ᠡᠮᠦᠨᠡᠳᠦ ᠬᠤᠰᠢᠭᠤ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠬᠦᠯᠤᠨ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2021/7/28
   ᠳᠤᠰ ᠰᠤᠨᠢᠨ ᠤ ᠮᠡᠳᠡᠭᠡ ᠤᠢᠢᠷ᠎ᠠ ᠶᠢᠨ ᠵᠢᠯ ᠠᠴᠠ ᠨᠠᠭᠠᠰᠢ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤ ᠬᠠᠮᠤᠬ ᠤᠨ ᠵᠤᠬᠢᠰᠳᠠᠢ ᠲᠦᠷᠦ ᠶᠢᠨ ᠪᠤᠳᠤᠯᠭ᠎ᠠ᠂ ᠬᠠᠮᠤᠬ ᠤᠨ ᠳᠤᠤᠷ᠎ᠠ ᠦᠷᠳᠡᠭ᠂ ᠬᠠᠮᠤᠬ ᠤᠨ ᠰᠢᠯᠢᠳᠡᠭ ᠦᠢᠯᠡᠴᠢᠯᠡᠭᠡ᠂ ᠬᠠᠮᠤᠬ ᠤᠨ ᠬᠤᠷᠳᠦᠨ ᠢᠶᠠᠷ ᠭᠡᠷᠡᠭ ᠶᠠᠪᠤᠳᠠᠯ ᠰᠢᠢᠳᠪᠦᠷᠢᠯᠡᠬᠦ ︽ᠲᠦᠷᠪᠡᠨ ᠬᠠᠮᠤᠬ︾ ᠤᠨ ᠠᠵᠢᠯᠯᠠᠭᠠᠨ ᠤ ᠵᠠᠬᠪᠤᠷ ᠢ ᠭᠡᠷᠡᠭᠵᠢᠬᠦᠯᠤᠨ᠂ ᠤᠯᠠᠨ ᠲᠦᠮᠡᠨ ᠤ ᠭᠡᠷᠡᠭ ᠶᠠᠪᠤᠳᠠᠯ ᠰᠢᠢᠳᠪᠦᠷᠢᠯᠡᠬᠦ ᠳᠤ ᠬᠦᠴᠢᠷ ᠪᠦᠭᠡᠳ ᠤᠳᠠᠭᠠᠨ᠂ ᠤᠯᠠᠨᠳᠠ ᠬᠦᠶᠦᠬᠦ᠂ ᠲᠦᠬᠦᠮ ᠦᠭᠡᠢ ᠵᠡᠷᠭᠡ ᠠᠰᠠᠭᠤᠳᠠᠯ ᠤᠳ ᠢ ᠦᠨᠡᠨ ᠬᠦ ᠰᠢᠢᠳᠪᠦᠷᠢᠯᠡᠨ ᠦᠭᠴᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠠᠰᠤᠷᠠᠯᠳᠠ ᠦᠭᠡᠢ ᠳᠡᠭᠡᠭᠰᠢᠯᠡᠬᠦᠯᠵᠦ ᠪᠤᠢ᠃    ᠵᠢᠶᠠ ᠬᠤᠤ ᠢᠤᠢ ᠪᠤᠯ ᠨᠢᠭᠡᠨ ᠰᠢᠨᠡᠭᠡᠨ ᠪᠠᠶᠢᠭᠤᠯᠤᠬᠳᠠᠬᠰᠠᠨ ᠠᠵᠦ ᠠᠬᠤᠢᠢᠯᠠᠯ ᠤᠨ ᠬᠠᠷᠢᠭᠤᠴᠠᠯᠭᠠᠳᠠᠨ ᠪᠤᠯᠬᠤ ᠶᠤᠮ᠃ ᠡᠮᠦᠨᠡᠭᠡᠨ᠂ ᠳᠡᠷᠡ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠵᠠᠰᠠᠬ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠠᠵᠦ ᠠᠬᠤᠢᠢᠯᠠᠯ ᠨᠡᠭᠡᠭᠡᠨ ᠬᠦᠢᠴᠡᠳᠭᠡᠬᠦ ᠦᠢᠯᠡᠴᠢᠯᠡᠭᠡᠨ ᠤ ᠭᠠᠵᠠᠷ ᠲᠤ ᠬᠠᠮᠢᠶ᠎ᠠ ᠪᠦᠬᠦᠢ ᠮᠠᠲ᠋ᠧᠷᠢᠶᠠᠯ ᠢᠶᠠᠨ ᠳᠤᠰᠢᠶᠠᠨ ᠭᠠᠷ ᠤᠨ ᠦᠰᠦᠭ ᠵᠢᠷᠤᠵᠦ ᠵᠦᠪᠰᠢᠶᠡᠷᠡᠨ᠂ ᠭᠡᠳᠦᠭᠡᠨ ᠮᠢᠨᠦ᠋ᠲ ᠤᠨ ᠳᠤᠳᠤᠷ᠎ᠠ ᠡᠵᠡᠩᠨᠡᠯᠳᠠ ᠶᠢᠨ ᠦᠨᠡᠮᠯᠡᠯ ᠢᠶᠠᠨ ᠤᠯᠤᠬᠰᠠᠨ ᠪᠠᠶᠢᠨ᠎ᠠ᠃ ᠤᠢᠢᠯᠠᠭᠠᠯᠳᠠ ᠪᠠᠷ᠂ ᠵᠢᠶᠠ ᠬᠤᠤ ᠢᠤᠢ ᠠᠩᠬ᠎ᠠ ᠤᠳᠠᠭ᠎ᠠ ᠡᠵᠡᠩᠨᠡᠯᠳᠠ ᠶᠢᠨ ᠦᠨᠡᠮᠯᠡᠯ ᠬᠦᠢᠴᠡᠳᠭᠡᠬᠦ ᠪᠠᠷ ᠢᠷᠡᠵᠦ᠂ ᠦᠢᠯᠡᠴᠢᠯᠡᠭᠡᠨ ᠤ ᠴᠤᠩᠬᠤᠪᠴᠢ ᠪᠠᠷ ᠬᠦᠷᠴᠦ ᠠᠰᠠᠭᠤᠨ ᠰᠤᠷᠠᠬᠯᠠᠬᠤ ᠪᠠᠷ ᠳᠠᠮᠵᠢᠨ᠂ ᠠᠵᠢᠯᠳᠡᠨ ᠠᠴᠠ ᠭᠠᠷᠳᠠᠮ ᠬᠦᠢᠴᠡᠳᠭᠡᠬᠦ ᠶᠠᠪᠤᠴᠠ᠂ ᠭᠡᠷᠡᠭᠰᠡᠬᠦ ᠮᠠᠲ᠋ᠧᠷᠢᠶᠠᠯ᠂ ᠠᠩᠬᠠᠷᠬᠤ ᠴᠢᠬᠤᠯᠠ ᠲᠠᠢ ᠵᠦᠢᠯ ᠵᠡᠷᠭᠡ ᠶᠢ ᠨᠠᠷᠢᠨ ᠬᠢᠨᠠᠮᠠᠭᠠᠢ ᠤᠢᠢᠯᠠᠭᠠᠨ᠂ ᠰᠢᠭᠤᠳ ᠰᠢᠯᠤᠭᠤᠬᠠᠨ ᠠᠮᠵᠢᠯᠳᠠ ᠲᠠᠢ ᠪᠠᠷ ᠭᠠᠷᠳᠠᠮ ᠢᠶᠠᠨ ᠬᠦᠢᠴᠡᠳᠭᠡᠭᠰᠡᠨ ᠪᠠᠶᠢᠨ᠎ᠠ᠃    ᠡᠮᠦᠨᠡᠳᠦ ᠬᠤᠰᠢᠭᠤ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ ᠡᠬᠦᠳᠡᠨ ᠠᠴᠠ ᠳᠤᠰᠬᠠᠢᠢᠯᠠᠨ ᠠᠵᠦ ᠠᠬᠤᠢᠢᠯᠠᠯ ᠨᠡᠭᠡᠭᠡᠨ ᠬᠦᠢᠴᠡᠳᠭᠡᠬᠦ ᠳᠤᠰᠬᠠᠢ ᠦᠢᠯᠡᠴᠢᠯᠡᠭᠡᠨ ᠤ ᠭᠠᠵᠠᠷ ᠳᠤᠬᠢᠷᠠᠭᠤᠯᠵᠦ᠂ ᠬᠢᠨᠡᠨ ᠵᠦᠪᠰᠢᠶᠡᠷᠡᠬᠦᠯᠬᠦ ᠮᠠᠲ᠋ᠧᠷᠢᠶᠠᠯ ᠢ ᠪᠠᠭᠠᠰᠬᠠᠨ ᠠᠯᠬᠤᠮ ᠶᠠᠪᠤᠴᠠ ᠶᠢ ᠰᠢᠯᠢᠳᠡᠭᠵᠢᠬᠦᠯᠵᠦ᠂ ᠨᠢᠭᠡ ᠯᠠ ᠦᠢᠯᠡᠴᠢᠯᠡᠭᠡᠨ ᠤ ᠴᠤᠩᠬᠤᠪᠴᠢ ᠳᠤ ᠬᠦᠢᠴᠡᠳᠭᠡᠬᠦ ᠶᠢ ᠪᠡᠶᠡᠯᠡᠬᠦᠯᠤᠨ᠂ ᠭᠤᠶᠤᠴᠢᠯᠡᠨ ᠮᠡᠳᠡᠬᠦᠯᠵᠦ ᠭᠠᠷᠳᠠᠮ ᠤᠯᠬᠤ ᠴᠠᠬ ᠢ ᠤᠤᠯ ᠤᠨ 5 ᠠᠵᠢᠯᠯᠠᠬᠤ ᠡᠳᠦᠷ ᠠᠴᠠ ᠪᠤᠭᠤᠨᠢᠰᠬᠠᠨ 1 ᠠᠴᠠ 3 ᠠᠵᠢᠯᠯᠠᠬᠤ ᠡᠳᠦᠷ ᠲᠤ ᠬᠦᠢᠴᠡᠳᠭᠡᠵᠦ ᠦᠭᠬᠦ ᠪᠤᠯᠭᠠᠵᠠᠢ᠃ ᠤᠳᠤᠬᠠᠨ ᠳᠤ᠂ ᠡᠮᠦᠨᠡᠳᠦ ᠬᠤᠰᠢᠭᠤᠨ ᠤ ᠵᠠᠰᠠᠬ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠨᠢᠭᠡᠨᠳᠠ 34 ᠦᠢᠯᠡᠴᠢᠯᠡᠭᠡᠨ ᠤ ᠴᠤᠩᠬᠤᠪᠴᠢ ᠪᠠ 3 ᠳᠤᠰᠬᠠᠢ ᠦᠢᠯᠡᠴᠢᠯᠡᠭᠡᠨ ᠤ ᠭᠠᠵᠠᠷ ᠭᠠᠷᠭᠠᠨ᠂ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ 28 ᠰᠠᠯᠠᠭ᠎ᠠ ᠮᠦᠴᠢᠷ ᠤᠨ ᠬᠢᠨ ᠦᠢᠯᠡᠴᠢᠯᠡᠭᠡᠨ ᠤ ᠭᠠᠵᠠᠷ ᠲᠤ ᠤᠷᠤᠨ ᠰᠠᠭᠤᠵᠦ᠂ ᠬᠢᠨᠠᠨ ᠵᠦᠪᠰᠢᠶᠡᠷᠡᠬᠦ ᠵᠢᠴᠢ ᠤᠯᠠᠨ ᠨᠡᠶᠢᠳᠡ ᠶᠢᠨ ᠦᠢᠯᠡᠴᠢᠯᠡᠭᠡᠨ ᠤ ᠵᠠᠰᠠᠬ ᠵᠠᠬᠢᠷᠭᠠᠨ ᠤ ᠵᠦᠪᠰᠢᠶᠡᠷᠡᠯ᠂ ᠵᠠᠰᠠᠬ ᠵᠠᠬᠢᠷᠭᠠᠨ ᠤ ᠲᠦᠯᠦᠪᠦᠷᠢ᠂ ᠵᠠᠰᠠᠬ ᠵᠠᠬᠢᠷᠭᠠᠨ ᠤ ᠨᠤᠳᠠᠯᠠᠯᠳᠠ᠂ ᠵᠠᠰᠠᠬ ᠵᠠᠬᠢᠷᠭᠠᠨ ᠤ ᠬᠦᠬᠢᠬᠦᠯᠤᠯ ᠵᠡᠷᠭᠡ 557 ᠵᠦᠢᠯ ᠢ ᠬᠦᠢᠴᠡᠳᠭᠡᠵᠦ ᠪᠤᠯᠤᠨ᠎ᠠ᠃ ᠪᠦᠬᠦ ᠬᠤᠰᠢᠭᠤᠨ ᠤ ︽ᠤᠷᠤᠵᠦ ᠰᠠᠭᠤᠬᠤ ᠴᠢᠬᠤᠯᠠ ᠲᠠᠢ᠂ ᠵᠠᠪᠠᠯ ᠤᠷᠤᠵᠦ ᠰᠠᠭᠤᠬᠤ︾ ᠰᠠᠯᠠᠭ᠎ᠠ ᠮᠦᠴᠢᠷ ᠤᠨ ᠦᠢᠯᠡᠴᠢᠯᠡᠭᠡᠨ ᠤ ᠴᠤᠩᠬᠤᠪᠴᠢ ᠨᠡᠭᠡᠭᠡᠬᠦ ᠨᠤᠷᠮ᠎ᠠ ᠨᠢ 99.3% ᠬᠦᠷᠴᠦ᠂ ᠭᠠᠷᠳᠠᠮ ᠬᠦᠢᠴᠡᠳᠭᠡᠬᠦ ᠴᠠᠬ ᠬᠤᠭᠤᠴᠠᠭ᠎ᠠ ᠶᠢ 50 % ᠪᠠᠷ ᠪᠠᠭᠠᠰᠬᠠᠵᠦ᠂ ᠦᠨᠡᠨ ᠬᠦ ᠳᠤᠭ᠎ᠠ ᠪᠠᠷᠢᠮᠳᠠ ᠶᠢ ᠤᠯᠠᠨ ᠬᠦᠶᠤᠯᠭᠡᠨ ᠤᠯᠠᠨ ᠲᠦᠮᠡᠨ ᠢ ᠳᠤᠳᠠᠭᠤ ᠵᠠᠮ ᠬᠦᠭᠡᠭᠡᠯᠭᠡᠬᠦ ᠶᠢ ᠪᠡᠶᠡᠯᠡᠬᠦᠯᠵᠠᠢ᠃ ︵ᠯᠢᠦ ᠶᠠᠨ ᠴᠢᠦ︶    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号