ᠰᠦᠨ ᠱᠦ ᠲᠤᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2021/7/27
         7 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠦ ᠲᠤᠤ᠂ ᠵᠠᠩ ᠶᠦᠨ ᠹᠠ᠂ ᠴᠢᠩᠪᠠᠲᠤ ᠵᠡᠷᠭᠡ ᠬᠤᠰᠢᠭᠤᠨ ᠤ ᠲᠠᠰ ᠤᠨ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠢ ᠪᠣᠯᠭᠤᠭᠠᠨ ᠲᠣᠬᠤᠨᠢᠭᠤᠯᠤᠭᠰᠠᠨ ᠪᠥᠭᠡᠳ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠵᠡᠶ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠹᠠᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠵᠠᠩ ᠰᠢᠤᠢ ᠳ᠋ᠦᠩ ᠪᠠᠷ᠎ᠠ ᠪᠣᠯᠵᠣ ᠲᠣᠬᠤᠨᠢᠭᠤᠯᠪᠠ᠃    ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠪᠤᠯᠬᠤ ᠤᠤᠯ ᠤᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠦᠨ ᠹᠠ ᠶᠢᠨ ᠭᠡᠷ ᠲᠤ᠂ ᠰᠦᠨ ᠱᠦ ᠲᠤᠤ ᠠᠬᠠᠮᠠᠳ ᠨᠥᠬᠦᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠵᠢᠯ ᠠᠴᠠ ᠪᠠᠨ ᠠᠮᠠᠷᠠᠭᠰᠠᠨ ᠤ ᠳᠠᠷᠠᠭᠠᠬᠢ ᠠᠮᠢᠳᠤᠷᠠᠯ ᠪᠣᠯᠤᠨ ᠪᠡᠶ᠎ᠡ ᠮᠠᠬᠠᠪᠣᠳ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠡᠳᠡᠨ ᠤ ᠮᠠᠨ ᠤ ᠬᠤᠰᠢᠭᠤᠨ ᠤ ᠬᠥᠭᠵᠢᠯᠲᠡ ᠳᠤ ᠰᠠᠶᠢᠨ ᠰᠠᠭᠤᠷᠢ ᠲᠠᠯᠪᠢᠵᠤ᠂ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠨ᠂ ᠠᠬᠠᠮᠠᠳ ᠨᠥᠬᠦᠳ ᠪᠡᠶ᠎ᠡ ᠪᠠᠨ ᠰᠠᠶᠢᠲᠤᠷ ᠭᠠᠮᠨᠠᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠠᠩᠬᠠᠷᠴᠦ᠂ ᠡᠷᠬᠢᠮ ᠨᠠᠨᠳᠢᠨ ᠰᠠᠨᠠᠯ ᠰᠠᠨᠠᠭᠤᠯᠭ᠎ᠠ ᠶᠢ ᠢᠯᠡᠭᠦᠬᠡᠨ ᠳᠤᠷᠠᠳᠬᠤ ᠶᠢ ᠬᠦᠰᠡᠪᠡ᠃ ᠵᠠᠩ ᠶᠦᠨ ᠹᠠ ᠢᠯᠡᠷᠬᠡᠶᠢᠯᠡᠭᠰᠡᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ ᠢ ᠡᠷᠡᠰ ᠬᠦᠷᠢᠶᠡᠯᠡᠵᠦ᠂ ᠰᠦᠨ ᠱᠦ ᠲᠤᠤ ᠱᠦᠵᠢ ᠶᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠢᠷᠡᠵᠦ ᠠᠵᠢᠯᠯᠠᠬᠤ ᠶᠢ ᠪᠠᠶᠠᠷᠯᠠᠨ ᠤᠭᠲᠤᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠬᠠᠮᠠᠳ ᠨᠥᠬᠦᠳ ᠤᠨ ᠡᠩᠨᠡᠭᠡᠨ ᠤ ᠨᠢᠭᠡ ᠭᠡᠰᠢᠭᠦᠨ ᠪᠣᠯᠤᠭᠰᠠᠨ ᠤ ᠬᠤᠪᠢ ᠳᠤ᠂ ᠯᠠᠪᠲᠠᠢ ᠠᠬᠠᠮᠠᠳ ᠨᠥᠬᠦᠳ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠦᠯᠡᠳᠡᠪᠦᠷᠢ ᠢᠯᠴᠢ ᠪᠠᠨ ᠪᠠᠳᠠᠷᠠᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠨᠡᠮᠡᠷᠢᠯᠡᠨ᠎ᠡ ᠬᠡᠵᠡᠢ᠃
   ᠰᠦᠨ ᠱᠦ ᠲᠤᠤ ᠨᠠᠷ ᠪᠠᠰᠠ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠪᠤᠯᠬᠤ ᠤᠤᠯ ᠤᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠷᠬᠢᠯᠡᠭᠴᠢ ᠴᠢᠩᠪᠠᠲᠤ ᠶᠢᠨ ᠭᠡᠷ ᠲᠤ ᠬᠦᠷᠴᠦ ᠂ ᠨᠠᠰᠤᠲᠠᠨ ᠭᠤᠸᠠᠢ ᠶᠢᠨ 83 ᠨᠠᠰᠤᠨ ᠤ ᠦᠨᠳᠦᠷ ᠨᠠᠰᠤᠨ ᠰᠡᠭᠦᠳᠡᠷ ᠲᠤ ᠬᠦᠷᠴᠢᠬᠡᠭᠡᠳ᠂ ᠪᠡᠶ᠎ᠡ ᠮᠠᠬᠠᠪᠣᠳ ᠨᠢ ᠡᠷᠡᠭᠦᠯ ᠲᠡᠩᠬᠡᠯᠡᠭᠦᠨ᠂ ᠴᠤᠭ ᠵᠢᠪᠬᠤᠭ᠎ᠠ ᠲᠠᠢ ᠪᠠᠶᠢᠬᠤ ᠶᠢ ᠬᠠᠷᠠᠭᠠᠳ ᠰᠦᠨ ᠱᠦ ᠲᠤᠤ ᠲᠦᠢᠯ ᠢᠶᠠᠷ ᠪᠠᠶᠠᠷᠯᠠᠪᠠ᠃ ᠰᠦᠨ ᠱᠦ ᠲᠤᠤ ᠠᠬᠠᠮᠠᠳ ᠨᠥᠬᠦᠳ ᠲᠠᠢ ᠳᠣᠲᠣᠨᠣᠰᠤᠭ ᠢᠶᠠᠷ ᠵᠣᠭᠤᠭᠳᠠᠵᠤ᠂ ᠬᠥᠭᠵᠢᠯᠲᠡ ᠶᠢᠨ ᠲᠤᠬᠠᠢ ᠶᠠᠷᠢᠯᠴᠠᠵᠤ᠂ ᠨᠠᠰᠤᠲᠠᠶᠢᠴᠤᠳ ᠤᠨ ᠠᠮᠢᠳᠤᠷᠠᠯ ᠤᠨ ᠪᠠᠶᠢᠳᠠᠯ ᠵᠢᠴᠢ ᠦᠷ᠎ᠡ ᠬᠡᠦᠬᠡᠳ ᠤᠨ ᠠᠵᠢᠯ ᠣᠯᠭᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠬᠠᠮᠠᠳ ᠨᠥᠬᠦᠳ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠪᠠ᠃ ᠰᠦᠨ ᠱᠦ ᠲᠤᠤ ᠴᠢᠬᠤᠯᠠᠴᠢᠯᠠᠭᠰᠠᠨ ᠨᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠬᠠᠮᠠᠳ ᠨᠥᠬᠦᠳ ᠢ ᠨᠡᠩ ᠢᠯᠡᠭᠦᠦ ᠬᠦᠨᠳᠦᠳᠬᠡᠵᠦ᠂ ᠬᠠᠯᠠᠮᠵᠢᠯᠠᠨ ᠬᠠᠶᠢᠷᠠᠯᠠᠵᠤ᠂ ᠦᠵᠡᠯ ᠰᠠᠨᠠᠭᠠᠨ ᠤ ᠲᠠᠯ᠎ᠠ ᠪᠠᠷ ᠢᠯᠡᠭᠦᠬᠡᠨ ᠣᠶᠢᠯᠠᠭᠠᠯᠴᠠᠵᠤ᠂ ᠠᠮᠢᠳᠤᠷᠠᠯ ᠤᠨ ᠲᠠᠯ᠎ᠠ ᠪᠠᠷ ᠢᠯᠡᠭᠦᠬᠡᠨ ᠬᠠᠷᠠᠭᠠᠯᠵᠠᠵᠤ᠂ ᠤᠶᠤᠨ ᠰᠠᠨᠠᠭᠠᠨ ᠤ ᠲᠠᠯ᠎ᠠ ᠪᠠᠷ ᠢᠯᠡᠭᠦᠬᠡᠨ ᠬᠠᠯᠠᠮᠵᠢᠯᠠᠵᠤ᠂ ᠡᠯ᠎ᠡ ᠵᠦᠢᠯ ᠤᠨ ᠦᠢᠯᠡᠴᠢᠯᠡᠭᠡ ᠪᠣᠯᠤᠨ ᠪᠠᠲᠤᠯᠠᠭ᠎ᠠ ᠶᠢᠨ ᠠᠵᠢᠯ ᠢ ᠰᠡᠳᠬᠢᠯ ᠲᠠᠯᠪᠢᠨ ᠰᠠᠶᠢᠲᠤᠷ ᠬᠢᠬᠦ ᠬᠡᠷᠡᠭᠲᠡᠢ ᠬᠡᠵᠡᠢ᠃    ᠴᠢᠩᠪᠠᠲᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠬᠠᠮᠠᠳ ᠨᠥᠬᠦᠳ ᠤᠨ ᠰᠠᠨᠠᠯ ᠢ ᠬᠦᠨᠳᠦᠳᠬᠡᠵᠦ᠂ ᠶᠠᠭᠠᠷᠠᠯᠲᠠᠶ ᠠᠵᠢᠯ ᠤᠨ ᠳᠤᠮᠳᠠ ᠠᠬᠠᠮᠠᠳ ᠨᠥᠬᠦᠳ ᠤᠨ ᠦᠵᠡᠯ ᠰᠠᠨᠠᠭᠠᠨ ᠤ ᠠᠮᠢᠳᠤᠷᠠᠯ ᠢ ᠬᠠᠯᠠᠮᠵᠢᠯᠠᠭᠰᠠᠨ ᠳᠤ ᠲᠠᠯᠠᠷᠬᠠᠯ ᠢᠶᠠᠨ ᠢᠯᠡᠳᠬᠡᠪᠡ᠃ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠷ ᠪᠣᠯᠤᠭᠰᠠᠨ ᠤ ᠬᠤᠪᠢ ᠳᠤ᠂ ᠬᠡᠳᠦ᠋ᠢᠪᠡᠷ ᠠᠵᠢᠯ ᠠᠴᠠ ᠪᠠᠨ ᠠᠮᠠᠷᠠᠭᠰᠠᠨ ᠪᠣᠯᠪᠠᠴᠤ ᠢᠮᠠᠭᠲᠠ ᠨᠠᠮ ᠤᠨ ᠬᠥᠮᠦᠵᠢᠭᠦᠯᠦᠯ ᠳᠤ ᠲᠠᠯᠠᠷᠬᠠᠨ᠂ ᠢᠮᠠᠭᠲᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠭᠵᠢᠯᠲᠡ ᠬᠤᠪᠢᠷᠠᠯᠲᠠ ᠶᠢ ᠠᠩᠬᠠᠷᠤᠨ ᠬᠠᠯᠠᠮᠵᠢᠯᠠᠵᠤ᠂ ᠮᠠᠨ ᠤ ᠬᠤᠰᠢᠭᠤᠨ ᠤ ᠡᠯ᠎ᠡ ᠵᠦᠢᠯ ᠤᠨ ᠠᠵᠢᠯ ᠪᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠥᠩᠭᠡᠷᠡᠭᠰᠡᠨ ᠲᠠᠢ ᠪᠠᠨ ᠠᠳᠠᠯᠢ ᠪᠠᠷ ᠪᠦᠭᠦ ᠬᠦᠴᠦᠨ ᠢᠶᠠᠷ ᠢᠶᠠᠨ ᠰᠠᠶᠢᠲᠤᠷ ᠬᠠᠮᠵᠢᠯᠴᠠᠵᠤ᠂ ᠳᠡᠮᠵᠢᠯᠭᠡ ᠦᠵᠡᠭᠦᠯᠦᠨ᠎ᠡ ᠭᠡᠵᠦ ᠢᠯᠡᠳᠬᠡᠵᠡᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号