ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠲᠠᠪᠢ ᠶᠢᠰᠦᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/27
     7 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠸᠠᠩ ᠯᠢ ᠳ᠋ᠦᠩ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠲᠠᠪᠢ ᠶᠢᠰᠦᠳᠦᠭᠡᠷ ᠤᠳᠠᠭ᠎ᠠ ᠶᠢᠨ ᠪᠠᠶᠢᠩᠬᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠪᠠᠶᠢᠩᠬᠤ ᠶᠢᠨ ᠬᠤᠷᠠᠯ ᠤᠨ ᠪᠦᠷᠢᠯᠳᠦᠬᠦᠨ ᠬᠡᠰᠢᠬᠦᠨ ᠬᠤᠷᠠᠯ ᠳᠤ ᠣᠷᠣᠯᠴᠠᠪᠠ᠃
   ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠰᠠᠨᠠᠯ ᠶᠣᠰᠣᠭᠠᠷ᠂ ᠰᠢᠨ᠎ᠡ ᠪᠠᠷ ᠲᠤᠰᠢᠶᠠᠯ ᠳᠤ ᠭᠠᠷᠤᠭᠰᠠᠨ ᠤᠳᠤᠷᠢᠳᠬᠤ ᠪᠠᠭ ᠤᠨ ᠪᠦᠷᠢᠯᠳᠦᠬᠦᠨ ᠤ ᠠᠵᠢᠯ ᠤᠨ ᠬᠤᠪᠢᠶᠠᠷᠢᠯᠠᠯ ᠢ ᠠᠩᠬ᠎ᠠ ᠠᠯᠬᠤᠮ ᠲᠣᠳᠣᠷᠬᠠᠶᠢᠯᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠲᠦᠷᠢᠮ ᠤᠨ ᠰᠠᠨᠠᠯ ᠬᠤᠷᠢᠶᠠᠬᠤ ᠨᠣᠤᠷᠠᠭ ᠢ ᠪᠠᠭᠤᠯᠭᠠᠪᠠ᠃    ᠬᠤᠷᠠᠯ ᠠᠴᠠ ᠴᠢᠩᠭᠠᠳᠬᠠᠭᠰᠠᠨ ᠨᠢ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ ᠵᠠᠰᠠᠭ ᠤᠨ ᠣᠷᠳᠣᠨ ᠤ ᠤᠳᠤᠷᠢᠳᠬᠤ ᠪᠠᠭ ᠢ ᠪᠠᠶᠢᠭᠤᠯᠵᠤ᠂ ︽ᠲᠦᠷᠪᠡᠨ ᠤᠬᠠᠮᠰᠠᠷ︾ ᠢ ᠪᠠᠲᠤ ᠪᠤᠢ ᠪᠣᠯᠭᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠠᠶᠢᠨ ᠰᠠᠶᠢᠬᠠᠨ ᠤᠯᠤᠰ ᠲᠦᠷᠦ ᠠᠮᠢ ᠠᠬᠤᠢ ᠶᠢ ᠬᠠᠮᠲᠤᠪᠠᠷ ᠪᠤᠢ ᠪᠣᠯᠭᠠᠵᠤ᠂ ᠠᠵᠢᠯ  ᠦᠢᠯᠡᠰ ᠪᠦᠲᠦᠬᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠥᠨᠳᠥᠷ ᠪᠦᠲᠦᠮᠵᠢᠲᠡᠢ ᠪᠣᠳᠠᠲᠠᠢ ᠶᠢ ᠡᠷᠬᠢᠮᠯᠡᠭᠰᠡᠨ ᠵᠠᠰᠠᠭ ᠤᠨ ᠣᠷᠳᠣᠨ ᠤ ᠤᠳᠤᠷᠢᠳᠬᠤ ᠪᠠᠭ ᠢ ᠪᠠᠶᠢᠭᠤᠯᠵᠤ᠂ ᠰᠤᠳᠤᠯᠤᠨ ᠲᠣᠭᠲᠠᠭᠠᠭᠰᠠᠨ ᠬᠡᠷᠡᠭ ᠶᠠᠪᠤᠳᠠᠯ ᠳᠤ ᠠᠯᠢᠪᠠ ᠬᠠᠷᠰᠢ ᠰᠠᠭᠠᠳ ᠢ ᠠᠷᠢᠯᠭᠠᠵᠤ᠂ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠪᠦᠯᠬᠦᠮᠳᠡᠨ ᠬᠠᠮᠵᠢᠯᠴᠠᠬᠤ ᠵᠠᠰᠠᠭ ᠤᠨ ᠣᠷᠳᠣᠨ ᠤ ᠤᠳᠤᠷᠢᠳᠬᠤ ᠪᠠᠭ ᠢ ᠪᠠᠶᠢᠭᠤᠯᠵᠤ᠂ ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠤᠨ ᠤᠳᠤᠷᠢᠳᠬᠤ ᠪᠠᠭ ᠲᠤ ᠰᠠᠶᠢᠨ ᠥᠯᠢᠭᠡᠷ ᠳᠠᠭᠤᠷᠢᠶᠠᠯ ᠪᠣᠯᠵᠣ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠭᠡᠵᠦ᠂ ᠥᠪᠡᠷ ᠤᠨ ᠬᠤᠪᠢᠳᠠᠨ ᠬᠠᠮᠢᠶᠠᠷᠴᠤ ᠪᠠᠶᠢᠭ᠎ᠠ ᠠᠵᠢᠯ ᠳᠠᠭᠠᠨ ᠦᠷ᠎ᠡ ᠪᠦᠲᠦᠮᠵᠢ ᠭᠠᠷᠭᠠᠬᠤ ᠬᠡᠷᠡᠭᠲᠡᠶ ᠃ ᠲᠥᠪ ᠭᠤᠣᠯᠴᠢ ᠠᠷᠢᠭᠤᠨ ᠴᠢᠬᠡᠴᠢ ᠵᠠᠰᠠᠭ ᠤᠨ ᠣᠷᠳᠣᠨ ᠤ ᠤᠳᠤᠷᠢᠳᠬᠤ ᠪᠠᠭ ᠢ ᠪᠠᠶᠢᠭᠤᠯᠵᠤ᠂ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ᠂ ᠨᠡᠶᠢᠭᠡᠮ᠂ ᠶᠠᠷᠢᠶ᠎ᠠ ᠬᠡᠯᠡᠯᠴᠡᠭᠡ ᠵᠡᠷᠭᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ ᠬᠡᠵᠡᠢ᠃    ᠬᠤᠷᠠᠯ ᠳᠡᠭᠡᠷ᠎ᠡ᠂ ᠵᠠᠰᠠᠭ ᠤᠨ ᠣᠷᠳᠣᠨ ᠤ ᠠᠯᠪᠠᠨ ᠬᠡᠷ ᠤᠨ ᠠᠵᠢᠯ ᠳᠤ ᠴᠢᠭᠯᠡᠭᠦᠯᠦᠨ᠂ ᠸᠠᠩ ᠯᠢ ᠳ᠋ᠦᠩ ᠱᠠᠭᠠᠷᠳᠠᠭᠰᠠᠨ ᠨᠢ᠂ ᠪᠥᠬᠦ ᠲᠠᠯ᠎ᠠ ᠳᠤ ᠦᠢᠯᠡᠴᠢᠯᠡᠬᠦ᠂ ᠭᠦᠨᠵᠡᠭᠡᠶ ᠰᠤᠳᠤᠯᠬᠤ ᠲᠠᠯ᠎ᠠ ᠪᠠᠷ ᠬᠦᠴᠦ ᠲᠠᠯᠪᠢᠵᠤ᠂ ᠢᠮᠠᠭᠲᠠ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠵᠠᠩᠭᠢᠯᠠᠭ᠎ᠠ ᠶᠢᠨ ᠠᠰᠠᠭᠤᠳᠠᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠵᠤ᠂ ᠪᠠᠷᠠᠭᠠᠯᠬᠢᠯᠠᠯ ᠤᠨ ᠴᠢᠨᠠᠷᠲᠠᠶ᠂ ᠬᠠᠨᠳᠤᠯᠭᠠᠲᠤ ᠴᠢᠨᠠᠷᠲᠠᠶ᠂ ᠬᠡᠷᠡᠭᠵᠢᠭᠦᠯᠦᠯᠲᠡ ᠶᠢᠨ ᠴᠢᠨᠠᠷᠲᠠᠶ ᠰᠠᠨᠠᠭᠤᠯᠭ᠎ᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠬᠤ ᠬᠡᠷᠡᠭᠲᠡᠶ᠃ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠠᠵᠢᠯᠯᠠᠭᠠᠨ ᠢ ᠵᠢᠷᠤᠮᠵᠢᠭᠤᠯᠬᠤ ᠲᠠᠯ᠎ᠠ ᠪᠠᠷ ᠬᠦᠴᠦ ᠲᠠᠯᠪᠢᠵᠤ᠂ ᠪᠢᠴᠢᠭ ᠮᠠᠲ᠋ᠧᠷᠢᠶᠠᠯ ᠡᠷᠬᠢᠯᠡᠬᠦ᠂ ᠬᠤᠷᠠᠯ ᠡᠷᠬᠢᠯᠡᠬᠦ᠂ ᠠᠵᠢᠯ ᠶᠠᠪᠤᠳᠠᠯ ᠡᠷᠬᠢᠯᠡᠬᠦ ᠲᠠᠯ᠎ᠠ ᠪᠠᠷ ᠬᠤᠷᠳᠤᠴᠠ ᠪᠠᠨ ᠳᠡᠭᠡᠭᠰᠢᠯᠡᠭᠦᠯᠦᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠠᠵᠢᠯ ᠤᠨ ᠥᠨᠳᠥᠷ ᠦᠷ᠎ᠡ ᠪᠦᠲᠦᠮᠵᠢ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠪᠦᠬᠦ ᠲᠠᠯ᠎ᠠ ᠪᠠᠷ ᠵᠣᠬᠢᠴᠠᠭᠤᠯᠬᠤ᠂ ᠨᠠᠷᠢᠨ ᠨᠢᠭᠲᠠ ᠪᠠᠶᠢᠬᠤ ᠲᠠᠯ᠎ᠠ ᠪᠠᠷ ᠬᠦᠴᠦ ᠣᠷᠣᠭᠤᠯᠵᠤ᠂ ᠰᠠᠨᠠᠭᠠᠴᠢᠯᠠᠭ᠎ᠠ ᠲᠠᠢ ᠪᠣᠯᠬᠤ ᠪᠠᠷ ᠴᠢᠷᠮᠠᠶᠢᠵᠤ᠂ ᠲᠦᠷᠭᠡᠨ ᠠᠶᠢᠵᠠᠮ ᠭᠠᠷᠭᠠᠵᠤ᠂ ᠨᠠᠷᠢᠨ ᠵᠦᠢᠯᠡᠰ ᠢ ᠴᠢᠬᠤᠯᠠᠴᠢᠯᠠᠵᠤ᠂ ᠬᠠᠷᠢᠴᠠᠭ᠎ᠠ ᠶᠢ ᠵᠣᠬᠢᠴᠠᠭᠤᠯᠬᠤ᠂ ᠬᠠᠮᠲᠤᠷᠠᠯᠴᠠᠭ᠎ᠠ ᠪᠠᠨ ᠨᠡᠮᠡᠭᠳᠡᠭᠦᠯᠬᠦ᠂ ᠠᠵᠢᠯ ᠢᠶᠠᠨ ᠠᠬᠢᠭᠤᠯᠬᠤ ᠵᠣᠷᠢᠯᠭ᠎ᠠ ᠳᠠᠭᠠᠨ ᠬᠦᠷᠬᠦ ᠬᠡᠷᠡᠭᠲᠡᠢ᠃ ᠠᠷᠭ᠎ᠠ ᠶᠢᠨ ᠳᠠᠯ᠎ᠠ ᠪᠠᠷ ᠰᠢᠨ᠎ᠡ ᠶᠢ ᠡᠭᠦᠳᠬᠦ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠳᠡᠭᠡᠷ᠎ᠡ ᠬᠦᠴᠦ ᠲᠠᠯᠪᠢᠵᠤ᠂ ᠰᠢᠮᠳᠠᠭᠤᠯᠤᠨ ᠪᠠᠶᠢᠴᠠᠭᠠᠬᠤ ᠠᠵᠢᠯ ᠢ ᠴᠢᠨᠠᠷ ᠰᠠᠶᠢᠲᠠᠶ᠂ ᠥᠨᠳᠥᠷ ᠦᠷ᠎ᠡ ᠪᠦᠲᠦᠮᠵᠢ ᠲᠠᠢ ᠪᠠᠷ ᠰᠠᠶᠢᠲᠤᠷ ᠬᠢᠵᠦ᠂ ᠡᠯ᠎ᠡ ᠵᠤᠶᠢᠯ ᠤᠨ ᠰᠢᠢᠳᠪᠦᠷᠢᠲᠦ ᠪᠣᠳᠣᠯᠭ᠎ᠠ ᠪᠠ ᠠᠵᠢᠯ ᠤᠨ ᠪᠠᠶᠢᠷᠢᠯᠠᠭᠤᠯᠤᠯᠲᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠰᠢᠮᠳᠠᠭᠤᠯᠤᠨ ᠪᠠᠶᠢᠴᠠᠭᠠᠬᠤ ᠶᠢ ᠦᠨᠡᠨᠬᠦ ᠪᠦᠲᠦᠮᠵᠢᠲᠡᠶ ᠪᠠᠶᠢᠯᠭᠠᠬᠤ ᠬᠡᠷᠡᠭᠲᠡᠶ᠃ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠴᠠᠭᠠᠷᠠᠭᠰᠠᠨ ᠡᠩᠨᠡᠭᠡ ᠶᠢ ᠪᠠᠶᠢᠭᠤᠯᠬᠤ ᠳᠡᠭᠡᠷ᠎ᠡ ᠬᠦᠴᠦ ᠲᠠᠯᠪᠢᠵᠤ᠂ ᠲᠥᠪᠯᠡᠷᠡᠭᠦᠯᠦᠨ ᠰᠤᠷᠤᠯᠴᠠᠬᠤ ᠲᠦᠷᠢᠮ ᠢ ᠪᠠᠷᠢᠮᠲᠠᠯᠠᠵᠤ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠤᠯᠤᠰ ᠲᠦᠷᠦ ᠶᠢᠨ ᠲᠠᠯ᠎ᠠ ᠪᠠᠷ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠤᠷᠲᠠᠯ ᠲᠥᠪ᠂ ᠰᠠᠬᠢᠯᠭ᠎ᠠ ᠪᠠᠲᠤ ᠴᠢᠩᠭ᠎ᠠ ᠡᠩᠨᠡᠭᠡ ᠶᠢ ᠪᠠᠶᠢᠭᠤᠯᠬᠤ ᠬᠡᠷᠡᠭᠲᠡᠢ ᠬᠡᠵᠡᠢ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号