ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠳᠤᠴᠠ ᠪᠠᠨ ᠲᠦᠷᠭᠡᠳᠭᠡᠶ᠎ᠡ
ᠨᠡᠶᠢᠲᠡᠯᠡᠭᠰᠡᠨ ᠴᠠᠭ᠄
2021/8/12
   ᠣᠶᠢᠷ᠎ᠠ ᠳᠤ᠂ ᠬᠢᠯᠢ ᠶᠢᠨ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠭᠰᠡᠨ ᠠᠴᠠ ᠪᠣᠯᠤᠭᠰᠠᠨ ᠬᠢᠵᠢᠭ ᠨᠢᠭᠡᠨᠲᠡ ᠪᠥᠬᠦ ᠤᠯᠤᠰ ᠤᠨ ᠣᠯᠠᠨ ᠭᠠᠵᠠᠷ ᠲᠤ ᠦᠷᠪᠢᠰᠤᠨ ᠳᠡᠯᠭᠡᠷᠡᠵᠦ᠂ ᠮᠠᠨ ᠤ ᠣᠷᠣᠨ ᠳᠤ ᠣᠷᠣᠨ ᠤ ᠭᠠᠳᠠᠨᠠᠬᠢ ᠬᠢᠵᠢᠭ ᠤᠨ ᠪᠠᠶᠢᠳᠠᠯ ᠲᠠᠢ ᠬᠤᠯᠪᠣᠭ᠎ᠠ ᠲᠠᠢ ᠲᠤᠬᠠᠶ ᠶᠢᠨ ᠭᠠᠵᠠᠷ ᠤᠨ ᠣᠨᠣᠰᠢᠯᠠᠭᠰᠡᠨ ᠡᠪᠡᠳᠴᠢᠨ ᠤ ᠵᠢᠱᠢᠶ᠎ᠡ ᠴᠦ ᠢᠯᠡᠷᠡᠪᠡ᠃ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠤᠨ ᠭᠤᠤᠯ ᠳᠦᠷᠢ — ᠳ᠋ᠧᠯᠲ᠋ᠠ ᠶᠢᠨ ᠤᠨᠳᠤᠤᠰᠢᠭᠰᠠᠨ ᠸᠢᠷᠦ᠋ᠰ ᠤᠨ ᠰᠠᠭᠤᠷᠢ ᠳᠤ ᠪᠠᠶᠢᠳᠠᠭ ᠨᠠᠩ ᠥᠨᠳᠥᠷ ᠬᠠᠯᠳᠠᠪᠤᠷᠢᠯᠠᠬᠤ ᠬᠦᠴᠦᠨ᠂ ᠨᠠᠩ ᠥᠨᠳᠥᠷ ᠸᠢᠷᠦ᠋ᠰ ᠤᠨ ᠳᠠᠭᠠᠭᠠᠴᠠ ᠪᠠ ᠨᠠᠩ ᠣᠬᠤᠷ ᠨᠢᠭᠤᠭᠳᠠᠮᠠᠯ ᠬᠤᠭᠤᠴᠠᠭ᠎ᠠ ᠵᠡᠷᠭᠡ ᠣᠨᠴᠠᠯᠢᠭ ᠨᠢ ᠥᠩᠭᠡᠷᠡᠭᠰᠡᠨ ᠤ ︽ᠨᠢᠭᠲᠠ ᠬᠠᠷᠢᠯᠴᠠᠬᠰᠡᠳ︾ ᠤᠨ ᠬᠡᠪᠴᠢᠶ᠎ᠡ ᠪᠠ ᠤᠬᠠᠭᠳᠠᠬᠤᠨ ᠢ ᠬᠤᠪᠢᠷᠠᠭᠤᠯᠵᠤ᠂ ᠥᠩᠭᠡᠷᠡᠭᠰᠡᠨ ᠤ ᠬᠢᠵᠢᠭ ᠲᠠᠢ ᠲᠡᠮᠡᠴᠡᠭᠰᠡᠨ ᠲᠤᠷᠰᠢᠯᠭ᠎ᠠ ᠶᠢ ᠰᠢᠨ᠎ᠡ ᠥᠷᠢᠰᠥᠯᠳᠦᠭᠡᠨ ᠳᠤ ᠲᠤᠯᠭᠠᠷᠠᠭᠤᠯᠪᠠ᠃ ᠡᠨᠡ ᠨᠢ ᠪᠢᠳᠠᠨ ᠢ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠰᠢᠭᠤᠷᠬᠠᠢ᠂ ᠦᠳᠲᠡᠷ ᠲᠦᠷᠭᠡᠨ᠂ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠤᠯ ᠤᠨ ᠲᠤᠷᠰᠢᠯᠭ᠎ᠠ ᠠᠷᠭ᠎ᠠ ᠬᠢᠳᠡᠯ ᠠᠴᠠ ᠪᠠᠨ ᠲᠠᠪᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠳᠤᠴᠠ ᠪᠠᠨ ᠲᠦᠷᠭᠡᠳᠭᠡᠵᠤ ᠬᠢᠵᠢᠭ ᠤᠨ ᠪᠠᠶᠢᠳᠠᠯ ᠤᠨ ᠦᠷᠪᠢᠰᠦᠨ ᠳᠡᠯᠭᠡᠷᠡᠬᠦ ᠶᠢ ᠢᠯᠠᠬᠤ ᠶᠢ ᠱᠠᠭᠠᠷᠳᠠᠵᠤ ᠪᠠᠶᠢᠨ᠎ᠠ᠃    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠳᠤᠴᠠ ᠪᠠᠨ ᠲᠦᠷᠭᠡᠳᠭᠡᠬᠦ ᠳᠤ᠂ ︽ᠡᠷᠲᠡ︾ ᠪᠠᠶᠢᠬᠤ ᠶᠢ ᠲᠤᠪᠤᠶᠢᠯᠭᠠᠬᠤ ᠬᠡᠷᠡᠭᠲᠡᠢ᠃ ︽ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠳᠡ ᠲᠤᠰᠠᠭᠠᠷᠯᠠᠬᠤ᠂ ᠡᠷᠲᠡ ᠡᠮᠨᠡᠨ ᠵᠠᠰᠠᠬᠤ︾ ᠪᠣᠯ ᠮᠠᠨ ᠤ ᠤᠯᠤᠰ ᠤᠨ ᠬᠢᠵᠢᠭ ᠲᠠᠢ ᠲᠡᠮᠡᠴᠡᠭᠰᠡᠨ ᠶᠠᠪᠤᠴᠠ ᠲᠤᠮᠳᠠ ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠪᠣᠯᠤᠨ᠎ᠠ᠃ ᠸᠢᠷᠦ᠋ᠰ ᠬᠤᠪᠢᠷᠠᠯᠲᠠ ᠶᠡᠬᠡᠲᠡᠢ᠂ ᠬᠢᠵᠢᠭ ᠤᠨ ᠪᠠᠶᠢᠳᠠᠯ ᠠᠶᠤᠯ ᠲᠦᠭᠰᠢᠭᠦᠷᠢ ᠴᠠᠭ ᠢᠮᠠᠭᠲᠠ ᠣᠷᠣᠰᠢᠵᠤ ᠪᠠᠶᠢᠨ᠎ᠠ᠂ ᠭᠡᠪᠡᠴᠦ ︽ᠡᠷᠲᠡ︾ ᠪᠠᠶᠢᠬᠤ ᠳᠡᠭᠡᠷ᠎ᠡ ᠬᠦᠴᠦ ᠲᠠᠯᠪᠢᠳᠠᠭ ᠯᠠ ᠶᠤᠮ ᠪᠣᠯ ︽ᠠᠶᠤᠯ ᠲᠦᠭᠰᠢᠭᠦᠷᠢ ᠶᠢᠨ ᠴᠡᠭ︾ ᠢ ᠳᠠᠷᠤᠢ ᠲᠦᠷᠭᠡᠨ ᠲᠣᠭᠲᠠᠭᠠᠵᠤ᠂ ᠬᠠᠯᠳᠠᠪᠤᠷᠢᠯᠠᠬᠤ ᠬᠡᠯᠬᠢᠶ᠎ᠡ ᠶᠢ ᠲᠠᠰᠤᠯᠵᠤ ᠴᠢᠳᠠᠨ᠎ᠠ᠃ ︽ᠡᠷᠲᠡ︾ ᠪᠠᠶᠢᠬᠤ ᠶᠢ ᠨᠠᠶᠢᠳᠠᠪᠤᠷᠢᠵᠢᠭᠤᠯᠤᠯᠲᠠ ᠨᠢᠭᠡ ᠪᠦᠷᠢ ᠨᠢ ᠴᠥᠮ ᠨᠢᠭᠡᠨ ᠢᠵᠢ ᠣᠨᠣᠴᠠᠲᠠᠢ ᠵᠣᠬᠢᠴᠠᠭᠰᠠᠨ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠠᠪᠬᠤ ᠲᠣᠭᠲᠠᠴᠠ ᠳᠤ ᠲᠦᠰᠢᠭᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠠᠯ᠎ᠠ᠂ ᠡᠯ᠎ᠡ ᠹᠷᠣᠨᠲ ᠢ ᠬᠠᠮᠤᠷᠪᠠ᠃ 4 ᠲᠠᠯ᠎ᠠ ᠶᠢᠨ ︽ᠡᠷᠲᠡ︾ ᠪᠠᠶᠢᠬᠤ ᠨᠢ ᠬᠠᠷᠢᠯᠴᠠᠨ ᠬᠤᠯᠪᠣᠯᠳᠤᠵᠤ᠂ ᠨᠢᠭᠡ ᠠᠯᠬᠤᠮ ᠤᠳᠠᠭᠠᠨ ᠪᠣᠯ ᠶᠠᠭᠠᠷᠠᠵᠤ ᠰᠠᠨᠳᠤᠷᠴᠤ᠂ ᠠᠯᠬᠤᠮ ᠪᠦᠷᠢ ᠡᠷᠲᠡ ᠪᠣᠯ ᠳᠠᠪᠠᠭᠤᠯᠢᠭ ᠪᠠᠶᠢᠷᠢ ᠶᠢ ᠡᠵᠡᠯᠡᠨ᠎ᠡ᠃ ᠶᠡᠭᠡ ᠲᠥᠯᠥᠪ ᠰᠡᠳᠬᠢᠬᠦᠶ ᠪᠠᠷ ᠪᠠᠭ᠎ᠠ ᠲᠣᠬᠢᠶᠠᠯᠳᠤᠮᠵᠢ ᠶᠢᠨ ᠬᠡᠷᠡᠭ ᠢ ᠠᠷᠭᠠᠴᠠᠭᠠᠬᠤ ᠶᠢ ᠪᠠᠷᠢᠮᠲᠠᠯᠠᠵᠤ᠂ ᠪᠥᠬᠦ ᠬᠦᠴᠦᠨ ᠢᠶᠠᠷ ᠢᠶᠠᠨ ᠠᠵᠢᠯ ᠢᠶᠠᠨ ᠤᠷᠢᠳ ᠢᠶᠠᠷ ᠬᠢᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠳᠤᠴᠠ ᠪᠠᠨ ᠲᠦᠷᠭᠡᠳᠭᠡᠬᠦ ᠳᠤ᠂ ︽ᠴᠢᠩᠭ᠎ᠠ︾ ᠪᠠᠶᠢᠬᠤ ᠶᠢ ᠨᠠᠶᠢᠳᠠᠪᠤᠷᠢᠵᠢᠭᠤᠯᠬᠤ ᠬᠡᠷᠡᠭᠲᠡᠢ᠃ ᠲᠠᠰᠤᠷᠠᠯᠲᠠ ᠥᠬᠡᠶ ᠬᠤᠪᠢᠷᠠᠵᠤ ᠪᠠᠶᠢᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠡᠮᠦᠨ᠎ᠡ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠮᠣ ᠲᠤᠤᠷ ᠢ ᠨᠠᠩ ᠨᠢᠭᠲᠠ ᠪᠠᠬᠢ ᠪᠣᠯᠭᠠᠵᠤ᠂ ᠮᠠᠨ ᠤ ᠣᠷᠣᠨ ᠳᠤ ᠪᠤᠴᠠᠵᠤ ᠢᠷᠡᠭᠰᠡᠨ ᠬᠥᠮᠦᠰ ᠢ ᠬᠠᠮᠢᠶᠠᠷᠤᠨ ᠡᠵᠡᠮᠳᠡᠬᠦ ᠶᠢ ᠪᠥᠬᠦ ᠲᠠᠯ᠎ᠠ ᠪᠠᠷ ᠴᠢᠩᠭᠠᠳᠬᠠᠵᠤ᠂ ᠬᠢᠵᠢᠭ ᠤᠨ ᠦᠷᠪᠢᠰᠤᠨ ᠳᠡᠯᠭᠡᠷᠡᠬᠦ ᠠᠶᠤᠯ ᠲᠦᠭᠰᠢᠭᠦᠷᠢ ᠬᠡᠮ ᠰᠣᠭᠤᠭ ᠢ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠬᠤ ᠬᠡᠷᠡᠭᠲᠡᠶ᠃    ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠠᠵᠢᠯ ᠢ ᠨᠠᠩ ᠴᠢᠩᠭ᠎ᠠ ᠨᠢᠮᠪᠠᠶ ᠰᠠᠶᠢᠲᠤᠷ ᠬᠢᠵᠦ᠂ ᠰᠡᠷᠭᠡᠶᠢᠯᠡᠯᠲᠡ ᠶᠢᠨ ᠱᠤᠭᠤᠮ ᠢ ᠢᠮᠠᠭᠲᠠ ᠰᠠᠶᠢᠲᠤᠷ ᠰᠠᠬᠢᠵᠤ᠂ ᠬᠠᠮᠢᠶᠠᠷᠤᠯᠲᠠ ᠶᠢᠨ ᠳᠤᠲᠠᠭᠤᠳᠠᠯ ᠢ ᠨᠥᠬᠦᠪᠥᠷᠢᠯᠡᠬᠦ ᠬᠡᠷᠡᠭᠲᠡᠶ᠃ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠬᠦ ᠭᠡᠷᠡᠭᠳᠠᠢ᠃ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠮᠣ ᠲᠤᠤᠷ ᠤᠨ ᠦᠢᠯᠡᠳᠣᠯ ᠢ ᠪᠦᠲᠦᠮᠵᠢᠲᠡᠶ ᠪᠠᠳᠠᠷᠠᠭᠤᠯᠵᠤ ᠴᠢᠳᠠᠬᠤ ᠡᠰᠡᠬᠦ ᠶᠢᠨ ᠵᠠᠩᠭᠢᠯᠠᠭ᠎ᠠ ᠨᠢ ᠡᠯ᠎ᠡ ᠱᠠᠲᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠪᠤᠰᠢᠭᠤ ᠱᠠᠯᠠᠮᠠᠭᠠᠶ᠂ ᠬᠡᠷᠡᠭᠵᠢᠭᠦᠯᠦᠯᠲᠡ ᠨᠢ ᠬᠦᠴᠦᠲᠡᠶ ᠪᠠᠶᠢᠬᠤ ᠳᠤ ᠪᠠᠶᠢᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠠᠷᠢᠶ᠎ᠠ ᠭᠠᠵᠠᠷ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠰᠠᠶᠢᠳᠤᠷ ᠡᠭᠦᠷᠭᠡᠯᠡᠬᠦ ᠬᠡᠷᠡᠭᠲᠡᠶ᠃ ᠡᠯ᠎ᠡ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠰᠢᠰᠲ᠋ᠧᠮ ᠦᠳᠲᠡᠷ ᠲᠦᠷᠭᠡᠨ ᠲᠠᠶᠢᠯᠠᠯᠳᠤᠭᠠᠨ ᠤ ᠪᠡᠯᠡᠳᠭᠡᠯ ᠪᠠᠶᠢᠳᠠᠯ ᠳᠤ ᠣᠷᠣᠵᠤ᠂ ᠥᠨᠳᠥᠷ ᠪᠦᠲᠦᠮᠵᠢᠲᠡᠢ ᠡᠷᠭᠢᠯᠲᠡ ᠶᠢ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠨᠤᠭᠤᠳ ᠠᠩᠬ᠎ᠠ ᠣᠨᠣᠰᠢᠯᠠᠬᠤ ᠬᠠᠷᠢᠭᠤᠴᠠᠯᠭ᠎ᠠ ᠶᠢᠨ ᠲᠦᠷᠢᠮ ᠪᠠ ᠤᠷᠢᠳᠴᠢᠯᠠᠨ ᠪᠠᠶᠢᠴᠠᠭᠠᠵᠤ ᠬᠤᠪᠢᠶᠠᠷᠢᠯᠠᠨ ᠣᠨᠣᠰᠢᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠤᠯᠤᠰ ᠤᠨ ᠳᠣᠲᠣᠭᠠᠳᠤ ᠶᠢᠨ ᠬᠤᠯᠪᠣᠭᠳᠠᠯ ᠪᠦᠬᠦᠢ ᠨᠢᠰᠬᠡᠯ ᠤᠨ ᠪᠠᠭᠤᠳᠠᠯ᠂ ᠡᠮᠨᠡᠯᠭᠡ ᠶᠢᠨ ᠬᠤᠷᠢᠶ᠎ᠠ ᠳᠤ ᠡᠭᠦᠰᠦᠭᠰᠡᠨ ᠬᠢᠯᠢ ᠶᠢᠨ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠪᠠ ᠬᠠᠯᠳᠠᠪᠤᠷᠢᠯᠠᠨ ᠳᠡᠯᠭᠡᠷᠡᠬᠦ ᠬᠡᠷᠡᠭ ᠶᠠᠪᠤᠳᠠᠯ ᠪᠢᠳᠠᠨ ᠳᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠤᠮᠤ ᠲᠣᠣᠷ ᠢ ᠪᠠᠲᠤ ᠪᠠᠬᠢ ᠰᠦᠯᠵᠢᠵᠦ᠂ ᠲᠣᠭᠲᠠᠴᠠ ᠶᠢᠨ ᠨᠢᠭᠲᠠ ᠴᠢᠩᠭ᠎ᠠ ᠪᠠ ᠨᠠᠶᠢᠳᠠᠪᠤᠷᠢᠵᠢᠭᠤᠯᠤᠯᠲᠠ ᠲᠦᠢᠯ ᠤᠨ ᠴᠢᠬᠤᠯᠠ ᠭᠡᠳᠡᠭ ᠢ ᠲᠠᠬᠢᠨᠳᠠ ᠰᠠᠨᠠᠭᠤᠯᠪᠠ᠃    ᠬᠢᠵᠢᠭ ᠤᠨ ᠪᠠᠶᠢᠳᠠᠯ ᠤᠨ ᠡᠮᠦᠨ᠎ᠡ᠂ ᠪᠢᠳᠡ ᠶᠠᠭᠠᠬᠢᠭᠰᠠᠨ ᠴᠤ ᠶᠠᠷᠥᠮᠳᠡᠭ ᠬᠠᠨᠳᠤᠵᠥ ᠪᠣᠯᠬᠤ ᠦᠭᠡᠢ᠂ ᠨᠡᠩ ᠴᠤ ᠠᠯᠮᠠᠶᠢᠷᠠᠨ ᠲᠠᠶᠢᠪᠤᠰᠢᠷᠠᠬᠤ ᠪᠤᠳᠤᠯ᠂ ᠬᠠᠯᠠᠰᠢᠷᠠᠬᠤ ᠰᠡᠳᠬᠢᠯᠭᠡ᠂ ᠭᠤᠷᠢᠳᠠᠬᠤ ᠪᠤᠳᠤᠯ᠂ ᠰᠤᠯᠠᠷᠠᠬᠤ ᠪᠤᠳᠤᠯ ᠲᠠᠢ ᠪᠠᠶᠢᠵᠤ ᠪᠣᠯᠬᠤ ᠦᠭᠡᠢ᠃ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠴᠥᠬᠦᠷᠡᠰᠢ ᠦᠭᠡᠢ ᠡᠷᠲᠡ ᠬᠢᠵᠦ ᠴᠢᠩᠭ᠎ᠠ ᠨᠢᠮᠪᠠᠢ ᠪᠣᠳᠠᠲᠠᠢ ᠬᠢᠵᠦ᠂ ᠬᠠᠷᠢᠭᠤᠴᠠᠯᠭ᠎ᠠ ᠶᠢ ᠢᠮᠠᠭᠲᠠ ᠡᠭᠦᠷᠭᠡᠯᠡᠵᠦ᠂ ᠴᠢᠩᠭ᠎ᠠ ᠠᠳᠬᠤᠵᠤ᠂ ᠪᠣᠳᠠᠲᠠᠢ ᠳᠤ ᠨᠠᠶᠢᠳᠠᠪᠤᠷᠢᠵᠢᠭᠤᠯᠳᠠᠭ ᠯᠠ ᠶᠤᠮ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠵᠦ ᠴᠢᠳᠠᠬᠤ ᠨᠢ ᠯᠠᠪᠳᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号