ᠬᠤᠩ ᠱᠢ ᠶᠤᠸᠠᠢ ᠳᠤᠰᠬᠤᠨ ᠳᠤᠮᠳᠠᠳᠤ ᠮᠡᠶ᠋ᠢᠭ ᠤᠨ ᠭᠤᠯᠢᠷ ᠢᠳᠡᠭᠡᠨ ᠬᠢᠬᠦ ᠪᠤᠯᠪᠠᠰᠤᠷᠠᠯ ᠡᠷᠭᠢᠯᠡᠪᠡ
ᠨᠡᠶᠢᠲᠡᠯᠡᠭᠰᠡᠨ ᠴᠠᠭ᠄
2021/7/28
   ᠳᠤᠰ ᠰᠤᠨᠢᠨ ᠤ ᠮᠡᠳᠡᠭᠡ ︽ᠪᠢ ᠤᠯᠠᠨ ᠳᠦᠮᠡᠨ ᠳᠤ ᠪᠤᠳᠠᠳᠤ ᠶᠠᠪᠤᠳᠠᠯ ᠬᠢᠵᠤ ᠦᠭᠬᠦ︾ ᠦᠢᠯᠡᠳᠦᠯᠭᠡ ᠶᠢᠨ ᠠᠵᠢᠯᠯᠠᠭ᠎ᠠ ᠶᠢ ᠪᠦᠬᠦ ᠳᠠᠯ᠎ᠡ ᠪᠠᠷ ᠨᠠᠶᠢᠳᠠᠪᠤᠷᠢᠵᠢᠭᠤᠯᠵᠤ᠂ ᠬᠦᠳᠡᠭᠡ ᠳᠤᠰᠬᠤᠨ ᠤ ᠦᠯᠡᠭᠦᠦ ᠬᠦᠳᠡᠯᠮᠦᠷᠢ ᠬᠦᠴᠦᠨ ᠤ ᠠᠵᠢᠯ ᠮᠡᠷᠭᠡᠵᠢᠯ ᠤᠨ ᠬᠢᠷᠢ ᠳᠦᠪᠰᠢᠨ ᠢ ᠳᠡᠭᠡᠭᠰᠢᠯᠡᠭᠦᠯᠬᠦ ᠪᠠᠷ᠂ 7 ᠰᠠᠷ᠎ᠠ ᠶᠢᠨ 10 ᠤ ᠡᠳᠦᠷ ᠠᠴᠠ ᠡᠬᠢᠯᠡᠨ ᠬᠤᠷᠴᠢᠨ ᠪᠠᠷᠠᠭᠤᠨ ᠭᠠᠷᠤᠨ ᠡᠮᠦᠨᠡᠳᠤ ᠬᠤᠰᠢᠭᠤᠨ ᠤ ᠵᠢᠷᠦᠬᠡᠨ ᠪᠠᠯᠭᠠᠰᠤᠨ ᠤ ᠬᠤᠩ ᠱᠢ ᠶᠤᠸᠠᠢ ᠳᠤᠰᠬᠤᠨ ᠤᠯᠠᠭᠠᠨᠬᠤᠳᠠ ᠶᠢᠨ ᠶᠢᠨ ᠫᠠᠢ ᠠᠵᠢᠯ ᠮᠡᠷᠭᠡᠵᠢᠯ ᠤᠨ ᠪᠤᠯᠪᠠᠰᠤᠷᠠᠯ ᠤᠨ ᠰᠤᠷᠭᠠᠭᠤᠯᠢ ᠲᠠᠢ ᠬᠠᠮᠵᠢᠯᠴᠠᠨ᠂ ᠰᠢᠨ᠎ᠡ ᠴᠠᠭ ᠦᠶ᠎ᠡ ᠶᠢᠨ ᠪᠤᠯᠪᠠᠰᠤᠨ ᠦᠢᠯᠡᠳᠦᠯᠭᠡ ᠶᠢᠨ ᠦᠷᠳᠡᠭᠡ ᠳᠤ ᠪᠠᠨ ᠳᠤᠮᠳᠠᠳᠤ ᠮᠡᠶ᠋ᠢᠭ ᠤᠨ ᠭᠤᠯᠢᠷ ᠢᠳᠡᠭᠡᠨ ᠬᠢᠬᠦ ᠪᠤᠯᠪᠠᠰᠤᠷᠠᠯ ᠡᠷᠭᠢᠯᠡᠵᠤ᠂ ᠠᠷᠠᠳ ᠤᠯᠠᠨ ᠤ ᠠᠵᠢᠯ ᠤᠯᠭᠤᠵᠤ ᠦᠢᠯᠡᠰ ᠪᠦᠳᠦᠭᠡᠬᠦ ᠴᠢᠳᠠᠪᠤᠷᠢ ᠶᠢ ᠳᠡᠰ ᠳᠡᠪᠰᠢᠭᠦᠯᠦᠨ᠂ ᠬᠦᠳᠡᠭᠡ ᠳᠤᠰᠬᠤᠨ ᠤ ᠬᠦᠭᠵᠢᠨ ᠮᠠᠨᠳᠤᠯᠳᠠ ᠳᠤ ᠳᠦᠯᠬᠢᠴᠡ ᠬᠦᠴᠦᠨ ᠪᠤᠯᠭᠠᠪᠠ᠃    ᠳᠤᠰᠬᠤᠨ ᠤ ᠠᠷᠠᠳ ᠳᠠᠶᠢᠯᠪᠤᠷᠢᠯᠠᠬᠴᠢ ᠪᠠᠭᠰᠢ ᠶᠢᠨ ᠵᠢᠯᠤᠭᠤᠳᠤᠯᠭ᠎ᠠ ᠳᠤᠤᠷ᠎ᠠ᠂ ᠭᠤᠯᠢᠷ ᠨᠤᠬᠤᠬᠤ᠂ ᠭᠤᠯᠢᠷ ᠢᠰᠭᠡᠬᠦ᠂ ᠭᠤᠯᠢᠷ ᠬᠦᠪᠦᠷᠯᠡᠬᠦ ᠮᠡᠷᠭᠡᠵᠢᠯ ᠠᠴᠠ ᠡᠬᠢᠯᠡᠨ ᠭᠤᠯᠢᠷ ᠢᠳᠡᠭᠡᠨ ᠬᠢᠬᠦ ᠦᠨᠳᠦᠰᠦᠨ ᠮᠡᠷᠭᠡᠵᠢᠯ᠂ ᠭᠤᠯᠢᠷ ᠤᠨ ᠪᠦᠭᠡᠮ ᠢ ᠳᠤᠬᠢᠷᠠᠭᠤᠯᠬᠤ ᠠᠷᠭ᠎ᠠ᠂ ᠭᠤᠯᠢᠷ ᠢᠳᠡᠭᠡᠨ ᠤ ᠳᠦᠷᠦᠯ ᠠᠩᠬᠢᠯᠠᠯ᠂ ᠭᠤᠯᠢᠷ ᠢᠳᠡᠭᠡᠨ ᠬᠢᠬᠦ ᠳᠤ ᠦᠷᠭᠦᠯᠵᠢ ᠬᠡᠷᠡᠭᠯᠡᠬᠦ ᠳᠤᠨᠤᠭ ᠳᠦᠭᠦᠭᠡᠷᠦᠮᠵᠢ ᠵᠢᠴᠢ ᠠᠵᠢᠯᠯᠠᠭᠤᠯᠬᠤ ᠮᠡᠷᠭᠡᠵᠢᠯ ᠢ ᠨᠠᠷᠢᠨ ᠨᠢᠭᠳᠠ ᠰᠤᠷᠤᠯᠴᠠᠵᠤ᠂ ᠪᠠᠰᠠ ᠳᠤᠬᠠᠢ ᠶᠢᠨ ᠳᠠᠯᠠᠪᠠᠢ ᠳᠤ ᠨᠢ ᠬᠢᠵᠤ ᠪᠤᠯᠪᠠᠰᠤᠷᠠᠪᠠ᠃ ᠪᠤᠯᠪᠠᠰᠤᠷᠠᠯ ᠤᠨ ᠶᠠᠪᠤᠴᠠ ᠳᠤ᠂ ᠰᠤᠷᠤᠯᠴᠠᠭᠰᠠᠳ ᠨᠠᠷᠢᠨ ᠬᠢᠨᠠᠮᠠᠭᠠᠢ ᠰᠤᠨᠤᠰᠴᠤ᠂ ᠪᠠᠶᠢᠨ ᠳᠠᠬᠢᠨ ᠪᠠᠭᠰᠢ ᠠᠴᠠ ᠠᠰᠠᠭᠤᠯᠳᠠ ᠠᠰᠠᠭᠤᠵᠤ᠂ ᠭᠤᠯᠢᠷ ᠢᠳᠡᠭᠡᠨ ᠬᠢᠬᠦ ᠶᠢᠨ ᠪᠠᠶᠠᠷ ᠪᠠᠶᠠᠰᠤᠯ ᠢ ᠬᠤᠪᠢᠶᠠᠯᠴᠠᠨ ᠳᠤᠬᠠᠢ ᠶᠢᠨ ᠳᠠᠯᠠᠪᠠᠢ ᠶᠢ ᠬᠦᠷ ᠬᠦᠭᠵᠢᠶᠡᠨ ᠢᠶᠠᠷ ᠪᠢᠯᠬᠠᠭᠤᠯᠵᠠᠢ᠃    ᠳᠤᠰ ᠤᠳᠠᠭᠠᠨ ᠤ ᠪᠤᠯᠪᠠᠰᠤᠷᠠᠯ ᠤᠨ ᠬᠤᠭᠤᠴᠠᠭ᠎ᠠ ᠨᠢ 33 ᠡᠳᠦᠷ ᠪᠠᠶᠢᠵᠤ᠂ ᠪᠤᠯᠪᠠᠰᠤᠷᠠᠯ ᠤᠨ ᠳᠤᠮᠳᠠ ᠪᠤᠯᠪᠠᠰᠤᠷᠠᠯ ᠤᠨ ᠨᠦᠬᠦᠪᠦᠷᠢ ᠮᠦᠩᠬᠦ ᠶᠢ ᠭᠤᠶᠤᠴᠢᠯᠠᠵᠤ ᠪᠤᠯᠬᠤ ᠮᠦᠷᠳᠡᠭᠡᠨ ᠭᠡᠷ ᠪᠦᠯᠢ ᠨᠢ ᠬᠦᠴᠢᠷ ᠲᠠᠢ ᠳᠤᠰᠬᠤᠨ ᠤ ᠠᠷᠠᠳ ᠵᠤᠬᠢᠬᠤ ᠠᠵᠤ ᠠᠬᠤᠢ ᠶᠢᠨ ᠢᠷᠠᠯᠳᠠ ᠪᠠᠨ ᠰᠢᠢᠳᠪᠦᠷᠢᠯᠡᠵᠤ ᠳᠡᠶᠢᠯᠦᠨ᠎ᠡ᠃ ᠪᠤᠯᠪᠠᠰᠤᠷᠠᠯ ᠳᠠᠭᠤᠰᠤᠭᠰᠠᠨ ᠤ ᠳᠠᠷᠠᠭ᠎ᠠ᠂ ᠬᠢᠷᠢ ᠳᠡᠩᠴᠡᠭᠰᠡᠨ ᠰᠤᠷᠤᠯᠴᠠᠭᠰᠠᠳ ᠲᠤ ᠬᠢᠷᠢ ᠭᠡᠮ ᠤᠨ ᠵᠡᠷᠭᠡ ᠳᠡᠰ ᠤᠨ ᠦᠨᠡᠮᠯᠡᠯ ᠳᠠᠷᠬᠠᠭᠠᠨ᠎ᠠ᠃ ᠰᠤᠷᠤᠯᠴᠠᠭᠰᠠᠳ᠄ ︽ᠪᠢᠳᠡ ᠰᠦᠢᠳᠭᠡᠯ ᠳᠤᠰᠢᠶᠠᠬᠤ ᠦᠭᠡᠢ ᠪᠠᠷ ᠵᠢᠩᠬᠢᠨᠢ ᠪᠤᠯᠪᠠᠰᠤᠷᠠᠯ ᠳᠤ ᠤᠷᠤᠯᠴᠠᠵᠤ ᠨᠢᠭᠡᠨ ᠵᠦᠢᠯ ᠤᠨ ᠡᠷᠳᠡᠮ ᠮᠡᠷᠭᠡᠵᠢᠯ ᠤᠯᠵᠤ ᠰᠤᠷᠤᠯᠴᠠᠯ᠎ᠠ᠂ ᠡᠨᠡ ᠨᠢ ᠪᠢᠳᠡᠨ ᠳᠤ ᠨᠡᠬᠡᠷᠡᠨ ᠠᠰᠢᠭ ᠬᠦᠷᠳᠡᠭᠡᠵᠤ ᠰᠠᠶᠢᠨ ᠶᠠᠪᠤᠳᠠᠯ ᠬᠢᠵᠤ ᠦᠭᠭᠦᠯ᠎ᠡ᠂ ᠪᠤᠯᠪᠠᠰᠤᠷᠠᠯ ᠢᠶᠠᠷ ᠳᠠᠮᠵᠢᠨ ᠪᠢᠳᠡ ᠠᠵᠢᠯ ᠬᠢᠵᠤ ᠦᠢᠯᠡᠰ ᠪᠦᠳᠦᠭᠡᠬᠦ ᠵᠠᠮ ᠢᠶᠠᠨ ᠦᠷᠭᠡᠳᠭᠡᠬᠦ ᠶᠢᠨ ᠬᠠᠮᠳᠤ ᠤᠷᠤᠯᠭ᠎ᠠ ᠪᠠᠨ ᠨᠡᠮᠡᠭᠳᠡᠭᠦᠯᠵᠤ ᠪᠠᠶᠠᠵᠢᠨ ᠴᠢᠨᠡᠬᠡᠯᠢᠭᠵᠢᠬᠦ ᠵᠠᠮ ᠢᠶᠠᠨ ᠳᠠᠪᠢᠰᠤᠯ᠎ᠠ︾ ᠭᠡᠵᠤ ᠪᠠᠶᠠᠷᠯᠠᠵᠠᠭᠠᠵᠤ ᠪᠠᠶᠢᠯ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号