ᠰᠣᠯᠣᠨ ᠮᠠᠯᠵᠢᠯ ᠤᠨ ᠳᠠᠯᠠᠪᠠᠢ ᠶᠢᠨ 18.6 ᠲᠦᠮᠡᠨ ᠮᠦ ᠳᠠᠷᠢᠶ᠎ᠠ ᠡᠯᠪᠡᠭ ᠬᠤᠷᠢᠶᠠᠯᠲᠠ ᠪᠠᠨ ᠲᠠᠯᠠᠯᠵᠦ ᠪᠠᠶᠢᠨ᠎ᠠ
ᠨᠡᠶᠢᠲᠡᠯᠡᠭᠰᠡᠨ ᠴᠠᠭ᠄
2021/8/10
   ᠲᠤᠰ ᠰᠤᠨᠢᠨ ᠤ ᠮᠡᠳᠡᠭᠡ ᠤᠢᠢᠷ ᠎ᠠ ᠶᠢᠨ ᠡᠳᠦᠷ᠂ ᠬᠢᠩᠭᠠᠨ ᠤ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠰᠣᠯᠣᠨ ᠮᠠᠯᠵᠢᠯ ᠤᠨ ᠲᠠᠯᠠᠪᠠᠢ ᠶᠢᠨ ᠬᠡᠪᠴᠢᠶᠡᠵᠢᠭᠦᠯᠦᠭᠰᠡᠨ ᠡᠵᠡᠩᠨᠡᠯᠲᠡ ᠬᠠᠮᠢᠶᠠᠷᠤᠯᠲᠠ ᠶᠢᠨ ᠣᠷᠣᠨ ᠤ 1 ᠳ᠋ᠤᠭᠡᠷ ᠨᠣᠮᠧᠷᠲᠤ ᠭᠠᠵᠠᠷ ᠲᠤ᠂ ᠪᠣᠷᠣᠭᠠᠨ ᠤ ᠳᠠᠷᠠᠭᠠᠬᠢ ᠴᠢᠬᠢᠭ ᠤᠨ ᠦᠨᠦᠷ ᠬᠠᠨᠭ᠍ᠬᠤᠯᠵᠦ᠂ ᠬᠡᠳᠦᠨ ᠮᠢᠩᠭᠠᠨ ᠮᠥ ᠰᠢᠷ᠎ᠠ ᠪᠤᠷᠴᠠᠭ ᠤᠨ ᠲᠠᠷᠢᠶ᠎ᠠ ᠱᠤᠭᠤᠮ ᠳᠠᠳᠠᠭᠰᠠᠨ ᠮᠡᠳᠤ ᠵᠤᠷᠪᠤᠰ ᠵᠤᠷᠪᠤᠰ ᠢᠶᠠᠷ ᠵᠢᠭᠳᠡᠷᠡᠵᠦ᠂ ᠰᠢᠷ᠎ᠠ ᠪᠤᠷᠴᠠᠭ ᠤᠨ ᠴᠢᠬᠢ ᠬᠦᠴᠦ ᠳᠣᠷᠪᠢᠲᠠᠶ᠂ ᠴᠡᠯᠬᠡᠷᠡᠨ ᠨᠡᠯᠦ᠋ᠢᠵᠦ᠂ ᠤᠷᠭᠤᠴᠠ ᠨᠢ ᠪᠠᠶᠠᠷᠯᠠᠭᠤᠰᠢᠲᠠᠶ ᠪᠠᠶᠢᠯ᠎ᠠ᠃    ᠣᠶᠢᠯᠠᠭᠠᠭᠰᠠᠨ ᠢᠶᠠᠷ᠂ ᠲᠤᠰ ᠲᠠᠯᠠᠪᠠᠶ ᠶᠢᠨ ᠲᠠᠷᠢᠶᠠᠨ ᠭᠠᠵᠠᠷ ᠤᠨ ᠶᠡᠷᠦᠩᠬᠡᠶ ᠲᠠᠯᠠᠪᠠᠶ 18.6 ᠲᠦᠮᠡᠨ ᠮᠥ᠂ ᠲᠠᠯᠠᠪᠠᠶ ᠳᠤ ᠬᠠᠷᠢᠶᠠᠯᠠᠭᠳᠠᠬᠤ ᠬᠡᠪᠴᠢᠶᠡᠵᠢᠭᠰᠡᠨ ᠡᠵᠡᠩᠨᠡᠯᠲᠡ ᠶᠢᠨ 4 ᠬᠠᠮᠢᠶᠠᠷᠤᠯᠲᠠ ᠶᠢᠨ ᠣᠷᠣᠨ ᠤ ᠡᠷᠴᠢᠮᠵᠢᠭᠦᠯᠦᠨ ᠲᠠᠷᠢᠬᠤ ᠳᠠᠷᠢᠮᠠᠯ ᠤᠨ ᠲᠠᠯᠠᠪᠠᠶ 4.1 ᠲᠦᠮᠡᠨ ᠮᠥ᠂ ᠡᠭᠦᠨ ᠳᠤ ᠰᠢᠷ᠎ᠠ ᠪᠤᠷᠴᠠᠭ 2.2 ᠲᠦᠮᠡᠨ ᠮᠥ᠂ ᠪᠣᠭᠤᠳᠠᠶ 1.3 ᠲᠦᠮᠡᠨ ᠮᠥ᠂ ᠡᠷᠳᠡᠨᠢ ᠰᠢᠰᠢ 0.6 ᠲᠦᠮᠡᠨ ᠮᠥ ᠳᠠᠷᠢᠵᠠᠶ᠃ ᠣᠳᠣ ᠲᠤᠰ ᠲᠠᠯᠠᠪᠠᠢ ᠦᠷᠭᠦᠯᠵᠢᠯᠡᠨ ᠪᠣᠷᠣᠭᠠᠨ ᠣᠷᠣᠬᠤ᠂ ᠬᠤᠷᠠᠭᠰᠠᠨ ᠳᠤᠯᠠᠭᠠᠨ ᠥᠨᠳᠥᠷ ᠪᠢᠰᠢ ᠵᠡᠷᠭᠡ ᠠᠰᠢᠭ ᠦᠭᠡᠢ ᠨᠥᠯᠥᠭᠡ ᠶᠢ ᠢᠯᠠᠨ ᠳᠠᠪᠠᠵᠤ᠂ ᠴᠠᠭ ᠠᠭᠤᠷ ᠲᠤᠩᠭᠠᠯᠠᠭ ᠰᠠᠶᠢᠬᠠᠨ ᠪᠠᠶᠢᠬᠤ ᠠᠰᠢᠭᠲᠠᠢ ᠲᠣᠬᠢᠶᠠᠯ ᠢ ᠠᠰᠢᠬᠯᠠᠠ ᠬᠦᠳᠠᠯᠮᠤᠷᠢ ᠬᠦᠴᠤ ᠪᠣᠯᠤᠨ ᠲᠡᠷᠭᠡ ᠬᠥᠰᠬᠡ ᠶᠢ ᠢᠳᠡᠪᠬᠢᠲᠡᠢ ᠵᠣᠬᠢᠶᠠᠨ ᠪᠠᠶᠢᠭᠤᠯᠵᠤ᠂ ᠪᠠᠴᠢᠮ ᠶᠠᠭᠠᠷᠠᠯᠲᠠᠢ ᠡᠮᠬᠢ ᠵᠢᠷᠤᠮ ᠲᠠᠢ ᠪᠠᠷ ᠲᠠᠷᠢᠮᠠᠯ ᠤᠨ ᠡᠪᠡᠰᠦ ᠶᠢ ᠠᠷᠢᠯᠭᠠᠬᠤ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠪᠠ ᠦᠶᠡᠷ ᠢ ᠰᠡᠷᠭᠡᠶᠢᠯᠡᠵᠦ ᠤᠰᠤᠲᠤᠯ ᠢ ᠡᠰᠡᠷᠭᠦᠴᠡᠬᠦ ᠵᠡᠷᠭᠡ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠠᠷᠭ᠎ᠠ ᠬᠡᠮᠵᠢ᠊ ᠡᠶ᠎ᠡ ᠶᠢ ᠬᠡᠷᠡᠭᠵᠢᠭᠦᠯᠵᠦ᠂ ᠡᠨᠡ ᠵᠢᠯ ᠤᠨ ᠲᠠᠷᠢᠶᠠᠯᠠᠩ ᠦᠢᠯᠡᠳᠪᠦᠷᠢᠯᠡᠯ ᠳᠤ ᠪᠠᠨ ᠲᠠᠬᠢᠨ ᠡᠯᠪᠡᠭ ᠬᠤᠷᠢᠶᠠᠯᠲᠠ ᠤᠯᠬᠤ ᠶᠢ ᠪᠠᠲᠤᠯᠠᠵᠥ ᠪᠠᠶᠢᠨ᠎ᠠ᠃ ︵ᠬᠡᠰᠢᠭᠪᠦᠶᠠᠠ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号