ᠡᠮᠣᠨᠡᠳᠣ ᠬᠤᠰᠢᠭᠤᠨ ᠤ ᠬᠦᠢᠯᠠᠷ ᠠᠷᠠᠳ ᠤᠨ ᠰᠢᠬᠦᠬᠦ ᠲᠢᠩᠬᠢᠮ ᠨᠠᠰᠣᠳᠠᠨ ᠢ ᠠᠰᠠᠷᠠᠨ ᠲᠡᠵᠢᠬᠡᠬᠦ ᠠᠰᠠᠭᠤᠳᠠᠯ ᠤᠨ ᠨᠢᠬᠡᠨ ᠵᠢᠭᠤᠷᠠᠯᠳᠣᠭᠠᠨ ᠢ ᠡᠶᠠᠳᠡᠬᠦᠯᠣᠨ ᠰᠢᠢᠳᠪᠣᠷᠢᠯᠡᠵᠠᠢ
ᠨᠡᠶᠢᠲᠡᠯᠡᠭᠰᠡᠨ ᠴᠠᠭ᠄
2021/8/20
   ᠲᠣᠰ ᠰᠣᠨᠢᠨ ᠤ ᠮᠡᠳᠡᠭᠡ ᠣᠢᠢᠷ᠎ᠠ ᠳᠤ᠂ ᠬᠤᠷᠴᠢᠨ ᠪᠠᠷᠠᠭᠤᠨ ᠭᠠᠷᠣᠨ ᠡᠮᠣᠨᠡᠳᠣ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠬᠦᠢᠯᠠᠷ ᠠᠷᠠᠳ ᠤᠨ ᠰᠢᠬᠦᠬᠦ ᠲᠢᠩᠬᠢᠮ ᠨᠠᠰᠣᠳᠠᠨ ᠢ ᠠᠰᠠᠷᠠᠨ ᠲᠡᠵᠢᠬᠡᠬᠦ ᠠᠰᠠᠭᠤᠳᠠᠯ ᠤᠨ ᠨᠢᠬᠡᠨ ᠵᠢᠭᠤᠷᠠᠯᠳᠣᠭᠠᠨ ᠢ ᠡᠶᠠᠳᠡᠬᠦᠯᠣᠨ ᠰᠢᠢᠳᠪᠣᠷᠢᠯᠡᠵᠠᠢ᠃    ᠣᠣᠯ ᠨᠢ᠂ 8 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠬᠦᠢᠯᠠᠷ ᠠᠷᠠᠳ ᠤᠨ ᠰᠢᠭᠦᠬᠦ ᠲᠢᠩᠬᠢᠮ ᠳᠤ ᠨᠢᠭᠡᠨ ᠦᠰᠦ ᠨᠢ ᠪᠤᠭᠤᠷᠤᠯᠳᠤᠬᠰᠡᠨ ᠨᠠᠰᠤᠳᠡᠨ ᠬᠠᠶᠢᠪᠠᠯᠵᠠᠨ ᠳᠠᠶᠢᠪᠠᠯᠵᠠᠵᠤ ᠤᠷᠤᠵᠤ ᠢᠷᠡᠪᠡ᠃ ᠯᠠᠪᠯᠠᠨ ᠠᠰᠠᠭᠤᠭᠰᠠᠨ ᠢᠶᠠᠷ᠂ ᠨᠠᠰᠤᠲᠠᠨ ᠦᠷ᠎ᠡ ᠬᠡᠦᠬᠡᠳ ᠲᠠᠢ ᠪᠠᠨ ᠡᠳ᠋ ᠬᠥᠷᠥᠩᠭᠡ᠂ ᠠᠰᠠᠷᠠᠨ ᠲᠡᠵᠢᠭᠡᠬᠦ ᠠᠴᠠ ᠪᠣᠯᠵᠣ ᠵᠢᠭᠤᠷᠠᠯᠳᠤᠭᠠᠨ ᠡᠭᠦᠰᠴᠦ᠂ ᠥᠷᠯᠥᠭᠡ ᠶᠢᠨ 5 ᠴᠠᠭ ᠠᠴᠠ ᠡᠬᠢᠯᠡᠨ ᠪᠦᠬᠦᠯᠢ 3 ᠴᠠᠭ ᠠᠯᠬᠤᠵᠤ ᠰᠢᠭᠦᠬᠦ ᠲᠢᠩᠬᠢᠮ ᠳᠤ ᠬᠦᠷᠴᠦ᠂ ᠵᠢᠭᠤᠷᠠᠯᠳᠣᠭᠠᠨ ᠢ ᠨᠢ ᠰᠢᠢᠳᠪᠦᠷᠢᠯᠡᠬᠦ ᠶᠢ ᠬᠦᠰᠡᠵᠦ ᠪᠠᠶᠢᠨ᠎ᠠ ᠭᠡᠪᠡ᠃ ᠺᠠᠳ᠋ᠷ ᠴᠠᠭᠳᠠᠭ᠎ᠠ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠨᠠᠰᠤᠲᠠᠨ ᠢ ᠲᠦᠰᠢᠵᠦ ᠰᠠᠭᠤᠯᠭᠠᠨ ᠲᠡᠭᠦᠨ ᠳᠤ ᠬᠠᠯᠠᠭᠤᠨ ᠤᠰᠤ ᠬᠢᠵᠦ ᠥᠭᠭᠦᠭᠰᠡᠨ ᠪᠥᠭᠡᠳ ᠨᠠᠰᠤᠲᠠᠨ ᠢ ᠲᠠᠶᠢᠳᠬᠤᠷᠠᠭᠤᠯᠵᠤ᠂ ᠠᠭᠤᠷᠯᠠᠬᠰᠡᠨ ᠰᠡᠳᠬᠢᠯᠭᠡ ᠶᠢ ᠨᠢ ᠨᠠᠮᠳᠠᠭᠤᠯᠪᠠ᠃ ᠰᠢᠬᠦᠭᠴᠢ ᠠᠴᠠ ᠨᠠᠰᠤᠲᠠᠨ ᠤ ᠤᠴᠢᠷ ᠢ ᠣᠯᠠᠮ ᠨᠢᠬᠡ ᠠᠯᠬᠤᠮ ᠣᠢᠢᠯᠠᠭᠠᠭᠰᠠᠨ ᠤ ᠲᠠᠷᠠᠭ᠎ᠠ᠂ ᠲᠡᠷᠡ ᠳᠠᠷᠤᠢ ᠳᠤ ᠨᠢ ᠳ᠋ᠢᠶᠠᠩᠬᠤᠸᠠ ᠪᠠᠷ ᠨᠠᠰᠤᠲᠠᠨ ᠤ ᠪᠠᠶᠢᠭ᠎ᠠ ᠭᠠᠴᠠᠭᠠᠨ ᠤ ᠠᠷᠠᠳ ᠤᠨ ᠵᠥᠪᠯᠡᠯ ᠤᠨ ᠤᠳᠤᠷᠢᠳᠤᠯᠭ᠎ᠠ ᠵᠢᠴᠢ ᠨᠠᠰᠤᠲᠠᠨ ᠤ ᠦᠷ᠎ᠡ ᠬᠡᠦᠬᠡᠳ ᠢ ᠰᠢᠭᠦᠬᠦ ᠲᠢᠩᠬᠢᠮ ᠳᠤ ᠪᠠᠨ ᠳᠠᠭᠤᠳᠠᠨ ᠠᠪᠴᠢᠷᠠᠵᠤ ᠵᠢᠭᠤᠷᠠᠯᠳᠤᠭᠠᠨ ᠢ ᠡᠶᠡᠳᠡᠭᠦᠯᠬᠦ ᠪᠠᠷ ᠮᠡᠳᠡᠭᠳᠡᠪᠡ᠃ ᠬᠤᠶᠠᠷ ᠴᠠᠭ ᠤᠨ ᠡᠶᠡᠳᠡᠭᠦᠯᠭᠡ ᠪᠠᠷ ᠳᠠᠮᠵᠢᠭᠠᠳ ᠡᠴᠦᠰ ᠲᠤ ᠪᠠᠨ ᠬᠤᠶᠠᠷ ᠡᠲᠡᠭᠡᠳ ᠢᠶᠠᠷ ᠢᠶᠠᠨ ᠬᠡᠯᠡᠯᠴᠡᠭᠡᠷ ᠲᠣᠭᠲᠠᠵᠤ᠂ ᠬᠠᠮᠲᠤ ᠪᠠᠷ ᠠᠴᠢᠯᠠᠨ ᠲᠡᠵᠢᠭᠡᠬᠦ ᠪᠤᠯᠵᠤ᠂ ᠡᠳ᠋ ᠬᠦᠷᠦᠩᠭᠡ ᠶᠢᠨ ᠵᠢᠭᠤᠷᠠᠯᠳᠤᠭᠠᠨ ᠤ ᠬᠡᠷᠡᠭ ᠢ ᠲᠡᠭᠦᠰ ᠠᠮᠵᠢᠯᠲᠠ ᠲᠠᠢ ᠪᠠᠷ ᠰᠢᠢᠳᠪᠦᠷᠢᠯᠡᠪᠡ᠃    ᠣᠯᠠᠨ ᠵᠢᠯ ᠤᠨ ᠲᠣᠷᠰᠢ᠂ ᠬᠦᠢᠯᠠᠷ ᠠᠷᠠᠳ ᠤᠨ ᠰᠢᠭᠦᠬᠦ ᠲᠢᠩᠬᠢᠮ ᠦᠨᠳᠦᠰᠦᠨ ᠱᠠᠲᠤᠨ ᠤ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠭᠡᠷ ᠪᠦᠯᠢ ᠶᠢᠨ ᠠᠰᠠᠷᠠᠨ ᠲᠡᠵᠢᠭᠡᠬᠦ ᠪᠠ ᠡᠳ᠋ ᠬᠦᠷᠦᠩᠭᠡ ᠶᠢᠨ ᠵᠢᠭᠤᠷᠠᠯᠳᠤᠭᠠᠨ ᠤ ᠬᠡᠷᠡᠭ ᠢ ᠴᠠᠭ ᠲᠤᠬᠠᠢ ᠳᠤ ᠨᠢ ᠡᠶᠡᠳᠡᠭᠦᠯᠦᠨ ᠰᠢᠢᠳᠪᠦᠷᠢᠯᠡᠵᠦ᠂ ᠠᠰᠠᠷᠠᠨ ᠲᠡᠵᠢᠭᠡᠬᠦ ᠠᠰᠠᠭᠤᠳᠠᠯ ᠤᠨ ᠵᠢᠭᠤᠷᠠᠯᠳᠤᠭᠠᠨ ᠢ ᠬᠠᠮᠤᠭ ᠠᠩᠬᠠᠨ ᠤ ᠱᠠᠲᠤᠨ ᠳᠤ ᠨᠢ ᠰᠢᠢᠳᠪᠦᠷᠢᠯᠡᠬᠦ ᠶᠢᠨ ᠬᠠᠮᠲᠤ ᠨᠠᠰᠤᠲᠠᠨ ᠢᠶᠠᠨ ᠠᠴᠢᠯᠠᠨ ᠲᠡᠵᠢᠭᠡᠬᠦ ᠦᠭᠡᠢ ᠦᠢᠯᠡ ᠠᠵᠢᠯᠯᠠᠭ᠎ᠠ ᠶᠢ ᠰᠢᠭᠦᠮᠵᠢᠯᠡᠨ ᠰᠤᠷᠭᠠᠵᠤ᠂ ᠭᠠᠴᠠᠭᠠᠨ ᠤ ᠠᠷᠠᠳ ᠲᠤ ᠰᠡᠷᠡᠮᠵᠢᠯᠡᠭᠦᠯᠬᠦ ᠬᠥᠮᠦᠵᠢᠯ ᠤᠨ ᠦᠢᠯᠡᠳᠦᠯ ᠦᠵᠡᠭᠦᠯᠵᠠᠢ᠃ ︵ᠴᠢᠯᠠᠭᠤ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号