︽ᠭᠡᠯᠡᠨ ᠤ ᠴᠢᠮᠡᠭ︾ ᠢᠶᠠᠷ ᠭᠤᠶᠤᠬᠰᠠᠨ ᠤᠶᠠᠩᠭ᠎ᠠ ᠶᠢᠨ ᠰᠤᠳᠤᠨ ᠡᠭᠡᠰᠢᠭ
ᠨᠡᠶᠢᠲᠡᠯᠡᠭᠰᠡᠨ ᠴᠠᠭ᠄
2021/7/16
       ᠵᠦᠰᠡᠷ ᠪᠤᠷᠤᠭᠠᠨ ᠵᠦᠭᠡᠯᠡᠨ ᠬᠤᠷ᠎ᠠ ᠨᠠᠷᠠᠨ ᠤ ᠴᠢᠯᠦᠭᠡᠨ ᠳᠤ ᠱᠠᠬᠢᠵᠤ᠂ ᠵᠦᠯᠭᠡ ᠨᠤᠭᠤᠭ᠎ᠠ ᠴᠡᠴᠡᠭ ᠨᠠᠪᠴᠢᠰ ᠵᠦᠢᠯ ᠤᠨ ᠦᠩᠭᠡ ᠪᠠᠷ ᠮᠦᠰᠢᠶᠡᠭᠰᠡᠨ 7 ᠰᠠᠷ᠎ᠠ ᠶᠢᠨ 13 ᠤ ᠦᠳᠡ ᠶᠢᠨ ᠬᠤᠶᠢᠨ᠎ᠠ᠂ ᠬᠤᠷᠴᠢᠨ ᠪᠠᠷᠠᠭᠤᠨ ᠭᠠᠷᠦᠨ ᠡᠮᠤᠨᠡᠲᠦ ᠬᠤᠰᠢᠭᠤᠨ ᠤ ᠨᠢᠭᠡᠳᠦᠭᠡᠷ ᠳᠤᠮᠳᠠᠲᠦ ᠰᠤᠷᠭᠠᠭᠤᠯᠢ ᠶᠢᠨ ᠬᠦᠷᠢᠶᠠᠨ ᠳᠤ ᠤᠤᠭᠠᠯ ᠰᠤᠶᠤᠯ ᠤᠨ ᠢᠷᠠᠭᠤ ᠡᠭᠡᠰᠢᠭ᠂ ᠤᠬᠠᠭᠠᠨᠲᠦ ᠬᠡᠤᠬᠡᠳ ᠤᠨ ᠤᠶᠠᠩᠭᠠᠲᠦ ᠳᠠᠭᠤᠨ ᠲᠠᠢ ᠬᠦᠭ ᠨᠡᠶᠢᠯᠡᠵᠦ ᠰᠤᠷᠭᠠᠭᠤᠯᠢ ᠶᠢᠨ ᠬᠦᠷᠢᠶᠡᠨ ᠳᠤ ᠰᠤᠶᠤᠯ ᠤᠨ ᠠᠭᠤᠷ ᠠᠮᠢᠰᠬᠤᠯ ᠢᠶᠠᠷ ᠪᠢᠯᠬᠠᠵᠦ ᠬᠦᠷ ᠬᠦᠭᠵᠢᠶᠠᠨ ᠲᠠᠢ ᠪᠠᠶᠢᠯ᠎ᠠ᠃ ᠡᠨᠡ ᠪᠤᠯ ᠳᠠᠷᠦᠢ ︽ᠠᠭᠤᠤ ᠶᠡᠭᠡ ᠳᠤᠮᠳᠠᠲᠦ ᠤᠯᠤᠰ ᠤᠨ ᠡᠪ ᠬᠠᠮᠲᠦ ᠨᠠᠮ ᠢᠶᠠᠨ ᠡᠷᠡᠰ ᠳᠠᠭᠠᠵᠦ᠂ ᠠᠰᠢᠲᠠ ᠶᠢᠨ ᠪᠡᠯᠭᠡ ᠲᠠᠢ ᠵᠠᠭᠤᠨ ᠵᠢᠯ ᠢᠶᠠᠨ ᠲᠤᠷᠠᠰᠬᠠᠶ᠎ᠠ︾ ᠭᠡᠬᠦ ᠭᠤᠤᠯ ᠰᠡᠳᠦᠪᠲᠦ ᠬᠤᠷᠴᠢᠨ ᠪᠠᠷᠠᠭᠤᠨ ᠭᠠᠷᠦᠨ ᠡᠮᠤᠨᠡᠲᠦ ᠬᠤᠰᠢᠭᠤᠨ ᠤ ᠨᠢᠭᠡᠳᠦᠭᠡᠷ ᠳᠤᠮᠳᠠᠲᠦ ᠰᠤᠷᠭᠠᠭᠤᠯᠢ ᠶᠢᠨ ︽ᠬᠡᠯᠡᠨ ᠤ ᠴᠢᠮᠡᠭ︾ ᠦᠷᠬᠦᠯᠵᠢᠯᠡᠭᠰᠡᠨ ᠦᠭᠡ ᠶᠢᠨ ᠵᠤᠬᠢᠶᠠᠯ ᠤᠡᠭᠰᠢᠬᠤ ᠤᠷᠤᠯᠳᠤᠭᠠᠨ ᠤ ᠤᠨ ᠤ ᠮᠠᠩᠯᠠᠢ ᠰᠢᠯᠭᠠᠷᠠᠭᠤᠯᠬᠤ ᠲᠡᠮᠡᠴᠡᠭᠡᠨ ᠤ ᠠᠬᠤᠢ ᠲᠠᠯᠠᠪᠦᠷ ᠪᠤᠯᠦᠨ᠎ᠠ᠃       ᠲᠤᠰ ᠤᠳᠠᠭᠠᠨ ᠤ ᠠᠵᠢᠯᠯᠠᠭᠠᠨ ᠳᠤ᠂ ᠠᠶᠢᠮᠠᠬ ᠬᠤᠰᠢᠭᠤ ᠠᠴᠠ ᠬᠦᠷᠦᠯᠴᠡᠨ ᠢᠷᠡᠭᠰᠡᠨ ᠬᠢᠨᠠᠬᠴᠢ ᠪᠠᠭᠰᠢ ᠨᠠᠷ᠂ ᠡᠮᠤᠨᠡᠲᠦ ᠬᠤᠰᠢᠭᠤᠨ ᠤ ᠨᠢᠭᠡᠳᠦᠭᠡᠷ ᠳᠤᠮᠳᠠᠲᠦ ᠰᠤᠷᠭᠠᠭᠤᠯᠢ ᠶᠢᠨ ᠦᠷᠭᠡᠨ ᠤᠯᠠᠨ ᠪᠠᠭᠰᠢ ᠨᠠᠷ ᠪᠠ ᠪᠦᠬᠦ ᠰᠤᠷᠤᠬᠴᠢᠳ ᠤᠷᠤᠯᠴᠠᠵᠠᠢ᠃ ᠰᠤᠷᠤᠬᠴᠢᠳ ᠤᠨ ᠤᠡᠭᠰᠢᠯᠭ᠎ᠠ ᠶᠢᠨ ᠬᠢᠷᠢ ᠲᠦᠪᠰᠢᠨ ᠢ ᠰᠠᠶᠢᠵᠢᠷᠠᠭᠤᠯᠵᠦ᠂ ᠨᠤᠮ ᠤᠡᠭᠰᠢᠬᠤ ᠤᠷᠮ᠎ᠠ ᠪᠠᠬ᠎ᠠ ᠶᠢ ᠬᠦᠭᠵᠢᠭᠡᠨ᠂ ᠪᠢᠴᠢᠭ ᠰᠤᠶᠤᠯ ᠢ ᠨᠡᠩ ᠢᠯᠡᠭᠦᠦ ᠰᠢᠮᠳᠠᠨ ᠰᠤᠷᠤᠯᠴᠠᠭᠤᠯᠬᠤ ᠡᠭᠦᠳᠡᠨ ᠠᠴᠠ ᠲᠤᠰ ᠰᠤᠷᠭᠠᠭᠤᠯᠢ ᠰᠠᠷ᠎ᠠ ᠪᠦᠷᠢ ᠡᠶᠢᠮᠤᠷᠬᠦᠦ ᠤᠷᠤᠯᠳᠤᠭᠠᠨ ᠶᠠᠪᠤᠭᠤᠯᠵᠦ᠂ ᠰᠠᠷ᠎ᠠ ᠶᠢᠨ ᠮᠠᠩᠯᠠᠢ ᠪᠠᠨ ᠰᠢᠯᠭᠠᠷᠠᠭᠤᠯᠦᠨ᠂ ᠰᠠᠷ᠎ᠠ ᠶᠢᠨ ᠮᠠᠩᠯᠠᠢ ᠳᠤ ᠰᠢᠯᠭᠠᠷᠠᠬᠰᠠᠨ ᠰᠤᠷᠤᠬᠴᠢᠳ ᠢ ᠤᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠤᠷᠤᠯᠴᠠᠭᠤᠯᠬᠤ ᠪᠤᠯᠦᠨ᠎ᠠ᠃ ᠲᠤᠰ ᠤᠳᠠᠭᠠᠨ ᠤ ᠤᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠨᠡᠶᠢᠲᠡ 12 ᠰᠤᠷᠤᠬᠴᠢ ᠤᠷᠤᠯᠴᠠᠵᠦ᠂ ᠦᠪᠡᠷ ᠦᠪᠠᠷ ᠤᠨ ᠤᠷ᠎ᠠ ᠠᠪᠢᠶᠠᠰ ᠢᠶᠠᠨ ᠪᠠᠳᠠᠷᠠᠭᠤᠯᠵᠠᠢ᠃       ᠤᠷᠤᠯᠳᠤᠭᠠᠨ ᠤ ᠲᠤᠬᠠᠢ ᠶᠢᠨ ᠲᠠᠯᠠᠪᠦᠷ ᠲᠤ᠂ ᠰᠤᠷᠤᠬᠴᠢᠳ ᠠᠴᠠ ᠦᠨᠳᠦᠰᠦᠲᠡᠨ ᠤ ᠪᠠᠨ ᠬᠤᠪᠴᠠᠰᠦ ᠵᠠᠰᠠᠯ ᠢᠶᠠᠷ ᠢᠶᠠᠨ ᠭᠤᠶᠤᠯᠡᠨ᠂ ᠢᠷᠠᠭᠤ ᠰᠠᠶᠢᠬᠠᠨ ᠤᠶᠠᠩᠭ᠎ᠠ ᠬᠤᠭᠤᠯᠠᠢ ᠪᠠ ᠪᠤᠯᠪᠠᠰᠦᠨ ᠰᠠᠶᠢᠬᠠᠨ ᠤᠢᠢᠯᠡ ᠬᠦᠳᠡᠯᠦᠯ ᠵᠢᠴᠢ ᠦᠪᠡᠷᠮᠢᠴᠡ ᠤᠨᠴᠠᠯᠢᠭ ᠢᠶᠠᠷ ᠢᠶᠠᠨ ᠡᠭᠡ ᠰᠤᠶᠤᠯ ᠤᠨ ᠷᠢᠳᠢ ᠰᠢᠳᠢ ᠶᠢ ᠤᠯᠠᠨ ᠪᠦᠬᠦᠲᠠ ᠳᠤ ᠭᠠᠶᠢᠬᠠᠭᠤᠯᠵᠦ᠂ ᠦᠨᠡᠭᠡᠷ ᠦᠵᠡᠭᠴᠢ ᠰᠤᠨᠤᠰᠤᠬᠴᠢ ᠶᠢᠨ ᠢᠶᠠᠨ ᠬᠠᠷᠠᠭ᠎ᠠ ᠶᠢ ᠮᠢᠯᠢᠶᠠᠵᠦ ᠰᠤᠨᠤᠷ ᠢ ᠨᠢ ᠪᠠᠶᠠᠰᠬᠠᠯ᠎ᠠ᠃ ᠡᠭᠦᠨ ᠳᠤ᠂ ᠴᠤᠯᠭᠤᠷᠨ ᠶᠢᠨ ︽ᠲᠤᠩᠭᠠᠯᠠᠬ ᠲᠠᠮᠢᠷ︾᠂ ᠳᠡᠯᠭᠡᠷᠡᠭᠦᠦ ᠶᠢᠨ ︽ᠪᠤᠷᠬᠠᠨᠪᠤᠬᠲᠠ ᠠᠪᠤ ᠬᠤᠶᠠᠷ︾ ᠵᠡᠷᠭᠡ ᠵᠤᠬᠢᠶᠠᠯ ᠢ ᠤᠶᠠᠩᠭᠠᠯᠠᠬᠰᠠᠨ ᠨᠢ ᠦᠵᠡᠭᠴᠢ ᠰᠤᠨᠤᠰᠤᠬᠴᠢ ᠶᠢᠨ ᠬᠠᠯᠠᠭᠤᠨ ᠠᠯᠠᠭ᠎ᠠ ᠲᠠᠰᠢᠯᠲᠠ ᠪᠠ ᠠᠩᠬᠠᠷᠦᠯ ᠢ ᠳᠠᠲᠠᠵᠦ᠂ ᠤᠷᠤᠯᠳᠤᠭᠠᠨ ᠨᠢ ᠤᠤᠬᠠᠢᠢᠯᠠᠯ ᠤᠨ ᠳᠠᠭᠤᠨ ᠤ ᠳᠤᠮᠳᠠ ᠬᠦᠷ ᠬᠦᠭᠵᠢᠶᠠᠨ ᠲᠠᠢ ᠶᠠᠪᠤᠬᠳᠠᠪᠠ᠃ ᠲᠤᠰ ᠤᠳᠠᠭᠠᠨ ᠤ ᠠᠵᠢᠯᠯᠠᠭᠠᠨ ᠢᠶᠠᠨ ᠨᠡᠩ ᠢᠯᠡᠭᠦᠦ ᠤᠳᠬ᠎ᠠ ᠠᠭᠤᠯᠭ᠎ᠠ ᠲᠠᠢ ᠪᠤᠯᠭᠠᠬᠤ ᠶᠢᠨ ᠲᠦᠯᠦᠭᠡ᠂ ᠤᠷᠠᠨ ᠤᠶᠠᠩᠭᠠᠯᠠᠯ ᠤᠨ ᠲᠤᠮᠳᠠ ᠮᠤᠷᠢᠨ ᠬᠤᠭᠤᠷ ᠤᠨ ᠬᠦᠭᠵᠢᠮ᠂ ᠤᠷᠠᠨ ᠪᠦᠵᠢᠭ ᠪᠠ ᠤᠷᠳᠤ ᠶᠢᠨ ᠲᠠᠭᠤᠤ ᠵᠡᠷᠭᠡ ᠠᠭᠤᠯᠭ᠎ᠠ ᠶᠢ ᠲᠤᠬᠢᠷᠠᠭᠤᠯᠵᠦ᠂ ᠠᠵᠢᠯᠯᠠᠭ᠎ᠠ ᠪᠠᠨ ᠤᠳᠬ᠎ᠠ ᠲᠡᠭᠦᠯᠳᠡᠷ ᠶᠠᠪᠤᠬᠳᠠᠭᠤᠯᠤᠬᠰᠠᠨ ᠪᠠᠶᠢᠨ᠎ᠠ ᠃ ᠬᠢᠨᠠᠬᠴᠢ ᠪᠠᠭᠰᠢ ᠨᠠᠷ ᠤᠨ ᠲᠦᠪ ᠭᠤᠤᠯᠴᠢ ᠬᠢᠨᠠᠯᠲᠠ ᠲᠤᠤᠷ᠎ᠠ ᠴᠤᠯᠭᠤᠷᠨ ᠤᠷᠤᠯᠳᠤᠭᠠᠨ ᠤ ᠮᠠᠩᠯᠠᠢ ᠶᠢ ᠰᠢᠭᠦᠷᠠᠵᠦ᠂ ᠳᠡᠯᠭᠡᠷᠡᠭᠦᠦ᠂ ᠭᠡᠭᠡ ᠬᠤᠶᠠᠳᠤᠭᠠᠷ ᠪᠠᠶᠢᠷᠢᠨ ᠳᠤ ᠳᠤᠳᠤᠷᠠᠵᠦ᠂ ᠠᠷᠢᠭᠤᠨ᠂ ᠢᠷᠠᠭᠤ᠂ ᠰᠠᠴᠤᠷᠠ ᠭᠤᠷᠪᠠᠳᠤᠭᠠᠷ ᠨᠡᠷᠡᠰ ᠲᠤ ᠳᠤᠳᠤᠷᠠᠵᠦ᠂ ᠭᠡᠰᠡᠭ ᠤᠷᠤᠯᠳᠤᠬᠴᠢ ᠰᠢᠯᠢᠳᠡᠭ ᠱᠠᠩᠨᠠᠯ ᠢ ᠬᠦᠷᠳᠡᠵᠤ᠂ ᠬᠤᠵᠢᠮ ᠤᠨ ᠰᠤᠷᠤᠯᠭ᠎ᠠ ᠳᠤ ᠪᠠᠨ ᠨᠡᠩ ᠢᠯᠡᠭᠦᠦ ᠴᠢᠷᠮᠠᠶᠢᠨ ᠰᠤᠷᠤᠯᠴᠠᠬᠤ ᠵᠤᠷᠢᠬ ᠢᠶᠠᠨ ᠡᠷᠴᠢᠯᠡᠭᠰᠡᠨ ᠪᠠᠶᠢᠨ᠎ᠠ᠃        ᠤᠷᠤᠯᠳᠤᠭᠠᠨ ᠤ ᠡᠴᠦᠰ ᠲᠤ ᠡᠨᠡ ᠤᠳᠠᠭᠠᠨ ᠤ ᠤᠷᠤᠯᠳᠤᠭᠠᠨ ᠤ ᠬᠢᠨᠠᠬᠴᠢ ᠶᠢᠨ ᠳᠠᠷᠤᠭ᠎ᠠ ᠠ᠊ · ᠰᠠᠶᠢᠨᠴᠤᠬᠲᠦ ᠠᠴᠠ ᠲᠤᠰ ᠤᠳᠠᠭᠠᠨ ᠤ ᠠᠵᠢᠯᠯᠠᠭ᠎ᠠ ᠨᠢ ᠡᠮᠤᠨᠡᠲᠦ ᠬᠤᠰᠢᠭᠤᠨ ᠤ ᠨᠢᠭᠡᠳᠦᠭᠡᠷ ᠳᠤᠮᠳᠠᠲᠦ ᠰᠤᠷᠭᠠᠭᠤᠯᠢ ᠶᠢᠨ ᠡᠭᠡ ᠬᠡᠯᠡᠨ ᠤ ᠵᠢᠭᠠᠨ ᠰᠤᠷᠭᠠᠯᠲᠠ᠂ ᠰᠤᠷᠤᠬᠴᠢᠳ ᠤᠨ ᠴᠡᠭᠡᠵᠢᠯᠡᠬᠦ ᠴᠢᠳᠠᠪᠦᠷᠢ᠂ ᠤᠡᠭᠰᠢᠵᠦ ᠢᠯᠡᠳᠭᠡᠬᠦ ᠴᠢᠳᠠᠪᠦᠢ᠂ ᠤᠬᠠᠵᠦ ᠤᠢᠢᠯᠠᠭᠠᠬᠤ ᠴᠢᠳᠠᠪᠦᠷᠢ ᠶᠢ ᠳᠡᠭᠡᠭᠰᠢᠯᠡᠬᠦᠯᠬᠦ ᠶᠢᠨ ᠬᠠᠮᠤᠭ ᠤᠨ ᠪᠦᠲᠦᠮᠵᠢᠲᠠᠢ ᠠᠷᠭ᠎ᠠ ᠠᠪᠴᠠᠯ ᠪᠤᠯᠤᠬᠰᠠᠨ ᠪᠠᠶᠢᠨ᠎ᠠ᠃ ᠮᠦᠨ ᠴᠦ ᠰᠤᠷᠤᠬᠴᠢᠳ ᠤᠨ ᠵᠦᠪ ᠤᠡᠭᠰᠢᠯᠭ᠎ᠠ᠂ ᠲᠦᠷᠢᠮᠴᠢ ᠲᠦᠷᠰᠦᠯᠡᠯᠲᠦ ᠤᠡᠭᠰᠢᠯᠭ᠎ᠠ ᠶᠢᠨ ᠴᠢᠳᠠᠪᠦᠷᠢ ᠶᠢ ᠢᠯᠡᠳᠲᠡ ᠲᠡᠭᠡᠭᠰᠢᠯᠡᠭᠦᠯᠬᠦ ᠤᠢᠢᠯᠡᠳᠦᠯ ᠲᠠᠢ ᠭᠡᠵᠦ ᠶᠠᠷᠢᠬᠤ ᠶᠢᠨ ᠬᠠᠮᠲᠦ ᠰᠤᠷᠤᠬᠴᠢᠳ ᠢ ᠬᠤᠵᠢᠮ ᠤᠨ ᠡᠶᠢᠮᠦᠷᠬᠦᠦ ᠤᠷᠤᠯᠳᠤᠭᠠᠨ ᠳᠤ ᠤᠷᠤᠨ ᠨᠤᠲᠤᠭ ᠤᠨ ᠴᠢᠨᠠᠷ ᠲᠠᠢ ᠵᠤᠬᠢᠶᠠᠯ ᠢ ᠤᠡᠭᠰᠢᠵᠦ᠂ ᠤᠷᠤᠨ ᠨᠤᠲᠤᠭ ᠤᠨ ᠬᠦᠮᠦᠨ ᠠᠷᠡᠳ᠂ ᠪᠠᠶᠢᠭᠠᠯᠢ ᠤᠷᠴᠢᠨ᠂ ᠵᠠᠩ ᠤᠢᠢᠯᠡ ᠶᠢᠨ ᠲᠤᠬᠠᠢ ᠤᠢᠢᠯᠠᠭᠠᠬᠤ ᠳᠤ ᠨᠡᠩ ᠠᠮᠠᠷᠬᠠᠨ ᠪᠤᠯᠵᠦ᠂ ᠪᠢᠳᠡᠨ ᠤ ᠡᠨᠡ ᠬᠦ ᠤᠷᠤᠯᠳᠤᠭᠠᠨ ᠨᠡᠩ ᠦᠨᠳᠦᠷ ᠲᠦᠪᠰᠢᠨ ᠳᠤ ᠬᠦᠷᠬᠦ ᠪᠤᠯᠦᠨ᠎ᠠ ᠭᠡᠵᠦ ᠳ᠋ᠦᠡᠭᠨᠡᠯᠲᠠ ᠬᠢᠭᠰᠡᠨ ᠪᠠᠶᠢᠨ᠎ᠠ᠃        ᠤᠷᠤᠯᠳᠤᠭᠠᠨ ᠳᠠᠭᠤᠰᠤᠬᠰᠠᠨ ᠤ ᠳᠠᠷᠠᠭ᠎ᠠ᠂ ᠱᠠᠩᠨᠠᠯ ᠤᠯᠭᠤᠬᠤ ᠶᠤᠰᠤᠯᠠᠯ ᠶᠠᠪᠤᠭᠤᠯᠵᠦ ᠤᠷᠤᠯᠳᠤᠭᠠᠨ ᠳᠤ ᠡᠮᠤᠨ᠎ᠠ ᠭᠤᠷᠪᠠᠨ ᠨᠡᠷᠡᠰ ᠲᠤ ᠳᠤᠳᠤᠷᠠᠬᠰᠠᠨ ᠰᠤᠷᠤᠬᠴᠢ ᠪᠤᠯᠦᠨ ᠰᠢᠯᠢᠳᠡᠭ ᠨᠡᠷᠡᠰ ᠲᠤ ᠳᠤᠳᠤᠷᠠᠬᠰᠠᠨ ᠰᠤᠷᠤᠬᠴᠢ᠂ ᠵᠢᠯᠤᠭᠤᠳᠤᠬᠴᠢ ᠪᠠᠭᠰᠢ ᠨᠠᠷ ᠢᠶᠠᠨ ᠱᠠᠩᠨᠠᠨ ᠬᠦᠬᠢᠬᠦᠯᠵᠠᠢ᠃ ᠡᠭᠦᠨ ᠤ ᠬᠠᠮᠲᠦ ᠲᠤᠬ ᠳᠠᠮᠵᠢᠭᠤᠯᠬᠤ ᠠᠵᠢᠯᠯᠠᠭ᠎ᠠ ᠲᠤᠬᠢᠷᠠᠭᠤᠯᠵᠦ ᠬᠤᠵᠢᠮ ᠤᠨ ᠠᠵᠢᠯᠯᠠᠭ᠎ᠠ ᠨᠡᠩ ᠰᠠᠶᠢᠳᠦᠷ ᠠᠮᠵᠢᠯᠲᠠ ᠤᠯᠬᠤ ᠶᠢ ᠬᠦᠰᠡᠨ ᠵᠦᠡᠭᠨᠡᠵᠦ᠂ ᠬᠠᠮᠤᠭ ᠰᠡᠭᠦᠯ ᠳᠤ ᠨᠢ ᠬᠠᠮᠲᠦ ᠪᠠᠷ ︽ᠡᠪ ᠬᠠᠮᠲᠦ ᠨᠠᠮ ᠦᠭᠡᠢ ᠪᠤᠯ ᠰᠢᠨ᠎ᠠ ᠳᠤᠮᠳᠠᠲᠦ ᠤᠯᠤᠰ ᠪᠠᠶᠢᠵᠤ ᠴᠢᠳᠠᠬᠤ ᠦᠭᠡᠢ︾ ᠭᠡᠬᠦ ᠨᠠᠶᠢᠷᠠᠯ ᠳᠠᠭᠤᠤ ᠶᠢ ᠳᠠᠭᠤᠯᠠᠵᠦ ᠤᠷᠤᠯᠳᠤᠭᠠᠨ ᠢᠶᠠᠨ ᠠᠮᠵᠢᠯᠲᠠ ᠲᠠᠢ ᠰᠠᠶᠢᠬᠠᠨ ᠦᠨᠳᠦᠷᠯᠡᠭᠦᠯᠦᠭᠰᠡᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号