ᠡᠪᠡᠳᠴᠢᠨ ᠬᠤᠷᠤᠬᠠᠢ ᠶᠢᠨ ᠬᠦᠨᠦᠭᠡᠯ ᠢ ᠳᠠᠷᠢᠶᠠᠯᠠᠩ ᠢᠶᠠᠷ ᠰᠡᠷᠭᠡᠶᠢᠯᠡᠨ ᠵᠠᠰᠠᠬᠤ ᠠᠷᠭ᠎ᠠ
ᠨᠡᠶᠢᠲᠡᠯᠡᠭᠰᠡᠨ ᠴᠠᠭ᠄
2021/8/10
   ᠡᠪᠡᠳᠴᠢᠨ ᠬᠤᠷᠤᠬᠠᠢ ᠶᠢᠨ ᠬᠦᠨᠦᠭᠡᠯ ᠢ ᠳᠠᠷᠢᠶᠠᠯᠠᠩ ᠢᠶᠠᠷ ᠰᠡᠷᠭᠡᠶᠢᠯᠡᠨ ᠵᠠᠰᠠᠬᠤ ᠠᠷᠭ᠎ᠠ ᠳᠤ ᠭᠤᠤᠯᠳᠠᠭᠤ᠄ ᠤᠰᠦ ᠶᠢ ᠨᠢ ᠳᠤᠬᠢᠷᠠᠭᠤᠯᠬᠤ᠂ ᠵᠤᠬᠢᠰᠳᠠᠢ ᠪᠤᠷᠳᠤᠭᠤᠷ ᠤᠷᠤᠭᠤᠯᠬᠤ ᠵᠢᠴᠢ ᠳᠠᠷᠢᠶ᠎ᠠ ᠪᠠᠨ ᠴᠡᠪᠡᠷᠯᠡᠬᠦ ᠵᠡᠷᠭᠡ ᠳᠠᠷᠢᠶᠠᠨ ᠤ ᠬᠠᠮᠢᠶᠠᠷᠤᠯᠳᠠ ᠶᠢᠨ ᠠᠷᠭ᠎ᠠ ᠠᠪᠴᠠᠯ ᠠᠪᠴᠦ ᠪᠠᠶᠢᠭᠠᠳ ᠡᠪᠡᠳᠴᠢᠨ ᠬᠤᠷᠤᠬᠠᠢ ᠶᠢᠨ ᠬᠦᠨᠦᠭᠡᠯ ᠡᠬᠦᠰᠬᠦ ᠳᠤ ᠠᠰᠢᠬ ᠦᠭᠡᠢ ᠤᠷᠴᠢᠨ ᠳᠤᠭᠤᠷᠢᠨ ᠢ ᠪᠤᠢ ᠪᠤᠯᠭᠠᠨ᠎ᠠ᠃ ᠳᠠᠷᠢᠮᠠᠯ ᠤᠨ ᠪᠦᠳᠦᠴᠡ᠂ ᠰᠤᠷᠲ ᠢ ᠵᠤᠬᠢᠴᠠᠭᠤᠯᠬᠤ ᠪᠠ ᠭᠤᠤᠷᠰᠦ ᠳᠤᠬᠢᠷᠠᠭᠤᠯᠬᠤ ᠶᠢ ᠵᠤᠬᠢᠰᠳᠠᠢ ᠪᠠᠶᠢᠷᠢᠯᠠᠭᠤᠯᠬᠤ ᠵᠢᠴᠢ ᠡᠭᠡᠯᠵᠢᠯᠡᠨ ᠳᠠᠷᠢᠬᠤ ᠪᠤᠶᠤ ᠠᠯᠠᠬᠯᠠᠨ ᠳᠠᠷᠢᠬᠤ ᠵᠡᠷᠭᠡ ᠳᠠᠷᠢᠶᠠᠯᠠᠬᠤ ᠠᠷᠭ᠎ᠠ ᠶᠢ ᠠᠪᠴᠦ ᠡᠪᠡᠳᠴᠢᠨ ᠬᠤᠷᠤᠬᠠᠢ ᠶᠢᠨ ᠭᠤᠤᠷᠰᠦ ᠰᠤᠯᠢᠬᠤ ᠦᠭᠡᠢ ᠪᠠᠷ ᠳᠠᠷᠢᠬᠰᠠᠨ ᠠᠴᠠ ᠪᠤᠯᠤᠬᠰᠠᠨ ᠬᠦᠨᠦᠭᠡᠬᠦ ᠪᠤᠶᠤ ᠳᠠᠷᠬᠠᠬᠤ ᠠᠴᠠ ᠵᠠᠶᠢᠯᠠᠰᠬᠢᠨ᠎ᠠ᠃ ᠳᠠᠷᠢᠶ᠎ᠠ ᠳᠠᠩᠨᠠᠵᠦ ᠡᠪᠡᠰᠦ ᠠᠷᠴᠢᠨ ᠡᠪᠡᠳᠴᠢᠨ ᠬᠤᠷᠤᠬᠠᠢ ᠶᠢ ᠰᠡᠷᠭᠡᠶᠢᠯᠡᠨ ᠵᠠᠰᠠᠨ᠎ᠠ᠃ ᠳᠠᠷᠢᠬᠤ ᠬᠤᠭᠤᠴᠠᠭ᠎ᠠ ᠶᠢ ᠵᠤᠬᠢᠰᠳᠠᠢ ᠤᠷᠢᠳᠴᠢᠯᠠᠭᠤᠯᠬᠤ ᠪᠤᠶᠤ ᠬᠤᠶᠢᠰᠢᠯᠠᠭᠤᠯᠤᠨ ᠬᠦᠨᠦᠭᠡᠯᠳᠦ ᠰᠢᠪᠡᠵᠢ ᠶᠢᠨ ᠡᠬᠦᠰᠬᠦ ᠬᠤᠭᠤᠴᠠᠭ᠎ᠠ ᠶᠢ ᠳᠠᠷᠢᠮᠠᠯ ᠤᠨ ᠠᠮᠠᠷᠬᠠᠨ ᠬᠦᠨᠦᠭᠡᠭᠳᠡᠬᠦ ᠬᠤᠭᠤᠴᠠᠭ᠎ᠠ ᠲᠠᠢ ᠵᠦᠷᠢᠬᠦᠯᠪᠡᠯ ᠰᠢᠪᠡᠵᠢ ᠶᠢᠨ ᠬᠦᠨᠦᠭᠡᠯ ᠠᠴᠠ ᠵᠠᠶᠢᠯᠠᠰᠬᠢᠵᠦ ᠴᠢᠳᠠᠬᠤ ᠪᠤᠶᠤ ᠰᠢᠪᠡᠵᠢ ᠶᠢᠨ ᠬᠦᠨᠦᠭᠡᠯ ᠢ ᠪᠠᠭᠠᠰᠬᠠᠵᠦ ᠴᠢᠳᠠᠨ᠎ᠠ᠃ ᠳᠠᠷᠠᠴᠢᠯᠡᠨ ᠬᠤᠤᠷ ᠦᠭᠡᠢ ᠴᠢᠬᠢᠷᠠᠬ ᠦᠷ᠎ᠠ ᠴᠢᠬᠢ ᠶᠢ ᠵᠠᠷᠤᠨ᠎ᠠ᠃ ᠳᠠᠭᠠᠭᠠᠴᠠᠳᠠᠢ ᠰᠤᠷᠲ ᠢ ᠪᠤᠶᠢᠵᠢᠭᠤᠯᠤᠨ᠎ᠠ᠃ ᠵᠤᠬᠢᠰᠳᠠᠢ ᠠᠷᠭ᠎ᠠ᠂ ᠮᠠᠰᠢᠨ ᠪᠠᠭᠠᠵᠢ ᠪᠠ ᠬᠤᠵᠢᠭᠤ ᠰᠢᠢᠳᠪᠦᠷᠢᠯᠡᠬᠦ ᠠᠷᠭ᠎ᠠ ᠠᠪᠴᠦ ᠳᠠᠷᠢᠮᠠᠯ ᠢᠶᠠᠨ ᠳᠤᠬᠢᠷᠠᠮᠵᠢᠳᠠᠢ ᠴᠠᠬ ᠲᠤ ᠨᠢ ᠬᠤᠷᠢᠶᠠᠵᠦ᠂ ᠡᠪᠡᠳᠴᠢᠨ ᠬᠤᠷᠤᠬᠠᠢ ᠶᠢᠨ ᠬᠦᠷᠦᠰᠤᠨ ᠳᠤ ᠤᠷᠤᠵᠦ ᠡᠪᠤᠯᠵᠢᠬᠦ ᠵᠡᠷᠭᠡ ᠶᠢ ᠰᠡᠷᠭᠡᠶᠢᠯᠡᠨ᠎ᠠ᠃ ︵ᠤᠬᠠᠭᠠᠨ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号