ᠰᠦᠬᠡ ᠡᠮᠦᠨᠡᠲᠦ ᠬᠤᠰᠢᠭᠤ ᠵᠠᠯᠠᠶᠢᠳ ᠬᠤᠰᠢᠭᠤ ᠪᠠᠷ ᠰᠢᠨᠵᠢᠯᠡᠨ ᠪᠠᠶᠢᠴᠠᠭᠠᠵᠠᠢ
ᠨᠡᠶᠢᠲᠡᠯᠡᠭᠰᠡᠨ ᠴᠠᠭ᠄
2021/8/12
   ᠲᠤᠰ ᠰᠤᠨᠢᠨ ᠤ ᠮᠡᠳᠡᠭᠡ 8 ᠰᠠᠷ᠎ᠠ ᠶᠢᠨ 9 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠵᠠᠯᠠᠶᠢᠳ ᠬᠤᠰᠢᠭᠤ ᠪᠠᠷ ᠬᠦᠨᠵᠡᠭᠡᠶᠢᠷᠡᠨ᠂ ᠠᠵᠦ ᠦᠢᠯᠡᠰ ᠤᠨ ᠬᠦᠭᠵᠢᠯᠳᠡ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠠᠵᠢᠯ ᠢ ᠰᠢᠨᠵᠢᠯᠡᠨ ᠪᠠᠶᠢᠴᠠᠭᠠᠵᠦ ᠱᠠᠯᠠᠪᠳᠠᠭᠤᠯᠤᠨ ᠵᠢᠯᠣᠭᠤᠳᠪᠠ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠤᠷᠤᠨ ᠲᠤᠭᠤᠷᠢᠭ ᠤᠨ 300 ᠲᠦᠮᠡᠨ ᠭᠠᠭ᠋ᠠᠶ ᠲᠡᠵᠢᠭᠡᠬᠦ ᠠᠵᠤ ᠦᠶ᠋ᠯᠡᠰ ᠢ ᠨᠢᠭᠡ ᠴᠣᠭᠴᠠᠵᠢᠭᠤᠯᠬᠤ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ᠂ ᠰᠦᠬᠡ ᠲᠥᠷᠥᠯ ᠵᠦᠶ᠋ᠯ ᠤᠨ ᠲᠥᠯᠥᠪᠵᠢᠭᠦᠯᠭᠡ᠂ ᠦᠶ᠋ᠯᠡᠳᠪᠦᠷᠢᠯᠡᠯ ᠪᠣᠷᠣᠯᠠᠭᠤᠯᠭ᠎ᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠪᠠ᠃ ᠲᠡᠷᠡ ᠵᠢᠭᠠᠨ ᠭᠠᠷᠭᠠᠭᠰᠠᠨ ᠨᠢ᠂ ᠣᠳᠣᠬᠠᠨ ᠳᠤ ᠶᠠᠭ ᠲᠥᠷᠥᠯ ᠵᠦᠶ᠋ᠯ ᠤᠨ ᠪᠠᠶᠢᠭᠤᠯᠤᠯᠲᠠ ᠶᠢᠨ ᠰᠢᠵᠢᠷ ᠠᠯᠲᠠᠨ ᠴᠠᠭ ᠬᠤᠭᠤᠴᠠᠭᠠᠨ ᠳᠤ ᠤᠷᠤᠭᠠᠳ ᠪᠠᠶᠢᠨ᠎ᠠ᠂ ᠪᠠᠷᠢᠯᠭ᠎ᠠ ᠶᠢᠨ ᠨᠢᠭᠡᠴᠢ ᠠᠰᠢᠭᠲᠠᠶ ᠠᠵᠠ ᠲᠣᠬᠢᠶᠠᠯ ᠢ ᠠᠮᠵᠢᠵᠤ᠂ ᠲᠣᠬᠢᠷᠠᠭᠤᠯᠤᠯᠲᠠ ᠪᠠᠨ ᠴᠢᠩᠭᠠᠳᠬᠠᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠲᠥᠷᠥᠯ ᠵᠦᠶ᠋ᠯ ᠤᠨ ᠪᠠᠷᠢᠯᠭ᠎ᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠵᠦ᠂ ᠡᠯ᠎ᠡ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠬᠤᠯᠠᠴᠢᠯᠠᠵᠤ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠦ᠂ ᠠᠵᠦ ᠦᠢᠯᠡᠰ ᠤᠨ ᠬᠦᠭᠵᠢᠯᠳᠡ ᠶᠢᠨ ᠵᠠᠭᠪᠤᠷ ᠤᠨ ᠰᠢᠨ᠎ᠡ ᠶᠢ ᠡᠭᠦᠳᠴᠦ᠂ ᠤᠷᠤᠨ ᠲᠣᠭᠤᠷᠢᠭ ᠤᠨ ᠠᠮᠢ ᠠᠬᠤᠶ ᠶᠢᠨ ᠣᠷᠴᠢᠯ ᠪᠠ ᠠᠵᠤ ᠠᠬᠤᠶ ᠶᠢᠨ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ ᠭᠡᠪᠡ᠃    ᠦᠨᠳᠦᠷ ᠬᠤᠷᠳᠤᠴᠠᠳᠦ ᠵᠠᠰᠠᠮᠠᠯ ᠵᠠᠮ ᠤᠨ ᠢᠨᠳᠡᠷ ᠠᠴᠠ ᠭᠠᠷᠬᠤ ᠭᠠᠵᠠᠷ᠂ ᠨᠤᠨᠮᠦ᠋ᠷᠡᠨ ᠰᠢᠶᠠᠩ ᠤᠨ ᠭᠤᠤᠯ ᠲᠣᠰᠬᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠶ᠋ᠯᠡᠴᠢᠯᠡᠭᠡᠨ ᠤ ᠴᠡᠭ ᠲᠤ ᠰᠦᠬᠡ ᠪᠣᠷᠣᠭᠠᠨ ᠤ ᠳᠤᠮᠳᠠᠭᠤᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠵᠤ᠂ ᠬᠢᠵᠢᠭ ᠢ ᠰᠡᠷᠭᠡᠶᠢᠯᠡᠬᠦ ᠡᠮᠦᠨ᠎ᠡ ᠹᠷᠣᠨᠲ ᠲᠤ ᠡᠷᠡᠯᠬᠡᠭᠯᠡᠨ ᠲᠡᠮᠡᠴᠡᠵᠦ ᠪᠠᠶᠢᠭ᠎ᠠ ᠠᠵᠢᠯᠲᠠᠳ ᠢ ᠡᠷᠬᠢᠨ ᠦᠵᠡᠵᠦ᠂ ᠣᠯᠠᠨ ᠢᠶᠠᠷ ᠢᠶᠠᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠬᠢᠯᠢ ᠳᠤ ᠣᠷᠣᠬᠤ ᠪᠣᠭᠤᠮᠲᠠ ᠶᠢ ᠡᠷᠡᠰ ᠰᠠᠬᠢᠵᠤ᠂ ᠠᠶᠤᠯ ᠲᠦᠭᠰᠢᠭᠦᠷᠢ ᠬᠡᠮ ᠰᠣᠭᠤᠭ ᠢ ᠪᠥᠬᠦ ᠲᠠᠯ᠎ᠠ ᠪᠠᠷ ᠠᠷᠢᠯᠭᠠᠵᠤ᠂ ᠴᠢᠩᠭ᠎ᠠ ᠠᠴᠠ ᠴᠢᠩᠭ᠎ᠠ᠂ ᠨᠠᠷᠢᠯᠢᠭ ᠠᠴᠠ ᠨᠠᠷᠢᠯᠢᠭ ᠠᠵᠢᠯ ᠢᠶᠠᠷ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠵᠤ᠂ ᠣᠯᠠᠨ ᠲᠦᠮᠡᠨ ᠤ ᠦᠶ᠋ᠯᠡᠳᠪᠦᠷᠢᠯᠡᠯ ᠠᠮᠢᠳᠤᠷᠠᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠦ ᠬᠦᠰᠡᠪᠡ᠃    ᠨᠤᠨᠮᠦ᠋ᠷᠡᠨ ᠰᠢᠶᠠᠩ ᠳᠤ ᠰᠦᠭᠡ ᠦᠶᠡᠷ ᠢ ᠰᠡᠷᠭᠡᠶᠢᠯᠡᠬᠦ ᠠᠵᠢᠯ ᠤᠨ ᠲᠤᠬᠠᠢ ᠱᠠᠯᠠᠪᠳᠠᠭᠤᠯᠤᠨ ᠵᠢᠯᠤᠭᠤᠳᠬᠤ ᠶᠢᠨ ᠬᠠᠮᠳᠦ ᠭᠤᠤᠯ ᠮᠦᠷᠡᠨ ᠢ ᠴᠠᠭᠳᠠᠨ ᠪᠠᠶᠢᠴᠠᠭᠠᠪᠠ᠃ ᠲᠡᠷᠡ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠦ᠂ ᠬᠢᠨᠡᠨ ᠬᠡᠮᠵᠢᠵᠦ ᠤᠷᠢᠳᠴᠢᠯᠡᠨ ᠰᠡᠷᠡᠮᠵᠢᠯᠡᠬᠦᠯᠬᠦ ᠪᠠᠨ ᠴᠢᠩᠭᠠᠳᠬᠠᠵᠦ᠂ ᠲᠤᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠦ᠂ ᠭᠡᠮ ᠰᠤᠭᠤᠭ ᠢ ᠴᠠᠭ ᠲᠤᠬᠠᠢ ᠳᠤ ᠨᠢ ᠠᠷᠢᠯᠭᠠᠵᠤ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃    ᠰᠦᠭᠡ ᠵᠠᠯᠠᠶᠢᠳ ᠬᠤᠰᠢᠭᠤᠨ ᠤ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠶ᠋ᠯᠡᠰ ᠤᠨ ᠬᠦᠷᠢᠶᠡᠯᠡᠩ ᠳᠠᠬᠢ ᠲᠣᠭᠠᠴᠢᠯᠠᠭᠰᠠᠨ ᠬᠥᠳᠡᠭᠡ ᠠᠵᠤ ᠠᠬᠤᠶ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠶ᠋ᠯᠡᠴᠢᠯᠡᠭᠡᠨ ᠤ ᠲᠥᠪ᠂ ᠡᠤ ᠳ᠋ᠤᠤ ᠾᠧ ᠽᠢ ᠲᠣᠰᠬᠤᠨ ᠤ ᠤᠰᠤᠨ ᠲᠤᠲᠤᠷᠭ᠎ᠠ ᠳᠠᠷᠢᠬᠤ ᠰᠠᠭᠤᠷᠢᠨ ᠭᠠᠵᠠᠷ ᠪᠣᠯᠤᠨ ᠮᠢᠩᠭᠠᠨ ᠮᠥ ᠴᠡᠴᠡᠭ ᠤᠨ ᠲᠡᠯᠡᠶ᠂ ︽ᠲᠤᠤ ᠮᠧᠩ ᠰᠢᠩ ᠺᠦᠩ︾ ᠬᠥᠳᠡᠭᠡ ᠠᠵᠤ ᠠᠬᠤᠶ ᠰᠣᠶᠣᠯ ᠵᠤᠭᠠᠴᠠᠯ ᠢ ᠠᠭᠤᠰᠤᠯᠴᠠᠭᠤᠯᠬᠤ ᠲᠥᠷᠥᠯ ᠵᠦᠶ᠋ᠯ ᠤᠨ ᠲᠤᠬᠠᠶ ᠶᠢᠨ ᠲᠠᠯᠠᠪᠠᠶ ᠳᠤ ᠬᠦᠷᠴᠦ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠠᠵᠤ ᠦᠶ᠋ᠯᠡᠰ ᠤᠨ ᠬᠥᠭᠵᠢᠯᠲᠡ᠂ ᠠᠮᠤ ᠪᠤᠳᠠᠭ᠎ᠠ ᠳᠠᠷᠢᠬᠤ᠂ ᠲᠥᠷᠥᠯ ᠲᠡᠮᠳᠡᠭ ᠢ ᠳᠡᠯᠭᠡᠷᠡᠭᠦᠯᠬᠦ᠂ ᠡᠯᠧᠺᠳ᠋ᠷᠣᠨ ᠬᠤᠳᠠᠯᠳᠤᠭᠠᠨ ᠤ ᠪᠣᠷᠣᠯᠠᠭᠤᠯᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠵᠢᠭᠠᠨ ᠭᠠᠷᠭᠠᠭᠰᠠᠨ ᠨᠢ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠬᠦᠯᠬᠦ ᠪᠣᠯ ᠤᠳᠤ ᠦᠶ᠎ᠡ ᠶᠢᠨ ᠬᠥᠳᠡᠭᠡ ᠠᠵᠤ ᠠᠬᠤᠢ ᠶᠢ ᠬᠥᠭᠵᠢᠭᠦᠯᠬᠦ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠠᠰᠢᠭᠲᠠᠢ ᠰᠦᠪᠡᠭᠴᠢᠯᠡᠯ ᠮᠥᠨ᠂ ᠪᠠᠰᠠ ᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠰᠢᠨ᠎ᠡ ᠶᠢ ᠡᠭᠦᠳᠬᠦ ᠦᠢᠯᠡᠳᠦᠯᠭᠡ ᠮᠥᠨ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠤᠢᠢᠯᠠᠭᠠᠭᠳᠠᠬᠤᠨ ᠢ ᠪᠤᠢ ᠪᠣᠯᠭᠠᠵᠤ᠂ ᠰᠢᠨ᠎ᠡ ᠶᠢ ᠡᠭᠦᠳᠬᠦ ᠪᠠᠷ ᠬᠦᠳᠡᠯᠭᠡᠭᠴᠢ ᠬᠦᠴᠦᠨ ᠪᠣᠯᠭᠠᠬᠤ ᠶᠢ ᠲᠤᠪᠤᠶᠢᠯᠭᠠᠨ᠂ ᠬᠥᠭᠵᠢᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠬᠥᠳᠡᠭᠡ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠢ᠂ ᠬᠥᠳᠡᠭᠡ ᠲᠣᠰᠬᠤᠨ ᠤ ᠣᠷᠣᠰᠢᠨ ᠰᠠᠭᠤᠬᠤ ᠪᠠ ᠦᠢᠯᠡᠰ ᠪᠤᠰᠬᠠᠬᠤ ᠳᠤ ᠲᠣᠬᠢᠷᠠᠮᠵᠢᠲᠠᠢ᠂ ᠲᠠᠷᠢᠶᠠᠴᠢᠳ ᠪᠠᠶᠠᠨ ᠴᠢᠨᠡᠭᠡᠯᠢᠭ ᠪᠠᠶᠢᠬᠤ ᠰᠢᠨ᠎ᠡ ᠴᠠᠭ ᠦᠶ᠎ᠡ ᠶᠢᠨ ᠰᠢᠨ᠎ᠠ ᠬᠠᠭᠤᠳᠠᠰᠤ ᠶᠢ ᠴᠢᠷᠮᠠᠶᠢᠨ ᠵᠢᠷᠤᠭᠯᠠᠬᠤ ᠬᠡᠷᠡᠭᠲᠡᠢ ᠭᠡᠪᠡ᠃    ᠰᠦᠬᠡ ᠡᠤ ᠳ᠋ᠤᠤ ᠾᠧ ᠽᠢ ᠲᠣᠰᠬᠤᠨ ᠤ ︽ᠵᠣᠷᠯᠣᠩ ᠤᠨ ᠦᠭᠡᠷᠡᠴᠢᠯᠡᠯᠳᠡ︾ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤ ᠨᠢ ᠪᠠᠶᠢᠴᠠᠭᠠᠨ ᠦᠵᠡᠪᠡ᠃ ᠲᠡᠷᠡ ᠴᠢᠬᠤᠯᠠᠴᠢᠯᠠᠭᠰᠠᠨ ᠨᠢ᠂ ︽ᠵᠣᠷᠯᠣᠩ ᠤᠨ ᠦᠭᠡᠷᠡᠴᠢᠯᠡᠯᠳᠡ︾ ᠪᠣᠯ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠡᠨᠡ ᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠠᠭᠤᠯᠭ᠎ᠠ ᠪᠣᠯᠭᠠᠵᠤ᠂ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠬᠤᠯᠠᠴᠢᠯᠠᠵᠤ᠂ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠵᠣᠷᠯᠣᠩ ᠢ ᠥᠭᠡᠷᠡᠴᠢᠯᠡᠬᠦ ᠵᠠᠭᠪᠤᠷ ᠪᠠ ᠮᠡᠷᠭᠡᠵᠢᠯ ᠢ ᠲᠡᠭᠦᠯᠳᠡᠷᠵᠢᠭᠦᠯᠬᠦ ᠶᠢ ᠬᠠᠶᠢᠨ ᠰᠦᠪᠡᠭᠴᠢᠯᠡᠵᠦ᠂ ᠮᠠᠯᠴᠢᠨ ᠲᠠᠷᠢᠶᠠᠴᠢᠨ ᠤ ᠬᠡᠷᠡᠭᠯᠡᠵᠦ ᠳᠡᠶᠢᠯᠬᠦ᠂ ᠰᠠᠶᠢᠲᠤᠷ ᠬᠡᠷᠡᠭᠯᠡᠬᠦ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠ ᠵᠣᠯ ᠵᠢᠷᠭᠠᠯᠲᠤ ᠲᠥᠷᠥᠭᠳᠡᠯ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠵᠡᠢ᠃ ︵ᠬᠠᠨ ᠸᠧᠨ ᠪᠢᠨ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号