ᠡᠮᠦᠨᠡᠳᠦ ᠬᠤᠰᠢᠭᠤᠨ ᠤ ᠰᠢᠯᠢᠳᠡᠭ ᠡᠬᠦᠯᠳᠡᠷ ᠤᠨ ᠰᠠᠭᠠᠯᠢ ᠶᠢᠨ ᠦᠨᠢᠶ᠎ᠡ ᠶᠢᠨ ᠠᠮᠢ ᠠᠬᠤᠢ ᠶᠢᠨ ᠤᠷᠴᠢᠯ ᠵᠢᠱᠢᠶ᠎ᠡ ᠦᠵᠡᠬᠦᠯᠬᠦ ᠬᠦᠷᠢᠶᠡᠯᠡᠩ ᠤᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠳᠠ ᠶᠢᠨ ᠲᠦᠷᠦᠯ ᠵᠦᠢᠯ ᠤᠷᠤᠭᠰᠢᠳᠠᠢ ᠶᠠᠪᠤᠭᠳᠠᠵᠦ ᠪᠤᠢ
ᠨᠡᠶᠢᠲᠡᠯᠡᠭᠰᠡᠨ ᠴᠠᠭ᠄
2021/7/21
   ᠲᠤᠰ ᠰᠤᠨᠢᠨ ᠤ ᠮᠡᠳᠡᠭᠡ ︵ᠰᠤᠷᠪᠤᠯᠵᠢᠯᠠᠭᠴᠢ ᠲᠤᠯᠭᠠᠭᠤᠷᠢ︶ ᠠᠶᠢᠮᠠᠭ ᠤᠨ ᠬᠦᠭᠵᠢᠬᠦᠯᠦᠯᠳᠡ ᠬᠢᠭᠡᠳ ᠦᠭᠡᠷᠡᠴᠢᠯᠡᠯᠳᠡ ᠶᠢᠨ ᠵᠦᠪᠯᠡᠯ ᠠᠴᠠ ᠤᠢᠢᠯᠠᠭᠠᠭᠰᠠᠨ ᠢᠶᠠᠷ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠰᠢᠯᠢᠳᠡᠭ ᠡᠬᠦᠯᠳᠡᠷ ᠤᠨ ᠰᠠᠭᠠᠯᠢ ᠶᠢᠨ ᠦᠨᠢᠶ᠎ᠡ ᠶᠢᠨ ᠠᠮᠢ ᠠᠬᠤᠢ ᠶᠢᠨ ᠤᠷᠴᠢᠯ ᠵᠢᠱᠢᠶ᠎ᠡ ᠦᠵᠡᠬᠦᠯᠬᠦ ᠬᠦᠷᠢᠶᠡᠯᠡᠩ ᠤᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠳᠠ ᠶᠢᠨ ᠲᠦᠷᠦᠯ ᠵᠦᠢᠯ ᠤᠨ ᠶᠡᠷᠦᠩᠭᠡᠢ ᠪᠡᠯᠡ ᠤᠷᠤᠭᠤᠯᠤᠯᠳᠠ ᠨᠢ 21.99 ᠳ᠋ᠦᠩᠰᠢᠭᠤᠷ ᠲᠦᠭᠦᠷᠢᠭ ᠬᠦᠷᠴᠦ᠂ ᠬᠦᠷᠢᠶᠡᠯᠡᠩ ᠤᠨ ᠶᠡᠷᠦᠩᠭᠡᠢ ᠲᠠᠯᠠᠪᠠᠢ ᠨᠢ 30 ᠲᠦᠮᠡᠨ ᠮᠦ ᠪᠠᠶᠢᠵᠦ᠂ ᠮᠠᠯᠵᠢᠯ ᠤᠨ ᠲᠠᠯᠠᠪᠠᠢ ᠶᠢᠨ ᠶᠡᠷᠥᠩᠬᠡᠢ ᠲᠠᠯᠠᠪᠠᠢ ᠨᠢ 8564.38 ᠮᠥ ᠬᠦᠷᠴᠦ᠂ ᠮᠠᠨ ᠤ ᠠᠶᠢᠮᠠᠭ ᠤᠨ 2021 ᠣᠨ ᠤ ᠭᠤᠤᠯᠳᠠᠯᠭ᠎ᠠ ᠲᠠᠢ ᠲᠥᠷᠥᠯ ᠵᠦᠶ᠋ᠯ ᠤᠨ ᠨᠢᠭᠡ ᠪᠣᠯᠤᠨ᠎ᠠ᠃ ᠲᠥᠷᠥᠯ ᠵᠦᠶ᠋ᠯ ᠨᠢ ᠥᠨᠳᠥᠷ ᠪᠠᠷᠢᠮᠵᠢᠶᠠᠳᠦ᠂ ᠣᠳᠣᠬᠢᠴᠢᠯᠠᠭᠰᠠᠨ ᠲᠦᠮᠡᠨ ᠲᠣᠯᠣᠭᠠᠶ ᠠᠴᠠ ᠳᠡᠭᠡᠭᠰᠢᠬᠢ ᠮᠠᠯᠵᠢᠯ ᠤᠨ ᠲᠠᠯᠠᠪᠠᠢ ᠶᠢ 4 ᠪᠠᠶᠢᠭᠤᠯᠬᠤ ᠪᠠᠷ ᠲᠦᠯᠦᠪᠯᠡᠵᠦ᠂ ᠲᠤᠰ ᠲᠤᠰ ᠴᠠᠷᠠᠰᠤᠨ ᠪᠠᠯᠭᠠᠰᠤᠨ ᠤ ᠪᠠᠶᠠᠨ ᠭᠠᠴᠠᠭᠠᠨ ᠤ ᠶᠢᠨ ᠱᠦᠨ ᠮᠠᠯᠵᠢᠯ ᠤᠨ ᠦᠢᠯᠡᠰ ᠤᠨ 1.5 ᠲᠦᠮᠡᠨ ᠰᠠᠭᠠᠯᠢ ᠶᠢᠨ ᠦᠨᠢᠶ᠎ᠡ ᠲᠡᠵᠢᠭᠡᠬᠦ ᠮᠠᠯᠵᠢᠯ ᠤᠨ ᠲᠠᠯᠠᠪᠠᠶ᠂ ᠡᠷᠬᠢᠳᠥ ᠪᠠᠯᠭᠠᠰᠤᠨ ᠤ ᠬᠤᠳᠡᠨ ᠭᠠᠴᠠᠭᠠᠨ ᠤ ᠶᠢᠦ ᠷᠠᠨ ᠮᠠᠯᠵᠢᠯ ᠤᠨ ᠦᠢᠯᠡᠰ ᠤᠨ 1.2 ᠲᠦᠮᠡᠨ ᠰᠠᠭᠠᠯᠢ ᠶᠢᠨ ᠦᠨᠢᠶ᠎ᠡ ᠲᠡᠵᠢᠭᠡᠬᠦ ᠮᠠᠯᠵᠢᠯ ᠤᠨ ᠲᠠᠯᠠᠪᠠᠶ᠂ ᠡᠷᠬᠢᠳᠦ ᠪᠠᠯᠭᠠᠰᠦᠡ ᠤ ᠨᠤᠭᠤᠪᠴᠢ ᠭᠠᠴᠠᠭᠠᠨ ᠤ ᠵᠥᠩ ᠪᠥᠸᠧ ᠲᠠᠷᠢᠶᠠᠯᠠᠩ ᠮᠠᠯ ᠠᠵᠤ ᠠᠬᠤᠶ ᠶᠢᠨ 2.5 ᠲᠦᠮᠡᠨ ᠰᠠᠭᠠᠯᠢ ᠶᠢᠨ ᠦᠨᠢᠶ᠎ᠡ ᠲᠡᠵᠢᠭᠡᠬᠦ ᠲᠠᠯᠠᠪᠠᠶ ᠵᠢᠴᠢ ᠬᠥᠬᠡ ᠠᠳᠤᠭᠤᠨ ᠲᠠᠯᠠᠪᠠᠶ ᠶᠢᠨ ᠵᠥᠩ ᠯᠢ ᠮᠠᠯᠵᠢᠯ ᠤᠨ ᠦᠢᠯᠡᠰ ᠤᠨ 2.5 ᠲᠦᠮᠡᠨ ᠰᠠᠭᠠᠯᠢ ᠶᠢᠨ ᠦᠨᠢᠶ᠎ᠡ ᠲᠡᠵᠢᠭᠡᠬᠦ ᠮᠠᠯᠵᠢᠯ ᠤᠨ ᠲᠠᠯᠠᠪᠠᠶ ᠪᠣᠯᠤᠨ᠎ᠠ    ᠲᠤᠰ ᠬᠦᠷᠢᠶᠡᠯᠡᠩ ᠨᠢ ᠠᠰᠢᠭᠯᠠᠯᠳᠠ ᠳᠤ ᠤᠷᠤᠭᠰᠠᠨ ᠤ ᠳᠠᠷᠠᠭ᠎ᠠ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠬᠦᠯᠬᠦ ᠬᠡᠪᠴᠢᠶ᠎ᠡ ᠨᠢ 7.7 ᠲᠦᠮᠡ ᠬᠦᠷᠴᠦ᠂ ᠡᠳᠦᠷ ᠲᠤ 1200 ᠲᠤᠨ ᠰᠦ ᠬᠠᠩᠭᠠᠵᠦ᠂ 1050 ᠬᠦᠮᠦᠨ ᠳᠤ ᠠᠵᠢᠯ ᠤᠯᠭᠤᠨ᠂ ᠤᠢᠢᠷ᠎ᠠ ᠬᠠᠪᠢ ᠶᠢᠨ ᠭᠠᠵᠠᠷ ᠤᠷᠤᠨ ᠢ ᠲᠠᠶᠢᠴᠢᠯᠠᠨ᠂ 20.5 ᠲᠦᠮᠡᠨ ᠮᠦ ᠬᠦᠭᠡ ᠪᠤᠷᠳᠤᠭ᠎ᠠ ᠲᠠᠷᠢᠬᠤ ᠪᠤᠯᠭᠠᠨ᠎ᠠ᠃ 6 ᠰᠠᠷ᠎ᠠ ᠶᠢᠨ ᠲᠤᠮᠳᠠᠴᠢ ᠪᠤᠯᠳᠠᠯ᠎ᠠ᠂ ᠲᠤᠰ ᠲᠦᠷᠦᠯ ᠵᠦᠢᠯ ᠤᠨ ᠪᠠᠶᠢᠭᠤᠯᠤᠯᠳᠠ ᠨᠢ ᠨᠡᠶᠢᠳᠡ 11.22 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠪᠡ᠃    ᠡᠬᠦᠨ ᠳᠤ᠂ ᠴᠠᠷᠠᠰᠤᠨ ᠪᠠᠯᠭᠠᠰᠤᠨ ᠤ ᠪᠠᠶᠠᠨ ᠭᠠᠴᠠᠭᠠᠨ ᠤ ᠶᠢᠨ ᠱᠦᠨ ᠮᠠᠯᠵᠢᠯ ᠤᠨ ᠦᠢᠯᠡᠰ ᠤᠨ 1.5 ᠲᠦᠮᠡᠨ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠶ ᠶᠢᠨ ᠦᠢᠯᠡᠳᠪᠦᠷᠢ ᠶᠢᠨ ᠲᠤᠭᠤᠷᠢᠭ ᠲᠤ 9 ᠬᠤᠳᠳᠤᠭ ᠮᠠᠯᠲᠠᠵᠤ᠂ 3.24 ᠺᠢᠯᠣᠮᠧᠳ᠋ᠷ ᠵᠠᠮ ᠵᠠᠰᠠᠪᠠ︔ ᠮᠠᠯᠵᠢᠯ ᠤᠨ ᠲᠠᠯᠠᠪᠠᠶ ᠨᠢ ᠰᠠᠭᠠᠯᠢ ᠶᠢᠨ ᠦᠨᠢᠶ᠎ᠡ ᠶᠢᠨ ᠦᠶ᠋ᠯᠡᠳᠪᠦᠷᠢᠯᠡᠯ ᠤᠨ ᠲᠣᠭᠤᠷᠢᠭ᠂ ᠲᠡᠵᠢᠭᠡᠯ ᠡᠪᠡᠰᠦ ᠪᠣᠷᠳᠤᠭ᠎ᠠ ᠶᠢᠨ ᠲᠣᠭᠤᠷᠢᠭ ᠵᠢᠴᠢ ᠪᠤᠰᠤᠳ ᠳᠠᠭᠠᠯᠲᠠ ᠪᠡᠯᠡᠳᠬᠡᠮᠵᠢ ᠵᠡᠷᠭᠡ ᠪᠦ᠋ᠬᠦ ᠴᠤᠭᠴᠠ ᠶᠢᠨ ᠪᠠᠶᠢᠭᠤᠯᠤᠯᠳᠠ ᠶᠢᠨ 80% ᠶᠢ ᠪᠡᠶᠡᠯᠡᠬᠦᠯᠵᠦ᠂ ᠵᠢᠱᠢᠯᠳᠡ ᠪᠠᠷ 2021 ᠤᠨ ᠤ 10 ᠰᠠᠷ᠎ᠠ ᠶᠢᠨ 30 ᠤ ᠡᠳᠦᠷ ᠪᠤᠯᠳᠠᠯ᠎ᠠ ᠪᠦᠬᠦ ᠲᠠᠯ᠎ᠠ ᠪᠠᠷ ᠠᠰᠢᠭᠯᠠᠯᠳᠠ ᠳᠤ ᠤᠷᠤᠭᠤᠯᠬᠤ ᠪᠠᠷ ᠲᠦᠯᠦᠪᠯᠡᠵᠦ ᠪᠠᠶᠢᠨ᠎ᠠ᠃ ᠡᠷᠬᠢᠳᠥ ᠪᠠᠯᠭᠠᠰᠤᠨ ᠤ ᠬᠤᠳᠡᠨ ᠭᠠᠴᠠᠭᠠᠨ ᠤ ᠶᠢᠦ ᠷᠠᠨ ᠮᠠᠯᠵᠢᠯ ᠤᠨ ᠦᠢᠯᠡᠰ ᠤᠨ 1.2 ᠲᠦᠮᠡᠨ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠶ ᠶᠢᠨ ᠦᠶ᠋ᠯᠡᠳᠪᠦᠷᠢ ᠶᠢᠨ ᠲᠣᠭᠤᠷᠢᠭ ᠲᠤ 2 ᠬᠤᠳᠳᠤᠭ ᠮᠠᠯᠲᠠᠵᠤ᠂ ᠨᠢᠭᠡᠨᠲᠡ ᠴᠠᠬᠢᠯᠭᠠᠨ ᠨᠡᠪᠲᠡᠷᠡᠬᠦᠯᠪᠡ︔ ᠮᠠᠯᠵᠢᠯ ᠤᠨ ᠲᠠᠯᠠᠪᠠᠶ ᠶᠢᠨ ᠦᠶ᠋ᠯᠡᠳᠪᠦᠷᠢᠯᠡᠯ ᠤᠨ ᠲᠣᠭᠤᠷᠢᠭ᠂ ᠲᠡᠵᠢᠭᠡᠯ ᠡᠪᠡᠰᠦ ᠪᠣᠷᠳᠤᠭ᠎ᠠ ᠶᠢᠨ ᠲᠣᠭᠤᠷᠢᠭ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠶ᠋ᠳᠪᠦᠷᠢᠯᠡᠬᠦ ᠲᠣᠭᠤᠷᠢᠭ ᠪᠣᠯᠤᠨ ᠪᠤᠰᠤᠳ ᠳᠠᠭᠠᠯᠲᠠ ᠪᠡᠯᠡᠳᠬᠡᠮᠵᠢ ᠵᠡᠷᠭᠡ ᠶᠢ ᠪᠠᠭᠲᠠᠭᠠᠭᠰᠠᠨ ᠪᠦᠬᠦ ᠴᠣᠭᠴᠠ ᠶᠢᠨ ᠪᠠᠶᠢᠭᠤᠯᠤᠯᠳᠠ ᠶᠢ 47 % ᠪᠠᠷ ᠪᠡᠶᠡᠯᠡᠭᠦᠯᠵᠦ᠂ ᠵᠢᠱᠢᠯᠳᠡ ᠪᠠᠷ 2021 ᠣᠨ ᠤ 10 ᠰᠠᠷ᠎ᠠ ᠶᠢᠨ 30 ᠤ ᠡᠳᠦᠷ ᠪᠤᠯᠳᠠᠯ᠎ᠠ ᠪᠥᠬᠦ ᠲᠠᠯ᠎ᠠ ᠪᠠᠷ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠣᠶ᠃ ᠡᠷᠬᠢᠲᠦ ᠪᠠᠯᠭᠠᠰᠤᠨ ᠤ ᠨᠤᠭᠤᠪᠴᠢ ᠭᠠᠴᠠᠭᠠᠨ ᠤ ᠵᠥᠩ ᠪᠥᠸᠧ ᠲᠠᠷᠢᠶᠠᠯᠠᠩ ᠮᠠᠯ ᠠᠵᠤ ᠠᠬᠤᠶ ᠶᠢᠨ 2.5 ᠲᠦᠮᠡᠨ ᠰᠠᠭᠠᠯᠢ ᠶᠢᠨ ᠦᠨᠢᠶ᠎ᠡ ᠲᠡᠵᠢᠭᠡᠬᠦ ᠮᠠᠯᠵᠢᠯ ᠤᠨ ᠲᠠᠯᠠᠪᠠᠶ ᠶᠢᠨ ᠦᠶ᠋ᠯᠡᠳᠪᠦᠷᠢ ᠶᠢᠨ ᠲᠣᠭᠤᠷᠢᠭ ᠲᠤ 6 ᠬᠤᠳᠳᠤᠭ ᠮᠠᠯᠲᠠᠵᠤ᠂ ᠴᠠᠬᠢᠯᠭᠠᠨ ᠬᠦᠴᠦᠨ ᠤ ᠲᠥᠬᠦᠭᠡᠷᠦᠮᠵᠢ ᠶᠢ ᠦᠨᠳᠦᠰᠦᠨ ᠳᠤ ᠪᠠᠨ ᠪᠠᠶᠢᠭᠤᠯᠵᠤ ᠳᠠᠭᠤᠰᠬᠠᠪᠠ︔ ᠮᠠᠯᠵᠢᠯ ᠤᠨ ᠲᠠᠯᠠᠪᠠᠶ ᠶᠢᠨ ᠲᠦᠯᠦᠪᠵᠢᠬᠦᠯᠦᠭᠰᠠᠨ ᠦᠶ᠋ᠯᠡᠳᠪᠦᠷᠢᠯᠡᠯ ᠤᠨ ᠲᠣᠭᠤᠷᠢᠭ᠂ ᠲᠡᠵᠢᠭᠡᠯ ᠡᠪᠡᠰᠦ ᠪᠣᠷᠳᠤᠭ᠎ᠠ ᠶᠢᠨ ᠲᠣᠭᠤᠷᠢᠭ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠶ᠋ᠳᠪᠦᠷᠢᠯᠡᠬᠦ ᠲᠣᠭᠤᠷᠢᠭ ᠪᠣᠯᠤᠨ ᠪᠤᠰᠤᠳ ᠳᠠᠭᠠᠯᠲᠠ ᠪᠡᠯᠡᠳᠬᠡᠮᠵᠢ ᠵᠡᠷᠭᠡ ᠨᠢ ᠨᠢᠭᠡᠨᠲᠡ ᠶᠡᠷᠦᠩᠬᠡᠶ ᠠᠬᠢᠴᠠ ᠶᠢᠨ 27.05 % ᠶᠢ ᠪᠡᠶᠡᠯᠡᠭᠦᠯᠵᠦ᠂ 2021 ᠣᠨ ᠤ 7 ᠰᠠᠷ᠎ᠠ ᠶᠢᠨ 30 ᠤ ᠡᠳᠦᠷ ᠪᠤᠯᠳᠠᠯ᠎ᠠ ᠪᠥᠬᠦ ᠲᠠᠯ᠎ᠠ ᠪᠠᠷ ᠪᠠᠷᠢᠯᠭ᠎ᠠ ᠳᠠᠭᠤᠰᠬᠠᠨ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠣᠶ᠃ ᠬᠥᠬᠡ ᠠᠳᠤᠭᠤᠨ ᠲᠠᠯᠠᠪᠠᠢ ᠶᠢᠨ ᠵᠥᠩ ᠯᠢ ᠮᠠᠯᠵᠢᠯ ᠤᠨ ᠦᠢᠯᠡᠰ ᠤᠨ 2.5 ᠲᠦᠮᠡᠨ ᠰᠠᠭᠠᠯᠢ ᠶᠢᠨ ᠦᠨᠢᠶ᠎ᠡ ᠳᠡᠵᠢᠭᠡᠬᠦ ᠮᠠᠯᠵᠢᠯ ᠤᠨ ᠲᠠᠯᠠᠪᠠᠢ ᠶᠢᠨ ᠶᠡᠷᠦᠩᠭᠡᠢ ᠪᠠᠷᠢᠯᠭ᠎ᠠ ᠶᠢᠨ 94 % ᠶᠢ ᠪᠡᠶᠡᠯᠡᠭᠦᠯᠪᠡ︔ ᠰᠦ ᠰᠠᠭᠠᠬᠤ ᠲᠢᠩᠬᠢᠮ ᠨᠢ 2021 ᠣᠨ ᠤ 1 ᠰᠠᠷ᠎ᠠ ᠳᠤ ᠠᠰᠢᠭᠯᠠᠯᠲᠠ ᠳᠤ ᠣᠷᠣᠵᠤ᠂ 1000 ᠭᠠᠷᠤᠶ ᠰᠠᠭᠠᠯᠢ ᠶᠢᠨ ᠦᠨᠢᠶ᠎ᠡ ᠰᠠᠭᠠᠵᠤ ᠳᠡᠶᠢᠯᠦᠨ᠎ᠡ᠃ 1 ᠳ᠋ᠦ᠋ᠬᠡᠷ ᠰᠦ ᠰᠠᠭᠠᠬᠤ ᠲᠢᠩᠬᠢᠮ 2021 ᠣᠨ ᠤ 6 ᠰᠠᠷ᠎ᠠ ᠶᠢᠨ 6 ᠤ ᠡᠳᠦᠷ ᠨᠢᠭᠡᠨᠲᠡ ᠠᠵᠢᠯ ᠢᠶᠠᠨ ᠳᠠᠭᠤᠰᠬᠠᠵᠤ᠂ 100 ᠰᠠᠭᠠᠯᠢ ᠶᠢᠨ ᠦᠨᠢᠶ᠎ᠡ ᠶᠢ ᠵᠡᠷᠭᠡ ᠪᠠᠷ ᠰᠠᠭᠠᠵᠦ᠂ 2 ᠳ᠋ᠤᠭᠠᠷ ᠰᠦ ᠰᠠᠭᠠᠬᠤ ᠲᠢᠩᠬᠢᠮ ᠤᠨ ᠪᠠᠷᠢᠯᠭ᠎ᠠ ᠶᠢᠨ ᠠᠵᠢᠯ ᠢ ᠨᠢᠭᠡᠨᠲᠡ ᠳᠠᠭᠤᠰᠬᠠᠵᠤ᠂ 2021 ᠣᠨ ᠤ 7 ᠰᠠᠷ᠎ᠠ ᠶᠢᠨ 30 ᠤ ᠡᠳᠦᠷ ᠪᠤᠯᠳᠠᠯ᠎ᠠ ᠪᠦᠬᠦ ᠲᠠᠯ᠎ᠠ ᠪᠠᠷ ᠠᠵᠢᠯ ᠢᠶᠠᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠠᠶᠢᠨ᠎ᠠ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号