ᠡᠮᠦᠨᠡᠲᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠪᠡᠯᠡᠳᠬᠡᠯ ᠠᠵᠢᠯ ᠢᠶᠠᠨ ᠰᠠᠶᠢᠲᠤᠷ ᠬᠢᠵᠦ ᠪᠤᠢ
ᠨᠡᠶᠢᠲᠡᠯᠡᠭᠰᠡᠨ ᠴᠠᠭ᠄
2021/8/16
   ᠲᠤᠰ ᠰᠤᠨᠢᠨ ᠤ ᠮᠡᠳᠡᠭᠡ ︵ᠲᠠᠳᠤᠯᠭ᠎ᠠ ᠶᠢᠨ ᠰᠤᠷᠪᠤᠯᠵᠢᠯᠠᠬᠴᠢ ᠶᠢᠨ ᠷᠦᠡᠭ︶ ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠯ᠎ᠡ ᠱᠠᠲᠤᠨ ᠤ ᠡᠯ᠎ᠡ ᠰᠤᠷᠭᠠᠭᠤᠯᠢ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠵᠢᠭ ᠢ ᠰᠡᠷᠭᠡᠶᠢᠯᠡᠨ ᠡᠵᠡᠮᠳᠡᠬᠦ ᠪᠠ ᠠᠮᠤᠷ ᠲᠦᠪᠰᠢᠨ ᠲᠣᠭᠲᠠᠭᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠷᠠᠯᠲᠠ ᠪᠠᠨ ᠲᠣᠳᠣᠷᠬᠠᠶᠢᠯᠠᠨ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠬᠠᠷᠢᠭᠤᠴᠠᠯᠭ᠎ᠠ ᠪᠠᠨ ᠪᠠᠲᠤᠳᠬᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠵᠡᠷᠭᠡ ᠠᠵᠢᠯ ᠢ ᠨᠠᠷᠢᠨ ᠨᠢᠮᠪᠠᠶ ᠰᠠᠶᠢᠲᠤᠷ ᠬᠢᠵᠦ᠂ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠡᠯ᠎ᠡ ᠲᠦᠷᠤᠯ ᠤᠨ ᠠᠵᠢᠯ ᠤᠨ ᠠᠮᠤᠷ ᠲᠦᠪᠰᠢᠨ᠂ ᠲᠣᠭᠲᠠᠭᠤᠨ᠂ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠳᠤᠯᠠᠵᠤ ᠪᠤᠢ᠃    ᠲᠦᠭᠰᠢᠭᠦᠷᠢ ᠶᠢ ᠰᠡᠷᠭᠡᠶᠢᠯᠡᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠬᠦ ᠲᠦᠷᠢᠮ ᠢ ᠬᠡᠷᠡᠭᠵᠢᠬᠦᠯᠪᠡ    ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠲᠦᠮᠵᠢᠲᠡᠶ ᠰᠠᠶᠢᠲᠤᠷ ᠬᠢᠬᠦ ᠶᠢᠨ ᠲᠥᠯᠥᠭᠡ᠂ ᠡᠯ᠎ᠡ ᠰᠤᠷᠭᠠᠭᠤᠯᠢ ᠶᠡᠷᠦᠩᠬᠡᠶᠢᠯᠡᠨ ᠵᠣᠬᠢᠴᠠᠭᠤᠯᠬᠤ᠂ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠲᠤᠰᠬᠠᠶ ᠠᠩᠭᠢ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠮᠢᠶᠠᠷᠤᠨ ᠡᠵᠡᠮᠳᠡᠬᠦ ᠲᠤᠰᠬᠠᠶ ᠠᠩᠭᠢ᠂ ᠤᠬᠠᠭᠤᠯᠭ᠎ᠠ ᠬᠥᠮᠦᠵᠢᠯ ᠤᠨ ᠲᠤᠰᠬᠠᠶ ᠠᠩᠭᠢ᠂ ᠠᠷᠤ ᠲᠠᠯ᠎ᠠ ᠶᠢᠨ ᠦᠢᠯᠡᠴᠢᠯᠡᠬᠡᠨ ᠤ ᠪᠠᠲᠤᠯᠠᠭ᠎ᠠ ᠶᠢᠨ ᠲᠤᠰᠬᠠᠶ ᠠᠩᠭᠢ ᠵᠡᠷᠭᠡ ᠠᠵᠢᠯ ᠤᠨ ᠲᠤᠰᠬᠠᠶ ᠠᠩᠭᠢ ᠪᠠᠶᠢᠭᠤᠯᠪᠠ᠃ ᠪᠠᠴᠢᠮ ᠪᠠᠶᠢᠳᠠᠯ ᠡᠭᠦᠰᠪᠡᠯ᠂ ᠪᠠᠴᠢᠮ ᠪᠠᠶᠢᠳᠠᠯ ᠢ ᠠᠷᠭᠠᠴᠠᠨ ᠲᠣᠬᠢᠷᠠᠭᠤᠯᠵᠤ ᠳᠡᠶᠢᠯᠬᠦ᠂ ᠲᠣᠬᠢᠲᠠᠶ ᠰᠢᠶ᠋ᠳᠪᠦᠷᠢᠯᠡᠵᠦ ᠳᠡᠶᠢᠯᠬᠦ᠂ ᠠᠷᠢᠭᠤᠳᠬᠠᠵᠤ ᠰᠡᠷᠭᠡᠶᠢᠯᠡᠨ ᠡᠵᠡᠮᠳᠡᠬᠦ ᠶᠢ ᠦᠨᠡᠨ ᠬᠦ ᠪᠠᠲᠤᠯᠠᠨ᠎ᠡ᠃    ᠬᠥᠳᠡᠯᠦᠩᠭᠦᠶ ᠪᠠᠶᠢᠳᠠᠯ ᠢ ᠰᠠᠶᠢᠲᠤᠷ ᠡᠵᠡᠮᠰᠢᠵᠦ᠂ ᠤᠷᠢᠳᠴᠢᠯᠠᠨ ᠰᠡᠷᠭᠡᠶᠢᠯᠡᠬᠦ ᠶᠢ ᠰᠠᠶᠢᠳᠤᠷ ᠬᠢᠨ᠎ᠠ    ᠪᠠᠭᠰᠢ ᠰᠤᠷᠤᠭᠴᠢ ᠡᠷᠡᠭᠦᠯ ᠮᠡᠨᠳᠦ ᠶᠢᠨ ᠪᠠᠶᠢᠳᠠᠯ ᠪᠠ ᠭᠠᠳᠠᠬᠰᠢ ᠭᠠᠷᠤᠬᠰᠠᠨ ᠪᠠᠶᠢᠳᠠᠯ ᠢᠶᠠᠨ ᠴᠠᠭ ᠲᠤᠬᠠᠢ ᠳᠤ ᠨᠢ ᠰᠤᠷᠭᠠᠭᠤᠯᠢ ᠳᠤ ᠪᠠᠨ ᠮᠡᠳᠡᠭᠦᠯᠵᠤ᠂ ᠢᠯᠠᠩᠭᠤᠶ᠎ᠠ ᠪᠠᠭᠰᠢ ᠰᠤᠷᠤᠬᠴᠢ ᠰᠤᠷᠭᠠᠭᠤᠯᠢ ᠳᠤ ᠴᠤᠬᠯᠠᠬᠤ ᠠᠴᠠ 14 ᠡᠳᠦᠷ ᠤᠨ ᠡᠮᠦᠨ᠎ᠡ ᠭᠡᠷ ᠲᠤ ᠪᠠᠨ ᠲᠤᠰᠠᠭᠠᠷᠯᠠᠵᠤ᠂ ᠡᠯ᠎ᠠ ᠰᠤᠷᠭᠠᠭᠤᠯᠢ 12 — 14 ᠨᠠᠰᠤᠨ ᠤ ᠰᠤᠷᠤᠭᠴᠢᠳ ᠤᠨ ᠸᠠᠺᠼᠢᠨ ᠤ ᠲᠠᠷᠢᠯᠭ᠎ᠠ ᠬᠢᠭᠰᠡᠨ ᠪᠠᠶᠢᠳᠠᠯ ᠵᠢᠴᠢ ᠪᠥᠬᠦ ᠪᠠᠭᠰᠢ ᠠᠵᠢᠯᠲᠠᠨ ᠠᠵᠢᠯᠴᠢᠨ ᠤ ᠸᠠᠺᠼᠢᠨ ᠤ ᠲᠠᠷᠢᠯᠭ᠎ᠠ ᠬᠢᠭᠰᠡᠨ ᠪᠠᠶᠢᠳᠠᠯ ᠢ ᠬᠥᠳᠡᠯᠦᠩᠭᠦᠶ ᠪᠥᠭᠡᠳ ᠤᠨᠤᠴᠠᠳᠠᠢ ᠡᠵᠡᠮᠰᠢᠵᠦ᠂ ᠲᠤᠭ᠎ᠠ ᠲᠣᠳᠣᠷᠬᠠᠶ ᠪᠠᠶᠢᠳᠠᠯ ᠲᠣᠳᠣᠷᠬᠠᠶ ᠪᠠᠶᠢᠬᠤ ᠶᠢ ᠪᠠᠳᠤᠯᠠᠵᠤ ᠪᠤᠢ᠃    ᠰᠤᠷᠭᠠᠭᠤᠯᠢ ᠨᠤᠭᠤᠳ ᠠᠷᠢᠭᠤᠳᠬᠠᠬᠤ ᠠᠵᠢᠯ ᠢ ᠰᠠᠶᠢᠲᠤᠷ ᠬᠢᠵᠦ ᠠᠮᠤᠷ ᠲᠦᠪᠰᠢᠨ ᠰᠤᠷᠭᠠᠭᠤᠯᠢ ᠶᠢᠨ ᠬᠦᠷᠢᠶ᠎ᠠ ᠶᠢ ᠴᠤᠬᠴᠠᠯᠠᠨ᠎ᠠ    ᠡᠯ᠎ᠡ ᠰᠤᠷᠭᠠᠭᠤᠯᠢ ᠰᠤᠷᠭᠠᠭᠤᠯᠢ ᠶᠢᠨ ᠬᠦᠷᠢᠶᠡᠨ ᠤ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠠᠷᠢᠭᠤᠳᠬᠠᠬᠤ᠂ ᠰᠠᠯᠬᠢ ᠨᠡᠪᠳᠡᠷᠡᠭᠦᠯᠬᠦ ᠶᠢ ᠠᠩᠬᠠᠷᠴᠤ᠂ ᠬᠢᠴᠢᠶᠡᠯ ᠤᠨ ᠬᠡᠷ᠂ ᠬᠤᠭᠤᠯᠠᠨ ᠬᠡᠷ᠂ ᠪᠠᠶᠢᠷᠢ ᠶᠢᠨ ᠬᠡᠷ᠂ ᠵᠢᠵᠢᠭᠦᠷ ᠤᠨ ᠬᠡᠷ᠂ ᠬᠤᠷᠠᠯ ᠤᠨ ᠬᠡᠷ ᠵᠡᠷᠭᠡ ᠬᠥᠮᠦᠰ ᠤᠯᠠᠨ ᠴᠤᠬᠯᠠᠷᠠᠬᠤ ᠲᠠᠯᠠᠪᠤᠷ ᠢ ᠠᠷᠢᠭᠤᠳᠬᠠᠵᠤ᠂ ᠠᠷᠢᠭᠤᠳᠬᠠᠭᠰᠠᠨ ᠲᠡᠮᠳᠡᠭᠯᠡᠯ ᠢᠶᠠᠨ ᠰᠠᠶᠢᠲᠤᠷ ᠬᠢᠵᠤ ᠪᠤᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号