ᠴᠠᠭᠠᠨ ᠢᠳᠡᠭᠡᠨ ᠤ ᠬᠤᠷᠰᠢᠶᠠᠵᠢᠯ ᠪᠠᠶᠢᠭᠤᠯᠵᠤ ᠴᠢᠨᠡᠬᠡᠯᠢᠭᠵᠢᠯ ᠤᠨ ᠵᠡᠮ ᠢᠶᠠᠨ ᠡᠯᠭᠦᠨ᠎ᠡ
ᠨᠡᠶᠢᠲᠡᠯᠡᠭᠰᠡᠨ ᠴᠠᠭ᠄
2021/7/28
   ● ᠰᠤᠷᠪᠤᠯᠵᠢᠯᠠᠭᠴᠢ ᠴᠤᠯᠮᠤᠨ ᠯᠢᠶᠠᠨ ᠪᠤᠥ    ᠴᠠᠭᠠᠨ ᠢᠳᠡᠭᠡᠨ ᠪᠤᠯ ᠮᠤᠩᠭᠤᠯ ᠦᠨᠳᠤᠰᠤᠳᠡᠨ ᠤ ᠤᠷᠳᠤ ᠤᠳᠠᠭᠠᠨ ᠨᠡᠬᠦᠳᠡᠯ ᠮᠠᠯᠵᠢᠯ ᠤᠨ ᠠᠮᠢᠳᠤᠷᠠᠯ ᠤᠨ ᠲᠡᠥᠬᠡᠨ ᠶᠠᠪᠤᠴᠠ ᠳᠤ ᠪᠤᠢ ᠪᠤᠯᠤᠭᠰᠠᠨ ᠤᠨᠴᠠᠯᠢᠭᠳᠤ ᠢᠳᠡᠭᠡᠨ ᠤ ᠰᠤᠶᠤᠯ ᠪᠤᠯᠤᠨ᠎ᠠ᠃ ᠴᠠᠭᠠᠨ ᠢᠳᠡᠭᠡᠨ ᠨᠢ ᠮᠤᠩᠭᠤᠯᠴᠤᠳ ᠤᠨ ᠡᠳᠤᠷ ᠲᠤᠳᠤᠮ ᠤᠨ ᠲᠤᠳᠠᠭᠳᠠᠵᠤ ᠪᠤᠯᠤᠰᠢ ᠦᠭᠡᠢ ᠢᠳᠡᠭᠡᠨ ᠤ ᠨᠢᠭᠡ ᠨᠢ ᠪᠤᠯᠵᠤ᠂ ᠮᠤᠩᠭᠤᠯᠴᠤᠳ ᠦᠪᠠᠷ ᠢᠶᠠᠨ ᠬᠢᠵᠤ ᠢᠳᠡᠵᠤ ᠪᠠᠶᠢᠭᠰᠠᠨ ᠢᠶᠠᠨ ᠠᠭᠠᠵᠢᠮ ᠢᠶᠠᠷ ᠴᠠᠭᠠᠨ ᠢᠳᠡᠭᠡᠨ ᠢᠶᠠᠨ ᠵᠠᠬ᠎ᠠ ᠲᠡᠯᠭᠡᠬᠦᠷ ᠲᠤ ᠭᠠᠷᠭᠠᠵᠤ᠂ ᠨᠡᠩ ᠤᠯᠠᠨ ᠬᠦᠮᠤᠰ ᠲᠤ ᠴᠠᠭᠠᠨ ᠢᠳᠡᠭᠡᠨ ᠢᠶᠠᠨ ᠠᠮᠳᠠᠯᠠᠭᠤᠯᠬᠤ ᠶᠢᠨ ᠬᠠᠮᠳᠤ ᠤᠷᠤᠯᠭ᠎ᠠ ᠪᠠᠨ ᠨᠡᠮᠡᠭᠳᠡᠬᠦᠯᠬᠦ ᠶᠢᠨ ᠪᠠᠰᠠ ᠨᠢᠭᠡᠨ ᠠᠷᠭ᠎ᠠ ᠠᠪᠴᠠᠯ ᠪᠤᠯᠭᠠᠭᠰᠠᠨ ᠶᠤᠮ᠃    ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠤᠯᠠᠭᠠᠨᠮᠤᠳᠤ ᠰᠤᠮᠤ ᠪᠤᠯ ᠮᠠᠯᠵᠢᠬᠤ ᠦᠢᠯᠡᠰ ᠢᠶᠠᠷ ᠭᠤᠥᠯᠯᠠᠵᠤ᠂ ᠮᠠᠯ ᠢᠶᠠᠨ ᠮᠠᠯᠵᠢᠬᠤ ᠶᠢᠨ ᠲᠠᠭᠠᠥ ᠤᠯᠠᠮᠵᠢᠯᠠᠯᠳᠤ ᠴᠠᠭᠠᠨ ᠢᠳᠡᠭᠡᠨ ᠢᠶᠠᠨ ᠬᠢᠵᠤ ᠪᠤᠯᠪᠠᠰᠤᠷᠠᠭᠤᠯᠤᠨ ᠵᠠᠬ᠎ᠠ ᠲᠡᠯᠭᠡᠬᠦᠷ ᠲᠤ ᠬᠤᠳᠠᠯᠳᠤᠬᠤ ᠡᠷᠤᠬᠡ ᠵᠢᠯ ᠠᠴᠠ ᠵᠢᠯ ᠨᠡᠮᠡᠭᠳᠡᠵᠤ ᠪᠤᠢ᠃ 7 ᠰᠠᠷ᠎ᠠ ᠶᠢᠨ 16 ᠤ ᠡᠳᠤᠷ᠂ ᠰᠤᠷᠪᠤᠯᠵᠢᠯᠠᠭᠴᠢ ᠤᠯᠠᠭᠠᠨᠮᠤᠳᠤ ᠰᠤᠮᠤᠨ ᠤ ᠤᠯᠤᠰᠤᠳᠠᠢ ᠭᠠᠴᠠᠭ᠎ᠠ ᠪᠠᠷ ᠰᠤᠷᠪᠤᠯᠵᠢᠯᠠᠵᠤ ᠶᠠᠪᠤᠬᠤ ᠳᠤ ᠪᠠᠨ ᠭᠠᠴᠠᠭᠠᠨ ᠤ ᠨᠠᠮ ᠤᠨ ᠡᠬᠦᠷ ᠤᠨ ᠱᠦᠵᠢ ᠪᠠᠭᠠᠳᠤᠷ ᠤᠨ ᠲᠠᠭᠠᠭᠤᠯᠭ᠎ᠠ ᠪᠠᠷ ︽ᠲᠡᠷᠢᠬᠦᠨ ᠴᠠᠭᠠᠨ ᠢᠳᠡᠭᠡ ᠪᠤᠯᠪᠠᠰᠤᠷᠠᠭᠤᠯᠬᠤ ᠲᠤᠰᠬᠠᠢ ᠬᠤᠷᠰᠢᠶᠠᠵᠢᠯ︾ ᠳᠤ ᠬᠦᠷᠴᠤ ᠰᠤᠷᠪᠤᠯᠵᠢᠯᠠᠭ᠎ᠠ ᠬᠢᠯ᠎ᠠ᠃    ᠴᠡᠪᠡᠷ ᠲᠡᠭᠰᠢ ᠬᠤᠷᠰᠢᠶᠠᠵᠢᠯ ᠤᠨ ᠬᠦᠷᠢᠶ᠎ᠠ ᠪᠠᠷ ᠤᠷᠤᠵᠤ᠂ ᠡᠬᠦᠳᠡᠨ ᠳᠤ ᠪᠠᠨ ︽ᠲᠡᠷᠢᠬᠦᠨ ᠴᠠᠭᠠᠨ ᠢᠳᠡᠭᠡ ᠪᠤᠯᠪᠠᠰᠤᠷᠠᠭᠤᠯᠬᠤ ᠲᠤᠰᠬᠠᠢ ᠬᠤᠷᠰᠢᠶᠠᠵᠢᠯ ᠲᠠᠨ ᠢ ᠪᠠᠶᠠᠷᠯᠠᠨ ᠤᠭᠳᠤᠶ᠎ᠠ︾ ᠭᠡᠵᠤ ᠮᠤᠩᠭᠤᠯ ᠬᠢᠳᠠᠳ ᠢᠶᠠᠷ ᠪᠢᠴᠢᠭᠰᠡᠨ ᠭᠡᠷ ᠲᠤ ᠤᠷᠤᠪᠠᠯ᠂ ᠮᠠᠯ ᠤᠨ ᠡᠮ ᠤᠨ ᠦᠯᠡᠳᠡᠭᠳᠡᠯ ᠤᠨ ᠬᠢᠨᠠᠯᠳᠠ ᠶᠢᠨ ᠲᠠᠰᠤᠭ᠂ ᠡᠬᠡ ᠮᠠᠲᠧᠷᠢᠶᠠᠯ ᠤᠨ ᠲᠠᠰᠤᠭ᠂ ᠢᠰᠭᠡᠬᠦ ᠲᠠᠰᠤᠭ᠂ ᠬᠠᠭᠰᠠᠭᠠᠭᠰᠠᠨ ᠦᠷᠤᠮ᠎ᠠ ᠬᠢᠬᠦ ᠲᠠᠰᠤᠭ᠂ ᠬᠤᠷᠤᠳ ᠬᠢᠬᠦ ᠲᠠᠰᠤᠭ᠂ ᠬᠦᠢᠳᠡᠨ ᠬᠦᠮᠤᠷᠭᠡ ᠵᠡᠷᠭᠡ ᠴᠠᠭᠠᠨ ᠢᠳᠡᠭᠡᠨ ᠢ ᠬᠢᠵᠤ ᠪᠤᠯᠪᠠᠰᠤᠷᠠᠭᠤᠯᠬᠤ ᠲᠠᠰᠤᠭ ᠢ ᠲᠤᠬᠢᠷᠠᠭᠤᠯᠤᠭᠰᠠᠨ ᠨᠢ ᠦᠵᠡᠭᠰᠡᠨ ᠬᠦᠮᠤᠨ ᠪᠦᠬᠦᠨ ᠳᠤ ᠤᠷᠴᠢᠨ ᠲᠤᠭᠤᠷᠢᠨ ᠨᠢ ᠴᠡᠪᠡᠷ ᠮᠦᠷᠳᠡᠬᠡᠨ ᠬᠢᠵᠤ ᠪᠤᠯᠪᠠᠰᠤᠷᠠᠭᠤᠯᠬᠤ ᠨᠢ ᠪᠠᠷᠢᠮᠵᠢᠶᠠᠵᠢᠭᠰᠠᠨ᠂ ᠬᠤᠳᠠᠯᠳᠤᠨ ᠠᠪᠬᠤ ᠳᠤ ᠴᠤ ᠰᠠᠨᠠᠭ᠎ᠠ ᠠᠮᠤᠷ ᠲᠦᠷᠥᠭᠳᠡᠯ ᠦᠭᠳᠡᠭ ᠶᠤᠮ᠃ ᠲᠤᠰ ᠬᠤᠷᠰᠢᠶᠠᠵᠢᠯ ᠤᠨ ᠡᠵᠡᠩᠨᠡᠭᠴᠢ ᠸᠧᠨ ᠯᠦᠩ᠂ ᠶᠢᠨ ᠬᠤᠸᠠ ᠡᠷ᠎ᠠ ᠡᠮ᠎ᠠ ᠬᠤᠶᠠᠭᠤᠯᠠ ᠪᠤᠯ ᠤᠯᠤᠰᠤᠳᠠᠢ ᠭᠠᠴᠠᠭ᠎ᠠ ᠳᠤ ᠨᠤᠳᠤᠭᠳᠠᠢ᠂ ᠤᠥᠯ ᠳᠤ ᠪᠠᠨ ᠬᠠᠪᠤᠷᠵᠢᠶ᠎ᠠ ᠳᠤ ᠪᠠᠨ ᠴᠠᠭᠠᠨ ᠢᠳᠡᠭᠡᠨ ᠬᠢᠵᠤ ᠪᠤᠯᠪᠠᠰᠤᠷᠠᠭᠤᠯᠵᠤ ᠪᠠᠶᠢᠵᠠᠢ᠃ ᠤᠯᠤᠰᠤᠳᠠᠢ ᠭᠠᠴᠠᠭᠠᠨ ᠳᠤ ᠴᠠᠭᠠᠨ ᠢᠳᠡᠭᠡᠨ ᠬᠢᠬᠦ ᠬᠤᠷᠰᠢᠶᠠᠵᠢᠯ ᠪᠠᠶᠢᠭᠤᠯᠬᠤ ᠲᠦᠷᠤᠯ ᠵᠦᠢᠯ ᠢ ᠤᠯᠤᠭᠰᠠᠨ ᠲᠡᠳᠠ᠂ ᠨᠢᠳᠤᠨᠤᠨ ᠵᠢᠯ ᠤᠨ 6 ᠰᠠᠷ᠎ᠠ ᠳᠤ ︽ᠲᠡᠷᠢᠬᠦᠨ ᠴᠠᠭᠠᠨ ᠢᠳᠡᠭᠡ ᠪᠤᠯᠪᠠᠰᠤᠷᠠᠭᠤᠯᠬᠤ ᠲᠤᠰᠬᠠᠢ ᠬᠤᠷᠰᠢᠶᠠᠵᠢᠯ︾ ᠢᠶᠠᠨ ᠠᠰᠢᠭᠯᠠᠯᠳᠠ ᠳᠤ ᠤᠷᠤᠭᠤᠯᠤᠭᠰᠠᠨ ᠪᠠᠶᠢᠨ᠎ᠠ᠃ ᠲᠤᠰ ᠬᠤᠷᠰᠢᠶᠠᠵᠢᠯ ᠤᠨ ᠬᠡᠷᠡᠭᠯᠡᠭᠡᠨ ᠤ ᠭᠡᠷ ᠨᠢ 450 ᠲᠡᠭᠰᠢ ᠲᠦᠷᠪᠡᠯᠵᠢᠨ ᠮᠧᠳ᠋ᠷ ᠲᠠᠯᠠᠪᠠᠢ ᠶᠢ ᠡᠵᠡᠯᠡᠵᠤ᠂ ᠴᠠᠭᠠᠨ ᠢᠳᠡᠭᠡᠨ ᠪᠤᠯᠪᠰᠤᠷᠠᠭᠤᠯᠬᠤ ᠲᠤᠨᠤᠭ ᠲᠦᠬᠦᠭᠡᠷᠤᠮᠵᠢ ᠶᠢ 29 ᠢᠵᠢ ᠬᠤᠳᠠᠯᠳᠤᠨ ᠤᠷᠤᠭᠤᠯᠵᠠᠢ᠃ ᠬᠠᠷᠠᠬᠠᠨ ᠪᠠᠭ᠎ᠠ ᠠᠴᠠ ᠪᠠᠨ ᠴᠠᠭᠠᠨ ᠢᠳᠡᠭᠡᠨ ᠤ ᠰᠢᠮ᠎ᠠ ᠶᠢ ᠬᠦᠷᠳᠡᠵᠤ ᠦᠰᠥᠭᠰᠡᠨ ᠸᠧᠨ ᠯᠦᠩ᠂ ᠶᠢᠨ ᠬᠤᠸᠠ ᠬᠤᠶᠠᠭᠤᠯᠠ ᠮᠦᠨ ᠴᠤ ᠤᠯᠠᠮᠵᠢᠯᠠᠯᠳᠤ ᠴᠠᠭᠠᠨ ᠢᠳᠡᠬᠡᠨ ᠬᠢᠵᠤ ᠪᠤᠯᠪᠠᠰᠤᠷᠠᠭᠤᠯᠬᠤ ᠳᠤ ᠪᠠᠨ ᠮᠡᠷᠭᠡᠰᠢᠵᠤ᠂ ᠰᠢᠷ᠎ᠠ ᠲᠤᠰᠤ᠂ ᠬᠤᠷᠤᠳ᠂ ᠬᠠᠭᠰᠠᠭᠠᠭᠰᠠᠨ ᠦᠷᠤᠮ᠎ᠠ᠂ ᠵᠦᠭᠡᠬᠡᠢ᠂ ᠠᠭᠠᠷᠤᠯ ᠵᠡᠷᠭᠡ ᠶᠢ ᠬᠢᠬᠦ ᠠᠴᠠ ᠭᠠᠳᠠᠨ᠎ᠠ ᠦᠬᠡᠷ ᠤᠨ ᠮᠢᠬᠠᠨ ᠤ ᠪᠤᠷᠴᠠ ᠬᠢᠭᠡᠳ ᠦᠪᠠᠷ ᠢᠶᠠᠨ ᠰᠢᠨ᠎ᠠ ᠪᠠᠷ ᠡᠬᠦᠳᠤᠨ ᠵᠤᠬᠢᠶᠠᠭᠰᠠᠨ ᠦᠨᠢᠶᠠᠨ ᠰᠦ ᠶᠢᠨ ᠰᠠᠪᠠᠩ᠂ ᠲᠦᠳᠠ᠂ ᠰᠢᠬᠢᠷ ᠵᠡᠷᠭᠡ ᠶᠢ ᠬᠢᠵᠤ᠂ ᠡᠵᠡᠩᠨᠡᠬᠦ ᠲᠦᠷᠤᠯ ᠵᠦᠢᠯ ᠢᠶᠠᠨ ᠪᠠᠶᠠᠯᠢᠭᠵᠢᠭᠤᠯᠵᠤ ᠪᠤᠢ᠃ ᠤᠳᠤᠬᠠᠨ ᠤ ᠴᠠᠭᠠᠨ ᠢᠳᠡᠭᠡᠨ ᠤ ᠵᠠᠬ᠎ᠠ ᠲᠡᠯᠭᠡᠬᠦᠷ ᠲᠦᠢᠯ ᠤᠨ ᠬᠦᠷ ᠬᠦᠭᠵᠢᠶᠠᠨ ᠲᠠᠢ ᠮᠦᠷᠳᠡᠬᠡᠨ ᠦᠷᠢᠰᠤᠯᠳᠤᠭᠡᠨ ᠢᠶᠠᠷ ᠴᠢᠩᠭ᠎ᠠ ᠪᠠᠶᠢᠬᠰᠡᠨ ᠴᠤ ᠲᠡᠷᠢᠬᠦᠨ ᠴᠠᠭᠠᠨ ᠢᠳᠡᠭᠡ ᠪᠤᠯᠪᠠᠰᠤᠷᠠᠭᠤᠯᠬᠤ ᠲᠤᠰᠬᠠᠢ ᠬᠤᠷᠰᠢᠶᠠᠵᠢᠯ ᠨᠢ ᠲᠠᠪᠠᠭᠤᠯᠢᠭ ᠲᠠᠯ᠎ᠠ ᠤᠯᠠᠨ ᠪᠠᠶᠢᠳᠠᠭ᠃ ︽ᠪᠢᠳᠠ ᠦᠪᠠᠷ ᠢᠶᠠᠨ 20 ᠭᠠᠷᠤᠢ ᠦᠨᠢᠶ᠎ᠠ ᠲᠡᠵᠢᠭᠡᠵᠤ᠂ ᠡᠳᠤᠷ ᠪᠦᠷᠢ ᠡᠷᠳᠠ ᠶᠢᠨ 4 ᠴᠠᠭ ᠢᠶᠠᠷ ᠪᠤᠰᠴᠤ ᠦᠨᠢᠶ᠎ᠠ ᠪᠠᠨ ᠰᠠᠭᠠᠵᠤ᠂ ᠰᠠᠭᠠᠭᠰᠠᠨ ᠰᠦ ᠪᠠᠨ ᠮᠠᠯ ᠤᠨ ᠡᠮ ᠤᠨ ᠦᠯᠡᠳᠡᠭᠳᠡᠯ ᠤᠨ ᠬᠢᠨᠠᠯᠳᠠ ᠶᠢᠨ ᠲᠠᠰᠤᠭ ᠲᠤ ᠬᠢᠨᠠᠵᠤ᠂ ᠬᠤᠰᠢᠭᠤᠨ ᠳᠤ ᠪᠠᠨ ᠮᠡᠳᠡᠬᠦᠯᠵᠤ᠂ ᠦᠨᠢᠶᠠᠨ ᠰᠦ ᠶᠢᠨ ᠶᠠᠰᠤ ᠴᠢᠨᠠᠷ ᠢ ᠪᠠᠳᠤᠯᠠᠳᠠᠭ᠂ ᠮᠠᠨ ᠤ ᠴᠠᠭᠠᠨ ᠢᠳᠡᠭᠡᠨ ᠬᠢᠬᠦ ᠡᠯ᠎ᠠ ᠲᠠᠰᠤᠭ ᠲᠤ ᠶᠡᠷᠥ ᠠᠴᠠ ᠪᠤᠰᠤᠳ ᠬᠦᠮᠤᠨ ᠢ ᠤᠷᠤᠭᠤᠯᠬᠤ ᠦᠭᠡᠢ᠂ ᠪᠢᠳᠠ ᠠᠵᠢᠯᠯᠠᠬᠤ ᠪᠠᠷ ᠤᠷᠤᠬᠤ ᠦᠶ᠎ᠠ ᠳᠤ ᠪᠠᠰᠠ ᠪᠡᠶ᠎ᠠ ᠪᠠᠨ ᠠᠷᠢᠭᠤᠳᠬᠠᠵᠤ ᠪᠠᠶᠢᠭᠠᠳ ᠤᠷᠤᠳᠠᠭ︾ ᠭᠡᠵᠤ ᠸᠧᠨ ᠯᠦᠩ ᠠᠴᠠ ᠲᠠᠨᠢᠯᠴᠠᠭᠤᠯᠤᠨ᠎ᠠ᠃    ᠲᠤᠳᠤᠭᠰᠢ ᠪᠠᠨ ᠤᠷᠤᠪᠠᠯ᠂ ᠬᠦᠯᠳᠡᠭᠡᠬᠦᠷ ᠲᠤ ᠲᠡᠳᠡᠨ ᠤ ᠬᠢᠭᠰᠡᠨ ᠴᠠᠭᠠᠨ ᠢᠳᠡᠭᠡᠨ ᠤ ᠦᠢᠯᠡᠳᠬᠦᠨ ᠢᠶᠠᠨ ᠬᠠᠳᠠᠭᠠᠯᠠᠵᠤ᠂ ᠵᠢᠶᠠᠰᠠᠨ ᠲᠡᠭᠡᠷ᠎ᠠ ᠲᠠᠯᠪᠢᠭᠠᠰᠤᠳᠠᠢ ᠦᠨᠡᠮᠯᠡᠯ ᠤᠳ ᠰᠤᠷᠪᠤᠯᠵᠢᠯᠠᠭᠴᠢ ᠶᠢᠨ ᠠᠩᠬᠠᠷᠤᠯ ᠢ ᠲᠠᠳᠠᠨ᠎ᠠ᠃ ᠡᠬᠦᠨ ᠤ ᠲᠤᠬᠠᠢ᠄ ︽ᠪᠢᠳᠠ ᠴᠠᠭᠠᠨ ᠢᠳᠡᠭᠡᠨ ᠬᠢᠭᠰᠡᠨ ᠡᠳᠡᠭᠡᠷ ᠵᠢᠯ ᠳᠤ᠂ ᠤᠷᠤᠨ ᠠᠶᠢᠮᠠᠭ ᠬᠤᠰᠢᠭᠤᠨ ᠤ ᠤᠷᠤᠯᠳᠤᠭᠠᠨ ᠳᠤ ᠤᠯᠠᠨᠳᠠ ᠤᠷᠤᠯᠴᠠᠵᠤ ᠪᠢᠯᠠ᠃ ᠡᠬᠦᠨ ᠢᠶᠠᠷ ᠲᠠᠮᠵᠢᠨ᠂ ᠪᠢᠳᠠ ᠪᠠᠰᠠ ᠪᠤᠰᠤᠳ ᠤᠨ ᠬᠢ ᠶᠢ ᠰᠤᠷᠤᠯᠴᠠᠵᠤ᠂ ᠦᠪᠠᠷ ᠢ ᠪᠠᠨ ᠲᠡᠬᠦᠯᠳᠡᠷᠵᠢᠬᠦᠯᠵᠤ᠂ ᠨᠡᠩ ᠴᠢᠬᠤᠯᠠ ᠨᠢ ᠬᠢᠭᠰᠡᠨ ᠴᠠᠭᠠᠨ ᠢᠳᠡᠭᠡᠨ ᠢᠶᠠᠨ ᠤᠯᠠᠨ ᠬᠦᠮᠤᠰ ᠲᠤ ᠲᠠᠨᠢᠭᠤᠯᠬᠤ ᠭᠡᠰᠡᠨ ᠶᠤᠮ︾ ᠭᠡᠵᠤ ᠶᠢᠨ ᠬᠤᠸᠠ ᠶᠠᠷᠢᠨ᠎ᠠ᠃ ᠲᠡᠳᠠᠨ ᠤ ᠬᠢᠬᠦ ᠴᠠᠭᠠᠨ ᠢᠳᠡᠭᠡᠨ ᠨᠢ ᠴᠡᠪᠡᠷ ᠮᠦᠷᠳᠡᠬᠡᠨ ᠠᠮᠳᠠ ᠲᠠᠢ ᠤᠴᠢᠷ ᠠᠴᠠ ᠤᠷᠢᠳ ᠬᠤᠵᠢᠳ 2021 ᠤᠨ ᠤ ᠦᠪᠤᠷ ᠮᠤᠩᠭᠤᠯ ᠤᠨ ︽ᠴᠢᠨᠠᠷ ᠰᠠᠶᠢᠳᠠᠢ ᠴᠠᠭᠠᠨ ᠢᠳᠡᠭᠡᠨ︾ ᠤ ᠰᠢᠯᠭᠠᠷᠠᠭᠤᠯᠤᠯᠳᠠ ᠳᠤ ᠨᠢᠭᠡᠳᠤᠭᠡᠷ ᠨᠡᠷᠡᠰ ᠲᠤ ᠲᠤᠳᠤᠷᠠᠵᠤ᠂ ᠠᠶᠢᠮᠠᠭ ᠤᠨ ᠨᠠᠭᠠᠳᠤᠮ ᠤᠨ ᠬᠤᠷᠠᠯ ᠤᠨ ᠤᠯᠠᠮᠵᠢᠯᠠᠯᠳᠤ ᠴᠠᠭᠠᠨ ᠢᠳᠡᠭᠡᠨ ᠬᠢᠬᠦ ᠤᠷᠤᠯᠳᠤᠭᠠᠨ ᠤ ︽ᠰᠢᠷᠠᠰᠤᠨ ᠤᠮᠳᠠᠭᠠᠨ︾ ᠬᠢᠬᠦ ᠨᠢᠭᠡᠳᠤᠭᠡᠷ ᠨᠡᠷᠡᠰ᠂ ︽ᠰᠢᠷᠠᠰᠤᠨ ᠰᠢᠬᠢᠷ︾ ᠬᠢᠬᠦ ᠨᠢᠭᠡᠳᠤᠭᠡᠷ ᠨᠡᠷᠡᠰ᠂ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ︽ᠰᠢᠯᠢᠳᠡᠭ ᠲᠤᠰᠬᠠᠢ ᠬᠤᠷᠰᠢᠶᠠᠵᠢᠯ︾᠂ ᠪᠦᠬᠦ ᠬᠤᠰᠢᠭᠤᠨ ᠤ ᠨᠠᠢᠮᠡᠳᠤᠭᠠᠷ ᠬᠤᠭᠤᠴᠠᠭᠠᠨ ᠤ ᠮᠤᠩᠭᠤᠯ ᠦᠨᠳᠤᠰᠤᠳᠡᠨ ᠤ ᠤᠯᠠᠮᠵᠢᠯᠠᠯᠳᠤ ᠴᠠᠭᠠᠨ ᠢᠳᠡᠭᠡᠨ ᠬᠢᠬᠦ ᠮᠦᠷᠦ᠋ᠢᠴᠡᠭᠡᠨ ᠳᠤ ᠰᠢᠷ᠎ᠠ ᠲᠤᠰᠤ ᠬᠢᠬᠦ ᠮᠡᠷᠭᠡᠵᠢᠯ ᠤᠨ ᠭᠤᠷᠪᠠᠳᠤᠭᠠᠷ ᠨᠡᠷᠡᠰ ᠲᠤ ᠲᠤᠳᠤᠷᠠᠭᠰᠠᠨ ᠠᠮᠵᠢᠯᠳᠠ ᠶᠢ ᠤᠯᠤᠭᠰᠠᠨ ᠪᠠᠶᠢᠨ᠎ᠠ᠃    ᠬᠤᠶᠢᠰᠢᠳᠠ ᠶᠢᠨ ᠲᠦᠯᠤᠪᠯᠡᠭᠡ ᠶᠢ ᠨᠢ ᠠᠰᠠᠭᠤᠪᠠᠯ᠄ ︽ᠲᠠᠷᠠᠭᠠᠴᠢ ᠪᠠᠷ ᠪᠢᠳᠠ ᠮᠠᠯ ᠤᠨ ᠫᠧᠩ ᠪᠠᠷᠢᠵᠤ᠂ ᠮᠠᠯ ᠬᠤᠳᠠᠯᠳᠤᠨ ᠠᠪᠴᠤ ᠮᠠᠯ ᠤᠨ ᠢᠶᠠᠨ ᠲᠤᠭ᠎ᠠ ᠶᠢ ᠨᠡᠮᠡᠭᠳᠡᠬᠦᠯᠤᠨ᠂ ᠲᠠᠬᠢᠨ ᠮᠠᠰᠢᠨ ᠮᠧᠬᠠᠨᠢᠭ ᠢᠶᠠᠷ ᠰᠦ ᠰᠠᠭᠠᠵᠤ᠂ ᠬᠦᠮᠤᠨ ᠤ ᠬᠦᠴᠤ ᠶᠢ ᠠᠷᠪᠢᠯᠠᠬᠤ ᠶᠢᠨ ᠬᠠᠮᠳᠤ ᠡᠳᠤᠷ ᠲᠤ ᠬᠢᠵᠤ ᠲᠡᠶᠢᠯᠬᠦ ᠦᠢᠯᠡᠳᠬᠦᠨ ᠤ ᠲᠤᠭ᠎ᠠ ᠪᠠᠨ ᠨᠡᠮᠡᠭᠳᠡᠬᠦᠯᠬᠦ ᠪᠠᠷ ᠲᠦᠯᠤᠪᠯᠡᠵᠤ ᠪᠤᠢ᠃ ᠮᠠᠨ ᠤ ᠦᠢᠯᠡᠳᠪᠤᠷᠢᠯᠡᠬᠦ ᠴᠠᠭᠠᠨ ᠢᠳᠡᠭᠡᠨ ᠤ ᠲᠤᠭ᠎ᠠ ᠵᠠᠬ᠎ᠠ ᠲᠡᠯᠭᠡᠬᠦᠷ ᠤᠨ ᠱᠠᠭᠠᠷᠳᠠᠯᠭ᠎ᠠ ᠶᠢ ᠬᠠᠩᠭᠠᠵᠤ ᠲᠡᠶᠢᠯᠬᠦ ᠬᠡᠮᠵᠢᠶᠡᠨ ᠳᠤ ᠬᠦᠷᠪᠡᠯ᠂ ᠪᠢᠳᠠ ᠴᠠᠩᠴᠦ᠋ᠨ ᠬᠤᠳᠠ ᠶᠢᠨ ᠡᠸᠥ ᠶᠠ ᠬᠤᠳᠠᠯᠳᠤᠭᠠᠨ ᠤ ᠲᠠᠯᠠᠪᠠᠢ ᠳᠤ ᠴᠠᠭᠠᠨ ᠢᠳᠡᠭᠡᠨ ᠢᠶᠠᠨ ᠪᠤᠷᠤᠯᠠᠭᠤᠯᠵᠤ᠂ ᠭᠠᠳᠠᠨ᠎ᠡ ᠮᠤᠵᠢ ᠤᠷᠤᠨ ᠳᠤ ᠮᠠᠨ ᠤ ᠴᠠᠭᠠᠨ ᠢᠳᠡᠭᠡᠨ ᠢᠶᠠᠨ ᠨᠡᠷ᠎ᠠ ᠠᠯᠳᠠᠷᠰᠢᠭᠤᠯᠬᠤ ᠪᠠᠷ ᠴᠢᠷᠮᠠᠶᠢᠵᠤ ᠪᠤᠢ︾ ᠭᠡᠵᠤ ᠸᠧᠨ ᠯᠦᠩ᠂ ᠶᠢᠨ ᠬᠤᠸᠠ ᠬᠤᠶᠠᠭᠤᠯᠠ ᠪᠠᠨ ᠢᠳᠡᠭᠡᠯ ᠲᠡᠬᠦᠯᠳᠡᠷ ᠬᠠᠷᠢᠭᠤᠯᠤᠨ᠎ᠠ᠃    ᠤᠳᠤᠬᠠᠨ ᠳᠤ᠂ ᠲᠡᠳᠠᠨ ᠤ ᠴᠠᠭᠠᠨ ᠢᠳᠡᠭᠡᠨ ᠤ ᠬᠤᠷᠰᠢᠶᠠᠵᠢᠯ ᠨᠢ ᠰᠤᠮᠤᠨ ᠤ ᠪᠠᠨ ᠨᠡᠷᠡᠳᠤ ᠭᠠᠵᠠᠷ ᠪᠤᠯᠵᠤ᠂ ᠵᠤᠭᠠᠴᠠᠭᠰᠠᠳ ᠤᠨ ᠪᠦᠯᠬᠦᠮ ᠢᠷᠡᠬᠦ ᠪᠦ᠋ᠷᠢ ᠴᠠᠭᠠᠨ ᠢᠳᠡᠭᠡᠨ ᠪᠤᠯᠪᠠᠰᠤᠷᠠᠭᠤᠯᠬᠤ ᠶᠢ ᠲᠤᠭᠤᠷᠢᠨ ᠦᠵᠡᠵᠤ᠂ ᠬᠤᠳᠠᠯᠳᠤᠨ ᠠᠪᠬᠤ ᠴᠢᠬᠤᠯᠠ ᠭᠠᠵᠠᠷ ᠪᠤᠯᠤᠭᠰᠨᠨ ᠪᠠᠶᠢᠨ᠎ᠠ᠃ ᠴᠠᠭᠠᠨ ᠢᠳᠡᠭᠡᠨ ᠢᠶᠠᠨ ᠭᠤᠥᠯᠳᠠᠭᠤ ᠸᠢᠴᠠᠲ ᠲᠠᠪᠴᠠᠩ ᠳᠤ ᠪᠤᠷᠤᠯᠠᠭᠤᠯᠵᠤ᠂ ᠠᠶᠢᠮᠠᠭ ᠬᠤᠰᠢᠭᠤᠨ ᠤ ᠤᠢᠢᠷ᠎ᠠ ᠬᠠᠪᠢ ᠶᠢᠨ ᠬᠤᠳᠠᠯᠳᠤᠨ ᠠᠪᠤᠭᠴᠢ ᠠᠴᠠ ᠭᠠᠳᠠᠨ᠎ᠠ ᠪᠡᠭᠡᠵᠢᠩ᠂ ᠸᠧᠨ ᠵᠸᠥ᠂ ᠬᠦᠬᠡᠬᠤᠳᠠ᠂ ᠪᠤᠭᠤᠳᠤ ᠬᠤᠳᠠ ᠵᠡᠷᠭᠡ ᠬᠤᠯᠠ ᠭᠠᠵᠠᠷ ᠤᠨ ᠬᠤᠳᠠᠯᠳᠤᠨ ᠠᠪᠤᠭᠴᠢ ᠪᠠᠰᠠ ᠪᠤᠢ᠃    ᠤᠯᠠᠮᠵᠢᠯᠠᠯᠳᠤ ᠴᠠᠭᠠᠨ ᠢᠳᠡᠭᠡᠨ ᠨᠢ ᠠᠮᠳᠠᠯᠢᠬ ᠪᠦᠭᠡᠳ ᠰᠢᠮ᠎ᠠ ᠲᠡᠵᠢᠭᠡᠯ ᠲᠠᠢ ᠪᠠᠶᠢᠳᠠᠭ ᠢᠶᠠᠷ ᠢᠶᠠᠨ ᠬᠦᠮᠤᠰ ᠤᠨ ᠬᠦᠷᠢᠶᠡᠯᠡᠯ ᠢ ᠤᠯᠵᠤ᠂ ᠳᠡᠳᠡᠨ ᠤ ︽ᠲᠡᠷᠢᠬᠦᠨ ᠴᠠᠭᠠᠨ ᠢᠳᠡᠭᠡ ᠪᠤᠯᠪᠠᠰᠤᠷᠠᠭᠤᠯᠬᠤ ᠲᠤᠰᠬᠠᠢ ᠬᠤᠷᠰᠢᠶᠠᠵᠢᠯ︾ ᠤᠨ ᠴᠠᠭᠠᠨ ᠢᠳᠡᠭᠡᠨ ᠢᠶᠠᠨ ᠭᠠᠳᠠᠨ᠎ᠡ ᠮᠤᠵᠢ ᠤᠷᠤᠨ ᠤ ᠵᠠᠬ᠎ᠠ ᠲᠡᠯᠭᠡᠬᠦᠷ ᠲᠤ ᠭᠠᠷᠭᠠᠬᠤ ᠬᠦᠰᠡᠯ ᠨᠢ ᠡᠷᠳᠡ ᠪᠡᠶᠡᠯᠡᠭᠳᠡᠬᠦ ᠨᠢ ᠯᠠᠪᠳᠠᠢ ᠶᠤᠮ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号