ᠲᠡᠪᠰᠡᠭ ᠪᠠᠯᠭᠠᠰᠤ ᠪᠠᠷ ᠨᠤᠳᠤᠬᠳᠠᠢ ᠤᠶᠤᠳᠡᠳ ᠬᠢᠵᠢᠭ ᠢ ᠰᠡᠷᠭᠡᠶᠢᠯᠡᠨ ᠡᠵᠡᠮᠳᠡᠬᠦ ᠠᠵᠢᠯᠯᠠᠭ᠎ᠠ ᠳᠤ ᠰᠠᠶᠢᠨ ᠲᠤᠷᠠᠴᠤᠤᠯ ᠢᠶᠠᠷ ᠦᠢᠯᠡᠴᠢᠯᠡᠨ᠎ᠠ
ᠨᠡᠶᠢᠲᠡᠯᠡᠭᠰᠡᠨ ᠴᠠᠭ᠄
2021/8/16
   ᠲᠤᠰ ᠰᠤᠨᠢᠨ ᠤ ᠮᠡᠳᠡᠭᠡ ︵ᠰᠤᠷᠪᠤᠯᠵᠢᠯᠠᠬᠴᠢ ᠮᠸᠢ ᠬᠤᠸᠠ︶ 7 ᠰᠠᠷ᠎ᠠ ᠶᠢᠨ ᠰᠡᠭᠦᠯᠴᠢ 8 ᠰᠠᠷ᠎ᠠ ᠶᠢᠨ ᠡᠬᠢᠨ ᠢᠶᠠᠷ ᠵᠸᠡᠭᠵᠸᠤ ᠬᠤᠳᠠ ᠳᠤ ᠰᠢᠨ᠎ᠠ ᠲᠢᠳᠢᠮᠯᠢᠭ ᠠᠭᠤᠰᠬᠢᠨ ᠦᠷᠪᠢᠰᠤᠯ ᠲᠡᠯᠭᠡᠷᠡᠵᠤ᠂ ᠪᠤᠰᠤᠳ ᠭᠠᠵᠠᠷ ᠤᠷᠤᠨ ᠢᠶᠠᠷ ᠴᠤ ᠲᠠᠷᠬᠠᠬᠰᠠᠨ ᠠᠴᠠ ᠪᠦᠬᠦ ᠤᠯᠤᠰ ᠲᠠᠬᠢ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠲᠤᠳᠤᠯᠠᠬᠰᠠᠨ ᠡᠪᠡᠳᠴᠢᠨ ᠤ ᠵᠢᠱᠢᠶ᠎ᠠ ᠨᠡᠮᠡᠭᠳᠡᠭᠰᠡᠭᠡᠷ ᠪᠤᠢ᠃ ᠤᠳᠤᠬᠠᠨ ᠳᠤ ᠮᠠᠨ ᠤ ᠤᠷᠤᠨ ᠵᠤᠭᠠᠴᠠᠯ ᠤᠨ ᠬᠠᠮᠤᠭ ᠠᠴᠠ ᠬᠦᠭᠵᠢᠶᠡᠨᠳᠡᠢ ᠴᠠᠭ ᠲᠤ ᠪᠠᠨ ᠤᠷᠤᠵᠤ᠂ ᠭᠠᠳᠠᠨ᠎ᠠ ᠤᠷᠤᠨ ᠠᠴᠠ ᠤᠷᠤᠵᠤ ᠢᠷᠡᠬᠦ ᠬᠦᠮᠤᠰ ᠤᠨ ᠲᠤᠭ᠎ᠠ ᠢᠯᠡᠳᠳᠡ ᠤᠯᠠᠰᠢᠷᠡᠵᠤ᠂ ᠬᠢᠵᠢᠭ ᠲᠡᠯᠭᠡᠷᠡᠬᠦ ᠠᠶᠤᠯ ᠲᠦᠭᠰᠢᠭᠦᠷᠢ ᠶᠢ ᠤᠯᠠᠮ ᠨᠢᠭᠡ ᠠᠯᠬᠤᠮ ᠨᠡᠮᠡᠭᠳᠡᠭᠦᠯᠪᠡ᠃ ᠡᠨᠡ ᠪᠠᠶᠢᠳᠠᠯ ᠲᠤᠤᠷ᠎ᠠ᠂ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠲᠡᠪᠰᠡᠭ ᠪᠠᠯᠭᠠᠰᠤ ᠲᠤᠬᠠᠢ ᠶᠢᠨ ᠭᠠᠵᠠᠷ ᠤᠷᠤᠨ ᠤ ᠤᠶᠤᠳᠡᠳ ᠢᠶᠠᠨ ᠵᠤᠬᠢᠶᠠᠨ ᠪᠠᠶᠢᠭᠤᠯᠤᠨ ᠬᠢᠵᠢᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠠᠵᠢᠯᠯᠠᠭ᠎ᠠ ᠪᠤᠯᠤᠨ ᠰᠠᠶᠢᠨ ᠲᠤᠷᠠᠴᠤᠤᠯ ᠤᠨ ᠦᠢᠯᠡᠴᠢᠯᠡᠬᠡᠨ ᠦᠷᠨᠢᠬᠦᠯᠵᠤ᠂ ᠬᠢᠵᠢᠭ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠡᠷᠤᠭᠡ ᠪᠤᠯᠭᠠᠨ ᠳᠤ ᠬᠦᠷᠭᠡᠪᠡ᠃    8 ᠰᠠᠷ᠎ᠠ ᠶᠢᠨ 4 ᠤ ᠡᠳᠤᠷ ᠠᠴᠠ ᠡᠬᠢᠯᠡᠨ᠂ ᠤᠶᠤᠳᠡᠳ ᠤᠨ ᠰᠠᠶᠢᠨ ᠲᠤᠷᠠᠴᠤᠤᠯ ᠤᠨ ᠪᠦᠯᠬᠦᠮ ᠲᠡᠪᠰᠡᠭ ᠪᠠᠯᠭᠠᠰᠤ ᠶᠢᠨ ᠡᠯ᠎ᠠ ᠭᠠᠴᠠᠭ᠎ᠠ ᠪᠠᠷ ᠶᠠᠪᠤᠵᠤ᠂ ᠠᠷᠠᠳ ᠤᠯᠠᠨ ᠳᠤ ᠸᠠᠺᠼᠢᠨ ᠤ ᠲᠠᠷᠢᠯᠭ᠎ᠠ ᠲᠠᠷᠢᠬᠤ ᠶᠢᠨ ᠴᠢᠬᠤᠯᠠ ᠴᠢᠨᠡᠷ᠂ ᠰᠤᠷᠤᠬᠴᠢᠳ ᠰᠤᠷᠭᠠᠭᠤᠯᠢ ᠳᠤ ᠴᠤᠬᠯᠠᠬᠤ ᠠᠴᠠ 14 ᠡᠳᠤᠷ ᠤᠨ ᠡᠮᠤᠨ᠎ᠡ ᠭᠡᠷ ᠲᠤ ᠪᠠᠨ ᠲᠤᠰᠠᠭᠠᠷᠯᠠᠬᠤ᠂ ᠤᠯᠠᠨ ᠨᠡᠶᠢᠳᠡ ᠶᠢᠨ ᠲᠠᠯᠠᠪᠤᠷ ᠲᠤ ᠤᠷᠤᠵᠤ ᠭᠠᠷᠬᠤ ᠳᠤ ᠪᠠᠨ ᠠᠮᠠᠪᠴᠢ ᠵᠡᠭᠦᠬᠦ᠂ ᠭᠠᠷ ᠢᠶᠠᠨ ᠦᠷᠬᠦᠯᠵᠢ ᠤᠬᠢᠶᠠᠬᠤ ᠂ ᠭᠡᠷ ᠲᠤ ᠪᠠᠨ ᠰᠠᠯᠬᠢ ᠵᠢᠪᠡᠷ ᠨᠡᠪᠳᠡᠷᠡᠭᠦᠯᠬᠦ᠂ ᠦᠷᠬᠦᠯᠵᠢ ᠶᠢᠨ ᠴᠢᠨᠡᠷᠳᠡᠢ ᠠᠷᠢᠭᠤᠳᠬᠠᠯ ᠬᠢᠬᠦ᠂ ᠬᠢᠵᠢᠭ ᠤᠨ ᠲᠤᠬᠠᠢ ᠬᠤᠳᠠᠯ ᠬᠠᠭᠤᠷᠮᠠᠭ ᠰᠤᠷᠠᠬ ᠵᠠᠩᠬᠢ ᠶᠢ ᠲᠠᠮᠵᠢᠭᠤᠯᠬᠤ ᠦᠭᠡᠢ ᠵᠡᠷᠭᠡ ᠬᠢᠵᠢᠭ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠰᠠᠶᠢᠳᠤᠷ ᠤᠬᠠᠭᠤᠯᠪᠠ᠃ ᠤᠶᠤᠳᠡᠳ ᠤᠨ ᠰᠠᠶᠢᠨ ᠲᠤᠷᠠᠴᠤᠤᠯ ᠠᠴᠠ ᠪᠠᠰᠠ ᠠᠷᠠᠳ ᠤᠯᠠᠨ ᠳᠤ ᠬᠡᠷᠪᠡ ᠬᠠᠯᠠᠭᠤᠷᠠᠬᠤ᠂ ᠬᠠᠨᠢᠶᠠᠯᠭᠠᠬᠤ ᠵᠡᠷᠭᠡ ᠢᠯᠡᠷᠡᠯ ᠭᠠᠷᠪᠡᠯ ᠬᠠᠮᠠᠭᠠᠯᠠᠯᠳᠠ ᠪᠠᠨ ᠰᠠᠶᠢᠨ ᠬᠢᠵᠤ ᠴᠠᠭ ᠲᠤᠬᠠᠢ ᠳᠤ ᠨᠢ ᠲᠤᠬᠳᠠᠨᠰᠠᠨ ᠴᠡᠭ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠳᠤ ᠬᠦᠷᠴᠤ ᠤᠨᠤᠰᠢᠯᠠᠭᠤᠯᠬᠤ᠂ ᠭᠡᠬᠦ ᠳᠤ ᠪᠠᠨ ᠤᠨᠤᠰᠢᠯᠠᠭᠤᠯᠬᠤ ᠪᠠᠷ ᠶᠠᠪᠤᠬᠤ ᠳᠤ ᠪᠠᠨ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠮᠠᠰᠢᠨ ᠠᠴᠠ ᠵᠠᠶᠢᠯᠠᠰᠬᠢᠬᠦ ᠶᠢ ᠰᠠᠨᠠᠭᠤᠯᠵᠠᠢ᠃ ᠲᠡᠳᠡ ᠬᠤᠳᠠᠯᠳᠤᠭ᠎ᠠ ᠪᠠ ᠬᠠᠮ ᠲᠡᠯᠭᠡᠭᠦᠷ ᠢᠶᠠᠷ ᠬᠦᠷᠦᠭᠰᠡᠨ ᠤ ᠲᠠᠷᠠᠭ᠎ᠠ ᠡᠵᠡᠩᠨᠡᠭᠴᠢ ᠨᠡᠷ ᠲᠤ ᠡᠵᠡᠩᠨᠡᠯᠳᠡ ᠶᠢᠨ ᠬᠤᠭᠤᠴᠠᠭᠠᠨ ᠳᠤ ᠪᠠᠨ ᠤᠷᠤᠵᠤ ᠭᠠᠷᠬᠤ ᠬᠦᠮᠤᠰ ᠲᠤ ᠪᠡᠶ᠎ᠠ ᠶᠢᠨ ᠬᠠᠯᠠᠭᠤᠨ ᠤ ᠪᠠᠶᠢᠴᠠᠭᠠᠯᠳᠡ ᠬᠢᠵᠤ᠂ ᠡᠷᠡᠭᠦᠯ ᠮᠡᠨᠳᠤ ᠶᠢᠨ ᠺᠤᠳ᠋ ᠢ ᠰᠠᠶᠢᠳᠤᠷ ᠰᠢᠯᠭᠠᠨ ᠪᠠᠶᠢᠴᠠᠭᠠᠬᠤ ᠵᠡᠷᠭᠡ ᠶᠢ ᠤᠬᠠᠭᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号