ᠡᠮᠦᠨᠡᠲᠦ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠥᠢᠯᠡᠴᠢᠯᠡᠭᠡᠨ ᠢᠶᠠᠨ ᠰᠢᠯᠢᠳᠡᠭᠵᠢᠬᠦᠯᠥᠨ ᠤᠯᠠᠨ ᠲᠦᠮᠡᠨ ᠤ ᠬᠦᠴᠢᠷᠳᠡᠯ ᠢ ᠰᠢᠢᠳᠪᠤᠷᠢᠯᠡᠨ ᠦᠭᠴᠥ ᠪᠤᠢ
ᠨᠡᠶᠢᠲᠡᠯᠡᠭᠰᠡᠨ ᠴᠠᠭ᠄
2021/8/2
      ᠲᠤᠰ ᠰᠤᠨᠢᠨ ᠤ ᠮᠡᠳᠡᠭᠡ ︵ᠰᠤᠷᠪᠤᠯᠵᠢᠯᠠᠭᠴᠢ ᠤᠷᠠᠨᠳᠤᠳᠢ︶ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠦᠭᠰᠡᠨ ᠠᠴᠠ ᠨᠠᠭᠠᠰᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠠᠮ ᠤᠨ ᠲᠡᠦᠬᠡ ᠶᠢ ᠰᠤᠷᠤᠯᠴᠠᠬᠤ ᠪᠠ ᠪᠣᠳᠠᠲᠠᠶ ᠠᠵᠢᠯ ᠢᠶᠠᠨ ᠤᠶᠠᠯᠳᠤᠭᠤᠯᠵᠤ᠂ ︽ᠣᠯᠠᠨ ᠲᠦᠮᠡᠨ ᠳᠤ ᠪᠣᠳᠠᠳᠥ ᠶᠠᠪᠤᠳᠠᠯ ᠬᠢᠵᠤ ᠥᠭᠬᠦ ︾ ᠶᠢᠨ ᠲᠣᠭᠤᠷᠢᠨ ᠳᠤ᠂ ᠠᠵᠢᠯ ᠣᠯᠭᠤᠯᠲᠠ ᠶᠢ ᠠᠷᠠᠳ ᠤᠨ ᠠᠮᠢᠳᠤᠷᠠᠯ ᠤᠨ ᠳᠡᠷᠢᠬᠦᠨ ᠴᠢᠬᠤᠯᠠ ᠶᠠᠪᠤᠳᠠᠯ ᠪᠣᠯᠭᠠᠵᠤ᠂ ᠠᠵᠢᠯ ᠣᠯᠭᠤᠬᠤ᠂ ᠦᠶ᠋ᠯᠡᠰ ᠪᠤᠰᠬᠠᠬᠤ ᠶᠢ ᠦᠷᠭᠦᠯᠵᠢᠯᠡᠨ ᠠᠬᠢᠭᠤᠯᠵᠤ᠂ ᠡᠯ᠎ᠡ ᠲᠥᠷᠥᠯ ᠤᠨ ᠠᠵᠢᠯᠲᠠᠨ ᠡᠯᠰᠡᠬᠦ ᠠᠵᠢᠯᠯᠠᠭ᠎ᠠ ᠶᠢ ᠢᠳᠡᠪᠬᠢᠳᠡᠢ ᠦᠷᠨᠢᠬᠦᠯᠬᠦ ᠪᠠᠷ ᠳᠠᠮᠵᠢᠨ᠂ ᠪᠦᠬᠦ ᠬᠤᠰᠢᠭᠤᠨ ᠤ ᠠᠵᠢᠯ ᠤᠯᠭᠤᠵᠤ ᠥᠢᠯᠡᠰ ᠪᠤᠰᠬᠠᠬᠤ ᠶᠢ ᠢᠳᠡᠪᠬᠢᠳᠡᠢ ᠳᠡᠮᠵᠢᠵᠤ᠂ ᠤᠯᠠᠨ ᠲᠦᠮᠡᠨ ᠳᠤ ᠪᠤᠳᠠᠳᠥ ᠶᠠᠪᠤᠳᠠᠯ ᠬᠢᠵᠤ ᠦᠭᠬᠦᠨ᠂ ᠤᠯᠠᠨ ᠲᠦᠮᠡᠨ ᠤ ᠬᠦᠴᠢᠷᠳᠡᠯ ᠢ ᠨᠢ ᠰᠢᠢᠳᠪᠤᠷᠢᠯᠡᠨ ᠦᠭᠴᠥ ᠪᠤᠢ᠃       ᠣᠯᠠᠨ ᠲᠦᠮᠡᠨ ᠤ ︽ᠲᠢᠩᠬᠢᠮ ᠳᠤ ᠤᠷᠤᠭᠠᠳ ᠪᠠᠯᠢᠳᠠᠬᠤ ᠦᠬᠡᠢ᠂ ᠭᠠᠷᠳᠠᠮ ᠬᠥᠢᠴᠡᠳᠭᠡᠬᠦ ᠳᠤ ᠬᠦᠴᠢᠷᠳᠡᠬᠦ ᠦᠬᠡᠢ︾ ᠪᠠᠶᠢᠬᠤ ᠶᠢ ᠪᠠᠲᠤᠯᠠᠬᠤ ᠶᠢᠨ ᠲᠥᠯᠥᠭᠡ᠂ ᠡᠮᠥᠨᠡᠳᠥ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠲᠤᠰᠬᠠᠶᠢᠯᠠᠨ ᠵᠢᠭᠠᠨ ᠵᠢᠯᠣᠭᠤᠳᠬᠤ ᠲᠠᠪᠴᠠᠩ ᠂ ᠰᠠᠶᠢᠨ ᠳᠤᠷᠠᠴᠤᠤᠯ ᠤᠨ ᠦᠶ᠋ᠯᠡᠴᠢᠯᠡᠭᠡᠨ ᠤ ᠲᠠᠪᠴᠠᠩ᠂ ᠭᠠᠷᠳᠠᠮ ᠬᠥᠢᠴᠡᠳᠭᠡᠬᠦ ᠲᠠᠰ ᠳᠠᠷᠠᠭᠠᠯᠠᠯ ᠤᠨ ᠬᠦᠰᠦᠨᠦᠭ ᠭᠠᠷᠭᠠᠵᠤ᠂ ︽ᠨᠢᠭᠡ ᠥᠷᠲᠡᠭᠡᠳᠥ ᠮᠠᠶ᠋ᠢᠭ︾ ᠤᠨ ᠦᠢᠯᠡᠴᠢᠯᠡᠭᠡ ᠬᠠᠨᠭ᠍ᠭᠠᠵᠤ᠂ ︽ᠪᠣᠰᠴᠤ ᠵᠣᠭᠰᠣᠨ ᠦᠶ᠋ᠯᠡᠴᠢᠯᠡᠬᠦ᠂ ᠢᠨᠢᠶᠡᠮᠰᠦᠭᠯᠡᠨ ᠦᠢᠯᠡᠴᠢᠯᠡᠬᠦ ᠪᠠ ᠬᠠᠨᠤᠮᠵᠢᠲᠠᠶ ᠦᠢᠯᠡᠴᠢᠯᠡᠬᠦ︾ ᠭᠤᠷᠪᠠᠨ ᠪᠠᠷᠢᠮᠵᠢᠶ᠎ᠠ ᠶᠢ ᠪᠡᠶᠡᠯᠡᠭᠦᠯᠵᠦ᠂ ᠭᠠᠷᠳᠠᠮ ᠬᠥᠢᠴᠡᠳᠭᠡᠬᠦ ᠪᠠᠷ ᠢᠷᠡᠭᠰᠡᠳ ᠲᠤ ᠦᠨᠡᠨ ᠬᠦ ᠠᠰᠢᠭ ᠬᠦᠷᠳᠡᠭᠡᠵᠤ ᠪᠠᠶᠢᠨ᠎ᠠ᠃       ᠡᠮᠥᠨᠡᠳᠥ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠶ᠋ᠯᠡᠴᠢᠯᠡᠭᠡᠨ ᠤ ᠲᠥᠪ ᠦᠢᠯᠡᠴᠢᠯᠡᠭᠡᠨ ᠤ ᠶᠠᠰᠤ ᠴᠢᠨᠠᠷ ᠢᠶᠠᠨ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠠᠷᠠᠳ ᠣᠯᠠᠨ ᠤ ᠰᠡᠳᠬᠢᠯ ᠳᠤ ︽ᠨᠢᠭᠡ ᠯᠡ ᠤᠳᠠᠭ᠎ᠠ ᠳᠤ ᠬᠦᠢᠴᠡᠳᠭᠡᠬᠦ︾ ᠨᠠᠶᠢᠳᠠᠪᠤᠷᠢᠲᠠᠶ ᠨᠢᠭᠡᠴᠢ ᠪᠣᠯᠬᠤ ᠪᠠᠷ ᠴᠢᠷᠮᠠᠶᠢᠵᠤ ᠪᠤᠢ᠃ ᠬᠥᠯᠥᠰᠥᠨ ᠠᠵᠢᠯᠴᠢᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ ᠵᠡᠷᠭᠡ ᠭᠤᠣᠯᠳᠠᠯᠭ᠎ᠠ ᠲᠠᠢ ᠬᠦᠮᠥᠰ ᠤᠨ ᠠᠵᠢᠯ ᠣᠯᠭᠤᠯᠲᠠ ᠶᠢᠨ ᠦᠢᠯᠡᠴᠢᠯᠡᠭᠡ ᠶᠢ ᠴᠢᠩᠭᠠᠳᠬᠠᠬᠤ ᠳᠤ᠂ ᠡᠮᠥᠨᠡᠳᠥ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠢ ᠠᠵᠢᠯ ᠣᠯᠭᠤᠯᠲᠠ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠲᠠᠪᠴᠠᠩ ᠢ ᠢᠳᠡᠪᠬᠢᠲᠡᠶ ᠪᠠᠶᠢᠭᠤᠯᠵᠤ᠂ ︽ᠬᠠᠪᠤᠷ ᠤᠨ ᠤᠷᠠᠢ ᠠᠵᠢᠯᠯᠠᠭ᠎ᠠ︾ ︽ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ︾ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠠᠵᠢᠯᠲᠠᠨ ᠡᠯᠰᠡᠬᠦ ᠠᠵᠢᠯᠯᠠᠭ᠎ᠠ ᠶᠢ ᠦᠷᠭᠡᠨ ᠬᠡᠪᠴᠢᠶ᠎ᠡ ᠲᠠᠢ ᠡᠷᠭᠢᠯᠡᠬᠦ ᠪᠠᠷ ᠳᠠᠮᠵᠢᠨ᠂ ᠤᠷᠢᠳ ᠬᠤᠵᠢᠳ 70 ᠭᠠᠷᠤᠢ ᠠᠵᠤ ᠠᠬᠤᠶᠢᠯᠠᠯ ᠳᠤ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠨᠡᠶᠢᠲᠡᠯᠡᠨ ᠥᠭᠴᠦ᠂ 200 ᠭᠠᠷᠤᠶ ᠬᠥᠮᠦᠨ ᠤ ᠠᠵᠢᠯ ᠤᠯᠬᠤ ᠠᠰᠠᠭᠤᠳᠠᠯ ᠢ ᠰᠢᠢᠳᠪᠤᠷᠢᠯᠡᠪᠡ᠃ ᠠᠵᠢᠯ ᠤᠯᠬᠤ ᠳᠤ ᠬᠦᠴᠢᠷᠲᠡᠶ ᠬᠥᠮᠦᠰ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠬᠤ ᠳᠤ ᠴᠢᠭᠯᠡᠭᠦᠯᠦᠨ᠂ ᠠᠵᠢᠯ ᠤᠯᠬᠤ ᠳᠤ ᠬᠦᠴᠢᠷᠲᠡᠶ ᠬᠥᠮᠦᠰ᠂ ᠵᠡᠮᠳᠡᠭᠴᠦᠳ ᠵᠡᠷᠭᠡ ᠣᠨᠴᠠᠭᠠᠶ ᠬᠦᠴᠢᠷᠳᠡᠯ ᠲᠠᠢ ᠬᠥᠮᠦᠰ ᠢ ᠬᠤᠶᠠᠳᠠᠬᠢ ᠤᠳᠠᠭ᠎ᠠ ᠲᠥᠪᠬᠢᠨᠡᠭᠦᠯᠬᠦ ᠶᠢ ᠨᠠᠶᠢᠳᠠᠪᠤᠷᠢᠵᠢᠭᠤᠯᠵᠤ᠂ ᠤᠳᠤ ᠪᠣᠯᠲᠠᠯ᠎ᠠ 87 ᠳᠠᠳᠤᠯᠭ᠎ᠠ ᠶᠢᠨ ᠰᠤᠷᠤᠭᠴᠢ ᠶᠢ ᠲᠥᠪᠬᠢᠨᠡᠭᠦᠯᠵᠦ᠂ 248 ᠬᠦᠮᠦᠨ ᠳᠤ ᠬᠤᠳᠠ ᠪᠠᠯᠭᠠᠰᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠲᠥᠪᠬᠢᠨᠡᠭᠦᠯᠪᠡ᠃       ᠡᠮᠥᠨᠡᠳᠥ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠪᠠᠰᠠ ᠨᠢᠯᠬ᠎ᠠ ᠬᠡᠦᠬᠡᠳ ᠢ ᠠᠰᠠᠷᠠᠬᠤ ᠮᠡᠷᠭᠡᠵᠢᠯ᠂ ᠭᠠᠷ ᠤᠷᠠᠯᠠᠯ ᠤᠨ ᠨᠡᠬᠡᠮᠡᠯ᠂ ᠬᠤᠭᠤᠯᠠ ᠤᠮᠳᠠ ᠬᠢᠬᠦ᠂ ᠮᠠᠯ ᠲᠡᠵᠢᠭᠡᠪᠦᠷᠢ ᠶᠢᠨ ᠲᠤᠰᠬᠠᠢ ᠮᠡᠷᠭᠡᠵᠢᠯ᠂ ᠭᠡᠷ ᠪᠦᠯᠢ ᠶᠢᠨ ᠦᠢᠯᠡᠴᠢᠯᠡᠭᠡ ᠵᠡᠷᠭᠡ ᠪᠤᠳᠠᠳᠥ ᠬᠡᠷᠡᠭᠯᠡᠭᠡᠨ ᠤ ᠮᠡᠷᠭᠡᠵᠢᠯ ᠤᠨ ᠪᠤᠯᠪᠠᠰᠤᠷᠠᠯ ᠡᠷᠬᠢᠯᠡᠬᠦ ᠪᠠᠷ ᠳᠠᠮᠵᠢᠨ ᠤᠯᠠᠨ ᠲᠦᠮᠡᠨ ᠤ ᠠᠵᠢᠯ ᠤᠯᠬᠤ ᠤᠷ᠎ᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠯᠬᠤ ᠰᠣᠩᠭᠤᠯᠲᠠ ᠶᠢᠨ ᠴᠢᠨᠠᠷ ᠢ ᠨᠡᠮᠡᠭᠳᠡᠭᠦᠯᠪᠡ᠃       ᠡᠮᠥᠨᠡᠳᠥ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠶ᠋ᠯᠡᠴᠢᠯᠡᠭᠡᠨ ᠤ ᠲᠥᠪ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠠᠵᠢᠯ ᠤᠨ ᠢᠶᠠᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠣᠯᠠᠨ ᠲᠦᠮᠡᠨ ᠤ ᠠᠰᠢᠭ ᠲᠤᠰᠠ ᠶᠢ ᠴᠢᠬᠤᠯᠠᠴᠢᠯᠠᠨ᠂ ᠣᠯᠠᠨ ᠲᠦᠮᠡᠨ ᠤ ᠬᠦᠰᠡᠯ ᠡᠷᠡᠮᠡᠯᠵᠡᠯ ᠢᠶᠠᠷ ᠵᠠᠩᠭᠢᠯᠠᠭ᠎ᠠ ᠪᠣᠯᠭᠠᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ ᠬᠡᠪ ᠴᠢᠨᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠢᠲᠡᠭᠡᠯ ᠪᠢᠰᠢᠷᠡᠯ ᠢᠶᠠᠨ ᠪᠠᠲᠤᠳᠬᠠᠵᠤ᠂ ᠪᠣᠳᠠᠲᠠᠶ ᠠᠵᠢᠯ ᠬᠢᠬᠦ ᠪᠠᠷ ᠳᠡᠮᠵᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠡᠷᠡᠰ ᠭᠤᠶᠢᠪᠢᠰᠢ ᠥᠬᠡᠶ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠰᠢᠯᠢᠳᠡᠭ ᠤᠷᠴᠢᠨ ᠢ ᠪᠦᠷᠢᠯᠳᠥᠬᠦᠯᠥᠭᠰᠡᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号