ᠡᠮᠦᠨᠡᠲᠦ ᠬᠤᠰᠢᠭᠤᠨ ᠤ ᠬᠤᠯᠪᠤᠭ᠎ᠠ ᠰᠦᠢᠳᠬᠡᠯ ᠬᠤᠷᠢᠶᠠᠬᠤ ᠥᠷᠳᠡᠭᠡ ᠰᠤᠷᠭᠠᠭᠤᠯᠢ ᠶᠢᠨ ᠬᠦᠷᠢᠶ ᠎ᠡ ᠪᠠᠷ ᠭᠦᠨᠵᠡᠭᠡᠶᠢᠷᠡᠨ ᠬᠠᠶᠢᠷ ᠎ᠠ ᠬᠠᠨᠳᠢᠪ ᠬᠦᠷᠭᠡᠵᠦ ᠪᠤᠢ
ᠨᠡᠶᠢᠲᠡᠯᠡᠭᠰᠡᠨ ᠴᠠᠭ᠄
2021/7/21
     ᠲᠤᠰ ᠰᠤᠨᠢᠨ ᠤ ᠮᠡᠳᠡᠭᠡ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ ᠳᠣᠯᠣᠳᠤᠭᠠᠷ ᠬᠤᠭᠤᠴᠠᠭᠠᠨ ᠤ ᠡᠮᠡᠭᠲᠡᠶ ᠠᠵᠢᠯᠲᠠᠨ ᠠᠵᠢᠯᠴᠢᠨ ᠤ ᠵᠥᠪᠯᠡᠯ ᠤᠨ ᠠᠩᠬᠠᠳᠤᠭᠠᠷ ᠬᠤᠷᠠᠯᠳᠤᠭᠠᠨ ᠤ ᠠᠵᠢᠯ ᠤᠨ ᠪᠠᠶᠢᠷᠢᠯᠠᠭᠤᠯᠤᠯᠲᠠ ᠶᠢᠨ ᠠᠭᠤᠯᠭ᠎ᠠ ᠶᠢ ᠨᠠᠶᠢᠳᠠᠪᠤᠷᠢᠵᠢᠭᠤᠯᠬᠤ ᠪᠠᠷ ᠤᠢᠢᠷ ᠎ᠠ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠯᠪᠤᠭ᠎ᠠ ᠰᠦᠢᠳᠬᠡᠯ ᠬᠤᠷᠢᠶᠠᠬᠤ ᠥᠷᠳᠡᠭᠡ ᠶᠢᠨ ᠬᠢᠨ ᠬᠤᠯᠪᠤᠭ᠎ᠠ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠭᠠᠵᠠᠷ ᠲᠠᠢ ᠬᠠᠮᠲᠤᠷᠠᠨ ᠠᠵᠢᠯᠲᠠᠨ ᠠᠵᠢᠯᠴᠢᠨ ᠢᠶᠠᠨ ᠵᠣᠬᠢᠶᠠᠨ ᠪᠠᠶᠢᠭᠤᠯᠵᠦ᠂ ᠡᠮᠦᠨᠡᠲᠦ ᠬᠤᠰᠢᠭᠤᠨ ᠤ ᠠᠯᠳᠠᠷ ᠪᠠᠭ᠎ᠠ ᠰᠤᠷᠭᠠᠭᠤᠯᠢ ᠪᠠᠷ ᠭᠦᠨᠵᠡᠭᠡᠶᠢᠷᠡᠨ ᠬᠠᠶᠢᠷ᠎ᠠ ᠬᠠᠯᠠᠮᠵᠢ ᠬᠦᠷᠭᠡᠬᠦ ᠰᠠᠶᠢᠨ ᠳᠤᠷᠠᠴᠤᠤᠯ ᠤᠨ ᠠᠵᠢᠯᠯᠠᠭ᠎ᠠ ᠥᠷᠨᠢᠭᠦᠯᠪᠡ᠃       ᠾᠦᠸᠧ ᠸᠧᠨ ᠰᠢᠨ ᠪᠢᠴᠢᠬᠠᠨ ᠨᠠᠶᠢᠵᠢ ᠶᠢᠨ ᠬᠡᠷ ᠪᠦᠯᠢ ᠶᠢᠨ ᠬᠦᠴᠢᠷᠳᠡᠯ ᠲᠠᠢ ᠪᠠᠶᠢᠳᠠᠯ ᠢ ᠰᠤᠷᠭᠠᠭᠤᠯᠢ ᠶᠢᠨ ᠲᠠᠯ᠎ᠠ ᠠᠴᠠ ᠤᠢᠢᠯᠠᠭᠠᠵᠦ᠂ ᠤᠯᠠᠨ ᠢᠶᠠᠷ ᠢᠶᠠᠨ ᠰᠤᠷᠭᠠᠭᠤᠯᠢ ᠶᠢᠨ ᠵᠠᠬᠢᠷᠤᠯ ᠤᠨ ᠲᠠᠭᠠᠭᠤᠯᠭ᠎ᠠ ᠲᠤᠤᠷ ᠎ᠠ ᠾᠦᠸᠧ ᠸᠧᠨ ᠰᠢᠨ ᠤ ᠳᠡᠷᠭᠡᠳᠡ ᠬᠦᠷᠴᠦ᠂ ᠬᠠᠶᠢᠷ᠎ᠠ ᠬᠠᠯᠠᠮᠵᠢ ᠶᠢᠨ ᠡᠳ᠋ ᠪᠤᠳᠠᠰ ᠬᠦᠷᠭᠡᠪᠡ᠃ ᠤᠯᠠᠨ ᠢᠶᠠᠷ ᠢᠶᠠᠨ ᠲᠡᠭᠦᠨ ᠲᠠᠢ ᠳᠣᠲᠣᠨᠣᠰᠤᠭ ᠢᠶᠠᠷ ᠶᠠᠷᠢᠯᠴᠠᠵᠤ᠂ ᠬᠦᠴᠢᠷᠲᠡᠶ ᠣᠷᠴᠢᠨ ᠳᠤ ᠴᠤ ᠰᠠᠶᠢᠲᠤᠷ ᠰᠤᠷᠤᠯᠴᠠᠵᠤ᠂ ᠢᠲᠡᠭᠡᠯ ᠵᠣᠷᠢᠭ ᠢᠶᠠᠨ ᠬᠥᠪᠴᠢᠯᠡᠨ᠂ ᠬᠦᠴᠢᠷ ᠪᠡᠷᠬᠡᠰᠢᠶᠡᠯ ᠳᠤ ᠵᠣᠷᠢᠭᠲᠠᠶ ᠪᠠᠶᠠᠰᠤᠩᠭᠤᠶ ᠬᠠᠨᠳᠤᠬᠤ ᠬᠡᠷᠡᠭᠲᠡᠶ ᠭᠡᠵᠦ ᠵᠣᠷᠢᠭᠵᠢᠭᠤᠯᠵᠠᠶ᠃       ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠨ᠂ ᠬᠦᠴᠢᠷᠳᠡᠯ ᠲᠠᠢ ᠬᠡᠤᠬᠡᠳ ᠲᠤ ᠡᠳ᠋ ᠪᠣᠳᠠᠰ ᠤᠨ ᠬᠠᠪᠰᠤᠷᠤᠯᠭ᠎ᠠ ᠪᠠ ᠣᠶᠤᠨ ᠰᠠᠨᠠᠭᠠᠨ ᠤ ᠲᠠᠯ᠎ᠠ ᠶᠢᠨ ᠵᠣᠷᠢᠭᠵᠢᠭᠤᠯᠤᠯ ᠬᠦᠷᠭᠡᠬᠦ ᠶᠢᠨ ᠬᠠᠮᠲᠦ᠂ ᠠᠵᠢᠯᠲᠠᠨ ᠠᠵᠢᠯᠴᠢᠨ ᠤ ᠪᠣᠳᠠᠲᠤ ᠠᠵᠢᠯᠯᠠᠭ᠎ᠠ ᠪᠠᠷ ᠢᠶᠠᠨ ᠠᠵᠤ ᠠᠬᠤᠶᠢᠯᠠᠯ ᠤᠨ ᠦᠶ᠋ᠯᠡᠴᠢᠯᠡᠭᠡᠨ ᠤ ᠠᠮᠠᠯᠠᠯᠲᠠ ᠪᠠᠨ ᠦᠶ᠋ᠯᠡᠳᠦᠯᠭᠡᠵᠢᠭᠦᠯᠵᠦ᠂ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢ ᠵᠣᠷᠢᠭᠲᠠᠶ ᠪᠠᠷ ᠡᠭᠦᠷᠭᠡᠯᠡᠵᠦ᠂ ᠬᠦᠴᠢᠷᠳᠡᠯ ᠲᠠᠢ ᠬᠡᠤᠬᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠯᠠᠮᠵᠢᠯᠠᠨ ᠬᠠᠶᠢᠷᠠᠯᠠᠬᠤ ᠢᠳᠡᠪᠬᠢᠵᠢᠯ ᠢ ᠬᠦᠭᠵᠢᠭᠡᠭᠰᠡᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号