ᠡᠮᠦᠨᠡᠲᠦ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠢᠭᠤᠴᠠ ᠶᠢ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ ᠪᠤᠢ
ᠨᠡᠶᠢᠲᠡᠯᠡᠭᠰᠡᠨ ᠴᠠᠭ᠄
2021/7/20
   ᠲᠤᠰ ᠰᠤᠨᠢᠨ ᠤ ᠮᠡᠳᠡᠭᠡ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷᠴᠤᠳ ᠤᠨ ᠨᠢᠭᠤᠴᠠ ᠶᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠪᠠᠶᠢᠭᠤᠯᠭ᠎ᠠ ᠶᠢᠨ ᠵᠢᠷᠤᠮᠵᠢᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠨᠢᠭᠤᠴᠠ ᠶᠢ ᠬᠠᠮᠠᠭᠠᠯᠠᠬᠤ ᠠᠵᠢᠯ ᠢ ᠨᠢᠭᠡ ᠵᠦᠶ᠋ᠯ ᠤᠨ ᠴᠢᠬᠤᠯᠠ ᠠᠵᠢᠯ ᠪᠣᠯᠭᠠᠨ ᠠᠳᠬᠤᠵᠤ᠂ ︽ᠡᠭᠦᠳᠡ︾ ᠶᠢ ᠰᠠᠬᠢᠬᠤ᠂ ︽ᠠᠮᠠ︾ ᠶᠢ ᠰᠠᠬᠢᠬᠤ᠂ ︽ᠺᠣᠮᠫᠢᠦ᠋ᠲ᠋ᠧᠷ︾ ᠢ ᠰᠠᠬᠢᠬᠤ ᠵᠡᠷᠭᠡ ᠪᠥᠬᠦ ᠲᠠᠯ᠎ᠠ ᠠᠴᠠ ᠪᠣᠳᠣᠯᠬᠢᠯᠠᠨ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠤᠬᠢ ᠰᠠᠶᠢᠨ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠪᠠ᠃    ᠨᠢᠭᠤᠴᠠ ᠶᠢ ᠬᠠᠮᠠᠭᠠᠯᠠᠬᠤ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠦᠷᠢᠵᠢᠭᠤᠯᠪᠠ᠃ ᠡᠨᠡ ᠵᠢᠯ ᠠᠴᠠ ᠨᠠᠭᠠᠰᠢ ᠨᠢᠭᠤᠴᠠ ᠶᠢ ᠬᠠᠮᠠᠭᠠᠯᠠᠬᠤ ᠠᠵᠢᠯ ᠤᠨ ᠲᠤᠰᠬᠠᠶ ᠰᠡᠳᠦᠪᠲᠦ ᠬᠤᠷᠠᠯ ᠢ 2 ᠤᠳᠠᠭ᠎ᠠ ᠬᠤᠷᠠᠯᠳᠤᠭᠤᠯᠵᠤ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ ᠤᠨ ᠪᠦᠬᠦ ᠵᠢᠯ ᠤᠨ ᠨᠢᠭᠤᠴᠠ ᠶᠢ ᠬᠠᠮᠠᠭᠠᠯᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠢᠭᠤᠴᠠ ᠶᠢ ᠬᠠᠮᠠᠭᠠᠯᠠᠬᠤ ᠠᠵᠢᠯ ᠢ ᠥᠷᠨᠢᠭᠦᠯᠬᠦ ᠳᠤ ᠬᠥᠮᠦᠨ ᠤ ᠬᠦᠴᠦ᠂ ᠪᠣᠳᠠᠰ ᠤᠨ ᠬᠦᠴᠦ ᠂ ᠡᠳ᠋ ᠤᠨ ᠬᠦᠴᠦᠨ ᠤ ᠪᠠᠲᠤᠯᠠᠭ᠎ᠠ ᠬᠠᠩᠭᠠᠪᠠ᠃ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠨᠢᠭᠤᠴᠠ ᠶᠢ ᠬᠠᠮᠠᠭᠠᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠢᠶᠠᠨ 2 ᠤᠳᠠᠭ᠎ᠠ ᠲᠤᠰᠬᠠᠢ ᠰᠡᠳᠦᠪ ᠢᠶᠠᠷ ᠬᠠᠷᠢᠭᠤ ᠮᠡᠳᠡᠭᠦᠯᠵᠦ᠂ ᠺᠠᠳ᠋ᠷᠴᠤᠳ ᠢ ᠵᠣᠬᠢᠶᠠᠨ ᠪᠠᠶᠢᠭᠤᠯᠤᠨ ᠳᠡᠭᠡᠳᠦ ᠱᠠᠲᠤᠨ ᠤ ᠨᠢᠭᠤᠴᠠ ᠶᠢ ᠬᠠᠮᠠᠭᠠᠯᠠᠬᠤ ᠴᠢᠭᠯᠡᠯᠲᠡ᠂ ᠲᠦᠷᠦ ᠶᠢᠨ ᠪᠤᠳᠤᠯᠭ᠎ᠠ ᠪᠠ ᠨᠠᠮ ᠤᠨ ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ᠂ ᠬᠠᠤᠯᠢ ᠴᠠᠭᠠᠵᠠ ᠬᠠᠤᠯᠢ ᠲᠣᠭᠲᠠᠭᠠᠯ ᠢ 3 ᠤᠳᠠᠭ᠎ᠠ ᠰᠤᠷᠤᠯᠴᠠᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷᠴᠤᠳ ᠤᠨ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠶᠢ ᠦᠨᠡᠨ ᠬᠦ ᠴᠢᠩᠭᠠᠳᠬᠠᠪᠠ᠃    ᠨᠢᠭᠤᠴᠠ ᠳᠤ ᠬᠤᠯᠪᠣᠭᠳᠠᠬᠤ ᠬᠥᠮᠦᠰ ᠤᠨ ᠬᠠᠮᠢᠶᠠᠷᠤᠯᠲᠠ ᠶᠢ ᠴᠢᠩᠭᠠᠳᠬᠠᠪᠠ᠃ ᠨᠢᠭᠤᠴᠠ ᠳᠤ ᠬᠤᠯᠪᠣᠭᠳᠠᠬᠤ ᠬᠥᠮᠦᠰ ᠤᠨ ᠬᠠᠮᠢᠶᠠᠷᠤᠯᠲᠠ ᠶᠢᠨ ᠵᠢᠭᠠᠯᠲᠠ ᠶᠣᠰᠣ ᠪᠠᠷ᠂ ᠨᠢᠭᠤᠴᠠ ᠳᠤ ᠬᠤᠯᠪᠣᠭᠳᠠᠬᠤ ᠬᠥᠮᠦᠰ ᠤᠨ ᠠᠵᠢᠯ ᠤᠨ ᠪᠠᠶᠢᠷᠢ ᠳᠤ ᠭᠠᠷᠬᠤ᠂ ᠠᠵᠢᠯ ᠤᠨ ᠪᠠᠶᠢᠷᠢ ᠠᠴᠠ ᠪᠠᠨ ᠰᠠᠯᠬᠤ ᠪᠦᠬᠦ ᠶᠠᠪᠤᠴᠠ ᠶᠢᠨ ᠪᠢᠲᠡᠭᠦᠮᠵᠢᠯᠡᠬᠦ ᠬᠠᠮᠢᠶᠠᠷᠤᠯᠲᠠ ᠶᠢ ᠴᠢᠩᠭᠠᠯᠠᠵᠦ᠂ ᠭᠤᠣᠯᠯᠠᠭᠴᠢ᠂ ᠴᠢᠬᠤᠯᠠ ᠠᠵᠢᠯ ᠤᠨ ᠪᠠᠶᠢᠷᠢ ᠶᠢᠨ ᠬᠥᠮᠦᠰ ᠤᠨ ᠠᠵᠢᠯ ᠤᠨ ᠪᠠᠶᠢᠷᠢ ᠠᠴᠠ ᠪᠠᠨ ᠰᠠᠯᠵᠤ᠂ ᠨᠢᠭᠤᠴᠠ ᠠᠴᠠ ᠰᠠᠯᠬᠤ ᠬᠤᠭᠤᠴᠠᠭᠠᠨ ᠤ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ᠂ ᠨᠢᠭᠤᠴᠠ ᠶᠢ ᠬᠠᠮᠠᠭᠠᠯᠠᠬᠤ ᠬᠥᠮᠦᠵᠢᠯ ᠤᠨ ᠰᠠᠨᠠᠭᠤᠯᠤᠮᠵᠢ ᠵᠡᠷᠭᠡ ᠭᠤᠣᠯᠳᠠᠯᠭ᠎ᠠ ᠲᠠᠢ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠨᠢᠭᠤᠴᠠ ᠶᠢ ᠬᠠᠮᠠᠭᠠᠯᠠᠬᠤ ᠠᠮᠠᠯᠠᠯᠲᠠ ᠶᠢᠨ ᠪᠢᠴᠢᠭ︾᠂ ︽ᠨᠢᠭᠤᠴᠠ ᠳᠤ ᠬᠤᠯᠪᠣᠭᠳᠠᠬᠤ ᠬᠥᠮᠦᠰ ᠤᠨ ᠠᠵᠢᠯ ᠤᠨ ᠪᠠᠶᠢᠷᠢ ᠠᠴᠠ ᠪᠠᠨ ᠰᠠᠯᠬᠤ ᠨᠢᠭᠤᠴᠠ ᠶᠢ ᠬᠠᠮᠠᠭᠠᠯᠠᠬᠤ ᠠᠮᠠᠯᠠᠯᠲᠠ ᠶᠢᠨ ᠪᠢᠴᠢᠭ︾ ᠢ 25 ᠬᠤᠪᠢ ᠲᠣᠭᠲᠠᠭᠠᠵᠤ᠂ ᠺᠠᠳ᠋ᠷᠴᠤᠳ ᠤᠨ ᠨᠢᠭᠤᠴᠠ ᠶᠢ ᠬᠠᠮᠠᠭᠠᠯᠠᠬᠤ ᠤᠬᠠᠮᠰᠠᠷ ᠢ ᠴᠢᠩᠭᠠᠳᠬᠠᠵᠦ᠂ ᠨᠢᠭᠤᠴᠠ ᠶᠢ ᠵᠠᠳᠠᠷᠠᠭᠤᠯᠬᠤ ᠬᠡᠷᠡᠭ ᠭᠠᠷᠬᠤ ᠠᠴᠠ ᠵᠠᠶᠢᠯᠠᠰᠬᠢᠪᠡ᠃    ᠨᠢᠭᠤᠴᠠ ᠶᠢ ᠬᠠᠮᠠᠭᠠᠯᠠᠬᠤ ᠤᠷᠳᠤ ᠬᠤᠭᠤᠴᠠᠭᠠᠳᠦ ᠬᠦᠴᠦᠨ ᠪᠦᠬᠦᠢ ᠲᠤᠭᠲᠠᠴᠠ ᠶᠢ ᠲᠦᠷᠢᠮᠵᠢᠭᠦᠯᠪᠡ᠃ ᠪᠠᠶᠢᠭᠤᠯᠭ᠎ᠠ ᠶᠢᠨ ᠡᠯ ᠎ᠡ ᠰᠠᠯᠠᠭ᠎ᠠ ᠲᠠᠰᠤᠭ ︵ᠲᠥᠪ᠊︶ ᠤᠨ ᠭᠠᠳᠠᠷ ᠰᠦᠯᠵᠢᠶᠡᠨ ᠤ ᠺᠣᠮᠫᠢᠦ᠋ᠲ᠋ᠧᠷ ᠢ ᠪᠦᠬᠦᠨ ᠢ ᠬᠦᠴᠦᠨ ᠥᠬᠡᠶ ᠪᠣᠯᠭᠠᠵᠤ᠂ ᠲᠤᠰᠬᠠᠶᠢᠯᠠᠨ ᠡᠯᠧᠺᠳ᠋ᠷᠣᠨ ᠤᠩᠰᠢᠯᠭ᠎ᠠ ᠶᠢᠨ ᠲᠠᠰᠤᠭ ᠳᠣᠭᠢᠷᠠᠭᠤᠯᠤᠨ᠂ ᠰᠦᠯᠵᠢᠶᠡᠨ ᠳᠤ ᠭᠠᠷᠴᠤ ᠬᠠᠮᠢᠶ᠎ᠠ ᠪᠥᠬᠦᠶ ᠮᠠᠲ᠋ᠧᠷᠢᠶᠠᠯ ᠢ ᠪᠠᠶᠢᠴᠠᠭᠠᠨ ᠯᠠᠪᠯᠠᠬᠤ ᠳᠤ ᠲᠥᠬᠦᠮ ᠪᠤᠯᠭᠠᠪᠠ᠃ ᠳᠣᠲᠣᠭᠠᠳᠤ ᠰᠦᠯᠵᠢᠶᠡᠨ ᠤ ᠺᠣᠮᠫᠢᠦ᠋ᠲ᠋ᠧᠷ᠂ ᠬᠡᠷᠡᠭ ᠰᠢᠶ᠋ᠳᠪᠦᠷᠢᠯᠡᠬᠦ ᠲᠠᠩ ᠮᠠᠰᠢᠨ ᠳᠤ ᠲᠤᠰᠬᠠᠶ ᠳᠠᠷᠤᠮᠠᠯᠯᠠᠬᠤ ᠮᠠᠰᠢᠨ ᠪᠠ ᠴᠠᠬᠢᠯᠭᠠᠨ ᠡᠭᠦᠰᠭᠡᠭᠴᠢ ᠶᠢ ᠲᠣᠬᠢᠷᠠᠭᠤᠯᠵᠤ᠂ ᠬᠠᠷᠢᠭᠤᠴᠠᠯᠭ᠎ᠠ ᠶᠢᠨ ᠲᠦᠷᠢᠮ ᠤᠨ ᠬᠠᠮᠢᠶᠠᠷᠤᠯᠲᠠ ᠶᠠᠪᠤᠭᠤᠯᠵᠤ᠂ ᠬᠠᠷᠢᠭᠤᠴᠠᠯᠭᠠᠲᠤ ᠰᠠᠯᠠᠭ᠎ᠠ ᠮᠥᠴᠢᠷ᠂ ᠬᠠᠷᠢᠭᠤᠴᠠᠯᠭᠠᠲᠤ ᠬᠥᠮᠦᠨ ᠪᠠ ᠲᠥᠬᠦᠭᠡᠷᠦᠮᠵᠢ ᠶᠢᠨ ᠬᠡᠷᠡᠭᠴᠡᠭᠡ ᠶᠢ ᠲᠣᠳᠣᠷᠬᠠᠶᠢᠯᠠᠵᠤ᠂ ᠰᠦᠯᠵᠢᠶ᠎ᠡ ᠲᠠᠢ ᠬᠤᠯᠪᠣᠭᠰᠠᠨ ᠺᠣᠮᠫᠢᠦ᠋ᠲ᠋ᠧᠷ ᠲᠤ ᠨᠢᠭᠤᠴᠠ ᠳᠤ ᠬᠤᠯᠪᠣᠭᠳᠠᠬᠤ ᠮᠠᠲ᠋ᠧᠷᠢᠶᠠᠯ ᠢ ᠰᠢᠶ᠋ᠳᠪᠦᠷᠢᠯᠡᠬᠦ ᠦᠭᠡᠢ᠂ ᠨᠢᠭᠤᠴᠠ ᠳᠤ ᠬᠤᠯᠪᠣᠭᠳᠠᠭᠰᠠᠨ ᠺᠣᠮᠫᠢᠦ᠋ᠲ᠋ᠧᠷ ᠲᠤ ᠰᠦᠯᠵᠢᠶ᠎ᠡ ᠲᠠᠢ ᠬᠤᠯᠪᠣᠬᠤ ᠦᠭᠡᠢ ᠪᠠᠶᠢᠬᠤ ᠶᠢ ᠪᠡᠶᠡᠯᠡᠭᠦᠯᠪᠡ᠃ ᠡᠭᠦᠨ ᠤ ᠬᠠᠮᠲᠤ ᠨᠢᠭᠤᠴᠠ ᠳᠤ ᠬᠤᠯᠪᠣᠭᠳᠠᠬᠤ ᠪᠢᠴᠢᠭ ᠮᠠᠲ᠋ᠧᠷᠢᠶᠠᠯ ᠤᠨ ᠵᠢᠷᠤᠮᠵᠢᠭᠤᠨ ᠬᠠᠮᠢᠶᠠᠷᠤᠯᠲᠠ ᠶᠢ ᠰᠢᠯᠢᠳᠡᠭᠵᠢᠭᠦᠯᠵᠦ᠂ ᠨᠢᠭᠤᠴᠠ ᠳᠤ ᠬᠤᠯᠪᠣᠭᠳᠠᠬᠤ ᠪᠢᠴᠢᠭ ᠮᠠᠲ᠋ᠧᠷᠢᠶᠠᠯ ᠢ ᠬᠤᠷᠢᠶᠠᠨ ᠲᠠᠷᠬᠠᠭᠠᠬᠤ ᠳᠦᠷᠢᠮ ᠢ ᠴᠢᠩᠭᠠᠯᠠᠵᠦ᠂ ᠳᠠᠩᠰᠠᠯᠠᠭᠰᠠᠨ ᠨᠡᠷᠡᠶᠢᠳᠦᠯ᠂ ᠨᠢᠭᠤᠴᠠ ᠶᠢᠨ ᠳᠡᠰ᠂ ᠬᠤᠪᠢ ᠶᠢᠨ ᠲᠤᠭ᠎ᠠ ᠪᠣᠯᠤᠨ ᠭᠠᠷ ᠤᠨ ᠦᠰᠦᠭ ᠵᠢᠷᠤᠵᠤ ᠬᠤᠷᠢᠶᠠᠨ ᠠᠪᠬᠤ ᠴᠠᠭ ᠵᠡᠷᠭᠡ ᠶᠢ ᠵᠢᠷᠤᠮᠵᠢᠭᠤᠯᠵᠤ᠂ ᠨᠢᠭᠤᠴᠠ ᠳᠤ ᠬᠤᠯᠪᠣᠭᠳᠠᠬᠤ ᠪᠢᠴᠢᠭ ᠮᠠᠲ᠋ᠧᠷᠢᠶᠠᠯ ᠢ ᠤᠯᠤᠰ ᠤᠨ ᠨᠢᠭᠤᠴᠠ ᠶᠢ ᠬᠠᠮᠠᠭᠠᠯᠠᠬᠤ ᠪᠠᠷᠢᠮᠵᠢᠶ᠎ᠠ ᠳᠤ ᠨᠡᠶᠢᠴᠡᠭᠰᠡᠨ ᠲᠤᠨᠤᠭ ᠲᠥᠬᠦᠭᠡᠷᠦᠮᠵᠢ ᠳᠤ ᠬᠠᠳᠠᠭᠠᠯᠠᠬᠤ ᠶᠢᠨ ᠬᠠᠮᠲᠤ ᠲᠤᠰᠬᠠᠶ ᠬᠥᠮᠦᠨ ᠲᠣᠮᠢᠯᠠᠵᠤ ᠬᠠᠳᠠᠭᠠᠯᠠᠨ ᠬᠠᠮᠢᠶᠠᠷᠤᠭᠤᠯᠬᠤ ᠶᠢ ᠬᠠᠷᠢᠭᠤᠴᠠᠭᠤᠯᠪᠠ᠃    ᠡᠳᠦᠷ ᠲᠤᠳᠤᠮ ᠤᠨ ᠨᠢᠭᠤᠴᠠ ᠶᠢ ᠬᠠᠮᠠᠭᠠᠯᠠᠬᠤ ᠪᠠᠶᠢᠴᠠᠭᠠᠯᠲᠠ ᠶᠢ ᠴᠢᠩᠭᠠᠳᠬᠠᠪᠠ᠃ ᠬᠠᠮᠢᠶ᠎ᠠ ᠪᠦᠬᠦᠢ ᠲᠤᠰᠬᠠᠶ ᠮᠡᠷᠭᠡᠵᠢᠯ ᠤᠨ ᠠᠵᠢᠯᠲᠠᠳ ᠢ ᠵᠣᠬᠢᠶᠠᠨ ᠪᠠᠶᠢᠭᠤᠯᠤᠨ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠦᠨᠡᠯᠡᠬᠦ ᠠᠵᠢᠯᠯᠠᠭ᠎ᠠ ᠦᠷᠨᠢᠭᠦᠯᠵᠦ᠂ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠢ ᠳᠤ ᠨᠢ ᠱᠠᠯᠠᠪᠳᠠᠭᠤᠯᠤᠨ ᠰᠠᠶᠢᠵᠢᠷᠠᠭᠤᠯᠵᠤ᠂ ᠨᠢᠭᠤᠴᠠ ᠶᠢ ᠬᠠᠮᠠᠭᠠᠯᠠᠬᠤ ᠠᠮᠤᠷ ᠲᠦᠪᠰᠢᠨ ᠤ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠰᠢᠢᠳᠪᠦᠷᠢᠯᠡᠵᠦ᠂ ᠺᠠᠳ᠋ᠷ ᠨᠢᠭᠡᠪᠦᠷᠢ ᠶᠢ ᠭᠡᠳᠡᠷᠬᠦ ᠰᠢᠬᠠᠮᠳᠠᠭᠤᠯᠵᠤ ᠪᠠᠶᠢᠭᠠᠳ ᠠᠵᠢᠯ ᠤᠨ ᠶᠠᠪᠤᠴᠠ ᠳᠤ ᠰᠣᠨᠣᠷ ᠰᠡᠷᠡᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠢᠭᠤᠴᠠ ᠶᠢ ᠵᠠᠳᠠᠷᠠᠭᠤᠯᠬᠤ ᠠᠵᠢᠯᠯᠠᠭ᠎ᠠ ᠡᠭᠦᠰᠬᠦ ᠶᠢ ᠬᠤᠷᠢᠭᠯᠠᠵᠤ᠂ ᠡᠯ᠎ᠡ ᠵᠦᠢᠯ ᠤᠨ ᠠᠵᠢᠯ ᠤᠨ ᠵᠢᠷᠤᠮᠵᠢᠯ ᠲᠠᠢ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠨᠢᠭᠤᠴᠠ ᠶᠢ ᠬᠠᠮᠠᠭᠠᠯᠠᠬᠤ ᠠᠵᠢᠯ ᠤᠨ ︽ᠰᠡᠷᠭᠡᠶᠢᠯᠡᠯᠲᠡ ᠶᠢᠨ ᠬᠡᠷᠡᠮ︾ ᠢ ᠪᠠᠲᠤ ᠴᠣᠭᠴᠠᠯᠠᠪᠠ᠃ ︵ᠹᠸᠢ ᠰᠧ ᠳ᠋ᠠ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号