ᠴᠢᠨ ᠹᠠ ᠲᠣᠰᠬᠤᠨ ᠤᠢ ᠮᠤᠳᠤᠨ ᠤ ᠠᠵᠦ ᠦᠢᠯᠡᠰ ᠢ ᠬᠦᠭᠵᠢᠬᠦᠯᠤᠨ ᠳᠤᠰᠬᠤᠨ ᠤ ᠠᠷᠠᠳ ᠤᠨ ᠤᠷᠤᠯᠭ᠎ᠠ ᠶᠢᠨ ᠨᠡᠮᠡᠭᠳᠡᠯ ᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2021/8/10
   ᠳᠤᠰ ᠰᠤᠨᠢᠨ ᠤ ᠮᠡᠳᠡᠭᠡ ᠤᠢᠢᠷ᠎ᠠ ᠶᠢᠨ ᠬᠤᠶᠠᠷ ᠵᠢᠯ ᠳᠤ᠂ ᠬᠤᠷᠴᠢᠨ ᠪᠠᠷᠠᠭᠤᠨ ᠭᠠᠷᠤᠨ ᠡᠮᠦᠨᠡᠳᠤ ᠬᠤᠰᠢᠭᠤᠨ ᠤ ᠪᠤᠷᠭᠠᠰᠤᠳᠠᠢ ᠰᠢᠶᠠᠩ ᠤᠨ ᠴᠢᠨ ᠹᠠ ᠲᠣᠰᠬᠤᠨ ᠤ ᠬᠢᠨ ᠣᠶ ᠮᠤᠳᠤᠨ ᠤ ᠠᠵᠦ ᠦᠢᠯᠡᠰ ᠢ ᠲᠠᠷᠢᠶᠠᠯᠠᠩ ᠤᠨ ᠪᠦᠲᠦᠴᠡ ᠶᠢᠨ ᠲᠣᠬᠢᠷᠠᠭᠤᠯᠤᠯᠲᠠ ᠶᠢᠨ ᠴᠡᠭ᠂ ᠬᠥᠳᠡᠭᠡ ᠲᠣᠰᠬᠤᠨ ᠤ ᠠᠵᠤ ᠠᠬᠤᠶ ᠶᠢᠨ ᠬᠥᠭᠵᠢᠯᠲᠡ ᠶᠢᠨ ᠨᠡᠮᠡᠭᠳᠡᠯ ᠤᠨ ᠴᠡᠭ ᠪᠣᠯᠭᠠᠨ᠂ ᠭᠠᠵᠠᠷ ᠣᠷᠣᠨ ᠤ ᠪᠤᠳᠠᠳᠤ ᠪᠠᠶᠢᠳᠠᠯ ᠳᠤ ᠪᠠᠨ ᠲᠤᠬᠢᠷᠠᠭᠤᠯᠤᠨ ︽ᠤᠢ ᠰᠢᠭᠤᠢ ᠡᠪᠡᠰᠤᠨ ᠡᠮ︾ ᠤᠨ ᠠᠵᠤ ᠦᠢᠯᠡᠰ ᠢ ᠬᠥᠭᠵᠢᠭᠦᠯᠵᠦ᠂ ᠬᠥᠳᠡᠭᠡ ᠠᠵᠤ ᠠᠬᠤᠢ ᠪᠣᠯᠤᠨ ᠤᠢ ᠰᠢᠭᠤᠢ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠵᠣᠬᠢᠴᠠᠩᠭᠤᠢ ᠪᠠᠷ ᠬᠥᠭᠵᠢᠭᠦᠯᠬᠦ ᠪᠣᠬᠢᠷᠲᠤᠯ ᠦᠭᠡᠢ ᠴᠢᠨᠡᠭᠡᠯᠢᠭᠵᠢᠯ ᠤᠨ ᠵᠠᠮ ᠢ ᠴᠢᠷᠮᠠᠶᠢᠨ ᠰᠦᠪᠡᠭᠴᠢᠯᠡᠵᠦ᠂ ︽ᠬᠦᠭᠡ ᠠᠭᠤᠯᠠ ᠬᠦᠭᠡᠮᠳᠦᠭ ᠤᠰᠦ︾ ᠶᠢ ᠬᠠᠮᠠᠭᠠᠯᠠᠬᠤ ᠶᠢᠨ ᠳᠠᠭᠠᠤ ᠬᠦᠳᠡᠭᠡ ᠲᠣᠰᠬᠤᠨ ᠤ ᠠᠷᠠᠳ ᠤᠯᠠᠨ ᠢ ᠳᠠᠶᠢᠴᠢᠯᠠᠨ ᠠᠮᠢᠳᠤᠷᠠᠯ ᠢ ᠨᠢ ᠴᠢᠨᠡᠭᠡᠯᠢᠭᠵᠢᠭᠦᠯᠵᠤ ᠪᠤᠢ᠃    ᠤᠢᠢᠷ᠎ᠠ ᠶᠢᠨ ᠡᠳᠦᠷ᠂ ᠴᠢᠨ ᠹᠠ ᠲᠣᠰᠬᠤᠨ ᠤ ᠶᠠᠩ ᠱᠤ᠋ ᠭᠸᠦ ᠠᠶᠢᠯ ᠤᠨ ᠬᠠᠨ ᠬᠦᠸᠧ ᠢᠤᠢ 30 ᠭᠠᠷᠤᠢ ᠠᠵᠢᠯᠴᠢᠨ ᠢᠶᠠᠨ ᠳᠠᠭᠠᠭᠤᠯᠤᠨ ᠬᠤᠷᠳᠤᠨ ᠴᠠᠭᠠᠨ ᠡᠪᠡᠰᠤᠨ ᠡᠮ ᠤᠨ ᠬᠤᠸᠠᠷ ᠴᠡᠴᠡᠭ ᠬᠦᠭᠡᠷᠡᠨ ᠳᠡᠯᠭᠡᠷᠡᠭᠰᠡᠨ ᠳᠠᠷᠢᠮᠠᠯ ᠤᠨ ᠰᠠᠭᠤᠷᠢᠨ ᠭᠠᠵᠠᠷ ᠲᠤ ᠪᠠᠨ ᠪᠤᠵᠠᠷ ᠡᠪᠡᠰᠦ ᠠᠷᠢᠯᠭᠠᠨ ᠶᠠᠭᠠᠷᠠᠯᠳᠤᠵᠦ ᠪᠠᠶᠢᠪᠠ᠃ ᠳᠠᠷᠢᠶᠠᠯᠠᠩ ᠤᠨ ᠰᠤᠯᠠ ᠰᠡᠯᠡᠬᠦᠦ ᠴᠠᠬ ᠪᠤᠯᠬᠤ ᠪᠦᠷᠢ᠂ ᠤᠯᠠᠩᠬᠢ ᠳᠤᠰᠬᠤᠨ ᠤ ᠠᠷᠠᠳ ᠡ᠊ᠨᠳᠡ ᠢᠷᠡᠵᠦ ᠬᠦᠯᠤᠰᠤᠨ ᠠᠵᠢᠯ ᠬᠢᠵᠦ᠂ ᠡᠳᠦᠷ ᠤᠨ 120 ᠲᠦᠬᠦᠷᠢᠭ ᠢᠶᠠᠨ ᠤᠯᠴᠢᠬᠠᠳᠠᠬ᠃    ᠡᠨᠡ ᠬᠦ ᠮᠤᠳᠤᠨ ᠳᠠᠷᠢᠶᠠᠨ ᠳᠤ ᠪᠠᠨ ᠡᠪᠡᠰᠤᠨ ᠡᠮ ᠳᠠᠷᠢᠵᠦ ᠤᠷᠭᠤᠭᠤᠯᠬᠤ ᠦᠢᠯᠡᠰ ᠢ ᠡᠷᠬᠢᠯᠡᠬᠦ ᠶᠢ ᠳᠤᠰᠬᠤᠨ ᠤ ᠨᠠᠮ ᠤᠨ ᠡᠭᠦᠷ ᠤᠨ ᠱᠦᠵᠢ ᠠᠴᠠ ᠳᠤᠷᠠᠳᠤᠨ ᠭᠠᠷᠭᠠᠵᠦ᠂ ᠤᠯᠠᠨ ᠢ ᠳᠠᠭᠠᠭᠤᠯᠤᠨ ᠤᠢ ᠮᠤᠳᠤᠨ ᠳᠠᠷᠢᠶᠠᠨ ᠳᠤ ᠪᠠᠨ ᠡᠪᠡᠰᠤᠨ ᠡᠮ ᠳᠠᠷᠢᠵᠦ ᠤᠷᠭᠤᠭᠤᠯᠵᠦ ᠡᠬᠢᠯᠡᠭᠰᠡᠨ ᠪᠠᠶᠢᠨ᠎ᠠ᠃ ᠳᠠᠷᠤᠢ 2019 ᠤᠨ ᠤ 3 ᠰᠠᠷ᠎ᠠ ᠳᠤ᠂ ᠳᠡᠷᠡ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠤᠢ ᠬᠤᠸᠠ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶᠠᠵᠢᠯ ᠢ ᠪᠠᠶᠢᠭᠤᠯᠵᠤ᠂ ᠲᠠᠷᠢᠶᠠᠴᠢᠳ ᠲᠤ ᠰᠢᠭᠤᠶᠢᠲᠤ ᠭᠠᠵᠠᠷ ᠢ ᠰᠢᠯᠵᠢᠭᠦᠯᠦᠨ ᠥᠭᠴᠦ ᠡᠪᠡᠰᠦᠨ ᠡᠮ ᠲᠠᠷᠢᠬᠤ ᠵᠠᠮ ᠢᠶᠠᠷ ᠵᠠᠮᠨᠠᠭᠰᠠᠨ ᠪᠠᠶᠢᠨ᠎ᠠ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠤᠢ ᠬᠤᠸᠠ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶᠠᠵᠢᠯ ᠨᠢ ᠲᠠᠷᠢᠶᠠᠴᠢᠳ ᠤᠨ ᠭᠠᠵᠠᠷ ᠰᠢᠷᠣᠶ ᠶᠢᠨ ᠡᠷᠭᠢᠯᠳᠡᠳᠤ ᠬᠦᠭᠵᠢᠯᠳᠡ ᠶᠢ ᠠᠬᠢᠭᠤᠯᠵᠤ ᠪᠠᠶᠢᠬᠤ ᠪᠠᠷ ᠪᠠᠷᠠᠬᠤ ᠦᠭᠡᠢ ᠪᠠᠰᠠ ᠲᠠᠷᠢᠶᠠᠴᠢᠳ ᠤᠨ ᠬᠤᠷᠰᠢᠶᠠᠵᠢᠯ ᠳᠤ ᠠᠵᠢᠯ ᠬᠥᠳᠡᠯᠮᠦᠷᠢ ᠬᠢᠵᠦ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠡᠨ ᠵᠤᠷᠢᠬᠵᠢᠭᠤᠯᠵᠦ᠂ ᠲᠠᠷᠢᠶᠠᠴᠢᠨ ᠡᠷᠦᠬᠡ ᠶᠢᠨ ᠥᠪᠡᠷ ᠤᠨ ᠣᠶᠢᠲᠤ ᠭᠠᠵᠠᠷ ᠲᠤ ᠪᠠᠨ ᠡᠪᠡᠰᠦᠨ ᠡᠮ ᠲᠠᠷᠢᠬᠤ ᠶᠢ ᠢᠳᠡᠪᠬᠢᠲᠡᠢ ᠪᠠᠷ ᠬᠦᠳᠤᠯᠤᠨ ᠳᠠᠭᠠᠭᠤᠯᠵᠤ᠂ ᠤᠢ ᠮᠤᠳᠦᠨ ᠤ ᠠᠵᠦ ᠦᠢᠯᠡᠰ ᠤᠨ ᠲᠦᠷᠦᠯ ᠲᠡᠮᠳᠡᠭ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ︽ᠠᠭᠯᠠᠭ ᠠᠭᠤᠯᠠ︾ ᠶᠢ ︽ᠠᠯᠲᠠᠨ ᠠᠭᠤᠯᠠ︾ ᠪᠣᠯᠭᠠᠨ ᠬᠤᠪᠢᠷᠠᠭᠤᠯᠤᠨ᠂ ᠣᠷᠣᠯᠭ᠎ᠠ ᠪᠠᠨ ᠨᠡᠮᠡᠭᠳᠡᠭᠦᠯᠬᠦ ᠠᠵᠤ ᠦᠢᠯᠡᠰ ᠢ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠠᠵᠤ ᠦᠢᠯᠡᠰ ᠤᠨ ᠰᠠᠭᠤᠷᠢ ᠶᠢ ᠲᠠᠯᠪᠢᠨ ᠦᠭᠴᠤ ᠪᠤᠢ᠃ ︵ᠪᠠᠢ ᠰᠠᠷᠠᠨ᠎ᠠ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号