ᠡᠮᠦᠨᠡᠲᠦ ᠬᠤᠰᠢᠭᠤᠨ ᠤ ᠪᠢ ᠬᠦᠶ ᠶᠤᠸᠠᠨ ᠨᠡᠶᠢᠭᠡᠮ ᠲᠣᠭᠤᠷᠢᠭ ᠤᠨ ᠬᠢᠨ ᠪᠥᠬᠦ ᠬᠤᠰᠢᠭᠤᠨ ᠤ ︽ᠱᠠᠯᠢᠭ ᠵᠠᠪᠬᠠᠢ ᠶᠢ ᠴᠡᠪᠡᠷᠯᠡᠨ ᠬᠠᠤᠯᠢ ᠪᠤᠰᠤ ᠨᠤᠮ ᠬᠡᠪᠯᠡᠯ ᠢ ᠠᠷᠢᠯᠭᠠᠬᠤ︾ ᠤᠬᠠᠭᠤᠯᠭ᠎ᠠ ᠶᠢᠨ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2021/8/20
   ᠲᠤᠰ ᠰᠤᠨᠢᠨ ᠤ ᠮᠡᠳᠡᠭᠡ ᠤᠶᠢᠷ᠎ᠠ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠢ ᠬᠦᠶ ᠶᠤᠸᠠᠨ ᠨᠡᠶᠢᠭᠡᠮ ᠲᠤᠭᠤᠷᠢᠭ ᠤᠨ ᠬᠢᠨ ᠪᠦᠭᠦ ᠬᠤᠰᠢᠭᠤᠨ ᠤ ︽ᠱᠠᠯᠢᠭ ᠵᠠᠪᠬᠠᠢ ᠶᠢ ᠴᠡᠪᠡᠷᠯᠡᠨ ᠬᠠᠤᠯᠢ ᠪᠤᠰᠤ ᠨᠤᠮ ᠬᠡᠪᠯᠡᠯ ᠢ ᠠᠷᠢᠯᠭᠠᠬᠤ︾ ᠤᠬᠠᠭᠤᠯᠭ᠎ᠠ ᠶᠢᠨ ᠠᠵᠢᠯᠯᠠᠭᠠᠨ ᠳᠤ ᠤᠷᠤᠯᠴᠠᠵᠦ᠂ ᠰᠢᠩ ᠺᠧ ᠨᠡᠶᠢᠭᠡᠮ ᠲᠣᠭᠤᠷᠢᠭ ᠤᠨ ᠡᠭᠦᠳᠡᠨ ᠡᠮᠦᠨ᠎ᠡ ︽ᠱᠠᠯᠢᠭ ᠵᠠᠪᠬᠠᠢ ᠶᠢ ᠴᠡᠪᠡᠷᠯᠡᠨ ᠬᠠᠤᠯᠢ ᠪᠤᠰᠤ ᠨᠤᠮ ᠬᠡᠪᠯᠡᠯ ᠢ ᠠᠷᠢᠯᠭᠠᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭᠠᠨ ᠨᠢ ᠲᠤᠬᠠᠢ ᠶᠢᠨ ᠲᠠᠯᠠᠪᠦᠷ ᠲᠤ ᠲᠠᠶᠢᠯᠤᠮᠵᠢ ᠬᠢᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠡᠭᠡ ᠠᠷᠭ᠎ᠠ ᠬᠡᠯᠪᠡᠷᠢ ᠪᠠᠷ ᠰᠠᠭᠤᠭᠠᠯᠢ ᠠᠷᠠᠳ ᠲᠤ ︽ᠱᠠᠯᠢᠭ ᠵᠠᠪᠬᠠᠶ ᠶᠢ ᠴᠡᠪᠡᠷᠯᠡᠨ ᠬᠠᠤᠯᠢ ᠪᠤᠰᠤ ᠨᠤᠮ ᠬᠡᠪᠯᠡᠯ ᠢ ᠠᠷᠢᠯᠭᠠᠬᠤ︾ ᠠᠵᠢᠯ ᠤᠨ ᠠᠴᠢ ᠬᠤᠯᠪᠣᠭᠳᠠᠯ ᠵᠢᠴᠢ ᠬᠤᠤᠷ ᠬᠥᠨᠥᠭᠡᠯ ᠢ ᠤᠬᠠᠭᠤᠯᠵᠤ᠂ ᠥᠷᠭᠡᠨ ᠣᠯᠠᠨ ᠰᠠᠭᠤᠭᠠᠯᠢ ᠠᠷᠠᠳ ᠤᠨ ︽ᠱᠠᠯᠢᠭ ᠵᠠᠪᠬᠠᠶ ᠶᠢ ᠴᠡᠪᠡᠷᠯᠡᠨ ᠬᠠᠤᠯᠢ ᠪᠤᠰᠤ ᠨᠤᠮ ᠬᠡᠪᠯᠡᠯ ᠢ ᠠᠷᠢᠯᠭᠠᠬᠤ︾ ᠠᠵᠢᠯᠯᠠᠭᠠᠨ ᠳᠤ ᠣᠷᠣᠯᠴᠠᠬᠤ ᠶᠢ ᠰᠠᠨᠠᠭᠠᠴᠢᠯᠠᠵᠤ᠂ ᠱᠠᠯᠢᠭ ᠵᠠᠪᠬᠠᠶ ᠲᠠᠭᠤᠤ᠂ ᠳᠦᠷᠰᠦ ᠰᠢᠩᠭᠡᠭᠡᠯᠲᠡ ᠶᠢᠨ ᠦᠶ᠋ᠯᠡᠳᠬᠦᠨ᠂ ᠬᠠᠤᠯᠢ ᠪᠤᠰᠤ ᠬᠡᠪᠯᠡᠭᠳᠡᠬᠦᠨ ᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠶᠠᠯᠠᠲᠤ ᠠᠵᠢᠯᠯᠠᠭ᠎ᠠ ᠶᠢ ᠬᠤᠷᠢᠭᠯᠠᠨ ᠵᠣᠭᠰᠣᠭᠠᠵᠤ᠂ ᠨᠡᠶᠢᠭᠡᠮ ᠤᠨ ᠣᠷᠴᠢᠨ ᠲᠣᠭᠤᠷᠢᠨ ᠢ ᠴᠢᠷᠮᠠᠶᠢᠨ ᠴᠡᠪᠡᠷᠰᠢᠭᠦᠯᠪᠡ᠃    ᠲᠤᠰ ᠤᠳᠠᠭᠠᠨ ᠤ ᠠᠵᠢᠯᠯᠠᠭᠠᠨ ᠢᠶᠠᠷ ᠳᠠᠮᠵᠢᠨ᠂ ᠰᠣᠶᠣᠯ ᠤᠨ ᠣᠷᠴᠢᠨ ᠲᠣᠭᠤᠷᠢᠨ ᠢ ᠪᠦᠲᠦᠮᠵᠢᠲᠡᠶ ᠴᠡᠪᠡᠷᠰᠢᠭᠦᠯᠵᠦ᠂ ᠨᠡᠶᠢᠭᠡᠮ ᠲᠣᠭᠤᠷᠢᠭ ᠤᠨ ᠰᠣᠶᠣᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠂ ᠰᠠᠭᠤᠭᠠᠯᠢ ᠠᠷᠠᠳ ᠵᠢᠴᠢ ᠵᠠᠯᠠᠭᠤᠴᠤᠳ ᠪᠠᠭᠠᠴᠤᠳ ᠲᠤ ᠨᠡᠶᠢᠭᠡᠮ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ᠂ ᠥᠷᠭᠡᠨ ᠤᠯᠠᠨ ᠲᠦᠮᠡᠨ ᠳᠤ ᠱᠠᠯᠢᠭ ᠵᠠᠪᠬᠠᠶ ᠡᠳ᠋ ᠪᠣᠳᠠᠰ ᠤᠨ ᠬᠤᠣᠷ ᠬᠦᠨᠦᠭᠡᠯᠳᠦ ᠴᠢᠨᠠᠷ ᠢ ᠣᠶᠢᠯᠠᠭᠠᠭᠤᠯᠵᠤ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ︽ᠱᠠᠯᠢᠭ ᠵᠠᠪᠬᠠᠶ ᠶᠢ ᠴᠡᠪᠡᠷᠯᠡᠨ ᠬᠠᠤᠯᠢ ᠪᠤᠰᠤ ᠨᠤᠮ ᠬᠡᠪᠯᠡᠯ ᠢ ᠠᠷᠢᠯᠭᠠᠬᠤ︾ ᠠᠵᠢᠯᠯᠠᠭ᠎ᠠ ᠳᠤ ᠣᠷᠣᠯᠴᠠᠭᠤᠯᠵᠤ᠂ ︽ᠱᠠᠯᠢᠭ ᠵᠠᠪᠬᠠᠶ ᠶᠢ ᠴᠡᠪᠡᠷᠯᠡᠨ ᠬᠠᠤᠯᠢ ᠪᠤᠰᠤ ᠨᠤᠮ ᠬᠡᠪᠯᠡᠯ ᠢ ᠠᠷᠢᠯᠭᠠᠬᠤ︾ ᠤᠬᠠᠭᠤᠯᠭ᠎ᠠ ᠬᠥᠮᠦᠵᠢᠯ ᠢ ᠬᠥᠮᠦᠨ ᠪᠦᠬᠦᠨ ᠳᠤ ᠮᠡᠳᠡᠭᠦᠯᠦᠨ᠂ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠨᠡᠶᠢᠭᠡᠮ ᠤᠨ ᠰᠣᠶᠣᠯ ᠤᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠴᠡᠪᠡᠷᠰᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃ ︵ᠲᠤᠯᠭᠤᠷ ᠸᠠᠩ ᠬᠤᠸᠠᠢ ᠢᠤᠢ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号