᠷᠠᠯᠵᠢᠶᠠᠨ ᠤ ᠶᠠᠪᠠᠭᠠᠨ ᠵᠡᠭᠡᠯᠢ ᠶᠢᠨ | ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠮᠠᠰᠢᠨ ᠲᠡᠷᠭᠡᠨ ᠤ ᠰᠣᠶᠣᠯ ᠤᠨ ᠨᠠᠶᠢᠷ᠂ ᠡᠯᠧᠺᠲᠷᠣᠨ | ᠬᠤᠳᠠᠯᠳᠤᠭᠠᠨ ᠤ ᠰᠤᠶᠤᠯ ᠤᠨ ᠨᠠᠶᠢᠷ ᠵᠡᠷᠭᠡ ᠠᠵᠢᠯᠯᠠᠭ᠎ᠠ ᠶᠢ ᠦᠷᠭᠦᠯᠵᠢᠯᠡᠨ ᠡᠷᠭᠢᠯᠡᠵᠦ᠂ ᠡᠮᠦᠨᠡᠲᠦ ᠬᠤᠰᠢᠭᠤᠨ ᠤ | ︽ᠬᠥᠮᠦᠰ ᠤᠨ ᠬᠦᠷᠢᠶᠡᠯᠡᠯ ᠢ ᠤᠯᠬᠤ︾᠂ ︽ᠨᠡᠷ᠎ᠡ ᠠᠯᠳᠠᠷ ᠢ ᠤᠯᠬᠤ︾᠂ ︽ᠬᠤᠳᠠᠯᠳᠤᠭᠠᠴᠢᠨ ᠤ ᠬᠦᠷᠢᠶᠡᠯᠡᠯ ᠢ | ᠤᠯᠬᠤ︾ ᠠᠵᠢᠯᠯᠠᠭ᠎ᠠ ᠶᠢ ᠠᠬᠢᠭᠤᠯᠤᠨ᠎ᠠ᠃ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠰ ᠢ ᠲᠤᠰᠬᠠᠶᠢᠵᠢᠭᠤᠯᠤᠨ ᠬᠥᠭᠵᠢᠭᠦᠯᠦᠨ᠎ᠡ᠃ ᠤᠯᠤᠰ ᠤᠨ | ᠥᠮᠴᠢᠯᠡᠯ ᠤᠨ ᠬᠤᠳᠠᠯᠳᠤᠭᠠᠨ ᠤ ᠪᠠᠩᠬᠢ ᠶᠢᠨ ᠦᠢᠯᠡᠳᠦᠯ ᠢ ᠪᠠᠳᠠᠷᠠᠭᠤᠯᠵᠤ᠂ ᠵᠠᠰᠠᠭ ᠮᠥᠩᠭᠦ ᠠᠵᠤ ᠠᠬᠤᠶᠢᠯᠠᠯ ᠢ | ᠵᠣᠯᠭᠠᠭᠤᠯᠬᠤ ᠪᠠᠶᠢᠩᠭᠤ ᠶᠢᠨ ᠲᠣᠭᠲᠠᠴᠠ ᠶᠢ ᠪᠠᠶᠢᠭᠤᠯᠵᠤ᠂ ᠮᠥᠩᠭᠦᠨ ᠬᠦᠢᠯᠭᠡᠭᠡᠨ ᠤ ᠦᠢᠯᠡᠴᠢᠯᠡᠭᠡ ᠶᠢ | ᠴᠢᠩᠭᠠᠷᠠᠭᠤᠯᠤᠨ᠂ ᠮᠥᠩᠭᠦᠨ ᠭᠦᠢᠯᠬᠡᠬᠡᠨ ᠤ ᠦᠢᠯᠡᠳᠭᠦᠨ ᠤ ᠰᠢᠨ᠎ᠡ ᠶᠢ ᠡᠭᠦᠳᠴᠦ᠂ ᠢᠲᠡᠭᠡᠮᠵᠢᠲᠦ ᠵᠢᠭᠡᠯᠡᠯᠭᠡ | ᠲᠠᠯᠪᠢᠬᠤ ᠡᠷᠴᠢᠮ ᠢ ᠴᠢᠩᠭᠠᠷᠠᠭᠤᠯᠤᠨ᠎ᠠ᠃ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠠᠮᠢᠳᠤ ᠪᠣᠳᠠᠰ ᠤᠨ | ᠬᠥᠷᠥᠩᠭᠡ ᠶᠢᠨ ᠺᠣᠮᠫᠠᠨᠢ ᠶᠢᠨ ᠨᠡᠪᠴᠢᠭᠦᠯᠬᠦ ᠫᠠᠶᠢᠰᠠ ᠡᠯᠭᠦᠭᠰᠡᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ | ᠤᠯᠤᠰ ᠠᠴᠠ ᠣᠯᠭᠤᠭᠰᠠᠨ ᠪᠠᠷᠠᠭᠤᠨ ᠬᠡᠰᠡᠭ ᠤᠨ ᠭᠠᠵᠠᠷ ᠣᠷᠣᠨ ᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ | ᠭᠠᠷᠴᠤ ᠪᠠᠯᠠ ᠳᠣᠭᠢᠷᠠᠭᠤᠯᠬᠤ᠂ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ᠂ ᠨᠡᠶᠢᠯᠡᠭᠦᠯᠦᠨ ᠬᠤᠳᠠᠯᠳᠤᠨ ᠠᠪᠴᠤ | ᠳᠠᠬᠢᠨ ᠵᠣᠬᠢᠶᠠᠨ ᠪᠠᠶᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠰᠢᠭᠤᠳ ᠪᠠᠯᠠ | ᠳᠣᠭᠢᠷᠠᠭᠤᠯᠬᠤ ᠬᠡᠪᠴᠢᠶ᠎ᠡ ᠶᠢ ᠥᠷᠭᠡᠳᠬᠡᠨ᠎ᠡ᠃ ᠬᠤᠰᠢᠭᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ | ᠲᠦᠷᠢᠮ ᠢ ᠥᠭᠡᠷᠡᠴᠢᠯᠡᠬᠦ ᠲᠠᠷᠢᠶᠠᠯᠠᠩ ᠤᠨ ᠬᠤᠳᠠᠯᠳᠤᠭᠠᠨ ᠤ ᠭᠠᠵᠠᠷ ᠤᠨ ᠠᠬᠢᠴᠠ ᠶᠢ ᠲᠦᠷᠭᠡᠳᠬᠡᠵᠦ᠂ ᠰᠠᠭᠤᠷᠢ | ᠮᠥᠩᠭᠦᠨ ᠤ ᠵᠢᠵᠢᠭ ᠪᠠᠯᠭᠠᠰᠤᠨ ᠤ ᠮᠥᠩᠭᠦᠨ ᠭᠦᠢᠯᠬᠡᠬᠡᠨ ᠤ ᠬᠤᠲᠣᠭᠤᠷ ᠭᠠᠵᠠᠷ ᠤᠨ ᠳᠠᠯᠳᠠ ᠬᠦᠴᠦᠨ ᠢ | ᠠᠭᠤᠳᠠᠯᠵᠤ᠂ ᠡᠳ᠋ ᠪᠠᠶᠠᠯᠢᠭ ᠤᠨ ᠲᠣᠮᠣ ᠠᠰᠠᠷ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ ᠶᠢ | ᠪᠡᠶᠡᠯᠡᠭᠦᠯᠵᠦ᠂ ᠰᠢᠨ᠎ᠡ ᠶᠢ ᠡᠭᠦᠳᠬᠦ ᠪᠠᠷ ᠬᠥᠭᠵᠢᠶᠡᠨᠲᠡᠶ᠂ ᠴᠢᠳᠠᠮᠵᠢ ᠪᠦᠷᠢᠨ᠂ ᠴᠢᠨᠠᠷ ᠴᠢᠨᠰᠠᠭ᠎ᠠ ᠥᠨᠳᠥᠷ ᠮᠥᠩᠭᠦᠨ | ᠬᠦᠢᠯᠬᠡᠬᠡᠨ ᠤ ᠦᠢᠯᠡᠴᠢᠯᠡᠭᠡᠨ ᠤ ᠲᠣᠭᠤᠷᠢᠭ ᠢ ᠪᠠᠶᠢᠭᠤᠯᠤᠨ᠎ᠠ᠃ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ | ᠠᠵᠤ ᠠᠬᠤᠶ ᠶᠢᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠥᠩᠭᠦᠨ ᠭᠦᠢᠯᠭᠡᠭᠡᠨ ᠤ ᠡᠮᠬᠢ | ᠵᠢᠷᠤᠮ ᠢ ᠬᠠᠤᠯᠢ ᠶᠣᠰᠣᠭᠠᠷ ᠬᠠᠮᠠᠭᠠᠯᠠᠨ᠎ᠠ᠃ ᠬᠤᠰᠢᠭᠤᠨ ᠲᠠᠰ ᠤᠨ ᠤᠯᠤᠰ ᠤᠨ ᠥᠮᠴᠢᠯᠡᠯᠲᠦ ᠪᠠᠯᠠ | ᠲᠣᠬᠢᠷᠠᠭᠤᠯᠭ᠎ᠠ ᠶᠢᠨ ᠲᠠᠪᠴᠠᠩ ᠤᠨ ᠥᠭᠡᠷᠡᠴᠢᠯᠡᠯᠲᠡ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ | ᠂ ᠭᠠᠵᠠᠷ ᠰᠢᠷᠣᠶ ᠶᠢ ᠨᠡᠭᠡᠭᠡᠨ ᠠᠰᠢᠭᠯᠠᠬᠤ᠂ ᠲᠥᠷᠥᠯ ᠵᠤᠶᠢᠯ ᠢ ᠣᠷᠣᠯᠠᠨ ᠪᠠᠶᠢᠭᠤᠯᠬᠤ᠂ ᠬᠥᠳᠡᠭᠡ ᠲᠣᠰᠬᠤᠨ ᠤ | ᠥᠮᠴᠢᠯᠡᠬᠦ ᠡᠷᠬᠡ ᠶᠢ ᠠᠷᠠᠯᠵᠢᠶᠠᠯᠠᠬᠤ ᠵᠡᠷᠭᠡ ᠲᠤᠬᠠᠶᠢᠯᠠᠭᠰᠠᠨ ᠠᠵᠢᠯ ᠢ ᠢᠳᠡᠪᠬᠢᠲᠡᠶ ᠥᠷᠨᠢᠭᠦᠯᠵᠦ᠂ ᠤᠯᠤᠰ ᠤᠨ | ᠪᠠᠯᠠ ᠣᠷᠣᠭᠤᠯᠤᠯᠲᠠ ᠶᠢᠨ ᠪᠦᠯᠦᠭᠯᠡᠯ ᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠤᠨ ᠪᠣᠳᠠᠲᠤ ᠬᠦᠴᠦᠨ ᠪᠠ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ᠃ | ︵ᠲᠠᠪᠤ︶ ᠲᠤᠲᠠᠭᠳᠠᠯ ᠢ ᠨᠥᠬᠦᠪᠥᠷᠢᠯᠡᠬᠦ᠂ ᠴᠢᠩᠭ᠎ᠠ ᠪᠠᠭᠤᠷᠠᠶ ᠶᠢ ᠴᠥᠬᠦᠷᠡᠰᠢ ᠥᠬᠡᠶ ᠪᠠᠷᠢᠮᠲᠠᠯᠠᠵᠤ᠂ ᠬᠤᠲᠠ | ᠬᠥᠳᠡᠭᠡ ᠶᠢ ᠨᠢᠭᠡᠳᠦᠯᠲᠡᠶ ᠲᠥᠯᠥᠪᠵᠢᠭᠦᠯᠬᠦ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃ ᠨᠠᠷᠢᠨ ᠨᠢᠮᠪᠠᠶ | ᠲᠥᠯᠥᠪᠵᠢᠭᠦᠯᠵᠦ᠂ ᠨᠠᠷᠢᠯᠢᠭ ᠪᠥᠲᠥᠭᠡᠨ ᠪᠠᠶᠢᠭᠤᠯᠵᠤ᠂ ᠨᠠᠷᠢᠯᠢᠭ ᠬᠠᠮᠢᠶᠠᠷᠬᠤ ᠶᠢ ᠪᠠᠷᠢᠮᠲᠠᠯᠠᠨ᠂ ᠦᠵᠡᠰᠬᠦᠯᠡᠩᠲᠦ | ᠰᠠᠶᠢᠬᠠᠨ ᠠᠮᠢ ᠠᠬᠤᠶ ᠶᠢᠨ ᠡᠮᠦᠨᠡᠲᠦ ᠬᠤᠰᠢᠭᠤ ᠶᠢ ᠲᠦᠷᠭᠡᠳᠬᠡᠨ ᠪᠠᠶᠢᠭᠤᠯᠵᠤ᠂ ᠬᠤᠲᠠ ᠶᠢ ᠨᠠᠩ ᠴᠢᠨᠠᠷ | ᠴᠢᠨᠰᠠᠭ᠎ᠠ ᠲᠠᠢ ᠪᠣᠯᠭᠠᠵᠤ᠂ ᠬᠥᠳᠡᠭᠡ ᠲᠣᠰᠬᠤᠨ ᠢ ᠨᠠᠩ ᠠᠮᠢᠵᠢᠷᠠᠯ ᠤᠨ ᠬᠦᠴᠦᠨ ᠲᠠᠢ ᠪᠣᠯᠭᠠᠵᠤ᠂ ᠣᠷᠴᠢᠨ | ᠲᠣᠭᠤᠷᠢᠨ ᠢ ᠨᠠᠩ ᠭᠤᠶᠢᠳᠠ ᠰᠠᠶᠢᠬᠠᠨ ᠪᠣᠯᠭᠠᠨ᠎ᠠ᠃ | ᠤᠷᠠᠨ ᠲᠠᠷᠬᠠᠨ ᠤ ᠵᠣᠷᠢᠭ ᠰᠠᠨᠠᠭ᠎ᠠ ᠪᠠᠷ ᠬᠤᠳᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠨᠢᠭᠡ | ᠴᠥᠮ᠎ᠡ ᠬᠤᠶᠠᠷ ᠲᠡᠩᠭᠡᠯᠢᠭ ᠲᠦᠷᠪᠡᠨ ᠲᠣᠭᠤᠷᠢᠭ ᠵᠢᠷᠭᠤᠭᠠᠨ ᠬᠦᠷᠢᠶᠡᠯᠡᠩ︾ ᠤᠨ ᠬᠤᠳᠠ ᠶᠢᠨ ᠶᠡᠷᠦᠩᠬᠡᠶ ᠪᠣᠷᠣ | ᠲᠥᠯᠥᠪ ᠤᠨ ᠶᠣᠰᠣᠭᠠᠷ᠂ ᠬᠤᠳᠠ ᠶᠢᠨ ︽ᠡᠮᠦᠨᠡᠬᠢ ᠶᠢ ᠥᠷᠭᠡᠳᠬᠡᠵᠦ ᠤᠮᠠᠷᠠᠰᠢᠬᠢ ᠶᠢ ᠰᠢᠯᠵᠢᠭᠦᠯᠵᠦ | ᠪᠠᠷᠠᠭᠤᠨᠰᠢᠬᠢ ᠶᠢ ᠤᠷᠲᠤᠳᠬᠠᠨ ᠳᠤᠮᠳᠠ ᠵᠡᠷᠭᠡ ᠪᠠᠷ ᠳᠡᠭᠡᠭᠰᠢᠯᠡᠭᠦᠯᠬᠦ︾ ᠢᠨᠵᠧᠨᠧᠷᠢᠩ ᠢ ᠬᠡᠷᠡᠭᠵᠢᠭᠦᠯᠦᠨ᠎ᠡ᠃ | ᠬᠤᠳᠠ ᠶᠢᠨ ᠬᠤᠶᠢᠲᠤ ᠬᠡᠰᠡᠭ ᠤᠨ ᠰᠢᠨ᠎ᠡ ᠲᠣᠭᠤᠷᠢᠭ ᠢ ᠡᠭᠦᠳᠦᠨ ᠪᠠᠶᠢᠭᠤᠯᠬᠤ ᠶᠢᠨ ᠲᠣᠭᠤᠷᠢᠨ ᠳᠤ᠂ ᠲᠢᠶᠠᠨ | ᠵᠢᠶᠤᠤ ᠬᠤᠶᠢᠲᠤ ᠵᠠᠮ᠂ ᠮᠧᠶ ᠶᠤᠸᠠᠨ ᠬᠤᠶᠢᠲᠤ ᠵᠠᠮ ᠵᠡᠷᠭᠡ 10 ᠵᠤᠷᠪᠤᠰ ᠬᠤᠳᠠ ᠶᠢᠨ ᠶᠠᠪᠤᠳᠠᠯ ᠤᠨ ᠵᠠᠮ ᠤᠨ | ᠢᠨᠵᠧᠨᠧᠷᠢᠩ ᠢ ᠬᠡᠷᠡᠭᠵᠢᠭᠦᠯᠵᠦ᠂ ᠤᠳᠤ ᠦᠶ᠎ᠡ ᠶᠢᠨ ᠰᠤᠷᠭᠠᠨ ᠬᠥᠮᠦᠵᠢᠯ ᠤᠨ ᠠᠵᠤ ᠦᠢᠯᠡᠰ ᠤᠨ ᠬᠦᠷᠢᠶᠡᠯᠡᠩ᠂ | ᠰᠣᠶᠣᠯ ᠤᠨ ᠡᠭᠦᠳᠦᠯᠲᠡ ᠶᠢᠨ ᠠᠵᠤ ᠦᠢᠯᠡᠰ ᠤᠨ ᠬᠦᠷᠢᠶᠡᠯᠡᠩ᠂ ᠺᠠᠩ ᠶᠠᠩ ᠠᠵᠤ ᠦᠢᠯᠡᠰ ᠤᠨ ᠬᠦᠷᠢᠶᠡᠯᠡᠩ | ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠭᠤᠣᠯᠳᠠᠯᠭ᠎ᠠ ᠲᠠᠢ ᠪᠠᠷ ᠪᠤᠶᠢᠵᠢᠭᠤᠯᠤᠨ᠎ᠠ᠃ ᠬᠤᠲᠠ ᠶᠢᠨ | ᠡᠮᠦᠨᠡᠬᠢ ᠰᠢᠨ᠎ᠡ ᠲᠣᠭᠤᠷᠢᠭ ᠢ ᠪᠠᠶᠢᠭᠤᠯᠬᠤ ᠶᠢᠨ ᠲᠣᠭᠤᠷᠢᠨ ᠳᠤ᠂ ᠶᠢᠨ ᠪᠢᠨ ᠡᠮᠨᠡᠯᠭᠡ ᠶᠢᠨ ᠰᠤᠪᠢᠯᠠᠯᠲᠠ ᠶᠢᠨ | ᠲᠥᠪ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠢ ᠢᠳᠡᠪᠬᠢᠲᠡᠶ ᠪᠠᠷ ᠠᠬᠢᠭᠤᠯᠵᠤ᠂ ᠵᠢᠷᠦᠬᠡᠨ ᠵᠡᠭᠡᠯᠢ | ᠵᠡᠷᠭᠡ 4 ᠵᠤᠷᠪᠤᠰ ᠬᠤᠲᠠ ᠶᠢᠨ ᠶᠠᠪᠤᠳᠠᠯ ᠤᠨ ᠵᠠᠮ ᠤᠨ ᠢᠨᠵᠧᠨᠧᠷᠢᠩ ᠢ ᠬᠡᠷᠡᠭᠵᠢᠭᠦᠯᠦᠨ᠎ᠡ᠃ ᠬᠤᠲᠠ ᠶᠢᠨ ᠭᠤᠤᠯ | ᠲᠣᠭᠤᠷᠢᠭ ᠢ ᠪᠥᠲᠥᠭᠡᠨ ᠪᠠᠶᠢᠭᠤᠯᠬᠤ ᠶᠢᠨ ᠲᠣᠭᠤᠷᠢᠨ ᠳᠤ᠂ ᠬᠢᠩᠭᠠᠨ ᠤ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ᠂ ᠬᠤᠷᠴᠢᠨ ᠤ ᠲᠠᠯ᠎ᠠ ᠬᠤᠲᠠ ᠶᠢᠨ ᠳᠤᠮᠳᠠᠬᠢ ᠲᠠᠯ᠎ᠠ ᠨᠤᠲᠤᠭ ᠤᠨ ᠲᠥᠷᠥᠯ ᠵᠤᠶᠢᠯ ᠤᠨ ᠠᠬᠢᠴᠠ ᠶᠢ | ᠲᠦᠷᠭᠡᠳᠬᠡᠨ᠎ᠡ᠃ ᠬᠤᠳᠠ ᠶᠢᠨ ᠠᠮᠢ ᠠᠬᠤᠶ ᠶᠢ ᠰᠢᠯᠢᠳᠡᠭᠵᠢᠭᠦᠯᠬᠦ ᠶᠢᠨ ᠲᠣᠭᠤᠷᠢᠨ ᠳᠤ᠂ ᠪᠦᠬᠦ ᠵᠢᠯ ᠳᠤ 85 | ᠲᠦᠮᠡᠨ ᠲᠡᠭᠰᠢ ᠳᠥᠷᠪᠡᠯᠵᠢᠨ ᠮᠧᠲᠷ ᠤᠨ ᠨᠣᠭᠤᠭᠠᠷᠠᠭᠤᠯᠤᠯᠲᠠ ᠶᠢ ᠪᠡᠶᠡᠯᠡᠭᠦᠯᠦᠨ᠎ᠡ᠃ ︽ᠲᠠᠪᠤᠨ ᠨᠠᠭᠤᠷ ᠲᠤᠯᠤᠭᠠᠨ | ᠭᠤᠤᠯ︾᠂ ᠯᠢᠦ ᠱᠦ ᠴᠤᠸᠠᠨ ᠭᠤᠤᠯ ᠤᠨ ᠠᠮᠢ ᠠᠬᠤᠶ ᠶᠢᠨ ᠵᠠᠰᠠᠯᠲᠠ ᠵᠡᠷᠭᠡ ᠬᠤᠲᠠ ᠶᠢᠨ | ᠨᠣᠭᠤᠭᠠᠷᠠᠭᠤᠯᠤᠯᠲᠠ ᠶᠢᠨ ᠦᠵᠡᠮᠵᠢ ᠶᠢᠨ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ︽ᠴᠣᠩᠬᠤ ᠪᠠᠨ | ᠰᠡᠭᠡᠭᠡᠪᠡᠯ ᠨᠣᠭᠤᠭᠠᠨ ᠥᠩᠭᠡ ᠬᠠᠷᠠᠭᠳᠠᠨ᠂ ᠠᠯᠬᠤᠨ ᠭᠠᠷᠪᠠᠯ ᠭᠤᠶᠤ ᠦᠵᠡᠮᠵᠢ ᠦᠵᠡᠭᠳᠡᠨ᠂ ᠰᠡᠯᠡᠬᠦᠴᠡᠵᠦ | ᠲᠤᠭᠤᠷᠢᠪᠠᠯ ᠴᠡᠴᠡᠷᠯᠢᠭ ᠤᠨ ᠲᠦᠷᠦᠭᠳᠡᠯ ᠣᠷᠣᠬᠤ︾ 10 ᠮᠢᠨᠦ᠋ᠲ ᠤᠨ ᠬᠤᠲᠠ ᠶᠢᠨ ᠶᠠᠪᠠᠭᠠᠨ ᠰᠡᠯᠡᠭᠦᠴᠡᠯ ᠤᠨ | ᠲᠣᠭᠤᠷᠢᠭ ᠢ ᠪᠥᠬᠦ ᠲᠠᠯ᠎ᠠ ᠪᠠᠷ ᠪᠠᠶᠢᠭᠤᠯᠤᠨ᠎ᠠ᠃ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠣᠭᠤᠷᠢᠨ ᠳᠤ᠂ | ᠪᠢ ᠬᠦᠶ ᠶᠤᠸᠠᠨ᠂ ᠵᠢᠩ ᠱᠦᠶ ᠸᠠᠨ ᠵᠢᠵᠢᠭ ᠲᠣᠭᠤᠷᠢᠭ ᠤᠨ ᠢᠯᠴᠢ ᠬᠠᠩᠭᠠᠬᠤ ᠬᠤᠭᠤᠯᠠᠶ ᠶᠢᠨ ᠲᠣᠤᠷ ᠢ 23 | ᠺᠢᠯᠣᠮᠧᠲᠷ ᠥᠭᠡᠷᠡᠴᠢᠯᠡᠵᠦ᠂ ᠰᠢᠲᠠᠮᠠᠬᠠᠶ ᠬᠡᠶ ᠶᠢᠨ ᠬᠤᠭᠤᠯᠠᠶ ᠶᠢᠨ ᠱᠤᠭᠤᠮ ᠢ 10 ᠺᠢᠯᠣᠮᠧᠲᠷ ᠳᠡᠪᠢᠰᠦᠨ᠎ᠡ᠃ | ᠵᠠᠰᠠᠭᠲᠤ ᠵᠡᠭᠡᠯᠢ᠂ ᠬᠠᠰᠠᠷ ᠵᠡᠭᠡᠯᠢ ᠵᠡᠷᠭᠡ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠶᠢ | ᠬᠡᠷᠡᠭᠵᠢᠭᠦᠯᠵᠦ᠂ 16 ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠤᠰᠤ ᠬᠠᠩᠭᠠᠬᠤ ᠪᠠᠲᠤᠯᠠᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠲᠠ ᠶᠢᠨ ᠬᠥᠮᠦᠰ ᠤᠨ ᠬᠦᠷᠢᠶᠡᠯᠡᠯ ᠢ ᠲᠥᠪᠯᠡᠷᠡᠭᠦᠯᠬᠦ ᠶᠢᠨ ᠲᠣᠭᠤᠷᠢᠨ ᠳᠤ᠂ | ᠾᠧ ᠫᠠᠨ ᠬᠤᠸᠠ ᠲᠢᠩ᠂ ᠲᠢᠶᠠᠨ ᠷᠦᠢ ᠬᠤᠸᠠ ᠹᠦ᠋ ᠵᠡᠷᠭᠡ ᠵᠢᠵᠢᠭ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠬᠦ ᠲᠠᠯᠠᠪᠠᠶ ᠶᠢ 200 ᠲᠦᠮᠡᠨ ᠲᠡᠭᠰᠢ | ᠳᠥᠷᠪᠡᠯᠵᠢᠨ ᠮᠧᠲᠷ ᠲᠤ ᠬᠦᠷᠦᠭᠦᠯᠬᠦ ᠪᠠᠷ ᠴᠢᠷᠮᠠᠶᠢᠨ᠎ᠠ᠃ ᠳᠥᠭᠦᠮ ᠪᠦᠳᠦᠴᠡᠳᠦ ᠣᠷᠣᠨ ᠰᠠᠭᠤᠴᠠ ᠶᠢ | ᠥᠭᠡᠷᠡᠴᠢᠯᠡᠬᠦ 550 ᠡᠷᠦᠬᠡ ᠶᠢᠨ ᠵᠦᠢᠯᠡᠰ ᠢ ᠲᠦᠷᠭᠡᠪᠴᠢᠯᠡᠨ ᠬᠡᠷᠡᠭᠵᠢᠭᠦᠯᠵᠦ᠂ ᠠᠷᠠᠳ ᠤᠯᠠᠨ ᠤ ᠰᠠᠭᠤᠬᠤ ᠠᠴᠠ | ᠣᠷᠣᠨ ᠰᠠᠭᠤᠴᠠ ᠲᠠᠢ ᠪᠣᠯᠭᠠᠬᠤ ᠶᠢ ᠪᠠᠲᠤᠯᠠᠨ᠎ᠠ᠃ ᠬᠤᠳᠠ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ | ᠲᠣᠭᠤᠷᠢᠨ ᠳᠤ᠂ ᠬᠡᠰᠡᠭ ᠬᠤᠪᠢᠶᠠᠨ ᠳᠠᠭᠠᠭᠠᠴᠢᠯᠠᠬᠤ᠂ ᠴᠠᠭ ᠢ ᠤᠷᠲᠤᠳᠬᠠᠵᠤ ᠲᠣᠭᠤᠷᠢᠨ ᠪᠠᠶᠢᠴᠠᠭᠠᠬᠤ ᠵᠡᠷᠭᠡ | ᠠᠷᠭ᠎ᠠ ᠬᠡᠯᠪᠡᠷᠢ ᠶᠢ ᠠᠪᠴᠤ᠂ ᠵᠠᠮ ᠡᠵᠡᠯᠡᠨ ᠡᠵᠡᠩᠨᠡᠬᠦ᠂ ᠲᠦᠷᠢᠮ ᠠᠴᠠ ᠵᠥᠷᠢᠴᠡᠨ ᠲᠡᠷᠭᠡ ᠵᠣᠭᠰᠣᠭᠠᠬᠤ᠂ | ᠳᠤᠷ᠎ᠠ ᠪᠠᠷ ᠢᠶᠠᠨ ᠪᠠᠷᠢᠯᠭ᠎ᠠ ᠪᠠᠷᠢᠬᠤ ᠵᠡᠷᠭᠡ ᠭᠡᠮ ᠠᠷᠬᠠᠭ ᠢ ᠪᠦᠲᠦᠮᠵᠢᠲᠡᠢ ᠰᠢᠢᠳᠪᠦᠷᠢᠯᠡᠵᠦ᠂ ᠬᠤᠳᠠ ᠶᠢᠨ ︽ | ᠦᠡᠭᠭᠡ ᠲᠦᠷᠰᠦ︾ ᠶᠢ ᠳᠣᠲᠣᠷ᠎ᠠ ᠪᠠᠨ ᠵᠠᠰᠠᠨ ᠴᠢᠮᠡᠭᠯᠡᠵᠦ᠂ ᠭᠠᠳᠠᠨ᠎ᠠ ᠪᠠᠨ ᠲᠦᠷᠢ ᠲᠥᠷᠬᠦ ᠪᠠᠨ ᠱᠤᠭᠤᠵᠤ | ᠬᠤᠳᠠ ᠶᠢᠨ ︽ᠬᠡᠪ ᠨᠠᠮᠪᠠ︾ ᠶᠢ ᠳᠡᠭᠡᠭᠰᠢᠯᠡᠭᠦᠯᠦᠨ᠎ᠡ᠃ | ᠲᠡᠦᠬᠡ ᠶᠢᠨ ᠬᠠᠷᠢᠭᠤᠴᠠᠯᠭ᠎ᠠ ᠪᠠᠷ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠨ᠎ᠠ᠃ ᠬᠥᠬᠡ ᠲᠩᠷᠢ᠂ | ᠴᠡᠩᠬᠡᠷ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠪᠠᠶᠢᠯᠳᠤᠭᠠᠨ ᠤ ᠦᠷ᠎ᠡ ᠪᠦᠲᠦᠭᠡᠯ ᠢ ᠲᠠᠰᠤᠷᠠᠯᠲᠠ ᠥᠬᠡᠶ | ᠥᠷᠭᠡᠳᠬᠡᠨ᠎ᠡ᠃ ︽ᠡᠮᠦᠨᠡᠲᠦ ᠬᠤᠰᠢᠭᠤᠨ ᠤ ᠴᠤᠭ ᠵᠢᠪᠬᠤᠭ᠎ᠠ︾ ᠶᠢ ᠳᠡᠭᠡᠭᠰᠢᠯᠡᠭᠦᠯᠦᠨ᠎ᠡ᠃ ︽ᠲᠠᠷᠠᠬᠠᠶ ᠪᠤᠲᠠᠷᠬᠠᠶ | ᠂ ᠡᠮᠬᠢ ᠵᠠᠮᠪᠠᠷᠠᠭ᠎ᠠ ᠦᠭᠡᠶ᠂ ᠪᠣᠬᠢᠷᠲᠤᠯ ᠲᠠᠢ︾ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠲᠤᠰᠬᠠᠶ ᠴᠡᠭᠴᠡᠯᠡᠨ | ᠵᠠᠰᠠᠵᠤ᠂ ᠡᠨᠧᠷᠭᠢ ᠬᠡᠷᠡᠭᠯᠡᠬᠦ ᠨᠢᠭᠡᠴᠡ᠂ ᠨᠡᠭᠦᠷᠡᠰᠦ ᠰᠢᠲᠠᠭᠠᠬᠤ ᠭᠦᠸᠧᠯᠦ ᠶᠢᠨ ᠴᠡᠪᠡᠷ ᠡᠨᠧᠷᠭᠢ ᠶᠢᠨ | ᠣᠷᠣᠯᠠᠭᠤᠯᠤᠯᠲᠠ ᠶᠢ ᠠᠬᠢᠭᠤᠯᠵᠤ᠂ ᠵᠠᠳᠠᠭᠠᠶ ᠰᠢᠲᠠᠭᠠᠬᠤ ᠶᠢ ᠴᠢᠩᠭ᠎ᠠ ᠬᠢᠵᠠᠭᠠᠷᠯᠠᠵᠤ᠂ ᠭᠤᠤᠯ ᠪᠣᠯᠬᠤ ᠪᠣᠬᠢᠷᠲᠤᠯ | ᠪᠣᠳᠠᠰ ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠪᠠᠭᠠᠰᠬᠠᠨ᠂ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ | ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ︽ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠦᠭᠦᠯᠬᠦ᠂ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ ︽ᠡᠮᠦᠨᠡᠲᠦ | ᠬᠤᠰᠢᠭᠤᠨ ᠤ ᠤᠰᠤᠨ ᠤ ᠴᠢᠨᠠᠷ︾ ᠢ ᠴᠡᠪᠡᠷᠰᠢᠭᠦᠯᠦᠨ᠎ᠡ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ | ᠭᠦᠨᠵᠡᠭᠡᠶᠢᠷᠡᠭᠦᠯᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ ᠶᠢ | ᠭᠤᠤᠯᠳᠠᠯᠭ᠎ᠠ ᠲᠠᠢ ᠴᠢᠩᠭᠠᠳᠬᠠᠨ᠂ ᠭᠤᠤᠯ ︵ᠨᠠᠭᠤᠷ︶ ᠤᠨ ᠳᠠᠷᠤᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠬᠠᠤᠯᠢ ᠠᠴᠠ ᠵᠥᠷᠢᠴᠡᠨ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠪᠥᠬᠦ | ᠲᠠᠯ᠎ᠠ ᠪᠠᠷ ᠴᠠᠭᠠᠵᠠᠯᠠᠨ᠎ᠠ᠃ ᠴᠠᠷᠰᠤᠨ ᠤᠰᠤᠨ ᠴᠥᠭᠦᠷᠥᠮ ᠤᠨ ᠤᠷᠤᠰᠬᠠᠯ ᠤᠨ ᠣᠷᠣᠨ ᠤ ᠤᠰᠤᠨ ᠤ ᠴᠢᠨᠠᠷ ᠢ | ᠴᠡᠪᠡᠷᠰᠢᠭᠦᠯᠬᠦ ᠢᠨᠵᠧᠨᠧᠷᠢᠩ ᠢ ᠠᠬᠢᠭᠤᠯᠵᠤ᠂ ᠰᠢᠶᠠᠩ ᠪᠠᠯᠭᠠᠰᠤ ᠶᠢᠨ ᠤᠤᠭᠤᠬᠤ ᠤᠰᠤᠨ ᠤ ᠡᠬᠢ ᠰᠤᠷᠪᠤᠯᠵᠢ ᠶᠢᠨ | ᠣᠷᠣᠨ ᠤ ᠵᠢᠷᠤᠮᠵᠢᠭᠰᠠᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠬᠡᠷᠡᠭᠵᠢᠭᠦᠯᠦᠨ᠎ᠡ᠃ ︽ᠡᠮᠦᠨᠡᠲᠦ | ᠬᠤᠰᠢᠭᠤᠨ ᠤ ᠥᠩᠭᠡ ᠵᠢᠰᠦ︾ ᠶᠢ ᠭᠤᠶᠣᠯᠠᠨ ᠴᠢᠮᠡᠵᠡᠶ᠃ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ | ᠵᠠᠰᠠᠬᠤ ᠠᠵᠢᠯ ᠢ ᠭᠦᠨᠵᠡᠭᠡᠶᠢᠷᠡᠭᠦᠯᠵᠦ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠦᠷᠭᠦᠯᠵᠢᠯᠡᠨ ᠵᠠᠰᠠᠵᠤ᠂ | ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠡᠮ ᠡᠮᠨᠡᠯᠭᠡ ᠶᠢᠨ ᠬᠠᠶᠠᠭᠳᠠᠮᠠᠯ ᠪᠣᠳᠠᠰ ᠵᠡᠷᠭᠡ ᠶᠢ | ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ | ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠪᠠᠶᠢᠴᠠᠭᠠᠯᠲᠠ ᠶᠢ | ᠤᠭᠲᠤᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠬᠠᠭᠤᠴᠢᠨ ᠦᠷᠢ ᠪᠠᠨ ᠳᠥᠯᠥᠵᠦ ᠳᠠᠭᠤᠰᠬᠠᠨ᠂ ᠰᠢᠨ᠎ᠡ ᠦᠷᠢ | ᠭᠠᠷᠭᠠᠬᠤ ᠦᠬᠡᠢ᠃ | ᠲᠡᠨᠡᠭ ᠡᠪᠦᠭᠡᠨ ᠤ ᠬᠠᠳᠠᠨ ᠵᠣᠷᠢᠭ ᠢᠶᠠᠷ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ G5511᠂ | S203 ᠱᠤᠭᠤᠮ ᠵᠡᠷᠭᠡ 4 ᠵᠤᠷᠪᠤᠰ ᠳᠡᠭᠡᠳᠦ ᠲᠠᠰ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ | ᠠᠬᠢᠴᠠ ᠶᠢ ᠲᠦᠷᠭᠡᠳᠬᠡᠨ᠎ᠡ᠃ ᠬᠢᠯᠢ ᠶᠢᠨ ᠬᠠᠮᠠᠭᠠᠯᠠᠯᠲᠠ ᠶᠢᠨ ᠭᠠᠯ ᠰᠡᠷᠭᠡᠶᠢᠯᠡᠬᠦ ᠵᠠᠮ᠂ ᠲᠤᠬᠤᠮ ᠠᠴᠠ ᠤᠯᠠᠭᠠᠨ | ᠭᠤᠤᠯ ᠬᠥᠷᠬᠦ ᠵᠠᠰᠠᠮᠠᠯ ᠵᠠᠮ ᠤᠨ ᠭᠤᠤᠯ ᠴᠣᠭᠴᠠ ᠶᠢᠨ ᠪᠠᠷᠢᠯᠭ᠎ᠠ ᠶᠢ ᠳᠠᠭᠤᠰᠬᠠᠬᠤ ᠪᠠᠷ ᠴᠢᠷᠮᠠᠶᠢᠵᠤ᠂ ᠯᠢᠩ | ᠳ᠋ᠢᠶᠠᠨ ᠠᠴᠠ ᠪᠣᠭᠳᠠ ᠠᠭᠤᠯᠠ ᠬᠥᠷᠬᠦ᠂ ᠤᠯᠠᠭᠠᠨᠮᠤᠲᠤ ᠠᠴᠠ ᠠᠯᠳᠠᠨ ᠡᠮᠡᠭᠡᠯ ᠬᠥᠷᠬᠦ ᠵᠡᠷᠭᠡ 5 ᠲᠥᠷᠥᠯ | ᠵᠤᠶᠢᠯ ᠤᠨ ᠪᠠᠷᠢᠯᠭ᠎ᠠ ᠳᠠᠭᠤᠰᠴᠤ ᠲᠡᠷᠭᠡ ᠨᠡᠪᠲᠡᠷᠡᠬᠦ ᠶᠢ ᠠᠬᠢᠭᠤᠯᠵᠤ᠂ ᠨᠢᠭᠡ ᠵᠢᠯ ᠤᠨ ᠳᠣᠲᠣᠷ᠎ᠠ 196 ᠺᠢᠯᠣᠮᠧᠲᠷ | ᠵᠠᠮ ᠢ ᠥᠭᠡᠷᠡᠴᠢᠯᠡᠵᠦ ᠥᠷᠭᠡᠳᠬᠡᠨ ᠪᠠᠶᠢᠭᠤᠯᠤᠨ᠎ᠠ᠃ ᠵᠥᠩ ᠭᠤᠸᠠᠩ ᠾᠧ ᠶᠢᠨ 500 ᠺᠢᠯᠤᠸᠤᠯᠲ ᠤᠨ ᠰᠠᠯᠬᠢᠨ | ᠬᠦᠴᠦᠨ ᠤ ᠴᠠᠬᠢᠯᠭᠠᠨ ᠢ ᠬᠦᠷᠭᠡᠬᠦ ᠢᠨᠵᠧᠨᠧᠷᠢᠩ ᠤᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠵᠤ᠂ | ᠰᠣᠯᠣᠨ᠂ ᠬᠤᠷᠴᠢᠨ ᠤ 66 ᠺᠢᠯᠤᠸᠠᠲ ᠤᠨ ᠭᠤᠤᠯ ᠬᠤᠪᠢᠰᠤᠯᠲᠠ ᠶᠢ ᠥᠷᠭᠡᠳᠬᠡᠨ ᠪᠠᠶᠢᠭᠤᠯᠬᠤ ᠢᠨᠵᠧᠨᠧᠷᠢᠩ ᠢ | ᠡᠬᠢᠯᠡᠭᠦᠯᠵᠦ᠂ ᠵᠢᠷᠦᠬᠡᠨ ᠤ ᠤᠯᠠᠭᠠᠨ ᠲᠤᠭ ᠲᠤᠰᠬᠤᠨ ᠤ 66 ᠺᠢᠯᠤᠸᠠᠲ ᠤᠨ ᠴᠠᠬᠢᠯᠭᠠᠨ ᠬᠦᠷᠭᠡᠬᠦ ᠬᠦᠴᠦᠳᠡᠯ | ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠬᠦᠬᠡ ᠮᠠᠯᠵᠢᠯ ᠤᠨ ᠳᠠᠯᠠᠪᠠᠢ ᠠᠴᠠ ᠶᠤᠸᠠᠢ ᠶᠢᠨ ᠮᠠᠯᠵᠢᠯ ᠤᠨ | ᠳᠠᠯᠠᠪᠠᠢ ᠬᠦᠷᠬᠦ ᠱᠤᠭᠤᠮ᠂ ᠳ᠋ᠧ ᠳ᠋ᠠ ᠱᠤᠭᠤᠮ ᠤᠨ 66 ᠺᠢᠯᠣᠸᠠᠲ ᠤᠨ ᠱᠤᠭᠤᠮ ᠤᠨ ᠥᠭᠡᠷᠡᠴᠢᠯᠡᠯᠲᠡ ᠶᠢᠨ | ᠢᠨᠵᠧᠨᠧᠷᠢᠩ ᠢ ᠠᠰᠢᠭᠯᠠᠯᠲᠠ ᠳᠤ ᠣᠷᠣᠭᠤᠯᠬᠤ ᠶᠢ ᠪᠡᠶᠡᠯᠡᠭᠦᠯᠦᠨ᠎ᠡ᠃ 10 ᠺᠢᠯᠣᠸᠠᠲ ᠵᠢᠴᠢ ᠲᠡᠭᠦᠨ ᠠᠴᠠ | ᠳᠣᠷᠣᠭᠰᠢᠬᠢ ᠱᠤᠭᠤᠮ ᠢ 315.1 ᠺᠢᠯᠣᠮᠧᠲᠷ ᠥᠭᠡᠷᠡᠴᠢᠯᠡᠵᠦ ᠥᠷᠭᠡᠳᠬᠡᠨ ᠪᠠᠶᠢᠭᠤᠯᠤᠨ᠎ᠠ᠃ ᠲᠣᠭᠠᠴᠢᠯᠠᠭᠰᠠᠨ | ᠠᠵᠤ ᠠᠬᠤᠶ ᠶᠢᠨ ᠬᠥᠭᠵᠢᠯᠲᠡ ᠶᠢ ᠲᠦᠷᠭᠡᠳᠬᠡᠵᠦ᠂ ᠤᠷᠢᠳᠠᠪᠠᠷ 41 5G ᠳᠣᠬᠢᠶᠠᠨ ᠤ ᠰᠠᠭᠤᠷᠢ ᠥᠷᠲᠡᠭᠡ ᠶᠢᠨ | ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ | ᠴᠢᠳᠠᠪᠤᠷᠢ ᠬᠢᠭᠡᠳ ᠪᠣᠳᠠᠲᠤ ᠴᠣᠭᠴᠠ ᠶᠢᠨ ᠠᠵᠤ ᠠᠬᠤᠶ᠂ ᠨᠡᠶᠢᠭᠡᠮ ᠤᠨ ᠵᠠᠰᠠᠯᠲᠠ᠂ ᠣᠯᠠᠨ ᠨᠡᠶᠢᠲᠡ ᠶᠢᠨ | ᠦᠢᠯᠡᠴᠢᠯᠡᠭᠡ ᠵᠡᠷᠭᠡ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ | ︵ᠵᠢᠷᠭᠤᠭ᠎ᠠ︶ ᠨᠠᠩ ᠶᠡᠭᠡ ᠡᠷᠴᠢᠮ ᠢᠶᠠᠷ ᠪᠣᠳᠠᠲᠠᠶ ᠶᠠᠪᠤᠳᠠᠯ ᠪᠦᠲᠦᠭᠡᠵᠦ᠂ ᠪᠤᠶᠠᠨ ᠵᠢᠷᠭᠠᠯ ᠢ ᠨᠡᠮᠡᠭᠳᠡᠭᠦᠯᠦᠨ᠂ | ᠠᠷᠠᠳ ᠣᠯᠠᠨ ᠤ ᠵᠣᠯ ᠵᠢᠷᠭᠠᠯ ᠤᠨ ᠲᠥᠷᠥᠭᠳᠡᠯ ᠢ ᠨᠡᠮᠡᠭᠳᠡᠭᠦᠯᠦᠨ᠎ᠡ᠃ᠠᠷᠠᠳ ᠲᠦᠮᠡᠨ ᠢᠶᠠᠷ ᠭᠤᠣᠯ ᠪᠣᠯᠭᠠᠬᠤ ᠶᠢ | ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠶᠡᠭᠡ ᠶᠠᠪᠤᠳᠠᠯ᠂ ᠬᠦᠴᠢᠷ ᠶᠠᠪᠤᠳᠠᠯ᠂ ᠪᠠᠴᠢᠮ ᠶᠠᠪᠤᠳᠠᠯ ᠤᠨ | ᠲᠣᠭᠤᠷᠢᠨ ᠳᠤ ᠤᠨᠢᠨ ᠳᠡᠭᠡᠷ᠎ᠡ ᠨᠢ ᠬᠦᠴᠦᠯᠡᠵᠦ᠂ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠦᠷᠭᠦᠯᠵᠢᠯᠡᠨ | ᠬᠦᠴᠦᠯᠡᠵᠦ᠂ ᠰᠠᠶᠢᠨ ᠰᠠᠶᠢᠬᠠᠨ ᠠᠮᠢᠳᠤᠷᠠᠯ ᠢ ᠨᠡᠩ ᠳᠤᠯᠠᠭᠠᠬᠠᠨ ᠪᠣᠯᠭᠠᠵᠤ᠂ ᠠᠷᠠᠳ ᠲᠤ ᠠᠰᠢᠭ ᠬᠦᠷᠲᠡᠭᠡᠬᠦ | ᠰᠢᠯᠭᠠᠯᠲᠠ ᠶᠢ ᠨᠡᠩ ᠴᠢᠨᠠᠷᠯᠢᠭ ᠪᠡᠶᠡᠯᠡᠭᠦᠯᠬᠦ ᠬᠡᠷᠡᠭᠲᠡᠢ᠃ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠩᠭᠤ ᠶᠢᠨ ᠠᠵᠢᠯ ᠢ ᠰᠠᠶᠢᠲᠤᠷ ᠠᠳᠬᠤᠨ᠎ᠠ᠃ ᠠᠷᠠᠳ | ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠡᠬᠢᠯᠡᠩᠭᠦᠳᠡ ᠪᠠᠨ ᠬᠢᠴᠢᠶᠡᠨ | ᠪᠣᠯᠭᠤᠮᠵᠢᠯᠠᠵᠤ᠂ ᠮᠡᠷᠡᠶᠢᠨ ᠴᠢᠷᠮᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠥᠴᠦᠬᠡᠨ | ᠴᠦ ᠰᠤᠯᠠᠷᠠᠭᠤᠯᠤᠯ ᠦᠭᠡᠢ ᠰᠠᠶᠢᠲᠤᠷ ᠬᠢᠬᠦ ᠬᠡᠷᠡᠭᠲᠡᠢ᠃ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ | ᠳᠠᠷᠤᠵᠤ᠂ ︽ᠲᠦᠷᠪᠡᠨ ᠡᠷᠲᠡ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠠᠳᠠᠨ᠎ᠠ ᠠᠴᠠ | ᠤᠷᠤᠬᠤ ᠶᠢ ᠰᠡᠷᠭᠡᠶᠢᠯᠡᠬᠦ᠂ ᠳᠣᠲᠣᠭᠠᠳᠤ ᠳᠤ ᠪᠠᠨ ᠲᠠᠬᠢᠨ ᠨᠡᠮᠡᠭᠳᠡᠬᠦ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ | ᠪᠤᠳᠤᠯᠭ᠎ᠠ ᠶᠢ ᠪᠣᠳᠠᠲᠠᠢ ᠪᠥᠭᠡᠳ ᠨᠠᠷᠢᠯᠢᠭ ᠠᠳᠬᠤᠵᠤ᠂ ᠬᠥᠮᠦᠨ᠂ ᠪᠣᠳᠠᠰ᠂ ᠣᠷᠴᠢᠨ ᠲᠣᠭᠤᠷᠢᠨ ᠢ ᠵᠡᠷᠭᠡᠪᠡᠷ | ᠰᠡᠷᠭᠡᠶᠢᠯᠡᠬᠦ ᠶᠢ ᠪᠠᠷᠢᠮᠲᠠᠯᠠᠨ᠎ᠠ᠃ ᠡᠮᠴᠢᠯᠡᠭᠡᠨ ᠤ ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠵᠤ᠂ ᠪᠥᠭᠡᠮ | ᠬᠦᠴᠢᠯ ᠤᠨ ᠪᠠᠶᠢᠴᠠᠭᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠦᠨ᠂ ᠸᠠᠺᠼᠢᠨ ᠤ ᠲᠠᠷᠢᠯᠭ᠎ᠠ ᠶᠢᠨ ᠠᠵᠢᠯ ᠢ ᠰᠠᠶᠢᠲᠤᠷ | ᠬᠢᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠡᠷᠳᠡᠬᠡᠨ ᠠᠴᠠ ᠢᠯᠡᠷᠡᠭᠦᠯᠬᠦ᠂ ᠲᠦᠷᠭᠡᠨ ᠰᠢᠢᠳᠪᠦᠷᠢᠯᠡᠬᠦ᠂ ᠤᠨᠢᠨ ᠳᠡᠭᠡᠷ᠎ᠡ ᠨᠢ ᠬᠠᠮᠢᠶᠠᠷᠤᠨ | ᠡᠵᠡᠮᠳᠡᠬᠦ᠂ ᠪᠦᠲᠦᠮᠵᠢᠲᠡᠢ ᠠᠪᠤᠷᠠᠨ ᠵᠠᠰᠠᠬᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠦᠷᠢᠨᠰᠢᠬᠦᠯᠵᠦ᠂ ᠰᠡᠷᠭᠡᠶᠢᠯᠡᠨ | ᠡᠵᠡᠮᠳᠡᠬᠦ ᠲᠣᠣᠷ ᠢ ᠤᠯᠠᠮ ᠨᠢᠭᠡ ᠠᠯᠬᠤᠮ ᠨᠢᠭᠲᠠ ᠪᠥᠭᠡᠳ ᠪᠠᠲᠤ ᠰᠦᠯᠵᠢᠵᠦ᠂ ᠬᠢᠯᠪᠠᠷ ᠪᠤᠰᠤ ᠪᠠᠷ ᠣᠯᠤᠭᠰᠠᠨ | ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠪᠠᠲᠤᠲᠠᠶ ᠠᠳᠬᠤᠨ᠎ᠠ᠃ ᠨᠠᠮ ᠤᠨ ᠦᠨᠳᠦᠰᠦᠲᠡᠨ ᠤ | ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ | ᠦᠨᠳᠦᠰᠦᠲᠡᠨ ᠤ ᠠᠵᠢᠯ ᠢ ᠯᠠᠪᠳᠠᠭᠤᠨ ᠪᠠᠲᠤᠲᠠᠢ ᠬᠢᠵᠦ᠂ ᠬᠢᠯᠢ ᠶᠢᠨ ᠭᠠᠳᠠᠨᠠᠬᠢ ᠳᠠᠶᠢᠰᠤᠩᠨᠠᠭᠴᠢ ᠬᠦᠴᠦᠨ ᠤ | ᠨᠡᠪᠴᠢᠯᠲᠡ ᠬᠢᠵᠦ ᠲᠦᠢᠪᠡᠭᠡᠬᠦ ᠪᠠ ᠨᠤᠷᠠᠭᠠᠬᠤ ᠡᠪᠳᠡᠯᠡᠭᠡ ᠬᠢᠬᠦ ᠶᠢ ᠴᠢᠩᠭ᠎ᠠ ᠰᠡᠷᠭᠡᠶᠢᠯᠡᠵᠦ᠂ ᠬᠢᠯᠢ ᠶᠢᠨ ᠳᠣᠲᠣᠷᠠᠬᠢ | ᠭᠤᠣᠯᠳᠠᠯᠭ᠎ᠠ ᠲᠠᠢ ᠬᠥᠮᠦᠰ ᠢ ᠰᠤᠷᠭᠠᠨ ᠬᠥᠮᠦᠵᠢᠭᠦᠯᠵᠦ ᠬᠠᠮᠢᠶᠠᠷᠤᠨ ᠡᠵᠡᠮᠳᠡᠬᠦ ᠪᠠ ᠲᠡᠭᠦᠨ ᠳᠤ ᠴᠣᠬᠢᠯᠲᠠ ᠥᠭᠬᠦ | ᠡᠷᠴᠢᠮ ᠢ ᠪᠦᠬᠦ ᠲᠠᠯ᠎ᠠ ᠪᠠᠷ ᠴᠢᠩᠭᠠᠳᠬᠠᠨ᠎ᠠ᠃ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ | ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠤᠨᠴᠠᠯᠢᠭᠳᠤ ᠭᠠᠴᠠᠭ᠎ᠠ | ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠨᠵᠢᠯᠡᠭᠡᠨ ᠤ | ᠰᠠᠯᠠᠭ᠎ᠠ ᠶᠢᠨ ᠵᠢᠭᠠᠨ ᠰᠤᠳᠤᠯᠬᠤ ᠪᠠ ᠪᠠᠭᠰᠢ ᠶᠢᠨ ᠪᠤᠯᠪᠠᠰᠤᠷᠠᠯ ᠢ ᠴᠢᠩᠭᠠᠳᠬᠠᠨ᠎ᠠ᠃ ︽ᠦᠨᠳᠦᠰᠦᠲᠡᠨ ᠨᠦᠭᠦᠳ | ᠪᠦᠯᠬᠦᠮᠳᠡᠨ ᠨᠢᠭᠡ ᠭᠡᠷ ᠪᠦᠯᠢ ᠪᠤᠯᠬᠤ︾ ᠰᠢᠷᠢᠰ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠥᠷᠭᠡᠨ ᠳᠡᠯᠭᠡᠷ ᠥᠷᠨᠢᠭᠦᠯᠦᠨ᠂ ᠦᠨᠳᠦᠰᠦᠲᠡᠨ ᠨᠦᠭᠦᠳ ᠤᠨ ᠺᠠᠳ᠋ᠷ | ᠣᠯᠠᠨ ᠲᠦᠮᠡᠨ ᠤ ︽ᠬᠤᠶᠠᠷ ᠬᠠᠮᠲᠤ ᠪᠠᠷ︾ ︽ᠭᠤᠷᠪᠠᠨ ᠰᠠᠯᠵᠤ ᠴᠢᠳᠠᠬᠤ ᠥᠬᠡᠶ︾ ︽ᠲᠠᠪᠤ ᠶᠢ ᠮᠡᠳᠡᠷᠡᠬᠦ︾ | ᠦᠵᠡᠯ ᠰᠠᠨᠠᠭᠠᠨ ᠤ ᠰᠠᠭᠤᠷᠢ ᠶᠢ ᠲᠠᠰᠤᠷᠠᠯᠲᠠ ᠥᠬᠡᠶ ᠪᠠᠲᠤᠳᠬᠠᠨ᠎ᠠ᠃ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭ᠎ᠠ ᠠᠳᠬᠤᠵᠤ ᠦᠨᠳᠦᠰᠦᠨ ᠵᠦᠢᠯ ᠢ ᠪᠠᠲᠤᠯᠠᠨ᠎ᠠ᠃ ᠪᠦᠬᠦ | ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠠᠭᠤᠰᠬᠢ ᠲᠣᠭᠤᠰᠣᠲᠤ | ᠡᠪᠡᠳᠴᠢᠨ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠢ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ | ᠨᠢᠭᠡᠳᠦᠯᠲᠡᠶ ᠲᠥᠯᠥᠪᠵᠢᠭᠦᠯᠭᠡ ᠳᠤ ᠵᠣᠯ ᠵᠢᠷᠭᠠᠯ ᠤᠨ ᠬᠦᠷᠢᠶᠡᠯᠡᠩ ᠪᠠ ᠨᠠᠰᠤᠲᠠᠨ ᠢ ᠠᠰᠠᠷᠠᠬᠤ ᠬᠦᠷᠢᠶᠡᠯᠡᠩ ᠢ ᠲᠠᠰ | ᠳᠡᠪᠰᠢᠭᠦᠯᠦᠨ ᠥᠭᠡᠷᠡᠴᠢᠯᠡᠵᠦ᠂ ︽ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ︾ ᠨᠠᠰᠤᠵᠢᠯ ᠤᠨ | ᠠᠰᠠᠷᠠᠮᠵᠢ ᠶᠢᠨ ᠵᠠᠭᠪᠤᠷ ᠢ ᠠᠬᠢᠭᠤᠯᠤᠨ᠂ ᠬᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ ᠶᠢ ᠴᠢᠩᠭᠠᠳᠬᠠᠵᠤ᠂ ᠨᠠᠰᠤᠵᠢᠯ ᠤᠨ ᠠᠰᠠᠷᠠᠮᠵᠢ ᠶᠢᠨ ᠣᠶᠤᠨᠴᠢ ᠦᠢᠯᠡᠴᠢᠯᠡᠬᠡᠨ ᠤ | ᠰᠢᠰᠲ᠋ᠧᠮᠵᠢ ᠶᠢ ᠪᠠᠶᠢᠭᠤᠯᠤᠨ᠎ᠠ᠃ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠲᠥᠪ ᠢ ᠥᠷᠭᠡᠳᠬᠡᠨ | ᠪᠠᠶᠢᠭᠤᠯᠵᠤ᠂ ᠲᠡᠨᠦᠭᠦᠴᠢᠯᠡᠨ ᠭᠤᠶᠢᠷᠠᠨᠴᠢᠯᠠᠭᠴᠢᠳ ᠢ ᠠᠪᠤᠷᠠᠨ ᠲᠤᠰᠠᠯᠠᠬᠤ ᠬᠠᠮᠢᠶᠠᠷᠤᠯᠲᠠ ᠶᠢ ᠴᠢᠩᠭᠠᠳᠬᠠᠨ᠎ᠠ᠃ | ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠ ᠬᠥᠳᠡᠭᠡ ᠲᠣᠰᠬᠤᠨ ᠤ ᠣᠨᠴᠠ | ᠬᠦᠴᠢᠷᠳᠡᠯ ᠲᠠᠢ ᠬᠥᠮᠦᠰ ᠢ ᠠᠰᠠᠷᠠᠨ ᠲᠡᠵᠢᠭᠡᠬᠦ ᠪᠠᠲᠤᠯᠠᠭ᠎ᠠ ᠶᠢᠨ ᠪᠠᠷᠢᠮᠵᠢᠶ᠎ᠠ ᠶᠢ ᠦᠨᠡᠨ ᠬᠦ ᠳᠡᠭᠡᠭᠰᠢᠯᠡᠭᠦᠯᠵᠦ᠂ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠣᠨᠴᠠ | ᠬᠦᠴᠢᠷᠳᠡᠯ ᠲᠠᠢ ᠬᠥᠮᠦᠰ ᠢ ︽ᠭᠠᠭᠴᠠ ᠬᠥᠮᠦᠨ ᠤ ᠡᠷᠦᠭᠡ︾ ᠪᠠᠷ ᠯᠠᠪᠯᠠᠯᠲᠠ ᠪᠣᠯᠭᠠᠵᠤ ᠨᠠᠭᠠᠳᠤ ᠵᠠᠬ᠎ᠠ ᠶᠢᠨ | ᠠᠮᠢᠳᠤᠷᠠᠯ ᠤᠨ ᠴᠡᠷᠢᠭ ᠠᠴᠠ ᠬᠠᠯᠠᠭᠳᠠᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠨᠡᠪᠴᠢᠭᠦᠯᠬᠦ | ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠥᠪᠬᠢᠨᠡᠭᠦᠯᠦᠭᠰᠡᠨ ᠤ ᠲᠠᠷᠠᠭ᠎ᠠ | ᠠᠵᠢᠯ ᠤᠨ ᠪᠠᠶᠢᠷᠢ ᠠᠴᠠ ᠪᠠᠨ ᠪᠠᠭᠤᠭᠰᠠᠨ 274 ᠴᠡᠷᠢᠭ ᠠᠴᠠ ᠬᠠᠯᠠᠭᠳᠠᠭᠰᠠᠳ ᠤᠨ ᠦᠷᠡᠭᠳᠡᠭᠰᠡᠨ | ᠪᠠᠭᠠᠲᠤᠷᠴᠤᠳ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠠᠶᠢᠮᠠᠭ ᠤᠨ ᠲᠠᠰ ᠤᠨ ᠦᠷᠡᠭᠳᠡᠭᠰᠡᠨ | ᠪᠠᠭᠠᠲᠤᠷᠴᠤᠳ ᠢ ᠳᠤᠷᠠᠰᠬᠠᠬᠤ ᠠᠭᠤᠳᠠᠮ ᠲᠠᠯᠠᠪᠠᠶ ᠶᠢ ᠡᠭᠦᠳᠦᠨ ᠪᠠᠶᠢᠭᠤᠯᠤᠨ᠎ᠠ᠃ | ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠠᠷᠭ᠎ᠠ ᠬᠡᠮᠵᠢᠶ᠎ᠡ ᠶᠢ ᠣᠨᠣᠪᠴᠢᠲᠠᠶ ᠠᠳᠬᠤᠨ᠎ᠠ᠃ ᠠᠵᠤ | ᠠᠬᠤᠶᠢᠯᠠᠯ ᠢ ᠳᠡᠮᠵᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠪᠠ ᠦᠨᠳᠦᠰᠦᠨ | ᠵᠤᠶᠢᠯ ᠢ ᠪᠠᠲᠤᠯᠠᠨ ᠲᠥᠪᠬᠢᠨᠡᠭᠦᠯᠬᠦ ᠠᠵᠢᠯ ᠢ ᠰᠠᠶᠢᠲᠤᠷ ᠬᠢᠵᠦ᠂ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠵᠢᠬᠤ | ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ᠂ ᠠᠵᠢᠯ ᠤᠯᠬᠤ ᠳᠤ ᠬᠦᠴᠢᠷᠲᠡᠶ ᠬᠥᠮᠦᠰ ᠵᠡᠷᠭᠡ ᠭᠤᠤᠯᠳᠠᠯᠭ᠎ᠠ ᠲᠠᠢ | ᠬᠥᠮᠦᠰ ᠤᠨ ᠠᠵᠢᠯ ᠤᠯᠬᠤ ᠶᠢ ᠦᠨᠡᠨᠬᠦ ᠰᠢᠢᠳᠪᠦᠷᠢᠯᠡᠨ᠎ᠡ᠃ ᠠᠳᠠᠯ ᠦᠢᠯᠡᠰ ᠴᠣᠭᠴᠠᠯᠠᠬᠤ ᠪᠠᠷ ᠠᠵᠢᠯ | ᠣᠯᠭᠤᠯᠲᠠ ᠶᠢ ᠳᠠᠶᠢᠴᠢᠯᠠᠬᠤ ᠶᠢ ᠳᠡᠮᠵᠢᠵᠦ᠂ ᠠᠵᠢᠯ ᠣᠯᠭᠤᠬᠤ ᠠᠳᠠᠯ ᠦᠢᠯᠡᠰ ᠴᠣᠭᠴᠠᠯᠠᠬᠤ 3 ᠠᠴᠢᠶᠠᠯᠠᠪᠤᠷᠢ ᠶᠢ | ᠰᠢᠨ᠎ᠡ ᠪᠠᠷ ᠨᠡᠮᠡᠭᠳᠡᠭᠦᠯᠦᠨ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢᠨ ᠨᠡᠪᠴᠢᠭᠦᠯᠬᠦ ᠰᠠᠭᠤᠷᠢᠨ | ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ 20 ᠲᠥᠷᠥᠯ | ᠵᠤᠶᠢᠯ ᠤᠨ ᠳᠠᠯᠳᠠ ᠬᠦᠴᠦᠨ ᠢᠶᠠᠷ ᠶᠡᠭᠡ᠂ ᠵᠢᠱᠢᠶ᠎ᠡ ᠦᠵᠡᠭᠦᠯᠬᠦ ᠦᠷ᠎ᠡ ᠪᠦᠲᠦᠮᠵᠢ ᠪᠠᠷ ᠰᠠᠶᠢᠨ ᠠᠩᠬ᠎ᠠ ᠡᠭᠦᠳᠬᠦ | ᠬᠡᠯᠪᠡᠷᠢ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠨ᠎ᠠ᠃ ᠪᠦᠬᠦ ᠵᠢᠯ ᠳᠤ ᠬᠤᠳᠠ ᠪᠠᠯᠭᠠᠰᠤᠨ ᠤ 1500 | ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ | ᠨᠤᠷᠮ᠎ᠠ ᠶᠢ 4.5% ᠶᠢᠨ ᠳᠣᠲᠣᠷ᠎ᠠ ᠬᠢᠵᠠᠭᠠᠷᠯᠠᠵᠤ᠂ ᠠᠵᠢᠯ ᠦᠯᠦ ᠤᠯᠤᠭᠰᠠᠳ ᠤᠨ ᠭᠡᠷ ᠪᠦᠯᠢ ᠶᠢ | ᠬᠥᠳᠡᠯᠦᠩᠭᠦᠶ ᠪᠠᠷ ᠦᠭᠡᠢ ᠪᠣᠯᠭᠠᠬᠤ ᠶᠢ ᠦᠨᠡᠨ ᠬᠦ ᠪᠠᠲᠤᠯᠠᠨ᠎ᠠ᠃ ᠪᠡᠭᠡᠵᠢᠩ ᠥᠪᠥᠷ ᠮᠣᠩᠭᠤᠯ ᠤᠨ ᠬᠥᠳᠡᠯᠮᠦᠷᠢ | ᠦᠢᠯᠡᠴᠢᠯᠡᠬᠡᠨ ᠤ ᠬᠠᠮᠵᠢᠯᠴᠠᠭ᠎ᠠ ᠶᠢᠨ ᠡᠷᠴᠢᠮ ᠢ ᠴᠢᠩᠭᠠᠷᠠᠭᠤᠯᠵᠤ᠂ ᠬᠡᠷ ᠤᠨ ᠶᠠᠪᠤᠳᠠᠯ ᠤᠨ ᠦᠢᠯᠡᠴᠢᠯᠡᠭᠡ᠂ | ᠭᠠᠷ ᠢᠶᠠᠷ ᠰᠦᠯᠵᠢᠵᠦ ᠪᠣᠯᠪᠠᠰᠤᠷᠠᠭᠤᠯᠬᠤ ᠨᠠᠷᠠᠲᠤ ᠲᠥᠷᠥᠯ ᠲᠡᠮᠳᠡᠭᠲᠦ ᠶᠢ ᠭᠤᠤᠯᠳᠠᠯᠭ᠎ᠠ ᠲᠠᠢ ᠪᠣᠶ ᠪᠣᠯᠭᠠᠵᠤ᠂ ︽ | ᠬᠦᠯᠦᠰᠦᠨ ᠠᠵᠢᠯᠴᠢᠨ ᠤ ᠰᠢᠭᠤᠳ ᠨᠡᠪᠲᠡᠷᠡᠬᠦ ᠲᠡᠷᠭᠡ︾ ᠵᠡᠷᠭᠡ ᠠᠴᠢᠶᠠᠯᠠᠪᠤᠷᠢ ᠶᠢ ᠰᠠᠶᠢᠲᠤᠷ ᠬᠡᠷᠡᠭᠯᠡᠵᠦ᠂ | ᠮᠠᠯᠵᠢᠬᠤ ᠲᠠᠷᠢᠶᠠᠯᠠᠬᠤ ᠣᠷᠣᠨ ᠢ ᠰᠢᠯᠵᠢᠭᠦᠯᠦᠨ ᠠᠵᠢᠯ ᠣᠯᠭᠤᠬᠤ ᠶᠢ ᠵᠣᠬᠢᠶᠠᠨ ᠪᠠᠶᠢᠭᠤᠯᠤᠭᠰᠠᠨ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠴᠢᠳᠠᠪᠤᠷᠢᠲᠠᠨ ᠢ ᠬᠥᠮᠦᠵᠢᠭᠦᠯᠬᠦ ︽ᠮᠢᠩᠭᠠᠨ ᠬᠥᠮᠦᠨ ᠤ ᠲᠥᠯᠥᠪᠯᠡᠭᠡ︾ ᠶᠢ ᠭᠦᠨᠵᠡᠭᠡᠶ | ᠬᠡᠷᠡᠭᠵᠢᠭᠦᠯᠵᠦ᠂ ᠦᠨᠳᠦᠰᠦᠨ ᠱᠠᠲᠤᠨ ᠳᠤ 100 ᠨᠡᠷᠡᠰ ᠴᠢᠳᠠᠪᠤᠷᠢᠲᠠᠨ ᠢ ᠣᠷᠣᠭᠤᠯᠤᠨ ᠠᠪᠴᠢᠷᠠᠵᠤ | ᠨᠥᠭᠡᠴᠡᠯᠡᠨ᠎ᠡ᠃ | ᠰᠤᠷᠭᠠᠨ ᠬᠥᠮᠦᠵᠢᠯ ᠤᠨ ᠶᠠᠰᠤ ᠴᠢᠨᠠᠷ ᠤᠨ ᠳᠡᠭᠡᠭᠰᠢᠯᠡᠯᠲᠡ ᠶᠢ ᠨᠠᠷᠢᠨ ᠠᠳᠬᠤᠨ᠎ᠠ᠃ ᠦᠨᠳᠦᠰᠦᠲᠡᠨ ᠤ | ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠨᠡᠶᠢᠳᠡᠮ | ᠬᠠᠷᠠᠭᠠᠯᠵᠠᠬᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠥᠭᠵᠢᠭᠦᠯᠬᠦ ᠶᠢ ᠲᠦᠯᠬᠢᠨ | ᠠᠬᠢᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ ᠤᠯᠠᠨ | ᠶᠠᠩᠵᠤᠴᠢᠯᠠᠬᠰᠠᠨ ᠬᠥᠭᠵᠢᠯᠲᠡ ᠶᠢ ᠵᠣᠷᠢᠭᠵᠢᠭᠤᠯᠤᠨ᠂ ᠣᠨᠴᠠᠭᠠᠶ ᠰᠤᠷᠭᠠᠨ ᠬᠥᠮᠦᠵᠢᠯ ᠢ ᠠᠩᠬᠠᠷᠤᠨ | ᠬᠠᠯᠠᠮᠵᠢᠯᠠᠬᠤ ᠶᠢ ᠴᠢᠬᠤᠯᠠᠴᠢᠯᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠳᠪᠦᠷᠢᠯᠡᠯ ᠪᠠ ᠰᠤᠷᠭᠠᠨ | ᠬᠥᠮᠦᠵᠢᠯ ᠤᠨ ᠠᠭᠤᠰᠤᠯᠴᠠᠯ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠤᠨ᠎ᠠ᠃ | ᠰᠤᠷᠭᠠᠨ ᠬᠥᠮᠦᠵᠢᠯ ᠤᠨ ᠪᠠᠶᠢᠷᠢᠰᠢᠯ ᠢ ᠰᠢᠯᠢᠳᠡᠭᠵᠢᠭᠦᠯᠵᠦ᠂ ᠭᠤᠷᠪᠠᠳᠤᠭᠠᠷ ᠪᠠᠭ᠎ᠠ ᠰᠤᠷᠭᠠᠭᠤᠯᠢ ᠶᠢ ᠡᠭᠦᠳᠦᠨ | ᠪᠠᠶᠢᠭᠤᠯᠵᠤ᠂ ᠳᠥᠷᠪᠡᠳᠦᠭᠡᠷ ᠬᠡᠦᠬᠡᠳ ᠤᠨ ᠴᠡᠴᠡᠷᠯᠢᠭ ᠢ ᠡᠬᠢᠯᠡᠵᠦ ᠬᠡᠷᠡᠭᠯᠡᠨ᠎ᠡ᠃ ᠰᠤᠷᠭᠠᠭᠤᠯᠢ ᠡᠷᠭᠢᠯᠡᠬᠦ | ᠨᠥᠬᠦᠴᠡᠯ ᠢ ᠰᠠᠶᠢᠵᠢᠷᠠᠭᠤᠯᠤᠨ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠥᠯ ᠪᠥᠮᠪᠦᠭᠡ ᠶᠢᠨ ᠣᠷᠳᠣᠨ ᠢ | ᠰᠢᠨ᠎ᠡ ᠪᠠᠷ ᠪᠠᠶᠢᠭᠤᠯᠵᠤ᠂ ᠨᠢᠭᠡᠳᠦᠭᠡᠷ ᠪᠠᠭ᠎ᠠ ᠰᠤᠷᠭᠠᠭᠤᠯᠢ᠂ ᠰᠣᠯᠣᠨ ᠪᠠᠭ᠎ᠠ ᠰᠤᠷᠭᠠᠭᠤᠯᠢ᠂ ᠵᠢᠷᠦᠬᠡᠨ ᠳᠤᠮᠳᠠᠳᠤ | ᠪᠠᠭ᠎ᠠ ᠰᠤᠷᠭᠠᠭᠤᠯᠢ ᠶᠢ ᠥᠷᠭᠡᠳᠬᠡᠨ ᠪᠠᠶᠢᠭᠤᠯᠵᠤ᠂ ᠭᠠᠴᠠᠭ᠎ᠠ ᠲᠣᠰᠬᠤᠨ ᠤ ᠬᠡᠤᠬᠡᠳ ᠤᠨ ᠴᠡᠴᠡᠷᠯᠢᠭ ᠢ ᠰᠡᠯᠪᠢᠨ | ᠵᠠᠰᠠᠵᠤ ᠥᠭᠡᠷᠡᠴᠢᠯᠡᠨ᠎ᠡ᠃ ᠳᠡᠭᠡᠳᠦ ᠲᠠᠰ ᠳᠠᠪᠬᠤᠷᠭ᠎ᠠ ᠶᠢᠨ ᠰᠤᠷᠭᠠᠨ ᠬᠥᠮᠦᠵᠢᠯ ᠤᠨ ᠴᠢᠳᠠᠪᠤᠷᠢᠲᠠᠨ ᠢ | ᠦᠷᠭᠦᠯᠵᠢᠯᠡᠨ ᠣᠷᠣᠭᠤᠯᠤᠨ ᠠᠪᠴᠢᠷᠠᠵᠤ᠂ ᠬᠤᠲᠠ ᠬᠥᠳᠡᠭᠡ ᠶᠢᠨ ᠪᠠᠭᠰᠢ ᠶᠢ ᠰᠣᠯᠢᠯᠴᠠᠭᠤᠯᠤᠨ ᠠᠵᠢᠯ ᠤᠨ ᠪᠠᠶᠢᠷᠢ | ᠡᠭᠡᠯᠵᠢᠯᠡᠭᠦᠯᠬᠦ ᠬᠤᠰᠢᠭᠤᠨ ᠤ ᠪᠠᠭᠰᠢ ᠶᠢᠨ ᠬᠥᠭᠵᠢᠯᠲᠡ ᠶᠢᠨ ᠲᠥᠪ ᠤᠨ ᠦᠢᠯᠡᠳᠦᠯ ᠢ ᠪᠠᠳᠠᠷᠠᠭᠤᠯᠵᠤ᠂ ᠬᠠᠶ ᠳ᠋ᠢᠶᠠᠨ | ᠲᠣᠭᠤᠷᠢᠭ ᠤᠨ ᠰᠤᠷᠭᠠᠨ ᠬᠥᠮᠦᠵᠢᠯ ᠤᠨ ᠵᠥᠪᠯᠡᠯ᠂ ᠪᠡᠭᠡᠵᠢᠩ ᠤᠨ ᠣᠶ ᠰᠢᠭᠤᠶ ᠶᠢᠨ ᠶᠡᠭᠡ ᠰᠤᠷᠭᠠᠭᠤᠯᠢ᠂ | ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠵᠡᠷᠭᠡ ᠰᠤᠷᠭᠠᠨ ᠬᠥᠮᠦᠵᠢᠯ ᠤᠨ ᠡᠬᠢ ᠪᠠᠶᠠᠯᠢᠭ ᠲᠤ | ᠲᠦᠰᠢᠭᠯᠡᠨ᠂ ᠡᠯ᠎ᠡ ᠲᠥᠷᠥᠯ ᠤᠨ ᠰᠤᠳᠤᠯᠤᠨ ᠪᠣᠯᠪᠠᠰᠤᠷᠠᠭᠤᠯᠬᠤ ᠠᠵᠢᠯᠯᠠᠭ᠎ᠠ ᠶᠢ ᠥᠷᠨᠢᠭᠦᠯᠵᠦ᠂ ᠬᠤᠶᠠᠷ | ᠡᠩᠨᠡᠭᠡ ᠶᠢᠨ ᠬᠡᠪ ᠴᠢᠨᠠᠷ ᠢ ᠳᠡᠭᠡᠭᠰᠢᠯᠡᠭᠦᠯᠦᠨ᠎ᠡ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠠᠳᠬᠤᠨ᠎ᠠ᠃ ᠤᠷᠢᠳᠴᠢᠯᠠᠨ | ᠰᠡᠷᠭᠡᠶᠢᠯᠡᠬᠦ ᠪᠠᠷ ᠭᠤᠣᠯ ᠪᠣᠯᠭᠠᠵᠤ᠂ ᠰᠡᠷᠭᠡᠶᠢᠯᠡᠨ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠨ᠂ ᠡᠷᠡᠭᠦᠯ | ᠡᠩᠬᠡ ᠶᠢᠨ ᠡᠮᠦᠨᠡᠲᠦ ᠬᠤᠰᠢᠭᠤᠨ ᠤ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠎ᠠ᠃ ᠬᠤᠰᠢᠭᠤᠨ ᠤ | ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ ᠰᠠᠯᠠᠭ᠎ᠠ᠂ ᠡᠪᠡᠳᠴᠢᠲᠡᠨ ᠤ ᠥᠷᠥᠭᠡ ᠶᠢᠨ ᠠᠰᠠᠷ ᠤᠨ | ᠥᠭᠡᠷᠡᠴᠢᠯᠡᠯᠲᠡ ᠶᠢ ᠡᠬᠢᠯᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠣᠬᠢᠷ ᠤᠰᠤ ᠶᠢ | ᠰᠢᠢᠳᠪᠦᠷᠢᠯᠡᠬᠦ ᠰᠢᠰᠲ᠋ᠧᠮ ᠢ ᠪᠦᠷᠢᠨᠰᠢᠬᠦᠯᠦᠨ᠂ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ᠂ ᠵᠢᠷᠦᠬᠡᠨ ᠲᠥᠪ | ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠬᠡᠷ ᠢ ᠠᠰᠢᠭᠯᠠᠯᠲᠠ ᠳᠤ | ᠣᠷᠣᠭᠤᠯᠬᠤ ᠶᠢ ᠪᠡᠶᠡᠯᠡᠭᠦᠯᠦᠨ᠎ᠡ᠃ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠦᠢᠯᠡᠰ ᠢ | ᠶᠡᠬᠡᠪᠡᠷ ᠬᠡᠷᠡᠭᠵᠢᠭᠦᠯᠵᠦ᠂ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠬᠦᠷᠢᠶᠡᠯᠡᠩ ᠢ ᠲᠦᠯᠬᠢᠨ ᠠᠬᠢᠭᠤᠯᠵᠤ | ᠂ ᠬᠤᠶᠠᠳᠤᠭᠠᠷ ᠳᠡᠰ ᠤᠨ ᠡᠮ ᠡᠮᠨᠡᠯᠭᠡ ᠡᠷᠡᠭᠦᠯ ᠮᠡᠨᠳᠦ ᠶᠢ ᠬᠠᠮᠠᠭᠠᠯᠠᠬᠤ ᠪᠠᠶᠢᠭᠤᠯᠤᠮᠵᠢ ᠪᠣᠯᠭᠠᠨ ᠳᠡᠪᠰᠢᠭᠦᠯᠦᠨ᠎ᠡ᠃ | ᠮᠣᠩᠭᠤᠯ ᠬᠢᠲᠠᠳ ᠡᠮᠨᠡᠯᠭᠡ ᠶᠢᠨ ᠳᠣᠭᠢᠷᠠᠬᠤ ᠮᠡᠷᠭᠡᠵᠢᠯ ᠢ ᠳᠡᠯᠭᠡᠷᠡᠭᠦᠯᠵᠦ᠂ ᠡᠮᠴᠢᠯᠡᠭᠡᠨ ᠤ ᠦᠢᠯᠡᠴᠢᠯᠡᠭᠡ ᠳᠤ | ᠲᠥᠬᠦᠮ ᠦᠵᠡᠭᠦᠯᠬᠦ᠂ ᠬᠡᠷ ᠪᠦᠯᠢ ᠶᠢᠨ ᠤᠨᠴᠠᠭᠠᠢ ᠬᠠᠷᠢᠯᠴᠠᠬᠤ ᠬᠥᠮᠦᠨ᠂ ᠬᠡᠷ ᠪᠦᠯᠢ ᠶᠢᠨ ᠡᠮᠴᠢ ᠶᠢᠨ ᠭᠡᠷ᠎ᠡ | ᠲᠣᠭᠲᠠᠬᠤ ︽ᠭᠤᠷᠪᠠ ᠶᠢ ᠪᠦᠷᠢᠨ ᠪᠥᠷᠬᠦᠭᠦᠯᠬᠦ︾ ᠶᠢ ᠪᠡᠶᠡᠯᠡᠭᠦᠯᠦᠨ᠎ᠡ᠃ ᠣᠨᠳᠣᠣ ᠭᠠᠵᠠᠷ ᠲᠤ ᠡᠮᠨᠡᠭᠦᠯᠦᠭᠰᠡᠨ | ᠵᠠᠷᠤᠳᠠᠯ ᠢ ᠰᠢᠭᠤᠳ ᠲᠠᠰᠤᠯᠤᠨ ᠪᠤᠳᠤᠬᠤ ᠬᠡᠪᠴᠢᠶ᠎ᠡ ᠶᠢ ᠥᠷᠭᠡᠳᠬᠡᠵᠦ᠂ ᠱᠠᠳᠤ ᠬᠤᠪᠢᠶᠠᠨ ᠣᠨᠣᠰᠢᠯᠠᠨ ᠡᠮᠨᠡᠬᠦ | ᠲᠦᠷᠢᠮ ᠢ ᠲᠡᠭᠦᠯᠳᠡᠷᠵᠢᠭᠦᠯᠦᠨ᠂ ᠦᠨᠳᠦᠰᠦᠨ ᠱᠠᠲᠤᠨ ᠤ ᠣᠨᠣᠰᠢᠯᠠᠨ ᠡᠮᠨᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ | ︽ᠢᠨᠲ᠋ᠧᠷ ᠰᠦᠯᠵᠢᠶ᠎ᠡ + ᠡᠮ ᠡᠮᠨᠡᠯᠭᠡ ᠡᠷᠡᠭᠦᠯ ᠮᠡᠨᠳᠤ︾ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | ᠤᠯᠠᠨ ᠨᠡᠶᠢᠲᠡ ᠶᠢᠨ ᠰᠣᠶᠣᠯ ᠤᠨ ᠬᠠᠩᠭᠠᠯᠭ᠎ᠠ ᠶᠢ ᠨᠠᠷᠢᠯᠢᠭ ᠠᠳᠬᠤᠨ᠎ᠠ᠃ ᠪᠦᠬᠦ ᠵᠢᠯ ᠳᠤ 3 ᠰᠢᠯᠢᠳᠡᠭ | ᠲᠣᠭᠯᠠᠯᠲᠠ ᠶᠢᠨ ᠵᠦᠴᠦᠭᠡ ᠶᠢ ᠡᠭᠦᠳᠦᠨ ᠨᠠᠶᠢᠷᠠᠭᠤᠯᠵᠤ᠂ 12 ᠲᠠᠯᠠᠪᠠᠢ ᠤᠷᠠᠨ ᠰᠠᠶᠢᠬᠠᠨ ᠤ ᠲᠣᠭᠯᠠᠯᠲᠠ ᠶᠢ | ᠲᠤᠰᠬᠠᠶ ᠥᠷᠨᠢᠭᠦᠯᠵᠦ᠂ 21 ᠲᠠᠯᠠᠪᠠᠢ ᠲᠤᠮᠤ ᠬᠡᠯᠪᠡᠷᠢ ᠶᠢᠨ ᠰᠣᠶᠣᠯ ᠤᠨ ᠠᠵᠢᠯᠯᠠᠭ᠎ᠠ ᠶᠢ ᠡᠷᠬᠢᠯᠡᠵᠦ᠂ ᠰᠣᠶᠣᠯ ᠤᠨ | ᠵᠥᠭᠡᠯᠡᠨ ᠪᠣᠳᠠᠲᠤ ᠬᠦᠴᠦᠨ ᠢ ᠰᠢᠨ᠎ᠡ ᠥᠷᠢᠰᠥᠯᠳᠦᠬᠦ ᠬᠦᠴᠦᠨ ᠪᠣᠯᠭᠠᠨ᠎ᠠ᠃ ᠦᠨᠳᠦᠰᠦᠲᠡᠨ ᠤ ᠰᠢᠯᠢᠳᠡᠭ | ᠰᠣᠶᠣᠯ ᠢ ᠠᠭᠤᠳᠠᠯᠵᠤ᠂ ᠲᠡᠦᠬᠡ ᠰᠣᠶᠣᠯ ᠤᠨ ᠰᠤᠳᠠᠰᠤ ᠶᠢᠨ ᠳᠤᠷᠠᠰᠤᠮᠵᠢ ᠶᠢ ᠦᠷᠭᠦᠯᠵᠢᠯᠡᠭᠦᠯᠵᠦ᠂ ︽ | ᠵᠠᠰᠠᠭᠲᠤ ᠶᠢᠨ ᠨᠡᠷᠡᠳᠦ ᠬᠥᠮᠦᠰ ᠤᠨ ᠲᠡᠮᠳᠡᠭᠯᠡᠯ︾ ᠢ ᠨᠠᠶᠢᠷᠠᠭᠤᠯᠤᠨ ᠵᠣᠬᠢᠶᠠᠵᠤ᠂ ᠰᠢᠯᠢᠳᠡᠭ ᠤᠯᠠᠮᠵᠢᠯᠠᠯᠲᠤ | ᠰᠣᠶᠣᠯ ᠢ ᠪᠦᠲᠦᠭᠡᠯᠴᠢ ᠪᠠᠷ ᠬᠤᠪᠢᠷᠠᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ ᠠᠬᠢᠭᠤᠯᠤᠨ᠎ᠠ᠃ | ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠬᠠᠮᠠᠭᠠᠯᠠᠯᠲᠠ ᠬᠠᠮᠢᠶᠠᠷᠤᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠦᠷᠭᠡᠨ ᠲᠡᠰᠢᠯᠲᠡ ᠶᠢᠨ ᠣᠷᠳᠣᠨ ᠪᠠ ᠪᠠᠷᠢᠮᠵᠢᠶᠠᠵᠢᠭᠤᠯᠤᠭᠰᠠᠨ ᠬᠦᠯ | ᠪᠥᠮᠪᠦᠭᠡ ᠶᠢᠨ ᠲᠠᠯᠠᠪᠤᠷ ᠤᠨ ᠪᠦᠳᠦᠭᠡᠨ ᠪᠠᠶᠢᠭᠤᠯᠤᠯᠲᠠ ᠶᠢ ᠡᠬᠢᠯᠡᠭᠦᠯᠵᠦ᠂ ᠠᠮᠢ ᠠᠬᠤᠶ ᠶᠢᠨ ᠪᠡᠶ᠎ᠡ ᠶᠢᠨ ᠲᠠᠮᠢᠷ ᠤᠨ | ᠴᠡᠴᠡᠷᠯᠢᠭ ᠢ ᠪᠠᠶᠢᠭᠤᠯᠤᠨ᠎ᠠ᠃ ᠥᠪᠥᠷ ᠮᠣᠩᠭᠤᠯ ᠤᠨ ᠲᠠᠯ᠎ᠠ ᠨᠤᠲᠤᠭ ᠤᠨ ᠮᠠᠷᠠᠰᠤᠨ ᠤᠷᠤᠯᠳᠤᠭᠠᠨ ᠢ ᠳᠠᠭᠠᠭᠠᠴᠢᠯᠠᠨ | ᠡᠷᠭᠢᠯᠡᠵᠦ᠂ ᠠᠷᠠᠳ ᠤᠨ ᠳᠠᠭᠤᠤ ᠶᠢᠨ ᠤᠷᠤᠯᠳᠤᠭᠠᠨ᠂ ᠰᠤᠷ ᠬᠠᠷᠪᠤᠯᠲᠠ ᠶᠢᠨ ᠤᠷᠢᠯᠭ᠎ᠠ ᠶᠢᠨ ᠤᠷᠤᠯᠳᠤᠭᠠᠨ ᠢ | ᠡᠷᠭᠢᠯᠡᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ︽ᠨᠢᠭᠡ ᠭᠠᠵᠠᠷ ᠨᠢᠭᠡ ᠨᠠᠷᠠᠲᠤ ᠲᠡᠮᠳᠡᠭᠲᠦ | ᠂ ᠨᠢᠭᠡ ᠭᠠᠵᠠᠷ ᠨᠢᠭᠡ ᠣᠨᠴᠠᠯᠢᠭ ᠲᠠᠢ︾ ᠪᠣᠯᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠᠷ ᠪᠥᠬᠦ | ᠠᠷᠠᠳ ᠤᠨ ᠡᠷᠡᠭᠦᠯ ᠮᠡᠨᠳᠦ ᠶᠢ ᠠᠬᠢᠭᠤᠯᠤᠨ᠎ᠠ᠃ | ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠴᠢᠩᠭ᠎ᠠ ᠠᠳᠬᠤᠨ᠎ᠠ᠃ ᠨᠠᠢᠮᠠᠳᠤᠭᠠᠷ ᠲᠠᠪᠤᠨ ᠵᠢᠯ ᠤᠨ | ᠬᠠᠤᠯᠢ ᠲᠦᠭᠡᠮᠡᠯᠵᠢᠭᠦᠯᠬᠦ ᠠᠵᠢᠯ ᠢ ᠥᠨᠳᠥᠷ ᠪᠠᠷᠢᠮᠵᠢᠶ᠎ᠠ ᠪᠠᠷ ᠡᠬᠢᠯᠡᠭᠦᠯᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ | ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ | ᠬᠦᠴᠦᠨ ᠢ ᠳᠡᠭᠡᠭᠰᠢᠯᠡᠭᠦᠯᠵᠦ᠂ ᠳᠠᠯᠳᠠ ᠥᠭᠴᠡᠭᠡ ᠶᠢ ᠠᠷᠢᠯᠭᠠᠬᠤ ᠣᠨ ᠤ ᠡᠭᠦᠷᠭᠡ ᠶᠢ ᠪᠡᠶᠡᠯᠡᠭᠦᠯᠦᠨ᠎ᠡ᠃ | ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠵᠤ᠂ ︽ | ᠤᠶᠤᠨᠲᠤ ᠳᠣᠲᠣᠭᠠᠳᠤ ᠶᠢ ᠬᠠᠮᠠᠭᠠᠯᠠᠬᠤ︾᠂ ︽ᠭᠡᠭᠡᠨ ᠰᠠᠷᠠᠭᠤᠯ ᠢᠨᠵᠧᠨᠧᠷᠢᠩ︾ ᠤᠨ ᠪᠦᠳᠦᠭᠡᠨ | ᠪᠠᠶᠢᠭᠤᠯᠤᠯᠲᠠ ᠶᠢ ᠲᠦᠷᠭᠡᠳᠬᠡᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯᠯᠠᠭ᠎ᠠ ᠶᠢ | ᠪᠠᠶᠢᠩᠭᠤᠵᠢᠭᠤᠯᠤᠨ ᠥᠷᠨᠢᠭᠦᠯᠵᠦ᠂ ᠱᠠᠯᠢᠭ ᠵᠠᠪᠬᠠᠶ ᠵᠤᠶᠢᠯ᠂ ᠵᠣᠭᠤᠰ ᠮᠥᠷᠦ᠋ᠢᠴᠡᠬᠦ᠂ ᠬᠤᠤᠷᠲᠤ ᠡᠳ᠋ ᠫᠠᠨᠽᠠᠯᠠᠬᠤ᠂ | ᠬᠠᠷ᠎ᠠ ᠪᠦᠯᠦᠭᠲᠡᠨ ᠢᠶᠠᠷ ᠬᠠᠭᠤᠷᠤᠨ ᠮᠡᠬᠡᠯᠡᠬᠦ ᠵᠡᠷᠭᠡ ᠶᠠᠯᠠᠲᠤ ᠠᠵᠢᠯᠯᠠᠭ᠎ᠠ ᠳᠤ ᠬᠦᠴᠦᠲᠡᠶ ᠴᠣᠬᠢᠯᠲᠠ ᠥᠭᠴᠦ᠂ ︽ | ᠠᠮᠤᠷ ᠠᠮᠤᠭᠤᠯᠠᠩ ᠡᠮᠦᠨᠡᠲᠦ ᠬᠤᠰᠢᠭᠤ︾ ᠶᠢᠨ ᠰᠠᠭᠤᠷᠢ ᠶᠢ ᠲᠠᠰᠤᠷᠠᠯᠲᠠ ᠥᠬᠡᠶ ᠪᠠᠲᠤᠳᠬᠠᠨ᠎ᠠ᠃ ᠳᠣᠯᠣᠳᠤᠭᠠᠷ | ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠪᠡᠶᠡᠯᠡᠭᠦᠯᠦᠨ᠎ᠡ᠃ ᠵᠠᠬᠢᠳᠠᠯ | ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠪᠠ ᠭᠤᠣᠯᠳᠠᠯᠭ᠎ᠠ ᠲᠠᠢ ᠬᠡᠷᠡᠭ ᠢ ᠲᠥᠪᠯᠡᠷᠡᠭᠦᠯᠦᠨ ᠠᠷᠢᠯᠭᠠᠨ᠎ᠠ᠃ | ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠯᠠᠨ | ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠨ᠎ᠠ᠃ ᠠᠶᠤᠯᠭᠦᠶ ᠦᠢᠯᠡᠳᠪᠦᠷᠢᠯᠡᠯ ᠤᠨ ᠲᠤᠰᠬᠠᠶ | ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠦᠨᠳᠦ ᠶᠡᠭᠡ ᠣᠨᠴᠠ | ᠶᠡᠭᠡ ᠠᠶᠤᠯᠭᠦᠶ ᠶᠢᠨ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ | ︵ᠲᠤᠯᠤᠭ᠎ᠠ︶ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠤᠨ ᠥᠭᠡᠷᠡᠴᠢᠯᠡᠯᠲᠡ ᠶᠢ ᠠᠳᠬᠤᠵᠤ᠂ | ᠨᠡᠭᠡᠭᠡᠯᠳᠡ ᠶᠢ ᠠᠬᠢᠭᠤᠯᠤᠨ᠂ ᠣᠷᠣᠨ ᠪᠦᠰᠡ ᠶᠢᠨ ᠬᠥᠭᠵᠢᠯᠲᠡ ᠶᠢᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ | ᠃ ᠥᠭᠡᠷᠡᠴᠢᠯᠡᠯᠲᠡ ᠨᠡᠭᠡᠭᠡᠯᠳᠡ ᠪᠠᠷ ᠬᠥᠳᠡᠯᠭᠡᠭᠴᠢ ᠬᠦᠴᠦᠨ ᠤ ᠦᠨᠳᠦᠰᠦ᠂ ᠠᠮᠢᠵᠢᠷᠠᠯ ᠤᠨ ᠬᠦᠴᠦᠨ ᠤ ᠡᠬᠢ | ᠰᠤᠷᠪᠤᠯᠵᠢ᠂ ᠲᠠᠯᠳᠠ ᠬᠦᠴᠦᠨ ᠤ ᠴᠢᠬᠤᠯᠠ ᠵᠦᠢᠯ ᠪᠣᠯᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠭᠦᠨᠵᠡᠭᠡᠶ ᠲᠤᠭᠤᠰᠢᠯᠠᠭᠤᠯᠵᠤ᠂ ᠥᠭᠡᠷᠡᠴᠢᠯᠡᠯᠲᠡ ᠶᠢᠨ ᠲᠠᠬᠢᠨ ᠪᠡᠷᠬᠡ ᠰᠡᠳᠦᠪ ᠢ ᠰᠢᠢᠳᠪᠦᠷᠢᠯᠡᠬᠦ᠂ ᠨᠡᠭᠡᠭᠡᠯᠳᠡ ᠶᠢᠨ | ᠲᠠᠬᠢᠨ ᠳᠡᠭᠡᠭᠰᠢᠯᠡᠬᠦ᠂ ᠣᠷᠴᠢᠨ ᠠᠬᠤᠶ ᠶᠢᠨ ᠲᠠᠬᠢᠨ ᠰᠢᠯᠢᠳᠡᠭᠵᠢᠬᠦ ᠶᠢ ᠲᠦᠯᠬᠢᠨ ᠠᠬᠢᠭᠤᠯᠤᠨ᠎ᠠ᠃ | ᠤᠯᠠᠨ ᠬᠦᠷᠢᠶᠡᠨ ᠳᠠᠬᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠵᠠᠬ᠎ᠠ ᠳᠡᠯᠭᠡᠭᠦᠷ ᠤᠨ ᠪᠡᠶᠡᠴᠢ | ᠴᠣᠭᠴᠠ ᠶᠢᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ | ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠲᠤᠰ ᠡᠭᠡᠯᠵᠢ ᠶᠢᠨ | ᠠᠵᠢᠯ ᠦᠢᠯᠡᠰ ᠤᠨ ᠨᠢᠭᠡᠴᠢ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ︽ᠭᠤᠷᠪᠠᠨ ᠡᠮᠨᠡᠯᠭᠡ ᠶᠢᠨ ᠬᠤᠷᠰᠢᠯᠴᠠᠭ᠎ᠠ︾ ᠶᠢ ᠴᠢᠩᠭᠠᠳᠬᠠᠨ᠎ᠠ᠃ ᠬᠥᠳᠡᠭᠡ ᠲᠣᠰᠬᠤᠨ ᠤ | ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ | ᠬᠥᠳᠡᠭᠡ ᠲᠣᠰᠬᠤᠨ ᠤ ᠬᠥᠭᠵᠢᠯᠲᠡ ᠳᠠᠬᠢ ᠬᠠᠮᠲᠤ ᠶᠢᠨ ᠠᠵᠤ ᠠᠬᠤᠶ ᠶᠢᠨ ᠴᠢᠬᠤᠯᠠ ᠦᠢᠯᠡᠳᠦᠯ ᠢ ᠭᠦᠢᠴᠡᠳ | ᠪᠠᠳᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ︽ᠭᠤᠷᠪᠠ ᠶᠢ ᠬᠤᠪᠢᠷᠠᠭᠤᠯᠬᠤ︾ ᠶᠢ ᠤᠯᠠᠮ ᠨᠢᠭᠡ ᠠᠯᠬᠤᠮ | ᠠᠮᠢᠳᠤᠯᠢᠭ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ︽ᠪᠠᠯᠠ ᠮᠥᠩᠭᠦ᠂ ᠡᠳ᠋ ᠬᠥᠷᠥᠩᠭᠡ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠬᠥᠲᠥᠯᠦᠨ ᠵᠢᠯᠣᠭᠤᠳᠴᠤ᠂ ︽ | ᠬᠤᠶᠠᠷ ᠠᠮᠦ ᠬᠤᠶᠠᠷ ᠦᠬᠡᠷ ᠨᠢᠭᠡ ᠵᠤᠭᠠᠴᠠᠯ︾ ᠵᠡᠷᠭᠡ ᠤᠨᠴᠠᠯᠢᠭᠳᠤ ᠠᠵᠤ ᠦᠢᠯᠡᠰ ᠤᠨ ᠲᠣᠭᠤᠷᠢᠨ ᠳᠤ᠂ ᠨᠢᠭᠡ | ᠪᠦᠯᠦᠭ ᠰᠢᠨ᠎ᠡ ᠶᠢ ᠡᠭᠦᠳᠬᠦ ᠦᠢᠯᠡᠳᠬᠦᠨ ᠢ ᠨᠡᠭᠡᠭᠡᠨ ᠬᠥᠭᠵᠢᠭᠦᠯᠵᠦ᠂ ᠨᠢᠭᠡ ᠪᠦᠯᠦᠭ ᠵᠠᠩᠭᠢᠯᠠᠭ᠎ᠠ ᠶᠢᠨ | ᠮᠡᠷᠭᠡᠵᠢᠯ ᠤᠨ ᠪᠣᠭᠤᠮᠲᠠ ᠰᠢᠪᠲᠤᠯᠵᠤ᠂ ᠨᠢᠭᠡ ᠪᠦᠯᠦᠭ ᠦᠢᠯᠡᠳᠪᠦᠷᠢᠯᠡᠯ ᠤᠨ ᠤᠷᠠᠯᠠᠯ ᠢ ᠰᠢᠨᠡᠴᠢᠯᠡᠵᠦ᠂ ᠨᠠᠩ | ᠣᠯᠠᠨ ᠰᠢᠪᠲᠤᠯᠤᠯᠲᠠ ᠶᠢᠨ ᠴᠢᠨᠠᠷᠲᠠᠶ᠂ ᠠᠩᠬᠠᠨ ᠤ ᠡᠭᠦᠳᠦᠯᠲᠡ ᠶᠢᠨ ᠴᠢᠨᠠᠷᠲᠠᠶ᠂ ᠬᠥᠲᠥᠯᠦᠨ ᠳᠠᠭᠠᠭᠤᠯᠬᠤ | ᠴᠢᠨᠠᠷᠲᠠᠶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠴᠢᠷᠮᠠᠶᠢᠨ ᠣᠯᠵᠤ᠂ ᠬᠥᠭᠵᠢᠯᠲᠡ ᠶᠢᠨ ᠠᠰᠢᠭᠲᠠᠶ | ᠪᠠᠶᠢᠷᠢ ᠶᠢ ᠡᠵᠡᠯᠡᠨ᠎ᠡ᠃ | ᠪᠦᠬᠦ ᠲᠠᠯ᠎ᠠ ᠪᠠᠷ ᠭᠠᠳᠠᠭᠰᠢ ᠨᠡᠭᠡᠭᠡᠯᠲᠡ ᠬᠢᠬᠦ ᠶᠢ ᠲᠦᠯᠬᠢᠨ ᠠᠬᠢᠭᠤᠯᠤᠨ᠎ᠠ᠃ ︽ᠨᠢᠭᠡ ᠪᠦᠰᠡ ᠨᠢᠭᠡ ᠵᠠᠮ︾ ᠢ | ᠬᠠᠮᠲᠤᠪᠠᠷ ᠪᠥᠲᠥᠭᠡᠨ ᠪᠠᠶᠢᠭᠤᠯᠬᠤ ᠴᠢᠬᠤᠯᠠ ᠶᠡᠭᠡ ᠬᠥᠭᠵᠢᠯᠲᠡ ᠶᠢᠨ ᠠᠵᠠ ᠲᠣᠬᠢᠶᠠᠯ ᠢ ᠵᠠᠪᠳᠤᠨ ᠠᠳᠬᠤᠵᠤ᠂ | ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ | ᠣᠷᠣᠯᠴᠠᠨ᠎ᠠ᠃ ᠪᠡᠭᠡᠵᠢᠩ ᠲᠢᠶᠠᠨᠵᠢᠨ ᠡᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ | ᠭᠤᠷᠪᠠᠯᠵᠢᠨ ᠬᠤᠶᠢᠭ ᠵᠡᠷᠭᠡ ᠠᠵᠤ ᠠᠬᠤᠶ ᠬᠥᠭᠵᠢᠭᠰᠡᠨ ᠭᠠᠵᠠᠷ ᠣᠷᠣᠨ ᠯᠤᠭ᠎ᠠ ᠶᠢᠨ ᠨᠡᠭᠡᠭᠡᠯᠲᠡᠲᠦ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠳᠡᠭᠡᠳᠦ ᠲᠡᠰ ᠤᠨ ᠠᠵᠤ ᠦᠢᠯᠡᠰ ᠤᠨ ᠰᠢᠯᠵᠢᠯᠲᠡ ᠶᠢ ᠵᠠᠯᠭᠠᠵᠤ ᠠᠪᠤᠨ᠎ᠠ | ᠃ ᠵᠡᠭᠦᠨ ᠬᠤᠶᠢᠲᠤ ᠶᠢᠨ ᠠᠵᠤ ᠠᠬᠤᠶ ᠶᠢᠨ ᠲᠣᠭᠤᠷᠢᠭ ᠲᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠬᠢᠩᠭᠠᠨ | ᠠᠶᠢᠮᠠᠭ ᠬᠦᠯᠦᠨ ᠪᠤᠶᠢᠷ᠂ ᠬᠢᠩᠭᠠᠨ ᠠᠶᠢᠮᠠᠭ ᠴᠢᠴᠢᠬᠠᠷ ᠪᠠᠶᠢᠴᠧᠩ ᠵᠡᠷᠭᠡ ᠣᠷᠣᠨ ᠪᠦᠰᠡ ᠶᠢᠨ ᠬᠠᠮᠵᠢᠯᠴᠠᠭ᠎ᠠ ᠳᠤ | ᠣᠷᠣᠯᠴᠠᠵᠤ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠪᠠ ᠬᠢᠷᠢ ᠬᠡᠮᠵᠢᠶ᠎ᠡ ᠶᠢ | ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠲᠠᠪᠴᠠᠩ ᠤᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠲᠠᠷᠢᠶᠠᠯᠠᠩ ᠮᠠᠯ ᠠᠵᠤ ᠠᠬᠤᠶ ᠶᠢᠨ ᠬᠦᠷᠢᠶᠡᠯᠡᠩ ᠲᠣᠭᠤᠷᠢᠭ ᠤᠨ | ᠬᠥᠭᠵᠢᠯᠲᠡ ᠶᠢ ᠴᠢᠨᠠᠷ ᠰᠠᠶᠢᠲᠠᠶ ᠠᠬᠢᠭᠤᠯᠵᠤ᠂ ᠨᠠᠩ ᠣᠯᠠᠨ ᠳᠠᠪᠠᠭᠤᠯᠢᠭ ᠠᠵᠤ ᠠᠬᠤᠶᠢᠯᠠᠯ ᠤᠨ ᠣᠷᠣᠵᠤ | ᠰᠠᠭᠤᠬᠤ ᠶᠢ ᠲᠠᠲᠠᠬᠤ ᠬᠡᠷᠡᠭᠲᠡᠶ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠣᠳᠠᠲᠤ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠠᠵᠤ ᠦᠢᠯᠡᠰ ᠤᠨ ᠠᠷᠠᠯᠵᠢᠶᠠᠴᠢᠨ ᠤᠷᠢᠬᠤ ᠭᠠᠵᠠᠷ ᠤᠨ ᠵᠢᠷᠤᠭ ᠢ ᠨᠠᠷᠢᠨ ᠨᠢᠮᠪᠠᠶ ᠵᠢᠷᠤᠵᠤ᠂ ︽ | ᠦᠩᠭᠡᠷᠡᠬᠦ ᠮᠠᠶ᠋ᠢᠭ ᠤᠨ ᠠᠵᠤ ᠠᠬᠤᠶ︾ ᠶᠢ ︽ᠪᠣᠳᠠᠲᠠᠶᠢᠵᠢᠭᠤᠯᠤᠭᠰᠠᠨ ᠠᠵᠤ ᠠᠬᠤᠶ︾ ᠳᠠᠰᠢ ᠬᠤᠪᠢᠷᠠᠭᠤᠯᠬᠤ ᠶᠢ | ᠠᠬᠢᠭᠤᠯᠵᠤ᠂ ᠪᠣᠳᠠᠲᠠᠶᠢᠵᠢᠭᠤᠯᠤᠭᠰᠠᠨ ᠪᠠᠯᠠ ᠮᠥᠩᠭᠦ 60 ᠳ᠋ᠦᠩᠰᠢᠭᠤᠷ ᠲᠥᠭᠦᠷᠢᠭ ᠢ ᠳᠠᠪᠠᠵᠤ᠂ ᠠᠳᠠᠯᠢ | ᠬᠤᠭᠤᠴᠠᠭᠠᠨ ᠤ ᠬᠢ ᠠᠴᠠ 10% ᠪᠠᠷ ᠨᠡᠮᠡᠭᠳᠡᠬᠦ ᠶᠢ ᠦᠨᠡᠨ ᠬᠦ ᠪᠠᠲᠤᠯᠠᠨ᠎ᠠ᠃ | ᠥᠨᠳᠥᠷ ᠬᠢᠷᠢ ᠲᠦᠪᠰᠢᠨ ᠪᠦᠬᠦᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠣᠯᠭᠠᠨ᠎ᠠ᠃ | ᠥᠪᠡᠷᠲᠡᠭᠡᠨ ᠵᠠᠰᠠᠬᠤ ᠣᠷᠣᠨ ᠤ ᠲᠤᠰᠬᠠᠶ ᠵᠤᠶᠢᠯ ᠤᠨ ᠲᠣᠭᠤᠷᠢᠨ ᠪᠠᠶᠢᠴᠠᠭᠠᠯᠲᠠ ᠪᠠ ᠬᠤᠳᠠᠯᠳᠤᠭ᠎ᠠ ᠡᠷᠭᠢᠯᠡᠬᠦ | ᠣᠷᠴᠢᠨ ᠲᠣᠭᠤᠷᠢᠨ ᠢ ᠦᠨᠡᠯᠡᠵᠦ ᠬᠠᠷᠢᠭᠤ ᠲᠤᠰᠬᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠥᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠪᠦᠬᠦᠯᠢ | ᠴᠣᠭᠴᠠ ᠶᠢᠨ ᠳᠡᠭᠡᠭᠰᠢᠯᠡᠯᠲᠡ ᠶᠢ ᠠᠬᠢᠭᠤᠯᠤᠨ᠎ᠠ᠃ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ | ᠪᠣᠯᠭᠠᠬᠤ︾ ᠬᠢᠨᠠᠯᠲᠠ ᠬᠠᠮᠢᠶᠠᠷᠤᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠡᠷᠬᠡ | ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠪᠠ ᠪᠡᠯᠡ ᠣᠷᠣᠭᠤᠯᠤᠯᠲᠠ ᠶᠢᠨ ᠵᠥᠪᠰᠢᠶᠡᠷᠡᠯ ᠤᠨ ᠨᠠᠵᠠᠭᠠᠶ | ᠲᠠᠯ᠎ᠠ ᠶᠢᠨ ᠲᠣᠳᠣᠷᠬᠠᠶ ᠬᠠᠭᠤᠳᠠᠰᠤ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠨᠢᠭᠡ | ᠴᠤᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ | ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠪᠦᠬᠦ ᠶᠠᠪᠤᠴᠠ ᠶᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠶᠢ | ᠲᠦᠯᠬᠢᠨ ᠠᠬᠢᠭᠤᠯᠵᠤ᠂ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠨᠤᠷᠮ᠎ᠠ ᠶᠢ 95% ᠪᠣᠯᠲᠠᠯ᠎ᠠ | ᠳᠡᠭᠡᠭᠰᠢᠯᠡᠭᠦᠯᠦᠨ᠎ᠡ᠃ ᠬᠤᠰᠢᠭᠤᠨ ᠱᠠᠲᠤᠨ ᠤ ᠤᠳᠤᠷᠢᠳᠤᠯᠭ᠎ᠠ ᠴᠢᠬᠤᠯᠠ ᠶᠡᠭᠡ ᠲᠥᠷᠥᠯ ᠵᠤᠶᠢᠯ ᠢ ᠳᠠᠭᠠᠭᠠᠴᠢᠯᠠᠨ | ᠬᠤᠯᠪᠣᠭᠠᠯᠠᠵᠤ᠂ ᠠᠵᠤ ᠠᠬᠤᠶᠢᠯᠠᠯ ᠤᠨ ᠲᠦᠷᠢᠮ ᠢ ᠲᠣᠭᠲᠠᠭᠠᠨ᠂ ︽ᠨᠢᠭᠡ ᠠᠵᠤ ᠠᠬᠤᠶᠢᠯᠠᠯ ᠳᠤ ᠨᠢᠭᠡ | ᠲᠥᠷᠥ ᠶᠢᠨ ᠪᠣᠳᠣᠯᠭ᠎ᠠ︾ ᠶᠢᠨ ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠳᠠᠭᠠᠭᠠᠴᠢᠯᠠᠯᠲᠠ | ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ᠂ ᠡᠯᠧᠮᠧᠨ᠋ᠲ ᠤᠨ ᠪᠠᠲᠤᠯᠠᠭ᠎ᠠ | ᠵᠡᠷᠭᠡ ᠲᠠᠯ᠎ᠠ ᠶᠢᠨ ᠲᠤᠪᠤᠶᠢᠮ᠎ᠠ ᠠᠰᠠᠭᠤᠳᠠᠯ ᠢ ᠶᠡᠭᠡ ᠪᠠᠷ ᠴᠡᠭᠴᠡᠯᠡᠨ ᠵᠠᠰᠠᠵᠤ᠂ ᠠᠵᠤ ᠠᠬᠤᠶᠢᠯᠠᠯ ᠳᠤ ᠬᠤᠯᠪᠣᠭᠳᠠᠬᠤ | ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠠᠷᠢᠨ ᠨᠠᠶᠢᠳᠠᠪᠤᠷᠢᠵᠢᠭᠤᠯᠤᠨ᠂ ᠲᠦᠷᠦ ᠶᠢᠨ ᠪᠤᠳᠤᠯᠭ᠎ᠠ ᠪᠠᠷ | ᠬᠠᠮᠤᠭ ᠤᠨ ᠰᠢᠯᠢᠳᠡᠭ᠂ ᠥᠪᠡᠷ ᠤᠨ ᠦᠷᠳᠡᠭ ᠢᠶᠠᠷ ᠬᠠᠮᠤᠭ ᠤᠨ ᠳᠣᠣᠷ᠎ᠠ᠂ ᠦᠢᠯᠡᠴᠢᠯᠡᠭᠡ ᠪᠠᠷ ᠬᠠᠮᠤᠭ ᠤᠨ ᠰᠠᠶᠢᠨ | ᠂ ᠠᠵᠢᠯ ᠶᠠᠪᠤᠳᠠᠯ ᠪᠦᠲᠦᠭᠡᠬᠦ ᠪᠠᠷ ᠬᠠᠮᠤᠭ ᠤᠨ ᠲᠦᠷᠭᠡᠨ ᠪᠠᠶᠢᠳᠠᠭ ︽ᠲᠦᠷᠪᠡᠨ ᠬᠠᠮᠤᠭ︾ ᠤᠨ ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠨ᠎ᠠ᠃ | ᠰᠢᠨ᠎ᠡ ᠠᠶᠠᠨ ᠳᠠᠭᠠᠨ ᠮᠣᠷᠳᠠᠬᠤ ᠳᠤ᠂ ᠪᠢᠳᠡ ᠢᠳᠡᠷᠡᠭᠦᠨ ᠠᠯᠬᠤᠭ᠎ᠠ ᠪᠠᠷ ᠢᠶᠠᠨ ᠤᠷᠤᠭᠰᠢᠯᠠᠨ᠎ᠠ᠃ ᠰᠢᠨ᠎ᠡ | ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ ᠳᠤ ᠪᠢᠳᠡ ᠢᠲᠡᠭᠡᠯ ᠳᠦᠭᠦᠷᠡᠩ ᠪᠠᠶᠢᠨ᠎ᠠ᠃ ᠪᠢᠳᠡ ᠬᠤᠰᠢᠭᠤᠨ ᠤ | ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠤᠭ | ᠰᠠᠨᠠᠭ᠎ᠠ ᠪᠠᠲᠤ ᠴᠢᠩᠭ᠎ᠠ᠂ ᠢᠲᠡᠭᠡᠯ ᠵᠣᠷᠢᠭ ᠪᠠᠲᠤ ᠴᠢᠩᠭ᠎ᠠ ᠪᠠᠶᠢᠵᠤ᠂ ᠵᠠᠯᠠᠭᠤ ᠨᠠᠰᠤᠨ ᠳᠠᠭᠠᠨ ᠣᠰᠣᠯᠳᠠᠬᠤ ᠦᠭᠡᠢ᠂ | ᠡᠭᠦᠷᠭᠡ ᠬᠠᠷᠢᠭᠤᠴᠠᠯᠭ᠎ᠠ ᠳᠠᠭᠠᠨ ᠣᠰᠣᠯᠳᠠᠬᠤ ᠦᠭᠡᠢ ᠪᠠᠶᠢᠵᠤ᠂ ᠳᠠᠪᠠᠯᠭᠠᠨ ᠰᠦᠷᠦᠨ ᠣᠩᠭᠤᠴᠠ ᠰᠡᠯᠢᠬᠦ ᠡᠷᠴᠢ | ᠵᠣᠷᠢᠭ᠂ ᠠᠮᠢ ᠴᠦᠯᠡᠨ ᠲᠡᠮᠡᠴᠡᠬᠦ ᠡᠷᠴᠢ ᠵᠣᠷᠢᠭ ᠢᠶᠠᠷ ᠴᠢᠷᠮᠠᠶᠢᠵᠤ᠂ ᠪᠦᠬᠦ ᠬᠤᠰᠢᠭᠤᠨ ᠤ ᠠᠷᠠᠳ ᠲᠦᠮᠡᠨ ᠢ ᠨᠡᠩ | ᠵᠣᠯ ᠵᠢᠷᠭᠠᠯ ᠲᠠᠢ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ | ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠵᠠᠭᠠᠶ᠎ᠠ︕ |