ᠮᠠᠨ ᠤ ᠬᠤᠰᠢᠭᠤ ᠪᠥᠬᠦ ᠬᠤᠰᠢᠭᠤᠨ ᠤ ᠺᠠᠳ᠋ᠷᠴᠤᠳ ᠤᠨ ᠶᠡᠭᠡ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/27
                         7 ᠰᠠᠷ᠎ᠠ ᠶᠢᠨ 20 ᠤ ᠡᠳᠦᠷ᠂ ᠮᠠᠨ ᠤ ᠬᠤᠰᠢᠭᠤ ᠪᠥᠬᠦ ᠬᠤᠰᠢᠭᠤᠨ ᠤ ᠺᠠᠳ᠋ᠷᠴᠤᠳ ᠤᠨ ᠶᠡᠭᠡ ᠬᠤᠷᠠᠯ ᠢ ᠬᠤᠷᠠᠯᠳᠤᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮᠢᠶ᠎ᠠ ᠪᠥᠬᠦᠶ ᠨᠥᠬᠦᠳ ᠲᠤ ᠲᠣᠬᠢᠷᠠᠭᠤᠯᠤᠯᠲᠠ ᠬᠢᠬᠦ ᠲᠣᠭᠲᠠᠭᠠᠯ ᠢ ᠨᠡᠶᠢᠲᠡᠯᠡᠪᠡ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠳ᠋ᠦᠩ ᠰᠢᠨ ᠶᠤᠸᠠᠢ᠂ ᠠᠶᠢᠮᠠᠭ ᠬᠤᠰᠢᠭᠤᠨ ᠤ ᠤᠳᠤᠷᠢᠳᠤᠯᠭ᠎ᠠ ᠵᠦ ᠴᠧᠩ ᠪᠠᠩ ᠂ ᠰᠦᠨ ᠱᠦ ᠲᠤᠤ᠂ ᠸᠠᠩ ᠯᠢ ᠳ᠋ᠦᠩ᠂ ᠴᠧᠨ ᠿᠠᠨ᠂ ᠰᠢᠤ ᠿᠦ ᠹᠧᠩ᠂ ᠸᠠᠩ ᠵᠢᠶᠠ ᠪᠥᠸᠧ᠂ ᠶᠤᠸᠠᠢ ᠰᠥᠩ ᠱᠠᠨ ᠵᠢᠴᠢ ᠬᠡᠷ ᠲᠡᠭᠡᠨ ᠪᠠᠶᠢᠭ᠎ᠠ ᠳᠡᠳ᠋ ᠭᠠᠵᠠᠷ ᠤᠨ ᠲᠠᠰ ᠤᠨ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠡᠯ᠎ᠡ ᠰᠤᠮᠤ ᠰᠢᠶᠠᠩ ᠪᠠᠯᠭᠠᠰᠤᠨ ᠤ ᠨᠠᠮ ᠵᠠᠰᠠᠭ ᠤᠨ ᠵᠢᠩᠬᠢᠨᠢ ᠲᠤᠰᠢᠶᠠᠯᠲᠠᠨ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃ ᠬᠤᠷᠠᠯ ᠳᠡᠭᠡᠷ᠎ᠡ ︽ᠺᠠᠳ᠋ᠷ ᠢ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠨᠢ ᠪᠠᠭᠤᠯᠭᠠᠬᠤ ᠮᠡᠳᠡᠭᠳᠡᠯ︾ ᠢ ᠤᠩᠰᠢᠨ ᠨᠡᠶᠢᠲᠡᠯᠡᠪᠡ᠃ ᠰᠦᠨ ᠱᠦ ᠲᠤᠤ᠂ ᠸᠠᠩ ᠵᠢᠶᠠ ᠪᠥᠸᠧ᠂ ᠶᠤᠸᠠᠢ ᠰᠦᠩ ᠱᠠᠨ ᠲᠣᠰᠪᠣᠷᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠢ᠃
   ᠳ᠋ᠦᠩ ᠰᠢᠨ ᠶᠤᠸᠠᠢ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠲᠤᠰ ᠤᠳᠠᠭᠠᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠪᠣᠯᠤᠨ ᠳᠥᠷᠪᠡᠨ ᠶᠡᠭᠡ ᠪᠠᠭ ᠤᠨ ᠪᠦᠷᠢᠯᠳᠦᠬᠦᠨ ᠳᠤ ᠲᠣᠬᠢᠷᠠᠭᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶ᠎ᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠭᠵᠢᠯᠲᠡ ᠶᠢᠨ ᠬᠡᠷᠡᠭᠴᠡᠭᠡ ᠪᠣᠯᠤᠨ ᠤᠳᠤᠷᠢᠳᠬᠤ ᠪᠠᠭ ᠤᠨ ᠪᠠᠶᠢᠭᠤᠯᠤᠯᠲᠠ ᠶᠢᠨ ᠪᠣᠳᠠᠲᠤ ᠪᠠᠶᠢᠳᠠᠯ ᠢ ᠦᠨᠳᠦᠰᠦᠯᠡᠵᠦ᠂ ᠣᠯᠠᠨ ᠲᠠᠯ᠎ᠠ ᠶᠢᠨ ᠰᠠᠨᠠᠯ ᠢ ᠭᠦᠢᠴᠡᠳ ᠰᠣᠨᠣᠰᠴᠤ᠂ ᠪᠦᠬᠦ ᠲᠠᠯ᠎ᠠ ᠪᠠᠷ ᠪᠣᠳᠣᠯᠬᠢᠯᠠᠵᠤ᠂ ᠳᠠᠬᠢᠨ ᠳᠠᠪᠲᠠᠨ ᠰᠡᠳᠬᠢᠵᠦ᠂ ᠬᠢᠨᠠᠮᠠᠭᠠᠶ ᠰᠤᠳᠤᠯᠤᠭᠰᠠᠨ ᠤ ᠳᠠᠷᠠᠭ᠎ᠠ ᠭᠠᠷᠭᠠᠭᠰᠠᠨ ᠲᠣᠭᠲᠠᠭᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶ᠎ᠠ ᠠᠴᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠬᠤᠯᠠᠴᠢᠯᠠᠵᠤ ᠪᠠᠶᠢᠬᠤ ᠪᠠ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠭᠦᠢᠴᠡᠳ ᠢᠯᠡᠷᠡᠭᠦᠯᠵᠦ᠂ ᠪᠥᠬᠦ ᠬᠤᠰᠢᠭᠤᠨ ᠤ ᠥᠷᠭᠡᠨ ᠣᠯᠠᠨ ᠺᠠᠳ᠋ᠷᠴᠤᠳ ᠡᠷᠡᠰ ᠬᠦᠷᠢᠶᠡᠯᠡᠵᠦ᠂ ᠤᠯᠤᠰ ᠲᠥᠷᠥ ᠶᠢ ᠡᠷᠬᠢᠮᠯᠡᠨ᠂ ᠰᠠᠬᠢᠯᠭ᠎ᠠ ᠪᠠᠲᠤ ᠶᠢ ᠰᠠᠬᠢᠵᠤ᠂ ᠶᠡᠭᠡ ᠲᠠᠯ᠎ᠠ ᠶᠢ ᠬᠠᠷᠠᠭᠠᠯᠵᠠᠨ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠭᠡᠵᠦ᠂ ᠪᠦᠯᠬᠦᠮᠳᠡᠨ ᠬᠠᠮᠵᠢᠯᠴᠠᠵᠤ᠂ ᠡᠯ᠎ᠡ ᠵᠤᠶᠢᠯ ᠤᠨ ᠠᠵᠢᠯ ᠤᠨ ᠡᠮᠬᠢ ᠵᠢᠷᠤᠮ ᠲᠠᠢ ᠵᠣᠯᠭᠠᠯᠳᠤᠬᠤ ᠶᠢ ᠪᠠᠲᠤᠯᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠯ᠎ᠡ ᠲᠦᠷᠦᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠬᠠᠮᠲᠤ ᠪᠠᠷ ᠳᠥᠯᠭᠢᠨ ᠠᠬᠢᠭᠤᠯᠬᠤ ᠬᠡᠷᠡᠭᠲᠡᠶ ᠭᠡᠵᠡᠶ᠃        ᠳ᠋ᠦᠩ ᠰᠢᠨ ᠶᠤᠸᠠᠢ ᠴᠢᠩᠭᠠᠳᠬᠠᠭᠰᠠᠨ ᠨᠢ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠬᠡᠷᠡᠭᠲᠡᠢ᠃ ᠪᠥᠬᠦ ᠬᠤᠰᠢᠭᠤᠨ ᠤ ᠥᠷᠭᠡᠨ ᠣᠯᠠᠨ ᠺᠠᠳ᠋ᠷᠴᠤᠳ ᠢᠯᠠᠩᠭᠤᠶ᠎ᠠ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠯᠤᠰ ᠲᠥᠷᠥ ᠶᠢ ᠡᠷᠬᠢᠮᠯᠡᠬᠦ ᠶᠢ ᠲᠡᠷᠢᠭᠦᠨ ᠴᠢᠬᠤᠯᠠ ᠱᠠᠭᠠᠷᠳᠠᠯᠭ᠎ᠠ ᠪᠣᠯᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠵᠢᠯ ᠬᠢᠵᠦ ᠦᠢᠯᠡᠰ ᠴᠣᠭᠴᠠᠯᠠᠨ᠂ ᠲᠥᠪ ᠤᠨ ᠰᠢᠢᠳᠪᠦᠷᠢᠲᠦ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠡᠯ᠎ᠡ ᠵᠤᠶᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ ᠡᠭᠦᠷᠭᠡᠯᠡᠨ ᠠᠵᠢᠯᠯᠠᠵᠤ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠬᠦᠬᠡ ᠠᠭᠤᠯᠠ ᠬᠥᠬᠡᠮᠳᠦᠭ ᠤᠰᠤ ᠪᠣᠯ ᠠᠯᠳᠠ ᠮᠥᠩᠭᠦᠨ ᠠᠭᠤᠯᠠ ᠪᠣᠯᠬᠤ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠵᠤ ᠦᠢᠯᠡᠳᠪᠦᠷᠢᠵᠢᠯᠲᠡ ᠪᠠ ᠠᠵᠤ ᠦᠢᠯᠡᠰᠵᠢᠯᠲᠡ ᠶᠢᠨ ᠰᠡᠳᠬᠢᠬᠦᠢ ᠪᠠᠷ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢ ᠲᠥᠯᠥᠪᠵᠢᠭᠦᠯᠬᠦ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠢᠳᠡᠪᠬᠢᠲᠡᠢ ᠠᠬᠢᠭᠤᠯᠵᠤ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠭᠦᠯᠬᠦ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠬᠤ ᠬᠡᠷᠡᠭᠲᠡᠢ᠃ ᠲᠤᠬᠠᠶ ᠶᠢᠨ ᠭᠠᠵᠠᠷ ᠤᠨ ᠠᠮᠢ ᠠᠬᠤᠶ ᠶᠢᠨ ᠳᠠᠪᠠᠭᠤᠯᠢᠭ ᠪᠠ ᠡᠯᠪᠡᠭ ᠪᠠᠶᠠᠯᠢᠭ ᠰᠣᠶᠣᠯ  ᠵᠤᠭᠠᠴᠠᠯ ᠤᠨ ᠡᠬᠢ ᠪᠠᠶᠠᠯᠢᠭ ᠲᠤ ᠲᠦᠰᠢᠭᠯᠡᠨ᠂ ᠲᠤᠬᠠᠶ ᠶᠢᠨ ᠭᠠᠵᠠᠷ ᠤᠨ ᠣᠨᠴᠠᠯᠢᠭ ᠪᠥᠬᠦᠶ ᠵᠤᠭᠠᠴᠠᠯ ᠤᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠬᠦᠴᠦᠯᠡᠨ ᠪᠣᠶ ᠪᠣᠯᠭᠠᠬᠤ ᠬᠡᠷᠡᠭᠲᠡᠶ᠃ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠠᠶᠢᠭᠤᠯᠤᠯᠲᠠ ᠶᠢ ᠴᠢᠨᠠᠷ ᠰᠠᠶᠢᠲᠠᠶ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠶ᠃ ᠤᠳᠤᠷᠢᠳᠬᠤ ᠪᠠᠭ ᠡᠩᠨᠡᠭᠡ ᠪᠠᠨ ᠳᠠᠭᠠᠭᠤᠯᠬᠤ ᠶᠢ ᠰᠠᠶᠢᠲᠤᠷ ᠠᠳᠬᠤᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠰᠢᠭᠤ ᠰᠢᠶᠠᠩ ᠤᠨ ᠬᠤᠭᠤᠴᠠᠭ᠎ᠠ ᠰᠣᠯᠢᠬᠤ ᠪᠠᠷ ᠠᠵᠠ ᠲᠣᠬᠢᠶᠠᠯ ᠪᠣᠯᠭᠠᠨ ᠤᠳᠤᠷᠢᠳᠬᠤ ᠪᠠᠭ ᠪᠣᠯᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠬᠦᠴᠦᠯᠡᠨ ᠪᠣᠶ ᠪᠣᠯᠭᠠᠵᠤ᠂ ᠬᠤᠭᠤᠴᠠᠭ᠎ᠠ ᠰᠣᠯᠢᠬᠤ ᠠᠵᠢᠯ ᠪᠣᠯᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠤᠶᠠᠷ ᠲᠠᠯ᠎ᠠ ᠪᠠᠷ ᠠᠳᠬᠤᠵᠤ᠂ ᠬᠤᠶᠠᠷ ᠲᠠᠯ᠎ᠠ ᠪᠠᠷ ᠠᠬᠢᠭᠤᠯᠬᠤ ᠶᠢ ᠪᠡᠶᠡᠯᠡᠭᠦᠯᠬᠦ ᠬᠡᠷᠡᠭᠲᠡᠶ᠃    ᠵᠦ ᠴᠧᠩ ᠪᠠᠩ ᠶᠠᠷᠢᠶᠠᠨ ᠳᠠᠭᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶ᠎ᠠ ᠶᠢᠨ ᠲᠣᠭᠲᠠᠭᠠᠯ ᠢ ᠡᠷᠡᠰ ᠬᠦᠷᠢᠶᠡᠯᠡᠵᠦ᠂ ᠪᠦᠷᠢᠮᠦᠰᠦᠨ ᠲᠠᠭᠠᠵᠥ᠂ ᠵᠣᠬᠢᠶᠠᠨ ᠪᠠᠶᠢᠭᠤᠯᠤᠯᠲᠠ ᠶᠢᠨ ᠬᠥᠮᠦᠵᠢᠯ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠡᠢ᠃ ᠵᠦ ᠴᠧᠩ ᠪᠠᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠲᠤᠰᠢᠶᠠᠯ ᠬᠠᠷᠢᠭᠤᠴᠠᠭᠰᠠᠨ ᠲᠠᠪᠤᠨ ᠵᠢᠯ ᠤᠨ ᠲᠤᠷᠰᠢᠬᠢ ᠠᠵᠢᠯ ᠤᠨ ᠥᠩᠭᠡᠷᠡᠯᠲᠡ ᠪᠠᠨ ᠭᠦᠨ ᠰᠡᠳᠬᠢᠯᠭᠡ ᠲᠠᠢ ᠪᠠᠷ ᠡᠷᠭᠢᠴᠡᠭᠦᠯᠵᠦ᠂ ᠲᠣᠰ ᠤᠳᠠᠭ᠎ᠠ ᠮᠠᠨ ᠤ ᠬᠤᠰᠢᠭᠤᠨ ᠳᠤ ᠢᠷᠡᠵᠦ ᠠᠵᠢᠯᠯᠠᠭᠰᠠᠨ ᠰᠢᠨ᠎ᠡ ᠤᠳᠤᠷᠢᠳᠬᠤ ᠪᠠᠭ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠯ᠎ᠡ ᠵᠤᠶᠢᠯ ᠤᠨ ᠠᠵᠢᠯ ᠦᠢᠯᠡᠰ ᠡᠳᠦᠷ ᠠᠴᠠ ᠡᠳᠦᠷ ᠥᠭᠡᠳᠡᠯᠡᠨ ᠮᠠᠨᠳᠤᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠢᠷᠡᠭᠡᠳᠦᠶ ᠨᠠᠩ ᠰᠠᠶᠢᠨ ᠰᠠᠶᠢᠬᠠᠨ ᠪᠣᠯᠬᠤ ᠶᠢ ᠵᠥᠩᠨᠡᠵᠡᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号