ᠤᠯᠠᠭᠠᠨᠮᠤᠲᠦ ᠰᠤᠮᠤ ᠲᠤᠮᠳᠠᠲᠦ ᠤᠯᠤᠰ ᠤᠨ ᠡᠪ ᠬᠠᠮᠲᠦ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠵᠢᠴᠢ ︽ᠮᠦᠡᠭᠭᠡ ᠭᠠᠯ︾ ᠬᠠᠶᠢᠴᠢᠯᠠᠮᠠᠯ ᠰᠡᠶᠢᠯᠤᠮᠡᠯ ᠤᠨ ᠪᠤᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2021/7/16
   ᠲᠤᠰ ᠰᠤᠨᠢᠨ ᠤ ᠮᠡᠳᠡᠭᠡ ᠴᠠᠭᠠᠰᠤᠨ ᠬᠠᠶᠢᠴᠢᠯᠠᠮᠠᠯ ᠤᠨ ᠤᠷᠠᠯᠢᠭ ᠪᠤᠯ ᠦᠨᠢ ᠤᠳᠠᠭᠠᠨ ᠲᠡᠤᠭᠡ ᠲᠠᠢ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ ᠪᠤᠯᠬᠤ ᠶᠤᠮ᠂ ᠲᠡᠷᠡ ᠨᠢ ᠭᠤᠸ᠎ᠠ ᠰᠠᠶᠢᠬᠠᠨ ᠤ ᠮᠡᠳᠡᠷᠡᠮᠵᠢ ᠪᠠᠷ ᠪᠠᠶᠠᠯᠢᠭ ᠲᠦᠷᠰᠦ ᠪᠦᠳᠦᠭᠡᠯᠳᠡ ᠪᠠ ᠪᠠᠶᠠᠯᠢᠭ ᠶᠤᠭᠳᠠ ᠤᠳᠬ᠎ᠠ ᠪᠠᠷ ᠨᠡᠶᠢᠭᠡᠮ ᠤᠨ ᠠᠮᠢᠳᠤᠷᠠᠯ ᠬᠦᠮᠦᠰ ᠤᠨ ᠰᠠᠶᠢᠨ ᠰᠠᠶᠢᠬᠠᠨ ᠬᠦᠰᠡᠯ ᠡᠷᠡᠮᠡᠯᠵᠡᠯ ᠢ ᠲᠤᠰᠬᠠᠳᠠᠭ᠃ ᠨᠡᠩ ᠤᠯᠠᠨ ᠴᠠᠭᠠᠰᠤᠨ ᠬᠠᠶᠢᠴᠢᠯᠠᠮᠠᠯ ᠳᠤ ᠪᠠᠭ᠋ᠠᠲᠠᠢ ᠬᠦᠮᠦᠰ ᠲᠤ ᠡᠨᠡ ᠬᠦ ᠭᠠᠷ ᠤᠷᠠᠯᠠᠯ ᠤᠨ ᠮᠡᠷᠭᠡᠵᠢᠯ ᠢ ᠰᠤᠷᠤᠯᠴᠠᠭᠤᠯᠵᠦ᠂ ᠦᠨᠳᠤᠰᠤᠳᠡᠨ ᠤ ᠤᠯᠠᠨ ᠲᠦᠮᠡᠨ ᠤ ᠤᠯᠠᠮᠵᠢᠯᠠᠯᠲᠦ ᠤᠷᠠᠯᠢᠭ ᠢ ᠬᠠᠮᠠᠭᠠᠯᠠᠨ ᠪᠠᠳᠠᠷᠠᠭᠤᠯᠵᠦ᠂ ᠨᠡᠩ ᠤᠯᠠᠨ ᠴᠠᠭᠠᠰᠤᠨ ᠬᠠᠶᠢᠴᠢᠯᠠᠮᠠᠯ ᠤᠨ ᠴᠢᠳᠠᠪᠤᠷᠢᠳᠡᠨ ᠢ ᠬᠦᠮᠦᠵᠢᠬᠦᠯᠬᠦ ᠶᠢᠨ ᠲᠦᠯᠦᠭᠡ᠂ 7 ᠰᠠᠷ᠎ᠠ ᠶᠢᠨ 2 ᠤᠨ ᠡᠳᠤᠷ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠤᠯᠠᠭᠠᠨᠮᠤᠲᠦ ᠰᠤᠮᠤ ᠬᠦᠭᠡ ᠤᠴᠢ ᠨᠤᠮ ᠤᠨ ᠦᠷᠦᠭᠡᠨ ᠳᠤ ᠲᠤᠮᠳᠠᠲᠦ ᠤᠯᠤᠰ ᠤᠨ ᠡᠪ ᠬᠠᠮᠲᠦ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠵᠢᠴᠢ ︽ᠮᠦᠡᠭᠭᠡ ᠭᠠᠯ︾ ᠴᠠᠭᠠᠰᠤᠨ ᠬᠠᠶᠢᠴᠢᠯᠠᠮᠠᠯ ᠰᠡᠶᠢᠯᠦᠮᠡᠯ ᠤᠨ ᠪᠤᠯᠪᠠᠰᠤᠷᠠᠯ ᠤᠨ ᠠᠩᠭᠢ ᠡᠷᠬᠢᠯᠡᠪᠡ᠃    ᠲᠤᠰ ᠤᠳᠠᠭᠠᠨ ᠤ ᠴᠠᠭᠠᠰᠤᠨ ᠬᠠᠢᠴᠢᠯᠠᠮᠠᠯ ᠰᠡᠶᠢᠯᠤᠮᠡᠯ ᠤᠨ ᠪᠤᠯᠪᠠᠰᠤᠷᠠᠯ ᠤᠨ ᠠᠩᠭᠢ ᠳᠤ ᠨᠡᠶᠢᠳᠡ 60 ᠭᠠᠷᠦᠢ ᠴᠠᠭᠠᠰᠤᠨ ᠬᠠᠶᠢᠴᠢᠯᠠᠮᠠᠯ ᠳᠤ ᠲᠤᠷ᠎ᠠ ᠪᠠᠭ᠋ᠠᠲᠠᠢ ᠬᠦᠮᠦᠰ ᠤᠷᠤᠯᠴᠠᠵᠦ᠂ ᠲᠤᠰ ᠪᠤᠯᠪᠠᠰᠤᠷᠠᠯ ᠤᠨ ᠠᠩᠭᠢ ᠨᠢ ᠬᠢᠨᠭ᠍ᠭᠠᠨ ᠠᠶᠢᠮᠠᠭ ᠤᠨ ᠪᠤᠳᠠᠰ ᠤᠨ ᠪᠤᠰᠦ ᠰᠤᠶᠤᠯ ᠤᠨ ᠦᠪ ᠤᠨ ᠲᠦᠯᠦᠭᠡᠯᠡᠬᠦ ᠴᠢᠨᠠᠷ ᠲᠠᠢ ᠲᠦᠷᠦᠯ ᠵᠦᠢᠯ ᠪᠤᠯᠬᠤ ︽ᠬᠤᠷᠴᠢᠨ ᠮᠤᠩᠭᠤᠯ ᠦᠨᠳᠤᠰᠤᠳᠡᠨ ᠤ ᠠᠷᠠᠳ ᠤᠨ ᠴᠠᠭᠠᠰᠤᠨ ᠬᠠᠶᠢᠴᠢᠯᠠᠮᠠᠯ︾ ᠤᠨ ᠦᠪᠯᠡᠨ ᠵᠠᠯᠭᠠᠮᠵᠢᠯᠠᠭᠴᠢ ᠤᠷᠭ᠎ᠠ ᠪᠠᠭᠰᠢ ᠵᠢᠴᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ︽ᠮᠤᠩᠭᠤᠯ ᠦᠨᠳᠤᠰᠤᠳᠡᠨ ᠤ ᠠᠷᠠᠳ ᠤᠨ ᠴᠭᠠᠰᠤᠨ ᠬᠠᠶᠢᠴᠢᠯᠠᠮᠠᠯ︾ ᠤᠨ ᠲᠦᠯᠦᠭᠡᠯᠡᠬᠦ ᠴᠢᠨᠠᠷ ᠲᠠᠢ ᠤᠯᠠᠮᠵᠢᠯᠠᠭᠴᠢ ᠴᠢᠶᠤᠦ ᠶᠦᠨ ᠪᠠᠭᠰᠢ ᠶᠢ ᠤᠷᠢᠵᠦ ᠬᠢᠴᠢᠶᠡᠯ ᠤᠷᠤᠭᠤᠯᠵᠠᠢ᠃    ᠲᠤᠰ ᠠᠵᠢᠯᠯᠠᠭ᠎ᠠ ᠶᠢᠨ ᠲᠤᠮᠳᠠ᠂ ᠴᠠᠭᠠᠰᠤᠨ ᠬᠠᠶᠢᠴᠢᠯᠠᠮᠠᠯ ᠤᠨ ᠮᠡᠷᠭᠡᠵᠢᠯ ᠤᠨ ᠬᠤᠶᠠᠷ ᠪᠠᠭᠰᠢ ᠴᠠᠭᠠᠰᠤᠨ ᠬᠠᠶᠢᠴᠢᠯᠠᠮᠠᠯ ᠤᠨ ᠢᠯᠡᠳᠭᠡᠬᠦ ᠠᠷᠭ᠎ᠠ᠂ ᠪᠡᠯᠭᠡᠳᠡᠯ ᠤᠨ ᠤᠳᠬ᠎ᠠ ᠪᠠ ᠢᠯᠡᠷᠡᠭᠦᠯᠤᠯ ᠤᠨ ᠠᠴᠢᠶᠠᠯᠠᠪᠤᠷᠢ ᠵᠡᠷᠭᠡ ᠲᠠᠯ᠎ᠠ ᠪᠠᠷ ᠲᠤᠰᠬᠠᠢ ᠰᠡᠳᠤᠪᠲᠦ ᠵᠢᠭᠠᠨ ᠰᠤᠷᠭᠠᠯᠳᠠ ᠬᠢᠵᠦ᠂ ᠰᠤᠷᠤᠭᠴᠢᠳ ᠲᠤ ᠪᠠᠶᠠᠷ ᠤᠨ ᠦᠰᠦᠭ᠂ ᠴᠤᠩᠬᠤᠨ ᠬᠤᠸᠠᠷ ᠵᠡᠷᠭᠡ ᠶᠠᠩᠵᠦ ᠬᠡᠯᠪᠡᠷᠢ ᠶᠢᠨ ᠴᠠᠭᠠᠰᠤᠨ ᠬᠠᠶᠢᠴᠢᠯᠠᠮᠠᠯ ᠰᠡᠶᠢᠯᠦᠮᠡᠯ ᠤᠨ ᠠᠯᠬᠤᠮ ᠲᠠᠷᠠᠭ᠎ᠠ᠂ ᠴᠠᠭᠠᠰᠦ ᠨᠤᠭᠤᠯᠬᠤ ᠠᠷᠭ᠎ᠠ᠂ ᠵᠢᠷᠤᠭ ᠤᠨ ᠪᠦᠳᠦᠴᠡ ᠶᠢᠨ ᠰᠡᠳᠬᠢᠮᠵᠢ ᠵᠡᠷᠭᠡ ᠠᠭᠤᠯᠭ᠎ᠠ ᠶᠢ ᠨᠠᠷᠢᠨ ᠲᠠᠶᠢᠯᠪᠤᠷᠢᠯᠠᠵᠦ ᠦᠭᠭᠦᠭᠰᠡᠨ ᠪᠦᠭᠡᠳ ᠰᠤᠷᠤᠭᠴᠢᠳ ᠤᠨ ᠴᠠᠭᠠᠰᠤᠨ ᠬᠠᠶᠢᠴᠢᠯᠠᠮᠠᠯ ᠤᠨ ᠶᠠᠪᠤᠴᠠ ᠶᠢ ᠨᠢᠭᠡᠳ ᠨᠢᠭᠡ ᠪᠠᠷ ᠵᠢᠯᠤᠭᠤᠳᠤᠨ ᠵᠠᠯᠠᠷᠠᠭᠤᠯᠤᠭᠰᠠᠨ ᠪᠠᠶᠢᠨ᠎ᠠ᠃ ᠬᠤᠶᠠᠷ ᠪᠠᠭᠰᠢ ᠶᠢᠨ ᠬᠠᠯᠠᠰᠢᠷᠠᠯ ᠦᠭᠡᠢ ᠵᠢᠯᠤᠭᠤᠳᠤᠯᠭ᠎ᠠ ᠲᠤᠤᠷ᠎ᠠ᠂ ᠰᠤᠷᠤᠭᠴᠢᠳ ᠦᠪᠡᠷ ᠦᠪᠡᠷ ᠤᠨ ᠪᠦᠳᠦᠭᠡᠯ ᠢᠶᠠᠨ ᠵᠤᠬᠢᠶᠠᠨ ᠪᠦᠳᠦᠭᠡᠭᠰᠡᠨ ᠪᠠᠶᠢᠨ᠎ᠠ᠃    ᠲᠤᠰ ᠤᠳᠠᠭᠠᠨ ᠤ ᠴᠠᠭᠠᠰᠤᠨ ᠬᠠᠶᠢᠴᠢᠯᠠᠮᠠᠯ ᠰᠡᠶᠢᠯᠦᠮᠡᠯ ᠤᠨ ᠪᠤᠯᠪᠠᠰᠤᠷᠠᠯ ᠤᠨ ᠠᠩᠭᠢ ᠨᠢ ᠠᠷᠠᠳ ᠤᠯᠠᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠤ ᠬᠠᠮᠲᠦ ᠨᠡᠩ ᠤᠯᠠᠨ ᠬᠦᠮᠦᠰ ᠢ ᠴᠠᠭᠠᠰᠤᠨ ᠬᠠᠶᠢᠴᠢᠯᠠᠮᠠᠯ ᠰᠡᠶᠢᠯᠦᠮᠡᠯ ᠳᠤ ᠲᠤᠷ᠎ᠠ ᠪᠠᠭ᠋ᠠᠲᠠᠢ ᠪᠤᠯᠭᠠᠵᠦ᠂ ᠴᠠᠭᠠᠰᠤᠨ ᠬᠠᠶᠢᠴᠢᠯᠠᠮᠠᠯ ᠰᠡᠶᠢᠯᠦᠮᠡᠯ ᠢ ᠤᠯᠠᠮᠵᠢᠯᠠᠨ ᠵᠠᠯᠭᠠᠮᠵᠢᠯᠠᠵᠦ᠂ ᠪᠠᠳᠠᠷᠠᠭᠤᠯᠤᠨ ᠲᠡᠯᠭᠡᠷᠡᠬᠦᠯᠬᠦ ᠳᠤ ᠤᠨᠴᠠ ᠶᠢᠨ ᠰᠠᠶᠢᠨ ᠦᠷ᠎ᠡ ᠪᠦᠳᠦᠮᠵᠢ ᠤᠯᠤᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号