ᠯᠢᠦ ᠮᠢᠨ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠪᠠᠷ ᠢᠷᠡᠪᠡ
ᠨᠡᠶᠢᠲᠡᠯᠡᠭᠰᠡᠨ ᠴᠠᠭ᠄
2021/8/23
       8 ᠰᠠᠷ᠎ᠠ ᠶᠢᠨ 13 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠯᠢᠦ ᠮᠢᠨ ᠮᠠᠨ ᠤ ᠬᠤᠰᠢᠭᠤᠨ ᠳᠤ ᠢᠷᠡᠵᠦ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠂ ᠠᠵᠤ ᠦᠢᠯᠡᠳᠪᠦᠷᠢ ᠶᠢᠨ ᠠᠵᠤ ᠠᠬᠤᠶ᠂ ᠲᠤᠮᠤ ᠳ᠋ᠠᠶᠢᠲ᠋ᠠ ᠵᠡᠷᠭᠡ ᠬᠦᠷᠢᠶᠡᠨ ᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠦ ᠲᠤᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠯᠸᠢ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᡁᠢ ᠪᠢᠶᠤᠤ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃        ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠳᠤ᠂ ᠯᠢᠦ ᠮᠢᠨ ᠨᠡᠷ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠤᠨ ᠲᠠᠷᠢᠶᠠᠯᠠᠩ ᠤᠨ ᠣᠨᠴᠠ ᠭᠠᠷᠤᠯᠲᠠ ᠶᠢᠨ ᠰᠦᠯᠵᠢᠶᠡᠨ ᠤ ᠭᠠᠳᠠᠨᠠᠬᠢ ᠦᠵᠡᠬᠦᠯᠭᠡ ᠶᠢᠨ ᠲᠢᠩᠬᠢᠮ᠂ ᠠᠳᠠᠯ  ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢ ᠬᠦᠮᠦᠵᠢᠬᠦᠯᠬᠦ ᠰᠠᠭᠤᠷᠢᠨ ᠭᠠᠵᠠᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠳᠡᠭᠡ ᠲᠣᠰᠬᠤᠨ ᠤ ᠥᠮᠴᠢᠯᠡᠬᠦ ᠡᠷᠬᠡ ᠶᠢᠨ ᠠᠷᠠᠯᠵᠢᠶᠠᠨ ᠤ ᠲᠥᠪ᠂ ᠲᠣᠮᠣ ᠳ᠋ᠠᠶᠢᠲ᠋ᠠ ᠶᠢᠨ ᠠᠵᠤ ᠦᠢᠯᠡᠰ ᠤᠨ ᠰᠢᠨ᠎ᠡ ᠶᠢ ᠡᠭᠦᠳᠬᠦ ᠲᠥᠪ ᠵᠡᠷᠭᠡ ᠲᠠᠯᠠᠪᠤᠷ ᠢ ᠲᠣᠭᠤᠷᠢᠨ ᠦᠵᠡᠵᠦ᠂ ᠲᠠᠨᠢᠯᠴᠠᠭᠤᠯᠭ᠎ᠠ ᠶᠢ ᠬᠢᠨᠠᠮᠠᠭᠠᠶ ᠰᠣᠨᠣᠰᠴᠤ᠂ ᠡᠯ᠎ᠡ ᠠᠵᠤ ᠠᠬᠤᠶᠢᠯᠠᠯ ᠤᠨ ᠡᠵᠡᠩᠨᠡᠯᠲᠡ ᠶᠢᠨ ᠲᠣᠭᠲᠠᠴᠠ᠂ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃        ᠯᠢᠦ ᠮᠢᠨ᠂ ᠰᠢᠨ᠎ᠡ ᠶᠢ ᠡᠭᠦᠳᠴᠦ ᠦᠢᠯᠡᠰ ᠪᠤᠰᠬᠠᠬᠤ ᠶᠢ ᠠᠬᠢᠭᠤᠯᠬᠤ ᠪᠣᠯ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠠᠮᠲᠤ ᠶᠢᠨ ᠬᠠᠷᠢᠭᠤᠴᠠᠯᠭ᠎ᠠ ᠪᠣᠯᠤᠨ᠎ᠠ᠂ ᠰᠢᠨ᠎ᠡ ᠶᠢ ᠡᠭᠦᠳᠴᠦ ᠦᠢᠯᠡᠰ ᠪᠤᠰᠬᠠᠬᠤ ᠲᠦᠷᠦ ᠶᠢᠨ ᠪᠤᠳᠤᠯᠭ᠎ᠠ ᠶᠢ ᠴᠢᠨᠠᠭᠰᠢᠳᠠ ᠲᠡᠭᠦᠯᠳᠡᠷᠵᠢᠭᠦᠯᠵᠦ᠂ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠣᠷᠣᠵᠤ ᠰᠠᠭᠤᠭᠰᠠᠨ ᠠᠵᠤ ᠠᠬᠤᠶᠢᠯᠠᠯ ᠳᠤ ᠨᠡᠩ ᠴᠢᠨᠠᠷ ᠰᠠᠶᠢᠲᠠᠢ᠂ ᠨᠡᠩ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠵᠤ᠂ ᠦᠢᠯᠡᠰ ᠪᠤᠰᠬᠠᠬᠤ ᠴᠢᠳᠠᠪᠤᠷᠢᠲᠠᠨ ᠳᠤ ᠨᠡᠩ ᠳᠥᠭᠦᠮ ᠳᠥᠲᠡ ᠦᠢᠯᠡᠰ ᠪᠤᠰᠬᠠᠬᠤ ᠰᠢᠨ᠎ᠡ ᠶᠢ ᠡᠭᠦᠳᠬᠦ ᠣᠷᠴᠢᠨ ᠲᠣᠭᠤᠷᠢᠨ ᠢ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃        ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠯᠢᠦ ᠮᠢᠨ ᠪᠠᠰᠠ ᠥᠪᠥᠷ ᠮᠣᠩᠭᠤᠯ ᠤᠨ ᠶᠤᠸᠠᠨ ᠳ᠋ᠦᠩ ᠬᠢᠲᠠᠳ ᠡᠮ ᠤᠨ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠢᠩᠭᠠᠨ ᠤ ᠢᠯᠢ ᠰᠦ ᠶᠢᠨ ᠦᠢᠯᠡᠰ ᠤᠨ ᠪᠦᠷᠢᠨ ᠪᠣᠰᠤ ᠬᠠᠷᠢᠭᠤᠴᠠᠯᠭᠠᠲᠤ ᠺᠣᠮᠫᠠᠨᠢ᠂ ᠶᠢᠨ ᠺᠧᠦ ᠸᠧᠢ ᠢᠳᠡᠭᠡᠨ ᠤ ᠬᠢᠵᠠᠭᠠᠷᠲᠤ ᠺᠣᠮᠫᠠᠨᠢ ᠶᠢ ᠰᠤᠷᠪᠤᠯᠵᠢᠯᠠᠪᠠ᠃ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠡᠵᠡᠩᠨᠡᠯᠲᠡ ᠶᠢᠨ ᠣᠶᠢᠯᠠᠭᠠᠭᠳᠠᠬᠤᠨ ᠵᠢᠴᠢ ᠲᠡᠷᠢᠭᠦᠨ ᠤ ᠠᠷᠭ᠎ᠠ ᠬᠢᠳᠡᠯ ᠢ ᠨᠠᠷᠢᠨ ᠣᠶᠢᠯᠠᠭᠠᠬᠤ ᠶᠢᠨ ᠬᠠᠮᠲᠤ᠂ ᠡᠯ᠎ᠡ ᠠᠵᠤ ᠠᠬᠤᠶᠢᠯᠠᠯ ᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠨ ᠲᠠᠰᠤᠷᠠᠯᠲᠠ ᠥᠬᠡᠶ ᠴᠢᠩᠭᠠᠳᠬᠠᠵᠤ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠠᠯᠬᠤᠴᠠ ᠪᠠᠨ ᠲᠦᠷᠭᠡᠳᠬᠡᠨ᠂ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠠᠵᠤ ᠦᠢᠯᠡᠳᠪᠦᠷᠢ ᠶᠢᠨ ᠠᠵᠤ ᠠᠬᠤᠶ ᠶᠢ ᠤᠯᠠᠮ ᠨᠢᠭᠡ ᠠᠯᠬᠤᠮ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠭᠤᠶᠢᠪᠢᠰᠢ ᠥᠬᠡᠶ ᠰᠠᠶᠢᠲᠤᠷ ᠵᠠᠮᠨᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号