ᠸᠠᠩ ᠯᠢ ᠳ᠋ᠦᠩ ᠮᠠᠨᠵᠤᠲ᠋ᠦ᠋ᠨ ᠤ ᠮᠠᠨᠵᠤ ᠦᠨᠳᠦᠰᠦᠲᠡᠨ ᠤ ᠰᠢᠶᠠᠩ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/7/27
   7 ᠰᠠᠷ᠎ᠠ ᠶᠢᠨ 19 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠸᠠᠩ ᠯᠢ ᠳ᠋ᠦᠩ ᠮᠠᠨᠵᠤᠲ᠋ᠦ᠋ᠨ ᠤ ᠮᠠᠨᠵᠤ ᠦᠨᠳᠦᠰᠦᠲᠡᠨ ᠤ ᠰᠢᠶᠠᠩ ᠤᠨ ᠬᠠᠶᠢᠯᠠᠰᠤᠲᠠᠢ ᠵᠠᠯᠠᠭ᠎ᠠ ᠶᠢᠨ ᠭᠤᠤᠯ ᠤᠨ ᠰᠠᠪᠠ ᠭᠠᠵᠠᠷ ᠢᠶᠠᠷ ᠭᠦᠨᠵᠡᠭᠡᠶᠢᠷᠡᠨ᠂ ᠠᠮᠢ ᠠᠬᠤᠶ ᠵᠤᠭᠠᠴᠠᠯ ᠵᠢᠴᠢ ᠰᠣᠶᠣᠯ ᠵᠤᠭᠠᠴᠠᠯ ᠤᠨ ᠲᠤᠭᠤᠷᠢᠭ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃
   ᠮᠠᠨᠵᠤᠲ᠋ᠦ᠋ᠨ ᠤ ᠮᠠᠨᠵᠤ ᠦᠨᠳᠦᠰᠦᠲᠡᠨ ᠤ ᠰᠢᠶᠠᠩ ᠤᠨ ᠰᠠᠶᠢᠨ ᠰᠠᠶᠢᠬᠠᠨ ᠠᠮᠢ ᠠᠬᠤᠢ ᠪᠣᠯ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠤᠪᠣᠷ ᠨᠠᠨᠳᠢᠨ ᠡᠬᠢ ᠪᠠᠶᠠᠯᠢᠭ ᠪᠣᠯᠬᠤ ᠪᠥᠭᠡᠳ ᠲᠤᠬᠠᠢ ᠶᠢᠨ ᠭᠠᠵᠠᠷ ᠤᠨ ᠠᠵᠤ ᠠᠬᠤᠢ ᠶᠢ ᠬᠥᠭᠵᠢᠭᠦᠯᠦᠨ ᠮᠠᠨᠳᠤᠭᠤᠯᠬᠤ ᠶᠢᠨ ᠳᠠᠪᠠᠭᠤᠯᠢᠭ ᠲᠠᠯ᠎ᠠ ᠪᠣᠯᠤᠨ᠎ᠠ᠃ ᠸᠠᠩ ᠯᠢ ᠳ᠋ᠦᠩ ᠢᠯᠡᠷᠬᠡᠶᠢᠯᠡᠬᠦ ᠳᠡᠭᠡᠨ᠂ ᠣᠲᠣ ᠶᠠᠭ ᠪᠥᠲᠥᠭᠡᠨ ᠪᠠᠶᠢᠭᠤᠯᠵᠤ ᠪᠠᠶᠢᠭ᠎ᠠ ᠬᠠᠶᠢᠯᠠᠰᠤᠲᠠᠢ ᠭᠤᠤᠯ ᠤᠨ ᠴᠦᠮ᠎ᠡ ᠪᠣᠯᠬᠤ ᠠᠮᠢ ᠠᠬᠤᠶ ᠰᠣᠶᠣᠯ ᠵᠤᠭᠠᠴᠠᠯ ᠤᠨ ᠣᠷᠣᠨ ᠤ ᠦᠵᠡᠮᠵᠢ ᠨᠢ ᠥᠪᠡᠷᠮᠢᠴᠡ ᠪᠠᠶᠢᠵᠤ᠂ ᠪᠡᠭᠡᠵᠢᠩ ᠬᠢᠭᠡᠳ ᠷᠠᠰᠢᠶᠠᠨ ᠤ  ᠵᠤᠭᠠᠴᠠᠯ ᠤᠨ ᠱᠤᠭᠤᠮ ᠢ ᠬᠤᠯᠪᠣᠭᠰᠠᠨ ᠴᠢᠬᠤᠯᠠ ᠵᠠᠩᠭᠢᠯᠠᠭ᠎ᠠ ᠶᠢᠨ ᠴᠡᠭ ᠪᠣᠯᠤᠨ᠎ᠠ᠂ ᠵᠤᠭᠠᠴᠠᠯ ᠤᠨ ᠡᠬᠢ ᠪᠠᠶᠠᠯᠢᠭ ᠤᠨ ᠳᠠᠪᠠᠭᠤᠯᠢᠭ ᠢᠯᠡᠷᠬᠡᠶ᠂ ᠵᠤᠭᠠᠴᠠᠯ ᠤᠨ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠵᠤ᠂ ᠪᠣᠬᠢᠷᠲᠤᠯ ᠥᠬᠡᠶ ᠪᠠᠷ ᠪᠦᠰᠡᠯᠡᠯᠲᠡ ᠶᠢ ᠰᠢᠪᠲᠤᠯᠬᠤ ᠶᠢ ᠪᠡᠶᠡᠯᠡᠭᠦᠯᠵᠦ᠂ ᠠᠮᠢ ᠠᠬᠤᠶ ᠶᠢᠨ ᠵᠤᠭᠠᠴᠠᠯ ᠢ ᠬᠥᠭᠵᠢᠭᠦᠯᠦᠨ᠎ᠡ᠂ ᠠᠮᠢ ᠠᠬᠤᠶ ᠶᠢ ᠶᠠᠭᠠᠬᠢᠭᠰᠠᠨ ᠴᠤ ᠡᠪᠳᠡᠵᠦ ᠪᠣᠯᠬᠤ ᠥᠬᠡᠶ ᠭᠡᠵᠡᠶ᠃    ᠵᠤᠭᠠᠴᠠᠯ ᠤᠨ ᠣᠷᠣᠨ ᠤ ᠳᠡᠭᠡᠳᠦ ᠤᠷᠤᠰᠬᠠᠯ ᠳᠤ ᠪᠠᠶᠢᠭ᠎ᠠ ᠬᠠᠶᠢᠯᠠᠰᠤᠲᠠᠢ ᠵᠠᠯᠠᠭ᠎ᠠ ᠶᠢᠨ ᠭᠤᠤᠯ ᠤᠨ ᠤᠰᠤᠨ ᠲᠦᠪᠰᠢᠨ ᠤ ᠥᠰᠥᠯᠲᠡ ᠶᠢᠨ ᠪᠠᠶᠢᠳᠠᠯ ᠤᠨ ᠲᠤᠬᠠᠢ ᠸᠠᠩ ᠯᠢ ᠳ᠋ᠦᠩ ᠴᠢᠩᠭᠠᠳᠬᠠᠭᠰᠠᠨ ᠨᠢ᠂ ᠪᠠᠷᠢᠯᠭ᠎ᠠ ᠶᠢᠨ ᠨᠢᠭᠡᠴᠡ ᠶᠢᠨ ᠬᠢᠨ ᠦᠵᠡᠮᠵᠢ ᠶᠢᠨ ᠣᠷᠣᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠦᠶᠡᠷ ᠤᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠦᠵᠡᠮᠵᠢ ᠶᠢᠨ ᠣᠷᠣᠨ ᠤ ᠪᠦᠳᠦᠭᠡᠨ ᠪᠠᠶᠢᠭᠤᠯᠤᠯᠲᠠ ᠶᠢ ᠲᠣᠭᠲᠠᠭᠰᠠᠨ ᠬᠤᠭᠤᠴᠠᠭᠠᠨ ᠳᠤ ᠳᠠᠭᠤᠰᠬᠠᠬᠤ ᠶᠢ ᠪᠠᠲᠤᠯᠠᠬᠤ ᠬᠡᠷᠡᠭᠲᠡᠢ᠃ ᠴᠢᠮᠡᠭᠡ ᠬᠤᠯᠪᠣᠭ᠎ᠠ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠮᠵᠢᠯᠴᠠᠭ᠎ᠠ ᠪᠠᠨ ᠴᠢᠩᠭᠠᠳᠬᠠᠵᠤ᠂ ᠴᠠᠭ ᠲᠤᠬᠠᠶ ᠳᠤᠨᠢ ᠳᠠᠭᠠᠵᠤ᠂ ᠦᠵᠡᠮᠵᠢ ᠶᠢᠨ ᠣᠷᠣᠨ ᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠪᠦᠲᠦᠮᠵᠢᠲᠡᠶ ᠠᠬᠢᠭᠤᠯᠬᠤ ᠬᠡᠷᠡᠭᠲᠡᠶ ᠬᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号